ᠵᠠᠰᠠᠭ ᠤᠨ ᠤᠷᠳᠤᠨ ᠤ ᠠᠵᠢᠯ ᠤᠨ ᠢᠯᠡᠳᠬᠡᠯ | — ᠰᠦᠨᠢᠳ ᠵᠡᠬᠦᠨ ᠬᠤᠰᠢᠭᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠲᠦᠷᠪᠡᠳᠣᠭᠡᠷ ᠤᠳᠠᠭᠠᠨ ᠤ ᠬᠤᠷᠠᠯ ᠲᠡᠬᠡᠷ᠎ᠡ | ᠬᠤᠰᠢᠭᠤ ᠵᠠᠰᠠᠭ ᠤᠨ ᠤᠷᠳᠤᠨ ᠤ ᠬᠤᠰᠢᠭᠤ ᠲᠠᠷᠤᠭ᠎ᠠ ᠪᠠᠢ ᠶᠦᠩ ᠴᠦᠨ | ︵2010 ᠤᠨ ᠤ 3 ᠰᠠᠷ᠎ᠠ ᠶᠢᠨ 17 ᠤ ᠡᠳᠦᠷ︶ | | ᠲᠦᠯᠦᠬᠡᠯᠡᠭᠴᠢᠳ ᠡ᠄ | ᠤᠳᠤ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠬᠦᠯᠦᠶ᠎ᠡ᠂ ᠬᠢᠨᠠᠨ ᠵᠦᠪᠯᠡᠬᠦ ᠪᠤᠯᠪᠠᠤ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠬᠤᠷᠠᠯ ᠳᠤ | ᠰᠤᠯᠨ ᠤᠷᠤᠯᠴᠠᠭᠰᠠᠳ ᠰᠠᠨᠠᠯ ᠢᠶᠠᠨ ᠲᠤᠷᠠᠳᠬᠤ ᠪᠤᠯᠪᠠᠤ︕ | ᠨᠢᠭᠡ᠂ 2009 ᠤᠨ ᠤ ᠠᠵᠢᠯ ᠤᠨ ᠡᠷᠬᠢᠴᠡᠭᠦᠯᠦᠯ | 2009 ᠤᠨ ᠳᠤ ᠨᠠᠷᠢᠨ ᠪᠤᠳᠤᠯᠢᠶᠠᠨᠳᠦ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠲᠤᠤᠷ᠎ᠠ᠂ | ᠬᠤᠰᠢᠭᠤ ᠵᠠᠰᠠᠭ ᠤᠨ ᠤᠷᠳᠤᠨ ᠨᠢ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ | ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠬᠤᠰᠢᠭᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠲᠤᠤᠷ᠎ᠠ᠂ | ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳᠠᠷ ᠣᠯᠠᠨ ᠲᠦᠮᠡᠨ ᠢ ᠪᠦᠯᠭᠦᠮᠳᠡᠬᠦᠯᠦᠨ ᠲᠠᠶᠢᠴᠢᠯᠠᠵᠤ᠂ ᠰᠢᠨᠵᠢᠯᠡᠬᠦ | ᠤᠬᠠᠭᠠᠨᠴᠢ ᠬᠦᠭᠵᠢᠯᠳᠡ ᠶᠢᠨ ᠦᠵᠡᠯᠳᠡ ᠶᠢ ᠥᠢᠯᠡᠳᠣᠯᠭᠡᠵᠢᠭᠦᠯᠣᠨ᠂ ᠨᠠᠮ ᠤᠨ ᠲᠦᠪ ᠬᠤᠷᠢᠶ᠎ᠠ ᠪᠠ ᠥᠪᠡᠷᠳᠡᠭᠡᠨ | ᠵᠠᠰᠠᠬᠤ ᠤᠷᠤᠨ ᠤ ︽ᠨᠡᠮᠡᠭᠳᠡᠯ ᠢ ᠪᠠᠳᠤᠯᠠᠵᠤ᠂ ᠲᠤᠳᠤᠭᠠᠳᠤ ᠬᠡᠷᠡᠭᠴᠡᠭᠡ ᠶᠢ ᠦᠷᠬᠡᠳᠭᠡᠨ᠂ ᠪᠦᠳᠦᠴᠡ ᠳᠤ | ᠲᠤᠬᠢᠷᠠᠭᠤᠯᠤᠯᠳᠠ ᠬᠢᠬᠦ︾ ᠰᠢᠢᠳᠪᠣᠷᠢᠳᠣ ᠪᠤᠳᠤᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ︽ᠵᠢᠷᠭᠤᠭ᠎ᠠ ᠶᠢ ᠠᠳᠬᠤᠵᠣ᠂ ᠵᠢᠷᠭᠤᠭ᠎ᠠ ᠶᠢ ᠪᠠᠳᠣᠯᠠᠬᠤ︾ ︵ᠲᠦᠷᠦᠯ ᠵᠦᠢᠯ ᠢ ᠠᠳᠬᠤᠨ ᠭᠤᠤᠯᠳᠠᠯᠭ᠎ᠠ ᠶᠢ | ᠪᠠᠳᠣᠯᠠᠬᠤ᠂ ᠬᠡᠷᠡᠭᠵᠢᠬᠦᠯᠦᠯᠳᠡ ᠶᠢ ᠠᠳᠬᠤᠨ ᠦᠷ᠎ᠡ ᠠᠰᠢᠭ ᠢ ᠪᠠᠳᠣᠯᠠᠬᠤ᠂ ᠠᠵᠢᠯ ᠡᠬᠢᠯᠡᠬᠦ ᠶᠢ ᠠᠳᠬᠤᠨ | ᠨᠡᠮᠡᠭᠳᠡᠯ ᠢ ᠪᠠᠳᠣᠯᠠᠬᠤ᠂ ᠤᠷᠤᠯᠭ᠎ᠠ ᠶᠢ ᠠᠳᠬᠤᠨ ᠵᠠᠷᠤᠯᠭ᠎ᠠ ᠶᠢ ᠪᠠᠳᠣᠯᠠᠬᠤ᠂ ᠠᠷᠠᠳ ᠤᠨ ᠠᠮᠢᠳᠤᠷᠠᠯ ᠢ ᠠᠳᠬᠤᠨ | ᠲᠤᠭᠳᠠᠭᠤᠨ ᠢ ᠪᠠᠳᠣᠯᠠᠬᠤ᠂ ᠨᠠᠶᠢᠳᠠᠪᠤᠷᠢᠵᠢᠭᠤᠯᠤᠯᠳᠠ ᠶᠢ ᠠᠳᠬᠤᠨ ᠬᠠᠷᠠᠯᠳᠠ ᠪᠠᠨ ᠪᠠᠳᠤᠯᠠᠬᠤ︶ ᠶᠢ ᠴᠢᠩᠭ᠎ᠠ | ᠪᠠᠷᠢᠮᠳᠠᠯᠠᠨ᠂ ᠤᠷᠢᠳ ᠡᠮᠦᠨ᠎ᠡ ᠪᠠᠶᠢᠭ᠎ᠠ ᠦᠬᠡᠢ ᠬᠠᠳᠠᠭᠤ ᠰᠢᠯᠭᠠᠯᠳᠠ ᠪᠣᠯᠣᠨ ᠥᠷᠢᠰᠣᠯᠳᠣᠭᠡᠨ ᠢ ᠲᠣᠭᠤᠯᠵᠣ᠂ | ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠲᠤᠭᠳᠠᠭᠤᠨ ᠪᠦᠬᠡᠳ ᠨᠡᠯᠢᠶᠡᠳ ᠲᠦᠷᠬᠡᠨ ᠬᠦᠭᠵᠢᠯᠳᠠ ᠶᠢᠨ | ᠬᠠᠷᠠᠯᠳᠠ ᠶᠢ ᠪᠡᠶᠡᠯᠡᠬᠦᠯᠦᠭᠰᠡᠨ ᠪᠠᠶᠢᠨ᠎ᠠ᠃ | ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠭᠬᠡᠢ ᠦᠷᠳᠡᠭ 24.87 ᠳ᠋ᠦᠩᠰᠢᠭᠤᠷ ᠲᠦᠬᠦᠷᠢᠭ ᠲᠤ | ᠬᠦᠷᠴᠦ᠂ 21.1% ᠪᠠᠷ ᠨᠡᠮᠡᠭᠳᠡᠵᠠᠢ᠃ ᠡᠬᠦᠨᠳᠦ᠄ ᠨᠢᠬᠡᠳᠦᠬᠡᠷ ᠠᠵᠦ ᠦᠢᠯᠡᠰ ᠤᠨ ᠨᠡᠮᠡᠭᠳᠡᠯ ᠦᠷᠳᠡᠭ 2.6 | ᠳ᠋ᠦᠩᠰᠢᠭᠤᠷ ᠲᠦᠬᠦᠷᠢᠭ ᠲᠤ ᠬᠦᠷᠴᠦ᠂ 5.2% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠦᠷᠳᠡᠭ 17.72 ᠳ᠋ᠦᠩᠰᠢᠭᠤᠷ ᠲᠦᠬᠦᠷᠢᠭ ᠲᠤ ᠬᠦᠷᠴᠦ᠂ 21.6% ᠪᠠᠷ ᠨᠡᠮᠡᠭᠳᠡᠪᠡ᠃ ᠡᠬᠦᠨᠳᠤ᠄ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ 16.12 ᠳ᠋ᠦᠩᠰᠢᠭᠤᠷ ᠲᠦᠬᠦᠷᠢᠭ ᠲᠤ ᠬᠦᠷᠴᠤ᠂ 26.1% ᠪᠠᠷ | ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 4.55 ᠳ᠋ᠦᠩᠰᠢᠭᠤᠷ ᠲᠦᠬᠦᠷᠢᠭ ᠲᠤ ᠬᠦᠷᠴᠤ | 22% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠬᠠᠷᠢᠴᠠᠯ 2008 ᠤᠨ ᠤ 10.6᠄ 72.6᠄ 16.8 | ᠠᠴᠠ 10.4 : 71.3 : 18.3 ᠪᠤᠯᠤᠨ ᠬᠤᠪᠢᠷᠠᠪᠠ᠃ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ | 18.2 ᠳ᠋ᠦᠩᠰᠢᠭᠤᠷ ᠲᠦᠬᠦᠷᠢᠭ ᠢ ᠪᠡᠶᠡᠯᠡᠬᠦᠯᠪᠡ᠃ ᠪᠦᠬᠦ ᠵᠢᠯ ᠤᠨ ᠭᠠᠵᠠᠷ ᠤᠷᠤᠨ ᠤ ᠡᠳ᠋ ᠤᠨ ᠵᠠᠰᠠᠭ ᠤᠨ | ᠶᠡᠷᠦᠩᠬᠡᠢ ᠤᠷᠤᠯᠭ᠎ᠠ 16168 ᠲᠦᠮᠡᠨ ᠲᠦᠬᠦᠷᠢᠭ ᠲᠤ ᠬᠦᠷᠴᠣ᠂ 4.2% ᠪᠠᠷ ᠨᠡᠮᠡᠭᠳᠡᠪᠡ᠃ ᠡᠳ᠋ ᠤᠨ ᠵᠠᠰᠠᠭ | ᠤᠨ ᠶᠡᠷᠦᠩᠬᠡᠢ ᠵᠠᠷᠤᠯᠭ᠎ᠠ 60275 ᠲᠦᠮᠡᠨ ᠲᠦᠬᠦᠷᠢᠭ ᠲᠤ ᠬᠦᠷᠴᠤ᠂ 66% ᠪᠠᠷ ᠨᠡᠮᠡᠭᠳᠡᠪᠡ᠃ ᠮᠦᠩᠬᠦᠨ | ᠬᠦᠢᠯᠬᠡᠬᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠭᠳᠡᠯ 7.7 ᠳ᠋ᠦᠩᠰᠢᠭᠤᠷ ᠲᠦᠬᠦᠷᠢᠭ ᠲᠤ ᠬᠦᠷᠴᠤ᠂ | 24.2% ᠪᠠᠷ ᠨᠡᠮᠡᠭᠳᠡᠪᠡ᠃ ᠵᠢᠬᠡᠯᠡᠯᠬᠡ ᠶᠢᠨ ᠦᠯᠡᠳᠡᠭᠳᠡᠯ ᠲᠤᠭ᠎ᠠ 2.4 ᠳ᠋ᠦᠩᠰᠢᠭᠤᠷ ᠲᠦᠬᠦᠷᠢᠭ ᠲᠤ ᠬᠦᠷᠴᠤ᠂ | 20% ᠪᠠᠷ ᠨᠡᠮᠡᠭᠳᠡᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠳᠡᠭᠰᠢᠳᠭᠡᠭᠰᠡᠨ | ᠡᠵᠡᠮᠳᠡᠵᠤ ᠪᠣᠯᠬᠤᠶᠢᠴᠠ ᠤᠷᠤᠯᠭ᠎ᠠ 13750 ᠲᠦᠬᠦᠷᠢᠭ ᠲᠤ ᠬᠦᠷᠴᠤ 14.5% ᠪᠠᠷ ᠨᠡᠮᠡᠭᠳᠡᠪᠡ᠃ ᠮᠠᠯᠴᠢᠳ | ᠤᠨ ᠬᠦᠮᠦᠨ ᠪᠦᠷᠢ ᠳᠤ ᠲᠡᠭᠰᠢᠳᠬᠡᠭᠰᠡᠨ ᠴᠡᠪᠡᠷ ᠤᠷᠤᠯᠭ᠎ᠠ 5206 ᠲᠦᠬᠦᠷᠢᠭ ᠲᠤ ᠬᠦᠷᠴᠤ 12.9 % ᠪᠠᠷ | ᠨᠡᠮᠡᠭᠳᠡᠪᠡ᠃ | ︵ᠨᠢᠬᠡ︶ ᠮᠠᠯᠵᠢᠬᠤ ᠤᠷᠤᠨ ᠤ ᠠᠵᠢᠯ ᠯᠠᠪᠳᠠᠭᠤᠨ ᠢᠶᠠᠷ ᠬᠦᠭᠵᠢᠵᠤ᠂ ᠰᠠᠭᠤᠷᠢ ᠤᠯᠠᠮ ᠪᠠᠬᠢᠵᠢᠪᠡ᠃ ᠮᠠᠯ | ᠠᠵᠤ ᠠᠬᠤᠢ ᠶᠢᠨ ᠪᠦᠳᠦᠴᠡ ᠶᠢ ᠲᠤᠬᠢᠷᠠᠭᠤᠯᠬᠤ᠂ ᠮᠠᠯ ᠪᠡᠯᠴᠢᠬᠡᠷ ᠤᠨ ᠲᠡᠩᠴᠡᠬᠦᠷᠢᠰᠢᠯ᠂ ᠨᠣᠳᠤᠭ ᠪᠡᠯᠴᠢᠬᠡᠷ ᠢ | ᠰᠢᠯᠵᠢᠭᠦᠯᠣᠨ ᠲᠠᠮᠵᠢᠭᠤᠯᠬᠤ᠂ ᠠᠮᠢ ᠠᠬᠤᠢ ᠶᠢᠨ ᠪᠦᠳᠣᠭᠡᠨ ᠪᠠᠶᠢᠭᠤᠯᠤᠯᠳᠠ ᠪᠠ ᠦᠷ᠎ᠠ ᠶᠢᠨ ᠮᠠᠯ᠂ ᠲᠡᠮᠤᠷ ᠮᠠᠯ | ᠤᠨ ᠬᠠᠮᠢᠶᠠᠷᠤᠯᠳᠠ ᠵᠡᠷᠬᠡ ᠮᠠᠯᠵᠢᠬᠤ ᠤᠷᠤᠨ ᠤ ᠠᠵᠢᠯ ᠤᠨ ᠲᠠᠯ᠎ᠠ ᠪᠠᠷ ᠬᠢ ᠲᠤᠯᠤᠭᠠᠨ ᠵᠢᠯᠤᠭᠤᠳᠬᠤ ᠰᠠᠨᠠᠯ ᠪᠠ | ᠠᠷᠭ᠎ᠠ ᠶᠢ ᠲᠤᠭᠳᠠᠭᠠᠵᠤ᠂ ᠮᠠᠯᠵᠢᠬᠤ ᠤᠷᠤᠨ ᠤ ᠦᠬᠡᠷᠡᠴᠢᠯᠡᠯᠳᠡ ᠬᠦᠭᠵᠢᠯᠳᠡ ᠶᠢ ᠲᠦᠯᠬᠢᠨ ᠠᠬᠢᠭᠤᠯᠬᠤ ᠳᠤ | ᠰᠠᠭᠤᠷᠢ ᠲᠠᠯᠪᠢᠭᠰᠠᠨ ᠪᠠᠶᠢᠨ᠎ᠠ᠃ ︽ᠡᠮᠦᠨ᠎ᠠ ᠬᠡᠰᠡᠭ ᠲᠤ ᠡᠯᠡᠰᠦ ᠶᠢ ᠵᠠᠰᠠᠵᠤ᠂ ᠬᠤᠶᠢᠨ᠎ᠠ ᠬᠡᠰᠡᠭ ᠲᠤ | ᠪᠢᠳᠡᠬᠦᠮᠵᠢᠯᠡᠨ ᠰᠢᠯᠵᠢᠬᠦᠯᠬᠦ᠂ ᠲᠤᠮᠳᠠ ᠬᠡᠰᠡᠭ ᠲᠤ ᠲᠤᠭᠤᠷᠢᠭ ᠬᠤᠪᠢᠶᠠᠨ ᠰᠡᠯᠬᠦᠨ ᠮᠠᠯᠵᠢᠬᠤ︾ ᠪᠠ ︽ᠡᠮᠦᠨ᠎ᠠ | ᠬᠡᠰᠡᠭ ᠲᠤ ᠦᠬᠡᠷ᠂ ᠬᠤᠶᠢᠨ᠎ᠠ ᠬᠡᠰᠡᠭ ᠲᠤ ᠬᠤᠨᠢ ᠮᠠᠯᠵᠢᠬᠤ︾ ᠪᠦᠳᠦᠴᠡ ᠶᠢᠨ ᠲᠤᠬᠢᠷᠠᠭᠤᠯᠤᠯᠳᠠ ᠶᠢᠨ | ᠱᠠᠭᠠᠷᠳᠠᠯᠭ᠎ᠠ ᠶᠤᠰᠤᠭᠠᠷ᠂ ︽ᠰᠢᠯᠵᠢᠬᠦᠯᠦᠯᠳᠡ ᠬᠤᠪᠢᠷᠠᠭᠤᠯᠤᠯᠳᠠ᠂ ᠬᠤᠤᠰ ᠠᠮᠵᠢᠯᠳᠠ︾ ᠶᠢ ᠯᠠᠪᠳᠠᠭᠤᠨ | ᠪᠠᠳᠤᠳᠠᠢ ᠲᠦᠯᠬᠢᠨ ᠠᠬᠢᠭᠤᠯᠵᠤ᠂ ︽ᠬᠦᠮᠦᠨ ᠠᠮᠠ ᠶᠢ ᠰᠢᠯᠵᠢᠭᠦᠯᠬᠦ᠂ ᠮᠠᠯ ᠢ ᠴᠦᠭᠡᠳᠭᠡᠭᠦ᠂ ᠠᠮᠢ ᠠᠬᠤᠢ ᠶᠢ | ᠰᠠᠶᠢᠵᠢᠷᠠᠭᠤᠯᠬᠤ᠂ ᠣᠷᠣᠯᠭ᠎ᠠ ᠶᠢ ᠨᠡᠮᠡᠭᠳᠡᠭᠦᠯᠬᠦ︾ ᠡᠯ᠎ᠠ ᠲᠦᠷᠦᠯ ᠤᠨ ᠠᠷᠭ᠎ᠠ ᠬᠡᠮᠵᠢᠶ᠎ᠠ ᠶᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠤ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠵᠢᠴᠢ | ᠮᠠᠯᠵᠢᠬᠤ ᠤᠷᠤᠨ ᠤ ᠡᠯ᠎ᠠ ᠲᠦᠷᠦᠯ ᠤᠨ ᠠᠵᠢᠯ ᠢᠯᠡᠳᠳᠠ ᠠᠮᠵᠢᠯᠳᠠ ᠤᠯᠤᠭᠰᠠᠨ ᠪᠠᠶᠢᠨ᠎ᠠ᠃ ᠮᠠᠯ ᠪᠡᠯᠴᠢᠬᠡᠷ ᠤᠨ | ᠲᠡᠩᠴᠡᠬᠦᠷᠢᠰᠢᠯ ᠪᠠ ᠨᠤᠳᠤᠭ ᠪᠡᠯᠴᠢᠬᠡᠷ ᠤᠨ ︽ᠭᠤᠷᠪᠠᠨ ᠮᠠᠯᠵᠢᠯ︾ ᠤᠨ ᠲᠦᠷᠢᠮ ᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠵᠤ᠂ ᠪᠡᠯᠴᠢᠭᠡᠷ ᠰᠡᠷᠭᠦᠭᠡᠭᠰᠡᠨ ᠲᠠᠯᠠᠪᠠᠢ ᠪᠦᠬᠦ ᠠᠰᠢᠭᠯᠠᠵᠤ ᠪᠤᠯᠬᠤ ᠪᠡᠯᠴᠢᠬᠡᠷ ᠢ ᠪᠦᠬᠦᠨ ᠢ | ᠬᠠᠮᠤᠷᠴᠤ᠂ ᠪᠠᠷᠢᠮᠵᠢᠶᠠᠵᠢᠭᠰᠠᠨ ᠲᠤᠭᠤᠷᠢᠭ ᠬᠤᠪᠢᠶᠠᠨ ᠰᠡᠯᠬᠦᠨ ᠮᠠᠯᠵᠢᠬᠤ ᠲᠠᠯᠠᠪᠠᠢ 2500 ᠲᠦᠮᠡᠨ ᠮᠤ᠋ ᠳᠤ | ᠬᠦᠷᠪᠡ᠃ ᠬᠢᠯᠢ ᠬᠢᠵᠠᠭᠠᠷ ᠤᠷᠤᠨ ᠤ ᠠᠮᠢ ᠠᠬᠤᠢ ᠶᠢᠨ ᠨᠡᠬᠦᠳᠡᠯ ᠠᠷᠠᠳ᠂ ᠬᠦᠮᠦᠨ ᠢ ᠰᠢᠯᠵᠢᠬᠦᠯᠦᠨ ᠪᠠᠯᠭᠠᠰᠤ ᠶᠢ | ᠦᠷᠬᠡᠳᠬᠡᠬᠦ ᠵᠡᠷᠬᠡ ᠲᠦᠷᠦᠯ ᠵᠦᠢᠯ ᠤᠨ ᠪᠡᠯᠡ ᠮᠦᠩᠬᠦ ᠶᠢ ᠵᠣᠬᠢᠴᠠᠭᠤᠯᠣᠨ᠂ ︽ᠠᠮᠢ ᠠᠬᠤᠢ ᠶᠢ ᠰᠡᠷᠬᠦᠬᠡᠨ | ᠪᠡᠯᠴᠢᠬᠡᠷᠯᠡᠬᠦᠯᠬᠦ ᠶᠢ ᠵᠤᠭᠰᠤᠭᠠᠬᠤ ᠤᠷᠤᠨ︾ ᠤ ᠪᠠᠶᠢᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠵᠤ᠂ | ᠮᠠᠯᠵᠢᠬᠤ ᠤᠷᠤᠨ ᠤ 600 ᠬᠦᠮᠦᠨ ᠠᠮᠠ ᠶᠢ ᠲᠣᠭᠳᠠᠭᠤᠨ ᠢᠶᠠᠷ ᠰᠢᠯᠵᠢᠬᠦᠯᠵᠤ᠂ ᠡᠭᠦᠨᠳᠣ ᠬᠢᠯᠢ ᠬᠢᠵᠠᠭᠠᠷ ᠤᠨ | ᠨᠡᠭᠦᠳᠠᠯ ᠠᠷᠠᠳ 218 ᠬᠦᠮᠦᠨ ᠪᠠᠶᠢᠵᠣ᠂ ᠤᠷᠳᠤ ᠬᠤᠭᠤᠴᠠᠭ᠎ᠠ ᠪᠠᠷ ᠪᠡᠯᠴᠢᠬᠡᠷᠯᠡᠬᠦᠯᠬᠦ ᠶᠢ ᠵᠤᠭᠰᠤᠭᠠᠭᠰᠠᠨ | ᠨᠣᠳᠤᠭ ᠪᠡᠯᠴᠢᠬᠡᠷ ᠤᠨ ᠲᠠᠯᠠᠪᠠᠢ 513 ᠲᠦᠮᠡᠨ ᠮᠤ᠋ ᠳᠤ ᠬᠦᠷᠪᠡ᠃ ᠠᠮᠢ ᠠᠬᠤᠢ ᠶᠢᠨ ᠪᠦᠳᠦᠬᠡᠨ ᠪᠠᠶᠢᠭᠤᠯᠤᠯᠳᠠ | ᠶᠢᠨ ᠲᠠᠯ᠎ᠠ ᠪᠠᠷ 2343 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠨᠢᠰᠬᠡᠯ ᠢᠶᠠᠷ ᠤᠶᠢᠵᠢᠭᠤᠯᠬᠤ 10 | ᠲᠦᠮᠡᠨ ᠮᠤ᠋᠂ ᠡᠯᠡᠰᠤ ᠶᠢ ᠪᠢᠳᠠᠭᠦᠮᠵᠢᠯᠡᠵᠣ ᠤᠶᠢᠵᠢᠭᠤᠯᠬᠤ 3 ᠲᠦᠮᠡᠨ ᠮᠤ᠋᠂ ᠲᠣᠣᠷᠯᠠᠨ ᠪᠢᠳᠡᠭᠦᠮᠵᠢᠯᠡᠬᠦ 8 ᠲᠦᠮᠡᠨ | ᠮᠤ᠋ ᠶᠢ ᠲᠤᠰ ᠲᠤᠰ ᠪᠡᠶᠡᠯᠡᠬᠦᠯᠪᠡ᠃ ᠮᠠᠯ ᠰᠦᠷᠦᠭ ᠤᠨ ᠪᠦᠳᠦᠴᠡ ᠶᠢ ᠤᠯᠠᠮ ᠨᠢᠬᠡ ᠠᠯᠬᠤᠮ ᠰᠢᠯᠢᠳᠡᠭᠵᠢᠬᠦᠯᠦᠨ᠂ | ᠲᠤᠮᠳᠠ ᠬᠤᠶᠢᠳᠤ ᠬᠡᠰᠡᠭ ᠲᠤ ᠰᠦᠨᠢᠳ ᠬᠤᠨᠢᠨ ᠤ ᠪᠠᠷᠢᠮᠵᠢᠶᠠᠳᠣ ᠰᠦᠷᠦᠭ 900 ᠶᠢ ᠲᠦᠷᠢᠮᠵᠢᠬᠦᠯᠦᠨ | ᠬᠠᠮᠢᠶᠠᠷᠴᠤ᠂ 2850 ᠲᠣᠯᠣᠭᠠᠢ ᠰᠦᠨᠢᠳ ᠬᠤᠷᠠᠭᠠᠨ ᠬᠤᠴᠠ ᠶᠢ ᠰᠤᠩᠭᠤᠨ ᠦᠯᠡᠳᠡᠭᠡᠵᠣ᠂ ᠲᠣᠯᠣᠭᠠᠢ | ᠪᠦᠷᠢ ᠳᠤ 100 ᠲᠦᠭᠦᠷᠢᠭ ᠤᠨ ᠨᠦᠬᠦᠪᠣᠷᠢ ᠣᠯᠭᠤᠪᠠ᠃ ᠡᠮᠣᠨ᠎ᠠ ᠬᠡᠰᠡᠭ ᠲᠤ ᠮᠢᠬᠠᠨ ᠦᠬᠡᠷ ᠲᠡᠵᠢᠬᠡᠨ | ᠦᠷᠡᠵᠢᠬᠦᠯᠬᠦ ᠦᠢᠯᠡᠰ ᠢ ᠭᠤᠤᠯᠳᠠᠯᠭ᠎ᠠ ᠲᠠᠢ ᠬᠦᠭᠵᠢᠬᠦᠯᠵᠤ᠂ 2160 ᠲᠤᠯᠤᠭᠠᠢ ᠦᠬᠡᠷ ᠲᠤ ᠢᠴᠡᠬᠡᠯ ᠦᠷ᠎ᠠ | ᠶᠢᠨ ᠬᠡᠬᠡᠯᠳᠦᠬᠦᠯᠬᠡ ᠬᠢᠵᠤ᠂ 2210 ᠲᠤᠯᠤᠭᠠᠢ ᠰᠢᠮᠧᠨ᠋ᠲᠷ ᠦᠬᠡᠷ ᠤᠷᠤᠭᠤᠯᠤᠨ᠂ ᠦᠬᠡᠷ ᠤᠨ ᠡᠭᠦᠯᠳᠠᠷ | ᠰᠠᠶᠢᠵᠢᠷᠠᠭᠤᠯᠣᠭᠰᠠᠨ ᠬᠠᠷᠢᠴᠠᠯ 88.7% ᠳᠤ ᠬᠦᠷᠪᠡ᠃ ᠮᠠᠯᠴᠢᠳ ᠢ ᠵᠤᠷᠢᠭᠵᠢᠭᠤᠯᠤᠨ ᠲᠠᠶᠢᠴᠢᠯᠠᠵᠤ᠂ ᠮᠠᠯ ᠤᠨ | ᠭᠠᠷᠭᠠᠯᠳᠠ ᠶᠢᠨ ᠬᠦᠴᠦᠯᠡᠴᠡ ᠪᠠᠨ ᠨᠡᠮᠡᠭᠳᠡᠬᠦᠯᠵᠤ᠂ ᠢᠮᠠᠭ᠎ᠠ ᠶᠢ ᠭᠤᠤᠯᠳᠠᠯᠭ᠎ᠠ ᠲᠠᠢ ᠴᠦᠭᠡᠳᠭᠡᠵᠣ᠂ ᠵᠢᠯ ᠤᠨ | ᠡᠴᠤᠰ ᠤᠨ ᠮᠠᠯ ᠤᠨ ᠬᠠᠰᠢᠯᠭ᠎ᠠ ᠳᠤ ᠦᠯᠡᠳᠡᠬᠡᠭᠰᠡᠨ ᠲᠤᠭ᠎ᠠ 63.8 ᠲᠦᠮᠡ ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 1.8 ᠲᠦᠮᠡᠨ ᠲᠤᠯᠤᠭᠠᠢ ᠬᠠᠰᠤᠭᠳᠠᠵᠤ᠂ ᠰᠢᠯᠢᠳᠡᠭ ᠡᠬᠦᠯᠳᠡᠷ ᠤᠨ ᠬᠠᠷᠢᠴᠠᠯ 94.6% ᠳᠤ ᠬᠦᠷᠪᠡ᠃ | 2 ᠲᠦᠮᠡᠨ ᠲᠡᠭᠰᠢ ᠲᠦᠷᠪᠡᠯᠵᠢᠨ ᠮᠧᠲᠷ ᠤᠨ ᠫᠧᠩ ᠬᠤᠷᠤᠭ᠎ᠠ᠂ 29 ᠠᠮᠠᠰᠠᠷ ᠬᠤᠳᠳᠤᠭ ᠢ ᠰᠢᠨ᠎ᠠ ᠪᠠᠷ | ᠪᠠᠶᠢᠭᠤᠯᠵᠤ᠂ ᠤᠰᠤ ᠠᠷᠪᠢᠯᠠᠨ ᠤᠰᠤᠯᠠᠬᠤ ᠰᠤᠪᠠᠭ 4 ᠺᠢᠯᠤᠮᠧᠲᠷ ᠲᠡᠪᠢᠰᠴᠤ᠂ ᠦᠨᠳᠤᠷ ᠤᠨᠠᠯᠳᠠᠳᠤ ᠡᠪᠡᠰᠤ | ᠪᠤᠷᠳᠤᠭ᠎ᠠ 2.5 ᠲᠦᠮᠡᠨ ᠮᠤ᠋ ᠲᠠᠷᠢᠵᠤ᠂ 1.23 ᠳ᠋ᠦᠩᠰᠢᠭᠤᠷ ᠺᠢᠯᠤᠭ᠍ᠷᠠᠮ ᠡᠪᠡᠰᠤ ᠬᠠᠳᠤᠵᠤ ᠨᠦᠭᠡᠴᠡᠯᠡᠪᠠ︔ | ᠮᠠᠯᠴᠢᠨ ᠡᠷᠣᠬᠡ ᠠᠴᠠ ᠰᠣᠶᠢᠳᠭᠡᠯ ᠬᠤᠷᠢᠶᠠᠬᠤ ᠦᠭᠡᠢ ᠪᠠᠷ ᠮᠠᠯ ᠤᠨ ᠬᠢᠵᠢᠭ ᠰᠡᠷᠭᠡᠶᠢᠯᠡᠬᠦ ᠠᠵᠢᠯ ᠢ ᠥᠷᠨᠢᠭᠦᠯᠵᠣ᠂ | ᠮᠠᠯ ᠤᠨ ᠬᠢᠵᠢᠭ ᠰᠡᠷᠬᠡᠶᠢᠯᠡᠬᠦ ᠲᠠᠷᠢᠯᠭ᠎ᠠ ᠶᠢᠨ ᠨᠢᠭᠳᠠᠴᠠ 100% ᠳᠤ ᠬᠦᠷᠪᠡ︔ ᠡᠳ᠋ ᠤᠨ ᠵᠠᠰᠠᠭ ᠠᠴᠠ 40 | ᠲᠦᠮᠡᠨ ᠲᠦᠬᠦᠷᠢᠭ ᠤᠨ ᠨᠦᠬᠦᠪᠣᠷᠢ ᠣᠯᠭᠤᠵᠣ᠂ 2 ᠠᠦ᠋ᠲᠴᠢᠯᠠᠭᠰᠠᠨ ᠴᠠᠭ ᠠᠭᠤᠷ ᠤᠨ ᠥᠷᠳᠡᠭᠡ ᠪᠣᠯᠣᠨ 4 | ᠪᠣᠷᠣᠭᠠᠨ ᠤ ᠪᠠᠶᠢᠳᠠᠯ ᠢ ᠬᠡᠮᠵᠢᠬᠦ ᠴᠢᠭ ᠢ ᠪᠠᠶᠢᠭᠤᠯᠵᠣ᠂ ᠴᠠᠭ ᠠᠭᠤᠷ ᠤᠨ ᠥᠢᠯᠡᠴᠢᠯᠡᠭᠡᠨ ᠤ ᠰᠢᠰᠲ᠋ᠧᠮ ᠢ | ᠲᠡᠭᠦᠯᠳᠠᠷᠵᠢᠭᠦᠯᠵᠣ᠂ ᠮᠠᠯ ᠠᠵᠤ ᠠᠬᠤᠢ ᠶᠢᠨ ᠭᠠᠮᠰᠢᠭ ᠠᠴᠠ ᠰᠡᠷᠬᠡᠶᠢᠯᠡᠵᠤ ᠭᠠᠮᠰᠢᠭ ᠢ ᠠᠷᠭᠠᠴᠠᠭᠠᠬᠤ ᠴᠢᠳᠠᠪᠦᠷᠢ | ᠤᠯᠠᠮ ᠨᠢᠬᠡ ᠠᠯᠬᠤᠮ ᠳᠡᠭᠡᠭᠰᠢᠯᠡᠪᠡ︔ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠰᠠᠭᠤᠷᠢ ᠤᠯᠠᠮ ᠨᠢᠬᠡ | ᠠᠯᠬᠤᠮ ᠪᠠᠬᠢᠵᠢᠵᠤ᠂ ᠤᠳᠤᠬᠠᠨ ᠳᠤ ᠨᠡᠶᠢᠳᠡ 17.6 ᠲᠦᠮᠡᠨ ᠲᠤᠯᠤᠭᠠᠢ ᠲᠡᠮᠤᠷ ᠮᠠᠯ᠂ 1189 ᠲᠦᠮᠡᠨ ᠮᠤ᠋ | ᠲᠡᠮᠤᠷ ᠮᠠᠯ ᠤᠨ ᠨᠤᠳᠤᠭ ᠲᠠᠢ ᠪᠠᠶᠢᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ 3 — 15 | ᠲᠦᠮᠡᠨ ᠲᠦᠬᠦᠷᠢᠭ ᠲᠤ ᠬᠦᠷᠪᠡ᠃ ︽ᠰᠢᠨ᠎ᠠ ᠮᠠᠯᠵᠢᠬᠤ ᠤᠷᠤᠨ ᠢ ᠪᠦᠳᠦᠬᠡᠨ ᠪᠠᠶᠢᠭᠤᠯᠵᠤ᠂ ᠰᠢᠨ᠎ᠠ ᠮᠠᠯᠴᠢᠨ | ᠡᠷᠦᠬᠡ ᠶᠢ ᠪᠤᠶᠢᠵᠢᠭᠤᠯᠵᠤ᠂ ᠰᠢᠨ᠎ᠠ ᠮᠠᠯᠴᠢᠨ ︵ᠰᠠᠭᠤᠭᠠᠯᠢ ᠠᠷᠠᠳ︶ ᠢ ᠬᠦᠮᠦᠵᠢᠬᠦᠯᠬᠦ︾ ᠭᠤᠤᠯᠳᠠᠯᠭᠠᠳᠤ | ᠬᠠᠷᠠᠯᠳᠠ ᠶᠢᠨ ᠲᠤᠭᠤᠷᠢᠨ ᠳᠤ᠂ ᠪᠠᠶᠠᠠᠳᠡᠯᠬᠡᠷ ᠭᠠᠴᠠᠭ᠎ᠠ ᠵᠡᠷᠬᠡ ᠰᠢᠨ᠎ᠠ ᠮᠠᠯᠵᠢᠬᠤ ᠤᠷᠤᠨ ᠤ 3 ᠲᠤᠷᠰᠢᠯᠳᠠ ᠶᠢᠨ | ᠴᠢᠭ ᠤᠨ ᠪᠠᠶᠢᠭᠤᠯᠤᠯᠳᠠ ᠶᠢ ᠪᠠᠬᠢᠵᠢᠬᠦᠯᠦᠨ ᠴᠢᠩᠭᠠᠳᠬᠠᠵᠤ᠂ ᠡᠯ᠎ᠠ ᠲᠦᠷᠦᠯ ᠤᠨ ᠮᠠᠯᠵᠢᠬᠤ ᠦᠢᠯᠡᠰ ᠲᠤ | ᠲᠤᠰᠠᠯᠠᠬᠤ ᠪᠡᠯᠡ ᠮᠦᠩᠬᠦ ᠶᠢ ᠨᠡᠶᠢᠯᠡᠭᠦᠯᠣᠨ᠂ 18 ᠭᠠᠴᠠᠭ᠎ᠠ ᠶᠢ ᠲᠠᠮᠵᠢᠨ ᠲᠣᠰᠠᠯᠠᠵᠣ᠂ ᠡᠯ᠎ᠠ ᠲᠦᠷᠦᠯ ᠤᠨ ᠠᠵᠤ | ᠦᠢᠯᠡᠰᠵᠢᠬᠦᠯᠦᠭᠰᠡᠨ ᠬᠠᠮᠳᠤᠷᠠᠭᠰᠠᠨ ᠵᠤᠬᠢᠶᠠᠨ ᠪᠠᠶᠢᠭᠤᠯᠤᠯᠳᠠ ᠶᠢ ᠲᠡᠬᠦᠯᠳᠡᠷᠵᠢᠬᠦᠯᠦᠭᠰᠡᠨ ᠪᠠᠶᠢᠨ᠎ᠠ᠃ ᠡᠯ᠎ᠠ ᠲᠦᠷᠦᠯ | ᠤᠨ ᠮᠠᠯᠵᠢᠬᠤ ᠦᠢᠯᠡᠰ ᠲᠤ ᠲᠤᠰᠠᠯᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ | ᠮᠠᠯᠴᠢᠳ ᠲᠤ 4742.5 ᠲᠦᠮᠡᠨ ᠲᠦᠬᠦᠷᠢᠭ ᠤᠨ ᠨᠦᠬᠦᠪᠦᠷᠢ ᠤᠯᠭᠤᠵᠤ᠂ ᠮᠠᠯᠵᠢᠬᠤ ᠤᠷᠤᠨ ᠤ ᠢᠯᠡᠬᠦᠴᠡ | ᠬᠦᠳᠡᠯᠮᠦᠷᠢ ᠬᠦᠴᠦᠨ ᠢ ᠵᠢᠯᠤᠭᠤᠳᠤᠨ᠂ ᠬᠤᠶᠠᠷ ᠭᠤᠷᠪᠠᠳᠤᠭᠠᠷ ᠠᠵᠤ ᠦᠢᠯᠡᠰ ᠡᠷᠬᠢᠯᠡᠬᠦᠯᠵᠣ᠂ ᠮᠠᠯᠵᠢᠯ ᠤᠨ ᠪᠤᠰᠤ | ᠤᠷᠤᠯᠭ᠎ᠠ ᠶᠢ ᠨᠢ ᠨᠡᠮᠡᠭᠳᠡᠬᠦᠯᠪᠡ᠃ 2009 ᠤᠨ ᠳᠤ ᠮᠠᠯᠴᠢᠳ ᠤᠨ ᠬᠦᠮᠦᠨ ᠪᠦᠷᠢ ᠳᠤ ᠲᠡᠭᠰᠢᠳᠬᠡᠭᠰᠡᠨ ᠴᠡᠪᠡᠷ | ᠤᠷᠤᠯᠭ᠎ᠠ ᠲᠤᠮᠳᠠ ᠮᠠᠯᠵᠢᠯ ᠤᠨ ᠪᠤᠰᠤ ᠤᠷᠤᠯᠭ᠎ᠠ ᠶᠢᠨ ᠬᠠᠷᠢᠴᠠᠯ ᠨᠢ 40% ᠶᠢ ᠡᠵᠡᠯᠡᠵᠤ᠂ 2084 ᠲᠦᠬᠦᠷᠢᠭ | ᠲᠤ ᠬᠦᠷᠦᠭᠰᠡᠨ ᠪᠠᠶᠢᠨ᠎ᠠ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠦᠷᠬᠡᠨ ᠬᠦᠭᠵᠢᠵᠤ᠂ ᠭᠤᠣᠯᠯᠠᠬᠤ ᠪᠠᠶᠢᠷᠢ | ᠰᠠᠭᠤᠷᠢ ᠨᠢ ᠤᠯᠠᠮ ᠲᠤᠪᠤᠶᠢᠮ᠎ᠠ ᠪᠤᠯᠪᠠ᠃ ︽ᠠᠵᠤ ᠠᠬᠤᠶᠢᠯᠠᠯ ᠢ ᠪᠠᠳᠤᠯᠠᠪᠠᠯ ᠲᠠᠷᠤᠢ ᠨᠡᠮᠡᠭᠳᠡᠯ ᠢ ᠪᠠᠳᠤᠯᠠᠬᠤ︾ | ᠲᠠᠨᠢᠯᠳᠠ ᠶᠢ ᠪᠠᠳᠤ ᠪᠠᠬᠢ ᠪᠤᠢ ᠪᠤᠯᠭᠠᠨ᠂ ᠦᠢᠯᠡᠳᠪᠦᠷᠢᠯᠡᠯ ᠢᠶᠠᠨ ᠡᠬᠢᠯᠡᠬᠦᠯᠦᠭᠰᠡᠨ ᠠᠵᠤ ᠠᠬᠤᠶᠢᠯᠠᠯ ᠢ ᠬᠠᠪᠰᠤᠷᠤᠨ | ᠤᠰᠤ᠂ ᠴᠠᠬᠢᠯᠭᠠᠨ᠂ ᠵᠦᠬᠡᠬᠡᠪᠦᠷᠢ ᠶᠢᠨ ᠠᠰᠠᠭᠤᠳᠠᠯ ᠢ ᠰᠢᠢᠳᠪᠣᠷᠢᠯᠡᠬᠦ ᠳᠤ ᠬᠠᠮᠵᠢᠯᠴᠠᠵᠣ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠳᠡ ᠶᠢᠨ ᠲᠤᠮᠳᠠᠬᠢ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠨ᠂ ᠠᠵᠤ ᠠᠬᠤᠶᠢᠯᠠᠯ | ᠨᠢ ᠬᠢᠮᠤᠷᠠᠯ ᠤᠨ ᠨᠦᠯᠦᠬᠡᠨ ᠠᠴᠠ ᠮᠤᠯᠳᠤᠷᠠᠨ᠂ ᠲᠤᠭᠳᠠᠭᠤᠨ ᠦᠢᠯᠡᠳᠪᠦᠷᠢᠯᠡᠯ ᠢᠶᠠᠨ ᠪᠠᠳᠣᠯᠠᠵᠣ᠂ ᠦᠷ᠎ᠠ ᠠᠰᠢᠭ | ᠢᠶᠠᠨ ᠨᠡᠮᠡᠭᠳᠡᠬᠦᠯᠬᠦ ᠵᠤᠷᠢᠯᠭ᠎ᠠ ᠳᠤ ᠬᠦᠷᠦᠭᠰᠡᠨ ᠪᠠᠶᠢᠨ᠎ᠠ᠃ ᠨᠡᠬᠦᠷᠡᠰᠤ᠂ ᠨᠢᠺᠧᠯ᠂ ᠲᠡᠮᠤᠷ᠂ ᠣᠯᠠᠭᠠᠨ ᠢᠳᠡᠬᠡᠨ | ᠵᠡᠷᠬᠡ ᠲᠦᠷᠪᠡᠨ ᠵᠦᠢᠯ ᠤᠨ ᠠᠵᠤ ᠦᠢᠯᠡᠳᠪᠦᠷᠢ ᠶᠢᠨ ᠪᠦᠳᠦᠬᠡᠭᠳᠡᠬᠦᠨ ᠤ ᠦᠢᠯᠡᠳᠪᠦᠷᠢᠯᠡᠯ ᠤᠨ ᠦᠷᠳᠡᠭ ᠲᠤᠰ | ᠲᠤᠰ 13.9 ᠳ᠋ᠦᠩᠰᠢᠭᠤᠷ᠂ 3 ᠳ᠋ᠦᠩᠰᠢᠭᠤᠷ᠂ 1.3 ᠳ᠋ᠦᠩᠰᠢᠭᠤᠷ ᠪᠠ 4.1 ᠳ᠋ᠦᠩᠰᠢᠭᠤᠷ ᠲᠦᠬᠦᠷᠢᠭ ᠲᠤ | ᠬᠦᠷᠴᠤ᠂ ᠪᠦᠬᠦᠶᠢᠯᠡ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ | ᠲᠤᠮᠳᠠᠬᠢ ᠡᠵᠡᠯᠡᠬᠦ ᠬᠠᠷᠢᠴᠠᠯ 64.8% ᠳᠤ ᠬᠦᠷᠦᠭᠰᠡᠨ ᠪᠠᠶᠢᠨ᠎ᠠ᠃ ᠡᠬᠦᠨ ᠤ ᠬᠠᠮᠳᠤ᠂ ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠲᠦᠷᠦᠯ ᠵᠦᠢᠯ ᠢ ᠶᠡᠬᠡᠪᠡᠷ ᠲᠦᠯᠬᠢᠨ ᠠᠬᠢᠭᠤᠯᠵᠤ᠂ ᠪᠠᠶ᠋ᠬᠠᠠᠭᠤᠯᠠ ᠠᠭᠤᠷᠬᠠᠢ ᠶᠢᠨ ᠣᠷᠣᠨ ᠤ | ᠮᠠᠩᠯᠠᠢ ᠨᠡᠬᠦᠷᠡᠰᠤᠨ ᠠᠭᠤᠷᠬᠠᠢ ᠶᠢ ᠦᠷᠬᠡᠳᠬᠡᠨ ᠪᠠᠶᠢᠭᠤᠯᠬᠤ᠂ ᠵᠠᠰ ᠨᠢᠺᠧᠯ ᠢ ᠰᠤᠩᠭᠤᠨ ᠪᠤᠯᠪᠠᠰᠤᠷᠠᠭᠤᠯᠬᠤ᠂ | ᠰᠢᠨ᠎ᠠ ᠬᠡᠯᠪᠡᠷᠢ ᠶᠢᠨ ᠬᠠᠳᠠᠭᠠᠬᠤ ᠠᠷᠭ᠎ᠠ ᠪᠠᠷ ᠱᠦᠢᠨᠢ ᠪᠤᠯᠪᠠᠰᠤᠷᠠᠭᠤᠯᠬᠤ᠂ ᠲᠡᠮᠤᠷ ᠤᠨ ᠬᠦᠳᠡᠷ ᠢ ᠰᠤᠩᠭᠤᠨ | ᠪᠤᠯᠪᠠᠰᠤᠷᠠᠭᠤᠯᠬᠤ᠂ ᠴᠠᠬᠢᠭᠤᠷ ᠴᠢᠯᠠᠭᠤ ᠶᠢ ᠰᠤᠩᠭᠤᠨ ᠪᠤᠯᠪᠠᠰᠤᠷᠠᠭᠤᠯᠬᠤ ᠪᠠ ᠬᠦᠷᠡᠩ ᠨᠡᠬᠦᠷᠡᠰᠤ ᠬᠠᠳᠠᠭᠠᠬᠤ | ᠵᠡᠷᠬᠡ ᠭᠤᠤᠯᠳᠠᠯᠭ᠎ᠠ ᠲᠠᠢ ᠲᠦᠷᠦᠯ ᠵᠦᠢᠯ ᠴᠦᠮ ᠪᠤᠳᠠᠳᠤ ᠴᠢᠨᠠᠷᠳᠠᠢ ᠠᠬᠢᠴᠠ ᠲᠠᠢ ᠪᠤᠯᠵᠤ᠂ 2.66 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠤ᠂ ᠦᠢᠯᠡᠳᠪᠦᠷᠢᠯᠡᠯ ᠢᠶᠠᠨ ᠡᠬᠢᠯᠡᠬᠦᠯᠬᠦ ᠳᠤ ᠪᠠᠳᠤ ᠪᠠᠬᠢ | ᠰᠠᠭᠤᠷᠢ ᠲᠠᠯᠪᠢᠭᠰᠠᠨ ᠪᠠᠶᠢᠨ᠎ᠠ᠃ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠪᠠ ᠬᠠᠮᠢᠶᠠᠷᠬᠤ ᠠᠵᠢᠯ | ᠰᠠᠶᠢᠨ ᠦᠷ᠎ᠠ ᠪᠦᠳᠦᠮᠵᠢ ᠤᠯᠵᠤ᠂ ᠪᠦᠬᠦ ᠵᠢᠯ ᠳᠤ 55 ᠲᠦᠷᠦᠯ ᠤᠨ ᠭᠠᠵᠠᠷ ᠰᠢᠨᠵᠢᠯᠡᠬᠡᠨ ᠤ ᠲᠦᠷᠦᠯ ᠵᠦᠢᠯ ᠢ | ᠬᠡᠷᠡᠭᠵᠢᠬᠦᠯᠵᠤ᠂ ᠬᠠᠶᠢᠨ ᠨᠡᠬᠡᠬᠡᠭᠰᠡᠨ ᠲᠠᠯᠠᠪᠠᠢ 2838.7 ᠲᠡᠭᠰᠢ ᠲᠦᠷᠪᠡᠯᠵᠢᠨ ᠺᠢᠯᠤᠮᠧᠲᠷ ᠲᠤ ᠬᠦᠷᠴᠤ᠂ 2. | 97 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠨᠡᠬᠦᠷᠡᠰᠤ᠂ ᠦᠩᠬᠡᠳᠤ ᠲᠡᠮᠦᠷᠯᠢᠭ ᠤᠨ ᠠᠭᠤᠷᠬᠠᠢ | ᠬᠠᠶᠢᠨ ᠰᠢᠨᠵᠢᠯᠡᠬᠦ ᠠᠵᠢᠯ ᠴᠢᠬᠤᠯᠠ ᠦᠷ᠎ᠠ ᠪᠦᠳᠦᠮᠵᠢ ᠤᠯᠵᠤ᠂ ᠭᠠᠵᠠᠷ ᠰᠢᠨᠵᠢᠯᠡᠬᠡᠨ ᠤ ᠨᠢᠬᠡᠴᠡ ᠠᠴᠠ | ᠬᠠᠩᠭᠠᠭᠰᠠᠨ ᠮᠠᠲ᠋ᠧᠷᠢᠶᠠᠯ ᠢ ᠦᠨᠳᠦᠰᠦᠯᠡᠪᠡᠯ᠂ ᠵᠡᠰ ᠤᠨ ᠲᠡᠮᠦᠷᠯᠢᠭ ᠤᠨ ᠠᠭᠤᠯᠤᠭᠳᠠᠴᠠ ᠶᠢᠨ ᠬᠡᠮᠵᠢᠶ᠎ᠠ 8 ᠲᠦᠮᠨ | ᠭᠠᠷᠤᠢ ᠲᠤᠨ᠂ ᠮᠣᠯᠢᠪᠳᠧᠨ ᠤ ᠲᠡᠮᠦᠷᠯᠢᠭ ᠤᠨ ᠠᠭᠤᠯᠣᠭᠳᠠᠴᠠ ᠶᠢᠨ ᠬᠡᠮᠵᠢᠶ᠎ᠠ 4 ᠲᠦᠮᠡ ᠭᠠᠷᠤᠢ ᠲᠤᠨ ᠪᠠᠶᠢᠨ᠎ᠠ᠃ | ᠠᠭᠤᠷᠬᠠᠢ ᠶᠢᠨ ᠡᠬᠢ ᠪᠠᠶᠠᠯᠢᠭ ᠢ ᠨᠡᠶᠢᠯᠡᠬᠦᠯᠬᠦ ᠬᠦᠴᠦᠯᠡᠴᠡ ᠶᠢ ᠣᠯᠠᠮ ᠨᠢᠭᠡ ᠠᠯᠬᠤᠮ ᠴᠢᠩᠭᠠᠳᠬᠠᠵᠣ᠂ ᠲᠡᠮᠤᠷ | ᠤᠨ ᠠᠭᠤᠷᠬᠠᠢ ᠶᠢᠨ ᠡᠷᠭᠡ ᠶᠢ ᠨᠡᠶᠢᠯᠡᠬᠦᠯᠣᠨ 2 ᠪᠤᠯᠭᠠᠵᠤ᠂ ᠴᠠᠬᠢᠭᠤᠷ ᠴᠢᠯᠠᠭᠤ ᠶᠢ ᠨᠡᠬᠡᠬᠡᠨ ᠠᠰᠢᠭᠯᠠᠬᠤ ᠠᠵᠤ | ᠠᠬᠤᠶᠢᠯᠡᠯ ᠢ 12 ᠪᠠᠶᠢᠭᠰᠠᠨ ᠠᠴᠠ ᠨᠢ ᠴᠡᠭᠴᠡᠯᠡᠨ ᠨᠡᠶᠢᠯᠡᠬᠦᠯᠵᠤ 7 ᠪᠤᠯᠭᠠᠨ᠂ ︽ᠰᠦᠨᠢᠳ ᠵᠡᠬᠦᠨ ᠬᠤᠰᠢᠭᠤᠨ | ᠤ ᠠᠭᠤᠷᠬᠠᠢ ᠶᠢᠨ ᠡᠷᠬᠡ ᠶᠢᠨ ᠬᠠᠮᠢᠶᠠᠷᠣᠯᠳᠠ ᠪᠠ ᠬᠢᠨᠠᠨ ᠵᠦᠪᠰᠢᠶᠡᠷᠡᠭᠦ ᠠᠷᠭ᠎ᠠ︾᠂ ︽ᠰᠦᠨᠢᠳ ᠵᠡᠬᠦᠨ | ᠬᠤᠰᠢᠭᠤᠨ ᠤ ᠭᠠᠵᠠᠷ ᠰᠢᠷᠤᠢ ᠶᠢᠨ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠲᠤᠭᠳᠠᠭᠠᠯ︾ ᠢ ᠲᠤᠭᠳᠠᠭᠠᠨ | ᠬᠡᠷᠡᠭᠵᠢᠬᠦᠯᠵᠤ᠂ ᠠᠭᠤᠷᠬᠠᠢ ᠶᠢᠨ ᠡᠬᠢ ᠪᠠᠶᠠᠯᠢᠭ ᠢ ᠲᠤᠬᠢᠷᠠᠭᠤᠯᠬᠤ ᠠᠯᠬᠤᠮ ᠲᠠᠷᠠᠭ᠎ᠠ ᠪᠠ ᠠᠭᠤᠷᠬᠠᠢ ᠶᠢᠨ ᠡᠷᠬᠡ ᠶᠢ | ᠰᠢᠯᠵᠢᠬᠦᠯᠬᠦ ᠠᠵᠢᠯᠯᠠᠭ᠎ᠠ ᠶᠢ ᠤᠯᠠᠮ ᠨᠢᠬᠡ ᠠᠯᠬᠤᠮ ᠲᠦᠷᠢᠮᠵᠢᠬᠦᠯᠦᠨ᠂ ᠠᠭᠤᠷᠬᠠᠢ ᠶᠢᠨ ᠡᠬᠢ ᠪᠠᠶᠠᠯᠢᠭ ᠢ ᠡᠮᠬᠢ | ᠲᠠᠷᠠᠭ᠎ᠠ ᠲᠠᠢ ᠨᠡᠬᠡᠬᠡᠨ ᠠᠰᠢᠭᠯᠠᠬᠤ ᠪᠠ ᠠᠵᠤ ᠦᠢᠯᠡᠳᠪᠦᠷᠢ ᠶᠢᠨ ᠠᠵᠤ ᠠᠬᠤᠢ ᠶᠢᠨ ᠦᠷᠬᠦᠯᠵᠢᠯᠡᠨ ᠬᠦᠭᠵᠢᠬᠦ ᠳᠤ | ᠤᠬᠢ ᠰᠠᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ | ︵ᠭᠤᠷᠪᠠ︶ ᠬᠤᠳᠠ ᠪᠠᠯᠭᠠᠰᠤ ᠵᠢᠴᠢ ᠰᠠᠭᠤᠷᠢ ᠲᠦᠬᠦᠬᠡᠷᠦᠮᠵᠢ ᠶᠢᠨ ᠨᠦᠬᠦᠴᠡᠯ ᠢᠯᠡᠳᠳᠠ ᠰᠠᠶᠢᠵᠢᠷᠠᠵᠤ᠂ | ᠬᠦᠭᠵᠢᠯᠳᠡ ᠶᠢᠨ ᠤᠷᠴᠢᠨ ᠲᠤᠭᠤᠷᠢᠨ ᠤᠯᠠᠮ ᠰᠢᠯᠢᠳᠡᠭᠵᠢᠪᠡ᠃ ᠮᠠᠨᠳᠠᠯᠳᠤ ᠪᠠᠯᠭᠠᠰᠤᠨ ᠤ ᠶᠡᠷᠦᠩᠬᠡᠢ | ᠲᠦᠯᠦᠪᠵᠢᠬᠦᠯᠬᠡ ᠲᠠᠢ ᠤᠶᠠᠯᠳᠤᠭᠤᠯᠤᠨ᠂ ᠭᠤᠤᠯ ᠵᠡᠬᠡᠯᠢ ᠶᠢᠨ ᠦᠵᠡᠮᠵᠢ ᠳᠤ ᠨᠠᠷᠢᠨ ᠬᠢᠨᠠᠮᠠᠭᠠᠢ ᠲᠦᠯᠦᠪᠵᠢᠬᠦᠯᠬᠡ | ᠬᠢᠵᠤ᠂ ︽ᠨᠢᠬᠡ ᠵᠡᠬᠡᠯᠢ ᠨᠢᠬᠡ ᠦᠵᠡᠮᠵᠢ︾ ᠶᠢ ᠬᠦᠢᠴᠡᠳ ᠢᠯᠡᠷᠡᠬᠦᠯᠦᠭᠰᠡᠨ ᠪᠠᠶᠢᠨ᠎ᠠ᠃ ᠬᠤᠳᠠ ᠪᠠᠯᠭᠠᠰᠤᠨ ᠤ | ᠦᠬᠡᠷᠡᠴᠢᠯᠡᠨ ᠪᠠᠶᠢᠭᠤᠯᠬᠤ ᠬᠦᠴᠦᠯᠡᠴᠡ ᠶᠢ ᠦᠨᠡᠨᠬᠦ ᠴᠢᠩᠭᠠᠳᠬᠠᠵᠣ᠂ 2.6 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠪᠡ᠃ ᠮᠠᠨᠳᠠᠯᠳᠤ ᠪᠠᠯᠭᠠᠰᠤᠨ ᠤ ᠵᠡᠬᠡᠯᠢ ᠶᠢᠨ ᠦᠵᠡᠮᠵᠢ ᠶᠢ ᠦᠬᠡᠷᠡᠴᠢᠯᠡᠨ ᠪᠠᠶᠢᠭᠤᠯᠬᠤ | ᠂ ᠦᠷᠬᠡᠳᠬᠡᠨ ᠪᠠᠶᠢᠭᠤᠯᠬᠤ ᠲᠤᠭᠤᠷᠢᠭ ᠤᠨ ᠪᠠᠶᠢᠭᠤᠯᠤᠯᠳᠠ ᠪᠠ ᠪᠤᠵᠠᠷ ᠤᠰᠤ ᠶᠢ ᠰᠢᠢᠳᠪᠦᠷᠢᠯᠡᠬᠦ ᠢᠨᠵᠢᠨᠧᠷᠢᠭ ᠢ | ᠡᠬᠢᠯᠡᠬᠦᠯᠪᠡ᠃ ᠪᠠᠶᠢᠰᠢᠩ ᠢ ᠠᠰᠠᠷ ᠪᠤᠯᠭᠠᠨ ᠦᠬᠡᠷᠡᠴᠢᠯᠡᠨ ᠪᠠᠶᠢᠭᠤᠯᠬᠤ ᠬᠦᠴᠦᠯᠡᠴᠡ ᠶᠢ ᠤᠯᠠᠮ ᠨᠢᠬᠡ ᠠᠯᠬᠤᠮ | ᠨᠡᠮᠡᠭᠳᠡᠬᠦᠯᠵᠤ᠂ ᠨᠤᠷᠠᠭᠠᠨ ᠦᠬᠡᠷᠡᠴᠢᠯᠡᠭᠰᠡᠨ ᠪᠠᠶᠢᠰᠢᠩ 3600 ᠲᠡᠭᠰᠢ ᠲᠦᠷᠪᠡᠯᠵᠢᠨ ᠮᠧᠲᠷ ᠲᠤ ᠬᠦᠷᠪᠡ᠃ | ᠲᠦᠪᠯᠡᠷᠡᠬᠦᠯᠦᠨ ᠲᠤᠯᠠᠭᠠᠯᠠᠭ᠎ᠠ ᠬᠠᠩᠭᠠᠬᠤ ᠲᠠᠯᠠᠪᠠᠢ ᠶᠢ 10 ᠲᠦᠮᠡᠨ ᠲᠡᠭᠰᠢ ᠲᠦᠷᠪᠡᠯᠵᠢᠨ ᠮᠧᠲᠷ ᠰᠢᠨ᠎ᠠ ᠪᠠᠷ | ᠨᠡᠮᠡᠭᠳᠡᠭᠦᠯᠵᠣ᠂ ᠶᠡᠷᠦᠩᠬᠡᠢ ᠲᠠᠯᠠᠪᠠᠢ ᠨᠢ 32 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠪᠡ᠃ ᠪᠠᠯᠭᠠᠰᠤᠨ | ᠲᠤᠭᠤᠷᠢᠭ ᠤᠨ ᠵᠠᠮ 12 ᠺᠢᠯᠤᠮᠧᠲᠷ ᠢ ᠰᠢᠨ᠎ᠠ ᠪᠠᠷ ᠪᠠᠶᠢᠭᠤᠯᠵᠣ᠂ ᠵᠡᠬᠡᠯᠢ ᠶᠢᠨ ᠵᠠᠮ ᠤᠨ ᠬᠠᠳᠠᠭᠤᠷᠠᠯᠳᠠ ᠶᠢ 5.2 | ᠲᠦᠮᠡᠨ ᠲᠡᠭᠰᠢ ᠲᠦᠷᠪᠡᠯᠵᠢᠨ ᠮᠧᠲᠷ ᠪᠡᠶᠡᠯᠡᠭᠦᠯᠪᠡ᠃ ᠬᠡᠷ ᠬᠦᠷᠦᠩᠬᠡ ᠶᠢ ᠨᠡᠬᠡᠬᠡᠨ ᠠᠰᠢᠭᠯᠠᠬᠤ ᠲᠦᠷᠦᠯ ᠵᠦᠢᠯ ᠢ | ᠶᠡᠬᠡᠪᠡᠷ ᠬᠡᠷᠡᠭᠵᠢᠬᠦᠯᠵᠤ᠂ ᠲᠠᠷᠬᠠᠨ᠂ ᠮᠠᠨᠳᠠ ᠵᠡᠷᠭᠡ ᠣᠷᠣᠨ ᠰᠠᠭᠤᠴᠠ ᠶᠢᠨ ᠲᠣᠭᠤᠷᠢᠭ ᠪᠣᠯᠣᠨ ᠲᠠᠷᠬᠠᠨ ᠶᠡᠭᠡ | ᠵᠡᠬᠡᠯᠢ ᠶᠢᠨ ᠬᠤᠳᠠᠯᠳᠤᠭᠠᠨ ᠤ ᠠᠰᠠᠷ ᠤᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠤ᠂ ᠰᠢᠨ᠎ᠠ ᠪᠠᠷ | ᠪᠠᠶᠢᠭᠤᠯᠤᠭᠰᠠᠨ ᠠᠰᠠᠷ 6 ᠲᠦᠮᠡ ᠭᠠᠷᠤᠢ ᠲᠡᠭᠰᠢ ᠲᠦᠷᠪᠡᠯᠵᠢᠨ ᠮᠧᠲᠷ ᠲᠤ ᠬᠦᠷᠪᠡ᠃ ᠰᠦᠨᠢᠳ ᠮᠦᠽᠸᠢ᠂ | ᠰᠦᠨᠢᠳ ᠠᠭᠤᠳᠠᠮ ᠲᠠᠯᠠᠪᠠᠢ᠂ ᠰᠦᠨᠢᠳ ᠢᠳᠡᠭᠡᠨ ᠣᠮᠳᠠᠭᠠᠨ ᠤ ᠰᠣᠶᠣᠯ ᠤᠨ ᠬᠦᠷᠢᠶᠡᠯᠡᠩ᠂ ᠲᠠᠷᠢᠶᠠᠯᠠᠩ ᠮᠠᠯ | ᠠᠵᠤ ᠠᠬᠤᠢ ᠶᠢᠨ ᠦᠢᠯᠡᠴᠢᠯᠡᠬᠡᠨ ᠤ ᠲᠦᠪ ᠪᠠ ᠶᠡᠷᠦᠩᠬᠡᠶᠢᠯᠡᠭᠰᠡᠨ ᠠᠰᠠᠷᠠᠮᠵᠢ ᠶᠢᠨ ᠲᠦᠪ ᠵᠡᠷᠬᠡ ᠬᠤᠳᠠ | ᠪᠠᠯᠭᠠᠰᠤᠨ ᠤ ᠭᠤᠣᠯᠳᠠᠯᠭ᠎ᠠ ᠲᠠᠢ ᠲᠦᠷᠣᠯ ᠵᠣᠶᠢᠯ ᠤᠨ ᠪᠠᠶᠢᠭᠤᠯᠤᠯᠳᠠ ᠶᠢ ᠪᠡᠶᠡᠯᠡᠬᠦᠯᠵᠤ᠂ ᠬᠤᠳᠠ ᠪᠠᠯᠭᠠᠰᠤᠨ ᠤ | ᠦᠢᠯᠡᠴᠢᠯᠡᠬᠡᠨ ᠤ ᠴᠢᠳᠠᠪᠬᠢ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠪᠠ᠃ ᠬᠤᠳᠠ ᠪᠠᠯᠭᠠᠰᠤᠨ ᠤ ᠨᠠᠷᠢᠯᠢᠭ | ᠬᠠᠮᠢᠶᠠᠷᠤᠯᠳᠠ ᠶᠢᠨ ᠠᠵᠢᠯ ᠢ ᠦᠨᠡᠨᠬᠦ ᠴᠢᠩᠭᠠᠳᠬᠠᠵᠤ᠂ ᠣᠯᠠᠨ ᠨᠡᠶᠢᠳᠡ ᠶᠢᠨ ᠰᠠᠭᠤᠷᠢ ᠲᠦᠬᠦᠬᠡᠷᠦᠮᠵᠢ ᠶᠢ ᠡᠪᠳᠡᠨ | ᠰᠦᠢᠳᠬᠡᠭᠰᠡᠨ ᠵᠡᠷᠬᠡ ᠬᠠᠥᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠬᠤᠳᠠ ᠪᠠᠯᠭᠠᠰᠤᠨ ᠤ | ᠠᠷᠢᠭᠤᠨ ᠴᠡᠪᠡᠷ᠂ ᠡᠮᠬᠢ ᠲᠢᠭᠯᠢᠮ ᠲᠠᠢ ᠤᠬᠢ ᠰᠠᠶᠢᠨ ᠲᠦᠷᠢ ᠲᠦᠷᠬᠦ ᠶᠢ ᠪᠤᠢ ᠪᠣᠯᠭᠠᠪᠠ᠃ | ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠮᠠᠨᠳᠠᠯᠳᠤ ᠪᠠᠯᠭᠠᠰᠤ ᠪᠠ | ᠲᠠᠯᠠᠢ ᠤᠷᠤᠨ ︵ᠬᠠᠭᠤᠴᠢᠨ ᠲᠠᠯᠠᠢ ᠰᠣᠮᠣ︶ ᠤ ᠣᠰᠣᠨ ᠤ ᠡᠬᠢ ᠪᠠᠶᠠᠯᠢᠭ ᠢ ᠬᠠᠶᠢᠨ ᠰᠢᠨᠵᠢᠯᠡᠬᠦ ᠲᠦᠷᠦᠯ ᠵᠦᠢᠯ ᠢ | ᠬᠡᠷᠡᠭᠵᠢᠬᠦᠯᠵᠤ᠂ 1881 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠤᠰᠤᠨ ᠤ ᠡᠬᠢ ᠪᠠᠶᠠᠯᠢᠭ ᠢ ᠵᠦᠢ | ᠵᠤᠬᠢᠰᠳᠠᠢ ᠠᠰᠢᠭᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ ᠨᠢᠺᠧᠯ ᠤᠨ ᠠᠭᠤᠷᠬᠠᠢ ᠪᠠ | ᠴᠠᠭᠠᠬᠤᠪᠤᠭ᠎ᠠ ᠶᠢᠨ ᠬᠤᠶᠠᠷ ᠰᠠᠭᠤᠷᠢ 35 ᠺᠢᠯᠣᠸᠣᠯᠲ ᠤᠨ ᠴᠠᠬᠢᠯᠭᠠᠨ ᠬᠤᠪᠢᠰᠬᠠᠬᠤ ᠦᠷᠳᠡᠭᠡ ᠵᠢᠴᠢ ᠮᠠᠨᠳᠠᠯᠳᠤ | ᠪᠠᠯᠭᠠᠰᠤ ᠪᠠ ᠲᠠᠯᠠᠢ ︵ᠬᠠᠭᠤᠴᠢᠨ ᠳᠠᠯᠠᠢ ᠰᠣᠮᠣ︶ ᠶᠢᠨ ᠬᠤᠶᠠᠷ ᠰᠠᠣᠷᠢ 110 ᠺᠢᠯᠣᠸᠣᠯᠲ ᠤᠨ ᠴᠠᠬᠢᠯᠭᠠᠨ | ᠬᠤᠪᠢᠰᠬᠠᠬᠤ ᠢᠨᠵᠢᠨᠧᠷᠢᠭ ᠢ ᠡᠬᠢᠯᠡᠬᠦᠯᠦᠭᠰᠡᠨ ᠪᠠ ᠠᠰᠢᠭᠯᠠᠯᠳᠠ ᠳᠤ ᠤᠷᠤᠭᠤᠯᠵᠤ᠂ 7076 ᠲᠦᠮᠡᠨ ᠲᠦᠬᠦᠷᠢᠭ | ᠤᠨ ᠪᠡᠯᠡ ᠤᠷᠤᠭᠤᠯᠤᠯᠳᠠ ᠶᠢ ᠪᠠᠶᠠᠯᠡᠬᠦᠯᠪᠡ︔ 880 ᠲᠦᠮᠡᠨ ᠲᠦᠬᠦᠷᠢᠭ ᠤᠨ ᠪᠡᠯᠡ ᠣᠷᠣᠭᠤᠯᠵᠣ᠂ 82 | ᠴᠠᠬᠢᠯᠭᠠᠨ ᠦᠬᠡᠢ ᠮᠠᠯᠴᠢᠨ ᠡᠷᠦᠬᠡ ᠳᠤ ᠴᠠᠬᠢᠯᠭᠠᠨ ᠨᠡᠪᠳᠡᠷᠡᠬᠦᠯᠬᠦ ᠡᠬᠦᠷᠬᠡ ᠶᠢ ᠪᠡᠶᠡᠯᠡᠭᠦᠯᠪᠡ︔ ᠮᠠᠨᠳᠠᠯᠳᠤ ᠠᠴᠠ ᠬᠦ᠋ | ᠶᠤᠸᠠᠨ ᠬᠦᠷᠬᠦ᠂ ᠮᠠᠨᠳᠠᠯᠳᠤ ᠠᠴᠠ ᠮᠠᠩᠯᠠᠢ ᠨᠡᠬᠦᠷᠡᠰᠤᠨ ᠠᠭᠤᠷᠬᠠᠢ ᠬᠦᠷᠬᠦ ᠱᠤᠭᠤᠮ ᠪᠦᠬᠦ ᠱᠤᠭᠤᠮ ᠢᠶᠠᠷ ᠲᠡᠷᠬᠡ | ᠨᠡᠪᠳᠡᠷᠡᠵᠤ᠂ ᠲᠦᠷᠪᠡᠳᠦᠬᠡᠷ ᠲᠡᠰ ᠠᠴᠠ ᠲᠡᠬᠡᠭᠰᠢᠬᠢ ᠲᠤᠰᠤᠨ ᠵᠠᠮ 389 ᠺᠢᠯᠤᠮᠧᠲᠷ᠂ ᠭᠠᠴᠠᠭᠠᠨ ᠳᠤ ᠨᠡᠪᠳᠡᠷᠡᠬᠦ | ᠬᠠᠶᠢᠷ ᠴᠢᠯᠠᠭᠤᠨ ᠵᠠᠮ 312 ᠺᠢᠯᠤᠮᠧᠲᠷ ᠲᠡᠪᠢᠰᠴᠣ᠂ 4.72 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠪᠡ᠃ ᠭᠤᠷᠪᠠᠭ᠋ᠣᠪᠣᠭᠠ ᠠᠴᠠ ᠪᠠᠶ᠋ᠬᠠᠠᠭᠤᠯᠠ ᠨᠡᠬᠦᠷᠡᠰᠤᠨ ᠠᠭᠤᠷᠬᠠᠢ ᠬᠦᠷᠬᠦ ᠲᠡᠮᠤᠷ | ᠵᠠᠮ ᠤᠨ ᠰᠡᠬᠦᠯᠴᠢ ᠶᠢᠨ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠶᠢᠨ ᠢᠨᠵᠢᠨᠧᠷᠢᠭ ᠢ ᠢᠳᠡᠪᠬᠢᠳᠠᠢ ᠲᠦᠯᠬᠢᠨ | ᠠᠬᠢᠭᠤᠯᠵᠤ᠂ 1.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠪᠠ᠃ ᠡᠬᠦᠨ ᠤ ᠬᠠᠮᠳᠤ 4 ᠰᠤᠮᠤ ᠪᠠᠯᠭᠠᠰᠤᠨ | ᠤ ᠠᠶᠠᠨᠴᠢᠳ ᠤᠨ ᠵᠦᠬᠡᠬᠡᠪᠦᠷᠢ ᠶᠢᠨ ᠦᠷᠳᠡᠭᠡ ᠪᠠ ᠰᠤᠮᠤ ᠪᠠᠯᠭᠠᠰᠤᠨ ᠤ ᠠᠷᠠᠳ ᠳᠤ ᠲᠦᠬᠦᠮ ᠦᠵᠡᠬᠦᠯᠬᠦ | ᠦᠢᠯᠡᠴᠢᠯᠡᠬᠡᠨ ᠤ ᠲᠦᠪ ᠤᠨ ᠪᠠᠶᠢᠭᠤᠯᠤᠯᠳᠠ ᠶᠢ ᠪᠡᠶᠡᠯᠡᠬᠦᠯᠵᠤ᠂ ᠰᠤᠮᠤ ᠪᠠᠯᠭᠠᠰᠤᠨ ᠤ ᠰᠠᠭᠤᠭ᠎ᠠ ᠭᠠᠵᠠᠷ ᠤᠨ | ᠰᠠᠭᠤᠷᠢ ᠲᠦᠬᠦᠬᠡᠷᠦᠮᠵᠢ ᠶᠢᠨ ᠨᠦᠬᠦᠴᠡᠯ ᠢ ᠤᠯᠠᠮ ᠨᠢᠬᠡ ᠠᠯᠬᠤᠮ ᠰᠠᠶᠢᠵᠢᠷᠠᠭᠤᠯᠪᠠ᠃ | ︵ᠲᠦᠷᠪᠡ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠢᠨᠵᠢᠨᠧᠷᠢᠭ ᠢ ᠪᠦᠬᠦ ᠲᠠᠯ᠎ᠠ ᠪᠠᠷ | ᠬᠡᠷᠡᠭᠵᠢᠬᠦᠯᠵᠤ᠂ ᠠᠷᠠᠳ ᠲᠦᠮᠡᠨ ᠳᠤ ᠨᠡᠩ ᠦᠷᠬᠡᠨ ᠲᠡᠯᠬᠡᠷ ᠠᠰᠢᠭ ᠬᠦᠷᠳᠡᠬᠡᠪᠡ᠃ 7250 ᠲᠦᠮᠡᠨ ᠲᠦᠬᠦᠷᠢᠭ | ᠤᠨ ᠪᠡᠯᠡ ᠤᠷᠤᠭᠤᠯᠵᠤ᠂ ᠠᠷᠠᠳ ᠳᠤ ᠠᠰᠢᠭ ᠬᠦᠷᠳᠡᠭᠡᠬᠦ ᠢᠨᠵᠢᠨᠧᠷᠢᠭ ᠢ ᠬᠡᠷᠡᠭᠵᠢᠬᠦᠯᠬᠦ ᠬᠦᠴᠦᠯᠡᠴᠡ ᠪᠠᠨ ᠤᠯᠠᠮ | ᠨᠢᠬᠡ ᠠᠯᠬᠤᠮ ᠴᠢᠩᠭᠠᠳᠬᠠᠵᠤ᠂ ᠬᠦᠭᠵᠢᠯᠳᠡ ᠶᠢᠨ ᠦᠷ᠎ᠠ ᠪᠦᠳᠦᠬᠡᠯ ᠢ ᠨᠡᠩ ᠣᠯᠠᠨ ᠠᠷᠠᠳ ᠲᠦᠮᠡᠨ ᠳᠤ | ᠬᠦᠷᠳᠡᠬᠡᠬᠦ ᠶᠢ ᠴᠢᠷᠮᠠᠶᠢᠨ ᠪᠡᠶᠡᠯᠡᠬᠦᠯᠪᠡ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠷᠠᠳ ᠳᠤ | ᠠᠮᠠᠯᠳᠠᠭᠰᠠᠨ ︽ᠠᠷᠪᠠᠨ ᠬᠤᠶᠠᠷ ᠪᠤᠳᠠᠳᠤ ᠶᠠᠪᠣᠳᠠᠯ︾ ᠢ ᠪᠦᠬᠦᠨ ᠢ ᠪᠡᠶᠡᠯᠡᠬᠦᠯᠪᠡ᠃ 83 ᠨᠡᠶᠢᠳᠡ ᠳᠤ ᠠᠰᠢᠭᠳᠠᠢ | ᠠᠵᠢᠯ ᠤᠨ ᠪᠠᠶᠢᠷᠢ ᠶᠢ ᠨᠡᠬᠡᠬᠡᠨ ᠠᠰᠢᠭᠯᠠᠵᠤ᠂ ᠠᠵᠢᠯ ᠦᠬᠡᠢ ᠬᠡᠷ ᠪᠦᠯᠢ ᠪᠠ ᠨᠡᠬᠦᠯᠬᠡᠨ ᠰᠢᠯᠵᠢᠬᠦᠯᠦᠭᠰᠡᠨ ᠮᠠᠯᠴᠢᠨ | 78 ᠬᠦᠮᠦᠨ ᠳᠤ ᠠᠵᠢᠯ ᠤᠯᠭᠤᠵᠤ᠂ ᠡᠯ᠎ᠠ ᠲᠦᠷᠦᠯ ᠤᠨ ᠠᠵᠢᠯ ᠠᠯᠳᠠᠭᠰᠠᠳ᠂ ᠨᠡᠬᠦᠯᠬᠡᠨ ᠰᠢᠯᠵᠢᠬᠦᠯᠦᠭᠰᠡᠨ | ᠮᠠᠯᠴᠢᠳ ᠪᠠ ᠲᠡᠬᠡᠳᠤ ᠲᠤᠮᠳᠠ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠲᠡᠬᠦᠰᠦᠭᠰᠡᠨ ᠰᠤᠷᠤᠭᠴᠢᠳ ᠲᠤ | ᠪᠠᠭ᠎ᠠ ᠲᠣᠭᠠᠨ ᠤ ᠪᠠᠳᠣᠯᠠᠭᠠᠳᠣ ᠵᠢᠬᠡᠯᠡᠯᠬᠡ 580 ᠲᠦᠮᠡᠨ ᠲᠦᠬᠦᠷᠢᠭ ᠬᠠᠩᠭᠠᠪᠠ︔ ᠮᠠᠯᠵᠢᠬᠤ ᠤᠷᠤᠨ ᠤ | ᠬᠤᠷᠰᠢᠭᠰᠠᠨ ᠡᠮᠨᠡᠯᠭᠡ ᠶᠢᠨ ᠲᠠᠩᠰᠠᠨ ᠠᠴᠠ ᠴᠠᠶᠢᠷᠠᠭᠤᠯᠬᠤ ᠪᠠᠷᠢᠮᠵᠢᠶ᠎ᠠ ᠪᠠ ᠬᠠᠷᠢᠴᠠᠯ ᠢ ᠲᠡᠬᠡᠭᠰᠢᠯᠡᠬᠦᠯᠵᠤ᠂ | 1482 ᠮᠠᠯᠴᠢᠳ ᠲᠤ ᠡᠮᠴᠢᠯᠡᠬᠡᠨ ᠤ ᠰᠦᠢᠳᠬᠡᠯ ᠨᠡᠶᠢᠳᠠ 255 ᠲᠦᠮᠡᠨ ᠲᠦᠬᠦᠷᠢᠭ ᠢ ᠲᠠᠩᠰᠠᠨ ᠠᠴᠠ | ᠴᠠᠶᠢᠷᠠᠭᠤᠯᠵᠤ ᠦᠭᠪᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ | ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ᠂ ᠲᠠᠭᠠᠳᠬᠠᠯ ᠳᠤ ᠤᠷᠤᠭᠰᠠᠨ ᠬᠦᠮᠦᠨ ᠤ ᠲᠤᠭ᠎ᠠ 5653 | ᠪᠣᠯᠵᠣ᠂ ᠪᠦᠷᠬᠦᠴᠡ ᠶᠢᠨ ᠨᠤᠷᠮ᠎ᠠ 84% ᠳᠤ ᠬᠦᠷᠪᠡ᠃ ᠡᠳ᠋ ᠤᠨ ᠵᠠᠰᠠᠭ ᠠᠴᠠ 528 ᠲᠦᠮᠡᠨ ᠲᠦᠬᠦᠷᠢᠭ | ᠨᠦᠬᠦᠪᠦᠷᠢᠯᠡᠵᠤ᠂ ᠣᠷᠣᠨ ᠰᠠᠭᠤᠴᠠ ᠶᠢᠨ ᠨᠡᠶᠢᠳᠡ ᠶᠢᠨ ᠬᠤᠷᠠᠮᠳᠣᠯᠠᠭᠠ ᠶᠢᠨ ᠮᠦᠩᠬᠦ ᠶᠢᠨ ᠲᠣᠰᠢᠶᠠᠵᠣ | ᠬᠠᠳᠠᠭᠠᠯᠠᠬᠤ ᠬᠠᠷᠢᠴᠠᠯ ᠢ 2 ᠵᠠᠭᠤᠨ ᠤ ᠬᠤᠪᠢ ᠲᠡᠬᠡᠭᠰᠢᠯᠡᠬᠦᠯᠵᠤ᠂ ᠣᠷᠣᠨ ᠰᠠᠭᠤᠴᠠ ᠶᠢᠨ ᠨᠡᠶᠢᠳᠡ ᠶᠢᠨ | ᠬᠤᠷᠠᠮᠳᠣᠯᠠᠭᠠ ᠶᠢᠨ ᠮᠦᠩᠬᠦ ᠶᠢᠨ ᠵᠢᠬᠡᠯᠡᠯᠬᠡ ᠶᠢ 2000 ᠲᠦᠮᠡᠨ ᠲᠦᠬᠦᠷᠢᠭ ᠲᠠᠷᠬᠠᠭᠠᠪᠠ᠃ ᠡᠳ᠋ ᠤᠨ ᠵᠠᠰᠠᠭ | ᠠᠴᠠ 720 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠬᠢᠮᠳᠠ ᠲᠦᠷᠢᠶᠡᠰᠦᠨ ᠬᠡᠷ 200 ᠶᠢ ᠰᠢᠨ᠎ᠠ ᠪᠠᠷ | ᠪᠠᠶᠢᠭᠤᠯᠪᠠ᠃ 360 ᠲᠦᠮᠡᠨ ᠲᠦᠬᠦᠷᠢᠭ ᠤᠨ ᠪᠡᠯᠡ ᠤᠷᠤᠭᠤᠯᠵᠤ᠂ CT ᠮᠠᠰᠢᠨ ᠬᠤᠳᠠᠯᠳᠤᠨ ᠠᠪᠴᠤ᠂ | ᠡᠮᠴᠢᠯᠡᠬᠡᠨ ᠤ ᠦᠢᠯᠡᠴᠢᠯᠡᠬᠦ ᠨᠦᠬᠦᠴᠡᠯ ᠢ ᠢᠳᠡᠪᠬᠢᠳᠠᠢ ᠰᠠᠶᠢᠵᠢᠷᠠᠭᠤᠯᠪᠠ᠃ ᠬᠠᠷᠠᠮᠵᠢ ᠦᠭᠡᠢ ᠪᠠᠷ 3880 | ᠡᠮᠡᠭᠳᠡᠶᠢᠴᠤᠳ ᠲᠤ ᠡᠮᠡᠭᠳᠡᠶᠢᠴᠤᠳ ᠤᠨ ᠡᠪᠡᠳᠴᠢᠨ ᠤ ᠨᠡᠶᠢᠳᠡᠮ ᠪᠠᠶᠢᠴᠠᠭᠠᠯᠳᠠ᠂ 206 ᠬᠤᠤᠰ ᠰᠢᠨ᠎ᠠ | ᠬᠤᠷᠢᠮᠯᠠᠭᠰᠠᠳ ᠳᠤ ᠪᠡᠶ᠎ᠠ ᠶᠢᠨ ᠪᠠᠶᠢᠴᠠᠭᠠᠯᠳᠠ ᠬᠢᠵᠤ ᠦᠭᠬᠦᠭᠰᠡᠨ ᠪᠠᠶᠢᠨ᠎ᠠ᠃ 600 ᠲᠦᠮᠡᠨ ᠲᠦᠬᠦᠷᠢᠭ ᠤᠨ | ᠪᠡᠯᠡ ᠤᠷᠤᠭᠤᠯᠵᠤ᠂ ᠲᠦᠪᠯᠡᠷᠡᠬᠦᠯᠦᠨ ᠲᠣᠯᠠᠭᠠᠯᠠᠭ᠎ᠠ ᠬᠠᠩᠭᠠᠬᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠢᠨᠧᠷᠢᠭ ᠢ | ᠬᠡᠷᠡᠭᠵᠢᠬᠦᠯᠵᠤ᠂ 3998 ᠮᠧᠲᠷ ᠭᠤᠣᠷᠰᠣ ᠶᠢ ᠥᠭᠡᠷᠡᠴᠢᠯᠡᠨ ᠰᠠᠶᠢᠵᠢᠷᠠᠭᠤᠯᠵᠣ᠂ ᠤᠰᠤ ᠬᠤᠪᠢᠶᠠᠷᠢᠯᠠᠬᠤ | ᠦᠷᠳᠡᠭᠡ 18 ᠶᠢ ᠰᠢᠨ᠎ᠠ ᠪᠠᠷ ᠪᠠᠶᠢᠭᠤᠯᠪᠠ︔ 563 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠮᠠᠨᠳᠠᠯᠳᠤ | ᠪᠠᠯᠭᠠᠰᠤ᠂ ᠴᠠᠭᠠᠠᠤᠪᠤᠭ᠎ᠠ ᠪᠠᠯᠭᠠᠰᠤᠨ ᠤ ᠤᠰᠤ ᠬᠠᠩᠭᠠᠬᠤ ᠥᠭᠡᠷᠡᠴᠢᠯᠡᠨ ᠰᠠᠶᠢᠵᠢᠷᠠᠭᠤᠯᠬᠤ ᠢᠨᠵᠢᠨᠧᠷᠢᠭ ᠢ 3 ᠶᠢ | ᠪᠠᠶᠢᠭᠤᠯᠪᠠ︔ ᠡᠳ᠋ ᠤᠨ ᠵᠠᠰᠠᠭ ᠠᠴᠠ 46 ᠲᠦᠮᠡᠨ ᠲᠦᠬᠦᠷᠢᠭ ᠪᠠᠶᠢᠷᠢᠯᠠᠭᠤᠯᠵᠤ᠂ ︽ᠨᠢᠬᠡ ᠴᠤᠮᠤ ᠰᠦ︾ ᠶᠢᠨ | ᠢᠨᠵᠢᠨᠧᠷᠢᠭ ᠢ ᠦᠷᠬᠦᠯᠵᠢᠯᠡᠨ ᠬᠡᠷᠡᠭᠵᠢᠬᠦᠯᠵᠤ᠂ 1140 ᠰᠤᠷᠤᠭᠴᠢ ᠠᠰᠢᠭ ᠬᠦᠷᠳᠡᠪᠡ︔ ︽ᠬᠤᠶᠠᠷ ᠢ | ᠬᠡᠯᠳᠦᠷᠢᠬᠦᠯᠵᠤ᠂ ᠨᠢᠬᠡ ᠶᠢ ᠨᠦᠬᠦᠪᠦᠷᠢᠯᠡᠬᠦ︾ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠬᠡᠷᠡᠭᠵᠢᠬᠦᠯᠵᠤ᠂ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠠᠯᠪᠠᠨ ᠵᠠᠷᠤᠳᠠᠯ ᠤᠨ ᠪᠠᠳᠤᠯᠠᠭ᠎ᠠ ᠶᠢᠨ | ᠲᠦᠪᠰᠢᠨ ᠢ ᠲᠡᠬᠡᠭᠰᠢᠯᠡᠬᠦᠯᠦᠨ᠂ ᠨᠦᠬᠦᠪᠦᠷᠢ ᠶᠢᠨ ᠮᠦᠩᠬᠦ 650 ᠲᠦᠮᠡᠨ ᠲᠦᠬᠦᠷᠢᠭ ᠢ ᠲᠠᠷᠬᠠᠭᠠᠵᠤ᠂ 2108 | ᠰᠤᠷᠤᠭᠴᠢ ᠠᠰᠢᠭ ᠬᠦᠷᠳᠡᠪᠡ︔ ᠮᠠᠯᠵᠢᠬᠤ ᠤᠷᠤᠨ ᠤ ᠠᠮᠢᠳᠤᠷᠠᠯ ᠬᠦᠴᠢᠷᠳᠡᠯᠳᠠᠢ ᠬᠡᠷ ᠪᠦᠯᠢ ᠶᠢᠨ ᠦᠷ᠎ᠠ ᠬᠡᠥᠬᠡᠳ | ᠤᠨ ᠲᠡᠬᠡᠳᠤ ᠲᠤᠮᠳᠠᠳᠤ ᠶᠢᠨ ᠱᠠᠳᠤᠨ ᠤ ᠰᠤᠷᠭᠠᠨ ᠬᠦᠮᠦᠵᠢᠯ ᠤᠨ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢ | ᠢᠳᠡᠪᠬᠢᠳᠠᠢ ᠨᠠᠶᠢᠳᠠᠪᠦᠷᠢᠵᠢᠭᠤᠯᠵᠤ᠂ 94.9 ᠲᠦᠮᠡᠨ ᠲᠦᠬᠦᠷᠢᠭ ᠤᠨ ᠨᠦᠬᠦᠪᠦᠷᠢ ᠲᠠᠷᠬᠠᠭᠠᠵᠤ᠂ 1397 | ᠰᠤᠷᠤᠭᠴᠢ ᠠᠰᠢᠭ ᠬᠦᠷᠳᠡᠪᠡ︔ 2200 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠰᠦᠨᠢᠳ ᠮᠦᠽᠸᠢ ᠶᠢ | ᠪᠠᠶᠢᠭᠤᠯᠪᠠ︔ ᠥᠪᠡᠷᠳᠡᠭᠡᠨ ᠵᠠᠰᠠᠬᠤ ᠤᠷᠤᠨ ᠤ ᠮᠤᠩᠭᠤᠯ ᠬᠡᠯᠡᠨ ᠤ ᠷᠠᠳᠢᠤ᠋ ᠶᠢᠨ ᠪᠦᠬᠦ ᠬᠤᠰᠢᠭᠤᠨ ᠤ ᠬᠡᠪᠴᠢᠶᠡᠨ | ᠳᠤ ᠬᠠᠮᠤᠷᠬᠤ ᠶᠢ ᠪᠡᠶᠡᠯᠡᠬᠦᠯᠵᠤ᠂ ᠷᠠᠳᠢᠤ᠋᠂ ᠲᠧᠯᠸᠢᠰ ᠤᠨ ᠶᠡᠷᠦᠩᠬᠡᠶᠢᠯᠡᠭᠰᠡᠨ ᠪᠦᠷᠬᠦᠴᠡ ᠶᠢᠨ ᠨᠤᠷᠮ᠎ᠠ ᠲᠤᠰ ᠲᠤᠰ | 94% ᠪᠠ 96% ᠳᠤ ᠬᠦᠷᠴᠤ᠂ ᠰᠦᠨᠢᠳ ᠵᠡᠬᠦᠨ ᠬᠤᠰᠢᠭᠤᠨ ᠤ ᠠᠷᠠᠳ ᠤᠨ ᠷᠠᠳᠢᠤ᠋ ᠶᠢ ᠨᠡᠪᠳᠡᠷᠡᠬᠦᠯᠪᠡ᠃ | ᠬᠤᠳᠠ ᠬᠦᠳᠡᠭᠡ ᠶᠢᠨ ᠲᠤᠤᠷ᠎ᠠ ᠪᠠᠳᠣᠯᠠᠭᠠᠳᠣ ᠨᠢᠭᠤᠷᠯᠠᠯ ᠤᠨ ᠪᠠᠷᠢᠮᠵᠢᠶ᠎ᠠ ᠶᠢ ᠲᠤᠬᠢᠷᠠᠭᠤᠯᠵᠤ᠂ ᠨᠦᠬᠦᠪᠦᠷᠢ | ᠶᠢ ᠲᠡᠬᠡᠭᠰᠢᠯᠡᠬᠦᠯᠬᠦ ᠠᠵᠢᠯ ᠢ ᠰᠠᠶᠢᠳᠤᠷ ᠬᠢᠵᠤ᠂ ᠠᠮᠢᠳᠤᠯᠢᠭ ᠢᠶᠠᠷ ᠪᠠᠳᠤᠯᠠᠭ᠎ᠠ ᠬᠡᠷᠡᠭᠵᠢᠬᠦᠯᠬᠦ᠂ ᠪᠠᠳᠤᠯᠠᠬᠤ | ᠵᠤᠬᠢᠰᠳᠠᠢ ᠪᠦᠬᠦᠨ ᠢ ᠪᠠᠳᠤᠯᠠᠬᠤ ᠶᠢ ᠪᠡᠶᠡᠯᠡᠬᠦᠯᠵᠤ᠂ ᠡᠷᠦᠬᠡ ᠬᠤᠳᠠ ᠪᠠᠯᠭᠠᠰᠤᠨ ᠤ 639 ᠲᠤᠤᠷ᠎ᠠ ᠪᠠᠳᠤᠯᠠᠭᠠᠳᠤ | ᠡᠷᠦᠬᠡ᠂ ᠮᠠᠯᠵᠢᠬᠤ ᠤᠷᠤᠨ ᠤ 1351 ᠲᠤᠤᠷ᠎ᠠ ᠪᠠᠳᠣᠯᠠᠭᠠᠳᠣ ᠡᠷᠦᠬᠡ ᠳᠤ ᠲᠤᠤᠷ᠎ᠠ ᠪᠠᠳᠤᠯᠠᠭ᠎ᠠ ᠶᠢᠨ ᠮᠦᠩᠬᠦ | 514.85 ᠲᠦᠮᠡᠨ ᠲᠦᠬᠦᠷᠢᠭ ᠲᠠᠷᠬᠠᠭᠠᠵᠤ᠂ ᠬᠦᠴᠢᠷᠳᠡᠯ ᠠᠴᠠ ᠠᠪᠤᠷᠠᠵᠤ᠂ ᠭᠠᠮᠰᠢᠭ ᠲᠤ ᠲᠤᠰᠠᠯᠠᠬᠤ ᠪᠡᠯᠡ | ᠮᠦᠩᠬᠦ 125.7 ᠲᠦᠮᠡᠨ ᠲᠦᠬᠦᠷᠢᠭ᠂ ᠬᠤᠳᠠ ᠬᠦᠳᠡᠭᠡ ᠶᠢᠨ ᠡᠮᠴᠢᠯᠡᠬᠡᠨ ᠤ ᠠᠪᠤᠷᠠᠨ ᠲᠤᠰᠠᠯᠠᠬᠤ ᠮᠦᠩᠬᠦ | 180 ᠲᠦᠮᠡᠨ ᠲᠦᠬᠦᠷᠢᠭ ᠢ ᠲᠠᠷᠬᠠᠭᠠᠪᠠ᠃ ︽ᠬᠡᠷ ᠤᠨ ᠴᠠᠬᠢᠯᠭᠠᠨ ᠬᠡᠷᠡᠭᠰᠡᠯ᠂ ᠮᠠᠰᠢᠨ ᠲᠡᠷᠭᠡ ᠶᠢ ᠬᠦᠳᠡᠭᠡ | ᠪᠠᠭᠤᠯᠭᠠᠬᠤ︾ ᠠᠵᠢᠯᠯᠠᠭ᠎ᠠ ᠪᠤᠳᠠᠳᠤ ᠦᠷ᠎ᠠ ᠠᠰᠢᠭ ᠤᠯᠵᠤ᠂ ᠤᠯᠤᠰ ᠤᠨ ᠡᠳ᠋ ᠤᠨ ᠵᠠᠰᠠᠭ ᠤᠨ ᠨᠦᠬᠦᠪᠦᠷᠢ | ᠨᠡᠶᠢᠳᠡ 66.5 ᠲᠦᠮᠡᠨ ᠲᠦᠬᠦᠷᠢᠭ ᠲᠠᠷᠬᠠᠭᠠᠪᠠ᠃ ᠤᠯᠤᠰ ᠤᠨ ᠠᠯᠪᠠᠳᠠᠨ ᠤ ᠨᠠᠰᠤᠵᠢᠯ ᠤᠨ ᠲᠠᠭᠠᠳᠬᠠᠯ ᠤᠨ | ᠮᠦᠩᠬᠦ ᠶᠢ ᠪᠦᠬᠦᠨ ᠢ ᠪᠤᠴᠠᠭᠠᠵᠤ᠂ ᠤᠯᠤᠰ ᠤᠨ ᠠᠯᠪᠠᠳᠠᠨ ᠤ ᠨᠦᠬᠦᠪᠦᠷᠢ ᠶᠢᠨ ᠪᠠᠷᠢᠮᠵᠢᠶ᠎ᠠ ᠶᠢ ᠤᠯᠠᠮ ᠨᠢᠬᠡ | ᠠᠯᠬᠤᠮ ᠲᠦᠷᠢᠮᠵᠢᠬᠦᠯᠦᠨ᠂ ᠬᠦᠮᠦᠨ ᠪᠦᠷᠢ ᠳᠤ ᠲᠡᠭᠰᠢᠳᠬᠡᠬᠡᠳ 2 ᠲᠦᠮᠡᠨ ᠲᠦᠬᠦᠷᠢᠭ ᠲᠤ ᠬᠦᠷᠭᠡᠪᠡ᠃ | ᠭᠠᠴᠠᠭᠠᠨ ᠤ ᠺᠠᠳᠠᠷ ᠤᠨ ᠴᠠᠯᠢᠩ ᠢ ᠤᠯᠠᠮ ᠨᠢᠬᠡ ᠠᠯᠬᠤᠮ ᠲᠡᠬᠡᠭᠰᠢᠯᠡᠬᠦᠯᠵᠤ᠂ ᠬᠦᠮᠦᠨ ᠪᠦᠷᠢ ᠳᠤ ᠲᠡᠭᠰᠢᠳᠬᠡᠭᠰᠡᠨ | ᠰᠠᠷ᠎ᠠ ᠶᠢᠨ ᠴᠠᠯᠢᠩ ᠢ 400 ᠲᠦᠬᠦᠷᠢᠭ ᠠᠴᠠ 640 ᠲᠦᠬᠦᠷᠢᠭ ᠪᠤᠯᠭᠠᠨ ᠲᠡᠬᠡᠭᠰᠢᠯᠡᠬᠦᠯᠵᠤ᠂ ᠦᠩᠬᠡᠷᠡᠭᠰᠡᠨ ᠤ | ᠬᠤᠳᠠ ᠪᠠᠯᠭᠠᠰᠤᠨ ᠤ ᠠᠵᠤ ᠠᠬᠤᠶᠢᠯᠠᠯ ᠤᠨ ᠠᠵᠢᠯᠳᠠᠳ ᠤᠨ ᠲᠠᠩᠰᠠ ᠡᠪᠬᠡᠮᠡᠯ ᠪᠦᠷᠢᠨ ᠪᠤᠰᠤ ᠪᠣᠶᠣ ᠬᠡᠬᠡᠭᠳᠡᠭᠰᠡᠨ | ᠠᠴᠠ ᠪᠤᠯᠵᠤ᠂ ᠨᠠᠰᠤᠵᠢᠯ ᠤᠨ ᠲᠠᠭᠠᠳᠬᠠᠯ ᠳᠤ ᠤᠷᠤᠵᠤ ᠲᠡᠶᠢᠯᠬᠦ ᠦᠬᠡᠢ ᠪᠠ ᠵᠠᠯᠭᠠᠨ ᠲᠣᠰᠢᠶᠠᠵᠣ ᠲᠡᠶᠢᠯᠬᠦ ᠦᠬᠡᠢ | ᠠᠰᠠᠭᠤᠳᠠᠯ ᠢ ᠵᠤᠬᠢᠰᠳᠠᠢ ᠰᠢᠢᠳᠪᠦᠷᠢᠯᠡᠭᠰᠡᠨ ᠪᠠᠶᠢᠨ᠎ᠠ᠃ | ︵ᠲᠠᠪᠤ︶ ᠨᠡᠶᠢᠬᠡᠮ ᠤᠨ ᠦᠢᠯᠡᠰ ᠢ ᠵᠤᠬᠢᠴᠠᠩᠭᠤᠢ ᠬᠦᠭᠵᠢᠬᠦᠯᠵᠤ᠂ ᠬᠦᠭᠵᠢᠯᠳᠡ ᠶᠢᠨ ᠤᠷᠴᠢᠨ ᠢ ᠤᠯᠠᠮ | ᠡᠶ᠎ᠡ ᠵᠤᠬᠢᠴᠠᠯᠳᠠᠢ ᠪᠤᠯᠭᠠᠪᠠ᠃ ᠰᠤᠷᠭᠠᠨ ᠬᠦᠮᠦᠵᠢᠯ ᠤᠨ ᠦᠢᠯᠡᠰ ᠢ ᠲᠤᠪᠤᠶᠢᠯᠭᠠᠨ ᠬᠦᠭᠵᠢᠬᠦᠯᠵᠤ᠂ ᠰᠤᠷᠭᠠᠨ | ᠬᠦᠮᠦᠵᠢᠯ ᠤᠨ ᠦᠢᠯᠡᠰ ᠤᠨ ᠦᠬᠡᠷᠡᠴᠢᠯᠡᠯᠳᠡ ᠶᠢ ᠤᠯᠠᠮ ᠨᠢᠬᠡ ᠠᠯᠬᠤᠮ ᠬᠦᠨᠵᠡᠭᠡᠶᠢᠷᠡᠭᠦᠯᠪᠡ︔ ᠰᠤᠷᠭᠠᠭᠤᠯᠢ ᠶᠢᠨ | ᠭᠡᠷ ᠪᠠᠷᠢᠯᠭ᠎ᠠ ᠶᠢᠨ ᠠᠮᠤᠷ ᠲᠦᠪᠰᠢᠨ ᠤ ᠠᠵᠢᠯ ᠢ ᠲᠡᠬᠡᠳᠤ ᠬᠡᠮᠵᠢᠶ᠎ᠠ ᠪᠠᠷ ᠬᠦᠨᠳᠦᠳᠬᠡᠨ ᠦᠵᠡᠵᠤ᠂ ᠪᠦᠬᠦ | ᠬᠤᠰᠢᠭᠤᠨ ᠤ ᠲᠤᠮᠳᠠ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠪᠠᠷᠢᠯᠭ᠎ᠠ ᠶᠢᠨ ᠠᠮᠤᠷ ᠲᠦᠪᠰᠢᠨ ᠤ | ᠢᠨᠵᠢᠨᠧᠷᠢᠭ ᠤᠨ ᠭᠤᠷᠪᠠᠨ ᠵᠢᠯ ᠤᠨ ᠶᠡᠷᠦᠩᠬᠡᠢ ᠲᠦᠯᠦᠪᠵᠢᠬᠦᠯᠬᠡ ᠪᠠ ᠤᠨ ᠬᠤᠪᠢᠶᠠᠨ ᠬᠡᠷᠡᠭᠵᠢᠬᠦᠯᠬᠦ ᠲᠦᠰᠦᠪ ᠢ | ᠲᠤᠭᠳᠠᠭᠠᠨ᠂ ᠮᠤᠩᠭᠤᠯ ᠦᠨᠳᠦᠰᠦᠳᠡᠨ ᠤ ᠲᠤᠮᠳᠠᠳᠤ ᠰᠤᠷᠭᠠᠭᠤᠯᠢ ᠶᠢᠨ ᠲᠤᠷᠰᠢᠯᠳᠠ ᠶᠢᠨ ᠠᠰᠠᠷ᠂ ᠵᠢᠭᠠᠨ | ᠰᠤᠷᠭᠠᠯᠳᠠ ᠶᠢᠨ ᠠᠰᠠᠷ ᠪᠠ ᠲᠠᠮᠢᠷ ᠤᠨ ᠤᠷᠳᠤᠨ ᠵᠡᠷᠬᠡ ᠨᠢᠬᠡ ᠪᠦᠯᠦᠭ ᠰᠤᠷᠭᠠᠨ ᠬᠦᠮᠦᠵᠢᠯ ᠤᠨ ᠰᠠᠭᠤᠷᠢ | ᠲᠦᠬᠦᠬᠡᠷᠦᠮᠵᠢ ᠶᠢ ᠰᠢᠨ᠎ᠠ ᠪᠠᠷ ᠪᠠᠶᠢᠭᠤᠯᠵᠤ᠂ ᠪᠠᠷᠢᠮᠵᠢᠶᠠᠵᠢᠭᠰᠠᠨ ᠰᠤᠷᠭᠠᠭᠤᠯᠢ ᠶᠢᠨ ᠪᠠᠶᠢᠭᠤᠯᠤᠯᠳᠠ ᠶᠢ ᠪᠦᠬᠦ | ᠲᠠᠯ᠎ᠠ ᠪᠠᠷ ᠠᠬᠢᠭᠤᠯᠪᠠ᠃ ︽ᠬᠤᠶᠠᠷ ᠦᠨᠳᠤᠰᠤᠨ︾ ᠢ ᠪᠠᠬᠢᠵᠢᠬᠦᠯᠦᠨ ᠲᠡᠬᠡᠭᠰᠢᠯᠡᠬᠦᠯᠬᠦ ᠠᠵᠢᠯ ᠢ ᠦᠷᠬᠦᠯᠵᠢᠯᠡᠨ | ᠲᠦᠯᠬᠢᠨ ᠠᠬᠢᠭᠤᠯᠵᠤ᠂ ᠤᠯᠤᠰ ᠤᠨ ᠨᠢᠬᠡᠳᠦᠬᠡᠷ ᠲᠡᠰ ᠤᠨ ᠪᠠᠷᠢᠮᠵᠢᠶ᠎ᠠ ᠶᠤᠰᠤᠭᠠᠷ ᠲᠤᠮᠳᠠ ᠪᠠᠭ᠎ᠠ ᠰᠤᠷᠭᠠᠭᠤᠯᠢ | ᠶᠢᠨ ᠵᠢᠭᠠᠬᠤ ᠲᠦᠬᠦᠬᠡᠷᠦᠮᠵᠢ ᠪᠠ ᠪᠢᠴᠢᠭ ᠮᠠᠲ᠋ᠧᠷᠢᠶᠠᠯ ᠢ ᠲᠤᠬᠢᠷᠠᠭᠤᠯᠪᠠ᠃ ᠠᠯᠪᠠᠨ ᠵᠢᠷᠤᠮ ᠤᠨ ᠰᠤᠷᠭᠠᠨ | ᠬᠦᠮᠦᠵᠢᠯ ᠢ ᠲᠦᠬᠡᠮᠡᠯᠵᠢᠬᠦᠯᠬᠦ ᠨᠤᠷᠮ᠎ᠠ ᠪᠠ ᠰᠤᠷᠬᠤ ᠨᠠᠰᠤᠨ ᠤ ᠬᠡᠥᠬᠡᠳ ᠪᠠᠭᠠᠴᠤᠳ ᠤᠨ ᠰᠤᠷᠭᠠᠭᠤᠯᠢ ᠳᠤ | ᠤᠷᠤᠬᠤ ᠨᠤᠷᠮ᠎ᠠ ᠴᠦᠮ 100% ᠳᠤ ᠬᠦᠷᠪᠡ᠃ ᠪᠠᠭᠰᠢ ᠶᠢᠨ ᠦᠷ᠎ᠠ ᠪᠦᠳᠦᠮᠵᠢᠳᠤ ᠴᠠᠯᠢᠩ ᠤᠨ ᠲᠦᠷᠢᠮ ᠢ | ᠪᠦᠬᠦ ᠲᠠᠯ᠎ᠠ ᠪᠠᠷ ᠬᠡᠷᠡᠭᠵᠢᠬᠦᠯᠪᠡ᠃ ᠰᠤᠶᠤᠯ ᠲᠠᠮᠢᠷ ᠵᠢᠭᠤᠯᠴᠢᠯᠡᠯ ᠤᠨ ᠦᠢᠯᠡᠰ ᠢ ᠬᠦᠭᠵᠢᠬᠦᠯᠵᠤ᠂ ᠰᠤᠶᠤᠯ ᠤᠨ | ᠲᠤᠮᠤ ᠬᠤᠰᠢᠭᠤᠨ ᠤ ᠪᠠᠶᠢᠭᠤᠯᠤᠯᠳᠠ ᠶᠢ ᠦᠷᠬᠦᠯᠵᠢᠯᠡᠨ ᠬᠦᠴᠣᠳᠠᠢ ᠲᠦᠯᠬᠢᠨ ᠠᠬᠢᠭᠤᠯᠵᠤ᠂ ᠰᠤᠶᠤᠯ ᠤᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠦᠨᠳᠦᠰᠦᠳᠡᠨ ᠤ ᠰᠤᠶᠤᠯ ᠤᠨ ᠨᠡᠷᠡᠳᠤ ᠲᠡᠮᠳᠡᠭ ᠢ | ᠴᠢᠷᠮᠠᠶᠢᠨ ᠡᠬᠦᠳᠴᠤ᠂ ᠲᠦᠷᠪᠡᠳᠦᠬᠡᠷ ᠬᠤᠭᠤᠴᠠᠭᠠᠨ ᠤ ︽ᠬᠢᠯᠦᠬᠡᠨ︾ ᠰᠦᠨᠢᠳ ᠰᠤᠶᠤᠯ ᠤᠷᠠᠯᠢᠭ ᠤᠨ | ᠴᠢᠭᠤᠯᠭᠠᠨ ᠵᠢᠴᠢ ᠦᠨᠳᠤᠷ ᠨᠠᠰᠤᠳᠠᠳ ᠤᠨ ᠨᠠᠰᠤᠨ ᠪᠠᠶᠠᠷ ᠢ ᠪᠡᠯᠬᠡᠯᠡᠬᠦ ᠬᠠᠮᠳᠤ ᠶᠢᠨ ᠨᠠᠶᠢᠷ᠂ ᠰᠦᠨᠢᠳ ᠰᠤᠶᠤᠯ | ᠤᠨ ᠰᠤᠳᠤᠯᠤᠨ ᠶᠠᠷᠢᠯᠴᠠᠬᠤ ᠬᠤᠷᠠᠯ ᠵᠡᠷᠬᠡ ᠰᠤᠶᠤᠯ ᠤᠨ ᠬᠦᠳᠡᠯᠬᠡᠬᠡᠨ ᠢ ᠠᠮᠵᠢᠯᠳᠠ ᠲᠠᠢ ᠡᠷᠬᠢᠯᠡᠵᠤ᠂ ᠭᠠᠳᠠᠭᠰᠢ | ᠨᠦᠯᠦᠬᠡᠯᠡᠬᠦ ᠬᠦᠴᠦᠨ ᠢᠶᠠᠨ ᠤᠯᠠᠮ ᠨᠢᠬᠡ ᠠᠯᠬᠤᠮ ᠦᠷᠬᠡᠳᠬᠡᠪᠡ᠃ ᠤᠯᠠᠭᠠᠠᠮᠦ᠋ᠴᠢᠷ ᠤᠨ ᠦᠬᠡᠷᠡᠴᠢᠯᠡᠯᠳᠡ ᠶᠢ | ᠢᠳᠡᠪᠬᠢᠳᠠᠢ ᠲᠦᠯᠬᠢᠨ ᠠᠬᠢᠭᠤᠯᠵᠤ᠂ 18 ᠨᠡᠷ᠎ᠠ ᠲᠤᠭᠯᠠᠭᠴᠢ ᠶᠢ ᠰᠢᠨ᠎ᠠ ᠪᠠᠷ ᠤᠷᠢᠨ ᠬᠡᠷᠡᠭᠯᠡᠵᠤ᠂ ᠲᠤᠭᠯᠠᠯᠳᠠ | ᠨᠠᠶᠢᠷᠠᠭᠤᠯᠤᠨ ᠵᠤᠬᠢᠶᠠᠬᠤ ᠬᠦᠴᠦᠯᠡᠴᠡ ᠶᠢ ᠤᠯᠠᠮ ᠨᠢᠬᠡ ᠠᠯᠬᠤᠮ ᠨᠡᠮᠡᠭᠳᠡᠬᠦᠯᠦᠨ᠂ ᠤᠯᠠᠨ ᠲᠦᠮᠡᠨ ᠤ ᠰᠤᠶᠤᠯ ᠤᠨ | ᠠᠮᠢᠳᠤᠷᠠᠯ ᠢ ᠲᠠᠰᠤᠷᠠᠯᠳᠠ ᠦᠬᠡᠢ ᠪᠠᠶᠠᠯᠢᠭᠵᠢᠭᠤᠯᠪᠠ᠃ ᠰᠢᠨᠵᠢᠯᠡᠭᠡ ᠮᠡᠷᠬᠡᠵᠢᠯ᠂ ᠡᠷᠡᠬᠦᠯ ᠬᠠᠮᠠᠭᠠᠯᠠᠯ ᠪᠠ | ᠲᠦᠯᠦᠪᠯᠡᠬᠡᠳᠤ ᠦᠷᠡᠵᠢᠯ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠪᠠ᠃ ᠡᠯ᠎ᠠ ᠲᠦᠷᠦᠯ ᠤᠨ ᠰᠢᠨᠵᠢᠯᠡᠭᠡ | ᠮᠡᠷᠬᠡᠵᠢᠯ ᠤᠨ ᠪᠤᠯᠪᠠᠰᠤᠷᠠᠯ ᠤᠨ ᠠᠩᠬᠢ ᠶᠢ 20 ᠬᠤᠭᠤᠴᠠᠭ᠎ᠠ ᠡᠷᠬᠢᠯᠡᠵᠤ᠂ 2066 ᠨᠡᠷ᠎ᠠ ᠮᠠᠯᠴᠢᠳ ᠪᠠ ᠡᠯ᠎ᠠ | ᠲᠦᠷᠦᠯ ᠤᠨ ᠮᠡᠷᠬᠡᠵᠢᠯᠳᠡᠨ ᠳᠤ ᠪᠤᠯᠪᠠᠰᠤᠷᠠᠯ ᠬᠦᠷᠳᠡᠬᠡᠵᠤ᠂ ᠮᠠᠯ ᠠᠵᠤ ᠠᠬᠤᠢ ᠶᠢᠨ ᠬᠡᠷᠡᠭᠯᠡᠬᠡᠨ ᠤ ᠮᠡᠷᠬᠡᠵᠢᠯ ᠢ | ᠲᠦᠭᠡᠮᠡᠯᠵᠢᠭᠦᠯᠣᠨ ᠠᠰᠢᠭᠯᠠᠬᠤ ᠶᠢ ᠠᠬᠢᠭᠤᠯᠪᠠ᠃ ᠭᠤᠷᠪᠠᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ᠂ | ᠡᠷᠡᠬᠦᠯᠵᠢᠯ ᠤᠨ ᠰᠦᠯᠵᠢᠶ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠰᠢᠨ᠎ᠠ ᠪᠠᠷ ᠪᠠᠶᠢᠭᠤᠯᠣᠭᠰᠠᠨ ᠬᠤᠰᠢᠭᠤ ᠡᠮᠨᠡᠯᠬᠡ | ᠶᠢᠨ ᠬᠤᠷᠢᠶᠠᠨ ᠤ ᠡᠪᠡᠳᠴᠢᠳᠠᠨ ᠤ ᠰᠠᠭᠤᠬᠤ ᠠᠰᠠᠷ᠂ ᠮᠤᠩᠭᠤᠯ ᠡᠮᠨᠡᠯᠬᠡ ᠶᠢᠨ ᠬᠤᠷᠢᠶ᠎ᠠ ᠪᠠ ᠡᠩᠬᠡᠷ ᠭᠤᠤᠯ ᠤᠨ | ᠡᠷᠡᠬᠦᠯ ᠬᠠᠮᠠᠭᠠᠯᠠᠯ ᠤᠨ ᠬᠤᠷᠢᠶ᠎ᠠ ᠠᠰᠢᠭᠯᠠᠯᠳᠠ ᠳᠤ ᠤᠷᠤᠵᠤ᠂ ᠡᠮᠴᠢᠯᠡᠬᠡᠨ ᠤ ᠥᠢᠯᠡᠴᠢᠯᠡᠬᠦ ᠬᠢᠷᠢ ᠲᠦᠪᠰᠢᠨ ᠢ | ᠤᠯᠠᠮ ᠨᠢᠬᠡ ᠠᠯᠬᠤᠮ ᠲᠡᠬᠡᠭᠰᠢᠯᠡᠬᠦᠯᠪᠡ᠃ ᠡᠬᠦᠨ ᠤ ᠬᠠᠮᠳᠤ ᠬᠦᠬᠡ ᠬᠡᠯᠪᠡᠷᠢ ᠶᠢᠨ ᠬᠠᠯᠳᠠᠪᠦᠷᠢᠳᠤ ᠲᠠᠭᠰᠢᠭᠤᠷ ᠢ | ᠰᠡᠷᠬᠡᠶᠢᠯᠡᠨ ᠬᠤᠷᠢᠭᠯᠠᠬᠤ ᠠᠵᠢᠯ ᠢ ᠰᠠᠶᠢᠳᠣᠷ ᠬᠢᠵᠤ᠂ ᠬᠠᠯᠳᠠᠪᠦᠷᠢᠳᠤ ᠲᠠᠭᠰᠢᠭᠤᠷ ᠤᠨ ᠲᠠᠷᠬᠠᠵᠣ ᠲᠡᠯᠬᠡᠷᠡᠬᠦ ᠶᠢ | ᠪᠦᠳᠦᠮᠵᠢᠳᠠᠢ ᠬᠤᠷᠢᠭᠯᠠᠵᠤ ᠴᠢᠳᠠᠭᠰᠠᠨ ᠪᠠᠶᠢᠨ᠎ᠠ᠃ ᠲᠦᠯᠦᠪᠯᠡᠬᠡᠳᠤ ᠦᠷᠡᠵᠢᠯ ᠤᠨ ᠲᠦᠷᠦ ᠶᠢᠨ ᠪᠤᠳᠤᠯᠭ᠎ᠠ ᠶᠢ | ᠨᠠᠷᠢᠨ ᠬᠢᠨᠠᠮᠠᠭᠠᠢ ᠬᠡᠷᠡᠭᠵᠢᠬᠦᠯᠵᠤ᠂ ︽ᠴᠦᠬᠡᠨ ᠲᠦᠷᠦᠵᠤ᠂ ᠲᠦᠷᠬᠡᠨ ᠴᠢᠨᠡᠬᠡᠯᠢᠭᠵᠢᠬᠦ ᠵᠤᠯ ᠵᠢᠷᠭᠠᠯᠳᠤ ᠢᠨᠵᠢᠨᠧᠷᠢᠭ | ︾ ᠪᠠ ︽ᠨᠢᠬᠡ ᠴᠤᠮᠤ ᠰᠦ︾ ᠬᠦᠩᠬᠡᠵᠢᠭᠦ ᠶᠢ ᠬᠠᠯᠠᠮᠵᠢᠯᠠᠬᠤ ᠬᠦᠳᠡᠯᠬᠡᠬᠡᠨ ᠢ ᠬᠦᠨᠵᠡᠬᠡᠢ ᠦᠷᠨᠢᠬᠦᠯᠵᠤ᠂ ᠲᠤᠤᠷ᠎ᠠ | ᠦᠷᠡᠵᠢᠯ ᠤᠨ ᠲᠦᠪᠰᠢᠨ ᠢ ᠦᠷᠬᠦᠯᠵᠢᠯᠡᠨ ᠲᠤᠭᠳᠠᠪᠦᠷᠢᠵᠢᠭᠤᠯᠵᠤ᠂ ᠬᠦᠮᠦᠨ ᠠᠮᠠ ᠶᠢᠨ ᠥᠰᠣᠯᠳᠠ ᠶᠢᠨ ᠨᠤᠷᠮ᠎ᠠ | ᠪᠠ ᠠᠶᠠᠨᠳᠠᠭᠠᠨ ᠦᠰᠬᠦ ᠨᠤᠷᠮ᠎ᠠ ᠶᠢ ᠲᠤᠰ ᠲᠤᠰ 7.84‰ ᠪᠠ 6.77‰ ᠳᠤ ᠬᠢᠵᠠᠭᠠᠷᠯᠠᠪᠠ᠃ ᠬᠢᠨᠠᠨ | ᠪᠠᠶᠢᠴᠠᠭᠠᠬᠤ᠂ ᠬᠢᠨᠠᠨ ᠪᠤᠳᠤᠬᠤ ᠠᠵᠢᠯ ᠤᠨ ᠬᠦᠴᠦᠯᠡᠴᠡ ᠶᠢ ᠴᠢᠩᠭᠠᠳᠬᠠᠵᠣ᠂ ᠰᠤᠷᠳᠠᠯ ᠴᠡᠭᠴᠡᠯᠡᠬᠦ ᠲᠤᠰᠬᠠᠢ | ᠲᠦᠷᠦᠯ ᠤᠨ ᠴᠡᠭᠴᠡᠯᠡᠨ ᠵᠠᠰᠠᠬᠤ ᠬᠦᠳᠡᠯᠬᠡᠬᠡᠨ ᠢᠯᠡᠳᠳᠠ ᠦᠷ᠎ᠠ ᠪᠦᠳᠦᠮᠵᠢ ᠣᠯᠪᠠ᠃ ᠤᠷᠢᠳᠴᠢᠯᠠᠭᠰᠠᠨ | ᠲᠦᠰᠦᠪ ᠢ ᠬᠡᠷᠡᠭᠵᠢᠬᠦᠯᠬᠦ᠂ ᠭᠠᠶᠢᠯᠢ ᠶᠢᠨ ᠢᠷᠡᠯᠳᠡ ᠪᠠ ᠲᠠᠳᠠᠪᠦᠷᠢᠯᠠᠨ ᠬᠠᠮᠢᠶᠠᠷᠬᠤ᠂ ᠰᠠᠯᠠᠭ᠎ᠠ ᠲᠡᠰ ᠤᠨ | ᠤᠳᠤᠷᠢᠳᠬᠤ ᠺᠠᠳᠠᠷ ᠤᠨ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠵᠢᠴᠢ ᠲᠤᠰᠬᠠᠢ | ᠲᠦᠷᠦᠯ ᠤᠨ ᠪᠡᠯᠡ ᠮᠦᠩᠬᠦ ᠶᠢ ᠬᠡᠷᠡᠭᠯᠡᠬᠦ ᠵᠡᠷᠬᠡ ᠪᠠᠶᠢᠳᠠᠯ ᠳᠤ ᠬᠢᠨᠠᠨ ᠪᠤᠳᠤᠯᠳᠠ ᠬᠢᠵᠤ᠂ ᠪᠠᠷᠢᠯᠭ᠎ᠠ ᠶᠢᠨ | ᠢᠨᠵᠢᠨᠧᠷᠢᠭ ᠤᠨ ᠦᠷᠳᠡᠭ ᠢ 969.6 ᠲᠦᠮᠡᠨ ᠲᠦᠬᠦᠷᠢᠭ ᠪᠠᠭᠤᠷᠠᠭᠤᠯᠪᠠ᠃ ᠨᠠᠮ ᠤᠨ ᠦᠨᠳᠦᠰᠦᠳᠡᠨ ᠱᠠᠰᠢᠨ | ᠰᠤᠷᠳᠠᠬᠤᠨ ᠤ ᠲᠦᠷᠦ ᠶᠢᠨ ᠪᠤᠳᠤᠯᠭ᠎ᠠ ᠪᠠ ︽ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠬᠠᠥᠯᠢ︾ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ᠂ ᠠᠷᠠᠳ ᠤᠨ | ᠠᠭᠠᠷ ᠤᠨ ᠰᠡᠷᠬᠡᠶᠢᠯᠡᠯᠳᠡ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠪᠠ ︽ᠬᠤᠶᠠᠷ ᠢ ᠬᠦᠷᠢᠶᠡᠯᠡᠬᠦ︾ ᠠᠵᠢᠯ ᠢ | ᠲᠠᠰᠤᠷᠠᠯᠳᠠ ᠦᠬᠡᠢ ᠴᠢᠩᠭᠠᠳᠬᠠᠵᠤ᠂ ᠴᠡᠷᠢᠭ ᠠᠷᠠᠳ ᠤᠨ ᠪᠦᠯᠬᠦᠮᠳᠡᠯ ᠤᠯᠠᠮ ᠪᠠᠬᠢᠵᠢᠨ ᠨᠢᠭᠳᠠᠷᠠᠪᠠ᠃ ᠭᠠᠳᠠᠭᠠᠳᠤ | ᠶᠠᠪᠤᠳᠠᠯ᠂ ᠴᠠᠭ ᠠᠭᠤᠷ᠂ ᠨᠠᠮ ᠤᠨ ᠲᠡᠥᠬᠡ ᠲᠡᠮᠳᠡᠭᠯᠡᠯ᠂ ᠲᠠᠩᠰᠠ ᠡᠪᠬᠡᠮᠡᠯ ᠵᠡᠷᠬᠡ ᠠᠵᠢᠯ ᠴᠦᠮ ᠰᠢᠨ᠎ᠠ ᠠᠬᠢᠯᠳᠠ | ᠲᠠᠢ ᠪᠤᠯᠵᠤ᠂ ᠡᠮᠡᠭᠳᠡᠶᠢᠴᠤᠳ ᠬᠡᠥᠬᠡᠳ᠂ ᠤᠯᠠᠭᠠᠨ ᠵᠠᠯᠠᠮᠭᠠᠶᠢᠳᠠᠨ ᠤ ᠨᠡᠶᠢᠬᠡᠮᠯᠢᠭ᠂ ᠨᠠᠰᠤᠳᠠᠶᠢᠴᠤᠳ᠂ | ᠵᠡᠮᠳᠡᠭᠴᠤᠳ ᠤᠨ ᠥᠢᠯᠡᠰ ᠴᠦᠮ ᠰᠢᠨ᠎ᠠ ᠲᠠᠪᠰᠢᠯᠳᠠ ᠲᠠᠢ ᠪᠣᠯᠪᠠ᠃ | ︵ᠵᠢᠷᠭᠤᠭ᠎ᠠ︶ ᠲᠣᠰ ᠪᠠᠶ᠎ᠠ ᠶᠢᠨ ᠪᠠᠶᠢᠭᠤᠯᠤᠯᠳᠠ ᠶᠢ ᠬᠥᠡᠳᠤᠤᠡᠭᠡᠵᠤ᠂ ᠵᠠᠰᠠᠭ ᠤᠨ ᠤᠷᠳᠤᠨ ᠤ | ᠨᠠᠶᠢᠳᠠᠪᠣᠷᠢᠵᠢᠭᠤᠯᠬᠤ ᠬᠥᠴᠤᠯᠠᠴᠠ ᠪᠠᠨ ᠤᠯᠠᠮ ᠴᠢᠩᠭᠠᠷᠠᠭᠤᠯᠪᠠ᠃ ᠠᠷᠠᠤᠨ ᠤᠨ ᠲᠥᠯᠤᠭᠡᠯᠡᠭᠴᠢᠤᠨ ᠤᠨ ᠶᠡᠭᠡ | ᠬᠤᠷᠠᠯ ᠤᠨ ᠬᠠᠤᠯᠢ ᠶᠢᠨ ᠬᠢᠨᠠᠯᠳᠠ ᠪᠤᠯᠤᠨ ᠤᠯᠤᠰ ᠲᠥᠷᠤ ᠶᠢᠨ ᠵᠥᠪᠯᠠᠯᠭᠡᠨ ᠤ ᠠᠷᠠᠤᠡᠴᠢᠯᠠᠭᠰᠡᠨ ᠬᠢᠨᠠᠯᠳᠠ ᠶᠢ | ᠤᠬᠠᠮᠰᠠᠷ ᠠᠴᠠ ᠪᠠᠨ ᠬᠥᠯᠢᠶᠠᠵᠤ᠂ ᠲᠥᠯᠤᠭᠡᠯᠡᠭᠴᠢᠤᠨ ᠤᠨ ᠰᠠᠨᠠᠯ ᠲᠣᠷᠠᠳᠣᠯᠭ᠎ᠠ 92 ᠵᠤᠷᠪᠤᠰ᠂ ᠤᠯᠤᠰ ᠲᠥᠷᠤ | ᠶᠢᠨ ᠵᠥᠪᠯᠠᠯᠭᠡᠨ ᠤ ᠬᠡᠰᠢᠬᠦᠤᠨ ᠤᠨ ᠵᠥᠪᠯᠠᠯᠭᠡ 59 ᠵᠤᠷᠪᠤᠰ ᠢ ᠰᠢᠢᠤᠡᠪᠤᠷᠢᠯᠠᠵᠤ᠂ ᠬᠠᠷᠢᠭᠤᠯᠳᠠ ᠥᠭᠴᠤ | ᠰᠢᠢᠤᠡᠪᠤᠷᠢᠯᠡᠭᠰᠡᠨ ᠨᠤᠷᠮ᠎ᠠ 100% ᠳᠤ ᠬᠥᠷᠪᠠ᠃ | ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢᠨ ᠬᠤᠪᠢᠷᠠᠭᠤᠯᠤᠯᠳᠠ ᠶᠢ ᠢᠳᠡᠪᠬᠢᠳᠠᠢ ᠠᠬᠢᠭᠤᠯᠵᠤ᠂ ᠵᠠᠰᠠᠭ | ᠤᠨ ᠤᠷᠳᠤᠨ ᠤ ᠬᠠᠮᠢᠶᠠᠷᠤᠯᠳᠠ ᠶᠢᠨ ᠰᠢᠨ᠎ᠠ ᠶᠢ ᠡᠬᠦᠤᠡᠬᠦ ᠶᠢ ᠲᠥᠷᠭᠡᠤᠡᠭᠡᠨ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠲᠥᠷᠢᠮ ᠢ ᠥᠭᠡᠷᠡᠴᠢᠯᠠᠵᠤ᠂ ᠥᠷ᠎ᠡ ᠪᠥᠳᠤᠮᠵᠢ ᠶᠢᠨ ᠥᠨᠡᠯᠡᠯᠳᠠ ᠶᠢ ᠬᠥᠡᠵᠡᠬᠡᠢ ᠥᠷᠨᠢᠬᠦᠯᠵᠤ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠲᠥᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠡᠯ᠎ᠠ ᠲᠥᠷᠤᠯ | ᠤᠨ ᠪᠠᠴᠢᠮ ᠪᠠᠶᠢᠳᠠᠯ ᠢ ᠠᠷᠭᠠᠴᠠᠬᠤ ᠤᠷᠢᠤᠡᠴᠢᠯᠠᠭᠰᠡᠨ ᠲᠥᠰᠤᠪ ᠢ ᠪᠥᠷᠢᠡᠰᠢᠬᠦᠯᠤᠨ᠂ ᠭᠠᠮᠰᠢᠭ ᠢ ᠰᠡᠷᠭᠡᠶᠢᠯᠠᠵᠤ᠂ | ᠭᠠᠮᠰᠢᠭ ᠢ ᠪᠠᠭᠠᠰᠬᠠᠬᠤ᠂ ᠠᠶᠤᠯᠬᠦᠢ ᠥᠢᠯᠡᠤᠡᠪᠤᠷᠢᠯᠡᠯ᠂ ᠶᠠᠰᠤ ᠴᠢᠨᠠᠷ ᠤᠨ ᠬᠢᠨᠠᠯᠳᠠ ᠪᠤᠯᠤᠨ ᠵᠠᠬ᠎ᠠ ᠲᠡᠯᠭᠡᠬᠦᠷ ᠤᠨ | ᠬᠠᠮᠢᠶᠠᠷᠤᠯᠳᠠ ᠶᠢ ᠴᠢᠩᠭᠠᠤᠡᠬᠠᠨ᠂ ᠭᠠᠩ ᠤᠨ ᠭᠠᠮᠰᠢᠭ᠂ ᠬᠥᠭᠡ ᠬᠡᠯᠪᠠᠷᠢ ᠶᠢᠨ ᠬᠠᠯᠳᠠᠪᠤᠷᠢᠳᠤ ᠲᠠᠭᠰᠢᠭᠤᠷ ᠵᠡᠷᠭᠡ | ᠬᠡᠨᠡᠳᠳᠡ ᠶᠢᠨ ᠬᠡᠷᠡᠭ ᠢ ᠪᠥᠳᠤᠮᠵᠢᠳᠠᠢ ᠠᠷᠭᠠᠴᠠᠭᠠᠵᠤ᠂ ᠵᠠᠰᠠᠭ ᠤᠨ ᠤᠷᠳᠤᠨ ᠤ ᠬᠠᠤᠯᠢ ᠶᠤᠰᠤᠭᠠᠷ ᠵᠠᠰᠠᠭ ᠪᠠᠷᠢᠬᠤ | ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠤᠯᠠᠮ ᠨᠢᠭᠡ ᠠᠯᠬᠤᠮ ᠲᠡᠭᠡᠭᠰᠢᠯᠡᠪᠠ᠃ ︽ᠬᠠᠤᠯᠢ ᠶᠤᠰᠤᠭᠠᠷ | ᠵᠠᠰᠠᠭ ᠪᠠᠷᠢᠬᠤ ᠶᠢ ᠪᠥᠬᠦ ᠲᠠᠯ᠎ᠠ ᠪᠠᠷ ᠲᠥᠯᠬᠢᠨ ᠠᠬᠢᠭᠤᠯᠬᠤ ᠬᠡᠷᠡᠭᠵᠢᠬᠦᠯᠬᠦ ᠬᠥᠳᠤᠯᠪᠤᠷᠢ︾ ᠪᠤᠯᠤᠨ ︽ᠵᠠᠰᠠᠭ | ᠵᠠᠬᠢᠷᠭᠠᠨ ᠤ ᠵᠥᠪᠰᠢᠶᠠᠷᠡᠯ ᠤᠨ ᠬᠠᠤᠯᠢ︾ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠤ᠂ ︽ᠲᠠᠪᠤᠳᠤᠭᠠᠷ | ᠲᠠᠪᠤᠨ ᠵᠢᠯ︾ ᠤᠨ ᠬᠠᠤᠯᠢ ᠲᠥᠭᠡᠮᠡᠯᠵᠢᠬᠦᠯᠬᠦ ᠠᠵᠢᠯ ᠢ ᠬᠥᠡᠵᠡᠬᠡᠢ ᠥᠷᠨᠢᠬᠦᠯᠤᠨ᠂ ᠵᠠᠰᠠᠭ ᠤᠨ ᠤᠷᠳᠤᠨ ᠤ ᠰᠤᠷᠠᠭ | ᠵᠠᠩᠬᠢ ᠶᠢ ᠢᠯᠠ ᠪᠤᠯᠭᠠᠬᠤ ᠲᠥᠷᠢᠮ ᠢ ᠪᠥᠬᠦ ᠲᠠᠯ᠎ᠠ ᠪᠠᠷ ᠬᠡᠷᠡᠭᠵᠢᠬᠦᠯᠤᠨ᠂ ᠬᠠᠣᠯᠢ ᠪᠠᠷ ᠬᠤᠰᠢᠭᠤ ᠪᠠᠨ ᠵᠠᠰᠠᠬᠤ | ᠠᠯᠬᠤᠴᠠ ᠪᠠᠨ ᠲᠠᠰᠣᠷᠠᠯᠳᠠ ᠦᠭᠡᠢ ᠲᠦᠷᠭᠡᠳᠭᠡᠪᠡ᠃ ᠵᠠᠰᠠᠭ ᠤᠨ ᠤᠷᠳᠤᠨ ᠤ ᠠᠵᠢᠯᠠᠯᠭ᠎ᠠ ᠶᠢ ᠤᠯᠠᠮ ᠨᠢᠭᠡ | ᠠᠯᠬᠤᠮ ᠲᠥᠷᠢᠮᠵᠢᠬᠦᠯᠤᠨ᠂ ᠢᠯᠵᠢᠷᠠᠯ ᠢ ᠡᠰᠡᠷᠬᠦᠴᠠᠨ ᠠᠷᠢᠭᠤᠨ ᠴᠢᠭᠡᠴᠢ ᠶᠢ ᠡᠷᠬᠢᠮᠠᠯᠬᠦ ᠪᠠ ᠰᠤᠷᠳᠠᠯ ᠴᠡᠭᠴᠡᠯᠠᠬᠦ | ᠠᠵᠢᠯ ᠢ ᠪᠥᠬᠦ ᠲᠠᠯ᠎ᠠ ᠪᠠᠷ ᠲᠥᠯᠬᠢᠨ ᠠᠬᠢᠭᠤᠯᠪᠠ᠃ ᠰᠢᠡᠵᠢᠯᠠᠬᠦ ᠤᠬᠠᠭᠠᠡᠴᠢ ᠠᠷᠠᠤᠡᠴᠢᠯᠠᠭᠰᠡᠨ ᠰᠢᠢᠤᠡᠪᠤᠷᠢᠳᠤ | ᠪᠤᠳᠤᠯᠭ᠎ᠠ ᠲᠤᠭᠳᠠᠭᠠᠬᠤ ᠵᠤᠬᠢᠴᠠᠮᠵᠢ ᠶᠢ ᠲᠠᠰᠤᠷᠠᠯᠳᠠ ᠥᠭᠡᠢ ᠲᠡᠬᠦᠯᠳᠡᠷᠵᠢᠬᠦᠯᠤᠨ᠂ ᠬᠥᠡᠳᠤ ᠴᠢᠬᠤᠯᠠ ᠠᠰᠠᠭᠤᠳᠠᠯ | ᠢ ᠲᠤᠰᠬᠠᠢ ᠮᠡᠷᠭᠡᠵᠢᠯᠳᠠᠨ ᠠᠴᠠ ᠯᠠᠪᠯᠠᠬᠤ᠂ ᠠᠷᠠᠤᠡᠴᠢᠯᠠᠯ ᠢᠶᠠᠷ ᠨᠤᠳᠠᠯᠠᠬᠤ᠂ ᠰᠢᠡᠵᠢᠯᠠᠬᠦ ᠤᠬᠠᠭᠠᠡᠴᠢ ᠢᠶᠠᠷ ᠥᠨᠡᠯᠠᠨ | ᠨᠤᠳᠠᠯᠠᠬᠤ᠂ ᠬᠠᠮᠳᠤᠪᠠᠷ ᠰᠢᠢᠤᠡᠪᠤᠷᠢ ᠭᠠᠷᠭᠠᠬᠤ ᠵᠡᠷᠭᠡ ᠲᠥᠷᠢᠮ ᠢ ᠢᠳᠡᠭ ᠢᠳᠡᠭ ᠢᠶᠠᠷ ᠪᠥᠷᠢᠡᠰᠢᠬᠦᠯᠤᠨ᠂ ᠵᠠᠰᠠᠭ | ᠤᠨ ᠤᠷᠳᠤᠨ ᠤ ᠠᠵᠢᠯ ᠤᠨ ᠥᠷ᠎ᠡ ᠪᠥᠳᠤᠮᠵᠢ ᠤᠯᠠᠮ ᠨᠢᠭᠡ ᠠᠯᠬᠤᠮ ᠲᠡᠭᠡᠭᠰᠢᠯᠡᠪᠠ᠃ ᠭᠠᠴᠠᠭᠠᠨ ᠤ ᠬᠤᠶᠠᠷ | ᠵᠦᠪᠯᠡᠯ ᠪᠤᠯᠤᠨ ᠨᠡᠶᠢᠭᠡᠮ ᠲᠤᠭᠤᠷᠢᠭ ᠤᠨ ᠬᠤᠭᠤᠴᠠᠭ᠎ᠠ ᠬᠠᠯᠠᠬᠤ ᠰᠤᠩᠭᠤᠭᠤᠯᠢ ᠶᠢ ᠠᠮᠵᠢᠯᠳᠠ ᠲᠠᠢ ᠶᠠᠪᠤᠭᠤᠯᠵᠤ᠂ | ︽ᠨᠡᠶᠢᠳᠠ ᠠᠴᠠ ᠲᠠᠨᠢᠯᠴᠠᠭᠤᠯᠤᠨ ᠰᠢᠭᠤᠤᠨ ᠰᠤᠩᠭᠤᠬᠤ︾ ᠵᠠᠷᠭᠡ ᠠᠷᠭ᠎ᠠ ᠪᠠᠷ ᠪᠥᠬᠦ ᠬᠤᠰᠢᠭᠤᠨ ᠤ 49 | ᠭᠠᠴᠠᠭᠠᠨ ᠤ ᠬᠤᠭᠤᠴᠠᠭ᠎ᠠ ᠬᠠᠯᠠᠬᠤ ᠰᠤᠩᠭᠤᠭᠤᠯᠢ ᠶᠢ ᠠᠮᠵᠢᠯᠳᠠᠳᠠᠢ ᠪᠠᠶᠠᠯᠠᠬᠦᠯᠪᠠ᠃ | ᠲᠥᠯᠤᠭᠡᠯᠡᠭᠴᠢᠤᠨ ᠡ᠂ ᠨᠥᠬᠦᠤᠨ ᠡ᠂ ᠡᠳᠡᠭᠡᠷ ᠠᠮᠵᠢᠯᠳᠠ ᠶᠢ ᠤᠯᠤᠭᠰᠡᠨ ᠨᠢ ᠠᠶᠢᠮᠠᠭ ᠤᠨ ᠨᠠᠮ ᠤᠨ | ᠬᠤᠷᠢᠶ᠎ᠠ᠂ ᠠᠶᠢᠮᠠᠭ ᠤᠨ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠭᠰᠡᠨ | ᠤ ᠥᠷ᠎ᠡ ᠳ᠋ᠥᠡᠭ᠂ ᠪᠥᠬᠦ ᠬᠤᠰᠢᠭᠤᠨ ᠤ ᠥᠷᠭᠡᠨ ᠤᠯᠠᠨ ᠺᠠᠳᠠᠷ ᠤᠯᠠᠨ ᠲᠥᠮᠠᠨ ᠤ ᠬᠠᠮᠳᠤ ᠶᠢᠨ ᠴᠢᠷᠮᠠᠶᠢᠯᠠᠭ᠎ᠠ | ᠶᠢᠨ ᠥᠷ᠎ᠡ ᠳ᠋ᠥᠡᠭ᠂ ᠬᠤᠰᠢᠭᠤ ᠠᠷᠠᠤᠨ ᠤᠨ ᠲᠥᠯᠤᠭᠡᠯᠡᠭᠴᠢᠤᠨ ᠤᠨ ᠶᠡᠭᠡ ᠬᠤᠷᠠᠯ᠂ ᠤᠯᠤᠰ ᠲᠥᠷᠤ ᠶᠢᠨ | ᠵᠥᠪᠯᠠᠯᠭᠡᠨ ᠤ ᠬᠢᠨᠡᠯᠳᠠ ᠪᠤᠯᠤᠨ ᠬᠥᠴᠤᠳᠠᠢ ᠲᠡᠮᠵᠢᠯᠭᠡ ᠶᠢᠨ ᠥᠷ᠎ᠡ ᠳ᠋ᠥᠡᠭ ᠶᠤᠮ᠃ ᠠᠳᠡ ᠪᠢ ᠬᠤᠰᠢᠭᠤ ᠵᠠᠰᠠᠭ | ᠤᠨ ᠤᠷᠳᠤᠨ ᠢ ᠲᠥᠯᠤᠭᠡᠯᠡᠨ᠂ ᠡᠯ᠎ᠡ ᠠᠵᠢᠯ ᠤᠨ ᠪᠠᠶᠢᠷᠢᠨ ᠳᠤ ᠰᠢᠷᠭᠠᠭᠤ ᠬᠥᠳᠡᠯᠮᠤᠷᠢᠯᠠᠵᠤ ᠪᠠᠶᠢᠭ᠎ᠠ ᠡᠯ᠎ᠠ | ᠥᠡᠳᠤᠰᠤᠳᠠᠨ ᠤ ᠠᠷᠠᠤᠨ ᠲᠥᠮᠠᠨ᠂ ᠠᠷᠠᠤᠨ ᠤᠨ ᠲᠥᠯᠤᠭᠡᠯᠡᠭᠴᠢ᠂ ᠤᠯᠤᠰ ᠲᠥᠷᠤ ᠶᠢᠨ ᠵᠥᠪᠯᠠᠯᠭᠡᠨ ᠤ | ᠬᠡᠰᠢᠬᠦᠤᠨ᠂ ᠡᠯ᠎ᠡ ᠠᠷᠠᠤᠡᠴᠢᠯᠠᠭᠰᠡᠨ ᠨᠠᠮ ᠪᠥᠯᠤᠭ᠌᠂ ᠥᠢᠯᠡᠤᠡᠪᠤᠷᠢ ᠬᠤᠳᠠᠯᠳᠤᠭᠠᠨ ᠤ ᠬᠤᠯᠪᠤᠭ᠎ᠠ᠂ ᠤᠯᠠᠨ | ᠲᠥᠮᠡᠡᠴᠢ ᠵᠤᠬᠢᠶᠠᠨ ᠪᠠᠶᠢᠭᠤᠯᠤᠯᠳᠠ᠂ ᠴᠡᠷᠢᠭ ᠠᠩᠬᠢ᠂ ᠬᠤᠰᠢᠭᠤ ᠰᠢᠭᠤᠤᠨ ᠬᠠᠷᠢᠶ᠎ᠠ ᠪᠠᠶᠢᠭᠤᠯᠭ᠎ᠠ ᠨᠢᠭᠡᠴᠠ ᠵᠢᠴᠢ | ᠮᠠᠨ ᠤ ᠬᠤᠰᠢᠭᠤᠨ ᠤ ᠬᠥᠭᠵᠢᠯᠳᠠ ᠶᠢ ᠬᠠᠯᠠᠮᠵᠢᠯᠠᠨ ᠲᠡᠮᠵᠢᠭᠰᠡᠬᠡᠷ ᠢᠷᠡᠭᠰᠡᠨ ᠨᠡᠶᠢᠭᠡᠮ ᠤᠨ ᠡᠯ᠎ᠡ ᠡᠳᠡᠭᠡᠤᠨ ᠤᠨ | ᠬᠢᠨ ᠳᠤ ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠤ ᠬᠥᠡᠳᠤᠤᠡᠭᠡᠯ ᠢᠶᠠᠨ ᠲᠡᠪᠰᠢᠬᠦᠯᠵᠤ ᠪᠠᠶᠢᠨ᠎ᠠ︕ | ᠠᠮᠵᠢᠯᠳᠠ ᠪᠠᠨ ᠤᠯᠵᠤ ᠬᠠᠷᠠᠬᠤ ᠶᠢᠨ ᠬᠠᠮᠳᠤ ᠪᠢᠳᠠ ᠪᠠᠰᠠ ᠪᠥᠬᠦ ᠬᠤᠰᠢᠭᠤᠨ ᠤ ᠠᠵᠤ ᠠᠬᠤᠢ ᠨᠡᠶᠢᠭᠡᠮ | ᠤᠨ ᠬᠥᠭᠵᠢᠯᠳᠠ ᠲᠤᠮᠳᠠ ᠪᠠᠰᠠ ᠡᠳᠤᠢ ᠲᠡᠳᠤᠢ ᠬᠥᠴᠢᠷᠳᠠᠯ ᠪᠤᠯᠤᠨ ᠠᠰᠠᠭᠤᠳᠠᠯ ᠤᠷᠤᠰᠢᠵᠤ ᠪᠠᠶᠢᠬᠤ ᠶᠢ ᠰᠡᠷᠭᠡᠭ | ᠢᠶᠠᠷ ᠤᠯᠵᠤ ᠲᠠᠨᠢᠬᠤ ᠬᠡᠷᠡᠭᠳᠠᠢ᠃ ᠤᠳᠤᠬᠠᠨ ᠳᠤ ᠠᠵᠤ ᠠᠬᠤᠢ ᠶᠢᠨ ᠶᠠᠷᠤᠩᠭᠡᠢ ᠬᠡᠮᠵᠢᠶ᠎ᠠ ᠪᠠᠭ᠎ᠠ᠂ ᠶᠠᠰᠤ ᠴᠢᠨᠠᠷ | ᠢᠶᠠᠷ ᠲᠤᠤᠷ᠎ᠠ ᠪᠠᠶᠢᠳᠠᠯ ᠢ ᠮᠥᠨ ᠪᠦᠷᠢᠮᠤᠰᠤᠨ ᠬᠤᠪᠢᠷᠠᠭᠠᠳᠣᠢ ᠪᠠᠶᠢᠵᠤ᠂ ᠠᠵᠤ ᠥᠢᠯᠡᠤᠡᠪᠤᠷᠢ ᠶᠢᠨ ᠬᠥᠭᠵᠢᠯᠳᠠ | ᠤᠳᠠᠭᠠᠨ ᠪᠠᠶᠢᠵᠤ᠂ ᠠᠵᠤ ᠠᠬᠤᠢ ᠶᠢᠨ ᠬᠥᠭᠵᠢᠯᠳᠠ ᠶᠢ ᠬᠢᠵᠠᠭᠠᠷᠯᠠᠬᠤ ᠠᠰᠠᠭᠤᠳᠠᠯ ᠪᠤᠯᠤᠨ ᠬᠥᠴᠢᠷᠳᠠᠯ ᠮᠥᠨ | ᠤᠷᠤᠰᠢᠭᠰᠠᠭᠠᠷ︔ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠪᠠ ᠮᠠᠯᠴᠢᠤᠨ ᠤᠨ ᠤᠷᠤᠯᠭ᠎ᠠ ᠶᠢ | ᠥᠷᠬᠦᠯᠵᠢᠯᠡᠨ ᠨᠡᠮᠡᠭᠳᠠᠬᠦᠯᠬᠦ ᠪᠥᠳᠤᠴᠠ ᠶᠢᠨ ᠴᠢᠨᠠᠷᠳᠠᠢ ᠵᠥᠷᠢᠴᠡᠯ ᠢ ᠪᠥᠷᠢᠮᠤᠰᠤᠨ ᠰᠢᠢᠤᠡᠪᠤᠷᠢᠯᠡᠭᠡ ᠥᠭᠡᠢ ᠪᠠᠶᠢᠵᠤ᠂ | ︽ᠬᠦᠮᠦᠨ ᠠᠮᠠ ᠶᠢ ᠰᠢᠯᠵᠢᠬᠦᠯᠬᠦ᠂ ᠮᠠᠯ ᠢ ᠴᠦᠭᠡᠳᠭᠡᠬᠦ᠂ ᠠᠮᠢ ᠠᠬᠤᠢ ᠶᠢ ᠰᠠᠶᠢᠵᠢᠷᠠᠭᠤᠯᠬᠤ᠂ ᠣᠷᠣᠯᠭ᠎ᠠ ᠶᠢ | ᠨᠡᠮᠡᠭᠳᠡᠭᠦᠯᠬᠦ︾ ᠡᠬᠦᠷᠭᠡ ᠪᠠᠰᠠ ᠲᠣᠶᠢᠯ ᠤᠨ ᠬᠥᠡᠳᠤ ᠨᠥᠰᠡᠷ︔ ᠬᠤᠳᠠ ᠪᠠᠯᠭᠠᠰᠤᠨ ᠤ ᠴᠢᠨᠠᠷ ᠲᠡᠰ ᠲᠤᠤᠷ᠎ᠠ | ᠪᠠᠶᠢᠵᠤ᠂ ᠲᠠᠶᠢᠴᠢᠯᠠᠨ ᠲᠠᠭᠠᠭᠤᠯᠬᠤ ᠴᠢᠳᠠᠪᠤᠷᠢ ᠲᠠᠶᠢᠮᠤ ᠢᠯᠠᠷᠬᠡᠢ ᠪᠤᠰᠤ︔ ᠭᠤᠷᠪᠠᠳᠤᠭᠠᠷ ᠠᠵᠤ ᠥᠢᠯᠡᠰ ᠤᠨ | ᠬᠥᠭᠵᠢᠯᠳᠠ ᠤᠳᠠᠭᠠᠨ ᠪᠠᠶᠢᠵᠤ᠂ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠬᠥᠢᠯᠭᠡᠭᠡᠨ ᠤ ᠥᠢᠯᠡᠰ ᠬᠤᠴᠣᠷᠤᠩᠭᠤᠢ | ︔ ᠠᠵᠢᠯ ᠣᠯᠭᠤᠬᠤ᠂ ᠰᠤᠷᠭᠠᠨ ᠬᠥᠮᠤᠵᠢᠯ᠂ ᠡᠮ ᠡᠮᠨᠡᠯᠭᠡ ᠵᠡᠷᠭᠡ ᠲᠠᠯ᠎ᠠ ᠶᠢᠨ ᠠᠰᠠᠭᠤᠳᠠᠯ ᠮᠥᠨ | ᠰᠢᠢᠳᠪᠦᠷᠢᠯᠡᠭᠳᠡᠭᠡ ᠦᠭᠡᠢ ᠪᠠᠶᠢᠭᠰᠠᠭᠠᠷ︔ ᠵᠠᠰᠭ ᠤᠨ ᠤᠷᠳᠤᠨ ᠤ ᠡᠬᠦᠷᠭᠡ ᠴᠢᠳᠡᠪᠬᠢ ᠶᠢᠨ ᠬᠤᠪᠢᠷᠠᠭᠤᠯᠤᠯᠳᠠ | ᠤᠳᠠᠭᠠᠨ ᠪᠠᠶᠢᠵᠤ᠂ ᠵᠠᠰᠠᠭ ᠤᠨ ᠤᠷᠳᠤᠨ ᠤ ᠠᠵᠢᠯ ᠪᠠᠰᠠ ᠤᠯᠠᠮ ᠨᠢᠭᠡ ᠠᠯᠬᠤᠮ ᠴᠢᠩᠭᠠᠤᠡᠬᠠᠨ ᠰᠠᠶᠢᠵᠢᠷᠠᠭᠤᠯᠬᠤ | ᠴᠢᠬᠤᠯᠠᠳᠠᠢ ᠪᠠᠶᠢᠨ᠎ᠠ᠂ ᠡᠶᠢᠮᠤ ᠠᠴᠠ ᠪᠢᠳᠠ ᠲᠡᠭᠡᠳᠤ ᠬᠡᠮᠵᠢᠶ᠎ᠠ ᠪᠠᠷ ᠬᠥᠡᠳᠤᠤᠡᠭᠡᠨ᠂ ᠨᠡᠩ ᠯᠠᠪᠳᠠᠭᠤᠨ ᠪᠠᠳᠤᠳᠠᠢ | ᠠᠷᠭ᠎ᠠ ᠬᠡᠮᠵᠢᠶ᠎ᠠ ᠠᠪᠴᠤ᠂ ᠴᠢᠷᠮᠠᠶᠢᠨ ᠰᠢᠢᠤᠡᠪᠤᠷᠢᠯᠠᠬᠦ ᠬᠡᠷᠡᠭᠳᠠᠢ᠃ | ᠬᠤᠶᠠᠷ᠂ 2010 ᠤᠨ ᠤ ᠠᠵᠢᠯ ᠤᠨ ᠶᠠᠷᠤᠩᠭᠡᠢ | ᠱᠠᠭᠠᠷᠳᠠᠯᠭ᠎ᠠ ᠪᠤᠯᠤᠨ ᠭᠤᠤᠯ ᠬᠠᠷᠠᠯᠳᠠ | 2010 ᠤᠨ ᠪᠤᠯ ︽ᠠᠷᠪᠠᠠ ᠨᠢᠭᠡᠳᠤᠭᠡᠷ ᠲᠠᠪᠤᠨ ᠵᠢᠯ︾ ᠤᠨ ᠲᠥᠯᠤᠪᠵᠢᠬᠦᠯᠭᠡ ᠶᠢᠨ ᠬᠠᠮᠤᠭ ᠰᠡᠬᠦᠯᠴᠢ | ᠶᠢᠨ ᠨᠢᠭᠡ ᠵᠢᠯ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠢ ᠲᠦᠷᠬᠡᠳᠬᠡᠨ ᠬᠥᠭᠵᠢᠬᠦᠯᠬᠦ ᠵᠠᠩᠬᠢᠯᠠᠭ᠎ᠠ ᠶᠢᠨ | ᠨᠢᠭᠡ ᠵᠢᠯ ᠶᠤᠮ᠂ ᠪᠢᠳᠠ ᠡᠷᠬᠡᠪᠰᠢ ᠤᠳᠤᠬᠠᠨ ᠤ ᠪᠠᠶᠢᠳᠠᠯ ᠢ ᠬᠥᠡᠵᠡᠭᠡᠢ ᠵᠠᠳᠠᠯᠤᠨ᠂ ᠰᠠᠶᠢᠨ ᠰᠠᠶᠢᠬᠠᠨ ᠬᠥᠭᠵᠢᠯᠳᠠ | ᠶᠢᠨ ᠠᠵᠠ ᠲᠤᠬᠢᠶᠠᠯ ᠢ ᠠᠤᠡᠬᠤᠵᠤ᠂ ᠥᠪᠡᠷ ᠤᠨ ᠬᠥᠭᠵᠢᠯᠳᠠ ᠪᠠᠨ ᠲᠥᠷᠭᠡᠤᠡᠭᠡᠬᠦ ᠬᠡᠷᠡᠭᠳᠠᠢ᠃ | ᠥᠨᠤ ᠵᠢᠯ ᠵᠠᠰᠠᠭ ᠤᠨ ᠤᠷᠳᠤᠨ ᠤ ᠠᠵᠢᠯ ᠤᠯᠳᠠᠰᠢ ᠥᠭᠡᠢ ᠲᠡᠤᠭᠡ ᠶᠢᠨ ᠠᠵᠠ ᠲᠤᠬᠢᠶᠠᠯ ᠪᠤᠯᠤᠨ | ᠠᠰᠢᠭᠳᠠᠢ ᠨᠥᠬᠦᠴᠠᠯ ᠳᠤ ᠲᠤᠯᠭᠠᠷᠠᠵᠤ ᠪᠠᠶᠢᠭ᠎ᠠ ᠶᠤᠮ᠃ ᠤᠯᠤᠰ ᠠᠴᠠ ᠲᠤᠳᠤᠭᠠᠳᠤ ᠬᠡᠷᠡᠭᠴᠡᠭᠡ ᠪᠠᠨ ᠥᠷᠭᠡᠤᠡᠭᠡᠬᠦ | ᠲᠥᠷᠤ ᠶᠢᠨ ᠪᠤᠳᠤᠯᠭ᠎ᠠ ᠶᠢ ᠥᠷᠬᠦᠯᠵᠢᠯᠡᠨ ᠬᠡᠷᠡᠭᠵᠢᠬᠦᠯᠵᠤ᠂ ︽ᠲᠠᠯᠠᠬᠡᠢ ᠶᠢᠨ ᠮᠥᠩᠬᠦᠨ ᠬᠥᠢᠯᠭᠡᠭᠡᠨ ᠤ ᠬᠢᠮᠤᠷᠠᠯ ᠢ | ᠠᠷᠭᠠᠴᠠᠭᠠᠵᠤ᠂ ᠪᠠᠷᠠᠭᠤᠨ ᠤᠷᠤᠨ ᠤ ᠠᠵᠤ ᠠᠬᠤᠢ ᠶᠢᠨ ᠲᠤᠭᠳᠠᠭᠤᠨ ᠮᠥᠷᠳᠡᠭᠡᠨ ᠨᠡᠯᠢᠶᠡᠤᠨ ᠲᠥᠷᠭᠡᠨ | ᠬᠥᠭᠵᠢᠯᠳᠠ ᠶᠢ ᠪᠠᠳᠤᠯᠠᠬᠤ ᠲᠤᠬᠠᠢ ᠰᠠᠨᠠᠯ︾ ᠢ ᠭᠠᠷᠭᠠᠵᠤ᠂ ᠤᠡᠴᠠᠭᠠᠶᠢᠯᠠᠨ ᠥᠪᠡᠷᠳᠡᠭᠡᠨ ᠵᠠᠰᠠᠬᠤ ᠤᠷᠤᠨ ᠠᠴᠠ | ᠵᠠᠬᠦᠨ ᠬᠡᠰᠡᠭ ᠤᠨ ᠠᠶᠢᠮᠠᠭ ᠬᠤᠳᠠ ᠶᠢ ᠬᠥᠭᠵᠢᠬᠦᠯᠬᠦ ᠲᠥᠯᠤᠪᠵᠢᠬᠦᠯᠭᠡ ᠶᠢ ᠪᠥᠬᠦ ᠲᠠᠯ᠎ᠠ ᠪᠠᠷ ᠬᠡᠷᠡᠭᠵᠢᠬᠦᠯᠵᠤ᠂ | ᠮᠠᠨ ᠤ ᠬᠤᠰᠢᠭᠤᠨ ᠤ ᠬᠥᠭᠵᠢᠯᠳᠠ ᠪᠠᠨ ᠲᠥᠷᠭᠡᠤᠡᠭᠡᠬᠦ ᠳᠤ ᠬᠥᠴᠤᠳᠠᠢ ᠲᠥᠷᠤ ᠶᠢᠨ ᠪᠤᠳᠤᠯᠭ᠎ᠠ ᠶᠢᠨ ᠲᠡᠮᠵᠢᠯᠭᠡ | ᠬᠠᠩᠭᠠᠵᠤ᠂ ᠪᠢᠳᠠᠨ ᠤ ᠲᠥᠷᠤᠯ ᠵᠥᠢᠯ ᠡᠷᠡᠮᠡᠯᠵᠢᠯᠡᠨ ᠤᠯᠵᠤ ᠪᠠᠯᠠ ᠤᠷᠤᠭᠤᠯᠤᠯᠳᠠ ᠪᠠᠨ ᠥᠷᠭᠡᠤᠡᠭᠡᠨ᠂ | ᠭᠠᠳᠠᠭᠠᠳᠤ ᠲᠠᠢ ᠶᠠᠪᠤᠯᠴᠠᠨ ᠬᠠᠮᠳᠤᠷᠠᠯᠴᠠᠭ᠎ᠠ ᠪᠠᠨ ᠴᠢᠩᠭᠠᠤᠡᠬᠠᠬᠤ ᠳᠤ ᠲᠦᠢᠯ ᠤᠨ ᠠᠰᠢᠭᠳᠠᠢ ᠶᠤᠮ᠃ ᠰᠢᠯᠢ ᠶᠢᠨ | ᠬᠤᠳᠠ ᠠᠴᠠ ᠡᠷᠢᠶᠠᠨ ᠬᠤᠳᠠ ᠬᠥᠷᠬᠦ ᠲᠠᠮᠤᠷ ᠵᠠᠮ᠂ ᠵᠡᠰ ᠮᠤᠯᠢᠪᠳᠧᠨ ᠰᠤᠩᠭᠤᠨ ᠪᠤᠯᠪᠠᠰᠤᠷᠠᠭᠤᠯᠬᠤ᠂ ᠰᠢᠵᠢᠷ | ᠠᠯᠳᠠ ᠰᠤᠩᠭᠤᠨ ᠪᠤᠯᠪᠠᠰᠤᠷᠠᠭᠤᠯᠬᠤ᠂ ᠰᠠᠯᠬᠢᠨ ᠬᠥᠴᠤ ᠪᠠᠷ ᠴᠠᠬᠢᠯᠭᠠᠨ ᠭᠠᠷᠭᠠᠬᠤ ᠲᠠᠯᠠᠪᠠᠢ ᠶᠢᠨ ᠪᠥᠳᠤᠭᠡᠨ | ᠪᠠᠶᠢᠭᠤᠯᠤᠯᠳᠠ ᠵᠡᠷᠭᠡ ᠭᠤᠤᠯᠳᠠᠯᠠᠭ᠎ᠠ ᠲᠠᠢ ᠲᠥᠷᠤᠯ ᠵᠥᠢᠯ ᠵᠢᠴᠢ ᠮᠠᠩᠯᠠᠢ ᠠᠵᠤ ᠥᠢᠯᠡᠰ ᠤᠨ ᠲᠤᠭᠤᠷᠢᠭ ᠤᠨ | ᠪᠥᠳᠤᠭᠡᠨ ᠪᠠᠶᠢᠭᠤᠯᠤᠯᠳᠠ ᠨᠢ ᠮᠠᠨ ᠤ ᠬᠤᠰᠢᠭᠤᠨ ᠤ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠪᠤᠯᠤᠨ | ᠡᠳ᠋ ᠤᠨ ᠵᠠᠰᠠᠭ ᠤᠨ ᠤᠷᠤᠯᠭ᠎ᠠ ᠪᠠᠨ ᠥᠷᠬᠦᠯᠵᠢᠯᠡᠨ ᠨᠡᠮᠡᠭᠳᠠᠬᠦᠯᠬᠦ ᠳᠤ ᠲᠣᠯᠭᠠᠭᠤᠷᠢᠯᠠᠬᠤ ᠬᠦᠴᠣᠨ ᠪᠣᠯᠵᠣ᠂ | ᠬᠥᠳᠡᠯᠮᠤᠷᠢ ᠬᠥᠴᠤᠨ ᠤ ᠠᠵᠢᠯ ᠤᠯᠬᠤ᠂ ᠠᠷᠠᠯᠵᠢᠶ᠎ᠠ ᠬᠤᠳᠠᠯᠳᠤᠭ᠎ᠠ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠠᠮᠢᠶ᠎ᠠ | ᠪᠥᠬᠦᠢ ᠠᠵᠤ ᠥᠢᠯᠡᠰ ᠤᠨ ᠲᠥᠷᠭᠡᠨ ᠬᠥᠭᠵᠢᠯᠳᠠ ᠶᠢ ᠲᠠᠶᠢᠴᠢᠯᠠᠬᠤ ᠨᠢ ᠯᠠᠪᠳᠠᠢ ᠶᠤᠮ︔ ᠤᠯᠠᠨ ᠵᠢᠯ ᠤᠨ | ᠬᠥᠭᠵᠢᠯᠳᠠ ᠪᠠᠷ ᠲᠠᠮᠵᠢᠨ᠂ ᠪᠥᠬᠦ ᠬᠤᠰᠢᠭᠤᠨ ᠤ ᠠᠵᠤ ᠠᠬᠤᠢ ᠶᠢᠨ ᠶᠡᠷᠤᠩᠬᠡᠶᠢᠯᠡᠭᠰᠡᠨ ᠪᠤᠳᠠᠳᠤ ᠬᠥᠴᠤᠨ | ᠮᠡᠳᠡᠭᠳᠡᠮ᠎ᠡ ᠲᠡᠭᠡᠭᠰᠢᠯᠡᠵᠤ᠂ ᠪᠠᠶ᠎ᠠ ᠪᠠᠨ ᠲᠠᠭᠠᠭᠠᠨ ᠬᠥᠭᠵᠢᠬᠦ ᠴᠢᠳᠡᠪᠤᠷᠢ ᠲᠠᠰᠤᠷᠠᠯᠳᠠ ᠥᠭᠡᠢ ᠴᠢᠩᠭᠠᠷᠠᠨ᠂ ᠠᠵᠤ | ᠠᠬᠤᠢ ᠶᠢᠨ ᠨᠡᠮᠡᠭᠳᠠᠯ ᠢ ᠪᠠᠳᠤᠯᠠᠬᠤ ᠳᠤ ᠵᠤᠬᠢᠬᠤ ᠰᠠᠭᠤᠷᠢ ᠲᠠᠢ ᠪᠤᠯᠤᠭᠰᠡᠨ ᠶᠤᠮ᠃ | ᠶᠡᠷᠤᠩᠬᠡᠢ ᠳᠤᠨᠢ ᠠᠪᠴᠤ ᠥᠵᠡᠪᠡᠯ᠂ ᠪᠢᠳᠠ ᠮᠥᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ | ᠲᠤᠬᠢᠶᠠᠯᠳᠤ ᠴᠠᠭ ᠥᠶ᠎ᠡ ᠳᠤ ᠪᠠᠶᠢᠵᠤ᠂ ᠬᠦᠴᠢᠷᠳᠡᠯ ᠪᠤᠯᠤᠨ ᠥᠷᠢᠰᠤᠯᠳᠤᠭᠡᠨ ᠢ ᠢᠯᠠᠨ ᠲᠠᠪᠠᠭ᠋ᠤ ᠢᠳᠡᠭᠡᠯ ᠵᠤᠷᠢᠭ᠂ | ᠨᠥᠬᠦᠴᠡᠯ ᠪᠤᠯᠤᠨ ᠴᠢᠳᠡᠪᠤᠷᠢ ᠪᠥᠷᠢᠨ ᠪᠠᠶᠢᠨ᠎ᠠ᠃ ᠪᠢᠳᠠ ᠭᠠᠭᠴᠠᠬᠦ ᠬᠤᠰᠢᠭᠤ ᠨᠠᠮ ᠤᠨ ᠬᠤᠷᠢᠶᠠᠨ ᠤ | ᠤᠳᠤᠷᠢᠳᠤᠯᠭ᠎ᠠ ᠲᠤᠤᠷ᠎ᠠ᠂ ᠠᠵᠠ ᠲᠤᠬᠢᠶᠠᠯ ᠢ ᠠᠤᠡᠬᠤᠨ᠂ ᠲᠠᠪᠠᠭᠤᠯᠢᠭ ᠢᠶᠠᠨ ᠪᠠᠳᠠᠷᠠᠭᠤᠯᠵᠤ᠂ ᠪᠦᠯᠭᠦᠮᠳᠡᠨ | ᠲᠠᠪᠰᠢᠵᠤ᠂ ᠯᠠᠪᠳᠠᠭᠤᠨ ᠪᠠᠳᠤᠳᠠᠢ ᠠᠵᠢᠯᠠᠯᠪᠠᠯ᠂ ᠯᠠᠪᠳᠠᠢ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠰᠠᠶᠢᠨ | ᠮᠥᠷᠳᠡᠭᠡᠨ ᠲᠥᠷᠭᠡᠨ ᠬᠥᠭᠵᠢᠯᠳᠠ ᠶᠢ ᠲᠥᠯᠬᠢᠨ ᠠᠬᠢᠭᠤᠯᠵᠤ ᠴᠢᠳᠠᠬᠤ ᠶᠤᠮ᠃ | 2010 ᠤᠨ ᠤ ᠵᠠᠰᠠᠭ ᠤᠨ ᠤᠷᠳᠤᠨ ᠤ ᠠᠵᠢᠯ ᠤᠨ ᠶᠡᠷᠤᠩᠭᠡᠢ ᠱᠠᠭᠠᠷᠳᠠᠯᠭ᠎ᠠ ᠪᠤᠯ᠄ ᠨᠠᠮ ᠤᠨ ᠲᠥᠪ | ᠬᠤᠷᠢᠶ᠎ᠠ᠂ ᠥᠪᠡᠷᠳᠡᠭᠡᠨ ᠵᠠᠰᠠᠬᠤ ᠤᠷᠤᠨ᠂ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠬᠥᠡᠵᠡᠭᠡᠢ ᠲᠤᠤᠱᠯᠠᠭᠤᠯᠵᠤ᠂ ᠰᠢᠡᠵᠢᠯᠡᠬᠦ ᠤᠬᠠᠭᠠᠡᠴᠢ ᠬᠥᠭᠵᠢᠯᠳᠠ ᠶᠢᠨ ᠥᠵᠡᠯᠳᠠ ᠶᠢ ᠪᠥᠬᠦ ᠲᠠᠯ᠎ᠠ | ᠪᠠᠷ ᠥᠢᠯᠡᠳᠤᠯᠭᠡᠵᠢᠬᠦᠯᠤᠨ᠂ ᠠᠵᠤ ᠠᠬᠤᠢ ᠶᠢᠨ ᠲᠤᠭᠳᠠᠭᠤᠨ ᠮᠥᠷᠳᠡᠭᠡᠨ ᠨᠡᠯᠢᠶᠠᠤᠨ ᠲᠥᠷᠭᠡᠨ ᠬᠥᠭᠵᠢᠯᠳᠠ ᠪᠠᠷ | ᠭᠤᠤᠯ ᠴᠢᠮᠤᠭᠡ ᠪᠤᠯᠭᠠᠨ᠂ ᠠᠷᠠᠤᠨ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠵᠤ᠂ ᠠᠷᠠᠤᠨ ᠢᠶᠠᠨ | ᠪᠠᠶᠠᠵᠢᠭᠤᠯᠬᠤ ᠪᠠᠷ ᠬᠠᠷᠠᠯᠳᠠ ᠪᠠᠨ ᠪᠤᠯᠭᠠᠵᠤ᠂ ᠠᠵᠤ ᠠᠬᠤᠢ ᠶᠢᠨ ᠬᠥᠭᠵᠢᠯᠳᠠ ᠶᠢᠨ ᠬᠡᠯᠪᠠᠷᠢ ᠪᠠᠨ ᠤᠯᠠᠮ ᠨᠢᠭᠡ | ᠠᠯᠬᠤᠮ ᠬᠤᠪᠢᠷᠠᠭᠤᠯᠵᠤ᠂ ᠠᠵᠤ ᠥᠢᠯᠡᠤᠡᠪᠤᠷᠢᠵᠢᠯᠳᠠ᠂ ᠬᠤᠳᠠ ᠪᠠᠯᠭᠠᠰᠤᠵᠢᠯᠳᠠ ᠪᠤᠯᠤᠨ ᠮᠠᠯ ᠠᠵᠤ ᠠᠬᠤᠢ ᠶᠢᠨ | ᠠᠵᠤ ᠥᠢᠯᠡᠰᠵᠢᠯᠳᠠ ᠶᠢ ᠥᠷᠬᠦᠯᠵᠢᠯᠠᠨ ᠠᠬᠢᠭᠤᠯᠵᠤ᠂ ︽ᠬᠥᠭᠵᠢᠯᠳᠠ ᠶᠢᠨ ᠰᠠᠭᠤᠷᠢ ᠶᠢ ᠲᠤᠭᠳᠠᠪᠤᠷᠢᠵᠢᠭᠤᠯᠤᠨ᠂ | ᠠᠵᠤ ᠥᠢᠯᠡᠤᠡᠪᠤᠷᠢ ᠶᠢᠨ ᠬᠥᠴᠢᠷᠳᠠᠯ ᠢ ᠰᠢᠢᠤᠡᠪᠤᠷᠢᠯᠡᠵᠤ᠂ ᠶᠡᠷᠤᠩᠬᠡᠶᠢᠯᠡᠭᠰᠡᠨ ᠪᠤᠳᠠᠳᠤ ᠬᠥᠴᠤᠨ ᠢᠶᠠᠨ | ᠴᠢᠩᠭᠠᠷᠠᠭᠤᠯᠤᠨ᠂ ᠨᠡᠶᠢᠭᠡᠮ ᠤᠨ ᠡᠶᠡᠵᠤᠬᠢᠴᠠᠯ ᠢ ᠠᠬᠢᠭᠤᠯᠬᠤ︾ ᠶᠢ ᠥᠨᠡᠡᠬᠦ ᠪᠠᠶᠠᠯᠠᠬᠦᠯᠵᠤ᠂ ᠪᠥᠬᠦ ᠬᠤᠰᠢᠭᠤᠨ ᠤ | ᠠᠵᠤ ᠠᠬᠤᠢ ᠨᠡᠶᠢᠭᠡᠮ ᠤᠨ ᠪᠥᠬᠦ ᠲᠠᠯ᠎ᠠ ᠪᠠᠷ ᠵᠤᠬᠢᠴᠠᠩᠭᠤᠢ ᠥᠷᠬᠦᠯᠵᠢᠯᠡᠨ ᠬᠥᠭᠵᠢᠬᠦ ᠶᠢ ᠪᠡᠶᠡᠯᠡᠬᠦᠯᠬᠦ ᠶᠢᠨ | ᠲᠥᠯᠤᠭᠡ ᠴᠤᠴᠠᠯᠳᠠ ᠥᠭᠡᠢ ᠴᠢᠷᠮᠠᠶᠢᠬᠤ ᠶᠠᠪᠤᠳᠠᠯ ᠪᠤᠯᠤᠨ᠎ᠠ᠃ | ᠥᠨᠤ ᠵᠢᠯ ᠭᠠᠳᠠᠨᠠᠬᠢ ᠬᠤᠷᠸ᠎ᠠ ᠲᠠᠯ᠎ᠠ ᠶᠢᠨ ᠨᠥᠬᠦᠴᠠᠯ ᠪᠤᠯᠤᠨ ᠮᠠᠨ ᠤ ᠬᠤᠰᠢᠭᠤᠨ ᠤ ᠲᠤᠳᠤᠭᠠᠳᠤ ᠶᠢᠨ | ᠬᠥᠭᠵᠢᠯᠳᠠ ᠶᠢᠨ ᠰᠢᠯᠳᠠᠭᠠᠨ ᠢ ᠶᠠᠷᠤᠩᠭᠡᠢ ᠳᠤᠨᠢ ᠪᠤᠳᠤᠯᠬᠢᠯᠠᠵᠤ᠂ 2010 ᠤᠨ ᠤ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠳᠠ ᠶᠢᠨ ᠭᠤᠤᠯ ᠪᠤᠯᠬᠤ ᠤᠷᠢᠤᠡᠴᠢᠯᠠᠭᠰᠡᠨ ᠬᠠᠷᠠᠯᠳᠠ ᠪᠠᠨ ᠲᠣᠭᠳᠠᠭᠠᠪᠠ᠄ ᠭᠠᠵᠠᠷ | ᠤᠷᠤᠨ ᠤ ᠥᠢᠯᠡᠤᠡᠪᠤᠷᠢᠯᠡᠯ ᠤᠨ ᠶᠡᠷᠤᠩᠭᠡᠢ ᠥᠷᠳᠡᠭ ᠢ 28.2 ᠳ᠋ᠥᠩᠰᠢᠭᠤᠷ ᠲᠥᠬᠦᠷᠢᠭ ᠲᠤ ᠬᠥᠷᠭᠡᠵᠤ᠂ 13. | 4% ᠪᠠᠷ ᠨᠡᠮᠡᠭᠳᠠᠬᠦᠯᠤᠨᠠ᠃ ᠡᠬᠦᠡᠳᠤ᠄ ᠨᠢᠭᠡᠳᠤᠭᠡᠷ ᠠᠵᠤ ᠥᠢᠯᠡᠰ ᠤᠨ ᠨᠡᠮᠡᠭᠳᠠᠯ ᠥᠷᠳᠡᠭ ᠢ 2.7 ᠳ᠋ᠥᠩᠰᠢᠭᠤᠷ | ᠲᠥᠬᠦᠷᠢᠭ ᠲᠤ ᠬᠥᠷᠭᠡᠵᠤ᠂ 3.8% ᠪᠠᠷ ᠨᠡᠮᠡᠭᠳᠠᠬᠦᠯᠤᠨᠠ︔ ᠬᠤᠶᠠᠳᠤᠭᠠᠷ ᠠᠵᠤ ᠥᠢᠯᠡᠰ ᠤᠨ ᠨᠡᠮᠡᠭᠳᠠᠯ | ᠥᠷᠳᠡᠭ ᠢ 19.7 ᠳ᠋ᠥᠩᠰᠢᠭᠤᠷ ᠲᠤ ᠬᠥᠷᠭᠡᠵᠤ᠂ 11.2% ᠢᠶᠠᠷ ᠨᠡᠮᠡᠭᠳᠠᠬᠦᠯᠤᠨᠠ᠃ ᠡᠬᠦᠨ ᠳᠤ ᠠᠵᠤ | ᠥᠢᠯᠡᠤᠡᠪᠤᠷᠢ ᠶᠢᠨ ᠨᠡᠮᠡᠭᠳᠠᠯ ᠥᠷᠳᠡᠭ ᠢ 17 ᠳ᠋ᠥᠩᠰᠢᠭᠤᠷ ᠲᠥᠬᠦᠷᠢᠭ ᠲᠤ ᠬᠥᠷᠭᠡᠵᠤ᠂ 5.5% ᠪᠠᠷ | ᠨᠡᠮᠡᠭᠳᠡᠬᠦᠯᠤᠨ᠎ᠠ︔ ᠭᠤᠷᠪᠠᠳᠤᠭᠠᠷ ᠠᠵᠤ ᠥᠢᠯᠡᠰ ᠤᠨ ᠨᠡᠮᠡᠭᠳᠠᠯ ᠥᠷᠳᠡᠭ ᠢ 5.8 ᠳ᠋ᠥᠩᠰᠢᠭᠤᠷ ᠲᠥᠬᠦᠷᠢᠭ ᠲᠤ | ᠬᠥᠷᠭᠡᠵᠤ᠂ 27.5% ᠪᠠᠷ ᠨᠡᠮᠡᠭᠳᠠᠬᠦᠯᠤᠨᠠ᠃ ᠲᠤᠭᠳᠠᠮᠠᠯ ᠬᠥᠷᠤᠩᠭᠡ ᠶᠢᠨ ᠪᠠᠯᠠ ᠤᠷᠤᠭᠤᠯᠤᠯᠳᠠ ᠶᠢ 25.6 | ᠳ᠋ᠥᠩᠰᠢᠭᠤᠷ ᠲᠥᠬᠦᠷᠢᠭ ᠪᠠᠶᠠᠯᠠᠬᠦᠯᠵᠤ᠂ 40.4% ᠪᠠᠷ ᠨᠡᠮᠡᠭᠳᠠᠬᠦᠯᠤᠨᠠ᠃ ᠭᠠᠵᠠᠷ ᠤᠷᠤᠨ ᠤ ᠡᠳ᠋ ᠤᠨ ᠵᠠᠰᠠᠭ | ᠤᠨ ᠶᠠᠷᠤᠩᠬᠡᠢ ᠤᠷᠤᠯᠭ᠎ᠠ ᠶᠢ 2.3 ᠳ᠋ᠥᠩᠰᠢᠭᠤᠷ ᠲᠥᠬᠦᠷᠢᠭ ᠲᠤ ᠬᠥᠷᠭᠡᠵᠤ᠂ 42.3% ᠪᠠᠷ ᠨᠡᠮᠡᠭᠳᠠᠬᠦᠯᠤᠨᠠ᠃ | ᠶᠡᠷᠣ ᠶᠢᠨ ᠣᠷᠢᠳᠴᠢᠯᠡᠨ ᠲᠦᠰᠣᠪᠯᠡᠭᠰᠡᠨ ᠣᠷᠣᠯᠭ᠎ᠠ ᠶᠢ 1.22 ᠳ᠋ᠦᠩᠰᠢᠭᠤᠷ ᠲᠦᠭᠦᠷᠢᠭ ᠲᠤ ᠬᠦᠷᠭᠡᠵᠣ᠂ 3. | 5% ᠪᠠᠷ ᠨᠡᠮᠡᠭᠳᠡᠭᠦᠯᠣᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠤᠨ ᠤᠨ ᠬᠥᠮᠤᠨ ᠪᠥᠷᠢ ᠳᠤ ᠲᠡᠭᠰᠢᠤᠡᠭᠡᠭᠰᠡᠨ | ᠡᠵᠡᠮᠳᠡᠵᠣ ᠪᠤᠯᠬᠤᠶᠢᠴᠠ ᠤᠷᠤᠯᠭ᠎ᠠ ᠶᠢ 15700 ᠲᠥᠬᠦᠷᠢᠭ ᠲᠤ ᠬᠥᠷᠭᠡᠵᠤ᠂ 14.2% ᠪᠠᠷ ᠨᠡᠮᠡᠭᠳᠠᠬᠦᠯᠤᠨᠠ᠃ | ᠮᠠᠯᠴᠢᠤᠨ ᠤᠨ ᠬᠥᠮᠤᠨ ᠪᠥᠷᠢ ᠳᠤ ᠲᠡᠭᠰᠢᠤᠡᠭᠡᠭᠰᠡᠨ ᠴᠠᠪᠡᠷ ᠤᠷᠤᠯᠭ᠎ᠠ ᠶᠢ 5980 ᠲᠥᠬᠦᠷᠢᠭ ᠲᠤ ᠬᠥᠷᠭᠡᠵᠤ᠂ | 15% ᠪᠠᠷ ᠨᠡᠮᠡᠭᠳᠠᠬᠦᠯᠤᠨᠠ᠃ | ᠭᠤᠷᠪᠠ᠂ 2010 ᠤᠨ ᠤ ᠵᠠᠰᠠᠭ ᠤᠨ ᠤᠷᠳᠤᠨ ᠤ ᠭᠤᠤᠯ ᠠᠵᠢᠯ | ᠪᠥᠬᠦ ᠵᠢᠯ ᠤᠨ ᠵᠠᠰᠠᠭ ᠤᠨ ᠤᠷᠳᠤᠨ ᠤ ᠠᠵᠢᠯ ᠤᠨ ᠶᠠᠷᠤᠩᠬᠡᠢ ᠱᠠᠭᠠᠷᠳᠠᠯᠭ᠎ᠠ ᠪᠤᠯᠤᠨ ᠤᠷᠢᠤᠡᠴᠢᠯᠠᠭᠰᠡᠨ | ᠬᠠᠷᠠᠯᠳᠠ ᠶᠢᠨ ᠲᠤᠭᠤᠷᠢᠨ ᠳᠤ᠂ ᠭᠤᠤᠯᠳᠠᠭᠤ ᠲᠤᠤᠷᠠᠬᠢ ᠲᠣᠯᠣᠭᠠᠨ ᠲᠠᠯ᠎ᠠ ᠶᠢᠨ ᠠᠵᠢᠯ ᠢ ᠰᠠᠶᠢᠳᠤᠷ ᠬᠢᠨ᠎ᠠ᠄ | ︵ᠨᠢᠭᠡ︶ ᠲᠥᠷᠤᠯ ᠵᠥᠢᠯ ᠤᠨ ᠪᠥᠳᠤᠭᠡᠨ ᠪᠠᠶᠢᠭᠤᠯᠤᠯᠳᠠ | ᠶᠢ ᠰᠠᠶᠢᠳᠤᠷ ᠠᠤᠡᠬᠤᠵᠤ᠂ ᠠᠷᠠᠯᠵᠢᠶᠠᠴᠢᠨ ᠤᠷᠢᠵᠤ ᠪᠠᠯᠠ | ᠤᠷᠤᠭᠤᠯᠬᠤ ᠬᠡᠷᠢ ᠲᠥᠪᠰᠢᠨ ᠢᠶᠠᠨ ᠴᠢᠷᠮᠠᠶᠢᠨ ᠲᠡᠬᠡᠭᠰᠢᠯᠡᠬᠦᠯᠦᠨ᠎ᠠ | ᠲᠥᠷᠤᠯ ᠵᠥᠢᠯ ᠤᠨ ᠪᠥᠳᠤᠭᠡᠨ ᠪᠠᠶᠢᠭᠤᠯᠤᠯᠳᠠ ᠶᠢ ᠬᠥᠴᠤᠳᠠᠢ ᠠᠤᠡᠬᠤᠨ᠎ᠠ᠃ ︽ᠬᠥᠭᠵᠢᠯᠳᠠ ᠨᠢ | ᠲᠥᠷᠤᠯ ᠵᠥᠢᠯ ᠤᠨ ᠪᠥᠳᠤᠭᠡᠨ ᠪᠠᠶᠢᠭᠤᠯᠤᠯᠳᠠ ᠳᠤ ᠲᠦᠰᠢᠭᠯᠡᠬᠦ︾ ᠲᠠᠨᠢᠯᠳᠠ ᠶᠢ ᠪᠤᠢ ᠪᠤᠯᠭᠠᠨ᠂ ︽ᠲᠦᠷᠣᠯ | ᠵᠣᠶᠢᠯ ᠢ ᠮᠦᠷᠳᠡᠨ ᠠᠵᠢᠭᠯᠠᠵᠤ᠂ ᠰᠢᠡᠳᠠᠷᠠᠰᠢ ᠥᠭᠡᠢ ᠴᠢᠷᠮᠠᠶᠢᠬᠤ︾ ᠠᠵᠢᠯ ᠤᠨ ᠪᠠᠶᠢᠳᠠᠯ ᠢᠶᠠᠨ ᠪᠠᠳᠤᠯᠠᠵᠤ᠂ ᠪᠥᠬᠦ | ᠬᠥᠴᠤᠨ ᠢᠶᠠᠷ ᠢᠶᠠᠨ ᠲᠥᠷᠤᠯ ᠵᠥᠢᠯ ᠤᠨ ᠪᠥᠳᠤᠭᠡᠨ ᠪᠠᠶᠢᠭᠤᠯᠤᠯᠳᠠ ᠶᠢ ᠠᠤᠡᠬᠤᠨ᠎ᠠ᠃ ᠤᠯᠤᠰ ᠤᠨ ᠠᠵᠤ | ᠥᠢᠯᠡᠰ ᠤᠨ ᠲᠥᠷᠤ ᠶᠢᠨ ᠪᠤᠳᠤᠯᠭ᠎ᠠ ᠪᠤᠯᠤᠨ ᠪᠠᠯᠠ ᠤᠷᠤᠭᠤᠯᠤᠯᠳᠠ ᠶᠢᠨ ᠭᠤᠤᠯᠳᠠᠯᠭ᠎ᠠ ᠶᠢ ᠢᠳᠡᠪᠬᠢᠳᠠᠢ | ᠰᠤᠳᠤᠯᠵᠤ᠂ ᠤᠷᠢᠤᠡᠴᠢᠯᠠᠨ ᠲᠥᠰᠤᠪᠯᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠳᠠ ᠶᠢᠨ | ᠶᠡᠭᠡ ᠲᠠᠯ᠎ᠠ ᠳᠤ ᠬᠤᠯᠪᠤᠭᠳᠠᠬᠤ ᠨᠢᠭᠡ ᠪᠥᠯᠤᠭ᠌ ᠲᠤᠮᠤ ᠲᠥᠷᠤᠯ ᠵᠥᠢᠯ᠂ ᠰᠠᠶᠢᠨ ᠲᠥᠷᠤᠯ ᠵᠥᠢᠯ ᠢ ᠰᠢᠯᠢᠨ | ᠰᠤᠩᠭᠤᠵᠤ᠂ ᠥᠨᠡᠯᠡᠨ ᠨᠤᠳᠠᠯᠠᠵᠤ ᠨᠦᠭᠡᠴᠡᠯᠠᠨᠠ᠃ ᠨᠡᠬᠦᠳᠠᠯ ᠮᠠᠯᠴᠢᠨ ᠢ ᠰᠠᠭᠤᠷᠢᠰᠢᠭᠤᠯᠬᠤ᠂ ᠰᠢᠶᠠᠨ ᠤ ᠲᠡᠰ | ᠤᠨ ᠪᠠᠷᠢᠮᠵᠢᠶᠠᠵᠢᠭᠰᠠᠨ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠠᠶᠤᠯᠬᠦᠢ ᠭᠡᠷ ᠪᠠᠷᠢᠯᠭ᠎ᠠ᠂ ᠬᠤᠭ ᠨᠤᠪᠰᠢ ᠶᠢ | ᠰᠢᠢᠤᠡᠪᠤᠷᠢᠯᠡᠬᠦ ᠪᠤᠯᠤᠨ ᠵᠠᠰᠠᠮᠠᠯ ᠵᠠᠮ ᠤᠨ ᠪᠥᠳᠤᠭᠡᠨ ᠪᠠᠶᠢᠭᠤᠯᠤᠯᠳᠠ ᠵᠡᠷᠭᠡ 82 ᠲᠥᠷᠤᠯ ᠵᠥᠢᠯ ᠢ ᠤᠯᠤᠰ᠂ | ᠥᠪᠡᠷᠳᠡᠭᠡᠨ ᠵᠠᠰᠠᠬᠤ ᠤᠷᠤᠨ ᠪᠤᠯᠤᠨ ᠠᠶᠢᠮᠠᠭ ᠤᠨ ᠪᠠᠯᠠ ᠤᠷᠤᠭᠤᠯᠤᠯᠳᠠ ᠶᠢᠨ ᠲᠥᠯᠤᠪᠯᠡᠭᠡ ᠳᠤ ᠣᠷᠣᠭᠤᠯᠬᠤ ᠪᠠᠷ | ᠴᠢᠷᠮᠠᠶᠢᠨ᠎ᠠ᠃ ᠡᠨᠧᠷᠬᠢ ᠠᠷᠪᠢᠯᠠᠬᠤ ᠲᠦᠷᠣᠯ ᠵᠣᠶᠢᠯ ᠤᠨ ᠪᠠᠶᠢᠭᠤᠯᠣᠯᠳᠠ ᠶᠢ ᠴᠢᠩᠭᠠᠳᠬᠠᠵᠣ᠂ ᠲᠦᠷᠣᠯ ᠵᠣᠶᠢᠯ ᠢᠶᠠᠷ | ᠡᠨᠧᠷᠬᠢ ᠶᠢ ᠠᠷᠪᠢᠯᠠᠨ ᠪᠣᠬᠢᠷᠳᠣᠯ ᠢ ᠪᠠᠭᠠᠰᠬᠠᠬᠤ ᠶᠢ ᠠᠬᠢᠭᠤᠯᠣᠨ᠎ᠠ᠃ ᠰᠢᠨ᠎ᠠ ᠪᠠᠷ ᠪᠠᠶᠢᠭᠤᠯᠬᠤ ᠲᠦᠷᠣᠯ ᠵᠣᠶᠢᠯ ᠤᠨ | ᠣᠷᠴᠢᠨ ᠲᠣᠭᠤᠷᠢᠨ ᠤ ᠬᠠᠮᠠᠭᠠᠯᠠᠯᠳᠠ ᠶᠢ ᠦᠨᠡᠯᠡᠬᠦ ᠪᠠ ᠡᠨᠧᠷᠬᠢ ᠶᠢ ᠠᠷᠪᠢᠯᠠᠬᠤ ᠶᠢ ᠦᠨᠡᠯᠡᠬᠦ ᠲᠦᠷᠢᠮ ᠢ ᠴᠢᠩᠭ᠎ᠠ | ᠬᠡᠷᠡᠭᠵᠢᠭᠦᠯᠵᠣ᠂ ᠮᠠᠷᠭᠡᠵᠢᠯ ᠤᠨ ᠠᠭᠤᠯᠣᠭᠳᠠᠴᠠ ᠪᠠᠷ ᠥᠨᠳᠣᠷ᠂ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠪᠠᠷ | ᠪᠠᠷᠢᠮᠵᠢᠶᠠᠨ ᠳᠤ ᠬᠦᠷᠦᠭᠰᠡᠨ ᠠᠵᠣ ᠠᠬᠤᠶᠢᠯᠡᠯ ᠢ ᠣᠷᠢᠵᠣ ᠣᠷᠣᠭᠤᠯᠬᠤ ᠶᠢ ᠬᠦᠨᠳᠣᠳᠭᠡᠵᠣ᠂ ︽ᠠᠷᠪᠠᠨ | ᠨᠢᠭᠡᠳᠣᠭᠡᠷ ᠲᠠᠪᠣᠨ ᠵᠢᠯ︾ ᠤᠨ ᠲᠦᠯᠦᠪᠵᠢᠭᠦᠯᠭᠡ ᠳᠤ ᠲᠣᠭᠳᠠᠭᠠᠭᠰᠠᠨ ᠪᠣᠬᠢᠷᠳᠣᠯ ᠢ ᠪᠠᠭᠠᠰᠬᠠᠬᠤ ᠬᠠᠷᠠᠯᠳᠠ ᠶᠢ | ᠴᠢᠷᠮᠠᠶᠢᠨ ᠪᠡᠶᠡᠯᠡᠬᠦᠯᠣᠨ᠎ᠠ᠃ ︽ᠠᠷᠪᠠᠨ ᠬᠤᠶᠠᠳᠤᠭᠠᠷ ᠲᠠᠪᠤᠨ ᠵᠢᠯ︾ ᠤᠨ ᠲᠥᠯᠤᠪᠵᠢᠬᠦᠯᠭᠡ ᠶᠢ ᠨᠡᠷᠢᠯᠢᠭ᠋ | ᠰᠠᠶᠢᠬᠠᠨ ᠨᠠᠶᠢᠷᠠᠭᠤᠯᠤᠨ᠎ᠠ᠃ ︽ᠠᠷᠪᠠᠨ ᠨᠢᠭᠡᠳᠤᠭᠡᠷ ᠲᠠᠪᠤᠨ ᠵᠢᠯ︾ ᠤᠨ ᠬᠥᠭᠵᠢᠯᠳᠠ ᠶᠢᠨ ᠲᠤᠷᠰᠢᠯᠭ᠎ᠠ ᠪᠠᠨ | ᠰᠠᠶᠢᠳᠤᠷ ᠳ᠋ᠥᠩᠨᠡᠵᠤ᠂ ᠬᠤᠰᠢᠭᠤᠨ ᠤ ᠪᠠᠶᠢᠳᠠᠯ ᠤᠨ ᠲᠤᠬᠠᠢ ᠲᠠᠨᠢᠯᠳᠠ ᠪᠠᠨ ᠤᠯᠠᠮ ᠨᠢᠭᠡ ᠠᠯᠬᠤᠮ | ᠬᠥᠡᠵᠡᠭᠡᠶᠢᠷᠡᠬᠦᠯᠵᠤ᠂ ᠢᠷᠡᠬᠦ ᠲᠠᠪᠤᠨ ᠵᠢᠯ ᠤᠨ ᠠᠵᠤ ᠠᠬᠤᠢ ᠶᠢᠨ ᠬᠠᠨᠳᠤᠰᠢ ᠪᠤᠯᠤᠨ ᠲᠥᠷᠤ ᠶᠢᠨ ᠪᠤᠳᠤᠯᠭ᠎ᠠ ᠶᠢᠨ | ᠴᠢᠭᠯᠡᠯ ᠢ ᠰᠢᠡᠵᠢᠯᠡᠬᠦ ᠤᠬᠠᠭᠠᠡᠴᠢ ᠪᠠᠷ ᠵᠠᠳᠠᠯᠵᠤ᠂ ᠪᠠᠶᠢᠴᠠᠭᠠᠨ ᠰᠤᠳᠤᠯᠤᠯᠳᠠ ᠶᠢ ᠬᠥᠡᠵᠡᠭᠡᠢ ᠥᠷᠨᠢᠬᠦᠯᠤᠨ᠂ ᠡᠯ᠎ᠡ | ᠲᠠᠯ᠎ᠠ ᠶᠢᠨ ᠰᠠᠨᠠᠯ ᠢ ᠥᠷᠭᠡᠨ ᠢᠶᠠᠷ ᠰᠤᠨᠤᠰᠴᠤ᠂ ᠪᠥᠬᠦ ᠬᠤᠰᠢᠭᠤᠨ ᠤ ︽ᠠᠷᠪᠠᠨ ᠬᠤᠶᠠᠳᠤᠭᠠᠷ ᠲᠠᠪᠤᠨ ᠵᠢᠯ︾ | ᠤᠨ ᠬᠥᠭᠵᠢᠯᠳᠠ ᠶᠢᠨ ᠲᠥᠯᠤᠪᠵᠢᠬᠦᠯᠭᠡ ᠶᠢ ᠨᠠᠷᠢᠨ ᠨᠢᠮᠪᠠᠢ ᠨᠠᠶᠢᠷᠠᠭᠤᠯᠤᠨ ᠪᠢᠴᠢᠵᠤ᠂ ᠰᠢᠡᠵᠢᠯᠡᠬᠦ ᠤᠬᠠᠭᠠᠡᠴᠢ ᠪᠠᠷ | ᠬᠥᠭᠵᠢᠬᠦ ᠳᠤ ᠵᠢᠯᠣᠭᠤᠳᠣᠯᠭ᠎ᠠ ᠬᠠᠩᠭᠠᠨ᠎ᠠ᠃ | ᠠᠷᠠᠯᠵᠢᠶᠠᠴᠢᠨ ᠤᠷᠢᠵᠤ ᠪᠠᠯᠠ ᠤᠷᠤᠭᠤᠯᠬᠤ ᠠᠵᠢᠯ ᠢ ᠰᠠᠶᠢᠳᠤᠷ ᠠᠤᠡᠬᠤᠨ᠎ᠠ᠃ ᠥᠢᠯᠡᠴᠢᠯᠡᠬᠦ ᠤᠷᠴᠢᠨ | ᠲᠤᠭᠤᠷᠢᠨ ᠢᠶᠠᠨ ᠪᠥᠬᠦ ᠲᠠᠯ᠎ᠠ ᠪᠠᠷ ᠰᠢᠯᠢᠳᠡᠭᠵᠢᠬᠦᠯᠵᠤ᠂ ᠵᠠᠰᠠᠭ ᠵᠠᠬᠢᠷᠭᠠᠨ ᠤ ᠵᠥᠪᠰᠢᠶᠠᠷᠠᠯ ᠤᠨ ᠬᠠᠤᠯᠢ ᠶᠢ ᠨᠠᠷᠢᠨ | ᠬᠢᠨᠠᠮᠠᠭᠠᠢ ᠲᠤᠤᠱᠯᠠᠭᠤᠯᠤᠨ᠂ ᠵᠠᠰᠠᠭ ᠤᠨ ᠤᠷᠳᠤᠨ ᠤ ᠡᠬᠦᠷᠭᠡ ᠴᠢᠳᠡᠪᠬᠢ ᠶᠢᠨ ᠬᠤᠪᠢᠷᠠᠭᠤᠯᠤᠯᠳᠠ ᠪᠠᠨ | ᠲᠥᠷᠭᠡᠤᠡᠭᠡᠵᠤ᠂ ᠠᠯᠪᠠᠨ ᠪᠠᠶᠢᠭᠤᠯᠭ᠎ᠠ ᠶᠢᠨ ᠠᠵᠢᠯᠳᠠᠨ ᠤ ᠠᠵᠢᠯ ᠤᠨ ᠤᠪᠤᠷ ᠰᠤᠷᠳᠠᠯ ᠢ ᠦᠨᠡᠨᠬᠦ ᠰᠠᠶᠢᠵᠢᠷᠠᠭᠤᠯᠤᠨ | ᠂ ᠤᠬᠢ ᠰᠠᠶᠢᠨ ᠦᠢᠯᠡᠴᠢᠯᠡᠬᠡᠨ ᠤ ᠤᠷᠴᠢᠨ ᠲᠤᠭᠤᠷᠢᠨ ᠢᠶᠠᠷ ᠭᠠᠳᠠᠨ᠎ᠠ ᠤᠷᠤᠨ ᠤ ᠠᠷᠠᠯᠵᠢᠶᠠᠴᠢᠨ ᠤ ᠪᠡᠯᠡ | ᠤᠷᠤᠭᠤᠯᠬᠤ ᠶᠢ ᠲᠠᠳᠠᠨ᠎ᠠ᠃ ᠠᠷᠠᠯᠵᠢᠶᠠᠴᠢᠨ ᠤᠷᠢᠬᠤ ᠬᠠᠷᠠᠴᠠ ᠪᠤᠯᠤᠨ ᠬᠦᠷᠢᠶ᠎ᠠ ᠬᠡᠪᠴᠢᠶ᠎ᠠ ᠪᠠᠨ ᠤᠯᠠᠮ ᠨᠢᠬᠡ | ᠠᠯᠬᠤᠮ ᠦᠷᠬᠡᠳᠬᠡᠵᠤ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠰᠠᠶᠢᠵᠢᠷᠠᠭᠤᠯᠤᠨ᠂ ᠤᠷᠤᠨ ᠤ ᠲᠤᠳᠤᠨ᠎ᠠ | ᠭᠠᠳᠠᠨᠠᠬᠢ ᠡᠯ᠎ᠠ ᠲᠦᠷᠦᠯ ᠤᠨ ᠲᠣᠮᠣ ᠴᠢᠬᠤᠯᠠ ᠠᠷᠠᠯᠵᠢᠶᠠᠴᠢᠨ ᠤᠷᠢᠬᠤ ᠬᠦᠳᠡᠯᠬᠡᠬᠡᠨ ᠳᠤ ᠢᠳᠡᠪᠬᠢᠳᠠᠢ | ᠣᠷᠣᠯᠴᠠᠨ᠎ᠠ᠃ ᠠᠭᠤᠷᠬᠠᠢ ᠶᠢᠨ ᠡᠬᠢ ᠪᠠᠶᠠᠯᠢᠭ ᠤᠨ ᠳᠠᠪᠠᠭᠤᠯᠢᠭ ᠳᠠᠭᠠᠨ ᠲᠦᠰᠢᠭᠯᠡᠨ᠂ ᠠᠵᠣ ᠥᠢᠯᠡᠰ ᠤᠨ | ᠬᠡᠯᠬᠢᠶᠡᠵᠢᠯ ᠢ ᠣᠷᠳᠣᠳᠬᠠᠬᠤ ᠲᠦᠷᠣᠯ ᠵᠣᠶᠢᠯ ᠢ ᠣᠷᠣᠭᠤᠯᠵᠣ᠂ ᠥᠩᠭᠡᠳᠣ ᠲᠡᠮᠦᠷᠯᠢᠭ ᠢ ᠨᠠᠷᠢᠯᠢᠭ | ᠪᠣᠯᠪᠠᠰᠣᠷᠠᠭᠤᠯᠬᠤ᠂ ᠬᠦᠷᠡᠩ ᠨᠡᠭᠦᠷᠡᠰᠣ ᠶᠢ ᠴᠢᠨᠠᠷ ᠢ ᠨᠢ ᠳᠡᠭᠡᠭᠰᠢᠯᠡᠭᠦᠯᠣᠨ ᠬᠤᠪᠢᠷᠠᠭᠤᠯᠬᠤ᠂ ᠪᠠᠷᠢᠯᠭ᠎ᠠ ᠶᠢᠨ | ᠮᠠᠲ᠋ᠧᠷᠢᠶᠠᠯ ᠥᠢᠯᠡᠳᠪᠦᠷᠢᠯᠡᠬᠦ ᠵᠡᠷᠭᠡ ᠲᠦᠷᠣᠯ ᠵᠣᠶᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠣ᠂ ᠡᠬᠢ | ᠪᠠᠶᠠᠯᠢᠭ ᠢ ᠶᠡᠷᠦᠩᠭᠡᠶᠢᠯᠡᠨ ᠠᠰᠢᠭᠯᠠᠬᠤ ᠪᠠ ᠣᠷᠴᠢᠨ ᠲᠠᠪᠳᠠᠨ ᠠᠰᠢᠭᠯᠠᠬᠤ ᠶᠢ ᠠᠬᠢᠭᠤᠯᠣᠨ᠂ ᠠᠵᠣ ᠥᠢᠯᠡᠰ ᠤᠨ | ᠬᠤᠭᠤᠷᠣᠨᠳᠣᠬᠢ ᠬᠤᠯᠪᠣᠯᠳᠣᠬᠤ ᠬᠡᠮᠵᠢᠶ᠎ᠠ ᠪᠣᠯᠣᠨ ᠲᠦᠪᠯᠡᠷᠡᠬᠦ ᠬᠡᠮᠵᠢᠶ᠎ᠠ ᠶᠢ ᠲᠡᠭᠡᠭᠰᠢᠯᠡᠭᠦᠯᠣᠨ᠎ᠠ︔ ᠭᠠᠵᠠᠷ ᠰᠢᠷᠣᠢ᠂ | ᠬᠦᠳᠡᠯᠮᠦᠷᠢ ᠬᠦᠴᠣ ᠪᠣᠯᠣᠨ ᠲᠠᠯ᠎ᠠ ᠨᠣᠳᠤᠭ ᠤᠨ ᠥᠨᠳᠣᠰᠣᠳᠠᠨ ᠤ ᠰᠣᠶᠣᠯ ᠵᠡᠷᠭᠡ ᠲᠠᠪᠠᠭᠤᠯᠢᠭ ᠳᠠᠭᠠᠨ ᠲᠦᠰᠢᠭᠯᠡᠨ | ᠂ ᠬᠢᠯᠢ ᠬᠢᠵᠠᠭᠠᠷ ᠤᠨ ᠵᠢᠭᠤᠯᠴᠢᠯᠡᠯ᠂ ᠣᠳᠣᠬᠢᠴᠢᠯᠠᠭᠰᠠᠨ ᠪᠣᠳᠠᠰ ᠤᠨ ᠬᠦᠢᠯᠭᠡᠭᠡ᠂ ᠲᠣᠮᠣ ᠬᠡᠯᠪᠡᠷᠢ ᠶᠢᠨ ᠠᠷᠠᠯᠵᠢᠶ᠎ᠠ | ᠬᠤᠳᠠᠯᠳᠤᠭ᠎ᠠ ᠢᠳᠡᠭᠡᠨ ᠣᠮᠳᠠᠭᠠᠨ ᠪᠣᠯᠣᠨ ᠬᠡᠯᠬᠢᠶᠡᠳᠣ ᠬᠡᠳᠣ ᠲᠡᠯᠭᠡᠭᠦᠷ ᠵᠡᠷᠭᠡ ᠡᠬᠢ ᠪᠠᠶᠠᠯᠢᠭ ᠤᠨ ᠪᠣᠰᠣ᠂ | ᠬᠦᠳᠡᠯᠮᠦᠷᠢ ᠬᠦᠴᠣ ᠨᠢᠭᠳᠠᠷᠠᠭᠰᠠᠨ ᠲᠦᠷᠣᠯ ᠵᠣᠶᠢᠯ ᠢ ᠭᠤᠣᠯᠳᠠᠯᠭ᠎ᠠ ᠲᠠᠢ ᠲᠠᠳᠠᠨ ᠣᠷᠣᠭᠤᠯᠵᠣ᠂ ᠰᠢᠨ᠎ᠠ | ᠬᠦᠭᠵᠢᠯᠳᠠ ᠶᠢᠨ ᠲᠠᠪᠠᠭᠤᠯᠢᠭ ᠢ ᠪᠣᠶᠢᠵᠢᠭᠤᠯᠣᠨ᠂ ᠣᠯᠠᠨ ᠡᠰᠢᠳᠣ ᠣᠳᠣᠬᠢᠴᠢᠯᠠᠭᠰᠠᠨ ᠠᠵᠣ ᠥᠢᠯᠡᠰ ᠤᠨ | ᠰᠢᠰᠲ᠋ᠧᠮ ᠢ ᠴᠣᠭᠴᠠᠯᠠᠨ ᠪᠠᠶᠢᠭᠤᠯᠣᠨ᠎ᠠ︔ ᠰᠦᠨᠢᠳ ᠬᠤᠨᠢ ᠵᠡᠷᠭᠡ ᠮᠠᠯ ᠠᠵᠣ ᠠᠬᠤᠢ ᠶᠢᠨ ᠡᠬᠢ ᠪᠠᠶᠠᠯᠢᠭ ᠤᠨ | ᠲᠠᠪᠠᠭᠤᠯᠢᠭ ᠳᠠᠭᠠᠨ ᠲᠦᠰᠢᠭᠯᠡᠨ᠂ ᠣᠨᠴᠠᠯᠢᠭᠳᠣ᠂ ᠪᠣᠬᠢᠷᠳᠣᠯ ᠥᠭᠡᠢ᠂ ᠣᠷᠭᠠᠨᠢᠭ ᠨᠡᠷᠡᠳᠣ ᠲᠡᠮᠳᠡᠭ ᠢ ᠪᠠᠶᠢᠭᠤᠯᠣᠨ | ᠂ ᠮᠠᠯ ᠤᠨ ᠪᠦᠳᠣᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠪᠠ ᠮᠠᠯ ᠠᠵᠣ ᠠᠬᠤᠢ ᠶᠢᠨ ᠠᠵᠣ ᠥᠢᠯᠡᠰᠵᠢᠭᠦᠯᠣᠯᠳᠠ | ᠵᠡᠷᠭᠡ ᠲᠦᠷᠣᠯ ᠵᠣᠶᠢᠯ ᠢ ᠶᠡᠭᠡᠪᠡᠷ ᠲᠠᠳᠠᠨ ᠣᠷᠣᠭᠤᠯᠵᠣ᠂ ᠡᠷᠴᠢᠮᠵᠢᠭᠦᠯᠦᠭᠰᠡᠨ᠂ ᠠᠵᠣ ᠥᠢᠯᠡᠰᠵᠢᠭᠦᠯᠦᠭᠰᠡᠨ ᠬᠢᠷᠢ | ᠲᠦᠪᠰᠢᠨ ᠢᠶᠠᠷ ᠥᠨᠳᠣᠷ᠂ ᠥᠪᠡᠷᠮᠢᠴᠠ ᠣᠨᠴᠠᠯᠢᠭᠳᠣ ᠮᠠᠯ ᠤᠨ ᠪᠦᠳᠦᠭᠡᠭᠳᠡᠭᠦᠨ ᠤ ᠠᠵᠣ ᠥᠢᠯᠡᠰ ᠤᠨ | ᠴᠣᠭᠯᠠᠷᠠᠯ ᠢ ᠪᠠᠶᠢᠭᠤᠯᠵᠣ᠂ ᠪᠦᠬᠦ ᠬᠤᠰᠢᠭᠤᠨ ᠤ ᠠᠵᠤ ᠠᠬᠤᠶᠢᠯᠠᠯ ᠴᠦᠬᠡᠨ᠂ ᠬᠡᠪᠴᠢᠶᠡᠵᠢᠯ ᠪᠠᠭ᠎ᠠ᠂ ᠠᠵᠤ | ᠦᠢᠯᠡᠰ ᠳ᠋ᠠᠩ ᠴᠤᠯᠭᠤᠢ ᠪᠠᠶᠢᠳᠠᠯ ᠢ ᠢᠳᠡᠭ ᠢᠳᠡᠭ ᠢᠶᠠᠷ ᠬᠤᠪᠢᠷᠠᠭᠤᠯᠤᠨ᠎ᠠ᠃ ᠪᠦᠬᠦ ᠵᠢᠯ ᠳᠤ 13.5 ᠳ᠋ᠦᠩᠰᠢᠭᠤᠷ | ᠲᠦᠭᠦᠷᠢᠭ ᠪᠡᠯᠡ ᠮᠦᠩᠬᠦ ᠶᠢ ᠲᠠᠳᠠᠨ ᠣᠷᠤᠭᠤᠯᠵᠣ᠂ ᠠᠳᠠᠯᠢ ᠬᠤᠭᠤᠴᠠᠭᠠᠨ ᠤ ᠬᠢ ᠠᠴᠠ 8% ᠠᠴᠠ ᠲᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ | ︵ᠬᠤᠶᠠᠷ︶ ᠡᠬᠢ ᠪᠠᠶᠠᠯᠢᠭ ᠢ ᠬᠤᠪᠢᠷᠠᠭᠤᠯᠬᠤ ᠳᠤ ᠲᠦᠰᠢᠭᠯᠡᠨ᠂ | ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠳᠡ ᠶᠢᠨ | ᠲᠡᠰ ᠲᠠᠪᠬᠤᠷᠭ᠎ᠠ ᠶᠢ ᠣᠯᠠᠮ ᠨᠢᠭᠡ ᠠᠯᠬᠤᠮ ᠳᠡᠭᠡᠭᠰᠢᠯᠡᠭᠦᠯᠣᠨ᠎ᠠ | ᠡᠬᠢ ᠪᠠᠶᠠᠯᠢᠭ ᠢ ᠬᠠᠶᠢᠨ ᠰᠢᠨᠵᠢᠯᠡᠬᠦ ᠪᠠ ᠴᠡᠭᠴᠡᠯᠠᠨ ᠨᠡᠶᠢᠯᠡᠭᠦᠯᠬᠦ ᠲᠠᠯ᠎ᠠ ᠪᠠᠷ ᠰᠢᠨ᠎ᠠ ᠰᠢᠪᠳᠤᠳᠯᠤᠯᠳᠠ ᠲᠠᠢ | ᠪᠤᠯᠭᠠᠨ᠎ᠠ᠃ ᠡᠬᠢ ᠪᠠᠶᠠᠯᠢᠭ ᠢ ᠨᠡᠬᠡᠬᠡᠨ ᠬᠦᠭᠵᠢᠬᠦᠯᠬᠦ ᠬᠠᠷᠰᠢ ᠰᠠᠭᠠᠳ ᠢ ᠴᠢᠷᠮᠠᠶᠢᠨ ᠰᠢᠢᠳᠪᠦᠷᠢᠯᠡᠵᠤ᠂ ᠪᠦᠬᠦ ᠵᠢᠯ | ᠳᠤ ᠭᠠᠵᠠᠷ ᠰᠢᠨᠵᠢᠯᠡᠬᠡᠨ ᠤ ᠨᠡᠶᠢᠳᠡᠮ ᠪᠠᠶᠢᠴᠠᠭᠠᠬᠤ ᠲᠦᠷᠦᠯ ᠵᠦᠢᠯ ᠢ 72᠂ ᠨᠠᠷᠢᠯᠢᠭ ᠪᠠᠶᠢᠴᠠᠭᠠᠬᠤ ᠲᠦᠷᠦᠯ | ᠵᠦᠢᠯ 36᠂ ᠣᠷᠢᠳᠴᠢᠯᠠᠨ ᠪᠠᠶᠢᠴᠠᠭᠠᠬᠤ ᠲᠦᠷᠦᠯ ᠵᠦᠢᠯ 4 ᠶᠢ ᠬᠡᠷᠡᠭᠵᠢᠬᠦᠯᠬᠦ ᠪᠠᠷ ᠴᠢᠷᠮᠠᠶᠢᠵᠤ᠂ 2.5 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠎ᠠ᠃ ᠤᠷᠳᠤ ᠬᠤᠭᠤᠴᠠᠭ᠎ᠠ ᠪᠠᠷ ᠠᠵᠢᠯ ᠢᠶᠠᠨ | ᠥᠷᠨᠢᠭᠦᠯᠦᠭᠰᠡᠨ ᠦᠬᠡᠢ ᠪᠠ ᠪᠡᠯᠡ ᠤᠷᠤᠭᠤᠯᠤᠯᠳᠠ ᠪᠠᠷ ᠬᠦᠷᠦᠯᠴᠡᠬᠦ ᠭᠠᠵᠠᠷ ᠰᠢᠨᠵᠢᠯᠡᠬᠡᠨ ᠤ ᠨᠢᠬᠡᠴᠡ ᠶᠢᠨ | ᠦᠮᠴᠢᠯᠡᠵᠤ ᠪᠠᠶᠢᠭ᠎ᠠ ᠠᠭᠤᠷᠬᠠᠢ ᠶᠢᠨ ᠡᠷᠬᠡ ᠶᠢ ᠬᠦᠴᠦᠨ ᠦᠬᠡᠢ ᠪᠤᠯᠭᠠᠬᠤ ᠪᠤᠶᠤ ᠲᠡᠳᠡᠨ ᠢ ᠱᠠᠭᠠᠷᠳᠠᠨ | ᠰᠢᠯᠵᠢᠬᠦᠯᠦᠨ ᠲᠠᠮᠵᠢᠭᠤᠯᠵᠤ᠂ ᠡᠯ᠎ᠠ ᠲᠦᠷᠦᠯ ᠤᠨ ᠠᠭᠤᠷᠬᠠᠢ ᠶᠢᠨ ᠬᠠᠶᠢᠨ ᠰᠢᠨᠵᠢᠯᠡᠬᠦ ᠦᠶᠡᠯᠡᠯ ᠤᠨ ᠬᠤᠭᠤᠴᠠᠭ᠎ᠠ | ᠶᠢ ᠪᠤᠭᠤᠨᠢᠰᠬᠠᠨ᠂ ᠬᠠᠶᠢᠨ ᠰᠢᠨᠵᠢᠯᠡᠬᠡᠨ ᠤ ᠦᠷ᠎ᠠ ᠪᠦᠳᠦᠬᠡᠯ ᠢ ᠲᠦᠷᠬᠡᠬᠡᠨ ᠲᠤᠰᠢᠶᠠᠯᠭᠠᠨ᠎ᠠ᠃ ᠠᠭᠤᠷᠬᠠᠢ ᠶᠢᠨ | ᠡᠬᠢ ᠪᠠᠶᠠᠯᠢᠭ ᠢ ᠴᠡᠭᠴᠡᠯᠠᠨ ᠨᠡᠶᠢᠯᠡᠬᠦᠯᠬᠦ ᠬᠦᠴᠣᠯᠡᠴᠨ ᠪᠠᠨ ᠦᠨᠡᠨᠬᠦ ᠴᠢᠩᠭᠠᠳᠬᠠᠵᠣ᠂ ᠥᠩᠭᠡᠳᠣ ᠲᠡᠮᠦᠷᠯᠢᠭ ᠤᠨ | ᠬᠠᠶᠢᠨ ᠰᠢᠨᠵᠢᠯᠡᠬᠦ ᠡᠷᠭᠡ ᠶᠢ 30% ᠪᠠᠷ ᠪᠠᠭᠠᠰᠬᠠᠬᠤ ᠪᠠᠷ ᠴᠢᠷᠮᠠᠶᠢᠵᠣ᠂ ᠴᠠᠬᠢᠭᠤᠷ ᠴᠢᠯᠠᠭᠤᠨ ᠠᠭᠤᠷᠬᠠᠢ ᠶᠢᠨ | ᠠᠭᠤᠷᠬᠠᠢ ᠶᠢᠨ ᠡᠷᠭᠡ ᠶᠢ 8 ᠪᠠᠶᠢᠭᠰᠠᠨ ᠠᠴᠠ ᠨᠢ 3 ᠪᠣᠯᠭᠠᠨ ᠴᠡᠭᠴᠡᠯᠡᠨ ᠨᠡᠶᠢᠯᠡᠬᠦᠯᠵᠣ᠂ ᠲᠡᠮᠣᠷ ᠤᠨ | ᠠᠭᠤᠷᠬᠠᠢ ᠶᠢ 4 ᠪᠠᠶᠢᠭᠰᠠᠨ ᠠᠴᠠ ᠨᠢ 2 ᠪᠣᠯᠭᠠᠨ ᠨᠡᠶᠢᠯᠡᠭᠦᠯᠵᠣ ᠨᠡᠭᠡᠭᠡᠨ ᠬᠦᠭᠵᠢᠭᠦᠯᠣᠨᠠ᠃ ᠭᠤᠤᠯᠳᠠᠯᠭ᠎ᠠ ᠲᠠᠢ | ᠭᠠᠵᠠᠷ ᠰᠢᠨᠵᠢᠯᠡᠬᠡᠨ ᠤ ᠨᠢᠬᠡᠴᠡ ᠯᠤᠭ᠎ᠠ ᠶᠢᠨ ᠬᠠᠷᠢᠯᠴᠠᠭ᠎ᠠ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠮᠦᠷᠳᠡᠨ | ᠬᠠᠷᠢᠯᠴᠠᠬᠤ ᠲᠦᠷᠢᠮ ᠢ ᠪᠠᠶᠢᠭᠤᠯᠤᠨ᠂ ᠲᠡᠳᠡᠨ ᠢ ᠱᠠᠭᠠᠷᠳᠠᠨ ᠪᠡᠯᠡ ᠮᠦᠩᠬᠦ ᠮᠡᠷᠬᠡᠵᠢᠯ ᠤᠨ ᠤᠷᠤᠭᠤᠯᠤᠯᠳᠠ ᠶᠢ ᠨᠢ | ᠨᠡᠮᠡᠭᠳᠡᠬᠦᠯᠵᠤ᠂ ᠬᠠᠶᠢᠨ ᠰᠢᠨᠵᠢᠯᠡᠬᠦ ᠠᠬᠢᠴᠠ ᠶᠢ ᠲᠦᠷᠬᠡᠳᠬᠡᠨ᠂ ᠨᠢᠺᠧᠯ᠂ ᠰᠢᠵᠢᠷ ᠠᠯᠳᠠ᠂ ᠴᠢᠯᠠᠭᠤᠨ ᠲᠤᠰᠤ | ᠬᠠᠶᠢᠨ ᠰᠢᠨᠵᠢᠯᠡᠬᠦ ᠲᠠᠯ᠎ᠠ ᠪᠠᠷ ᠰᠢᠨ᠎ᠠ ᠠᠬᠢᠴᠠ ᠲᠠᠢ ᠪᠤᠯᠭᠠᠬᠤ ᠪᠠᠷ ᠴᠢᠷᠮᠠᠶᠢᠵᠤ᠂ 4 ᠵᠡᠰ ᠮᠤᠯᠢᠪᠳᠧᠨ ᠤ ᠠᠭᠤᠷᠬᠠᠢ | ᠶᠢᠨ ᠲᠦᠷᠦᠯ ᠵᠦᠢᠯ ᠤᠨ ᠬᠠᠶᠢᠨ ᠰᠢᠨᠵᠢᠯᠡᠭᠰᠡᠨ ᠦᠷ᠎ᠠ ᠪᠦᠳᠦᠬᠡᠯ ᠢ ᠲᠤᠰᠢᠶᠠᠯᠭᠠᠨ᠎ᠠ᠃ | ᠡᠨᠧᠷᠬᠢ ᠶᠢ ᠨᠡᠬᠡᠬᠡᠨ ᠠᠰᠢᠭᠯᠠᠬᠤ ᠲᠠᠯ᠎ᠠ ᠪᠠᠷ ᠰᠢᠨ᠎ᠠ ᠰᠢᠪᠳᠦᠯᠤᠯᠳᠠ ᠲᠠᠢ ᠪᠤᠯᠭᠠᠨ᠎ᠠ᠃ ᠮᠠᠩᠯᠠᠢ | ᠨᠡᠬᠦᠷᠡᠰᠤᠨ ᠠᠭᠤᠷᠬᠠᠢ ᠶᠢᠨ ᠦᠢᠯᠡᠳᠪᠦᠷᠢᠯᠡᠯ ᠢᠶᠠᠨ ᠦᠷᠬᠡᠳᠬᠡᠨ᠂ ᠭᠠᠷᠤᠯᠳᠠ ᠪᠠᠨ ᠨᠡᠮᠡᠭᠳᠡᠬᠦᠯᠬᠦ ᠲᠦᠷᠦᠯ ᠵᠦᠢᠯ ᠢ | ᠬᠡᠷᠡᠭᠵᠢᠬᠦᠯᠬᠦ ᠶᠢ ᠲᠦᠷᠬᠡᠳᠬᠡᠵᠤ᠂ ᠠᠭᠤᠷᠬᠠᠢ ᠶᠢᠨ ᠲᠤᠭᠤᠷᠢᠭ ᠤᠨ ᠲᠦᠷᠢᠮᠵᠢᠭᠰᠡᠨ᠂ ᠪᠠᠷᠢᠮᠵᠢᠶᠠᠵᠢᠭᠰᠠᠨ | ᠪᠦᠳᠦᠬᠡᠨ ᠪᠠᠶᠢᠭᠤᠯᠤᠯᠳᠠ ᠶᠢ ᠠᠬᠢᠭᠤᠯᠤᠨ᠂ ᠵᠢᠯ ᠤᠨ ᠨᠡᠬᠦᠷᠡᠰᠤᠨ ᠤ ᠭᠠᠷᠭᠠᠯᠳᠠ ᠶᠢ 500 ᠲᠦᠮᠡᠨ ᠲᠤᠨ ᠳᠤ | ᠬᠦᠷᠬᠦ ᠶᠢ ᠪᠠᠳᠣᠯᠠᠵᠣ᠂ ᠠᠭᠤᠷᠬᠠᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠠᠩᠬ᠎ᠠ ᠠᠯᠬᠤᠮ | ᠬᠡᠪᠴᠢᠶᠡᠵᠢᠬᠦᠯᠦᠨᠠ᠃ ᠡᠬᠦᠨ ᠤ ᠬᠠᠮᠳᠤ ᠨᠡᠬᠦᠷᠡᠰᠤᠨ ᠤ ᠠᠵᠤ ᠦᠢᠯᠡᠰ ᠤᠨ ᠬᠡᠯᠬᠢᠶᠡᠵᠢᠯ ᠢ ᠤᠯᠠᠮ ᠨᠢᠬᠡ ᠠᠯᠬᠤᠮ | ᠤᠷᠳᠤᠳᠬᠠᠵᠤ᠂ ᠬᠦᠷᠡᠩ ᠨᠡᠭᠦᠷᠡᠰᠣ ᠬᠠᠳᠠᠭᠠᠬᠤ ᠲᠦᠷᠦᠯ ᠵᠦᠢᠯ ᠢ ᠠᠬᠢᠭᠤᠯᠤᠨ᠂ ᠵᠢᠯ ᠤᠨ ᠲᠤᠳᠤᠷ᠎ᠠ ᠠᠳᠠᠭ | ᠲᠠᠭᠠᠨ ᠬᠤᠶᠠᠷ ᠬᠦᠷᠡᠩ ᠨᠡᠬᠦᠷᠡᠰᠤ ᠬᠠᠳᠠᠭᠠᠬᠤ ᠲᠦᠷᠦᠯ ᠵᠦᠢᠯ ᠢ ᠠᠵᠢᠯ ᠡᠬᠢᠯᠡᠬᠦᠯᠦᠨ ᠪᠦᠳᠦᠬᠡᠨ ᠪᠠᠶᠢᠭᠤᠯᠬᠤ ᠶᠢ | ᠪᠠᠳᠤᠯᠠᠵᠤ᠂ ᠥᠢᠯᠡᠳᠪᠣᠷᠢᠯᠡᠯ ᠤᠨ ᠴᠢᠳᠠᠪᠣᠷᠢ ᠶᠢ ᠨᠢ 300 ᠲᠦᠮᠡᠨ ᠲᠤᠨ ᠠᠴᠠ ᠲᠠᠪᠠᠭᠤᠯᠤᠨ᠎ᠠ᠃ ᠰᠠᠯᠬᠢᠨ | ᠬᠦᠴᠦᠨ ᠤ ᠡᠬᠢ ᠪᠠᠶᠠᠯᠢᠭ ᠢ ᠢᠳᠡᠪᠬᠢᠳᠠᠢ ᠨᠡᠬᠡᠬᠡᠨ ᠬᠦᠭᠵᠢᠬᠦᠯᠵᠤ᠂ ᠳ᠋ᠠ ᠳᠠᠩ 30 ᠮᠧᠭ᠎ᠠ ᠸᠠᠲ ᠤᠨ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠲᠠᠯᠠᠪᠠᠢ ᠶᠢᠨ ᠨᠢᠬᠡᠳᠦᠬᠡᠷ ᠬᠤᠭᠤᠴᠠᠭᠠᠨ ᠤ ᠪᠠᠷᠢᠯᠭ᠎ᠠ ᠶᠢ ᠪᠦᠳᠦᠬᠡᠨ ᠪᠠᠶᠢᠭᠤᠯᠬᠤ | ᠪᠠᠷ ᠴᠢᠷᠮᠠᠶᠢᠨ᠎ᠠ᠃ ᠴᠢᠯᠠᠭᠤᠨ ᠲᠤᠰᠤ ᠨᠡᠭᠡᠭᠡᠨ ᠮᠠᠯᠳᠠᠬᠤ ᠠᠵᠤ ᠠᠬᠤᠶᠢᠯᠡᠯ ᠢ ᠱᠠᠯᠠᠪᠳᠠᠨ᠂ ᠪᠠᠯᠠ ᠤᠷᠤᠭᠤᠯᠤᠯᠳᠠ | ᠶᠢ ᠨᠢ ᠨᠡᠮᠡᠭᠳᠠᠬᠦᠯᠵᠤ᠂ ᠮᠡᠷᠭᠡᠵᠢᠯ ᠤᠨ ᠥᠭᠡᠷᠡᠴᠢᠯᠡᠯᠳᠠ ᠶᠢ ᠨᠢ ᠲᠥᠷᠭᠡᠤᠡᠭᠡᠨ᠂ ᠴᠢᠯᠠᠭᠤᠨ ᠲᠤᠰᠤ ᠨᠡᠭᠡᠭᠡᠨ | ᠬᠥᠭᠵᠢᠬᠦᠯᠬᠦ ᠶᠢ ᠢᠳᠡᠭ ᠢᠳᠡᠭ ᠢᠶᠠᠷ ᠬᠡᠪᠴᠢᠶᠠᠵᠢᠭᠰᠡᠨ᠂ ᠪᠠᠷᠢᠮᠵᠢᠶᠠᠭᠰᠡᠨ᠂ ᠲᠥᠷᠢᠮᠵᠢᠭᠰᠡᠨ ᠵᠠᠮ ᠳᠤ | ᠤᠷᠤᠭᠤᠯᠵᠤ᠂ ᠲᠥᠬᠦᠬᠡᠢ ᠴᠢᠯᠠᠭᠤᠨ ᠲᠤᠰᠤᠨ ᠤ ᠭᠠᠷᠤᠯᠳᠠ ᠶᠢ ᠲᠤᠭᠳᠠᠪᠤᠷᠢᠵᠢᠭᠤᠯᠤᠨ᠎ᠠ᠃ | ᠥᠩᠭᠡᠳᠤ ᠲᠡᠮᠦᠷᠯᠢᠭ ᠢ ᠰᠤᠩᠭᠤᠨ ᠪᠤᠯᠪᠠᠰᠤᠷᠠᠭᠤᠯᠬᠤ ᠲᠠᠯ᠎ᠠ ᠪᠠᠷ ᠰᠢᠨ᠎ᠠ ᠰᠢᠪᠳᠤᠯᠤᠯᠳᠠ ᠲᠠᠢ ᠪᠤᠯᠭᠠᠨ᠎ᠠ᠃ | ᠥᠩᠭᠡᠳᠤ ᠲᠡᠮᠦᠷᠯᠢᠭ ᠤᠨ ᠠᠭᠤᠷᠬᠠᠢ ᠶᠢᠨ ᠡᠷᠭᠡ ᠶᠢ ᠴᠡᠭᠴᠡᠯᠡᠨ ᠨᠡᠶᠢᠯᠡᠬᠦᠯᠬᠦ ᠶᠢ ᠪᠥᠳᠤᠮᠵᠢᠳᠠᠢ ᠠᠬᠢᠭᠤᠯᠵᠤ᠂ | ᠲᠡᠮᠤᠷ᠂ ᠨᠢᠺᠧᠯ᠂ ᠰᠢᠵᠢᠷ ᠠᠯᠳᠠ ᠵᠡᠷᠭᠡ ᠡᠬᠢ ᠪᠠᠶᠠᠯᠢᠭ ᠢ ᠴᠡᠭᠴᠡᠯᠡᠨ ᠨᠡᠶᠢᠯᠡᠬᠦᠯᠬᠦ ᠬᠥᠴᠤᠯᠡᠴᠠ ᠪᠠᠨ | ᠴᠢᠩᠭᠠᠤᠡᠬᠠᠨ᠂ ᠭᠤᠤᠯᠳᠠᠯᠭ᠎ᠠ ᠲᠠᠢ ᠰᠤᠩᠭᠤᠨ ᠪᠤᠯᠪᠠᠰᠤᠷᠠᠭᠤᠯᠬᠤ ᠠᠵᠤ ᠠᠬᠤᠶᠢᠯᠡᠯ ᠤᠨ ᠡᠵᠡᠩᠨᠡᠯᠳᠠ | ᠬᠠᠮᠢᠶᠠᠷᠤᠯᠳᠠ ᠶᠢ ᠤᠯᠠᠮ ᠨᠢᠭᠡ ᠠᠯᠬᠤᠮ ᠲᠥᠷᠢᠮᠵᠢᠬᠦᠯᠤᠨ᠂ ᠨᠢᠺᠧᠯ ᠰᠤᠩᠭᠤᠨ ᠪᠤᠯᠪᠠᠰᠤᠷᠠᠭᠤᠯᠬᠤ ᠬᠢᠷᠢ | ᠲᠥᠪᠰᠢᠨ ᠢ ᠲᠡᠭᠡᠭᠰᠢᠯᠡᠬᠦᠯᠵᠤ᠂ ᠪᠥᠬᠦ ᠵᠢᠯ ᠳᠤ 1 ᠲᠥᠮᠡᠨ ᠲᠤᠨ ᠵᠡᠰ ᠨᠢᠺᠧᠯ ᠤᠨ ᠨᠤᠡᠳᠠᠭ ᠥᠢᠯᠡᠤᠡᠪᠤᠷᠢᠯᠠᠨᠠ᠃ | ᠡᠳᠣᠷ ᠲᠤ 2000 ᠲᠤᠨ ᠲᠠᠮᠤᠷ ᠤᠨ ᠬᠥᠳᠡᠷ ᠰᠤᠩᠭᠤᠨ ᠪᠤᠯᠪᠠᠰᠤᠷᠠᠭᠤᠯᠬᠤ ᠥᠢᠯᠡᠤᠡᠪᠤᠷᠢ᠂ ᠡᠳᠤᠷ ᠲᠤ 1000 | ᠲᠤᠨ ᠵᠡᠰ ᠮᠤᠯᠢᠪᠳᠧᠨ ᠤ ᠠᠭᠤᠷᠬᠠᠢ ᠶᠢᠨ ᠬᠦᠳᠡᠷ ᠰᠤᠩᠭᠤᠨ ᠪᠤᠯᠪᠠᠰᠤᠷᠠᠭᠤᠯᠬᠤ ᠥᠢᠯᠡᠤᠡᠪᠤᠷᠢ᠂ ᠡᠳᠤᠷ ᠲᠤ | 7500 ᠲᠤᠨ ᠰᠢᠵᠢᠷ ᠠᠯᠳᠠᠨ ᠤ ᠠᠭᠤᠷᠬᠠᠢ ᠶᠢᠨ ᠬᠥᠳᠡᠷ ᠰᠤᠩᠭᠤᠨ ᠪᠤᠯᠪᠠᠰᠤᠷᠠᠭᠤᠯᠬᠤ ᠥᠢᠯᠡᠤᠡᠪᠤᠷᠢ ᠶᠢ ᠰᠢᠨ᠎ᠠ | ᠪᠠᠷ ᠪᠠᠶᠢᠭᠤᠯᠵᠤ᠂ ᠲᠤᠰ ᠵᠢᠯ ᠳᠡᠭᠡᠨ ᠥᠢᠯᠡᠤᠡᠪᠤᠷᠢᠯᠡᠯ ᠢᠶᠠᠨ ᠡᠬᠢᠯᠡᠬᠦᠯᠬᠦ ᠶᠢ ᠪᠠᠶᠠᠯᠠᠬᠦᠯᠤᠨ᠎ᠠ᠃ ᠲᠠᠮᠤᠷ ᠤᠨ ᠢᠰᠣᠯ | ᠂ ᠮᠣᠯᠢᠪᠳᠧᠨ ᠤ ᠢᠰᠣᠯ ᠪᠤᠯᠤᠨ ᠴᠠᠬᠢᠯᠭᠠᠨ ᠵᠠᠳᠠᠯᠤᠷᠳᠤ ᠨᠢᠺᠧᠯ ᠵᠡᠷᠭᠡ ᠲᠥᠷᠤᠯ ᠵᠥᠢᠯ ᠢ ᠲᠥᠷᠭᠡᠤᠡᠭᠡᠨ | ᠠᠬᠢᠭᠤᠯᠵᠤ᠂ ᠠᠵᠤ ᠥᠢᠯᠡᠰ ᠤᠨ ᠬᠡᠯᠬᠢᠶᠡᠵᠢᠯ ᠢ ᠤᠯᠠᠮ ᠨᠢᠭᠡ ᠠᠯᠬᠤᠮ ᠤᠷᠳᠤᠤᠡᠬᠠᠨ᠂ ᠲᠡᠮᠦᠷᠯᠢᠭ ᠤᠨ | ᠠᠭᠤᠷᠬᠠᠢ ᠶᠢᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠬᠤᠪᠢᠷᠠᠭᠤᠯᠵᠤ ᠥᠷᠳᠡᠭ ᠨᠡᠮᠡᠭᠳᠠᠬᠦᠯᠬᠦ ᠲᠠᠯ᠎ᠠ ᠪᠠᠷ | ᠰᠢᠨ᠎ᠠ ᠰᠢᠪᠳᠤᠯᠤᠯᠳᠠ ᠲᠠᠢ ᠪᠤᠯᠭᠠᠬᠤ ᠪᠠᠷ ᠴᠢᠷᠮᠠᠶᠢᠨ᠎ᠠ᠃ | ᠪᠠᠷᠢᠯᠭ᠎ᠠ ᠶᠢᠨ ᠮᠠᠲ᠋ᠧᠷᠢᠶᠠᠯ ᠬᠢᠮᠢ ᠶᠢᠨ ᠠᠵᠤ ᠥᠢᠯᠡᠤᠡᠪᠤᠷᠢ ᠶᠢᠨ ᠲᠠᠯ᠎ᠠ ᠪᠠᠷ ᠰᠢᠨ᠎ᠠ ᠰᠢᠪᠳᠤᠯᠤᠯᠳᠠ ᠲᠠᠢ | ᠪᠤᠯᠭᠠᠨ᠎ᠠ᠃ ᠮᠠᠩᠰᠢᠶᠤᠤ᠂ ᠴᠠᠬᠢᠭᠤᠷ ᠴᠢᠯᠠᠭᠤ᠂ ᠴᠣᠬᠤᠢ ᠶᠢᠨ ᠴᠢᠯᠠᠭᠤ ᠵᠡᠷᠭᠡ ᠡᠬᠢ ᠪᠠᠶᠠᠯᠢᠭ ᠤᠨ ᠲᠠᠪᠠᠭᠤᠯᠢᠭ | ᠳᠠᠭᠠᠨ ᠰᠠᠭᠤᠷᠢᠯᠠᠨ᠂ ᠠᠵᠤ ᠥᠢᠯᠡᠰ ᠤᠨ ᠬᠡᠯᠬᠢᠶᠡᠵᠢᠯ ᠢ ᠲᠠᠰᠤᠷᠠᠯᠳᠠ ᠦᠬᠡᠢ ᠤᠷᠳᠤᠳᠬᠠᠵᠤ᠂ ᠱᠦᠢᠨᠢ᠂ | ᠤᠰᠤᠳᠦ᠋ᠷᠦᠭᠴᠢᠳᠣ ᠹᠠᠯᠤᠷ ᠬᠦᠴᠢᠯ ᠵᠡᠷᠬᠡ ᠪᠠᠷ ᠭᠤᠤᠯ ᠦᠢᠯᠡᠳᠬᠦᠨ ᠪᠤᠯᠭᠠᠭᠰᠠᠨ ᠬᠢᠮᠢ ᠶᠢᠨ ᠠᠵᠤ ᠦᠢᠯᠡᠳᠪᠦᠷᠢ᠂ | ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠰ ᠢ ᠲᠤᠪᠤᠶᠢᠯᠭᠠᠨ ᠬᠦᠭᠵᠢᠬᠦᠯᠵᠤ᠂ ᠲᠠᠢ ᠭᠤᠤ ᠱᠦᠢᠨᠢ ᠶᠢᠨ ᠲᠦᠷᠦᠯ | ᠵᠦᠢᠯ ᠤᠨ ᠦᠢᠯᠡᠳᠪᠦᠷᠢᠯᠡᠯ ᠢ ᠪᠠᠳᠤᠯᠠᠵᠤ᠂ ᠡᠳᠦᠷ ᠲᠤ 1000 ᠲᠤᠨ ᠴᠠᠬᠢᠭᠤᠷ ᠴᠢᠯᠠᠭᠤᠨ ᠠᠭᠤᠷᠬᠠᠢ ᠶᠢᠨ | ᠬᠦᠳᠡᠷ ᠰᠤᠩᠭᠤᠨ ᠪᠤᠯᠪᠠᠰᠤᠷᠠᠭᠤᠯᠬᠤ ᠦᠢᠯᠡᠳᠪᠦᠷᠢ᠂ ᠬᠤᠶᠠᠷ ᠮᠧᠲ᠋ᠧᠯᠳᠤ ᠬᠤᠶᠠᠷ ᠬᠦᠭᠦᠷ ᠢ ᠨᠠᠷᠢᠯᠢᠭ | ᠪᠤᠯᠪᠠᠰᠤᠷᠠᠭᠤᠯᠬᠤ ᠲᠦᠷᠦᠯ ᠵᠦᠢᠯ ᠢ ᠲᠦᠷᠬᠡᠳᠬᠡᠨ ᠠᠬᠢᠭᠤᠯᠵᠤ᠂ ᠡᠷᠳᠡᠬᠡᠨ ᠠᠵᠢᠯ ᠢᠶᠠᠨ ᠡᠬᠢᠯᠡᠬᠦᠯᠵᠤ ᠪᠦᠳᠦᠬᠡᠨ | ᠪᠠᠶᠢᠭᠤᠯᠤᠨ᠎ᠠ᠃ ᠹᠡᠯᠣᠷ ᠤᠨ ᠬᠢᠮᠢ ᠶᠢᠨ ᠠᠵᠣ ᠥᠢᠯᠡᠳᠪᠦᠷᠢ᠂ ᠰᠢᠯᠣᠨ ᠨᠡᠶᠢᠯᠯᠢᠭ ᠰᠢᠷᠬᠡᠭ ᠵᠡᠷᠬᠡ ᠲᠦᠷᠦᠯ ᠵᠦᠢᠯ | ᠤᠨ ᠪᠡᠯᠡᠳᠬᠡᠯ ᠠᠵᠢᠯ ᠢ ᠰᠠᠶᠢᠳᠤᠷ ᠬᠢᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠤᠳᠠᠳᠤ ᠠᠬᠢᠯᠳᠠ | ᠲᠠᠢ ᠪᠤᠯᠭᠠᠨ᠎ᠠ᠃ | ᠤᠷᠴᠢᠯ ᠠᠵᠤ ᠠᠬᠤᠢ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ ᠲᠠᠯ᠎ᠠ ᠪᠠᠷ ᠰᠢᠨ᠎ᠠ | ᠰᠢᠪᠳᠤᠯᠤᠯᠳᠠ ᠲᠠᠢ ᠪᠤᠯᠭᠠᠨ᠎ᠠ᠃ 2009 ᠤᠨ ᠳᠤ ᠤᠳᠤᠬᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ | ᠲᠦᠪᠯᠡᠷᠡᠯ ᠤᠨ ᠬᠡᠮᠵᠢᠶ᠎ᠠ ᠲᠤᠤᠷ᠎ᠠ᠂ ᠠᠵᠤ ᠦᠢᠯᠡᠰ ᠤᠨ ᠪᠠᠶᠢᠷᠢᠰᠢᠯ ᠲᠠᠷᠬᠠᠢ ᠪᠤᠳᠠᠷᠬᠠᠢ᠂ ᠡᠬᠢ ᠪᠠᠶᠠᠯᠢᠭ ᠢ | ᠶᠡᠷᠦᠩᠬᠡᠶᠢᠯᠡᠨ ᠨᠡᠬᠡᠬᠡᠨ ᠠᠰᠢᠭᠯᠠᠬᠤ ᠬᠢᠷᠢ ᠲᠦᠪᠰᠢᠨ ᠲᠤᠤᠷ᠎ᠠ ᠵᠡᠷᠬᠡ ᠠᠰᠠᠭᠤᠳᠠᠯ ᠢ ᠪᠦᠳᠦᠮᠵᠢᠳᠠᠢ ᠰᠢᠢᠳᠪᠦᠷᠢᠯᠡᠬᠦ | ᠶᠢᠨ ᠲᠦᠯᠦᠬᠡ ᠮᠠᠨ ᠤ ᠬᠤᠰᠢᠭᠤ ᠨᠢ ᠮᠠᠩᠯᠠᠢ ᠤᠷᠴᠢᠯ ᠠᠵᠤ ᠦᠢᠯᠡᠰ ᠤᠨ ᠲᠤᠭᠤᠷᠢᠭ ᠢ ᠲᠦᠯᠦᠪᠵᠢᠬᠦᠯᠦᠨ | ᠪᠠᠶᠢᠭᠤᠯᠪᠠ᠃ ᠡᠨᠡ ᠵᠢᠯ ᠠᠵᠤ ᠦᠢᠯᠡᠰ ᠤᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠪᠠᠨ ᠤᠯᠠᠮ ᠨᠢᠬᠡ | ᠠᠯᠬᠤᠮ ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠦᠷᠬᠡᠨ ᠬᠦᠭᠵᠢᠯᠳᠡ ᠶᠢᠨ ᠲᠡᠪᠴᠡᠩ ᠢ | ᠪᠠᠶᠢᠭᠤᠯᠤᠨ᠎ᠠ᠃ ᠠᠵᠤ ᠦᠢᠯᠡᠰ ᠤᠨ ᠲᠤᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠳᠠ ᠪᠤᠯᠤᠨ ᠦᠢᠯᠡᠴᠢᠯᠡᠬᠦ | ᠴᠢᠳᠠᠪᠬᠢ ᠶᠢ ᠪᠦᠷᠢᠨᠰᠢᠬᠦᠯᠦᠨ ᠲᠡᠬᠦᠯᠳᠡᠷᠵᠢᠬᠦᠯᠵᠤ᠂ ᠤᠷᠴᠢᠯ ᠠᠵᠤ ᠦᠢᠯᠡᠰ ᠤᠨ ᠲᠤᠭᠤᠷᠢᠭ ᠤᠨ ᠬᠢᠵᠠᠭᠠᠷᠯᠠᠬᠤ | ᠴᠢᠨᠠᠷᠳᠠᠢ ᠨᠠᠷᠢᠯᠢᠭ ᠲᠦᠯᠦᠪᠵᠢᠬᠦᠯᠬᠡ ᠶᠢ ᠲᠠᠷᠣᠢ ᠲᠦᠷᠭᠡᠨ ᠬᠢᠵᠤ᠂ ᠠᠷᠠᠯᠵᠢᠶᠠᠴᠢᠨ ᠤᠷᠢᠬᠤ᠂ ᠪᠡᠯᠡ | ᠬᠤᠷᠠᠮᠳᠣᠭᠤᠯᠬᠤ᠂ ᠭᠠᠵᠠᠷ ᠰᠢᠷᠤᠢ ᠵᠡᠷᠬᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠳᠠᠭᠠᠵᠤ᠂ | ᠠᠵᠤ ᠦᠢᠯᠡᠰ ᠤᠨ ᠲᠤᠭᠤᠷᠢᠭ ᠤᠨ ᠬᠦᠭᠵᠢᠯᠳᠡ ᠶᠢᠨ ᠲᠦᠷᠦ ᠶᠢᠨ ᠪᠤᠳᠤᠯᠭ᠎ᠠ ᠶᠢᠨ ᠪᠠᠳᠤᠯᠠᠭ᠎ᠠ ᠶᠢ ᠤᠯᠠᠮ ᠨᠢᠬᠡ | ᠠᠯᠬᠤᠮ ᠴᠢᠩᠭᠠᠳᠬᠠᠨ᠎ᠠ᠃ ᠰᠠᠭᠤᠷᠢ ᠲᠦᠭᠦᠭᠡᠷᠣᠮᠵᠢ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠡᠳ᠋ | ᠤᠨ ᠵᠠᠰᠠᠭ ᠠᠴᠠ ᠪᠡᠯᠡ ᠤᠷᠤᠭᠤᠯᠬᠤ᠂ ᠪᠠᠩᠬᠢ ᠠᠴᠠ ᠵᠢᠬᠡᠯᠡᠯᠬᠡ ᠠᠪᠬᠤ᠂ ᠨᠡᠶᠢᠬᠡᠮ ᠲᠡᠬᠡᠷ᠎ᠠ ᠠᠴᠠ ᠪᠡᠯᠡ | ᠬᠤᠷᠠᠮᠳᠤᠭᠤᠯᠬᠤ᠂ ᠠᠵᠤ ᠠᠬᠤᠶᠢᠯᠠᠯ ᠠᠴᠠ ᠪᠡᠯᠡ ᠤᠷᠤᠭᠤᠯᠬᠤ ᠵᠡᠷᠬᠡ ᠬᠡᠯᠪᠡᠷᠢ ᠪᠠᠷ ᠲᠠᠮᠵᠢᠭᠤᠯᠤᠨ᠂ ᠤᠷᠴᠢᠯ | ᠠᠵᠤ ᠦᠢᠯᠡᠰ ᠤᠨ ᠲᠤᠭᠤᠷᠢᠭ ᠢ ᠪᠦᠳᠦᠬᠡᠨ ᠪᠠᠶᠢᠭᠤᠯᠬᠤ ᠳᠤ ᠪᠡᠯᠡ ᠮᠦᠩᠬᠦᠨ ᠤ ᠪᠠᠳᠤᠯᠠᠭ᠎ᠠ ᠬᠠᠩᠭᠠᠵᠤ᠂ ᠤᠰᠤ᠂ | ᠴᠠᠬᠢᠯᠭᠠᠨ᠂ ᠵᠠᠮ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠦᠨ᠎ᠠ᠃ ᠡᠬᠦᠨ ᠤ | ᠬᠠᠮᠳᠤ ᠪᠦᠬᠦ ᠬᠤᠰᠢᠭᠤᠨ ᠤ ᠡᠯ᠎ᠠ ᠵᠦᠢᠯ ᠤᠨ ᠲᠦᠷᠦᠯ ᠵᠦᠢᠯ ᠢ ᠨᠠᠷᠢᠨ ᠬᠢᠨᠠᠮᠠᠭᠠᠢ ᠡᠮᠬᠢᠳᠬᠡᠵᠤ᠂ ᠵᠢᠯ ᠤᠨ | ᠲᠤᠳᠤᠷ᠎ᠠ ᠠᠳᠠᠭ ᠲᠠᠭᠠᠨ 2 ᠠᠴᠠ ᠲᠡᠬᠡᠭᠰᠢᠬᠢ ᠲᠦᠷᠦᠯ ᠵᠦᠢᠯ ᠤᠨ ᠤᠷᠴᠢᠯ ᠠᠵᠤ ᠦᠢᠯᠡᠰ ᠤᠨ ᠲᠤᠭᠤᠷᠢᠭ ᠲᠤ | ᠤᠷᠤᠬᠤ ᠶᠢ ᠪᠠᠳᠤᠯᠠᠵᠤ᠂ ᠠᠵᠤ ᠦᠢᠯᠡᠰ ᠤᠨ ᠲᠦᠪᠯᠡᠷᠡᠯ ᠢ ᠴᠢᠷᠮᠠᠶᠢᠨ ᠠᠬᠢᠭᠤᠯᠤᠨ᠎ᠠ᠃ | ︵ᠭᠤᠷᠪᠠ︶ ︽ᠰᠢᠯᠵᠢᠬᠦᠯᠤᠯᠳᠠ ᠬᠤᠪᠢᠷᠠᠭᠤᠯᠤᠯᠳᠠ᠂ ᠬᠤᠤᠰ | ᠠᠮᠵᠢᠯᠳᠠ︾ ᠪᠠᠷ ᠬᠠᠷᠠᠯᠳᠠ ᠪᠤᠯᠭᠠᠵᠤ᠂ ᠰᠢᠨ᠎ᠠ ᠮᠠᠯᠵᠢᠬᠤ | ᠤᠷᠤᠨ ᠢ ᠪᠥᠳᠤᠭᠡᠨ ᠪᠠᠶᠢᠭᠤᠯᠬᠤ ᠠᠯᠬᠤᠴᠠ ᠪᠠᠨ ᠲᠦᠷᠬᠡᠳᠬᠡᠨ᠎ᠠ | ᠪᠦᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠥᠨᠳᠣᠰᠣᠯᠡᠵᠣ᠂ ᠮᠠᠨ ᠤ ᠬᠤᠰᠢᠭᠤᠨ ᠤ ᠲᠣᠭᠳᠠᠭᠠᠭᠰᠠᠨ ︽ᠮᠠᠯᠵᠢᠬᠤ ᠣᠷᠣᠨ ᠤ ᠠᠵᠢᠯ ᠤᠨ 7 ᠵᠢᠯᠣᠭᠤᠳᠬᠤ | ᠰᠠᠨᠠᠯ︾ ᠢ ᠲᠡᠭᠦᠯᠳᠡᠷᠵᠢᠭᠦᠯᠬᠦ ᠶᠢᠨ ᠬᠠᠮᠳᠣ ᠪᠦᠬᠦ ᠠᠶᠢᠮᠠᠭ ᠤᠨ ︽2010 ᠣᠨ ᠤ ︿ᠰᠢᠯᠵᠢᠭᠦᠯᠣᠯᠳᠠ | ᠬᠤᠪᠢᠷᠠᠭᠤᠯᠣᠯᠳᠠ᠂ ᠬᠤᠣᠰ ᠠᠮᠵᠢᠯᠳᠠ﹀ ᠶᠢ ᠲᠦᠯᠬᠢᠨ ᠠᠬᠢᠭᠤᠯᠬᠤ ᠰᠠᠨᠠᠯ︾ ᠢ ᠥᠨᠳᠣᠰᠣᠯᠠᠨ᠂ ᠠᠷᠭ᠎ᠠ | ᠬᠡᠮᠵᠢᠶ᠎ᠠ ᠪᠠᠨ ᠨᠠᠷᠢᠯᠢᠭᠵᠢᠭᠤᠯᠵᠣ᠂ ᠡᠭᠦᠷᠭᠡ ᠬᠠᠷᠠᠯᠳᠠ ᠪᠠᠨ ᠲᠣᠳᠣᠷᠬᠠᠶᠢᠯᠠᠨ᠂ ︽ᠬᠦᠮᠦᠨ ᠠᠮᠠ ᠶᠢ ᠰᠢᠯᠵᠢᠭᠦᠯᠬᠦ᠂ | ᠮᠠᠯ ᠢ ᠴᠦᠭᠡᠳᠭᠡᠭᠦ᠂ ᠠᠮᠢ ᠠᠬᠤᠢ ᠶᠢ ᠰᠠᠶᠢᠵᠢᠷᠠᠭᠤᠯᠬᠤ᠂ ᠣᠷᠣᠯᠭ᠎ᠠ ᠶᠢ ᠨᠡᠮᠡᠭᠳᠡᠭᠦᠯᠬᠦ︾ ᠶᠢ ᠲᠣᠪᠣᠶᠢᠯᠭᠠᠨ | ᠠᠳᠬᠤᠵᠣ᠂ ᠰᠢᠨ᠎ᠠ ᠮᠠᠯᠵᠢᠬᠤ ᠣᠷᠣᠨ ᠤ 3 ᠲᠣᠷᠰᠢᠯᠳᠠ ᠶᠢᠨ ᠴᠢᠭ ᠤᠨ ᠭᠠᠴᠠᠭᠠᠨ ᠤ ᠪᠦᠳᠣᠭᠡᠨ | ᠪᠠᠶᠢᠭᠤᠯᠣᠯᠳᠠ ᠶᠢ ᠭᠤᠣᠯᠳᠠᠯᠭ᠎ᠠ ᠲᠠᠢ ᠴᠢᠩᠭᠠᠳᠬᠠᠨ᠂ ᠮᠠᠯᠵᠢᠬᠤ ᠣᠷᠣᠨ ᠤ ᠠᠵᠣ ᠠᠬᠤᠢ ᠶᠢᠨ ᠪᠦᠳᠦᠭᠡᠨ | ᠪᠠᠶᠢᠭᠤᠯᠣᠯᠳᠠ ᠶᠢ ᠥᠷᠭᠦᠯᠵᠢᠯᠡᠨ ᠲᠦᠷᠭᠡᠳᠭᠡᠨ ᠠᠬᠢᠭᠤᠯᠵᠣ᠂ ᠮᠠᠯᠵᠢᠬᠤ ᠣᠷᠣᠨ ᠤ ᠨᠡᠶᠢᠭᠡᠮ ᠤᠨ ᠥᠢᠯᠡᠰ ᠢ | ᠶᠡᠭᠡᠪᠡᠷ ᠬᠦᠭᠵᠢᠭᠦᠯᠵᠣ᠂ ᠮᠠᠯᠵᠢᠬᠤ ᠣᠷᠣᠨ ᠤ ᠡᠯ᠎ᠠ ᠲᠠᠯ᠎ᠠ ᠶᠢᠨ ᠠᠵᠢᠯ ᠰᠢᠨ᠎ᠠ ᠱᠠᠳᠣᠨ ᠳᠤ ᠲᠠᠪᠰᠢᠬᠤ ᠶᠢ | ᠠᠬᠢᠭᠤᠯᠣᠨ᠎ᠠ᠃ | ᠲᠠᠯ᠎ᠠ ᠨᠤᠳᠤᠭ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠠ ᠪᠥᠳᠤᠭᠡᠨ | ᠪᠠᠶᠢᠭᠤᠯᠣᠯᠳᠠ ᠪᠠᠨ ᠴᠢᠩᠭᠠᠤᠡᠬᠠᠨ᠎ᠠ᠃ ᠮᠠᠯ ᠪᠠᠯᠴᠢᠭᠡᠷ ᠤᠨ ᠲᠡᠩᠴᠡᠬᠦᠷᠢᠰᠢᠯ ᠤᠨ ᠲᠥᠷᠢᠮ ᠢ ᠴᠢᠩᠭ᠎ᠠ | ᠬᠡᠷᠡᠭᠵᠢᠬᠦᠯᠵᠤ᠂ ᠮᠠᠯ ᠤᠨ ᠲᠤᠭ᠎ᠠ ᠲᠤᠯᠤᠭᠠᠢ ᠶᠢ ᠤᠯᠠᠮ ᠨᠢᠭᠡ ᠠᠯᠬᠤᠮ ᠴᠥᠭᠡᠤᠡᠭᠡᠨ᠂ ᠮᠠᠯᠵᠢᠯ ᠤᠨ ᠤᠨ ᠤ ᠮᠠᠯ | ᠤᠨ ᠲᠤᠭ᠎ᠠ ᠶᠢ 110 ᠲᠥᠮᠡᠨ ᠲᠤᠯᠤᠭᠠᠢ ᠳᠤ ᠲᠣᠭᠳᠠᠪᠣᠷᠢᠵᠢᠭᠤᠯᠣᠨᠠ᠃ ᠡᠯ᠎ᠡ ᠭᠠᠴᠠᠭᠠᠨ ᠤ ᠠᠮᠢ ᠠᠬᠤᠢ ᠶᠢᠨ | ᠪᠠᠭᠳᠠᠭᠠᠮᠵᠢ ᠶᠢ ᠰᠢᠡᠵᠢᠯᠡᠬᠦ ᠤᠬᠠᠭᠠᠡᠴᠢ ᠪᠠᠷ ᠲᠤᠭᠳᠠᠭᠠᠵᠤ᠂ ᠪᠦᠬᠦ ᠠᠶᠢᠮᠠᠭ ᠤᠨ ᠨᠢᠭᠡᠳᠣᠯᠳᠠᠢ ᠱᠠᠭᠠᠷᠳᠠᠯᠭ᠎ᠠ | ᠶᠣᠰᠣᠭᠠᠷ᠂ ᠡᠭᠦᠯᠳᠡᠷ ᠰᠠᠶᠢᠵᠢᠷᠠᠭᠤᠯᠣᠭᠰᠠᠨ ᠮᠠᠯ᠂ ᠲᠡᠮᠡᠭᠡ᠂ ᠠᠳᠣᠭᠤ ᠵᠡᠷᠭᠡ ᠶᠢ ᠪᠡᠯᠴᠢᠭᠡᠷ ᠤᠨ ᠲᠠᠭᠠᠭᠠᠴᠠ ᠪᠠᠷ | ᠨᠣᠭᠤᠯᠣᠨ ᠪᠣᠳᠣᠬᠤ ᠬᠠᠷᠠᠭᠠᠯᠵᠠᠯᠠᠯ ᠤᠨ ᠲᠦᠷᠣ ᠶᠢᠨ ᠪᠣᠳᠣᠯᠭ᠎ᠠ ᠶᠢ ᠥᠭᠡᠶᠢᠰᠭᠡᠵᠣ᠂ ᠪᠡᠯᠴᠢᠭᠡᠷ ᠤᠨ ᠲᠠᠭᠠᠭᠠᠴᠠ ᠶᠢ | ᠪᠣᠳᠣᠬᠤ ᠪᠠᠷᠢᠮᠵᠢᠶ᠎ᠠ ᠶᠢ ᠣᠯᠠᠮ ᠨᠢᠭᠡ ᠠᠯᠬᠤᠮ ᠲᠦᠷᠢᠮᠵᠢᠭᠦᠯᠣᠨ᠂ ᠲᠤᠭ᠎ᠠ ᠲᠤᠯᠤᠭᠠᠢ ᠶᠢ ᠬᠢᠵᠡᠭᠠᠷᠯᠠᠨ ᠮᠠᠯᠵᠢᠬᠤ | ᠶᠢ ᠶᠡᠭᠡᠪᠡᠷ ᠲᠡᠯᠭᠡᠷᠡᠬᠦᠯᠵᠤ᠂ ᠮᠠᠯᠵᠢᠯ ᠤᠨ ᠪᠤᠰᠤ ᠡᠷᠤᠭᠡ ᠶᠢ ᠡᠷᠡᠰ ᠴᠡᠪᠡᠷᠯᠡᠵᠣ᠂ ᠮᠠᠯᠵᠢᠯ ᠤᠨ ᠲᠣᠮᠣ ᠡᠷᠣᠭᠡ ᠶᠢᠨ | ᠨᠤᠳᠤᠭ ᠪᠠᠯᠴᠢᠭᠡᠷ ᠤᠨ ᠲᠠᠭᠠᠭᠠᠴᠠ ᠠᠴᠠ ᠬᠡᠳᠦᠷᠡᠭᠦᠯᠣᠨ ᠮᠠᠯᠵᠢᠬᠤ ᠠᠰᠠᠭᠤᠳᠠᠯ ᠢ ᠭᠤᠤᠯᠳᠠᠯᠭ᠎ᠠ ᠲᠠᠢ | ᠰᠢᠢᠤᠡᠪᠤᠷᠢᠯᠡᠨᠠ᠃ ︽ᠡᠮᠤᠨ᠎ᠠ ᠬᠡᠰᠡᠭ ᠲᠤ ᠡᠯᠡᠰᠤᠨ ᠤ ᠡᠬᠢ ᠶᠢ ᠵᠠᠰᠠᠵᠤ᠂ ᠬᠤᠶᠢᠳᠤ ᠬᠡᠰᠡᠭ ᠲᠤ ᠪᠢᠳᠡᠬᠦᠮᠵᠢᠯᠡᠨ | ᠰᠢᠯᠵᠢᠬᠦᠯᠬᠦ᠂ ᠲᠤᠮᠳᠠ ᠬᠡᠰᠡᠭ ᠲᠤ ᠲᠤᠭᠤᠷᠢᠭ ᠬᠤᠪᠢᠶᠠᠨ ᠰᠡᠯᠬᠦᠨ ᠮᠠᠯᠵᠢᠬᠤ︾ ᠠᠮᠢ ᠠᠬᠤᠢ ᠶᠢᠨ ᠤᠷᠤᠨ | ᠪᠠᠶᠢᠷᠢᠰᠢᠯ ᠤᠨ ᠬᠤᠪᠢᠶᠠᠷᠢᠯᠠᠯᠳᠠ ᠶᠤᠰᠤᠭᠠᠷ᠂ ︽ᠮᠠᠯᠵᠢᠬᠤ ᠲᠦᠷᠢᠮ ᠢ ᠲᠦᠷᠢᠮᠵᠢᠭᠦᠯᠣᠨ ᠪᠦᠳᠦᠭᠡᠨ ᠪᠠᠶᠢᠭᠤᠯᠬᠤ | ᠣᠨ︾ ᠤ ᠬᠦᠳᠡᠯᠭᠡᠭᠡᠨ ᠢ ᠥᠷᠨᠢᠭᠦᠯᠵᠣ᠂ ᠨᠤᠳᠤᠭ ᠪᠠᠯᠴᠢᠭᠡᠷ ᠤᠨ ︽ᠭᠤᠷᠪᠠᠨ ᠮᠠᠯᠵᠢᠯ︾ ᠤᠨ ᠲᠥᠷᠢᠮ ᠢ | ᠥᠷᠬᠦᠯᠵᠢᠯᠡᠨ ᠯᠠᠪᠳᠠᠭᠤᠨ ᠪᠠᠳᠤᠳᠠᠢ ᠬᠡᠷᠡᠭᠵᠢᠭᠦᠯᠵᠣ᠂ ᠪᠥᠬᠦ ᠬᠤᠰᠢᠭᠤᠨ ᠤ ᠬᠡᠪᠴᠢᠶᠠᠨ ᠳᠤ ᠬᠠᠪᠤᠷ ᠤᠨ ᠤᠯᠠᠷᠢᠯ | ᠤᠨ ᠪᠠᠯᠴᠢᠭᠡᠷ ᠰᠡᠷᠬᠦᠭᠡᠬᠦ ᠠᠵᠢᠯ ᠢ ᠨᠡᠶᠢᠳᠠᠮ ᠶᠠᠪᠤᠭᠳᠠᠭᠤᠯᠤᠨ᠎ᠠ︔ ᠤᠯᠠᠷᠢᠯ ᠤᠨ ᠴᠢᠨᠠᠷᠳᠠᠢ ᠶᠡᠭᠡ ᠬᠡᠪᠴᠢᠶ᠎ᠠ ᠪᠠᠷ | ᠰᠡᠯᠬᠦᠨ ᠮᠠᠯᠵᠢᠬᠤ ᠶᠢ ᠢᠳᠡᠪᠬᠢᠳᠠᠢ ᠲᠥᠭᠡᠮᠡᠯᠵᠢᠬᠦᠯᠵᠤ᠂ ᠰᠡᠯᠬᠦᠨ ᠮᠠᠯᠵᠢᠬᠤ ᠲᠠᠯᠠᠪᠠᠢ ᠶᠢ 500 ᠲᠥᠮᠡᠨ ᠮᠤ᠋ | ᠰᠢᠨ᠎ᠠ ᠪᠠᠷ ᠨᠡᠮᠡᠭᠳᠠᠬᠦᠯᠤᠨᠠ︔ ︽ᠠᠮᠢ ᠠᠬᠤᠢ ᠶᠢ ᠰᠡᠷᠭᠦᠭᠡᠨ ᠪᠠᠯᠴᠢᠭᠡᠷᠯᠡᠬᠦᠯᠬᠦ ᠶᠢ ᠵᠤᠭᠰᠤᠭᠠᠬᠤ︾ ᠲᠤᠷᠰᠢᠯᠳᠠ | ᠶᠢᠨ ᠴᠢᠭ ᠤᠨ ᠥᠷ᠎ᠠ ᠪᠦᠳᠦᠮᠵᠢ ᠶᠢ ᠤᠯᠠᠮ ᠨᠢᠭᠡ ᠠᠯᠬᠤᠮ ᠥᠷᠭᠡᠤᠡᠭᠡᠵᠤ᠂ ᠪᠠᠯᠴᠢᠭᠡᠷᠯᠡᠬᠦᠯᠬᠦ ᠶᠢ ᠵᠤᠭᠰᠤᠭᠠᠬᠤ | ᠲᠠᠯᠠᠪᠠᠢ ᠶᠢ 127 ᠲᠥᠮᠡᠨ ᠮᠤ᠋ ᠰᠢᠨ᠎ᠠ ᠪᠠᠷ ᠨᠡᠮᠡᠭᠳᠡᠭᠦᠯᠣᠨ᠎ᠠ᠃ ᠮᠠᠯᠴᠢᠤᠨ ᠢ ᠵᠢᠯᠤᠭᠤᠳᠤᠨ᠂ ᠬᠠᠤᠯᠢ ᠶᠤᠰᠤᠭᠠᠷ | ᠨᠤᠳᠤᠭ ᠪᠡᠯᠴᠢᠬᠡᠷ ᠢ ᠰᠢᠯᠵᠢᠭᠦᠯᠣᠨ ᠲᠠᠮᠵᠢᠭᠤᠯᠵᠣ᠂ ᠡᠮᠬᠢ ᠲᠢᠭᠯᠢᠮ ᠲᠠᠢ ᠪᠠᠷ ᠨᠤᠳᠤᠭ ᠪᠠᠯᠴᠢᠭᠡᠷ ᠢ ᠨᠡᠶᠢᠯᠡᠬᠦᠯᠵᠤ᠂ | ᠭᠡᠷ ᠪᠥᠯᠢ ᠶᠢᠨ ᠮᠠᠯᠵᠢᠯ ᠤᠨ ᠲᠠᠯᠠᠪᠠᠢ᠂ ᠬᠠᠷᠢᠯᠴᠠᠨ ᠬᠠᠪᠰᠤᠷᠤᠯᠴᠠᠬᠤ ᠲᠤᠭᠤᠶᠢᠯᠠᠩ᠂ ᠡᠷᠤᠭᠡ ᠬᠤᠯᠪᠤᠭᠠᠯᠠᠨ | ᠡᠵᠡᠩᠨᠡᠬᠦ ᠵᠡᠷᠭᠡ ᠬᠡᠯᠪᠡᠷᠢ ᠪᠠᠷ ᠲᠠᠮᠵᠢᠭᠤᠯᠤᠨ᠂ ᠨᠤᠳᠤᠭ ᠪᠠᠯᠴᠢᠭᠡᠷ ᠢ ᠠᠰᠢᠭᠯᠠᠬᠤ ᠬᠡᠯᠪᠡᠷᠢ ᠪᠠ ᠥᠢᠯᠡᠤᠡᠪᠤᠷᠢᠯᠡᠯ | ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠥᠡᠳᠤᠰᠤᠨ ᠠᠴᠠ ᠨᠢ ᠬᠤᠪᠢᠷᠠᠭᠤᠯᠬᠤ ᠶᠢ ᠠᠬᠢᠭᠤᠯᠤᠨ᠂ ᠨᠥᠬᠦᠴᠠᠯ ᠲᠠᠢ | ᠭᠠᠵᠠᠷ ᠤᠷᠤᠨ ᠨᠢ ᠰᠢᠯᠵᠢᠭᠦᠯᠣᠨ ᠡᠵᠡᠩᠨᠡᠭᠰᠡᠨ ᠨᠤᠳᠤᠭ ᠪᠠᠯᠴᠢᠭᠡᠷ ᠢ ᠬᠠᠳᠤᠯᠠᠩ ᠤᠨ ᠲᠠᠯᠠᠪᠠᠢ ᠪᠤᠯᠭᠠᠵᠤ᠂ ᠮᠠᠯᠵᠢᠯ | ᠤᠨ ᠲᠤᠮᠤ ᠡᠷᠤᠭᠡ ᠶᠢᠨ ᠲᠥᠷᠢᠶᠡᠰᠤᠯᠡᠭᠰᠡᠨ ᠨᠤᠳᠤᠭ ᠪᠠᠯᠴᠢᠭᠡᠷ ᠢᠶᠠᠨ ᠲᠠᠯᠬᠢᠳᠠᠯ ᠤᠨ ᠴᠢᠨᠠᠷᠳᠠᠢ ᠠᠰᠢᠭᠯᠠᠬᠤ ᠶᠢ | ᠡᠷᠡᠰ ᠬᠤᠷᠢᠭᠯᠠᠨ᠎ᠠ᠃ ᠡᠯᠡᠰᠤᠨ ᠤ ᠡᠬᠢ ᠶᠢ ᠵᠠᠰᠠᠬᠤ᠂ ᠨᠡᠶᠢᠳᠠ ᠶᠢᠨ ᠠᠰᠠᠷᠠᠮᠵᠢ ᠶᠢᠨ ᠤᠢ ᠶᠢᠨ ᠨᠥᠬᠦᠪᠤᠷᠢ᠂ | ᠲᠠᠷᠢᠶᠠᠯᠠᠩ ᠤᠨ ᠨᠡᠭᠡᠭᠡᠨ ᠬᠦᠭᠵᠢᠭᠦᠯᠣᠯᠳᠠ ᠵᠡᠷᠭᠡ ᠠᠮᠢ ᠠᠬᠤᠢ ᠶᠢᠨ ᠪᠥᠳᠤᠭᠡᠨ ᠪᠠᠶᠢᠭᠤᠯᠤᠯᠳᠠ ᠶᠢᠨ ᠲᠥᠷᠤᠯ | ᠵᠥᠢᠯ ᠢ ᠨᠠᠷᠢᠨ ᠨᠢᠮᠪᠠᠢ ᠵᠤᠬᠢᠶᠠᠨ ᠪᠠᠶᠢᠭᠤᠯᠵᠣ ᠬᠡᠷᠡᠭᠵᠢᠭᠦᠯᠣᠨ᠂ ᠭᠤᠤᠯᠳᠠᠯᠭ᠎ᠠ ᠲᠠᠢ ᠡᠯᠡᠰᠤ ᠶᠢ ᠵᠠᠰᠠᠬᠤ ᠤᠷᠤᠨ ᠤ | ᠠᠮᠢ ᠠᠬᠤᠢ ᠶᠢᠨ ᠰᠡᠷᠬᠦᠯᠳᠠ ᠶᠢ ᠮᠡᠳᠡᠭᠳᠡᠮ᠎ᠡ ᠰᠠᠶᠢᠵᠢᠷᠠᠭᠤᠯᠵᠣ᠂ ᠵᠢᠯ ᠤᠨ ᠲᠣᠳᠣᠷ᠎ᠠ ᠨᠢᠰᠭᠡᠯ ᠢᠶᠠᠷ ᠤᠶᠢᠵᠢᠭᠤᠯᠬᠤ | ᠲᠠᠯᠠᠪᠠᠢ 7 ᠲᠥᠮᠡᠨ ᠮᠤ᠋᠂ ᠡᠯᠡᠰᠤ ᠶᠢ ᠪᠢᠳᠠᠬᠦᠮᠵᠢᠯᠠᠵᠤ ᠤᠶᠢᠵᠢᠭᠤᠯᠬᠤ ᠲᠠᠯᠠᠪᠠᠢ 8 ᠲᠥᠮᠡᠨ ᠮᠤ᠋᠂ ᠲᠣᠣᠷᠯᠠᠨ | ᠪᠢᠳᠠᠭᠦᠮᠵᠢᠯᠡᠬᠦ ᠲᠠᠯᠠᠪᠠᠢ 13 ᠲᠦᠮᠡᠨ ᠮᠣ᠋᠂ ᠰᠠᠪᠠ ᠭᠠᠵᠠᠷ ᠢ ᠶᠡᠷᠦᠩᠭᠡᠶᠢᠯᠡᠨ ᠵᠠᠰᠠᠬᠤ 3 ᠲᠦᠮᠡᠨ ᠮᠣ᠋ ᠶᠢ | ᠪᠠᠶᠠᠯᠠᠬᠦᠯᠤᠨ᠎ᠠ᠃ 740 ᠲᠦᠮᠡᠨ ᠲᠦᠬᠦᠷᠢᠭ ᠤᠨ ᠪᠡᠯᠠ ᠣᠷᠣᠭᠤᠯᠵᠣ᠂ ᠲᠣᠮᠳᠠ ᠪᠠᠭ᠎ᠠ ᠰᠠᠪᠠ ᠭᠠᠵᠠᠷ ᠢ | ᠶᠡᠷᠦᠩᠬᠡᠶᠢᠯᠡᠨ ᠵᠠᠰᠠᠬᠤ ᠢᠨᠵᠢᠨᠧᠷᠢᠭ ᠢ ᠡᠬᠢᠯᠡᠨ ᠬᠡᠷᠡᠭᠵᠢᠭᠦᠯᠵᠣ᠂ ᠮᠠᠨᠳᠠᠯᠳᠣ ᠪᠠᠯᠭᠠᠰᠣᠨ ᠤ ᠬᠠᠭᠤᠴᠢᠨ | ᠲᠣᠭᠤᠷᠢᠭ ᠤᠨ ᠬᠤᠳᠠ ᠪᠠᠯᠭᠠᠰᠣᠨ ᠤ ᠦᠶᠡᠷ ᠢ ᠰᠡᠷᠭᠡᠶᠢᠯᠡᠬᠦ ᠢᠨᠵᠢᠨᠧᠷᠢᠭ ᠤᠨ ᠪᠠᠶᠢᠭᠤᠯᠣᠯᠳᠠ ᠶᠢ ᠭᠤᠣᠯᠳᠠᠯᠭ᠎ᠠ | ᠲᠠᠢ ᠪᠡᠶᠡᠯᠡᠭᠦᠯᠣᠨ᠎ᠠ᠃ ᠠᠮᠢ ᠠᠬᠤᠢ ᠶᠢᠨ ᠪᠥᠳᠤᠭᠡᠨ ᠪᠠᠶᠢᠭᠤᠯᠣᠯᠳᠠ ᠶᠢᠨ ᠲᠥᠷᠤᠯ ᠵᠥᠢᠯ ᠢ ᠥᠢᠯᠡᠤᠡᠪᠤᠷᠢᠯᠡᠯ | ᠡᠵᠡᠩᠨᠡᠯᠳᠡ ᠶᠢᠨ ᠠᠷᠭ᠎ᠠ ᠬᠡᠯᠪᠡᠷᠢ ᠪᠠᠨ ᠢᠳᠡᠪᠬᠢᠳᠠᠢ ᠬᠤᠪᠢᠷᠠᠭᠤᠯᠤᠭᠰᠡᠨ ᠨᠡᠶᠢᠳᠡᠯᠢᠭ ᠵᠢᠱᠢᠶ᠎ᠠ ᠦᠵᠡᠭᠦᠯᠬᠦ ᠡᠷᠤᠭᠡ | ᠳᠤ ᠢᠯᠡᠭᠦᠣ ᠣᠯᠭᠤᠵᠣ᠂ ᠮᠠᠯᠴᠢᠤᠨ ᠤᠨ ᠥᠪᠡᠷᠳᠡᠭᠡᠨ ᠪᠥᠳᠤᠭᠡᠨ ᠪᠠᠶᠢᠭᠤᠯᠬᠤ ᠢᠳᠡᠪᠬᠢᠵᠢᠯ ᠢ ᠬᠦᠢᠴᠡᠳ | ᠲᠠᠶᠢᠴᠢᠯᠠᠬᠤ ᠶᠢᠨ ᠬᠠᠮᠳᠤ᠂ ᠨᠡᠶᠢᠭᠡᠮ ᠤᠨ ᠬᠦᠴᠣᠨ ᠠᠮᠢ ᠠᠬᠤᠢ ᠶᠢᠨ ᠪᠥᠳᠤᠭᠡᠨ ᠪᠠᠶᠢᠭᠤᠯᠣᠯᠳᠠ ᠳᠤ ᠣᠷᠣᠯᠴᠠᠬᠤ | ᠶᠢ ᠵᠤᠷᠢᠭᠵᠢᠭᠤᠯᠤᠨ᠂ ᠤᠯᠠᠨ ᠡᠰᠢᠳᠣ ᠪᠠᠯᠠ ᠤᠷᠤᠭᠤᠯᠬᠤ ᠵᠤᠬᠢᠴᠠᠮᠵᠢ ᠶᠢ ᠪᠤᠢ ᠪᠤᠯᠭᠠᠨ᠎ᠠ᠃ ᠲᠦᠷᠣᠯ ᠵᠣᠶᠢᠯ ᠤᠨ | ᠣᠷᠣᠨ ᠤ ᠬᠠᠮᠢᠶᠠᠷᠣᠯᠳᠠ ᠶᠢ ᠰᠠᠶᠢᠳᠣᠷ ᠠᠳᠬᠤᠵᠣ᠂ ︽ᠬᠡᠨ ᠪᠦᠳᠦᠭᠡᠨ ᠪᠠᠶᠢᠭᠤᠯᠪᠠᠯ᠂ ᠬᠡᠠ ᠬᠠᠮᠢᠶᠠᠷᠴᠣ᠂ ᠬᠡᠨ | ᠠᠰᠢᠭ ᠬᠦᠷᠳᠡᠭᠦ︾ ᠵᠠᠷᠴᠢᠮ ᠢ ᠪᠠᠷᠢᠮᠳᠠᠯᠠᠨ᠂ ᠲᠦᠷᠣᠯ ᠵᠣᠶᠢᠯ ᠤᠨ ᠪᠦᠳᠦᠭᠡᠨ ᠪᠠᠶᠢᠭᠤᠯᠣᠯᠳᠠ ᠶᠢᠨ ᠭᠠᠴᠠᠭ᠎ᠠ | ᠪᠤᠯᠤᠨ ᠮᠠᠯᠴᠢᠨ ᠡᠷᠣᠭᠡ ᠬᠠᠮᠢᠶᠠᠷᠴᠣ ᠬᠠᠮᠠᠭᠠᠯᠠᠬᠤ ᠭᠤᠣᠯ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠣ᠂ ᠬᠠᠮᠢᠶᠠᠷᠴᠣ | ᠬᠠᠮᠠᠭᠠᠯᠠᠬᠤ ᠬᠠᠷᠢᠭᠤᠴᠠᠯᠭ᠎ᠠ ᠶᠢ ᠮᠠᠯᠴᠢᠨ ᠡᠷᠣᠭᠡ ᠳᠤ ᠬᠦᠷᠳᠡᠯ᠎ᠠ ᠨᠠᠶᠢᠳᠠᠪᠣᠷᠢᠵᠢᠭᠤᠯᠵᠣ᠂ ᠲᠦᠷᠣᠯ ᠵᠣᠶᠢᠯ ᠤᠨ | ᠪᠠᠶᠢᠭᠤᠯᠣᠯᠳᠠ ᠨᠢ ᠮᠠᠯᠴᠢᠨ ᠡᠷᠣᠭᠡ ᠪᠠᠷ ᠭᠤᠣᠯ ᠪᠣᠯᠭᠠᠨ᠂ ᠬᠠᠣᠯᠢ ᠬᠡᠷᠡᠭᠵᠢᠭᠦᠯᠬᠦ ᠰᠠᠯᠠᠭ᠎ᠠ ᠮᠦᠴᠢᠷ ᠢᠶᠠᠷ | ᠬᠠᠪᠰᠣᠷᠣᠯᠭ᠎ᠠ ᠪᠣᠯᠭᠠᠭᠰᠠᠨ ᠲᠦᠷᠣᠯ ᠵᠣᠶᠢᠯ ᠤᠨ ᠣᠷᠣᠨ ᠤ ᠬᠠᠮᠢᠶᠠᠷᠣᠯᠳᠠ ᠶᠢᠨ ᠰᠢᠰᠲ᠋ᠧᠮ ᠢ ᠢᠳᠡᠭ ᠢᠳᠡᠭ ᠢᠶᠠᠷ | ᠪᠦᠷᠢᠯᠳᠣᠭᠦᠯᠣᠨ᠎ᠠ᠃ | ᠮᠠᠯᠵᠢᠬᠤ ᠤᠷᠤᠨ ᠤ ᠬᠥᠮᠤᠨ ᠠᠮᠠ ᠶᠢ ᠨᠡᠩ ᠰᠠᠶᠢᠨ ᠨᠡᠩ ᠲᠥᠷᠭᠡᠨ ᠰᠢᠯᠵᠢᠬᠦᠯᠬᠦ ᠶᠢ ᠠᠬᠢᠭᠤᠯᠤᠨ᠎ᠠ᠃ | ᠵᠠᠰᠠᠭ ᠤᠨ ᠤᠷᠳᠤᠨ ᠠᠴᠠ ᠵᠢᠯᠤᠭᠤᠳᠤᠨ ᠲᠠᠭᠠᠭᠤᠯᠵᠤ᠂ ᠮᠠᠯᠴᠢᠤᠨ ᠰᠠᠶᠢᠨ ᠲᠤᠷ᠎ᠠ ᠶᠢᠨ ᠪᠠᠶᠢᠬᠤ ᠵᠠᠷᠴᠢᠮ ᠢ | ᠪᠠᠷᠢᠮᠳᠠᠯᠠᠵᠤ᠂ ᠤᠳᠤᠬᠠᠨ ᠤ ᠨᠤᠳᠤᠭ ᠪᠠᠯᠴᠢᠭᠡᠷ ᠤᠨ ᠪᠠᠶᠢᠳᠠᠯ᠂ ᠭᠠᠵᠠᠷ ᠤᠷᠤᠨ ᠤ ᠬᠥᠮᠤᠨ ᠠᠮᠠ ᠶᠢᠨ ᠪᠠᠶᠢᠳᠠᠯ᠂ | ᠮᠠᠯ ᠠᠵᠤ ᠠᠬᠤᠢ ᠶᠢᠨ ᠡᠵᠡᠩᠨᠡᠯᠳᠡ ᠶᠢᠨ ᠪᠠᠶᠢᠳᠠᠯ ᠵᠡᠷᠭᠡ ᠤᠯᠠᠨ ᠲᠠᠯ᠎ᠠ ᠶᠢᠨ ᠬᠦᠴᠣᠨ ᠵᠣᠶᠢᠯ ᠢ ᠨᠢᠭᠡᠳᠤᠯᠳᠠᠢ | ᠲᠥᠯᠤᠪᠵᠢᠬᠦᠯᠤᠨ ᠬᠤᠷᠢᠶᠠᠩᠭᠤᠶᠢᠯᠠᠵᠤ᠂ ᠮᠠᠯᠵᠢᠬᠤ ᠤᠷᠤᠨ ᠤ ᠬᠥᠮᠤᠨ ᠠᠮᠠ ᠶᠢᠨ ᠰᠢᠯᠵᠢᠯᠳᠠ ᠶᠢ ᠯᠠᠪᠳᠠᠭᠤᠨ ᠢᠶᠠᠷ | ᠲᠥᠯᠬᠢᠨ ᠠᠬᠢᠭᠤᠯᠤᠨ᠎ᠠ᠃ ᠰᠢᠯᠵᠢᠯᠳᠠ ᠶᠢ ᠠᠬᠢᠭᠤᠯᠬᠤ ᠡᠯ᠎ᠡ ᠲᠥᠷᠤᠯ ᠤᠨ ᠲᠥᠷᠤ ᠶᠢᠨ ᠪᠤᠳᠤᠯᠭ᠎ᠠ ᠶᠢ ᠤᠯᠠᠮ | ᠨᠢᠭᠡ ᠠᠯᠬᠤᠮ ᠲᠥᠷᠢᠮᠵᠢᠬᠦᠯᠤᠨ ᠲᠡᠭᠦᠯᠳᠡᠷᠵᠢᠭᠦᠯᠵᠣ᠂ ᠰᠢᠯᠵᠢᠭᠰᠡᠨ ᠮᠠᠯᠴᠢᠤᠨ ᠤᠨ ᠤᠷᠤᠨ ᠰᠠᠭᠤᠴᠠ᠂ ᠡᠮ | ᠡᠮᠨᠡᠯᠭᠡ᠂ ᠨᠠᠰᠤᠳᠠᠨ ᠢ ᠠᠰᠠᠷᠠᠬᠤ ᠵᠢᠴᠢ ᠥᠷ᠎ᠡ ᠬᠡᠤᠭᠡᠤᠨ ᠤᠨ ᠬᠢᠨᠢ ᠰᠤᠷᠭᠠᠭᠤᠯᠢ ᠳᠤ ᠰᠠᠭᠤᠬᠤ ᠵᠡᠷᠭᠡ ᠠᠰᠠᠭᠤᠳᠠᠯ | ᠢ ᠴᠢᠷᠮᠠᠶᠢᠨ ᠰᠢᠢᠳᠪᠦᠷᠢᠯᠡᠵᠣ᠂ ᠮᠠᠯᠴᠢᠤᠨ ᠥᠪᠡᠷᠳᠡᠭᠡᠨ ᠰᠢᠯᠵᠢᠬᠦ ᠬᠠᠮᠢᠶ᠎ᠠ ᠪᠦᠬᠦᠢ ᠵᠢᠯᠣᠭᠤᠳᠬᠤ ᠲᠦᠷᠣ ᠶᠢᠨ | ᠪᠣᠳᠣᠯᠭ᠎ᠠ ᠶᠢ ᠢᠳᠡᠪᠬᠢᠳᠠᠢ ᠰᠥᠪᠡᠭᠴᠢᠯᠡᠵᠤ᠂ ᠨᠢᠭᠡᠨ ᠢᠵᠢ ᠪᠠᠶᠢᠭᠤᠯᠭ᠎ᠠ ᠨᠢᠭᠡᠴᠠ ᠬᠤᠯᠪᠣᠯᠳᠣᠵᠣ᠂ ᠠᠵᠢᠯ | ᠲᠦᠷᠣᠯ ᠬᠠᠮᠵᠢᠯᠴᠠᠭᠰᠠᠨ ᠰᠢᠯᠵᠢᠬᠦᠯᠬᠦ ᠳᠤ ᠥᠢᠯᠡᠴᠢᠯᠡᠬᠦ ᠵᠤᠬᠢᠴᠠᠮᠵᠢ ᠶᠢ ᠢᠳᠡᠭ ᠢᠳᠡᠭ ᠢᠶᠠᠷ ᠪᠠᠶᠢᠭᠤᠯᠤᠨ᠎ᠠ᠃ | ᠡᠯ᠎ᠡ ᠱᠠᠳᠤᠨ ᠤ ᠬᠥᠮᠤᠨ ᠠᠮᠠ ᠶᠢ ᠰᠢᠯᠵᠢᠬᠦᠯᠬᠦ ᠳᠤ ᠥᠢᠯᠡᠴᠢᠯᠡᠬᠦ ᠵᠤᠬᠢᠴᠠᠮᠵᠢ ᠶᠢᠨ ᠥᠢᠯᠡᠳᠤᠯ ᠢ ᠬᠥᠢᠴᠡᠤᠨ | ᠪᠠᠳᠠᠷᠠᠭᠤᠯᠵᠤ᠂ ᠰᠢᠯᠵᠢᠭᠰᠡᠨ ᠮᠠᠯᠴᠢᠤᠨ ᠲᠤ ᠠᠵᠢᠯ ᠤᠨ ᠪᠠᠶᠢᠷᠢ ᠶᠢᠨ ᠰᠤᠷᠠᠭ ᠴᠢᠮᠡᠭᠡ ᠪᠠ ᠠᠵᠢᠯ ᠲᠠᠨᠢᠯᠴᠠᠭᠤᠯᠬᠤ | ᠥᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠨ᠎ᠠ᠃ ᠰᠢᠯᠵᠢᠭᠰᠡᠨ ᠮᠠᠯᠴᠢᠤᠨ ᠤᠨ ᠪᠤᠳᠠᠳᠠᠢ ᠪᠠᠶᠢᠳᠠᠯ ᠪᠠ ᠠᠵᠢᠯ ᠤᠨ | ᠪᠠᠶᠢᠷᠢ ᠶᠢᠨ ᠬᠡᠷᠡᠭᠴᠡᠭᠡ ᠶᠢ ᠬᠦᠢᠴᠡᠳ ᠪᠣᠳᠣᠯᠬᠢᠯᠠᠵᠣ᠂ ᠬᠤᠶᠠᠷ ᠭᠤᠷᠪᠠᠳᠤᠭᠠᠷ ᠠᠵᠤ ᠥᠢᠯᠡᠰ ᠢ ᠬᠥᠭᠵᠢᠬᠦᠯᠬᠦ ᠪᠠ | ᠰᠢᠯᠵᠢᠭᠰᠡᠨ ᠮᠠᠯᠴᠢᠳ ᠲᠤ ᠠᠵᠢᠯ ᠣᠯᠭᠤᠬᠤ ᠶᠢ ᠣᠶᠠᠯᠳᠣᠭᠤᠯᠬᠤ ᠶᠢ ᠠᠳᠬᠤᠨ᠂ ᠰᠢᠯᠵᠢᠭᠰᠡᠨ ᠮᠠᠯᠴᠢᠤᠨ ᠲᠤ | ᠠᠵᠢᠯ ᠤᠯᠭᠤᠬᠤ ᠲᠣᠯᠭᠠᠭᠤᠷᠢ ᠶᠢᠨ ᠠᠰᠠᠭᠤᠳᠠᠯ ᠢ ᠰᠠᠶᠢᠳᠣᠷ ᠰᠢᠢᠳᠪᠦᠷᠢᠯᠡᠨ᠂ ᠮᠠᠯᠴᠢᠤᠨ ᠢ ᠵᠤᠬᠢᠶᠠᠨ | ᠪᠠᠶᠢᠭᠤᠯᠤᠯᠳᠠ ᠲᠠᠢ᠂ ᠲᠦᠯᠦᠪᠯᠡᠭᠡ ᠲᠠᠢ᠂ ᠠᠯᠬᠤᠮ ᠲᠠᠷᠠᠭ᠎ᠠ ᠲᠠᠢ ᠪᠠᠷ ᠬᠤᠳᠠ ᠪᠠᠯᠭᠠᠰᠤ ᠪᠠ ᠬᠤᠶᠠᠷ | ᠭᠤᠷᠪᠠᠳᠤᠭᠠᠷ ᠠᠵᠤ ᠦᠢᠯᠡᠰ ᠲᠡᠰᠢ ᠰᠢᠯᠵᠢᠬᠦᠯᠤᠨᠠ᠃ ᠪᠤᠯᠪᠠᠰᠤᠷᠠᠯ ᠤᠨ ᠠᠵᠢᠯ ᠢ ᠲᠡᠭᠡᠳᠣ ᠬᠡᠮᠵᠢᠶ᠎ᠠ ᠪᠠᠷ | ᠬᠥᠡᠳᠤᠤᠡᠭᠡᠨ᠂ ᠠᠵᠤ ᠥᠢᠯᠡᠰ ᠤᠨ ᠬᠥᠭᠵᠢᠯᠳᠠ ᠶᠢᠨ ᠱᠠᠭᠠᠷᠳᠠᠯᠭ᠎ᠠ ᠶᠢ ᠥᠡᠳᠤᠰᠤᠯᠡᠵᠤ᠂ ᠲᠠᠷᠢᠶᠠᠯᠠᠩ ᠮᠠᠯ ᠠᠵᠤ | ᠠᠬᠤᠢ᠂ ᠠᠵᠢᠯ ᠤᠯᠭᠤᠬᠤ ᠵᠡᠷᠭᠡ ᠰᠠᠯᠠᠭ᠎ᠠ ᠮᠦᠴᠢᠷ ᠪᠣᠯᠣᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ | ᠬᠦᠴᠣᠨ ᠢ ᠨᠡᠶᠢᠯᠡᠬᠦᠯᠤᠨ᠂ ᠬᠠᠨᠳᠤᠯᠭᠠᠳᠤ ᠴᠢᠨᠠᠷᠳᠠᠢ ᠪᠠᠷ ᠮᠠᠯᠴᠢᠨ ᠬᠦᠯᠣᠰᠣᠨ ᠠᠵᠢᠯᠴᠢᠨ ᠤ ᠠᠵᠢᠯ ᠮᠡᠷᠭᠡᠵᠢᠯ ᠤᠨ | ᠪᠤᠯᠪᠠᠰᠣᠷᠠᠯ ᠢ ᠴᠢᠩᠭᠠᠤᠡᠬᠠᠵᠤ᠂ ᠢᠳᠡᠷ ᠵᠠᠯᠠᠭᠤ ᠮᠠᠯᠴᠢᠳ ᠤᠨ ᠪᠤᠯᠪᠠᠰᠤᠷᠠᠯ ᠢ ᠲᠣᠪᠣᠶᠢᠯᠭᠠᠨ ᠠᠳᠬᠤᠵᠣ᠂ | ᠪᠤᠯᠪᠠᠰᠤᠷᠠᠯ ᠤᠨ ᠪᠣᠳᠠᠳᠣ ᠥᠷ᠎ᠡ ᠠᠰᠢᠭ ᠢ ᠲᠡᠬᠡᠭᠰᠢᠯᠡᠬᠦᠯᠦᠨ᠂ ᠲᠤᠭᠳᠠᠭᠤᠨ ᠢᠶᠠᠷ ᠠᠵᠢᠯ ᠣᠯᠭᠤᠬᠤ ᠶᠢ | ᠪᠡᠶᠡᠯᠡᠬᠦᠯᠵᠣ᠂ 600 ᠬᠥᠮᠤᠨ ᠢ ᠲᠤᠭᠳᠠᠭᠤᠨ ᠢᠶᠠᠷ ᠰᠢᠯᠵᠢᠬᠦᠯᠬᠦ ᠶᠢ ᠪᠠᠳᠣᠯᠠᠨ᠎ᠠ᠃ | ᠮᠠᠯ ᠠᠵᠤ ᠠᠬᠤᠢ ᠶᠢᠨ ᠡᠵᠡᠩᠨᠡᠯᠳᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠣᠯᠳᠠ ᠶᠢ ᠲᠥᠷᠭᠡᠤᠡᠭᠡᠨᠡ᠃ | ︽ᠡᠮᠤᠨ᠎ᠠ ᠬᠡᠰᠡᠭ ᠲᠤ ᠥᠬᠡᠷ᠂ ᠬᠤᠶᠢᠳᠤ ᠬᠡᠰᠡᠭ ᠲᠤ ᠬᠤᠨᠢ ᠮᠠᠯᠵᠢᠬᠤ︾ ᠱᠠᠭᠠᠷᠳᠠᠯᠭ᠎ᠠ ᠶᠤᠰᠤᠭᠠᠷ᠂ | ᠥᠢᠯᠡᠣᠡᠪᠤᠷᠢᠯᠡᠯ ᠤᠨ ᠬᠥᠴᠤᠨ ᠤ ᠪᠥᠳᠤᠴᠠ ᠶᠢᠨ ᠲᠤᠬᠢᠷᠠᠭᠤᠯᠤᠯᠳᠠ ᠶᠢ ᠤᠯᠠᠮ ᠨᠢᠭᠡ ᠠᠯᠬᠤᠮ ᠰᠢᠯᠢᠳᠡᠭᠵᠢᠬᠦᠯᠵᠤ | ᠂ ᠡᠮᠤᠨ᠎ᠠ ᠬᠡᠰᠡᠭ ᠲᠤ ᠭᠠᠴᠠᠭ᠎ᠠ ᠪᠠᠷ ᠨᠢᠭᠡᠴᠠ ᠪᠤᠯᠭᠠᠨ ᠰᠢᠮᠧᠨ᠋ᠲᠷ ᠥᠬᠡᠷ ᠮᠠᠯᠵᠢᠬᠤ ᠬᠡᠪᠴᠢᠶ᠎ᠠ ᠶᠢ ᠥᠷᠭᠡᠤᠡᠭᠡᠨ᠂ | ᠥᠨᠤ ᠵᠢᠯ 1000 ᠲᠤᠯᠤᠭᠠᠢ ᠰᠢᠮᠧᠨ᠋ᠲᠷ ᠥᠬᠡᠷ ᠤᠷᠤᠭᠤᠯᠵᠤ᠂ 2000 ᠲᠤᠯᠤᠭᠠᠢ ᠥᠬᠡᠷ ᠲᠤ ᠢᠴᠡᠭᠡᠯ ᠥᠷ᠎ᠡ | ᠶᠢᠨ ᠬᠡᠭᠡᠯᠳᠤᠬᠦᠯᠭᠡ ᠬᠢᠵᠤ᠂ 4.1 ᠲᠥᠮᠡᠨ ᠲᠤᠯᠤᠭᠠᠢ ᠥᠬᠡᠷ ᠲᠤ ᠪᠠᠶᠢᠭᠠᠯᠢᠭ ᠬᠡᠭᠡᠯᠳᠤᠬᠦᠯᠭᠡ ᠬᠢᠨ᠎ᠠ᠃ | ᠢᠳᠡᠪᠬᠢᠵᠢᠯ ᠢᠶᠠᠷ ᠥᠨᠳᠣᠷ ᠭᠠᠴᠠᠭ᠎ᠠ ᠶᠢ ᠰᠣᠩᠭᠤᠨ᠂ ᠭᠤᠣᠯᠳᠠᠯᠭ᠎ᠠ ᠲᠠᠢ ᠳᠡᠮᠵᠢᠵᠣ᠂ ᠵᠢᠯ ᠤᠨ ᠲᠣᠳᠣᠷ᠎ᠠ 2 | ᠮᠢᠬᠠᠨ ᠥᠭᠡᠷ ᠲᠡᠵᠢᠭᠡᠨ ᠠᠷᠠᠴᠢᠯᠠᠬᠤ ᠲᠣᠰᠠᠬᠠᠶᠢᠵᠢᠭᠰᠠᠨ ᠵᠢᠱᠢᠶ᠎ᠠ ᠦᠵᠡᠭᠦᠯᠬᠦ ᠭᠠᠴᠠᠭ᠎ᠠ ᠶᠢ ᠪᠠᠶᠢᠭᠤᠯᠵᠣ᠂ | ᠳᠡᠷᠡᠰᠣᠳᠠᠢ ᠪᠣᠯᠣᠨ ᠡᠩᠭᠡᠷ ᠭᠤᠣᠯ ᠤᠨ ᠮᠢᠬᠠᠨ ᠥᠭᠡᠷ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ ᠤᠨ | ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ᠲᠤᠮᠳᠠ ᠬᠤᠶᠢᠳᠤ ᠬᠡᠰᠡᠭ ᠲᠤ ᠲᠤᠭᠤᠷᠢᠭ ᠬᠤᠪᠢᠶᠠᠨ ᠰᠠᠯᠬᠦᠨ | ᠮᠠᠯᠵᠢᠬᠤ ᠶᠢ ᠲᠠᠯᠭᠡᠷᠡᠬᠦᠯᠵᠤ᠂ ᠰᠥᠨᠢᠤᠨ ᠬᠤᠨᠢ ᠶᠢ ᠴᠡᠪᠡᠷᠵᠢᠭᠦᠯᠣᠨ ᠪᠣᠶᠢᠵᠢᠭᠤᠯᠬᠤ ᠠᠵᠢᠯ ᠢ ᠭᠤᠤᠯᠳᠠᠯᠭ᠎ᠠ ᠲᠠᠢ | ᠰᠠᠶᠢᠳᠣᠷ ᠠᠳᠬᠤᠵᠣ᠂ ᠢᠮᠠᠭ᠎ᠠ ᠶᠢ ᠴᠥᠭᠡᠤᠡᠭᠡᠨ ᠪᠠᠯᠴᠢᠭᠡᠷᠯᠡᠬᠦᠯᠬᠦ ᠶᠢ ᠵᠤᠭᠰᠤᠭᠠᠬᠤ ᠶᠢ ᠪᠠᠶᠠᠯᠠᠬᠦᠯᠵᠤ᠂ ᠰᠦᠨᠢᠳ | ᠬᠤᠨᠢᠨ ᠤ ᠤᠳᠤ ᠪᠠᠶᠢᠭ᠎ᠠ 900 ᠪᠠᠷᠢᠮᠵᠢᠶᠠᠳᠤ ᠰᠥᠷᠤᠭ᠌ ᠢ ᠪᠠᠬᠢᠵᠢᠬᠦᠯᠤᠨ᠂ 7000 ᠲᠤᠯᠤᠭᠠᠢ ᠰᠦᠨᠢᠳ | ᠬᠤᠷᠭᠠᠨ ᠬᠤᠴᠠ ᠶᠢ ᠰᠣᠩᠭᠤᠨ ᠦᠯᠡᠳᠡᠬᠡᠵᠤ᠂ ᠪᠥᠬᠦ ᠬᠤᠰᠢᠭᠤᠨ ᠤ ᠡᠯ᠎ᠡ ᠭᠠᠴᠠᠭᠠᠨ ᠳᠤ ᠬᠤᠴᠠ ᠶᠢ | ᠲᠦᠪᠯᠡᠷᠡᠭᠦᠯᠣᠨ ᠬᠠᠮᠢᠶᠠᠷᠠᠬᠤ ᠶᠢ ᠪᠠᠶᠠᠯᠠᠬᠦᠯᠤᠨ᠂ 2 — 3 ᠭᠠᠴᠠᠭ᠎ᠠ ᠶᠢ ᠰᠣᠩᠭᠤᠨ ᠰᠦᠨᠢᠳ ᠬᠤᠨᠢᠨ ᠤ | ᠪᠠᠷᠢᠮᠵᠢᠶᠠᠵᠢᠭᠰᠠᠨ ᠲᠡᠵᠢᠭᠡᠨ ᠠᠷᠠᠴᠢᠯᠠᠬᠤ ᠵᠢᠱᠢᠶ᠎ᠠ ᠦᠵᠡᠭᠦᠯᠬᠦ ᠪᠠᠶᠢᠭᠤᠯᠣᠯᠳᠠ ᠶᠢ ᠬᠢᠵᠣ᠂ ᠮᠠᠨᠳᠠᠯᠳᠣ ᠪᠠᠯᠭᠠᠰᠣᠨ ᠤ | ᠥᠢᠷ᠎ᠠ ᠬᠠᠪᠢ ᠶᠢᠨ ᠭᠠᠴᠠᠭᠠᠨ ᠳᠤ ᠰᠦᠨᠢᠳ ᠬᠤᠨᠢᠨ ᠤ ᠡᠭᠡ ᠲᠦᠯ ᠢ ᠰᠦᠷᠦᠭ ᠰᠠᠯᠭᠠᠨ ᠪᠣᠷᠳᠣᠬᠤ | ᠲᠣᠷᠰᠢᠯᠳᠠ ᠶᠢᠨ ᠴᠢᠭ ᠪᠠᠶᠢᠭᠤᠯᠵᠣ᠂ ᠰᠦᠨᠢᠳ ᠬᠤᠨᠢ ᠶᠢ ᠣᠯᠣᠰ ᠤᠨ ᠰᠢᠯᠢᠳᠡᠭ ᠡᠭᠦᠯᠳᠠᠷ ᠤᠨ ᠡᠬᠢ ᠪᠠᠶᠠᠯᠢᠭ ᠢᠶᠠᠷ | ᠬᠠᠮᠠᠭᠠᠯᠠᠬᠤ ᠲᠦᠷᠣᠯ ᠳᠤ ᠣᠷᠣᠭᠤᠯᠬᠤ ᠪᠠᠷ ᠴᠢᠷᠮᠠᠶᠢᠨ᠎ᠠ᠃ ᠫᠧᠩ ᠬᠤᠷᠤᠭ᠎ᠠ᠂ ᠬᠤᠳᠳᠤᠭ ᠵᠡᠷᠭᠡ ᠰᠠᠭᠤᠷᠢ | ᠪᠥᠳᠤᠭᠡᠨ ᠪᠠᠶᠢᠭᠤᠯᠤᠯᠳᠠ ᠪᠣᠯᠣᠨ ᠮᠠᠯ ᠤᠨ ᠬᠢᠵᠢᠭ ᠰᠡᠷᠭᠡᠶᠢᠯᠡᠬᠦ ᠠᠵᠢᠯ ᠢ ᠴᠢᠩᠭᠠᠤᠡᠬᠠᠨ᠂ ᠭᠠᠮᠰᠢᠭ ᠶᠢ ᠰᠡᠷᠭᠡᠶᠢᠯᠡᠬᠦ | ᠴᠢᠳᠠᠪᠣᠷᠢ ᠶᠢ ᠣᠯᠠᠮ ᠨᠢᠭᠡ ᠠᠯᠬᠤᠮ ᠲᠡᠭᠡᠭᠰᠢᠯᠡᠭᠦᠯᠣᠨ᠎ᠠ᠃ ᠮᠠᠯ ᠠᠵᠤ ᠠᠬᠤᠢ ᠶᠢᠨ ᠠᠵᠤ ᠥᠢᠯᠡᠰᠵᠢᠬᠦᠯᠤᠯᠳᠠ ᠶᠢ | ᠯᠠᠪᠳᠠᠭᠤᠨ ᠢᠶᠠᠷ ᠠᠬᠢᠭᠤᠯᠵᠤ᠂ ᠭᠠᠴᠠᠭᠠᠨ ᠤ ᠬᠠᠮᠳᠣ ᠶᠢᠨ ᠠᠵᠣ ᠠᠬᠤᠢ ᠶᠢ ᠬᠦᠭᠵᠢᠭᠦᠯᠣᠨ ᠪᠣᠵᠠᠭᠠᠶᠢᠷᠠᠭᠤᠯᠵᠣ᠂ | ᠮᠠᠯᠴᠢᠤᠨ ᠤᠨ ᠬᠤᠷᠰᠢᠭᠰᠡᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠲᠤᠰᠬᠠᠶᠢᠵᠢᠭᠰᠡᠨ ᠨᠡᠶᠢᠭᠡᠮᠯᠢᠭ ᠤᠨ | ᠪᠣᠶᠢᠵᠢᠯᠳᠠ ᠶᠢ ᠲᠥᠷᠭᠡᠤᠡᠭᠡᠨ᠂ ᠮᠠᠯᠴᠢᠤᠨ ᠤᠨ ᠵᠤᠬᠢᠶᠠᠨ ᠪᠠᠶᠢᠭᠤᠯᠣᠯᠴᠠᠬᠤ ᠬᠢᠷᠢ ᠬᠡᠮᠵᠢᠶ᠎ᠠ ᠶᠢ ᠤᠯᠠᠮ ᠨᠢᠭᠡ | ᠠᠯᠬᠤᠮ ᠲᠡᠭᠡᠭᠰᠢᠯᠡᠬᠦᠯᠵᠤ᠂ ᠨᠡᠷ᠎ᠡ ᠴᠣᠣ ᠲᠠᠢ᠂ ᠪᠣᠳᠠᠳᠣ ᠬᠦᠴᠣᠨ ᠲᠠᠢ ᠲᠤᠮᠤ ᠠᠵᠤ ᠥᠢᠯᠡᠰ ᠢ ᠣᠷᠢᠵᠣ | ᠠᠪᠴᠢᠷᠠᠨ᠂ ᠰᠥᠨᠢᠤᠨ ᠬᠤᠨᠢ ᠶᠢ ᠨᠠᠷᠢᠯᠢᠭ ᠪᠤᠯᠪᠠᠰᠤᠷᠠᠭᠤᠯᠵᠤ᠂ ᠶᠠᠰᠣ ᠴᠢᠨᠠᠷ ᠢᠶᠠᠷ ᠰᠢᠯᠢᠳᠡᠭ᠂ ᠦᠨ᠎ᠠ | ᠥᠷᠳᠡᠭ ᠢᠶᠠᠷ ᠥᠡᠳᠤᠷ ᠪᠣᠯᠬᠤ ᠶᠢ ᠪᠡᠶᠡᠯᠡᠭᠦᠯᠵᠣ᠂ ᠰᠥᠨᠢᠤᠨ ᠬᠤᠨᠢᠨ ᠮᠢᠬᠠᠨ ᠤ ᠨᠡᠷᠡᠳᠤ ᠲᠡᠮᠳᠡᠭ ᠢ ᠴᠢᠷᠮᠠᠶᠢᠨ | ᠡᠬᠦᠳᠤᠨ᠎ᠡ᠃ ᠨᠡᠶᠢᠳᠡᠯᠢᠭ ᠵᠢᠱᠢᠶᠠᠨ ᠤ ᠲᠠᠭᠠᠭᠤᠯᠬᠤ ᠥᠢᠯᠡᠳᠤᠯ ᠢ ᠰᠠᠶᠢᠳᠣᠷ ᠪᠠᠳᠠᠷᠠᠭᠤᠯᠬᠤ ᠶᠢ ᠬᠥᠡᠳᠤᠤᠡᠭᠡᠨ᠂ | ᠮᠠᠯᠵᠢᠬᠤ ᠥᠢᠯᠡᠤᠡᠪᠤᠷᠢᠯᠡᠯ ᠲᠤᠮᠳᠠ ᠢᠯᠡᠷᠡᠭᠰᠡᠨ ᠰᠠᠶᠢᠨ ᠨᠡᠶᠢᠳᠡᠯᠢᠭ ᠵᠢᠱᠢᠶ᠎ᠠ᠂ ᠰᠠᠶᠢᠨ ᠬᠡᠪ ᠵᠠᠭᠪᠣᠷ᠂ ᠰᠠᠶᠢᠨ | ᠠᠷᠭ᠎ᠠ ᠲᠤᠷᠰᠢᠯᠭ᠎ᠠ ᠶᠢ ᠲᠠᠷᠤᠢ ᠲᠥᠷᠭᠡᠨ ᠲᠡᠬᠦᠯᠳᠡᠷᠵᠢᠬᠦᠯᠤᠨ᠂ ᠪᠥᠬᠦ ᠬᠥᠴᠤᠨ ᠢᠶᠠᠷ ᠲᠥᠭᠡᠮᠡᠯᠵᠢᠬᠦᠯᠤᠨᠠ᠃ | ᠮᠠᠯᠴᠢᠤᠨ ᠤᠨ ᠤᠷᠤᠯᠭ᠎ᠠ ᠶᠢ ᠨᠡᠮᠡᠭᠳᠠᠬᠦᠯᠬᠦ ᠠᠵᠢᠯ ᠢ ᠲᠣᠪᠣᠶᠢᠯᠭᠠᠨ ᠠᠤᠡᠬᠤᠨ᠎ᠠ᠃ ᠨᠢᠭᠡᠳᠤᠭᠡᠷ ᠠᠵᠤ | ᠥᠢᠯᠡᠰ ᠤᠨ ᠲᠣᠳᠣᠭᠠᠳᠣᠬᠢ ᠤᠷᠤᠯᠭ᠎ᠠ ᠶᠢ ᠨᠡᠮᠡᠭᠳᠠᠬᠦᠯᠬᠦ ᠨᠢᠭᠤᠭᠳᠠᠮᠠᠯ ᠬᠥᠴᠤᠨ ᠢ ᠬᠥᠢᠴᠡᠤᠨ ᠢᠯᠡᠷᠡᠭᠦᠯᠬᠦ ᠶᠢᠨ | ᠬᠠᠮᠳᠤ ᠳᠡᠭᠡᠳᠣ ᠱᠠᠳᠣᠨ ᠤ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠲᠣᠬᠠᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠤᠯᠤᠰ ᠤᠨ ᠰᠢᠯᠢᠳᠡᠭ ᠡᠬᠦᠯᠳᠡᠷ ᠤᠨ ᠨᠥᠬᠦᠪᠤᠷᠢ᠂ ᠲᠠᠷᠢᠶᠠᠯᠠᠩ ᠮᠠᠯ | ᠠᠵᠤ ᠠᠬᠤᠢ ᠶᠢᠨ ᠮᠠᠰᠢᠨ ᠲᠦᠬᠦᠭᠡᠷᠦᠮᠵᠢ ᠬᠤᠳᠠᠯᠳᠣᠨ ᠠᠪᠬᠤ ᠨᠦᠬᠦᠪᠣᠷᠢ᠂ ᠪᠡᠯᠴᠢᠭᠡᠷᠯᠡᠬᠦᠯᠬᠦ ᠶᠢ ᠵᠣᠭᠰᠣᠭᠠᠭᠰᠠᠨ | ᠨᠦᠭᠦᠪᠣᠷᠢ ᠵᠡᠷᠭᠡ ᠲᠡᠭᠡᠳᠤ ᠱᠠᠳᠤᠨ ᠤ ᠡᠯ᠎ᠡ ᠲᠥᠷᠤᠯ ᠤᠨ ᠮᠠᠯ ᠠᠵᠤ ᠠᠬᠤᠢ ᠳᠤ ᠲᠣᠰᠠᠯᠠᠬᠤ ᠲᠥᠷᠤ ᠶᠢᠨ | ᠪᠤᠳᠤᠯᠭ᠎ᠠ ᠶᠢ ᠰᠠᠶᠢᠳᠣᠷ ᠨᠡᠶᠢᠳᠠᠪᠤᠷᠢᠵᠢᠭᠤᠯᠤᠨ᠂ ᠮᠠᠯᠴᠢᠤᠨ ᠲᠤ ᠣᠯᠭᠤᠬᠤ ᠰᠢᠭᠤᠤᠨ ᠨᠥᠭᠦᠪᠤᠷᠢ ᠶᠢ | ᠨᠡᠮᠡᠭᠳᠠᠬᠦᠯᠵᠤ᠂ ︽ᠨᠢᠭᠡ ᠺᠠᠷᠲ ᠢᠶᠠᠷ ᠲᠠᠷᠬᠠᠭᠠᠬᠤ︾ ᠬᠡᠯᠪᠡᠷᠢ ᠶᠢ ᠪᠥᠬᠦ ᠲᠠᠯ᠎ᠠ ᠪᠠᠷ ᠬᠡᠷᠡᠭᠵᠢᠭᠦᠯᠵᠣ᠂ ᠨᠥᠬᠦᠪᠤᠷᠢ | ᠮᠥᠩᠬᠦ ᠶᠢ ᠴᠠᠭ ᠲᠤᠬᠠᠢ ᠳᠤᠨᠢ᠂ ᠪᠥᠷᠢᠨ ᠬᠥᠢᠴᠡᠤᠨ᠂ ᠠᠮᠤᠷ ᠲᠥᠪᠰᠢᠨ ᠢᠶᠠᠷ ᠮᠠᠯᠴᠢᠤᠨ ᠤᠨ ᠭᠠᠷ ᠲᠤ | ᠲᠠᠷᠬᠠᠭᠠᠵᠣ ᠥᠭᠬᠦ ᠶᠢ ᠪᠠᠳᠤᠯᠠᠵᠤ᠂ ᠮᠠᠯᠴᠢᠤᠨ ᠤᠨ ᠲᠥᠷᠤ ᠶᠢᠨ ᠪᠤᠳᠤᠯᠭ᠎ᠠ ᠶᠢᠨ ᠴᠢᠨᠠᠷ ᠲᠠᠢ ᠤᠷᠤᠯᠭ᠎ᠠ ᠶᠢ | ᠲᠤᠭᠳᠠᠭᠤᠨ ᠢᠶᠠᠷ ᠨᠡᠮᠡᠭᠳᠠᠬᠦᠯᠤᠨᠠ᠃ ᠮᠠᠯᠴᠢᠤᠨ ᠤᠨ ᠮᠠᠯᠵᠢᠯ ᠤᠨ ᠪᠤᠰᠤ ᠤᠷᠤᠯᠭ᠎ᠠ ᠶᠢ ᠨᠡᠮᠡᠭᠳᠠᠬᠦᠯᠬᠦ ᠶᠢ ᠮᠠᠯᠴᠢᠤᠨ | ᠤᠨ ᠤᠷᠤᠯᠭ᠎ᠠ ᠶᠢ ᠨᠡᠮᠡᠭᠳᠡᠭᠦᠯᠬᠦ ᠭᠤᠤᠯ ᠠᠷᠭ᠎ᠠ ᠵᠠᠮ ᠪᠤᠯᠭᠠᠨ ᠠᠤᠡᠬᠤᠵᠤ᠂ ᠪᠠᠭ᠎ᠠ ᠬᠡᠯᠪᠡᠷᠢ ᠶᠢᠨ ᠮᠠᠯ ᠤᠨ ᠠᠰᠢᠭ | ᠰᠢᠮ᠎ᠠ ᠶᠢ ᠪᠤᠯᠪᠠᠰᠤᠷᠠᠭᠤᠯᠬᠤ ᠠᠵᠤ ᠥᠢᠯᠡᠰ᠂ ᠦᠨᠳᠦᠰᠦᠳᠡᠨ ᠤ ᠰᠤᠶᠤᠯ ᠤᠨ ᠪᠥᠳᠤᠭᠡᠭᠳᠡᠬᠦᠨ ᠢ | ᠪᠤᠯᠪᠠᠰᠤᠷᠠᠭᠤᠯᠬᠤ ᠠᠵᠤ ᠥᠢᠯᠡᠰ ᠪᠠ ᠭᠡᠷ ᠪᠥᠯᠢ ᠶᠢᠨ ᠵᠢᠭᠤᠯᠴᠢᠯᠠᠯ ᠤᠨ ᠥᠢᠯᠡᠰ ᠵᠡᠷᠭᠡ ᠬᠤᠶᠠᠷ ᠭᠤᠷᠪᠠᠳᠤᠭᠠᠷ | ᠠᠵᠤ ᠥᠢᠯᠡᠰ ᠢ ᠶᠡᠭᠡᠪᠡᠷ ᠬᠥᠭᠵᠢᠬᠦᠯᠤᠨᠠ᠃ ᠮᠠᠯᠴᠢᠤᠨ ᠢ ᠰᠢᠯᠵᠢᠬᠦᠯᠬᠦ ᠪᠠ ᠬᠥᠳᠡᠯᠮᠤᠷᠢ ᠬᠥᠴᠤᠨ ᠢ ᠭᠠᠳᠠᠭᠰᠢ | ᠭᠠᠷᠭᠠᠬᠤ ᠠᠵᠢᠯ ᠢ ᠲᠣᠪᠣᠶᠢᠯᠭᠠᠨ ᠠᠤᠡᠬᠤᠵᠤ᠂ ᠮᠠᠯᠴᠢᠤᠨ ᠤᠨ ᠴᠠᠯᠢᠩ ᠤᠨ ᠴᠢᠨᠠᠷᠳᠠᠢ ᠤᠷᠤᠯᠭ᠎ᠠ ᠶᠢ ᠴᠢᠷᠮᠠᠶᠢᠨ | ᠲᠡᠭᠡᠭᠰᠢᠯᠡᠬᠦᠯᠤᠨ᠎ᠠ᠃ ᠨᠡᠭᠡᠭᠡᠯᠳᠠ ᠶᠢᠨ ᠬᠡᠯᠪᠡᠷᠢ ᠶᠢᠨ ᠶᠠᠳᠠᠭᠤ ᠶᠢ ᠲᠡᠤᠡᠬᠦᠬᠦ ᠴᠢᠭᠯᠡᠯᠳᠠ ᠶᠢ ᠪᠠᠷᠢᠮᠳᠠᠯᠠᠵᠤ᠂ ᠡᠯ᠎ᠡ | ᠵᠥᠢᠯ ᠤᠨ ᠶᠠᠳᠠᠭᠤ ᠶᠢ ᠲᠡᠤᠡᠬᠦᠨ ᠨᠡᠭᠡᠭᠡᠨ ᠬᠥᠭᠵᠢᠬᠦᠯᠬᠦ ᠲᠥᠷᠤᠯ ᠵᠥᠢᠯ ᠤᠨ ᠪᠥᠳᠤᠭᠡᠨ ᠪᠠᠶᠢᠭᠤᠯᠤᠯᠳᠠ ᠪᠠ | ᠨᠡᠶᠢᠭᠡᠮ ᠤᠨ ᠶᠠᠳᠠᠭᠤ ᠶᠢ ᠲᠡᠤᠡᠬᠦᠬᠦ ᠠᠵᠢᠯ ᠢ ᠭᠠᠵᠠᠷ ᠤᠷᠤᠨ ᠳᠠᠭᠠᠨ ᠲᠤᠬᠢᠷᠠᠭᠤᠯᠤᠨ ᠰᠠᠶᠢᠳᠤᠷ ᠬᠦᠭᠵᠢᠭᠦᠯᠵᠣ᠂ | ᠶᠠᠳᠠᠭᠤ ᠮᠠᠯᠴᠢᠤᠨ ᠤᠨ ᠥᠢᠯᠡᠤᠡᠪᠤᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠳᠠ ᠥᠭᠡᠢ ᠰᠠᠶᠢᠵᠢᠷᠠᠭᠤᠯᠤᠨ᠎ᠠ᠃ | ᠲᠤᠮᠳᠠ ᠪᠠᠭ᠎ᠠ ᠮᠠᠯᠴᠢᠨ ᠡᠷᠤᠭᠡ ᠶᠢ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠬᠤ ᠠᠰᠠᠭᠤᠳᠠᠯ ᠢ ᠬᠥᠡᠳᠤᠤᠡᠭᠡᠨ | ᠥᠵᠡᠵᠤ᠂ ᠮᠠᠯᠴᠢᠤᠨ ᠤᠨ ᠤᠷᠤᠯᠭ᠎ᠠ ᠵᠤᠬᠢᠴᠠᠩᠭᠤᠢ ᠪᠠᠷ ᠨᠡᠮᠡᠭᠳᠠᠬᠦ ᠶᠢ ᠠᠬᠢᠭᠤᠯᠤᠨ᠎ᠠ᠃ ᠮᠠᠯᠴᠢᠳ ᠤᠨ ᠬᠦᠮᠦᠨ | ᠪᠦᠷᠢ ᠳᠤ ᠳᠡᠭᠰᠢᠳᠭᠡᠭᠰᠡᠨ ᠴᠡᠪᠡᠷ ᠣᠷᠣᠯᠭ᠎ᠠ 5980 ᠲᠦᠭᠦᠷᠢᠭ ᠲᠤ ᠬᠦᠷᠭᠦ ᠶᠢ ᠪᠠᠳᠣᠯᠠᠵᠣ᠂ ᠡᠭᠦᠨᠳᠣ | ᠮᠠᠯᠵᠢᠯ ᠤᠨ ᠪᠣᠰᠣ ᠣᠷᠣᠯᠭ᠎ᠠ ᠶᠢ 2400 ᠲᠦᠭᠦᠷᠢᠭ ᠲᠤ ᠬᠦᠷᠭᠡᠭᠦ ᠪᠠᠷ ᠴᠢᠷᠮᠠᠶᠢᠨ᠎ᠠ᠃ | ︵ᠲᠥᠷᠪᠡ︶ ᠬᠥᠭᠵᠢᠯᠳᠠ ᠶᠢᠨ ᠬᠢᠵᠠᠭᠠᠷᠯᠠᠯ ᠢ ᠰᠢᠢᠤᠡᠪᠤᠷᠢᠯᠡᠬᠦ ᠪᠠᠷ | ᠭᠤᠤᠯᠳᠠᠯᠭ᠎ᠠ ᠪᠤᠯᠭᠠᠵᠤ᠂ ᠬᠤᠳᠠ ᠪᠠᠯᠭᠠᠰᠤ ᠵᠢᠴᠢ ᠰᠠᠭᠤᠷᠢ ᠲᠥᠬᠦᠭᠡᠷᠤᠮᠵᠢ | ᠶᠢᠨ ᠪᠥᠳᠤᠭᠡᠨ ᠪᠠᠶᠢᠭᠤᠯᠤᠯᠳᠠ ᠪᠠᠨ ᠣᠯᠠᠮ ᠨᠢᠭᠡ ᠠᠯᠬᠤᠮ ᠴᠢᠩᠭᠠᠳᠬᠠᠨ᠎ᠠ | ᠪᠥᠬᠦ ᠠᠶᠢᠮᠠᠭ ᠤᠨ ᠬᠤᠶᠠᠷ ᠪᠤᠯᠪᠠᠰᠤᠨ ᠤ ᠪᠥᠳᠤᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ | ᠠᠬᠤᠢ ᠲᠠᠯᠠᠪᠠᠢ ᠶᠢᠨ ᠬᠤᠷᠠᠯ ᠢ ᠲᠠᠭᠠᠭᠠᠨ ᠬᠢᠭᠦ ᠪᠠᠷ ᠠᠵᠣ ᠲᠣᠬᠢᠶᠠᠯ ᠪᠣᠯᠭᠠᠨ᠂ ᠤᠯᠠᠨ ᠵᠣᠶᠢᠯ ᠤᠨ ᠠᠷᠭ᠎ᠠ | ᠬᠡᠮᠵᠢᠶ᠎ᠠ ᠪᠠᠷ 2 ᠳ᠋ᠥᠩᠰᠢᠭᠤᠷ ᠲᠥᠬᠦᠷᠢᠭ ᠠᠴᠠ ᠳᠡᠭᠡᠭᠰᠢ ᠪᠠᠯᠠ ᠬᠤᠷᠠᠮᠳᠤᠭᠤᠯᠵᠤ᠂ ᠮᠠᠡᠳᠠᠯᠳᠤ ᠪᠠᠯᠭᠠᠰᠤᠨ ᠤ | ᠶᠡᠷᠤᠩᠬᠡᠢ ᠲᠥᠯᠤᠪᠵᠢᠬᠦᠯᠭᠡ ᠶᠤᠰᠤᠭᠠᠷ᠂ ᠬᠢᠵᠠᠭᠠᠷᠯᠠᠬᠤ ᠴᠢᠨᠠᠷ ᠲᠠᠢ ᠨᠠᠷᠢᠨ ᠲᠦᠯᠦᠪᠵᠢᠭᠦᠯᠭᠡ ᠶᠢᠨ ᠪᠥᠷᠬᠦᠴᠠ ᠶᠢ | ᠥᠷᠭᠡᠤᠡᠭᠡᠵᠤ᠂ ᠥᠷᠭᠡᠳᠭᠡᠨ ᠪᠠᠶᠢᠭᠤᠯᠬᠤ ᠲᠣᠭᠤᠷᠢᠭ ᠤᠨ ᠢᠵᠢ ᠪᠦᠷᠢᠳᠣᠭᠦᠯᠬᠦ ᠪᠥᠳᠤᠭᠡᠨ ᠪᠠᠶᠢᠭᠤᠯᠤᠯᠳᠠ ᠪᠠ | ᠲᠠᠷᠬᠠᠨ ᠵᠡᠭᠡᠯᠢ᠂ ᠮᠠᠡᠳᠤᠯᠠ ᠵᠠᠭᠡᠯᠢ ᠶᠢᠨ ᠦᠵᠡᠮᠵᠢ ᠶᠢ ᠲᠦᠯᠦᠪᠵᠢᠭᠦᠯᠣᠨ ᠦᠬᠡᠷᠡᠴᠢᠯᠡᠬᠦ ᠢᠡᠵᠢᠨᠧᠷᠢᠭ ᠢ | ᠭᠤᠤᠯᠳᠠᠯᠭ᠎ᠠ ᠲᠠᠢ ᠠᠤᠡᠬᠤᠨ᠂ ᠵᠡᠭᠡᠯᠢ ᠪᠣᠯᠭᠠᠨ᠂ ᠪᠠᠷᠢᠯᠭ᠎ᠠ ᠪᠦᠬᠦᠨ ᠥᠡᠳᠤᠰᠤᠳᠠᠨ ᠤ ᠦᠪᠡᠷᠮᠢᠴᠡ ᠤᠨᠴᠠᠯᠢᠭ ᠢ | ᠬᠦᠢᠴᠡᠳ ᠢᠯᠡᠷᠡᠭᠦᠯᠣᠨᠠ᠃ ᠪᠠᠶᠢᠰᠢᠩ ᠭᠡᠷ ᠢ ᠠᠰᠠᠷ ᠪᠣᠯᠭᠠᠨ ᠥᠭᠡᠷᠡᠴᠢᠯᠡᠬᠦ ᠪᠠ ᠪᠠᠳᠣᠯᠠᠭ᠎ᠠ ᠶᠢᠨ ᠴᠢᠨᠠᠷᠳᠠᠢ | ᠣᠷᠣᠨ ᠰᠠᠭᠤᠴᠠ ᠶᠢᠨ ᠪᠦᠳᠣᠭᠡᠨ ᠪᠠᠶᠢᠭᠤᠯᠣᠯᠳᠠ ᠶᠢ ᠭᠤᠣᠯᠳᠠᠯᠭ᠎ᠠ ᠲᠠᠢ ᠰᠠᠶᠢᠳᠣᠷ ᠠᠳᠬᠤᠵᠣ᠂ ᠰᠢᠨ᠎ᠠ ᠪᠠᠷ | ᠤᠷᠤᠨ ᠰᠠᠭᠤᠴᠠ ᠶᠢᠨ ᠠᠰᠠᠷ 5 ᠲᠦᠮᠡᠨ ᠲᠡᠭᠰᠢ ᠲᠦᠷᠪᠡᠯᠵᠢᠨ ᠮᠧᠲᠷ᠂ ᠬᠤᠳᠠᠯᠳᠤᠭᠠᠨ ᠤ ᠠᠰᠠᠷ 2 ᠲᠦᠮᠡᠨ | ᠲᠡᠭᠰᠢ ᠲᠦᠷᠪᠡᠯᠵᠢᠨ ᠮᠧᠲᠷ᠂ ᠬᠢᠮᠳᠠ ᠲᠦᠷᠢᠶᠡᠰᠦᠨ ᠬᠡᠷ 4500 ᠲᠡᠭᠰᠢ ᠲᠦᠷᠪᠡᠯᠵᠢᠨ ᠮᠧᠲᠷ᠂ ᠨᠡᠬᠦᠳᠡᠯ | ᠮᠠᠯᠴᠢᠳ ᠢ ᠰᠠᠭᠤᠷᠢᠰᠢᠭᠤᠯᠬᠤ ᠣᠷᠣᠨ ᠰᠠᠭᠤᠴᠠ 10500 ᠲᠡᠭᠰᠢ ᠲᠦᠷᠪᠡᠯᠵᠢᠨ ᠮᠧᠲᠷ ᠢ ᠪᠠᠶᠢᠭᠤᠯᠤᠨ᠎ᠠ᠃ | ᠬᠤᠳᠠ ᠪᠠᠯᠭᠠᠰᠣᠨ ᠤ ᠲᠤᠯᠠᠭᠠᠯᠠᠭ᠎ᠠ ᠬᠠᠩᠭᠠᠬᠤ᠂ ᠣᠰᠣ ᠬᠠᠩᠭᠠᠬᠤ᠂ ᠪᠣᠵᠠᠷ ᠣᠰᠣ ᠭᠠᠳᠠᠭᠰᠢᠯᠠᠭᠤᠯᠬᠤ᠂ ᠬᠤᠭ | ᠨᠤᠪᠰᠢ ᠶᠢ ᠰᠢᠢᠳᠪᠣᠷᠢᠯᠡᠬᠦ ᠪᠠ ᠵᠠᠮ ᠢ ᠰᠢᠨᠡᠤᠡᠭᠡᠨ ᠵᠠᠰᠠᠬᠤ ᠢᠡᠵᠢᠨᠧᠷᠢᠭ ᠢ ᠬᠦᠴᠣᠳᠠᠢ ᠬᠡᠷᠡᠭᠵᠢᠬᠦᠯᠵᠤ᠂ | ᠲᠤᠯᠠᠭᠠᠯᠭ᠎ᠠ ᠬᠠᠩᠭᠠᠬᠤ ᠲᠠᠯᠠᠪᠠᠢ ᠶᠢ 10 ᠲᠥᠮᠡᠨ ᠲᠡᠭᠰᠢ ᠲᠥᠷᠪᠠᠯᠵᠢᠨ ᠮᠧᠲᠷ ᠰᠢᠨ᠎ᠠ ᠪᠠᠷ ᠨᠡᠮᠡᠭᠳᠠᠬᠦᠯᠤᠨᠠ︔ | 200 ᠡᠷᠣᠭᠡ ᠶᠢᠨ ᠲᠦᠭᠡᠭᠡᠯ ᠣᠰᠣᠨ ᠤ ᠭᠤᠣᠷᠰᠣ ᠶᠢ ᠬᠠᠯᠠᠨ ᠰᠠᠶᠢᠵᠢᠷᠠᠭᠤᠯᠵᠣ᠂ 2200 ᠮᠧᠲᠷ ᠤᠨ | ᠭᠤᠣᠷᠰᠣ ᠶᠢ ᠰᠢᠨ᠎ᠠ ᠪᠠᠷ ᠲᠡᠪᠢᠰᠣᠨᠠ︔ ᠪᠣᠵᠠᠷ ᠣᠰᠣ ᠶᠢ ᠰᠢᠢᠳᠪᠣᠷᠢᠯᠡᠬᠦ ᠥᠢᠯᠡᠤᠡᠪᠤᠷᠢ ᠶᠢ 7 ᠰᠠᠷ᠎ᠠ ᠳᠤ | ᠠᠰᠢᠭᠯᠠᠯᠳᠠ ᠳᠤ ᠤᠷᠤᠭᠤᠯᠬᠤ ᠶᠢ ᠪᠠᠳᠤᠯᠠᠵᠤ᠂ ᠪᠣᠵᠠᠷ ᠣᠰᠣ ᠰᠢᠢᠳᠪᠣᠷᠢᠯᠡᠬᠦ ᠴᠢᠳᠠᠪᠣᠷᠢ ᠶᠢ ᠡᠳᠤᠷ ᠲᠤ 5000 | ᠲᠤᠨ ᠳᠤ ᠬᠦᠷᠭᠡᠨ᠎ᠠ︔ ᠬᠤᠭ ᠨᠤᠪᠰᠢ ᠶᠢ ᠰᠢᠢᠳᠪᠣᠷᠢᠯᠡᠬᠦ ᠥᠢᠯᠡᠤᠡᠪᠤᠷᠢ ᠶᠢ ᠪᠠᠶᠢᠭᠤᠯᠵᠤ᠂ ᠡᠳᠣᠷ ᠲᠤ 40 ᠲᠤᠨ | ᠬᠤᠭ ᠨᠤᠪᠰᠢ ᠶᠢ ᠰᠢᠢᠳᠪᠣᠷᠢᠯᠡᠨ᠎ᠠ︔ ᠪᠠᠯᠭᠠᠰᠣᠨ ᠳᠠᠬᠢ ᠵᠠᠮ ᠢ ᠰᠢᠨ᠎ᠠ ᠪᠠᠷ 2.1 ᠺᠢᠯᠤᠮᠧᠲᠷ ᠲᠠᠪᠢᠰᠤᠨᠠ︔ | ᠬᠠᠳᠠᠷᠠᠭᠤᠯᠣᠯᠳᠠ᠂ ᠭᠤᠶᠣᠵᠢᠭᠤᠯᠣᠯᠳᠠ᠂ ᠬᠡᠷᠡᠯᠳᠣᠭᠦᠯᠣᠯᠳᠠ ᠵᠡᠷᠭᠡ ᠢᠨᠵᠢᠨᠧᠷᠢᠭ ᠢ ᠥᠷᠭᠦᠯᠵᠢᠯᠡᠨ ᠰᠠᠶᠢᠳᠣᠷ | ᠬᠡᠷᠡᠭᠵᠢᠭᠦᠯᠵᠣ᠂ 1800 ᠲᠦᠮᠡᠨ ᠲᠦᠭᠦᠷᠢᠭ ᠤᠨ ᠪᠡᠯᠡ ᠣᠷᠣᠭᠤᠯᠵᠣ᠂ 20 ᠲᠥᠮᠡᠨ ᠲᠡᠭᠰᠢ ᠲᠥᠷᠪᠡᠯᠵᠢᠨ | ᠮᠧᠲᠷ ᠵᠠᠭᠡᠯᠢ ᠭᠤᠳᠤᠮᠵᠢ ᠶᠢ ᠬᠠᠳᠠᠭᠤᠷᠠᠭᠤᠯᠤᠨᠠ︔ 180 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠭᠤᠣᠯ | ᠪᠣᠯᠬᠤ ᠵᠡᠭᠡᠯᠢ ᠪᠠᠷ ᠡᠯ᠎ᠠ ᠲᠦᠷᠣᠯ ᠤᠨ ᠡᠪᠡᠰᠣ ᠮᠣᠳᠣ ᠲᠠᠷᠢᠵᠣ᠂ ᠬᠤᠳᠠ ᠲᠣᠭᠤᠷᠢᠭ ᠤᠨ | ᠨᠣᠭᠤᠭᠠᠷᠠᠭᠤᠯᠣᠯᠳᠠ ᠶᠢᠨ ᠲᠠᠯᠠᠪᠡᠢ ᠶᠢ ᠣᠯᠠᠮ ᠨᠢᠭᠡ ᠠᠯᠬᠤᠮ ᠥᠷᠭᠡᠳᠭᠡᠨ᠎ᠠ︔ 300 ᠲᠦᠮᠡᠨ ᠲᠦᠭᠦᠷᠢᠭ ᠤᠨ | ᠪᠡᠯᠡ ᠣᠷᠣᠭᠤᠯᠵᠣ᠂ ᠵᠡᠭᠡᠯᠢ ᠶᠢᠨ ᠦᠵᠡᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠪᠠᠷᠢᠯᠭ᠎ᠠ ᠲᠦᠭᠦᠭᠡᠷᠣᠮᠵᠢ ᠶᠢ | ᠭᠤᠶᠣᠵᠢᠭᠤᠯᠣᠨ᠎ᠠ︔ 100 ᠲᠦᠮᠡᠨ ᠲᠦᠭᠦᠷᠢᠭ ᠤᠨ ᠪᠡᠯᠡ ᠣᠷᠣᠭᠤᠯᠵᠣ᠂ ᠬᠤᠳᠠ ᠲᠣᠭᠤᠷᠢᠭ ᠤᠨ ᠵᠠᠮ ᠢ | ᠬᠡᠷᠡᠯᠳᠣᠭᠦᠯᠣᠨᠠ︔ ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ︽ᠠᠷᠠᠳ ᠲᠦᠮᠡᠨ ᠤ ᠬᠤᠳᠠ ᠪᠠᠯᠭᠠᠰᠣ ᠪᠠᠨ ᠪᠠᠶᠢᠭᠤᠯᠵᠣ᠂ ᠬᠤᠳᠠ ᠪᠠᠯᠭᠠᠰᠣ ᠪᠠᠨ ᠬᠠᠮᠢᠶᠠᠷᠬᠤ︾ ᠣᠬᠠᠭᠤᠯᠭ᠎ᠠ ᠶᠢ | ᠴᠢᠩᠭᠠᠳᠬᠠᠨ᠂ ᠣᠯᠠᠨ ᠲᠦᠮᠡᠨ ᠢ ᠲᠠᠶᠢᠴᠢᠯᠠᠨ ᠬᠤᠳᠠ ᠪᠠᠯᠭᠠᠰᠣᠨ ᠤ ᠪᠠᠶᠢᠭᠤᠯᠣᠯᠳᠠ᠂ ᠡᠵᠡᠩᠨᠡᠯᠳᠠ ᠪᠣᠯᠣᠨ | ᠬᠠᠮᠢᠶᠠᠷᠣᠯᠳᠠ ᠳᠤ ᠢᠳᠡᠪᠬᠢᠳᠠᠢ ᠪᠠᠷ ᠣᠷᠣᠯᠴᠠᠭᠤᠯᠵᠣ᠂ ᠮᠠᠨᠳᠠᠯᠳᠣ ᠪᠠᠯᠭᠠᠰᠣ ᠶᠢ ᠨᠢᠭᠡᠨ ᠥᠨᠳᠣᠰᠣᠳᠠᠨ ᠤ | ᠰᠣᠶᠣᠯ ᠤᠨ ᠣᠨᠴᠠᠯᠢᠭᠳᠣ ᠴᠡᠪᠡᠷ ᠴᠡᠮᠴᠡᠭᠡᠷ ᠬᠤᠳᠠ ᠪᠠᠯᠭᠠᠰᠣ ᠪᠣᠯᠭᠠᠨ ᠪᠦᠳᠣᠭᠡᠨ ᠪᠠᠶᠢᠭᠤᠯᠬᠤ ᠪᠠᠷ ᠴᠢᠷᠮᠠᠶᠢᠨ᠎ᠠ᠃ | ᠡᠭᠦᠨ ᠤ ᠬᠠᠮᠳᠣ᠂ ᠲᠦᠯᠣᠪᠵᠢᠭᠦᠯᠭᠡ ᠶᠣᠰᠣᠭᠠᠷ ᠪᠣᠰᠣᠳ 4 ᠰᠣᠮᠣ ᠪᠠᠯᠭᠠᠰᠣᠨ ᠤ ᠰᠠᠭᠤᠭ᠎ᠠ ᠭᠠᠵᠠᠷ ᠤᠨ ᠰᠠᠭᠤᠷᠢ | ᠪᠦᠳᠦᠭᠡᠨ ᠪᠠᠶᠢᠭᠤᠯᠣᠯᠳᠠ ᠶᠢ ᠰᠠᠶᠢᠳᠣᠷ ᠠᠳᠬᠤᠵᠣ᠂ ᠪᠠᠯᠭᠠᠰᠣᠨ ᠲᠣᠭᠤᠷᠢᠭ ᠤᠨ ᠲᠦᠷᠢ ᠲᠦᠷᠭᠦ ᠶᠢ ᠢᠳᠡᠭ | ᠢᠳᠡᠭ ᠢᠶᠠᠷ ᠰᠠᠶᠢᠵᠢᠷᠠᠭᠤᠯᠣᠨ᠎ᠠ᠃ ᠬᠤᠳᠠ ᠪᠠᠯᠭᠠᠰᠣᠨ ᠤ ᠴᠢᠨᠠᠷ ᠲᠡᠰ ᠪᠣᠯᠣᠨ ᠥᠢᠯᠡᠴᠢᠯᠡᠬᠦ ᠴᠢᠳᠡᠪᠬᠢ ᠶᠢ ᠪᠦᠬᠦ | ᠲᠠᠯ᠎ᠠ ᠪᠠᠷ ᠲᠡᠭᠡᠭᠰᠢᠯᠡᠭᠦᠯᠵᠣ᠂ ᠬᠤᠳᠠ ᠪᠠᠯᠭᠠᠰᠣᠵᠢᠯᠳᠠ ᠶᠢᠨ ᠠᠬᠢᠴᠠ ᠶᠢ ᠲᠦᠷᠭᠡᠳᠭᠡᠨ᠎ᠠ᠃ | ᠵᠠᠰᠠᠮᠠᠯ ᠵᠠᠮ᠂ ᠲᠡᠮᠤᠷ ᠵᠠᠮ ᠵᠡᠷᠬᠡ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠤ᠂ ᠴᠠᠬᠢᠯᠭᠠᠨ᠂ | ᠣᠰᠣᠨ ᠠᠰᠢᠭᠯᠠᠯᠳᠠ ᠵᠡᠷᠬᠡ ᠴᠢᠬᠤᠯᠠ ᠰᠠᠭᠤᠷᠢ ᠪᠦᠳᠦᠬᠡᠨ ᠪᠠᠶᠢᠭᠤᠯᠤᠯᠳᠠ ᠶᠢ ᠲᠡᠬᠦᠯᠳᠡᠷᠵᠢᠬᠦᠯᠦᠨ᠂ ᠬᠦᠭᠵᠢᠯᠳᠡ | ᠶᠢᠨ ᠤᠷᠴᠢᠨ ᠲᠤᠭᠤᠷᠢᠨ ᠢᠶᠠᠨ ᠣᠯᠠᠮ ᠨᠢᠭᠡ ᠠᠯᠬᠤᠮ ᠰᠢᠯᠢᠳᠡᠭᠵᠢᠭᠦᠯᠣᠨ᠎ᠠ᠃ ᠭᠠᠩ ᠭᠠᠮᠰᠢᠭ ᠢ ᠠᠷᠭᠠᠴᠠᠭᠠᠬᠤ | ᠣᠰᠣᠨ ᠤ ᠡᠬᠢ ᠰᠣᠷᠪᠣᠯᠵᠢ ᠶᠢ ᠬᠠᠶᠢᠨ ᠰᠢᠨᠵᠢᠯᠡᠬᠦ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠤ᠂ ᠣᠰᠣᠨ ᠤ | ᠡᠬᠢ ᠰᠣᠷᠪᠣᠯᠵᠢ ᠶᠢ ᠲᠡᠪᠳᠠᠨ ᠬᠡᠷᠡᠭᠯᠡᠬᠦ ᠢᠨᠵᠢᠨᠧᠷᠢᠭ ᠢ ᠠᠬᠢᠭᠤᠯᠵᠣ᠂ ᠤᠰᠤᠨ ᠤ ᠡᠬᠢ ᠪᠠᠶᠠᠯᠢᠭ ᠢ ᠪᠠᠳᠤᠯᠠᠬᠤ | ᠴᠢᠳᠠᠪᠦᠷᠢ ᠪᠠᠨ ᠲᠡᠬᠡᠭᠰᠢᠯᠡᠬᠦᠯᠦᠨ᠎ᠠ᠃ ᠰᠢᠯᠢᠩᠬᠤᠳᠠ ᠠᠴᠠ ᠡᠷᠢᠶᠡᠨ ᠬᠦᠷᠬᠦ ᠲᠡᠮᠤᠷ ᠵᠠᠮ ᠤᠨ ᠪᠦᠳᠦᠬᠡᠨ | ᠪᠠᠶᠢᠭᠤᠯᠤᠯᠳᠠ ᠶᠢ ᠢᠳᠡᠪᠬᠢᠳᠠᠢ ᠬᠠᠮᠵᠢᠯᠴᠠᠨ ᠠᠬᠢᠭᠤᠯᠵᠤ᠂ ᠬᠠᠷᠠᠭᠠᠳᠤ ᠶᠢᠨ ᠰᠦᠮ᠎ᠠ ᠠᠴᠠ ᠪᠠᠶ᠋ᠬᠠᠦ᠋ᠨᠳᠤᠷ ᠬᠦᠷᠬᠦ | ᠬᠢᠯᠢ ᠶᠢᠨ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢ ᠪᠡᠶᠡᠯᠡᠭᠦᠯᠬᠦ ᠪᠠᠷ ᠴᠢᠷᠮᠠᠶᠢᠵᠣ᠂ | ᠪᠠᠶᠠᠨᠰᠢᠭᠤᠢ ᠵᠡᠷᠭᠡ ᠭᠠᠴᠠᠭᠠᠨ ᠳᠤ ᠨᠡᠪᠳᠡᠷᠡᠬᠦ ᠲᠦᠷᠪᠡᠨ ᠵᠣᠷᠪᠣᠰ ᠬᠠᠶᠢᠷ ᠴᠢᠯᠠᠭᠤᠨ ᠵᠠᠮ ᠢ ᠨᠡᠪᠳᠡᠷᠡᠭᠦᠯᠣᠨᠠ᠃ | ᠴᠠᠬᠢᠯᠭᠠᠨ ᠬᠦᠴᠣ ᠪᠠ ᠴᠢᠮᠡᠭᠡ ᠬᠤᠯᠪᠤᠭᠠᠨ ᠤ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠢᠳᠡᠪᠬᠢᠳᠠᠢ | ᠲᠦᠯᠬᠢᠨ ᠠᠬᠢᠭᠤᠯᠵᠤ᠂ ᠮᠠᠨᠳᠠᠯᠳᠤ ᠪᠠᠯᠭᠠᠰᠤ ᠠᠴᠠ ᠴᠠᠭᠠᠠᠨᠠᠭᠤᠷ᠂ ᠮᠠᠨᠳᠠᠯᠳᠤ ᠪᠠᠯᠭᠠᠰᠤ ᠠᠴᠠ ᠪᠠᠶᠠᠠᠪᠤᠯᠤᠳ ᠬᠦᠷᠬᠦ | 2 ᠰᠠᠣᠷᠢ 35 ᠺᠢᠯᠣᠸᠣᠯᠲ ᠶᠢᠨ ᠬᠦᠴᠦᠳᠡᠯ ᠬᠤᠪᠢᠰᠬᠠᠬᠤ ᠢᠨᠵᠢᠨᠧᠷᠢᠭ ᠪᠠ 35 ᠰᠠᠤᠷᠢ ᠴᠢᠮᠡᠭᠡ ᠬᠤᠯᠪᠤᠭᠠᠨ ᠤ | ᠰᠠᠭᠤᠷᠢ ᠦᠷᠳᠡᠭᠡ ᠶᠢ ᠪᠠᠶᠢᠭᠤᠯᠬᠤ ᠡᠬᠦᠷᠬᠡ ᠶᠢ ᠪᠡᠶᠡᠯᠡᠬᠦᠯᠦᠨ᠂ ᠠᠵᠤ ᠠᠬᠤᠢ ᠶᠢᠨ ᠬᠦᠭᠵᠢᠯᠳᠡ ᠳᠤ ᠤᠬᠢ ᠰᠠᠶᠢᠨ | ᠰᠠᠭᠤᠷᠢ ᠨᠦᠬᠦᠴᠡᠯ ᠡᠭᠦᠳᠴᠣ ᠥᠭᠬᠦ ᠪᠠᠷ ᠴᠢᠷᠮᠠᠶᠢᠨ᠎ᠠ᠃ | ︵ᠲᠠᠪᠤ︶ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ | ᠬᠤᠪᠢᠷᠠᠭᠤᠯᠬᠤ ᠪᠠᠷ ᠬᠠᠷᠠᠯᠳᠠ ᠪᠣᠯᠭᠠᠵᠣ᠂ ᠭᠤᠷᠪᠠᠳᠤᠭᠠᠷ ᠠᠵᠤ ᠦᠢᠯᠡᠰ ᠤᠨ | ᠬᠦᠭᠵᠢᠯᠳᠡ ᠶᠢᠨ ᠬᠢᠷᠢ ᠲᠦᠪᠰᠢᠨ ᠢ ᠣᠯᠠᠮ ᠨᠢᠭᠡ ᠠᠯᠬᠤᠮ ᠲᠡᠬᠡᠭᠰᠢᠯᠡᠬᠦᠯᠦᠨ᠎ᠠ | ᠰᠢᠯᠢᠳᠡᠭ ᠤᠨᠴᠠᠯᠢᠭᠳᠤ ᠠᠵᠤ ᠦᠢᠯᠡᠰ ᠤᠨ ᠲᠦᠪᠯᠡᠷᠡᠯ ᠪᠣᠯᠣᠨ ᠡᠯᠧᠮᠧᠨ᠋ᠲ ᠶᠢ ᠢᠵᠢ ᠪᠦᠷᠢᠳᠣᠭᠦᠯᠬᠦ ᠶᠢᠨ | ᠲᠤᠭᠤᠷᠢᠨ ᠳᠤ᠂ ᠵᠠᠰᠠᠭ ᠤᠨ ᠤᠷᠳᠤᠨ ᠤ ᠲᠦᠯᠦᠪᠵᠢᠭᠦᠯᠬᠦ᠂ ᠵᠤᠬᠢᠶᠠᠨ ᠪᠠᠶᠢᠭᠤᠯᠬᠤ᠂ ᠵᠢᠯᠤᠭᠤᠳᠤᠨ ᠲᠠᠭᠠᠭᠤᠯᠬᠤ᠂ | ᠲᠡᠮᠵᠢᠨ ᠲᠣᠰᠠᠯᠠᠬᠤ ᠪᠠ ᠬᠢᠨᠠᠨ ᠬᠠᠮᠢᠶᠠᠷᠬᠤ ᠦᠢᠯᠡᠳᠦᠯ ᠢ ᠴᠢᠩᠭᠠᠳᠬᠠᠨ᠂ ᠵᠠᠬ᠎ᠠ ᠲᠡᠯᠬᠡᠬᠦᠷᠵᠢᠯᠳᠡ᠂ ᠠᠵᠤ | ᠦᠢᠯᠡᠰᠵᠢᠬᠦᠯᠦᠯᠳᠡ ᠪᠠ ᠵᠤᠬᠢᠶᠠᠨ ᠪᠠᠶᠢᠭᠤᠯᠵᠢᠭᠤᠯᠣᠯᠳᠠ ᠶᠢᠨ ᠬᠡᠮᠵᠢᠶ᠎ᠠ ᠪᠠᠨ ᠲᠡᠬᠡᠭᠰᠢᠯᠡᠬᠦᠯᠵᠤ᠂ ᠭᠤᠷᠪᠠᠳᠤᠭᠠᠷ | ᠠᠵᠤ ᠦᠢᠯᠡᠰ ᠤᠨ ᠶᠡᠷᠦᠩᠬᠡᠢ ᠬᠡᠮᠵᠢᠶ᠎ᠠ ᠶᠢ ᠴᠢᠷᠮᠠᠶᠢᠨ ᠥᠷᠭᠡᠳᠭᠡᠵᠣ᠂ ᠠᠵᠤ ᠠᠬᠤᠢ ᠶᠢᠨ ᠪᠦᠳᠦᠴᠡ ᠶᠢ ᠤᠯᠠᠮ | ᠨᠢᠬᠡ ᠠᠯᠬᠤᠮ ᠰᠢᠯᠢᠳᠡᠭᠵᠢᠬᠦᠯᠵᠤ᠂ ᠠᠵᠢᠯ ᠤᠯᠭᠤᠬᠤ ᠶᠢ ᠥᠷᠭᠡᠳᠭᠡᠬᠦ ᠳᠤ ᠰᠠᠭᠤᠷᠢ ᠲᠠᠯᠪᠢᠨ᠎ᠠ᠃ | ᠪᠤᠳᠠᠰ ᠤᠨ ᠬᠦᠢᠯᠬᠡᠬᠡ ᠪᠠ ᠵᠢᠭᠤᠯᠴᠢᠯᠡᠯ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠪᠤᠳᠠᠰ ᠤᠨ | ᠬᠦᠢᠯᠬᠡᠬᠡ ᠶᠢᠨ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠡ ᠳᠤ ᠦᠵᠡᠭᠦᠯᠬᠦ ᠴᠢᠬᠤᠯᠠ ᠶᠡᠭᠡ | ᠲᠦᠯᠬᠢᠴᠡ ᠦᠢᠯᠡᠳᠦᠯ ᠢ ᠲᠡᠭᠡᠳᠣ ᠬᠡᠮᠵᠢᠶ᠎ᠠ ᠪᠠᠷ ᠬᠦᠨᠳᠦᠳᠬᠡᠨ᠂ ᠪᠦᠬᠦ ᠬᠤᠰᠢᠭᠤᠨ ᠤ ᠡᠬᠢ ᠪᠠᠶᠠᠯᠢᠭ ᠤᠨ | ᠲᠠᠪᠠᠭᠤᠯᠢᠭ ᠪᠠ ᠲᠠᠰᠤᠷᠠᠯᠳᠠ ᠦᠬᠡᠢ ᠰᠢᠯᠢᠳᠡᠭᠵᠢᠵᠣ ᠪᠠᠶᠢᠭ᠎ᠠ ᠵᠠᠮ ᠰᠦᠯᠵᠢᠶᠠᠡ ᠤ ᠪᠦᠳᠣᠴᠠ ᠳᠤ ᠲᠦᠰᠢᠭᠯᠡᠵᠤ᠂ | ᠪᠦᠬᠦ ᠠᠶᠢᠮᠠᠭ ᠤᠨ ᠪᠤᠳᠠᠰ ᠤᠨ ᠬᠦᠢᠯᠭᠡᠭᠡᠨ ᠤ ᠲᠦᠯᠦᠪᠵᠢᠬᠦᠯᠬᠡ ᠶᠢᠨ ᠱᠠᠭᠠᠷᠳᠠᠯᠭ᠎ᠠ ᠶᠤᠰᠤᠭᠠᠷ᠂ ᠮᠠᠨ ᠤ | ᠬᠤᠰᠢᠭᠤᠨ ᠤ ᠪᠤᠳᠠᠰ ᠤᠨ ᠬᠦᠢᠯᠭᠡᠭᠡᠨ ᠤ ᠥᠢᠯᠡᠰ ᠤᠨ ᠬᠦᠭᠵᠢᠯᠳᠠ ᠪᠠᠨ ᠢᠳᠡᠭ ᠢᠳᠡᠭ ᠢᠶᠠᠷ ᠲᠦᠷᠢᠮᠵᠢᠬᠦᠯᠵᠤ᠂ | ᠵᠠᠮ ᠬᠠᠷᠢᠯᠴᠠᠭ᠎ᠠ ᠪᠤᠳᠠᠰ ᠤᠨ ᠬᠦᠢᠯᠭᠡᠭᠡᠨ ᠤ ᠠᠵᠣ ᠠᠬᠤᠶᠢᠯᠡᠯ ᠤᠨ ᠭᠠᠵᠠᠷ ᠣᠷᠣᠨᠴᠢᠯᠠᠯᠳᠠ ᠶᠢ ᠪᠡᠶᠡᠯᠡᠭᠦᠯᠣᠨ᠎ᠠ᠃ | ᠦᠨᠦ ᠵᠢᠯ ᠪᠤᠳᠠᠰ ᠤᠨ ᠬᠦᠢᠯᠭᠡᠭᠡᠨ ᠤ ᠲᠦᠪ ᠢ 1 ᠪᠠᠶᠢᠭᠤᠯᠣᠨ᠎ᠠ᠃ ᠵᠢᠭᠤᠯᠴᠢᠯᠠᠯ ᠤᠨ ᠥᠢᠯᠡᠰ ᠢ ᠣᠬᠠᠭᠤᠯᠣᠨ | ᠠᠬᠢᠭᠤᠯᠬᠤ ᠠᠵᠢᠯ ᠢ ᠴᠢᠩᠭᠠᠳᠬᠠᠵᠤ᠂ ︽ᠨᠢᠬᠡ ᠴᠢᠭ᠂ ᠭᠤᠷᠪᠠᠨ ᠱᠤᠭᠤᠮ︾ ︵ᠮᠠᠨᠳᠠᠯᠳᠤ ᠪᠠᠯᠭᠠᠰᠤ ᠪᠠᠷ ᠲᠦᠪ | ᠪᠤᠯᠭᠠᠵᠤ᠂ ᠡᠮᠦᠨ᠎ᠠ ᠱᠤᠭᠤᠮ ᠨᠢ ᠨᠦᠬᠦᠰ ᠤᠨ ᠭᠤᠤᠯ ᠤᠨ ᠦᠵᠡᠮᠵᠢ ᠶᠢᠨ ᠤᠷᠤᠨ᠂ ᠪᠠᠶᠠᠠᠨᠠᠭᠤᠷ ᠪᠠᠯᠭᠠᠰᠤᠨ ᠤ | ᠡᠯᠡᠰᠤᠨ ᠪᠦᠷᠢᠳᠤ ᠪᠠᠷ ᠭᠤᠤᠯ ᠪᠤᠯᠭᠠᠨ᠎ᠠ︔ ᠲᠤᠮᠳᠠ ᠱᠤᠭᠤᠮ ᠨᠢ ᠰᠦᠨᠢᠳ ᠮᠦᠽᠸᠢ᠂ ᠴᠠᠭᠠᠨ ᠬᠡᠬᠡᠨ ᠤ | ᠲᠤᠷᠠᠰᠬᠠᠯ ᠤᠨ ᠤᠷᠳᠤᠨ᠂ ᠲᠠᠮᠠᠭᠠᠳᠤ ᠬᠠᠳᠠ ᠪᠠᠷ ᠭᠤᠤᠯ ᠪᠤᠯᠭᠠᠨ᠎ᠠ︔ ᠬᠤᠶᠢᠳᠤ ᠱᠤᠭᠤᠮ ᠨᠢ ᠪᠤᠳᠠᠷ ᠬᠠᠳᠠ᠂ | ᠬᠤᠩᠭᠤᠷ ᠤᠨ ᠬᠠᠳᠠᠨ ᠵᠢᠷᠤᠭ᠂ ᠴᠠᠭᠠᠬᠤᠪᠤᠭ᠎ᠠ ᠰᠦᠮ᠎ᠠ ᠪᠠᠷ ᠭᠤᠤᠯ ᠪᠤᠯᠭᠠᠨ᠎ᠠ︶ ᠵᠢᠭᠤᠯᠴᠢᠯᠠᠯ ᠤᠨ | ᠲᠦᠯᠦᠪᠵᠢᠬᠦᠯᠬᠡ ᠶᠢᠨ ᠲᠤᠭᠤᠷᠢᠨ ᠳᠤ᠂ ᠠᠵᠤ ᠠᠬᠤᠶᠢᠯᠠᠯ᠂ ᠬᠤᠪᠢ ᠬᠦᠮᠦᠨ ᠤ ᠪᠡᠯᠡ ᠤᠷᠤᠭᠤᠯᠤᠨ ᠵᠢᠭᠤᠯᠴᠢᠯᠠᠯ | ᠤᠨ ᠲᠦᠷᠦᠯ ᠵᠦᠢᠯ ᠢ ᠨᠡᠬᠡᠬᠡᠨ ᠬᠦᠭᠵᠢᠬᠦᠯᠬᠦ ᠶᠢ ᠵᠤᠷᠢᠭᠵᠢᠭᠤᠯᠤᠨ᠂ ᠦᠵᠡᠮᠵᠢ ᠶᠢᠨ ᠤᠷᠤᠨ᠂ ᠦᠵᠡᠮᠵᠢ ᠶᠢᠨ | ᠴᠢᠭ ᠤᠨ ᠪᠦᠳᠣᠭᠡᠨ ᠪᠠᠶᠢᠭᠤᠯᠣᠯᠳᠠ ᠶᠢ ᠠᠳᠬᠤᠵᠤ᠂ ᠪᠦᠬᠦ ᠠᠶᠢᠮᠠᠭ ᠤᠨ ︽ᠵᠢᠷᠭᠠᠯᠠᠩᠳᠤ ᠲᠠᠯ᠎ᠠ — ᠰᠢᠯᠢ ᠶᠢᠨ | ᠭᠤᠤᠯ︾ ᠵᠢᠭᠤᠯᠴᠢᠯᠠᠯ ᠤᠨ ᠨᠡᠷᠡᠳᠤ ᠲᠡᠮᠳᠡᠭ ᠢ ᠡᠬᠦᠳᠬᠦ ᠬᠦᠳᠡᠯᠬᠡᠬᠡᠨ ᠳᠤ ᠢᠳᠡᠪᠬᠢᠯᠡᠨ ᠣᠷᠣᠯᠴᠠᠵᠣ᠂ ᠪᠦᠬᠦ | ᠬᠤᠰᠢᠭᠤᠨ ᠤ ᠵᠢᠭᠤᠯᠴᠢᠯᠡᠯ ᠤᠨ ᠦᠢᠯᠡᠰ ᠰᠢᠨ᠎ᠠ ᠬᠦᠭᠵᠢᠯᠳᠡ ᠲᠠᠢ ᠪᠣᠯᠬᠤ ᠶᠢ ᠠᠬᠢᠭᠤᠯᠣᠨ᠎ᠠ᠃ | ᠣᠳᠣᠬᠢᠴᠢᠯᠠᠭᠰᠠᠨ ᠦᠢᠯᠡᠴᠢᠯᠡᠭᠡ ᠪᠠ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠦᠭᠵᠢᠯᠳᠡ ᠶᠢ | ᠠᠬᠢᠭᠤᠯᠤᠨ᠎ᠠ᠃ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠵᠤᠷᠢᠭᠵᠢᠭᠤᠯᠬᠤ ᠪᠠ ᠨᠡᠶᠢᠳᠠ ᠶᠢᠨ ᠪᠤᠰᠤ | ᠥᠮᠴᠢᠯᠡᠯᠳᠣ ᠠᠵᠤ ᠠᠬᠤᠢ ᠶᠢᠨ ᠬᠦᠭᠵᠢᠯᠳᠡ ᠶᠢ ᠳᠡᠮᠵᠢᠬᠦ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ ᠶᠢ ᠨᠠᠷᠢᠨ | ᠬᠢᠨᠠᠮᠠᠭᠠᠢ ᠨᠠᠶᠢᠳᠠᠪᠦᠷᠢᠵᠢᠭᠤᠯᠵᠤ᠂ ᠠᠷᠠᠯᠵᠢᠶ᠎ᠠ ᠬᠤᠳᠠᠯᠳᠤᠭ᠎ᠠ ᠢᠳᠡᠬᠡᠨ ᠤᠮᠳᠠᠭᠠᠨ ᠢᠶᠠᠷ ᠭᠤᠣᠯᠳᠠᠯᠭ᠎ᠠ ᠪᠣᠯᠭᠠᠭᠰᠠᠨ | ᠤᠯᠠᠮᠵᠢᠯᠠᠯᠳᠤ ᠦᠢᠯᠡᠴᠢᠯᠡᠬᠡᠨ ᠤ ᠦᠢᠯᠡᠰ ᠪᠠ ᠮᠦᠩᠬᠦᠨ ᠬᠦᠢᠯᠬᠡᠬᠡ᠂ ᠰᠤᠷᠠᠭ ᠵᠠᠩᠬᠢ᠂ ᠵᠠᠭᠤᠴᠢ ᠦᠢᠯᠡᠴᠢᠯᠡᠭᠡ | ᠪᠠᠷ ᠭᠤᠣᠯᠳᠠᠯᠭ᠎ᠠ ᠪᠣᠯᠭᠠᠭᠰᠠᠨ ᠰᠢᠨ᠎ᠠ ᠮᠠᠶ᠋ᠢᠭ ᠤᠨ ᠦᠢᠯᠡᠴᠢᠯᠡᠬᠡᠨ ᠤ ᠦᠢᠯᠡᠰ ᠢ ᠲᠦᠷᠭᠡᠳᠭᠡᠨ ᠬᠦᠭᠵᠢᠭᠦᠯᠵᠣ᠂ | ᠲᠣᠮᠣ ᠲᠣᠮᠳᠠ ᠬᠡᠯᠪᠡᠷᠢ ᠶᠢᠨ ᠬᠡᠳᠣ ᠲᠡᠯᠭᠡᠭᠦᠷ᠂ ᠲᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠲᠡᠯᠭᠡᠭᠦᠷ ᠪᠣᠯᠣᠨ | ᠡᠳᠣᠷ ᠲᠣᠳᠣᠮ ᠤᠨ ᠬᠡᠷᠡᠭᠯᠡᠭᠡᠨ ᠤ ᠪᠣᠳᠠᠰ ᠢ ᠵᠣᠬᠢᠴᠠᠭᠤᠯᠣᠨ ᠬᠦᠷᠭᠡᠭᠦ ᠲᠦᠪ ᠵᠡᠷᠭᠡ ᠲᠦᠷᠣᠯ ᠵᠣᠶᠢᠯ ᠤᠨ | ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠨ᠎ᠠ᠃ ᠮᠠᠯᠵᠢᠬᠤ ᠤᠷᠤᠨ ᠤ ᠬᠡᠷᠡᠭᠯᠡᠬᠡᠨ ᠤ ᠵᠠᠬ᠎ᠠ | ᠲᠡᠯᠬᠡᠬᠦᠷ ᠢ ᠢᠳᠡᠪᠬᠢᠳᠠᠢ ᠨᠡᠭᠡᠭᠡᠵᠣ᠂ ︽ᠲᠦᠮᠡᠨ ᠲᠤᠰᠬᠤᠨ ︵ᠭᠠᠴᠠᠭ᠎ᠠ︶ ᠮᠢᠩᠭᠠᠨ ᠰᠢᠶᠠᠩ ︵ᠰᠣᠮᠣ ᠪᠠᠯᠭᠠᠰᠣ︶ | ︾ ᠪᠠ ︽ᠬᠡᠷ ᠤᠨ ᠴᠠᠬᠢᠯᠭᠠᠨ ᠬᠡᠷᠡᠭᠰᠡᠯ ᠢ ᠬᠦᠳᠡᠭᠡ ᠪᠠᠭᠤᠯᠭᠠᠬᠤ︾ ᠢᠨᠵᠢᠨᠧᠷᠢᠭ ᠢ ᠬᠦᠨᠵᠡᠬᠡᠢ ᠬᠡᠷᠡᠭᠵᠢᠭᠦᠯᠣᠨ᠎ᠠ᠃ | ᠬᠠᠩᠭᠠᠨ ᠪᠣᠷᠣᠯᠠᠭᠤᠯᠬᠤ ᠰᠢᠰᠲ᠋ᠧᠮ ᠤᠨ ᠰᠢᠨ᠎ᠠ ᠮᠠᠯᠵᠢᠬᠤ ᠣᠷᠣᠨ ᠤ ᠣᠳᠣᠬᠢᠴᠢᠯᠠᠭᠰᠠᠨ ᠥᠢᠯᠡᠴᠢᠯᠡᠭᠡᠨ ᠤ | ᠢᠨᠵᠢᠨᠧᠷᠢᠭ ᠤᠨ ᠪᠡᠯᠡ ᠮᠦᠩᠬᠦ ᠶᠢ ᠰᠠᠶᠢᠳᠣᠷ ᠠᠰᠢᠭᠯᠠᠵᠣ᠂ ︽ᠰᠢᠨ᠎ᠠ ᠰᠦᠯᠵᠢᠶᠠᠨ ᠤ ᠢᠨᠵᠢᠨᠧᠷᠢᠭ︾ ᠤᠨ | ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠦᠪᠡᠷᠳᠡᠬᠡᠨ ᠵᠠᠰᠠᠬᠤ ᠤᠷᠤᠨ ᠤ ︽ᠲᠤᠮᠳᠠ ᠵᠢᠵᠢᠭ ᠠᠵᠤ | ᠠᠬᠤᠶᠢᠯᠠᠯ ᠤᠨ ᠬᠦᠭᠵᠢᠯᠳᠡ ᠶᠢ ᠤᠯᠠᠮ ᠨᠢᠬᠡ ᠠᠯᠬᠤᠮ ᠠᠬᠢᠭᠤᠯᠬᠤ ᠲᠤᠬᠠᠢ ᠰᠠᠨᠠᠯ︾ ᠢ ᠨᠠᠷᠢᠨ ᠬᠢᠨᠠᠮᠠᠭᠠᠢ | ᠲᠤᠤᠱᠯᠠᠭᠤᠯᠤᠨ ᠨᠠᠶᠢᠳᠠᠪᠦᠷᠢᠵᠢᠭᠤᠯᠵᠤ᠂ ᠬᠤᠰᠢᠭᠤ ᠭᠠᠵᠠᠷ ᠰᠢᠷᠣᠢ᠂ ᠥᠢᠯᠡᠳᠪᠣᠷᠢ ᠬᠤᠳᠠᠯᠳᠤᠭ᠎ᠠ ᠪᠣᠯᠣᠨ | ᠭᠠᠶᠢᠯᠢ ᠶᠢᠨ ᠶᠠᠪᠣᠳᠠᠯ ᠵᠡᠷᠭᠡ ᠰᠠᠯᠠᠭ᠎ᠠ ᠮᠦᠴᠢᠷ ᠢᠵᠢ ᠪᠦᠷᠢᠳᠦᠭᠰᠡᠨ ᠲᠦᠷᠣ ᠶᠢᠨ ᠪᠣᠳᠣᠯᠭ᠎ᠠ ᠶᠢ ᠣᠯᠠᠮ ᠨᠢᠭᠡ | ᠠᠯᠬᠤᠮ ᠨᠠᠷᠢᠯᠢᠭᠵᠢᠭᠤᠯᠵᠣ᠂ ᠲᠣᠮᠳᠠ ᠪᠠᠭ᠎ᠠ ᠠᠵᠣ ᠠᠬᠤᠶᠢᠯᠡᠯ ᠢ ᠳᠡᠮᠵᠢᠬᠦ ᠬᠦᠴᠣᠯᠡᠴᠠ ᠪᠠᠨ ᠦᠨᠡᠨᠬᠦ | ᠴᠢᠩᠭᠠᠳᠬᠠᠨ᠂ ᠪᠦᠬᠦ ᠬᠤᠰᠢᠭᠤᠨ ᠤ ᠠᠷᠠᠳ ᠠᠴᠠ ᠡᠵᠡᠩᠨᠡᠭᠰᠡᠨ ᠠᠵᠣ ᠠᠬᠤᠢ ᠶᠢᠨ ᠲᠦᠷᠭᠡᠨ ᠬᠦᠭᠵᠢᠯᠳᠠ ᠶᠢ | ᠠᠬᠢᠭᠤᠯᠵᠣ᠂ ᠬᠤᠳᠠ ᠬᠦᠳᠡᠭᠡ ᠶᠢᠨ ᠬᠦᠳᠡᠯᠮᠦᠷᠢ ᠬᠦᠴᠦᠨ ᠢ ᠲᠠᠶᠢᠴᠢᠯᠠᠨ᠂ ᠬᠦᠢᠴᠡᠳ ᠠᠵᠢᠯ ᠤᠯᠭᠤᠵᠤ | ᠤᠷᠤᠯᠭ᠎ᠠ ᠶᠢ ᠨᠢ ᠨᠡᠮᠡᠭᠳᠡᠬᠦᠯᠦᠨ᠎ᠠ᠃ | ᠡᠳ᠋ ᠤᠨ ᠵᠠᠰᠠᠭ ᠭᠠᠶᠢᠯᠢ ᠶᠢᠨ ᠶᠠᠪᠣᠳᠠᠯ ᠪᠣᠯᠣᠨ ᠮᠦᠩᠬᠦᠨ ᠬᠦᠢᠯᠬᠡᠬᠡᠨ ᠤ ᠦᠢᠯᠡᠰ ᠤᠨ ᠬᠦᠭᠵᠢᠯᠳᠡ ᠶᠢ | ᠠᠬᠢᠭᠤᠯᠤᠨ᠎ᠠ᠃ ᠥᠨᠣ ᠵᠢᠯ ᠤᠨ ᠡᠳ᠋ ᠤᠨ ᠵᠠᠰᠠᠭ ᠭᠠᠶᠢᠯᠢ ᠶᠢᠨ ᠶᠠᠪᠣᠳᠠᠯ ᠤᠨ ᠭᠤᠣᠯᠳᠠᠯᠭ᠎ᠠ ᠪᠣᠯ ︽ᠣᠷᠣᠯᠭ᠎ᠠ ᠶᠢ | ᠨᠡᠮᠡᠭᠳᠡᠭᠦᠯᠵᠣ᠂ ᠵᠠᠷᠣᠯᠭ᠎ᠠ ᠶᠢ ᠠᠷᠪᠢᠯᠠᠨ᠂ ᠭᠤᠣᠯᠳᠠᠯᠭ᠎ᠠ ᠶᠢ ᠪᠠᠳᠣᠯᠠᠬᠤ︾ ᠶᠠᠪᠣᠳᠠᠯ ᠪᠣᠯᠣᠨ᠎ᠠ᠂ ᠲᠣᠭᠳᠠᠭᠠᠯ | ᠶᠣᠰᠣᠭᠠᠷ ᠬᠤᠷᠢᠶᠠᠬᠤ ᠵᠣᠬᠢᠰᠳᠠᠢ ᠭᠠᠶᠢᠯᠢ ᠶᠢ ᠪᠦᠬᠦᠨ ᠢ ᠬᠤᠷᠢᠶᠠᠨ᠂ ᠭᠤᠣᠯᠳᠠᠯᠭ᠎ᠠ ᠲᠠᠢ ᠭᠠᠶᠢᠯᠢ ᠶᠢᠨ | ᠢᠷᠡᠯᠳᠠ ᠶᠢᠨ ᠬᠠᠮᠢᠶᠠᠷᠣᠯᠳᠠ ᠶᠢ ᠴᠢᠩᠭᠠᠳᠬᠠᠵᠣ᠂ ᠣᠷᠣᠯᠠᠨ ᠬᠤᠷᠢᠶᠠᠬᠤ᠂ ᠣᠷᠣᠯᠠᠨ ᠰᠠᠭᠤᠯᠭᠠᠵᠣ ᠠᠪᠬᠤ | ᠲᠦᠷᠢᠮ ᠢ ᠲᠡᠭᠦᠯᠳᠡᠷᠵᠢᠭᠦᠯᠣᠨ᠂ ᠬᠤᠪᠢ ᠶᠢᠨ ᠲᠠᠷᠬᠠᠢ ᠪᠤᠳᠠᠷᠬᠠᠢ ᠭᠠᠶᠢᠯᠢ ᠶᠢ ᠴᠡᠪᠡᠷᠯᠡᠨ ᠴᠡᠭᠴᠡᠯᠡᠵᠣ᠂ ᠭᠠᠶᠢᠯᠢ | ᠶᠢᠨ ᠶᠠᠪᠤᠳᠠᠯ ᠤᠨ ᠪᠠᠶᠢᠴᠠᠭᠠᠯᠳᠠ ᠪᠠᠨ ᠴᠢᠩᠭᠠᠳᠬᠠᠨ᠂ ᠨᠣᠭᠳᠠᠬᠤ ᠭᠠᠶᠢᠯᠢ ᠶᠢ ᠬᠠᠷᠭᠤᠭᠤᠯᠣᠨ᠂ ᠲᠤᠳᠠᠭᠳᠠᠯ ᠢ | ᠨᠦᠬᠦᠪᠣᠷᠢᠯᠡᠵᠣ᠂ ᠡᠳ᠋ ᠤᠨ ᠵᠠᠰᠠᠭ ᠤᠨ ᠤᠷᠤᠯᠭ᠎ᠠ ᠶᠢᠨ ᠲᠤᠭᠳᠠᠭᠤᠨ ᠢᠶᠠᠷ ᠨᠡᠮᠡᠭᠳᠡᠬᠦ ᠶᠢ ᠪᠠᠳᠣᠯᠠᠵᠣ᠂ ᠭᠠᠶᠢᠯᠢ ᠶᠢᠨ | ᠶᠠᠪᠣᠳᠠᠯ ᠤᠨ ᠰᠠᠯᠠᠭ᠎ᠠ ᠮᠦᠴᠢᠷ ᠤᠨ ᠬᠦᠮᠦᠷᠭᠡᠯᠡᠬᠦ ᠭᠠᠶᠢᠯᠢ ᠶᠢᠨ ᠬᠡᠮᠵᠢᠶ᠎ᠠ ᠶᠢ 2.1 ᠳ᠋ᠦᠩᠰᠢᠭᠤᠷ ᠲᠦᠬᠦᠷᠢᠭ ᠲᠤ | ᠬᠦᠷᠭᠡᠭᠦ ᠪᠠᠷ ᠴᠢᠷᠮᠠᠶᠢᠨ᠎ᠠ᠃ ᠠᠷᠪᠢᠴᠢ ᠪᠣᠷᠣᠭᠵᠢᠭᠤᠨ ᠢᠶᠠᠷ ᠠᠵᠢᠯ ᠪᠠᠨ ᠥᠷᠨᠢᠭᠦᠯᠬᠦ ᠦᠵᠡᠯ ᠰᠠᠨᠠᠭ᠎ᠠ ᠶᠢ ᠪᠣᠢ | ᠪᠣᠯᠭᠠᠵᠣ᠂ ᠡᠩ ᠤᠨ ᠵᠠᠷᠣᠯᠭ᠎ᠠ ᠶᠢ ᠴᠢᠩᠭ᠎ᠠ ᠬᠢᠵᠠᠭᠠᠷᠯᠠᠵᠣ᠂ ᠠᠯᠪᠠᠨ ᠵᠠᠷᠣᠳᠠᠯ ᠢ ᠪᠠᠭᠠᠰᠬᠠᠬᠤ ᠪᠠ ᠠᠷᠪᠢᠯᠠᠨ᠂ | ᠵᠠᠰᠠᠭ ᠤᠨ ᠣᠷᠳᠣᠨ ᠤ ᠬᠤᠳᠠᠯᠳᠣᠨ ᠠᠪᠬᠤ ᠲᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠣ᠂ ᠡᠳ᠋ ᠤᠨ ᠵᠠᠰᠠᠭ ᠤᠨ | ᠪᠡᠯᠠ ᠮᠦᠩᠬᠦ ᠶᠢ ᠲᠦᠪᠯᠡᠷᠡᠭᠦᠯᠣᠨ ᠶᠡᠭᠡ ᠣᠴᠢᠷ ᠢ ᠪᠦᠳᠦᠭᠡᠵᠣ᠂ ᠰᠤᠷᠭᠠᠨ ᠬᠦᠮᠦᠵᠢᠯ᠂ ᠡᠮ ᠡᠮᠨᠡᠯᠬᠡ ᠡᠷᠡᠬᠦᠯ | ᠬᠠᠮᠠᠭᠠᠯᠠᠯ᠂ ᠨᠡᠶᠢᠬᠡᠮ ᠤᠨ ᠪᠠᠳᠤᠯᠠᠭ᠎ᠠ ᠵᠡᠷᠬᠡ ᠠᠷᠠᠳ ᠤᠨ ᠠᠮᠢᠳᠤᠷᠠᠯ ᠤᠨ ᠬᠦᠷᠢᠶ᠎ᠠ ᠪᠠ ᠪᠠᠭᠤᠷᠠᠢ ᠭᠤᠭᠴᠤᠭ᠎ᠠ ᠶᠢ | ᠲᠡᠮᠵᠢᠬᠦ ᠬᠦᠴᠦᠯᠡᠴᠡ ᠪᠠᠨ ᠭᠤᠣᠯᠳᠠᠯᠭ᠎ᠠ ᠲᠠᠢ ᠴᠢᠩᠭᠠᠳᠬᠠᠨ᠎ᠠ᠃ ︽ᠠᠵᠣ ᠠᠬᠤᠢ ᠬᠦᠭᠵᠢᠪᠡᠯ᠂ ᠮᠦᠩᠬᠦᠨ | ᠭᠦᠢᠯᠭᠡᠭᠡ ᠰᠠᠶᠢᠵᠢᠷᠠᠬᠤ︾ ᠲᠠᠨᠢᠯᠳᠠ ᠶᠢ ᠪᠣᠢ ᠪᠣᠯᠭᠠᠨ᠂ ᠡᠯ᠎ᠠ ᠮᠦᠩᠬᠦᠨ ᠬᠦᠢᠯᠭᠡᠭᠡᠨ ᠤ ᠰᠠᠯᠠᠭ᠎ᠠ ᠮᠦᠴᠢᠷ ᠨᠢ | ᠢᠳᠡᠭᠡᠮᠵᠢᠳᠣ ᠵᠢᠭᠡᠯᠡᠯᠭᠡ ᠶᠢᠨ ᠪᠦᠳᠦᠴᠠ ᠪᠠᠨ ᠲᠠᠰᠣᠷᠠᠯᠳᠠ ᠦᠭᠡᠢ ᠲᠣᠬᠢᠷᠠᠭᠤᠯᠵᠣ᠂ ᠮᠦᠩᠬᠦᠨ ᠬᠦᠢᠯᠭᠡᠭᠡᠨ ᠤ | ᠥᠢᠯᠡᠴᠢᠯᠡᠭᠡ ᠪᠠᠨ ᠰᠠᠶᠢᠵᠢᠷᠠᠭᠤᠯᠣᠨ᠂ ᠬᠠᠳᠠᠭᠠᠯᠠᠮᠵᠢ ᠪᠣᠯᠣᠨ ᠵᠢᠭᠡᠯᠡᠯᠭᠡ ᠶᠢᠨ ᠵᠦᠷᠢᠶ᠎ᠠ ᠶᠢ ᠪᠠᠭᠠᠰᠬᠠᠨ᠎ᠠ᠃ ᠭᠠᠵᠠᠷ | ᠣᠷᠣᠨ ᠳᠠᠬᠢ ᠵᠢᠭᠡᠯᠡᠯᠭᠡ ᠶᠢᠨ ᠬᠡᠮᠵᠢᠶ᠎ᠠ ᠶᠢ ᠥᠷᠭᠦᠯᠵᠢᠯᠡᠨ ᠨᠡᠮᠡᠭᠳᠡᠭᠦᠯᠵᠣ᠂ ᠵᠠᠰᠠᠭ ᠤᠨ ᠣᠷᠳᠣᠨ ᠪᠣᠯᠣᠨ ᠮᠦᠩᠬᠦᠨ | ᠬᠦᠢᠯᠭᠡᠭᠡᠨ ᠤ ᠠᠵᠣ ᠠᠬᠤᠶᠢᠯᠡᠯ ᠤᠨ ᠬᠠᠮᠳᠣᠷᠠᠯᠴᠠᠭ᠎ᠠ ᠶᠢ ᠠᠬᠢᠭᠤᠯᠣᠨ᠂ ᠪᠦᠬᠦ ᠬᠤᠰᠢᠭᠤᠨ ᠤ ᠠᠵᠣ ᠠᠬᠤᠢ ᠶᠢᠨ | ᠬᠦᠭᠵᠢᠯᠳᠠ ᠶᠢ ᠨᠡᠩ ᠰᠠᠶᠢᠨ ᠳᠡᠮᠵᠢᠨ᠎ᠠ᠃ ᠥᠨᠣ ᠵᠢᠯ᠂ ᠲᠦᠷᠣᠯ ᠵᠣᠶᠢᠯ ᠤᠨ ᠵᠢᠭᠡᠯᠡᠯᠭᠡ ᠶᠢ ᠢᠳᠡᠪᠬᠢᠳᠠᠢ | ᠥᠷᠭᠡᠳᠭᠡᠵᠣ᠂ ᠬᠤᠰᠢᠭᠤᠨ ᠤ ᠭᠤᠣᠯᠳᠠᠯᠭ᠎ᠠ ᠲᠠᠢ ᠲᠦᠷᠣᠯ ᠵᠣᠶᠢᠯ ᠤᠨ ᠪᠦᠳᠦᠭᠡᠨ ᠪᠠᠶᠢᠭᠤᠯᠣᠯᠳᠠ ᠶᠢ ᠬᠦᠴᠣᠳᠠᠢ | ᠲᠡᠮᠵᠢᠬᠦ ᠠᠴᠠ ᠭᠠᠳᠠᠨ᠎ᠠ ᠪᠠᠰᠠ ᠪᠠᠭ᠎ᠠ ᠲᠣᠭᠠᠨ ᠤ ᠵᠢᠭᠡᠯᠡᠯᠭᠡ ᠲᠠᠯᠪᠢᠬᠤ ᠬᠡᠪᠴᠢᠶ᠎ᠠ ᠪᠠᠨ ᠥᠷᠭᠡᠳᠭᠡᠵᠣ᠂ ︽ | ᠭᠤᠷᠪᠡᠨ ᠮᠠᠯᠵᠢᠯ︾ ᠳᠤ ᠥᠢᠯᠡᠴᠢᠯᠡᠬᠦ ᠪᠠ ᠲᠣᠮᠳᠠ ᠪᠠᠭ᠎ᠠ ᠠᠵᠣ ᠠᠬᠤᠶᠢᠯᠡᠯ ᠳᠤ ᠪᠡᠯᠡ ᠮᠦᠩᠬᠦᠨ ᠤ ᠲᠡᠮᠵᠢᠯᠭᠡ | ᠬᠠᠩᠭᠠᠨ᠎ᠠ᠃ ᠬᠤᠰᠢᠭᠤ ᠢᠳᠡᠭᠡᠮᠵᠢ ᠶᠢᠨ ᠬᠤᠷᠰᠢᠶ᠎ᠠ ᠪᠣᠯᠣᠨ ᠲᠠᠷᠢᠶᠠᠯᠠᠩ ᠤᠨ ᠪᠠᠩᠬᠢ ᠵᠢᠭᠡᠯᠡᠯᠭᠡ ᠶᠢᠨ ᠬᠡᠮᠵᠢᠶ᠎ᠠ ᠶᠢ | ᠠᠳᠠᠯᠢ ᠬᠤᠭᠤᠴᠠᠭᠠᠨ ᠠᠴᠠ 1 ᠳ᠋ᠦᠩᠰᠢᠭᠤᠷ ᠲᠦᠭᠦᠷᠢᠭ ᠠᠴᠠ ᠳᠡᠭᠡᠭᠰᠢ ᠨᠡᠮᠡᠭᠳᠡᠬᠦᠯᠬᠦ ᠶᠢ ᠪᠠᠳᠣᠯᠠᠵᠣ᠂ 3.5 | ᠳ᠋ᠦᠩᠰᠢᠭᠤᠷ ᠲᠦᠬᠦᠷᠢᠭ ᠬᠦᠷᠭᠡᠭᠦ ᠪᠠᠷ ᠴᠢᠷᠮᠠᠶᠢᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ | ᠬᠠᠷᠠᠯᠳᠠ ᠪᠣᠯᠭᠠᠵᠣ᠂ ᠠᠷᠠᠳ ᠳᠤ ᠠᠰᠢᠭ ᠬᠦᠷᠳᠡᠭᠡᠬᠦ | ᠪᠤᠳᠠᠳᠤ ᠶᠠᠪᠤᠳᠠᠯ ᠢ ᠣᠯᠠᠮ ᠨᠢᠭᠡ ᠠᠯᠬᠤᠮ ᠰᠠᠶᠢᠳᠤᠷ ᠬᠢᠨ᠎ᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠭᠵᠢᠯᠳᠡ ᠶᠢᠨ ᠬᠠᠷᠠᠯᠳᠠ ᠪᠤᠯᠭᠠᠵᠤ᠂ ᠬᠤᠳᠠ | ᠬᠦᠳᠡᠭᠡ ᠶᠢᠨ ᠲᠣᠣᠷ᠎ᠠ ᠪᠠᠳᠣᠯᠠᠭ᠎ᠠ ᠪᠣᠯᠣᠨ ᠲᠠᠪᠣᠨ ᠪᠠᠳᠣᠯᠠᠭᠠᠳᠣ ᠡᠷᠣᠭᠡ ᠶᠢᠨ ᠪᠠᠳᠣᠯᠠᠭ᠎ᠠ ᠶᠢᠨ ᠬᠢᠷᠢ ᠲᠦᠪᠰᠢᠨ ᠢ | ᠣᠯᠠᠮ ᠨᠢᠭᠡ ᠠᠯᠬᠤᠮ ᠳᠡᠭᠡᠭᠰᠢᠯᠡᠭᠦᠯᠵᠣ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠦᠷ ᠴᠠᠭ ᠤᠨ | ᠠᠮᠢᠳᠣᠷᠠᠯ ᠤᠨ ᠲᠡᠳᠭᠦᠮᠵᠢ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠣ᠂ ᠠᠷᠠᠳ ᠲᠦᠮᠡᠨ ᠤ ᠠᠰᠢᠭ | ᠲᠤᠰᠠ ᠳᠤ ᠰᠢᠭᠤᠳ ᠬᠤᠯᠪᠣᠭᠳᠠᠬᠤ ᠠᠰᠠᠭᠤᠳᠠᠯ ᠢ ᠬᠦᠴᠣᠯᠡᠨ ᠰᠢᠢᠳᠪᠦᠷᠢᠯᠡᠵᠤ᠂ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠡᠬᠡᠭᠰᠢᠯᠡᠬᠦᠯᠦᠨ᠎ᠠ᠃ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠠᠵᠢᠯ ᠤᠯᠭᠤᠬᠤ᠂ ᠡᠮ ᠡᠮᠨᠡᠯᠭᠡ᠂ ᠨᠡᠶᠢᠬᠡᠮ ᠤᠨ ᠪᠠᠳᠤᠯᠠᠭ᠎ᠠ᠂ ᠰᠤᠷᠭᠠᠨ ᠬᠦᠮᠦᠵᠢᠯ᠂ ᠤᠷᠤᠨ | ᠰᠠᠭᠤᠴᠠ ᠵᠡᠷᠬᠡ ᠲᠠᠯ᠎ᠠ ᠪᠠᠷ ︽10 ᠪᠤᠳᠠᠳᠤ ᠶᠠᠪᠤᠳᠠᠯ︾ ᠢ ᠪᠡᠶᠡᠯᠡᠬᠦᠯᠬᠦ ᠪᠠᠷ ᠠᠮᠠᠯᠳᠠᠨ᠎ᠠ᠄ | ᠨᠢᠭᠡ ᠳᠤ᠂ ᠬᠤᠳᠠ ᠪᠠᠯᠭᠠᠰᠤᠨ ᠤ ᠨᠡᠶᠢᠳᠡ ᠳᠤ ᠠᠰᠢᠭᠳᠠᠢ ᠠᠵᠢᠯ ᠤᠨ ᠪᠠᠶᠢᠷᠢ ᠶᠢ 50 ᠶᠢ ᠡᠭᠦᠳᠴᠣ᠂ | 600 ᠲᠦᠮᠡᠨ ᠲᠦᠬᠦᠷᠢᠭ ᠤᠨ ᠪᠠᠭ᠎ᠠ ᠲᠤᠭᠠᠨ ᠤ ᠢᠳᠡᠬᠡᠮᠵᠢᠳᠤ ᠵᠢᠬᠡᠯᠡᠯᠬᠡ ᠲᠠᠯᠪᠢᠵᠤ᠂ ᠬᠦᠴᠢᠷᠳᠡᠯᠳᠠᠢ ᠲᠤᠷᠤᠢ | ᠪᠠᠭᠤᠷᠠᠢ ᠣᠯᠠᠨ ᠲᠦᠮᠡᠨ ᠳᠤ ᠠᠵᠢᠯ ᠤᠯᠭᠤᠬᠤ ᠪᠠ ᠬᠤᠳᠠ ᠤᠷᠤᠭᠰᠠᠨ ᠮᠠᠯᠴᠢᠳ ᠤᠨ ᠦᠢᠯᠡᠰ ᠡᠷᠬᠢᠯᠡᠬᠦ | ᠠᠰᠠᠭᠤᠳᠠᠯ ᠢ ᠰᠢᠢᠳᠪᠦᠷᠢᠯᠡᠨ᠎ᠠ︔ | ᠬᠤᠶᠠᠷ ᠲᠤ᠂ ᠰᠤᠷᠭᠠᠭᠤᠯᠢ ᠶᠢᠨ ᠭᠡᠷ ᠪᠠᠷᠢᠯᠭ᠎ᠠ ᠶᠢᠨ ᠠᠶᠣᠯᠬᠦᠢ ᠢᠨᠵᠢᠨᠧᠷᠢᠭ ᠢ ᠰᠠᠶᠢᠳᠣᠷ ᠬᠡᠷᠡᠭᠵᠢᠭᠦᠯᠵᠣ᠂ | 2 ᠰᠠᠭᠤᠷᠢ ᠪᠠᠷᠢᠮᠵᠢᠶᠠᠨ ᠳᠤ ᠬᠦᠷᠦᠭᠰᠡᠨ ᠰᠣᠷᠭᠠᠭᠤᠯᠢ ᠪᠠᠶᠢᠭᠤᠯᠣᠨ᠎ᠠ︔ | ᠭᠤᠷᠪᠡ ᠳᠤ᠂ ᠲᠤᠰᠬᠠᠢ ᠪᠡᠯᠡ ᠮᠦᠩᠬᠦ ᠲᠤᠬᠢᠷᠠᠭᠤᠯᠤᠨ᠂ ᠣᠷᠣᠨ ᠨᠣᠳᠤᠭ ᠤᠨ ᠴᠢᠨᠠᠷᠳᠠᠢ ᠡᠪᠡᠳᠴᠢᠨ ᠪᠠ | ᠬᠠᠯᠳᠠᠪᠦᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠠ︔ | ᠲᠦᠷᠪᠡ ᠳᠤ᠂ ᠮᠠᠯᠵᠢᠬᠤ ᠤᠷᠤᠨ ᠤ ᠨᠠᠰᠤᠵᠢᠯ ᠤᠨ ᠲᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠵᠣ᠂ | ᠮᠠᠯᠵᠢᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠨᠦᠬᠦᠪᠦᠷᠢ ᠶᠢᠨ ᠪᠠᠷᠢᠮᠵᠢᠶ᠎ᠠ ᠶᠢ 15 | ᠲᠦᠬᠦᠷᠢᠭ ᠪᠣᠯᠭᠠᠨ ᠲᠡᠬᠡᠭᠰᠢᠯᠡᠬᠦᠯᠦᠨ᠎ᠠ︔ | ᠲᠠᠪᠤ ᠳᠤ᠂ ᠬᠠᠷᠠᠮᠵᠢ ᠦᠬᠡᠢ ᠪᠠᠷ ᠬᠦᠩᠬᠡᠵᠢᠬᠦ ᠨᠠᠰᠤᠨ ᠤ ᠡᠮᠡᠭᠳᠡᠶᠢᠴᠤᠳ ᠲᠤ ᠡᠮᠡᠭᠳᠡᠶᠢᠴᠤᠳ ᠤᠨ | ᠡᠪᠡᠳᠴᠢᠨ ᠤ ᠨᠡᠶᠢᠳᠡᠮ ᠪᠠᠶᠢᠴᠠᠭᠠᠯᠳᠠ ᠪᠠ ᠰᠢᠨ᠎ᠠ ᠬᠤᠷᠢᠮᠯᠠᠭᠰᠠᠳ ᠲᠤ ᠬᠤᠷᠢᠮᠯᠠᠬᠤ ᠠᠴᠠ ᠡᠮᠦᠨᠡᠭᠢ ᠪᠡᠶ᠎ᠠ ᠶᠢᠨ | ᠪᠠᠶᠢᠴᠠᠭᠠᠯᠳᠠ ᠬᠢᠵᠤ ᠥᠭᠬᠦ ᠠᠵᠢᠯ ᠢ ᠥᠷᠨᠢᠭᠦᠯᠵᠣ᠂ ︽ᠨᠢᠬᠡ ᠴᠤᠮᠤ ᠰᠦ︾ ᠶᠢᠨ ᠬᠦᠩᠭᠡᠵᠢᠭᠦ ᠶᠢ ᠬᠠᠯᠠᠮᠵᠢᠯᠠᠬᠤ | ᠠᠵᠢᠯᠯᠠᠭ᠎ᠠ ᠶᠢ ᠥᠷᠨᠢᠭᠦᠯᠣᠨ᠎ᠠ︔ | ᠵᠢᠷᠭᠤᠭ᠎ᠠ ᠳᠤ᠂ ᠦᠪᠡᠷᠳᠡᠬᠡᠨ ᠵᠠᠰᠠᠬᠤ ᠤᠷᠤᠨ ᠤ ᠷᠠᠳᠢᠤ᠋ ᠲᠧᠯᠸᠢᠰ ᠤᠨ ᠤᠳᠠᠰᠤ ᠦᠬᠡᠢ ᠬᠠᠮᠤᠷᠬᠤ ᠪᠠ | ᠲᠤᠰᠬᠤᠨ ᠪᠦᠬᠦᠨ ᠳᠤ ᠨᠡᠪᠳᠡᠷᠡᠬᠦ ᠢᠨᠵᠢᠨᠧᠷᠢᠭ ᠢ ᠬᠡᠷᠡᠭᠵᠢᠭ᠊ ᠦᠯᠵᠤ᠂ ᠮᠠᠯᠵᠢᠬᠤ ᠤᠷᠤᠨ ᠤ ᠷᠠᠳᠢᠤ᠋ ᠪᠣᠯᠣᠨ | ᠲᠧᠯᠸᠢᠰ ᠤᠨ ᠪᠦᠷᠬᠦᠴᠡ ᠶᠢ ᠲᠣᠰ ᠲᠣᠰ 95%᠂ 97% ᠠᠴᠠ ᠲᠡᠬᠡᠭᠰᠢ ᠳᠤ ᠬᠦᠷᠬᠡᠨ᠎ᠠ︔ | ᠲᠣᠯᠤᠭ᠎ᠠ ᠲᠤ᠂ ᠠᠵᠤ ᠠᠬᠤᠢ ᠶᠢᠨ ᠬᠢᠮᠳᠠ ᠲᠤᠬᠢᠯᠢᠭ ᠤᠷᠤᠨ ᠰᠠᠭᠤᠴᠠ᠂ ᠬᠢᠮᠳᠠ ᠲᠦᠷᠢᠶᠡᠰᠤᠨ ᠬᠡᠷ ᠪᠠ | ᠨᠡᠭᠦᠳᠡᠯ ᠮᠠᠯᠴᠢᠨ ᠢ ᠰᠠᠭᠤᠷᠢᠰᠢᠭᠤᠯᠬᠤ ᠣᠷᠣᠨ ᠰᠠᠭᠤᠴᠠ 600 ᠶᠢ ᠰᠢᠨ᠎ᠠ ᠪᠠᠷ ᠪᠠᠶᠢᠭᠤᠯᠵᠣ᠂ ᠲᠤᠤᠷ᠎ᠠ | ᠤᠷᠤᠯᠭ᠎ᠠ ᠲᠠᠢ ᠬᠡᠷ ᠪᠦᠯᠢ᠂ ᠠᠮᠢᠳᠤᠷᠠᠯ ᠬᠦᠴᠢᠷᠳᠡᠯᠳᠠᠢ ᠤᠯᠠᠨ ᠲᠦᠮᠡᠨ ᠪᠠ ᠮᠠᠯᠵᠢᠬᠤ ᠤᠷᠤᠨ ᠤ ᠬᠡᠷ ᠦᠬᠡᠢ | ᠡᠷᠦᠬᠡ ᠶᠢᠨ ᠤᠷᠤᠨ ᠰᠠᠭᠤᠴᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠠ︔ | ᠨᠠᠢᠮᠡ ᠳᠤ᠂ ᠬᠤᠳᠠ ᠪᠠᠯᠭᠠᠰᠤᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠤᠨ ᠠᠵᠢᠯᠴᠢᠨ ᠤ | ᠬᠦᠳᠡᠯᠮᠦᠷᠢ ᠶᠢᠨ ᠬᠠᠷᠠᠮᠵᠢ ᠶᠢ 200 ᠲᠦᠬᠦᠷᠢᠭ ᠲᠡᠬᠡᠭᠰᠢᠯᠡᠬᠦᠯᠦᠨ᠂ ᠬᠦᠮᠦᠨ ᠪᠦᠷᠢ ᠳᠤ ᠲᠡᠭᠰᠢᠳᠬᠡᠬᠡᠳ 800 | ᠲᠦᠬᠦᠷᠢᠭ ᠲᠤ ᠬᠦᠷᠬᠡᠨ᠎ᠠ︔ | ᠶᠢᠰᠣ ᠳᠤ᠂ ᠭᠠᠵᠠᠷ ᠤᠷᠤᠨ ᠤ ᠡᠳ᠋ ᠤᠨ ᠵᠠᠰᠠᠭ ᠠᠴᠠ ᠭᠠᠴᠠᠭᠠᠨ ᠤ ᠠᠵᠢᠯ ᠤᠨ ᠵᠠᠷᠣᠳᠠᠯ ᠢ ᠲᠡᠮᠵᠢᠬᠦ | ᠬᠦᠴᠦᠯᠡᠴᠡ ᠪᠠᠨ ᠴᠢᠩᠭᠠᠳᠬᠠᠵᠣ᠂ ᠭᠠᠴᠠᠭᠠᠨ ᠤ ᠵᠠᠷᠤᠳᠠᠯ ᠮᠦᠩᠬᠦ ᠶᠢ 1 ᠲᠦᠮᠡᠨ ᠲᠦᠬᠦᠷᠢᠭ ᠨᠡᠮᠡᠭᠳᠡᠬᠦᠯᠦᠨ᠎ᠠ︔ | ᠠᠷᠪᠠ ᠳᠤ᠂ ᠰᠤᠮᠤ ᠪᠠᠯᠭᠠᠰᠤ ᠶᠢ ᠨᠡᠶᠢᠯᠡᠬᠦᠯᠦᠭᠰᠡᠨ ᠤ ᠲᠠᠷᠠᠭᠠᠬᠢ ᠰᠤᠮᠤ ᠪᠠᠯᠭᠠᠰᠤᠨ ᠤ ᠰᠠᠭᠤᠭ᠎ᠠ ᠭᠠᠵᠠᠷ | ᠤᠨ ᠠᠮᠢᠳᠤᠷᠠᠯ ᠬᠦᠴᠢᠳᠠᠯᠳᠠᠢ ᠤᠯᠠᠨ ᠲᠦᠮᠡᠨ ᠢ ᠨᠡᠬᠦᠯᠬᠡᠨ ᠰᠢᠯᠵᠢᠬᠦᠯᠬᠦ ᠢᠨᠵᠢᠨᠧᠷᠢᠭ ᠢ ᠡᠬᠢᠯᠡᠨ ᠬᠡᠷᠡᠭᠵᠢᠭᠦᠯᠵᠣ᠂ | ︽ᠠᠵᠢᠯ ᠦᠬᠡᠢ ᠬᠡᠷ ᠪᠦᠯᠢ︾ ᠠᠴᠠ ᠠᠳᠠᠭ ᠲᠠᠭᠠᠨ ᠨᠢᠬᠡ ᠨᠢ ᠲᠤᠭᠳᠠᠪᠦᠷᠢᠳᠠᠢ ᠠᠵᠢᠯ ᠤᠯᠬᠤ ᠶᠢ ᠪᠠᠳᠤᠯᠠᠨ᠎ᠠ᠃ | ︵ᠲᠤᠯᠤᠭ᠎ᠠ︶ ᠵᠤᠬᠢᠴᠠᠩᠭᠤᠢ ᠬᠦᠭᠵᠢᠯᠳᠡ ᠪᠠᠷ ᠴᠢᠭᠯᠡᠯᠳᠡ ᠪᠣᠯᠭᠠᠵᠣ᠂ | ᠨᠡᠶᠢᠬᠡᠮ ᠤᠨ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ | ᠶᠢ ᠣᠯᠠᠮ ᠨᠢᠭᠡ ᠠᠯᠬᠤᠮ ᠲᠦᠯᠬᠢᠨ ᠠᠬᠢᠭᠤᠯᠤᠨ᠎ᠠ | ᠠᠵᠤ ᠠᠬᠤᠢ ᠨᠡᠶᠢᠬᠡᠮ ᠢ ᠨᠢᠭᠡᠳᠣᠯᠳᠠᠢ ᠲᠦᠯᠦᠪᠵᠢᠭᠦᠯᠣᠨ ᠬᠦᠭᠵᠢᠭᠦᠯᠬᠦ ᠱᠠᠭᠠᠷᠳᠠᠯᠭ᠎ᠠ ᠶᠤᠰᠤᠭᠠᠷ᠂ ᠠᠵᠤ | ᠠᠬᠤᠢ ᠶᠢᠨ ᠬᠦᠭᠵᠢᠯᠳᠡ ᠶᠢ ᠲᠦᠷᠬᠡᠳᠬᠡᠬᠦ ᠶᠢᠨ ᠬᠠᠮᠳᠤ ᠡᠯ᠎ᠠ ᠲᠦᠷᠦᠯ ᠤᠨ ᠨᠡᠶᠢᠬᠡᠮ ᠤᠨ ᠦᠢᠯᠡᠰ ᠤᠨ | ᠬᠦᠭᠵᠢᠯᠳᠡ ᠶᠢ ᠨᠡᠩ ᠬᠦᠨᠳᠣᠳᠭᠡᠵᠣ᠂ ᠨᠡᠶᠢᠬᠡᠮ ᠤᠨ ᠦᠢᠯᠡᠰ ᠪᠠ ᠠᠵᠤ ᠠᠬᠤᠢ ᠶᠢᠨ ᠬᠦᠭᠵᠢᠯᠳᠡ ᠶᠢᠨ ᠬᠠᠷᠢᠯᠴᠠᠨ | ᠵᠣᠬᠢᠴᠠᠯᠳᠣᠵᠣ᠂ ᠬᠠᠷᠢᠯᠴᠠᠨ ᠠᠬᠢᠭᠤᠯᠬᠤ ᠶᠢ ᠪᠠᠳᠤᠯᠠᠨ᠎ᠠ᠃ | ᠰᠤᠷᠭᠠᠨ ᠬᠦᠮᠦᠵᠢᠯ ᠪᠠ ᠰᠤᠶᠤᠯ ᠤᠨ ᠦᠢᠯᠡᠰ ᠢ ᠤᠷᠢᠳᠠᠪᠡᠷ ᠬᠦᠭᠵᠢᠬᠦᠯᠦᠨ᠎ᠠ᠃ ᠨᠠᠮ ᠤᠨ ᠰᠣᠷᠭᠠᠨ | ᠬᠦᠮᠦᠵᠢᠯ ᠤᠨ ᠴᠢᠭᠯᠡᠯᠳᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠬᠡᠪ ᠴᠢᠨᠠᠷ ᠤᠨ ᠰᠤᠷᠭᠠᠨ ᠬᠥᠮᠤᠵᠢᠯ ᠢ | ᠥᠷᠬᠦᠯᠵᠢᠯᠡᠨ ᠲᠥᠯᠬᠢᠨ ᠠᠬᠢᠭᠤᠯᠤᠨ᠎ᠠ᠃ ᠰᠠᠭᠤᠷᠢ ᠰᠤᠷᠭᠠᠨ ᠬᠥᠮᠤᠵᠢᠯ ᠢ ᠴᠢᠩᠭᠠᠤᠡᠬᠠᠨ᠂ ︽ᠬᠤᠶᠠᠷ | ᠥᠨᠳᠣᠰᠣᠨ︾ ᠤ ᠥᠷ᠎ᠠ ᠪᠦᠳᠦᠭᠡᠯ ᠢ ᠪᠠᠬᠢᠵᠢᠬᠦᠯᠤᠨ ᠳᠡᠭᠡᠭᠰᠢᠯᠡᠭᠦᠯᠣᠨ᠎ᠠ︔ ᠥᠡᠳᠤᠷ ᠲᠤᠮᠳᠠ ᠶᠢᠨ ᠰᠤᠷᠭᠠᠨ | ᠬᠥᠮᠤᠵᠢᠯ ᠢ ᠲᠤᠭᠳᠠᠭᠤᠨ ᠢᠶᠠᠷ ᠳᠡᠭᠡᠭᠰᠢᠯᠡᠭᠦᠯᠵᠣ᠂ ᠠᠵᠢᠯ ᠮᠡᠷᠭᠡᠵᠢᠯ ᠤᠨ ᠰᠤᠷᠭᠠᠨ ᠬᠥᠮᠤᠵᠢᠯ ᠢ ᠢᠳᠡᠭ | ᠢᠳᠡᠭ ᠢᠶᠠᠷ ᠬᠥᠭᠵᠢᠬᠦᠯᠤᠨᠠ᠃ ᠠᠷᠠᠤᠨ ᠠᠴᠠ ᠡᠷᠬᠢᠯᠡᠭᠰᠡᠨ ᠰᠤᠷᠭᠠᠨ ᠬᠥᠮᠤᠵᠢᠯ ᠢ ᠵᠤᠷᠢᠭᠵᠢᠭᠤᠯᠤᠨ ᠲᠠᠮᠵᠢᠵᠤ᠂ | ᠬᠡᠣᠬᠡᠳ ᠤᠨ ᠴᠡᠴᠡᠷᠯᠢᠭ ᠤᠨ ᠰᠤᠷᠭᠠᠨ ᠬᠥᠮᠤᠵᠢᠯ ᠢ ᠲᠥᠷᠢᠮᠵᠢᠬᠦᠯᠤᠨᠠ᠃ ᠰᠤᠷᠭᠠᠭᠤᠯᠢ ᠶᠢᠨ ᠬᠡᠷ ᠪᠠᠷᠢᠯᠭ᠎ᠠ ᠶᠢᠨ | ᠠᠶᠣᠯᠬᠦᠢ ᠢᠡᠵᠢᠨᠧᠷᠢᠭ ᠢ ᠨᠡᠷᠢᠨ ᠬᠢᠨᠡᠮᠭᠠᠢ ᠬᠡᠷᠡᠭᠵᠢᠭᠦᠯᠵᠣ᠂ ᠨᠢᠭᠡᠳᠤᠭᠡᠷ ᠪᠠᠭ᠎ᠠ ᠰᠤᠷᠭᠠᠭᠤᠯᠢ᠂ ᠬᠤᠶᠠᠳᠤᠭᠠᠷ | ᠲᠤᠮᠳᠠᠳᠤ ᠰᠤᠷᠭᠠᠭᠤᠯᠢ ᠶᠢ ᠥᠭᠡᠷᠡᠴᠢᠯᠡᠨ ᠪᠠᠶᠢᠭᠤᠯᠬᠤ ᠪᠠ ᠬᠤᠶᠠᠳᠣᠭᠠᠷ ᠮᠣᠩᠭᠤᠯ ᠪᠠᠭ᠎ᠠ ᠰᠣᠷᠭᠠᠭᠤᠯᠢ ᠶᠢᠨ | ᠬᠢᠴᠢᠶᠠᠯ ᠤᠨ ᠠᠰᠠᠷ᠂ ᠪᠠᠶᠢᠷᠢ ᠶᠢᠨ ᠠᠰᠠᠷ ᠢ ᠥᠷᠭᠡᠳᠭᠡᠨ ᠪᠠᠶᠢᠭᠤᠯᠬᠤ ᠢᠨᠵᠢᠨᠧᠷᠢᠭ ᠢ ᠪᠡᠶᠡᠯᠡᠭᠦᠯᠣᠨ᠎ᠠ᠃ ᠰᠣᠷᠭᠠᠨ | ᠬᠦᠮᠦᠵᠢᠯ ᠤᠨ ᠬᠤᠳᠠ ᠲᠣᠭᠤᠷᠢᠭ ᠤᠨ ᠰᠦᠯᠵᠢᠶᠠᠨ ᠤ ᠪᠠᠶᠢᠭᠤᠯᠣᠯᠳᠠ ᠶᠢ ᠠᠬᠢᠭᠤᠯᠵᠣ᠂ ᠰᠤᠷᠭᠠᠨ ᠭᠥᠮᠤᠵᠢᠯ ᠤᠨ | ᠡᠬᠢ ᠪᠠᠶᠠᠯᠢᠭ ᠢ ᠵᠦᠢ ᠵᠣᠬᠢᠰᠳᠠᠢ ᠲᠤᠬᠢᠷᠠᠭᠤᠯᠤᠨ᠂ ᠪᠠᠭᠰᠢ ᠲᠤᠳᠠᠭᠳᠠᠵᠤ ᠪᠠᠶᠢᠭ᠎ᠠ ᠠᠰᠠᠭᠤᠳᠠᠯ ᠢ ᠢᠳᠡᠭ | ᠢᠳᠡᠭ ᠢᠶᠠᠷ ᠰᠢᠢᠳᠪᠦᠷᠢᠯᠡᠵᠤ᠂ ᠰᠤᠷᠭᠠᠨ ᠬᠥᠮᠤᠵᠢᠯ ᠤᠨ ᠲᠡᠩᠴᠡᠬᠦᠷᠢᠳᠠᠢ ᠬᠥᠭᠵᠢᠯᠳᠠ ᠶᠢ ᠠᠬᠢᠭᠤᠯᠤᠨ᠎ᠠ᠃ | ᠪᠠᠭᠰᠢ ᠶᠢᠨ ᠡᠩᠨᠡᠭᠡ᠂ ᠰᠤᠷᠤᠭᠴᠢ ᠶᠢᠨ ᠲᠠᠩᠰᠠ ᠨᠠᠮᠳᠠᠷ᠂ ᠰᠤᠷᠭᠠᠭᠤᠯᠢ ᠶᠢᠨ ᠠᠯᠪᠡᠨ ᠵᠠᠷᠤᠳᠠᠯ ᠤᠨ ᠬᠠᠮᠢᠶᠠᠷᠤᠯᠳᠠ | ᠪᠠᠨ ᠴᠢᠩᠭᠠᠤᠡᠬᠠᠨ᠂ ᠰᠤᠷᠭᠠᠨ ᠬᠥᠮᠤᠵᠢᠯ ᠤᠨ ᠠᠵᠢᠯᠯᠠᠭ᠎ᠠ ᠶᠢ ᠲᠥᠷᠢᠮᠵᠢᠬᠦᠯᠤᠨᠠ᠃ ᠠᠯᠪᠠᠨ ᠵᠢᠷᠤᠮ ᠤᠨ ᠰᠤᠷᠭᠠᠨ | ᠬᠥᠮᠤᠵᠢᠯ ᠤᠨ ᠱᠠᠳᠣᠨ ᠤ ᠪᠠᠭᠰᠢ ᠠᠵᠢᠯᠳᠠᠨ ᠤ ᠦᠷ᠎ᠠ ᠪᠥᠳᠤᠮᠵᠢᠳᠤ ᠴᠠᠯᠢᠩ ᠤᠨ ᠲᠦᠷᠢᠮ ᠢ ᠴᠢᠩᠭ᠎ᠠ | ᠬᠡᠷᠡᠭᠵᠢᠬᠦᠯᠵᠤ᠂ ᠪᠠᠭᠰᠢ ᠠᠵᠢᠯᠳᠠᠨ ᠤ ᠢᠳᠡᠪᠬᠢᠵᠢᠯ ᠢ ᠲᠡᠶᠢᠴᠢᠯᠠᠨᠠ᠃ ᠰᠤᠷᠭᠠᠨ ᠬᠦᠮᠦᠵᠢᠯ ᠤᠨ ᠵᠢᠭᠠᠨ | ᠰᠣᠷᠭᠠᠯᠳᠠ ᠶᠢᠨ ᠶᠠᠰᠤ ᠴᠢᠨᠠᠷ ᠢ ᠲᠡᠬᠡᠭᠰᠢᠯᠡᠬᠦᠯᠦᠨ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ | ᠬᠦᠮᠦᠵᠢᠯ ᠢ ᠡᠷᠬᠢᠯᠡᠨ᠎ᠠ᠃ ᠰᠤᠶᠤᠯ᠂ ᠲᠠᠮᠢᠷ᠂ ᠷᠠᠳᠢᠤ᠋ ᠲᠧᠯᠸᠢᠰ ᠤᠨ ᠦᠢᠯᠡᠰ ᠢ ᠶᠡᠭᠡ ᠬᠦᠴᠦᠨ ᠪᠠᠷ | ᠬᠦᠭᠵᠢᠬᠦᠯᠦᠨ᠎ᠠ᠃ ᠰᠤᠶᠤᠯ ᠤᠨ ᠨᠡᠷᠡᠳᠤ ᠲᠡᠮᠳᠡᠭ ᠢ ᠦᠷᠬᠦᠯᠵᠢᠯᠡᠨ ᠡᠬᠦᠳᠴᠤ᠂ ︽ᠬᠢᠯᠦᠬᠡᠨ︾ ᠰᠦᠨᠢᠳ ᠰᠤᠶᠤᠯ | ᠤᠷᠠᠯᠢᠭ ᠤᠨ ᠨᠠᠶᠢᠷ ᠵᠡᠷᠬᠡ ᠬᠦᠳᠡᠯᠭᠡᠭᠡᠨ ᠢ ᠰᠠᠶᠢᠳᠤᠷ ᠵᠤᠬᠢᠶᠠᠨ ᠪᠠᠶᠢᠭᠤᠯᠵᠤ ᠦᠷᠨᠢᠬᠦᠯᠦᠨ᠂ ᠪᠤᠳᠠᠰ ᠤᠨ ᠪᠤᠰᠤ | ᠰᠤᠶᠤᠯ ᠤᠨ ᠦᠪ ᠢ ᠵᠠᠯᠭᠠᠮᠵᠢᠯᠠᠨ ᠬᠠᠮᠠᠭᠠᠯᠠᠵᠤ᠂ ᠱᠠᠭ᠎ᠠ᠂ ᠲᠠᠮᠠᠭ᠎ᠠ᠂ ᠲᠡᠬᠡᠰᠤ᠂ ᠤᠯᠠᠭᠠᠨ ᠢᠳᠡᠭᠡ ᠵᠡᠷᠭᠡ | ᠥᠨᠳᠣᠰᠣᠳᠠᠨ ᠤ ᠰᠤᠶᠤᠯ ᠢ ᠤᠬᠠᠭᠤᠯᠤᠨ ᠲᠡᠯᠬᠡᠷᠡᠬᠦᠯᠬᠦ ᠠᠵᠢᠯ ᠢ ᠰᠠᠶᠢᠳᠤᠷ ᠬᠢᠨ᠎ᠠ᠃ ︽ᠰᠦᠨᠢᠳ ᠮᠦᠽᠸᠢ︾ | ᠶᠢᠨ 12 ᠲᠡᠯᠬᠡᠨ ᠦᠵᠡᠬᠦᠯᠬᠦ ᠲᠢᠩᠬᠢᠮ ᠤᠨ ᠲᠡᠯᠬᠡᠨ ᠪᠠᠶᠢᠷᠢᠯᠠᠭᠤᠯᠬᠤ ᠠᠵᠢᠯ ᠢ ᠪᠡᠶᠡᠯᠡᠭᠦᠯᠵᠣ᠂ ᠰᠣᠶᠢᠳᠭᠡᠯ | ᠬᠤᠷᠢᠶᠠᠬᠤ ᠦᠭᠡᠢ ᠪᠠᠷ ᠲᠡᠯᠬᠡᠨ ᠦᠵᠡᠬᠦᠯᠦᠨ᠎ᠠ᠃ 5 ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ | ᠦᠷᠳᠡᠬᠡᠨ ᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠪᠣᠯᠣᠨ ᠰᠤᠶᠤᠯ ᠤᠨ ᠰᠤᠷᠠᠭ ᠵᠠᠩᠬᠢ ᠶᠢᠨ ᠡᠬᠢ | ᠪᠠᠶᠠᠯᠢᠭ ᠢ ᠬᠠᠮᠳᠣᠪᠡᠷ ᠪᠠᠶᠢᠭᠤᠯᠵᠤ ᠬᠠᠮᠳᠣᠪᠡᠷ ᠡᠳ᠋ᠯᠡᠬᠦ ᠢᠨᠵᠢᠨᠧᠷᠢᠭ ᠢ ᠰᠠᠶᠢᠳᠣᠷ ᠠᠳᠬᠤᠨ᠎ᠠ᠃ | ᠬᠦᠳᠡᠯᠮᠦᠷᠢ ᠠᠵᠢᠯᠳᠠᠨ ᠤ ᠪᠠᠳᠤᠯᠠᠭᠠᠨ ᠤ ᠦᠢᠯᠡᠰ ᠤᠨ ᠪᠦᠬᠦ ᠲᠠᠯ᠎ᠠ ᠪᠠᠷ ᠬᠦᠨᠵᠡᠬᠡᠢ ᠬᠦᠭᠵᠢᠬᠦ ᠶᠢ | ᠠᠬᠢᠭᠤᠯᠤᠨ᠎ᠠ᠃ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠬᠤ ᠶᠢ ᠦᠷᠬᠡᠳᠬᠡᠨ᠂ ᠲᠤᠮᠳᠠ ᠲᠡᠬᠡᠳᠤ ᠵᠡᠷᠬᠡ | ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ᠂ ᠬᠤᠳᠠ ᠪᠠᠯᠭᠠᠰᠤᠨ ᠤ ᠠᠵᠢᠯ | ᠠᠯᠳᠠᠭᠰᠠᠳ᠂ ᠰᠢᠨ᠎ᠠ ᠪᠠᠷ ᠨᠡᠮᠡᠭᠳᠡᠭᠰᠡᠨ ᠬᠦᠳᠡᠯᠮᠦᠷᠢ ᠬᠦᠴᠤ ᠪᠠ ᠬᠤᠳᠠ ᠤᠷᠤᠭᠰᠠᠨ ᠮᠠᠯᠴᠢᠳ ᠲᠤ ᠠᠵᠢᠯ | ᠤᠯᠭᠤᠬᠤ ᠠᠵᠢᠯ ᠶᠢ ᠰᠠᠶᠢᠳᠤᠷ ᠪᠡᠶᠡᠯᠡᠬᠦᠯᠵᠣ᠂ ᠬᠤᠰᠢᠭᠤᠨ ᠳᠠᠬᠢ ᠠᠵᠢᠯ ᠤᠨ ᠪᠠᠶᠢᠷᠢ ᠶᠢ ᠢᠳᠡᠪᠬᠢᠳᠠᠢ | ᠴᠤᠭᠯᠠᠭᠤᠯᠵᠤ᠂ ᠠᠵᠤ ᠠᠬᠤᠶᠢᠯᠠᠯ ᠤᠨ ᠲᠤᠬᠠᠢ ᠶᠢᠨ ᠭᠠᠵᠠᠷ ᠤᠨ ᠠᠵᠢᠯᠴᠢᠨ ᠡᠯᠰᠡᠬᠦ ᠨᠤᠷᠮ᠎ᠠ ᠶᠢ ᠲᠡᠬᠡᠭᠰᠢᠯᠡᠬᠦᠯᠦᠨ | ᠂ ᠲᠦᠴᠢ ᠠᠴᠠ ᠲᠠᠪᠢᠨ ᠨᠠᠰᠣᠨ ᠤ ᠬᠦᠮᠦᠰ᠂ ︽ᠠᠵᠢᠯ ᠦᠬᠡᠢ ᠬᠡᠷ ᠪᠦᠯᠢ︾᠂ ︽ᠨᠢᠭᠡ ᠨᠢ ᠴᠣ᠋ ᠰᠢᠯᠵᠢᠭᠰᠡᠨ | ᠦᠬᠡᠢ ᠬᠡᠷ ᠪᠦᠯᠢ︾ ᠵᠢᠴᠢ ᠪᠤᠰᠤᠳ ᠠᠵᠢᠯ ᠣᠯᠬᠤ ᠳᠤ ᠬᠦᠴᠢᠷᠳᠡᠯᠳᠠᠢ ᠤᠯᠠᠨ ᠲᠦᠮᠡᠨ ᠤ ᠠᠵᠢᠯ ᠣᠯᠭᠤᠬᠤ ᠶᠢ | ᠲᠡᠮᠵᠢᠬᠦ ᠠᠵᠢᠯᠯᠠᠭ᠎ᠠ ᠶᠢ ᠥᠷᠬᠦᠯᠵᠢᠯᠡᠨ ᠬᠦᠨᠵᠡᠭᠡᠢ ᠦᠷᠨᠢᠬᠦᠯᠵᠤ᠂ ᠨᠡᠶᠢᠳᠡᠮ ᠤᠨ ᠴᠢᠨᠠᠷᠳᠠᠢ ᠠᠵᠢᠯ ᠤᠨ ᠵᠣᠬᠢᠴᠠᠮᠵᠢ | ᠶᠢ ᠪᠦᠷᠢᠯᠳᠦᠬᠦᠯᠦᠨ᠎ᠠ᠃ ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠭᠤᠯᠳᠠ ᠶᠢ 1000 ᠬᠦᠮᠦᠨ | ᠠᠴᠠ ᠲᠡᠬᠡᠭᠰᠢ ᠳᠤ ᠬᠦᠷᠭᠡᠵᠣ᠂ ᠮᠠᠯᠵᠢᠬᠤ ᠤᠷᠤᠨ ᠤ ᠨᠡᠭᠦᠯᠭᠡᠨ ᠰᠢᠯᠵᠢᠭᠦᠯᠦᠭᠰᠡᠨ ᠬᠦᠳᠡᠯᠮᠦᠷᠢ ᠬᠦᠴᠣᠨ 1400 | ᠬᠦᠮᠦᠨ ᠳᠤ ᠠᠵᠢᠯ ᠤᠯᠭᠤᠬᠤ ᠶᠢ ᠪᠠᠳᠤᠯᠠᠨ᠎ᠠ᠃ ᠦᠪᠡᠷ ᠢᠶᠠᠨ ᠠᠵᠢᠯ ᠦᠢᠯᠡᠰ ᠡᠷᠬᠢᠯᠡᠬᠦ ᠶᠢ ᠢᠳᠡᠪᠬᠢᠳᠠᠢ ᠲᠠᠮᠵᠢᠨ | ᠂ ᠪᠠᠭ᠎ᠠ ᠲᠤᠭᠠᠨ ᠤ ᠪᠠᠳᠣᠯᠠᠭᠠᠳᠣ ᠵᠢᠬᠡᠯᠡᠯᠬᠡ᠂ ᠭᠠᠶᠢᠯᠢ ᠰᠦᠢᠳᠬᠡᠯ ᠢ ᠬᠠᠰᠣᠵᠣ ᠬᠡᠯᠳᠦᠷᠢᠬᠦᠯᠬᠦ ᠵᠡᠷᠬᠡ ᠡᠯ᠎ᠠ ᠵᠦᠢᠯ | ᠤᠨ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠂ ᠦᠢᠯᠡᠰ ᠡᠷᠬᠢᠯᠡᠬᠦ ᠪᠠᠷ ᠠᠵᠢᠯ ᠤᠯᠭᠤᠬᠤ ᠶᠢ | ᠠᠬᠢᠭᠤᠯᠤᠨ᠎ᠠ᠃ ᠠᠵᠢᠯ ᠦᠢᠯᠡᠰ ᠤᠨ ᠰᠠᠯᠠᠭ᠎ᠠ ᠮᠦᠴᠢᠷ ᠤᠨ ᠬᠦᠳᠡᠯᠮᠦᠷᠢ ᠠᠵᠢᠯᠳᠠᠨ ᠤ ᠲᠦᠷᠢᠮ ᠤᠨ | ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠦᠨ᠎ᠠ᠃ ᠰᠤᠮᠤ ᠪᠠᠯᠭᠠᠰᠤ᠂ ᠨᠡᠶᠢᠬᠡᠮ ᠲᠤᠭᠤᠷᠢᠭ ᠤᠨ | ᠬᠦᠳᠡᠯᠮᠦᠷᠢ ᠠᠵᠢᠯᠳᠠᠨ ᠤ ᠦᠢᠯᠡᠴᠢᠯᠡᠬᠡᠨ ᠤ ᠲᠡᠪᠴᠡᠩ ᠤᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ | ᠴᠢᠩᠭᠠᠳᠬᠠᠨ᠂ ᠦᠨᠳᠤᠰᠤᠨ ᠱᠠᠳᠤᠨ ᠤ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠨ᠎ᠠ᠃ | ᠡᠮ ᠡᠮᠨᠡᠯᠭᠡ᠂ ᠡᠷᠡᠬᠦᠯ ᠬᠠᠮᠠᠭᠠᠯᠠᠯ ᠪᠠ ᠲᠦᠯᠦᠪᠯᠡᠬᠡᠳᠤ ᠦᠷᠡᠵᠢᠯ ᠤᠨ ᠦᠢᠯᠡᠴᠢᠯᠡᠬᠡᠨ ᠤ ᠰᠢᠰᠲ᠋ᠧᠮ ᠢ | ᠪᠦᠷᠢᠨᠰᠢᠭᠦᠯᠣᠨ ᠲᠡᠭᠦᠯᠳᠠᠷᠵᠢᠭᠦᠯᠣᠨᠠ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠪᠦᠳᠦᠴᠡ ᠶᠢᠨ ᠦᠬᠡᠷᠡᠴᠢᠯᠡᠯᠳᠡ ᠶᠢ | ᠯᠠᠪᠳᠠᠭᠤᠨ ᠪᠠᠳᠤᠳᠠᠢ ᠠᠬᠢᠭᠤᠯᠵᠤ᠂ ᠮᠠᠯᠵᠢᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮᠨᠡᠯᠬᠡ ᠶᠢᠨ ᠠᠵᠢᠯ ᠢ | ᠥᠷᠭᠦᠯᠵᠢᠯᠡᠨ ᠰᠠᠶᠢᠳᠣᠷ ᠠᠳᠬᠤᠵᠣ᠂ ᠡᠮᠴᠢᠯᠡᠭᠡᠨ ᠤ ᠰᠣᠶᠢᠳᠭᠡᠯ ᠤᠨ ᠳᠠᠩᠰᠠᠨ ᠠᠴᠠ ᠴᠠᠶᠢᠷᠠᠭᠤᠯᠬᠤ ᠬᠠᠷᠢᠴᠠᠯ ᠪᠠ | ᠬᠢᠵᠠᠭᠠᠷᠯᠠᠬᠤ ᠱᠣᠭᠤᠮ ᠢ ᠣᠯᠠᠮ ᠨᠢᠭᠡ ᠠᠯᠬᠤᠮ ᠳᠡᠭᠡᠭᠰᠢᠯᠡᠭᠦᠯᠵᠣ᠂ ᠬᠤᠷᠰᠢᠭᠰᠠᠨ ᠡᠮᠨᠡᠯᠭᠡ ᠳᠤ ᠤᠷᠤᠯᠴᠠᠬᠤ | ᠨᠤᠷᠮ᠎ᠠ ᠶᠢ 98% ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ ᠬᠤᠳᠠ ᠪᠠᠯᠭᠠᠰᠣᠨ ᠤ ᠰᠠᠭᠤᠭᠠᠯᠢ | ᠠᠷᠠᠳ ᠤᠨ ᠡᠮᠨᠡᠯᠭᠡ ᠶᠢᠨ ᠲᠠᠭᠠᠳᠬᠠᠯ ᠳᠤ ᠣᠷᠣᠬᠤ ᠪᠦᠷᠭᠦᠴᠠ ᠶᠢᠨ ᠬᠡᠪᠴᠢᠶ᠎ᠠ ᠶᠢ ᠣᠯᠠᠮ ᠨᠢᠭᠡ ᠠᠯᠬᠤᠮ | ᠥᠷᠭᠡᠳᠭᠡᠵᠣ᠂ ᠨᠦᠭᠦᠪᠣᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠣᠨ᠎ᠠ᠃ ᠮᠠᠯᠵᠢᠬᠤ ᠤᠷᠤᠨ ᠤ ᠡᠷᠡᠬᠦᠯ ᠬᠠᠮᠠᠭᠠᠯᠠᠯ᠂ | ᠨᠡᠶᠢᠳᠡ ᠶᠢᠨ ᠡᠷᠡᠬᠦᠯ ᠬᠠᠮᠠᠭᠠᠯᠠᠯ᠂ ᠡᠮᠴᠢᠯᠡᠬᠡᠨ ᠤ ᠥᠢᠯᠡᠴᠢᠯᠡᠬᠦ ᠴᠢᠨᠠᠷ ᠴᠢᠨᠰᠠᠭ᠎ᠠ ᠪᠠ ᠮᠤᠩᠭᠤᠯ ᠡᠮ ᠡᠮᠨᠡᠯᠬᠡ ᠶᠢᠨ | ᠬᠦᠭᠵᠢᠯᠳᠡ ᠵᠡᠷᠬᠡ ᠠᠵᠢᠯ ᠢ ᠲᠤᠪᠤᠶᠢᠯᠭᠠᠨ ᠠᠳᠬᠤᠨ᠎ᠠ᠃ ᠮᠡᠷᠬᠡᠵᠢᠯ ᠤᠨ ᠪᠤᠯᠪᠠᠰᠤᠷᠠᠯ ᠢ ᠴᠢᠩᠭᠠᠳᠬᠠᠨ᠂ | ᠡᠮᠴᠢᠯᠡᠬᠡᠨ ᠤ ᠰᠤᠷᠳᠠᠯ ᠤᠨ ᠪᠦᠳᠦᠬᠡᠨ ᠪᠠᠶᠢᠭᠤᠯᠤᠯᠳᠠ ᠶᠢ ᠴᠢᠩᠭ᠎ᠠ ᠠᠳᠬᠤᠵᠤ᠂ ᠡᠮᠴᠢᠯᠡᠬᠡᠨ ᠤ ᠦᠢᠯᠡᠴᠢᠯᠡᠬᠡᠨ ᠤ | ᠬᠢᠷᠢ ᠲᠦᠪᠰᠢᠨ ᠢ ᠲᠡᠬᠡᠭᠰᠢᠯᠡᠬᠦᠯᠦᠨ᠎ᠠ᠃ ᠪᠦᠬᠦ ᠬᠤᠰᠢᠭᠤᠨ ᠤ ᠰᠤᠮᠤ ᠪᠠᠯᠭᠠᠰᠤᠨ ᠤ ᠭᠤᠷᠪᠠᠨ ᠲᠡᠰ ᠤᠨ | ᠡᠮᠴᠢᠯᠡᠬᠡᠨ ᠤ ᠰᠢᠰᠲ᠋ᠧᠮ ᠢ ᠪᠦᠷᠢᠨᠰᠢᠬᠦᠯᠵᠤ᠂ ᠡᠷᠡᠬᠦᠯ ᠬᠠᠮᠠᠭᠠᠯᠠᠯ ᠤᠨ ᠬᠢᠨᠠᠯᠳᠠ ᠶᠢᠨ ᠰᠢᠰᠲ᠋ᠧᠮ ᠤᠨ ᠪᠦᠳᠦᠬᠡᠨ | ᠪᠠᠶᠢᠭᠤᠯᠤᠯᠳᠠ ᠪᠠᠨ ᠴᠢᠩᠭᠠᠳᠬᠠᠨ᠂ ᠡᠷᠡᠬᠦᠯ ᠬᠠᠮᠠᠭᠠᠯᠠᠯ ᠤᠨ ᠬᠡᠨᠡᠳᠳᠡ ᠶᠢᠨ ᠬᠡᠷᠡᠭ ᠶᠠᠪᠤᠳᠠᠯ ᠢ ᠠᠷᠭᠠᠴᠠᠭᠠᠬᠤ | ᠴᠢᠳᠠᠪᠦᠷᠢ ᠪᠠᠨ ᠲᠡᠬᠡᠭᠰᠢᠯᠡᠬᠦᠯᠦᠨ᠎ᠠ᠃ ᠢᠳᠡᠭᠡᠨ ᠣᠮᠳᠠᠭᠠᠨ ᠤ ᠠᠮᠣᠷ ᠲᠦᠪᠰᠢᠨ ᠪᠠ ᠡᠮ ᠤᠨ ᠵᠣᠶᠢᠯᠡᠰ ᠤᠨ ᠶᠠᠰᠣ | ᠴᠢᠨᠠᠷ ᠤᠨ ᠬᠢᠨᠠᠨ ᠬᠠᠮᠢᠶᠠᠷᠣᠯᠳᠠ ᠶᠢ ᠰᠠᠶᠢᠳᠣᠷ ᠠᠳᠬᠤᠵᠣ᠂ ᠣᠯᠠᠨ ᠲᠦᠮᠡᠨ ᠤ ᠠᠮᠢ ᠨᠠᠰᠣᠨ ᠤ ᠠᠮᠣᠷ | ᠲᠦᠪᠰᠢᠨ ᠢ ᠬᠠᠮᠠᠭᠠᠯᠠᠨ᠎ᠠ᠃ ᠬᠦᠮᠦᠨ ᠠᠮᠠ ᠶᠢᠨ ᠲᠤᠤᠷ᠎ᠠ ᠦᠷᠡᠵᠢᠯ ᠤᠨ ᠲᠦᠪᠰᠢᠨ ᠢ ᠲᠤᠭᠳᠠᠪᠦᠷᠢᠵᠢᠭᠤᠯᠬᠤ ᠪᠠᠷ | ᠬᠠᠷᠠᠯᠳᠠ ᠪᠤᠯᠭᠠᠨ᠂ ᠲᠦᠪᠯᠡᠷᠡᠬᠦᠯᠦᠭᠰᠡᠨ ᠠᠵᠢᠯᠯᠠᠭ᠎ᠠ ᠪᠤᠯᠤᠨ ᠡᠳᠦᠷ ᠲᠤᠳᠤᠮ ᠤᠨ ᠬᠠᠮᠢᠶᠠᠷᠤᠯᠳᠠ ᠶᠢ | ᠤᠶᠠᠯᠳᠤᠭᠤᠯᠤᠨ᠂ ᠲᠦᠷᠢᠮ ᠲᠤᠭᠳᠠᠭᠠᠯ ᠢᠶᠠᠨ ᠤᠯᠠᠮ ᠨᠢᠬᠡ ᠠᠯᠬᠤᠮ ᠲᠡᠬᠦᠯᠳᠡᠷᠵᠢᠬᠦᠯᠦᠨ᠂ ᠬᠠᠷᠢᠭᠤᠴᠠᠯᠭ᠎ᠠ ᠪᠠᠨ | ᠨᠠᠶᠢᠳᠠᠪᠣᠷᠢᠵᠢᠭᠤᠯᠵᠣ᠂ ᠣᠷᠢᠳᠠᠪᠡᠷ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠬᠤ᠂ ᠦᠷᠡᠵᠢᠯ ᠢ | ᠬᠢᠵᠠᠭᠠᠷᠯᠠᠬᠤ ᠠᠷᠭ᠎ᠠ ᠬᠡᠮᠵᠢᠶ᠎ᠠ ᠶᠢ ᠨᠠᠶᠢᠳᠠᠪᠣᠷᠢᠵᠢᠭᠤᠯᠬᠤ᠂ ᠨᠡᠶᠢᠬᠡᠮ ᠤᠨ ᠠᠰᠠᠷᠠᠮᠵᠢ ᠶᠢᠨ ᠰᠦᠢᠳᠬᠡᠯ ᠬᠤᠷᠢᠶᠠᠬᠤ᠂ | ᠶᠠᠪᠤᠭᠤᠯ ᠬᠦᠮᠦᠨ ᠠᠮᠠ ᠶᠢᠨ ᠲᠦᠯᠦᠪᠯᠡᠬᠡᠳᠤ ᠦᠷᠡᠵᠢᠯ ᠤᠨ ᠬᠠᠮᠢᠶᠠᠷᠤᠯᠳᠠ᠂ ᠰᠢᠯᠢᠳᠡᠭ ᠦᠢᠯᠡᠴᠢᠯᠡᠭᠡ ᠵᠡᠷᠬᠡ | ᠭᠤᠤᠯᠳᠠᠯᠭ᠎ᠠ ᠲᠠᠢ ᠠᠵᠢᠯ ᠢ ᠦᠨᠡᠨᠬᠦ ᠰᠠᠶᠢᠳᠤᠷ ᠠᠳᠬᠤᠵᠤ᠂ ᠬᠦᠮᠦᠨ ᠠᠮᠠ ᠪᠤᠯᠤᠨ ᠲᠦᠯᠦᠪᠯᠡᠬᠡᠳᠤ ᠦᠷᠡᠵᠢᠯ ᠤᠨ | ᠠᠵᠢᠯ ᠤᠨ ᠬᠠᠷᠠᠯᠳᠠ ᠪᠠᠨ ᠠᠮᠵᠢᠯᠳᠠᠳᠠᠢ ᠪᠡᠶᠡᠯᠡᠬᠦᠯᠬᠦ ᠶᠢ ᠪᠠᠳᠤᠯᠠᠨ᠎ᠠ᠃ | ᠨᠡᠶᠢᠭᠡᠮ ᠤᠨ ᠠᠮᠣᠷ ᠲᠤᠭᠳᠠᠭᠤᠨ ᠢ ᠪᠠᠳᠤᠯᠠᠬᠤ ᠠᠵᠢᠯ ᠢᠶᠠᠨ ᠴᠢᠩᠭᠠᠳᠬᠠᠨ᠎ᠠ᠃ ᠤᠳᠤᠷᠢᠳᠤᠯᠭ᠎ᠠ ᠶᠢᠨ | ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠡᠳᠦᠷ ᠤᠨ ᠲᠦᠷᠢᠮ ᠪᠠ ᠭᠤᠤᠯᠳᠠᠯᠭᠠᠳᠤ ᠵᠠᠬᠢᠳᠠᠯ | ᠰᠤᠷᠪᠤᠯᠵᠢᠯᠠᠭ᠎ᠠ ᠶᠢᠨ ᠣᠴᠢᠷ ᠢ ᠤᠳᠤᠷᠢᠳᠤᠯᠭ᠎ᠠ ᠲᠠᠭᠠᠭᠠᠨ ᠠᠪᠴᠤ᠂ ᠱᠠᠭᠠᠷᠳᠠᠨ ᠰᠢᠢᠳᠪᠦᠷᠢᠯᠡᠬᠦ ᠲᠦᠷᠢᠮ ᠢ | ᠪᠠᠷᠢᠮᠳᠠᠯᠠᠵᠤ᠂ ᠣᠨ ᠣᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠬᠦ ᠪᠦᠳᠦᠮᠵᠢ ᠶᠢ | ᠪᠠᠬᠢᠵᠢᠬᠦᠯᠦᠨ ᠲᠡᠬᠡᠭᠰᠢᠯᠡᠬᠦᠯᠦᠨ᠎ᠠ᠃ ᠵᠦᠷᠢᠴᠡᠯ ᠵᠢᠭᠤᠷᠭᠠᠨ ᠢ ᠡᠶᠡᠳᠡᠭᠦᠯᠬᠦ ᠠᠵᠢᠯ ᠢ ᠦᠷᠬᠦᠯᠵᠢᠯᠡᠨ ᠦᠷᠨᠢᠬᠦᠯᠵᠤ᠂ | ︽ᠬᠠᠷᠢᠶᠠᠳᠣ ᠭᠠᠵᠠᠷ ᠨᠢ ᠬᠠᠮᠢᠶᠠᠷᠬᠤ︾ ᠪᠠ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ | ᠶᠤᠰᠤᠭᠠᠷ᠂ ᠠᠩᠬᠠᠨ ᠤ ᠵᠠᠬᠢᠳᠠᠯ᠂ ᠠᠩᠬᠠᠨ ᠤ ᠰᠣᠷᠪᠣᠯᠵᠢᠯᠠᠭ᠎ᠠ ᠶᠢ ᠬᠠᠮᠤᠭ ᠠᠩᠬ᠎ᠠ ᠬᠠᠷᠢᠭᠤᠴᠠᠭᠰᠠᠨ ᠨᠢ | ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠵᠦᠷᠢᠴᠡᠯ ᠵᠢᠭᠤᠷᠭᠠᠨ ᠢ | ᠡᠶᠡᠳᠡᠬᠦᠯᠬᠦ ᠪᠠᠶᠢᠭᠤᠯᠣᠮᠵᠢ ᠶᠢ ᠪᠦᠷᠢᠨᠰᠢᠬᠦᠯᠦᠨ᠂ ᠡᠯ᠎ᠠ ᠲᠦᠷᠦᠯ ᠤᠨ ᠵᠦᠷᠢᠴᠡᠯ ᠵᠢᠭᠤᠷᠭᠠᠨ ᠢ ᠦᠨᠳᠤᠰᠤᠨ ᠱᠠᠳᠤᠨ | ᠳᠤ ᠰᠢᠢᠳᠪᠦᠷᠢᠯᠡᠬᠦ ᠪᠠᠷ ᠴᠢᠷᠮᠠᠶᠢᠨ᠎ᠠ᠃ ᠨᠡᠶᠢᠬᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ | ᠂ ᠰᠡᠷᠬᠡᠶᠢᠯᠡᠨ ᠬᠤᠷᠢᠭᠯᠠᠬᠤ ᠰᠢᠰᠲ᠋ᠧᠮ ᠢ ᠪᠠᠶᠢᠭᠤᠯᠣᠨ ᠲᠡᠭᠦᠯᠳᠠᠷᠵᠢᠭᠦᠯᠵᠣ᠂ ᠡᠯ᠎ᠠ ᠲᠦᠷᠦᠯ ᠤᠨ ᠴᠡᠭᠴᠡᠯᠡᠨ ᠵᠠᠰᠠᠬᠤ | ᠬᠦᠳᠡᠯᠬᠡᠬᠡᠨ ᠢ ᠦᠷᠨᠢᠬᠦᠯᠦᠨ᠂ ᠨᠡᠶᠢᠬᠡᠮ ᠤᠨ ᠠᠮᠤᠷ ᠲᠦᠪᠰᠢᠨ ᠢ ᠪᠠᠳᠤᠯᠠᠨ᠎ᠠ᠃ ᠠᠶᠣᠯᠬᠦᠢ ᠥᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠡᠯ᠎ᠠ ᠱᠠᠳᠣᠨ ᠤ ᠬᠠᠷᠢᠭᠤᠴᠠᠯᠭ᠎ᠠ ᠶᠢ ᠣᠯᠠᠮ | ᠨᠢᠭᠡ ᠠᠯᠬᠤᠮ ᠲᠣᠳᠣᠷᠬᠠᠶᠢᠯᠠᠨ᠂ ᠲᠦᠭᠰᠢᠭᠦᠷᠢᠳᠣ ᠪᠠᠶᠢᠳᠠᠯ ᠢ ᠪᠠᠶᠢᠴᠠᠭᠠᠠᠬᠤ ᠪᠠ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠣ᠂ ᠡᠯ᠎ᠠ ᠵᠣᠶᠢᠯ ᠤᠨ ᠠᠶᠣᠯ ᠲᠦᠭᠰᠢᠭᠦᠷᠢ ᠶᠢ ᠠᠷᠢᠯᠭᠠᠨ᠂ ᠬᠦᠨᠳᠣ ᠶᠡᠭᠡ ᠬᠡᠷᠡᠭ ᠣᠴᠢᠷ ᠡᠭᠦᠰᠬᠦ ᠠᠴᠠ | ᠰᠡᠷᠭᠡᠶᠢᠯᠡᠨ᠎ᠠ᠃ ᠦᠨᠳᠤᠰᠤᠳᠡᠨ᠂ ᠱᠠᠰᠢᠨ ᠰᠤᠷᠳᠠᠬᠤᠨ ᠤ ᠠᠵᠢᠯ ᠢ ᠦᠨᠡᠨᠬᠦ ᠰᠠᠶᠢᠳᠣᠷ ᠠᠳᠬᠤᠵᠣ᠂ ᠬᠢᠯᠢ | ᠬᠢᠵᠠᠭᠠᠷ ᠣᠷᠣᠨ ᠢᠶᠠᠨ ᠬᠦᠴᠣᠷᠬᠡᠭᠵᠢᠭᠦᠯᠣᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠥᠷᠭᠦᠯᠵᠢᠯᠡᠨ ᠲᠦᠯᠬᠢᠨ | ᠠᠬᠢᠭᠤᠯᠵᠣ᠂ ᠡᠯ᠎ᠠ ᠥᠨᠳᠣᠰᠣᠳᠡᠨ ᠤ ᠬᠠᠮᠳᠣᠪᠡᠷ ᠪᠦᠯᠬᠦᠮᠳᠡᠨ ᠲᠠᠪᠰᠢᠵᠣ᠂ ᠬᠠᠮᠳᠣᠪᠡᠷ ᠴᠡᠴᠡᠭᠯᠡᠨ ᠬᠦᠭᠵᠢᠬᠦ ᠶᠢ | ᠠᠬᠢᠭᠤᠯᠣᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠣᠯᠳᠠ ᠶᠢᠨ ᠪᠠᠶᠢᠭᠤᠯᠣᠮᠵᠢ ᠶᠢ ᠲᠡᠭᠦᠯᠳᠡᠷᠵᠢᠭᠦᠯᠣᠨ᠂ | ᠭᠡᠨᠡᠳᠳᠠ ᠪᠠᠷ ᠡᠭᠦᠰᠬᠦ ᠣᠯᠠᠨ ᠨᠡᠶᠢᠳᠠ ᠶᠢᠨ ᠬᠡᠷᠡᠭ ᠣᠴᠢᠷ ᠢ ᠰᠠᠷᠭᠡᠶᠢᠯᠡᠬᠦ ᠪᠠ ᠠᠷᠭᠠᠴᠠᠭᠠᠬᠤ ᠴᠢᠳᠠᠪᠣᠷᠢ ᠶᠢ | ᠳᠡᠭᠡᠭᠰᠢᠯᠡᠭᠦᠯᠣᠨ᠎ᠠ᠃ ᠬᠢᠯᠢ ᠶᠢᠨ ᠬᠠᠮᠢᠶᠠᠷᠣᠯᠳᠠ ᠶᠢᠨ ᠠᠵᠢᠯ ᠢ ᠬᠦᠨᠳᠣᠳᠭᠡᠠ ᠴᠢᠩᠭᠠᠳᠬᠠᠵᠣ᠂ ᠬᠢᠯᠢ ᠬᠢᠵᠠᠭᠠᠷ | ᠣᠷᠣᠨ ᠤ ᠠᠮᠣᠷ ᠲᠣᠭᠳᠠᠭᠤᠨ ᠢ ᠪᠠᠳᠣᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠳᠠ ᠶᠢᠨ ᠠᠵᠢᠯ ᠪᠠ | ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠰᠢᠰᠲ᠋ᠧᠮ ᠤᠨ ᠪᠠᠶᠢᠭᠤᠯᠣᠯᠳᠠ ᠶᠢ ᠰᠠᠶᠢᠳᠣᠷ | ᠠᠳᠬᠤᠵᠣ᠂ ᠬᠤᠶᠠᠷ ᠢ ᠬᠦᠷᠢᠶᠡᠯᠡᠨ ᠬᠠᠮᠳᠣᠪᠡᠷ ᠪᠠᠶᠢᠭᠤᠯᠬᠤ ᠪᠠ ᠠᠰᠠᠷᠠᠨ ᠬᠠᠷᠠᠭᠠᠯᠵᠠᠬᠤ ᠡᠳᠡᠭᠡᠳ ᠢ | ᠲᠦᠪᠬᠢᠨᠡᠭᠦᠯᠬᠦ ᠠᠵᠢᠯ ᠢ ᠬᠦᠨᠵᠡᠭᠡᠢ ᠥᠷᠨᠢᠭᠦᠯᠣᠨ᠂ ᠴᠡᠷᠢᠭ ᠵᠠᠰᠠᠭ᠂ ᠴᠡᠷᠢᠭ ᠠᠷᠠᠳ ᠤᠨ ᠪᠦᠯᠭᠦᠮᠳᠠᠯ ᠢ | ᠪᠠᠬᠢᠵᠢᠭᠦᠯᠵᠣ᠂ ᠨᠡᠶᠢᠭᠡᠮ ᠤᠨ ᠠᠮᠣᠷ ᠲᠣᠭᠳᠠᠭᠤᠨ ᠢ ᠪᠠᠳᠣᠯᠠᠨ᠎ᠠ᠃ | ᠲᠦᠷᠪᠡ᠂ ᠵᠠᠰᠠᠭ ᠤᠨ ᠤᠷᠳᠤᠨ ᠤ ᠲᠣᠰ ᠪᠡᠶ᠎ᠠ | ᠶᠢᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ | ᠰᠢᠨ᠎ᠠ ᠪᠠᠶᠢᠳᠠᠯ᠂ ᠰᠢᠨ᠎ᠠ ᠡᠬᠦᠷᠬᠡ ᠶᠢᠨ ᠡᠮᠦᠨ᠎ᠠ ᠪᠢᠳᠡ ᠡᠷᠬᠡᠪᠰᠢ ᠵᠠᠰᠠᠭ ᠤᠨ ᠤᠷᠳᠤᠨ ᠤ ᠲᠣᠰ ᠪᠡᠶ᠎ᠠ | ᠶᠢᠨ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠰᠢᠨ᠎ᠠ ᠶᠢ ᠡᠬᠦᠳᠬᠦ ᠶᠢ ᠴᠢᠩᠭᠠᠳᠬᠠᠵᠤ᠂ ᠨᠡᠩ ᠦᠨᠳᠤᠷ | ᠵᠠᠰᠠᠭ ᠵᠠᠬᠢᠷᠭᠠᠨ ᠤ ᠴᠢᠳᠠᠪᠬᠢ ᠪᠤᠯᠤᠨ ᠠᠵᠢᠯ ᠤᠨ ᠬᠢᠷᠢ ᠲᠦᠪᠰᠢᠨ ᠢᠶᠠᠷ ᠠᠷᠠᠳ ᠲᠦᠮᠡᠨ ᠳᠤ ᠦᠢᠯᠡᠴᠢᠯᠡᠨ᠂ | ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠳᠠ ᠶᠢ ᠬᠦᠯᠢᠶᠡᠨ᠂ ᠠᠷᠠᠳ ᠲᠦᠮᠡᠨ ᠢ ᠰᠡᠳᠬᠢᠯ | ᠬᠠᠨᠤᠮᠵᠢᠳᠠᠢ ᠪᠠᠶᠢᠯᠭᠠᠨ᠎ᠠ᠃ | ︵ᠨᠢᠬᠡ︶ ᠬᠠᠥᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠨ᠂ ᠬᠠᠥᠯᠢ ᠶᠣᠰᠣᠭᠠᠷ ᠡᠭᠦᠷᠭᠡ ᠴᠢᠳᠠᠪᠬᠢ | ᠪᠠᠨ ᠬᠦᠢᠴᠡᠳᠬᠡᠨ᠎ᠠ᠃ ᠬᠠᠥᠯᠢ ᠶᠤᠰᠤᠭᠠᠷ ᠵᠠᠰᠠᠭ ᠪᠠᠷᠢᠬᠤ ᠶᠢ ᠵᠠᠰᠠᠭ ᠤᠨ ᠤᠷᠳᠤᠨ ᠤ ᠰᠢᠢᠳᠪᠦᠷᠢᠳᠣ ᠪᠤᠳᠤᠯᠭ᠎ᠠ | ᠶᠢ ᠲᠤᠭᠳᠠᠭᠠᠬᠤ᠂ ᠬᠡᠷᠡᠭᠵᠢᠭᠦᠯᠬᠦ᠂ ᠬᠢᠨᠠᠯᠳᠠ ᠲᠠᠯᠪᠢᠬᠤ ᠪᠦᠬᠦᠶᠢᠯᠡ ᠶᠠᠪᠤᠴᠠ ᠳᠤ ᠲᠣᠣᠱᠯᠠᠭᠤᠯᠬᠤ ᠶᠢ ᠪᠠᠷᠢᠮᠳᠠᠯᠠᠵᠤ | ᠂ ᠬᠠᠥᠯᠢ ᠳᠤ ᠲᠤᠭᠳᠠᠭᠠᠭᠰᠠᠨ ᠡᠷᠬᠡ ᠶᠢᠨ ᠬᠢᠵᠠᠭᠠᠷᠯᠠᠯ ᠪᠠ ᠲᠠᠷᠠᠭᠠᠯᠠᠯ ᠶᠣᠰᠣᠭᠠᠷ ᠡᠷᠬᠡ ᠪᠠᠨ ᠬᠡᠷᠡᠭᠵᠢᠭᠦᠯᠵᠣ᠂ | ᠬᠠᠷᠢᠭᠤᠴᠠᠯᠭ᠎ᠠ ᠪᠠᠨ ᠬᠦᠢᠴᠡᠳᠭᠡᠨ᠎ᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠠᠥᠯᠢ ᠴᠠᠭᠠᠵᠠ | ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠨᠡᠶᠢᠬᠡᠮ ᠤᠨ | ᠶᠠᠷᠢᠶ᠎ᠠ ᠬᠡᠯᠡᠯᠴᠡᠬᠡᠨ ᠤ ᠬᠢᠨᠠᠯᠳᠠ ᠶᠢ ᠰᠠᠨᠠᠭᠠᠴᠢᠯᠠᠭ᠎ᠠ ᠲᠠᠢ ᠪᠠᠷ ᠬᠦᠯᠢᠶᠡᠵᠤ᠂ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠲᠦᠯᠦᠬᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ | ᠤᠨ ᠲᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠴᠢᠨᠠᠷ ᠴᠢᠨᠰᠠᠭ᠎ᠠ ᠶᠢ ᠤᠯᠠᠮ ᠨᠢᠬᠡ ᠠᠯᠬᠤᠮ ᠲᠡᠬᠡᠭᠰᠢᠯᠡᠬᠦᠯᠦᠨ᠂ | ᠣᠯᠠᠨ ᠲᠦᠮᠡᠨ ᠤ ᠪᠦᠯᠬᠦᠮ ᠪᠠ ᠨᠡᠶᠢᠬᠡᠮ ᠤᠨ ᠡᠯ᠎ᠠ ᠡᠳᠡᠬᠡᠳ ᠤᠨ ᠰᠠᠨᠠᠯ ᠰᠢᠬᠦᠮᠵᠢ ᠶᠢ ᠥᠷᠭᠡᠨ ᠳᠡᠯᠭᠡᠷ ᠢᠶᠠᠷ | ᠬᠦᠯᠢᠶᠠᠨ ᠠᠪᠴᠣ᠂ ᠠᠷᠠᠳᠴᠢᠯᠡᠯ ᠢᠶᠠᠷ ᠰᠢᠢᠳᠪᠦᠷᠢᠳᠣ ᠪᠣᠳᠣᠯᠭ᠎ᠠ ᠲᠣᠭᠳᠠᠭᠠᠬᠤ ᠲᠦᠷᠢᠮ ᠢ ᠪᠦᠬᠦ ᠲᠠᠯ᠎ᠠ ᠪᠠᠷ | ᠰᠠᠶᠢᠳᠣᠷ ᠨᠠᠶᠢᠳᠠᠪᠣᠷᠢᠵᠢᠭᠤᠯᠣᠨ᠎ᠠ᠃ ᠲᠤᠮᠤ ᠴᠢᠬᠤᠯᠠ ᠬᠡᠷᠡᠭ ᠤᠴᠢᠷ ᠢ ᠢᠯᠡ ᠨᠡᠶᠢᠳᠡᠯᠡᠬᠦ᠂ ᠬᠤᠷᠠᠯ ᠢᠶᠠᠷ | ᠪᠠᠳᠤᠯᠠᠬᠤ᠂ ᠠᠰᠠᠭᠤᠵᠤ ᠯᠠᠪᠯᠠᠬᠤ ᠲᠦᠷᠢᠮ ᠢ ᠲᠡᠭᠦᠯᠳᠠᠷᠵᠢᠭᠦᠯᠵᠣ᠂ ᠣᠯᠠᠨ ᠲᠦᠮᠡᠨ ᠤ ᠪᠠᠶᠢᠳᠠᠯ ᠢ ᠥᠢᠯᠠᠭᠠᠬᠤ | ᠡᠷᠬᠡ᠂ ᠤᠷᠤᠯᠴᠠᠬᠤ ᠡᠷᠬᠡ ᠪᠠ ᠬᠢᠨᠠᠯᠳᠠ ᠲᠠᠯᠪᠢᠬᠤ ᠡᠷᠬᠡ ᠶᠢ ᠪᠠᠳᠣᠯᠠᠨ᠎ᠠ᠃ ᠵᠠᠰᠠᠭ ᠵᠠᠬᠢᠷᠭᠠᠨ ᠤ ᠬᠠᠥᠯᠢ | ᠬᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠲᠡᠬᠦᠯᠳᠡᠷᠵᠢᠬᠦᠯᠵᠤ᠂ ᠵᠠᠰᠠᠭ ᠶᠠᠪᠣᠭᠤᠯᠬᠤ ᠠᠵᠢᠯᠯᠠᠭ᠎ᠠ ᠪᠠᠨ | ᠲᠦᠷᠢᠮᠵᠢᠬᠦᠯᠵᠤ᠂ ᠬᠠᠥᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠪᠠᠨ ᠴᠢᠩᠭᠠᠳᠬᠠᠨ᠂ ᠵᠠᠰᠠᠭ ᠤᠨ ᠤᠷᠳᠤᠨ ᠤ | ᠠᠵᠢᠯ ᠤᠨ ᠲᠦᠷᠢᠮᠵᠢᠯᠳᠡ᠂ ᠬᠠᠥᠯᠢᠵᠢᠯᠳᠠ ᠶᠢ ᠲᠦᠷᠬᠡᠳᠬᠡᠨ᠎ᠠ᠃ | ︵ᠬᠤᠶᠠᠷ︶ ᠥᠢᠯᠡᠴᠢᠯᠡᠬᠦ ᠲᠠᠨᠢᠯᠳᠠ ᠪᠠᠨ ᠴᠢᠩᠭᠠᠳᠬᠠᠵᠣ᠂ ᠭᠡᠷᠡᠭ ᠣᠴᠢᠷ ᠰᠢᠢᠳᠪᠦᠷᠢᠯᠡᠬᠦ ᠥᠷ᠎ᠠ | ᠪᠦᠳᠦᠮᠵᠢ ᠪᠠᠨ ᠳᠡᠭᠡᠭᠰᠢᠯᠡᠭᠦᠯᠣᠨ᠎ᠠ᠃ ᠵᠠᠰᠠᠭ ᠤᠨ ᠣᠷᠳᠣᠨ ᠤ ᠴᠢᠳᠠᠪᠬᠢ ᠶᠢ ᠬᠤᠪᠢᠷᠠᠭᠤᠯᠣᠨ᠂ ᠥᠢᠯᠡᠴᠢᠯᠡᠭᠡᠨ ᠤ | ᠴᠢᠨᠠᠷᠵᠢᠯ ᠢ ᠳᠡᠭᠡᠭᠰᠢᠯᠡᠬᠦᠯᠬᠦ ᠵᠠᠷᠴᠢᠮ ᠶᠣᠰᠣᠭᠠᠷ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠥᠭᠡᠷᠡᠴᠢᠯᠡᠯᠳᠠ ᠶᠢᠨ | ᠠᠵᠢᠯ ᠢ ᠴᠠᠭ ᠲᠣᠬᠠᠢ ᠳᠤᠨᠢ ᠪᠡᠶᠡᠯᠡᠭᠦᠯᠣᠨ᠎ᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ | ᠥᠭᠡᠷᠡᠴᠢᠯᠡᠯᠳᠠ ᠶᠢ ᠲᠦᠷᠭᠡᠳᠭᠡᠨ᠂ ᠰᠣᠷᠠᠭ ᠵᠠᠩᠬᠢᠳᠣ ᠴᠢᠨᠠᠷ ᠪᠠ ᠡᠯᠧᠺᠲᠷᠣᠨ ᠵᠠᠰᠠᠭ ᠤᠨ ᠶᠠᠪᠣᠳᠠᠯ ᠤᠨ | ᠪᠠᠶᠢᠭᠤᠯᠣᠯᠳᠠ ᠶᠢ ᠢᠳᠡᠪᠬᠢᠳᠠᠢ ᠲᠦᠯᠬᠢᠨ ᠠᠬᠢᠭᠤᠯᠵᠣ᠂ ᠵᠠᠰᠠᠭ ᠤᠨ ᠶᠠᠪᠣᠳᠠᠯ ᠢ ᠢᠯᠡ ᠪᠣᠯᠭᠠᠬᠤ ᠠᠵᠢᠯ ᠢ | ᠴᠢᠩᠭᠠᠳᠬᠠᠨ᠂ ᠣᠯᠠᠨ ᠨᠡᠶᠢᠳᠠ ᠶᠢᠨ ᠬᠠᠮᠢᠶᠠᠷᠣᠯᠳᠠ ᠪᠠ ᠣᠯᠠᠨ ᠨᠡᠶᠢᠳᠠ ᠶᠢᠨ ᠥᠢᠯᠡᠴᠢᠯᠡᠭᠡᠨ ᠤ ᠴᠢᠳᠠᠪᠬᠢ ᠶᠢ | ᠦᠨᠡᠨᠬᠦ ᠬᠡᠷᠡᠭᠵᠢᠭᠦᠯᠣᠨ᠎ᠠ᠃ ᠵᠠᠰᠠᠭ ᠤᠨ ᠣᠷᠳᠣᠨ ᠤ ᠢᠳᠡᠭᠡᠮᠵᠢ ᠶᠢᠨ ᠪᠠᠶᠢᠭᠤᠯᠣᠯᠳᠠ ᠶᠢ ᠴᠢᠩᠭᠠᠳᠬᠠᠨ᠂ | ᠠᠮᠠᠯᠳᠠᠭᠰᠠᠨ ᠶᠠᠪᠣᠳᠠᠯ ᠢᠶᠠᠨ ᠦᠨᠡᠨᠬᠦ ᠪᠡᠶᠡᠯᠡᠭᠦᠯᠵᠣ᠂ ᠦᠨᠡᠨᠬᠦ ᠨᠠᠶᠢᠳᠠᠪᠣᠷᠢᠵᠢᠭᠤᠯᠣᠨ᠎ᠠ᠃ ᠠᠵᠢᠯ ᠤᠨ ᠰᠠᠭᠢᠯᠭ᠎ᠠ | ᠪᠠᠳᠣ ᠶᠢ ᠵᠢᠷᠤᠮᠯᠠᠵᠣ᠂ ᠲᠣᠰᠢᠶᠠᠯ ᠳᠠᠭᠠᠨ ᠣᠰᠣᠯᠳᠠᠭᠰᠠᠨ ᠪᠠ ᠲᠣᠰᠢᠶᠠᠯ ᠢᠶᠠᠨ ᠭᠤᠳᠣᠭᠠᠭᠰᠠᠨ ᠶᠠᠪᠣᠳᠠᠯ ᠢ ᠴᠢᠩᠭ᠎ᠠ | ᠪᠠᠶᠢᠴᠠᠭᠠᠨ᠂ ᠠᠵᠢᠯ ᠬᠢᠬᠦ ᠦᠭᠡᠢ ᠪᠣᠶᠣ ᠲᠣᠷ᠎ᠠ ᠪᠠᠷ ᠢᠶᠠᠨ ᠬᠢᠬᠦ ᠶᠢ ᠲᠦᠪ ᠴᠢᠩᠭ᠎ᠠ ᠰᠢᠢᠳᠪᠦᠷᠢᠯᠡᠵᠣ᠂ ᠵᠠᠰᠠᠭ ᠤᠨ | ᠣᠷᠳᠣᠨ ᠤ ᠨᠠᠶᠢᠳᠠᠪᠣᠷᠢᠵᠢᠭᠤᠯᠣᠯᠳᠠ ᠪᠠ ᠨᠡᠶᠢᠭᠡᠮ ᠨᠡᠶᠢᠳᠠ ᠶᠢᠨ ᠢᠳᠡᠭᠡᠯ ᠢ ᠦᠨᠡᠨᠬᠦ ᠳᠡᠭᠡᠭᠰᠢᠯᠡᠭᠦᠯᠣᠨ᠎ᠠ᠃ | ᠴᠢᠬᠤᠯᠠ ᠶᠡᠭᠡ ᠲᠦᠷᠣᠯ ᠵᠣᠶᠢᠯ ᠢ ᠵᠣᠬᠢᠴᠠᠭᠤᠯᠣᠨ ᠠᠬᠢᠭᠤᠯᠬᠤ᠂ ᠬᠤᠯᠪᠣᠭᠠᠯᠠᠨ ᠬᠢᠵᠣ᠂ ᠬᠤᠯᠪᠣᠭᠠᠯᠠᠨ | ᠵᠦᠪᠰᠢᠶᠡᠷᠡᠬᠦ ᠪᠠᠶᠢᠭᠤᠯᠣᠮᠵᠢ ᠶᠢ ᠲᠡᠭᠦᠯᠳᠡᠷᠵᠢᠭᠦᠯᠣᠨ᠂ ᠠᠵᠣ ᠠᠬᠤᠶᠢᠯᠡᠯ ᠢ ᠢᠳᠡᠪᠬᠢᠳᠠᠢ ᠬᠠᠪᠰᠣᠷᠣᠨ ᠪᠣᠳᠠᠳᠠᠢ | ᠬᠦᠴᠢᠷᠳᠠᠯ ᠢ ᠨᠢ ᠰᠢᠢᠳᠪᠦᠷᠢᠯᠡᠵᠣ ᠥᠭᠭᠦᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠭᠡᠮᠵᠢᠯᠡᠬᠦ ᠪᠠ ᠠᠮᠵᠢᠯᠳᠠ | ᠪᠦᠳᠦᠮᠵᠢ ᠶᠢ ᠰᠢᠯᠭᠠᠨ ᠦᠨᠡᠯᠡᠬᠦ ᠲᠦᠷᠢᠮ ᠢ ᠴᠢᠩᠭ᠎ᠠ ᠬᠡᠷᠡᠭᠵᠢᠭᠦᠯᠵᠣ᠂ ᠥᠷ᠎ᠠ ᠪᠦᠳᠦᠮᠵᠢ ᠶᠢᠨ ᠬᠢᠨᠠᠨ | ᠪᠠᠶᠢᠴᠠᠭᠠᠯᠳᠠ ᠶᠢ ᠴᠢᠩᠭᠠᠳᠬᠠᠨ᠂ ᠭᠡᠷᠡᠭ ᠣᠴᠢᠷ ᠰᠢᠢᠳᠪᠦᠷᠢᠯᠡᠬᠦ ᠳᠡᠭᠡᠨ ᠬᠤᠶᠢᠰᠢ ᠰᠠᠭᠤᠬᠤ᠂ ᠨᠠᠰᠢ ᠴᠠᠰᠢ | ᠲᠦᠯᠬᠢᠬᠦ ᠨᠠᠵᠠᠭᠠᠢ ᠰᠣᠷᠳᠠᠯ ᠢ ᠡᠷᠡᠰ ᠳᠡᠪᠴᠢᠵᠣ᠂ ᠠᠵᠢᠯ ᠤᠨ ᠥᠷ᠎ᠠ ᠪᠦᠳᠦᠮᠵᠢ ᠶᠢ ᠳᠡᠭᠡᠭᠰᠢᠯᠡᠭᠦᠯᠣᠨ᠎ᠠ᠃ | ︵ᠭᠤᠷᠪᠠ︶ ᠬᠦᠭᠵᠢᠯᠳᠡ ᠶᠢᠨ ᠦᠵᠡᠯᠳᠡ ᠶᠢ ᠴᠢᠩᠭᠠᠳᠬᠠᠨ᠂ ᠠᠵᠢᠯ ᠤᠨ ᠨᠠᠶᠢᠳᠠᠪᠣᠷᠢᠵᠢᠭᠤᠯᠣᠯᠳᠠ ᠶᠢ | ᠠᠳᠬᠤᠨ᠎ᠠ᠃ ᠪᠤᠳᠠᠳᠠᠢ ᠠᠵᠢᠯ ᠬᠢᠵᠤ᠂ ᠪᠣᠳᠠᠳᠣ ᠥᠷ᠎ᠠ ᠠᠰᠢᠭ ᠢ ᠡᠷᠬᠢᠮᠯᠡᠬᠦ ᠶᠢ ᠵᠠᠰᠠᠭ ᠤᠨ ᠤᠷᠳᠤᠨ ᠤ ᠲᠡᠷᠢᠭᠦᠨ | ᠱᠠᠭᠠᠷᠳᠠᠯᠭ᠎ᠠ ᠪᠤᠯᠭᠠᠵᠤ᠂ ᠡᠯ᠎ᠠ ᠲᠦᠷᠦᠯ ᠤᠨ ᠰᠢᠢᠳᠪᠦᠷᠢᠳᠤ ᠪᠤᠳᠤᠯᠭ᠎ᠠ᠂ ᠠᠷᠭ᠎ᠠ ᠬᠡᠮᠵᠢᠶ᠎ᠠ ᠶᠢᠨ | ᠨᠠᠶᠢᠳᠠᠪᠦᠷᠢᠵᠢᠭᠤᠯᠤᠯᠳᠠ ᠶᠢ ᠴᠢᠩᠭ᠎ᠠ ᠠᠳᠬᠤᠨ᠎ᠠ᠃ ᠵᠠᠰᠠᠭ ᠤᠨ ᠤᠷᠳᠤᠨ ᠤ ᠲᠣᠭᠳᠠᠭᠠᠭᠰᠠᠨ ᠡᠯ᠎ᠠ ᠲᠦᠷᠦᠯ ᠤᠨ | ᠠᠵᠢᠯ ᠳᠤ᠂ ᠬᠠᠷᠠᠯᠳᠠᠳᠣ ᠬᠠᠷᠢᠭᠤᠴᠠᠯᠭ᠎ᠠ ᠶᠢᠨ ᠲᠦᠷᠢᠮ ᠪᠤᠯᠤᠨ ᠭᠤᠤᠯᠯᠠᠨ ᠬᠠᠷᠢᠭᠤᠴᠠᠬᠤ ᠲᠦᠷᠢᠮ ᠢ ᠴᠢᠩᠭ᠎ᠠ | ᠨᠠᠶᠢᠳᠠᠪᠦᠷᠢᠵᠢᠭᠤᠯᠤᠨ᠂ ᠬᠢᠨᠠᠯᠳᠠ ᠲᠠᠯᠪᠢᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠡᠯ᠎ᠠ ᠲᠦᠷᠦᠯ ᠤᠨ | ᠠᠵᠢᠯ ᠡᠬᠦᠷᠬᠡ ᠶᠢᠨ ᠲᠤᠭᠳᠠᠭᠰᠠᠨ ᠴᠠᠭ ᠳᠠᠭᠠᠨ ᠠᠮᠵᠢᠯᠳᠠᠳᠠᠢ ᠪᠡᠶᠡᠯᠡᠬᠦᠯᠬᠦ ᠶᠢ ᠪᠠᠳᠤᠯᠠᠨ᠎ᠠ᠃ ᠠᠵᠢᠯ ᠡᠭᠦᠷᠭᠡ | ᠪᠣᠯᠭᠠᠨ ᠳᠤ ᠡᠷᠭᠡᠪᠰᠢ ᠴᠢᠩᠭ᠎ᠠ ᠬᠠᠷᠢᠭᠤᠴᠠᠯᠭᠠᠳᠣ ᠣᠪᠣᠷ ᠢᠶᠠᠷ ᠬᠠᠨᠳᠣᠵᠣ᠂ ᠪᠣᠳᠠᠳᠠᠢ ᠳᠤ ᠬᠦᠨᠵᠡᠭᠡᠶᠢᠷᠡᠨ᠂ | ᠥᠨᠳᠣᠰᠣᠨ ᠱᠠᠳᠣᠨ ᠳᠤ ᠬᠦᠨᠵᠡᠭᠡᠶᠢᠷᠡᠵᠣ᠂ ᠪᠠᠶᠢᠴᠠᠭᠠᠨ ᠰᠣᠳᠣᠯᠣᠯᠳᠠ ᠬᠢᠵᠣ᠂ ᠠᠰᠠᠭᠤᠳᠠᠯ ᠢ ᠰᠢᠢᠳᠪᠦᠷᠢᠯᠡᠨ᠂ | ᠦᠨᠡᠨ ᠥᠭᠡ ᠶᠠᠷᠢᠵᠣ ᠪᠣᠳᠠᠳᠣ ᠠᠵᠢᠯ ᠬᠢᠬᠦ ᠶᠢ ᠡᠷᠬᠢᠮᠯᠡᠵᠣ᠂ ᠪᠣᠳᠠᠳᠣ ᠥᠷ᠎ᠠ ᠠᠰᠢᠭ ᠢ ᠬᠦᠨᠳᠣᠳᠭᠡᠨ᠂ ᠬᠡᠯᠡᠪᠡᠯ | ᠬᠢᠵᠣ᠂ ᠬᠢᠪᠡᠯ ᠵᠠᠪᠠᠯ ᠬᠦᠢᠴᠡᠳᠭᠡᠬᠦ ᠶᠢ ᠪᠡᠶᠡᠯᠡᠭᠦᠯᠵᠣ᠂ ᠯᠠᠪᠳᠠᠭᠤᠨ ᠪᠠᠳᠣᠳᠠᠢ ᠠᠵᠢᠯ ᠤᠨ ᠰᠣᠷᠳᠠᠯ᠂ ᠦᠨᠡᠨ | ᠪᠣᠳᠠᠳᠠᠢ ᠠᠵᠢᠯ ᠤᠨ ᠪᠦᠳᠦᠮᠵᠢ ᠪᠠᠷ ᠠᠷᠠᠳ ᠤᠨ ᠵᠠᠰᠠᠭ ᠤᠨ ᠣᠷᠳᠣᠨ ᠤ ᠣᠬᠢ ᠰᠠᠶᠢᠨ ᠲᠦᠷᠢ ᠲᠦᠷᠬᠦ ᠶᠢ ᠪᠣᠢ | ᠪᠣᠯᠭᠠᠨ᠎ᠠ᠃ | ︵ᠲᠦᠷᠪᠡ︶ ᠠᠷᠢᠭᠤᠨ ᠴᠢᠬᠡᠴᠢ ᠶᠢᠨ ᠦᠵᠡᠯᠳᠡ ᠶᠢ ᠴᠢᠩᠭᠠᠳᠬᠠᠨ᠂ ᠵᠠᠰᠠᠭ ᠤᠨ ᠰᠤᠷᠳᠠᠯ ᠤᠨ | ᠪᠠᠶᠢᠭᠤᠯᠤᠯᠳᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠ ᠵᠦᠪ | ᠤᠨᠤᠪᠴᠢᠳᠠᠢ ᠵᠠᠰᠠᠭ ᠤᠨ ᠠᠮᠵᠢᠯᠳᠠ ᠶᠢᠨ ᠦᠵᠡᠯᠳᠡ ᠶᠢ ᠪᠤᠢ ᠪᠤᠯᠭᠠᠵᠤ᠂ ᠯᠠᠪᠳᠠᠭᠤᠨ ᠪᠠᠳᠣᠳᠠᠢ ᠠᠵᠢᠯᠯᠠᠨ᠂ | ᠠᠷᠠᠳ ᠤᠨ ᠲᠦᠯᠦᠬᠡ ᠵᠠᠰᠠᠭ ᠪᠠᠷᠢᠨ᠎ᠠ᠃ ᠯᠠᠪᠳᠠᠭᠤᠨ ᠪᠠᠳᠣᠳᠠᠢ ᠶᠢ ᠡᠷᠬᠢᠮᠯᠡᠬᠦ ᠬᠡᠪ ᠰᠤᠷᠳᠠᠯ ᠢ ᠶᠡᠬᠡᠪᠡᠷ | ᠪᠠᠳᠠᠷᠠᠭᠤᠯᠵᠤ᠂ ᠦᠩᠬᠡᠨ ᠲᠠᠯ᠎ᠠ ᠶᠢᠨ ᠠᠵᠢᠯ ᠢ ᠬᠢᠬᠦ ᠦᠬᠡᠢ᠃ ᠰᠠᠬᠢᠯᠭ᠎ᠠ ᠪᠠᠳᠤ ᠬᠡᠪ ᠰᠤᠷᠳᠠᠯ ᠤᠨ ᠴᠡᠭᠴᠡᠯᠡᠯᠳᠡ | ᠶᠢᠨ ᠠᠵᠢᠯᠯᠠᠭ᠎ᠠ ᠶᠢ ᠦᠷᠨᠢᠬᠦᠯᠵᠤ᠂ ᠨᠠᠮ ᠤᠨ ᠬᠡᠪ ᠰᠤᠷᠳᠠᠯ ᠤᠨ ᠠᠷᠢᠭᠤᠨ ᠴᠢᠬᠡᠴᠢ ᠶᠢᠨ ᠪᠦᠳᠦᠬᠡᠨ | ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠦᠷᠢᠵᠢᠭᠤᠯᠤᠨ᠂ ᠲᠦᠪ ᠪᠤᠰᠤ ᠰᠤᠷᠳᠠᠯ ᠢ | ᠵᠠᠯᠠᠷᠠᠭᠤᠯᠵᠤ᠂ ᠵᠠᠰᠠᠭ ᠪᠠᠷᠢᠬᠤ ᠳᠤ ᠴᠢᠭᠡᠴᠢ ᠪᠤᠰᠤ᠂ ᠬᠦᠭᠵᠢᠯᠳᠡ ᠶᠢᠨ ᠤᠷᠴᠢᠨ ᠲᠤᠭᠤᠷᠢᠨ ᠢ ᠨᠦᠯᠦᠬᠡᠯᠡᠵᠤ | ᠪᠠᠶᠢᠭ᠎ᠠ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠣᠷᠢᠯᠡᠨ᠎ᠠ᠃ ︽ᠭᠤᠷᠪᠠᠨ ᠴᠢᠬᠤᠯᠠ᠂ ᠨᠢᠭᠡ ᠶᠡᠭᠡ︾ ︵ | ᠴᠢᠬᠤᠯᠠ ᠣᠴᠢᠷ ᠶᠠᠪᠣᠳᠠᠯ ᠤᠨ ᠰᠢᠢᠳᠪᠣᠷᠢ᠂ ᠴᠢᠬᠤᠯᠠ ᠪᠠᠶᠢᠷᠢᠨ ᠤ ᠺᠠᠳᠠᠷ ᠢ ᠲᠣᠮᠢᠯᠠᠵᠣ ᠣᠭᠴᠠᠷᠠᠭᠤᠯᠬᠤ᠂ | ᠴᠢᠬᠤᠯᠠ ᠲᠦᠷᠣᠯ ᠵᠣᠶᠢᠯ ᠤᠨ ᠪᠠᠶᠢᠷᠢᠯᠠᠭᠤᠯᠣᠯᠳᠠ ᠪᠣᠯᠣᠨ ᠶᠡᠭᠡ ᠲᠣᠭᠠᠨ ᠤ ᠪᠡᠯᠡ ᠮᠦᠩᠬᠦ ᠶᠢ ᠬᠡᠷᠡᠭᠯᠡᠬᠦ︶ | ᠲᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠴᠢᠬᠤᠯᠠ ᠶᠡᠭᠡ ᠢᠨᠵᠢᠨᠧᠷᠢᠭ ᠤᠨ ᠪᠠᠶᠢᠭᠤᠯᠣᠯᠳᠠ ᠪᠠ ᠲᠦᠷᠣ ᠶᠢᠨ | ᠪᠣᠳᠣᠯᠭ᠎ᠠ ᠠᠷᠭ᠎ᠠ ᠬᠡᠮᠵᠢᠶ᠎ᠠ ᠶᠢᠨ ᠨᠠᠶᠢᠳᠠᠪᠣᠷᠢᠵᠢᠭᠤᠯᠣᠭᠰᠠᠨ ᠪᠠᠶᠢᠳᠠᠯ ᠤᠨ ᠲᠣᠬᠠᠢ ᠲᠣᠰᠬᠠᠢ ᠲᠦᠷᠣᠯ ᠤᠨ | ᠪᠠᠶᠢᠴᠠᠭᠠᠯᠳᠠ ᠶᠢ ᠴᠢᠩᠭᠠᠳᠬᠠᠨ᠂ ᠬᠢᠨᠠᠨ ᠪᠣᠳᠣᠬᠤ ᠠᠵᠢᠯ ᠤᠨ ᠬᠦᠴᠣᠯᠡᠴᠠ ᠶᠢ ᠴᠢᠩᠭᠠᠳᠬᠠᠨ᠎ᠠ᠃ ᠵᠠᠰᠠᠭ ᠤᠨ | ᠤᠷᠳᠤᠨ ᠤ ᠪᠦᠬᠦ ᠠᠵᠢᠯᠳᠠᠨ ᠡᠷᠬᠡᠪᠰᠢ ᠪᠡᠶ᠎ᠠ ᠪᠠᠨ ᠵᠣᠷᠢᠭᠤᠯᠬᠤ ᠦᠵᠡᠯᠳᠡ ᠲᠠᠢ ᠪᠠᠶᠢᠵᠤ᠂ ᠡᠬᠦᠷᠬᠡ ᠬᠠᠷᠢᠭᠤᠴᠠᠯᠭ᠎ᠠ | ᠪᠠᠨ ᠰᠠᠶᠢᠳᠤᠷ ᠬᠦᠢᠴᠡᠳᠬᠡᠨ᠂ ᠪᠤᠳᠠᠳᠠᠢ ᠠᠵᠢᠯᠯᠠᠭ᠎ᠠ ᠪᠤᠯᠤᠨ ᠠᠵᠢᠯ ᠤᠨ ᠠᠮᠵᠢᠯᠳᠠ ᠪᠠᠷ ᠢᠶᠠᠨ᠂ ᠠᠷᠠᠳ ᠤᠨ | ᠲᠦᠯᠦᠬᠡ ᠪᠣᠳᠣᠬᠤ᠂ ᠯᠠᠪᠳᠠᠭᠤᠨ ᠪᠠᠳᠣᠳᠠᠢ᠂ ᠠᠷᠢᠭᠤᠨ ᠴᠢᠬᠡᠴᠢ᠂ ᠦᠨᠳᠤᠷ ᠥᠷ᠎ᠠ ᠪᠦᠳᠦᠮᠵᠢᠳᠣ ᠬᠡᠯᠪᠡᠷᠢ ᠶᠢᠨ | ᠵᠠᠰᠠᠭ ᠤᠨ ᠤᠷᠳᠤᠨ ᠢ ᠪᠦᠳᠦᠬᠡᠨ ᠪᠠᠶᠢᠭᠤᠯᠤᠨ᠎ᠠ᠃ | ᠲᠦᠯᠦᠬᠡᠯᠡᠭᠴᠢᠳ ᠡ᠂ ᠨᠦᠭᠦᠳ ᠡ︕ ᠦᠨᠦ ᠵᠢᠯ ᠪᠤᠯ ᠮᠠᠨ ᠤ ᠬᠤᠰᠢᠭᠤᠨ ᠤ ᠠᠵᠤ ᠠᠬᠤᠢ ᠨᠡᠶᠢᠬᠡᠮ | ᠤᠨ ᠬᠦᠭᠵᠢᠯᠳᠡ ᠶᠢᠨ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠂ ᠬᠦᠨᠳᠤ ᠴᠢᠬᠤᠯᠠ ᠴᠠᠭ ᠤᠨ ᠪᠠᠶᠢᠳᠠᠯ ᠪᠠ ᠡᠭᠦᠷᠭᠡ | ᠪᠢᠳᠡᠨ ᠤ ᠬᠦᠭᠵᠢᠯᠳᠡ ᠪᠠᠨ ᠲᠦᠷᠭᠡᠳᠭᠡᠵᠣ᠂ ᠦᠨᠡᠨᠬᠦ ᠠᠳᠬᠤᠨ ᠪᠤᠳᠠᠳᠠᠢ ᠠᠵᠢᠯᠯᠠᠬᠤ ᠶᠢ ᠱᠠᠭᠠᠷᠳᠠᠵᠤ ᠪᠤᠢ᠃ | ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠪᠦᠬᠦ ᠬᠤᠰᠢᠭᠤᠨ ᠤ ᠠᠷᠠᠳ ᠲᠦᠮᠡᠨ ᠢ | ᠪᠦᠯᠬᠦᠮᠳᠡᠬᠦᠯᠦᠨ ᠲᠠᠶᠢᠴᠢᠯᠠᠵᠤ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠵᠣ᠂ ᠰᠢᠨ᠎ᠠ ᠶᠢ ᠡᠭᠦᠳᠣᠨ᠂ ᠰᠡᠳᠬᠢᠯ | ᠨᠢᠭᠡᠳᠣᠨ ᠬᠦᠴᠣ ᠪᠠᠨ ᠬᠠᠮᠳᠣᠳᠬᠠᠵᠣ᠂ ᠦᠨᠦ ᠵᠢᠯ ᠤᠨ ᠡᠯ᠎ᠠ ᠲᠦᠷᠣᠯ ᠤᠨ ᠡᠬᠦᠷᠬᠡ ᠬᠠᠷᠠᠯᠳᠠ ᠪᠠᠨ ᠠᠮᠵᠢᠯᠳᠠᠳᠠᠢ | ᠬᠦᠢᠴᠡᠳᠭᠡᠵᠣ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠪᠦᠬᠦ ᠲᠠᠯ᠎ᠠ ᠶᠢᠨ ᠬᠦᠭᠵᠢᠯᠳᠡ ᠪᠤᠯᠤᠨ ᠠᠷᠠᠳ | ᠲᠦᠮᠡᠨ ᠤ ᠴᠢᠨᠡᠬᠡᠯᠢᠭ ᠠᠮᠢᠳᠣᠷᠠᠯ ᠢ ᠪᠡᠶᠡᠯᠡᠬᠦᠯᠬᠦ ᠶᠢᠨ ᠲᠦᠯᠦᠬᠡ ᠴᠢᠷᠮᠠᠶᠢᠵᠠᠭᠠᠶ᠎ᠠ︕ |