ᠰᠦᠨᠢᠳ ᠵᠡᠬᠦᠨ ᠬᠤᠰᠢᠭᠤ ᠨᠠᠮ ᠤᠨ ᠬᠤᠷᠢᠶ᠎ᠠ ᠣᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
       4 ᠳ᠋ᠤᠭᠡᠷ ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶ᠎ᠠ ᠣᠯᠠᠨ ᠲᠦᠮᠡᠨ ᠤ ᠪᠦᠯᠬᠦᠮ ᠤᠨ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠣᠯᠠᠨ ᠲᠦᠮᠡᠨ ᠤ ᠪᠦᠯᠬᠦᠮ ᠰᠠᠯᠠᠭ᠎ᠠ ᠮᠥᠴᠢᠷ ᠤᠨ 2023 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠠ 2024 ᠣᠨ ᠤ ᠠᠵᠢᠯ ᠤᠨ ᠲᠣᠬᠢᠷᠠᠭᠤᠯᠤᠯᠲᠠ ᠵᠢᠴᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃
               ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠭᠥᠩ ᠬᠤᠷᠠᠯ ᠡᠷᠭᠢᠯᠡᠪᠡ᠃        ᠬᠤᠷᠠᠯ ᠠᠴᠠ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠪᠦᠯᠬᠦᠮ ᠤᠨ ᠠᠵᠢᠯ ᠢ ᠰᠠᠶᠢᠲᠤᠷ ᠬᠢᠬᠦ ᠶᠢᠨ ᠠᠴᠢ ᠬᠤᠯᠪᠣᠭᠳᠠᠯ ᠢ ᠲᠠᠨᠢᠵᠤ᠂ ᠦᠵᠡᠯ ᠰᠠᠨᠠᠭ᠎ᠠ ᠪᠠᠨ ᠨᠢᠭᠡᠤᠨᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ ᠬᠤᠰᠢᠭᠤ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠶᠢᠯᠡᠲᠤᠯ ᠢᠶᠠᠨ ᠪᠠᠳᠠᠷᠠᠭᠤᠯᠵᠤ᠂ ᠺᠠᠳ᠋ᠷ ᠣᠯᠠᠨ ᠲᠦᠮᠡᠨ᠂ ᠨᠡᠶᠢᠭᠡᠮ ᠤᠨ ᠡᠯ᠎ᠡ ᠡᠲᠡᠭᠡᠤᠨ ᠤᠨ ᠤᠶᠢᠯᠡᠲᠤᠯᠭᠡ ᠶᠢᠨ ᠳᠤᠮᠳᠠ ᠭᠠᠪᠢᠶ᠎ᠠ ᠵᠢᠳᠬᠦᠯ ᠪᠠᠶᠢᠭᠤᠯᠵᠤ᠂ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠠᠨ ᠲᠦᠮᠡᠨ ᠤ ᠪᠦᠯᠬᠦᠮ ᠤᠨ ᠺᠠᠳ᠋ᠷ ᠤᠨ ᠡᠭᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠤᠯᠠᠨ ᠲᠦᠮᠡᠨ ᠤ ᠪᠦᠯᠬᠦᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠲᠥᠪᠯᠡᠩᠭᠦᠢ ᠬᠦᠴᠦᠨ︾ ᠢ ᠨᠢᠭᠲᠠᠷᠠᠭᠤᠯᠬᠤ ᠬᠡᠷᠡᠭᠲᠡᠢ ᠭᠡᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号