ᠰᠦᠨᠢᠳ ᠵᠡᠭᠦᠨ ᠬᠤᠰᠢᠭᠤᠨ ᠤ ᠠᠷᠠᠳ ᠤᠨ | ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠳᠡ | — 2010 ᠣᠨ ᠤ 3 ᠰᠠᠷ᠎ᠡ ᠶᠢᠨ 18 ᠤ ᠡᠳᠦᠷ ᠰᠦᠨᠢᠳ ᠵᠡᠭᠦᠨ | ᠬᠤᠰᠢᠭᠤᠨ ᠤ | ᠠᠷᠪᠡᠨ ᠭᠤᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠷᠪᠡᠳᠦᠭᠡᠷ ᠣᠳᠠᠭᠠᠨ ᠤ ᠬᠤᠷᠠᠯᠳᠣᠭᠠᠨ ᠲᠡᠭᠡᠷ᠎ᠡ | ᠰᠦᠨᠢᠳ ᠵᠡᠭᠦᠨ ᠬᠤᠰᠢᠭᠤᠨ ᠤ ᠠᠷᠠᠳ ᠤᠨ | ᠰᠢᠭᠦᠭᠦ ᠬᠤᠷᠢᠶᠠᠨ ᠤ ᠬᠤᠷᠢᠶᠠᠨ ᠲᠠᠷᠤᠭ᠎ᠠ ᠬᠦᠬᠡᠪᠠᠳᠦ | ᠲᠦᠯᠦᠭᠡᠯᠡᠭᠴᠢᠳ ᠡ᠄ | ᠤᠳᠤ ᠪᠢ ᠰᠦᠨᠢᠳ ᠵᠡᠭᠦᠨ ᠬᠤᠰᠢᠭᠤᠨ ᠤ ᠠᠷᠠᠳ ᠤᠨ ᠰᠢᠭᠦᠭᠦ ᠬᠤᠷᠢᠶ᠎ᠡ ᠶᠢ ᠲᠦᠯᠦᠭᠡᠯᠡᠨ ᠶᠡᠭᠡ | ᠬᠤᠷᠠᠯ ᠳᠤ ᠮᠡᠳᠡᠭᠦᠯᠦᠯᠳᠡ ᠬᠢᠶ᠎ᠡ᠂ ᠬᠢᠨᠠᠨ ᠵᠦᠪᠯᠡᠭᠦ ᠪᠤᠯᠪᠠᠥ᠃ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ | ᠭᠡᠰᠢᠭᠦᠳ ᠪᠤᠯᠥᠨ ᠶᠡᠭᠡ ᠬᠤᠷᠠᠯ ᠳᠤ ᠤᠷᠤᠯᠴᠠᠭᠰᠠᠨ ᠨᠦᠭᠦᠳ ᠠᠴᠠ ᠰᠠᠨᠠᠯ ᠵᠦᠪᠯᠡᠯᠭᠡ ᠲᠤᠷᠠᠳᠬᠤ ᠪᠤᠯᠪᠠᠥ᠃ | ᠦᠡᠭᠭᠡᠷᠡᠭᠰᠡᠨ ᠨᠢᠭᠡ ᠵᠢᠯ ᠳᠤ᠂ ᠮᠠᠨ ᠤ ᠬᠤᠷᠢᠶ᠎ᠠ ᠨᠢ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ᠂ | ᠪᠠᠶᠢᠩᠭᠤ ᠶᠢᠨ ᠬᠤᠷᠢᠶᠠᠨ ᠤ ᠬᠢᠨᠠᠯᠳᠠ᠂ ᠵᠠᠰᠠᠭ ᠤᠨ ᠤᠷᠳᠥᠨ᠂ ᠤᠯᠤᠰ ᠲᠦᠷᠦ ᠶᠢᠨ ᠵᠦᠪᠯᠡᠯᠭᠡ ᠪᠠ ᠨᠡᠶᠢᠭᠡᠮ ᠤᠨ | ᠡᠯ᠎ᠡ ᠡᠳᠡᠭᠡᠳ ᠤᠨ ᠬᠠᠮᠵᠢᠯᠭ᠎ᠠ ᠲᠡᠮᠵᠢᠯᠭᠡ ᠶᠢᠨ ᠲᠤᠤᠷ᠎ᠠ᠂ ᠨᠠᠮ ᠤᠨ ᠠᠷᠪᠠᠨ ᠲᠤᠯᠤᠳᠤᠭᠠᠷ ᠤᠳᠠᠭᠠᠨ ᠤ ᠶᠡᠭᠡ | ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢᠨᠵᠢᠯᠡᠭᠦ ᠤᠬᠠᠭᠠᠨᠴᠢ ᠬᠦᠭᠵᠢᠯᠳᠡ ᠶᠢᠨ | ᠦᠵᠡᠯᠳᠡ ᠶᠢ ᠭᠦᠨᠵᠡᠭᠡᠢ ᠲᠤᠤᠱᠯᠠᠭᠤᠯᠵᠥ᠂ 《 ᠨᠠᠮ ᠤᠨ ᠦᠢᠯᠡᠰ ᠡᠷᠬᠢᠮ ᠲᠡᠭᠡᠳᠦ᠂ ᠠᠷᠠᠳ ᠲᠦᠮᠡᠨ ᠤ ᠠᠰᠢᠭ | ᠲᠤᠰᠠ ᠡᠷᠬᠢᠮ ᠲᠡᠭᠡᠳᠦ᠂ ᠦᠨᠳᠦᠰᠦᠨ ᠬᠠᠥᠯᠢ ᠬᠠᠥᠯᠢ ᠴᠠᠭᠠᠵᠠ ᠡᠷᠬᠢᠮ ᠲᠡᠭᠡᠳᠦ 》 ᠪᠦᠬᠦᠢ ᠵᠠᠷᠴᠢᠮ ᠢ | ᠪᠠᠷᠢᠮᠳᠠᠯᠠᠨ᠂ ︽ᠶᠡᠭᠡ ᠲᠠᠯ᠎ᠠ ᠳᠤ ᠦᠢᠯᠡᠴᠢᠯᠡᠵᠥ᠂ ᠠᠷᠠᠳ ᠤᠨ ᠲᠦᠯᠦᠭᠡ ᠬᠠᠥᠯᠢ ᠭᠡᠷᠡᠭᠵᠢᠭᠦᠯᠬᠦ︾ ᠠᠵᠢᠯ ᠤᠨ | ᠭᠤᠤᠯᠳᠠᠯᠭ᠎ᠠ ᠶᠢ ᠴᠢᠩᠭ᠎ᠠ ᠡᠵᠡᠮᠳᠡᠵᠥ᠂ ᠡᠯ᠎ᠡ ᠲᠦᠷᠦᠯ ᠤᠨ ᠠᠵᠢᠯ ᠰᠢᠨ᠎ᠡ ᠠᠬᠢᠴᠠ ᠲᠠᠢ ᠪᠤᠯᠪᠠ᠃ | ᠨᠢᠭᠡ᠂ ᠬᠠᠥᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠡᠳ᠂ ᠰᠢᠭᠦᠨ ᠲᠠᠰᠥᠯᠬᠤ | ᠭᠦᠢᠴᠡᠳᠭᠡᠭᠦ ᠠᠵᠢᠯ ᠰᠢᠨ᠎ᠡ ᠠᠬᠢᠴᠠ ᠲᠠᠢ ᠪᠤᠯᠪᠠ᠃ ᠬᠤᠰᠢᠭᠤ ᠨᠠᠮ ᠤᠨ ᠬᠤᠷᠢᠶᠠᠨ ᠤ ᠦᠭᠡᠷᠡᠴᠢᠯᠡᠯᠳᠡ | ᠬᠦᠭᠵᠢᠯᠳᠡ ᠲᠤᠭᠳᠠᠭᠤᠨ ᠪᠤᠯᠬᠤ ᠠᠵᠢᠯ ᠤᠨ ᠶᠡᠭᠡ ᠲᠤᠭᠤᠷᠢᠨ ᠢ ᠴᠢᠩᠭ᠎ᠠ ᠡᠵᠡᠮᠳᠡᠵᠥ᠂ ᠰᠢᠭᠦᠨ ᠲᠠᠰᠥᠯᠥᠯᠳᠠ ᠶᠢᠨ | ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠭᠦ ᠭᠦᠢᠴᠡᠳᠭᠡᠨ᠂ ᠲᠤᠭᠳᠠᠭᠤᠨ ᠡᠶ᠎ᠡ ᠴᠤᠭᠴᠠᠯᠳᠥ ᠨᠡᠶᠢᠭᠡᠮ ᠤᠨ | ᠤᠷᠴᠢᠨ ᠲᠤᠭᠤᠷᠢᠨ ᠪᠠ ᠡᠷᠭᠡ ᠰᠦᠷᠳᠦ ᠦᠨᠳᠦᠷ ᠪᠦᠳᠦᠮᠵᠢᠳᠥ ᠲᠦᠪ ᠭᠤᠤᠯᠴᠢ ᠪᠦᠭᠦᠢ ᠬᠠᠥᠯᠢ ᠴᠠᠭᠠᠵᠢᠳᠥ | ᠤᠷᠴᠢᠨ ᠲᠤᠭᠤᠷᠢᠨ ᠢ ᠴᠢᠷᠮᠠᠶᠢᠨ ᠪᠠᠶᠢᠭᠤᠯᠪᠠ᠃ ᠪᠦᠭᠦ ᠵᠢᠯ ᠳᠤ ᠬᠦᠯᠢᠶᠡᠨ ᠠᠪᠥᠭ᠌ᠰᠠᠨ ᠡᠯ᠎ᠡ ᠲᠦᠷᠦᠯ ᠤᠨ ᠭᠡᠷᠡᠭ | ᠨᠢ 226 ᠭᠡᠷᠡᠭ᠂ ᠰᠢᠭᠦᠨ ᠭᠦᠢᠴᠡᠳᠭᠡᠵᠥ ᠲᠠᠭᠤᠰᠬᠠᠭᠰᠠᠨ ᠨᠢ 196 ᠭᠡᠷᠡᠭ᠂ ᠬᠡᠷᠡᠭ ᠢ ᠰᠢᠭᠦᠨ ᠭᠦᠢᠴᠡᠳᠬᠡᠵᠦ | ᠳᠠᠭᠤᠰᠬᠠᠭᠰᠠᠨ ᠨᠤᠷᠮ᠎ᠠ ᠨᠢ 86.7% ᠳᠤ ᠬᠦᠷᠴᠦ᠂ ᠭᠡᠷᠡᠭ ᠤᠨ ᠵᠦᠪ ᠤᠨᠤᠪᠴᠢᠳᠠᠢ ᠨᠤᠷᠮ᠎ᠠ ᠨᠢ 100% ᠳᠤ | ᠬᠦᠷᠪᠡ᠃ | ᠴᠢᠩᠭ᠎ᠠ ᠠᠭᠤᠴᠢᠯᠠᠯ ᠬᠤᠤᠰᠯᠠᠭᠰᠠᠨ ᠵᠠᠷᠴᠢᠮ ᠢᠶᠠᠷ ᠡᠷᠡᠭᠦᠦ ᠶᠢᠨ ᠶᠠᠯᠠᠳᠥ ᠠᠵᠢᠯᠯᠠᠭ᠎ᠠ ᠳᠤ ᠴᠤᠬᠢᠯᠳᠠ | ᠦᠭᠪᠡ᠃ ᠡᠷᠡᠭᠦᠦ ᠰᠢᠳᠭᠡᠯ ᠣᠨᠣᠭᠳᠠᠭᠤᠯᠬᠤ ᠨᠢ ᠬᠠᠥᠯᠢ ᠳᠤ ᠲᠤᠭᠳᠠᠭᠰᠠᠨ ᠪᠠ ᠶᠠᠯᠠᠳᠥ ᠠᠵᠢᠯᠯᠠᠭ᠎ᠠ ᠨᠢ | ᠡᠷᠡᠭᠦᠦ ᠳᠡᠭᠡᠨ ᠲᠤᠬᠢᠷᠠᠬᠤ ᠵᠠᠷᠴᠢᠮ ᠢ ᠪᠠᠷᠢᠮᠳᠠᠯᠠᠨ᠂ ᠴᠢᠩᠭ᠎ᠠ ᠠᠭᠤᠴᠢᠯᠠᠯ ᠬᠤᠤᠰᠯᠠᠭᠰᠠᠨ ᠡᠷᠡᠭᠦᠦ ᠭᠡᠮᠵᠢᠭᠦ | ᠵᠠᠷᠴᠢᠮ ᠢ ᠨᠠᠷᠢᠨ ᠬᠢᠨᠠᠮᠠᠭᠠᠢ ᠮᠦᠷᠳᠡᠭᠡᠨ ᠵᠦᠪ ᠤᠨᠤᠪᠴᠢᠳᠠᠢ ᠪᠠᠷᠢᠮᠳᠠᠯᠠᠭᠠᠳ᠂ ᠭᠡᠮᠳᠦᠭᠡᠭᠰᠡᠨ᠂ ᠬᠤᠯᠠᠭᠠᠢ ᠶᠢᠨ᠂ | ᠵᠠᠮ ᠬᠠᠷᠢᠯᠴᠠᠭᠠᠨ ᠤ ᠠᠳᠡᠯ ᠤᠨ ᠵᠡᠷᠭᠡ ᠵᠦᠩᠳᠡᠭᠡᠨ ᠲᠤᠬᠢᠶᠠᠯᠳᠤᠬᠤ ᠶᠠᠯᠠᠳᠥ ᠭᠡᠷᠡᠭ ᠳᠤ ᠢᠯᠭᠠᠮᠠ ᠴᠤᠬᠢᠯᠳᠠ | ᠦᠭᠭᠦᠭᠡᠳ ᠠᠷᠠᠳ ᠲᠦᠮᠡᠨ ᠤ ᠠᠮᠢ ᠨᠠᠰᠥ᠂ ᠡᠳ᠋ ᠬᠦᠷᠦᠩᠭᠡ ᠶᠢᠨ ᠠᠮᠥᠷ ᠲᠦᠪᠰᠢᠨ ᠢ ᠪᠠᠳᠥᠯᠠᠪᠠ᠃ ᠨᠠᠰᠥᠨ ᠳᠤ | ᠦᠯᠦ ᠬᠦᠷᠦᠭᠰᠡᠨ ᠶᠠᠯᠠᠳᠥ ᠡᠳᠡᠭᠡᠳ᠂ ᠶᠠᠯᠠᠳᠥ ᠠᠵᠢᠯᠯᠠᠭ᠎ᠠ ᠨᠢ ᠨᠡᠯᠢᠶᠡᠳ ᠬᠦᠡᠭᠭᠡᠨ ᠠᠩᠬ᠎ᠠ ᠶᠠᠯ᠎ᠠ ᠬᠢᠭᠰᠡᠳ ᠪᠠ | ᠵᠠᠷᠢᠮᠳᠠᠭ ᠶᠠᠯ᠎ᠠ ᠬᠢᠭᠰᠡᠳ ᠢ ᠬᠠᠥᠯᠢ ᠶᠤᠰᠥᠭᠠᠷ ᠬᠦᠡᠭᠭᠡᠨ ᠢᠶᠠᠷ ᠪᠤᠶᠥ ᠬᠦᠩᠭᠡᠷᠡᠭᠦᠯᠦᠨ ᠰᠢᠳᠭᠡᠵᠥ᠂ ᠨᠡᠶᠢᠭᠡᠮ ᠤᠨ | ᠬᠤᠬᠢᠷᠠᠯ ᠢ ᠪᠠᠭᠠᠰᠬᠠᠪᠠ᠃ ᠪᠦᠭᠦ ᠵᠢᠯ ᠳᠤ ᠰᠢᠭᠦᠨ ᠰᠢᠢᠳᠭᠡᠭᠰᠡᠨ ᠡᠷᠡᠭᠦᠦ ᠶᠢᠨ ᠭᠡᠷᠡᠭ ᠨᠢ 16 ᠭᠡᠷᠡᠭ᠃ | ᠡᠶᠡᠳᠡᠭᠦᠯᠭᠦ ᠶᠢ ᠴᠢᠬᠤᠯᠠᠴᠢᠯᠠᠵᠥ᠂ ᠡᠶᠡᠳᠡᠭᠦᠯᠭᠦ ᠪᠠ ᠰᠢᠭᠦᠨ ᠲᠠᠰᠤᠯᠬᠤ ᠶᠢ ᠬᠤᠤᠰᠯᠠᠭᠤᠯᠤᠨ᠂ ᠢᠷᠭᠡᠨ ᠤ ᠪᠠ | ᠠᠷᠠᠯᠵᠢᠶᠠᠨ ᠤ ᠵᠢᠭᠤᠷᠭᠠᠨ ᠢ ᠴᠢᠷᠮᠠᠶᠢᠨ ᠨᠠᠮᠳᠠᠭᠤᠯᠪᠠ᠃ ᠠᠵᠥ ᠠᠬᠤᠢ ᠶᠢᠨ ᠤᠷᠴᠢᠨ ᠲᠤᠭᠤᠷᠢᠨ ᠤ | ᠬᠤᠪᠢᠷᠠᠯᠳᠠ ᠠᠴᠠ ᠡᠭᠦᠰᠦᠭᠰᠡᠨ ᠮᠦᠡᠭᠭᠦᠨ ᠭᠦᠢᠯᠭᠡᠭᠡ᠂ ᠦᠭᠴᠡᠭᠡ ᠠᠪᠥᠴᠠᠭᠠ᠂ ᠭᠡᠷ ᠬᠦᠷᠦᠩᠭᠡ᠂ ᠨᠤᠳᠤᠭ | ᠪᠡᠯᠴᠢᠭᠡᠷ ᠤᠨ ᠲᠠᠭᠠᠭᠠᠴᠢᠯᠠᠯᠳᠠ᠂ ᠠᠵᠢᠯ ᠬᠦᠳᠡᠯᠮᠦᠷᠢ ᠵᠡᠷᠭᠡ ᠵᠢᠭᠤᠷᠭᠠᠨ ᠨᠤᠭᠤᠳ ᠢ ᠠᠰᠢᠭᠳᠠᠢ ᠰᠢᠭᠦᠨ | ᠰᠢᠢᠳᠪᠦᠷᠢᠯᠡᠭᠡᠳ ᠮᠠᠨ ᠤ ᠬᠤᠰᠢᠭᠤᠨ ᠤ ᠠᠵᠥ ᠠᠬᠤᠢ ᠨᠡᠶᠢᠭᠡᠮ ᠤᠨ ᠪᠦᠭᠦ ᠲᠠᠯ᠎ᠠ ᠪᠠᠷ ᠦᠷᠭᠦᠯᠵᠢᠯᠡᠨ ᠬᠦᠭᠵᠢᠭᠦ ᠶᠢ | ᠠᠬᠢᠭᠤᠯᠪᠠ᠃ ᠪᠦᠬᠦ ᠵᠢᠯ ᠳᠤ ᠬᠦᠯᠢᠶᠡᠨ ᠠᠪᠥᠭ᠌ᠰᠠᠨ ᠢᠷᠭᠡᠨ ᠤ ᠪᠠ ᠠᠷᠠᠯᠵᠢᠶᠠᠨ ᠤ ᠭᠡᠷᠡᠭ 151 ᠭᠡᠷᠡᠭ᠂ ᠰᠢᠭᠦᠨ | ᠲᠠᠭᠤᠰᠬᠠᠭᠰᠠᠨ ᠨᠢ 129 ᠭᠡᠷᠡᠭ᠃ ︽ᠭᠡᠷᠡᠭ ᠢ ᠰᠢᠢᠳᠪᠦᠷᠢᠯᠡᠵᠥ᠂ ᠤᠴᠢᠷ ᠢ ᠳᠠᠭᠤᠰᠬᠠᠬᠤ︾ ᠲᠡᠭᠡᠷ᠎ᠡ | ᠭᠤᠤᠯᠳᠠᠯᠭ᠎ᠠ ᠲᠠᠢ ᠬᠦᠴᠦ ᠲᠠᠯᠪᠢᠨ᠂ ᠵᠠᠷᠭᠤ ᠶᠢᠨ ᠡᠮᠦᠨᠡᠬᠢ᠂ ᠵᠠᠷᠭᠤ ᠶᠢᠨ ᠲᠤᠮᠳᠠ᠂ ᠵᠠᠷᠭᠤ ᠶᠢᠨ ᠲᠠᠷᠠᠭᠠᠬᠢ | ᠡᠶᠡᠳᠡᠭᠦᠯᠭᠡ ᠶᠢ ᠦᠷᠨᠢᠭᠦᠯᠵᠥ᠂ ᠡᠶᠡᠳᠡᠭᠦᠯᠦᠭᠰᠡᠨ ᠨᠤᠷᠮ᠎ᠠ ᠨᠢ 86% ᠳᠤ ᠬᠦᠷᠴᠥ᠂ ᠭᠡᠷᠡᠭ ᠢ ᠰᠢᠢᠳᠪᠦᠷᠢᠯᠡᠵᠥ᠂ | ᠤᠴᠢᠷ ᠢ ᠲᠠᠭᠤᠰᠬᠠᠬᠤ ᠶᠢ ᠠᠬᠢᠭᠤᠯᠤᠭᠠᠳ ᠲᠠᠰᠤᠯᠤᠯᠲᠠ ᠶᠢ ᠳᠠᠭᠠᠵᠤ᠂ ᠵᠠᠷᠭᠤ ᠪᠠᠨ ᠵᠣᠭᠰᠣᠭᠠᠬᠤ ᠨᠤᠷᠮ᠎ᠠ ᠨᠢ | ᠨᠡᠯᠢᠶᠡᠳ ᠲᠡᠭᠡᠭᠰᠢᠯᠡᠪᠡ᠃ ᠮᠠᠯᠴᠢᠨ ᠲᠦᠮᠡᠨ ᠤ ᠵᠠᠷᠭᠤᠯᠳᠤᠬᠤ ᠳᠤ ᠲᠦᠬᠦᠮ ᠦᠵᠡᠭᠦᠯᠦᠨ ᠵᠠᠷᠭᠤ ᠶᠢᠨ | ᠲᠠᠷᠥᠭᠠᠰᠥ ᠶᠢ ᠬᠦᠡᠭᠭᠡᠷᠡᠭᠦᠯᠭᠦ ᠶᠢᠨ ᠲᠦᠯᠦᠭᠡ᠂ ᠲᠤᠬᠠᠢ ᠶᠢᠨ ᠭᠠᠵᠠᠷ ᠲᠤᠨᠢ ᠭᠡᠷᠡᠭ ᠪᠤᠯᠭᠠᠨ ᠲᠠᠩᠰᠠᠯᠠᠵᠥ᠂ ᠰᠢᠭᠦᠨ | ᠡᠶᠡᠳᠡᠭᠦᠯᠬᠦ ᠪᠦᠬᠦᠢ ᠭᠡᠷᠡᠭ ᠰᠢᠢᠳᠪᠦᠷᠢᠯᠡᠭᠦ ᠵᠠᠷᠴᠢᠮ ᠢ ᠦᠨᠳᠦᠰᠦᠯᠡᠨ᠂ ᠮᠠᠯᠵᠢᠬᠤ ᠤᠷᠤᠨ ᠤ ᠲᠤᠭᠤᠷᠢᠨ ᠰᠢᠭᠦᠭᠦ | ᠭᠦᠴᠦᠯᠡᠴᠠ ᠶᠢ ᠨᠡᠮᠡᠭᠳᠡᠭᠦᠯᠵᠥ᠂ ᠪᠦᠭᠦ ᠵᠢᠯ ᠳᠤ ᠮᠠᠯᠵᠢᠬᠤ ᠤᠷᠤᠨ ᠤ ᠢᠷᠭᠡᠨ ᠤ ᠭᠡᠷᠡᠭ 46 ᠭᠡᠷᠡᠭ ᠢ ᠰᠢᠭᠦᠨ | ᠰᠢᠢᠳᠪᠦᠷᠢᠯᠡᠭᠡᠳ ᠨᠡᠯᠢᠶᠡᠳ ᠰᠠᠶᠢᠨ ᠨᠡᠶᠢᠭᠡᠮ ᠤᠨ ᠦᠷ᠎ᠡ ᠠᠰᠢᠭ ᠢ ᠤᠯᠪᠠ᠃ | ᠵᠠᠰᠠᠭ ᠵᠠᠬᠢᠷᠭᠠᠨ ᠤ ᠵᠢᠭᠤᠷᠭᠠᠨ ᠢ ᠢᠳᠡᠪᠬᠢᠳᠠᠢ ᠪᠠᠷ ᠯᠠᠪᠳᠠᠭᠤᠨ ᠰᠢᠢᠳᠪᠦᠷᠢᠯᠡᠪᠡ᠃ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠥᠯᠢ ᠶᠤᠰᠤᠭᠠᠷ ᠵᠠᠰᠠᠭ ᠶᠠᠪᠤᠭᠤᠯᠬᠤ ᠳᠤ ᠲᠡᠮᠵᠢᠯᠭᠡ ᠦᠵᠡᠭᠦᠯᠬᠦ ᠮᠦᠷᠳᠡᠭᠡᠨ ᠬᠢᠨᠠᠯᠳᠠ | ᠲᠠᠯᠪᠢᠬᠤ ᠶᠢ ᠪᠠᠷᠢᠮᠳᠠᠯᠠᠨ᠂ ᠬᠠᠥᠯᠢ ᠪᠠᠷ ᠤᠯᠤᠰ ᠢᠶᠠᠨ ᠵᠠᠰᠠᠬᠤ ᠴᠢᠭᠯᠡᠯᠳᠡ ᠶᠢᠨ ᠲᠤᠤᠱᠯᠠᠭᠤᠯᠤᠯᠳᠠ ᠶᠢ ᠠᠬᠢᠭᠤᠯᠵᠥ | ᠂ ᠠᠷᠠᠳ ᠪᠤᠯᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠤᠭᠤᠷᠤᠨᠳᠤᠬᠢ ᠬᠠᠷᠢᠯᠴᠠᠨ ᠤᠶᠢᠯᠭᠠᠯᠴᠠᠬᠤ ᠪᠠ | ᠢᠳᠡᠭᠡᠯᠴᠡᠭᠦ ᠶᠢ ᠠᠬᠢᠭᠤᠯᠤᠨ᠂ ᠨᠡᠶᠢᠭᠡᠮ ᠤᠨ ᠡᠶ᠎ᠡ ᠴᠤᠭᠴᠠᠯᠳᠠ ᠲᠤᠭᠳᠠᠭᠤᠨ ᠢ ᠠᠬᠢᠭᠤᠯᠪᠠ᠃ ᠪᠦᠭᠦ ᠵᠢᠯ ᠳᠤ | ᠵᠠᠰᠠᠭ ᠵᠠᠬᠢᠷᠭᠠᠨ ᠤ ᠭᠡᠷᠡᠭ 2 ᠭᠡᠷᠡᠭ ᠢ ᠰᠢᠭᠦᠨ ᠰᠢᠢᠳᠪᠦᠷᠢᠯᠡᠪᠡ᠃ | ᠲᠤᠳᠤᠭᠠᠳᠤ ᠳᠠᠬᠢ ᠰᠢᠭᠦᠯᠳᠡ ᠳᠤ ᠬᠢᠨᠠᠯᠳᠠ ᠲᠠᠯᠪᠢᠬᠤ ᠴᠤᠭᠴᠠ ᠪᠠᠨ ᠪᠦᠷᠢᠨᠰᠢᠭᠦᠯᠵᠥ᠂ ᠭᠠᠳᠠᠭᠠᠳᠤ ᠳᠠᠬᠢ | ᠬᠢᠨᠠᠯᠳᠠ ᠲᠠᠯᠪᠢᠬᠤ ᠵᠠᠮ ᠢ ᠦᠷᠭᠡᠳᠭᠡᠨ᠂ ᠨᠠᠮ ᠤᠨ ᠬᠤᠷᠢᠶᠠᠨ ᠤ ᠤᠳᠤᠷᠢᠳᠤᠯᠭ᠎ᠠ ᠶᠢ ᠬᠦᠯᠢᠴᠡᠩᠬᠦᠢ ᠪᠠᠷ ᠬᠦᠯᠢᠶᠡᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠳᠠ ᠶᠢ | ᠤᠬᠠᠮᠰᠠᠷ ᠠᠴᠠ ᠪᠠᠨ ᠬᠦᠯᠢᠶᠡᠵᠥ᠂ ᠬᠠᠥᠯᠢ ᠴᠠᠭᠠᠵᠠ ᠶᠢᠨ ᠲᠦᠪ ᠭᠤᠤᠯᠴᠢ ᠪᠠᠶᠢᠬᠤ ᠶᠢ ᠪᠠᠳᠤᠯᠠᠨ᠂ ᠭᠡᠷᠡᠭ ᠤᠨ | ᠶᠠᠰᠥ ᠴᠢᠨᠠᠷ ᠪᠠ ᠦᠷ᠎ᠡ ᠠᠰᠢᠭ ᠢ ᠪᠠᠳᠤᠯᠠᠪᠠ᠃ ᠰᠢᠭᠦᠨ ᠲᠠᠰᠤᠯᠬᠤ ᠠᠵᠢᠯ ᠪᠤᠯ ᠰᠢᠭᠦᠭᠦ ᠬᠤᠷᠢᠶᠠᠨ ᠤ ᠠᠵᠢᠯ ᠤᠨ | ᠭᠤᠤᠯᠳᠠᠯᠭ᠎ᠠ ᠪᠤᠯᠤᠨ᠎ᠠ᠃ ᠭᠡᠷᠡᠭ ᠤᠨ ᠶᠠᠰᠤ ᠴᠢᠨᠠᠷ ᠪᠠ ᠦᠷ᠎ᠡ ᠠᠰᠢᠭ ᠨᠢ ᠰᠢᠭᠦᠭᠦ ᠬᠤᠷᠢᠶᠠᠨ ᠤ ᠠᠵᠢᠯ ᠪᠠ | ᠰᠢᠭᠦᠭᠴᠢᠳ ᠤᠨ ᠭᠡᠷᠡᠭ ᠰᠢᠢᠳᠪᠦᠷᠢᠯᠡᠭᠦ ᠶᠢᠨ ᠪᠠᠷᠢᠮᠵᠢᠶ᠎ᠠ ᠮᠦᠨ᠃ ᠡᠶᠢᠮᠦ ᠶᠢᠨ ᠲᠤᠯᠠᠳᠠ ᠭᠡᠷᠡᠭ ᠤᠨ ᠶᠠᠰᠥ | ᠴᠢᠨᠠᠷ ᠲᠤ ᠬᠢᠨᠠᠯᠳᠠ ᠲᠠᠯᠪᠢᠬᠤ ᠰᠢᠰᠲ᠋ᠧᠮ ᠢ ᠢᠳᠡᠪᠬᠢᠳᠠᠢ ᠡᠷᠢᠯᠬᠢᠯᠡᠨ ᠪᠦᠷᠢᠨᠰᠢᠭᠦᠯᠵᠥ᠂ ᠰᠢᠭᠦᠯᠳᠡ ᠳᠤ ᠬᠢᠨᠠᠯᠳᠠ | ᠲᠠᠯᠪᠢᠬᠤ ᠪᠠᠨ ᠴᠢᠩᠭᠠᠳᠬᠠᠵᠥ᠂ ᠦᠨᠡᠨᠭᠦ ᠠᠯᠳᠠᠭ᠎ᠠ ᠪᠤᠷᠤᠭᠤ ᠲᠠᠢ ᠰᠢᠭᠦᠨ ᠲᠠᠰᠤᠯᠤᠯᠳᠠ ᠶᠢ ᠵᠠᠯᠠᠷᠠᠭᠤᠯᠤᠨ ᠬᠠᠥᠯᠢ | ᠴᠠᠭᠠᠵᠠ ᠶᠢᠨ ᠡᠷᠭᠡ ᠰᠦᠷ ᠢ ᠬᠠᠮᠠᠭᠠᠯᠠᠪᠠ᠃ ᠰᠢᠭᠦᠯᠳᠡ ᠳᠤ ᠬᠢᠨᠠᠯᠳᠠ ᠲᠠᠯᠪᠢᠬᠤ ᠲᠢᠩᠬᠢᠮ ᠨᠢ ᠡᠳᠦᠷ ᠲᠤᠲᠤᠮ ᠤᠨ | ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠂ ᠤᠯᠠᠷᠢᠯ ᠪᠦᠷᠢ ᠳᠤ ᠰᠢᠭᠦᠨ ᠰᠢᠢᠳᠪᠦᠷᠢᠯᠡᠭᠰᠡᠨ ᠭᠡᠷᠡᠭ ᠢ ᠪᠦᠭᠦ | ᠲᠠᠯ᠎ᠠ ᠪᠠᠷ ᠬᠢᠨᠠᠨ ᠪᠠᠶᠢᠴᠠᠭᠠᠵᠤ ᠲᠤᠩᠬᠠᠭᠯᠠᠭᠰᠠᠨ ᠢᠶᠠᠷ ᠭᠡᠷᠡᠭ ᠤᠨ ᠶᠠᠰᠥ ᠴᠢᠨᠠᠷ ᠤᠨ ᠲᠡᠭᠡᠭᠰᠢᠯᠡᠯᠳᠡ ᠶᠢ | ᠪᠦᠳᠦᠮᠵᠢᠳᠠᠢ ᠠᠬᠢᠭᠤᠯᠪᠠ᠃ ᠭᠠᠳᠠᠭᠠᠳᠤ ᠳᠠᠬᠢ ᠬᠢᠨᠠᠯᠳᠠ ᠲᠠᠯᠪᠢᠬᠤ ᠵᠠᠮ ᠢ ᠦᠷᠭᠡᠳᠭᠡᠨ᠂ ᠬᠠᠷᠢᠯᠴᠠᠬᠤ ᠠᠵᠢᠯ ᠤᠨ | ᠲᠦᠷᠢᠮ ᠢ ᠪᠦᠷᠢᠨᠰᠢᠭᠦᠯᠵᠥ᠂ ᠬᠠᠷᠢᠯᠴᠠᠬᠤ ᠬᠦᠳᠡᠯᠭᠡᠭᠡᠨ ᠤ ᠭᠡᠯᠪᠡᠷᠢ ᠪᠠ ᠠᠭᠤᠯᠭ᠎ᠠ ᠶᠢ ᠲᠠᠰᠤᠷᠠᠯᠳᠠ ᠦᠭᠡᠢ | ᠪᠠᠶᠠᠯᠢᠭᠵᠢᠭᠤᠯᠪᠠ᠃ ᠠᠷᠠᠳ ᠤᠨ ᠬᠠᠪᠰᠤᠷᠤᠨ ᠰᠢᠭᠦᠭᠴᠢ ᠶᠢ ᠵᠦᠪᠯᠡᠨ ᠰᠢᠭᠦᠭᠦ ᠲᠢᠩᠬᠢᠮ ᠳᠤ ᠤᠷᠤᠯᠴᠠᠭᠤᠯᠬᠤ᠂ | ᠬᠠᠥᠯᠢ ᠭᠡᠷᠡᠭᠵᠢᠭᠦᠯᠦᠯᠳᠡ ᠶᠢᠨ ᠬᠢᠨᠠᠭᠴᠢ ᠶᠢ ᠤᠷᠢᠬᠤ᠂ ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠨ ᠢ ᠤᠷᠢᠨ ᠰᠢᠭᠦᠭᠦ ᠲᠢᠩᠬᠢᠮ ᠢ ᠬᠦᠨᠳᠡᠯᠡᠨ ᠠᠴᠠ ᠰᠤᠨᠤᠰᠬᠤ ᠵᠡᠷᠭᠡ ᠭᠡᠯᠪᠡᠷᠢ ᠶᠢ ᠠᠪᠴᠥ᠂ | ᠲᠤᠳᠤᠭᠠᠳᠤ ᠭᠠᠳᠠᠭᠠᠳᠤ ᠶᠢᠨ ᠬᠢᠨᠠᠯᠳᠠ ᠲᠠᠯᠪᠢᠬᠤ ᠠᠵᠢᠯ ᠤᠨ ᠨᠠᠶᠢᠳᠠᠪᠦᠷᠢᠵᠢᠯᠳᠠ ᠶᠢ ᠠᠬᠢᠭᠤᠯᠪᠠ᠃ ᠠᠷᠠᠳ ᠤᠨ | ᠬᠠᠪᠰᠤᠷᠤᠨ ᠰᠢᠭᠦᠭᠴᠢ ᠶᠢᠨ ᠰᠢᠭᠦᠯᠳᠡ ᠳᠤ ᠤᠷᠤᠯᠴᠠᠭᠰᠠᠨ ᠨᠤᠷᠮ᠎ᠠ ᠨᠢ 58% ᠳᠤ ᠬᠦᠷᠴᠥ᠂ ᠡᠳᠡᠭᠡᠷ ᠭᠡᠷᠡᠭ ᠨᠢ | ᠴᠦᠮ ᠲᠡᠭᠡᠭᠰᠢ ᠵᠠᠭᠠᠯᠳᠤᠭᠰᠠᠨ ᠦᠭᠡᠢ᠃ | ᠤᠯᠠᠨ ᠠᠷᠭ᠎ᠠ ᠭᠡᠯᠪᠡᠷᠢ ᠶᠢ ᠵᠡᠷᠭᠡᠪᠡᠷ ᠠᠪᠴᠥ ᠬᠦᠢᠴᠡᠳᠭᠡᠭᠦ ᠳᠤ ᠬᠦᠴᠢᠷ ᠪᠠᠶᠢᠬᠤ ᠶᠢ ᠲᠡᠪᠴᠢᠪᠡ᠃ | ᠬᠦᠢᠴᠡᠳᠭᠡᠭᠦ ᠶᠢᠨ ᠲᠠᠷᠤᠭᠳᠠᠮᠠᠯ ᠭᠡᠷᠡᠭ ᠢ ᠲᠦᠪᠯᠡᠷᠡᠭᠦᠯᠦᠨ ᠰᠢᠢᠳᠪᠦᠷᠢᠯᠡᠭᠦ ᠬᠦᠳᠡᠯᠭᠡᠭᠡᠨ ᠢ ᠦᠷᠨᠢᠭᠦᠯᠭᠦ ᠴᠠᠭ | ᠲᠤᠬᠢᠶᠠᠯ ᠢ ᠠᠰᠢᠭᠯᠠᠨ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷᠠᠬᠢ ᠬᠦᠢᠴᠡᠳᠭᠡᠭᠦ ᠠᠵᠢᠯ ᠤᠨ ᠬᠠᠮᠳᠤᠷᠠᠭᠰᠠᠨ | ᠬᠤᠷᠠᠯᠳᠤᠭᠠᠨ ᠤ ᠲᠦᠷᠢᠮ ᠪᠠ ᠵᠠᠰᠠᠭ ᠤᠨ ᠤᠷᠳᠤᠨ ᠤ ᠬᠠᠮᠢᠶ᠎ᠠ ᠪᠦᠭᠦᠢ ᠪᠠᠶᠢᠭᠤᠯᠭ᠎ᠠ ᠬᠠᠮᠳᠥᠪᠠᠷ ᠤᠷᠤᠯᠴᠠᠭᠰᠠᠨ | ᠭᠦᠢᠴᠡᠳᠭᠡᠭᠦ ᠠᠵᠢᠯ ᠤᠨ ᠬᠠᠮᠳᠤᠷᠠᠨ ᠬᠦᠳᠡᠯᠡᠯᠴᠡᠭᠦ ᠵᠤᠬᠢᠴᠠᠮᠵᠢ ᠶᠢ ᠡᠷᠢᠯᠬᠢᠯᠠᠨ ᠪᠠᠶᠢᠭᠤᠯᠵᠥ᠂ ᠬᠦᠢᠴᠡᠳᠭᠡᠭᠦ | ᠭᠡᠷᠡᠭ ᠤᠨ ᠤᠨᠴᠠ ᠬᠦᠴᠢᠷᠳᠡᠯ ᠲᠠᠢ ᠬᠦᠮᠦᠰ ᠢ ᠲᠡᠳᠭᠦᠭᠦ ᠰᠠᠭᠤᠷᠢ ᠮᠦᠡᠭᠭᠦ ᠶᠢ ᠪᠠᠶᠢᠭᠤᠯᠤᠨ᠂ ︽ᠪᠥᠭᠡᠮ ᠢᠶᠠᠷ | ᠪᠠᠶᠢᠴᠠᠭᠠᠬᠤ︾᠂ ︽ᠲᠦᠷᠪᠡ ᠶᠢ ᠪᠠᠶᠢᠴᠠᠭᠠᠵᠥ᠂ ᠨᠢᠭᠡ ᠶᠢ ᠮᠡᠳᠡᠭᠳᠡᠭᠦ︾ ᠶᠢ ᠨᠠᠶᠢᠳᠡᠪᠤᠷᠢᠵᠢᠭᠦᠯᠦᠨ ᠪᠦᠷᠢᠨᠰᠢᠭᠦᠯᠵᠤ᠂ | ᠬᠦᠢᠴᠡᠳᠭᠡᠭᠦ ᠶᠢ ᠱᠠᠯᠠᠪᠳᠠᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠬᠦᠢᠴᠡᠳᠭᠡᠭᠦ ᠠᠵᠢᠯ ᠤᠨ ᠬᠦᠴᠦᠯᠡᠴᠡ ᠪᠠᠨ | ᠨᠡᠮᠡᠭᠳᠡᠭᠦᠯᠦᠨ᠂ ᠬᠦᠢᠴᠡᠳᠭᠡᠭᠦ ᠠᠵᠢᠯ ᠤᠨ ᠶᠠᠰᠥ ᠴᠢᠨᠠᠷ ᠪᠠ ᠦᠷ᠎ᠡ ᠠᠰᠢᠭ ᠢ ᠲᠡᠭᠡᠭᠰᠢᠯᠡᠭᠦᠯᠦᠭᠡᠳ ᠲᠤᠬᠠᠢ ᠶᠢᠨ | ᠬᠦᠮᠦᠨ ᠤ ᠬᠠᠥᠯᠢ ᠶᠤᠰᠤᠨ ᠤ ᠡᠷᠭᠡ ᠠᠰᠢᠭ ᠢ ᠴᠢᠷᠮᠠᠶᠢᠨ ᠬᠠᠮᠠᠭᠠᠯᠠᠪᠠ᠃ ᠬᠦᠢᠴᠡᠳᠭᠡᠭᠦ ᠠᠵᠢᠯ ᠢ | ᠴᠢᠩᠭᠠᠳᠬᠠᠬᠤ ᠪᠠᠷ ᠲᠠᠮᠵᠢ᠊ ᠬᠦᠢᠴᠡᠳᠭᠡᠭᠦ ᠶᠢᠨ ᠲᠠᠷᠤᠭᠳᠠᠮᠠᠯ ᠭᠡᠷᠡᠭ ᠢ ᠴᠡᠪᠡᠷᠯᠡᠨ᠂ ᠬᠦᠢᠴᠡᠳᠭᠡᠭᠦ ᠳᠤ ᠭᠦᠴᠢᠷ | ᠪᠠᠶᠢᠳᠠᠯ ᠢ ᠪᠦᠳᠦᠮᠵᠢᠳᠠᠢ ᠨᠠᠮᠳᠠᠭᠠᠪᠠ᠃ ᠪᠦᠭᠦ ᠵᠢᠯ ᠳᠤ ᠬᠦᠯᠢᠶᠡᠨ ᠠᠪᠤᠭᠰᠠᠨ ᠭᠦᠢᠴᠡᠳᠭᠡᠭᠦ ᠭᠡᠷᠡᠭ ᠨᠢ 57 ᠭᠡᠷᠡᠭ | ᠂ ᠬᠦᠢᠴᠡᠳᠭᠡᠨ ᠲᠠᠭᠤᠰᠬᠠᠭᠰᠠᠨ ᠨᠤᠷᠮ᠎ᠠ 88%᠂ ᠬᠦᠢᠴᠡᠳᠭᠡᠭᠰᠡᠨ ᠨᠤᠷᠮ᠎ᠠ ᠨᠢ 92%᠃ | ᠨᠡᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠬᠤ ᠠᠵᠢᠯ ᠳᠤ ᠢᠳᠡᠪᠬᠢᠳᠠᠢ ᠤᠷᠤᠯᠴᠠᠪᠠ᠃ ᠵᠠᠬᠢᠳᠠᠯ | ᠰᠤᠷᠪᠤᠯᠵᠢᠯᠠᠭ᠎ᠠ᠂ ᠲᠤᠭᠳᠠᠭᠤᠨ ᠢ ᠬᠠᠮᠠᠭᠠᠯᠠᠬᠤ ᠪᠠ ᠶᠡᠷᠦᠩᠭᠡᠶᠢᠯᠡᠨ ᠵᠠᠰᠠᠬᠤ ᠲᠦᠪ ᠤᠨ ᠪᠦᠳᠦᠭᠡᠨ ᠪᠠᠶᠢᠭᠤᠯᠬᠤ | ᠠᠵᠢᠯ ᠳᠤ ᠤᠷᠤᠯᠴᠠᠨ᠂ ᠬᠠᠥᠯᠢ ᠴᠠᠭᠠᠵᠠ ᠶᠢ ᠤᠬᠠᠭᠤᠯᠤᠨ ᠰᠤᠷᠭᠠᠨ ᠬᠦᠮᠦᠵᠢᠭᠦᠯᠭᠦ ᠬᠦᠳᠡᠯᠭᠡᠭᠡᠨ ᠢ ᠢᠳᠡᠪᠬᠢᠳᠠᠢ | ᠦᠷᠨᠢᠭᠦᠯᠪᠡ᠃ ᠢᠯᠨ ᠪᠠᠷ ᠰᠢᠭᠦᠭᠦ᠂ ᠲᠦᠪᠯᠡᠷᠡᠭᠦᠯᠦᠨ ᠰᠢᠭᠦᠨ ᠲᠠᠰᠤᠯᠬᠤ᠂ ᠭᠡᠷᠡᠭ ᠢᠶᠠᠷ ᠬᠠᠥᠯᠢ ᠶᠢ | ᠲᠠᠶᠢᠯᠪᠤᠷᠢᠯᠠᠬᠤ᠂ ᠬᠠᠥᠯᠢ ᠴᠠᠭᠠᠵᠠ ᠨᠢ ᠭᠠᠴᠠᠭ᠎ᠠ ᠨᠡᠶᠢᠭᠡᠮ ᠲᠤᠭᠤᠷᠢᠭ ᠲᠤ ᠤᠷᠤᠬᠤ ᠪᠠ ᠺᠠᠳᠠᠷᠴᠤᠳ ᠬᠠᠥᠯᠢ | ᠶᠤᠰᠤᠭᠠᠷ ᠵᠠᠰᠠᠭ ᠶᠠᠪᠤᠭᠤᠯᠬᠤ ᠬᠠᠥᠯᠢ ᠴᠠᠭᠠᠵᠠ ᠶᠢᠨ ᠬᠢᠴᠢᠶᠡᠯ ᠵᠡᠷᠭᠡ ᠭᠡᠯᠪᠡᠷᠢ ᠪᠠᠷ ᠲᠠᠮᠵᠢᠨ ᠬᠠᠥᠯᠢ ᠴᠠᠭᠠᠵᠠ ᠶᠢᠨ | ᠤᠬᠠᠭᠤᠯᠭ᠎ᠠ ᠶᠢᠨ ᠬᠦᠳᠡᠯᠭᠡᠭᠡᠨ ᠢ 6 ᠤᠳᠠᠭ᠎ᠠ ᠦᠷᠨᠢᠭᠦᠯᠵᠥ᠂ ᠰᠢᠭᠦᠨ ᠲᠠᠰᠤᠯᠬᠤ ᠠᠵᠢᠯ ᠤᠨ ᠬᠠᠥᠯᠢ | ᠴᠠᠭᠠᠵᠠ ᠶᠢᠨ ᠰᠤᠷᠭᠠᠨ ᠬᠦᠮᠦᠵᠢᠭᠦᠯᠭᠦ ᠴᠢᠳᠠᠪᠬᠢ ᠶᠢ ᠬᠦᠢᠴᠡᠳ ᠪᠠᠳᠠᠷᠠᠭᠤᠯᠪᠠ᠃ | ᠬᠤᠶᠠᠷ᠂ ᠠᠷᠠᠳ ᠲᠤ ᠲᠦᠬᠦᠮ ᠦᠵᠡᠭᠦᠯᠭᠦ ᠠᠷᠭ᠎ᠠ ᠭᠡᠮᠵᠢᠶ᠎ᠡ ᠶᠢ ᠨᠠᠶᠢᠳᠠᠪᠦᠷᠢᠵᠢᠭᠤᠯᠤᠨ ᠠᠬᠢᠭᠤᠯᠵᠤ᠂ ᠠᠷᠠᠳ ᠤᠨ | ᠲᠦᠯᠦᠭᠡ ᠬᠠᠥᠯᠢ ᠭᠡᠷᠡᠭᠵᠢᠭᠦᠯᠭᠦ ᠨᠢ ᠰᠢᠨ᠎ᠡ ᠪᠦᠳᠦᠮᠵᠢ ᠲᠠᠢ ᠪᠤᠯᠪᠠ᠃ ᠠᠷᠠᠳ ᠤᠨ ᠰᠢᠭᠦᠭᠦ ᠬᠤᠷᠢᠶᠠᠨ ᠤ ᠠᠷᠠᠳ | ᠲᠦᠮᠡᠨᠴᠢ ᠴᠢᠨᠠᠷ ᠢ ᠪᠠᠷᠢᠮᠲᠠᠯᠠᠨ᠂ ᠠᠷᠠᠳ ᠲᠦᠮᠡᠨ ᠤ ᠰᠠᠨᠠᠭ᠎ᠠ ᠲᠠᠯᠪᠢᠵᠤ ᠪᠠᠶᠢᠭ᠎ᠠ ᠠᠰᠠᠭᠤᠳᠠᠯ ᠠᠴᠠ ᠭᠠᠷᠳᠠᠨ᠂ | ᠠᠷᠠᠳ ᠲᠤ ᠲᠦᠭᠦᠮ ᠦᠵᠡᠭᠦᠯᠭᠦ ᠠᠷᠭ᠎ᠠ ᠭᠡᠮᠵᠢᠶ᠎ᠡ ᠪᠠᠨ ᠨᠠᠷᠢᠨ ᠬᠢᠨᠠᠮᠠᠭᠠᠢ ᠰᠢᠨᠡᠳᠭᠡᠨ ᠨᠠᠶᠢᠳᠠᠪᠦᠷᠢᠵᠢᠭᠤᠯᠪᠠ᠃ | ᠠᠷᠠᠳ ᠤᠨ ᠠᠮᠢᠳᠤᠷᠠᠯ ᠤᠨ ᠠᠰᠠᠭᠤᠳᠠᠯ ᠢ ᠢᠳᠡᠪᠬᠢᠳᠠᠢ ᠯᠠᠪᠳᠠᠭᠤᠨ ᠢᠶᠠᠷ ᠰᠢᠢᠳᠪᠦᠷᠢᠯᠡᠪᠡ᠃ ᠬᠠᠥᠯᠢ | ᠴᠠᠭᠠᠵᠠ ᠶᠢᠨ ᠲᠡᠳᠭᠦᠭᠦ ᠲᠦᠷᠢᠮᠵᠢᠯ ᠢ ᠲᠡᠭᠦᠯᠳᠡᠷᠵᠢᠭᠦᠯᠵᠦ᠂ ᠠᠵᠥ ᠠᠬᠤᠢ ᠲᠡᠭᠡᠷ᠎ᠡ ᠪᠠᠨ ᠦᠨᠡᠨᠭᠦ ᠬᠦᠴᠢᠷᠳᠡᠯ ᠲᠠᠢ | ᠲᠤᠬᠠᠢ ᠶᠢᠨ ᠬᠦᠮᠦᠨ ᠳᠤ ᠬᠠᠰᠤᠵᠥ᠂ ᠭᠡᠯᠳᠡᠷᠢᠭᠦᠯᠵᠥ᠂ ᠠᠯᠭᠤᠷᠯᠠᠨ ᠲᠤᠰᠢᠶᠠᠭᠰᠠᠨ ᠵᠠᠷᠭᠤ ᠶᠢᠨ ᠰᠦᠢᠳᠭᠡᠯ ᠨᠢ 2 | ᠲᠦᠮᠨ ᠢᠯᠡᠭᠦᠦ ᠲᠦᠭᠦᠷᠢᠭ ᠲᠤ ᠬᠦᠷᠪᠡ᠃ | ᠡᠯ᠎ᠡ ᠲᠦᠷᠦᠯ ᠤᠨ ᠠᠷᠠᠳ ᠳᠤ ᠲᠦᠭᠦᠮ ᠦᠵᠡᠭᠦᠯᠭᠦ ᠠᠷᠭ᠎ᠠ ᠭᠡᠮᠵᠢᠶ᠎ᠡ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠪᠠ᠃ ᠳᠦᠷᠢᠮᠵᠢᠭᠰᠡᠨ ᠭᠡᠷᠡᠭ ᠲᠠᠩᠰᠠᠯᠠᠬᠤ ︽ᠪᠤᠯᠪᠠᠰᠤᠨ ᠴᠤᠩᠬᠤ︾ ᠶᠢᠨ ᠪᠦᠳᠦᠭᠡᠨ | ᠪᠠᠶᠢᠭᠤᠯᠤᠯᠳᠠ ᠶᠢ ᠴᠢᠩᠭᠠᠳᠬᠠᠨ᠂ ᠵᠠᠷᠭᠤ ᠶᠢᠨ ᠵᠢᠯᠤᠭᠤᠳᠤᠯᠭ᠎ᠠ ᠶᠢ ᠴᠢᠩᠭᠠᠷᠠᠭᠤᠯᠤᠨ᠂ ᠵᠠᠷᠭᠤᠯᠳᠤᠬᠤ ᠳᠤ ᠳᠥᠭᠦᠮ | ᠪᠣᠯᠭᠠᠪᠠ᠃ ᠬᠢᠯᠪᠠᠷᠴᠢᠯᠠᠭᠰᠠᠨ ᠵᠢᠷᠥᠮ ᠢ ᠭᠡᠷᠡᠭᠵᠢᠭᠦᠯᠭᠦ ᠬᠦᠴᠦᠯᠡᠴᠡ ᠪᠠᠨ ᠨᠡᠮᠡᠭᠳᠡᠭᠦᠯᠦᠨ᠂ ᠳᠥᠭᠦᠮ ᠵᠢᠭᠤᠷᠭᠠᠨ ᠢ | ᠲᠦᠷᠭᠡᠨ ᠰᠢᠢᠳᠪᠦᠷᠢᠯᠡᠭᠦ ᠵᠤᠬᠢᠴᠠᠮᠵᠢ ᠶᠢ ᠪᠦᠷᠢᠨᠰᠢᠭᠦᠯᠵᠥ᠂ ᠮᠠᠯᠵᠢᠬᠤ ᠤᠷᠤᠨ ᠤ ᠲᠤᠬᠠᠢ ᠶᠢᠨ ᠬᠦᠮᠦᠨ ᠤ | ᠵᠠᠷᠭᠤᠯᠳᠤᠬᠤ ᠳᠤ ᠲᠦᠬᠦᠮ ᠦᠵᠡᠭᠦᠯᠭᠦ ᠶᠢᠨ ᠲᠦᠯᠦᠭᠡ ᠲᠤᠭᠤᠷᠢᠨ ᠰᠢᠭᠦᠭᠦ ᠬᠦᠴᠦᠯᠡᠴᠡ ᠪᠠᠨ ᠨᠡᠮᠡᠭᠳᠡᠭᠦᠯᠪᠡ᠃ | ᠠᠷᠠᠳ ᠤᠨ ᠲᠦᠯᠦᠭᠡ ᠬᠠᠥᠯᠢ ᠭᠡᠷᠡᠭᠵᠢᠭᠦᠯᠭᠦ ᠶᠢᠨ ᠭᠤᠤᠯᠳᠠᠯᠭ᠎ᠠ ᠨᠢ ᠲᠤᠬᠠᠢ ᠶᠢᠨ ᠬᠦᠮᠦᠨ ᠤ ᠵᠠᠷᠭᠤᠯᠳᠤᠬᠤ ᠳᠤ | ᠲᠦᠬᠦᠮ ᠦᠵᠡᠭᠦᠯᠭᠦ ᠲᠡᠭᠡᠷ᠎ᠡ ᠪᠠᠶᠢᠨ᠎ᠠ᠃ ᠡᠶᠢᠮᠦ ᠶᠢᠨ ᠲᠤᠯᠠᠳᠠ ᠮᠠᠨ ᠤ ᠬᠤᠷᠢᠶ᠎ᠠ ᠨᠢ ᠪᠡᠯᠡᠨ ᠮᠦᠡᠭᠭᠦ ᠶᠢ | ᠢᠳᠡᠪᠬᠢᠳᠠᠢ ᠬᠤᠷᠠᠮᠳᠠᠭᠤᠯᠵᠤ᠂ ᠲᠤᠭᠤᠷᠢᠨ ᠰᠢᠭᠦᠭᠦ ᠲᠢᠩᠬᠢᠮ ᠳᠤ ᠨᠢᠭᠡ ᠰᠠᠥᠷᠢ ᠬᠡᠭᠡᠷ᠎ᠡ ᠶᠠᠪᠤᠬᠤ ᠲᠡᠷᠭᠡ ᠶᠢ | ᠲᠤᠬᠢᠷᠠᠭᠤᠯᠵᠥ᠂ ᠬᠠᠥᠯᠢ ᠶᠢ ᠬᠦᠳᠡᠭᠡ ᠬᠦᠷᠭᠡᠨ᠂ ᠲᠤᠬᠠᠢ ᠶᠢᠨ ᠭᠠᠵᠠᠷ ᠲᠤᠨᠢ ᠡᠶᠡᠳᠡᠭᠦᠯᠵᠥ᠂ ᠲᠤᠬᠠᠢ ᠶᠢᠨ ᠭᠠᠵᠠᠷ | ᠲᠤᠨᠢ ᠵᠢᠭᠤᠷᠭᠠᠨ ᠢ ᠰᠢᠢᠳᠪᠦᠷᠢᠯᠡᠨ᠂ ᠲᠤᠬᠠᠢ ᠶᠢᠨ ᠬᠦᠮᠦᠨ ᠤ ᠵᠠᠷᠭᠤ ᠶᠢᠨ ᠲᠠᠷᠤᠭᠠᠰᠤ ᠶᠢ ᠬᠦᠩᠭᠡᠷᠡᠭᠦᠯᠵᠤ᠂ | ᠦᠢᠯᠡᠴᠢᠯᠡᠭᠡ ᠶᠢ ᠡᠭᠦᠳᠡᠨ ᠳᠤᠨᠢ ᠬᠦᠷᠭᠡᠨ᠂ ᠡᠩ ᠤᠨ ᠢᠷᠭᠡᠨ ᠤ ᠵᠢᠭᠤᠷᠭᠠᠨ ᠢ ᠴᠠᠭ ᠲᠤᠬᠠᠢ ᠳᠤᠨᠢ | ᠰᠢᠢᠳᠪᠦᠷᠢᠯᠡᠵᠤ᠂ ᠮᠠᠯᠵᠢᠬᠤ ᠤᠷᠤᠨ ᠤ ᠵᠠᠷᠭᠤᠯᠳᠤᠬᠤ ᠳᠤ ᠬᠦᠴᠢᠷᠳᠠᠢ᠂ ᠬᠦᠢᠴᠡᠳᠭᠡᠭᠦ ᠳᠤ ᠬᠦᠴᠢᠷᠳᠠᠢ | ᠠᠰᠠᠭᠤᠳᠠᠯ ᠢ ᠴᠢᠷᠮᠠᠶᠢᠨ ᠰᠢᠢᠳᠪᠦᠷᠢᠯᠡᠪᠡ᠃ ᠮᠠᠨ ᠤ ᠬᠤᠷᠢᠶᠠᠨ ᠤ ᠬᠢᠯᠪᠠᠷᠴᠢᠯᠠᠭᠰᠠᠨ ᠵᠢᠷᠥᠮ ᠢ ᠬᠡᠷᠡᠭᠵᠢᠭᠦᠯᠦᠨ | ᠰᠢᠭᠦᠭᠰᠡᠨ ᠭᠡᠷᠡᠭ ᠨᠢ ᠨᠡᠶᠢᠳᠡ 165 ᠭᠡᠷᠡᠭ᠂ ᠰᠢᠭᠦᠨ ᠲᠠᠭᠤᠰᠬᠠᠭᠰᠠᠨ ᠭᠡᠷᠡᠭ ᠤᠨ ᠶᠡᠷᠦᠩᠭᠡᠢ ᠲᠤᠭᠠᠨ ᠤ 82. | 4% ᠳᠤ ᠬᠦᠷᠴᠥ᠂ ᠨᠢᠳᠤᠨᠤᠨ ᠤ ᠬᠢ ᠠᠴᠠ 16 ᠵᠠᠭᠤᠨ ᠤ ᠴᠢᠭ ᠢᠶᠠᠷ ᠲᠡᠭᠡᠭᠰᠢᠯᠡᠪᠡ᠃ | ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠪᠡ᠃ | ᠵᠦᠷᠢᠴᠡᠯ ᠮᠦᠷᠭᠦᠯᠳᠦᠭᠡᠨ ᠢ ᠵᠢᠭᠰᠠᠭᠠᠨ ᠪᠠᠶᠢᠴᠠᠭᠠᠬᠤ ᠪᠠ ᠵᠠᠷᠭᠤ ᠶᠢ ᠨᠠᠮᠳᠠᠭᠤᠯᠵᠤ ᠲᠤᠭᠳᠠᠪᠦᠷᠢᠵᠢᠭᠤᠯᠬᠤ ᠠᠵᠢᠯ ᠢ | ᠲᠡᠭᠡᠳᠦ ᠭᠡᠮᠵᠢᠶ᠎ᠡ ᠪᠠᠷ ᠬᠦᠨᠳᠦᠳᠭᠡᠨ ᠦᠵᠡᠵᠥ᠂ ᠲᠦᠪᠯᠡᠷᠡᠭᠦᠯᠦᠨ ᠰᠤᠷᠪᠤᠯᠵᠢᠯᠠᠭ᠎ᠠ ᠶᠢ ᠬᠦᠯᠢᠶᠡᠭᠦ᠂ ᠭᠡᠷᠡᠭ ᠲᠠᠢ ᠪᠠᠨ | ᠲᠤᠷᠤᠭᠰᠢ ᠰᠤᠷᠪᠤᠯᠵᠢᠯᠠᠬᠤ᠂ ᠤᠳᠤᠷᠢᠳᠤᠯᠭ᠎ᠠ ᠠᠴᠠ ᠭᠡᠷᠡᠭ ᠲᠠᠭᠠᠭᠠᠬᠤ ᠵᠡᠷᠭᠡ ᠭᠡᠯᠪᠡᠷᠢ ᠶᠢ ᠲᠡᠭᠦᠯᠳᠡᠷᠵᠢᠭᠦᠯᠵᠤ᠂ | ᠬᠤᠷᠢᠶᠠᠨ ᠲᠠᠷᠤᠭ᠎ᠠ ᠶᠢᠨ ᠰᠤᠷᠪᠤᠯᠵᠢᠯᠠᠭ᠎ᠠ ᠬᠦᠯᠢᠶᠡᠭᠦ ᠡᠳᠦᠷ᠂ ᠰᠢᠭᠦᠨ ᠲᠠᠰᠤᠯᠤᠯᠳᠠ ᠶᠢᠨ ᠡᠮᠤᠨ᠎ᠡ ᠬᠤᠶᠢᠨᠠᠬᠢ | ᠬᠠᠥᠯᠢ ᠶᠢ ᠲᠠᠶᠢᠯᠪᠤᠷᠢᠯᠠᠵᠥ ᠡᠭᠡᠳᠡᠷᠡᠭᠡᠨ ᠢ ᠲᠠᠶᠢᠯᠬᠤ᠂ ᠲᠤᠮᠤ ᠶᠡᠭᠡ ᠭᠡᠷᠡᠭ ᠤᠨ ᠱᠠᠯᠠᠪᠳᠠᠭᠤᠯᠤᠨ ᠱᠠᠭᠠᠷᠳᠠᠬᠤ ᠵᠡᠷᠭᠡ | ᠲᠦᠷᠢᠮ ᠢ ᠨᠠᠶᠢᠳᠠᠪᠥᠷᠢᠵᠢᠭᠤᠯᠬᠤ ᠪᠠᠷ ᠲᠠᠮᠵᠢᠨ ᠵᠠᠷᠭᠤ ᠳᠤ ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠭᠦ ᠬᠦᠴᠦᠯᠡᠴᠡ ᠶᠢ ᠨᠡᠮᠡᠭᠳᠡᠭᠦᠯᠦᠭᠡᠳ ᠬᠠᠥᠯᠢ ᠴᠠᠭᠠᠵᠠ ᠶᠢᠨ ᠦᠷ᠎ᠡ ᠠᠰᠢᠭ ᠪᠠ | ᠨᠡᠶᠢᠭᠡᠮ ᠤᠨ ᠦᠷ᠎ᠡ ᠠᠰᠢᠭ ᠤᠨ ᠨᠢᠭᠡᠳᠦᠯ ᠢ ᠴᠢᠷᠮᠠᠶᠢᠨ ᠪᠡᠶᠡᠯᠡᠭᠦᠯᠪᠡ᠃ | ᠰᠢᠨᠵᠢᠯᠡᠭᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠰᠤᠷᠤᠯᠴᠠᠨ ᠦᠢᠯᠡᠳᠦᠯᠭᠡᠵᠢᠭᠦᠯᠬᠦ ᠬᠦᠳᠡᠯᠭᠡᠭᠡᠨ ᠢ | ᠬᠦᠨᠵᠡᠭᠡᠶᠢᠷᠡᠭᠦᠯᠪᠡ᠃ ᠰᠤᠷᠤᠯᠴᠠᠨ ᠦᠢᠯᠡᠳᠦᠯᠭᠡᠵᠢᠭᠦᠯᠭᠦ ᠬᠦᠳᠡᠯᠭᠡᠭᠡᠨ ᠤ ᠦᠷ᠎ᠡ ᠪᠦᠳᠦᠮᠵᠢ ᠶᠢ ︽ᠠᠷᠠᠳ ᠲᠦᠮᠡᠨ | ᠬᠠᠨᠤᠮᠵᠢᠳᠠᠢ ᠪᠠᠶᠢᠬᠤ︾ ᠦᠨᠳᠦᠰᠤᠨ ᠵᠤᠷᠢᠯᠳᠠ ᠲᠡᠭᠡᠷ᠎ᠡ ᠨᠠᠶᠢᠳᠠᠪᠦᠷᠢᠵᠢᠭᠤᠯᠵᠤ᠂ ᠦᠨᠡᠨᠬᠦ ᠠᠳᠬᠤᠨ ᠰᠤᠷᠴᠥ᠂ | ᠦᠪᠡᠷᠮᠢᠴᠡ ᠤᠨᠴᠠᠯᠢᠭ ᠢᠶᠠᠨ ᠲᠤᠪᠤᠶᠢᠯᠭᠠᠭᠠᠳ ᠢᠯᠡᠳᠳᠡ ᠪᠦᠳᠦᠮᠵᠢ ᠶᠢ ᠤᠯᠪᠠ᠃ ᠬᠦᠳᠡᠯᠭᠡᠭᠡᠨ ᠤ ᠲᠤᠮᠳᠠ ᠪᠠᠨ | ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠲᠤᠷᠠᠳᠤᠭᠰᠠᠨ ᠶᠠᠳᠠᠭᠤ ᠶᠢ ᠲᠡᠳᠭᠦᠵᠥ᠂ ᠠᠷᠠᠳ ᠲᠦᠮᠡᠨ ᠳᠤ | ᠪᠤᠳᠠᠳᠠᠢ ᠠᠵᠢᠯ ᠬᠢᠭᠦ ᠱᠠᠭᠠᠷᠳᠠᠯᠭ᠎ᠠ ᠶᠢ ᠢᠳᠡᠪᠬᠢᠳᠠᠢ ᠨᠠᠶᠢᠳᠠᠪᠦᠷᠢᠵᠢᠭᠤᠯᠵᠥ᠂ ᠠᠯᠪᠠᠨ ᠵᠠᠷᠤᠳᠠᠯ ᠳᠤᠲᠠᠮᠠᠭ | ᠪᠠᠶᠢᠳᠠᠯ ᠤᠨ ᠲᠤᠤᠷ᠎ᠠ ᠲᠦᠮᠨ ᠢᠯᠡᠭᠦᠦ ᠲᠦᠭᠦᠷᠢᠭ ᠢ ᠭᠠᠷᠭᠠᠨ ᠲᠠᠭᠠᠭᠠᠴᠢᠯᠠᠭᠰᠠᠨ ᠭᠠᠴᠠᠭ᠎ᠠ ᠪᠠ ᠶᠠᠳᠠᠭᠤ ᠵᠡᠮᠳᠡᠭ | ᠬᠦᠮᠦᠨ ᠢ ᠲᠡᠳᠭᠦᠭᠦ ᠠᠵᠢᠯ ᠳᠤ ᠵᠠᠷᠤᠴᠠᠭᠤᠯᠪᠠ᠃ | ᠭᠤᠷᠪᠠ᠂ ᠬᠠᠥᠯᠢ ᠭᠡᠷᠡᠭᠵᠢᠭᠦᠯᠭᠦ ᠴᠢᠳᠠᠪᠤᠷᠢ ᠶᠢᠨ ᠪᠦᠳᠦᠭᠡᠨ ᠪᠠᠶᠢᠭᠤᠯᠤᠯᠳᠠ ᠢ ᠠᠬᠢᠭᠤᠯᠤᠨ ᠨᠠᠶᠢᠳᠠᠪᠤᠷᠢᠵᠢᠭᠤᠯᠵᠥ᠂ | ᠡᠩᠨᠡᠭᠡᠨ ᠤ ᠴᠢᠨᠰᠠᠭ᠎ᠠ ᠰᠢᠨ᠎ᠡ ᠲᠡᠭᠡᠭᠰᠢᠯᠡᠯᠳᠡ ᠲᠠᠢ ᠪᠤᠯᠪᠠ᠃ ︽ᠠᠷᠠᠳ ᠤᠨ ᠰᠢᠭᠦᠭᠴᠢ ᠠᠷᠠᠳ ᠲᠦᠮᠡᠨ ᠤ | ᠲᠦᠯᠦᠭᠡ︾ ᠭᠤᠤᠯ ᠰᠡᠳᠥᠪᠳᠥ ᠦᠢᠯᠡᠳᠦᠯᠭᠡᠵᠢᠭᠦᠯᠭᠦ ᠬᠦᠳᠡᠯᠭᠡᠭᠡᠨ ᠢ ᠦᠷᠨᠢᠭᠦᠯᠭᠦ ᠪᠠᠷ ᠲᠠᠪᠴᠠᠩ ᠪᠤᠯᠭᠠᠨ᠂ | ᠡᠩᠨᠡᠭᠡᠨ ᠤ ᠬᠠᠥᠯᠢ ᠭᠡᠷᠡᠭᠵᠢᠭᠦᠯᠭᠦ ᠴᠢᠳᠠᠪᠦᠷᠢ ᠶᠢᠨ ᠪᠦᠳᠦᠭᠡᠨ ᠪᠠᠶᠢᠭᠤᠯᠤᠯᠳᠠ ᠶᠢ ᠴᠢᠩᠭ᠎ᠠ ᠠᠳᠬᠤᠭᠠᠳ ᠡᠩᠨᠡᠭᠡᠨ ᠤ | ᠴᠢᠨᠰᠠᠭ᠎ᠠ ᠰᠢᠨ᠎ᠡ ᠳᠠᠪᠰᠢᠯᠲᠠ ᠲᠠᠢ ᠪᠣᠯᠭᠠᠪᠠ᠃ | ᠤᠳᠤᠷᠢᠳᠬᠤ ᠪᠠᠭ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠰᠠᠶᠢᠳᠤᠷ ᠠᠳᠬᠤᠨ ᠠᠷᠢᠭᠤᠨ | ᠴᠢᠭᠡᠴᠢ ᠪᠠᠷ ᠵᠠᠰᠠᠭ ᠪᠠᠷᠢᠬᠤ ᠪᠦᠳᠦᠭᠡᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ᠂ ᠰᠤᠷᠪᠤᠯᠵᠢᠯᠠᠭ᠎ᠠ ᠶᠢ | ᠬᠦᠯᠢᠶᠡᠭᠦ ᠬᠠᠷᠢᠭᠤᠴᠠᠯᠭ᠎ᠠ ᠶᠢᠨ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ ᠲᠠᠭᠠᠭᠠᠬᠤ ᠬᠠᠷᠢᠭᠤᠴᠠᠯᠭ᠎ᠠ ᠶᠢᠨ | ᠲᠦᠷᠢᠮ᠂ ᠭᠠᠴᠠᠭ᠎ᠠ ᠶᠢ ᠲᠡᠳᠭᠦᠭᠦ ᠬᠠᠷᠢᠭᠤᠴᠠᠯᠭ᠎ᠠ ᠶᠢᠨ ᠲᠦᠷᠢᠮ ᠵᠡᠷᠭᠡ ᠲᠦᠷᠢᠮ ᠲᠤᠭᠳᠠᠭᠠᠯ ᠢ ᠲᠤᠭᠳᠠᠭᠠᠨ | ᠪᠦᠷᠢᠨᠰᠢᠭᠦᠯᠵᠥ᠂ ᠤᠳᠤᠷᠢᠳᠬᠤ ᠪᠠᠭ ᠤᠨ ᠠᠵᠢᠯ ᠤᠨ ᠭᠡᠪ ᠰᠤᠷᠳᠠᠯ ᠤᠨ ᠬᠤᠪᠢᠷᠠᠯᠳᠠ ᠶᠢ ᠠᠬᠢᠭᠤᠯᠥᠨ | ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠪᠠ᠃ | ᠰᠤᠷᠭᠠᠨ ᠬᠦᠮᠦᠵᠢᠯ ᠬᠠᠮᠢᠶᠠᠷᠤᠯᠳᠠ ᠶᠢᠨ ᠠᠵᠢᠯ ᠢᠶᠠᠨ ᠯᠠᠪᠳᠠᠭᠤᠨ ᠪᠠᠳᠤᠳᠠᠢ ᠦᠷᠨᠢᠭᠦᠯᠪᠡ᠃ ᠺᠠᠳᠠᠷ | ᠴᠠᠭᠳᠠᠭᠠᠨ ᠤ ᠡᠯ᠎ᠡ ᠲᠦᠷᠦᠯ ᠤᠨ ᠪᠤᠯᠪᠠᠰᠤᠷᠠᠯ ᠰᠤᠷᠭᠠᠨ ᠬᠦᠮᠦᠵᠢᠭᠦᠯᠭᠦ ᠬᠦᠳᠡᠯᠭᠡᠭᠡᠨ ᠢ ᠨᠠᠷᠢᠨ ᠬᠢᠨᠠᠮᠠᠭᠠᠢ ᠵᠤᠬᠢᠶᠠᠨ | ᠪᠠᠶᠢᠭᠤᠯᠵᠥ᠂ ᠰᠢᠭᠦᠭᠴᠢᠳ ᠤᠨ ᠬᠠᠥᠯᠢ ᠭᠡᠷᠡᠭᠵᠢᠭᠦᠯᠭᠦ ᠴᠢᠳᠠᠪᠥᠷᠢ ᠶᠢ ᠴᠢᠷᠮᠠᠶᠢᠨ ᠲᠡᠭᠡᠭᠰᠢᠯᠡᠭᠦᠯᠪᠡ᠃ ᠡᠭᠦᠨ ᠤ | ᠬᠠᠮᠳᠥ ︽ᠲᠠᠪᠤ ᠶᠢ ᠡᠷᠡᠰ ᠴᠠᠭᠠᠵᠢᠯᠠᠬᠤ︾ ᠲᠤᠭᠳᠠᠭᠠᠯ ᠤᠨ ᠨᠠᠶᠢᠳᠠᠪᠦᠷᠢᠵᠢᠭᠤᠯᠤᠯᠳᠠ ᠶᠢ ᠴᠢᠩᠭ᠎ᠠ ᠠᠳᠬᠤᠵᠥ᠂ | ᠨᠠᠮ ᠵᠠᠰᠠᠭ ᠤᠨ ᠰᠠᠬᠢᠯᠭ᠎ᠠ ᠵᠡᠷᠭᠡ ᠰᠤᠷᠭᠠᠨ ᠬᠦᠮᠦᠵᠢᠭᠦᠯᠬᠦ ᠬᠦᠳᠡᠯᠭᠡᠭᠡᠨ ᠢ ᠦᠷᠨᠢᠭᠦᠯᠭᠦ ᠪᠠᠷ ᠲᠠᠮᠵᠢᠨ ᠡᠩᠨᠡᠭᠡᠨ ᠤ | ᠲᠦᠪ ᠭᠤᠤᠯᠴᠢ ᠠᠷᠢᠭᠤᠨ ᠴᠢᠭᠡᠴᠢ ᠶᠢ ᠠᠬᠢᠭᠤᠯᠪᠠ᠃ ᠪᠦᠭᠦ ᠵᠢᠯ ᠳᠤ ᠤᠯᠤᠰ ᠤᠷᠤᠨ ᠤ ᠰᠢᠭᠦᠭᠴᠢᠳ ᠤᠨ | ᠲᠡᠭᠡᠳᠦ ᠰᠤᠷᠭᠠᠭᠤᠯᠢ᠂ ᠠᠶᠢᠮᠠᠭ ᠤᠨ ᠲᠤᠮᠳᠠ ᠵᠡᠷᠭᠡ ᠶᠢᠨ ᠰᠢᠭᠦᠭᠦ ᠬᠤᠷᠢᠶ᠎ᠠ᠂ ᠠᠶᠢᠮᠠᠭ ᠤᠨ ᠵᠤᠬᠢᠶᠠᠨ ᠪᠠᠶᠢᠭᠤᠯᠬᠤ | ᠭᠡᠯᠳᠡᠰ ᠪᠠ ᠬᠤᠰᠢᠭᠤ ᠨᠠᠮ ᠤᠨ ᠬᠤᠷᠢᠶ᠎ᠠ ᠠᠴᠠ ᠡᠷᠬᠢᠯᠡᠭᠰᠡᠨ ᠡᠯ᠎ᠡ ᠲᠦᠷᠦᠯ ᠤᠨ ᠪᠤᠯᠪᠠᠰᠤᠷᠠᠯ ᠤᠨ ᠠᠩᠬᠢ ᠳᠤ 40 | ᠭᠠᠷᠤᠢ ᠬᠦᠮᠦᠨ ᠤᠳᠠᠭ᠎ᠠ ᠶᠢ ᠵᠤᠬᠢᠶᠠᠨ ᠪᠠᠶᠢᠭᠤᠯᠵᠤ ᠤᠷᠤᠯᠴᠠᠭᠤᠯᠪᠠ᠃ | ᠲᠦᠷᠪᠡ᠂ ᠰᠠᠭᠤᠷᠢ ᠠᠵᠢᠯ ᠢ ᠲᠦᠯᠬᠢᠨ ᠨᠠᠶᠢᠳᠠᠪᠦᠷᠢᠵᠢᠭᠤᠯᠬᠤ ᠶᠢ ᠠᠳᠬᠤᠨ᠂ ᠦᠨᠳᠦᠰᠦᠨ ᠪᠦᠳᠦᠭᠡᠨ | ᠪᠠᠶᠢᠭᠤᠯᠤᠯᠳᠠ ᠰᠢᠨ᠎ᠡ ᠱᠠᠳᠥᠨ ᠳᠤ ᠭᠠᠷᠪᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠡᠮᠵᠢᠯᠭᠡ | ᠪᠠ ᠲᠡᠭᠡᠳᠦ ᠱᠠᠳᠤᠨ ᠤ ᠰᠢᠭᠦᠭᠦ ᠬᠤᠷᠢᠶᠠᠨ ᠤ ᠬᠦᠨᠳᠦᠳᠭᠡᠨ ᠦᠵᠡᠭᠰᠡᠨ ᠢᠶᠠᠷ ᠰᠠᠭᠤᠷᠢ ᠪᠦᠳᠦᠭᠡᠨ ᠪᠠᠶᠢᠭᠤᠯᠥᠯᠳᠠ | ᠰᠢᠨ᠎ᠡ ᠲᠡᠭᠡᠭᠰᠢᠯᠡᠯᠳᠡ ᠲᠠᠢ ᠪᠤᠯᠪᠠ᠃ ᠨᠢᠭᠡ ᠳᠤ᠂ ᠪᠡᠯᠨ ᠮᠦᠡᠭᠭᠦ ᠬᠤᠷᠠᠮᠳᠠᠭᠤᠯᠵᠥ ︽ᠳ᠋ᠢᠬᠢᠲ ᠰᠢᠭᠦᠭᠦ ᠲᠢᠩᠬᠢᠮ︾ | ᠢ ᠪᠦᠳᠦᠭᠡᠨ ᠪᠠᠶᠢᠭᠤᠯᠵᠥ ᠠᠰᠢᠭᠯᠠᠯᠳᠠ ᠳᠤ ᠣᠷᠣᠭᠤᠯᠵᠠᠢ᠃ ᠬᠤᠶᠠᠷ ᠲᠤ᠂ ᠭᠦᠮᠦᠨ ᠪᠤᠯᠭᠠᠨ ᠳᠤ ᠨᠢᠭᠡ ᠰᠠᠥᠷᠢ | ᠺᠣᠮᠫᠢᠦ᠋ᠲ᠋ᠧᠷ ᠲᠤᠬᠢᠷᠠᠭᠤᠯᠬᠤ ᠬᠠᠷᠠᠯᠳᠠ ᠶᠢ ᠦᠨᠳᠦᠰᠦᠨ ᠳᠡᠭᠡᠨ ᠪᠡᠶᠡᠯᠡᠭᠦᠯᠵᠥ᠂ ᠠᠯᠪᠠᠨ ᠠᠵᠢᠯ ᠤᠨ | ᠠᠥᠲ᠋ᠣᠮᠴᠢᠯᠠᠯᠲᠠ ᠳᠤ ᠡᠳ᠋ ᠪᠤᠳᠠᠰ ᠤᠨ ᠰᠠᠭᠤᠷᠢ ᠶᠢ ᠲᠠᠯᠪᠢᠵᠥ᠂ ᠭᠡᠷᠡᠭ ᠪᠦᠭᠦᠨ ᠢ ᠨᠧᠲ ᠲᠡᠭᠡᠷ᠎ᠡ ᠰᠢᠩᠭᠡᠨ | ᠬᠠᠮᠢᠶᠠᠷᠤᠬᠤ ᠶᠢ ᠪᠡᠶᠡᠯᠡᠭᠦᠯᠦᠨ᠂ ᠮᠡᠳᠡᠭᠡ ᠵᠠᠩᠬᠢᠵᠢᠯᠳᠡ ᠶᠢᠨ ᠭᠡᠮᠵᠢᠶ᠎ᠡ ᠰᠢᠨ᠎ᠡ ᠲᠡᠭᠡᠭᠰᠢᠯᠡᠯᠳᠡ ᠲᠠᠢ ᠪᠤᠯᠪᠠ᠃ | ᠭᠤᠷᠪᠠ ᠳᠤ᠂ ᠵᠠᠮ ᠨᠡᠪᠳᠡᠷᠯᠡᠭᠡ ᠶᠢᠨ ᠪᠠᠭᠠᠵᠢ ᠬᠠᠭᠤᠴᠢᠷᠠᠭᠰᠠᠨ ᠪᠠᠶᠢᠳᠠᠯ ᠢ ᠬᠤᠪᠢᠷᠠᠭᠤᠯᠬᠤ ᠶᠢᠨ ᠲᠦᠯᠦᠭᠡ | ᠲᠡᠷᠭᠡ ᠪᠠᠨ ᠰᠢᠨᠡᠳᠭᠡᠵᠥ᠂ ᠵᠠᠮ ᠨᠡᠪᠳᠡᠷᠯᠡᠭᠡ ᠶᠢᠨ ᠪᠠᠭᠠᠵᠢ ᠰᠠᠶᠢᠵᠢᠷᠠᠪᠠ᠃ ᠲᠦᠷᠪᠡ ᠳᠤ᠂ ᠠᠯᠪᠠᠳᠠᠨ ᠤ | ᠰᠢᠯᠭᠠᠯᠳᠠ ᠪᠠᠷ ᠲᠠᠮᠵᠢᠨ ᠰᠢᠨ᠎ᠡ ᠪᠠᠷ ᠬᠤᠶᠠᠷ ᠬᠦᠮᠦᠨ ᠡᠯᠡᠰᠴᠦ᠂ ᠰᠢᠭᠦᠨ ᠲᠠᠰᠤᠯᠤᠯᠳᠠ ᠶᠢᠨ ᠡᠬᠢ ᠰᠤᠷᠪᠤᠯᠵᠢ ᠶᠢᠨ | ᠲᠤᠳᠠᠮᠠᠭ ᠬᠦᠴᠢᠷ ᠢ ᠵᠤᠬᠢᠬᠤ ᠭᠡᠮᠵᠢᠶ᠎ᠡ ᠪᠠᠷ ᠲᠣᠬᠢᠷᠠᠭᠤᠯᠪᠠ᠃ | 2010 ᠤᠨ ᠪᠤᠯ ︽ᠠᠷᠪᠠᠨ ᠨᠢᠭᠡᠳᠦᠭᠡᠷ ᠲᠠᠪᠤᠨ ᠵᠢᠯ︾ ᠤᠨ ᠬᠠᠮᠤᠭ ᠰᠡᠭᠦᠯ ᠤᠨ ᠨᠢᠭᠡ ᠵᠢᠯ ᠪᠤᠯᠤᠨ᠎ᠠ᠂ | ᠡᠶᠢᠮᠦ ᠠᠴᠠ ᠮᠠᠨ ᠤ ᠬᠤᠷᠢᠶᠠᠨ ᠤ ᠠᠵᠢᠯ ᠤᠨ ᠶᠡᠷᠦᠩᠭᠡᠢ ᠰᠡᠳᠬᠢᠴᠡ ᠪᠤᠯ᠄ ᠨᠠᠮ ᠤᠨ ᠠᠷᠪᠠᠨ ᠲᠤᠯᠤᠳᠤᠭᠠᠷ ᠶᠡᠭᠡ | ᠬᠤᠷᠠᠯ᠂ ᠠᠷᠪᠠᠨ ᠲᠤᠯᠤᠳᠤᠭᠠᠷ ᠬᠤᠭᠤᠴᠠᠭᠠᠨ ᠤ ᠲᠦᠷᠪᠡᠳᠦᠭᠡᠷ ᠪᠦᠭᠦᠳᠡ ᠬᠤᠷᠠᠯ᠂ ᠲᠦᠪ ᠬᠤᠷᠢᠶᠠᠨ ᠤ ᠠᠵᠤ | ᠠᠬᠤᠢ ᠶᠢᠨ ᠠᠵᠢᠯ ᠤᠨ ᠬᠤᠷᠠᠯᠳᠤᠭᠠᠨ ᠵᠢᠴᠢ ᠪᠦᠭᠦ ᠤᠯᠤᠰ᠂ ᠪᠦᠭᠦ ᠠᠶᠢᠮᠠᠭ ᠤᠨ ᠤᠯᠤᠰ ᠲᠦᠷᠦ ᠬᠠᠥᠯᠢ | ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠭᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ | ᠲᠤᠤᠱᠯᠠᠭᠤᠯᠵᠥ᠂ ︽ᠭᠤᠷᠪᠠᠨ ᠡᠷᠬᠢᠮ ᠲᠡᠭᠡᠳᠦ︾ ᠠᠵᠢᠯ ᠤᠨ ᠵᠢᠯᠤᠭᠤᠳᠬᠤ ᠦᠵᠡᠯ ᠰᠠᠨᠠᠭ᠎ᠠ ᠶᠢ ᠪᠠᠷᠢᠮᠲᠠᠯᠠᠨ᠂ ︽ | ᠠᠷᠠᠳ ᠤᠨ ᠰᠢᠭᠦᠭᠴᠢ ᠠᠷᠠᠳ ᠲᠦᠮᠡᠨ ᠤ ᠲᠦᠯᠦᠭᠡ︾ ᠭᠤᠤᠯ ᠰᠡᠳᠦᠪᠳᠦ ᠦᠢᠯᠡᠳᠦᠯᠭᠡᠵᠢᠭᠦᠯᠭᠦ ᠬᠦᠳᠡᠯᠭᠡᠭᠡᠨ ᠢ | ᠦᠷᠨᠢᠭᠦᠯᠵᠥ᠂ ᠨᠡᠶᠢᠭᠡᠮ ᠤᠨ ᠵᠦᠷᠢᠴᠡᠯ ᠮᠦᠷᠭᠦᠯᠳᠦᠭᠡᠨ ᠢ ᠨᠠᠮᠳᠠᠭᠤᠯᠬᠤ᠂ ᠨᠡᠶᠢᠭᠡᠮ ᠤᠨ ᠬᠠᠮᠢᠶᠠᠷᠤᠯᠳᠠ ᠶᠢᠨ ᠰᠢᠨ᠎ᠡ | ᠡᠭᠦᠳᠦᠯᠳᠡ᠂ ᠲᠦᠪ ᠭᠤᠤᠯᠴᠢ ᠠᠷᠢᠭᠤᠨ ᠴᠢᠭᠡᠴᠢ ᠪᠠᠷ ᠬᠠᠥᠯᠢ ᠭᠡᠷᠡᠭᠵᠢᠭᠦᠯᠭᠦ ᠭᠤᠷᠪᠠᠨ ᠲᠦᠷᠦᠯ ᠤᠨ | ᠭᠤᠤᠯᠳᠠᠯᠭ᠎ᠠ ᠲᠠᠢ ᠠᠵᠢᠯ ᠢ ᠭᠦᠨᠵᠡᠭᠡᠢ ᠠᠬᠢᠭᠤᠯᠬᠤ ᠶᠢ ᠴᠢᠩᠭ᠎ᠠ ᠡᠵᠡᠮᠳᠡᠨ᠂ ᠠᠷᠠᠳ ᠤᠨ ᠰᠢᠭᠦᠭᠦ ᠬᠤᠷᠢᠶᠠᠨ ᠤ | ᠠᠷᠠᠳ ᠲᠦᠮᠡᠨᠴᠢ ᠴᠢᠨᠠᠷ ᠢ ᠪᠠᠷᠢᠮᠳᠠᠯᠠᠵᠤ᠂ ᠬᠠᠥᠯᠢ ᠴᠠᠭᠠᠵᠠ ᠶᠢᠨ ᠴᠢᠳᠠᠮᠠᠭᠠᠢ ᠴᠢᠨᠠᠷ ᠢ ᠴᠢᠩᠭᠠᠳᠬᠠᠨ᠂ ᠰᠢᠨᠵᠢᠯᠡᠭᠦ | ᠤᠬᠠᠭᠠᠨᠴᠢ ᠪᠠᠷ ᠭᠦᠭᠵᠢᠭᠰᠡᠨ ᠰᠦᠨᠢᠳ ᠨᠤᠳᠤᠭ ᠢ ᠪᠦᠳᠦᠭᠡᠨ ᠪᠠᠶᠢᠭᠤᠯᠬᠤ ᠶᠢᠨ ᠲᠦᠯᠦᠭᠡ ᠨᠡᠩ ᠲᠦᠪ ᠭᠤᠤᠯᠴᠢ | ᠂ ᠦᠨᠳᠦᠷ ᠪᠦᠲᠦᠮᠵᠢᠲᠡᠢ ᠬᠠᠥᠯᠢ ᠴᠠᠭᠠᠵᠠ ᠶᠢᠨ ᠪᠠᠳᠤᠯᠭ᠎ᠠ ᠬᠠᠩᠭᠠᠵᠤ᠂ ᠠᠷᠠᠳ ᠤᠨ ᠰᠢᠭᠦᠭᠦ ᠬᠤᠷᠢᠶᠠᠨ ᠤ ᠰᠢᠨ᠎ᠡ | ᠬᠦᠭᠵᠢᠯᠳᠡ ᠶᠢ ᠴᠢᠷᠮᠠᠶᠢᠨ ᠪᠡᠶᠡᠯᠡᠭᠦᠯᠭᠦ ᠶᠠᠪᠥᠳᠠᠯ ᠪᠤᠯᠤᠨ᠎ᠠ᠃ ᠡᠨᠡᠭᠦ ᠠᠵᠢᠯ ᠢ ᠰᠠᠶᠢᠳᠤᠷ ᠬᠢᠭᠦ ᠳᠤ ᠲᠤᠤᠷᠠᠬᠢ | ᠵᠢᠷᠭᠤᠭᠠᠨ ᠲᠠᠯ᠎ᠠ ᠶᠢᠨ ᠠᠵᠢᠯ ᠢ ᠴᠢᠩᠭᠠᠳᠬᠠᠬᠤ ᠴᠢᠬᠤᠯᠠᠳᠠᠢ᠃ | ᠨᠢᠭᠡ᠂ ᠬᠠᠥᠯᠢ ᠴᠠᠭᠠᠵᠠ ᠶᠢᠨ ᠶᠡᠭᠡ ᠲᠠᠯ᠎ᠠ ᠳᠤ ᠦᠢᠯᠡᠴᠢᠯᠡᠭᠦ ᠴᠢᠳᠠᠪᠤᠷᠢ ᠶᠢ ᠨᠡᠮᠡᠭᠳᠡᠭᠦᠯᠦᠨ᠎ᠡ᠃ ︽ᠶᠡᠭᠡ | ᠲᠠᠯ᠎ᠠ ᠳᠤ ᠦᠢᠯᠡᠴᠢᠯᠡᠵᠥ᠂ ᠠᠷᠠᠳ ᠤᠨ ᠲᠦᠯᠦᠭᠡ ᠬᠠᠥᠯᠢ ᠭᠡᠷᠡᠭᠵᠢᠭᠦᠯᠭᠦ︾ ᠪᠤᠯ ᠰᠢᠨ᠎ᠡ ᠴᠠᠭ ᠦᠶ᠎ᠡ ᠶᠢᠨ | ᠠᠷᠠᠳ ᠤᠨ ᠰᠢᠭᠦᠭᠦ ᠬᠤᠷᠢᠶᠠᠨ ᠤ ᠭᠤᠤᠯ ᠰᠡᠳᠦᠪ ᠪᠤᠯᠤᠨ᠎ᠠ᠃ ᠡᠶᠢᠮᠦ ᠠᠴᠠ ᠰᠢᠭᠦᠨ ᠲᠠᠰᠤᠯᠬᠤ ᠶᠢᠨ ᠴᠢᠳᠠᠪᠬᠢ | ᠦᠢᠯᠡᠳᠦᠯ ᠢ ᠬᠦᠢᠴᠡᠳ ᠪᠠᠳᠠᠷᠠᠭᠤᠯᠤᠨ ᠶᠡᠭᠡ ᠲᠠᠯ᠎ᠠ ᠳᠤ ᠢᠳᠡᠪᠬᠢᠳᠠᠢ ᠪᠠᠷ ᠦᠢᠯᠡᠴᠢᠯᠡᠵᠦ᠂ ᠮᠠᠨ ᠤ ᠬᠤᠰᠢᠭᠤᠨ ᠤ | ᠦᠭᠡᠷᠡᠴᠢᠯᠡᠯᠳᠡ᠂ ᠬᠦᠭᠵᠢᠯᠳᠡ᠂ ᠲᠤᠭᠳᠠᠭᠤᠨ ᠤ ᠶᠡᠭᠡ ᠲᠠᠯ᠎ᠠ ᠳᠤ ᠬᠠᠥᠯᠢ ᠴᠠᠭᠠᠵᠠ ᠶᠢᠨ ᠦᠢᠯᠡᠴᠢᠯᠡᠭᠡ ᠶᠢ | ᠴᠢᠷᠮᠠᠶᠢᠨ ᠬᠠᠩᠭᠠᠨ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠲᠦᠯᠦᠭᠡ ᠬᠠᠥᠯᠢ | ᠴᠠᠭᠠᠵᠠ ᠶᠢᠨ ᠪᠠᠳᠤᠯᠠᠭ᠎ᠠ ᠶᠢ ᠴᠢᠷᠮᠠᠶᠢᠨ ᠬᠠᠩᠭᠠᠨ᠎ᠠ᠃ ᠡᠷᠡᠭᠦᠦ ᠶᠢᠨ ᠶᠠᠯᠠᠳᠤ ᠠᠵᠢᠯᠯᠠᠭ᠎ᠠ ᠳᠤ ᠴᠤᠬᠢᠯᠳᠠ ᠦᠭᠭᠦ | ᠬᠦᠴᠦᠯᠡᠴᠡ ᠪᠠᠨ ᠨᠡᠮᠡᠭᠳᠡᠭᠦᠯᠦᠨ᠂ ᠨᠡᠶᠢᠭᠡᠮ ᠤᠨ ᠲᠤᠭᠳᠠᠭᠤᠨ ᠢ ᠪᠦᠭᠦ ᠴᠢᠳᠠᠯ ᠢᠶᠠᠷ ᠢᠶᠠᠨ ᠬᠠᠮᠠᠭᠠᠯᠠᠨ᠎ᠠ᠃ ᠬᠠᠥᠯᠢ | ᠶᠤᠰᠤᠭᠠᠷ ᠡᠶᠡᠳᠡᠭᠦᠯᠭᠦ ᠶᠢ ᠪᠠᠷᠢᠮᠳᠠᠯᠠᠨ ᠡᠶ᠎ᠡ ᠴᠣᠭᠴᠠᠯᠠᠯᠲᠠ ᠶᠢ ᠠᠬᠢᠭᠤᠯᠤᠨ᠂ ᠲᠠᠰᠤᠯᠤᠯᠳᠠ ᠶᠢ ᠳᠠᠭᠠᠵᠤ | ᠵᠠᠷᠭᠤ ᠪᠠᠨ ᠵᠣᠭᠰᠣᠭᠠᠬᠤ᠂ ᠭᠡᠷᠡᠭ ᠢ ᠰᠢᠢᠳᠪᠦᠷᠢᠯᠡᠪᠡᠯ ᠤᠴᠢᠷ ᠨᠢ ᠲᠠᠭᠤᠰᠬᠤ ᠠᠵᠢᠯ ᠤᠨ ᠬᠦᠴᠦᠯᠡᠴᠡ ᠪᠠᠨ | ᠨᠡᠮᠡᠭᠳᠡᠭᠦᠯᠦᠨ᠂ ᠢᠷᠭᠡᠨ ᠤ ᠪᠠ ᠠᠷᠠᠯᠵᠢᠶᠠᠨ ᠤ ᠭᠡᠷᠡᠭ᠂ ᠵᠠᠰᠠᠭ ᠵᠠᠬᠢᠷᠭᠠᠨ ᠤ ᠰᠢᠭᠦᠯᠳᠡ ᠶᠢᠨ ᠨᠡᠶᠢᠭᠡᠮ ᠤᠨ | ᠵᠦᠷᠢᠴᠡᠯ ᠮᠦᠷᠭᠦᠯᠳᠦᠭᠡᠨ ᠢ ᠨᠠᠮᠳᠠᠭᠤᠯᠬᠤ ᠴᠢᠳᠠᠪᠬᠢ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | ᠬᠤᠶᠠᠷ᠂ ᠬᠠᠥᠯᠢ ᠴᠠᠭᠠᠵᠠ ᠶᠢᠨ ᠦᠭᠡᠷᠡᠴᠢᠯᠡᠯᠳᠡ ᠶᠢᠨ ᠰᠢᠨ᠎ᠡ ᠶᠢ ᠡᠭᠦᠳᠭᠦ ᠬᠦᠴᠦᠯᠡᠴᠡ ᠪᠠᠨ | ᠨᠡᠮᠡᠭᠳᠡᠭᠦᠯᠦᠨ᠎ᠡ᠃ ᠲᠦᠪ ᠬᠤᠷᠢᠶᠠᠨ ᠤ ᠬᠠᠥᠯᠢ ᠴᠠᠭᠠᠵᠠ ᠶᠢᠨ ᠪᠠᠶᠢᠭᠤᠯᠤᠯ ᠪᠠ ᠠᠵᠢᠯ ᠢ ᠦᠭᠡᠷᠡᠴᠢᠯᠡᠭᠦ ᠲᠤᠬᠠᠢ | ᠬᠠᠮᠢᠶ᠎ᠠ ᠪᠦᠭᠦᠢ ᠠᠰᠠᠭᠤᠳᠠᠯ ᠤᠨ ᠰᠠᠨᠠᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠰᠢᠭᠦᠨ ᠲᠠᠰᠤᠯᠬᠤ ᠬᠦᠢᠴᠡᠳᠭᠡᠭᠦ | ᠠᠵᠢᠯ ᠤᠨ ᠴᠤᠬᠢᠴᠠᠮᠵᠢ ᠶᠢᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠤᠨ᠂ ᠠᠷᠠᠳ ᠳᠤ ᠲᠦᠬᠦᠮ ᠦᠵᠡᠭᠦᠯᠭᠦ | ᠬᠦᠢᠴᠡᠳᠭᠡᠯᠳᠡ ᠶᠢᠨ ᠵᠤᠬᠢᠴᠠᠮᠵᠢ ᠶᠢ ᠪᠠᠶᠢᠭᠤᠯᠤᠨ᠂ ᠦᠨᠳᠦᠷ ᠪᠦᠲᠦᠮᠵᠢᠲᠡᠢ ᠰᠢᠭᠦᠨ ᠲᠠᠰᠤᠯᠤᠯᠳᠠ᠂ | ᠬᠦᠢᠴᠡᠳᠭᠡᠯᠳᠡ ᠶᠢᠨ ᠬᠠᠮᠢᠶᠠᠷᠥᠯᠳᠠ ᠶᠢᠨ ᠰᠢᠨ᠎ᠡ ᠵᠤᠬᠢᠴᠠᠮᠵᠢ ᠶᠢ ᠪᠠᠶᠢᠭᠤᠯᠤᠨ᠎ᠠ᠃ | ᠭᠤᠷᠪᠠ᠂ ᠠᠷᠠᠳ ᠤᠨ ᠲᠦᠯᠦᠭᠡ ᠬᠠᠥᠯᠢ ᠭᠡᠷᠡᠭᠵᠢᠭᠦᠯᠭᠦ ᠠᠵᠢᠯ ᠤᠨ ᠬᠦᠴᠦᠯᠡᠴᠡ ᠪᠠᠨ ᠨᠡᠮᠡᠭᠳᠡᠭᠦᠯᠦᠨ | ᠠᠷᠠᠳ ᠤᠨ ᠠᠮᠢᠳᠤᠷᠠᠯ ᠳᠤ ᠬᠤᠯᠪᠤᠭᠳᠠᠬᠤ ᠭᠡᠷᠡᠭ ᠢ ᠲᠦᠷᠭᠡᠨ ᠰᠢᠢᠳᠪᠦᠷᠢᠯᠡᠭᠦ ᠪᠠᠶᠢᠭᠤᠯᠤᠮᠵᠢ ᠶᠢ ᠢᠳᠡᠪᠬᠢᠳᠠᠢ ᠪᠠᠷ | ᠡᠷᠢᠯᠬᠢᠯᠡᠨ ᠪᠠᠶᠢᠭᠤᠯᠵᠥ᠂ ᠤᠯᠠᠨ ᠲᠦᠮᠡᠨ ᠤ ᠬᠠᠥᠯᠢ ᠶᠤᠰᠤᠨ ᠤ ᠡᠷᠭᠡ ᠠᠰᠢᠭ ᠢ ᠬᠠᠮᠠᠭᠠᠯᠠᠨ᠎ᠠ᠃ ᠵᠠᠷᠭᠤ ᠳᠤ | ᠬᠤᠯᠪᠤᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠤᠬᠢᠴᠠᠮᠵᠢ ᠶᠢ ᠪᠦᠷᠢᠨᠰᠢᠭᠦᠯᠦᠨ᠂ ᠤᠳᠤᠷᠢᠳᠤᠯᠭ᠎ᠠ ᠶᠢᠨ | ᠬᠠᠷᠢᠭᠤᠴᠠᠯᠭ᠎ᠠ ᠪᠠ ᠭᠡᠷᠡᠭ ᠰᠢᠭᠦᠭᠦ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠵᠤ᠂ ᠨᠡᠶᠢᠭᠡᠮ ᠤᠨ ᠡᠶ᠎ᠡ ᠴᠣᠭᠴᠠᠯᠠᠯᠲᠠ | ᠲᠤᠭᠳᠠᠭᠤᠨ ᠢ ᠪᠠᠳᠤᠯᠠᠨ᠎ᠠ᠃ ︽ᠨᠡᠶᠢᠭᠡᠮ ᠤᠨ ᠲᠤᠭᠤᠷᠢᠭ ᠲᠠᠢ ᠬᠠᠷᠢᠯᠴᠠᠬᠤ ᠰᠢᠭᠦᠭᠴᠢ︾ ᠰᠤᠮᠤ ᠪᠠᠯᠭᠠᠰᠤ ᠲᠠᠢ | ᠬᠠᠷᠢᠯᠴᠠᠬᠤ ᠲᠦᠷᠢᠮ ᠢ ᠡᠷᠢᠯᠬᠢᠯᠡᠨ ᠪᠠᠶᠢᠭᠤᠯᠵᠥ᠂ ᠵᠠᠷᠭᠤ ᠶᠢᠨ ᠡᠶᠡᠳᠡᠭᠦᠯᠭᠦ ᠪᠠ ᠠᠷᠠᠳ ᠤᠨ ᠡᠶᠡᠳᠡᠭᠦᠯᠭᠦ ᠶᠢᠨ | ᠠᠪᠤᠴᠠᠯᠳᠤᠬᠤ ᠶᠢ ᠠᠬᠢᠭᠤᠯᠤᠨ᠂ ᠢᠳᠡᠪᠬᠢᠳᠠᠢ ᠪᠠᠷ ᠵᠦᠷᠢᠴᠡᠯ ᠮᠦᠷᠭᠦᠯᠳᠦᠭᠡᠨ ᠢ ᠨᠠᠮᠳᠠᠭᠤᠯᠤᠨ ᠬᠠᠥᠯᠢ | ᠴᠠᠭᠠᠵᠠ ᠶᠢᠨ ᠲᠡᠳᠭᠦᠭᠦ ᠬᠦᠴᠦᠯᠡᠴᠡ ᠪᠠᠨ ᠨᠡᠮᠡᠭᠳᠡᠭᠦᠯᠵᠥ᠂ ᠲᠡᠳᠭᠦᠭᠦ ᠪᠡᠯᠨ ᠮᠦᠩᠭᠦ ᠶᠢ ᠢᠳᠡᠪᠬᠢᠳᠡᠢ | ᠨᠠᠶᠢᠳᠠᠪᠦᠷᠢᠵᠢᠭᠤᠯᠤᠨ᠎ᠠ᠃ | ᠲᠦᠷᠪᠡ᠂ ᠡᠩᠨᠡᠭᠡᠨ ᠤ ᠬᠠᠥᠯᠢ ᠭᠡᠷᠡᠭᠵᠢᠭᠦᠯᠭᠦ ᠴᠢᠳᠠᠪᠦᠷᠢ ᠪᠠ ᠭᠡᠪ ᠰᠤᠷᠳᠠᠯ ᠤᠨ ᠪᠠᠶᠢᠭᠤᠯᠤᠯᠳᠠ ᠶᠢ | ᠴᠢᠩᠭᠠᠳᠬᠠᠨ᠎ᠠ᠃ ︽ᠠᠷᠠᠳ ᠤᠨ ᠰᠢᠭᠦᠭᠴᠢ ᠠᠷᠠᠳ ᠲᠦᠮᠡᠨ ᠤ ᠲᠦᠯᠦᠭᠡ︾ ᠭᠤᠤᠯ ᠰᠡᠳᠦᠪᠳᠦ | ᠦᠢᠯᠡᠳᠦᠯᠭᠡᠵᠢᠭᠦᠯᠭᠦ ᠬᠦᠳᠡᠯᠭᠡᠭᠡᠨ ᠪᠠ ᠬᠠᠥᠯᠢ ᠭᠡᠷᠡᠭᠵᠢᠭᠦᠯᠭᠦ ᠭᠡᠪ ᠰᠤᠷᠳᠠᠯ ᠢ ᠶᠡᠭᠡᠪᠡᠷ ᠪᠠᠶᠢᠴᠠᠭᠠᠬᠤ ᠬᠦᠳᠡᠯᠭᠡᠭᠡᠨ ᠢ | ᠦᠷᠭᠦᠯᠵᠢᠯᠡᠨ ᠬᠦᠨᠵᠡᠭᠡᠢ ᠦᠷᠨᠢᠭᠦᠯᠵᠥ᠂ ᠡᠩᠨᠡᠭᠡᠨ ᠤ ᠦᠵᠡᠯ ᠰᠠᠨᠠᠭᠠᠨ ᠤ ᠪᠦᠳᠦᠭᠡᠨ ᠪᠠᠶᠢᠭᠤᠯᠤᠯᠳᠠ᠂ ᠵᠤᠬᠢᠶᠠᠨ | ᠪᠠᠶᠢᠭᠤᠯᠤᠯᠳᠠ ᠶᠢᠨ ᠪᠦᠳᠦᠭᠡᠨ ᠪᠠᠶᠢᠭᠤᠯᠤᠯᠳᠠ᠂ ᠴᠢᠳᠠᠪᠤᠷᠢ ᠶᠢᠨ ᠪᠦᠳᠦᠭᠡᠨ ᠪᠠᠶᠢᠭᠤᠯᠤᠯᠳᠠ᠂ ᠭᠡᠪ ᠰᠤᠷᠳᠠᠯ ᠤᠨ | ᠪᠦᠳᠦᠭᠡᠨ ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ | ᠰᠡᠷᠡᠮᠵᠢᠯᠡᠯ ᠤᠨ ᠰᠤᠷᠭᠠᠨ ᠬᠦᠮᠦᠵᠢᠯ ᠢ ᠭᠦᠨᠵᠡᠭᠡᠶᠢᠷᠡᠭᠦᠯᠦᠨ᠂ ᠬᠠᠮᠤᠭ ᠲᠡᠭᠡᠳᠦ ᠰᠢᠭᠦᠭᠦ ᠬᠤᠷᠢᠶᠠᠨ ᠤ ︽ᠲᠠᠪᠤ ᠶᠢ | ᠡᠷᠡᠰ ᠴᠠᠭᠠᠵᠢᠯᠠᠬᠤ︾ ᠲᠤᠭᠳᠠᠭᠠᠯ ᠢ ᠴᠢᠩᠭ᠎ᠠ ᠬᠦᠢᠴᠡᠳᠭᠡᠨ᠂ ᠠᠷᠭ᠎ᠠ ᠭᠡᠯᠪᠡᠷᠢ ᠪᠠᠨ ᠰᠢᠨᠡᠳᠭᠡᠨ᠂ ᠰᠢᠭᠦᠭᠴᠢᠳ ᠤᠨ | ᠠᠷᠠᠳ ᠲᠦᠮᠡᠨᠴᠢ ᠦᠵᠡᠯᠳᠡ ᠶᠢ ᠴᠢᠩᠭᠠᠳᠬᠠᠵᠤ᠂ ᠠᠷᠠᠳ ᠢ ᠬᠠᠯᠠᠮᠵᠢᠯᠠᠬᠤ᠂ ᠠᠷᠠᠳ ᠢ ᠬᠠᠶᠢᠷᠠᠯᠠᠬᠤ᠂ ᠠᠷᠠᠳ ᠤᠨ | ᠲᠥᠯᠥᠭᠡ ᠭᠡᠰᠡᠨ ᠢ ᠰᠢᠭᠦᠭᠴᠢᠳ ᠤᠨ ᠤᠬᠠᠮᠰᠠᠷᠲᠤ ᠬᠥᠳᠡᠯᠭᠡᠭᠡᠨ ᠪᠣᠯᠭᠠᠨ᠎ᠠ᠃ ᠤᠯᠠᠨ ᠲᠦᠮᠡᠨ ᠲᠠᠢ ᠬᠠᠷᠢᠯᠴᠠᠬᠤ | ᠲᠦᠷᠢᠮ ᠢ ᠪᠦᠷᠢᠨᠰᠢᠭᠦᠯᠵᠥ᠂ ᠠᠷᠠᠳ ᠤᠯᠠᠨ ᠤ ᠰᠠᠨᠠᠯ ᠢ ᠰᠤᠨᠤᠰᠤᠨ ᠭᠡᠪ ᠰᠤᠷᠳᠠᠯ ᠲᠦᠪ ᠭᠤᠤᠯᠴᠢ᠂ ᠠᠯᠪᠠᠨ ᠤ | ᠲᠦᠯᠦᠭᠡ ᠠᠷᠢᠭᠤᠨ ᠴᠢᠭᠡᠴᠢ ᠪᠠᠷ ᠵᠢᠳᠭᠦᠭᠦ ᠤᠬᠢ ᠰᠠᠶᠢᠨ ᠠᠵᠢᠯ ᠤᠨ ᠪᠠᠶᠢᠳᠠᠯ ᠢ ᠴᠤᠭᠴᠠᠯᠠᠵᠥ᠂ ᠡᠩᠨᠡᠭᠡᠨ ᠤ | ᠪᠦᠳᠦᠭᠡᠨ ᠪᠠᠶᠢᠭᠤᠯᠤᠯᠳᠠ ᠪᠠᠷ ᠰᠢᠭᠦᠨ ᠲᠠᠰᠤᠯᠬᠤ ᠠᠵᠢᠯ ᠢ ᠠᠬᠢᠭᠤᠯᠤᠨ᠂ ᠰᠢᠭᠦᠭᠦ ᠬᠤᠷᠢᠶᠠᠨ ᠤ ᠲᠦᠪ | ᠭᠤᠤᠯᠴᠢ ᠪᠠᠷ ᠬᠠᠥᠯᠢ ᠭᠡᠷᠡᠭᠵᠢᠭᠦᠯᠭᠦ ᠤᠬᠢ ᠰᠠᠶᠢᠨ ᠲᠦᠷᠢ ᠲᠦᠷᠭᠦ ᠶᠢ ᠪᠤᠢ ᠪᠤᠯᠭᠠᠨ᠎ᠠ᠃ | ᠲᠠᠪᠤ᠂ ᠰᠠᠭᠤᠷᠢ ᠠᠵᠢᠯ ᠤᠨ ᠬᠢᠷᠢ ᠭᠡᠮᠵᠢᠶ᠎ᠡ ᠪᠠᠨ ᠲᠡᠭᠡᠭᠰᠢᠯᠡᠭᠦᠯᠦᠨ᠎ᠡ᠃ ᠭᠡᠷᠡᠭ ᠢ ᠬᠢᠨᠠᠨ ᠪᠠᠶᠢᠴᠠᠭᠠᠵᠤ | ᠲᠤᠩᠬᠠᠭᠯᠠᠬᠤ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠪᠠᠶᠢᠭᠤᠯᠵᠤ᠂ ᠭᠡᠷᠡᠭ ᠢ ᠨᠢ ᠰᠢᠢᠳᠪᠦᠷᠢᠯᠡᠵᠥ | ᠤᠴᠢᠷ ᠢ ᠨᠢ ᠳᠠᠭᠤᠰᠬᠠᠬᠤ ᠲᠡᠭᠡᠷ᠎ᠡ ᠬᠦᠴᠦ ᠲᠠᠯᠪᠢᠨ᠂ ᠡᠶᠡᠳᠡᠭᠦᠯᠭᠦ ᠠᠵᠢᠯ ᠢᠶᠠᠨ ᠭᠡᠷᠡᠭ ᠪᠤᠯᠭᠠᠨ ᠲᠠᠩᠰᠠᠯᠠᠬᠤ᠂ | ᠰᠢᠭᠦᠭᠦ᠂ ᠬᠦᠢᠴᠡᠳᠭᠡᠭᠦ᠂ ᠭᠤᠮᠤᠳᠠᠯ ᠲᠤᠭᠠᠴᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠡᠯ᠎ᠡ ᠭᠤᠭᠴᠤᠭ᠎ᠠ ᠳᠤ | ᠶᠠᠪᠤᠭᠳᠠᠭᠤᠯᠵᠥ᠂ ᠵᠦᠷᠢᠴᠡᠯ ᠮᠦᠷᠭᠦᠯᠳᠦᠭᠡᠨ ᠢ ᠴᠢᠷᠮᠠᠶᠢᠨ ᠨᠠᠮᠳᠠᠭᠤᠯᠥᠭᠠᠳ ︽ᠲᠠᠬᠢᠵᠥ ᠰᠢᠭᠦᠯᠭᠡᠭᠰᠡᠨ ᠦᠭᠡᠢ᠂ | ᠰᠢᠭᠦᠨ ᠲᠠᠰᠤᠯᠤᠯᠳᠠ ᠶᠢ ᠬᠤᠪᠢᠷᠠᠭᠤᠯᠤᠭᠰᠠᠨ ᠦᠭᠡᠢ᠂ ᠬᠢᠵᠠᠭᠠᠷᠳᠤ ᠬᠤᠭᠤᠴᠠᠭᠠᠨ ᠠᠴᠠ ᠭᠡᠳᠦᠷᠡᠭᠰᠡᠨ ᠦᠭᠡᠢ᠂ | ᠲᠡᠭᠡᠭᠰᠢ ᠰᠤᠷᠪᠤᠯᠵᠢᠯᠠᠬᠤ ᠪᠠᠶᠢᠬᠤ ᠦᠭᠡᠢ︾ ᠬᠠᠷᠠᠯᠳᠠᠳᠥ ᠬᠠᠷᠢᠭᠤᠴᠠᠯᠭ᠎ᠠ ᠶᠢ ᠪᠡᠶᠡᠯᠡᠭᠦᠯᠦᠨ᠎ᠡ᠃ ᠮᠡᠳᠡᠭᠡ | ᠵᠠᠩᠭᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠥ᠂ ︽ᠳ᠋ᠢᠬᠢᠲ ᠰᠢᠭᠦᠭᠦ ᠲᠢᠩᠬᠢᠮ︾ ᠢ ᠠᠰᠢᠭᠯᠠᠬᠤ | ᠪᠤᠯᠪᠠᠰᠤᠷᠠᠯ ᠤᠨ ᠠᠵᠢᠯ ᠢ ᠠᠬᠢᠭᠤᠯᠤᠨ᠎ᠠ᠃ | ᠵᠢᠷᠭᠤᠭ᠎ᠠ᠂ ᠰᠠᠨᠠᠭᠠᠴᠢᠯᠠᠭ᠎ᠠ ᠠᠴᠠ ᠪᠠᠨ ᠬᠢᠨᠠᠯᠳᠠ ᠶᠢ ᠬᠦᠯᠢᠶᠡᠭᠦ ᠤᠬᠠᠮᠰᠠᠷ ᠢᠶᠠᠨ ᠴᠢᠩᠭᠠᠳᠬᠠᠨ᠎ᠠ᠃ | ᠲᠤᠭᠳᠠᠭᠰᠠᠨ ᠬᠤᠭᠤᠴᠠᠭ᠎ᠠ ᠲᠠᠢ ᠨᠠᠮ ᠤᠨ ᠬᠤᠷᠢᠶ᠎ᠠ ᠪᠠ ᠠᠷᠠᠳ ᠤᠨ ᠲᠥᠯᠥᠭᠡᠯᠡᠭᠴᠢ ᠶᠢᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠳᠤ ᠠᠵᠢᠯ ᠢᠶᠠᠨ ᠮᠡᠳᠡᠭᠦᠯᠭᠦ ᠲᠦᠷᠢᠮ ᠢ ᠤᠯᠠᠮ ᠨᠢᠭᠡ ᠠᠯᠬᠤᠮ ᠨᠠᠶᠢᠳᠠᠪᠦᠷᠢᠵᠢᠭᠤᠯᠵᠤ᠂ | ᠠᠷᠠᠳ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠲᠠᠢ ᠬᠠᠷᠢᠯᠴᠠᠬᠤ ᠪᠠᠨ ᠴᠢᠩᠭᠠᠳᠬᠠᠨ᠂ | ᠲᠦᠯᠦᠭᠡᠯᠡᠭᠴᠢ ᠭᠡᠰᠢᠭᠦᠳ ᠢ ᠢᠳᠡᠪᠬᠢᠳᠠᠢ ᠤᠷᠢᠨ ᠲᠢᠩᠬᠢᠮ ᠤᠨ ᠰᠢᠭᠦᠯᠳᠡ ᠶᠢᠨ ᠦᠵᠡᠭᠦᠯᠦᠯᠭᠡ ᠪᠠ ᠰᠢᠭᠦᠭᠦ | ᠬᠤᠷᠢᠶ᠎ᠠ ᠶᠢ ᠪᠠᠶᠢᠴᠠᠭᠠᠨ ᠦᠵᠡᠭᠦᠯᠵᠤ᠂ ᠨᠠᠮ ᠤᠨ ᠤᠳᠤᠷᠢᠳᠤᠯᠭ᠎ᠠ ᠶᠢ ᠴᠢᠩᠭ᠎ᠠ ᠲᠦᠰᠢᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠤ᠂ ᠰᠠᠨᠠᠯ ᠵᠦᠪᠯᠡᠯᠭᠡ ᠶᠢ ᠦᠷᠭᠡᠨ ᠰᠤᠨᠤᠰᠤᠨ᠂ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠰᠢᠭᠦᠭᠦ | ᠬᠤᠷᠢᠶᠠᠨ ᠤ ᠪᠠᠨ ᠬᠠᠥᠯᠢ ᠶᠤᠰᠤᠭᠠᠷ ᠵᠦᠪ ᠤᠨᠤᠪᠴᠢᠳᠠᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠶᠢ | ᠪᠠᠳᠤᠯᠠᠨ᠎ᠠ᠃ | ᠲᠦᠯᠦᠭᠡᠯᠡᠭᠴᠢᠳ ᠡ︕ ᠰᠢᠨ᠎ᠡ ᠪᠠᠶᠢᠳᠠᠯ᠂ ᠰᠢᠨ᠎ᠡ ᠡᠭᠦᠷᠭᠡ ᠳᠤ ᠬᠠᠨᠳᠤᠨ᠂ ᠮᠠᠨ ᠤ ᠬᠤᠷᠢᠶ᠎ᠠ ᠨᠠᠮ ᠤᠨ | ᠬᠤᠷᠢᠶᠠᠨ ᠤ ᠡᠷᠡᠰ ᠤᠳᠤᠷᠢᠳᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠪᠠ ᠲᠡᠭᠡᠳᠦ ᠱᠠᠳᠤᠨ ᠤ ᠰᠢᠭᠦᠭᠦ ᠬᠤᠷᠢᠶ᠎ᠠ ᠶᠢᠨ ᠬᠢᠨᠠᠯᠳᠠ ᠵᠢᠯᠤᠭᠤᠳᠤᠯᠭ᠎ᠠ ᠲᠤᠤᠷ᠎ᠠ᠂ ᠦᠨᠳᠦᠰᠦᠨ ᠬᠠᠥᠯᠢ | ᠪᠠ ᠬᠠᠥᠯᠢ ᠴᠠᠭᠠᠵᠠ ᠠᠴᠠ ᠤᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠥ᠂ ᠤᠯᠠᠮ | ᠨᠢᠭᠡ ᠠᠯᠬᠤᠮ ᠰᠢᠨ᠎ᠡ ᠶᠢ ᠡᠭᠦᠳᠴᠤ᠂ ᠯᠠᠪᠳᠠᠭᠤᠨ ᠪᠠᠳᠤᠳᠠᠢ ᠪᠠᠷ ᠴᠢᠷᠮᠠᠶᠢᠨ ᠠᠵᠢᠯᠯᠠᠵᠥ᠂ ᠮᠠᠨ ᠤ | ᠬᠤᠰᠢᠭᠤᠨ ᠤ ᠪᠠᠨ ᠠᠵᠥ ᠠᠬᠤᠢ᠂ ᠨᠡᠶᠢᠭᠡᠮ ᠤᠨ ᠨᠡᠩ ᠰᠠᠶᠢᠨ ᠨᠡᠩ ᠲᠦᠷᠭᠡᠨ ᠢᠶᠠᠷ ᠬᠦᠭᠵᠢᠭᠦ ᠳᠤ ᠤᠯᠠᠮ ᠴᠢᠩᠭ᠎ᠠ | ᠬᠠᠥᠯᠢ ᠴᠠᠭᠠᠵᠠ ᠶᠢᠨ ᠪᠠᠳᠤᠯᠠᠭ᠎ᠠ ᠶᠢ ᠬᠠᠩᠭᠠᠬᠤ ᠪᠠᠷ ᠵᠤᠷᠢᠭ ᠰᠢᠭᠤᠳᠴᠥ ᠪᠠᠶᠢᠨ᠎ᠠ᠃ |