ᠰᠦᠨᠢᠳ ᠵᠡᠬᠦᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ | 2014 ᠣᠨ ᠤ 3 | ᠰᠠᠷ᠎ᠡ ᠶᠢᠨ 4 ᠤ ᠡᠳᠦᠷ | ᠬᠤᠰᠢᠭᠤ ᠠᠷᠪᠡᠨ | ᠲᠦᠷᠪᠡᠳᠦᠭᠡᠷ ᠬᠤᠭᠤᠴᠠᠭᠠᠨ ᠤ | ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ | ᠣᠳᠠᠭᠠᠨ ᠤ ᠬᠤᠷᠠᠯᠳᠦᠭᠠᠨ ᠲᠡᠭᠡᠷ᠎ᠡ | | ᠴᠤᠯᠮᠤᠨ | ᠲᠦᠯᠦᠭᠡᠯᠡᠭᠴᠢᠳ ᠡ᠄ | ᠪᠢ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠨᠠᠶᠢᠳᠠᠯᠭ᠎ᠠ ᠪᠠᠷ ᠶᠡᠭᠡ ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠦᠪᠯᠡᠬᠦ ᠪᠤᠯᠪᠠᠤ᠃ | 2013 ᠤᠨ ᠪᠤᠯ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠲᠤᠰᠢᠶᠠᠯ ᠡᠭᠦᠷᠭᠡᠯᠡᠭᠰᠡᠨ ᠠᠩᠬᠠᠨ ᠤ ᠵᠢᠯ | ᠮᠦᠨ᠃ ᠮᠦᠨᠴᠦ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠵᠢᠯ ᠲᠤᠪᠤᠶᠢᠮ᠎ᠠ ᠠᠮᠵᠢᠯᠳᠠ ᠤᠯᠤᠭᠰᠠᠨ ᠨᠢᠭᠡ ᠵᠢᠯ ᠮᠦᠨ᠃ ᠨᠢᠭᠡ ᠵᠢᠯ ᠤᠨ ᠲᠤᠷᠰᠢ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤ ᠨᠠᠮ ᠤᠨ ᠬᠤᠷᠢᠶᠠᠨ ᠤ | ᠤᠳᠤᠷᠢᠳᠤᠯᠭ᠎ᠠ ᠪᠤᠯᠤᠨ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ | ᠤᠨ ᠵᠢᠯᠤᠭᠤᠳᠤᠯᠭ᠎ᠠ ᠳᠤᠤᠷ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ | ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠤᠱᠯᠠᠭᠤᠯᠵᠦ᠂ ᠦᠪᠡᠷᠳᠡᠭᠡᠨ ᠵᠠᠰᠠᠬᠤ ᠤᠷᠤᠨ ᠤ ︽ | 8337︾ ᠬᠦᠭᠵᠢᠯᠳᠡ ᠶᠢᠨ ᠰᠡᠳᠬᠢᠴᠡ ᠶᠢ ᠲᠤᠤᠱᠯᠠᠭᠤᠯᠤᠨ ᠬᠦᠢᠴᠡᠳᠭᠡᠬᠦ ᠲᠤᠭᠤᠷᠢᠨ ᠳᠤ᠂ ᠦᠨᠳᠦᠰᠦᠨ | ᠬᠠᠤᠯᠢ ᠪᠠ ᠬᠠᠤᠯᠢ ᠴᠠᠭᠠᠵᠠ ᠠᠴᠠ ᠤᠯᠭᠤᠭᠰᠠᠨ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠬᠦᠢᠴᠡᠳᠭᠡᠵᠦ᠂ ︽ᠨᠢᠭᠡ ᠤᠷᠳᠤᠨ ᠬᠤᠶᠠᠷ ᠬᠤᠷᠢᠶ᠎ᠠ︾ ᠶᠢᠨ ᠡᠯ᠎ᠡ ᠲᠦᠷᠦᠯ ᠤᠨ ᠠᠵᠢᠯ ᠢ ᠲᠠᠮᠵᠢᠨ ᠠᠬᠢᠭᠤᠯᠵᠦ᠂ | ᠰᠢᠨ᠎ᠡ ᠨᠢᠭᠡ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠬᠢ ᠰᠠᠶᠢᠨ | ᠡᠬᠢᠯᠡᠯᠳᠡ ᠶᠢ ᠪᠤᠢ ᠪᠤᠯᠭᠠᠪᠠ᠃ | ᠨᠢᠬᠡ᠂ ᠪᠦᠬᠦ ᠬᠤᠰᠢᠭᠤᠨ ᠤ ᠭᠤᠤᠯ ᠠᠵᠢᠯ ᠤᠨ ᠲᠤᠭᠤᠷᠢᠨ ᠳᠤ᠂ ᠠᠵᠦ ᠠᠬᠤᠢ ᠶᠢᠨ ᠠᠵᠢᠯ ᠳᠠᠬᠢ | ᠬᠢᠨᠠᠯᠳᠠ ᠪᠠᠨ ᠴᠢᠩᠭᠠᠳᠬᠠᠪᠠ᠃ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤ | ᠨᠠᠮ ᠤᠨ ᠬᠤᠷᠢᠶᠠᠨ ᠤ ᠭᠤᠤᠯ ᠠᠵᠢᠯ ᠤᠨ ᠲᠤᠭᠤᠷᠢᠨ ᠳᠤ᠂ ᠬᠦᠨᠳᠦ ᠴᠢᠬᠤᠯᠠ ᠬᠡᠷᠡᠭ ᠶᠠᠪᠤᠳᠠᠯ ᠢ ᠨᠠᠮ ᠤᠨ | ᠬᠤᠷᠢᠶ᠎ᠠ ᠠᠴᠠ ᠵᠢᠭᠠᠪᠤᠷᠢ ᠠᠪᠬᠤ ᠲᠦᠷᠢᠮ ᠢ ᠪᠠᠷᠢᠮᠳᠠᠯᠠᠵᠦ᠂ ᠨᠠᠷᠢᠨ ᠬᠢᠨᠠᠮᠠᠭᠠᠢ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢᠶᠠᠨ ᠰᠠᠶᠢᠳᠤᠷ ᠬᠢᠬᠦ ᠶᠢᠨ ᠬᠠᠮᠳᠤ᠂ | ᠪᠦᠬᠦ ᠬᠤᠰᠢᠭᠤᠨ ᠤ ᠠᠵᠦ ᠠᠬᠤᠢ ᠶᠢᠨ ᠪᠦᠳᠦᠭᠡᠨ ᠪᠠᠶᠢᠭᠤᠯᠤᠯᠳᠠ ᠳᠤ ᠤᠬᠠᠮᠰᠠᠷ ᠠᠴᠠ ᠪᠠᠨ ᠦᠢᠯᠡᠴᠢᠯᠡᠵᠦ᠂ | ᠪᠦᠬᠦ ᠬᠤᠰᠢᠭᠤᠨ ᠤ ᠭᠤᠤᠯ ᠠᠵᠢᠯ ᠪᠤᠯᠤᠨ ᠠᠷᠠᠳ ᠲᠦᠮᠡᠨ ᠤ ᠬᠠᠯᠠᠮᠵᠢᠯᠠᠵᠦ ᠪᠠᠶᠢᠭ᠎ᠠ ᠭᠤᠤᠯᠳᠠᠯᠭ᠎ᠠ ᠲᠠᠢ | ᠬᠦᠴᠢᠷᠳᠡᠯᠳᠡᠢ ᠠᠰᠠᠭᠤᠳᠠᠯ ᠤᠨ ᠲᠠᠯ᠎ᠠ ᠪᠠᠷ ᠮᠡᠳᠡᠭᠦᠯᠦᠯᠳᠡ ᠰᠤᠨᠤᠰᠬᠤ᠂ ᠲᠤᠭᠤᠷᠢᠨ ᠪᠠᠶᠢᠴᠠᠭᠠᠯᠳᠠ ᠶᠢ ᠵᠤᠬᠢᠶᠠᠨ | ᠪᠠᠶᠢᠭᠤᠯᠬᠤ᠂ ᠪᠠᠶᠢᠴᠠᠭᠠᠨ ᠰᠤᠳᠤᠯᠤᠯᠳᠠ ᠬᠢᠬᠦ ᠵᠡᠷᠭᠡ ᠬᠡᠯᠪᠡᠷᠢ ᠪᠠᠷ ᠬᠤᠰᠢᠭᠤ ᠵᠠᠰᠠᠭ ᠤᠨ ᠤᠷᠳᠤᠨ ᠤ ᠡᠯ᠎ᠡ | ᠲᠦᠷᠦᠯ ᠤᠨ ᠠᠵᠢᠯ ᠳᠤ ᠬᠢᠨᠠᠯᠳᠠ ᠲᠠᠯᠪᠢᠬᠤ ᠪᠠᠨ ᠦᠨᠡᠨᠬᠦ ᠴᠢᠩᠭᠠᠳᠬᠠᠵᠦ᠂ ᠪᠦᠬᠦ ᠬᠤᠰᠢᠭᠤᠨ ᠤ ᠠᠵᠦ ᠠᠬᠤᠢ | ᠨᠡᠶᠢᠭᠡᠮ ᠤᠨ ᠬᠦᠭᠵᠢᠯᠳᠡ ᠶᠢ ᠲᠦᠯᠬᠢᠨ ᠠᠬᠢᠭᠤᠯᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ︽ᠲᠤᠮᠤ ᠶᠠᠪᠤᠳᠠᠯ ᠢ ᠠᠳᠬᠤᠵᠦ᠂ ᠶᠡᠭᠡ ᠤᠴᠢᠷ ᠢ ᠵᠦᠪᠯᠡᠬᠦ︾ ᠠᠵᠢᠯ ᠤᠨ ᠤᠨᠴᠠᠯᠢᠭ ᠢ ᠤᠯᠠᠮ | ᠰᠠᠶᠢᠨ ᠲᠤᠪᠤᠶᠢᠯᠭᠠᠵᠦ᠂ ᠬᠢᠨᠠᠯᠳᠠ ᠲᠠᠯᠪᠢᠬᠤ ᠠᠵᠢᠯ ᠤᠨ ᠭᠤᠤᠯᠳᠠᠯᠭ᠎ᠠ ᠶᠢ ᠠᠳᠬᠤᠨ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠦᠭᠵᠢᠯᠳᠡ ᠲᠤᠮᠳᠠᠬᠢ ᠭᠤᠤᠯᠳᠠᠯᠭ᠎ᠠ ᠲᠠᠢ ᠠᠵᠢᠯ ᠪᠠ ᠵᠠᠩᠬᠢᠯᠭ᠎ᠠ ᠶᠢᠨ ᠠᠰᠠᠭᠤᠳᠠᠯ ᠳᠤ | ᠲᠤᠰᠬᠠᠢ ᠬᠢᠨᠠᠯᠳᠠ ᠲᠠᠯᠪᠢᠬᠤ ᠪᠠᠨ ᠴᠢᠩᠭᠠᠳᠬᠠᠪᠠ᠃ ᠨᠢᠭᠡ ᠵᠢᠯ ᠤᠨ ᠲᠤᠷᠰᠢ᠂ ᠪᠠᠶᠢᠩᠭᠤ ᠶᠢᠨ ᠬᠤᠷᠢᠶᠠᠨ ᠤ ᠨᠠᠮ | ᠤᠨ ᠲᠤᠭᠤᠶᠢᠯᠠᠩ ᠤᠨ ᠬᠤᠷᠠᠯ 7 ᠤᠳᠠᠭ᠎ᠠ᠂ ᠪᠠᠶᠢᠩᠭᠤ ᠶᠢᠨ ᠭᠡᠰᠢᠬᠦᠳ ᠤᠨ ᠬᠤᠷᠠᠯ 7 ᠤᠳᠠᠭ᠎ᠠ᠂ ᠡᠷᠬᠢᠯᠡᠭᠴᠢᠳ | ᠤᠨ ᠬᠤᠷᠠᠯ 15 ᠤᠳᠠᠭ᠎ᠠ ᠬᠤᠷᠠᠯᠳᠤᠭᠤᠯᠪᠠ᠃ ᠪᠠᠶᠢᠩᠭᠤ ᠶᠢᠨ ᠭᠡᠰᠢᠬᠦᠳ ᠤᠨ ᠬᠤᠷᠠᠯ ᠢᠶᠠᠷ ᠬᠤᠰᠢᠭᠤ ᠠᠷᠠᠳ | ᠤᠨ ᠵᠠᠰᠠᠭ ᠤᠨ ᠤᠷᠳᠤᠨ ᠤ 2012 ᠤᠨ ᠤ ᠭᠠᠵᠠᠷ ᠤᠷᠤᠨ ᠤ ᠡᠳ᠋ ᠤᠨ ᠵᠠᠰᠠᠭ ᠤᠨ ᠲᠦᠰᠦᠪ ᠢ | ᠬᠡᠷᠡᠭᠵᠢᠬᠦᠯᠦᠭᠰᠡᠨ ᠪᠠ ᠪᠤᠰᠤᠳ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠤᠨ ᠲᠤᠬᠠᠢ ᠬᠢᠨᠠᠨ | ᠪᠤᠳᠤᠯᠳᠠ ᠶᠢᠨ ᠠᠵᠢᠯ ᠤᠨ ᠮᠡᠳᠡᠭᠦᠯᠦᠯᠳᠡ᠂ 2013 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠭᠡᠮ | ᠤᠨ ᠬᠦᠭᠵᠢᠯᠳᠡ ᠶᠢᠨ ᠲᠦᠯᠦᠪᠵᠢᠭᠦᠯᠭᠡ ᠶᠢ ᠬᠡᠷᠡᠭᠵᠢᠬᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ 2013 | ᠤᠨ ᠤ ᠡᠳ᠋ ᠤᠨ ᠵᠠᠰᠠᠭ ᠤᠨ ᠲᠦᠰᠦᠪ ᠤᠨ ᠬᠡᠷᠡᠭᠵᠢᠬᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ᠂ | ᠲᠦᠯᠦᠭᠡᠯᠡᠭᠴᠢᠳ ᠤᠨ ᠰᠠᠨᠠᠯ ᠲᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠵᠡᠷᠭᠡ 4 | ᠮᠡᠳᠡᠭᠦᠯᠦᠯᠳᠡ ᠶᠢ ᠰᠤᠨᠤᠰᠴᠦ ᠬᠢᠨᠠᠨ ᠵᠦᠪᠯᠡᠪᠡ᠃ ᠬᠤᠰᠢᠭᠤ ᠠᠷᠠᠳ ᠤᠨ ᠵᠠᠰᠠᠭ ᠤᠨ ᠤᠷᠳᠤᠨ ᠤ ᠪᠦᠷᠢᠯᠳᠦᠬᠦᠨ | ᠰᠠᠯᠠᠭ᠎ᠠ ᠮᠦᠴᠢᠷ ᠤᠨ 2 ᠨᠡᠷᠡᠰ ᠬᠠᠷᠢᠭᠤᠴᠠᠯᠭᠠᠳᠠᠨ ᠤ ᠲᠤᠰᠢᠶᠠᠯ ᠢᠶᠠᠨ ᠲᠤᠭᠠᠴᠢᠭᠰᠠᠨ ᠮᠡᠳᠡᠭᠦᠯᠦᠯᠳᠡ ᠶᠢ | ᠰᠤᠨᠤᠰᠬᠤ ᠶᠢᠨ ᠬᠠᠮᠳᠦ ᠦᠨᠡᠯᠡᠯᠳᠡ ᠬᠢᠪᠡ᠃ ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠬᠢᠷᠢ ᠭᠡᠮ ᠢ ᠬᠢᠨᠠᠨ ᠪᠠᠶᠢᠴᠠᠭᠠᠬᠤ ᠺᠤᠮᠢᠰ ᠤᠨ | ᠪᠦᠷᠢᠯᠳᠦᠭᠦᠨ ᠢ ᠬᠢᠨᠠᠨ ᠵᠦᠪᠯᠡᠵᠦ ᠪᠠᠳᠤᠯᠠᠪᠠ᠃ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ︽ᠪᠦᠬᠦ | ᠬᠤᠰᠢᠭᠤᠨ ᠤ ᠲᠤᠰᠢᠶᠠᠯ ᠤᠨ ᠶᠠᠯᠠᠳᠤ ᠬᠡᠷᠡᠭ ᠢ ᠤᠷᠢᠳᠴᠢᠯᠡᠨ ᠰᠡᠷᠭᠡᠶᠢᠯᠡᠬᠦ ᠠᠵᠢᠯ ᠢ ᠴᠢᠩᠭᠠᠳᠬᠠᠬᠤ ᠲᠤᠬᠠᠢ ᠰᠠᠨᠠᠯ | ︾ ᠢ ᠬᠢᠨᠠᠨ ᠵᠦᠪᠯᠡᠵᠦ ᠪᠠᠳᠤᠯᠠᠪᠠ᠃ ᠡᠷᠬᠢᠯᠡᠭᠴᠢᠳ ᠤᠨ ᠬᠤᠷᠠᠯ ᠢᠶᠠᠷ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠭ᠎ᠠ ᠶᠢᠨ ᠠᠵᠢᠯ ᠤᠨ ᠶᠠᠪᠤᠭᠳᠠᠵᠦ ᠪᠠᠶᠢᠭ᠎ᠠ ᠪᠠᠶᠢᠳᠠᠯ᠂ ᠦᠨᠳᠦᠰᠦᠳᠡᠨ ᠱᠠᠰᠢᠨ ᠰᠤᠷᠳᠠᠬᠤᠨ ᠤ | ᠠᠵᠢᠯ ᠤᠨ ᠶᠠᠪᠤᠭᠳᠠᠵᠦ ᠪᠠᠶᠢᠭ᠎ᠠ ᠪᠠᠶᠢᠳᠠᠯ ᠵᠡᠷᠭᠡ 2 ᠮᠡᠳᠡᠭᠦᠯᠦᠯᠳᠡ ᠶᠢ ᠰᠤᠨᠤᠰᠴᠦ ᠬᠢᠨᠠᠨ ᠵᠦᠪᠯᠡᠪᠡ᠃ ᠲᠠᠯ᠎ᠠ | ᠨᠤᠳᠤᠭ ᠤᠨ ᠠᠮᠢ ᠠᠬᠤᠢ ᠶᠢᠨ ᠱᠠᠩᠨᠠᠨ ᠨᠦᠬᠦᠪᠦᠷᠢᠯᠡᠬᠦ ᠲᠦᠷᠢᠮ᠂ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ | ᠪᠠ ᠬᠤᠳᠠ ᠤᠷᠤᠭᠰᠠᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠰᠤᠷᠭᠠᠭᠤᠯᠢ ᠶᠢᠨ | ᠬᠠᠮᠢᠶᠠᠷᠤᠯᠳᠠ᠂ ᠠᠵᠢᠯ ᠤᠯᠭᠤᠬᠤ ᠵᠡᠷᠭᠡ ᠲᠠᠯ᠎ᠠ ᠪᠠᠷ 4 ᠲᠦᠷᠦᠯ ᠤᠨ ᠪᠠᠶᠢᠴᠠᠭᠠᠨ ᠰᠤᠳᠤᠯᠤᠯᠳᠠ ᠬᠢᠪᠡ᠃ ᠡᠭᠦᠨ | ᠤ ᠬᠠᠮᠳᠦ ᠲᠡᠭᠡᠳᠦ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠠᠢ ᠬᠠᠮᠵᠢᠯᠴᠠᠨ᠂ ᠲᠠᠯ᠎ᠠ | ᠨᠤᠳᠤᠭ ᠤᠨ ᠠᠮᠢ ᠠᠬᠤᠢ ᠪᠠ ᠮᠠᠯᠵᠢᠬᠤ ᠦᠢᠯᠡᠳᠪᠦᠷᠢᠯᠠᠯ ᠤᠨ ᠦᠷ᠎ᠡ ᠠᠰᠢᠭ ᠤᠨ ᠲᠤᠬᠠᠢ ᠪᠠᠶᠢᠴᠠᠭᠠᠨ | ᠰᠤᠳᠤᠯᠤᠯᠳᠠ ᠶᠢᠨ ᠠᠵᠢᠯ ᠢ ᠨᠠᠷᠢᠨ ᠬᠢᠨᠠᠮᠠᠭᠠᠢ ᠦᠷᠨᠢᠭᠦᠯᠪᠡ᠃ ᠪᠠᠶᠢᠩᠭᠤ ᠶᠢᠨ ᠬᠤᠷᠢᠶᠠᠨ ᠠᠴᠠ ᠡᠯ᠎ᠡ ᠲᠦᠷᠦᠯ | ᠤᠨ ᠲᠤᠰᠬᠠᠢ ᠮᠡᠳᠡᠭᠦᠯᠦᠯᠳᠡ ᠶᠢ ᠰᠤᠨᠤᠰᠴᠦ ᠬᠢᠨᠠᠨ ᠵᠦᠪᠯᠡᠭᠰᠡᠨ ᠤ ᠲᠠᠷᠠᠭ᠎ᠠ ︽ᠨᠢᠭᠡ ᠤᠷᠳᠤᠨ ᠬᠤᠶᠠᠷ ᠬᠤᠷᠢᠶ᠎ᠠ︾ | ᠳᠤ ᠵᠤᠬᠢᠰᠳᠠᠢ ᠬᠢᠨᠠᠨ ᠵᠦᠪᠯᠡᠭᠰᠡᠨ ᠰᠠᠨᠠᠯ ᠲᠤᠷᠠᠳᠴᠦ ᠨᠠᠶᠢᠳᠠᠪᠦᠷᠢᠵᠢᠭᠤᠯᠬᠤ ᠶᠢ ᠱᠠᠭᠠᠷᠳᠠᠨ᠂ ︽ᠨᠢᠭᠡ ᠤᠷᠳᠤᠨ | ᠬᠤᠶᠠᠷ ᠬᠤᠷᠢᠶᠠᠨ︾ ᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠢᠯ ᠢᠶᠠᠨ ᠬᠠᠯᠠᠨ ᠰᠠᠶᠢᠵᠢᠷᠠᠭᠤᠯᠬᠤ ᠶᠢ | ᠠᠬᠢᠭᠤᠯᠪᠠ᠃ | ᠬᠤᠶᠠᠷ᠂ ᠭᠤᠤᠯᠳᠠᠯᠭ᠎ᠠ ᠶᠢ ᠠᠳᠬᠤᠵᠦ᠂ ᠬᠠᠤᠯᠢ ᠴᠠᠭᠠᠵᠠ ᠶᠢᠨ ᠬᠢᠨᠠᠯᠳᠠ ᠪᠠᠨ ᠴᠢᠩᠭᠠᠳᠬᠠᠪᠠ᠃ | ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠠᠵᠢᠯ ᠢᠶᠠᠨ ᠦᠨᠡᠨᠬᠦ ᠴᠢᠩᠭᠠᠳᠬᠠᠵᠦ᠂ ᠬᠠᠤᠯᠢ | ᠶᠤᠰᠤᠭᠠᠷ ᠬᠤᠰᠢᠭᠤ ᠪᠠᠨ ᠵᠠᠰᠠᠬᠤ ᠠᠬᠢᠴᠠ ᠶᠢ ᠪᠠᠳᠤᠳᠠᠢ ᠲᠦᠯᠬᠢᠨ ᠠᠬᠢᠭᠤᠯᠪᠠ᠃ ᠪᠠᠶᠢᠩᠭᠤ ᠶᠢᠨ ᠬᠤᠷᠢᠶ᠎ᠠ ᠠᠴᠠ | ᠬᠤᠰᠢᠭᠤ ᠠᠷᠠᠳ ᠤᠨ ᠰᠢᠬᠦᠬᠦ ᠬᠤᠷᠢᠶᠠᠨ ᠤ ᠢᠷᠭᠡᠨ ᠤ ᠬᠡᠷᠡᠭ ᠤᠨ ᠰᠢᠬᠦᠨ ᠲᠠᠰᠤᠯᠤᠯᠳᠠ ᠶᠢᠨ ᠠᠵᠢᠯ ᠤᠨ | ᠮᠡᠳᠡᠭᠦᠯᠦᠯᠳᠡ ᠪᠠ ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠲᠤᠰᠢᠶᠠᠯ ᠢᠶᠠᠨ ᠭᠤᠳᠤᠭᠠᠭᠰᠠᠨ ᠶᠠᠯ᠎ᠠ ᠶᠢ | ᠲᠠᠩᠨᠠᠨ ᠪᠠᠶᠢᠴᠠᠭᠠᠬᠤ ᠠᠵᠢᠯ ᠤᠨ ᠮᠡᠳᠡᠭᠦᠯᠦᠯᠳᠡ ᠵᠡᠷᠭᠡ 2 ᠮᠡᠳᠡᠭᠦᠯᠦᠯᠳᠡ ᠶᠢ ᠰᠤᠨᠤᠰᠴᠦ ᠬᠢᠨᠠᠨ ᠵᠦᠪᠯᠡᠵᠦ᠂ ︽ | ᠨᠢᠭᠡ ᠤᠷᠳᠤᠨ ᠬᠤᠶᠠᠷ ᠬᠤᠷᠢᠶ᠎ᠠ︾ ᠶᠢᠨ 2013 ᠤᠨ ᠤ ᠬᠠᠤᠯᠢ ᠬᠡᠷᠡᠭᠵᠢᠬᠦᠯᠦᠯᠳᠡ ᠶᠢᠨ ᠬᠠᠷᠢᠭᠤᠴᠠᠯᠭ᠎ᠠ ᠶᠢᠨ | ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠰᠢᠯᠭᠠᠵᠤ᠂ ᠬᠢᠷᠢ ᠪᠦᠳᠦᠮᠵᠢ ᠲᠤᠪᠤᠶᠢᠮ᠎ᠠ 10 ᠨᠢᠭᠡᠴᠡ | ᠶᠢ ᠱᠠᠩᠨᠠᠨ ᠬᠦᠬᠢᠭᠦᠯᠪᠡ᠃ 2013 ᠤᠨ ᠳᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠨᠤᠳᠤᠭ ᠪᠡᠯᠴᠢᠭᠡᠷ ᠤᠨ ᠬᠠᠤᠯᠢ︾ ᠪᠠ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠮ | ᠬᠠᠷᠢᠯᠴᠠᠭᠠᠨ ᠤ ᠠᠮᠦᠷ ᠲᠦᠪᠰᠢᠨ ᠤ ᠬᠠᠤᠯᠢ︾ ᠵᠡᠷᠭᠡ ᠬᠠᠮᠢᠶ᠎ᠡ ᠪᠦᠬᠦᠢ ᠬᠠᠤᠯᠢ ᠴᠠᠭᠠᠵᠠ ᠬᠠᠤᠯᠢ ᠲᠦᠷᠢᠮ ᠢ | ᠳᠤᠣᠱᠯᠠᠭᠤᠯᠤᠨ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠬᠢᠵᠦ᠂ | ᠪᠠᠶᠢᠩᠭᠤ ᠶᠢᠨ ᠭᠡᠰᠢᠭᠦᠳ ᠤᠨ ᠬᠤᠷᠠᠯ ᠲᠡᠭᠡᠷ᠎ᠡ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢᠨ ᠮᠡᠳᠡᠭᠦᠯᠦᠯᠳᠡ | ᠶᠢ ᠰᠤᠨᠤᠰᠴᠦ ᠬᠢᠨᠠᠨ ᠵᠦᠪᠯᠡᠪᠡ᠃ ᠡᠭᠦᠨ ᠤ ᠬᠠᠮᠳᠦ ᠲᠡᠭᠡᠳᠦ ᠱᠠᠳᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠲᠠᠢ ᠢᠳᠡᠪᠬᠢᠳᠡᠢ ᠬᠠᠮᠵᠢᠯᠴᠠᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠠᠮᠢᠳᠠᠨ ᠤ | ᠬᠢᠵᠢᠭ ᠢ ᠰᠡᠷᠭᠡᠶᠢᠯᠡᠬᠦ ᠬᠠᠤᠯᠢ︾ ᠪᠤᠯᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢᠳᠠᠨ ᠤ | ᠬᠢᠵᠢᠭ ᠢ ᠰᠡᠷᠭᠡᠶᠢᠯᠡᠬᠦ ᠲᠦᠷᠢᠮ︾ ᠢ ᠲᠤᠤᠱᠯᠠᠭᠤᠯᠤᠨ ᠬᠡᠷᠡᠭᠵᠢᠬᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠳᠠ ᠬᠢᠪᠡ᠃ | ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢᠨ ᠲᠤᠮᠳᠠ ᠢᠯᠡᠷᠡᠭᠰᠡᠨ ᠠᠰᠠᠭᠤᠳᠡᠯ ᠢ ᠵᠠᠰᠠᠭ ᠵᠠᠭᠢᠷᠭᠠᠨ ᠤ | ᠬᠠᠦᠯᠢ ᠭᠡᠷᠡᠭᠵᠢᠭᠦᠯᠭᠦ ᠰᠠᠯᠠᠭ᠎ᠠ ᠮᠦᠴᠢᠷ ᠢ ᠱᠠᠯᠠᠪᠳᠡᠨ ᠱᠠᠭᠠᠷᠳᠡᠵᠦ ᠬᠤᠭᠤᠴᠠᠭ᠎ᠠ ᠲᠣᠭᠳᠠᠭᠠᠨ ᠬᠠᠯᠠᠨ | ᠰᠠᠶᠢᠵᠢᠷᠠᠭᠤᠯᠵᠦ᠂ ᠬᠠᠯᠠᠨ ᠰᠠᠶᠢᠵᠢᠷᠠᠭᠤᠯᠣᠭᠰᠠᠨ ᠪᠠᠶᠢᠳᠡᠯ ᠤᠨ ᠲᠣᠬᠠᠢ ᠱᠠᠭᠠᠷᠳᠠᠨ ᠪᠠᠶᠢᠴᠠᠭᠠᠵᠤ᠂ ᠢᠯᠡᠳᠳᠡ | ᠦᠷ᠎ᠡ ᠪᠦᠳᠦᠮᠵᠢ ᠤᠯᠪᠠ᠃ | ᠭᠤᠷᠪᠠ᠂ ᠵᠠᠷᠴᠢᠮ ᠢ ᠪᠠᠷᠢᠮᠳᠠᠯᠠᠵᠦ᠂ ᠺᠠᠳ᠋ᠷ ᠢ ᠳᠤᠮᠢᠯᠠᠵᠦ ᠪᠠᠭᠤᠯᠭᠠᠬᠤ ᠡᠷᠭᠡ ᠪᠠᠨ ᠬᠠᠤᠯᠢ ᠶᠤᠰᠤᠭᠠᠷ | ᠬᠡᠷᠡᠭᠵᠢᠬᠦᠯᠪᠡ᠃ | ᠪᠠᠶᠢᠩᠭᠤ ᠶᠢᠨ ᠬᠤᠷᠢᠶ᠎ᠠ ᠨᠢ ᠨᠠᠮ ᠠᠴᠠ ᠺᠠᠳ᠋ᠷ ᠢ ᠬᠠᠮᠢᠶᠠᠷᠬᠤ ᠪᠠ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠠᠤᠯᠢ ᠶᠤᠰᠤᠭᠠᠷ ᠲᠤᠮᠢᠯᠠᠵᠦ ᠪᠠᠭᠤᠯᠭᠠᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ | ᠪᠠᠷᠢᠮᠳᠠᠯᠠᠵᠦ᠂ ᠨᠠᠮ ᠤᠨ ᠬᠤᠷᠢᠶᠠᠨ ᠤ ᠵᠣᠷᠢᠯᠲᠠ ᠶᠢ ᠲᠣᠣᠱᠠᠯᠠᠭᠤᠯᠵᠦ᠂ ᠠᠷᠠᠳᠴᠢᠯᠠᠯ ᠢ ᠭᠦᠢᠴᠡᠳ ᠪᠠᠳᠠᠷᠠᠭᠤᠯᠣᠨ | ᠂ ᠬᠠᠣᠯᠢ ᠶᠣᠰᠣᠭᠠᠷ ᠠᠵᠢᠯ ᠢᠶᠠᠨ ᠶᠠᠪᠣᠭᠳᠠᠭᠤᠯᠬᠤ ᠶᠢ ᠴᠢᠩᠭ᠎ᠠ ᠪᠠᠷᠢᠮᠲᠠᠯᠠᠨ᠂ ᠺᠠᠳ᠋ᠷ ᠢ ᠳᠤᠮᠢᠯᠠᠵᠦ ᠪᠠᠭᠤᠯᠭᠠᠬᠤ | ᠡᠷᠭᠡ ᠪᠠᠨ ᠨᠠᠷᠢᠨ ᠬᠢᠨᠠᠮᠠᠭᠠᠢ ᠭᠦᠢᠴᠡᠳᠭᠡᠪᠡ᠃ 2013 ᠣᠨ ᠳᠤ᠂ ᠬᠤᠰᠢᠭᠤ ᠵᠠᠰᠠᠭ ᠤᠨ ᠣᠷᠳᠣᠨ ᠤ | ᠪᠦᠷᠢᠯᠳᠣᠭᠦᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ 26 ᠨᠡᠷ᠎ᠡ᠂ ᠰᠢᠭᠦᠭᠦ ᠪᠠᠶᠢᠴᠠᠭᠠᠬᠤ ᠬᠤᠶᠠᠷ ᠬᠤᠷᠢᠶᠠᠨ ᠤ | ᠪᠦᠷᠢᠯᠳᠣᠭᠦᠨ ᠬᠡᠰᠢᠭᠦᠨ 6 ᠨᠡᠷ᠎ᠡ ᠺᠠᠳ᠋ᠷ ᠢ ᠲᠣᠰᠢᠶᠠᠯ ᠳᠤ ᠲᠣᠮᠢᠯᠠᠵᠦ᠂ ᠪᠠᠶᠢᠴᠠᠭᠠᠬᠤ ᠬᠤᠷᠢᠶᠠᠨ ᠤ 1 ᠨᠡᠷ᠎ᠡ | ᠪᠠᠶᠢᠴᠠᠭᠠᠭᠴᠢ ᠶᠢ ᠲᠣᠰᠢᠶᠠᠯ ᠠᠴᠠ ᠪᠠᠭᠤᠯᠭᠠᠪᠠ᠃ ᠲᠣᠰᠢᠶᠠᠯ ᠳᠤ ᠲᠣᠮᠢᠯᠠᠭᠳᠠᠭᠰᠠᠨ ᠺᠠᠳ᠋ᠷ ᠳᠤ ᠲᠤᠮᠢᠯᠠᠬᠤ ᠠᠴᠠ | ᠡᠮᠤᠨᠡᠬᠢ ᠰᠢᠯᠭᠠᠨ ᠬᠢᠨᠠᠯᠲᠠ᠂ ᠬᠠᠤᠯᠢ ᠴᠠᠭᠠᠵᠠ ᠶᠢᠨ ᠮᠡᠳᠡᠯᠭᠡ ᠶᠢᠨ ᠰᠢᠯᠭᠠᠯᠳᠠ ᠬᠢᠵᠦ᠂ ᠡᠭᠦᠨ ᠤ ᠬᠠᠮᠳᠤ | ᠲᠤᠰᠢᠶᠠᠯ ᠡᠭᠦᠷᠭᠡᠯᠡᠭᠦ ᠮᠡᠳᠡᠬᠦᠯᠦᠯᠳᠡ ᠬᠢᠬᠦ᠂ ᠫᠢᠶᠣᠣ ᠦᠭᠴᠦ ᠰᠣᠩᠭᠤᠭᠤᠯᠢ ᠬᠢᠭᠦ᠂ ᠲᠤᠮᠢᠯᠠᠯ ᠤᠨ ᠪᠢᠴᠢᠭ | ᠭᠠᠷᠳᠠᠭᠤᠯᠬᠤ ᠵᠡᠷᠭᠡ ᠲᠦᠷᠢᠮ ᠲᠣᠭᠲᠠᠭᠠᠯ ᠢ ᠬᠡᠷᠡᠭᠵᠢᠭᠦᠯᠦᠨ᠂ ᠲᠣᠰᠢᠶᠠᠯ ᠳᠤ ᠲᠣᠮᠢᠯᠠᠭᠳᠠᠭᠰᠠᠨ ᠺᠠᠳ᠋ᠷ ᠤᠨ | ᠬᠠᠷᠠᠯᠳᠠᠳᠤ ᠣᠬᠠᠮᠰᠠᠷ᠂ ᠠᠷᠠᠳᠴᠢᠯᠠᠯ ᠬᠠᠣᠯᠢ ᠴᠠᠭᠠᠵᠠ ᠶᠢᠨ ᠣᠬᠠᠮᠰᠠᠷ ᠪᠠ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠢᠨᠠᠯᠲᠠ ᠶᠢ ᠬᠦᠯᠢᠶᠡᠭᠦ ᠣᠬᠠᠮᠰᠠᠷ ᠢ ᠨᠡᠮᠡᠭᠳᠡᠭᠦᠯᠪᠡ᠃ | ᠲᠦᠷᠪᠡ᠂ ᠦᠷ᠎ᠡ ᠪᠦᠳᠦᠮᠵᠢ ᠶᠢ ᠡᠷᠬᠢᠮᠯᠡᠨ᠂ ᠲᠦᠯᠦᠭᠡᠯᠡᠭᠴᠢᠳ ᠤᠨ ᠠᠵᠢᠯ ᠪᠣᠯᠣᠨ ᠦᠨᠳᠦᠰᠣᠨ | ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠪᠠ᠃ | ᠨᠢᠭᠡ ᠳᠤ᠂ 2013 ᠣᠨ ᠤ ᠪᠦᠭᠦ ᠬᠤᠰᠢᠭᠤᠨ ᠤ ᠬᠡᠰᠡᠭ ᠵᠠᠰᠠᠭ ᠵᠠᠬᠢᠷᠭᠠᠨ ᠤ ᠵᠠᠭᠠᠭ ᠲᠤ | ᠲᠣᠬᠢᠷᠠᠭᠤᠯᠣᠯᠲᠠ ᠬᠢᠭᠰᠡᠨ ᠰᠣᠮᠣ ᠪᠠᠯᠭᠠᠰᠦᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠰᠣᠩᠭᠤᠭᠤᠯᠢ ᠶᠢᠨ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠦ ᠶᠠᠪᠣᠭᠳᠠᠭᠤᠯᠪᠠ᠃ ᠲᠡᠭᠡᠳᠤ ᠱᠠᠳᠤᠨ ᠤ | ᠪᠠᠶᠢᠷᠢᠯᠡᠭᠤᠯᠤᠯᠳᠠ ᠪᠠᠷ ᠬᠠᠮᠢᠶ᠎ᠠ ᠪᠦᠬᠦᠢ ᠬᠠᠤᠯᠢ ᠶᠢᠨ ᠲᠤᠭᠳᠠᠭᠠᠯ ᠢ ᠦᠨᠳᠦᠰᠦᠯᠡᠨ᠂ ᠮᠠᠨ ᠤ ᠬᠤᠰᠢᠭᠤᠨ ᠤ | ᠪᠤᠳᠠᠳᠤ ᠪᠠᠶᠢᠳᠠᠯ ᠲᠠᠢ ᠤᠶᠠᠯᠳᠤᠭᠤᠯᠤᠨ᠂ 2013 ᠣᠨ ᠤ ᠪᠦᠭᠦ ᠬᠤᠰᠢᠭᠤᠨ ᠤ ᠬᠡᠰᠡᠭ ᠵᠠᠰᠠᠭ ᠵᠠᠬᠢᠷᠭᠠᠨ ᠤ | ᠵᠠᠭᠠᠭ ᠲᠤ ᠲᠣᠬᠢᠷᠠᠭᠤᠯᠣᠯᠲᠠ ᠬᠢᠭᠰᠡᠨ ᠰᠣᠮᠣ ᠪᠠᠯᠭᠠᠰᠦᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠰᠣᠩᠭᠤᠭᠤᠯᠢ ᠶᠢᠨ ᠠᠵᠢᠯ ᠢ 11 ᠰᠠᠷ᠎ᠠ ᠤᠨ 5 ᠤ ᠡᠳᠦᠷ ᠡᠬᠢᠯᠡᠵᠦ᠂ 12 ᠰᠠᠷ᠎ᠠ ᠶᠢᠨ 20 ᠤ ᠡᠳᠦᠷ ᠪᠣᠯᠲᠠᠯ᠎ᠠ | ᠪᠦᠭᠦ ᠲᠠᠯ᠎ᠠ ᠪᠠᠷ ᠶᠠᠪᠤᠭᠳᠠᠭᠤᠯᠵᠤ ᠲᠠᠭᠤᠰᠬᠠᠪᠠ᠃ ᠬᠠᠮᠢᠶ᠎ᠠ ᠪᠦᠭᠦᠢ ᠰᠣᠮᠣ ᠪᠠᠯᠭᠠᠰᠣ ᠨᠢ ᠰᠣᠩᠭᠤᠭᠤᠯᠢ ᠶᠢᠨ | ᠠᠵᠢᠯ ᠤᠨ ᠲᠦᠰᠦᠪ ᠤᠨ ᠱᠠᠭᠠᠷᠳᠠᠯᠭ᠎ᠠ ᠶᠣᠰᠣᠭᠠᠷ᠂ ᠰᠣᠩᠭᠤᠭᠤᠯᠢ ᠶᠢᠨ ᠠᠵᠢᠯ ᠢ ᠨᠠᠷᠢᠨ ᠬᠢᠨᠠᠮᠠᠭᠠᠢ ᠦᠷᠨᠢᠭᠦᠯᠭᠦ | ᠶᠢᠨ ᠬᠠᠮᠲᠣ ᠰᠣᠮᠦ ᠪᠠᠯᠭᠠᠰᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠣᠭᠤᠯᠣᠨ᠂ ᠰᠣᠮᠦ | ᠪᠠᠯᠭᠠᠰᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠣᠳᠣᠷᠢᠳᠬᠤ ᠪᠠᠭ ᠢ | ᠰᠣᠩᠭᠤᠨ ᠭᠠᠷᠭᠠᠵᠦ᠂ ᠲᠣᠰ ᠣᠳᠠᠭᠠᠨ ᠤ ᠰᠣᠩᠭᠤᠭᠤᠯᠢ ᠶᠢᠨ ᠠᠵᠢᠯ ᠤᠨ ᠡᠭᠦᠷᠭᠡ ᠶᠢ ᠠᠮᠵᠢᠯᠲᠠᠲᠠᠢ ᠪᠡᠶᠡᠯᠡᠭᠦᠯᠪᠡ᠃ | ᠬᠤᠶᠡᠷ ᠲᠤ᠂ ᠲᠦᠯᠦᠭᠡᠯᠡᠭᠴᠢᠳ ᠤᠨ ᠠᠵᠢᠯ ᠢ ᠦᠨᠡᠨᠬᠦ ᠴᠢᠩᠭᠠᠳᠬᠠᠪᠠ᠃ ᠠᠷᠠᠳ ᠤᠨ ᠲᠦᠯᠦᠭᠡᠯᠡᠭᠴᠢ ᠶᠢᠨ | ᠦᠢᠯᠡᠳᠦᠯ ᠢ ᠬᠦᠢᠴᠡᠳ ᠪᠠᠳᠠᠷᠠᠭᠤᠯᠵᠦ᠂ ᠲᠦᠯᠦᠭᠡᠯᠡᠭᠴᠢ ᠶᠢ ᠪᠠᠶᠢᠩᠭᠤ ᠶᠢᠨ ᠬᠡᠰᠢᠭᠦᠳ ᠤᠨ ᠬᠤᠷᠠᠯ ᠳᠤ ᠤᠷᠢᠨ | ᠤᠷᠤᠯᠴᠠᠭᠤᠯᠬᠤ᠂ ᠲᠦᠯᠦᠭᠡᠯᠡᠭᠴᠢᠳ ᠢ ᠵᠤᠬᠢᠶᠠᠨ ᠪᠠᠶᠢᠭᠤᠯᠵᠤ ᠪᠠᠶᠢᠩᠭᠤ ᠶᠢᠨ ᠬᠤᠷᠢᠶᠠᠨ ᠠᠴᠠ ᠵᠤᠬᠢᠶᠠᠨ | ᠪᠠᠶᠢᠭᠤᠯᠤᠭᠰᠠᠨ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠪᠠ ᠪᠠᠶᠢᠴᠠᠭᠠᠨ ᠰᠤᠳᠤᠯᠤᠯᠳᠠ ᠶᠢᠨ ᠠᠵᠢᠯᠯᠠᠭ᠎ᠠ | ᠵᠢᠴᠢ ᠲᠤᠭᠤᠷᠢᠨ ᠰᠤᠷᠤᠯᠴᠠᠬᠤ ᠬᠦᠳᠡᠯᠭᠡᠭᠡᠨ ᠳᠤ ᠤᠷᠤᠯᠴᠠᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠲᠠᠮᠵᠢᠨ | ᠂ ᠲᠦᠯᠦᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠳᠤ ᠨᠦᠭᠦᠴᠡᠯ ᠪᠦᠷᠢᠯᠳᠦᠭᠦᠯᠪᠡ᠃ ᠲᠣᠰ | ᠵᠢᠯ ᠳᠤ ᠮᠠᠨ ᠤ ᠬᠤᠰᠢᠭᠤᠨ ᠤ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢ ᠦᠨᠢᠷᠴᠡᠴᠡᠭ᠂ | ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ ᠠᠴᠠ ᠵᠣᠭᠢᠶᠠᠨ | ᠪᠠᠶᠢᠭᠤᠯᠣᠭᠰᠠᠨ ᠪᠦᠭᠦ ᠣᠯᠣᠰ ᠤᠨ ᠠᠷᠠᠳ ᠤᠨ ᠲᠦᠯᠦᠭᠡᠯᠡᠭᠴᠢ ᠪᠠ ᠦᠪᠡᠷᠳᠡᠭᠡᠨ ᠵᠠᠰᠠᠬᠤ ᠣᠷᠣᠨ ᠤ ᠠᠷᠠᠳ ᠤᠨ | ᠲᠦᠯᠦᠭᠡᠯᠡᠭᠴᠢᠳ ᠤᠨ ᠨᠢᠭᠡᠳᠦᠯᠲᠠᠢ ᠲᠣᠭᠤᠷᠢᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠵᠤ᠂ ᠦᠪᠡᠷᠳᠡᠭᠡᠨ ᠵᠠᠰᠠᠬᠤ | ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠡ ᠲᠣᠷᠠᠳᠳᠣᠭᠰᠠᠨ ᠰᠠᠨᠠᠯ ᠵᠦᠪᠯᠡᠯᠭᠡ ᠨᠢ ᠦᠪᠡᠷᠳᠡᠭᠡᠨ ᠵᠠᠰᠠᠬᠤ | ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠣᠯᠳᠠᠯᠭ᠎ᠠ ᠲᠠᠢ | ᠱᠠᠯᠠᠪᠳᠠᠨ ᠬᠦᠢᠴᠡᠳᠭᠡᠭᠦ ᠰᠠᠨᠠᠯ ᠵᠦᠪᠯᠡᠯᠭᠡ ᠳᠤ ᠵᠢᠠᠠᠰᠠᠭᠠᠭᠳᠠᠪᠠ᠃ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠱᠠᠯᠠᠪᠳᠡᠨ ᠬᠦᠢᠴᠡᠳᠭᠡᠭᠦ ᠬᠦᠴᠦᠯᠡᠴᠡ ᠪᠠᠨ ᠲᠠᠰᠤᠷᠠᠯᠳᠠ ᠦᠭᠡᠢ ᠨᠡᠮᠡᠭᠳᠡᠬᠦᠯᠵᠦ᠂ ᠲᠦᠯᠦᠭᠡᠯᠡᠭᠴᠢᠳ ᠤᠨ ᠰᠠᠨᠠᠯ | ᠰᠠᠨᠠᠭᠤᠯᠭ᠎ᠠ ᠶᠢ ᠲᠠᠮᠵᠢᠭᠤᠯᠤᠨ ᠰᠢᠢᠳᠪᠦᠷᠢᠯᠡᠭᠦᠯᠭᠦ ᠲᠤᠰᠬᠠᠢ ᠬᠤᠷᠠᠯ ᠢ ᠬᠤᠷᠠᠯᠳᠤᠭᠤᠯᠵᠦ᠂ ᠪᠠᠶᠢᠩᠭᠤ ᠶᠢᠨ | ᠬᠡᠰᠢᠭᠦᠳ ᠤᠨ ᠬᠤᠷᠠᠯ ᠢᠶᠠᠷ ᠬᠤᠰᠢᠭᠤ ᠵᠠᠰᠠᠭ ᠤᠨ ᠤᠷᠳᠤᠨ ᠤ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠭᠦᠢᠴᠡᠳᠭᠡᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠳᠡ ᠶᠢ ᠰᠤᠨᠤᠰᠴᠦ᠂ ᠲᠦᠯᠦᠭᠡᠯᠡᠭᠴᠢᠳ ᠤᠨ ᠰᠠᠨᠠᠯ | ᠰᠠᠨᠠᠭᠤᠯᠭ᠎ᠠ ᠳᠤ ᠲᠤᠬᠢᠷᠠᠮᠵᠢᠳᠠᠢ ᠬᠠᠷᠢᠭᠤᠯᠳᠠ ᠦᠭᠬᠦ ᠪᠠ ᠰᠢᠢᠳᠪᠦᠷᠢᠯᠡᠭᠦ ᠶᠢ ᠪᠠᠳᠣᠯᠠᠪᠠ᠃ ᠭᠤᠷᠪᠠ ᠳᠤ ᠰᠤᠮᠤ | ᠪᠠᠯᠭᠠᠰᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠪᠠ᠃ ᠬᠤᠪᠢᠳᠠᠨ | ᠬᠠᠷᠢᠯᠴᠠᠬᠤ ᠪᠠ ᠵᠢᠯᠣᠭᠤᠳᠬᠤ ᠠᠵᠢᠯ ᠤᠨ ᠬᠦᠴᠦᠯᠡᠴᠠ ᠪᠠᠨ ᠦᠨᠡᠨᠭᠦ ᠨᠡᠮᠡᠭᠳᠡᠭᠦᠯᠵᠦ᠂ ᠰᠤᠮᠤ ᠪᠠᠯᠭᠠᠰᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠢ ᠪᠠᠶᠢᠩᠭᠤ ᠶᠢᠨ ᠬᠡᠰᠢᠭᠦᠳ ᠤᠨ ᠬᠤᠷᠠᠯ | ᠳᠤ ᠤᠷᠢᠨ ᠤᠷᠤᠯᠴᠠᠭᠤᠯᠬᠤ ᠪᠠ ᠵᠤᠬᠢᠶᠠᠨ ᠪᠠᠶᠢᠭᠤᠯᠵᠤ ᠪᠠᠶᠢᠴᠠᠭᠠᠨ ᠰᠤᠳᠤᠯᠤᠯᠳᠠ ᠶᠢᠨ ᠠᠵᠢᠯᠯᠠᠭ᠎ᠠ ᠵᠢᠴᠢ | ᠲᠤᠭᠤᠷᠢᠨ ᠰᠤᠷᠤᠯᠴᠠᠬᠤ ᠪᠠ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠳᠤ ᠡᠭᠡᠯᠵᠢᠯᠡᠨ ᠲᠣᠬᠢᠷᠠᠭᠤᠯᠵᠦ | ᠣᠷᠣᠯᠴᠠᠭᠤᠯᠣᠨ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ | ᠤᠨ ᠪᠠᠶᠢᠩᠭᠤ ᠶᠢᠨ ᠬᠤᠷᠢᠶᠠᠨ ᠤ ᠠᠵᠢᠯ ᠤᠨ ᠣᠶᠢᠯᠭᠠᠯᠲᠠ ᠲᠠᠨᠢᠯᠲᠠ ᠶᠢ ᠲᠡᠭᠡᠭᠰᠢᠯᠡᠭᠦᠯᠵᠦ᠂ ᠡᠭᠦᠨ ᠤ ᠬᠠᠮᠳᠤ | ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠣᠯᠠᠮ ᠨᠢᠭᠡ ᠠᠯᠬᠤᠮ | ᠲᠦᠯᠬᠢᠨ ᠠᠬᠢᠭᠤᠯᠪᠠ᠃ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠠᠴᠠ ᠰᠤᠮᠤ ᠪᠠᠯᠭᠠᠰᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠤᠪᠢᠶᠠᠷᠢᠯᠠᠨ ᠬᠠᠷᠢᠯᠴᠠᠵᠦ᠂ ᠰᠤᠮᠤ ᠪᠠᠯᠭᠠᠰᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠠᠵᠢᠯ ᠡᠭᠦᠷᠭᠡ ᠢ ᠪᠦᠬᠦ ᠲᠠᠯ᠎ᠠ ᠪᠠᠷ ᠵᠢᠯᠣᠭᠤᠳᠣᠨ ᠬᠦᠢᠴᠡᠳᠭᠡᠪᠠ᠃ | ᠲᠠᠪᠦ᠂ ᠭᠦᠭᠵᠢᠯᠳᠡ ᠳᠤ ᠦᠢᠯᠡᠴᠢᠯᠡᠨ᠂ ᠲᠣᠰ ᠪᠡᠶ᠎ᠡ ᠶᠢᠨ ᠪᠠᠶᠢᠭᠤᠯᠣᠯᠳᠡ ᠪᠠᠨ ᠴᠢᠩᠭᠠᠳᠬᠠᠪᠡ᠃ | ᠨᠢᠭᠡ ᠳᠤ ᠣᠯᠣᠰ ᠲᠦᠷᠦ ᠦᠵᠡᠯ ᠰᠠᠨᠠᠭᠠᠨ ᠤ ᠪᠠᠶᠢᠭᠤᠯᠣᠯᠳᠡ ᠪᠠᠨ ᠦᠨᠡᠨᠭᠦ ᠴᠢᠩᠭᠠᠳᠬᠠᠪᠠ᠃ ᠨᠠᠮ | ᠤᠨ ᠠᠷᠪᠠᠨ ᠨᠠᠢᠮᠠᠳᠣᠭᠠᠷ ᠶᠡᠭᠡ ᠬᠤᠷᠠᠯ ᠪᠠ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ ᠪᠦᠭᠦᠳᠡ ᠬᠤᠷᠠᠯ | ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠣᠣᠱᠠᠯᠠᠭᠤᠯᠣᠨ ᠨᠠᠶᠢᠳᠠᠪᠦᠷᠢᠵᠢᠭᠤᠯᠵᠦ᠂ ᠲᠦᠪ ᠤᠨ ᠨᠠᠢᠮᠠᠨ ᠵᠣᠷᠪᠣᠰ | ᠲᠣᠭᠲᠠᠭᠠᠯ ᠪᠣᠯᠣᠨ ᠦᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠠᠵᠢᠯ ᠤᠨ ᠣᠪᠣᠷ ᠰᠣᠷᠳᠠᠯ ᠢᠶᠠᠨ | ᠬᠠᠯᠠᠨ ᠰᠠᠶᠢᠵᠢᠷᠠᠭᠤᠯᠬᠤ ᠲᠣᠬᠠᠢ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠦ᠂ | ᠵᠢᠯ ᠤᠨ ᠡᠴᠦᠰ ᠲᠤ ᠪᠠᠶᠢᠩᠭᠤ ᠶᠢᠨ ᠬᠤᠷᠢᠶᠠᠨ ᠤ ᠨᠠᠮ ᠤᠨ ᠲᠣᠭᠤᠶᠢᠯᠠᠩ ᠤᠨ ᠠᠷᠠᠳᠴᠢᠯᠠᠯ ᠠᠮᠢᠳᠣᠷᠠᠯ ᠤᠨ | ᠬᠤᠷᠠᠯ ᠪᠠ ᠪᠠᠶᠢᠭᠤᠯᠤᠯᠭ᠎ᠠ ᠶᠢᠨ ᠨᠠᠮ ᠤᠨ ᠡᠭᠦᠷ ᠤᠨ ᠠᠷᠠᠳᠴᠢᠯᠠᠯ ᠠᠮᠢᠳᠣᠷᠠᠯ ᠤᠨ ᠬᠤᠷᠠᠯ ᠢ ᠲᠣᠰ ᠲᠣᠰ ᠬᠢᠵᠦ᠂ | ᠪᠠᠶᠢᠩᠭᠤ ᠶᠢᠨ ᠬᠤᠷᠢᠶᠠᠨ ᠤ ᠰᠣᠷᠣᠯᠴᠠᠯᠭ᠎ᠠ ᠶᠢᠨ ᠲᠦᠷᠢᠮ ᠪᠣᠯᠤᠨ ᠪᠠᠶᠢᠭᠤᠯᠤᠯᠭ᠎ᠠ ᠶᠢᠨ ᠨᠠᠮ ᠤᠨ ᠡᠭᠦᠷ ᠤᠨ | ᠰᠣᠷᠣᠯᠴᠠᠯᠭ᠎ᠠ ᠶᠢᠨ ᠲᠦᠷᠢᠮ ᠲᠣᠭᠲᠠᠭᠠᠯ ᠢ ᠦᠷᠭᠦᠯᠵᠢᠯᠡᠨ ᠲᠣᠭᠲᠠᠭᠠᠨ ᠪᠦᠷᠢᠨᠰᠢᠭᠦᠯᠵᠦ᠂ ᠪᠠᠶᠢᠭᠤᠯᠤᠯᠭ᠎ᠠ ᠶᠢᠨ | ᠪᠦᠭᠦ ᠺᠠᠳ᠋ᠷ ᠠᠵᠢᠯᠲᠠᠨ ᠢ ᠵᠤᠬᠢᠶᠠᠨ ᠪᠠᠶᠢᠭᠤᠯᠵᠦ ᠬᠠᠮᠢᠶ᠎ᠠ ᠪᠦᠭᠦᠢ ᠬᠠᠣᠯᠢ ᠴᠠᠭᠠᠵᠠ ᠶᠢᠨ ᠲᠦᠷᠢᠮ ᠲᠣᠭᠲᠠᠭᠠᠯ ᠪᠠ | ᠪᠠᠶᠢᠩᠭᠤ ᠶᠢᠨ ᠬᠤᠷᠢᠶᠠᠨ ᠤ ᠲᠣᠬᠠᠶᠢᠯᠠᠭᠰᠠᠨ ᠠᠵᠢᠯ ᠤᠨ ᠮᠡᠳᠡᠯᠭᠡ ᠶᠢ ᠰᠣᠷᠣᠯᠴᠠᠨ᠂ ᠪᠠᠶᠢᠩᠭᠤ ᠤᠨ ᠬᠤᠷᠢᠶᠠᠨ ᠤ | ᠪᠠᠶᠢᠭᠤᠯᠤᠯᠭ᠎ᠠ ᠶᠢᠨ ᠺᠠᠳ᠋ᠷ ᠠᠵᠢᠯᠳᠠᠨ ᠤ ᠪᠦᠬᠦᠯᠢ ᠴᠣᠭᠴᠠ ᠶᠢᠨ ᠬᠡᠪ ᠰᠣᠷᠲᠠᠯ ᠢ ᠴᠢᠷᠮᠠᠶᠢᠨ ᠲᠡᠭᠡᠭᠰᠢᠯᠡᠭᠦᠯᠪᠡ᠃ | ᠰᠤᠷᠤᠯᠴᠠᠯᠭ᠎ᠠ ᠪᠣᠯᠪᠠᠰᠣᠷᠠᠯ ᠤᠨ ᠠᠵᠢᠯ ᠢ ᠴᠢᠩᠭᠠᠳᠬᠠᠵᠦ᠂ ᠪᠠᠶᠢᠩᠭᠤ ᠶᠢᠨ ᠬᠤᠷᠢᠶᠠᠨ ᠤ ᠣᠳᠣᠷᠢᠳᠬᠤ ᠪᠠᠭ ᠤᠨ | ᠪᠦᠷᠢᠯᠳᠣᠭᠦᠨ ᠪᠠ ᠠᠵᠢᠯᠳᠠᠨ ᠵᠢᠴᠢ ᠦᠨᠳᠣᠰᠣᠨ ᠱᠠᠳᠣᠨ ᠤ ᠠᠷᠠᠳ ᠤᠨ ᠲᠦᠯᠦᠭᠡᠯᠡᠭᠴᠢᠳ ᠢ ᠢᠳᠡᠪᠬᠢᠲᠠᠢ | ᠵᠣᠬᠢᠶᠠᠨ ᠪᠠᠶᠢᠭᠤᠯᠵᠦ᠂ ᠪᠡᠬᠡᠵᠢᠩ᠂ ᠪᠸᠢ ᠳ᠋ᠠᠢ ᠡᠾᠧ ᠵᠡᠷᠭᠡ ᠭᠠᠵᠠᠷ ᠤᠷᠤᠨ ᠳᠤ ᠬᠦᠷᠴᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠣᠰᠬᠠᠢ ᠰᠡᠳᠦᠪᠳᠣ ᠪᠣᠯᠪᠠᠰᠣᠷᠠᠯ ᠤᠨ ᠠᠩᠬᠢ ᠳᠤ 5 | ᠬᠤᠭᠤᠴᠠᠭ᠎ᠠ 16 ᠬᠦᠮᠦᠨ ᠣᠳᠠᠭ᠎ᠠ ᠣᠷᠣᠯᠴᠠᠵᠦ᠂ ᠠᠶᠢᠮᠠᠭ ᠤᠨ ᠨᠠᠮ ᠤᠨ ᠰᠣᠷᠭᠠᠭᠤᠯᠢ ᠶᠢᠨ ᠪᠣᠯᠪᠠᠰᠣᠷᠠᠯ | ᠰᠣᠷᠣᠯᠴᠠᠯᠭ᠎ᠠ ᠳᠤ 11 ᠬᠦᠮᠦᠨ ᠣᠳᠠᠭ᠎ᠠ ᠣᠷᠣᠯᠴᠠᠪᠠ᠃ ᠬᠤᠶᠡᠷ ᠲᠤ ᠪᠠᠶᠢᠩᠭᠤ ᠶᠢᠨ ᠬᠤᠷᠢᠶᠠᠨ ᠤ | ᠪᠠᠶᠢᠭᠤᠯᠤᠯᠭ᠎ᠠ ᠶᠢᠨ ᠠᠵᠢᠯ ᠢ ᠣᠯᠠᠮ ᠨᠢᠭᠡ ᠠᠯᠬᠤᠮ ᠴᠢᠩᠭᠠᠳᠬᠠᠪᠠ᠃ ᠡᠳᠦᠷ ᠲᠣᠳᠣᠮ ᠤᠨ ᠠᠵᠢᠯ ᠤᠨ ᠲᠣᠮᠲᠠ | ᠠᠵᠢᠯ ᠤᠨ ᠣᠪᠦᠷ ᠰᠣᠷᠳᠠᠯ ᠢᠶᠠᠨ ᠲᠠᠰᠣᠷᠠᠯᠲᠠ ᠦᠭᠡᠢ ᠬᠠᠯᠠᠨ ᠰᠠᠶᠢᠵᠢᠷᠠᠭᠤᠯᠵᠦ᠂ ᠰᠢᠨ᠎ᠡ ᠶᠢ ᠡᠭᠦᠳᠭᠦ ᠠᠵᠢᠯ ᠤᠨ | ᠠᠷᠭ᠎ᠠ ᠬᠡᠯᠪᠡᠷᠢ ᠪᠠᠷ ᠡᠯ᠎ᠡ ᠵᠦᠢᠯ ᠤᠨ ᠠᠵᠢᠯ ᠤᠨ ᠲᠦᠷᠢᠮ ᠲᠣᠭᠲᠠᠭᠠᠯ ᠢ ᠪᠦᠷᠢᠨᠰᠢᠭᠦᠯᠵᠦ᠂ ᠡᠯ᠎ᠡ ᠵᠦᠢᠯ ᠤᠨ | ᠬᠤᠷᠠᠯ ᠪᠠ ᠠᠵᠢᠯ ᠤᠨ ᠲᠠᠷᠠᠭᠠᠯᠠᠯ ᠢ ᠣᠯᠠᠮ ᠨᠢᠭᠡ ᠠᠯᠬᠤᠮ ᠲᠦᠷᠢᠮᠵᠢᠭᠦᠯᠵᠦ᠂ ᠰᠦᠨᠢᠳ ᠵᠡᠭᠦᠨ ᠬᠤᠰᠢᠭᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠠᠴᠠ ᠲᠤᠮᠢᠯᠠᠭᠰᠠᠨ ᠲᠦᠷᠦ ᠶᠢᠨ | ᠪᠠᠶᠢᠭᠤᠯᠤᠯᠭ᠎ᠠ ᠶᠢᠨ ᠠᠵᠢᠯᠳᠠᠳ ᠲᠤ ᠬᠢᠨᠠᠯᠳᠠ ᠲᠠᠯᠪᠢᠬᠤ ᠠᠷᠭ᠎ᠠ︾᠂ ︽ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ᠂ ᠲᠤᠭᠳᠠᠭᠠᠯ ᠢ | ᠬᠡᠷᠡᠭᠵᠢᠭᠦᠯᠦᠭᠰᠡᠨ ᠪᠠ ᠬᠢᠨᠠᠨ ᠵᠦᠪᠯᠡᠭᠰᠡᠨ ᠰᠠᠨᠠᠯ ᠢ ᠬᠦᠢᠴᠡᠳᠭᠡᠭᠰᠡᠨ ᠪᠠᠶᠢᠳᠠᠯ ᠢ ᠰᠢᠢᠳᠪᠦᠷᠢᠯᠡᠭᠦ ᠠᠷᠭ᠎ᠠ︾᠂ ︽ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠦᠷᠢᠮᠵᠢᠭᠰᠡᠨ ᠪᠢᠴᠢᠭ | ᠮᠠᠲ᠋ᠧᠷᠢᠶᠠᠯ ᠢ ᠬᠢᠨᠠᠨ ᠪᠠᠶᠢᠴᠠᠭᠠᠵᠦ ᠲᠠᠩᠰᠠᠯᠠᠨ ᠲᠡᠮᠳᠡᠭᠯᠡᠬᠦ ᠠᠷᠭ᠎ᠠ︾᠂ ︽ᠰᠦᠨᠢᠳ ᠵᠡᠭᠦᠨ ᠬᠤᠰᠢᠭᠤᠨ ᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠮᠢᠯᠠᠭᠰᠠᠨ ᠲᠦᠷᠦ ᠶᠢᠨ | ᠪᠠᠶᠢᠭᠤᠯᠤᠯᠭ᠎ᠠ ᠶᠢᠨ ᠠᠵᠢᠯᠳᠠᠳ ᠤᠨ ᠲᠤᠰᠢᠶᠠᠯ ᠲᠤᠭᠠᠴᠠᠬᠤ ᠮᠡᠳᠡᠭᠦᠯᠦᠯᠳᠡ ᠬᠢᠬᠦ ᠲᠦᠷᠢᠮ︾ ᠵᠡᠷᠭᠡ 4 ᠵᠦᠢᠯ ᠤᠨ | ᠲᠦᠷᠢᠮ ᠲᠣᠭᠲᠠᠭᠠᠯ ᠢ ᠰᠢᠨ᠎ᠡ ᠪᠠᠷ ᠲᠣᠭᠲᠠᠭᠠᠵᠦ ᠨᠡᠶᠢᠳᠡᠯᠡᠨ᠂ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ | ᠠᠵᠢᠯ ᠢ ᠣᠯᠠᠮ ᠨᠢᠭᠡ ᠠᠯᠬᠤᠮ ᠲᠦᠷᠢᠮᠵᠢᠭᠦᠯᠪᠡ᠃ ᠺᠠᠳ᠋ᠷ ᠠᠵᠢᠯᠳᠠᠳ ᠢ ᠵᠣᠬᠢᠶᠠᠨ ᠪᠠᠶᠢᠭᠤᠯᠵᠦ ᠺᠠᠳ᠋ᠷᠴᠤᠳ ︽ | ᠦᠨᠳᠦᠰᠣᠨ ᠱᠠᠳᠣᠨ ᠳᠤ ᠬᠦᠨᠵᠡᠬᠡᠶᠢᠷᠡᠵᠦ᠂ ᠪᠣᠳᠠᠳᠠᠢ ᠠᠰᠠᠭᠤᠳᠠᠯ ᠢ ᠰᠢᠢᠳᠪᠦᠷᠢᠯᠡᠨ᠂ ᠠᠵᠢᠯ ᠤᠨ ᠣᠪᠦᠷ ᠰᠣᠷᠲᠠᠯ | ᠢᠶᠠᠨ ᠬᠤᠪᠢᠷᠠᠭᠤᠯᠵᠦ︾ ᠠᠷᠠᠳ ᠲᠤ ᠦᠢᠯᠡᠴᠢᠯᠡᠭᠦ ᠠᠵᠢᠯᠯᠠᠭ᠎ᠠ ᠪᠠ ᠭᠠᠴᠠᠭ᠎ᠠ ᠲᠠᠭᠠᠭᠠᠴᠢᠯᠠᠨ ᠲᠡᠳᠭᠦᠭᠦ ᠠᠵᠢᠯ ᠢ | ᠰᠠᠶᠢᠳᠣᠷ ᠦᠷᠨᠢᠭᠦᠯᠵᠦ᠂ ᠮᠡᠳᠡᠭᠳᠡᠮ᠎ᠡ ᠠᠮᠵᠢᠯᠲᠠ ᠶᠢ ᠣᠯᠪᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ | ᠴᠢᠩᠭᠠᠳᠬᠠᠵᠤ᠂ ᠤᠯᠠᠨ ᠲᠦᠮᠡᠨ ᠤ ᠲᠤᠰᠬᠠᠭᠰᠠᠨ ᠬᠠᠯᠠᠮᠰᠢᠯ ᠠᠰᠠᠭᠤᠳᠠᠯ᠂ ᠬᠦᠴᠢᠷᠳᠠᠢ ᠠᠰᠠᠭᠤᠳᠠᠯ ᠢ | ᠰᠢᠢᠳᠪᠦᠷᠢᠯᠡᠬᠦ ᠶᠢ ᠴᠢᠬᠤᠯᠠᠴᠢᠯᠡᠨ᠂ ᠤᠯᠠᠨ ᠲᠦᠮᠡᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ | ᠲᠤᠰ ᠵᠢᠯ᠂ ᠤᠯᠠᠨ ᠲᠦᠮᠡᠨ ᠤ ᠵᠠᠬᠢᠳᠠᠯ 4 ᠬᠤᠪᠢ᠂ 6 ᠬᠦᠮᠦᠨ ᠣᠳᠠᠭᠠᠨ ᠤ ᠰᠤᠷᠪᠤᠯᠵᠢᠯᠠᠭ᠎ᠠ ᠶᠢ ᠬᠦᠯᠢᠶᠠᠨ | ᠠᠪᠴᠦ᠂ ᠨᠢᠭᠡᠨᠳᠡ ᠬᠠᠮᠢᠶ᠎ᠡ ᠪᠦᠬᠦᠢ ᠪᠠᠶᠢᠭᠤᠯᠤᠯᠭ᠎ᠠ ᠳᠤ ᠰᠢᠯᠵᠢᠭᠦᠯᠦᠨ ᠰᠢᠢᠳᠪᠦᠷᠢᠯᠡᠭᠦᠯᠵᠦ᠂ ᠬᠠᠩᠭᠠᠮᠵᠢᠳᠠᠢ | ᠬᠠᠷᠢᠭᠤᠯᠳᠠ ᠦᠭᠪᠡ᠃ | ᠦᠩᠭᠡᠷᠡᠭᠰᠡᠨ ᠨᠢᠭᠡ ᠵᠢᠯ ᠳᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠡᠨ ᠤ ᠡᠯ᠎ᠡ ᠲᠠᠯ᠎ᠠ ᠶᠢᠨ ᠠᠵᠢᠯ ᠨᠢ ᠲᠤᠪᠤᠶᠢᠮ᠎ᠠ ᠠᠮᠵᠢᠯᠳᠠ ᠤᠯᠤᠭᠰᠠᠨ ᠪᠠᠶᠢᠨ᠎ᠠ᠃ ᠡᠨᠡ ᠨᠢ | ᠬᠤᠰᠢᠭᠤ ᠨᠠᠮ ᠤᠨ ᠬᠤᠷᠢᠶᠡᠨ ᠤ ᠵᠦᠪ ᠣᠨᠣᠪᠴᠢᠳᠡᠢ ᠤᠳᠤᠷᠢᠳᠤᠯᠭ᠎ᠠ ᠶᠢᠨ ᠦᠷ᠎ᠡ ᠳ᠋ᠦᠩ ᠮᠦᠨ᠃ ᠠᠷᠠᠳ ᠤᠨ | ᠲᠦᠯᠦᠭᠡᠯᠡᠭᠴᠢᠳ᠂ ᠪᠠᠶᠢᠩᠭᠤ ᠶᠢᠨ ᠬᠤᠷᠢᠶᠡᠨ ᠤ ᠪᠦᠷᠢᠯᠳᠦᠭᠦᠨ ᠪᠣᠯᠣᠨ ᠪᠠᠶᠢᠭᠤᠯᠤᠯᠭ᠎ᠠ ᠶᠢᠨ ᠪᠦᠬᠦ ᠺᠠᠳ᠋ᠷ | ᠠᠵᠢᠯᠳᠡᠳ ᠤᠨ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠮᠦᠨ᠃ ︽ᠨᠢᠭᠡ ᠣᠷᠳᠣᠨ ᠬᠤᠶᠠᠷ ᠬᠤᠷᠢᠶᠡᠨ︾ ᠤ | ᠨᠢᠭ᠌ᠳᠡ ᠬᠠᠮᠵᠢᠯᠴᠠᠭᠰᠠᠨ ᠤ ᠦᠷ᠎ᠡ ᠳ᠋ᠦᠩ ᠮᠦᠨ᠃ ᠮᠦᠨᠴᠦ ᠪᠦᠭᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ | ᠲᠦᠮᠡᠨ ᠤ ᠭᠦᠴᠦᠳᠡᠢ ᠲᠡᠮᠵᠢᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢ ᠲᠦᠯᠦᠭᠡᠯᠡᠵᠦ᠂ ᠲᠠ ᠪᠦᠭᠦᠨ ᠳᠤ ᠴᠢᠩ | ᠰᠡᠳᠭᠢᠯ ᠤᠨ ᠲᠠᠯᠠᠷᠬᠠᠯ ᠢᠶᠠᠨ ᠲᠡᠪᠰᠢᠭᠦᠯᠦᠶ᠎ᠡ︕ | ᠪᠢᠳᠡ ᠠᠮᠵᠢᠯᠳᠡ ᠪᠦᠳᠦᠭᠡᠯ ᠢᠶᠠᠨ ᠨᠣᠳᠠᠯᠠᠬᠤ ᠶᠢᠨ ᠬᠠᠮᠳᠦ᠂ ᠪᠠᠶᠢᠩᠭᠤ ᠶᠢᠨ ᠬᠤᠷᠢᠶᠡᠨ ᠤ ᠠᠵᠢᠯ ᠤᠨ ᠲᠣᠮᠳᠡ | ᠵᠠᠷᠢᠮ ᠲᠠᠯ᠎ᠠ ᠶᠢᠨ ᠵᠦᠷᠢᠶ᠎ᠡ ᠪᠠ ᠭᠦᠷᠦᠯᠴᠡᠭᠦ ᠦᠭᠡᠢ ᠲᠠᠯ᠎ᠠ ᠣᠷᠣᠰᠢᠵᠦ ᠪᠠᠶᠢᠭ᠎ᠠ ᠪᠠᠨ ᠰᠡᠷᠭᠡᠭ ᠢᠶᠠᠷ ᠲᠠᠨᠢᠬᠤ | ᠴᠢᠬᠤᠯᠠᠳᠡᠢ ᠪᠠᠶᠢᠨ᠎ᠠ᠂ ᠰᠢᠨ᠎ᠡ ᠪᠠᠶᠢᠳᠡᠯ ᠪᠣᠯᠣᠨ ᠦᠨᠳᠦᠰᠦᠨ ᠬᠠᠦᠯᠢ ᠶᠢᠨ ᠱᠠᠭᠠᠷᠳᠠᠯᠭ᠎ᠠ ᠵᠢᠴᠢ ᠲᠦᠯᠦᠭᠡᠯᠡᠭᠴᠢᠳ | ᠪᠡ ᠠᠷᠠᠳ ᠣᠯᠠᠨ ᠤ ᠭᠦᠰᠡᠯ ᠱᠠᠭᠠᠷᠳᠠᠯᠭ᠎ᠠ ᠲᠠᠢ ᠬᠠᠷᠢᠴᠠᠭᠤᠯᠪᠡᠯ᠂ ᠪᠠᠰᠠ ᠵᠣᠭᠢᠬᠤ ᠵᠦᠷᠢᠶ᠎ᠡ ᠲᠠᠢ ᠪᠠᠶᠢᠭᠰᠠᠭᠠᠷ᠃ | ᠣᠨᠴᠠᠭᠠᠶᠢᠯᠠᠨ ᠬᠠᠦᠯᠢ ᠴᠠᠭᠠᠵᠠ ᠶᠢᠨ ᠭᠢᠨᠠᠯᠳᠡ ᠲᠠᠯᠪᠢᠬᠤ ᠪᠣᠯᠣᠨ ᠠᠵᠢᠯ ᠤᠨ ᠭᠢᠨᠠᠯᠳᠡ ᠲᠠᠯᠪᠢᠬᠤ ᠲᠠᠯ᠎ᠠ ᠶᠢᠨ | ᠭᠦᠴᠦᠯᠡᠴᠡ ᠪᠠᠨ ᠨᠡᠮᠡᠭᠳᠡᠭᠦᠯᠵᠦ᠂ ᠲᠦᠯᠦᠭᠡᠯᠡᠭᠴᠢᠳ ᠤᠨ ᠬᠠᠤᠯᠢ ᠶᠤᠰᠤᠭᠠᠷ ᠡᠭᠦᠷᠭᠡ ᠲᠤᠰᠢᠶᠠᠯ ᠢᠶᠠᠨ | ᠬᠦᠢᠴᠡᠳᠭᠡᠭᠦ ᠪᠠ ᠲᠦᠯᠦᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠵᠢᠴᠢ ᠲᠦᠯᠦᠭᠡᠯᠡᠭᠴᠢᠳ ᠲᠤ ᠦᠢᠯᠡᠴᠢᠯᠡᠭᠡ | ᠬᠠᠩᠭᠠᠬᠤ ᠵᠡᠷᠭᠡ ᠲᠠᠯ᠎ᠠ ᠪᠠᠷ ᠣᠯᠠᠮ ᠨᠢᠭᠡ ᠠᠯᠬᠤᠮ ᠴᠢᠩᠭᠠᠳᠬᠠᠬᠤ ᠴᠢᠬᠤᠯᠠᠳᠠᠢ ᠪᠠᠶᠢᠨ᠎ᠠ᠃ ᠲᠦᠯᠦᠭᠡᠯᠡᠭᠴᠢᠳ ᠤᠨ | ᠲᠤᠷᠠᠳᠤᠭᠰᠠᠨ ᠰᠠᠨᠠᠯ ᠰᠠᠨᠠᠭᠤᠯᠭ᠎ᠠ ᠶᠢᠨ ᠴᠢᠨᠠᠷᠵᠢᠯ ᠪᠠ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ | ᠰᠢᠢᠳᠪᠦᠷᠢᠯᠡᠭᠦ ᠴᠢᠨᠠᠷᠵᠢᠯ ᠢ ᠤᠯᠠᠮ ᠨᠢᠭᠡ ᠠᠯᠬᠤᠮ ᠲᠡᠭᠡᠭᠰᠢᠯᠡᠭᠦᠯᠬᠦ ᠴᠢᠬᠤᠯᠠᠳᠠᠢ ᠪᠠᠶᠢᠨ᠎ᠠ᠃ ᠡᠳᠡᠭᠡᠷ ᠠᠰᠠᠭᠤᠳᠡᠯ ᠢ | ᠪᠢᠳᠠ ᠬᠤᠶᠢᠰᠢᠳᠠ ᠶᠢᠨ ᠠᠵᠢᠯ ᠤᠨ ᠲᠣᠮᠳᠡ ᠪᠠᠨ ᠨᠠᠷᠢᠨ ᠭᠢᠨᠠᠮᠠᠭᠠᠢ ᠰᠣᠳᠣᠯᠵᠦ ᠴᠢᠷᠮᠠᠶᠢᠨ ᠰᠶᠢᠳᠪᠦᠷᠢᠯᠡᠨ᠎ᠡ᠃ | ᠲᠦᠯᠦᠭᠡᠯᠡᠭᠴᠢᠳ ᠡ᠂ 2014 ᠣᠨ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠤ᠂ | ᠦᠭᠡᠷᠡᠴᠢᠯᠡᠯᠳᠡ ᠶᠢ ᠪᠦᠭᠦ ᠲᠠᠯ᠎ᠠ ᠪᠠᠷ ᠬᠦᠨᠵᠡᠭᠡᠶᠢᠷᠡᠭᠦᠯᠭᠦ ᠠᠩᠬᠠᠨ ᠤ ᠵᠢᠯ ᠪᠤᠯᠤᠨ᠎ᠠ᠃ ᠮᠦᠨᠴᠦ ᠬᠤᠰᠢᠭᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠪᠦᠬᠦ ᠲᠠᠯ᠎ᠠ ᠪᠠᠷ | ᠲᠦᠯᠭᠢᠨ ᠠᠬᠢᠭᠤᠯᠬᠤ ᠴᠢᠬᠤᠯᠠ ᠨᠢᠭᠡ ᠵᠢᠯ ᠪᠤᠯᠤᠨ᠎ᠠ᠃ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ | ᠲᠤᠤᠷ᠎ᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ | ᠪᠦᠬᠦᠳᠠ ᠬᠤᠷᠠᠯ ᠵᠢᠴᠢ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠢᠨ | ᠲᠤᠭᠤᠷᠢᠨ ᠳᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ | ᠬᠢᠨᠠᠮᠠᠭᠠᠢ ᠦᠷᠨᠢᠭᠦᠯᠵᠦ᠂ ᠶᠡᠭᠡ ᠲᠠᠯ᠎ᠠ ᠶᠢᠨ ᠲᠤᠭᠤᠷᠢᠨ ᠳᠤ᠂ ᠭᠤᠤᠯᠳᠠᠯᠭ᠎ᠠ ᠪᠠᠨ ᠲᠤᠪᠤᠶᠢᠯᠭᠠᠨ᠂ ᠦᠷ᠎ᠡ | ᠪᠦᠳᠦᠮᠵᠢ ᠶᠢ ᠡᠷᠬᠢᠮᠯᠡᠬᠦ ᠵᠠᠷᠴᠢᠮ ᠢ ᠪᠠᠷᠢᠮᠳᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠡᠭᠦᠷᠭᠡ ᠬᠠᠷᠢᠭᠤᠴᠠᠯᠭ᠎ᠠ ᠪᠠ ᠤᠨᠴᠠᠯᠢᠭ ᠠᠴᠠ ᠡᠭᠦᠰᠤᠨ᠂ ᠡᠭᠦᠷᠭᠡ ᠲᠤᠰᠢᠶᠠᠯ ᠢᠶᠠᠨ ᠭᠦᠢᠴᠡᠳᠭᠡᠬᠦ | ᠠᠷᠭ᠎ᠠ ᠬᠡᠯᠪᠡᠷᠢ ᠪᠠᠨ ᠲᠡᠭᠦᠯᠳᠡᠷᠵᠢᠬᠦᠯᠵᠦ᠂ ᠬᠠᠤᠯᠢ ᠶᠤᠰᠤᠭᠠᠷ ᠡᠷᠬᠡ ᠲᠤᠰᠢᠶᠠᠯ ᠢᠶᠠᠨ ᠬᠡᠷᠡᠭᠵᠢᠬᠦᠯᠦᠨ᠂ ᠡᠭᠦᠷᠭᠡ | ᠴᠢᠳᠠᠪᠬᠢ ᠪᠠ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ | ᠬᠢᠨᠠᠮᠠᠭᠠᠢ ᠪᠠᠷ ᠨᠠᠶᠢᠳᠠᠪᠦᠷᠢᠵᠢᠭᠤᠯᠵᠤ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠲᠤᠭᠳᠠᠭᠤᠨ ᠬᠦᠭᠵᠢᠬᠦ | ᠶᠢ ᠲᠦᠯᠬᠢᠨ ᠠᠬᠢᠭᠤᠯᠤᠨ᠎ᠠ᠃ | ᠨᠢᠭᠡ᠂ ᠨᠠᠮ ᠤᠨ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠨ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠦᠪ ᠴᠢᠭᠯᠡᠯ ᠢ ᠪᠠᠳᠤᠳᠠᠢ ᠡᠵᠡᠮᠰᠢᠨ᠎ᠡ᠃ | 2014 ᠤᠨ ᠳᠤ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠨᠢ ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠡ ᠶᠢᠨ ᠰᠡᠳᠬᠢᠴᠡ ᠶᠤᠰᠤᠭᠠᠷ᠂ | ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠪᠠ ᠠᠶᠢᠮᠠᠭ ᠤᠨ ᠨᠠᠮ ᠤᠨ ᠬᠤᠷᠢᠶ᠎ᠡ᠂ ᠬᠤᠰᠢᠭᠤ ᠨᠠᠮ ᠤᠨ | ᠬᠤᠷᠢᠶᠠᠨ ᠤ ︵ᠦᠷᠭᠡᠳᠭᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠬᠤᠰᠢᠭᠤ | ᠨᠠᠮ ᠤᠨ ᠬᠤᠷᠢᠶᠠᠨ ᠤ ᠭᠤᠤᠯ ᠠᠵᠢᠯ ᠤᠨ ᠲᠤᠭᠤᠷᠢᠨ ᠳᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠢᠶᠠᠨ ᠪᠠᠶᠢᠷᠢᠯᠠᠭᠤᠯᠤᠨ ᠦᠷᠨᠢᠭᠦᠯᠦᠨ᠎ᠡ᠃ ᠴᠢᠬᠤᠯᠠ ᠬᠡᠷᠡᠭ ᠤᠴᠢᠷ ᠢ ᠴᠠᠭ ᠲᠤᠬᠠᠢ ᠳᠤᠨᠢ ᠨᠠᠮ ᠤᠨ | ᠬᠤᠷᠢᠶᠠᠨ ᠳᠤ ᠮᠡᠳᠡᠭᠦᠯᠦᠨ ᠵᠦᠪᠰᠢᠶᠡᠷᠡᠭᠦᠯᠭᠦ ᠲᠦᠷᠢᠮ ᠢ ᠪᠠᠷᠢᠮᠳᠠᠯᠠᠨ᠂ ᠪᠠᠶᠢᠩᠭᠤ ᠶᠢᠨ ᠬᠤᠷᠢᠶᠠᠨ ᠤ ᠨᠠᠮ ᠤᠨ | ᠲᠤᠭᠤᠶᠢᠯᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪ ᠣᠨᠣᠪᠴᠢᠳᠡᠢ ᠣᠯᠣᠰ ᠲᠦᠷᠦ ᠶᠢᠨ ᠴᠢᠭᠯᠡᠯ ᠢ ᠪᠠᠳᠣᠯᠠᠨ᠎ᠠ᠃ ᠨᠠᠮ ᠤᠨ ᠬᠤᠷᠢᠶᠡᠨ ᠤ | ᠰᠢᠢᠳᠪᠦᠷᠢᠳᠦ ᠪᠣᠳᠣᠯᠭ᠎ᠠ ᠪᠡ ᠪᠠᠶᠢᠷᠢᠯᠠᠭᠤᠯᠣᠯᠳᠡ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠡᠯ᠎ᠡ ᠲᠠᠯ᠎ᠠ ᠳᠤ ᠲᠣᠣᠱᠯᠠᠭᠤᠯᠣᠨ ᠨᠠᠶᠢᠳᠠᠪᠦᠷᠢᠵᠢᠭᠤᠯᠬᠤ ᠶᠢ ᠪᠠᠷᠢᠮᠳᠠᠯᠡᠵᠦ᠂ ᠪᠦᠭᠦ ᠬᠤᠰᠢᠭᠤᠨ ᠤ | ᠭᠦᠭᠵᠢᠯᠳᠡ ᠪᠡ ᠲᠣᠭᠳᠠᠭᠤᠨ ᠲᠠᠢ ᠬᠤᠯᠪᠣᠭᠳᠠᠬᠤ ᠴᠢᠬᠤᠯᠨ ᠶᠡᠭᠡ ᠠᠰᠠᠭᠤᠳᠡᠯ ᠳᠤ ᠰᠢᠢᠳᠪᠦᠷᠢ ᠪᠡ ᠲᠣᠭᠳᠠᠭᠠᠯ | ᠭᠠᠷᠭᠠᠨ᠎ᠠ᠃ ᠨᠡᠮ ᠠᠴᠠ ᠺᠠᠳ᠋ᠷ ᠢ ᠬᠠᠮᠢᠶᠠᠷᠬᠤ ᠪᠡ ᠬᠠᠦᠯᠢ ᠶᠣᠰᠣᠭᠠᠷ ᠲᠣᠮᠢᠯᠡᠵᠦ ᠪᠠᠭᠤᠯᠭᠠᠬᠤ ᠶᠢ ᠬᠠᠷᠢᠯᠴᠠᠨ | ᠣᠶᠠᠯᠳᠣᠭᠤᠯᠬᠤ ᠵᠠᠷᠴᠢᠮ ᠢ ᠪᠠᠷᠢᠮᠳᠠᠯᠠᠨ᠂ ᠺᠠᠳ᠋ᠷ ᠢ ᠲᠣᠮᠢᠯᠡᠵᠦ ᠪᠠᠭᠤᠯᠭᠠᠬᠤ ᠠᠵᠢᠯ ᠢ ᠰᠠᠶᠢᠳᠦᠷ ᠠᠳᠬᠤᠨ᠎ᠠ᠃ | ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠵᠢᠯᠤᠭᠤᠳᠤᠨ ᠵᠤᠬᠢᠴᠠᠭᠤᠯᠬᠤ ᠠᠵᠢᠯ ᠢ | ᠤᠯᠠᠮ ᠴᠢᠩᠭᠠᠳᠬᠠᠨ᠂ ᠠᠵᠢᠯ ᠤᠨ ᠲᠤᠮᠳᠠᠬᠢ ᠭᠦᠴᠢᠷᠳᠡᠯ ᠪᠡ ᠠᠰᠠᠭᠤᠳᠡᠯ ᠢ ᠨᠢ ᠵᠣᠭᠢᠴᠠᠭᠤᠯᠣᠨ ᠰᠢᠢᠳᠪᠦᠷᠢᠯᠡᠨ᠎ᠡ᠃ | | ᠬᠤᠶᠠᠷ᠂ ᠪᠦᠭᠦ ᠬᠤᠰᠢᠭᠤᠨ ᠤ ᠭᠦᠭᠵᠢᠯᠳᠡ ᠶᠢᠨ ᠶᠡᠭᠡ ᠲᠠᠯ᠎ᠠ ᠶᠢᠨ ᠲᠣᠭᠤᠷᠢᠨ ᠳᠤ᠂ ᠭᠢᠨᠠᠯᠳᠡ | ᠲᠠᠯᠪᠢᠬᠤ ᠠᠵᠢᠯ ᠤᠨ ᠦᠷ᠎ᠡ ᠪᠦᠳᠦᠮᠵᠢ ᠪᠠᠨ ᠦᠨᠡᠨᠭᠦ ᠴᠢᠩᠭᠠᠳᠬᠠᠨ᠎ᠠ᠃ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠨᠢ ︽ᠬᠠᠤᠯᠢ | ᠴᠠᠭᠠᠵᠠ ᠶᠢᠨ ᠬᠢᠨᠠᠯᠳᠠ ᠲᠠᠯᠪᠢᠬᠤ ᠳᠤ ᠭᠤᠤᠯᠳᠠᠯᠭ᠎ᠠ ᠶᠢ ᠠᠳᠬᠤᠬᠤ᠂ ᠠᠵᠢᠯ ᠤᠨ ᠬᠢᠨᠠᠯᠳᠠ ᠲᠠᠯᠪᠢᠬᠤ ᠳᠤ ᠶᠡᠭᠡ | ᠶᠠᠪᠤᠳᠠᠯ ᠢ ᠠᠳᠬᠤᠬᠤ︾ ᠵᠠᠷᠴᠢᠮ ᠶᠤᠰᠤᠭᠠᠷ᠂ ᠬᠢᠨᠠᠯᠳᠠ ᠲᠠᠯᠪᠢᠬᠤ ᠠᠵᠢᠯ ᠤᠨ ᠲᠤᠭᠳᠠᠴᠠ ᠪᠠᠨ | ᠲᠡᠭᠦᠯᠳᠡᠷᠵᠢᠬᠦᠯᠬᠦ ᠶᠢ ᠬᠢᠨᠠᠯᠳᠠ ᠲᠠᠯᠪᠢᠬᠤ ᠡᠭᠦᠷᠬᠡ ᠴᠢᠳᠠᠪᠤᠷᠢ ᠪᠠᠨ ᠴᠢᠩᠭᠠᠳᠬᠠᠬᠤ᠂ ᠬᠢᠨᠠᠯᠳᠠ ᠲᠠᠯᠪᠢᠬᠤ ᠦᠷ᠎ᠡ | ᠪᠦᠳᠦᠮᠵᠢ ᠶᠢ ᠨᠡᠮᠡᠭᠳᠡᠬᠦᠯᠬᠦ ᠴᠢᠬᠤᠯᠠ ᠭᠤᠭᠴᠤᠭ᠎ᠠ ᠪᠤᠯᠭᠠᠨ ᠠᠳᠬᠤᠵᠤ᠂ ᠬᠢᠨᠠᠯᠳᠠ ᠲᠠᠯᠪᠢᠬᠤ ᠴᠢᠨᠠᠷ | ᠴᠢᠨᠰᠠᠭ᠎ᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠵᠦ᠂ ᠣᠯᠠᠨ ᠲᠦᠮᠡᠨ ᠤ ᠣᠨᠴᠠ ᠠᠩᠬᠠᠷᠴᠦ ᠪᠠᠶᠢᠭ᠎ᠠ | ᠭᠤᠣᠯᠳᠡᠯᠭ᠎ᠠ ᠲᠠᠢ ᠠᠰᠠᠭᠤᠳᠡᠯ ᠳᠤ ᠭᠢᠨᠠᠯᠳᠡ ᠲᠠᠯᠪᠢᠬᠤ ᠪᠡ ᠪᠠᠶᠢᠴᠠᠭᠠᠨ ᠰᠣᠳᠣᠯᠣᠯᠳᠡ ᠬᠢᠵᠦ᠂ ᠡᠯ᠎ᠡ ᠵᠦᠢᠯ ᠤᠨ | ᠠᠵᠢᠯ ᠤᠨ ᠮᠡᠳᠡᠭᠦᠯᠦᠯᠳᠡ ᠶᠢ ᠰᠤᠨᠤᠰᠴᠤ ᠬᠢᠨᠠᠨ ᠵᠦᠪᠯᠡᠨ᠎ᠡ᠃ ᠪᠠᠶᠢᠩᠭᠤ ᠶᠢᠨ ᠬᠡᠰᠢᠭᠦᠳ ᠤᠨ ᠬᠤᠷᠠᠯ ᠢᠶᠠᠷ | ᠬᠤᠰᠢᠭᠤ ᠠᠷᠠᠳ ᠤᠨ ᠵᠠᠰᠠᠭ ᠤᠨ ᠣᠷᠳᠣᠨ ᠤ 2014 ᠣᠨ ᠤ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠦᠭᠵᠢᠯᠳᠡ ᠶᠢᠨ ᠲᠦᠯᠦᠪᠯᠡᠭᠡ ᠶᠢ ᠬᠦᠢᠴᠡᠳᠭᠡᠭᠰᠡᠨ ᠪᠠᠶᠢᠳᠠᠯ᠂ ᠡᠳ᠋ ᠤᠨ ᠵᠠᠰᠠᠭ ᠤᠨ ᠲᠦᠰᠦᠪ ᠢ | ᠬᠡᠷᠡᠭᠵᠢᠭᠦᠯᠦᠭᠰᠡᠨ ᠪᠠᠶᠢᠳᠠᠯ᠂ ᠭᠢᠨᠠᠨ ᠪᠣᠳᠣᠬᠤ ᠠᠵᠢᠯ ᠢ ᠦᠷᠨᠢᠭᠦᠯᠦᠭᠰᠡᠨ ᠪᠠᠶᠢᠳᠡᠯ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠳᠠ ᠶᠢᠨ | ᠠᠵᠢᠯ ᠤᠨ ᠪᠠᠶᠢᠳᠠᠯ᠂ ᠢᠳᠡᠭᠡᠨ ᠤᠮᠳᠠᠭᠠᠨ ᠡᠮ ᠤᠨ ᠵᠦᠢᠯ ᠤᠨ ᠬᠠᠮᠢᠶᠠᠷᠤᠯᠳᠠ ᠶᠢᠨ ᠠᠵᠢᠯ ᠤᠨ ᠪᠠᠶᠢᠳᠠᠯ᠂ ᠬᠤᠳᠠ | ᠪᠠᠯᠭᠠᠰᠤᠨ ᠤ ᠪᠦᠳᠦᠭᠡᠨ ᠪᠠᠶᠢᠭᠤᠯᠤᠯᠳᠠ ᠵᠡᠷᠭᠡ ᠠᠵᠢᠯ ᠤᠨ ᠲᠣᠬᠠᠢ ᠮᠡᠳᠡᠭᠦᠯᠦᠯᠳᠡ ᠶᠢ ᠰᠣᠨᠣᠰᠴᠦ ᠭᠢᠨᠡᠨ ᠵᠦᠪᠯᠡᠨ᠎ᠡ | ᠃ ᠡᠷᠭᠢᠯᠡᠭᠴᠢᠳ ᠤᠨ ᠬᠤᠷᠠᠯ ᠢᠶᠠᠷ ᠶᠠᠳᠠᠭᠤ ᠶᠢ ᠲᠡᠳᠭᠦᠬᠦ᠂ ᠠᠷᠠᠳ ᠤᠨ ᠶᠠᠪᠤᠳᠠᠯ ᠪᠠ ᠪᠤᠳᠠᠰ ᠤᠨ ᠦᠨ᠎ᠡ ᠶᠢ | ᠬᠢᠨᠠᠨ ᠬᠠᠮᠢᠶᠠᠷᠬᠤ ᠠᠵᠢᠯ ᠤᠨ ᠮᠡᠳᠡᠭᠦᠯᠦᠯᠳᠡ ᠶᠢ ᠰᠣᠨᠣᠰᠴᠦ ᠬᠢᠨᠡᠨ ᠵᠦᠪᠯᠡᠨ᠎ᠡ᠃ ︽ᠪᠦᠭᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠠᠶᠤᠯᠬᠦᠢ ᠦᠢᠯᠡᠳᠪᠦᠷᠢᠯᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ︾ ᠵᠢᠴᠢ ᠬᠠᠮᠢᠶ᠎ᠠ ᠪᠦᠬᠦᠢ ᠬᠠᠤᠯᠢ | ᠴᠠᠭᠠᠵᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ ᠬᠡᠷᠡᠭᠵᠢᠭᠦᠯᠦᠯᠳᠡ ᠶᠢᠨ ᠪᠠᠶᠢᠴᠠᠭᠠᠯᠳᠠ | ᠦᠷᠨᠢᠭᠦᠯᠵᠦ᠂ ᠲᠡᠭᠡᠳᠦ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠦᠪᠯᠡᠯ | ᠲᠠᠢ ᠢᠳᠡᠪᠭᠢᠳᠡᠢ ᠬᠠᠮᠵᠢᠯᠴᠠᠵᠦ᠂ ᠬᠠᠦᠯᠢ ᠭᠡᠷᠡᠭᠵᠢᠭᠦᠯᠦᠯᠳᠡ ᠶᠢᠨ ᠪᠠᠶᠢᠴᠠᠭᠠᠯᠳᠠ᠂ ᠪᠠᠶᠢᠴᠠᠭᠠᠨ ᠰᠣᠳᠣᠯᠣᠯᠳᠡ ᠪᠠ | ᠲᠤᠭᠤᠷᠢᠨ ᠪᠠᠶᠢᠴᠠᠭᠠᠬᠤ ᠠᠵᠢᠯ ᠢ ᠦᠷᠨᠢᠭᠦᠯᠦᠨ᠎ᠡ᠃ ᠬᠤᠰᠢᠭᠤ ᠠᠷᠠᠳ ᠤᠨ ᠰᠢᠭᠦᠭᠦ ᠬᠤᠷᠢᠶᠠᠨ ᠤ ᠬᠦᠢᠴᠡᠳᠬᠡᠬᠦ | ᠠᠵᠢᠯ ᠢ ᠦᠷᠨᠢᠭᠦᠯᠦᠭᠰᠡᠨ ᠪᠠᠶᠢᠳᠠᠯ ᠪᠠ ᠠᠷᠠᠳ ᠤᠨ ᠪᠠᠶᠢᠴᠠᠭᠠᠬᠤ ᠬᠤᠷᠢᠶᠡᠨ ᠤ ᠢᠷᠭᠡᠨ ᠤ ᠬᠡᠷᠡᠭ ᠵᠠᠰᠠᠭ | ᠵᠠᠬᠢᠷᠭᠠᠨ ᠤ ᠬᠡᠷᠡᠭ ᠢ ᠪᠠᠶᠢᠴᠠᠭᠠᠬᠤ ᠴᠢᠳᠠᠪᠬᠢ ᠪᠠᠨ ᠪᠠᠳᠠᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠳᠡ ᠶᠢ | ᠰᠣᠨᠣᠰᠴᠦ ᠬᠢᠨᠠᠨ ᠵᠦᠪᠯᠡᠨ᠂ ︽ᠨᠢᠭᠡ ᠤᠷᠳᠤᠨ ᠬᠤᠶᠠᠷ ᠬᠤᠷᠢᠶ᠎ᠠ︾ ᠲᠠᠢ 2014 ᠤᠨ ᠤ ᠬᠠᠤᠯᠢ | ᠬᠡᠷᠡᠭᠵᠢᠬᠦᠯᠦᠯᠳᠡ ᠶᠢᠨ ᠬᠠᠷᠢᠭᠤᠴᠠᠯᠭ᠎ᠠ ᠶᠢᠨ ᠭᠡᠷ᠎ᠡ ᠲᠤᠭᠳᠠᠨ᠂ ᠵᠢᠯ ᠤᠨ ᠡᠴᠦᠰ ᠲᠤ ᠬᠢᠨᠠᠨ ᠰᠢᠯᠭᠠᠵᠤ᠂ ᠲᠦᠪ | ᠭᠤᠣᠯᠴᠢ ᠪᠠᠷ ᠬᠠᠦᠯᠢ ᠭᠡᠷᠡᠭᠵᠢᠭᠦᠯᠭᠦ ᠶᠢ ᠠᠭᠢᠭᠤᠯᠣᠨᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠵᠠᠭᠢᠳᠡᠯ ᠰᠣᠷᠪᠣᠯᠵᠢᠯᠠᠭ᠎ᠠ ᠶᠢᠨ ᠠᠵᠢᠯ ᠢ ᠭᠦᠨᠳᠦᠳᠭᠡᠵᠦ᠂ ᠵᠠᠬᠢᠳᠠᠯ ᠰᠤᠷᠪᠤᠯᠵᠢᠯᠠᠭ᠎ᠠ ᠶᠢ ᠲᠤᠰᠢᠶᠠᠵᠤ | ᠰᠢᠢᠳᠪᠦᠷᠢᠯᠡᠭᠦᠯᠬᠦ᠂ ᠱᠠᠯᠠᠪᠳᠠᠨ ᠰᠢᠢᠳᠪᠦᠷᠢᠯᠡᠭᠦᠯᠬᠦ ᠠᠵᠢᠯ ᠢ ᠦᠨᠡᠨᠭᠦ ᠴᠢᠩᠭᠠᠳᠬᠠᠵᠤ᠂ ᠣᠯᠠᠨ ᠲᠦᠮᠡᠨ ᠤ ᠬᠠᠦᠯᠢ | ᠶᠣᠰᠣᠨ ᠤ ᠡᠷᠭᠡ ᠠᠰᠢᠭ ᠢ ᠬᠠᠮᠠᠭᠠᠯᠠᠨ᠎ᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ | ᠲᠠᠭᠠᠳᠬᠠᠯ ᠤᠨ ᠠᠵᠢᠯ᠂ ᠰᠤᠮᠤ ᠪᠠᠯᠭᠠᠰᠤ ᠭᠠᠴᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮ ᠤᠨ ᠪᠦᠳᠦᠭᠡᠨ ᠪᠠᠶᠢᠭᠤᠯᠤᠯᠳᠠ ᠵᠡᠷᠭᠡ ᠲᠠᠯ᠎ᠠ ᠪᠠᠷ ᠲᠤᠰᠬᠠᠢ ᠠᠵᠢᠯ ᠤᠨ ᠪᠠᠶᠢᠴᠠᠭᠠᠨ ᠰᠤᠳᠤᠯᠤᠯᠳᠠ | ᠦᠷᠨᠢᠭᠦᠯᠦᠨ᠎ᠡ᠃ ᠬᠤᠰᠢᠭᠤ ᠮᠠᠯ ᠠᠵᠤ ᠠᠬᠤᠢ ᠶᠢᠨ ᠲᠤᠪᠴᠢᠶ᠎ᠡ᠂ ᠰᠤᠶᠤᠯ ᠳᠠᠮᠢᠷ ᠷᠠᠳᠢᠤ᠋ ᠲᠧᠯᠸᠢᠰ ᠺᠢᠨᠤ᠋ | ᠲᠤᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠤᠨ ᠲᠤᠪᠴᠢᠶᠠᠨ ᠤ | ᠬᠠᠷᠢᠭᠤᠴᠠᠯᠭᠠᠳᠠᠨ ᠤ ᠲᠤᠰᠢᠶᠠᠯ ᠲᠤᠭᠠᠴᠠᠭᠰᠠᠨ ᠮᠡᠳᠡᠭᠦᠯᠦᠯᠳᠡ ᠶᠢ ᠰᠤᠨᠤᠰᠴᠤ ᠦᠨᠡᠯᠡᠯᠳᠡ ᠬᠢᠨ᠎ᠡ᠃ | ᠭᠤᠷᠪᠡ᠂ ᠲᠦᠯᠦᠭᠡᠯᠡᠭᠴᠢ ᠶᠢᠨ ᠠᠵᠢᠯ ᠢ ᠲᠠᠰᠣᠷᠠᠯᠳᠡ ᠦᠭᠡᠢ ᠬᠠᠯᠠᠨ ᠰᠠᠶᠢᠵᠢᠷᠠᠭᠤᠯᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠨᠢ | ᠪᠣᠯᠪᠠᠰᠣᠷᠠᠯ ᠡᠷᠬᠢᠯᠡᠬᠦ᠂ ᠭᠠᠳᠠᠭᠰᠢ ᠭᠠᠷᠴᠦ ᠲᠣᠭᠤᠷᠢᠨ ᠰᠣᠷᠣᠯᠴᠠᠬᠤ᠂ ᠲᠣᠷᠰᠢᠯᠭ᠎ᠠ ᠰᠣᠯᠢᠯᠴᠠᠬᠤ ᠠᠵᠢᠯᠯᠠᠭ᠎ᠠ | ᠵᠡᠷᠭᠡ ᠭᠡᠯᠪᠡᠷᠢ ᠪᠠᠷ ᠲᠠᠮᠵᠢᠨ᠂ ᠬᠠᠨᠳᠤᠯᠭᠠᠳᠤ ᠴᠢᠨᠠᠷ ᠲᠠᠢ ᠪᠠᠷ ᠪᠤᠯᠪᠠᠰᠤᠷᠠᠯ ᠪᠠ ᠵᠢᠭᠠᠨ ᠵᠢᠯᠤᠭᠤᠳᠬᠤ ᠠᠵᠢᠯ ᠢ | ᠦᠷᠨᠢᠭᠦᠯᠵᠦ᠂ ᠲᠦᠯᠦᠭᠡᠯᠡᠭᠴᠢᠳ ᠤᠨ ᠲᠣᠰᠢᠶᠠᠯ ᠢᠶᠠᠨ ᠭᠦᠢᠴᠡᠳᠭᠡᠭᠦ ᠴᠢᠳᠡᠪᠦᠷᠢ ᠪᠡ ᠭᠢᠷᠢ ᠲᠦᠪᠰᠢᠨ ᠢ ᠨᠢ | ᠲᠠᠰᠣᠷᠠᠯᠳᠡ ᠦᠭᠡᠢ ᠲᠡᠭᠡᠭᠰᠢᠯᠡᠭᠦᠯᠦᠨ᠎ᠡ᠃ ᠲᠦᠯᠦᠭᠡᠯᠡᠭᠴᠢᠳ ᠤᠨ ᠲᠣᠰᠢᠶᠡᠯ ᠭᠦᠢᠴᠡᠳᠭᠡᠭᠦ ᠠᠷᠭ᠎ᠠ ᠵᠠᠮ ᠢ | ᠦᠷᠭᠡᠳᠭᠡᠵᠦ᠂ ᠪᠠᠶᠢᠩᠭᠤ ᠶᠢᠨ ᠬᠤᠷᠢᠶᠡᠨ ᠤ ᠪᠦᠷᠢᠯᠳᠦᠭᠦᠨ ᠲᠦᠯᠦᠭᠡᠯᠡᠭᠴᠢᠳ ᠲᠠᠢ ᠬᠠᠷᠢᠯᠴᠠᠬᠤ᠂ | ᠲᠦᠯᠦᠭᠡᠯᠡᠭᠴᠢᠳ ᠢ ᠪᠠᠶᠢᠩᠭᠤ ᠶᠢᠨ ᠭᠡᠰᠢᠭᠦᠳ ᠤᠨ ᠬᠤᠷᠠᠯ ᠳᠤ ᠣᠷᠢᠵᠦ ᠣᠷᠣᠯᠴᠠᠭᠤᠯᠬᠤ᠂ ᠪᠠᠶᠢᠩᠭᠤ ᠶᠢᠨ | ᠬᠤᠷᠢᠶᠡᠨ ᠤ ᠵᠣᠭᠢᠶᠡᠨ ᠪᠠᠶᠢᠭᠤᠯᠣᠭᠰᠡᠨ ᠬᠠᠦᠯᠢ ᠭᠡᠷᠡᠭᠵᠢᠭᠦᠯᠦᠯᠳᠡ ᠶᠢᠨ ᠪᠠᠶᠢᠴᠠᠭᠠᠯᠳᠡ ᠪᠡ ᠪᠠᠶᠢᠴᠠᠭᠠᠨ | ᠰᠣᠳᠣᠯᠣᠯᠳᠡ ᠳᠤ ᠤᠷᠢᠵᠤ ᠤᠷᠤᠯᠴᠠᠭᠤᠯᠬᠤ ᠵᠡᠷᠭᠡ ᠲᠦᠷᠢᠮ ᠢ ᠨᠠᠷᠢᠨ ᠬᠢᠨᠠᠮᠠᠭᠠᠢ ᠬᠡᠷᠡᠭᠵᠢᠬᠦᠯᠵᠦ᠂ | ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠡᠨ ᠤ ᠠᠵᠢᠯ ᠳᠤ ᠣᠷᠣᠯᠴᠠᠬᠤ ᠠᠷᠭ᠎ᠠ ᠵᠠᠮ ᠢ ᠦᠷᠭᠡᠳᠭᠡᠵᠦ᠂ | ᠲᠦᠯᠦᠭᠡᠯᠡᠭᠴᠢᠳ ᠤᠨ ᠡᠭᠦᠷᠭᠡ ᠲᠣᠰᠢᠶᠡᠯ ᠢᠶᠠᠨ ᠭᠦᠢᠴᠡᠳᠭᠡᠭᠦ ᠳᠤ ᠤᠬᠢ ᠰᠠᠶᠢᠨ ᠲᠠᠪᠴᠠᠩ ᠢ ᠪᠦᠷᠢᠯᠳᠦᠭᠦᠯᠦᠨ᠎ᠡ᠃ | ᠥᠨᠥ ᠵᠢᠯ ᠲᠦᠯᠦᠭᠡᠯᠡᠭᠴᠢᠳ ᠢ ᠵᠤᠬᠢᠶᠠᠨ ᠪᠠᠶᠢᠭᠤᠯᠵᠤ᠂ ᠠᠵᠤ ᠦᠢᠯᠡᠳᠪᠦᠷᠢ ᠶᠢᠨ ᠲᠤᠭᠤᠷᠢᠭ ᠤᠨ ᠪᠦᠳᠦᠭᠡᠨ | ᠪᠠᠶᠢᠭᠤᠯᠤᠯᠳᠠ᠂ ᠮᠢᠬᠠᠨ ᠢᠳᠡᠬᠡᠨ ᠪᠤᠯᠪᠠᠰᠤᠷᠠᠭᠤᠯᠬᠤ ᠠᠵᠦ ᠠᠬᠤᠶᠢᠯᠠᠯ ᠤᠨ ᠪᠦᠳᠦᠭᠡᠨ ᠪᠠᠶᠢᠭᠤᠯᠤᠯᠳᠠ᠂ ᠰᠢᠨ᠎ᠡ | ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ᠂ ᠨᠡᠶᠢᠭᠡᠮ ᠲᠤᠭᠤᠷᠢᠭ ᠤᠨ ᠪᠦᠳᠦᠭᠡᠨ | ᠪᠠᠶᠢᠭᠤᠯᠤᠯᠳᠠ᠂ ᠠᠷᠠᠳ ᠤᠨ ᠶᠠᠪᠤᠳᠠᠯ ᠤᠨ ᠠᠰᠠᠷᠠᠮᠵᠢ ᠶᠢᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠵᠡᠷᠭᠡ | ᠲᠠᠯ᠎ᠠ ᠪᠠᠷ ᠲᠤᠰᠬᠠᠶᠢᠯᠠᠨ ᠲᠦᠯᠦᠭᠡᠯᠡᠭᠴᠢᠳ ᠤᠨ ᠲᠤᠭᠤᠷᠢᠨ ᠪᠠᠶᠢᠴᠠᠭᠠᠯᠳᠠ ᠶᠢᠨ ᠠᠵᠢᠯᠯᠠᠭ᠎ᠠ ᠶᠢ ᠦᠷᠨᠢᠭᠦᠯᠦᠨ᠎ᠡ᠃ | ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠶᠢᠳᠪᠦᠷᠢᠯᠡᠬᠦ ᠴᠢᠨᠠᠷᠵᠢᠯ ᠢ ᠤᠯᠠᠮ ᠨᠢᠭᠡ ᠠᠯᠬᠤᠮ ᠲᠡᠭᠡᠭᠰᠢᠯᠡᠬᠦᠯᠵᠤ | ᠂ ᠬᠤᠰᠢᠭᠤ ᠵᠠᠰᠠᠭ ᠤᠨ ᠣᠷᠳᠣᠨ ᠤ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠶᠢᠳᠪᠦᠷᠢᠯᠡᠭᠰᠡᠨ ᠪᠠᠶᠢᠳᠡᠯ ᠤᠨ | ᠲᠣᠬᠠᠢ ᠲᠣᠰᠬᠠᠢ ᠮᠡᠳᠡᠭᠦᠯᠦᠯᠳᠡ ᠶᠢ ᠰᠤᠨᠤᠰᠴᠤ᠂ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠳᠤ ᠵᠦᠢ ᠵᠤᠬᠢᠰᠳᠠᠢ | ᠬᠠᠷᠢᠭᠤᠯᠳᠠ ᠥᠭᠬᠦ ᠪᠠ ᠰᠢᠢᠳᠪᠦᠷᠢᠯᠡᠭᠦ ᠶᠢ ᠪᠠᠳᠤᠯᠠᠨ᠎ᠠ᠃ ᠰᠣᠮᠣ ᠪᠠᠯᠭᠠᠰᠣᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠠᠵᠢᠯ ᠢ ᠵᠢᠭᠠᠨ ᠵᠢᠯᠣᠭᠤᠳᠬᠤ ᠬᠦᠴᠦᠯᠡᠴᠡ ᠪᠠᠨ ᠨᠡᠮᠡᠭᠳᠡᠭᠦᠯᠵᠤ᠂ ᠰᠣᠮᠣ ᠪᠠᠯᠭᠠᠰᠣᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠢ ᠲᠣᠬᠠᠶᠢᠯᠠᠭᠰᠠᠨ ᠠᠵᠢᠯ ᠤᠨ | ᠪᠣᠯᠪᠠᠰᠣᠷᠠᠯ ᠳᠤ ᠣᠷᠣᠯᠴᠠᠭᠤᠯᠵᠦ᠂ ᠠᠵᠢᠯ ᠤᠨ ᠲᠣᠷᠰᠢᠯᠭ᠎ᠠ ᠰᠣᠯᠢᠯᠴᠠᠬᠤ ᠶᠢ ᠤᠯᠠᠮ ᠨᠢᠭᠡ ᠠᠯᠬᠤᠮ | ᠴᠢᠩᠭᠠᠳᠬᠠᠨ᠎ᠠ᠃ ᠪᠠᠶᠢᠩᠭᠤ ᠶᠢᠨ ᠬᠤᠷᠢᠶᠡᠨ ᠤ ᠣᠳᠣᠷᠢᠳᠣᠯᠭ᠎ᠠ ᠰᠣᠮᠣ ᠪᠠᠯᠭᠠᠰᠣᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠢ ᠬᠤᠪᠢᠳᠠᠨ ᠬᠠᠷᠢᠯᠴᠠᠬᠤ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ | ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢ ᠵᠢᠭᠠᠨ ᠵᠢᠯᠤᠭᠤᠳᠴᠦ᠂ ᠡᠯ᠎ᠡ | ᠲᠦᠷᠦᠯ ᠤᠨ ᠠᠵᠢᠯ ᠢ ᠢᠳᠡᠪᠬᠢᠳᠠᠢ ᠦᠷᠨᠢᠭᠦᠯᠦᠨ᠎ᠡ᠃ | ᠲᠦᠷᠪᠡ᠂ ᠲᠣᠰ ᠪᠡᠶ᠎ᠡ ᠶᠢᠨ ᠪᠠᠶᠢᠭᠤᠯᠣᠯᠳᠡ ᠪᠠᠨ ᠴᠢᠩᠭᠠᠳᠬᠠᠵᠦ᠂ ᠲᠣᠰᠢᠶᠡᠯ ᠢᠶᠠᠨ ᠭᠦᠢᠴᠡᠳᠭᠡᠭᠦ | ᠴᠢᠳᠡᠪᠦᠷᠢ ᠪᠠᠨ ᠴᠢᠷᠮᠠᠶᠢᠨ ᠲᠡᠭᠡᠭᠰᠢᠯᠡᠭᠦᠯᠦᠨ᠎ᠡ᠃ | ᠨᠢᠭᠡ ᠳᠤ᠂ ᠣᠯᠣᠰ ᠲᠦᠷᠦ ᠦᠵᠡᠯ ᠰᠠᠨᠠᠭᠠᠨ ᠤ ᠪᠠᠶᠢᠭᠤᠯᠣᠯᠳᠡ ᠪᠠᠨ ᠴᠢᠩᠭᠠᠳᠬᠠᠵᠦ᠂ ᠲᠤᠰᠢᠶᠠᠯ ᠢᠶᠠᠨ | ᠬᠦᠢᠴᠡᠳᠭᠡᠬᠦ ᠴᠢᠳᠠᠪᠤᠷᠢ ᠪᠠᠨ ᠲᠡᠭᠡᠭᠰᠢᠯᠡᠬᠦᠯᠦᠨ᠎ᠡ᠃ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ | ᠰᠤᠷᠤᠯᠴᠠᠬᠤ ᠲᠦᠷᠢᠮ ᠪᠠ ᠨᠠᠮ ᠤᠨ ᠡᠭᠦᠷ ᠤᠨ ᠰᠤᠷᠤᠯᠴᠠᠬᠤ ᠲᠦᠷᠢᠮ ᠢ ᠦᠷᠬᠦᠯᠵᠢᠯᠡᠨ ᠲᠡᠭᠦᠯᠳᠡᠷᠵᠢᠬᠦᠯᠵᠦ᠂ | ᠪᠠᠶᠢᠭᠤᠯᠤᠯᠭ᠎ᠠ ᠶᠢᠨ ᠪᠦᠬᠦ ᠺᠠᠳ᠋ᠷ ᠠᠵᠢᠯᠳᠠᠨ ᠢᠶᠠᠨ ᠵᠤᠬᠢᠶᠠᠨ ᠪᠠᠶᠢᠭᠤᠯᠵᠦ᠂ ᠬᠠᠮᠢᠶ᠎ᠠ ᠪᠦᠬᠦᠢ ᠬᠠᠤᠯᠢ ᠴᠠᠭᠠᠵᠠ | ᠲᠦᠷᠢᠮ ᠲᠤᠭᠳᠠᠭᠠᠯ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ | ᠮᠡᠳᠡᠯᠭᠡ ᠶᠢ ᠰᠤᠷᠤᠯᠴᠠᠵᠦ᠂ ᠪᠠᠶᠢᠩᠭᠤ ᠶᠢᠨ ᠬᠤᠷᠢᠶᠠᠨ ᠤ ᠪᠠᠶᠢᠭᠤᠯᠤᠯᠭ᠎ᠠ ᠶᠢᠨ ᠠᠵᠢᠯᠳᠠᠳ ᠤᠨ ᠤᠨᠤᠯ ᠤᠨ ᠬᠢᠷᠢ | ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠵᠢᠴᠢ ᠦᠢᠯᠡᠴᠢᠯᠡᠬᠦ ᠬᠢᠷᠢ ᠲᠦᠪᠰᠢᠨ ᠢ ᠲᠡᠭᠡᠭᠰᠢᠯᠡᠭᠦᠯᠵᠦ᠂ | ᠲᠦᠷᠦ ᠶᠢᠨ ᠡᠷᠬᠡᠳᠦ ᠪᠠᠶᠢᠭᠤᠯᠤᠯᠭ᠎ᠠ ᠶᠢᠨ ᠤᠬᠢ ᠰᠠᠶᠢᠨ ᠲᠦᠷᠢ ᠲᠦᠷᠬᠦ ᠶᠢ ᠪᠤᠢ ᠪᠤᠯᠭᠠᠨ᠎ᠠ᠃ ᠬᠤᠶᠠᠷ ᠲᠤ᠂ | ᠨᠠᠮ ᠤᠨ ᠰᠣᠷᠳᠡᠯ ᠠᠷᠢᠭᠤᠨ ᠴᠢᠭᠡᠴᠢ ᠶᠢᠨ ᠪᠠᠶᠢᠭᠤᠯᠣᠯᠳᠡ ᠶᠢ ᠴᠢᠩᠭᠠᠳᠬᠠᠵᠤ᠂ ᠪᠠᠶᠢᠩᠭᠤ ᠶᠢᠨ ᠬᠤᠷᠢᠶᠠᠨ ᠤ | ᠪᠠᠶᠢᠭᠤᠯᠤᠯᠭ᠎ᠠ ᠶᠢᠨ ᠡᠯ᠎ᠡ ᠲᠠᠯ᠎ᠠ ᠶᠢᠨ ᠠᠵᠢᠯ ᠢᠶᠠᠨ ᠴᠢᠩᠭ᠎ᠠ ᠠᠳᠬᠤᠨ᠎ᠠ᠃ ᠨᠠᠮ ᠤᠨ ᠤᠯᠠᠨ ᠲᠦᠮᠡᠨᠴᠢ | ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠢᠨᠠᠮᠠᠭᠠᠢ ᠦᠷᠨᠢᠭᠦᠯᠵᠦ᠂ ᠲᠥᠪ ᠤᠨ ᠨᠠᠢᠮᠠᠨ ᠵᠤᠷᠪᠤᠰ | ᠲᠥᠷᠢᠮ ᠲᠤᠭᠳᠠᠭᠠᠯ ᠢ ᠲᠤᠤᠱᠯᠠᠭᠤᠯᠤᠨ ᠨᠠᠶᠢᠳᠠᠪᠦᠷᠢᠵᠢᠭᠤᠯᠬᠤ ᠪᠠᠷ ᠰᠢᠪᠳᠤᠯᠤᠯᠳᠠ ᠪᠤᠯᠭᠠᠵᠤ᠂ ᠰᠤᠷᠳᠠᠯ ᠤᠨ | ᠪᠠᠶᠢᠭᠤᠯᠤᠯᠳᠠ ᠶᠢ ᠤᠯᠠᠮ ᠨᠢᠭᠡ ᠠᠯᠬᠤᠮ ᠲᠤᠪᠤᠶᠢᠯᠭᠠᠵᠤ᠂ ᠠᠯᠪᠠᠨ ᠭᠡᠷ ᠪᠠ ᠠᠯᠪᠠᠨ ᠲᠡᠷᠭᠡᠨ ᠤ ᠲᠠᠯ᠎ᠠ ᠪᠠᠷ ᠬᠢ | ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ | ᠬᠢᠵᠠᠭᠠᠷᠯᠠᠨ᠂ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠭᠦ ᠦᠵᠡᠯ | ᠵᠡᠷᠭᠡ ᠢ ᠡᠷᠡᠰ ᠲᠡᠪᠴᠡᠵᠦ᠂ ᠠᠷᠠᠳ ᠲᠦᠮᠡᠨ ᠤ ᠲᠤᠰᠬᠠᠯ ᠶᠡᠬᠡᠳᠠᠢ ᠲᠤᠪᠤᠶᠢᠮ᠎ᠠ ᠠᠰᠠᠭᠤᠳᠠᠯ ᠢ ᠦᠨᠡᠨᠬᠦ | ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠲᠦᠯᠭᠢᠨ ᠠᠬᠢᠭᠤᠯᠬᠤ | ᠳᠤ ᠪᠠᠳᠤᠯᠠᠭ᠎ᠠ ᠬᠠᠩᠭᠠᠨ᠎ᠠ᠃ ᠡᠳᠦᠷ ᠲᠤᠳᠤᠮ ᠤᠨ ᠠᠵᠢᠯ ᠤᠨ ᠲᠤᠮᠳᠠ ᠠᠵᠢᠯᠯᠠᠬᠤ ᠰᠤᠷᠳᠠᠯ ᠢᠶᠠᠨ ᠲᠠᠰᠤᠷᠠᠯᠳᠠ | ᠦᠭᠡᠢ ᠦᠭᠡᠷᠡᠴᠢᠯᠡᠨ ᠰᠠᠶᠢᠵᠢᠷᠠᠭᠤᠯᠵᠦ᠂ ᠠᠵᠢᠯᠯᠠᠬᠤ ᠠᠷᠭ᠎ᠠ ᠬᠡᠯᠪᠡᠷᠢ ᠪᠠᠨ ᠰᠢᠨᠡᠳᠭᠡᠨ᠂ ᠡᠯ᠎ᠡ ᠲᠦᠷᠦᠯ ᠤᠨ | ᠠᠵᠢᠯᠯᠠᠬᠤ ᠲᠦᠷᠢᠮ ᠢᠶᠠᠨ ᠲᠡᠬᠦᠯᠳᠡᠷᠵᠢᠬᠦᠯᠵᠦ᠂ ᠪᠠᠶᠢᠩᠭᠤ ᠶᠢᠨ ᠬᠤᠷᠢᠶᠠᠨ ᠤ ᠡᠯ᠎ᠡ ᠲᠦᠷᠦᠯ ᠤᠨ ᠠᠵᠢᠯ ᠢ ᠤᠯᠠᠮ | ᠨᠢᠭᠡ ᠠᠯᠬᠤᠮ ᠲᠦᠷᠢᠮᠵᠢᠭᠦᠯᠤᠨᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠭ᠎ᠠ ᠶᠢᠨ | ᠨᠠᠮ ᠤᠨ ᠪᠠᠶᠢᠭᠤᠯᠤᠯᠳᠠ ᠶᠢᠨ ᠠᠵᠢᠯ ᠪᠠ ᠭᠠᠴᠠᠭ᠎ᠠ ᠶᠢ ᠲᠡᠳᠭᠦᠬᠦ ᠠᠵᠢᠯ ᠢ ᠰᠠᠶᠢᠨ ᠠᠳᠬᠤᠵᠤ᠂ ᠺᠡᠳ᠋ᠷᠴᠤᠳ ︽ | ᠦᠨᠳᠦᠰᠦᠨ ᠱᠠᠳᠤᠨ ᠳᠤ ᠪᠠᠭᠤᠵᠤ᠂ ᠪᠤᠳᠠᠳᠤ ᠤᠴᠢᠷ ᠰᠢᠢᠳᠪᠦᠷᠢᠯᠡᠨ᠂ ᠠᠵᠢᠯ ᠤᠨ ᠰᠤᠷᠳᠠᠯ ᠢᠶᠠᠨ ᠬᠤᠪᠢᠷᠠᠭᠤᠯᠵᠤ | ︾ ᠠᠷᠠᠳ ᠲᠤ ᠦᠢᠯᠡᠴᠢᠯᠠᠭᠦ ᠠᠵᠢᠯᠯᠠᠭ᠎ᠠ ᠶᠢ ᠢᠳᠡᠪᠬᠢᠳᠠᠢ ᠪᠠᠷ ᠦᠷᠨᠢᠬᠦᠯᠵᠦ᠂ ᠦᠷᠭᠦᠯᠵᠢ ᠶᠢᠨ ᠴᠢᠨᠠᠷᠳᠠᠢ | ᠦᠨᠳᠦᠰᠦᠨ ᠱᠠᠳᠤᠨ ᠳᠤ ᠭᠦᠨᠵᠡᠭᠡᠶᠢᠷᠡᠨ᠂ ᠬᠢᠨᠠᠯᠳᠠ ᠲᠠᠯᠪᠢᠬᠤ ᠠᠵᠢᠯ ᠢᠶᠠᠨ ᠨᠡᠶᠢᠭᠡᠮ ᠤᠨ ᠪᠠᠶᠢᠳᠠᠯ ᠠᠷᠠᠳ ᠤᠨ | ᠰᠡᠳᠬᠢᠯ ᠢ ᠤᠶᠢᠯᠭᠠᠨ᠂ ᠠᠷᠠᠳ ᠲᠦᠮᠡᠨ ᠤ ᠪᠤᠳᠠᠳᠠᠢ ᠬᠦᠴᠢᠷᠳᠠᠯ ᠢ ᠰᠢᠢᠳᠪᠦᠷᠢᠯᠡᠬᠦ ᠲᠠᠢ ᠨᠢᠭᠲᠠ ᠤᠶᠠᠯᠳᠤᠭᠤᠯᠵᠤ | ᠂ ᠡᠯ᠎ᠡ ᠲᠦᠷᠦᠯ ᠤᠨ ᠠᠵᠢᠯ ᠤᠨ ᠡᠭᠦᠷᠭᠡ ᠪᠠᠨ ᠨᠠᠷᠢᠨ ᠬᠢᠨᠠᠮᠠᠭᠠᠢ ᠪᠠᠷ ᠪᠡᠶᠡᠯᠡᠭᠦᠯᠦᠨ᠎ᠡ᠃ | ᠲᠦᠯᠦᠭᠡᠯᠡᠭᠴᠢᠳ ᠡ︕ ᠦᠨᠦ ᠵᠢᠯ ᠤᠨ ᠠᠵᠢᠯ ᠢᠶᠠᠨ ᠰᠠᠶᠢᠳᠤᠷ ᠦᠷᠨᠢᠬᠦᠯᠬᠦ ᠳᠤ ᠡᠭᠦᠷᠭᠡ | ᠬᠠᠳᠠᠭᠤᠵᠢᠯᠳᠠᠢ᠂ ᠬᠠᠷᠢᠭᠤᠴᠠᠯᠭ᠎ᠠ ᠭᠦᠨᠳᠦ ᠪᠠᠶᠢᠨ᠎ᠠ᠃ ᠪᠢᠳᠡ ᠪᠦᠭᠦᠳᠡᠭᠡᠷ ᠬᠤᠰᠢᠭᠤ ᠨᠠᠮ ᠤᠨ ᠬᠤᠷᠢᠶᠡᠨ ᠤ ᠵᠦᠪ | ᠣᠨᠣᠪᠴᠢᠳᠡᠢ ᠣᠳᠣᠷᠢᠳᠣᠯᠭ᠎ᠠ ᠶᠢᠨ ᠲᠣᠣᠷ᠎ᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ | ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ | ᠂ ᠦᠨᠡᠨ ᠢ ᠡᠷᠬᠢᠮᠯᠡᠵᠦ ᠪᠤᠳᠠᠳᠠᠢ ᠶᠢ ᠪᠠᠷᠢᠮᠳᠠᠯᠠᠨ᠂ ᠪᠦᠯᠬᠦᠮᠳᠡᠨ ᠨᠢᠭᠳᠠᠷᠠᠵᠤ᠂ ᠨᠡᠭᠡᠭᠡᠨ ᠣᠷᠣᠭᠰᠢᠯᠡᠵᠦ᠂ | ᠯᠠᠪᠳᠠᠭᠤᠨ ᠪᠠᠳᠣᠳᠡᠢ ᠠᠵᠢᠯᠯᠠᠨ᠂ ᠭᠠᠵᠠᠷ ᠤᠷᠤᠨ ᠤ ᠲᠦᠷᠦ ᠶᠢᠨ ᠡᠷᠬᠡᠳᠦ ᠪᠠᠶᠢᠭᠤᠯᠤᠯᠭ᠎ᠠ ᠶᠢᠨ ᠡᠭᠦᠷᠭᠡ ᠴᠢᠳᠠᠪᠬᠢ | ᠪᠠᠨ ᠭᠦᠢᠴᠡᠳ ᠪᠠᠳᠠᠷᠠᠭᠤᠯᠵᠦ᠂ ᠮᠠᠨ ᠤ ᠬᠤᠰᠢᠭᠤᠨ ᠤ ᠪᠠᠨ ᠠᠵᠦ ᠠᠬᠤᠢ ᠨᠠᠶᠢᠭᠡᠮ ᠤᠨ ᠰᠠᠶᠢᠨ ᠪᠦᠭᠡᠳ ᠲᠦᠷᠭᠡᠨ | ᠢᠶᠠᠷ ᠭᠦᠭᠵᠢᠭᠦ ᠳᠤ ᠰᠢᠨ᠎ᠡ ᠬᠤᠪᠢ ᠨᠡᠮᠡᠷᠢ ᠪᠠᠨ ᠦᠵᠡᠭᠦᠯᠭᠦ ᠪᠠᠷ ᠴᠢᠷᠮᠠᠶᠢᠵᠠᠭᠠᠶ᠎ᠠ︕ |