ᠬᠦᠳᠡᠭᠡᠨ ᠤ ᠠᠵᠢᠯ ᠳᠤ ᠴᠠᠭᠠᠷᠠᠭᠰᠠᠨ ᠪᠢᠴᠢᠬᠠᠨ ᠡᠬᠡᠴᠢ ᠳᠡᠭᠦᠤ ᠬᠤᠶᠠᠷ
ᠨᠡᠶᠢᠲᠡᠯᠡᠭᠰᠡᠨ ᠴᠠᠭ᠄
2024/3/28
       ᠡᠳᠡᠨ ᠤ ᠬᠤᠶᠠᠷ ᠬᠡᠤᠬᠡᠳ ᠡᠷᠲᠡ ᠲᠤᠰᠠ ᠳᠤ ᠤᠷᠤᠵᠠᠢ        ᠰᠦᠨᠢᠳ ᠵᠡᠬᠦᠨ ᠬᠤᠰᠢᠭᠤᠨ ᠤ ᠪᠠᠶᠠᠠᠭᠤᠯᠠ ᠰᠤᠮᠤᠨ ᠤ ᠰᠠᠶᠢᠬᠠᠨᠲᠠᠯ᠎ᠠ ᠭᠠᠴᠠᠭ᠎ᠠ ᠪᠠᠷ ᠨᠤᠲᠤᠭᠲᠠᠢ ᠮᠠᠯᠴᠢᠨ ᠦᠰᠬᠦᠪᠠᠶᠠᠷ ᠤᠨ ᠬᠢ ᠠᠮᠠ ᠪᠦᠯᠢ ᠵᠢᠷᠭᠤᠭᠤᠯᠠ ᠠᠵᠤ ᠲᠦᠷᠦᠵᠤ᠂ ᠲᠠᠪᠤᠨ ᠬᠤᠰᠢᠭᠤ ᠮᠠᠯ ᠢᠶᠠᠨ ᠲᠡᠭᠰᠢ ᠮᠠᠯᠵᠢᠵᠤ ᠪᠠᠶᠢᠭ᠎ᠠ ᠪᠢᠯᠡ᠃ ᠬᠡᠤᠬᠡᠨ ᠬᠤᠷ᠎ᠠ ᠨᠢ ᠡᠨᠡ ᠵᠢᠯ 12 ᠨᠠᠰᠤᠲᠠᠢ᠂ ᠪᠠᠭ᠎ᠠ ᠰᠤᠷᠭᠠᠭᠤᠯᠢ ᠶᠢᠨ ᠲᠠᠪᠤᠳᠤᠭᠠᠷ ᠤᠨ ᠳᠤ ᠰᠤᠷᠤᠯᠴᠠᠵᠤ᠂ ᠬᠦᠤ ᠰᠦᠷᠪᠠᠲᠤ ᠨᠢ ᠡᠨᠡ ᠵᠢᠯ 10 ᠨᠠᠰᠤᠲᠠᠢ᠂ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠳᠤ ᠰᠤᠷᠤᠯᠴᠠᠵᠤ ᠪᠠᠶᠢᠨ᠎ᠠ᠃ ᠡᠳᠡᠨ ᠤ ᠬᠤᠶᠠᠷ ᠬᠡᠤᠬᠡᠳ ᠨᠢ ᠴᠡᠴᠡᠷᠯᠢᠭ ᠲᠤ ᠪᠠᠶᠢᠬᠤ ᠠᠴᠠ ᠪᠠᠨ ᠡᠬᠢᠯᠡᠨ ᠠᠪᠤ ᠡᠵᠢ ᠳᠤ ᠪᠠᠨ ᠲᠤᠰᠠ ᠳᠡᠮ ᠪᠤᠯᠬᠤ ᠪᠠᠷ ᠮᠠᠯ ᠠᠬᠤᠢ ᠲᠠᠢ ᠪᠠᠨ ᠤᠶᠢᠷᠠᠲᠤᠨ᠂ ᠠᠬᠠᠮᠠᠳ ᠨᠠᠰᠤᠲᠠᠨ ᠤ ᠪᠠᠨ ᠰᠤᠷᠭᠠᠯ ᠢᠶᠠᠷ ᠭᠡᠷ ᠵᠠᠭᠤᠷ᠎ᠠ ᠶᠢᠨ ᠠᠷᠰᠠᠷ ᠠᠵᠢᠯ ᠢ ᠬᠠᠪᠰᠤᠷᠤᠨ ᠬᠢᠳᠡᠭ᠃ ᠤᠳᠤ ᠪᠤᠯᠬᠤ ᠳᠤ ᠨᠡᠩ ᠴᠦ ᠦᠬᠡᠷ ᠮᠠᠯ ᠢᠶᠠᠨ ᠡᠪᠡᠰᠤᠯᠡᠵᠤ ᠤᠰᠤᠯᠠᠬᠤ᠂ ᠬᠦᠷᠢᠶ᠎ᠡ ᠬᠠᠰᠢᠶ᠎ᠠ ᠴᠡᠪᠡᠷᠯᠡᠬᠦ᠂ ᠭᠡᠷ ᠲᠡᠷᠭᠡ ᠪᠠᠨ ᠳᠦᠪᠬᠢᠨᠡᠬᠦᠯᠬᠦ᠂ ᠬᠤᠪᠴᠠᠰᠤ ᠬᠤᠨᠠᠷ ᠤᠬᠢᠶᠠᠬᠤ ᠵᠡᠷᠭᠡ ᠠᠵᠢᠯ ᠢ ᠪᠡᠶ᠎ᠡ ᠪᠠᠨ ᠳᠠᠭᠠᠭᠠᠵᠤ ᠬᠢᠴᠢᠬᠡᠳᠡᠭ ᠠᠵᠢᠯᠴᠢ ᠪᠤᠷᠤᠭᠵᠢᠭᠤᠨ ᠬᠡᠤᠬᠡᠳ ᠤᠳ ᠪᠤᠯᠵᠠᠢ᠃
       ᠠᠪᠢᠶᠠᠰᠯᠢᠭ ᠡᠬᠡᠴᠢ ᠳᠡᠭᠦᠤ ᠬᠤᠶᠠᠷ        ᠬᠤᠷ᠎ᠠ᠂ ᠰᠦᠷᠪᠠᠲᠤ ᠬᠤᠶᠠᠷ ᠬᠦᠳᠡᠭᠡ ᠪᠠᠨ ᠬᠠᠷᠢᠪᠠᠯ ᠠᠪᠤ ᠡᠵᠢ ᠳᠤ ᠪᠠᠨ ᠲᠤᠰᠠ ᠳᠡᠮ ᠪᠤᠯᠵᠤ ᠰᠤᠷᠭᠠᠭᠤᠯᠢ ᠳᠤ ᠪᠠᠨ ᠪᠤᠴᠠᠪᠠᠯ ᠬᠢᠴᠢᠶᠡᠯ ᠰᠤᠷᠤᠯᠭ᠎ᠠ ᠳᠤ ᠪᠠᠨ ᠰᠢᠮᠳᠠᠳᠠᠭ ᠴᠢᠷᠮᠠᠶᠢᠯᠭ᠎ᠠ ᠰᠠᠶᠢᠲᠠᠢ ᠬᠡᠤᠬᠡᠳ ᠤᠳ ᠶᠤᠮ᠃ ᠬᠤᠷ᠎ᠠ ᠰᠤᠷᠭᠠᠭᠤᠯᠢ ᠶᠢᠨ ᠳᠡᠰ ᠤᠨ ︽ᠭᠤᠷᠪᠠᠨ ᠰᠠᠶᠢᠲᠠᠢ ᠰᠤᠷᠤᠭᠴᠢ︾᠂ ᠬᠤᠰᠢᠭᠤ ᠳᠡᠰ ᠤᠨ ︽ᠭᠤᠷᠪᠠᠨ ᠰᠠᠶᠢᠲᠠᠢ ᠰᠤᠷᠤᠭᠴᠢ︾᠂ ︽ᠰᠢᠯᠢᠳᠡᠭ ᠰᠤᠷᠤᠯᠭᠠᠲᠠᠨ︾ ᠵᠡᠷᠭᠡ ᠪᠠᠷ ᠵᠢᠯ ᠳᠠᠷᠠᠭᠠᠯᠠᠨ ᠦᠨᠡᠯᠡᠭᠳᠡᠵᠤ᠂ ᠬᠢᠴᠢᠶᠡᠯ ᠰᠤᠷᠤᠯᠭ᠎ᠠ ᠳᠤ ᠪᠠᠨ ᠤᠨᠴᠠ ᠰᠠᠶᠢᠨ ᠮᠦᠷᠲᠡᠬᠡᠨ ᠳᠠᠭᠤᠯᠠᠵᠤ ᠪᠦᠵᠢᠭᠯᠡᠬᠦ᠂ ᠰᠢᠯᠦᠭᠯᠡᠬᠦ᠂ ᠬᠦᠲᠦᠯᠬᠦ ᠵᠡᠷᠭᠡ ᠲᠠᠯ᠎ᠠ ᠪᠠᠷ ᠴᠦᠮ ᠠᠪᠢᠶᠠᠰᠯᠢᠭ ᠪᠠᠶᠢᠵᠤ᠂ ᠲᠤᠰᠬᠠᠢ ᠬᠡᠤᠬᠡᠳ ᠤᠨ ᠳᠠᠭᠤᠤ ᠶᠢᠨ ᠺᠯᠢᠫ ᠢ ᠨᠡᠶᠢᠲᠡᠯᠡᠵᠤ᠂ ᠬᠡᠤᠬᠡᠳ ᠪᠠᠭᠠᠴᠤᠳ ᠤᠨ ᠢᠶᠠᠨ ᠳᠤᠮᠳᠠ ᠤᠳᠤ ᠰᠤᠳᠤ ᠨᠢ ᠪᠤᠯᠵᠤ ᠶᠠᠪᠤᠨ᠎ᠠ᠃ ᠰᠦᠷᠪᠠᠲᠤ ᠴᠦ ᠬᠢᠴᠢᠶᠡᠯ ᠰᠤᠷᠤᠯᠭ᠎ᠠ ᠳᠤ ᠪᠠᠨ ᠴᠢᠷᠮᠠᠶᠢᠯᠲᠠ ᠲᠠᠢ ᠪᠠᠶᠢᠵᠤ᠂ ᠰᠤᠷᠭᠠᠭᠤᠯᠢ ᠶᠢᠨ ᠢᠶᠠᠨ ︽ᠰᠢᠯᠢᠳᠡᠭ ᠰᠤᠷᠤᠯᠭᠠᠲᠠᠨ︾ ᠢᠶᠠᠷ ᠦᠨᠡᠯᠡᠭᠳᠡᠵᠤ ᠪᠠᠶᠢᠭᠰᠠᠨ ᠢᠶᠠᠷ ᠪᠠᠷᠠᠬᠤ ᠦᠬᠡᠢ ᠲᠠᠮᠢᠷ ᠪᠠ ᠵᠢᠷᠤᠭ ᠤᠨ ᠲᠠᠯ᠎ᠠ ᠪᠠᠷ ᠮᠠᠰᠢ ᠠᠪᠢᠶᠠᠰᠯᠢᠭ ᠪᠠᠶᠢᠵᠤ᠂ ᠤᠯᠠᠨ ᠤᠯᠠᠨ ᠰᠢᠯᠢᠳᠡᠭ ᠪᠦᠲᠦᠮᠵᠢ ᠪᠠᠷ ᠡᠩᠭᠡᠷ ᠢᠶᠠᠨ ᠮᠢᠯᠢᠶᠠᠯᠭᠠᠵᠤ ᠬᠡᠤᠬᠡᠳ ᠨᠠᠰᠤ ᠪᠠᠨ ᠴᠢᠮᠡᠵᠤ ᠶᠠᠪᠤᠨ᠎ᠠ᠃
       ᠡᠳᠡᠨᠠᠶᠢᠬᠢᠨ ᠭᠡᠷ ᠪᠦᠯᠢ ᠶᠢᠨ ᠬᠦᠮᠦᠵᠢᠯ ᠢ ᠴᠢᠬᠤᠯᠠᠴᠢᠯᠠᠳᠠᠭ        ᠦᠰᠬᠦᠪᠠᠶᠠᠷ ᠭᠠᠴᠠᠭᠠᠨ ᠤ ᠪᠠᠨ ᠠᠵᠢᠯ ᠢ ᠬᠠᠷᠢᠭᠤᠴᠠᠨ ᠬᠢᠵᠤ ᠪᠠᠶᠢᠭ᠎ᠠ ᠤᠴᠢᠷ ᠠᠴᠠ ᠶᠡᠷᠤ ᠶᠢᠨ ᠴᠠᠭ  ᠲᠤ ᠪᠠᠨ ᠮᠠᠰᠢ ᠶᠠᠭᠠᠷᠠᠤ ᠪᠠᠶᠢᠳᠠᠭ᠂ ᠬᠡᠪᠡᠴᠤ ᠡᠳᠡᠨᠡᠶᠢᠬᠢᠨ ᠬᠡᠤᠬᠡᠳ ᠤᠨ ᠵᠢᠭᠠᠨ ᠰᠤᠷᠭᠠᠯᠲᠠ ᠶᠢᠨ ᠲᠠᠯ᠎ᠠ ᠪᠠᠷ ᠦᠴᠦᠬᠡᠨ ᠴᠦ ᠠᠯᠮᠠᠶᠢᠷᠠᠳᠠᠭ ᠦᠬᠡᠢ᠂ ᠤᠷᠤᠢ ᠶᠢᠨ ᠰᠤᠯᠠ ᠰᠡᠯᠡᠬᠦᠤ ᠴᠠᠭ ᠢᠶᠠᠨ ᠠᠰᠢᠭᠯᠠᠨ ᠭᠡᠷ ᠪᠦᠯᠢ ᠪᠠᠷ ᠢᠶᠠᠨ ᠱᠠᠭ᠎ᠠ ᠲᠤᠭᠯᠠᠬᠤ᠂ ᠬᠡᠤᠬᠡᠳ ᠲᠤ ᠪᠠᠨ ᠬᠠᠨᠢ ᠪᠤᠯᠵᠤ ᠵᠢᠷᠤᠭ ᠵᠢᠷᠤᠬᠤ ᠵᠡᠷᠭᠡ ᠤᠯᠠᠨ ᠲᠠᠯ᠎ᠠ ᠪᠠᠷ ᠰᠤᠷᠭᠠᠵᠤ ᠬᠦᠮᠦᠵᠢᠬᠦᠯᠳᠡᠭ ᠠᠴᠠ ᠬᠡᠤᠬᠡᠳ ᠤᠳ ᠨᠢ ᠭᠠᠷ ᠤᠲᠠᠰᠤ ᠨᠠᠭᠠᠳᠴᠤ᠂ ᠲᠧᠯᠸᠢᠰ ᠦᠵᠡᠨ᠎ᠡ ᠬᠡᠵᠤ ᠠᠭᠠᠰᠢᠯᠠᠬᠤ ᠦᠬᠡᠢ ᠪᠤᠯᠵᠤ᠂ ᠭᠡᠷ ᠪᠦᠯᠢ ᠶᠢᠨ ᠵᠤᠭ᠎ᠠ ᠴᠡᠩᠭᠡᠯ ᠳᠤᠮᠳᠠ ᠠᠴᠠ ᠤᠯᠠᠨ ᠢ ᠰᠤᠷᠴᠤ ᠶᠡᠭᠡ ᠶᠢ ᠡᠵᠡᠮᠰᠢᠬᠦ ᠪᠤᠯᠵᠠᠢ᠃
       ︽ᠬᠦᠮᠦᠨ ᠬᠦᠳᠡᠯᠮᠦᠷᠢᠯᠡᠵᠤ ᠪᠠᠶᠢᠮᠠᠨᠵᠢᠨ ᠬᠦᠮᠦᠨ ᠪᠤᠯᠳᠠᠭ᠂ ᠮᠠᠯᠵᠢᠬᠤ ᠠᠮᠢᠳᠤᠷᠠᠯ ᠠᠴᠠ ᠪᠠᠨ ᠤᠶᠢᠷᠠᠬᠠᠨ ᠪᠠᠶᠢᠵᠤ᠂ ᠢᠯᠡᠬᠦᠤ ᠤᠯᠠᠨ ᠵᠤᠶᠢᠯ ᠢ ᠰᠤᠷᠬᠤ ᠪᠠᠷ ᠬᠡᠤᠬᠡᠳ ᠤᠨ ᠦᠰᠦᠯᠲᠡ ᠪᠤᠶᠢᠵᠢᠯᠲᠠ ᠳᠤ ᠲᠤᠰᠠ  ᠲᠠᠢ ᠪᠠᠶᠢᠳᠠᠭ᠂ ᠬᠡᠤᠬᠡᠳ ᠤᠨ ᠡᠪᠦᠭᠡ ᠡᠮᠡᠭᠡ ᠨᠢ ᠴᠦ ᠦᠷᠬᠦᠯᠵᠢ ᠬᠤᠶᠠᠷ ᠬᠡᠤᠬᠡᠳ ᠢᠶᠠᠨ ᠡᠷᠲᠡ ᠠᠵᠢᠯ ᠳᠤ ᠤᠷᠤᠭᠤᠯ ᠬᠡᠵᠤ ᠵᠠᠬᠢᠳᠠᠭ ᠠᠴᠠ ᠬᠡᠤᠬᠡᠳ ᠤᠳ ᠮᠠᠨᠢ ᠮᠠᠰᠢ ᠤᠬᠠᠭᠠᠨ ᠳᠦᠬᠦᠬᠡ ᠲᠠᠢ ᠪᠠᠶᠢᠵᠤ᠂ ᠭᠡᠷ ᠪᠦᠯᠢ ᠳᠤ  ᠪᠠᠨ ᠲᠤᠩ ᠶᠡᠭᠡ ᠲᠤᠰᠠ ᠪᠤᠯᠳᠠᠭ ᠰᠢᠤ︾ ᠬᠡᠵᠤ ᠦᠰᠬᠦᠪᠠᠶᠠᠷ ᠤᠨ ᠭᠡᠷᠭᠡᠢ ᠬᠡᠬᠡᠨᠲᠠᠨ᠎ᠠ ᠤᠴᠢᠷᠲᠠᠶᠢᠬᠠᠨ ᠶᠠᠷᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号