ᠸᠠᠩ ᠶᠦᠩ ᠵᠢᠶᠦ᠋ᠨ ᠪᠠᠶᠠᠨᠨᠠᠭᠤᠷ ᠪᠠᠯᠭᠠᠰᠤᠨ ᠳᠤ ᠭᠦᠨᠵᠡᠭᠡᠶᠢᠷᠡᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2024/3/22
        3 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠪᠠᠶᠠᠨᠨᠠᠭᠤᠷ ᠪᠠᠯᠭᠠᠰᠤᠨ ᠤ ᠴᠠᠭᠠᠨᠨᠠᠭᠤᠷ ᠭᠠᠴᠠᠭ᠎ᠠ᠂ ᠴᠠᠭᠠᠨᠪᠤᠯᠠᠭ ᠭᠠᠴᠠᠭᠠᠨ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠴᠦᠯᠯᠡᠷᠭᠡᠭᠵᠢᠯ ᠢ ᠵᠠᠰᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠵᠢᠴᠢ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃
        ᠪᠥᠸᠧ ᠶᠠᠩ ᠺᠣᠮᠫᠠᠨᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠡᠯᠡᠰᠦ ᠶᠢ ᠵᠠᠰᠠᠬᠤ ᠲᠦᠷᠦᠯ ᠵᠦᠢᠯ᠂ 2024 ᠣᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠸᠠᠩ ᠶᠦᠩ ᠵᠢᠶᠦ᠋ᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠣᠳᠣᠬᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠬᠠᠷᠢᠭᠤᠴᠠᠯᠭᠠᠲᠠᠨ ᠠᠴᠠ ᠲᠦᠷᠦᠯ ᠵᠦᠢᠯ ᠤᠨ ᠬᠡᠷᠡᠭᠵᠢᠭᠦᠯᠦᠯᠲᠡ ᠶᠢᠨ ᠲᠥᠯᠥᠪᠵᠢᠭᠦᠯᠭᠡ ᠵᠢᠴᠢ ᠠᠬᠢᠴᠠ ᠶᠢ ᠨᠠᠷᠢᠨ ᠤᠶᠢᠯᠠᠭᠠᠬᠤ ᠶᠢᠨ ᠲᠠᠭᠠᠤ᠂ ᠴᠦᠯᠯᠡᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠤᠯᠤᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠤᠬᠴᠠᠵᠢᠯᠳᠠ ᠪᠣᠯ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ︽ᠨᠢᠭᠡᠳᠦᠭᠡᠷ ᠳᠠᠶᠢᠯᠠᠯᠳᠤᠭᠠᠨ︾ ᠢ ᠰᠠᠶᠢᠲᠤᠷ ᠬᠢᠬᠦ ᠨᠢ ᠲᠦᠢᠯ ᠤᠨ ᠴᠢᠬᠤᠯᠠ᠂ ᠡᠯ᠎ᠡ ᠰᠠᠯᠠᠭ᠎ᠠ ᠮᠥᠴᠢᠷ ᠪᠣᠯᠤᠨ ᠲᠦᠷᠦᠯ ᠵᠦᠢᠯ ᠢ ᠬᠡᠷᠡᠭᠵᠢᠭᠦᠯᠬᠦ ᠲᠠᠯ᠎ᠠ ᠶᠢᠨ ᠬᠢᠨ ᠤᠷᠢᠳᠴᠢᠯᠠᠨ ᠲᠥᠯᠥᠪᠵᠢᠭᠦᠯᠵᠦ᠂ ᠤᠷᠢᠳᠠᠪᠠᠷ ᠬᠥᠳᠡᠯᠦᠯᠴᠡᠵᠦ᠂ ᠲᠦᠷᠭᠡᠨ ᠠᠵᠢᠯᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠡᠪ ᠳᠠᠭᠤᠷᠢᠶᠠᠯ ᠦᠵᠡᠭᠦᠯᠬᠦ ᠲᠦᠷᠦᠯ ᠵᠦᠢᠯ ᠢ ᠴᠢᠷᠮᠠᠶᠢᠨ ᠡᠭᠦᠳᠬᠦ ᠬᠡᠷᠡᠭᠲᠡᠢ᠃ ᠭᠠᠵᠠᠷ ᠰᠢᠷᠣᠢ ᠰᠣᠩᠭᠤᠨ ᠲᠣᠭᠲᠠᠭᠠᠬᠤ᠂ ᠣᠷᠣᠨ ᠪᠦᠰᠡ ᠶᠢ ᠬᠤᠪᠢᠶᠠᠷᠢᠯᠠᠬᠤ᠂ ᠴᠢᠬᠢ ᠮᠣᠳᠣ ᠬᠠᠩᠭᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠳᠣᠭᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠪᠦᠳᠦᠮᠵᠢᠳᠡᠢ ᠠᠷᠭ᠎ᠠ ᠪᠠᠷ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠴᠦᠯᠯᠡᠷᠭᠡᠭᠵᠢᠯ‌‍ᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠂ ᠨᠡᠶᠢᠭᠡᠮ ᠂ ᠠᠵᠤ ᠠᠬᠤᠢ ᠶᠢᠨ ᠦᠷ᠎ᠡ ᠠᠰᠢᠭ ᠤᠨ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃         ᠪᠠᠶᠢᠴᠠᠭᠠᠨ ᠰᠤᠳᠤᠯᠤᠯᠲᠠ ᠳᠤᠮᠳᠠ᠂ ᠸᠠᠩ ᠶᠦᠩ ᠵᠢᠶᠦ᠋ᠨ ᠪᠠᠰᠠ ᠮᠠᠯᠴᠢᠨ ᠡᠷᠦᠬᠡ ᠶᠢᠨ ᠣᠳᠣᠬᠠᠨ ᠤ ᠮᠠᠯᠵᠢᠬᠤ ᠦᠢᠯᠡᠳᠪᠦᠷᠢᠯᠡᠯ ᠠᠮᠢᠳᠤᠷᠠᠯ᠂ ᠮᠠᠯ ᠤᠨ ᠲᠤᠭ᠎ᠠ ᠲᠣᠯᠣᠭᠠᠢ᠂ ᠲᠥᠯ ᠤᠨ ᠤᠨᠳᠤᠷᠤᠯᠳᠠ ᠪᠤᠶᠢᠵᠢᠯᠳᠡ᠂ ᠡᠪᠡᠰᠦ ᠪᠤᠷᠳᠣᠭᠠᠨ ᠤ ᠬᠠᠩᠭᠠᠯᠭ᠎ᠠ ᠶᠢᠨ ᠪᠠᠶᠢᠳᠠᠯ ᠵᠢᠴᠢ ᠦᠨᠳᠦᠰᠦᠨ ᠱᠠᠲᠤᠨ ᠤ ︽ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷᠨᠢᠯᠳᠡ ᠶᠢᠨ ᠪᠠᠶᠢᠳᠠᠯ ᠢ ᠣᠶᠢᠯᠠᠭᠠᠵᠡᠢ᠃         ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠱᠦ ᠵᠢᠤᠸᠠᠨ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号