ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠨᠠᠶᠠᠨ ᠶᠢᠰᠦᠳᠦᠭᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
        3 ᠳ᠋ᠤᠭᠠᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠶᠠᠨ ᠶᠢᠰᠦᠳᠦᠭᠡᠷ ᠤᠳᠠᠭᠠᠨ ᠤ ᠪᠠᠶᠢᠩᠭᠤ ᠶᠢᠨ ᠬᠡᠰᠢᠬᠦᠳ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ 2 ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠪᠠ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠦᠨ ᠱᠣᠤ ᠴᠧᠩ ᠨᠥᠬᠦᠷ ᠤᠨ ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠶᠢᠨ ᠬᠥᠮᠦᠵᠢᠯ ᠪᠤᠯᠪᠠᠰᠤᠷᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠪᠠ ᠵᠠᠩ ᠪᠠᠶ ᠴᠧᠩ ᠨᠥᠬᠦᠷ ᠤᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠦᠶ᠎ᠡ ᠶᠢᠨ ᠵᠢᠭᠠᠪᠤᠷᠢ  ᠶᠢᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠬᠤᠯᠪᠤᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
                ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠪᠦᠬᠦ ᠬᠤᠰᠢᠭᠤ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠨᠠᠷᠢᠨ ᠬᠢᠨᠠᠮᠠᠭᠠᠶ ᠰᠠᠶᠢᠲᠤᠷ ᠬᠢᠨ᠂ ᠰᠢᠨ᠎ᠡ ᠵᠠᠮ  ᠢᠶᠠᠷ ᠶᠠᠪᠤᠵᠤ ᠲᠤᠮᠳᠠ ᠤᠷᠤᠰᠬᠠᠯ ᠳᠤ ᠣᠷᠣᠬᠤ ᠵᠠᠩᠭᠢᠯᠠᠭ᠎ᠠ ᠶᠢᠨ ᠴᠠᠭ ᠦᠶ᠎ᠡ ᠶᠢ ᠲᠦᠷᠬᠡᠳᠬᠡᠨ᠂ ᠰᠦᠨ ᠱᠣᠣ ᠴᠧᠩ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠵᠠᠩ ᠪᠠᠶ ᠴᠧᠩ ᠱᠦᠵᠢ ᠶᠢᠨ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠲᠡᠬᠡᠭᠰᠢᠯᠡᠬᠦᠯᠦᠨ᠂ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠲᠦᠷᠭᠡᠨ ᠰᠡᠢᠳᠪᠦᠷᠢᠯᠡᠬᠦ ᠠᠵᠢᠯ ᠢ ᠴᠢᠩᠭ᠎ᠠ ᠠᠳᠬᠤᠵᠤ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠵᠤ ᠰᠤᠷᠭᠠᠭᠤᠯᠢ  ᠶᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠮᠠᠯᠵᠢᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡ᠂ ᠭᠡᠷ ᠲᠡᠭᠡᠨ ᠰᠠᠭᠤᠵᠤ ᠦᠳᠡᠯᠦᠬᠡ ᠨᠠᠰᠦ ᠪᠠᠨ ᠦᠩᠬᠡᠷᠡᠬᠦᠯᠬᠦ᠂ ᠦᠨᠳᠦᠰᠦᠨ ᠱᠠᠲᠤᠨ ᠤ ᠵᠠᠰᠠᠯᠲᠠ᠂ ᠲᠤᠯᠠᠭᠠᠯᠭ᠎ᠠ ᠶᠢᠨ ᠢᠨᠵᠧᠨᠧᠷᠢᠩ᠂ ᠠᠳᠤᠭᠤᠨ ᠤ ᠠᠵᠤ ᠦᠢᠯᠡᠰ ᠤᠨ ᠬᠥᠭᠵᠢᠯᠲᠡ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠰᠠᠶᠢᠲᠤᠷ ᠦᠷᠨᠢᠬᠦᠯᠦᠨ᠂ ︽ᠵᠢᠷᠭᠤᠭᠠᠨ ᠦᠬᠦᠯᠡᠪᠤᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠰᠠᠶᠢᠲᠤᠷ ᠶᠠᠷᠢᠵᠤ᠂ ᠡᠯ᠎ᠡ ᠵᠦᠢᠯ ᠤᠨ ᠠᠵᠢᠯ ᠢ ᠰᠠᠶᠢᠨ ᠢᠶᠠᠷ ᠡᠬᠢᠯᠡᠬᠦᠯᠵᠦ ᠰᠠᠶᠢᠨ ᠢᠶᠠᠷ ᠲᠡᠬᠦᠰᠬᠡᠬᠦ᠂ ᠰᠠᠶᠢᠨ ᠬᠢᠵᠦ ᠰᠠᠶᠢᠨ ᠪᠦᠲᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ ᠬᠡᠪᠡ᠃
                ᠬᠤᠷᠠᠯ ᠠᠴᠠ ᠪᠠᠰᠠ ᠶᠡᠭᠡ ᠰᠠᠯᠬᠢ᠂ ᠡᠯᠡᠰᠦᠨ ᠰᠢᠭᠤᠷᠭ᠎ᠠ ᠲᠠᠢ ᠴᠠᠭ ᠠᠭᠤᠷ ᠢ ᠰᠡᠷᠭᠡᠶᠢᠯᠡᠨ ᠠᠷᠭᠠᠴᠠᠬᠤ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠪᠤᠰᠤᠳ ᠵᠦᠢᠯᠡᠰ ᠢ ᠰᠤᠳᠤᠯᠵᠠᠢ᠃         ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠬᠡᠰᠢᠬᠦᠳ ᠬᠤᠷᠠᠯ ᠳᠤ ᠣᠷᠣᠯᠴᠠᠵᠤ᠂ ᠵᠠᠰᠠᠭ  ᠤᠨ ᠣᠷᠳᠣᠨ ᠤ ᠡᠯ᠎ᠡ ᠳᠡᠳ᠋ ᠳᠠᠷᠤᠭ᠎ᠠ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠡᠰᠡᠭ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号