ᠮᠠᠨ ᠤ ᠬᠤᠰᠢᠭᠤ 2024 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ
ᠨᠡᠶᠢᠲᠡᠯᠡᠭᠰᠡᠨ ᠴᠠᠭ᠄
2024/4/2
        3 ᠳ᠋ᠤᠭᠠᠷ ᠰᠠᠷ᠎ᠠ ᠶᠢᠨ 27 ᠤ ᠡᠳᠦᠷ᠂ ᠮᠠᠨ ᠤ ᠬᠤᠰᠢᠭᠤ 2024 ᠣᠨ ᠤ ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ  ᠠᠴᠠ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠬᠠᠷᠢᠭᠤᠯᠲᠠ ᠥᠭᠴᠦ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠤᠨ ᠬᠥᠮᠦᠰ᠂ ᠵᠠᠭᠤᠴᠢᠯᠠᠭᠤᠷ ᠤᠨ ᠰᠣᠷᠪᠣᠯᠵᠢᠯᠠᠭᠴᠢᠳ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠤᠷᠤᠯᠴᠠᠪᠠ᠃         ᠲᠠᠨᠢᠯᠴᠠᠭᠤᠯᠤᠭᠰᠠᠨ ᠢᠶᠠᠷ᠂ ᠪᠥᠬᠦ ᠠᠶᠢᠮᠠᠭ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠥᠨᠢᠳ ᠵᠡᠭᠦᠨ ᠬᠤᠰᠢᠭᠤᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠨᠢ 2024 ᠣᠨ ᠤ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ᠂ 7 ᠰᠤᠮᠤ ᠪᠠᠯᠭᠠᠰᠤᠨ ᠤ 49 ᠭᠠᠴᠠᠭᠠᠨ ᠤ 4585.64 ᠲᠦᠮᠡᠨ ᠮᠥ ᠪᠡᠯᠴᠢᠭᠡᠷ ᠲᠤ ᠬᠠᠪᠤᠷ ᠤᠨ ᠤᠯᠠᠷᠢᠯ ᠤᠨ ᠪᠡᠯᠴᠢᠭᠡᠷ ᠢ ᠵᠣᠭᠰᠣᠭᠠᠬᠤ 45 ᠡᠳᠦᠷ ᠤᠨ ᠬᠤᠭᠤᠴᠠᠭ᠎ᠠ  ᠲᠠᠢ ᠠᠵᠢᠯ ᠥᠷᠨᠢᠭᠦᠯᠵᠦ᠂ ᠪᠡᠯᠴᠢᠭᠡᠷ ᠰᠡᠷᠭᠦᠭᠡᠬᠦ ᠡᠭᠦᠯᠳᠡᠷ ᠢ ᠦᠬᠡᠷ᠂ ᠬᠤᠨᠢ᠂ ᠢᠮᠠᠭ᠎ᠠ ᠳᠤ ᠬᠢᠵᠠᠭᠠᠷᠯᠠᠵᠠᠢ᠃ ︵ᠮᠣᠷᠢ᠂ ᠲᠡᠮᠡᠭᠡ ᠪᠡᠯᠴᠢᠭᠡᠷᠯᠡᠭᠦᠯᠬᠦ ᠶᠢ ᠵᠣᠭᠰᠣᠭᠠᠬᠤ ᠬᠡᠪᠴᠢᠶᠡᠨ ᠳᠤ ᠪᠠᠭᠲᠠᠬᠤ ᠥᠬᠡᠶ︶ ᠪᠣᠯᠤᠨ᠎ᠠ᠃ ᠪᠡᠯᠴᠢᠭᠡᠷᠯᠡᠭᠦᠯᠬᠦ ᠶᠢ ᠵᠣᠭᠰᠣᠭᠠᠬᠤ ᠨᠥᠬᠦᠪᠥᠷᠢ ᠶᠢᠨ ᠪᠠᠷᠢᠮᠵᠢᠶ᠎ᠠ ᠨᠢ 1.125 ᠲᠥᠭᠦᠷᠢᠭ / ᠮᠥ ᠪᠠᠶᠢᠵᠤ᠂ ᠡᠷᠦᠬᠡ ᠪᠦᠷᠢ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠲᠠᠯᠠᠪᠠᠶ ᠪᠠᠷ ᠪᠤᠳᠤᠨ᠎ᠠ᠃ ᠪᠡᠯᠴᠢᠭᠡᠷᠯᠡᠭᠦᠯᠬᠦ  ᠶᠢ ᠵᠣᠭᠰᠣᠭᠠᠵᠤ ᠳᠠᠭᠤᠰᠤᠭᠰᠠᠨ ᠤ ᠳᠠᠷᠠᠭ᠎ᠠ᠂ ᠮᠠᠯᠵᠢᠬᠤ ᠡᠷᠦᠬᠡ ᠶᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠪᠣᠳᠠᠲᠤ ᠪᠠᠶᠢᠳᠠᠯ ᠢ ᠦᠨᠳᠦᠰᠦᠯᠡᠨ᠂ ᠭᠠᠴᠠᠭ᠎ᠠ ᠶᠢᠨ ᠳᠣᠲᠣᠭᠠᠳᠤ ᠳᠤ ᠢᠯᠡ ᠨᠡᠶᠢᠲᠡᠯᠡᠭᠡᠳ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ᠂ ︽ᠨᠢᠭᠡ ᠺᠠᠷᠲ︾ ᠢᠶᠠᠷ ᠳᠡᠮᠵᠢᠨ ᠪᠡᠯᠴᠢᠭᠡᠷᠯᠡᠭᠦᠯᠬᠦ ᠶᠢ ᠵᠣᠭᠰᠣᠭᠠᠭᠰᠠᠨ ᠨᠥᠬᠦᠪᠥᠷᠢ ᠣᠯᠭᠤᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号