ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠰᠢᠨ᠎ᠡ ᠪᠠᠶᠢᠷᠢᠰᠢᠯ ᠳᠤ ᠨᠡᠭᠦᠪᠡ
ᠨᠡᠶᠢᠲᠡᠯᠡᠭᠰᠡᠨ ᠴᠠᠭ᠄
2024/4/12
        4 ᠳ᠋ᠦ᠋ᠭᠡᠷ ᠰᠠᠷ᠎ᠠ ᠶᠢᠨ 10 ᠤ ᠡᠳᠦᠷ᠂ ᠬᠤᠰᠢᠭᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠤᠨ ᠥᠭᠡᠷᠡᠴᠢᠯᠡᠨ ᠦᠷᠬᠡᠳᠬᠡᠵᠦ ᠪᠠᠶᠢᠭᠤᠯᠬᠤ ᠲᠥᠷᠥᠯ ᠵᠤᠶᠢᠯ ᠪᠠᠷᠢᠯᠭ᠎ᠠ ᠳᠠᠭᠤᠰᠬᠤ ᠶᠣᠰᠣᠯᠠᠯ ᠶᠠᠪᠤᠭᠤᠯᠪᠠ᠃         ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠱᠤᠸᠠᠩ ᠪᠦᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠴᠤᠷᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠹᠠᠩ‌ᠯᠸᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠬᠢᠵᠢᠯᠳᠦ ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠡᠯᠡᠶ ᠵᠢᠴᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠤᠯᠠᠭᠠᠨᠮᠥ᠋ᠴᠢᠷ ᠤᠨ ᠺᠠᠳ᠋ᠷ ᠠᠵᠢᠯᠲᠠᠨ ᠶᠣᠰᠣᠯᠠᠯ ᠳᠤ ᠣᠷᠣᠯᠴᠠᠪᠠ᠃
                ᠰᠠᠴᠤᠷᠠᠨ ᠬᠤᠰᠢᠭᠤ ᠳᠦᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠤᠨ ᠥᠭᠡᠷᠡᠴᠢᠯᠡᠨ ᠦᠷᠬᠡᠳᠬᠡᠵᠦ ᠪᠠᠶᠢᠭᠤᠯᠬᠤ ᠲᠦᠷᠦᠯ ᠵᠦᠢᠯ  ᠨᠢ ᠪᠠᠷᠢᠯᠭ᠎ᠠ ᠳᠠᠭᠤᠰᠬᠠᠭᠠᠳ ᠠᠰᠢᠭᠯᠠᠯᠲᠠ ᠳᠤ ᠤᠷᠤᠭᠰᠠᠨ ᠳᠤ ᠪᠠᠶᠠᠷ ᠬᠦᠷᠬᠡᠭᠰᠡᠨ ᠤ ᠬᠠᠮᠳᠦ ᠤᠯᠠᠭᠠᠨᠮᠥ᠋ᠴᠢᠷ᠂ ᠰᠢ ᠶᠢᠨ ᠫᠢᠩ ᠶᠡᠷᠦᠩᠬᠡᠶ ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠨᠠᠮ ᠂ ᠡᠬᠡ ᠤᠯᠤᠰ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ ᠪᠠᠶᠢᠬᠤ ᠶᠢ ᠪᠠᠷᠢᠮᠳᠠᠯᠠᠨ᠂ ᠠᠷᠠᠳ ᠲᠦᠮᠡᠨ ᠲᠠᠢ ᠮᠢᠬ᠎ᠠ ᠴᠢᠰᠤᠨ ᠤ ᠪᠠᠷᠢᠯᠳᠤᠯᠭ᠎ᠠ ᠲᠠᠢ ᠤᠯᠠᠭᠠᠨᠮᠥ᠋ᠴᠢᠷ  ᠤᠨ ᠵᠣᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂ ᠵᠣᠪᠠᠭᠤᠷᠢ ᠵᠦᠳᠡᠭᠦᠷᠢ ᠶᠢ ᠲᠡᠰᠪᠦᠷᠢᠯᠡᠨ᠂ ᠴᠤᠴᠠᠯᠲᠠ ᠦᠭᠡᠢ ᠤᠷᠤᠭᠰᠢᠯᠠᠬᠤ ᠶᠢ ᠤᠯᠠᠮᠵᠢᠯᠠᠨ ᠦᠢᠯᠡᠳᠦᠯᠭᠡᠵᠢᠭᠦᠯᠵᠦ᠂ ᠵᠣᠷᠢᠯᠭ᠎ᠠ ᠳᠠᠭᠠᠨ ᠬᠦᠷᠬᠦ ᠦᠭᠡᠶ ᠪᠣᠯ ᠶᠠᠭᠠᠬᠢᠭᠰᠠᠨ ᠴᠤ ᠵᠣᠭᠰᠣᠬᠤ ᠦᠭᠡᠶ ᠪᠠᠶᠢᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠬᠠᠷᠠᠮ ᠦᠭᠡᠶ ᠵᠢᠳᠬᠦᠬᠦ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠢᠯᠡᠷᠡᠬᠦᠯᠵᠦ᠂ ︽ᠵᠣᠬᠢᠶᠠᠨ ᠪᠦᠲᠦᠭᠡᠬᠦ᠂ ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠢᠯᠡᠴᠢᠯᠡᠬᠦ᠂ ᠤᠯᠠᠮᠵᠢᠯᠠᠬᠤ᠂ ᠰᠢᠨ᠎ᠡ ᠶᠢ ᠡᠭᠦᠳᠬᠦ ᠪᠠ ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ︾ ᠡᠭᠦᠷᠭᠡ ᠴᠢᠳᠠᠪᠤᠷᠢ  ᠶᠢ ᠬᠦᠢᠴᠡᠳ ᠪᠠᠳᠠᠷᠠᠭᠤᠯᠵᠤ᠂ ᠣᠯᠠᠨ ᠲᠦᠮᠡᠨ ᠲᠠᠢ ᠣᠶᠢᠷᠠᠲᠤᠭᠰᠠᠨ ᠰᠢᠯᠢᠳᠡᠭ ᠤᠳᠬ᠎ᠠ ᠤᠷᠠᠯᠢᠭ ᠤᠨ ᠪᠦᠲᠦᠭᠡᠯ  ᠢ ᠨᠠᠩ ᠣᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ  ᠤᠨ ᠬᠥᠩᠭᠡᠨ ᠮᠣᠷᠢᠲᠤ ᠴᠡᠷᠢᠭ︾ ᠪᠣᠯᠬᠤ ᠪᠠᠷ ᠴᠢᠷᠮᠠᠶᠢᠬᠤ ᠬᠡᠷᠡᠭᠳᠠᠢ ᠬᠡᠪᠡ᠃
                ᠣᠶᠢᠯᠠᠭᠠᠭᠰᠠᠨ ᠢᠶᠠᠷ᠂ ᠤᠯᠠᠭᠠᠨᠮᠥ᠋ᠴᠢᠷ ᠤᠨ ᠰᠢᠨ᠎ᠡ ᠪᠠᠷ ᠪᠠᠶᠢᠭᠤᠯᠤᠭᠰᠠᠨ ᠪᠣᠯᠪᠠᠰᠤᠷᠠᠯ ᠤᠨ ᠲᠢᠩᠬᠢᠮ  ᠤᠨ ᠲᠠᠯᠠᠪᠠᠶ ᠨᠢ 2584 ᠲᠡᠭᠰᠢ ᠳᠥᠷᠪᠡᠯᠵᠢᠨ ᠮᠧᠲᠷ ᠪᠠᠶᠢᠵᠦ᠂ ᠤᠷᠠᠨ ᠰᠠᠶᠢᠬᠠᠨ ᠤ ᠲᠤᠭᠯᠠᠯᠳᠠ ᠶᠢᠨ ᠲᠢᠩᠬᠢᠮ᠂ ᠠᠯᠪᠠᠨ ᠬᠡᠷ᠂ ᠲᠠᠭᠤ ᠰᠢᠩᠭᠡᠭᠡᠬᠦ ᠲᠠᠰᠤᠭ᠂ ᠬᠤᠪᠴᠠᠰᠤ ᠬᠤᠨᠠᠷ ᠤᠨ ᠬᠥᠮᠥᠷᠭᠡ᠂ ᠪᠣᠳᠠᠰ ᠤᠨ ᠬᠥᠮᠥᠷᠭᠡ ᠵᠢᠴᠢ ᠬᠤᠷᠠᠯ ᠤᠨ ᠬᠡᠷ᠂  ᠬᠦᠳᠡᠯᠬᠡᠬᠡᠨ ᠤ ᠦᠷᠦᠬᠡ᠂ ᠵᠤᠴᠢᠯᠠᠬᠤ ᠦᠷᠦᠬᠡ ᠵᠡᠷᠭᠡ ᠴᠢᠳᠠᠮᠵᠢᠳᠤ ᠦᠷᠦᠬᠡ ᠲᠠᠰᠤᠭ ᠢ ᠳᠣᠭᠢᠷᠠᠭᠤᠯᠪᠠ᠃
                2023 ᠣᠨ ᠳᠤ ᠮᠠᠨ ᠤ ᠬᠤᠰᠢᠭᠤᠨ ᠤ ᠤᠯᠠᠭᠠᠨᠮᠥ᠋ᠴᠢᠷ ᠡᠯ᠎ᠡ ᠰᠤᠮᠤ ᠪᠠᠯᠭᠠᠰᠤ᠂ ᠭᠠᠴᠠᠭ᠎ᠠ᠂ ᠬᠢᠯᠢ  ᠶᠢᠨ ᠬᠠᠮᠠᠭᠠᠯᠠᠯᠲᠠ ᠶᠢᠨ ᠴᠡᠷᠢᠭ ᠠᠩᠬᠢ᠂ ᠠᠵᠤ ᠠᠬᠤᠶᠢᠯᠠᠯ᠂ ᠰᠤᠷᠭᠠᠭᠤᠯᠢ ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ ᠪᠠᠭᠤᠯᠭᠠᠬᠤ︾᠂ ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠵᠡᠷᠭᠡ ᠦᠨᠳᠦᠰᠦᠨ ᠱᠠᠲᠤᠨ ᠤ ᠦᠢᠯᠡᠴᠢᠯᠡᠬᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠲᠡ 97 ᠲᠠᠯᠠᠪᠤᠷ ᠲᠣᠭᠯᠠᠯᠲᠠ ᠭᠠᠷᠭᠠᠵᠤ᠂ ᠦᠵᠡᠭᠴᠢᠳ ᠤᠨ ᠲᠤᠭ᠎ᠠ 1.8 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠰᠢᠭᠤᠳ ᠨᠡᠪᠳᠡᠷᠡᠬᠦᠯᠬᠡ ᠶᠢᠨ ᠦᠵᠡᠭᠴᠢᠳ 8.1 ᠲᠦᠮᠡᠨ ᠬᠥᠮᠦᠨ ᠤᠳᠠᠭ᠎ᠠ ᠳᠤ ᠬᠦᠷᠴᠡᠶ᠃ ᠬᠤᠰᠢᠭᠤ ᠤᠯᠠᠭᠠᠨᠮᠥ᠋ᠴᠢᠷ ᠨᠢ ᠨᠢᠭᠡᠨᠲᠡ ᠦᠨᠳᠦᠰᠦᠨ ᠱᠠᠲᠤᠨ ᠳᠤ ᠦᠨᠳᠦᠰᠦᠯᠡᠵᠦ ᠮᠠᠯᠴᠢᠨ ᠲᠦᠮᠡᠨ ᠳᠤ ᠦᠢᠯᠡᠴᠢᠯᠡᠬᠦ᠂ ᠨᠠᠮ  ᠤᠨ ᠲᠠᠭᠤᠨ ᠢ ᠳᠠᠮᠵᠢᠭᠤᠯᠬᠤ᠂ ᠲᠠᠯ᠎ᠠ ᠨᠤᠲᠤᠭ ᠤᠨ ᠰᠣᠶᠣᠯ ᠢ ᠤᠯᠠᠮᠵᠢᠯᠠᠬᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠣᠶᠣᠯ ᠤᠨ ᠴᠡᠴᠡᠭᠯᠡᠯᠲᠡ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠴᠢᠬᠤᠯᠠ ᠬᠦᠴᠦᠨ ᠪᠤᠯᠵᠦ᠂ ᠭᠠᠳᠠᠭᠰᠢ ᠨᠡᠭᠡᠭᠡᠯᠲᠡ ᠬᠢᠬᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠳᠦᠷᠢ ᠲᠥᠷᠬᠦ ᠪᠠᠨ ᠳᠡᠯᠭᠡᠨ ᠦᠵᠡᠭᠦᠯᠬᠦ ᠴᠢᠬᠤᠯᠠ ᠲᠠᠪᠴᠠᠩ ᠪᠠ ᠴᠣᠩᠬᠤ ᠪᠣᠯᠤᠭᠰᠠᠨ ᠪᠠᠶᠢᠨ᠎ᠠ᠃         ᠬᠤᠰᠢᠭᠤ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ  ᠠᠰᠢᠭᠯᠠᠯᠳᠠ ᠳᠤ ᠤᠷᠤᠭᠰᠠᠨ ᠨᠢ ᠤᠯᠠᠭᠠᠨᠮᠥ᠋ᠴᠢᠷ ᠤᠨ ᠠᠵᠢᠯᠯᠠᠬᠤ ᠣᠷᠴᠢᠨ ᠲᠣᠭᠤᠷᠢᠨ ᠪᠠ ᠤᠷᠠᠯᠢᠭ ᠤᠨ ᠵᠣᠬᠢᠶᠠᠨ ᠪᠦᠲᠦᠭᠡᠬᠦ ᠨᠥᠬᠦᠴᠡᠯ ᠢ ᠶᠡᠭᠡ  ᠪᠠᠷ ᠰᠠᠶᠢᠵᠢᠷᠠᠭᠤᠯᠵᠤ᠂ ᠮᠠᠨ ᠤ ᠬᠤᠰᠢᠭᠤᠨ ᠤ ᠤᠷᠠᠯᠢᠭ ᠤᠨ ᠵᠣᠬᠢᠶᠠᠨ ᠪᠦᠳᠦᠬᠡᠯᠳᠡ ᠵᠡᠷᠭᠡ ᠰᠣᠶᠣᠯ ᠤᠷᠠᠯᠢᠭ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠣᠯᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号