| ᠶᠤ᠂ ᠡᠷᠳᠡᠨᠢᠳᠤᠭᠳᠤᠬᠤ ᠶᠢᠨ ᠨᠠᠮᠳᠠᠷ | ᠮᠤᠩᠭᠤᠯ ᠦᠨᠳᠦᠰᠦᠳᠡᠨ᠂ 1961 ᠤᠨ ᠤ 11 ᠰᠠᠷ᠎ᠠ ᠶᠢᠨ 1 ᠤ ᠡᠳᠤᠷ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠳᠤ ᠲᠦᠷᠦᠵᠠᠢ᠃ | 1980 ᠤᠨ ᠳᠤ ᠦᠪᠦᠷ ᠮᠤᠩᠭᠤᠯ ᠤᠨ ᠮᠠᠯ ᠠᠵᠦ ᠠᠬᠤᠢ ᠶᠢᠨ ᠰᠤᠷᠭᠠᠭᠤᠯᠢ ᠶᠢᠨ ᠮᠠᠯ ᠤᠨ ᠡᠮᠴᠢ ᠶᠢᠨ | ᠰᠠᠯᠪᠤᠷᠢ ᠲᠤ ᠰᠢᠯᠭᠠᠨ ᠤᠷᠤᠵᠦ᠂ 1983 ᠤᠨ ᠳᠤ ᠲᠡᠭᠦᠰᠦᠭᠰᠡᠨ ᠤ ᠲᠠᠷᠠᠭ᠎ᠠ ᠰᠦᠨᠢᠳ ᠵᠡᠬᠦᠨ ᠬᠤᠰᠢᠭᠤᠨ ᠤ | ᠮᠤᠩᠭᠤᠯ ᠬᠡᠯᠡᠡ ᠤ ᠠᠯᠪᠠᠨ ᠭᠡᠷ ᠲᠤ ᠬᠤᠪᠢᠶᠠᠭᠳᠠᠨ᠂ ᠭᠠᠵᠠᠷ ᠤᠷᠤᠨ ᠤ ᠶᠡᠷᠤᠩᠬᠡᠶᠢᠯᠡᠭᠰᠡᠨ ᠴᠢᠨᠠᠷᠳᠠᠢ ᠰᠡᠳᠬᠦᠯ ︽ | ᠰᠦᠨᠢᠳ︾ ᠤᠨ ᠨᠠᠶᠢᠷᠠᠭᠤᠯᠤᠭᠴᠢ ᠪᠠᠷ ᠠᠵᠢᠯᠯᠠᠵᠠᠢ᠃ 1984 ᠤᠨ ᠠᠴᠠ 1986 ᠤᠨ ᠤ ᠬᠤᠭᠤᠷᠤᠨᠳᠦ | ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠡᠯᠡ ᠤᠳᠬ᠎ᠠ ᠵᠤᠬᠢᠶᠠᠯ ᠤᠨ ᠰᠠᠯᠪᠤᠷᠢ ᠳᠤ | ᠰᠤᠷᠤᠯᠴᠠᠪᠠ᠃ 1986 ᠤᠨ ᠠᠴᠠ 2003 ᠤᠨ ᠤ ᠬᠤᠭᠤᠷᠤᠨᠳᠤ ᠤᠷᠢᠳ ᠬᠤᠵᠢᠳ ᠰᠦᠨᠢᠳ ᠵᠡᠭᠦᠨ | ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ᠂ ᠵᠠᠰᠠᠭ ᠤᠨ ᠤᠷᠳᠤᠨ ᠶᠢᠨ | ᠠᠯᠪᠠᠨ ᠭᠡᠷ᠂ ᠮᠠᠯᠵᠢᠯ ᠤᠨ ᠠᠵᠢᠯ ᠤᠨ ᠦᠷᠳᠡᠭᠡ᠂ ᠰᠦᠨᠢᠳ ᠬᠤᠨᠢᠨ ᠤ ᠤᠭ ᠡᠭᠦᠯᠳᠡᠷ ᠤᠨ ᠲᠠᠯᠠᠪᠠᠢ᠂ | ᠲᠦᠯᠦᠪᠯᠡᠭᠡ ᠶᠢᠨ ᠲᠤᠪᠴᠢᠶ᠎ᠠ᠂ ᠠᠮᠢ ᠠᠬᠤᠢ ᠶᠢᠨ ᠠᠯᠪᠠᠨ ᠭᠡᠷ ᠲᠤ ᠠᠵᠢᠯᠯᠠᠵᠦ ᠪᠠᠶᠢᠵᠠᠢ᠃ ᠤᠳᠤ ᠪᠤᠯ ᠰᠦᠨᠢᠳ | ᠵᠡᠬᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠶᠢᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ | ᠡᠷᠬᠢᠯᠡᠭᠴᠢ᠃ 1980 ᠤᠨ ᠠᠴᠠ ᠡᠬᠢᠯᠡᠵᠦ ᠰᠢᠯᠤᠭ᠌ ᠲᠠᠭᠤᠯᠠᠯ ᠨᠡᠶᠢᠳᠡᠯᠡᠵᠦ᠂ 1987 ᠤᠨ ᠳᠤ ᠰᠢᠯᠢ ᠶᠢᠨ | ᠭᠤᠤᠯ ᠠᠶᠢᠮᠠᠭ ᠤᠨ ᠤᠳᠬ᠎ᠠ ᠵᠤᠬᠢᠶᠠᠯ ᠤᠷᠠᠯᠢᠭᠴᠢᠳ ᠤᠨ ᠨᠡᠶᠢᠭᠡᠮᠯᠢᠭ ᠲᠤ ᠤᠷᠤᠵᠦ᠂ 2000 ᠤᠨ ᠳᠤ ᠦᠪᠦᠷ | ᠮᠤᠩᠭᠤᠯ ᠤᠨ ᠵᠤᠬᠢᠶᠠᠯᠴᠢᠳ ᠤᠨ ᠨᠡᠶᠢᠭᠡᠮᠯᠢᠭ ᠲᠤ ᠤᠷᠤᠵᠠᠢ᠃ 2004 ᠤᠨ ᠳᠤ ᠲᠠᠯ᠎ᠠ ᠨᠤᠳᠤᠭ ᠤᠨ ᠰᠢᠯᠤᠭ᠌ | ᠲᠠᠭᠤᠨ ᠤ ᠰᠤᠳᠤᠯᠬᠤ ᠨᠡᠶᠢᠭᠡᠮᠯᠢᠭ ᠲᠤ ᠤᠷᠤᠵᠦ᠂ ᠳᠡᠳ᠋ ᠲᠡᠷᠢᠬᠦᠯᠡᠭᠴᠢ ᠶᠢᠨ ᠠᠵᠢᠯ ᠢ ᠬᠠᠷᠢᠭᠤᠴᠠᠪᠠ᠃ 2007 | ᠤᠨ ᠳᠤ ᠶᠠᠫᠤᠨ ᠤᠯᠤᠰ ᠤᠨ ᠲᠡᠯᠡᠬᠡᠢ ᠶᠢᠨ ᠬᠠᠶᠢᠺᠦ ᠰᠢᠯᠦᠭ ᠤᠨ ᠨᠡᠶᠢᠭᠡᠮᠯᠢᠭ ᠤᠨ ᠭᠡᠰᠢᠬᠦᠨ ᠪᠤᠯᠵᠦ᠂ ᠲᠤᠰ | ᠨᠡᠶᠢᠭᠡᠮᠯᠢᠭ ᠤᠨ ᠲᠦᠷᠪᠡᠳᠦᠭᠡᠷ ᠤᠳᠠᠭᠠᠨ ᠤ ᠬᠤᠷᠠᠯ ᠳᠤ ᠤᠷᠤᠯᠴᠠᠪᠠ᠃ 2008 ᠤᠨ ᠳᠤ ᠰᠢᠯᠢ ᠶᠢᠨ ᠭᠤᠤᠯ | ᠠᠶᠢᠮᠠᠭ ᠤᠨ ᠬᠦᠭᠵᠢᠮ ᠤᠳᠬ᠎ᠠ ᠵᠤᠬᠢᠶᠠᠯ ᠤᠨ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢ ᠪᠤᠯᠵᠠᠢ᠃ ᠡᠳᠤᠭᠡ | ᠪᠤᠯᠳᠠᠯ᠎ᠠ 600 ᠭᠠᠷᠤᠢ ᠰᠢᠯᠤᠭ᠌ ᠲᠠᠭᠤᠯᠠᠯ ᠪᠠ ᠨᠠᠶᠢᠷᠠᠭᠤᠯᠤᠯ ᠤᠨ ᠪᠦᠳᠦᠭᠡᠯ ᠵᠢᠴᠢ 30 ᠭᠠᠷᠤᠢ ᠦᠭᠦᠯᠡᠯᠭᠡ | ᠨᠡᠶᠢᠳᠡᠯᠡᠵᠠᠢ᠃ 1998 ᠤᠨ ᠦᠪᠦᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ | ᠠᠩᠬᠠᠳᠤᠭᠠᠷ ᠰᠢᠯᠦᠭ ᠤᠨ ᠲᠡᠭᠦᠪᠦᠷᠢ ︽ᠶᠡᠭᠡ ᠲᠠᠮᠠᠴᠢ ᠶᠢᠨ ᠲᠡᠭᠷᠢ︾ ᠬᠡᠪᠯᠡᠨ ᠨᠡᠶᠢᠳᠡᠯᠡᠪᠡ᠃ 1997 ᠤᠨ ᠳᠤ | ᠬᠤᠶᠠᠳᠤᠭᠠᠷ ᠰᠢᠯᠤᠭ᠌ ᠤᠨ ᠲᠡᠭᠦᠪᠦᠷᠢ ︽ᠭᠢᠯᠤᠭᠡᠨ ᠪᠠᠭᠠᠳᠤᠷ ᠤᠨ ᠰᠦᠨᠢᠳ︾ ᠪᠠᠨ ᠬᠡᠪᠯᠡᠵᠦ᠂ 2002 ᠤᠨ ᠳᠤ | ᠭᠤᠷᠪᠠᠳᠤᠭᠠᠷ ᠰᠢᠯᠦᠭ ᠤᠨ ᠲᠡᠬᠦᠪᠦᠷᠢ ︽ᠡᠷᠳᠡᠨ ᠤ ᠪᠠᠭᠠᠳᠤᠷ ᠤᠨ ᠱᠤᠩᠬᠤᠷ︾ ᠬᠡᠪᠯᠡᠵᠦ᠂ 2006 ᠤᠨ | ᠲᠦᠷᠪᠡᠳᠦᠭᠡᠷ ᠰᠢᠯᠦᠭ ᠤᠨ ᠲᠡᠭᠦᠪᠦᠷᠢ ︽ᠵᠦᠪ ᠰᠠᠨᠠᠭᠠᠳᠠᠢ ᠭᠤᠤᠯ︾ ︵ᠬᠢᠳᠠᠳ ᠬᠡᠯᠡ︶ ᠪᠠ ᠲᠠᠪᠤᠳᠤᠭᠠᠷ | ᠰᠢᠯᠦᠭ ᠤᠨ ᠲᠡᠭᠦᠪᠦᠷᠢ ︽ᠰᠢᠯᠦᠭ ᠤᠨ ᠡᠭᠦᠯᠡ︾ ︵ᠮᠤᠩᠭᠤᠯ ᠤᠯᠤᠰ ᠲᠤ ᠬᠡᠪᠯᠡᠭᠳᠡᠵᠦ︶ 2008 ᠤᠨ | ᠵᠢᠷᠭᠤᠭᠠᠳᠤᠭᠠᠷ ᠰᠢᠯᠦᠭ ᠤᠨ ᠲᠡᠭᠦᠪᠦᠷᠢ ︽ᠨᠠᠷᠢᠨ ᠰᠢᠷᠭ᠎ᠠ︾ ᠪᠠ ᠲᠤᠯᠤᠳᠤᠭᠠᠷ ᠰᠢᠯᠦᠭ ᠤᠨ ᠲᠡᠭᠦᠪᠦᠷᠢ ︽ | ᠲᠠᠭᠤᠤ ᠲᠠᠢ ᠦᠢᠯᠡᠰ ᠲᠠᠢ ᠬᠠᠨᠳᠤᠯᠠᠶᠠ︾ ᠪᠠᠨ ᠬᠡᠪᠯᠡᠵᠠᠢ᠃ 2005 ᠤᠨ ᠠᠴᠠ 2009 ᠤᠨ ᠤ ᠬᠤᠭᠤᠷᠤᠨᠳᠦ | ᠪᠡᠯᠡ ᠬᠤᠷᠠᠮᠳᠤᠭᠤᠯᠵᠦ ︽ᠭᠢᠯᠤᠭᠡᠨ ᠤᠶᠠᠩᠭ᠎ᠠ︾ ᠤᠳᠬ᠎ᠠ ᠵᠤᠬᠢᠶᠠᠯ ᠤᠨ ᠴᠤᠪᠤᠷᠠᠯ ᠨᠤᠮ ᠭᠤᠴᠢᠨ ᠳᠡᠪᠳᠡᠷ ︵ | ᠰᠦᠨᠢᠳ ᠵᠡᠬᠦᠨ ᠬᠤᠰᠢᠭᠤᠨ ᠤ ᠵᠤᠬᠢᠶᠠᠯᠴᠢ ᠰᠢᠯᠦᠭᠴᠢᠨ ᠤ ᠪᠦᠳᠦᠭᠡᠯ ᠪᠠᠷ ᠭᠤᠤᠯᠯᠠᠭᠰᠠᠨ ᠴᠤᠪᠤᠷᠠᠯ ᠪᠢᠴᠢᠭ︶ ᠢ | ᠨᠠᠶᠢᠷᠠᠭᠤᠯᠤᠨ ᠬᠡᠪᠯᠡᠪᠡ᠃ 2004 ᠤᠨ ᠠᠴᠠ 2009 ᠤᠨ ᠤ ᠬᠤᠭᠤᠷᠤᠨᠳᠦ᠂ ᠤᠷᠢᠳ ᠬᠤᠵᠢᠳ ︽ᠮᠢᠨᠤ | ᠰᠠᠶᠢᠬᠠᠨ ᠰᠦᠨᠢᠳ︾᠂ ︽ᠦᠢᠯᠡᠰ ᠰᠡᠷᠮᠡᠬᠦᠨ ᠬᠠᠩᠭᠠᠢ︾ ︵VCD︶ ︽ᠭᠢᠯᠤᠭᠡᠨ | ᠪᠠᠭᠠᠳᠤᠷ︾ ︵ᠰᠢᠩᠭᠡᠭᠡᠯᠳᠡ ᠶᠢᠨ ᠪᠦᠰᠡ︶᠂ ︽ᠨᠤᠳᠤᠭ ᠤᠨ ᠴᠢᠯᠠᠭᠤ︾ ︵ᠰᠢᠩᠭᠡᠭᠡᠯᠳᠡ ᠶᠢᠨ ᠪᠦᠰᠡ︶᠂ ︽ | ᠡᠵᠢ ᠨᠤᠳᠤᠭ︾ ︵CD︶ ︽ᠠᠯᠳᠠᠨ ᠨᠠᠷᠠᠨ ᠤ ᠠᠯᠠᠭᠠᠨ ᠲᠡᠭᠡᠷ᠎ᠡ︾᠂ ︽ᠭᠠᠶᠢᠬᠠᠮᠰᠢᠭᠳᠦ | ᠰᠦᠨᠢᠳ︾ ᠵᠡᠷᠭᠡ ᠪᠦᠳᠦᠭᠡᠯ ᠢᠶᠠᠨ ᠰᠢᠩᠭᠡᠭᠡᠭᠰᠡᠨ ᠪᠤᠶᠤ ᠲᠦᠷᠰᠦ ᠰᠢᠩᠭᠡᠭᠡᠨ ᠨᠡᠶᠢᠳᠡᠯᠡᠪᠡ᠃ | ᠲᠡᠷᠡ 1983 ᠤᠨ ᠠᠴᠠ ᠰᠦᠨᠢᠳ ᠵᠡᠬᠦᠨ ᠬᠤᠰᠢᠭᠤᠨ ᠤ ᠭᠠᠵᠠᠷ ᠤᠷᠤᠨ ᠤ ᠰᠡᠳᠭᠦᠯ ︽ᠲᠠᠷᠬᠠᠨ | ᠠᠭᠤᠯᠠ︾ ᠰᠡᠳᠬᠦᠯ ᠤᠨ ᠨᠠᠶᠢᠷᠠᠭᠤᠯᠤᠭᠴᠢ ᠪᠠᠶᠢᠵᠦ᠂ ᠲᠤᠰ ᠰᠡᠳᠬᠦᠯ ᠢ 28 ᠬᠤᠭᠤᠴᠠᠭ᠎ᠠ ︵ᠵᠢᠯ ᠪᠦᠷᠢ ᠨᠢᠭᠡ | ᠬᠤᠭᠤᠴᠠᠭ᠎ᠠ︶ ᠨᠠᠶᠢᠷᠠᠭᠤᠯᠵᠠᠢ᠃ ᠡᠬᠦᠨ ᠠᠴᠠ ᠭᠠᠳᠠᠨ᠎ᠠ ᠪᠠᠰᠠ ︽ᠰᠦᠨᠢᠳ ᠪᠤᠳᠠᠷ ᠤᠨ ᠴᠢᠯᠠᠭᠤ︾᠂ ︽ᠨᠠᠷᠠᠨ | ᠵᠦᠭ ᠤᠨ ᠭᠤᠪᠢ︾᠂ ︽ᠰᠦᠨᠢᠳ ᠠᠷᠠᠳ ᠤᠨ ᠠᠮᠠᠨ ᠦᠯᠢᠭᠡᠷ︾᠂ ︽ᠰᠦᠨᠢᠳ ᠵᠦᠢᠷ ᠰᠡᠴᠡᠨ ᠦᠭᠡ︾ | ᠂ ︽ᠰᠦᠨᠢᠳ ᠠᠷᠠᠳ ᠤᠨ ᠲᠠᠭᠤᠤ︾ ᠵᠡᠷᠬᠡ 28 ᠨᠤᠮ ᠤᠨ ᠮᠠᠲ᠋ᠧᠷᠢᠶᠠᠯ ᠴᠤᠭᠯᠠᠭᠤᠯᠬᠤ᠂ ᠨᠠᠶᠢᠷᠠᠭᠤᠯᠤᠨ ᠪᠢᠴᠢᠬᠦ | ᠂ ᠡᠮᠬᠢᠳᠬᠡᠨ ᠬᠡᠪᠯᠡᠬᠦ ᠠᠵᠢᠯ ᠳᠤ ᠤᠷᠤᠯᠴᠠᠵᠠᠢ᠃ | 2005 ᠤᠨ ᠳᠤ ᠪᠦᠬᠦ ᠤᠯᠤᠰ ᠤᠨ ᠬᠡᠪᠴᠢᠶᠡᠨ ᠤ ︽ᠭᠢᠯᠦᠭᠡᠨ ᠤᠶᠠᠩᠭ᠎ᠠ︾ ᠠᠯᠳᠠᠨ ᠤᠳᠤᠨ | ᠱᠠᠩᠨᠠᠯᠳᠤ ᠢᠷᠠᠭᠤ ᠨᠠᠶᠢᠷᠠᠭ ᠤᠨ ᠶᠡᠭᠡ ᠮᠦᠷᠦᠶᠢᠴᠡᠭᠡᠨ ᠢ ᠰᠡᠳᠤᠨ ᠡᠷᠬᠢᠯᠡᠪᠡ᠃ | 2009 ᠤᠨ ᠳᠤ ᠬᠤᠪᠢ ᠪᠠᠷ ᠢᠶᠠᠨ ᠪᠡᠯᠡ ᠭᠠᠷᠭᠠᠨ ᠪᠦᠬᠦ ᠤᠯᠤᠰ ᠤᠨ ︽ᠦᠯᠡᠮᠵᠢ ᠶᠢᠨ ᠴᠢᠨᠠᠷ︾ | ᠡᠮᠡᠭᠳᠡᠢ ᠰᠢᠯᠦᠭᠴᠢᠳ ᠤᠨ ᠰᠢᠯᠦᠭ ᠤᠨ ᠤᠷᠤᠯᠳᠤᠭᠠᠨ ᠢ ᠡᠷᠬᠢᠯᠡᠪᠡ᠃ ᠡᠬᠦᠨ ᠠᠴᠠ ᠭᠠᠳᠠᠨ᠎ᠠ᠂ 2000 ᠤᠨ | ᠠᠴᠠ ᠤᠳᠤ ᠬᠦᠷᠳᠡᠯ᠎ᠡ ᠠᠷᠪᠠᠭᠠᠳ ᠤᠳᠠᠭᠠᠨ ᠤ ᠲᠤᠮᠳᠠ ᠪᠠᠭ᠎ᠠ ᠬᠡᠯᠪᠡᠷᠢ ᠶᠢᠨ ᠰᠢᠯᠦᠭ ᠨᠠᠶᠢᠷᠠᠭ ᠪᠠ ᠲᠠᠭᠤᠨ ᠤ | ᠤᠷᠤᠯᠳᠤᠭᠠᠨ ᠢ ᠵᠤᠬᠢᠶᠠᠨ ᠪᠠᠶᠢᠭᠤᠯᠤᠭᠰᠠᠨ ᠪᠤᠶᠤ ᠲᠡᠮᠵᠢᠯᠭᠡ ᠦᠵᠡᠭᠦᠯᠵᠦ ᠭᠤᠤᠯᠴᠢᠯᠠᠨ ᠡᠷᠬᠢᠯᠡᠪᠡ᠃ | ᠰᠢᠯᠦᠭ ᠤᠨ ᠪᠦᠳᠦᠭᠡᠯ ︽ᠡᠬᠡ ᠤᠷᠤᠨ ᠳᠠᠭᠠᠨ ᠤᠶᠤᠬᠤ ᠲᠡᠷᠯᠢᠭ︾ ᠨᠢ 1994 ᠤᠨ ᠳᠤ ᠦᠪᠦᠷ | ᠮᠤᠩᠭᠤᠯ ᠤᠨ ᠵᠤᠬᠢᠶᠠᠯᠴᠢᠳ ᠤᠨ ᠨᠡᠶᠢᠭᠡᠮᠯᠢᠭ᠂ ᠦᠪᠦᠷ ᠮᠤᠩᠭᠤᠯ ᠤᠨ ᠷᠠᠳᠢᠤ᠋ ᠲᠧᠯᠸᠢᠰ ᠤᠨ ᠲᠢᠩᠬᠢᠮ ᠵᠡᠷᠬᠡ | ᠪᠠᠶᠢᠭᠤᠯᠤᠯᠭ᠎ᠠ ᠠᠴᠠ ᠡᠷᠬᠢᠯᠡᠭᠰᠡᠨ ᠪᠦᠬᠦ ᠤᠷᠤᠨ ᠤ ᠠᠩᠬᠠᠳᠤᠭᠠᠷ ᠤᠳᠠᠭᠠᠨ ᠤ ᠮᠤᠩᠭᠤᠯ ᠬᠡᠯᠡᠨ ᠤ ᠰᠢᠯᠦᠭ | ᠲᠠᠭᠤᠯᠠᠯ ᠤᠨ ᠷᠠᠳᠢᠤ᠋ ᠨᠡᠪᠳᠡᠷᠡᠭᠦᠯᠭᠡ ᠶᠢᠨ ᠤᠷᠤᠯᠳᠤᠭᠠᠨ ᠤ ᠬᠤᠶᠠᠳᠤᠭᠠᠷ ᠲᠡᠰ ᠤᠨ ᠱᠠᠩᠨᠠᠯ ᠢ ᠬᠦᠷᠳᠡᠵᠠᠢ᠃ ︽ | ᠬᠤᠷᠮᠤᠰᠳᠠ ᠲᠡᠭᠷᠢ ᠶᠢᠨ ᠤᠳᠤᠳ︾ 1997 ᠤᠨ ᠳᠤ ᠦᠪᠦᠷ ᠮᠤᠩᠭᠤᠯ ᠤᠨ ᠵᠤᠬᠢᠶᠠᠯᠴᠢᠳ ᠤᠨ ᠨᠡᠶᠢᠭᠡᠮᠯᠢᠭ᠂ | ᠦᠪᠦᠷ ᠮᠤᠩᠭᠤᠯ ᠤᠨ ᠤᠳᠬ᠎ᠠ ᠤᠷᠠᠯᠢᠭ ᠤᠨ ᠬᠤᠯᠪᠤᠭ᠎ᠠ᠂ ᠦᠪᠦᠷ ᠮᠤᠩᠭᠤᠯ ᠤᠨ ᠷᠠᠳᠢᠤ᠋ ᠲᠧᠯᠸᠢᠰ ᠤᠨ ᠲᠢᠩᠬᠢᠮ | ᠵᠡᠷᠭᠡ ᠪᠠᠶᠢᠭᠤᠯᠤᠯᠭ᠎ᠠ ᠠᠴᠠ ᠡᠷᠬᠢᠯᠡᠭᠰᠡᠨ ᠪᠦᠬᠦ ᠤᠷᠤᠨ ᠤ ᠬᠤᠶᠠᠳᠤᠭᠠᠷ ᠤᠳᠠᠭᠠᠨ ᠤ ᠮᠤᠩᠭᠤᠯ ᠬᠡᠯᠡᠨ ᠤ ᠰᠢᠯᠦᠭ | ᠲᠠᠭᠤᠯᠠᠯ ᠤᠨ ᠷᠠᠳᠢᠤ᠋ ᠨᠡᠪᠳᠡᠷᠡᠭᠦᠯᠭᠡ ᠶᠢᠨ ᠤᠷᠤᠯᠳᠤᠭᠠᠨ ᠳᠤ ᠨᠢᠭᠡᠳᠤᠭᠡᠷ ᠲᠡᠰ ᠤᠨ ᠱᠠᠩᠨᠠᠯ ᠢ ᠬᠦᠷᠳᠡᠵᠠᠢ᠃ | 2002 ᠤᠨ ᠬᠦᠬᠡᠬᠤᠳᠠ ᠳᠤ ᠪᠤᠯᠤᠭᠰᠠᠨ ︿︿ᠮᠦᠩᠬᠡ ᠲᠡᠭᠷᠢ ᠬᠤᠨᠳᠠᠭᠠᠳᠤ﹀﹀ ᠪᠦᠬᠦ ᠤᠯᠤᠰ ᠤᠨ ᠮᠤᠩᠭᠤᠯ | ᠬᠡᠯᠡᠨ ᠤ ᠰᠢᠯᠦᠭ ᠲᠠᠭᠤᠯᠠᠯ ᠤᠨ ᠤᠷᠤᠯᠳᠤᠭᠠᠨ ᠳᠡᠭᠡᠷ᠎ᠡ ᠰᠢᠯᠢᠳᠡᠭ ᠱᠠᠩᠨᠠᠯ ᠬᠦᠷᠳᠡᠵᠡᠢ᠃ 2006 ᠤᠨ ᠤ 11 | ᠰᠠᠷ᠎ᠠ ᠲᠤ ᠮᠤᠩᠭᠤᠯ ᠤᠯᠤᠰ ᠤᠨ ᠤᠯᠠᠭᠠᠨᠪᠠᠭᠠᠳᠤᠷ ᠲᠤ ᠶᠠᠪᠤᠭᠳᠠᠭᠰᠠᠨ ᠲᠡᠯᠡᠬᠡᠢ ᠶᠢᠨ ᠮᠤᠩᠭᠤᠯ ᠲᠤᠭᠤᠷᠭᠠᠳᠠᠨ ᠤ | ᠰᠢᠯᠦᠭ ᠤᠨ ᠤᠷᠤᠯᠳᠤᠭᠠᠨ ᠳᠤ ᠤᠷᠤᠯᠴᠠᠵᠦ ᠵᠢᠷᠭᠤᠭᠠᠳᠤᠭᠠᠷ ᠲᠡᠰ ᠤᠨ ᠱᠠᠩᠨᠠᠯ ᠬᠦᠷᠳᠡᠵᠡᠢ᠃ 1996 ᠤᠨ ᠳᠤ | ᠰᠢᠯᠢ ᠶᠢᠨ ᠭᠤᠤᠯ ᠠᠶᠢᠮᠠᠭ ᠤᠨ ᠤᠳᠬ᠎ᠠ ᠵᠤᠬᠢᠶᠠᠯ ᠤᠷᠠᠯᠢᠭ ᠤᠨ ᠲᠡᠷᠢᠬᠦᠨ ᠤ ᠠᠵᠢᠯᠯᠠᠭᠴᠢ ᠪᠠᠷ ᠰᠤᠩᠭᠤᠭᠳᠠᠵᠠᠢ᠃ | 1995 ᠤᠨ ᠳᠤ ᠰᠦᠨᠢᠳ ᠵᠡᠬᠦᠨ ᠬᠤᠰᠢᠭᠤᠨ ᠤ ᠲᠡᠷᠢᠬᠦᠨ ᠤ ᠤᠷᠠᠯᠢᠭ ᠤᠨ ᠠᠵᠢᠯᠯᠠᠭᠴᠢ ᠪᠠᠷ ᠰᠤᠩᠭᠤᠭᠳᠠᠵᠠᠢ | ᠃ 2007 ᠤᠨ ᠳᠤ ᠰᠦᠨᠢᠳ ᠵᠡᠬᠦᠨ ᠬᠤᠰᠢᠭᠤᠨ ᠤ ︽ᠰᠦᠨᠢᠳ ᠰᠤᠶᠤᠯ ᠤᠨ ᠪᠦᠳᠦᠭᠡᠨ ᠪᠠᠶᠢᠭᠤᠯᠤᠯᠳᠠ ᠶᠢᠨ | ᠲᠤᠪᠤᠶᠢᠮ᠎ᠠ ᠬᠤᠪᠢ ᠨᠡᠮᠡᠭᠦᠷᠢ ᠭᠠᠷᠭᠠᠭᠴᠢ︾ ᠪᠠᠷ ᠰᠤᠩᠭᠤᠭᠳᠠᠵᠠᠢ᠃ 2008 ᠤᠨ ᠤ 3 ᠰᠠᠷ᠎ᠠ ᠳᠤ ᠮᠤᠩᠭᠤᠯ | ᠤᠯᠤᠰ ᠤᠨ ︽ᠤᠳᠬ᠎ᠠ ᠵᠤᠬᠢᠶᠠᠯ ᠤᠨ ᠲᠦᠯᠦᠭᠡ︾ ᠶᠡᠭᠡ ᠱᠠᠩᠨᠠᠯ ︵ᠲᠤᠰ ᠱᠠᠩᠨᠠᠯ ᠢ ᠮᠤᠩᠭᠤᠯ ᠤᠯᠤᠰ ᠠᠴᠠ | ᠲᠤᠰᠬᠠᠢ ᠭᠠᠳᠠᠭᠠᠳᠤ ᠶᠢᠨ ᠤᠳᠬ᠎ᠠ ᠵᠤᠬᠢᠶᠠᠯᠴᠢᠳ ᠲᠤ ᠤᠯᠭᠤᠳᠠᠭ︶ ᠢ ᠬᠦᠷᠳᠡᠵᠠᠢ᠃ ᠰᠢᠯᠢ ᠶᠢᠨ ᠭᠤᠤᠯ | ᠠᠶᠢᠮᠠᠭ ᠤᠨ 2008 ᠤᠨ ᠤ ᠰᠢᠯᠢᠳᠡᠭ ᠲᠠᠭᠤᠨ ᠤ ᠦᠭᠡ ᠵᠤᠬᠢᠶᠠᠭᠴᠢ ᠶᠢᠨ ᠱᠠᠩᠨᠠᠯ ᠬᠦᠷᠳᠡᠵᠠᠢ᠃ 2009 | ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽ᠰᠤᠯᠤᠩᠭ᠎ᠠ︾ ᠤᠳᠬ᠎ᠠ ᠵᠤᠬᠢᠶᠠᠯ ᠤᠨ | ᠱᠠᠩᠨᠠᠯ ᠢ ᠬᠦᠷᠳᠡᠵᠡᠢ᠃ |