ᠴᠢᠳᠬᠤᠮᠠᠯ ᠱᠠᠭ᠎ᠠ
ᠨᠡᠶᠢᠲᠡᠯᠡᠭᠰᠡᠨ ᠴᠠᠭ᠄
2011/2/10
              ᠴᠢᠳᠬᠤᠮᠠᠯ ᠱᠠᠭ᠎ᠠ       ᠬᠤᠨᠢ᠂ ᠢᠮᠠᠭ᠎ᠠ᠂ ᠦᠬᠡᠷ ᠵᠢᠴᠢ ᠵᠡᠷᠯᠢᠭ ᠠᠮᠢᠳᠠᠨ ᠤ ᠱᠠᠭ᠎ᠠ ᠶᠢᠨ ᠬᠡᠯᠪᠡᠷᠢ ᠲᠦᠷᠰᠦ ᠪᠠᠷ ᠡᠬᠢ ᠵᠠᠭᠪᠤᠷ ᠠᠪᠴᠦ ᠠᠯᠳᠠ ᠮᠦᠡᠭᠭᠦ ᠬᠦᠷᠡᠯ ᠭᠠᠤᠯᠢ ᠪᠠᠷ ᠴᠢᠳᠬᠤᠵᠦ ᠬᠢᠭᠰᠡᠨ ᠱᠠᠭ᠎ᠠ᠂ ᠮᠦᠡᠭᠭᠦᠨ ᠱᠠᠭ᠎ᠠ᠂ ᠬᠦᠷᠡᠯ ᠱᠠᠭ᠎ᠠ᠂ ᠭᠠᠤᠯᠢᠨ ᠱᠠᠭ᠎ᠠ ᠬᠡᠵᠦ ᠬᠡᠯᠡᠳᠡᠭ ᠪᠠᠶᠢᠨ᠎ᠠ᠃      ᠮᠤᠩᠭᠤᠯᠴᠤᠳ ᠠᠯᠳᠠ᠂ ᠮᠦᠡᠭᠭᠦ ᠪᠠᠷ ᠴᠢᠳᠬᠤᠵᠦ ᠬᠢᠭᠰᠡ ᠱᠠᠭ᠎ᠠ ᠪᠠᠷ ᠨᠠᠭᠠᠳᠬᠤ ᠦᠬᠡᠢ᠃ ᠤᠴᠢᠷ ᠨᠢ ᠠᠯᠳᠠ ᠮᠦᠡᠭᠭᠦ ᠪᠤᠯᠪᠠᠰᠤ ᠬᠤᠪᠤᠷ ᠡᠷᠳᠡᠨᠢᠰ ᠤᠨ ᠵᠦᠢᠯ ᠲᠤᠯᠠ ᠪᠤᠶᠠᠨ ᠬᠡᠰᠢᠭ ᠬᠠᠵᠠᠶᠢᠨ᠎ᠠ ᠬᠡᠵᠦ ᠦᠵᠡᠳᠡᠭ ᠪᠠᠶᠢᠵᠠᠢ᠃ ᠬᠡᠪᠡᠴᠦ ᠠᠯᠳᠠᠨ ᠱᠠᠭ᠎ᠠ᠂ ᠮᠦᠡᠭᠭᠦᠨ ᠱᠠᠭ᠎ᠠ ᠴᠢᠳᠬᠤᠵᠦ᠂ ᠦᠯᠵᠡᠢ ᠬᠡᠰᠢᠭ᠂ ᠪᠡᠯᠬᠡ ᠲᠡᠮᠪᠡᠷᠢᠯ ᠤᠨ ᠬᠤᠪᠢ ᠳᠤ ᠬᠠᠳᠠᠭᠠᠯᠠᠬᠤ ᠵᠤᠷᠰᠢᠯ ᠲᠠᠢ ᠪᠠᠶᠢᠪᠠ᠃ ᠦᠡᠭᠭᠡᠷᠡᠭᠰᠡᠨ ᠨᠡᠶᠢᠬᠡᠮ ᠳᠤ ᠰᠢᠯᠢ ᠶᠢᠨ ᠭᠤᠤᠯ ᠠᠶᠢᠮᠠᠭ ᠤᠨ ᠵᠠᠷᠢᠮ ᠭᠠᠵᠠᠷ ᠲᠤ ᠬᠤᠨᠢ ᠲᠦᠮᠡᠨ ᠲᠤᠯᠤᠭᠠᠢ ᠬᠦᠷᠪᠡᠯ ᠡᠵᠡᠨ ᠬᠠᠭᠠᠨ ᠳᠤ ᠬᠠᠳᠠᠭᠠᠯᠠᠬᠤ ᠵᠤᠷᠰᠢᠯ ᠪᠠᠶᠢᠭᠰᠠᠨ ᠢ ᠨᠤᠳᠤᠭ ᠤᠨ ᠪᠤᠭᠤᠷᠤᠯᠴᠤᠳ ᠣᠳᠤ ᠴᠤ ᠬᠡᠰᠡᠨ ᠬᠠᠭᠤᠴᠢᠯᠠᠵᠦ ᠰᠠᠭᠤᠳᠠᠭ᠃ ᠬᠦᠷᠡᠯ᠂ ᠭᠠᠤᠯᠢ ᠪᠠᠷ ᠱᠠᠭ᠎ᠠ ᠴᠢᠳᠬᠤᠵᠦ ᠨᠠᠭᠠᠳᠴᠦ ᠪᠠᠶᠢᠭᠰᠠᠨ ᠨᠢ ᠡᠷᠳᠡᠨ ᠤ ᠨᠤᠮ ᠪᠢᠴᠢᠭ ᠲᠤ ᠲᠡᠮᠳᠡᠭᠯᠡᠭᠳᠡᠨ ᠬᠤᠴᠤᠷᠤᠭᠰᠠᠨ ᠢ ᠪᠢᠳᠡᠨ ᠮᠡᠳᠡᠵᠦ ᠪᠤᠢ᠃      ᠬᠦᠷᠡᠯ ᠱᠠᠭ᠎ᠠ᠂ ᠭᠠᠤᠯᠢᠨ ᠱᠠᠭ᠎ᠠ ᠪᠠᠷ ᠴᠢᠯᠦᠬᠡᠯᠡᠭᠳᠡᠬᠦ ᠶᠢᠨ ᠡᠮᠦᠨ᠎ᠡ ᠬᠦᠷᠳᠡᠯ᠎ᠡ ᠨᠠᠭᠠᠳᠴᠦ ᠪᠠᠶᠢᠵᠠᠢ᠃ ᠰᠦᠨᠢᠳ ᠤᠨ ᠴᠠᠭᠠᠨ ᠤᠪᠤᠭ᠎ᠠ ᠰᠦᠮ᠎ᠡ ᠶᠢᠨ ᠲᠠᠷᠬᠠᠨ ᠪᠠᠭᠠᠳᠤᠷ ᠬᠡᠰᠡᠨ ᠬᠦᠮᠦᠨ ᠭᠠᠤᠯᠢ ᠪᠠᠷ ᠱᠠᠭ᠎ᠠ ᠶᠢ ᠤᠨᠴᠠ ᠰᠠᠶᠢᠬᠠᠨ ᠴᠢᠳᠬᠤᠵᠦ᠂ ᠭᠤᠶᠤ ᠬᠢᠳᠡᠭ ᠰᠠᠶᠢᠨ ᠲᠠᠷᠬᠠᠨ ᠪᠠᠶᠢᠭᠰᠠᠨ᠃ ᠲᠡᠬᠦᠨ ᠤ ᠬᠢᠭᠰᠡᠨ ᠭᠠᠤᠯᠢᠨ ᠱᠠᠭ᠎ᠠ ᠶᠢ ᠮᠡᠳᠡᠳᠡᠭ ᠬᠦᠮᠦᠨ ᠤᠳᠤ ᠪᠤᠯᠳᠠᠯ᠎ᠠ ᠠᠮᠢᠳᠦ ᠰᠡᠷᠡᠬᠦᠨ ᠪᠠᠶᠢᠭᠰᠠᠭᠠᠷ ᠪᠢᠯᠡ᠃      ᠮᠠᠨ ᠤ ᠮᠤᠩᠭᠤᠯᠴᠤᠳ ᠤᠨ ᠲᠤᠮᠳᠠ᠂ ᠡᠷᠳᠡᠨ ᠠᠴᠠ ᠠᠪᠤᠭᠠᠳ ᠱᠠᠭ᠎ᠠ ᠲᠤᠭᠯᠠᠭᠠᠮ ᠦᠷᠬᠡᠨ ᠲᠡᠯᠬᠡᠷᠡᠵᠦ ᠪᠠᠶᠢᠭᠰᠠᠨ ᠪᠦᠬᠡᠳ ᠱᠠᠭ᠎ᠠ ᠶᠢᠨ ᠲᠦᠷᠦᠯ ᠵᠦᠢᠯ ᠨᠢ ᠤᠯᠠᠨ᠂ ᠮᠠᠯ ᠤᠨ ᠱᠠᠭ᠎ᠠ᠂ ᠵᠡᠬᠡᠷ᠎ᠡ ᠬᠦᠷᠦᠬᠡᠰᠦᠨ ᠤ ᠱᠠᠭ᠎ᠠ᠂ ᠠᠷᠭᠠᠯᠢ ᠶᠢᠨ ᠱᠠᠭ᠎ᠠ᠂ ᠪᠤᠭᠤ ᠶᠢᠨ ᠱᠠᠭ᠎ᠠ᠂ ᠢᠷᠪᠢᠰ ᠤᠨ ᠱᠠᠭ᠎ᠠ ᠵᠢᠴᠢ ᠬᠦᠷᠡᠯ ᠱᠠᠭ᠎ᠠ᠂ ᠭᠠᠤᠯᠢᠨ ᠱᠠᠭ᠎ᠠ ᠪᠠᠷ ᠨᠠᠭᠠᠳᠴᠦ ᠬᠠᠳᠠᠭᠠᠯᠠᠵᠦ ᠪᠠᠶᠢᠵᠠᠢ᠃
 
ᠢᠷᠡᠯᠲᠡ᠄ ᠳ᠋᠊᠂ ᠴᠠᠭᠠᠨ ᠤ ᠪᠢᠴᠢᠭᠰᠡᠨ ᠪᠦᠳᠦᠬᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号