ᠮᠠᠨ ᠤ ᠬᠤᠰᠢᠭᠤ᠂ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠠᠩᠬᠠᠳᠤᠭᠠᠷ ᠤᠳᠠᠭᠠᠨ ᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/19
       4 ᠳ᠋ᠤᠭᠡᠷ ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠴᠢᠬᠤᠯᠠ ᠶᠠᠷᠢᠶ᠎ᠠ ᠵᠢᠭᠠᠪᠤᠷᠢ  ᠶᠢᠨ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ  ᠢ ᠦᠷᠨᠢᠬᠦᠯᠬᠦ ᠲᠤᠬᠠᠶ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠬᠡᠷᠡᠭᠵᠢᠭᠦᠯᠬᠦ ᠲᠥᠰᠦᠯ︾ ᠢ ᠬᠢᠨᠠᠨ ᠵᠥᠪᠯᠡᠵᠦ᠂ ᠪᠥᠬᠦ ᠬᠤᠰᠢᠭᠤᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃        ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠬᠤᠰᠢᠭᠤ ᠨᠠᠮ  ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠡᠳ᠋ ᠳᠠᠷᠤᠭ᠎ᠠ ᠱᠤᠸᠠᠩ ᠪᠦᠦ ᠬᠤᠷᠠᠯ ᠡᠷᠭᠢᠯᠠᠪᠠ᠃
               ᠬᠤᠷᠠᠯ ᠠᠴᠠ ᠵᠢᠭᠠᠵᠦ ᠭᠠᠷᠭᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠪᠦᠬᠦ ᠬᠤᠰᠢᠭᠤᠨ ᠤ ᠦᠷᠬᠡᠨ ᠤᠯᠠᠨ ᠨᠠᠮ ᠤᠨ ᠬᠡᠰᠢᠬᠦᠨ ᠺᠠᠳᠠᠷ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠤᠯᠤᠰ ᠲᠥᠷᠥ ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠠᠮ  ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠤᠶᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠬᠡᠪᠡ᠃        ᠬᠤᠷᠠᠯ ᠠᠴᠠ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ  ᠤᠨ ᠤᠳᠤᠷᠢᠳᠬᠤ ᠳᠤᠭᠤᠶᠢᠯᠠᠩ︶ ᠲᠦᠷᠭᠡᠨ ᠬᠥᠳᠡᠯᠦᠯᠴᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠬᠤ ᠬᠡᠷᠡᠭᠲᠡᠶ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ︾ ᠢ ᠭᠦᠨᠵᠡᠭᠡᠢ ᠰᠤᠷᠤᠯᠴᠠᠨ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠮᠰᠢᠵᠦ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠬᠡᠪᠡ᠃
               ᠬᠤᠷᠠᠯ ᠠᠴᠠ ᠴᠢᠬᠤᠯᠠᠴᠢᠯᠠᠭᠰᠠᠨ ᠨᠢ ᠬᠡᠯᠪᠡᠷᠢᠴᠢ ᠦᠵᠡᠯ ᠢ ᠡᠷᠡᠰ ᠡᠰᠡᠷᠭᠦᠴᠡᠵᠦ᠂ ᠱᠠᠳᠤ ᠱᠠᠳᠤ ᠪᠠᠷ ᠲᠠᠷᠤᠭᠠᠰᠦ ᠨᠡᠮᠡᠬᠦ᠂ ᠳᠤᠷ᠎ᠠ ᠪᠠᠷ ᠢᠶᠠᠨ ᠬᠥᠳᠡᠯᠭᠡᠭᠡᠨ ᠨᠡᠮᠡᠭᠳᠡᠭᠦᠯᠬᠦ ᠵᠡᠷᠭᠡ ᠪᠠᠶᠢᠳᠠᠯ ᠢ ᠰᠡᠷᠭᠡᠶᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠦᠢᠯᠡᠴᠢᠯᠡᠭᠡ ᠶᠢ ᠨᠠᠶᠢᠳᠠᠪᠤᠷᠢᠵᠢᠭᠤᠯᠬᠤ ᠬᠤᠶᠠᠷ ᠶᠡᠭᠡ ᠶᠠᠪᠤᠳᠠᠯ  ᠪᠠ᠂ ᠵᠢᠷᠭᠤᠭᠠᠨ ᠢᠨᠵᠧᠷᠨᠢᠩ ᠢ ᠦᠨᠳᠦᠷ ᠶᠠᠰᠦ ᠴᠢᠨᠠᠷ ᠲᠠᠢ ᠨᠠᠶᠢᠳᠠᠪᠤᠷᠢᠵᠢᠭᠤᠯᠬᠤ᠂ ︽ᠰᠢᠨ᠎ᠡ ᠵᠠᠮ ᠢᠶᠠᠷ ᠵᠠᠮᠨᠠᠬᠤ᠂ ᠳᠤᠮᠳᠠ ᠤᠷᠤᠰᠬᠠᠯ ᠳᠤ ᠣᠷᠣᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠲᠠᠢ ᠤᠶᠠᠯᠳᠤᠭᠤᠯᠵᠦ ᠵᠦᠪᠬᠡᠨ ᠬᠡᠯᠪᠡᠷᠢ ᠶᠢᠨ ᠲᠠᠳᠤᠢ  ᠶᠠᠪᠤᠭᠳᠠᠬᠤ ᠠᠴᠠ ᠰᠡᠷᠬᠡᠶᠢᠯᠡᠬᠦ ᠬᠡᠷᠡᠭᠳᠠᠢ᠃ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠵᠤ᠂ ᠲᠤᠬᠢᠷᠠᠭᠤᠯᠤᠯᠳᠠ ᠵᠢᠯᠤᠭᠤᠳᠤᠯᠭ᠎ᠠ ᠪᠠᠨ ᠴᠢᠩᠭᠠᠳᠬᠠᠨ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂  ᠵᠦᠷᠢᠶ᠎ᠡ ᠲᠤᠳᠠᠭᠳᠠᠯ ᠢᠶᠠᠨ  ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠶᠢᠳᠠᠪᠤᠷᠢᠵᠢᠭᠤᠯᠵᠦ ᠪᠤᠳᠠᠳᠦ ᠦᠷ᠎ᠡ ᠪᠦᠳᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠪᠡ᠃        ᠬᠤᠷᠠᠯ ᠠᠴᠠ ᠪᠠᠰᠠ ᠬᠤᠰᠢᠭᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ 2024 ᠣᠨ ᠤ ᠠᠵᠢᠯ ᠤᠨ ᠭᠤᠤᠯᠳᠠᠯᠭ᠎ᠠ᠂ ︽ᠠᠵᠢᠯ ᠤᠨ ᠲᠦᠷᠢᠮ︾ ᠪᠣᠯᠤᠨ ᠠᠯᠪᠠᠨ ᠬᠡᠷ ᠤᠨ ︽ᠠᠵᠢᠯ ᠤᠨ ᠨᠠᠷᠢᠨ ᠲᠦᠷᠢᠮ︾ ᠢ ᠬᠢᠨᠠᠨ ᠵᠥᠪᠯᠡᠵᠡᠶ᠃ ᠬᠤᠰᠢᠭᠤ ᠨᠠᠮ ᠤᠨ ᠬᠤᠷᠢᠶᠠᠨ  ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠪᠠᠭ᠎ᠠ ᠳᠤᠭᠤᠶᠢᠯᠠᠩ ᠤᠨ ᠲᠡᠳ᠋ ᠲᠠᠷᠤᠭ᠎ᠠ ᠡᠯ᠎ᠡ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号