ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠬᠦᠮᠦᠰ ᠤᠨ ᠰᠡᠳᠭᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/3/20
        1 ᠰᠠᠷ᠎ᠠ ᠶᠢᠨ 29 ᠤ ᠦᠳᠡ ᠶᠢᠨ ᠡᠮᠦᠨ᠎ᠡ᠂ ᠬᠤᠰᠢᠭᠤᠨ ᠤ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠤᠨ ᠬᠢᠮᠳᠠ ᠲᠦᠷᠢᠶᠡᠰᠦᠨ ᠤᠷᠤᠨ ᠰᠠᠭᠤᠴᠠ ᠶᠢᠨ ᠬᠤᠪᠢᠶᠠᠷᠢᠯᠠᠯᠲᠠ ᠶᠢᠨ ᠶᠤᠰᠤᠯᠠᠯ ᠶᠠᠪᠤᠭᠳᠠᠵᠦ᠂ ᠮᠠᠨ ᠤ ᠰᠤᠮᠤᠨ ᠤ ᠨᠦᠭᠦᠴᠡᠯ ᠳᠤ ᠨᠡᠶᠢᠴᠡᠬᠦ 21 ᠨᠠᠰᠤᠲᠠᠳ ᠤᠨ ᠤᠷᠤᠨ ᠰᠠᠭᠤᠴᠠ ᠶᠢᠨ ᠠᠰᠠᠭᠤᠳᠠᠯ ᠢ ᠰᠡᠶᠢᠳᠪᠦᠷᠢᠯᠡᠭᠰᠡᠨ ᠪᠠᠶᠢᠨ᠎ᠠ᠃         ︽ᠡᠨᠡ ᠭᠡᠷ ᠮᠠᠰᠢ ᠭᠤᠶᠤ ᠪᠠᠶᠢᠨ᠎ᠠ᠂ ᠪᠢ ᠮᠠᠰᠢ ᠬᠠᠨᠤᠮᠵᠢᠲᠠᠢ ᠪᠠᠶᠢᠨ᠎ᠠ᠂ ᠨᠠᠮ ᠵᠠᠰᠠᠭ ᠤᠨ ᠰᠠᠶᠢᠠ ᠪᠠᠷ ᠳᠤᠬᠢᠯᠢᠭ ᠰᠠᠶᠢᠬᠠᠨ ᠤᠷᠤᠨ ᠰᠠᠭᠤᠴᠠ ᠲᠠᠢ ᠪᠤᠯᠵᠠᠢ︾ ᠭᠡᠵᠦ 1 ᠰᠠᠷ᠎ᠠ ᠶᠢᠨ 30 ᠤ ᠡᠳᠦᠷ ᠭᠡᠷ ᠤᠨ ᠳᠦᠯᠬᠢᠭᠦᠷ ᠢᠶᠠᠨ ᠠᠪᠤᠭᠰᠠᠨ ᠴᠡᠴᠡᠭ ᠨᠠᠰᠤᠲᠠᠨ ᠪᠠᠶᠠᠷ ᠬᠦᠷ ᠲᠠᠢ ᠬᠡᠯᠡᠵᠦ ᠪᠠᠶᠢᠨ᠎ᠠ᠃ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠷᠠᠭᠠᠯᠵᠠᠯ ᠳᠤᠤᠷ᠎ᠠ ᠮᠠᠨ ᠤ ᠰᠤᠮᠤᠨ ᠤ 21 ᠨᠠᠰᠤᠲᠠᠶᠢᠴᠤᠳ ᠦᠪᠡᠷ ᠦᠪᠡᠷ ᠤᠨ ᠰᠠᠨᠠᠭᠠᠨ ᠳᠤ ᠪᠠᠨ ᠲᠠᠭᠠᠷᠠᠭᠰᠠᠨ ᠤᠷᠤᠨ ᠰᠠᠭᠤᠴᠠ ᠲᠠᠢ ᠪᠤᠯᠵᠦ᠂ ᠲᠡᠳᠡᠨ ᠤ ᠬᠤᠰᠢᠭᠤ ᠤᠷᠤᠵᠦ ᠪᠡᠶ᠎ᠡ ᠪᠠᠨ ᠰᠤᠪᠢᠯᠠᠬᠤ ᠬᠡᠷᠡᠭᠴᠡᠭᠡ ᠱᠠᠭᠠᠷᠳᠠᠯᠭ᠎ᠠ ᠢ ᠬᠠᠩᠭᠠᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯ ᠶᠢᠨ ᠲᠦᠷᠦᠭᠳᠡᠯ ᠵᠢᠴᠢ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠪᠡ᠃         ᠳᠠᠷᠠᠭᠠᠴᠢ ᠶᠢᠨ ᠠᠯᠬᠤᠮ ᠳᠤ᠂ ᠮᠠᠨ ᠤ ᠰᠤᠮᠤ ︽ᠰᠦᠨᠢᠳ ᠵᠡᠭᠦᠨ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠤᠨ PPP ᠲᠦᠷᠦᠯ ᠵᠦᠢᠯ ᠤᠨ ᠡᠵᠡᠩᠨᠡᠯᠲᠡ ᠬᠠᠮᠠᠭᠠᠯᠠᠯᠲᠠ ᠶᠢᠨ ᠬᠡᠷᠡᠭᠵᠢᠭᠦᠯᠬᠦ ᠲᠦᠰᠦᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠤᠷᠤᠵᠦ ᠰᠠᠭᠤᠭᠰᠠᠨ ᠨᠠᠰᠤᠲᠠᠶᠢᠴᠤᠳ ᠢ ᠬᠠᠪᠰᠤᠷᠤᠨ ᠬᠠᠮᠢᠶᠠᠷᠴᠦ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ ᠤᠨ ᠭᠡᠷ ᠪᠠᠶᠢᠰᠢᠩ ᠤᠨ ᠬᠡᠷᠡᠭᠯᠡᠵᠦ ᠰᠠᠭᠤᠵᠦ ᠪᠠᠶᠢᠭ᠎ᠠ ᠪᠠᠶᠢᠳᠠᠯ ᠢ ᠬᠠᠷᠭᠤᠭᠤᠯᠤᠨ ᠪᠠᠶᠢᠴᠠᠭᠠᠵᠦ᠂ ᠡᠳᠦᠷ ᠲᠤᠲᠤᠮ ᠤᠨ ᠠᠷᠢᠭᠤᠨ ᠴᠡᠪᠡᠷ ᠤᠨ ᠤᠬᠠᠭᠤᠯᠭ᠎ᠠ ᠶᠢ ᠰᠠᠶᠢᠲᠤᠷ ᠬᠢᠵᠦ᠂ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠨ᠎ᠠ᠃
 
ᠢᠷᠡᠯᠲᠡ᠄ ᠪᠠᠶᠠᠠᠭᠤᠯᠠ ᠰᠤᠮᠤ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号