ᠤᠯᠤᠰ ᠲᠦᠷᠤ ᠶᠢᠨ ᠵᠦᠪᠯᠡᠯᠭᠡᠡ ᠤ ᠰᠦᠨᠢᠤᠡ ᠵᠡᠭᠦᠠ ᠬᠤᠰᠢᠭᠤᠡ ᠤ ᠶᠢᠰᠦᠲᠦᠭᠡᠷ‌ᠬᠤᠭᠤᠴᠠᠭᠠᠠ ᠤ ᠬᠤᠷᠢᠶ᠎ᠠ  ᠶᠢᠨ ᠪᠠᠶᠢᠭ᠍ᠭᠤ ᠶᠢᠨ ᠬᠤᠷᠢᠶᠡᠡ ᠤ ᠠᠵᠢᠯ ᠤᠨ ᠮᠡᠲᠡᠭᠦᠯᠤᠯᠲᠡ
ᠨᠡᠶᠢᠲᠡᠯᠡᠭᠰᠡᠨ ᠴᠠᠭ᠄
2014/3/13
              ᠤᠯᠤᠰ ᠲᠦᠷᠤ ᠶᠢᠨ ᠵᠦᠪᠯᠡᠯᠭᠡᠡ ᠤ ᠰᠦᠨᠢᠤᠡ ᠵᠡᠭᠦᠠ ᠬᠤᠰᠢᠭᠤᠡ ᠤ ᠶᠢᠰᠦᠲᠦᠭᠡᠷ               ᠬᠤᠭᠤᠴᠠᠭᠠᠠ ᠤ ᠬᠤᠷᠢᠶ᠎ᠠ ᠶᠢᠨ ᠪᠠᠶᠢᠭ᠍ᠭᠤ ᠶᠢᠨ ᠬᠤᠷᠢᠶᠡᠡ ᠤ ᠠᠵᠢᠯ ᠤᠨ ᠮᠡᠲᠡᠭᠦᠯᠤᠯᠲᠡ                                       ︵2014 ᠤᠠ ᠤ 3 ᠰᠠᠷ᠎ᠠ ᠶᠢᠨ 3 ᠤ ᠡᠲᠤᠷ ᠤᠯᠤᠰ                                       ᠲᠦᠷᠤ ᠶᠢᠨ ᠵᠦᠪᠯᠡᠯᠭᠡᠠ ᠤ ᠰᠦᠨᠢᠳ ᠵᠡᠭᠦᠨ                                       ᠬᠤᠰᠢᠭᠤᠨ ᠤ ᠶᠢᠰᠦᠲᠦᠭᠡᠷ ᠬᠤᠭᠤᠴᠠᠭᠠᠠ ᠤ ᠬᠤᠷᠢᠶ᠎ᠠ ᠶᠢᠨ                                         ᠬᠤᠶᠠᠳᠤᠭᠠᠷ ᠤᠲᠠᠭᠠᠠ ᠤ ᠬᠤᠷᠠᠯᠲᠤᠭᠠᠠ ᠲᠡᠭᠡᠷ᠎ᠠ︶                                                                               ᠪᠢᠯᠢᠭᠦᠨ       ᠭᠡᠰᠢᠭᠦᠦᠡ ᠡ᠂ ᠨᠦᠬᠦᠳ ᠡ᠄       ᠤᠳᠤ ᠪᠢ ᠤᠯᠤᠰ ᠲᠦᠷᠤ ᠶᠢᠨ ᠵᠦᠪᠯᠡᠯᠭᠡᠠ ᠤ ᠰᠦᠨᠢᠦᠡ ᠵᠡᠭᠦᠡ ᠬᠤᠰᠢᠭᠤᠡ ᠤ ᠶᠢᠰᠦᠲᠦᠭᠡᠷ ᠬᠤᠭᠤᠴᠠᠭᠠᠠ ᠤ ᠬᠤᠷᠢᠶ᠎ᠠ ᠶᠢᠨ ᠪᠠᠶᠢᠡᠭᠭᠤ ᠶᠢᠨ ᠬᠤᠷᠢᠶᠠᠨ ᠤ ᠨᠠᠶᠢᠲᠠᠯᠭ᠎ᠠ ᠪᠠᠷ ᠶᠡᠭᠡ ᠬᠤᠷᠠᠯ ᠳᠤ ᠮᠠᠲᠠᠭᠦᠯᠤᠯᠲᠡ ᠬᠢᠶ᠎ᠡ︕ ᠭᠢᠨᠠᠠ ᠵᠦᠪᠯᠡᠭᠦ ᠪᠤᠯᠪᠠᠤ︕ ᠬᠤᠷᠠᠯᠲᠤᠭᠠᠠ ᠳᠤ ᠰᠤᠯᠡ ᠤᠷᠤᠯᠴᠬᠠᠰᠡᠡ ᠨᠦᠭᠦᠦᠡ ᠰᠠᠨᠠᠯ ᠢᠶᠠᠨ ᠲᠡᠪᠰᠢᠭᠦᠯᠭᠦ ᠪᠤᠯᠪᠠᠤ︕      2013 ᠤᠨ ᠤ ᠠᠵᠢᠯ ᠤᠨ ᠡᠷᠭᠢᠴᠡᠭᠦᠯᠦᠯ      2013 ᠤᠨ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠨ ᠤ ᠵᠢᠯ᠂ ᠮᠦᠨᠴᠤ ︽ᠠᠷᠪᠠᠨ ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠨᠢ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠵᠢᠯᠤᠭᠤᠲᠤᠯᠭ᠎ᠠ᠂ ᠬᠤᠰᠢᠭᠤ ᠨᠠᠮ ᠤᠨ ᠬᠤᠷᠢᠶᠠᠨ ᠤ ᠤᠳᠤᠷᠢᠲᠤᠯᠭ᠎ᠠ ᠪᠤᠯᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠲᠤᠨ ᠤ ᠲᠡᠮᠵᠢᠯᠭᠡ ᠲᠤᠤᠷ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠧᠩ ᠰᠢᠶᠣᠣ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠤᠯᠭᠠᠵᠤ᠂ ᠪᠦᠯᠭᠦᠮᠲᠡᠯ ᠠᠷᠠᠳᠴᠢᠯᠠᠯ ᠬᠤᠶᠠᠷ ᠶᠡᠭᠡ ᠭᠤᠤᠯ ᠰᠡᠳᠦᠪ ᠢ ᠪᠠᠲᠤᠲᠠᠢ ᠡᠵᠡᠮᠲᠡᠵᠤ᠂ ᠵᠢᠪᠬᠤᠭᠠᠯᠢᠭ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠯᠲᠠ ᠵᠢᠴᠢ ᠤᠯᠤᠰ ᠲᠦᠷᠦ ᠶᠢᠨ ᠵᠦᠪᠯᠡᠯᠭᠡᠨ ᠤ ᠲᠦᠷᠢᠮᠵᠢᠭᠦᠯᠦᠯᠲᠡ᠂ ᠵᠢᠷᠤᠮᠵᠢᠭᠤᠯᠤᠯᠲᠠ᠂ ᠲᠡᠰ ᠲᠠᠷᠠᠭᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠡᠭᠦᠷᠭᠡ ᠴᠢᠲᠠᠪᠬᠢ ᠪᠠᠨ ᠬᠦᠢᠴᠡᠳᠬᠡᠬᠦ ᠴᠢᠲᠠᠪᠤᠷᠢ ᠪᠤᠯᠤᠨ ᠬᠢᠷᠢ ᠲᠦᠪᠰᠢᠨ ᠢᠶᠠᠨ ᠲᠠᠰᠤᠷᠠᠯᠲᠠ ᠦᠬᠡᠢ ᠲᠡᠭᠡᠭᠰᠢᠯᠡᠭᠦᠯᠦᠨ᠂ ᠤᠯᠤᠰ ᠲᠦᠷᠦ ᠪᠠᠷ ᠵᠦᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠲᠤ ᠤᠷᠤᠯᠴᠠᠨ ᠲᠦᠷᠦ ᠶᠢᠨ ᠶᠠᠪᠤᠲᠠᠯ ᠢ ᠵᠦᠪᠯᠡᠬᠦ ᠡᠭᠦᠷᠭᠡ ᠴᠢᠲᠠᠪᠬᠢ ᠪᠠᠨ ᠬᠢᠨᠠᠮᠠᠭᠠᠢ ᠬᠦᠢᠴᠡᠳᠬᠡᠵᠤ᠂ ᠠᠵᠤ ᠠᠬᠤᠢ ᠴᠡᠴᠡᠭᠯᠡᠨ ᠬᠦᠭᠵᠢᠭᠰᠡᠨ᠂ ᠣᠷᠴᠢᠨ ᠲᠤᠭᠤᠷᠢᠨ ᠴᠡᠪᠡᠷ ᠲᠤᠬᠢᠯᠢᠭ᠂ ᠦᠨᠳᠦᠰᠦᠲᠡᠨ ᠪᠦᠯᠬᠦᠮᠲᠡᠯ ᠲᠠᠢ᠂ ᠨᠡᠶᠢᠭᠡᠮ ᠨᠢ ᠡᠶ᠎ᠡ ᠨᠡᠶᠢᠷᠠᠮᠳᠠᠭᠤ᠂ ᠠᠷᠠᠳ ᠲᠦᠮᠡᠨ ᠨᠢ ᠪᠠᠶᠠᠨ ᠴᠢᠨᠡᠭᠡᠯᠢᠭ ᠰᠦᠨᠢᠳ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃     ᠨᠢᠭᠡ᠂ ᠰᠤᠷᠤᠯᠴᠠᠯᠭ᠎ᠠ ᠶᠢ ᠴᠢᠩᠭᠠᠳᠬᠠᠵᠤ᠂ ᠤᠨᠤᠯ ᠤᠨ ᠪᠤᠯᠪᠠᠰᠤᠷᠠᠯ ᠢᠶᠠᠨ ᠳᠡᠭᠡᠭᠰᠢᠯᠡᠭᠦᠯᠪᠡ     ᠰᠤᠷᠤᠯᠴᠠᠯᠭ᠎ᠠ ᠶᠢᠨ ᠬᠡᠯᠪᠡᠷᠢ ᠶᠢᠨ ᠤᠯᠤᠰ ᠲᠦᠷᠦ ᠶᠢᠨ ᠵᠦᠪᠯᠡᠯᠭᠡᠨ ᠢ ᠪᠦᠲᠦᠭᠡᠨ ᠪᠠᠶᠢᠭᠤᠯᠬᠤ ᠱᠠᠭᠠᠷᠲᠠᠯᠭ᠎ᠠ  ᠪᠠᠷ᠂ ᠰᠤᠷᠤᠯᠴᠠᠯᠭ᠎ᠠ ᠶᠢ ᠴᠢᠩᠭᠠᠳᠬᠠᠬᠤ ᠶᠢ ᠭᠡᠰᠢᠭᠦᠳ ᠤᠨ ᠤᠯᠤᠰ ᠲᠦᠷᠦ ᠶᠢᠨ ᠤᠨᠤᠯ ᠤᠨ ᠪᠤᠯᠪᠠᠰᠤᠷᠠᠯ ᠪᠠ ᠡᠭᠦᠷᠭᠡ ᠴᠢᠳᠠᠪᠬᠢ ᠪᠠᠨ ᠬᠦᠢᠴᠡᠳᠬᠡᠬᠦ ᠴᠢᠳᠠᠪᠤᠷᠢ ᠶᠢ ᠲᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠤᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠪᠠ᠃ ᠺᠠᠲᠠᠷᠴᠤᠳ ︽ᠦᠨᠳᠦᠰᠦᠨ ᠱᠠᠲᠤᠨ ᠳᠤ ᠬᠦᠨᠵᠡᠭᠡᠶᠢᠷᠡᠨ᠂ ᠪᠤᠲᠠᠲᠠᠢ ᠠᠵᠢᠯ ᠬᠢᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ︾᠂ ︽ᠠᠵᠢᠯ ᠤᠨ ᠰᠠᠬᠢᠯᠭ᠎ᠠ ᠪᠠᠲᠤ ᠶᠢ ᠴᠢᠩᠭᠠᠳᠬᠠᠵᠤ᠂ ᠠᠵᠢᠯ ᠤᠨ ᠰᠤᠷᠲᠠᠯ ᠢ ᠴᠡᠭᠴᠡᠯᠡᠬᠦ︾ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠬᠡᠰᠢᠭᠦᠳ ᠪᠤᠯᠤᠨ ᠪᠠᠶᠢᠭᠤᠯᠭ᠎ᠠ ᠶᠢᠨ ᠺᠠᠲᠠᠷᠴᠤᠳ ᠢ ᠵᠤᠬᠢᠶᠠᠨ ᠪᠠᠶᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠲᠡ ᠬᠤᠷᠠᠯ ᠤᠨ ᠵᠤᠷᠢᠭ ᠰᠠᠨᠠᠭ᠎ᠠ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠤᠨᠤᠯ᠂ ︽ᠤᠯᠤᠰ ᠲᠦᠷᠦ ᠶᠢᠨ ᠵᠦᠪᠯᠡᠯᠭᠡᠨ ᠤ ᠲᠦᠷᠢᠮ︾᠂ ︽ᠨᠠᠮ ᠤᠨ ᠲᠦᠪ ᠬᠤᠷᠢᠶᠠᠨ ᠤ ᠠᠵᠢᠯ ᠤᠨ ᠰᠤᠷᠲᠠᠯ ᠢ ᠰᠠᠶᠢᠵᠢᠷᠠᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠨᠠᠢᠮᠠᠨ ᠵᠤᠷᠪᠤᠰ ᠲᠤᠭᠳᠠᠭᠠᠯ︾᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠦᠷᠭᠡᠳᠭᠡᠭᠰᠡᠨ ᠬᠤᠷᠠᠯ ᠤᠨ ᠵᠤᠷᠢᠭ ᠰᠠᠨᠠᠭ᠎ᠠ ᠵᠡᠷᠭᠡ ᠶᠢ ᠬᠦᠨᠵᠡᠬᠡᠢ ᠰᠤᠷᠤᠯᠴᠠᠪᠠ᠃ ᠲᠡᠷᠢᠭᠦᠯᠡᠭᠴᠢ᠂ ᠲᠡᠳ᠋ ᠲᠡᠷᠢᠭᠦᠯᠡᠭᠴᠢ ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ ᠪᠤᠯᠪᠠᠰᠤᠷᠠᠯ ᠤᠨ ᠠᠩᠬᠢ ᠵᠢᠴᠢ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠠᠴᠠ ᠡᠷᠬᠢᠯᠡᠭᠰᠡᠨ ᠰᠤᠷᠤᠯᠴᠠᠯᠭ᠎ᠠ ᠪᠤᠯᠪᠠᠰᠤᠷᠠᠯ ᠤᠨ ᠠᠵᠢᠯᠯᠠᠭ᠎ᠠ ᠳᠤ ᠢᠲᠡᠪᠬᠢᠲᠡᠢ ᠤᠷᠤᠯᠴᠠᠵᠤ᠂ ᠪᠠᠶᠢᠭᠤᠯᠭ᠎ᠠ ᠶᠢᠨ ᠰᠠᠯᠠᠭ᠎ᠠ ᠲᠡᠰ ᠠᠴᠠ ᠳᠡᠭᠡᠭᠰᠢᠬᠢ ᠤᠳᠤᠷᠢᠲᠤᠯᠭ᠎ᠠ ᠨᠠᠷ ᠤᠯᠤᠰ ᠤᠨ ᠠᠯᠪᠠᠲᠠᠨ ᠤ ᠰᠦᠯᠵᠢᠶ᠎ᠡ ᠪᠠᠷ ᠰᠤᠷᠤᠯᠴᠠᠬᠤ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ ᠰᠤᠷᠤᠯᠴᠠᠯᠭ᠎ᠠ ᠶᠢᠨ ᠲᠤᠮᠲᠠ᠂ ᠪᠠᠶᠢᠩᠭᠤ ᠶᠢᠨ ᠬᠡᠰᠢᠭᠦᠳ ᠢᠲᠡᠪᠬᠢᠲᠡᠢ ᠪᠠᠷ ᠤᠷᠢᠳᠠᠪᠠᠷ ᠰᠤᠷᠤᠯᠴᠠᠵᠤ᠂ ᠤᠨᠤᠯ ᠢ ᠦᠢᠯᠡᠲᠦᠯᠭᠡ ᠲᠠᠢ ᠤᠶᠠᠯᠳᠤᠭᠤᠯᠬᠤ ᠰᠤᠷᠤᠯᠴᠠᠯᠭ᠎ᠠ ᠶᠢᠨ ᠰᠤᠷᠲᠠᠯ ᠢ ᠪᠠᠳᠠᠷᠠᠭᠤᠯᠤᠨ᠂ ᠤᠬᠠᠮᠰᠠᠷ ᠠᠴᠠ ᠪᠠᠨ ᠤᠨᠤᠯ ᠢᠶᠠᠷ ᠪᠤᠲᠠᠲᠤ ᠠᠵᠢᠯ ᠢ ᠵᠢᠭᠠᠨ ᠵᠢᠯᠤᠭᠤᠳᠴᠤ᠂ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠬᠡᠢ ᠬᠦᠨᠵᠡᠭᠡᠶᠢᠷᠡᠭᠦᠯᠪᠡ᠃ ᠰᠤᠷᠤᠯᠴᠠᠯᠭ᠎ᠠ ᠪᠠᠷ ᠲᠠᠮᠵᠢᠠ ᠭᠡᠰᠢᠭᠦᠳ ᠪᠤᠯᠤᠨ ᠪᠠᠶᠢᠭᠤᠯᠭ᠎ᠠ ᠶᠢᠨ ᠺᠠᠲᠠᠷᠴᠤᠳ ᠮᠠᠨ ᠤ ᠬᠤᠰᠢᠭᠤᠨ ᠤ ᠭᠤᠤᠯᠳᠠᠯᠭ᠎ᠠ ᠲᠠᠢ ᠠᠵᠢᠯ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠬᠦᠨᠵᠡᠭᠡᠶᠢᠷᠡᠭᠦᠯᠵᠤ᠂ ᠦᠵᠡᠯ ᠰᠠᠨᠠᠭ᠎ᠠ ᠦᠢᠯᠡᠲᠦᠯᠭᠡ ᠪᠠᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠤ ᠪᠤᠳᠤᠯᠭ᠎ᠠ ᠪᠠ ᠪᠠᠶᠢᠷᠢᠯᠠᠭᠤᠯᠤᠯᠲᠠ ᠲᠠᠢ ᠨᠢᠭᠡᠳᠬᠡᠨ᠂ ᠪᠦᠬᠦ ᠬᠤᠰᠢᠭᠤᠨ ᠤ ᠰᠢᠨᠵᠢᠯᠡᠬᠦ ᠤᠬᠠᠭᠠᠨᠴᠢ ᠬᠦᠭᠵᠢᠯᠲᠡ ᠳᠤ ᠦᠢᠯᠡᠴᠢᠯᠡᠬᠦ ᠤᠬᠠᠮᠰᠠᠷᠲᠤ ᠴᠢᠨᠠᠷ ᠪᠠ ᠭᠤᠶᠢᠪᠢᠰᠢ ᠦᠬᠡᠢ ᠴᠢᠨᠠᠷ ᠢᠶᠠᠨ ᠲᠡᠭᠡᠭᠰᠢᠯᠡᠭᠦᠯᠦᠭᠰᠡᠨ ᠪᠠᠶᠢᠨ᠎ᠠ᠃      ᠬᠤᠶᠠᠷ᠂ ᠭᠤᠤᠯ ᠠᠵᠢᠯ ᠤᠨ ᠲᠤᠭᠤᠷᠢᠨ ᠳᠤ ᠢᠲᠡᠪᠬᠢᠲᠡᠢ ᠪᠠᠷ ᠡᠭᠦᠷᠭᠡ ᠴᠢᠲᠠᠪᠬᠢ ᠪᠠᠨ ᠬᠦᠢᠴᠡᠳᠬᠡᠪᠠ      ︵ᠨᠢᠭᠡ︶ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠲᠤᠮᠲᠠᠬᠢ ᠴᠢᠬᠤᠯᠠ ᠵᠦᠪᠯᠡᠬᠦ ᠵᠦᠢᠯ ᠤᠨ ᠲᠤᠭᠤᠷᠢᠨ ᠳᠤ ᠢᠲᠡᠪᠬᠢᠲᠠᠢ ᠵᠦᠪᠯᠡᠪᠠ᠃      ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠳ ᠤᠨ ᠬᠤᠷᠠᠯ᠂ ᠲᠡᠷᠢᠭᠦᠯᠡᠭᠴᠢ ᠶᠢᠨ ᠬᠤᠷᠠᠯ ᠪᠤᠯᠤᠨ ᠲᠤᠰᠬᠠᠢ ᠵᠦᠪᠯᠡᠯ ᠤᠨ ᠬᠤᠷᠠᠯ ᠤᠨ ᠵᠦᠪᠯᠡᠯᠴᠡᠭᠡᠨ ᠤ ᠭᠤᠤᠯ ᠠᠷᠭ᠎ᠠ ᠵᠠᠮ ᠤᠨ ᠦᠢᠯᠡᠲᠤᠯ ᠢ ᠬᠦᠢᠴᠡᠳ ᠪᠠᠳᠠᠷᠠᠭᠤᠯᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠰᠢᠢᠳᠪᠦᠷᠢᠲᠤ ᠪᠤᠳᠤᠯᠭ᠎ᠠ ᠲᠤᠭᠳᠠᠭᠠᠬᠤ ᠳᠤ ᠯᠠᠪᠯᠠᠯᠲᠠ ᠬᠠᠩᠭᠠᠵᠤ᠂ ᠤᠶᠤᠨ ᠤ ᠲᠡᠮᠵᠢᠯᠭᠡ ᠦᠵᠡᠭᠦᠯᠪᠠ᠃ ᠶᠢᠰᠦᠲᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠪᠦᠬᠦ ᠬᠡᠰᠢᠭᠦᠳ ᠤᠨ ᠬᠤᠷᠠᠯᠳᠤᠭᠠᠨ ᠢ ᠠᠮᠵᠢᠯᠲᠠ ᠲᠠᠢ ᠬᠤᠷᠠᠯᠳᠤᠭᠤᠯᠵᠤ᠂ ᠪᠦᠬᠦ ᠵᠢᠯ ᠳᠤ ᠪᠠᠶᠢᠩᠭᠤ ᠶᠢᠨ ᠬᠡᠰᠢᠭᠦᠳ ᠤᠨ ᠬᠤᠷᠠᠯ ᠢ 4 ᠤᠳᠠᠭ᠎ᠠ᠂ ᠨᠠᠮ ᠤᠨ ᠲᠤᠭᠤᠶᠢᠯᠠᠩ ᠤᠨ ᠬᠤᠷᠠᠯ ᠢ 2 ᠤᠳᠠᠭ᠎ᠠ᠂ ᠲᠡᠷᠢᠭᠦᠯᠡᠭᠴᠢ ᠶᠢᠨ ᠬᠤᠷᠠᠯ ᠢ 15 ᠤᠳᠠᠭ᠎ᠠ᠂ ᠲᠤᠰᠬᠠᠢ ᠵᠦᠪᠯᠡᠯ ᠤᠨ ᠬᠤᠷᠠᠯ ᠢ 5 ᠤᠳᠠᠭ᠎ᠠ ᠬᠤᠷᠠᠯᠳᠤᠭᠤᠯᠤᠭᠰᠠᠨ ᠪᠠᠶᠢᠨ᠎ᠠ᠃ ᠪᠠᠶᠢᠩᠭᠤ ᠶᠢᠨ ᠬᠡᠰᠢᠭᠦᠳ ᠤᠨ ᠬᠤᠷᠠᠯ ᠲᠡᠭᠡᠷ᠎ᠡ ᠬᠤᠰᠢᠭᠤ ᠡᠳ᠋ ᠤᠨ ᠵᠠᠰᠠᠭ ᠤᠨ ᠲᠤᠪᠴᠢᠶ᠎ᠠ᠂ ᠬᠦᠭᠵᠢᠭᠦᠯᠦᠯᠲᠡ ᠬᠢᠭᠡᠳ ᠦᠭᠡᠷᠡᠴᠢᠯᠡᠯᠲᠡ ᠶᠢᠨ ᠲᠤᠪᠴᠢᠶ᠎ᠡ᠂ ᠡᠷᠡᠭᠦᠯ ᠬᠠᠮᠠᠭᠠᠯᠠᠯ ᠤᠨ ᠲᠤᠪᠴᠢᠶ᠎ᠠ᠂ ᠠᠵᠤ ᠠᠬᠤᠢ ᠰᠤᠷᠠᠭ ᠵᠠᠩᠬᠢᠴᠢᠯᠠᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠨ ᠠᠵᠢᠯ ᠤᠨ ᠠᠬᠢᠴᠠ ᠶᠢᠨ ᠪᠠᠶᠢᠲᠠᠯ ᠤᠨ ᠲᠤᠬᠠᠢ ᠲᠠᠨᠢᠯᠴᠠᠭᠤᠯᠭ᠎ᠠ ᠶᠢ ᠰᠤᠨᠤᠰᠬᠤ ᠶᠢᠨ ᠬᠠᠮᠲᠤ ᠰᠠᠨᠠᠯ ᠰᠠᠨᠠᠭᠤᠯᠭ᠎ᠠ ᠲᠤᠷᠠᠳᠤᠭᠰᠠᠨ ᠪᠠᠶᠢᠨ᠎ᠠ᠃ ᠲᠡᠷᠢᠭᠦᠯᠡᠭᠴᠢ ᠶᠢᠨ ᠬᠤᠷᠠᠯ ᠨᠢ ᠭᠤᠤᠯᠳᠠᠯᠭ᠎ᠠ ᠲᠠᠢ ᠠᠰᠠᠭᠤᠲᠠᠯ ᠢ ᠠᠳᠬᠤᠵᠤ ᠬᠦᠴᠢᠷᠲᠡᠯᠲᠡᠢ ᠠᠰᠠᠭᠤᠳᠠᠯ ᠢ ᠰᠢᠢᠳᠪᠦᠷᠢᠯᠡᠬᠦ ᠲᠠᠯ᠎ᠠ ᠠᠴᠠ ᠭᠠᠷᠲᠠᠵᠤ᠂ ᠪᠠᠶᠢᠩᠭᠤ ᠶᠢᠨ ᠬᠡᠰᠢᠭᠦᠳ ᠤᠨ ᠬᠤᠷᠠᠯ ᠤᠨ ᠵᠦᠪᠯᠡᠬᠦ ᠰᠡᠳᠦᠪ᠂ ᠴᠢᠬᠤᠯᠠ ᠪᠠᠶᠢᠴᠠᠭᠠᠨ ᠰᠤᠳᠤᠯᠤᠯᠲᠠ ᠶᠢᠨ ᠰᠡᠳᠦᠪ᠂ ᠭᠤᠤᠯᠲᠠᠯᠭ᠎ᠠ ᠲᠠᠢ ᠰᠠᠨᠠᠯ ᠲᠤᠷᠠᠳᠤᠯᠭ᠎ᠠ ᠶᠢᠨ ᠰᠢᠢᠳᠪᠦᠷᠢᠯᠡᠭᠦᠯᠦᠯᠲᠡ ᠪᠤᠯᠤᠨ ᠠᠷᠠᠳᠴᠢᠯᠠᠯ ᠢᠶᠠᠷ ᠦᠨᠡᠯᠡᠬᠦ ᠵᠡᠷᠭᠡ ᠠᠵᠢᠯ ᠢ ᠬᠢᠨᠠᠨ ᠵᠦᠪᠯᠡᠵᠤ ᠬᠠᠮᠢᠶ᠎ᠠ ᠪᠦᠬᠦᠢ ᠰᠢᠢᠳᠪᠦᠷᠢ ᠲᠤᠭᠳᠠᠭᠠᠨ᠂ ᠤᠯᠤᠰ ᠲᠦᠷᠦ ᠶᠢᠨ ᠵᠦᠪᠯᠡᠯᠭᠡᠨ ᠤ ᠡᠯ᠎ᠡ ᠲᠠᠯ᠎ᠠ ᠶᠢᠨ ᠠᠵᠢᠯ ᠤᠨ ᠲᠡᠰ ᠲᠠᠷᠠᠭ᠎ᠠ ᠲᠠᠢ᠂ ᠦᠷ᠎ᠡ ᠪᠦᠲᠦᠮᠵᠢ ᠲᠠᠢ ᠶᠠᠪᠤᠭᠳᠠᠬᠤ ᠶᠢ ᠪᠠᠲᠤᠯᠠᠪᠠ᠃ ᠡᠭᠦᠨ ᠤ ᠬᠠᠮᠲᠤ᠂ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠪᠡᠶᠢᠩᠭᠤ ᠶᠢᠨ ᠬᠡᠰᠢᠭᠦᠳ ᠤᠨ ᠬᠤᠷᠠᠯ ᠳᠤ ᠤᠷᠤᠯᠴᠠᠨ᠂ ᠲᠡᠷᠢᠭᠦᠯᠡᠭᠴᠢ᠂ ᠲᠡᠳ᠋ ᠲᠡᠷᠢᠭᠦᠯᠡᠭᠴᠢ ᠨᠠᠮ ᠵᠠᠰᠠᠭ ᠤᠨ ᠬᠠᠮᠲᠤᠷᠠᠭᠰᠠᠨ ᠬᠤᠷᠠᠯ ᠳᠤ ᠤᠷᠤᠯᠴᠠᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠤᠨ ᠲᠤᠬᠠᠢ ᠪᠠᠶᠢᠲᠠᠯ ᠢ ᠰᠤᠨᠤᠰᠤᠨ᠂ ᠰᠠᠨᠠᠯ ᠳᠤᠷᠠᠳᠴᠤ᠂ ᠵᠦᠪᠯᠡᠯᠭᠡ ᠲᠡᠪᠰᠢᠭᠦᠯᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢᠲᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ ᠪᠠ ᠠᠷᠠᠳᠴᠢᠯᠠᠯᠲᠠ ᠶᠢ ᠠᠬᠢᠭᠤᠯᠪᠠ᠃     ︵ᠬᠤᠶᠠᠷ︶ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠷᠭ᠎ᠠ ᠪᠠᠷᠢᠯ ᠢᠶᠠᠨ ᠰᠢᠨᠠᠴᠢᠯᠠᠵᠤ᠂ ᠬᠦᠷᠢᠶ᠎ᠡ ᠬᠡᠪᠴᠢᠶ᠎ᠡ ᠶᠢ ᠨᠢ ᠦᠷᠭᠡᠳᠬᠡᠪᠠ᠃     ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠶᠢ ᠴᠢᠬᠤᠯᠠᠴᠢᠯᠠᠨ᠂ ᠰᠠᠨᠠᠯ ᠳᠤᠷᠠᠳᠤᠯᠭ᠎ᠠ ᠶᠢᠨ ᠰᠢᠢᠳᠪᠦᠷᠢᠯᠡᠯᠲᠡ᠂ ᠨᠠᠶᠢᠳᠠᠪᠤᠷᠢᠵᠢᠭᠤᠯᠤᠯᠲᠠ ᠶᠢᠨ ᠠᠵᠢᠯ ᠢ ᠭᠤᠤᠯᠲᠠᠯᠭ᠎ᠠ ᠲᠠᠢ ᠴᠢᠩᠭᠠᠳᠬᠠᠵᠤ ᠰᠢᠨᠡᠴᠢᠯᠡᠪᠠ᠃ ᠶᠢᠰᠦᠲᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠷᠠᠯᠳᠤᠭᠠᠨ ᠤ ᠬᠤᠭᠤᠴᠠᠭᠠᠨ ᠳᠤ ᠬᠡᠰᠢᠭᠦᠳ ᠤᠨ ᠲᠤᠷᠠᠳᠤᠭᠰᠠᠨ 78 ᠬᠤᠪᠢ ᠰᠠᠨᠠᠯ ᠲᠤᠷᠠᠳᠤᠯᠭ᠎ᠠ ᠶᠢ ᠨᠡᠷᠢᠨ ᠨᠢᠮᠪᠠᠢ ᠬᠢᠨᠠᠨ ᠪᠠᠶᠢᠴᠠᠭᠠᠵᠤ᠂ 77 ᠬᠤᠪᠢ ᠶᠢ ᠨᠢ ᠰᠠᠨᠠᠯ ᠳᠤᠷᠠᠳᠤᠯᠭ᠎ᠠ ᠪᠠᠷ ᠳᠠᠩᠰᠠᠯᠠᠨ᠂ 1 ᠬᠤᠪᠢ ᠶᠢ ᠨᠢ ᠵᠠᠬᠢᠲᠠᠯ ᠰᠤᠷᠪᠤᠯᠵᠢᠯᠠᠭ᠎ᠠ ᠪᠠᠷ ᠰᠢᠢᠳᠪᠦᠷᠢᠯᠡᠵᠤ᠂ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠬᠠᠷᠢᠯᠴᠠᠵᠤ ᠪᠠᠶᠢᠭ᠎ᠠ ᠳᠡᠳ᠋ ᠬᠤᠰᠢᠭᠤ ᠳᠠᠷᠤᠭ᠎ᠠ ᠤᠷᠤᠯᠴᠠᠭᠰᠠᠨ ᠰᠠᠨᠠᠯ ᠳᠤᠷᠠᠳᠤᠯᠭ᠎ᠠ ᠲᠤᠰᠢᠶᠠᠨ ᠰᠢᠢᠳᠪᠦᠷᠢᠯᠡᠭᠦᠯᠬᠦ ᠬᠤᠷᠠᠯ ᠢ ᠬᠤᠷᠠᠯᠳᠤᠭᠤᠯᠪᠠ᠃ ᠰᠠᠨᠠᠯ ᠳᠤᠷᠠᠳᠤᠯᠭ᠎ᠠ ᠶᠢ ᠱᠠᠯᠠᠪᠲᠠᠨ ᠰᠢᠢᠳᠪᠦᠷᠢᠯᠡᠭᠦᠯᠬᠦ ᠠᠵᠢᠯ ᠤᠨ ᠬᠦᠴᠦᠯᠡᠴᠡ ᠪᠠᠨ ᠳᠠᠰᠤᠷᠠᠯᠲᠠ ᠦᠬᠡᠢ ᠴᠢᠩᠭᠠᠳᠬᠠᠵᠤ᠂ 77 ᠬᠤᠪᠢ ᠳᠠᠩᠰᠠᠯᠠᠭᠰᠠᠨ ᠰᠠᠨᠠᠯ ᠳᠤᠷᠠᠳᠤᠯᠭ᠎ᠠ ᠶᠢᠨ ᠲᠤᠲᠤᠷ᠎ᠠ ᠠᠴᠠ ︽ᠨᠡᠶᠢᠭᠡᠮ ᠤᠨ ᠦᠢᠯᠡᠴᠢᠯᠡᠭᠡᠨ ᠤ ᠰᠠᠯᠠᠭ᠎ᠠ ᠮᠦᠴᠢᠷ ᠤᠨ ᠮᠤᠩᠭᠤᠯ ᠬᠡᠯᠡ ᠪᠠᠷ ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠲᠤᠬᠠᠢ ᠰᠠᠨᠠᠭᠤᠯᠭ᠎ᠠ︾᠂ ︽ᠬᠦᠭᠵᠢᠯᠲᠡ ᠶᠢᠨ ᠤᠷᠴᠢᠨ ᠲᠤᠭᠤᠷᠢᠨ ᠢ ᠰᠠᠶᠢᠵᠢᠷᠠᠭᠤᠯᠵᠤ᠂ ᠲᠤᠮᠲᠠ ᠪᠠᠭ᠎ᠠ ᠬᠡᠯᠪᠡᠷᠢ ᠶᠢᠨ ᠠᠵᠤ ᠠᠬᠤᠶᠢᠯᠡᠯ ᠤᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠲᠤᠬᠠᠢ ᠰᠠᠨᠠᠭᠤᠯᠭ᠎ᠠ︾᠂ ︽ᠮᠠᠨ ᠤ ᠬᠤᠰᠢᠭᠤᠨ ᠤ ᠲᠠᠯ᠎ᠠ ᠨᠤᠲᠤᠭ ᠢ ᠲᠠᠲᠠᠪᠤᠷᠢᠯᠠᠨ ᠬᠡᠷᠡᠭᠯᠡᠬᠦ ︵ᠡᠵᠡᠯᠡᠨ ᠬᠡᠷᠡᠭᠯᠡᠬᠦ︶ ᠨᠦᠬᠦᠪᠦᠷᠢ ᠲᠦᠯᠦᠪᠦᠷᠢ ᠶᠢ ᠬᠤᠷᠢᠶᠠᠬᠤ ᠵᠢᠴᠢ ᠤᠯᠭᠤᠬᠤ ᠳᠤ ᠤᠷᠤᠰᠢᠵᠤ ᠪᠠᠶᠢᠭ᠎ᠠ ᠬᠠᠮᠢᠭ᠎ᠠ ᠪᠦᠬᠦᠢ ᠠᠰᠠᠭᠤᠲᠠᠯ ᠤᠨ ᠲᠤᠬᠠᠢ ᠰᠠᠨᠠᠭᠤᠯᠭ᠎ᠠ︾ ᠵᠡᠷᠭᠡ 8 ᠬᠤᠪᠢ ᠰᠠᠨᠠᠯ ᠳᠤᠷᠠᠳᠤᠯᠭ᠎ᠠ ᠶᠢ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠪᠤᠯᠭᠠᠵᠤ᠂ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠲᠠᠨ ᠰᠢᠢᠳᠪᠦᠷᠢᠯᠡᠭᠦᠯᠬᠦ ᠡᠭᠦᠷᠭᠡ ᠶᠢ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠪᠠᠶᠢᠩᠭᠤ ᠶᠢᠨ ᠬᠡᠰᠢᠭᠦᠳ ᠲᠤ ᠬᠤᠪᠢᠶᠡᠷᠯᠡᠨ ᠂ ᠲᠡᠷᠢᠭᠦᠯᠡᠭᠴᠢ ᠳᠡᠳ᠋ ᠲᠡᠷᠢᠭᠦᠯᠡᠭᠴᠢ ᠬᠠᠷᠢᠭᠤᠴᠠᠵᠤ᠂ ᠪᠠᠶᠢᠩᠭᠤ ᠶᠢᠨ ᠬᠡᠰᠢᠭᠦᠳ ᠵᠢᠴᠢ ᠪᠠᠶᠢᠭᠤᠯᠭ᠎ᠠ ᠶᠢᠨ ᠠᠵᠢᠯᠲᠡᠳ ᠤᠷᠤᠯᠴᠠᠭᠰᠠᠨ ᠱᠠᠭᠠᠷᠳᠠᠨ ᠰᠢᠢᠳᠪᠦᠷᠢᠯᠡᠭᠦᠯᠬᠦ ᠠᠷᠭ᠎ᠠ ᠬᠡᠯᠪᠡᠷᠢ ᠶᠢ ᠠᠪᠤᠪᠠ᠃ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠠ ᠰᠠᠨᠠᠯ ᠳᠤᠷᠠᠳᠤᠯᠭ᠎ᠠ ᠳᠠᠭᠠᠭᠠᠴᠢᠯᠠᠨ ᠰᠢᠢᠳᠪᠦᠷᠢᠯᠡᠬᠦ ᠨᠢᠭᠡᠴᠡ ᠶᠢᠨ ᠠᠭᠤᠯᠵᠠᠯᠲᠠ ᠶᠢᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠰᠤᠷᠭᠠᠨ ᠬᠦᠮᠦᠵᠢᠯ ᠤᠨ ᠰᠢᠰᠲ᠋ᠧᠮ ᠳᠤ ᠤᠷᠤᠰᠢᠵᠤ ᠪᠠᠶᠢᠭ᠎ᠠ ᠠᠰᠠᠭᠤᠲᠠᠯ ᠢ ᠲᠦᠪᠯᠡᠷᠡᠭᠦᠯᠦᠨ ᠳᠢᠭᠯᠡᠵᠦ᠂ ᠬᠤᠰᠢᠭᠤ ᠨᠠᠮ ᠤᠨ ᠬᠤᠷᠢᠶᠠᠨ ᠳᠤ ᠮᠡᠲᠡᠭᠦᠯᠦᠨ᠂ ᠰᠠᠨᠠᠯ ᠳᠤᠷᠠᠳᠤᠯᠭ᠎ᠠ ᠳᠠᠭᠠᠭᠠᠴᠢᠯᠠᠨ ᠰᠢᠢᠳᠪᠦᠷᠢᠯᠡᠬᠦ ᠨᠢᠭᠡᠴᠡ ᠪᠤᠯᠤᠨ ᠬᠡᠰᠢᠭᠦᠳ ᠤᠨ ᠬᠤᠭᠤᠷᠤᠨᠲᠤ ᠨᠡᠪᠲᠡᠷᠡᠯᠴᠡᠭᠦᠯᠬᠦ ᠦᠢᠯᠡᠲᠤᠯ ᠦᠵᠡᠭᠦᠯᠵᠤ᠂ ᠰᠠᠨᠠᠯ ᠳᠤᠷᠠᠳᠤᠯᠭ᠎ᠠ ᠶᠢᠨ ᠰᠢᠢᠳᠪᠦᠷᠢᠯᠡᠭᠦᠯᠦᠯᠲᠡ ᠪᠠ ᠨᠡᠶᠢᠳᠠᠪᠤᠷᠢᠵᠢᠭᠤᠯᠤᠯᠲᠠ ᠶᠢᠨ ᠬᠦᠴᠦᠯᠡᠴᠡ  ᠪᠠᠨ ᠰᠠᠶᠢᠵᠢᠷᠠᠭᠤᠯᠵᠤ᠂ ᠰᠠᠨᠠᠯ ᠳᠤᠷᠠᠲᠤᠯᠭ᠎ᠠ ᠶᠢ ᠱᠠᠭᠠᠷᠲᠠᠨ ᠰᠢᠢᠳᠪᠦᠷᠢᠯᠡᠭᠦᠯᠬᠦ ᠠᠵᠢᠯ ᠤᠨ ᠦᠷ᠎ᠡ ᠪᠦᠲᠦᠮᠵᠢ ᠶᠢ ᠲᠡᠭᠡᠭᠰᠢᠯᠡᠭᠦᠯᠦᠭᠰᠡᠨ ᠪᠠᠶᠢᠨ᠎ᠠ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠦᠯᠬᠦ ᠵᠠᠩᠭᠢᠯᠠᠭ᠎ᠠ ᠶᠢ ᠴᠢᠩᠭ᠎ᠠ ᠠᠳᠬᠤᠨ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠦᠯᠬᠦ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢᠨ ᠲᠤᠰᠠᠲᠠ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢᠨ ᠵᠦᠪᠯᠡᠯ ᠨᠢ ᠰᠠᠨᠠᠯ ᠳᠤᠷᠠᠳᠤᠯᠭ᠎ᠠ ᠶᠢᠨ ᠬᠠᠷᠢᠭᠤᠯᠲᠠ ᠶᠢ ᠬᠢᠨᠠᠨ ᠪᠠᠶᠢᠴᠠᠭᠠᠬᠤ ᠬᠤᠷᠠᠯ ᠢ ᠬᠤᠷᠠᠯᠳᠤᠭᠤᠯᠤᠨ᠂ ᠶᠢᠰᠦᠲᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢᠬᠢ 77 ᠬᠤᠪᠢ ᠰᠠᠨᠠᠯ ᠳᠤᠷᠠᠳᠤᠯᠭ᠎ᠠ ᠶᠢᠨ ᠬᠠᠷᠢᠭᠤᠯᠲᠠ ᠶᠢ ᠨᠢᠮᠪᠠᠢ ᠬᠢᠨᠠᠨ ᠦᠵᠡᠵᠤ᠂ 7 ᠬᠤᠪᠢ ᠠᠭᠤᠯᠭ᠎ᠠ ᠨᠢ ᠬᠠᠨᠳᠤᠯᠭᠠᠲᠤ ᠴᠢᠨᠠᠷ ᠢᠶᠠᠷ ᠲᠤᠲᠠᠮᠠᠭ᠂ ᠰᠢᠢᠳᠪᠦᠷᠢᠯᠡᠭᠰᠡᠨ ᠠᠷᠭ᠎ᠠ ᠬᠡᠮᠵᠢᠶ᠎ᠡ  ᠨᠢ ᠵᠤᠬᠢᠰ ᠦᠬᠡᠢ ᠰᠠᠨᠠᠯ ᠳᠤᠷᠠᠳᠤᠯᠭ᠎ᠠ ᠶᠢ ᠲᠠᠭᠠᠭᠠᠴᠢᠯᠠᠨ ᠰᠢᠢᠳᠪᠦᠷᠢᠯᠡᠬᠦ ᠨᠢᠭᠡᠴᠡ ᠳᠤ ᠪᠤᠴᠠᠭᠠᠨ᠂ ᠲᠠᠬᠢᠨ ᠰᠢᠢᠳᠪᠦᠷᠢᠯᠡᠬᠦ ᠶᠢ ᠱᠠᠭᠠᠷᠲᠠᠵᠤ᠂ 77 ᠬᠤᠪᠢ ᠰᠠᠨᠠᠯ ᠳᠤᠷᠠᠳᠤᠯᠭ᠎ᠠ ᠶᠢ ᠪᠦᠬᠦᠨ ᠢ ᠬᠠᠷᠢᠭᠤᠯᠵᠤ᠂ ᠬᠢᠨᠠᠨ ᠪᠠᠶᠢᠴᠠᠭᠠᠵᠤ ᠲᠠᠭᠤᠰᠬᠠᠨ᠂ ᠰᠠᠨᠠᠯ ᠳᠤᠷᠠᠳᠤᠯᠭ᠎ᠠ ᠲᠠᠭᠠᠭᠠᠴᠢᠯᠠᠨ ᠰᠢᠢᠳᠪᠦᠷᠢᠯᠡᠬᠦ ᠨᠢᠭᠡᠴᠡ ᠶᠢᠨ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠲᠠᠯ ᠶᠢ ᠮᠦᠷᠲᠡᠨ ᠲᠠᠭᠠᠵᠤ ᠱᠠᠯᠠᠪᠲᠠᠨ ᠰᠢᠢᠳᠪᠦᠷᠢᠯᠡᠭᠦᠯᠬᠦ ᠠᠵᠢᠯᠯᠠᠭ᠎ᠠ ᠦᠷᠨᠢᠭᠦᠯᠪᠠ᠃ ᠬᠡᠰᠢᠭᠦᠳ ᠤᠨ ᠰᠠᠨᠠᠯ ᠳᠤᠷᠠᠳᠤᠯᠭ᠎ᠠ ᠲᠤᠭᠤᠷᠪᠢᠨ ᠪᠢᠴᠢᠬᠦ ᠬᠢᠷᠢ ᠲᠦᠪᠰᠢᠨ ᠪᠠ ᠴᠢᠲᠠᠪᠤᠷᠢ᠂ ᠡᠭᠦᠷᠭᠡ ᠴᠢᠲᠠᠪᠬᠢ ᠪᠠᠨ ᠬᠦᠢᠴᠡᠳᠬᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠲᠠ ᠬᠡᠰᠢᠭᠦᠳ ᠤᠨ ᠰᠠᠨᠠᠯ ᠳᠤᠷᠠᠳᠤᠯᠭ᠎ᠠ ᠲᠤᠷᠠᠳᠬᠤ ᠴᠢᠳᠠᠪᠤᠷᠢ ᠶᠢ ᠳᠡᠭᠡᠭᠰᠢᠯᠡᠭᠦᠯᠬᠦ ᠪᠤᠯᠪᠠᠰᠤᠷᠠᠯ ᠤᠨ ᠠᠩᠬᠢ ᠶᠢ 2 ᠤᠳᠠᠭ᠎ᠠ ᠡᠷᠬᠢᠯᠡᠪᠠ ᠃ ᠵᠢᠯ ᠤᠨ ᠡᠴᠤᠰ ᠲᠤ ᠰᠠᠨᠠᠯ ᠳᠤᠷᠠᠳᠤᠯᠭ᠎ᠠ ᠳᠤᠷᠠᠳᠤᠭᠰᠠᠨ ᠬᠡᠰᠢᠭᠦᠳ ᠢ ᠵᠤᠬᠢᠶᠠᠨ ᠪᠠᠶᠢᠭᠤᠯᠤᠨ᠂ ᠰᠠᠨᠠᠯ ᠳᠤᠷᠠᠳᠤᠯᠭ᠎ᠠ ᠳᠠᠭᠠᠭᠠᠴᠢᠯᠠᠨ ᠰᠢᠢᠳᠪᠦᠷᠢᠯᠡᠬᠦ ᠨᠢᠭᠡᠴᠡ ᠶᠢᠨ ᠰᠠᠨᠠᠯ ᠳᠤᠷᠠᠳᠤᠯᠭ᠎ᠠ ᠰᠢᠢᠳᠪᠦᠷᠢᠯᠡᠵᠤ ᠪᠠᠶᠢᠭ᠎ᠠ ᠪᠠᠶᠢᠲᠠᠯ ᠳᠤ ᠦᠨᠡᠯᠡᠯᠲᠡ ᠬᠢᠭᠰᠡᠨ ᠪᠠᠶᠢᠨ᠎ᠠ᠃     ᠠᠷᠭ᠎ᠠ ᠵᠠᠮ ᠢᠶᠠᠨ ᠦᠷᠭᠡᠳᠬᠡᠨ᠂ ᠢᠲᠡᠪᠬᠢᠲᠡᠢ ᠪᠠᠷ ᠨᠡᠶᠢᠭᠡᠮ ᠤᠨ ᠪᠠᠶᠢᠲᠠᠯ ᠠᠷᠠᠳ ᠤᠨ ᠰᠠᠨᠠᠭ᠎ᠠ ᠶᠢ ᠲᠤᠰᠬᠠᠪᠠ᠃᠂ ᠲᠡᠷᠢᠭᠦᠯᠡᠭᠴᠢ᠂ ᠳᠡᠳ᠋ ᠲᠡᠷᠢᠭᠦᠯᠡᠭᠴᠢ ᠦᠷᠭᠦᠯᠵᠢ ᠡᠯ᠎ᠡ ᠵᠦᠪᠯᠡᠯ ᠠᠯᠪᠠᠨ ᠭᠡᠷ ᠪᠤᠯᠤᠨ ᠬᠡᠰᠢᠭᠦᠳ ᠢ ᠲᠠᠶᠢᠴᠢᠯᠡᠨ ᠦᠨᠳᠦᠰᠦᠨ ᠱᠠᠲᠤᠨ ᠳᠤ ᠬᠦᠨᠵᠡᠬᠡᠶᠢᠷᠡᠵᠤ᠂ ᠠᠳᠠᠯᠢ ᠪᠤᠰᠤ ᠲᠠᠯ᠎ᠠ ᠠᠴᠠ ᠨᠡᠶᠢᠭᠡᠮ ᠤᠨ ᠪᠠᠶᠢᠲᠠᠯ ᠠᠷᠠᠳ ᠤᠨ ᠰᠠᠨᠠᠭᠠᠨ ᠤ ᠰᠤᠷᠠᠭ ᠵᠠᠩᠬᠢ ᠶᠢ ᠴᠤᠭᠯᠠᠭᠤᠯᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠠᠰᠠᠭᠤᠲᠠᠯ ᠢ ᠤᠶᠢᠯᠠᠭᠠᠭᠰᠠᠨ ᠪᠠᠶᠢᠨ᠎ᠠ᠃ ᠠᠩᠬᠠᠳᠤᠭᠠᠷ ᠤᠳᠠᠭᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠦᠯᠦᠭᠡᠯᠡᠭᠴᠢᠳ ᠤᠨ ᠰᠠᠭᠤᠳᠠᠯ ᠤᠨ ᠬᠤᠷᠠᠯ ᠢ ᠬᠤᠷᠠᠯᠳᠤᠭᠤᠯᠵᠤ᠂ ᠰᠤᠮᠤ ᠪᠠᠯᠭᠠᠰᠤᠨ ᠤ ᠤᠯᠤᠰ ᠲᠦᠷᠦ ᠶᠢᠨ ᠵᠦᠪᠯᠡᠯᠭᠡᠨ ᠤ ᠬᠠᠷᠢᠯᠴᠠᠬᠤ ᠠᠯᠪᠠᠨ ᠭᠡᠷ ᠬᠠᠷᠢᠭᠤᠴᠠᠵᠤ᠂ ᠭᠠᠴᠠᠭ᠎ᠠ ︵ᠨᠡᠶᠢᠭᠡᠮ ᠲᠤᠭᠤᠷᠢᠭ︶ ᠠᠴᠠ ᠨᠡᠷ᠎ᠡ ᠲᠤᠷᠠᠳᠴᠤ᠂ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠠᠷ ᠬᠢᠨᠠᠨ ᠵᠦᠪᠰᠢᠶᠡᠷᠡᠬᠦᠯᠬᠦ ᠪᠠᠷ ᠲᠠᠮᠵᠢᠨ 25 ᠨᠡᠷ᠎ᠡ ᠲᠦᠯᠦᠭᠡᠯᠡᠭᠴᠢ ᠲᠤᠭᠲᠠᠭᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠦᠭᠵᠢᠯᠲᠡ ᠶᠢᠨ ᠲᠤᠮᠲᠠ ᠤᠷᠤᠰᠢᠵᠤ ᠪᠠᠶᠢᠭ᠎ᠠ ᠠᠰᠠᠭᠤᠲᠠᠯ ᠤᠨ ᠲᠤᠭᠤᠷᠢᠨ ᠳᠤ ᠵᠦᠪᠯᠡᠵᠤ᠂ ᠮᠠᠯ ᠠᠵᠤ ᠠᠬᠤᠢ᠂ ᠡᠮ ᠡᠮᠨᠡᠯᠭᠡ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ᠂ ᠡᠳ᠋ ᠤᠨ ᠵᠠᠰᠠᠭ ᠵᠡᠷᠭᠡ 15 ᠲᠠᠯ᠎ᠠ ᠪᠠᠷ  ᠬᠢ 61 ᠵᠤᠷᠪᠤᠰ ᠰᠠᠨᠠᠯ ᠰᠠᠨᠠᠭᠤᠯᠭ᠎ᠠ ᠶᠢ ᠳᠤᠷᠠᠳᠴᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠪᠠᠶᠢᠭᠤᠯᠭ᠎ᠠ ᠳᠤ ᠲᠤᠰᠬᠠᠨ᠂ ᠨᠡᠶᠢᠭᠡᠮ ᠤᠨ ᠪᠠᠶᠢᠲᠠᠯ ᠠᠷᠠᠳ ᠤᠨ ᠰᠠᠨᠠᠭ᠎ᠠ ᠶᠢ ᠲᠤᠰᠬᠠᠬᠤ ᠠᠷᠭ᠎ᠠ ᠵᠠᠮ ᠢ ᠰᠢᠨᠡᠴᠢᠯᠡᠬᠦ ᠪᠠ ᠰᠢᠯᠤᠭᠤᠳᠬᠠᠵᠤ᠂ ᠬᠠᠮᠢᠶ᠎ᠠ ᠪᠦᠬᠦᠢ ᠪᠠᠶᠢᠭᠤᠯᠭ᠎ᠠ ᠪᠤᠯᠤᠨ ᠤᠯᠡᠨ ᠲᠦᠮᠡᠨ ᠤ ᠬᠤᠭᠤᠷᠤᠨᠲᠤ ᠨᠡᠪᠲᠡᠷᠡᠯᠴᠡᠬᠦ ᠲᠡᠪᠴᠠᠩ ᠪᠠᠶᠢᠭᠤᠯᠪᠠ᠃ ᠪᠦᠬᠦ ᠵᠢᠯ ᠳᠤ ᠨᠠᠶᠢᠲᠡ 85 ᠵᠤᠷᠪᠤᠰ ᠨᠡᠶᠢᠭᠡᠮ ᠤᠨ ᠪᠠᠶᠢᠲᠠᠯ ᠠᠷᠠᠳ ᠤᠨ ᠰᠠᠨᠠᠭᠠᠨ ᠤ ᠰᠤᠷᠠᠭ ᠵᠠᠩᠬᠢ ᠶᠢ ᠲᠤᠰᠬᠠᠭᠰᠠᠨ ᠪᠠᠶᠢᠨ᠎ᠠ᠃    ᠠᠷᠭ᠎ᠠ ᠬᠡᠯᠪᠠᠷᠢ ᠪᠠᠨ ᠰᠢᠨᠡᠴᠢᠯᠡᠨ᠂ ᠬᠢᠨᠠᠵᠤ ᠦᠨᠡᠯᠡᠬᠦ ᠠᠵᠢᠯ ᠢ ᠠᠬᠢᠭᠤᠯᠪᠠ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠨᠢ ᠲᠡᠷᠢᠭᠦᠯᠡᠭᠴᠢ ᠶᠢᠨ ᠬᠤᠷᠠᠯ ᠢ ᠴᠠᠭ ᠲᠤᠬᠠᠢ ᠳᠤᠨᠢ ᠬᠤᠷᠠᠯᠳᠤᠭᠤᠯᠵᠤ᠂ ᠬᠢᠨᠠᠨ ᠦᠨᠡᠯᠡᠬᠦ ᠠᠵᠢᠯ ᠢ ᠰᠤᠳᠤᠯᠤᠨ᠂ ᠬᠢᠨᠡᠨ ᠦᠨᠡᠯᠡᠬᠦ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠪᠠ᠃ ᠠᠷᠠᠳᠴᠢᠯᠠᠯ ᠢᠶᠠᠷ ᠦᠨᠡᠯᠡᠬᠦ ᠠᠵᠢᠯ ᠢ ᠠᠩᠬ᠎ᠠ ᠤᠳᠠᠭ᠎ᠠ ᠦᠷᠨᠢᠭᠦᠯᠵᠤ᠂ ᠠᠷᠠᠳᠴᠢᠯᠠᠯ ᠢᠶᠠᠷ ᠦᠨᠡᠯᠡᠬᠦ ᠠᠵᠢᠯ ᠤᠨ ᠬᠡᠷᠡᠭᠵᠢᠭᠦᠯᠬᠦ ᠲᠦᠰᠦᠪ ᠲᠤᠭᠲᠠᠭᠠᠨ᠂ ᠲᠡᠳ᠋ ᠲᠡᠷᠢᠭᠦᠯᠡᠭᠴᠢ ᠪᠠᠷ ᠲᠤᠭᠤᠶᠢᠯᠠᠩ ᠤᠨ ᠲᠠᠷᠤᠭ᠎ᠠ ᠪᠤᠯᠭᠠᠵᠤ᠂ ᠪᠠᠶᠢᠩᠭᠤ ᠶᠢᠨ ᠬᠡᠰᠢᠭᠦᠳ᠂ ᠦᠨᠡᠯᠡᠭᠲᠡᠬᠦ ᠪᠠᠶᠢᠭᠤᠯᠭ᠎ᠠ ᠶᠢᠨ ᠤᠨᠴᠠ ᠤᠷᠢᠭᠳᠠᠭᠰᠠᠨ ᠬᠢᠨᠡᠯᠲᠡ ᠲᠠᠯᠪᠢᠭᠴᠢ ᠵᠢᠴᠢ ᠪᠠᠶᠢᠭᠤᠯᠭ᠎ᠠ ᠶᠢᠨ ᠠᠵᠢᠯᠲᠠᠨ ᠢᠶᠠᠷ ᠪᠦᠷᠢᠯᠳᠦᠭᠦᠨ ᠪᠤᠯᠭᠠᠭᠰᠠᠨ ᠳᠦᠷᠪᠡᠨ ᠠᠷᠠᠳᠴᠢᠯᠠᠯ ᠢᠶᠠᠷ ᠦᠨᠡᠯᠡᠬᠦ ᠠᠵᠢᠯ ᠤᠨ ᠲᠤᠭᠤᠶᠢᠯᠠᠩ ᠪᠠᠶᠢᠭᠤᠯᠵᠤ᠂ ᠰᠠᠭᠤᠲᠠᠯ ᠤᠨ ᠬᠤᠷᠠᠯ ᠪᠤᠶᠤ ᠲᠤᠰᠬᠠᠢ ᠰᠤᠷᠪᠤᠯᠵᠢᠯᠠᠭ᠎ᠠ᠂ ᠰᠠᠨᠠᠯ ᠬᠤᠷᠢᠶᠠᠬᠤ ᠬᠦᠰᠦᠨᠦᠭᠲᠦ ᠲᠠᠷᠬᠠᠭᠠᠬᠤ ᠵᠡᠷᠭᠡ ᠬᠡᠯᠪᠡᠷᠢ ᠪᠠᠷ ᠬᠤᠰᠢᠭᠤ ᠳᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠤᠨ ᠲᠤᠪᠴᠢᠶ᠎ᠠ ᠵᠡᠷᠭᠡ ᠪᠠᠶᠢᠭᠤᠯᠭ᠎ᠠ ᠶᠢᠨ ᠠᠵᠢᠯ ᠳᠤ ᠰᠠᠨᠠᠯ ᠬᠤᠷᠢᠶᠠᠨ ᠴᠤᠭᠯᠠᠭᠤᠯᠬᠤ ᠬᠡᠯᠪᠡᠷᠢ ᠪᠠᠷ ᠠᠷᠠᠳᠴᠢᠯᠠᠯ ᠢᠶᠠᠷ ᠦᠨᠡᠯᠡᠯᠲᠡ ᠬᠢᠭᠰᠡᠨ ᠤ ᠳᠠᠷᠠᠭ᠎ᠠ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠶᠢᠰᠦᠲᠦᠭᠡᠷ ᠬᠤᠭᠤᠴᠠᠭᠠᠨ ᠤ ᠲᠦᠷᠪᠡᠲᠦᠭᠡᠷ ᠤᠳᠠᠭᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠲᠡᠭᠡᠷ᠎ᠡ ᠲᠦᠪᠯᠡᠷᠡᠭᠦᠯᠦᠨ ᠦᠨᠡᠯᠡᠵᠤ᠂ ᠦᠨᠡᠯᠡᠭᠲᠡᠭᠰᠡᠨ ᠪᠠᠶᠢᠭᠤᠯᠭ᠎ᠠ ᠶᠢᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠠᠵᠢᠯ ᠤᠨ ᠠᠬᠢᠴᠠ ᠪᠠᠨ ᠲᠦᠷᠭᠡᠳᠭᠡᠬᠦ ᠳᠤ ᠢᠲᠡᠪᠬᠢᠲᠡᠢ ᠠᠬᠢᠭᠤᠯᠬᠤ ᠦᠢᠯᠡᠲᠦᠯ ᠦᠵᠡᠭᠦᠯᠦᠭᠰᠡᠨ ᠪᠠᠶᠢᠨ᠎ᠠ᠃ 45 ᠨᠡᠷ᠎ᠡ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠢ ᠲᠠᠨᠢᠯᠴᠠᠭᠤᠯᠵᠤ᠂ ᠬᠠᠤᠯᠢ ᠴᠠᠭᠠᠵᠠ ᠶᠢᠨ ᠪᠠᠶᠢᠭᠤᠯᠭ᠎ᠠ ᠶᠢ ᠪᠠᠭᠲᠠᠭᠠᠭᠰᠠᠨ 18 ᠪᠠᠶᠢᠭᠤᠯᠭ᠎ᠠ ᠨᠢᠭᠡᠴᠡ ᠶᠢᠨ ᠤᠨᠴᠠ ᠤᠷᠢᠭᠰᠠᠨ ᠬᠢᠨᠠᠯᠲᠠ ᠲᠠᠯᠪᠢᠭᠴᠢ ᠶᠢᠨ ᠲᠤᠰᠢᠶᠠᠯ ᠬᠠᠷᠢᠭᠤᠴᠠᠭᠤᠯᠵᠤ᠂ ᠤᠨᠴᠠ ᠤᠷᠢᠭᠳᠠᠭᠰᠠᠨ ᠬᠢᠨᠠᠯᠲᠠ ᠲᠠᠯᠪᠢᠭᠴᠢ ᠪᠠ ᠤᠷᠢᠭᠰᠠᠨ ᠪᠠᠶᠢᠭᠤᠯᠭ᠎ᠠ ᠶᠢ ᠠᠭᠤᠯᠵᠠᠭᠤᠯᠬᠤ ᠬᠤᠷᠠᠯ ᠢ ᠠᠩᠬ᠎ᠠ ᠤᠳᠠᠭ᠎ᠠ ᠬᠤᠷᠠᠯᠳᠤᠭᠤᠯᠤᠭᠰᠠᠨ ᠪᠠᠶᠢᠨ᠎ᠠ᠃     ︵ᠭᠤᠷᠪᠠ︶ ᠵᠠᠰᠠᠭ ᠲᠤ ᠤᠷᠤᠯᠴᠠᠨ ᠲᠦᠷᠦ ᠶᠢᠨ ᠶᠠᠪᠤᠲᠠᠯ ᠢ ᠵᠦᠪᠯᠡᠬᠦ ᠠᠵᠢᠯ ᠢ ᠬᠦᠨᠵᠡᠬᠡᠢ ᠦᠷᠨᠢᠭᠦᠯᠪᠠ᠃     ᠪᠠᠶᠢᠩᠭᠤ ᠶᠢᠨ ᠬᠤᠷᠢᠶᠠᠨ ᠤ ᠪᠦᠬᠦ ᠵᠢᠯ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠤᠰᠤᠭᠠᠷ᠂ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠳ ᠪᠤᠯᠤᠨ ᠪᠠᠶᠢᠭᠤᠯᠭ᠎ᠠ ᠶᠢᠨ ᠠᠵᠢᠯᠲᠠᠨ ᠢ ᠵᠤᠬᠢᠶᠠᠨ ᠪᠠᠶᠢᠭᠤᠯᠵᠤ᠂ ᠪᠦᠬᠦ ᠬᠤᠰᠢᠭᠤᠨ ᠤ ᠨᠡᠶᠢᠲᠡ ᠶᠢᠨ ᠪᠤᠰᠤ ᠦᠮᠴᠢᠯᠡᠯ ᠤᠨ ᠠᠵᠤ ᠠᠬᠤᠢ ᠶᠢᠨ ᠬᠦᠭᠵᠢᠯᠲᠡ ᠶᠢᠨ ᠪᠠᠶᠢᠲᠠᠯ᠂ ᠪᠠᠲᠤᠯᠠᠭᠠᠨ ᠤ ᠤᠷᠤᠨ ᠰᠠᠭᠤᠴᠠ ᠶᠢᠨ ᠬᠡᠷᠡᠭᠴᠡᠭᠡᠨ ᠤ ᠪᠠᠶᠢᠲᠠᠯ᠂ ᠬᠡᠬᠡᠯᠢ ᠬᠠᠶᠠᠬᠤ ᠡᠪᠡᠳᠴᠢᠨ᠂ ᠹᠯᠤᠷ ᠤᠨ ᠬᠤᠤᠷᠲᠠᠯ ᠵᠡᠷᠭᠡ ᠤᠷᠤᠨ ᠨᠤᠲᠤᠭ ᠤᠨ ᠡᠪᠡᠳᠴᠢᠨ ᠤ ᠲᠠᠷᠬᠠᠯᠲᠠ ᠪᠠ ᠰᠡᠷᠬᠡᠶᠢᠯᠡᠯᠲᠡ᠂ ᠬᠤᠲᠠ ᠪᠠᠯᠭᠠᠰᠤ ᠨᠡᠶᠢᠭᠡᠮ ᠲᠤᠭᠤᠷᠢᠭ ᠤᠨ ᠦᠢᠯᠡᠴᠢᠯᠡᠬᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠲᠠᠯ᠂ ᠮᠠᠯ ᠪᠡᠯᠴᠢᠭᠡᠷ ᠤᠨ ᠲᠡᠩᠴᠡᠭᠦᠷᠢᠰᠢᠯ᠂ ᠠᠭᠤᠷᠬᠠᠢ ᠶᠢᠨ ᠨᠡᠭᠡᠭᠡᠨ ᠠᠰᠢᠭᠯᠠᠯᠲᠠ ᠶᠢᠨ ᠲᠤᠮᠲᠠᠬᠢ ᠤᠷᠴᠢᠨ ᠲᠤᠭᠤᠷᠢᠨ ᠤ ᠬᠠᠮᠠᠭᠠᠯᠠᠯᠲᠠ ᠪᠠ ᠲᠠᠯ᠎ᠠ ᠨᠤᠲᠤᠭ ᠤᠨ ᠠᠮᠢ ᠠᠬᠤᠢ ᠶᠢᠨ ᠰᠡᠷᠭᠦᠭᠡᠯᠲᠠ ᠵᠡᠷᠭᠡ ᠠᠭᠤᠯᠭ᠎ᠠ ᠪᠠᠷ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠦᠷᠨᠢᠭᠦᠯᠵᠤ᠂ ᠲᠤᠬᠠᠢ ᠶᠢᠨ ᠲᠡᠯᠡᠪᠤᠷ ᠲᠤ ᠲᠤᠭᠤᠷᠢᠨ ᠪᠠᠶᠢᠴᠠᠭᠠᠬᠤ᠂ ᠰᠠᠭᠤᠲᠠᠯ ᠤᠨ ᠬᠤᠷᠠᠯ ᠬᠤᠷᠠᠯᠳᠤᠭᠤᠯᠬᠤ᠂ ᠰᠠᠨᠠᠯ ᠬᠤᠷᠢᠶᠠᠬᠤ ᠬᠦᠰᠦᠨᠦᠭᠲᠦ ᠲᠠᠷᠬᠠᠭᠠᠬᠤ ᠵᠡᠷᠭᠡ ᠪᠠᠶᠢᠴᠠᠭᠠᠨ ᠰᠤᠳᠤᠯᠤᠯᠲᠠ ᠶᠢᠨ ᠬᠡᠯᠪᠡᠷᠢ ᠪᠠᠷ᠂ ᠨᠡᠶᠢᠭᠡᠮ ᠤᠨ ᠡᠯ᠎ᠡ ᠲᠠᠯ᠎ᠠ ᠠᠴᠠ ᠦᠷᠭᠡᠨ ᠪᠠᠷ ᠰᠠᠨᠠᠯ ᠰᠠᠨᠠᠭᠤᠯᠭ᠎ᠠ ᠴᠤᠭᠯᠠᠭᠤᠯᠤᠨ᠂ ᠲᠡᠷᠢᠭᠦᠯᠡᠭᠴᠢ ᠶᠢᠨ ᠬᠤᠷᠠᠯ᠂ ᠪᠠᠶᠢᠩᠭᠤ ᠶᠢᠨ ᠬᠡᠰᠢᠭᠦᠳ ᠤᠨ ᠬᠤᠷᠠᠯ ᠢᠶᠠᠷ ᠵᠦᠪᠯᠡᠨ ᠪᠠᠲᠤᠯᠠᠵᠤ᠂ ︽ᠰᠦᠨᠢᠳ ᠵᠡᠭᠦᠨ ᠬᠤᠰᠢᠭᠤᠨ ᠤ ᠨᠡᠶᠢᠲᠡ ᠶᠢᠨ ᠦᠮᠴᠢᠯᠡᠯ ᠤᠨ ᠪᠤᠰᠤ ᠬᠡᠯᠪᠡᠷᠢ ᠶᠢᠨ ᠠᠵᠤ ᠠᠬᠤᠢ ᠶᠢᠨ ᠬᠦᠭᠵᠢᠯᠲᠡ ᠶᠢᠨ ᠪᠠᠶᠢᠲᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠲᠡᠭᠦᠯᠦᠯᠲᠡ︾᠂ ︽ᠮᠠᠨ ᠤ ᠬᠤᠰᠢᠭᠤᠨ ᠤ ᠲᠠᠯ᠎ᠠ ᠨᠤᠲᠤᠭ ᠢ ᠲᠠᠲᠠᠪᠤᠷᠢᠯᠠᠨ ᠬᠡᠷᠡᠭᠯᠡᠬᠦ ︵ᠡᠵᠡᠯᠡᠨ ᠬᠡᠷᠡᠭᠯᠡᠬᠦ︶ ᠨᠦᠬᠦᠪᠦᠷᠢ ᠲᠦᠯᠦᠪᠦᠷᠢ ᠶᠢ ᠬᠤᠷᠢᠶᠠᠬᠤ ᠵᠢᠴᠢ ᠤᠯᠭᠤᠬᠤ ᠳᠤ ᠤᠷᠤᠰᠢᠵᠤ ᠪᠠᠶᠢᠭ᠎ᠠ ᠬᠠᠮᠢᠭ᠎ᠠ ᠪᠦᠬᠦᠢ ᠠᠰᠠᠭᠤᠲᠠᠯ ᠤᠨ ᠲᠤᠬᠠᠢ ᠰᠠᠨᠠᠭᠤᠯᠭ᠎ᠠ︾᠂ ︽ᠮᠠᠨ ᠤ ᠬᠤᠰᠢᠭᠤᠨ ᠤ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠲᠡᠭᠦᠯᠦᠯᠲᠡ︾᠂ ︽ᠮᠠᠨ ᠤ ᠬᠤᠰᠢᠭᠤᠨ ᠤ ᠬᠡᠬᠡᠯᠢ ᠬᠠᠶᠠᠬᠤ ᠡᠪᠡᠳᠴᠢᠨ᠂ ᠢᠲᠡᠭᠦ ᠤᠰᠤᠨ ᠤ ᠤᠷᠤᠨ ᠨᠤᠲᠤᠭ ᠤᠨ ᠴᠢᠨᠠᠷᠲᠠᠢ ᠹᠯᠤᠷ ᠤᠨ ᠬᠤᠤᠷᠲᠠᠯ ᠤᠨ ᠪᠠᠶᠢᠲᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠲᠡᠭᠦᠯᠦᠯᠲᠡ︾᠂ ︽ᠮᠠᠨ ᠤ ᠬᠤᠰᠢᠭᠤᠨ ᠤ ᠬᠤᠲᠠ ᠪᠠᠯᠭᠠᠰᠤᠨ ᠤ ᠲᠤᠤᠷ᠎ᠠ ᠤᠷᠤᠯᠭ᠎ᠠ ᠲᠠᠢ ᠬᠦᠮᠦᠰ ᠤᠨ ᠠᠮᠢᠲᠤᠷᠠᠯ ᠵᠢᠴᠢ ᠤᠷᠤᠨ ᠰᠠᠭᠤᠴᠠ ᠶᠢᠨ ᠪᠠᠶᠢᠲᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠲᠡᠭᠦᠯᠦᠯᠲᠡ︾ ᠵᠡᠷᠭᠡ 5 ᠬᠤᠪᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠲᠡᠪᠰᠢᠭᠦᠯᠤᠨ ᠯᠠᠪᠯᠠᠯᠲᠠ ᠬᠠᠩᠭᠠᠪᠠ᠃ ᠮᠠᠨ ᠤ ᠬᠤᠰᠢᠭᠤᠨ ᠤ ᠰᠢᠨ᠎ᠡ ᠪᠠᠷ ᠪᠠᠶᠢᠭᠤᠯᠬᠤ ᠰᠠᠭᠤᠭᠠᠯᠢ ᠠᠷᠠᠳ ᠤᠨ ᠲᠤᠭᠤᠷᠢᠭ ᠪᠠ ᠲᠠᠮᠢᠷ ᠤᠨ ᠤᠷᠲᠤᠨ ᠤ ᠭᠠᠵᠠᠷ ᠰᠤᠩᠭᠤᠬᠤ ᠠᠵᠢᠯ ᠳᠤ ᠴᠢᠭᠯᠡᠭᠦᠯᠦᠨ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠨᠢ ᠠᠵᠢᠯ ᠤᠨ ᠡᠭᠦᠷᠭᠡ ᠴᠢᠲᠠᠪᠬᠢ ᠲᠠᠢ ᠪᠠᠨ ᠤᠶᠠᠯᠳᠤᠭᠤᠯᠵᠤ᠂ ᠲᠡᠳ᠋ ᠲᠡᠷᠢᠭᠦᠯᠡᠭᠴᠢ ᠪᠠᠷ ᠬᠠᠷᠢᠭᠤᠴᠠᠭᠤᠯᠤᠭᠰᠠᠨ ᠲᠦᠷᠪᠡᠨ ᠪᠠᠶᠢᠴᠠᠭᠠᠨ ᠰᠤᠳᠤᠯᠤᠯᠲᠠ ᠶᠢᠨ ᠲᠤᠭᠤᠶᠢᠯᠡᠩ ᠪᠠᠶᠢᠭᠤᠯᠵᠤ᠂ ᠬᠤᠶᠠᠷ ᠡᠲᠤᠷ ᠤᠨ ᠬᠤᠭᠤᠴᠠᠭ᠎ᠠ ᠶᠢ ᠬᠡᠷᠡᠭᠰᠡᠨ ᠡᠷᠦᠭᠡ ᠪᠠᠷ ᠬᠦᠨᠵᠡᠭᠡᠶᠢᠷᠡᠨ ᠰᠤᠷᠪᠤᠯᠵᠢᠯᠠᠬᠤ ᠪᠠ ᠰᠠᠨᠠᠯ ᠬᠤᠷᠢᠶᠠᠬᠤ ᠬᠦᠰᠦᠨᠦᠭᠲᠤ ᠲᠠᠷᠬᠠᠭᠠᠵᠤ᠂ ᠨᠡᠶᠢᠭᠡᠮ ᠤᠨ ᠡᠯ᠎ᠡ ᠡᠲᠡᠭᠡᠳ  ᠤᠨ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ᠂ ᠪᠠᠶᠢᠴᠠᠭᠠᠨ ᠰᠤᠳᠤᠯᠤᠭᠰᠠᠨ ᠦᠷ᠎ᠡ ᠳ᠋ᠦᠡᠭ ᠪᠠᠨ ᠦᠨᠳᠦᠰᠦᠯᠡᠨ ᠲᠤᠰᠬᠠᠢ ᠰᠠᠨᠠᠯ ᠲᠤᠷᠠᠲᠤᠯᠭ᠎ᠠ ᠪᠢᠴᠢᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠶᠢᠨ ᠤᠷᠲᠤᠨ  ᠳᠤ ᠲᠡᠪᠰᠢᠭᠦᠯᠦᠭᠰᠡᠨ ᠪᠠᠶᠢᠨ᠎ᠠ᠃ ᠲᠡᠭᠡᠷᠡᠬᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠤᠯᠤᠨ ᠰᠠᠨᠠᠯ ᠲᠤᠷᠠᠳᠤᠯᠭ᠎ᠠ ᠨᠢ ᠴᠦᠮ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠲᠤᠨ ᠤ ᠬᠦᠨᠳᠦᠳᠭᠡᠯ ᠢ ᠤᠯᠵᠤ ᠬᠡᠷᠡᠭᠯᠡᠭᠲᠡᠪᠡ᠃ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠲᠡᠭᠡᠷ᠎ᠡ ︽ᠭᠠᠵᠠᠷ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠵᠦᠪᠯᠡᠯ ᠤᠨ ᠡᠭᠦᠷᠭᠡ ᠴᠢᠲᠠᠪᠬᠢ ᠶᠢᠨ ᠦᠢᠯᠡᠲᠦᠯ ᠢ ᠬᠦᠢᠴᠡᠳ ᠪᠠᠳᠠᠷᠠᠭᠤᠯᠬᠤ ᠲᠤᠬᠠᠢ ᠰᠠᠨᠠᠯ ᠳᠤᠷᠠᠳᠤᠯᠭ᠎ᠠ︾᠂ ︽ᠮᠦᠩᠭᠦᠨ ᠭᠦᠢᠯᠭᠡᠭᠡᠨ ᠤ ᠦᠢᠯᠡᠴᠢᠯᠡᠬᠡᠨ ᠤ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ ᠲᠤᠬᠠᠢ ᠰᠠᠨᠠᠯ ᠳᠤᠷᠠᠳᠤᠯᠭ᠎ᠠ︾᠂ ︽ᠲᠠᠯ᠎ᠠ ᠨᠤᠲᠤᠭ ᠤᠨ ᠠᠮᠢ ᠠᠬᠤᠢ ᠶᠢᠨ ᠱᠠᠩᠨᠡᠯ ᠨᠦᠬᠦᠪᠦᠷᠢ ᠶᠢᠨ ᠪᠠᠶᠢᠭᠤᠯᠤᠮᠵᠢ ᠶᠢᠨ ᠬᠢᠨᠠᠨ ᠬᠠᠮᠢᠶᠠᠷᠤᠯᠲᠠ ᠶᠢᠨ ᠲᠠᠯ᠎ᠠ ᠪᠠᠷ ᠬᠠᠤᠯᠢ ᠲᠤᠭᠲᠠᠭᠠᠬᠤ ᠲᠤᠬᠠᠢ ᠰᠠᠨᠠᠯ ᠳᠤᠷᠠᠳᠤᠯᠭ᠎ᠠ︾ ᠵᠡᠷᠭᠡ 4 ᠬᠤᠪᠢ ᠰᠠᠨᠠᠯ ᠳᠤᠷᠠᠳᠤᠯᠭ᠎ᠠ ᠳᠤᠷᠠᠳᠴᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠤᠳᠠᠭᠠᠨ ᠤ ᠪᠠᠶᠢᠩᠭᠤ ᠶᠢᠨ ᠭᠡᠰᠢᠭᠦᠳ ᠤᠨ ᠬᠤᠷᠠᠯ ᠳᠡᠭᠡᠷ᠎ᠡ ᠲᠤᠰ ᠲᠤᠰ ︽ᠰᠦᠨᠢᠳ ᠵᠡᠭᠦᠨ ᠬᠤᠰᠢᠭᠤᠨ ᠤ ᠨᠡᠶᠢᠲᠠ ᠶᠢᠨ ᠦᠮᠴᠢᠯᠡᠯ ᠤᠨ ᠪᠤᠰᠤ ᠬᠡᠯᠪᠡᠷᠢ ᠶᠢᠨ ᠠᠵᠤ ᠠᠬᠤᠢ ᠶᠢᠨ ᠬᠦᠭᠵᠢᠯᠲᠡ ᠶᠢᠨ ᠪᠠᠶᠢᠲᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠲᠡᠭᠦᠯᠦᠯᠲᠡ︾ ᠪᠤᠯᠤᠨ ︽ᠤᠯᠠᠨ ᠨᠡᠶᠢᠲᠠ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠲᠤᠬᠠᠢ ᠰᠠᠨᠠᠭᠤᠯᠭ᠎ᠠ︾ ᠶᠢ ᠲᠡᠪᠰᠢᠭᠦᠯᠵᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠪᠠ ᠠᠬ᠎ᠠ ᠲᠡᠭᠦᠤ ᠬᠤᠰᠢᠭᠤ ᠰᠢᠶᠠᠨ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠭᠡᠲᠤ ᠬᠡᠮᠵᠢᠶᠠᠨ ᠤ ᠦᠨᠡᠯᠡᠯᠲᠡ ᠶᠢ ᠤᠯᠤᠭᠰᠠᠨ ᠪᠠᠶᠢᠨ᠎ᠠ᠃ ᠲᠡᠷᠢᠭᠦᠯᠡᠭᠴᠢ᠂ ᠳᠡᠳ᠋ ᠲᠡᠷᠢᠭᠦᠯᠡᠭᠴᠢ ᠪᠦᠬᠦ ᠬᠤᠰᠢᠭᠤᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠬᠤ ᠠᠵᠢᠯ ᠳᠤ ᠢᠲᠡᠪᠬᠢᠲᠠᠢ ᠤᠷᠤᠯᠴᠠᠵᠤ᠂ ᠲᠤᠰ ᠲᠤᠰ ᠤᠨ ᠬᠤᠪᠢᠲᠠᠨ ᠬᠠᠷᠢᠭᠤᠴᠠᠭᠰᠠᠨ ᠲᠦᠷᠦᠯ ᠵᠦᠢᠯ ᠤᠨ ᠤᠷᠤᠨ ᠳᠤ ᠬᠦᠨᠵᠡᠬᠡᠶᠢᠷᠡᠨ ᠱᠠᠯᠠᠪᠲᠠᠨ ᠪᠠᠶᠢᠴᠠᠭᠠᠬᠤ ᠠᠵᠢᠯ ᠢ ᠦᠷᠨᠢᠭᠦᠯᠵᠤ᠂ ᠨᠠᠶᠢᠳᠠᠪᠤᠷᠢᠵᠢᠭᠤᠯᠤᠯᠲᠠ ᠲᠤᠮᠲᠠ ᠲᠤᠯᠭᠠᠷᠠᠭᠰᠠᠨ ᠬᠦᠴᠢᠷᠲᠡᠯ ᠪᠠ ᠠᠰᠠᠭᠤᠲᠠᠯ ᠢ ᠨᠢ ᠴᠠᠭ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠡᠯ᠎ᠡ ᠵᠦᠢᠯ ᠤᠨ ᠡᠭᠦᠷᠬᠡ ᠪᠠᠨ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃ ᠰᠠᠭᠤᠳᠠᠯ ᠤᠨ ᠬᠤᠷᠠᠯ ᠪᠠ ᠲᠤᠭᠤᠷᠢᠨ ᠪᠠᠶᠢᠴᠠᠭᠠᠬᠤ ᠬᠡᠯᠪᠡᠷᠢ ᠪᠠᠷ ᠭᠡᠰᠢᠭᠦᠳ ᠤᠨ ᠠᠵᠢᠯᠯᠠᠭᠠᠨ ᠤ ᠲᠤᠭᠤᠶᠢᠯᠠᠩ ᠤᠨ ᠬᠠᠮᠲᠤ ᠶᠢᠨ ᠬᠦᠲᠡᠯᠭᠡᠭᠡᠨ ᠢ 4 ᠤᠳᠠᠭ᠎ᠠ ᠦᠷᠨᠢᠭᠦᠯᠵᠤ᠂ ᠬᠡᠰᠢᠭᠦᠳ ᠤᠨ ᠬᠠᠷᠠᠭ᠎ᠠ ᠶᠢ ᠦᠷᠭᠡᠳᠬᠡᠵᠤ᠂ ᠲᠠᠨᠢᠯᠲᠠ ᠶᠢ ᠨᠢ ᠰᠢᠨᠡᠴᠢᠯᠡᠬᠦ ᠶᠢᠨ ᠲᠤᠰᠠᠲᠠ᠂ ᠤᠷᠢᠳ ᠬᠤᠵᠢᠳ 2 ᠤᠳᠠᠭ᠎ᠠ ᠬᠡᠰᠢᠭᠦᠳ ᠢ ᠵᠤᠬᠢᠶᠠᠨ ᠪᠠᠶᠢᠭᠤᠯᠵᠤ᠂ ᠭᠠᠳᠠᠨ᠎ᠠ ᠤᠷᠤᠨ ᠢᠶᠠᠷ ᠪᠠᠶᠢᠴᠠᠭᠠᠨ ᠰᠤᠷᠤᠯᠴᠠᠪᠠ᠃      ᠭᠤᠷᠪᠠ᠂ ᠪᠦᠯᠬᠦᠮᠲᠡᠨ ᠬᠠᠮᠵᠢᠯᠴᠠᠵᠤ᠂ ᠨᠡᠶᠢᠭᠡᠮ ᠤᠨ ᠡᠶ᠎ᠡ ᠵᠤᠬᠢᠴᠠᠯ ᠢ ᠬᠠᠮᠠᠭᠠᠯᠠᠪᠠ      ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠤᠳᠤᠷᠢᠲᠤᠯᠭ᠎ᠠ ᠦᠷᠭᠦᠯᠵᠢ ᠨᠠᠮ ᠪᠤᠰᠤ ᠲᠦᠯᠦᠭᠡᠯᠡᠬᠦ ᠴᠢᠨᠠᠷᠲᠠᠢ ᠬᠦᠮᠦᠰ ᠪᠠ ᠦᠢᠯᠡᠳᠪᠦᠷᠢ ᠬᠤᠳᠠᠯᠳᠤᠭᠠᠨ ᠤ ᠬᠢᠨ ᠤ ᠬᠠᠷᠢᠭᠤᠴᠠᠯᠭᠠᠲᠠᠨ ᠲᠠᠢ ᠠᠭᠤᠯᠵᠠᠨ ᠶᠠᠷᠢᠯᠴᠠᠵᠤ᠂ ᠰᠠᠨᠠᠯ ᠢᠶᠠᠨ ᠰᠤᠯᠢᠯᠴᠠᠨ᠂ ᠦᠷᠭᠦᠯᠵᠢ ᠦᠢᠯᠡᠳᠪᠦᠷᠢ ᠬᠤᠲᠠᠯᠳᠤᠭ᠎ᠠ ᠶᠢᠨ ᠬᠢᠨ᠂ ᠠᠷᠠᠳ ᠤᠨ ᠪᠦᠯᠬᠦᠮ ᠪᠤᠯᠤᠨ ᠨᠠᠮ ᠪᠤᠰᠤ ᠬᠦᠮᠦᠰ ᠢ ᠰᠤᠷᠪᠤᠯᠵᠢᠯᠠᠵᠤ᠂ ᠲᠡᠲᠡᠨ ᠤ ᠠᠵᠤ ᠠᠬᠤᠢ ᠨᠡᠶᠢᠭᠡᠮ ᠤᠨ ᠬᠦᠭᠵᠢᠯᠲᠡ ᠪᠠ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠰᠠᠨᠠᠯ ᠰᠠᠨᠠᠭᠤᠯᠭ᠎ᠠ ᠲᠤᠷᠠᠳᠴᠤ᠂ ᠤᠯᠠᠨ ᠲᠦᠮᠡᠨ ᠤ ᠬᠦᠰᠡᠯ ᠡᠷᠡᠮᠡᠯᠵᠢᠯ ᠪᠠ ᠡᠯ᠎ᠡ ᠡᠲᠡᠭᠡᠳ ᠤᠨ ᠬᠢᠨ ᠤ ᠠᠰᠢᠭ ᠲᠤᠰᠠ ᠶᠢᠨ ᠲᠤᠭᠠᠴᠢᠯᠲᠡ ᠶᠢ ᠲᠤᠰᠬᠠᠬᠤ ᠶᠢ ᠢᠲᠡᠪᠬᠢᠲᠡᠢ ᠲᠡᠮᠵᠢᠵᠤ᠂ ᠨᠠᠮ ᠪᠤᠰᠤ ᠬᠦᠮᠦᠰ ᠪᠠ ᠠᠷᠠᠳ ᠤᠨ ᠪᠦᠯᠬᠦᠮ ᠤᠨ ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠂ ᠬᠡᠰᠢᠭᠦᠳ ᠤᠨ ᠲᠤᠭᠤᠷᠢᠨ ᠪᠠᠶᠢᠴᠠᠭᠠᠬᠤ᠂ ᠲᠤᠰᠬᠠᠢ ᠰᠡᠳᠦᠪᠲᠤ ᠪᠠᠶᠢᠴᠠᠭᠠᠨ ᠰᠤᠳᠤᠯᠤᠯᠲᠠ ᠲᠤᠮᠲᠠᠬᠢ ᠦᠢᠯᠡᠲᠦᠯ ᠢ ᠬᠦᠢᠴᠡᠳ ᠪᠠᠳᠠᠷᠠᠭᠤᠯᠤᠨ᠂ ᠲᠡᠲᠡᠨ ᠤ ᠵᠠᠰᠠᠭ ᠲᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠳᠤ ᠢᠲᠡᠪᠬᠢᠲᠡᠢ ᠪᠠᠷ ᠲᠠᠪᠴᠠᠩ ᠬᠠᠩᠭᠠᠪᠠ᠃ ᠦᠪᠡᠷᠲᠡᠭᠡᠨ ᠵᠠᠰᠠᠬᠤ ᠤᠷᠤᠨ᠂ ᠠᠶᠢᠮᠠᠭ ᠪᠠ ᠠᠬ᠎ᠠ ᠲᠡᠭᠦᠤ ᠬᠤᠰᠢᠭᠤ ᠰᠢᠶᠠᠨ ᠬᠤᠲᠡ ᠶᠢᠨ ᠤᠯᠤᠰ ᠲᠦᠷᠦ ᠶᠢᠨ ᠵᠦᠪᠯᠡᠯᠭᠡᠨ ᠤ ᠲᠤᠭᠤᠷᠢᠨ ᠪᠠᠶᠢᠴᠠᠭᠠᠬᠤ ᠪᠠ ᠪᠠᠶᠢᠴᠠᠭᠠᠨ ᠰᠤᠳᠤᠯᠬᠤ ᠪᠦᠯᠬᠦᠮ ᠢ ᠬᠠᠯᠠᠭᠤᠮᠰᠠᠭ ᠢᠶᠠᠷ ᠵᠤᠴᠢᠯᠠᠨ᠂ ᠲᠡᠲᠡᠨ ᠤ ᠬᠠᠮᠢᠶ᠎ᠠ ᠪᠦᠬᠦᠢ ᠪᠠᠶᠢᠴᠠᠭᠠᠨ ᠰᠤᠳᠤᠯᠤᠯᠲᠠ ᠶᠢᠨ ᠠᠵᠢᠯ ᠦᠷᠨᠢᠭᠦᠯᠬᠦ ᠳᠤ ᠢᠲᠡᠪᠬᠢᠲᠡᠢ ᠪᠠᠷ ᠬᠠᠮᠵᠢᠯᠴᠠᠭᠰᠠᠨ ᠪᠠᠶᠢᠨ᠎ᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠪᠦᠯᠬᠦᠮ ᠲᠠᠢ ᠬᠠᠮᠵᠢᠯᠴᠠᠨ᠂ ︽ᠡᠪᠡᠰᠦᠨ ᠤ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ︾ ᠲᠤᠬᠠᠢ ᠲᠤᠰᠬᠠᠢ ᠰᠡᠳᠦᠪᠲᠤ ᠪᠠᠶᠢᠴᠠᠭᠠᠨ ᠰᠤᠳᠤᠯᠤᠯᠲᠠ ᠶᠢ ᠬᠢᠵᠦ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠤᠯᠲᠠ ᠶᠢᠨ ᠪᠦᠯᠬᠦᠮ ᠲᠠᠢ ᠬᠠᠮᠵᠢᠯᠴᠠᠨ᠂ ᠪᠦᠬᠦ ᠬᠤᠰᠢᠭᠤᠨ ᠤ ᠠᠳᠤᠭᠤᠨ ᠤ ᠠᠵᠤ ᠦᠢᠯᠡᠰ ᠤᠨ ᠬᠦᠭᠵᠢᠯᠲᠡ ᠶᠢᠨ ᠪᠠᠶᠢᠲᠠᠯ᠂ ᠮᠤᠩᠭᠤᠯ ᠢᠶᠠᠷ ᠲᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠤᠯᠭᠤᠯᠲᠠ ᠶᠢᠨ ᠪᠠᠶᠢᠲᠠᠯ᠂ ᠮᠠᠯᠴᠢᠳ ᠤᠨ ︽ᠨᠢᠭᠡ ᠺᠡᠷᠲ ᠢᠶᠠᠷ ᠨᠡᠪᠲᠡᠷᠡᠬᠦ︾ ᠶᠢ ᠬᠡᠷᠡᠭᠵᠢᠭᠦᠯᠵᠦ ᠪᠠᠶᠢᠭ᠎ᠠ ᠪᠠᠶᠢᠲᠠᠯ ᠵᠡᠷᠭᠡ ᠳᠤ ᠲᠤᠰᠬᠠᠢ ᠰᠡᠲᠦᠪᠲᠤ ᠪᠠᠶᠢᠴᠠᠭᠠᠨ ᠰᠤᠳᠤᠯᠤᠯᠲᠠ ᠬᠢᠵᠦ᠂ ᠦᠬᠠᠢ ᠬᠤᠲᠠ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠲᠤᠮᠲᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠷᠤᠯᠴᠠᠬᠤ ᠪᠦᠯᠬᠦᠮ ᠢ ᠬᠦᠯᠢᠶᠡᠨ ᠠᠪᠴᠤ ᠵᠤᠴᠢᠯᠠᠨ᠂ ᠪᠦᠬᠦ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠠᠵᠢᠯ ᠪᠠ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠲᠠᠯ᠎ᠠ ᠪᠠᠷ ᠲᠤᠷᠰᠢᠯᠭ᠎ᠠ ᠰᠤᠯᠢᠯᠴᠠᠭᠰᠠᠨ ᠪᠠᠶᠢᠨ᠎ᠠ᠃      ᠲᠦᠷᠪᠡ᠂ ᠲᠡᠤᠬᠡᠨ ᠳᠤ ᠬᠠᠳᠠᠭᠠᠯᠠᠵᠤ ᠵᠠᠰᠠᠭ ᠢ ᠲᠡᠮᠵᠢᠨ᠂ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠤᠬᠡ ᠤᠬᠠᠭᠤᠯᠭ᠎ᠠ ᠶᠢᠨ ᠠᠵᠢᠯ ᠢ ᠰᠠᠶᠢᠲᠤᠷ ᠦᠷᠨᠢᠭᠦᠯᠪᠠ      ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠶᠢᠰᠦᠲᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ ᠲᠤᠭᠲᠠᠭᠰᠠᠨ ᠠᠵᠢᠯ ᠤᠨ ᠬᠠᠷᠠᠯᠲᠠ ᠡᠭᠦᠷᠭᠡ ᠶᠢ ᠦᠨᠳᠦᠰᠦᠯᠡᠨ᠂ ᠰᠤᠶᠤᠯ ᠲᠡᠤᠬᠡ ᠶᠢᠨ ᠵᠦᠪᠯᠡᠯ ᠨᠢ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠪᠤᠲᠠᠲᠤ ᠪᠠᠶᠢᠲᠠᠯ ᠲᠠᠢ ᠤᠶᠠᠯᠳᠤᠭᠤᠯᠤᠨ᠂ ︽ᠰᠦᠨᠢᠳ ᠵᠡᠭᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠤᠬᠡ ᠶᠢᠨ ᠠᠵᠢᠯ ᠤᠨ 2013 — — 2018 ᠤᠨ ᠪᠤᠯᠲᠠᠯᠡᠬᠢ ᠲᠠᠪᠤᠨ ᠵᠢᠯ ᠤᠨ ᠠᠵᠢᠯ ᠤᠨ ᠲᠦᠯᠦᠪᠵᠢᠭᠦᠯᠬᠡ︾ ᠶᠢ ᠲᠤᠭᠲᠠᠭᠠᠪᠠ᠃ ᠰᠦᠨᠢᠳ ᠵᠡᠭᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠰᠤᠶᠤᠯ ᠲᠡᠤᠬᠡ ᠶᠢᠨ ᠮᠠᠲ᠋ᠧᠷᠢᠶᠠᠯ ᠤᠨ ᠭᠤᠴᠢᠳᠤᠭᠠᠷ ᠲᠡᠪᠲᠡᠷ — ︽ᠰᠢᠯᠢ ᠶᠢᠨ ᠭᠤᠤᠯ ᠤᠨ ᠴᠢᠭᠤᠯᠭᠠᠨ ᠤ ᠰᠦᠨᠢᠳ ᠤᠨ ᠪᠢᠰᠢᠷᠡᠯᠲᠤ ᠴᠢᠨ ᠸᠠᠩ ᠮᠠᠭᠰᠤᠷᠵᠠᠪ ᠤᠨ ᠬᠠᠷᠢᠶᠡᠲᠤ ᠬᠤᠰᠢᠭᠤᠨ ᠤ ᠲᠠᠶᠢᠵᠢ ᠨᠠᠷ ᠤᠨ ᠪᠦᠷᠢᠳᠬᠡᠯ︾ ︵ᠮᠤᠩᠭᠤᠯ ᠬᠡᠪᠯᠡᠯ︶ ᠪᠠ ᠰᠦᠨᠢᠳ ᠵᠡᠭᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠭᠡᠷᠡᠯ ᠵᠢᠷᠤᠭ ᠤᠨ ᠪᠦᠲᠦᠭᠡᠯ ᠤᠨ ᠵᠢᠷᠤᠭᠲᠤ ᠲᠡᠪᠲᠡᠷ — ︽ᠲᠤᠷᠠᠨ ᠬᠠᠷᠠᠭ᠎ᠠ ᠳᠤᠷᠠᠰᠤᠮᠵᠢ︾ ᠶᠢ ᠨᠠᠶᠢᠷᠠᠭᠤᠯᠤᠨ ᠬᠡᠪᠯᠡᠭᠦᠯᠵᠤ᠂ ︽ᠰᠦᠨᠢᠳ ᠵᠡᠭᠦᠨ ᠬᠤᠰᠢᠭᠤᠨ ᠤ ᠮᠤᠩᠭᠤᠯ ᠡᠮᠨᠡᠯᠭᠡ ᠶᠢᠨ ᠤᠬᠠᠭᠠᠨ ᠤ ᠡᠮᠬᠢᠳᠬᠡᠯ︾ ᠭᠡᠬᠦ ᠨᠤᠮ ᠤᠨ ᠬᠠᠮᠢᠶ᠎ᠡ ᠪᠦᠬᠦᠢ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠬᠦ ᠠᠵᠢᠯ ᠂ ︽ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠶᠢᠰᠦᠲᠦᠭᠡᠷ ᠬᠤᠭᠤᠴᠠᠭᠠᠨ ᠤ ᠭᠡᠰᠢᠭᠦᠳ ᠤᠨ ᠲᠤᠰᠬᠠᠢ ᠫᠢᠯᠢᠮ︾ ᠤᠨ ᠰᠢᠩᠭᠡᠭᠡᠯᠲᠡ ᠪᠠ ︽ᠰᠦᠨᠢᠳ ᠵᠡᠭᠦᠨ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠤᠯᠡ ᠮᠦᠷ︾᠂ ︽ᠰᠦᠨᠢᠳ ᠤᠨ ᠵᠠᠩ ᠳᠠᠳᠬᠠᠯ︾ ᠵᠡᠷᠭᠡ ᠪᠦᠲᠦᠭᠡᠯ ᠤᠨ ᠬᠢᠨᠠᠨ ᠬᠠᠷᠭᠤᠭᠤᠯᠬᠤ ᠠᠵᠢᠯ ᠢ ᠡᠬᠢᠯᠡᠭᠦᠯᠵᠤ᠂ ᠪᠦᠬᠦ ᠬᠤᠰᠢᠭᠤᠨ ᠤ ᠠᠩᠬᠠᠳᠤᠭᠠᠷ ᠤᠳᠠᠭᠠᠨ ᠤ ︽ᠲᠠᠯ᠎ᠠ ᠶᠢᠨ ᠬᠠᠶᠢᠷ᠎ᠠ᠂ ᠰᠡᠳᠬᠢᠯ ᠤᠨ ᠵᠡᠭᠦᠲᠤ︾ ᠤᠷᠠᠨ ᠪᠢᠴᠢᠯᠭᠡ ᠭᠡᠷᠡᠯ ᠵᠢᠷᠤᠭ ᠤᠨ ᠪᠦᠲᠦᠭᠡᠯ ᠤᠨ ᠦᠵᠡᠭᠦᠯᠬᠡ ᠶᠢ ᠠᠮᠵᠢᠯᠲᠠ ᠲᠠᠢ ᠪᠠᠷ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃      ᠪᠠᠶᠢᠩᠭᠤ ᠶᠢᠨ ᠬᠡᠰᠢᠭᠦᠳ ᠤᠨ ᠬᠤᠷᠠᠯ᠂ ᠰᠠᠭᠤᠲᠠᠯ ᠤᠨ ᠬᠤᠷᠠᠯ᠂ ᠬᠡᠰᠢᠭᠦᠳ ᠤᠨ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠦᠷᠨᠢᠭᠦᠯᠬᠦ ᠳᠡᠭᠡᠨ ᠢᠲᠡᠪᠬᠢᠲᠡᠢ ᠪᠠᠷ ᠰᠤᠨᠢᠨ ᠮᠡᠳᠡᠭᠡ ᠵᠠᠭᠤᠴᠢᠯᠠᠭᠤᠷ ᠤᠨ ᠬᠢᠨ  ᠲᠠᠢ ᠬᠠᠷᠢᠯᠴᠠᠵᠤ᠂ ᠬᠤᠰᠢᠭᠤ ᠷᠠᠳᠢᠤ᠋ ᠲᠧᠯᠸᠢᠰ ᠬᠤᠷᠢᠶ᠎ᠡ᠂ ᠰᠤᠨᠢᠨ ᠰᠡᠳᠬᠦᠯ ᠪᠠ ᠬᠤᠰᠢᠭᠤ ᠵᠠᠰᠠᠭ ᠤᠨ ᠤᠷᠳᠤᠨ ᠤ ᠰᠦᠯᠵᠢᠶ᠎ᠡ ᠵᠡᠷᠭᠡ ᠲᠠᠪᠴᠡᠩ ᠢ ᠠᠰᠢᠭᠯᠠᠨ ᠤᠯᠤᠰ ᠲᠦᠷᠦ ᠶᠢᠨ ᠵᠦᠪᠯᠡᠯᠭᠡᠨ ᠤ ᠠᠵᠢᠯ ᠪᠠ ᠬᠡᠰᠢᠭᠦᠳ ᠤᠨ ᠡᠭᠦᠷᠭᠡ ᠴᠢᠲᠠᠪᠬᠢ ᠪᠠᠨ ᠬᠦᠢᠴᠡᠳᠭᠡᠭᠰᠡᠨ ᠬᠢᠷᠢ ᠪᠦᠲᠦᠮᠵᠢ ᠶᠢ ᠢᠲᠡᠪᠬᠢᠲᠠᠢ ᠤᠬᠠᠭᠤᠯᠵᠤ᠂ ᠤᠯᠤᠰ ᠲᠦᠷᠦ ᠶᠢᠨ ᠵᠦᠪᠯᠡᠯᠭᠡᠨ ᠤ ᠨᠡᠶᠢᠭᠡᠮ ᠤᠨ ᠨᠦᠯᠦᠬᠡ ᠲᠤᠰᠬᠠᠯ ᠢ ᠦᠷᠭᠡᠳᠭᠡᠪᠠ᠃ ︽ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠪᠠᠶᠢᠲᠠᠯ︾ ᠢ 50 ᠭᠠᠷᠤᠢ ᠬᠤᠭᠤᠴᠠᠭ᠎ᠠ ᠲᠠᠷᠤᠮᠯᠠᠨ ᠲᠠᠷᠬᠠᠭᠠᠵᠤ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠭ᠎ᠠ ᠶᠢᠨ ᠰᠤᠷᠠᠭ ᠵᠠᠩᠬᠢ ᠮᠡᠲᠡᠭᠦᠯᠬᠦ ᠠᠵᠢᠯ ᠤᠨ ᠬᠢᠨᠠᠨ ᠠᠳᠠᠯᠢᠳᠬᠠᠯ ᠳᠤ ᠬᠤᠶᠠᠳᠤᠭᠠᠷ ᠨᠡᠷ᠎ᠡ ᠳᠤ ᠤᠷᠤᠭᠰᠠᠨ ᠪᠠᠶᠢᠨ᠎ᠠ᠃      ᠲᠠᠪᠤ᠂ ᠬᠠᠮᠢᠶᠠᠷᠤᠯᠲᠠ ᠪᠠᠨ ᠨᠠᠷᠢᠯᠢᠭᠵᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠡᠭᠡᠭᠰᠢᠯᠡᠭᠦᠯᠪᠡ      ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠭ᠎ᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ  ᠲᠠᠢ ᠤᠶᠠᠯᠳᠤᠭᠤᠯᠤᠨ᠂ ︽ᠪᠠᠶᠢᠩᠭᠤ ᠶᠢᠨ ᠬᠤᠷᠢᠶᠠᠨ ᠤ ᠠᠷᠠᠳᠴᠢᠯᠡᠯ ᠢᠶᠠᠷ ᠦᠨᠡᠯᠡᠬᠦ ᠠᠵᠢᠯ ᠤᠨ ᠪᠤᠲᠠᠲᠤ ᠠᠷᠭ᠎ᠠ︾᠂ ︽ᠪᠠᠶᠢᠩᠭᠤ ᠶᠢᠨ ᠬᠤᠷᠢᠶᠠᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠦᠯᠦᠭᠡᠯᠡᠭᠴᠢᠳ ᠤᠨ ᠰᠠᠭᠤᠲᠠᠯ ᠤᠨ ᠬᠤᠷᠠᠯ ᠤᠨ ᠲᠤᠬᠠᠢ ᠬᠡᠷᠡᠭᠵᠢᠭᠦᠯᠬᠦ ᠠᠷᠭ᠎ᠠ︾ ᠵᠡᠷᠭᠡ 9 ᠵᠦᠢᠯ ᠤᠨ ᠠᠷᠭ᠎ᠠ ᠪᠠ ᠲᠦᠷᠢᠮ ᠢ ᠳᠤᠭᠲᠠᠭᠠᠬᠤ ᠪᠠ ᠵᠠᠰᠠᠪᠤᠷᠢ ᠤᠷᠤᠭᠤᠯᠵᠤ᠂ ᠲᠦᠷᠢᠮᠵᠢᠭᠦᠯᠦᠯᠲᠡ᠂ ᠵᠢᠷᠤᠮᠵᠢᠭᠤᠯᠤᠯᠲᠠ᠂ ᠲᠡᠰ ᠳᠠᠷᠠᠭᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠠ ᠪᠠᠶᠢᠭᠤᠯᠭ᠎ᠠ ᠶᠢᠨ ᠺᠠᠲᠡᠷᠴᠤᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠤᠯᠤᠨ ᠬᠢᠨᠠᠨ ᠰᠢᠯᠭᠠᠯᠲᠠ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠨᠠᠮ ᠤᠨ ᠲᠦᠪ ᠬᠤᠷᠢᠶᠠᠨ ᠤ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ ᠤᠯᠠᠨ ᠲᠦᠮᠡᠨ ᠲᠠᠢ ᠨᠢᠭᠲᠠ ᠬᠠᠷᠢᠯᠴᠠᠬᠤ ︽ᠨᠠᠢᠮᠠᠨ ᠵᠤᠷᠪᠤᠰ ᠲᠤᠭᠲᠠᠭᠠᠯ︾ ᠵᠢᠴᠢ ᠦᠪᠡᠷᠲᠡᠭᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠠᠴᠠ ᠲᠤᠭᠲᠠᠭᠠᠭᠰᠠᠨ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠰᠠᠬᠢᠯᠭ᠎ᠠ ᠪᠠᠲᠤ ᠪᠠᠨ ᠴᠢᠩᠭᠠᠳᠬᠠᠨ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠪᠠᠭᠠᠰᠬᠠᠬᠤ᠂ ᠠᠯᠪᠡᠨ ᠭᠡᠷ ᠢ ᠴᠡᠭᠴᠡᠯᠡᠬᠦ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠦᠢᠴᠡᠳᠬᠡᠪᠠ᠃ ᠪᠦᠬᠦ ᠵᠢᠯ ᠳᠤ ᠡᠳ᠋ ᠤᠨ ᠵᠠᠰᠠᠭ ᠠᠴᠠ ᠪᠠᠭᠤᠯᠭᠠᠭᠰᠠᠨ ᠠᠯᠪᠠᠨ ᠵᠠᠷᠤᠲᠠᠯ 693705 ᠲᠦᠭᠦᠷᠢᠭ ᠪᠠᠶᠢᠵᠤ᠂ ᠡᠭᠦᠨ ᠳᠤ᠄ ᠠᠵᠢᠯ ᠤᠨ ᠵᠠᠷᠤᠲᠠᠯ 553705 ᠲᠦᠭᠦᠷᠢᠭ᠂ ᠲᠤᠰᠬᠠᠢ ᠲᠦᠷᠦᠯ ᠤᠨ ᠪᠡᠯᠡ ᠮᠦᠩᠭᠦ 140000 ᠲᠦᠭᠦᠷᠢᠭ ᠪᠤᠢ᠃ ᠪᠦᠬᠦ ᠵᠢᠯ ᠤᠨ ᠵᠠᠷᠤᠯᠭ᠎ᠠ 756907.18 ᠲᠦᠭᠦᠷᠢᠭ᠂ ᠡᠭᠦᠨ ᠳᠤ᠄ ᠠᠯᠪᠡᠨ ᠬᠡᠷᠡᠭᠰᠡᠯ ᠤᠨ ᠵᠠᠷᠤᠲᠠᠯ 121189.82 ᠲᠦᠭᠦᠷᠢᠭ᠂ ᠶᠢᠰᠦᠲᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠷᠠᠯᠳᠤᠭᠠᠨ ᠤ ᠵᠠᠷᠤᠲᠠᠯ 151631 ᠲᠦᠭᠦᠷᠢᠭ᠂ ᠪᠤᠯᠪᠠᠰᠤᠷᠠᠯ ᠤᠨ ᠰᠦᠢᠳᠬᠡᠯ 84200 ᠲᠦᠭᠦᠷᠢᠭ᠂ ᠠᠯᠪᠠᠨ ᠵᠤᠴᠢᠯᠠᠯᠲᠠ ᠶᠢᠨ ᠰᠦᠢᠳᠬᠡᠯ 65125 ᠲᠦᠭᠦᠷᠢᠭ᠂ ᠠᠯᠪᠡᠨ ᠲᠡᠷᠭᠡᠨ ᠤ ᠲᠤᠰᠤᠨ ᠤ ᠰᠦᠢᠳᠬᠡᠯ ᠵᠢᠴᠢ ᠵᠠᠰᠠᠪᠤᠷᠢ ᠶᠢᠨ ᠰᠦᠢᠳᠬᠡᠯ 164455.36 ᠲᠦᠭᠦᠷᠢᠭ᠂ ᠰᠤᠶᠤᠯ ᠲᠡᠤᠬᠡ ᠶᠢᠨ ᠮᠠᠲ᠋ᠧᠷᠢᠶᠠᠯ ᠤᠨ ᠬᠡᠪᠯᠡᠯ ᠤᠨ ᠰᠦᠢᠳᠬᠡᠯ 73000 ᠲᠦᠭᠦᠷᠢᠭ ᠪᠤᠢ᠃ ᠪᠦᠬᠦ ᠬᠤᠰᠢᠭᠤᠨ ᠤ ᠦᠨᠳᠦᠷ ᠨᠠᠰᠤᠲᠠᠳ ᠤᠨ ᠨᠠᠰᠤᠨ ᠪᠠᠶᠠᠷ ᠤᠨ ᠬᠠᠮᠲᠤ ᠶᠢᠨ ᠨᠠᠶᠢᠷ ᠵᠢᠴᠢ ᠨᠠᠢᠮᠠᠳᠤᠭᠠᠷ ᠬᠤᠭᠤᠴᠠᠭᠠᠨ ᠤ ᠬᠢᠯᠤᠬᠡᠨ ᠰᠦᠨᠢᠳ ᠰᠤᠶᠤᠯ ᠤᠨ ᠴᠢᠭᠤᠯᠭᠠᠨ ᠤ ᠬᠤᠭᠤᠴᠠᠭᠠᠨ ᠳᠤ ᠬᠢᠯᠤᠬᠡᠨ ᠰᠤᠶᠤᠯ ᠤᠨ ᠤᠪᠤᠭᠠᠨ ᠤ ᠲᠠᠬᠢᠯᠭ᠎ᠠ ᠪᠤᠯᠤᠨ ᠬᠠᠮᠢᠶ᠎ᠠ ᠪᠦᠬᠦᠢ ᠵᠤᠴᠢᠯᠠᠬᠤ ᠠᠵᠢᠯ ᠢ ᠠᠮᠵᠢᠯᠲᠠ ᠲᠠᠢ ᠬᠦᠢᠴᠡᠳᠬᠡᠪᠠ᠃ ᠪᠦᠬᠦ ᠠᠶᠢᠮᠠᠭ ᠤᠨ ᠵᠢᠷᠭᠤᠳᠤᠭᠠᠷ ᠬᠤᠭᠤᠴᠠᠭᠠᠨ ᠤ ︽ᠤᠯᠤᠰ ᠲᠦᠷᠦ ᠶᠢᠨ ᠵᠦᠪᠯᠡᠯᠭᠡᠨ ᠬᠤᠨᠳᠠᠭᠠᠲᠤ︾ ᠫᠢᠩᠫᠠᠩ ᠪᠦᠮᠪᠦᠭᠡ ᠶᠢᠨ ᠤᠷᠤᠯᠳᠤᠭᠠᠨ᠂ ᠬᠤᠷᠢᠨ ᠲᠠᠪᠤᠳᠤᠭᠠᠷ ᠬᠤᠭᠤᠴᠠᠭᠠᠨ ᠤ ︽ᠤᠯᠤᠰ ᠲᠦᠷᠦ ᠶᠢᠨ ᠵᠦᠪᠯᠡᠯᠭᠡᠨ ᠬᠤᠨᠳᠠᠭᠠᠲᠤ︾ ᠡᠭᠦᠲᠡᠨ ᠪᠦᠮᠪᠦᠭᠡ ᠶᠢᠨ ᠤᠷᠤᠯᠳᠤᠭᠠᠨ᠂ ᠪᠦᠬᠦ ᠬᠤᠰᠢᠭᠤᠨ ᠤ ᠠᠵᠢᠯᠲᠠᠳ ᠤᠨ ᠪᠡᠶ᠎ᠡ ᠶᠢᠨ ᠲᠡᠮᠢᠷ ᠤᠨ ᠬᠦᠳᠡᠯᠭᠡᠭᠡᠨ ᠵᠢᠴᠢ ᠪᠤᠰᠤᠳ ᠠᠵᠢᠯᠯᠠᠭ᠎ᠠ ᠳᠤ ᠢᠲᠡᠪᠬᠢᠲᠠᠢ ᠤᠷᠤᠯᠴᠠᠪᠠ᠃     ᠬᠡᠰᠢᠭᠦᠳ ᠡ᠂ ᠨᠦᠬᠦᠳ ᠡ᠂ ᠦᠩᠭᠡᠷᠡᠭᠰᠡᠨ ᠨᠢᠭᠡ ᠵᠢᠯ ᠳᠤ ᠪᠢᠳᠠ ᠡᠭᠦᠷᠭᠡ ᠴᠢᠲᠠᠪᠬᠢ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠡᠯ᠎ᠡ ᠲᠠᠯ᠎ᠠ ᠶᠢᠨ ᠠᠵᠢᠯ ᠨᠡᠯᠢᠶᠡᠳ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ᠃ ᠡᠨᠡ ᠨᠢ ᠳᠡᠭᠡᠲᠤ ᠱᠠᠲᠤᠨ ᠤ ᠤᠯᠤᠰ ᠲᠦᠷᠦ ᠶᠢᠨ ᠵᠦᠪᠯᠡᠯᠭᠡᠨ ᠤ ᠵᠢᠯᠤᠭᠤᠳᠤᠯᠭ᠎ᠠ ᠪᠠ ᠬᠤᠰᠢᠭᠤ ᠨᠠᠮ ᠤᠨ ᠬᠤᠷᠢᠶᠠᠨ ᠠᠴᠠ ᠵᠦᠪ ᠤᠨᠤᠪᠴᠢᠲᠠᠢ ᠤᠳᠤᠷᠢᠳᠤᠭᠰᠠᠨ ᠤ ᠦᠷ᠎ᠡ ᠳ᠋ᠦᠩ ᠮᠦᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤ ᠵᠠᠰᠠᠭ ᠤᠨ ᠤᠷᠳᠤᠨ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠠᠢ ᠳᠡᠮᠵᠢᠯᠭᠡ ᠪᠠ ᠨᠢᠭᠲᠠ ᠬᠠᠮᠵᠢᠯᠴᠠᠭᠰᠠᠨ ᠤ ᠦᠷ᠎ᠡ ᠳ᠋ᠦᠩ ᠮᠦᠨ᠃ ᠠᠳᠠ ᠪᠢ ᠶᠢᠰᠦᠲᠦᠭᠡᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠶᠢ ᠲᠦᠯᠦᠭᠡᠯᠡᠵᠤ ᠲᠠ ᠪᠦᠬᠦᠨ ᠳᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠬᠡᠯ ᠢᠶᠠᠨ ᠲᠡᠪᠰᠢᠭᠦᠯᠤᠶ᠎ᠡ︕    ᠦᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠬᠢᠴᠡᠭᠦᠯᠪᠡᠯ᠂ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠳᠤ ᠪᠠᠰᠠ ᠡᠲᠤᠢ ᠲᠡᠲᠤᠢ ᠬᠦᠷᠦᠯᠴᠡᠬᠦ ᠦᠬᠡᠢ ᠲᠠᠯ᠎ᠠ ᠤᠷᠤᠰᠢᠵᠤ ᠪᠠᠶᠢᠬᠤ ᠶᠢ ᠪᠢᠳᠠ ᠰᠡᠷᠭᠡᠭ ᠢᠶᠠᠷ ᠤᠯᠵᠤ ᠬᠠᠷᠠᠵᠤ ᠪᠠᠶᠢᠨ᠎ᠠ᠃ ᠭᠤᠤᠯᠳᠠᠭᠤ᠄ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠡᠭᠦᠷᠭᠡ ᠴᠢᠲᠠᠪᠬᠢ ᠪᠠᠨ ᠬᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠴᠢᠬᠤᠯᠠᠲᠠᠢ︔ ᠰᠠᠨᠠᠯ ᠳᠤᠷᠠᠳᠤᠯᠭ᠎ᠠ᠂ ᠪᠠᠶᠢᠴᠠᠭᠠᠨ ᠰᠤᠳᠤᠯᠤᠯᠲᠠ ᠶᠢᠨ ᠮᠡᠲᠡᠭᠦᠯᠦᠯᠲᠡ ᠵᠡᠷᠭᠡ ᠠᠵᠢᠯ ᠤᠨ ᠦᠷ᠎ᠡ ᠪᠦᠲᠦᠮᠵᠢ ᠶᠢ ᠪᠤᠲᠠᠲᠠᠶᠢᠵᠢᠭᠤᠯᠬᠤ ᠳᠤ ᠮᠦᠷᠲᠡᠨ ᠲᠠᠭᠠᠵᠤ ᠱᠠᠭᠠᠷᠲᠠᠨ ᠰᠢᠢᠳᠪᠦᠷᠢᠯᠡᠭᠦᠯᠬᠦ ᠲᠠᠯ᠎ᠠ ᠪᠠᠷ ᠲᠤᠲᠠᠮᠠᠭ ᠪᠠᠶᠢᠨ᠎ᠠ︔ ᠰᠤᠮᠤ ᠪᠠᠯᠭᠠᠰᠤᠨ ᠤ ᠬᠠᠷᠢᠯᠴᠠᠬᠤ ᠠᠯᠪᠠᠨ ᠭᠡᠷ᠂ ᠦᠨᠳᠦᠰᠦᠲᠡᠨ ᠱᠠᠰᠢᠨ ᠰᠤᠷᠲᠠᠬᠤᠨ ᠤ ᠬᠢᠨ ᠲᠠᠢ ᠬᠠᠷᠢᠯᠴᠠᠬᠤ ᠠᠯᠪᠠᠨ ᠭᠡᠷ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠴᠢᠬᠤᠯᠠᠲᠠᠢ︔ ᠠᠷᠠᠳᠴᠢᠯᠠᠯ ᠢᠶᠠᠷ ᠬᠢᠨᠡᠯᠲᠠ ᠲᠠᠯᠪᠢᠬᠤ ᠠᠵᠢᠯ ᠪᠠ ᠨᠡᠶᠢᠭᠡᠮ ᠤᠨ ᠪᠠᠶᠢᠲᠠᠯ᠂ ᠠᠷᠠᠳ ᠤᠨ ᠰᠠᠨᠠᠭ᠎ᠠ ᠶᠢ ᠲᠤᠰᠬᠠᠬᠤ ᠠᠵᠢᠯ ᠶᠢ ᠤᠯᠡᠮ‌ᠨᠢᠭᠡ ᠠᠯᠬᠤᠮ ᠴᠢᠩᠭᠠᠳᠬᠠᠬᠤ ᠪᠠ ᠠᠷᠭ᠎ᠠ ᠬᠡᠯᠪᠡᠷᠢ ᠶᠢ ᠨᠢ ᠰᠢᠨᠡᠴᠢᠯᠡᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠠ ᠨᠡᠷᠢᠨ ᠬᠢᠨᠠᠮᠠᠭᠠᠢ ᠪᠠᠷ ᠪᠠᠶᠢᠴᠠᠭᠠᠨ ᠰᠤᠳᠤᠯᠵᠤ᠂ ᠦᠨᠡᠨᠬᠦ ᠬᠠᠯᠠᠨ ᠰᠠᠶᠢᠵᠢᠷᠠᠭᠤᠯᠬᠤ ᠴᠢᠬᠤᠯᠠᠲᠠᠢ᠃       2014 ᠤᠨ ᠤ ᠠᠵᠢᠯ ᠤᠨ ᠪᠠᠶᠢᠷᠢᠯᠠᠭᠤᠯᠤᠯᠲᠠ      2014 ᠤᠨ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠲᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠦᠨ᠂ ᠮᠦᠨᠴᠤ ᠦᠪᠡᠷᠲᠡᠭᠡᠨ ᠵᠠᠰᠠᠬᠤ ᠤᠷᠤᠨ ᠤ ︽8337︾ ᠬᠦᠭᠵᠢᠭᠦᠯᠦᠯᠲᠡ ᠶᠢᠨ ᠰᠡᠳᠬᠢᠴᠡ ᠶᠢ ᠬᠦᠨᠵᠡᠬᠡᠢ ᠲᠤᠤᠱᠯᠠᠭᠤᠯᠵᠤ᠂ ᠠᠷᠠᠳ ᠢᠶᠠᠨ ᠪᠠᠶᠠᠵᠢᠭᠤᠯᠵᠤ᠂ ᠬᠤᠰᠢᠭᠤ ᠪᠠᠨ ᠬᠦᠴᠦᠷᠭᠡᠭᠵᠢᠭᠦᠯᠬᠦ ᠦᠢᠯᠡᠰ ᠢ ᠠᠬᠢᠭᠤᠯᠬᠤ ᠵᠠᠩᠬᠢᠯᠭ᠎ᠠ ᠶᠢᠨ ᠵᠢᠯ ᠮᠦᠨ᠃ ᠰᠢᠨ᠎ᠡ ᠨᠢᠭᠡᠨ ᠵᠢᠯ ᠳᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠵᠢᠯᠤᠭᠤᠳᠬᠤ ᠦᠵᠡᠯ ᠰᠠᠨᠠᠭ᠎ᠠ᠄ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠲᠠ ᠬᠤᠷᠠᠯ ᠤᠨ ᠵᠤᠷᠢᠭ ᠰᠠᠨᠠᠭ᠎ᠠ ᠪᠠ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠲᠤᠭᠡᠷ ᠬᠤᠭᠤᠴᠠᠭᠠᠨ ᠤ ᠶᠢᠰᠦᠲᠦᠭᠡᠷ ᠤᠳᠠᠭᠠᠨ ᠤ ᠪᠦᠬᠦ ᠬᠡᠰᠢᠭᠦᠳ ᠤᠨ ︿ᠦᠷᠭᠡᠳᠭᠡᠭᠰᠡᠨ﹀ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠭᠤᠤᠯ ᠠᠵᠢᠯ ᠤᠨ ᠲᠤᠭᠤᠷᠢᠨ ᠳᠤ᠂ ᠬᠦᠭᠵᠢᠯᠲᠡ ᠶᠢᠨ ᠲᠤᠭᠤᠷᠢᠨ ᠳᠤ᠂ ᠠᠷᠠᠳ ᠤᠨ ᠠᠮᠢᠲᠤᠷᠠᠯ ᠤᠨ ᠲᠤᠭᠤᠷᠢᠨ ᠳᠤ᠂ ᠬᠢᠨᠠᠮᠠᠭᠠᠢ ᠪᠠᠷ ᠤᠯᠤᠰ ᠲᠦᠷᠦ ᠶᠢᠨ ᠵᠦᠪᠯᠡᠯᠭᠡᠨ ᠤ ᠡᠭᠦᠷᠭᠡ ᠴᠢᠲᠠᠪᠬᠢ ᠪᠠᠨ ᠬᠦᠢᠴᠡᠳᠬᠡᠵᠤ᠂ ᠪᠦᠬᠦ ᠬᠤᠰᠢᠭᠤᠨ ᠤ ᠬᠦᠭᠵᠢᠯᠲᠡ ᠶᠢᠨ ᠶᠡᠭᠡ ᠲᠠᠯ᠎ᠠ ᠶᠢ ᠠᠩᠬᠠᠷᠤᠨ᠂ ᠪᠠᠶᠢᠯᠲᠤᠬᠤ ᠪᠤᠳᠤᠯᠭ᠎ᠠ ᠶᠢᠨ ᠦᠵᠡᠯ ᠰᠠᠨᠠᠭ᠎ᠠ ᠪᠠᠷ ᠶᠡᠭᠡ ᠤᠴᠢᠷ ᠢ ᠪᠤᠲᠤᠯᠬᠢᠯᠠᠵᠤ᠂ ᠰᠢᠨᠵᠢᠯᠡᠬᠦ ᠤᠬᠠᠭᠠᠨᠴᠢ ᠠᠷᠭ᠎ᠠ ᠪᠠᠷ ᠶᠡᠭᠡ ᠤᠴᠢᠷ ᠢ ᠲᠦᠯᠦᠪᠯᠡᠵᠤ᠂ ᠠᠷᠠᠳᠴᠢᠯᠠᠯ ᠤᠨ ᠠᠷᠭ᠎ᠠ ᠪᠠᠷ ᠶᠡᠭᠡ ᠤᠴᠢᠷ ᠢ ᠵᠦᠪᠯᠡᠵᠤ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠶᠡᠭᠡ ᠤᠴᠢᠷ ᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠦᠭᠵᠢᠬᠦ ᠳᠤ ᠪᠤᠳᠤᠯᠭ᠎ᠠ ᠨᠡᠮᠡᠷᠢᠯᠡᠵᠤ ᠬᠦᠴᠦ ᠪᠠᠨ ᠡᠷᠭᠦᠨ᠎ᠡ᠃ ᠠᠵᠢᠯ ᠤᠨ ᠬᠠᠷᠠᠯᠲᠠ᠄ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠲᠤᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠵᠤ᠂ ᠬᠡᠰᠢᠭᠦᠳ ᠢ ᠵᠤᠬᠢᠶᠠᠨ ᠪᠠᠶᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠭᠡᠮ ᠤᠨ ᠠᠮᠤᠷ ᠲᠠᠶᠢᠪᠤᠩ ᠢ ᠡᠭᠦᠳᠦᠨ ᠪᠠᠶᠢᠭᠤᠯᠬᠤ᠂ ᠭᠤᠤᠯᠲᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ  ᠪᠠᠷ ᠲᠤᠰᠬᠠᠢ ᠰᠡᠲᠦᠪᠲᠤ ᠪᠠᠶᠢᠴᠠᠭᠠᠨ ᠰᠤᠳᠤᠯᠤᠯᠲᠠ ᠦᠷᠨᠢᠭᠦᠯᠵᠤ᠂ ᠮᠠᠯ ᠠᠵᠤ ᠠᠬᠤᠢ ᠶᠢᠨ ᠠᠵᠤ ᠦᠢᠯᠡᠰ᠂ ᠳᠤᠲᠤᠭᠠᠳᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠲᠠ ᠶᠢᠨ ᠦᠮᠴᠢᠯᠡᠯ ᠤᠨ ᠪᠤᠰᠤ ᠬᠡᠯᠪᠡᠷᠢ ᠶᠢᠨ ᠠᠵᠤ ᠠᠬᠤᠢ ᠶᠢᠨ ᠬᠦᠭᠵᠢᠯᠲᠡ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠲᠦᠷᠪᠡᠨ ᠶᠡᠭᠡ ᠭᠤᠤᠯ ᠰᠡᠳᠦᠪ ᠤᠨ ᠲᠤᠭᠤᠷᠢᠨ ᠳᠤ ᠵᠦᠪᠯᠡᠯᠭᠡ ᠬᠢᠵᠤ᠂ ᠵᠦᠪᠯᠡᠯᠴᠡᠭᠡᠨ ᠤ ᠬᠡᠯᠪᠠᠷᠢ ᠶᠢᠨ ᠠᠷᠠᠳᠴᠢᠯᠠᠯ᠂ ᠬᠡᠰᠢᠭᠦᠳ ᠢ ᠬᠢᠨᠠᠨ ᠰᠢᠯᠭᠠᠬᠤ᠂ ᠬᠡᠰᠢᠭᠦᠳ ᠤᠨ ᠠᠵᠢᠯᠯᠠᠭ᠎ᠠ᠂ ︽ᠲᠦᠷᠢᠮᠵᠢᠭᠦᠯᠦᠯᠲᠡ᠂ ᠵᠢᠷᠤᠮᠵᠢᠭᠤᠯᠤᠯᠲᠠ᠂ ᠲᠡᠰ ᠲᠠᠷᠠᠭᠠᠵᠢᠭᠤᠯᠤᠯᠲᠠ ︾ ᠶᠢᠨ ᠪᠦᠲᠦᠭᠡᠨ ᠪᠠᠶᠢᠭᠤᠯᠤᠯᠲᠠ᠂ ᠤᠯᠠᠨ ᠲᠦᠮᠡᠨ ᠤ ᠠᠵᠢᠯ ᠵᠡᠷᠭᠡ ᠲᠠᠪᠤᠨ ᠲᠠᠯ᠎ᠠ ᠪᠠᠷ ᠰᠢᠨ᠎ᠡ ᠰᠢᠪᠲᠤᠯᠤᠯᠲᠡ ᠶᠢ ᠡᠷᠢᠯᠬᠢᠯᠡᠨ᠎ᠠ᠃     ᠨᠢᠭᠡ᠂ ᠰᠤᠷᠤᠯᠴᠠᠯᠭ᠎ᠠ ᠶᠢ ᠠᠳᠬᠤᠨ᠂ ᠴᠢᠳᠠᠪᠤᠷᠢ ᠪᠠᠨ ᠲᠡᠭᠡᠭᠰᠢᠯᠡᠭᠦᠯᠵᠦ᠂ ᠡᠭᠦᠷᠭᠡ ᠴᠢᠳᠠᠪᠬᠢ ᠪᠠᠨ ᠬᠦᠢᠴᠡᠳᠬᠡᠬᠦ ᠰᠠᠭᠤᠷᠢ ᠪᠠᠨ ᠳᠠᠰᠤᠷᠠᠯᠲᠠ ᠦᠬᠡᠢ ᠪᠠᠬᠢᠵᠢᠭᠦᠯᠦᠨ᠎ᠠ     ᠪᠦᠬᠦ ᠬᠡᠰᠢᠭᠦᠳ ᠰᠤᠷᠤᠯᠴᠠᠯᠭ᠎ᠠ ᠶᠢ ᠨᠢᠭᠡ ᠵᠦᠢᠯ ᠤᠨ ᠬᠦᠭᠡᠭᠡᠴᠡᠯᠳᠦᠯ᠂ ᠳᠤᠷ᠎ᠠ ᠪᠠᠬ᠎ᠠ᠂ ᠠᠮᠢᠳᠤᠷᠠᠯ ᠤᠨ ᠬᠡᠯᠪᠡᠷᠢ ᠪᠠᠷ ᠦᠵᠡᠵᠤ᠂ ᠰᠤᠷᠤᠯᠴᠠᠯᠭ᠎ᠠ ᠶᠢ ᠡᠷᠬᠢᠮᠯᠡᠲᠡᠭ᠂ ᠪᠤᠲᠠᠲᠠᠢ ᠶᠢ ᠡᠷᠬᠢᠮᠯᠡᠲᠡᠭ᠂ ᠰᠢᠨ᠎ᠡ ᠶᠢ ᠡᠭᠦᠳᠬᠦ ᠶᠢ ᠡᠷᠬᠢᠮᠯᠡᠲᠡᠭ ᠬᠡᠰᠢᠭᠦᠳ ᠪᠤᠯᠬᠤ ᠪᠠᠷ ᠴᠢᠷᠮᠠᠶᠢᠬᠤ ᠬᠡᠷᠡᠭᠲᠡᠢ᠃ ᠪᠠᠶᠢᠩᠭᠤ ᠶᠢᠨ ᠬᠡᠰᠢᠭᠦᠳ ᠤᠨ ᠬᠤᠷᠠᠯ᠂ ᠲᠡᠷᠢᠭᠦᠯᠡᠭᠴᠢ ᠶᠢᠨ ᠬᠤᠷᠠᠯ᠂ ᠲᠤᠰᠬᠠᠢ ᠮᠡᠷᠭᠡᠵᠯᠲᠡᠨ ᠤ ᠮᠡᠲᠡᠭᠦᠯᠦᠯᠲᠡ ᠶᠢᠨ ᠬᠤᠷᠠᠯ᠂ ᠪᠠᠶᠢᠲᠠᠯ ᠢ ᠮᠡᠲᠡᠭᠡᠯᠡᠬᠦ ᠬᠤᠷᠠᠯ ᠂ ᠲᠤᠷᠰᠢᠯᠭ᠎ᠠ ᠰᠤᠯᠢᠯᠴᠠᠬᠤ ᠬᠤᠷᠠᠯ᠂ ᠬᠡᠰᠢᠭᠦᠳ ᠤᠨ ᠪᠤᠯᠪᠠᠰᠤᠷᠠᠯ ᠪᠠ ᠲᠤᠭᠤᠷᠢᠨ ᠪᠠᠶᠢᠴᠠᠭᠠᠬᠤ ᠵᠡᠷᠭᠡ ᠪᠦᠲᠦᠮᠵᠢᠲᠠᠢ ᠠᠷᠭ᠎ᠠ ᠬᠡᠯᠪᠡᠷᠢ ᠪᠠᠷ ᠰᠤᠷᠤᠯᠴᠠᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠵᠤ᠂ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠴᠢᠳᠠᠪᠤᠷᠢ᠂ ᠪᠦᠬᠦ ᠲᠠᠯ᠎ᠠ ᠶᠢ ᠪᠤᠳᠤᠯᠬᠢᠯᠡᠵᠤ ᠵᠦᠪ ᠪᠤᠷᠤᠭᠤ ᠶᠢ ᠢᠯᠭᠠᠨ ᠲᠡᠨᠢᠬᠤ ᠴᠢᠳᠠᠪᠤᠷᠢ᠂ ᠪᠤᠲᠠᠲᠠᠢ ᠶᠢ ᠡᠷᠬᠢᠮᠯᠡᠵᠤ ᠬᠦᠨᠵᠡᠬᠡᠢ ᠪᠠᠶᠢᠴᠠᠭᠠᠨ ᠰᠤᠳᠤᠯᠬᠤ ᠴᠢᠳᠠᠪᠤᠷᠢ᠂ ᠠᠷᠠᠳ ᠤᠨ ᠠᠮᠢᠳᠤᠷᠠᠯ ᠢ ᠠᠩᠬᠠᠷᠴᠤ ᠠᠷᠠᠳ ᠤᠨ ᠰᠠᠨᠠᠭ᠎ᠠ ᠶᠢ ᠲᠤᠰᠬᠠᠬᠤ ᠴᠢᠳᠠᠪᠤᠷᠢ᠂ ᠴᠠᠭ ᠦᠶ᠎ᠡ  ᠲᠠᠢ ᠵᠡᠷᠭᠡᠴᠡᠨ ᠤᠷᠤᠭᠰᠢᠯᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ᠂ ︽ᠨᠠᠮ ᠤᠨ ᠲᠦᠪ ᠬᠤᠷᠢᠶᠠᠨ ᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠲᠠᠢ ᠬᠤᠯᠪᠤᠭᠲᠠᠬᠤ ᠴᠢᠬᠤᠯᠠ ᠠᠰᠠᠭᠤᠳᠠᠯ ᠤᠳ ᠤᠨ ᠲᠤᠬᠠᠢ ᠰᠢᠢᠳᠪᠦᠷᠢ︾ ︵ᠲᠤᠤᠷ᠎ᠠ ᠰᠢᠢᠳᠪᠦᠷᠢ ᠬᠡᠵᠤ ᠲᠦᠭᠦᠮᠴᠢᠯᠡᠪᠠ︶᠂ ᠱᠢ  ᠶᠢᠨ ᠫᠢᠩ ᠶᠡᠷᠦᠩᠬᠡᠢ ᠱᠦᠵᠢ ᠶᠢᠨ ᠠᠯᠢᠪᠠ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠮᠠᠨ ᠤ ᠤᠷᠤᠨ ᠳᠤ ᠲᠤᠭᠤᠷᠢᠨ ᠪᠠᠶᠢᠴᠠᠭᠠᠯᠲᠠ ᠬᠢᠬᠦ ᠳᠡᠭᠡᠨ ᠳᠤᠷᠠᠳᠤᠭᠰᠠᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠤᠳᠤᠬᠠᠨ ᠤ ᠪᠠ ᠬᠤᠶᠢᠰᠢᠲᠡ ᠶᠢᠨ ᠨᠢᠭᠡᠨ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠠᠭᠤᠯᠤᠭᠳᠠᠭᠤᠨ ᠢ ᠨᠢ ᠪᠦᠬᠦ ᠲᠠᠯ᠎ᠠ ᠪᠠᠷ ᠡᠵᠡᠮᠰᠢᠵᠤ᠂ ᠵᠤᠷᠢᠭ ᠰᠠᠨᠠᠭ᠎ᠠ ᠶᠢ ᠨᠢ ᠬᠦᠨᠵᠡᠬᠡᠢ ᠤᠶᠢᠯᠠᠭᠠᠬᠤ ᠶᠢᠨ ᠬᠠᠮᠲᠤ᠂ ᠬᠤᠰᠢᠭᠤ ᠨᠠᠮ ᠤᠨ ᠬᠤᠷᠢᠶᠠᠨ ᠤ ᠠᠷᠪᠠᠨ ᠨᠢᠭᠡᠲᠦᠭᠡᠷ ᠬᠤᠭᠤᠴᠠᠭᠠᠨ ᠤ ᠶᠢᠰᠦᠲᠦᠭᠡᠷ ᠤᠳᠠᠭᠠᠨ ᠤ ᠪᠦᠬᠦ ᠬᠡᠰᠢᠭᠦᠳ ᠤᠨ ︵ᠦᠷᠭᠡᠳᠭᠡᠭᠰᠡᠨ︶ ᠬᠤᠷᠠᠯ ᠤᠨ ᠵᠤᠷᠢᠭ ᠰᠠᠨᠠᠭ᠎ᠠ ᠲᠠᠢ ᠤᠶᠠᠯᠳᠤᠭᠤᠯᠵᠤ᠂ ᠭᠡᠰᠢᠭᠦᠳ ᠤᠨ ᠡᠭᠦᠷᠭᠡ ᠴᠢᠳᠠᠪᠬᠢ ᠪᠠᠨ ᠬᠦᠢᠴᠡᠳᠭᠡᠬᠦ ᠲᠠᠢ ᠤᠶᠠᠯᠳᠤᠭᠤᠯᠵᠤ᠂ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠵᠤ᠂ ᠦᠵᠡᠯ ᠰᠠᠨᠠᠭ᠎ᠠ ᠪᠠ ᠦᠢᠯᠡᠲᠦᠯᠭᠡ ᠪᠠᠨ ᠬᠤᠰᠢᠭᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠡᠯ᠎ᠡ ᠵᠦᠢᠯ ᠤᠨ ᠰᠢᠢᠳᠪᠦᠷᠢ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠨ᠎ᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ ᠪᠠ ︽ᠰᠢᠢᠳᠪᠦᠷᠢ︾ ᠶᠢᠨ ᠰᠢᠨ᠎ᠡ ᠦᠵᠡᠯᠲᠡ᠂ ᠰᠢᠨ᠎ᠡ ᠮᠠᠭᠠᠳᠯᠠᠯ᠂ ᠰᠢᠨ᠎ᠡ ᠦᠬᠦᠯᠡᠯᠲᠡ ᠪᠠᠷ ᠤᠨᠤᠯ ᠤᠨ ᠪᠤᠯᠪᠠᠰᠤᠷᠠᠯ ᠢᠶᠠᠨ ᠳᠡᠭᠡᠭᠰᠢᠯᠡᠭᠦᠯᠦᠨ᠂ ᠤᠷᠮ᠎ᠠ ᠵᠤᠷᠢᠭ ᠢᠶᠠᠨ ᠬᠦᠪᠴᠢᠯᠡᠵᠤ᠂ ᠠᠵᠢᠯ ᠦᠢᠯᠡᠲᠦᠯᠭᠡ ᠪᠠᠨ ᠵᠢᠯᠤᠭᠤᠳᠤᠭᠤᠯᠤᠨ᠂ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠬᠦᠭᠵᠢᠯᠲᠡ ᠶᠢ ᠡᠷᠢᠯᠬᠢᠯᠡᠬᠦ ᠰᠡᠳᠬᠢᠴᠡ ᠪᠤᠯᠭᠠᠵᠤ᠂ ᠬᠦᠭᠵᠢᠯᠲᠡ ᠶᠢ ᠠᠬᠢᠭᠤᠯᠬᠤ ᠪᠤᠲᠠᠲᠠᠢ ᠠᠷᠭ᠎ᠠ ᠬᠡᠮᠵᠢᠶ᠎ᠡ ᠪᠤᠯᠭᠠᠵᠤ᠂ ᠬᠦᠭᠵᠢᠯᠲᠡ ᠶᠢ ᠵᠢᠯᠤᠭᠤᠳᠬᠤ ᠵᠢᠩᠬᠢᠨᠢ ᠴᠢᠳᠠᠪᠤᠷᠢ ᠪᠤᠯᠭᠠᠨ᠎ᠠ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠳᠤᠭᠤᠶᠢᠯᠡᠩ ᠰᠠᠷ᠎ᠠ ᠪᠦᠷᠢ 1 ᠤᠳᠠᠭ᠎ᠠ ᠲᠦᠪᠯᠡᠷᠡᠨ ᠰᠤᠷᠤᠯᠴᠠᠵᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠤᠯᠠᠷᠢᠯ ᠪᠤᠯᠠᠭᠠᠨ ᠳᠤ 1 ᠤᠳᠠᠭ᠎ᠠ ᠲᠦᠪᠯᠡᠷᠡᠨ ᠰᠤᠷᠤᠯᠴᠠᠵᠤ᠂ ᠰᠤᠮᠦ ᠪᠠᠯᠭᠠᠰᠤᠨ ᠤ ᠤᠯᠤᠰ ᠲᠦᠷᠦ ᠶᠢᠨ ᠵᠦᠪᠯᠡᠯᠭᠡᠨ ᠤ ᠬᠠᠷᠢᠯᠴᠠᠬᠤ ᠠᠯᠪᠠᠨ ᠭᠡᠷ ᠪᠠ ᠬᠡᠰᠢᠭᠦᠳ ᠤᠨ ᠬᠦᠲᠡᠯᠭᠡᠭᠡᠨ ᠤ ᠳᠤᠭᠤᠶᠢᠯᠠᠩ ᠪᠦᠬᠦ ᠵᠢᠯ ᠳᠤ 2 ᠠᠴᠠ ᠳᠡᠭᠡᠭᠰᠢ ᠤᠳᠠᠭ᠎ᠠ ᠬᠡᠰᠢᠭᠦᠳ ᠢ ᠵᠤᠬᠢᠶᠠᠨ ᠪᠠᠶᠢᠭᠤᠯᠵᠤ ᠲᠦᠪᠯᠡᠷᠡᠨ ᠰᠤᠷᠤᠯᠴᠠᠬᠤ ᠬᠡᠷᠡᠭᠲᠡᠢ᠃     ᠬᠤᠶᠠᠷ᠂ ᠭᠤᠤᠯᠳᠠᠯᠭ᠎ᠠ ᠶᠢ ᠠᠳᠬᠤᠨ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠦᠪᠯᠡᠯᠴᠡᠭᠡᠨ ᠤ ᠬᠡᠯᠪᠡᠷᠢ ᠶᠢᠨ ᠠᠷᠠᠳᠴᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ      ᠵᠦᠪᠯᠡᠯᠴᠡᠭᠡᠨ ᠤ ᠬᠡᠯᠪᠡᠷᠢ ᠶᠢᠨ ᠠᠷᠠᠳᠴᠢᠯᠡᠯ ᠢ ᠠᠬᠢᠭᠤᠯᠬᠤ ᠬᠦᠴᠦᠯᠡᠴᠡ ᠪᠠᠨ ᠴᠢᠩᠭᠠᠳᠬᠠᠨ᠎ᠠ᠃ ᠬᠤᠰᠢᠭᠤ ᠨᠠᠮ ᠤᠨ ᠬᠤᠷᠢᠶᠠᠨ ᠤ ᠵᠢᠭᠠᠪᠤᠷᠢ ᠶᠤᠰᠤᠭᠠᠷ ᠵᠦᠪᠯᠡᠬᠦ ᠠᠭᠤᠯᠭ᠎ᠠ ᠶᠢ ᠨᠠᠷᠢᠯᠢᠭᠵᠢᠭᠤᠯᠵᠤ᠂ ᠬᠡᠯᠪᠡᠷᠢ ᠶᠢ ᠪᠠᠶᠠᠯᠢᠭᠵᠢᠭᠤᠯᠵᠤ᠂ ᠲᠡᠰ ᠳᠠᠷᠠᠭ᠎ᠠ ᠶᠢ ᠲᠦᠷᠢᠮᠵᠢᠭᠦᠯᠵᠤ᠂ ᠨᠢᠭᠲᠠᠴᠠ ᠶᠢ ᠨᠡᠮᠡᠭᠲᠡᠭᠦᠯᠦᠨ ᠵᠦᠪᠯᠡᠯᠴᠡᠭᠡᠨ ᠤ ᠬᠡᠯᠪᠡᠷᠢ ᠶᠢᠨ ᠠᠷᠠᠳᠴᠢᠯᠠᠯ ᠤᠨ ᠰᠢᠰᠲ᠋ᠧᠮ ᠢ ᠪᠠᠶᠢᠭᠤᠯᠤᠨ᠎ᠠ᠃ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠨᠢ ᠪᠦᠬᠦ ᠬᠡᠰᠢᠭᠦᠳ ᠤᠨ ᠬᠤᠷᠠᠯ᠂ ᠪᠠᠶᠢᠩᠭᠤ ᠶᠢᠨ ᠬᠡᠰᠢᠭᠦᠳ ᠤᠨ ᠬᠤᠷᠠᠯ᠂ ᠲᠡᠷᠢᠭᠦᠯᠡᠭᠴᠢ ᠶᠢᠨ ᠬᠤᠷᠠᠯ᠂ ᠲᠤᠰᠬᠠᠢ ᠵᠦᠪᠯᠡᠯ ᠤᠨ ᠬᠤᠷᠠᠯ᠂ ᠬᠡᠰᠢᠭᠦᠳ ᠤᠨ ᠬᠠᠮᠲᠤ ᠶᠢᠨ ᠠᠵᠢᠯᠯᠠᠭ᠎ᠠ ᠪᠠ ᠲᠤᠭᠤᠷᠢᠨ ᠪᠠᠶᠢᠴᠠᠭᠠᠯᠲᠠ ᠪᠠᠷ ᠲᠡᠪᠴᠠᠩ ᠪᠤᠯᠭᠠᠵᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠠᠵᠢᠯ ᠤᠨ ᠲᠤᠭᠤᠷᠢᠨ ᠳᠤ ᠲᠤᠰᠬᠠᠢ ᠰᠡᠲᠦᠪ ᠢᠶᠠᠷ ᠵᠦᠪᠯᠡᠬᠦ᠂ ᠠᠵᠢᠯ ᠲᠦᠷᠦᠯ ᠢᠶᠠᠷ ᠬᠠᠷᠭᠤᠭᠤᠯᠤᠨ ᠵᠦᠪᠯᠡᠬᠦ᠂ ᠲᠦᠷᠦᠯ ᠢᠯᠭᠠᠯ ᠢᠶᠠᠷ ᠵᠦᠪᠯᠡᠬᠦ᠂ ᠰᠠᠨᠠᠯ ᠳᠤᠷᠠᠳᠤᠯᠭ᠎ᠠ ᠪᠠᠷ ᠵᠦᠪᠯᠡᠬᠦ ᠳᠤ ᠬᠦᠴᠦ ᠲᠠᠯᠪᠢᠬᠤ ᠬᠡᠷᠡᠭᠲᠡᠢ᠃ ᠪᠦᠬᠦ ᠬᠤᠰᠢᠭᠤᠨ ᠤ ᠬᠦᠭᠵᠢᠯᠲᠡ ᠶᠢᠨ ᠠᠬᠢᠴᠠ ᠶᠢ ᠲᠦᠷᠭᠡᠳᠬᠡᠬᠦ ᠶᠢ ᠨᠦᠯᠦᠭᠡᠯᠡᠵᠤ ᠪᠠᠶᠢᠭ᠎ᠠ᠂ ᠬᠠᠷᠰᠢᠯᠡᠵᠤ ᠪᠠᠶᠢᠭ᠎ᠠ ᠲᠤᠪᠤᠶᠢᠮ᠎ᠠ ᠠᠰᠠᠭᠤᠲᠠᠯ ᠢ ᠲᠤᠷᠠᠳᠤᠨ ᠭᠠᠷᠭᠠᠬᠤ  ᠪᠠᠷ ᠴᠢᠷᠮᠠᠶᠢᠬᠤ ᠶᠢᠨ ᠬᠠᠮᠲᠤ ᠬᠤᠯᠪᠤᠭᠲᠠᠯ ᠪᠦᠬᠦᠢ ᠰᠡᠳᠬᠢᠴᠡ ᠪᠠ ᠠᠷᠭ᠎ᠠ ᠬᠡᠮᠵᠢᠶ᠎ᠡ ᠶᠢ ᠳᠤᠷᠠᠳᠴᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠢᠯᠡᠰ ᠤᠨ ᠡᠷᠡᠭᠦᠯ ᠢᠶᠠᠷ ᠬᠦᠭᠵᠢᠬᠦ ᠳᠤ ᠤᠶᠤᠨ ᠤ ᠲᠡᠮᠵᠢᠯᠭᠡ ᠦᠵᠡᠭᠦᠯᠵᠤ ᠬᠦᠴᠦ ᠪᠠᠨ ᠡᠷᠭᠦᠬᠦ ᠬᠡᠷᠡᠭᠲᠡᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠲᠠᠢ ᠨᠡᠪᠲᠡᠷᠡᠯᠴᠡᠭᠡ ᠬᠠᠷᠢᠯᠴᠠᠭ᠎ᠠ ᠪᠠᠨ ᠢᠲᠡᠪᠬᠢᠲᠡᠢ ᠴᠢᠩᠭᠠᠳᠬᠠᠵᠤ᠂ ᠪᠦᠬᠦ ᠬᠤᠰᠢᠭᠤᠨ ᠤ ᠴᠢᠬᠤᠯᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠬᠠᠤᠯᠢ ᠲᠦᠷᠢᠮ ᠤᠨ ᠲᠤᠭᠲᠠᠭᠠᠯᠲᠠ᠂ ᠠᠵᠤ ᠠᠬᠤᠢ ᠨᠡᠶᠢᠭᠡᠮ ᠤᠨ ᠬᠦᠭᠵᠢᠭᠦᠯᠦᠯᠲᠡ ᠶᠢᠨ ᠲᠦᠯᠦᠪᠵᠢᠭᠦᠯᠬᠡ᠂ ᠴᠢᠬᠤᠯᠡ ᠶᠡᠭᠡ ᠲᠦᠷᠦᠯ ᠵᠦᠢᠯ ᠤᠨ ᠬᠡᠷᠡᠭᠵᠢᠭᠦᠯᠦᠯᠲᠡ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠬᠤᠯᠪᠤᠭᠲᠠᠬᠤ ᠴᠢᠬᠤᠯᠠ ᠠᠰᠠᠭᠤᠳᠠᠯ ᠤᠨ ᠰᠢᠢᠳᠪᠦᠷᠢᠯᠡᠯᠲᠡ ᠪᠠ ᠺᠠᠳ᠋ᠷ ᠠᠵᠢᠯᠲᠠᠨ ᠤ ᠳᠣᠬᠢᠷᠠᠭᠤᠯᠤᠯᠲᠠ ᠵᠡᠷᠭᠡ ᠶᠢ ᠵᠦᠪᠯᠡᠬᠦ ᠳᠡᠭᠡᠨ ᠬᠤᠰᠢᠭᠤ ᠨᠠᠮ ᠤᠨ ᠬᠤᠷᠢᠶ᠎ᠠ ᠰᠢᠢᠳᠪᠦᠷᠢᠲᠤ ᠪᠤᠳᠤᠯᠭ᠎ᠠ ᠲᠤᠭᠲᠠᠭᠠᠬᠤ ᠠᠴᠠ ᠡᠮᠤᠨ᠎ᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠵᠦᠪᠰᠢᠶᠡᠷᠡᠭᠦᠯᠬᠦ ᠠᠴᠠ ᠡᠮᠤᠨ᠎ᠠ᠂ ᠬᠤᠰᠢᠭᠤ ᠵᠠᠰᠠᠭ ᠤᠨ ᠤᠷᠳᠤᠨ ᠰᠢᠢᠳᠪᠦᠷᠢ ᠭᠠᠷᠭᠠᠬᠤ ᠠᠴᠠ ᠡᠮᠤᠨ᠎ᠠ ᠪᠠᠶᠢᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠳᠤ ᠤᠷᠤᠯᠴᠠᠵᠤ᠂ ᠳᠡᠳ᠋ ᠲᠡᠷᠢᠭᠦᠯᠡᠭᠴᠢᠳ ᠠᠵᠢᠯ ᠤᠨ ᠬᠤᠪᠢᠶᠠᠷᠯᠡᠯ ᠶᠤᠰᠤᠭᠠᠷ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠡ ᠬᠤᠷᠠᠯ ᠳᠤ ᠤᠷᠤᠯᠴᠠᠵᠤ᠂ ᠠᠵᠤ ᠠᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠰᠠᠭᠤᠲᠠᠯ ᠢ ᠰᠤᠳᠤᠯᠵᠤ ᠲᠦᠷᠦ ᠶᠢᠨ ᠪᠤᠳᠤᠯᠭ᠎ᠠ ᠲᠤᠭᠲᠠᠭᠠᠬᠤ᠂ ᠴᠢᠬᠤᠯᠠ ᠶᠡᠭᠡ ᠠᠵᠤ ᠠᠬᠤᠢ ᠶᠢᠨ ᠠᠵᠢᠯᠯᠠᠭ᠎ᠠ ᠪᠠ ᠭᠤᠤᠯᠳᠠᠯᠭ᠎ᠠ ᠲᠠᠢ ᠢᠨᠵᠧᠨᠧᠷᠢᠩ ᠢ ᠬᠢᠨᠠᠨ ᠱᠠᠯᠠᠪᠳᠠᠭᠤᠯᠬᠤ ᠪᠠ ᠪᠠᠶᠢᠴᠠᠭᠠᠬᠤ ᠠᠵᠢᠯ ᠳᠤ ᠤᠷᠤᠯᠴᠠᠨ᠎ᠠ᠃ ᠵᠦᠪᠯᠡᠯᠴᠡᠭᠡᠨ ᠤ ᠬᠡᠯᠪᠡᠷᠢ ᠶᠢᠨ ᠠᠷᠠᠳᠴᠢᠯᠠᠯ ᠤᠨ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠬᠡᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠠᠮᠢᠶ᠎ᠠ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠶᠢ ᠤᠷᠢᠵᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠳ ᠤᠨ ᠬᠤᠷᠠᠯ ᠳᠤ ᠤᠷᠤᠯᠴᠠᠭᠤᠯᠤᠨ᠂ ᠬᠤᠰᠢᠭᠤ ᠬᠠᠷᠢᠶ᠎ᠠ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ ᠶᠢ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠪᠦᠬᠦ ᠬᠡᠰᠢᠭᠦᠳ ᠤᠨ ᠬᠤᠷᠠᠯ ᠤᠨ ᠲᠤᠭᠤᠶᠢᠯᠡᠩ ᠤᠨ ᠶᠠᠷᠢᠯᠴᠠᠯᠭ᠎ᠠ ᠳᠤ ᠤᠷᠤᠯᠴᠠᠭᠤᠯᠬᠤ ᠶᠢ ᠲᠦᠯᠦᠪᠯᠡᠭᠡ ᠲᠠᠢ ᠪᠠᠶᠢᠷᠢᠯᠠᠭᠤᠯᠵᠤ᠂ ᠨᠢᠭᠤᠷᠯᠡᠨ ᠵᠦᠪᠯᠡᠬᠦ ᠠᠵᠢᠯᠯᠠᠭ᠎ᠠ ᠦᠷᠨᠢᠭᠦᠯᠤᠨ᠎ᠠ᠃      ᠠᠷᠠᠳᠴᠢᠯᠠᠯ ᠢᠶᠠᠷ ᠦᠨᠡᠯᠡᠬᠦ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠪᠦᠬᠦ ᠰᠡᠳᠬᠢᠯ ᠪᠦᠬᠦ ᠵᠤᠷᠢᠭ ᠪᠦᠬᠦ ᠬᠦᠴᠦ ᠪᠠᠷ ᠢᠶᠠᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠬᠦᠢᠴᠡᠳᠬᠡᠵᠤ᠂ ᠪᠦᠬᠦ ᠬᠤᠰᠢᠭᠤᠨ ᠤ ᠡᠯ᠎ᠡ ᠲᠠᠯ᠎ᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠠᠵᠤ ᠠᠬᠤᠢ ᠶᠢᠨ ᠡᠷᠬᠢᠯᠲᠡ ᠶᠢᠨ ᠴᠢᠨᠠᠷ ᠴᠢᠨᠰᠠᠭ᠎ᠠ᠂ ᠨᠠᠮ ᠤᠨ ᠠᠷᠢᠭᠤᠨ ᠴᠢᠭᠡᠴᠢ ᠶᠢᠨ ᠪᠦᠲᠦᠭᠡᠨ ᠪᠠᠶᠢᠭᠤᠯᠤᠯᠲᠠ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠠ ᠦᠢᠯᠡᠴᠢᠯᠡᠭᠡᠨ ᠤ ᠪᠠᠶᠢᠭᠤᠯᠭ᠎ᠠ ᠶᠢᠨ ᠠᠵᠢᠯ ᠤᠨ ᠰᠤᠷᠲᠠᠯ ᠤᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠵᠦᠪᠯᠡᠯᠭᠡᠨ ᠤ ᠶᠢᠰᠦᠲᠦᠭᠡᠷ ᠬᠤᠭᠤᠴᠠᠭᠠᠨ ᠤ ᠬᠤᠶᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ ᠳᠤᠷᠠᠳᠤᠭᠰᠠᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠵᠤ ᠨᠠᠶᠢᠳᠠᠪᠤᠷᠢᠵᠢᠭᠤᠯᠵᠤ ᠪᠠᠶᠢᠭ᠎ᠠ ᠪᠠᠶᠢᠲᠠᠯ᠂ ᠵᠠᠰᠠᠭ ᠤᠨ ᠤᠷᠳᠤᠨ ᠠᠴᠠ ᠤᠯᠠᠨ ᠲᠦᠮᠡᠨ ᠳᠤ ᠪᠤᠲᠠᠲᠠᠢ ᠠᠵᠢᠯ ᠬᠢᠵᠤ ᠪᠠᠶᠢᠭ᠎ᠠ ᠪᠠᠶᠢᠲᠠᠯ ᠢ ᠵᠦᠪᠯᠡᠨ᠂ ᠬᠢᠨᠠᠯᠲᠠ ᠲᠠᠯᠪᠢᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠳᠤᠲᠦᠭᠠᠳᠦ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ ᠤᠯᠠᠨ ᠲᠦᠮᠡᠨ ᠤ ᠠᠩᠬᠠᠷᠤᠯ ᠲᠦᠪᠯᠡᠷᠵᠤ ᠪᠠᠶᠢᠭ᠎ᠠ᠂ ᠨᠡᠶᠢᠭᠡᠮ ᠤᠨ ᠨᠦᠯᠦᠭᠡ ᠲᠤᠰᠬᠠᠯ ᠶᠡᠬᠡᠲᠡᠢ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠬᠤᠲᠠ ᠪᠠᠯᠭᠠᠰᠤᠨ ᠤ ᠲᠦᠭᠡᠭᠡᠯ ᠤᠰᠤᠨ ᠤ ᠬᠠᠩᠭᠠᠯᠲᠠ ᠪᠠ ᠪᠤᠬᠢᠷ ᠤᠰᠤᠨ ᠤ ᠭᠠᠳᠠᠭᠰᠢᠯᠠᠭᠤᠯᠤᠯᠲᠠ᠂ ᠬᠤᠲᠠ ᠬᠦᠳᠡᠭᠡ ᠶᠢᠨ ᠴᠡᠬᠢᠯᠭᠠᠨ ᠤ ᠬᠠᠩᠭᠠᠯᠲᠠ᠂ ᠶᠠᠳᠠᠭᠤ ᠶᠢ ᠲᠡᠳᠬᠦᠵᠤ ᠨᠡᠭᠡᠭᠡᠨ ᠬᠦᠭᠵᠢᠭᠦᠯᠬᠦ ᠠᠵᠢᠯ᠂ ᠦᠨᠳᠦᠰᠤᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠭᠳᠠᠵᠤ ᠪᠠᠶᠢᠭ᠎ᠠ ᠪᠠᠶᠢᠲᠠᠯ ᠵᠡᠷᠭᠡ ᠠᠷᠠᠳ ᠤᠨ ᠠᠮᠢᠳᠤᠷᠠᠯ  ᠲᠠᠢ ᠬᠤᠯᠪᠤᠭᠳᠠᠬᠤ ᠠᠰᠠᠭᠤᠳᠠᠯ ᠤᠨ ᠲᠤᠭᠤᠷᠢᠨ ᠳᠤ᠂ ᠵᠦᠪᠯᠡᠯᠴᠡᠭᠡ ᠪᠠᠷ ᠬᠢᠨᠠᠯᠲᠠ ᠲᠠᠯᠪᠢᠬᠤ᠂ ᠲᠤᠭᠤᠷᠢᠨ ᠪᠠᠶᠢᠴᠠᠭᠠᠯᠲᠠ ᠪᠠᠷ ᠬᠢᠨᠠᠯᠲᠠ ᠲᠠᠯᠪᠢᠬᠤ᠂ ᠤᠨᠴᠠ ᠤᠷᠢᠭᠳᠠᠭᠰᠠᠨ ᠬᠡᠰᠢᠭᠦᠨ ᠢᠶᠠᠷ ᠬᠢᠨᠠᠯᠲᠠ ᠲᠠᠯᠪᠢᠬᠤ᠂ ᠠᠷᠠᠳᠴᠢᠯᠠᠯ ᠢᠶᠠᠷ ᠦᠨᠡᠯᠡᠬᠦ ᠪᠠᠷ ᠬᠢᠨᠠᠯᠲᠠ ᠲᠠᠯᠪᠢᠬᠤ᠂ ᠰᠠᠨᠠᠯ ᠳᠤᠷᠠᠳᠤᠯᠭ᠎ᠠ ᠪᠠᠷ ᠬᠢᠨᠠᠯᠲᠠ ᠲᠠᠯᠪᠢᠬᠤ᠂ ᠮᠦᠷᠲᠡᠨ ᠲᠠᠭᠠᠵᠤ ᠱᠠᠯᠠᠪᠳᠠᠨ ᠰᠢᠢᠳᠪᠦᠷᠢᠯᠡᠭᠦᠯᠬᠦ ᠵᠡᠷᠭᠡ ᠬᠢᠨᠠᠯᠲᠠ ᠲᠠᠯᠪᠢᠬᠤ ᠠᠷᠭ᠎ᠠ ᠬᠡᠯᠪᠡᠷᠢ ᠪᠠᠷ ᠲᠠᠮᠵᠢᠨ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠪᠠᠶᠢᠭᠤᠯᠭ᠎ᠠ ᠨᠢᠭᠡᠴᠡ ᠶᠢᠨ ᠠᠵᠢᠯ ᠢ ᠠᠬᠢᠭᠤᠯᠬᠤ ᠪᠠ ᠰᠠᠶᠢᠵᠢᠷᠠᠭᠤᠯᠬᠤ  ᠲᠠᠢ ᠤᠶᠠᠯᠳᠤᠭᠤᠯᠤᠨ᠂ ᠬᠢᠨᠠᠯᠲᠠ ᠲᠠᠯᠪᠢᠬᠤ ᠶᠢᠨ ᠲᠠᠭᠠᠤ ᠳᠤ ᠲᠡᠮᠵᠢᠵᠤ᠂ ᠲᠡᠮᠵᠢᠬᠦ ᠶᠢᠨ ᠲᠠᠭᠠᠤ ᠳᠤ ᠬᠢᠨᠠᠯᠲᠠ ᠲᠠᠯᠪᠢᠬᠤ ᠶᠢ ᠪᠠᠶᠡᠯᠡᠭᠦᠯᠦᠨ᠎ᠠ᠃ ᠰᠠᠨᠠᠯ ᠳᠤᠷᠠᠳᠤᠯᠭ᠎ᠠ ᠶᠢ ᠱᠠᠯᠠᠪᠲᠠᠨ ᠰᠢᠢᠳᠪᠦᠷᠢᠯᠡᠭᠦᠯᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠡᠰᠢᠭᠦᠳ ᠤᠨ ᠰᠠᠨᠠᠯ ᠳᠤᠷᠠᠳᠤᠯᠭ᠎ᠠ ᠶᠢᠨ ᠮᠡᠲᠡᠯᠬᠡ ᠶᠢᠨ ᠪᠤᠯᠪᠠᠰᠤᠷᠠᠯ ᠪᠠ ᠰᠠᠨᠠᠯ ᠳᠤᠷᠠᠳᠤᠯᠭ᠎ᠠ ᠴᠤᠭᠯᠠᠭᠤᠯᠬᠤ ᠠᠵᠢᠯ ᠢ ᠴᠢᠩᠭᠠᠳᠬᠠᠨ᠂ ᠭᠤᠤᠯᠲᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠳᠠᠨ ᠰᠢᠢᠳᠪᠦᠷᠢᠯᠡᠭᠦᠯᠬᠦ ᠠᠵᠢᠯ ᠤᠨ ᠬᠦᠴᠦᠯᠡᠴᠡ ᠪᠠᠨ ᠨᠡᠮᠡᠭᠳᠡᠭᠦᠯᠵᠦ᠂ ᠰᠠᠨᠠᠯ ᠳᠤᠷᠠᠳᠤᠯᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠠᠰᠤᠷᠠᠯᠲᠠ ᠦᠬᠡᠢ ᠲᠡᠭᠡᠭᠰᠢᠯᠡᠭᠦᠯᠦᠨ᠎ᠡ︔ ᠰᠠᠨᠠᠯ ᠳᠤᠷᠠᠳᠤᠯᠭ᠎ᠠ ᠶᠢ ᠱᠠᠯᠠᠪᠳᠠᠨ ᠰᠢᠢᠳᠪᠦᠷᠢᠯᠡᠭᠦᠯᠬᠦ ᠠᠵᠢᠯ ᠤᠨ ᠪᠠᠶᠢᠭᠤᠯᠤᠮᠵᠢ ᠶᠢ ᠪᠠᠬᠢᠵᠢᠭᠦᠯᠬᠦ ᠪᠠ ᠲᠡᠭᠦᠯᠲᠡᠷᠵᠢᠭᠦᠯᠵᠤ᠂ ᠰᠠᠨᠠᠯ ᠳᠤᠷᠠᠳᠤᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠬᠦᠴᠦ ᠲᠠᠯᠪᠢᠨ᠂ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠦᠯᠬᠦ ᠶᠢ ᠰᠠᠶᠢᠲᠤᠷ ᠠᠳᠬᠤᠵᠤ᠂ ᠰᠠᠨᠠᠯ ᠳᠤᠷᠠᠳᠤᠭᠰᠠᠳ ᠪᠤᠯᠤᠨ ᠳᠠᠭᠠᠭᠠᠴᠢᠯᠠᠨ ᠰᠢᠢᠳᠪᠦᠷᠢᠯᠡᠬᠦ ᠨᠢᠭᠡᠴᠡ ᠶᠢᠨ ᠬᠤᠭᠤᠷᠤᠨᠳᠤᠬᠢ ᠬᠠᠷᠢᠯᠴᠠᠭ᠎ᠠ ᠶᠢ ᠴᠢᠩᠭᠠᠳᠬᠠᠨ᠎ᠠ᠃ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠦᠨᠡᠯᠡᠬᠦ ᠠᠵᠢᠯ ᠤᠨ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠤ᠂ ᠤᠨᠴᠠ ᠤᠷᠢᠭᠳᠠᠭᠰᠠᠨ ᠬᠢᠨᠠᠯᠲᠠ ᠲᠠᠯᠪᠢᠭᠴᠢ ᠶᠢᠨ ᠠᠵᠢᠯ ᠢ ᠰᠠᠶᠢᠵᠢᠷᠠᠭᠤᠯᠤᠨ᠂ ᠰᠤᠮᠤ ᠪᠠᠯᠭᠠᠰᠤ ᠪᠠ ᠬᠤᠰᠢᠭᠤ ᠬᠠᠷᠢᠶ᠎ᠡ ᠪᠠᠶᠢᠭᠤᠯᠭ᠎ᠠ ᠠᠴᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢ ᠬᠡᠷᠡᠭᠵᠢᠭᠦᠯᠬᠦ ᠶᠠᠪᠤᠴᠠ ᠳᠠᠬᠢ ᠵᠠᠩᠭᠢᠯᠠᠭ᠎ᠠ ᠶᠢᠨ ᠠᠰᠠᠭᠤᠳᠠᠯ ᠳᠤ ᠲᠤᠭᠤᠷᠢᠨ ᠪᠠᠶᠢᠴᠠᠭᠠᠯᠲᠠ ᠬᠢᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠲᠦᠯᠦᠭᠡᠯᠡᠭᠴᠢᠳ ᠤᠨ ᠰᠠᠭᠤᠳᠠᠯ ᠤᠨ ᠬᠤᠷᠠᠯ ᠢ 2 ᠤᠳᠠᠭ᠎ᠠ ᠵᠤᠬᠢᠶᠠᠨ ᠪᠠᠶᠢᠭᠤᠯᠵᠤ ᠬᠤᠷᠠᠯᠳᠤᠭᠤᠯᠤᠨ᠎ᠠ᠃      ᠵᠠᠰᠠᠭ ᠲᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠷ ᠡᠭᠦᠷᠭᠡ ᠴᠢᠳᠠᠪᠬᠢ ᠪᠠᠨ ᠬᠦᠢᠴᠡᠳᠬᠡᠬᠦ ᠴᠢᠬᠤᠯᠠ ᠬᠦᠴᠦᠯᠡᠴᠡ ᠶᠢᠨ ᠴᠡᠭ ᠪᠤᠯᠭᠠᠬᠤ ᠶᠢ ᠪᠠᠷᠢᠮᠲᠠᠯᠠᠨ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠤᠯ ᠠᠵᠢᠯ ᠪᠠ ᠠᠷᠠᠳ ᠤᠯᠠᠨ ᠤ ᠨᠡᠶᠢᠲᠠᠮ ᠠᠩᠬᠠᠷᠴᠤ ᠪᠠᠶᠢᠭ᠎ᠠ ᠠᠰᠠᠭᠤᠳᠠᠯ ᠤᠨ ᠲᠤᠭᠤᠷᠢᠨ ᠳᠤ ︽ᠪᠠᠭ᠎ᠠ ᠪᠦᠯᠬᠦᠮ᠂ ᠶᠡᠭᠡ ᠪᠠᠶᠢᠴᠠᠭᠠᠨ ᠰᠤᠳᠤᠯᠤᠯᠲᠠ᠂ ᠪᠠᠭ᠎ᠠ ᠰᠡᠳᠦᠪ᠂ ᠶᠡᠭᠡ ᠦᠷ᠎ᠡ ᠪᠦᠲᠦᠮᠵᠢ︾ ᠶᠢᠨ ᠬᠡᠯᠪᠡᠷᠢ ᠪᠠᠷ ᠨᠡᠶᠢᠭᠡᠮ ᠤᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠪᠠᠶᠢᠭᠠᠯᠢᠯᠢᠭ ᠤᠯᠠᠭᠠᠨ ᠢᠳᠡᠭᠡᠨ ᠤ ᠠᠵᠤ ᠦᠢᠯᠡᠰ᠂ ᠮᠠᠯᠴᠢᠳ ᠬᠤᠲᠠ ᠤᠷᠤᠵᠤ ᠠᠵᠤ ᠦᠢᠯᠡᠰ ᠪᠤᠰᠬᠠᠬᠤ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠠᠶᠢᠭᠤᠯᠤᠯᠲᠠ᠂ ᠦᠨᠳᠦᠰᠦᠲᠡᠨ ᠤ ᠰᠤᠶᠤᠯ ᠢ ᠬᠠᠮᠠᠭᠠᠯᠠᠬᠤ ᠪᠠ ᠨᠠᠶᠢᠷ ᠨᠠᠭᠠᠳᠤᠮ ᠢ ᠳᠦᠷᠢᠮᠵᠢᠭᠦᠯᠬᠦ ᠵᠡᠷᠭᠡ ᠰᠡᠳᠦᠪ ᠢᠶᠠᠷ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠵᠤᠬᠢᠶᠠᠨ ᠪᠠᠶᠢᠭᠤᠯᠵᠤ᠂ ᠬᠠᠮᠢᠶ᠎ᠠ ᠪᠦᠬᠦᠢ ᠠᠷᠠᠳ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠬᠦᠮᠦᠰ ᠢ ᠤᠷᠢᠵᠤ ᠤᠷᠤᠯᠴᠠᠭᠤᠯᠵᠤ᠂ ᠲᠤᠰᠬᠠᠢ ᠵᠦᠪᠯᠡᠯ ᠪᠠ ᠬᠠᠮᠢᠶ᠎ᠠ ᠪᠦᠬᠦᠢ ᠪᠠᠶᠢᠭᠤᠯᠭ᠎ᠠ ᠶᠢ ᠤᠷᠤᠯᠴᠠᠭᠤᠯᠤᠨ᠂ ᠲᠤᠰᠬᠠᠢ ᠮᠡᠷᠭᠡᠵᠢᠯᠲᠡᠨ ᠪᠠ ᠬᠡᠰᠢᠭᠦᠳ ᠲᠠᠢ ᠬᠠᠮᠲᠤᠷᠠᠨ ᠪᠠᠶᠢᠴᠠᠭᠠᠨ ᠰᠤᠳᠤᠯᠤᠯᠲᠠ ᠬᠢᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠢᠨᠵᠢᠯᠡᠬᠦ ᠤᠬᠠᠭᠠᠨᠴᠢ ᠴᠢᠨᠠᠷ ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠎ᠡ᠃ ᠰᠤᠷᠠᠭ ᠵᠠᠩᠭᠢ ᠲᠤᠰᠬᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠨ᠂ ᠰᠤᠷᠠᠭ ᠵᠠᠩᠭᠢ ᠶᠢᠨ ᠠᠵᠢᠯ ᠤᠨ ᠲᠡᠰ ᠳᠠᠷᠠᠭ᠎ᠠ ᠶᠢ ᠲᠦᠷᠢᠮᠵᠢᠭᠦᠯᠵᠤ᠂ ᠨᠡᠶᠢᠭᠡᠮ ᠤᠨ ᠪᠠᠶᠢᠲᠠᠯ ᠠᠷᠠᠳ ᠤᠨ ᠰᠠᠨᠠᠭᠠᠨ ᠤ ᠰᠤᠷᠠᠭ ᠵᠠᠩᠭᠢ ᠶᠢ ᠴᠤᠭᠯᠠᠭᠤᠯᠬᠤ᠂ ᠮᠡᠳᠡᠭᠦᠯᠬᠦ ᠪᠠ ᠮᠦᠷᠲᠡᠨ ᠳᠠᠭᠠᠵᠤ ᠬᠠᠷᠢᠭᠤ ᠲᠤᠰᠬᠠᠬᠤ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠠ᠃      ᠭᠤᠷᠪᠠ᠂ ᠪᠦᠲᠦᠭᠡᠨ ᠪᠠᠶᠢᠭᠤᠯᠤᠯᠲᠠ ᠶᠢ ᠠᠳᠬᠤᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠡᠭᠦᠷᠭᠡ ᠴᠢᠳᠠᠪᠬᠢ ᠪᠠᠨ ᠬᠦᠢᠴᠡᠳᠭᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ      ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠪᠠ ︽ᠬᠤᠶᠠᠷ ᠵᠦᠪᠯᠡᠯ ᠨᠢᠭᠡ ᠠᠯᠪᠠᠨ ᠭᠡᠷ︾ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠬᠤᠷᠠᠯ᠂ ᠪᠠᠶᠢᠴᠠᠭᠠᠨ ᠰᠤᠳᠤᠯᠤᠯᠲᠠ᠂ ᠲᠤᠭᠤᠷᠢᠨ ᠪᠠᠶᠢᠴᠠᠭᠠᠯᠲᠠ᠂ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠲᠠᠯ ᠠᠷᠠᠳ ᠤᠨ ᠰᠠᠨᠠᠭ᠎ᠠ ᠶᠢ ᠲᠤᠰᠬᠠᠬᠤ᠂ ᠬᠡᠰᠢᠭᠦᠳ ᠤᠨ ᠪᠤᠯᠪᠠᠰᠤᠷᠠᠯ᠂ ᠠᠯᠪᠡᠨ ᠵᠤᠴᠢᠯᠠᠯᠭ᠎ᠠ ᠪᠤᠯᠤᠨ ᠳᠤᠷᠰᠢᠯᠭ᠎ᠠ ᠰᠤᠯᠢᠯᠴᠠᠬᠤ ᠵᠡᠷᠭᠡ ᠡᠯ᠎ᠡ ᠲᠠᠯ᠎ᠠ ᠶᠢᠨ ᠠᠵᠢᠯ ᠤᠨ ᠲᠦᠷᠢᠮ ᠢ ᠲᠤᠭᠲᠠᠭᠠᠬᠤ ᠪᠠ ᠪᠦᠷᠢᠨᠰᠢᠭᠦᠯᠵᠤ᠂ ᠠᠯᠬᠤᠮ ᠠᠯᠬᠤᠮ ᠢᠶᠠᠷ ︽ᠳᠦᠷᠢᠮ ᠢᠶᠠᠷ ᠬᠠᠮᠢᠶᠡᠷᠬᠤ᠂ ᠲᠦᠷᠢᠮ ᠢᠶᠠᠷ ᠠᠵᠢᠯᠯᠠᠭ᠎ᠠ ᠶᠢ ᠵᠢᠷᠤᠮᠵᠢᠭᠤᠯᠬᠤ︾ ᠪᠠᠶᠢᠭᠤᠯᠤᠮᠵᠢ ᠶᠢ ᠪᠠᠶᠢᠭᠤᠯᠤᠨ᠎ᠠ᠃ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠳ ᠤᠨ ᠳᠠᠭᠠᠭᠤᠯᠤᠭᠴᠢ ᠦᠢᠯᠡᠳᠤᠯ ᠢ ᠪᠠᠳᠠᠷᠠᠭᠤᠯᠵᠤ᠂ ᠪᠠᠶᠢᠩᠭᠤ ᠶᠢᠨ ᠭᠡᠰᠢᠭᠦᠳ ᠤᠨ ᠬᠤᠷᠠᠯ ᠢ ᠤᠯᠤᠰ ᠲᠦᠷᠦ ᠶᠢᠨ ᠵᠤᠭᠰᠤᠯᠲᠠ ᠪᠠᠲᠤ ᠴᠢᠩᠭ᠎ᠠ᠂ ᠡᠭᠦᠲᠦᠨ ᠪᠦᠲᠦᠭᠡᠯᠴᠢ᠂ ᠪᠤᠲᠠᠲᠠᠢ ᠶᠢ ᠡᠷᠬᠢᠮᠯᠡᠲᠡᠭ᠂ ᠠᠷᠠᠳᠴᠢᠯᠠᠯᠲᠤ ᠡᠶ᠎ᠡ ᠵᠤᠬᠢᠴᠠᠯᠲᠤ᠂ ᠬᠠᠲᠠᠭᠤ ᠴᠢᠩᠭ᠎ᠠ ᠠᠵᠢᠯ ᠤᠨ ᠰᠤᠷᠲᠠᠯ ᠲᠠᠢ ᠤᠳᠤᠷᠢᠳᠬᠤ ᠪᠠᠭ ᠪᠤᠯᠭᠠᠨ ᠪᠦᠲᠦᠭᠡᠨ ᠪᠠᠶᠢᠭᠤᠯᠤᠨ᠎ᠠ᠃ ︽ᠬᠤᠶᠠᠷ ᠵᠦᠪᠯᠡᠯ ᠨᠢᠭᠡ ᠠᠯᠪᠠᠨ ᠭᠡᠷ︾ ᠤᠨ ᠦᠢᠯᠡᠲᠦᠯ ᠢ ᠪᠠᠳᠠᠷᠠᠭᠤᠯᠤᠨ᠎ᠠ ᠃ ︽ᠬᠤᠶᠠᠷ ᠵᠦᠪᠯᠡᠯ ᠨᠢᠭᠡ ᠠᠯᠪᠠᠨ ᠭᠡᠷ︾ ᠤᠨ ᠠᠵᠢᠯ ᠢ ᠬᠡᠮᠵᠢᠶᠡᠵᠢᠭᠦᠯᠬᠦ ᠬᠡᠯᠪᠡᠷᠢ ᠶᠢ ᠦᠷᠭᠦᠯᠵᠢᠯᠡᠨ ᠬᠠᠶᠢᠨ ᠰᠦᠪᠡᠭᠴᠢᠯᠡᠵᠦ᠂ ᠪᠦᠬᠦ ᠵᠢᠯ ᠤᠨ ᠠᠵᠢᠯ ᠤᠨ ᠲᠦᠯᠦᠪᠯᠡᠭᠡ ᠲᠤᠭᠲᠠᠭᠠᠨ᠂ ᠲᠤᠭᠤᠷᠢᠨ ᠪᠠᠶᠢᠴᠠᠭᠠᠯᠲᠠ᠂ ᠪᠠᠶᠢᠴᠠᠭᠠᠨ ᠰᠤᠳᠤᠯᠤᠯᠲᠠ᠂ ᠵᠦᠪᠯᠡᠯᠴᠡᠭᠡ᠂ ᠵᠠᠰᠠᠭ ᠢ ᠵᠦᠪᠯᠡᠬᠦ ᠡᠭᠦᠷᠭᠡ ᠬᠠᠷᠢᠭᠤᠴᠠᠯᠭ᠎ᠠ ᠶᠢ ᠨᠢ ᠲᠤᠳᠤᠷᠬᠠᠢ ᠪᠤᠯᠭᠠᠨ᠎ᠠ᠃ ᠰᠤᠮᠤ ᠪᠠᠯᠭᠠᠰᠤᠨ ᠤ ᠤᠯᠤᠰ ᠲᠦᠷᠦ ᠶᠢᠨ ᠵᠦᠪᠯᠡᠯᠭᠡᠨ ᠤ ᠬᠠᠷᠢᠯᠴᠠᠬᠤ ᠠᠯᠪᠠᠨ ᠭᠡᠷ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠢ ᠤᠯᠠᠮ ᠨᠢᠭᠡ ᠠᠯᠬᠤᠮ ᠲᠤᠳᠤᠷᠬᠠᠢ ᠪᠤᠯᠭᠠᠨ᠂ ᠵᠢᠭᠠᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠡᠯ᠎ᠡ ᠰᠤᠮᠤ ᠪᠠᠯᠭᠠᠰᠤᠨ ᠤ ᠤᠯᠤᠰ ᠲᠦᠷᠦ ᠶᠢᠨ ᠵᠦᠪᠯᠡᠯᠭᠡᠨ ᠤ ᠬᠠᠷᠢᠯᠴᠠᠬᠤ ᠠᠯᠪᠠᠨ ᠭᠡᠷ ᠨᠢ ᠦᠪᠡᠷ ᠤᠨ ᠬᠠᠷᠢᠶᠠᠨ ᠳᠠᠬᠢ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠢ ᠵᠤᠬᠢᠶᠠᠨ ᠪᠠᠶᠢᠭᠤᠯᠵᠤ᠂ ᠰᠤᠮᠤ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠬᠠᠮᠢᠶ᠎ᠠ ᠪᠦᠬᠦᠢ ᠴᠢᠬᠤᠯᠡ ᠠᠵᠢᠯᠯᠠᠭ᠎ᠠ ᠳᠤ ᠤᠷᠤᠯᠴᠠᠭᠤᠯᠬᠤ ᠬᠡᠷᠡᠭᠲᠡᠢ᠃ ᠦᠨᠳᠦᠰᠦᠲᠡᠨ ᠱᠠᠰᠢᠨ ᠰᠤᠷᠲᠠᠬᠤᠨ ᠤ ᠬᠢᠨ ᠲᠠᠢ ᠬᠠᠷᠢᠯᠴᠠᠬᠤ ᠠᠯᠪᠠᠨ ᠭᠡᠷ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠴᠦᠭᠡᠨ ᠲᠤᠭᠠᠲᠤ ᠦᠨᠳᠦᠰᠦᠲᠡᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠠ ᠱᠠᠰᠢᠨ ᠰᠤᠷᠲᠠᠬᠤᠨ ᠤ ᠬᠢᠨ ᠤ ᠬᠠᠷᠢᠶᠠᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠢ ᠬᠠᠯᠠᠮᠵᠢᠯᠠᠨ᠎ᠠ᠃ ᠬᠡᠰᠢᠭᠦᠳ ᠤᠨ ᠠᠵᠢᠯᠯᠠᠭᠠᠨ ᠤ ᠲᠤᠭᠤᠶᠢᠯᠡᠩ ᠤᠨ ᠠᠵᠢᠯ ᠢ ᠠᠳᠬᠤᠵᠤ᠂ ᠵᠢᠭᠠᠨ ᠵᠢᠯᠤᠭᠤᠳᠬᠤ ᠪᠠ ᠱᠠᠯᠠᠪᠲᠠᠨ ᠱᠠᠭᠠᠷᠳᠠᠬᠤ ᠶᠢ ᠴᠢᠩᠭᠠᠳᠬᠠᠨ᠎ᠠ᠃ ᠰᠤᠶᠤᠯ ᠲᠡᠤᠬᠡᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠤ ᠨᠠᠶᠢᠷᠠᠭᠤᠯᠤᠨ ᠬᠡᠪᠯᠡᠭᠦᠯᠬᠦ ᠠᠵᠢᠯ ᠢ ᠠᠳᠬᠤᠵᠤ᠂ ᠰᠤᠶᠤᠯ ᠲᠡᠤᠬᠡᠨ ᠮᠠᠲ᠋ᠧᠷᠢᠶᠠᠯ ᠤᠨ ᠤᠯᠤᠰ ᠲᠦᠷᠦ ᠶᠢᠨ ᠵᠦᠪᠯᠡᠯᠭᠡᠨ ᠤ ᠡᠭᠦᠷᠭᠡ ᠴᠢᠳᠠᠪᠬᠢ ᠪᠠᠨ ᠬᠦᠢᠴᠡᠳᠬᠡᠬᠦ ᠶᠠᠪᠤᠴᠠ ᠳᠠᠬᠢ ᠲᠡᠤᠬᠡ ᠪᠠᠷ ᠤᠳᠤᠬᠢ ᠶᠢ ᠰᠢᠯᠭᠠᠬᠤ᠂ ᠲᠡᠤᠬᠡᠨ ᠳᠤ ᠬᠠᠳᠠᠭᠠᠯᠠᠵᠤ ᠵᠠᠰᠠᠭ ᠢ ᠲᠡᠮᠵᠢᠬᠦ ᠦᠢᠯᠡᠲᠦᠯ ᠢ ᠪᠠᠳᠠᠷᠠᠭᠤᠯᠤᠨ᠎ᠠ᠃ ᠨᠡᠶᠢᠭᠡᠮ ᠤᠨ ᠡᠯ᠎ᠡ ᠲᠠᠯ᠎ᠠ ᠪᠠ ᠡᠯ᠎ᠡ ᠡᠲᠡᠭᠡᠳ ᠤᠨ ᠬᠢᠨ ᠢ ᠵᠤᠬᠢᠴᠠᠭᠤᠯᠤᠨ᠂ ᠰᠤᠶᠤᠯ ᠲᠡᠤᠬᠡᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠤ ᠨᠠᠶᠢᠷᠠᠭᠤᠯᠤᠨ ᠬᠡᠪᠯᠡᠭᠦᠯᠬᠦ ᠳᠤ ᠬᠠᠪᠰᠤᠷᠤᠯᠭ᠎ᠠ ᠲᠡᠮᠵᠢᠯᠭᠡ ᠦᠵᠡᠭᠦᠯᠵᠤ᠂ ᠰᠤᠶᠤᠯ ᠲᠡᠤᠭᠡ ᠶᠢᠨ ᠲᠤᠰᠬᠠᠢ ᠠᠵᠢᠯ ᠤᠨ ᠴᠢᠳᠠᠪᠤᠷᠢᠲᠠᠳ ᠲᠤ ᠳᠠᠪᠴᠠᠩ ᠬᠠᠩᠭᠠᠨ᠂ ᠢᠲᠡᠪᠬᠢᠲᠠᠢ ᠪᠠᠷ ᠬᠦᠮᠦᠵᠢᠭᠦᠯᠬᠦ ᠪᠠ ᠬᠡᠷᠡᠭᠯᠡᠵᠦ᠂ ᠲᠡᠲᠡᠨ ᠳᠤ ᠤᠬᠢ ᠰᠠᠶᠢᠨ ᠠᠵᠢᠯ ᠤᠨ ᠤᠷᠴᠢᠨ ᠲᠤᠭᠤᠷᠢᠨ ᠬᠠᠩᠭᠠᠨ᠎ᠠ᠃ ᠲᠤᠰ ᠵᠢᠯ ᠳᠤ ᠬᠤᠶᠠᠷ ᠲᠡᠪᠲᠡᠷ ᠰᠤᠶᠤᠯ ᠲᠡᠤᠬᠡᠨ ᠮᠠᠲ᠋ᠧᠷᠢᠶᠠᠯ ᠤᠨ ᠨᠤᠮ ᠪᠠ ︽ᠶᠡᠭᠡ ᠲᠡᠭᠷᠢ ᠶᠢᠨ ᠲᠠᠮᠠᠴᠢ︾ ᠭᠡᠬᠦ ᠵᠢᠷᠤᠭᠲᠤ ᠲᠡᠪᠲᠡᠷ ᠢ ᠨᠠᠶᠢᠷᠠᠭᠤᠯᠤᠨ ᠬᠡᠪᠯᠡᠭᠦᠯᠵᠤ᠂ ︽ᠴᠠᠭᠠᠨ ᠤᠪᠤᠭ᠎ᠠ ᠰᠦᠮ᠎ᠡ — ᠴᠠᠭᠠᠨ ᠭᠡᠭᠡᠨ ᠵᠠᠮᠢᠶᠡᠩᠯᠢᠭᠰᠢᠳᠵᠠᠮᠰᠦ︾ ᠭᠡᠬᠦ ᠨᠤᠮ ᠢ ᠬᠢᠲᠠᠳ ᠬᠡᠯᠡ ᠪᠠᠷ ᠤᠷᠴᠢᠭᠤᠯᠬᠤ ᠠᠵᠢᠯ ᠢ ᠡᠬᠢᠯᠡᠭᠦᠯᠦᠨ᠎ᠡ᠃ ᠤᠯᠤᠰ ᠲᠦᠷᠦ ᠶᠢᠨ ᠵᠦᠪᠯᠡᠯᠭᠡᠨ ᠤ ᠰᠤᠨᠢᠨ ᠮᠡᠳᠡᠭᠡ ᠤᠬᠠᠭᠤᠯᠭ᠎ᠠ ᠶᠢᠨ ᠠᠵᠢᠯ ᠢ ᠠᠳᠬᠤᠵᠤ᠂ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶ᠎ᠠ ᠵᠢᠴᠢ ᠭᠡᠰᠢᠭᠦᠳ ᠤᠨ ᠡᠭᠦᠷᠭᠡ ᠴᠢᠳᠠᠪᠬᠢ ᠪᠠᠨ ᠬᠦᠢᠴᠡᠳᠭᠡᠭᠰᠡᠨ ᠦᠷ᠎ᠡ ᠪᠦᠲᠦᠮᠵᠢ ᠪᠠ ᠵᠢᠱᠢᠶᠡᠴᠢ ᠦᠢᠯᠡ ᠶᠠᠪᠤᠳᠠᠯ ᠢ ᠭᠤᠤᠯᠳᠠᠯᠭ᠎ᠠ ᠲᠠᠢ ᠤᠬᠠᠭᠤᠯᠤᠨ᠂ ᠤᠯᠤᠰ ᠲᠦᠷᠦ ᠶᠢᠨ ᠵᠦᠪᠯᠡᠯᠭᠡᠨ ᠤ ᠰᠤᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠤᠬᠢ ᠰᠠᠶᠢᠨ ᠠᠬᠤᠢ ᠪᠠᠶᠢᠲᠠᠯ ᠢ ᠢᠲᠡᠪᠬᠢᠲᠡᠢ ᠪᠠᠷ ᠴᠤᠭᠴᠠᠯᠠᠨ ᠪᠠᠶᠢᠭᠤᠯᠤᠨ᠎ᠠ᠃ ᠤᠯᠤᠰ ᠲᠦᠷᠦ ᠶᠢᠨ ᠵᠦᠪᠯᠡᠯᠭᠡᠨ ᠤ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠳᠬᠤᠵᠤ᠂ QQ᠂ ᠤᠬᠤᠷ ᠮᠡᠳᠡᠭᠡ᠂ ᠪᠢᠴᠢᠯ ᠪᠦᠷᠭᠡ᠂ ᠡᠯᠧᠺᠲᠷᠤᠨ ᠵᠠᠬᠢᠲᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠢᠭᠡ ᠪᠦᠯᠦᠭ ᠠᠯᠪᠠᠨ ᠮᠠᠲ᠋ᠧᠷᠢᠶᠠᠯ᠂ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠲᠠᠯ ᠠᠷᠠᠳ ᠤᠨ ᠰᠠᠨᠠᠭᠠᠨ ᠤ ᠰᠤᠷᠠᠭ ᠵᠠᠩᠭᠢ᠂ ᠬᠤᠷᠠᠯ ᠤᠨ ᠮᠡᠳᠡᠭᠳᠡᠯ ᠤᠨ ᠡᠯᠧᠺᠲᠷᠤᠨ ᠳᠠᠮᠵᠢᠭᠤᠯᠤᠯᠲᠠ ᠶᠢ ᠪᠡᠶᠡᠯᠡᠭᠦᠯᠵᠤ᠂ ᠴᠠᠭ ᠲᠤᠬᠠᠢ ᠳᠤᠨᠢ ᠬᠡᠰᠢᠭᠦᠳ ᠲᠠᠢ ᠬᠠᠷᠢᠯᠴᠠᠵᠤ᠂ ᠠᠯᠪᠠᠨ ᠠᠵᠢᠯ ᠤᠨ ᠦᠪᠡᠷ ᠤᠨ ᠦᠷᠲᠡᠭ ᠢ ᠪᠠᠭᠤᠷᠠᠭᠤᠯᠤᠨ᠎ᠠ᠃ ᠪᠤᠰᠤᠳ ᠭᠠᠵᠠᠷ ᠤᠨ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠲᠠ ᠲᠠᠢ ᠬᠠᠷᠢᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠰᠢᠨ᠎ᠡ ᠪᠠᠶᠢᠲᠠᠯ ᠲᠤᠤᠷ᠎ᠠ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠰᠠᠶᠢᠲᠤᠷ ᠬᠢᠬᠦ ᠳᠤᠷᠰᠢᠯᠭ᠎ᠠ ᠤᠶᠢᠯᠠᠭᠠᠯᠲᠠ ᠶᠢ ᠬᠠᠮᠲᠤ ᠪᠠᠷ ᠰᠦᠪᠡᠭᠴᠢᠯᠡᠨ᠎ᠡ᠃ ᠤᠯᠤᠰ ᠲᠦᠷᠦ ᠶᠢᠨ ᠵᠦᠪᠯᠡᠯᠭᠡᠨ ᠤ ᠵᠤᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠨᠢᠭᠦᠯᠡᠰᠦᠩᠬᠦᠢ ᠶᠢᠨ ᠵᠤᠬᠢᠶᠠᠨ ᠪᠠᠶᠢᠭᠤᠯᠤᠯᠲᠠ ᠪᠠ ᠬᠠᠯᠠᠭᠤᠨ ᠰᠡᠳᠬᠢᠯᠲᠤ ᠬᠦᠮᠦᠰ ᠲᠠᠢ ᠬᠤᠯᠪᠤᠭ᠎ᠠ ᠪᠠᠶᠢᠭᠤᠯᠵᠤ ᠢᠳᠡᠪᠬᠢᠲᠡᠢ ᠬᠠᠷᠢᠯᠴᠠᠨ᠂ ᠮᠠᠨ ᠤ ᠬᠤᠰᠢᠭᠤᠨ ᠳᠤ ᠢᠷᠡᠭᠦᠯᠵᠤ ᠡᠮᠴᠢᠯᠡᠯᠭᠡ ᠬᠦᠷᠭᠡᠨ ᠰᠤᠷᠭᠠᠨ ᠬᠦᠮᠦᠵᠢᠯ ᠢ ᠲᠡᠮᠵᠢᠬᠦ ᠂ ᠮᠦᠩᠭᠦ ᠬᠠᠨᠳᠢᠪᠯᠡᠵᠤ ᠰᠤᠷᠤᠯᠭ᠎ᠠ ᠶᠢ ᠲᠡᠳᠬᠦᠬᠦ᠂ ᠶᠠᠳᠠᠭᠤ ᠶᠢ ᠲᠡᠳᠬᠦᠵᠤ ᠬᠦᠴᠢᠷᠲᠡᠯ ᠢ ᠠᠷᠭᠠᠴᠠᠭᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠦᠷᠨᠢᠭᠦᠯᠦᠨ᠂ ᠴᠢᠲᠠᠯ ᠤᠨ ᠬᠢᠷᠢ ᠪᠠᠷ ᠢᠶᠠᠨ ᠤᠯᠠᠨ ᠲᠦᠮᠡᠨ ᠳᠤ ᠪᠤᠲᠠᠲᠠᠢ ᠠᠵᠢᠯ ᠬᠢᠵᠤ ᠬᠦᠴᠢᠷᠲᠡᠯᠲᠡᠢ ᠠᠰᠠᠭᠤᠳᠠᠯ ᠢ ᠨᠢ ᠰᠢᠢᠳᠪᠦᠷᠢᠯᠡᠵᠤ ᠦᠭᠭᠦᠨ᠎ᠡ᠃     ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠡᠰᠢᠭᠦᠳ ᠤᠨ ᠬᠠᠮᠢᠶᠡᠷᠤᠯᠲᠠ ᠶᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠤ᠂ ᠬᠡᠰᠢᠭᠦᠳ ᠤᠨ ᠡᠭᠦᠷᠭᠡ ᠴᠢᠳᠠᠪᠬᠢ ᠪᠠᠨ ᠬᠦᠢᠴᠡᠳᠬᠡᠭᠰᠡᠨ ᠪᠠᠶᠢᠲᠠᠯ ᠢ ᠬᠢᠨᠠᠨ ᠰᠢᠯᠭᠠᠬᠤ ᠠᠵᠢᠯ ᠢ ᠨᠠᠷᠢᠯᠢᠭᠵᠢᠭᠤᠯᠵᠤ᠂ ᠬᠡᠰᠢᠭᠦᠳ ᠤᠨ ᠬᠤᠷᠠᠯ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠡ ᠶᠢᠨ ᠠᠵᠢᠯᠯᠠᠭ᠎ᠠ ᠳᠤ ᠤᠷᠤᠯᠴᠠᠬᠤ᠂ ᠰᠠᠨᠠᠯ ᠳᠤᠷᠠᠳᠤᠯᠭ᠎ᠠ ᠪᠢᠴᠢᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠡᠭᠦᠷᠭᠡ ᠴᠢᠳᠠᠪᠬᠢ ᠪᠠᠨ ᠬᠦᠢᠴᠡᠳᠬᠡᠭᠰᠡᠨ ᠪᠠᠶᠢᠲᠠᠯ ᠢ ᠪᠦᠬᠦ ᠲᠠᠯ᠎ᠠ ᠪᠠᠷ ᠬᠢᠨᠠᠨ ᠰᠢᠯᠭᠠᠵᠤ᠂ ᠬᠡᠰᠢᠭᠦᠳ ᠤᠨ ᠡᠭᠦᠷᠭᠡ ᠴᠢᠳᠠᠪᠬᠢ ᠪᠠᠨ ᠬᠦᠢᠴᠡᠳᠬᠡᠭᠰᠡᠨ ᠪᠠᠶᠢᠲᠠᠯ ᠤᠨ ᠲᠤᠬᠠᠢ ᠳᠠᠩᠰᠠ ᠡᠪᠬᠡᠮᠡᠯ ᠢ ᠪᠦᠷᠢᠨᠰᠢᠭᠦᠯᠦᠨ᠂ ᠬᠢᠨᠠᠨ ᠰᠢᠯᠭᠠᠵᠤ ᠰᠠᠶᠢᠰᠢᠶᠠᠨ ᠬᠦᠬᠢᠭᠦᠯᠬᠦ ᠪᠠᠶᠢᠭᠤᠯᠤᠮᠵᠢ ᠶᠢ ᠲᠡᠭᠦᠯᠲᠡᠷᠵᠢᠭᠦᠯᠵᠤ᠂ ᠬᠡᠰᠢᠭᠦᠳ ᠤᠨ ᠠᠵᠢᠯ ᠳᠠᠭᠠᠨ ᠠᠮᠵᠢᠯᠲᠠ ᠭᠠᠷᠭᠠᠵᠤ᠂ ᠤᠯᠤᠰ ᠲᠦᠷᠦ ᠶᠢᠨ ᠵᠦᠪᠯᠡᠯᠭᠡᠨ ᠤ ᠡᠭᠦᠷᠭᠡ ᠴᠢᠳᠠᠪᠬᠢ ᠪᠠᠨ ᠬᠦᠢᠴᠡᠳᠬᠡᠬᠦ ᠶᠠᠪᠤᠴᠠ ᠳᠤ ᠤᠷ᠎ᠠ ᠠᠪᠢᠶᠠᠰ ᠢᠶᠠᠨ ᠪᠠᠳᠠᠷᠠᠭᠤᠯᠬᠤ ᠶᠢ ᠵᠤᠷᠢᠭᠵᠢᠭᠤᠯᠤᠨ᠎ᠠ᠃ ᠭᠡᠰᠢᠭᠦᠳ ᠵᠢᠯ ᠪᠦᠷᠢ ᠪᠤᠯᠭᠠᠨ ᠠᠳᠠᠭ ᠲᠠᠭᠠᠨ ᠨᠢᠭᠡ ᠬᠤᠪᠢ ᠰᠠᠨᠠᠯ ᠳᠤᠷᠠᠳᠤᠯᠭ᠎ᠠ᠂ ᠨᠢᠭᠡ ᠬᠤᠪᠢ ᠨᠡᠶᠢᠭᠡᠮ ᠤᠨ ᠪᠠᠶᠢᠲᠠᠯ ᠠᠷᠠᠳ ᠤᠨ ᠰᠠᠨᠠᠭᠠᠨ ᠤ ᠰᠤᠷᠠᠭ ᠵᠠᠩᠭᠢ ᠲᠡᠪᠰᠢᠭᠦᠯᠬᠦ ᠬᠡᠷᠡᠭᠲᠡᠢ ᠃ ᠪᠠᠶᠢᠩᠭᠤ ᠶᠢᠨ ᠬᠡᠰᠢᠭᠦᠳ ᠦᠯᠢᠭᠡᠷ ᠳᠠᠭᠤᠷᠢᠶᠠᠯ ᠤᠨ ᠦᠢᠯᠡᠲᠦᠯ ᠢ ᠬᠦᠢᠴᠡᠳ ᠪᠠᠳᠠᠷᠠᠭᠤᠯᠵᠤ᠂ ᠰᠠᠨᠠᠯ ᠳᠤᠷᠠᠳᠤᠯᠭ᠎ᠠ ᠲᠤᠷᠠᠳᠴᠤ᠂ ᠨᠡᠶᠢᠭᠡᠮ ᠤᠨ ᠪᠠᠶᠢᠲᠠᠯ ᠪᠠ ᠠᠷᠠᠳ ᠤᠨ ᠰᠠᠨᠠᠭ᠎ᠠ ᠶᠢ ᠲᠤᠰᠬᠠᠨ᠂ ᠢᠲᠡᠪᠬᠢᠲᠡᠢ ᠪᠠᠷ ᠪᠠᠶᠢᠴᠠᠭᠠᠨ ᠰᠤᠳᠤᠯᠤᠯᠲᠠ ᠪᠠ ᠲᠤᠭᠤᠷᠢᠨ ᠪᠠᠶᠢᠴᠠᠭᠠᠯᠲᠠ ᠶᠢᠨ ᠠᠵᠢᠯᠯᠠᠭ᠎ᠠ ᠳᠤ ᠤᠷᠤᠯᠴᠠᠬᠤ ᠬᠡᠷᠡᠭᠲᠡᠢ᠃     ᠬᠡᠪ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠲᠦᠪ ᠬᠤᠷᠢᠶᠠᠨ ᠤ ︽ᠨᠠᠢᠮᠠᠨ ᠵᠤᠷᠪᠤᠰ ᠲᠤᠭᠲᠠᠭᠠᠯ︾ ᠵᠢᠴᠢ ᠦᠪᠡᠷᠲᠡᠭᠡᠨ ᠵᠠᠰᠠᠬᠤ ᠤᠷᠤᠨ᠂ ᠠᠶᠢᠮᠠᠭ᠂ ᠬᠤᠰᠢᠭᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠢᠵᠢ ᠪᠦᠷᠢᠯᠳᠦᠭᠰᠡᠨ ᠬᠡᠷᠡᠭᠵᠢᠭᠦᠯᠬᠦ ᠠᠷᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠠᠮᠨᠠᠨ ᠠᠷᠪᠢᠯᠠᠬᠤ ᠶᠢ ᠴᠢᠩᠭᠠᠳᠬᠠᠵᠤ᠂ ᠪᠦᠷᠢᠯᠭᠡᠨ ᠰᠦᠢᠳᠭᠡᠬᠦ ᠶᠢ ᠬᠤᠷᠢᠭᠯᠠᠬᠤ ᠲᠤᠭᠲᠠᠭᠠᠯ︾᠂ ︽ᠠᠷᠢᠭᠤᠨ ᠴᠢᠭᠡᠴᠢ ᠪᠠᠷ ᠵᠠᠰᠠᠭ ᠪᠠᠷᠢᠬᠤ ᠲᠦᠷᠢᠮ︾ ᠢ ᠰᠠᠶᠢᠲᠤᠷ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠰᠠᠬᠢᠯᠭ᠎ᠠ ᠪᠠᠲᠤ ᠶᠢ ᠵᠢᠷᠤᠮᠯᠠᠨ ᠤᠯᠤᠰ ᠲᠦᠷᠦ ᠶᠢᠨ ᠵᠦᠪᠯᠡᠯᠭᠡᠨ ᠤ ᠠᠯᠪᠠᠨ ᠵᠠᠷᠤᠳᠠᠯ ᠢ ᠢᠯᠡ ᠪᠤᠯᠭᠠᠨ᠎ᠠ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠲᠦᠯᠭᠡ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠦᠨ᠂ ᠤᠯᠤᠰ ᠲᠦᠷᠦ ᠶᠢᠨ ᠵᠦᠪᠯᠡᠯᠭᠡᠨ ᠤ ᠪᠠᠶᠢᠭᠤᠯᠭ᠎ᠠ ᠶᠢᠨ ᠠᠵᠢᠯ ᠳᠤ ᠤᠷᠤᠰᠢᠵᠤ ᠪᠠᠶᠢᠭ᠎ᠠ ᠠᠰᠠᠭᠤᠲᠠᠯ ᠢ ᠡᠷᠢᠨ ᠭᠠᠷᠭᠠᠵᠦ᠂ ᠬᠢᠨᠠᠮᠠᠭᠠᠢ ᠪᠠᠷ ᠰᠢᠭᠦᠮᠵᠢᠯᠡᠯ ᠪᠠ ᠦᠪᠡᠷ ᠤᠨ ᠰᠢᠭᠦᠮᠵᠢᠯᠡᠯ ᠢ ᠦᠷᠨᠢᠭᠦᠯᠵᠤ᠂ ᠬᠡᠰᠢᠭᠦᠳ ᠢ ᠵᠤᠬᠢᠶᠠᠨ ᠪᠠᠶᠢᠭᠤᠯᠤᠨ ᠤᠯᠠᠨ ᠲᠦᠮᠡᠨ ᠤ ᠳᠤᠮᠲᠠ ᠬᠦᠨᠵᠡᠬᠡᠶᠢᠷᠡᠵᠤ᠂ ᠠᠷᠠᠳ ᠤᠨ ᠪᠠᠶᠢᠲᠠᠯ ᠢ ᠰᠤᠷᠪᠤᠯᠵᠢᠯᠠᠨ᠂ ᠪᠤᠲᠠᠲᠠᠢ ᠠᠵᠢᠯ ᠬᠢᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠵᠦᠷᠢᠴᠡᠯ ᠢ ᠨᠠᠮᠳᠠᠭᠤᠯᠵᠤ᠂ ᠬᠦᠴᠢᠷᠳᠡᠯ ᠢ ᠰᠢᠢᠳᠪᠦᠷᠢᠯᠡᠨ᠂ ᠲᠡᠭᠡᠲᠤ ᠱᠠᠳᠤᠨ ᠤ ᠪᠠᠶᠢᠲᠠᠯ ᠢ ᠤᠯᠠᠮᠵᠢᠯᠠᠬᠤ ︽ᠤᠬᠠᠭᠤᠯᠤᠭᠴᠢ︾᠂ ᠦᠨᠳᠦᠰᠦᠨ ᠱᠠᠲᠤᠨ ᠤ ᠪᠠᠶᠢᠲᠠᠯ ᠢ ᠲᠤᠰᠬᠠᠬᠤ ︽ᠬᠤᠯᠪᠤᠭᠠᠴᠢᠨ︾᠂ ᠠᠮᠤᠷ ᠲᠤᠭᠲᠠᠭᠤᠨ ᠢ ᠬᠠᠮᠠᠭᠠᠯᠠᠬᠤ ︽ᠡᠶᠡᠲᠡᠭᠦᠯᠦᠭᠴᠢ︾ ᠪᠤᠯᠵᠤ᠂ ᠪᠠᠶᠢᠭᠤᠯᠭ᠎ᠠ ᠶᠢᠨ ᠦᠵᠡᠯ ᠰᠠᠨᠠᠭ᠎ᠠ᠂ ᠵᠤᠬᠢᠶᠠᠨ ᠪᠠᠶᠢᠭᠤᠯᠤᠯᠲᠠ᠂ ᠬᠡᠪ ᠰᠤᠷᠲᠠᠯ᠂ ᠲᠦᠷᠢᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠤᠨ ᠬᠢᠷᠢ ᠳᠦᠪᠰᠢᠨ ᠢ ᠲᠡᠭᠡᠭᠰᠢᠯᠡᠭᠦᠯᠦᠨ᠂ ᠮᠠᠨ ᠤ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠤᠨ ᠬᠦᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃      ᠬᠡᠰᠢᠭᠦᠳ ᠡ᠂ ᠰᠢᠨ᠎ᠡ ᠪᠠᠶᠢᠳᠠᠯ ᠤᠷᠤᠭᠰᠢᠯᠠᠯᠲᠠ ᠶᠢ ᠱᠠᠯᠠᠪᠳᠠᠭᠤᠯᠵᠤ᠂ ᠰᠢᠨ᠎ᠡ ᠡᠭᠦᠷᠭᠡ ᠬᠦᠮᠦᠰ ᠤᠨ ᠰᠡᠳᠬᠢᠯ ᠢ ᠤᠷᠠᠮᠰᠢᠭᠤᠯᠵᠤ ᠪᠠᠶᠢᠨ᠎ᠠ᠃ ᠰᠢᠨ᠎ᠡ ᠠᠶᠠᠨ ᠤ ᠡᠭᠦᠷᠭᠡ ᠬᠦᠨᠳᠦ ᠵᠠᠮ ᠬᠤᠯᠠ ᠶᠤᠮ᠃ ᠪᠢᠳᠠ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠵᠢᠯᠤᠭᠤᠳᠤᠯᠭ᠎ᠠ ᠪᠠ ᠬᠤᠰᠢᠭᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠲᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠲᠡᠭᠡᠯ ᠲᠡᠭᠦᠯᠲᠡᠷ ᠤᠯᠤᠰ ᠲᠦᠷᠦ ᠶᠢᠨ ᠰᠡᠳᠬᠢᠯᠭᠡ ᠪᠠᠷ᠂ ᠴᠤᠭ ᠪᠠᠳᠠᠷᠠᠩᠭᠤᠢ ᠤᠷᠮ᠎ᠠ ᠵᠤᠷᠢᠭ ᠢᠶᠠᠷ᠂ ᠦᠨᠡᠨ ᠪᠤᠲᠠᠲᠠᠢ ᠠᠵᠢᠯ ᠤᠨ ᠰᠤᠷᠲᠠᠯ ᠢᠶᠠᠷ᠂ ᠨᠢᠭᠡ ᠰᠡᠳᠬᠢᠯ ᠨᠢᠭᠡ ᠵᠤᠷᠢᠭ ᠢᠶᠠᠷ ᠬᠠᠮᠲᠤᠪᠠᠷ ᠬᠦᠴᠦᠯᠡᠨ᠂ ᠤᠯᠤᠰ ᠲᠦᠷᠦ ᠶᠢᠨ ᠵᠦᠪᠯᠡᠯᠭᠡᠨ ᠤ ᠰᠢᠨ᠎ᠡ ᠪᠠᠶᠢᠲᠠᠯ ᠢ ᠳᠠᠰᠤᠷᠠᠯᠲᠠ ᠦᠬᠡᠢ ᠪᠤᠢ ᠪᠤᠯᠠᠭᠠᠵᠤ᠂ ᠴᠡᠴᠡᠭᠯᠡᠨ ᠬᠦᠭᠵᠢᠭᠰᠡᠨ᠂ ᠪᠠᠶᠠᠨ ᠴᠢᠨᠠᠭᠡᠯᠢᠭ᠂ ᠡᠶ᠎ᠡ ᠨᠠᠶᠢᠷᠠᠮᠳᠠᠭᠤ᠂ ᠦᠵᠡᠰᠭᠦᠯᠡᠩᠲᠤ ᠰᠠᠶᠢᠬᠠᠨ ᠰᠦᠨᠢᠳ ᠵᠡᠬᠦᠨ ᠬᠤᠰᠢᠭᠤ ᠶᠢ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠰᠦᠭᠡᠢ︕
 
ᠢᠷᠡᠯᠲᠡ᠄ ᠬᠤᠰᠢᠭᠤ ᠤᠯᠤᠰ ᠲᠦᠷᠦ ᠶᠢᠨ ᠵᠦᠪᠯᠡᠯᠬᠡᠨ‌‍ᠤ ᠠᠯᠪᠠᠨ ᠬᠡᠷ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号