ᠪᠠᠶ᠋ᠬᠠᠠᠭᠤᠯᠠ ᠰᠤᠮᠦ ᠮᠠᠯᠴᠢᠳ ᠲᠠᠭᠠᠨ ᠲᠤᠤᠷ᠎ᠠ ᠦᠨ᠎ᠠ ᠶᠢᠨ ᠡᠪᠡᠰᠦ ᠪᠤᠷᠳᠤᠭ᠎ᠠ ᠤᠯᠭᠤᠪᠠ
ᠨᠡᠶᠢᠲᠡᠯᠡᠭᠰᠡᠨ ᠴᠠᠭ᠄
2024/4/11
        ᠣᠶᠢᠷ᠎ᠠ ᠳᠤ᠂ ᠮᠠᠨ ᠤ ᠬᠤᠰᠢᠭᠤᠨ ᠤ ᠪᠠᠶ᠋ᠬᠠᠭᠤᠯᠠ ᠰᠤᠮᠦᠨ ᠤ 6 ᠭᠠᠴᠠᠭᠠᠨ ᠤ ᠡᠪᠡᠰᠦ ᠪᠤᠷᠳᠤᠭ᠎ᠠ ᠲᠠᠷᠬᠠᠭᠠᠬᠤ ᠠᠬᠤᠶ ᠲᠠᠯᠠᠪᠠᠶ ᠳᠤ ᠶᠠᠭᠠᠷᠠᠯᠲᠠᠶ ᠪᠠᠶᠢᠳᠠᠯ ᠢᠯᠡᠷᠡᠵᠦ᠂ ᠮᠠᠯᠴᠢᠨ ᠲᠦᠮᠡᠨ ᠤ ᠴᠢᠷᠠᠶ ᠳᠤ ᠪᠠᠶᠠᠷ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ ᠮᠠᠯᠴᠢᠳ ᠥᠪᠡᠷ ᠤᠨ ᠲᠠᠷᠢᠶᠠᠯᠠᠩ ᠤᠨ ᠮᠠᠰᠢᠨ ᠲᠡᠷᠭᠡ ᠪᠠᠨ ᠵᠢᠯᠣᠭᠤᠳᠴᠤ ᠲᠤᠬᠠᠢ ᠶᠢᠨ ᠲᠠᠯᠠᠪᠠᠢ ᠳᠤ ᠢᠷᠡᠵᠤ᠂ ᠡᠮᠬᠢ ᠵᠢᠷᠤᠮ ᠲᠠᠢ ᠪᠠᠷ ᠡᠪᠡᠰᠦ ᠪᠤᠷᠳᠤᠭ᠎ᠠ ᠶᠢ ᠲᠡᠷᠭᠡᠨ ᠳᠤ ᠲᠡᠬᠡᠬᠡᠵᠦ ᠪᠠᠶᠢᠪᠠ᠃
        ᠬᠠᠷᠢᠶᠠᠲᠤ ᠣᠷᠣᠨ ᠤ ᠮᠠᠯ ᠰᠦᠷᠦᠭ ᠤᠨ ᠡᠪᠡᠰᠦ ᠪᠣᠷᠳᠤᠭ᠎ᠠ ᠬᠦᠷᠦᠯᠴᠡᠬᠦ ᠦᠭᠡᠶ ᠪᠠᠶᠢᠭ᠎ᠠ ᠪᠠᠴᠢᠮ ᠪᠠᠶᠢᠳᠠᠯ ᠢ ᠴᠠᠭ ᠲᠤᠬᠠᠶ ᠳᠤᠨᠢ ᠰᠢᠢᠳᠪᠤᠷᠢᠯᠡᠨ᠂ ᠬᠠᠪᠤᠷ ᠤᠨ ᠤᠯᠠᠷᠢᠯ ᠤᠨ ᠲᠥᠯ ᠲᠤᠰᠴᠤ ᠪᠤᠶᠢᠵᠢᠭᠤᠯᠬᠤ ᠠᠵᠢᠯ  ᠳᠤ ᠴᠢᠬᠤᠯᠠ ᠪᠠᠲᠤᠯᠠᠭ᠎ᠠ ᠬᠠᠩᠭᠠᠬᠤ ᠶᠢᠨ ᠲᠤᠰᠠᠳᠠ᠂ ᠪᠠᠶ᠋ᠬᠠᠠᠭᠤᠯᠠ ᠰᠤᠮᠤ ᠪᠣᠳᠠᠲᠠᠶ ᠪᠠᠶᠢᠳᠠᠯ ᠢᠶᠠᠨ ᠦᠨᠳᠦᠰᠦᠯᠡᠨ ᠂ ᠭᠠᠴᠠᠭᠠᠨ ᠤ ᠬᠠᠮᠲᠤ ᠶᠢᠨ ᠠᠵᠤ ᠠᠬᠤᠶ ᠠᠴᠠ ᠨᠦᠬᠡᠴᠢᠯᠡᠭᠰᠡᠨ ᠡᠪᠡᠰᠦ ᠪᠣᠷᠳᠤᠭ᠎ᠠ ᠵᠢᠴᠢ ᠰᠤᠮᠦᠨ ᠤ ᠨᠦᠬᠡᠴᠢᠯᠡᠭᠰᠡᠨ ᠡᠪᠡᠰᠦ ᠪᠣᠷᠳᠤᠭ᠎ᠠ ᠠᠴᠠ ᠡᠷᠦᠬᠡ ᠪᠦᠷᠢ ᠳᠤ 2 — 4 ᠲᠣᠨ᠂ ᠲᠣᠨ ᠪᠦᠷᠢ ᠨᠢ ᠵᠠᠬ᠎ᠠ ᠳᠡᠯᠭᠡᠭᠦᠷ ᠤᠨ ᠦᠨ᠎ᠡ ᠠᠴᠠ 500 — 1100 ᠲᠥᠭᠦᠷᠢᠭ ᠤᠨ ᠲᠤᠤᠷ᠎ᠠ ᠪᠠᠶᠢᠬᠤ ᠠᠳᠠᠯᠢ ᠪᠤᠰᠤ ᠪᠠᠷᠢᠮᠵᠢᠶ᠎ᠠ  ᠪᠠᠷ ᠮᠠᠯᠴᠢᠨ ᠡᠷᠦᠬᠡ ᠳᠤ ᠡᠪᠡᠰᠦ ᠪᠤᠷᠳᠤᠭ᠎ᠠ ᠬᠤᠳᠠᠯᠳᠤᠨ ᠥᠭᠴᠦ᠂ ᠮᠠᠯᠴᠢᠳ ᠲᠤ ᠦᠨᠡᠨ ᠪᠣᠳᠠᠲᠠᠶ ᠠᠰᠢᠭ ᠬᠦᠷᠳᠡᠬᠡᠪᠡ᠃
        ᠰᠤᠷᠪᠤᠯᠵᠢᠯᠠᠭ᠎ᠠ᠄ ᠮᠠᠯᠴᠢᠨ         2023 ᠣᠨ ᠳᠤ᠂ ᠪᠠᠶ᠋ᠬᠠᠠᠭᠤᠯᠠ ᠰᠤᠮᠤ ᠡᠯ᠎ᠡ ᠭᠠᠴᠠᠭ᠎ᠠ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠪᠥᠬᠦ ᠬᠤᠰᠢᠭᠤᠨ ᠤ ︽ᠭᠤᠷᠪᠠᠨ ᠱᠠᠲᠤᠨ ᠤ ᠡᠪᠡᠰᠦ ᠨᠥᠭᠡᠴᠡᠯᠡᠬᠦ︾ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠲᠦᠰᠢᠭᠯᠡᠨ᠂ ᠭᠠᠴᠠᠭᠠᠨ ᠤ ᠬᠠᠮᠲᠤ ᠶᠢᠨ ᠠᠵᠤ ᠠᠬᠤᠶ ᠠᠴᠠ 240 ᠭᠠᠷᠤᠶ ᠲᠦᠮᠡᠨ ᠲᠥᠭᠦᠷᠢᠭ ᠤᠨ ᠪᠠᠯᠠ ᠮᠥᠩᠭᠦ ᠭᠠᠷᠭᠠᠵᠤ᠂ ᠭᠠᠴᠠᠭ᠎ᠠ ᠲᠠᠰ ᠤᠨ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ ᠶᠢ 1549 ᠲᠣᠨ ᠨᠥᠭᠡᠴᠡᠯᠡᠵᠦ᠂ ᠰᠤᠮᠤ ᠲᠠᠰ ᠤᠨ ᠪᠠᠴᠢᠮ ᠪᠠᠶᠢᠳᠠᠯ ᠢ ᠠᠷᠭᠠᠴᠠᠬᠤ ᠡᠪᠡᠰᠦ ᠪᠣᠷᠳᠤᠭ᠎ᠠ ᠶᠢ 600 ᠲᠣᠨ ᠨᠦᠬᠡᠴᠢᠯᠡᠨ᠂ ᠲᠣᠨ ᠪᠦᠷᠢ ᠳᠤ ᠵᠠᠰᠠᠭ ᠤᠨ ᠣᠷᠳᠣᠨ ᠠᠴᠠ 200 ᠲᠥᠭᠦᠷᠢᠭ ᠤᠨ ᠨᠥᠬᠦᠪᠥᠷᠢ ᠤᠯᠭᠤᠪᠠ᠃
                ᠣᠶᠢᠷ᠎ᠠ ᠶᠢᠨ ᠵᠢᠯ ᠳᠤ᠂ ᠪᠠᠶ᠋ᠬᠠᠭᠤᠯᠠ ᠰᠤᠮᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ  ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠷ ᠮᠠᠯᠴᠢᠳ ᠲᠤ ᠠᠰᠢᠭ ᠬᠦᠳᠡᠬᠡᠨ᠂ ᠪᠥᠬᠦ ᠮᠠᠯᠴᠢᠳ ᠲᠤ ᠬᠠᠮᠲᠤ ᠶᠢᠨ ᠠᠵᠤ ᠠᠬᠤᠶ ᠶᠢᠨ ᠠᠰᠢᠭ ᠲᠤᠰᠠ ᠶᠢ ᠡᠳ᠋ᠯᠡᠭᠦᠯᠵᠦ᠂ ᠲᠡᠳᠡᠨ ᠤ ᠠᠮᠢᠳᠤᠷᠠᠯ ᠤᠨ ᠳᠠᠷᠤᠭᠠᠰᠤ ᠶᠢ ᠬᠥᠩᠭᠡᠯᠡᠨ᠂ ᠠᠷᠠᠳ ᠲᠤ ᠪᠣᠳᠠᠲᠠᠶ ᠶᠠᠪᠤᠳᠠᠯ ᠬᠢᠵᠤ᠂ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠮᠠᠯᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号