ᠵᠠᠰᠠᠭ ᠤᠨ ᠤᠷᠳᠤᠨ ᠤ ᠠᠵᠢᠯ ᠤᠨ ᠢᠯᠡᠳᠬᠡᠯ | | 2017 ᠤᠨ ᠤ 3 ᠰᠠᠷ᠎ᠠ ᠶᠢᠨ 1 ᠤ ᠡᠳᠤᠷ ᠰᠦᠨᠢᠳ ᠵᠡᠬᠦᠨ ᠬᠤᠰᠢᠭᠤᠨ ᠤ | ᠠᠷᠪᠠᠨ ᠲᠦᠷᠪᠡᠳᠤᠬᠡᠷ ᠬᠤᠭᠤᠴᠠᠭᠠᠠ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠲᠠᠪᠤᠳᠤᠭᠠᠷ ᠤᠳᠠᠭᠠᠠ ᠤ ᠬᠤᠷᠠᠯᠳᠤᠭᠠᠨ ᠳᠡᠬᠡᠷ᠎ᠡ | | | ᠲᠦᠯᠦᠭᠡᠯᠡᠭᠴᠢᠳ᠂ ᠨᠦᠭᠦᠳ ᠡ᠄ | ᠲᠤᠤᠷ᠎ᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠶᠡᠭᠡ ᠬᠤᠷᠠᠯ ᠳᠤ ᠠᠵᠢᠯ | ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠡᠤ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠪᠣᠯᠣᠨ ᠬᠤᠷᠠᠯ | ᠳᠤ ᠰᠤᠯᠨ ᠤᠷᠤᠯᠴᠠᠭᠰᠠᠨ ᠨᠦᠬᠦᠳ ᠠᠴᠠ ᠰᠠᠨᠠᠯ ᠳᠤᠷᠠᠳᠤᠯᠭ᠎ᠠ ᠪᠠᠨ ᠳᠡᠪᠰᠢᠬᠦᠯᠬᠦ ᠪᠤᠯᠪᠠᠤ︕ | ᠨᠢᠬᠡ᠂ 2016 ᠤᠨ ᠤ ᠠᠵᠢᠯ ᠤᠨ ᠡᠷᠬᠢᠴᠡᠭᠦᠯᠦᠯ | 2016 ᠣᠨ ᠳᠤ᠂ ᠬᠤᠰᠢᠭᠤ ᠠᠷᠠᠳ ᠤᠨ ᠵᠠᠰᠠᠭ ᠤᠨ ᠤᠷᠳᠤᠨ ᠨᠢ ᠠᠶᠢᠮᠠᠭ ᠤᠨ ᠨᠠᠮ ᠤᠨ ᠬᠤᠷᠢᠶ᠎ᠠ | ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠬᠤᠰᠢᠭᠤ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠠ | ᠳᠡᠮᠵᠢᠯᠬᠡ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠬᠦᠯᠦᠨ | ᠳᠠᠶᠢᠴᠢᠯᠠᠵᠤ᠂ ᠵᠢᠯ ᠤᠨ ᠡᠬᠢᠨ ᠤ ᠡᠯ᠎ᠡ ᠲᠦᠷᠦᠯ ᠤᠨ ᠡᠬᠦᠷᠬᠡ ᠪᠠᠨ ᠠᠮᠵᠢᠯᠳᠠ ᠲᠠᠢ ᠪᠡᠶᠡᠯᠡᠬᠦᠯᠵᠦ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠬᠦᠯᠪᠡ᠃ ᠪᠦᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠠᠷᠤᠩᠬᠡᠢ ᠦᠷᠲᠡᠭ 49.7 ᠳ᠋ᠦᠩᠰᠢᠭᠤᠷ ᠲᠦᠭᠦᠷᠢᠭ ᠲᠤ ᠬᠦᠷᠴᠦ᠂ 5% ᠪᠠᠷ | ᠨᠡᠮᠡᠭᠳᠡᠪᠡ᠃ ᠲᠣᠭᠲᠠᠮᠠᠯ ᠬᠦᠷᠥᠩᠭᠡ ᠶᠢᠨ ᠪᠡᠯᠡ ᠣᠷᠣᠭᠤᠯᠣᠯᠲᠠ 37.2 ᠳ᠋ᠥᠩᠰᠢᠭᠤᠷ ᠲᠦᠭᠦᠷᠢᠭ ᠲᠤ ᠬᠦᠷᠴᠦ᠂ | 20% ᠪᠠᠷ ᠨᠡᠮᠡᠭᠳᠡᠪᠡ᠃ ᠨᠡᠶᠢᠲᠡ ᠶᠢᠨ ᠡᠳ᠋ ᠤᠨ ᠵᠠᠰᠠᠭ ᠤᠨ ᠳᠦᠰᠦᠪᠯᠡᠭᠰᠡᠨ ᠣᠷᠣᠯᠭ᠎ᠠ 2.6 ᠳ᠋ᠦᠩᠰᠢᠭᠤᠷ | ᠲᠦᠭᠦᠷᠢᠭ ᠲᠤ ᠬᠦᠷᠴᠦ᠂ 17.8% ᠪᠠᠷ ᠨᠡᠮᠡᠭᠳᠡᠪᠡ᠃ ᠬᠤᠲᠠ ᠬᠦᠳᠡᠭᠡ ᠶᠢᠨ ᠪᠠᠶᠢᠩᠭᠤ ᠶᠢᠨ ᠰᠠᠭᠤᠭᠠᠯᠢ | ᠠᠷᠠᠳ ᠤᠨ ᠬᠦᠮᠦᠨ ᠪᠦᠷᠢ ᠲᠡᠭᠰᠢᠳᠭᠡᠭᠰᠡᠨ ᠡᠵᠡᠮᠳᠡᠵᠤ ᠪᠤᠯᠬᠤᠶᠢᠴᠡ ᠣᠷᠣᠯᠭ᠎ᠠ 32711 ᠲᠦᠭᠦᠷᠢᠭ ᠪᠠ | 12736 ᠲᠦᠬᠦᠷᠢᠭ ᠲᠤ ᠬᠦᠷᠴᠦ᠂ ᠴᠥᠮ 8.3% ᠪᠠᠷ ᠨᠡᠮᠡᠭᠳᠡᠪᠡ᠃ ᠨᠢᠬᠡᠳᠦᠬᠡᠷ ᠠᠵᠤ ᠥᠢᠯᠡᠰ᠂ | ᠨᠡᠶᠢᠲᠡ ᠶᠢᠨ ᠡᠳ᠋ ᠤᠨ ᠵᠠᠰᠠᠭ ᠤᠨ ᠳᠦᠰᠦᠪᠯᠡᠭᠰᠡᠨ ᠣᠷᠣᠯᠭ᠎ᠠ ᠪᠠ ᠮᠠᠯᠴᠢᠳ ᠤᠨ ᠬᠦᠮᠦᠨ ᠪᠦᠷᠢ ᠲᠡᠭᠰᠢᠳᠭᠡᠭᠰᠡᠨ | ᠡᠵᠡᠮᠳᠡᠵᠤ ᠪᠤᠯᠬᠤᠶᠢᠴᠡ ᠣᠷᠣᠯᠭ᠎ᠠ ᠵᠡᠷᠬᠡ ᠭᠤᠷᠪᠠᠨ ᠲᠥᠷᠥᠯ ᠤᠨ ᠨᠡᠮᠡᠭᠳᠡᠯ ᠤᠨ ᠬᠤᠷᠲᠤᠴᠠ ᠨᠢ ᠴᠥᠮ ᠪᠥᠬᠦ | ᠠᠶᠢᠮᠠᠭ ᠤᠨ ᠡᠮᠤᠨ᠎ᠡ ᠭᠤᠷᠪᠠ ᠳᠤ ᠵᠢᠭᠰᠠᠭᠠᠭᠳᠠᠪᠠ᠃ | ᠨᠢᠬᠡ ᠵᠢᠯ ᠤᠨ ᠲᠤᠷᠰᠢ᠂ ᠠᠵᠤ ᠥᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ᠂ | ᠪᠥᠳᠥᠴᠡ ᠶᠢᠨ ᠲᠤᠬᠢᠷᠠᠭᠤᠯᠤᠯᠲᠠ ᠶᠢ ᠳᠠᠰᠣᠷᠠᠯᠲᠠ ᠥᠬᠡᠢ ᠲᠥᠷᠬᠡᠳᠬᠡᠪᠡ᠃ᠬᠡᠪᠴᠢᠶᠡᠵᠢᠯᠡᠯᠳᠡ᠂ | ᠪᠠᠷᠢᠮᠵᠢᠶᠠᠵᠢᠯᠠᠯᠲᠠ᠂ ᠠᠵᠤ ᠦᠢᠯᠡᠰᠵᠢᠬᠦᠯᠦᠯᠳᠡ᠂ ᠨᠡᠷ᠎ᠡ ᠳᠡᠮᠳᠡᠭᠵᠢᠬᠦᠯᠤᠯᠳᠡ ᠶᠢᠨ ᠪᠥᠳᠥᠬᠡᠨ ᠪᠠᠶᠢᠭᠤᠯᠤᠯᠲᠠ ᠪᠠᠷ | ᠤᠳᠤᠬᠢᠴᠢᠯᠠᠭᠰᠠᠨ ᠮᠠᠯ ᠠᠵᠤ ᠠᠬᠤᠢ ᠶᠢᠨ ᠲᠥᠷᠬᠡᠨ ᠬᠥᠭᠵᠢᠯᠲᠠ ᠶᠢ ᠲᠥᠯᠬᠢᠨ ᠠᠬᠢᠭᠤᠯᠪᠠ᠃ ᠮᠠᠯ ᠠᠵᠦ ᠠᠬᠤᠢ | ᠶᠢᠨ ᠦᠢᠯᠡᠳᠪᠦᠷᠢᠯᠡᠯ ᠤᠨ ᠪᠦᠳᠦᠴᠡ ᠶᠢ ᠠᠯᠬᠤᠮ ᠠᠯᠬᠤᠮ ᠢᠶᠠᠷ ᠰᠢᠯᠢᠳᠡᠭᠵᠢᠬᠦᠯᠵᠤ᠂ ︽ᠬᠤᠨᠢ ᠶᠢ ᠴᠥᠬᠡᠳᠬᠡᠨ᠂ | ᠦᠬᠡᠷ ᠢ ᠥᠰᠬᠡᠬᠦ︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠰᠦᠨᠢᠳ ᠬᠤᠨᠢ ᠶᠢ ᠰᠣᠩᠭᠤᠨ ᠪᠥᠢᠵᠢᠭᠤᠯᠬᠤ | ᠪᠠ ᠥᠷ᠎ᠡ ᠶᠢᠨ ᠮᠠᠯ ᠢ ᠲᠦᠪᠯᠡᠷᠡᠬᠦᠯᠦᠨ ᠬᠠᠮᠢᠶᠠᠷᠬᠤ ᠶᠢ ᠴᠢᠩᠭᠠᠳᠬᠠᠵᠦ᠂ ᠪᠠᠷᠢᠮᠵᠢᠶᠠᠲᠤ ᠮᠠᠯ ᠰᠦᠷᠦᠭ ᠨᠢ | 1800 ᠰᠦᠷᠦᠭ ᠲᠤ ᠬᠥᠷᠪᠡ᠃ ᠰᠢᠯᠢᠳᠡᠭ ᠡᠬᠦᠯᠳᠡᠷ ᠤᠨ ᠮᠢᠬᠠᠨ ᠤ ᠦᠬᠡᠷ ᠢ ᠳᠡᠵᠢᠬᠡᠨ ᠥᠷᠡᠵᠢᠬᠦᠯᠬᠦ | ᠰᠠᠭᠤᠷᠢᠨ ᠭᠠᠵᠠᠷ 1 ᠶᠢ ᠪᠠᠶᠢᠭᠤᠯᠵᠤ᠂ ᠰᠢᠯᠢᠳᠡᠭ ᠡᠬᠦᠯᠳᠡᠷ ᠤᠨ ᠮᠢᠬᠠᠨ ᠤ ᠦᠬᠡᠷ ᠨᠢ 10 ᠲᠦᠮᠡᠨ ᠲᠤᠯᠤᠭᠠᠢ | ᠳᠤ ᠬᠦᠷᠪᠡ᠃ ᠬᠥᠨᠲᠤ ᠶᠡᠭᠡ ᠮᠠᠯ ᠤᠨ ᠬᠢᠵᠢᠭ ᠡᠪᠡᠳᠴᠢᠨ ᠤ ᠰᠡᠷᠬᠡᠶᠢᠯᠡᠯᠲᠡ ᠶᠢᠨ ᠪᠥᠷᠬᠦᠴᠡ 100% ᠳᠤ | ᠬᠥᠷᠪᠡ᠃ ᠮᠢᠬᠠᠨ ᠢᠳᠡᠬᠡᠨ ᠡᠳ᠋ᠰᠢᠬᠦᠯᠥᠨ ᠪᠤᠯᠪᠠᠰᠣᠷᠠᠭᠤᠯᠬᠤ ᠲᠤᠭᠤᠷᠢᠭ ᠤᠨ ᠡᠯ᠎ᠡ ᠠᠵᠤ ᠠᠬᠤᠶᠢᠯᠠᠯ ᠮᠠᠯᠵᠢᠬᠤ | ᠤᠷᠤᠨ ᠤ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠲᠠᠢ ᠬᠠᠮᠵᠢᠯᠴᠠᠬᠤ ᠲᠤᠭᠳᠠᠯᠴᠠᠭ᠎ᠠ ᠪᠠ | ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠮᠠᠯᠴᠢᠨ ᠡᠷᠥᠬᠡ ᠲᠠᠢ ᠨᠢᠭᠲᠠ ᠬᠠᠮᠵᠢᠯᠴᠠᠬᠤ | ᠲᠤᠭᠳᠠᠯᠴᠠᠭ᠎ᠠ ᠶᠢ ᠪᠥᠳᠥᠮᠵᠢᠳᠠᠢ ᠲᠥᠯᠬᠢᠨ ᠠᠬᠢᠭᠤᠯᠵᠤ᠂ ᠳᠠᠶᠢᠴᠢᠯᠠᠨ ᠳᠠᠭᠠᠭᠤᠯᠬᠤ ᠬᠥᠴᠥᠨ ᠨᠢ ᠳᠠᠰᠣᠷᠠᠯᠲᠠ | ᠥᠬᠡᠢ ᠳᠡᠬᠡᠭᠰᠢᠯᠡᠪᠡ᠃ ᠰᠦᠨᠢᠥᠨ ᠬᠤᠨᠢᠨ ᠤ ᠴᠢᠨᠠᠷ ᠴᠢᠨᠰᠠᠭ᠎ᠠ ᠶᠢᠨ ᠮᠥᠷᠳᠡᠨ ᠨᠡᠬᠡᠯᠲᠡ ᠶᠢᠨ ᠰᠢᠰᠲ᠋ᠧᠮ ᠤᠨ | ᠪᠥᠳᠥᠬᠡᠨ ᠪᠠᠶᠢᠭᠤᠯᠤᠯᠲᠠ ᠥᠷᠬᠦᠯᠵᠢᠯᠡᠨ ᠪᠠᠳᠣᠵᠢᠵᠤ᠂ ᠮᠥᠷᠳᠡᠨ ᠨᠡᠬᠡᠯᠲᠡ ᠶᠢᠨ ᠳᠠᠩᠰᠠ ᠳᠤ ᠤᠷᠤᠭᠰᠠᠨ ᠬᠤᠨᠢᠨ | ᠮᠢᠬ᠎ᠠ ᠶᠢ ᠺᠢᠯᠥᠭᠷᠠᠮ ᠪᠦᠷᠢ ᠳᠡᠭᠡᠨ ᠵᠠᠬ᠎ᠠ ᠲᠡᠯᠬᠡᠬᠦᠷ ᠤᠨ ᠬᠤᠳᠠᠯᠳᠤᠨ ᠠᠪᠬᠤ ᠦᠨ᠎ᠡ ᠠᠴᠠ 2 ᠳᠦᠭᠦᠷᠢᠭ | ᠦᠨᠳᠦᠷ ᠪᠠᠶᠢᠯᠭᠠᠵᠤ᠂ ᠮᠠᠯᠴᠢᠳ ᠤᠨ ᠤᠷᠤᠯᠭ᠎ᠠ ᠶᠢ 1100 ᠭᠠᠷᠤᠢ ᠲᠦᠮᠡᠨ ᠲᠦᠭᠦᠷᠢᠭ ᠨᠡᠮᠡᠭᠳᠡᠬᠦᠯᠪᠠ᠃ ︽ | ᠵᠡᠬᠦᠨ ᠰᠥᠨᠢᠳ ᠤᠨ ᠬᠤᠨᠢᠨ ᠮᠢᠬ᠎ᠠ︾ ᠲᠠᠸᠠᠷ ᠤᠨ ᠨᠡᠷᠡᠳᠦ ᠲᠡᠮᠳᠡᠭ ᠢ ᠠᠮᠵᠢᠯᠳᠠ ᠲᠠᠢ ᠳᠠᠩᠰᠠᠯᠠᠭᠤᠯᠵᠤ᠂ | ᠪᠡᠬᠡᠵᠢᠩ᠂ ᠨᠠᠨᠵᠢᠩ᠂ ᠴᠠᠩᠴᠥ᠋ᠨ᠂ ᠬᠥᠬᠡᠬᠤᠲᠠ᠂ ᠪᠤᠭᠤᠲᠤ ᠵᠡᠷᠭᠡ ᠭᠠᠵᠠᠷ ᠤᠷᠤᠨ ᠳᠤ ᠳᠡᠯᠬᠡᠨ ᠥᠵᠡᠬᠦᠯᠬᠡ | ᠭᠠᠷᠭᠠᠵᠤ᠂ ᠰᠦᠨᠢᠳ ᠬᠤᠨᠢᠨ ᠮᠢᠬᠠᠨ ᠤ ᠪᠦᠲᠦᠭᠡᠭᠳᠡᠭᠦᠨ ᠨᠢ ᠲᠤᠤ ᠪᠤᠤ᠂ ᠲᠢᠶᠠᠨ ᠮᠤᠤ᠂ ᠵᠢᠩ ᠳ᠋ᠦᠩ ᠵᠡᠷᠭᠡ | ᠲᠤᠤᠷ ᠰᠦᠯᠵᠢᠶᠡᠨ ᠤ ᠪᠤᠷᠤᠯᠠᠭᠤᠯᠭ᠎ᠠ ᠶᠢᠨ ᠲᠠᠪᠴᠠᠩ ᠳᠤ ᠬᠡᠷᠡᠭᠯᠡᠭᠴᠢᠳ ᠤᠨ ᠳᠠᠭᠠᠰᠢᠶᠠᠯ ᠢ ᠤᠯᠵᠤ᠂ ᠪᠤᠬᠢᠷᠳᠤᠯ | ᠦᠭᠡᠢ ᠤᠷᠭᠠᠨᠢᠭ ᠨᠡᠷᠡᠲᠦ ᠳᠡᠮᠳᠡᠭ ᠤᠨ ᠨᠦᠯᠦᠭᠡᠯᠡᠬᠦ ᠬᠦᠴᠦᠨ ᠪᠤᠯᠤᠨ ᠵᠠᠬ᠎ᠠ ᠲᠡᠯᠭᠡᠭᠦᠷ ᠤᠨ ᠡᠵᠡᠯᠡᠬᠦ ᠨᠤᠷᠮ᠎ᠠ ᠶᠢ | ᠲᠠᠰᠤᠷᠠᠯᠲᠠ ᠦᠭᠡᠢ ᠳᠡᠬᠡᠭᠰᠢᠯᠡᠬᠦᠯᠪᠡ᠃ ᠠᠵᠤ ᠦᠢᠯᠡᠳᠪᠤᠷᠢ ᠨᠢ ᠠᠵᠦ ᠠᠬᠤᠢ ᠶᠢᠨ ᠳᠤᠷᠤᠭᠰᠢᠯᠠᠯᠳᠠ ᠶᠢᠨ | ᠲᠠᠷᠤᠯᠳᠠ ᠲᠤᠤᠷ᠎ᠠ ᠲᠤᠭᠳᠠᠭᠤᠨ ᠢᠶᠠᠷ ᠬᠥᠭᠵᠢᠬᠦ ᠶᠢ ᠪᠠᠳᠤᠯᠠᠪᠠ᠃ ᠶᠢᠨ ᠵᠦᠩ ᠠᠭᠤᠷᠬᠠᠢ ᠶᠢᠨ ᠦᠢᠯᠡᠰ ᠨᠢ | ᠦᠪᠡᠷᠲᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠴᠢᠯᠥᠬᠡᠲᠤ ᠠᠷᠠᠯᠵᠢᠶᠠᠨ ᠤ ᠵᠠᠬ᠎ᠠ ᠲᠡᠯᠭᠡᠭᠦᠷ ᠲᠤ | ᠠᠮᠵᠢᠯᠲᠠ ᠲᠠᠢ ᠪᠠᠷ ᠤᠷᠤᠵᠤ᠂ ᠮᠠᠩᠯᠡᠢ ᠨᠠᠬᠦᠷᠡᠰᠤᠨ ᠠᠭᠤᠷᠬᠠᠢ ᠶᠢᠨ 90 ᠲᠦᠮᠡᠨ ᠲᠤᠨ ᠤ ᠨᠡᠭᠡᠭᠡᠨ ᠮᠠᠯᠳᠠᠬᠤ | ᠲᠦᠷᠦᠯ ᠵᠦᠢᠯ ᠨᠢ ᠦᠢᠯᠡᠳᠪᠦᠷᠢᠯᠡᠯ ᠡᠵᠡᠩᠨᠡᠯᠳᠡ ᠪᠠᠨ ᠰᠡᠷᠬᠦᠬᠡᠵᠤ᠂ ᠳ᠋ᠠ ᠽᠦ᠋ ᠪᠠᠢ ᠡᠾᠦ᠋ᠢ ᠪᠦᠬᠦᠯᠢ ᠴᠤᠭᠴᠠ | ᠶᠢᠨ ᠡᠨᠧᠷᠬᠢ ᠠᠷᠪᠢᠯᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠠᠰᠢᠭᠯᠠᠯᠲᠠ ᠳᠤ ᠤᠷᠤᠵᠤ᠂ ᠤᠯᠤᠰ | ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠠᠭᠤᠷᠢ ᠮᠦᠩᠬᠦ ᠶᠢ 2 ᠳ᠋ᠦᠩᠰᠢᠭᠤᠷ ᠲᠦᠭᠦᠷᠢᠭ ᠡᠷᠡᠮᠵᠢᠯᠡᠨ | ᠤᠯᠵᠤ᠂ ᠳ᠋ᠠ ᠲᠠᠩ ᠳ᠋ᠢᠩ ᠸᠠᠩ ᠪᠦᠯᠦᠭᠯᠡᠯ ᠤᠨ ᠪᠡᠯᠡ ᠮᠦᠩᠬᠦᠨ ᠤ ᠠᠰᠠᠭᠤᠳᠠᠯ ᠢ ᠰᠢᠢᠳᠪᠤᠷᠢᠯᠡᠵᠤ᠂ ᠬᠤᠸᠠᠨ | ᠰᠢᠨ ᠭᠡᠷᠡᠯ ᠤᠨ ᠨᠡᠶᠢᠯᠡᠯᠭᠡ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠴᠠᠬᠢᠯᠭᠠᠨ ᠭᠠᠷᠭᠠᠬᠤ ᠨᠦᠬᠦᠴᠡᠯ ᠳᠤ | ᠬᠦᠷᠭᠡᠪᠡ᠃ ᠪᠦᠬᠦ ᠵᠢᠯ ᠤᠨ ᠠᠵᠦ ᠦᠢᠯᠡᠳᠪᠦᠷᠢ ᠶᠢᠨ ᠨᠡᠮᠡᠭᠳᠡᠯ ᠥᠷᠳᠡᠭ 26.2 ᠳ᠋ᠦᠩᠰᠢᠭᠤᠷ ᠲᠦᠬᠦᠷᠢᠭ ᠢ | ᠪᠡᠶᠡᠯᠡᠬᠦᠯᠵᠦ᠂ 2% ᠪᠠᠷ ᠨᠡᠮᠡᠭᠳᠡᠪᠡ᠃ ᠥᠢᠯᠡᠴᠢᠯᠡᠬᠡᠨ ᠤ ᠥᠢᠯᠡᠰ ᠤᠨ ᠬᠥᠭᠵᠢᠯᠲᠠ ᠶᠢᠨ ᠬᠢᠷᠢ ᠲᠥᠪᠰᠢᠨ ᠢ | ᠳᠠᠰᠣᠷᠠᠯᠲᠠ ᠥᠬᠡᠢ ᠳᠡᠬᠡᠭᠰᠢᠯᠡᠬᠦᠯᠪᠠ᠃ ︽ᠮᠠᠯᠴᠢᠨ ᠠᠶᠢᠯ︾ ᠵᠢᠭᠤᠯᠴᠢᠯᠠᠯ ᠤᠨ ᠴᠡᠭ 23 ᠡᠷᠥᠬᠡ ᠪᠤᠯᠵᠤ | ᠬᠥᠭᠵᠢᠪᠠ᠃ ᠬᠢᠯᠦᠭᠡᠨ ᠰᠤᠶᠤᠯ ᠤᠨ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠨᠠᠭᠠᠳᠤᠮ ᠤᠨ ᠬᠤᠷᠠᠯ ᠤᠨ | ᠲᠠᠯᠠᠪᠠᠢ᠂ ᠬᠦᠯ ᠪᠦᠮᠪᠦᠭᠡ ᠶᠢᠨ ᠲᠠᠯᠠᠪᠤᠷ ᠢ ᠠᠰᠢᠭᠯᠠᠯᠲᠠ ᠳᠤ ᠤᠷᠤᠭᠤᠯᠪᠠ᠃ PPP ᠲᠦᠷᠦᠯ ᠵᠦᠢᠯ ᠤᠨ | ᠬᠡᠯᠪᠡᠷᠢ ᠪᠠᠷ ᠮᠠᠯᠵᠢᠬᠤ ᠤᠷᠤᠨ ᠤ ᠨᠠᠰᠤᠲᠠᠶᠢᠴᠤᠳ ᠤᠨ ᠦᠢᠯᠡᠴᠢᠯᠡᠭᠡᠨ ᠤ ᠲᠦᠪ ᠤᠨ ᠪᠦᠲᠦᠭᠡᠨ ᠪᠠᠶᠢᠭᠤᠯᠤᠯᠲᠠ | ᠶᠢᠨ ᠲᠦᠷᠦᠯ ᠵᠦᠢᠯ ᠢ ᠡᠬᠢᠯᠡᠬᠦᠯᠪᠡ᠃ ᠵᠠᠮ ᠬᠠᠷᠢᠯᠴᠠᠭ᠎ᠠ ᠳᠡᠬᠡᠬᠡᠪᠤᠷᠢ᠂ ᠡᠯᠧᠺᠲᠷᠤᠨ ᠬᠤᠳᠠᠯᠳᠤᠭ᠎ᠠ᠂ ᠮᠦᠩᠭᠦᠨ | ᠬᠥᠢᠯᠬᠡᠬᠡᠨ ᠤ ᠥᠢᠯᠡᠴᠢᠯᠡᠭᠡ ᠵᠡᠷᠬᠡ ᠦᠢᠯᠡᠴᠢᠯᠡᠬᠡᠨ ᠤ ᠦᠢᠯᠡᠰ ᠦᠳᠳᠦᠷ ᠲᠦᠷᠬᠡᠨ ᠢᠶᠠᠷ ᠬᠦᠭᠵᠢᠪᠡ᠃ ᠪᠦᠬᠦ | ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠦᠷᠳᠡᠭ 7.1 ᠳ᠋ᠦᠩᠰᠢᠭᠤᠷ | ᠳᠦᠬᠦᠷᠢᠭ ᠢ ᠪᠡᠶᠡᠯᠡᠭᠦᠯᠵᠦ᠂ 9% ᠪᠠᠷ ᠨᠡᠮᠡᠭᠳᠡᠪᠡ᠃ | ᠨᠢᠬᠡ ᠵᠢᠯ ᠤᠨ ᠲᠤᠷᠰᠢ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠪᠦᠬᠦ ᠬᠥᠴᠥᠨ | ᠢᠶᠠᠷ ᠲᠦᠯᠬᠢᠨ ᠠᠬᠢᠭᠤᠯᠵᠦ᠂ ᠬᠥᠭᠵᠢᠯᠲᠠ ᠶᠢᠨ ᠣᠷᠴᠢᠨ ᠲᠤᠭᠤᠷᠢᠨ ᠢ ᠲᠠᠰᠤᠷᠠᠯᠳᠠ ᠦᠬᠡᠢ ᠰᠠᠶᠢᠵᠢᠷᠠᠭᠤᠯᠪᠠ᠃ | 5 ᠰᠤᠮᠤ ᠪᠠᠯᠭᠠᠰᠤᠨ ᠤ ᠶᠡᠷᠦᠩᠬᠡᠢ ᠲᠦᠯᠦᠪᠵᠢᠬᠦᠯᠬᠡ ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠪᠠ᠃ ᠬᠤᠩᠭᠤᠷ | ᠰᠤᠮᠤ ᠨᠢ ᠪᠦᠬᠦ ᠠᠶᠢᠮᠠᠭ ᠤᠨ ᠠᠩᠬᠠᠨ ᠤ ᠴᠡᠪᠡᠷ ᠡᠨᠧᠷᠬᠢ ᠪᠠᠷ ᠴᠠᠬᠢᠯᠭᠠᠨ ᠬᠠᠩᠭᠠᠬᠤ ᠲᠤᠷᠰᠢᠯᠳᠠ ᠶᠢᠨ ᠴᠢᠭ | ᠪᠤᠯᠪᠠ᠃ ᠮᠠᠨᠳᠠᠯᠳᠦ ᠪᠠᠯᠭᠠᠰᠤᠨ ᠳᠤ 1.6 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠪᠦᠲᠦᠭᠡᠨ ᠪᠠᠶᠢᠭᠤᠯᠵᠤ᠂ 24 | ᠲᠦᠮᠡᠨ ᠲᠡᠭᠰᠢ ᠲᠦᠷᠪᠡᠯᠵᠢᠨ ᠮᠧᠲᠷ ᠶᠠᠪᠠᠭᠠᠨ ᠬᠦᠮᠦᠨ ᠤ ᠵᠠᠮ ᠢ ᠲᠡᠪᠢᠰᠴᠦ᠂ ᠪᠤᠵᠠᠷ ᠤᠰᠤ ᠭᠠᠳᠠᠭᠰᠢᠯᠠᠭᠤᠯᠬᠤ᠂ | ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ ᠬᠤᠭᠤᠯᠠᠢ 49.3 ᠺᠢᠯᠤᠮᠧᠲᠷ ᠢ ᠵᠠᠰᠠᠨ ᠦᠬᠡᠷᠡᠴᠢᠯᠡᠵᠦ᠂ ᠵᠡᠬᠡᠯᠢ | ᠭᠤᠳᠤᠮᠵᠢ ᠶᠢᠨ ᠭᠤᠶᠤᠵᠢᠭᠤᠯᠤᠯᠲᠠ ᠬᠡᠷᠡᠯᠳᠤᠬᠦᠯᠥᠯᠲᠡ ᠶᠢ 2 ᠲᠦᠮᠡᠨ ᠮᠧᠲᠷ ᠲᠤ ᠬᠥᠷᠬᠡᠵᠤ᠂ 8.5 ᠲᠦᠮᠡᠨ | ᠨᠢᠯᠬ᠎ᠠ ᠮᠤᠳᠤ ᠶᠢ ᠳᠠᠷᠢᠵᠤ ᠨᠤᠭᠤᠭᠠᠷᠠᠭᠤᠯᠤᠨ᠂ ᠠᠮᠢ ᠠᠬᠤᠢ ᠶᠢᠨ ᠬᠦᠷᠢᠶᠡᠯᠡᠩ ᠢ ᠵᠠᠰᠠᠨ ᠰᠢᠨᠡᠳᠬᠡᠪᠡ᠃ | ᠬᠠᠭᠤᠴᠢᠨ ᠲᠤᠭᠤᠷᠢᠭ ᠤᠨ ᠥᠬᠡᠷᠡᠴᠢᠯᠡᠯᠲᠠ ᠶᠢ ᠲᠥᠯᠬᠢᠨ ᠠᠬᠢᠭᠤᠯᠵᠤ᠂ 3361 ᠳᠠᠰᠤᠭ ᠠᠶᠤᠯᠲᠠᠢ ᠬᠡᠷ | ᠪᠠᠶᠢᠰᠢᠩ ᠢ ᠨᠤᠷᠠᠭᠠᠪᠠ᠃ ᠬᠤᠲᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠠ ᠪᠠ | ᠰᠠᠭᠤᠭᠠᠯᠢ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠵᠠᠬ᠎ᠠ ᠲᠡᠯᠭᠡᠭᠦᠷᠴᠢᠯᠡᠭᠰᠡᠨ ᠡᠵᠡᠩᠨᠡᠯᠲᠡ ᠶᠢᠨ | ᠬᠡᠯᠪᠡᠷᠢ ᠪᠠᠷ ᠪᠦᠬᠦ ᠠᠶᠢᠮᠠᠭ ᠲᠤ ᠤᠷᠢᠳᠴᠢᠯᠠᠨ ᠶᠠᠪᠤᠭᠳᠠᠭᠤᠯᠵᠤ᠂ ᠮᠠᠨᠳᠠᠯᠳᠦ ᠪᠠᠯᠭᠠᠰᠦ ᠨᠢ ᠪᠦᠬᠦ ᠤᠯᠤᠰ ᠤᠨ | ᠭᠤᠤᠯᠳᠠᠯᠭᠠᠳᠦ ᠬᠤᠲᠠ ᠪᠠᠯᠭᠠᠰᠦ ᠪᠠᠷ ᠰᠤᠩᠭᠤᠭᠳᠠᠪᠠ᠃ ᠰᠢᠯᠢᠩᠬᠤᠳᠠ ᠠᠴᠠ ᠡᠷᠢᠶᠡᠨ ᠬᠤᠳᠠ ᠬᠥᠷᠬᠦ ᠲᠡᠮᠦᠷ ᠵᠠᠮ | ᠬᠡᠷᠡᠭᠯᠡᠬᠡᠨ ᠳᠤ ᠤᠷᠤᠵᠤ᠂ ᠮᠠᠨ ᠤ ᠬᠤᠰᠢᠭᠤᠨ ᠤ ᠲᠡᠮᠦᠷ ᠵᠠᠮ ᠨᠡᠪᠳᠡᠷᠡᠭᠡᠳᠦᠢ ᠳᠡᠤᠬᠡ ᠶᠢ ᠡᠴᠣᠰᠯᠡᠬᠦᠯᠪᠡ᠃ | ᠮᠠᠯᠵᠢᠬᠤ ᠤᠷᠤᠨ ᠤ 123 ᠺᠢᠯᠤᠮᠧᠲᠷ ᠭᠠᠴᠠᠭᠠᠨ ᠤ ᠵᠠᠰᠠᠮᠠᠯ ᠵᠠᠮ ᠢ ᠪᠦᠳᠦᠬᠡᠨ ᠪᠠᠶᠢᠭᠤᠯᠪᠠ᠃ 331 ᠤᠯᠤᠰ | ᠤᠨ ᠲᠡᠰ ᠤᠨ ᠵᠠᠰᠠᠮᠠᠯ ᠵᠠᠮ ᠤᠨ ᠡᠷᠢᠶᠡᠨ ᠬᠤᠳᠠ ᠠᠴᠠ ᠮᠠᠠᠳᠠᠯᠲᠤ ᠬᠦᠷᠬᠦ᠂ ᠮᠠᠠᠳᠠᠯᠲᠤ ᠠᠴᠠ ᠪᠡᠯᠭᠦᠲᠠᠢ ᠬᠦᠷᠬᠦ | ᠵᠠᠮ ᠱᠤᠭᠤᠮ ᠢ ᠪᠦᠳᠦᠭᠡᠨ ᠪᠠᠶᠢᠭᠤᠯᠬᠤ ᠳᠦᠷᠣᠯ ᠵᠣᠶᠢᠯ ᠢ ᠯᠠᠪᠳᠠᠭᠤᠨ ᠢᠶᠠᠷ ᠲᠥᠯᠬᠢᠨ ᠠᠬᠢᠭᠤᠯᠵᠤ᠂ ᠴᠢᠮᠡᠭᠡ | ᠬᠤᠯᠪᠤᠭᠠᠨ ᠤ ᠨᠢᠰᠬᠡᠯ ᠤᠨ ᠳᠠᠯᠠᠪᠠᠢ ᠶᠢᠨ ᠪᠡᠯᠡᠳᠬᠡᠯ ᠠᠵᠢᠯ ᠢ ᠡᠬᠢᠯᠡᠬᠦᠯᠵᠤ᠂ ᠮᠠᠩᠯᠠᠢ 110 ᠺᠢᠯᠤᠸᠣᠯᠲ ᠶᠢᠨ | ᠴᠠᠬᠢᠯᠭᠠᠨ ᠬᠥᠴᠥᠳᠡᠯ ᠢ ᠬᠤᠪᠢᠰᠬᠠᠨ ᠳᠠᠮᠵᠢᠭᠤᠯᠬᠤ ᠥᠷᠳᠡᠭᠡ ᠶᠢᠨ 2 ᠨᠤᠮᠧᠷᠲᠤ ᠭᠤᠤᠯ ᠬᠤᠪᠢᠰᠬᠠᠬᠤ ᠥᠷᠳᠡᠭᠡ | ᠶᠢ ᠪᠥᠳᠥᠬᠡᠨ ᠪᠠᠶᠢᠭᠤᠯᠵᠤ ᠠᠰᠢᠭᠯᠠᠯᠲᠠ ᠳᠤ ᠤᠷᠣᠭᠤᠯᠪᠠ᠃ ᠪᠡᠭᠡᠵᠢᠩ ᠲᠢᠶᠠᠨᠵᠢᠨ ᠤ ᠡᠯᠡᠰᠤᠨ ᠤ ᠡᠬᠢ ᠶᠢ | ᠵᠠᠰᠡᠬᠤ ᠢᠨᠵᠧᠨᠧᠷᠢᠩ ᠤᠨ 5.5 ᠲᠦᠮᠡᠨ ᠮᠤ᠋ ᠲᠠᠯᠠᠪᠠᠢ᠂ ᠭᠤᠣᠯᠳᠠᠯᠭ᠎ᠠ ᠲᠠᠢ ᠤᠷᠤᠨ ᠢ ᠨᠣᠭᠤᠭᠠᠷᠠᠭᠤᠯᠬᠤ | ᠲᠦᠷᠦᠯ ᠵᠦᠢᠯ ᠢ 1500 ᠮᠤ᠋ ᠬᠢᠵᠦ ᠳᠠᠭᠤᠰᠬᠠᠪᠠ᠃ ᠤᠯᠤᠰ ᠤᠨ ᠰᠢᠨ᠎ᠡ ᠡᠭᠡᠯᠵᠢ ᠶᠢᠨ ᠳᠠᠯ᠎ᠠ ᠨᠤᠳᠤᠭ ᠤᠨ | ᠠᠮᠢ ᠠᠬᠤᠢ ᠪᠠᠨ ᠬᠠᠮᠠᠭᠠᠯᠠᠬᠤ ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ︽ᠰᠦᠨᠢᠳ | ᠵᠡᠭᠦᠨ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠲᠦᠷᠦ | ᠶᠢᠨ ᠪᠤᠳᠤᠯᠭ᠎ᠠ ᠶᠢ ᠬᠡᠷᠡᠭᠵᠢᠭᠦᠯᠬᠦ ᠲᠦᠰᠦᠪ ︵2016 —2020︶︾ ᠢ ᠲᠤᠭᠲᠠᠭᠠᠨ ᠨᠡᠶᠢᠳᠡᠯᠡᠵᠦ᠂ 1.46 | ᠳ᠋ᠦᠩᠰᠢᠭᠤᠷ ᠲᠦᠭᠦᠷᠢᠭ ᠤᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠤᠷᠢ ᠱᠠᠩᠨᠠᠯ ᠤᠨ | ᠮᠦᠩᠬᠦ ᠶᠢ ᠲᠠᠷᠬᠠᠭᠠᠪᠠ᠃ ᠠᠮᠢ ᠠᠬᠤᠢ ᠶᠢᠨ ᠬᠤᠷᠢᠭ᠎ᠠ ᠱᠣᠭᠤᠮ ᠢ ᠴᠢᠩᠭ᠎ᠠ ᠰᠠᠬᠢᠵᠤ᠂ ᠤᠯᠤᠰ ᠤᠨ ᠲᠡᠰ ᠤᠨ | ᠭᠤᠤᠯᠳᠠᠯᠭ᠎ᠠ ᠲᠠᠢ ᠠᠮᠢ ᠠᠬᠤᠢ ᠶᠢᠨ ᠤᠷᠤᠨ ᠤ ︽ᠡᠰᠡᠷᠬᠦ ᠲᠠᠯ᠎ᠠ ᠶᠢᠨ ᠬᠠᠭᠤᠳᠠᠰᠦ︾ ᠶᠢ ᠨᠠᠶᠢᠷᠠᠭᠤᠯᠵᠤ | ᠳᠠᠭᠤᠰᠬᠠᠪᠠ᠃ ︽ᠲᠠᠯ᠎ᠠ ᠨᠤᠳᠤᠭ ᠢ ᠲᠠᠳᠠᠪᠦᠷᠢᠯᠠᠵᠦ ᠭᠡᠷᠡᠭᠯᠡᠬᠦ ᠶᠢ ᠬᠢᠨᠠᠨ ᠵᠦᠪᠰᠢᠶᠡᠷᠡᠬᠦ ᠬᠠᠮᠢᠶᠠᠷᠤᠯᠳᠠ ᠶᠢᠨ | ᠠᠷᠭ᠎ᠠ︾ ᠶᠢ ᠴᠢᠩᠭ᠎ᠠ ᠬᠡᠷᠡᠭᠵᠢᠬᠦᠯᠵᠦ᠂ ᠲᠠᠯ᠎ᠠ ᠨᠤᠳᠤᠭ ᠤᠨ ᠡᠬᠢ ᠪᠠᠶᠠᠯᠢᠭ ᠪᠠ ᠤᠷᠴᠢᠨ ᠲᠤᠭᠤᠷᠢᠨ ᠢ | ᠬᠠᠮᠠᠭᠠᠯᠠᠵᠦ᠂ ᠮᠠᠯᠴᠢᠳ ᠤᠨ ᠬᠠᠤᠯᠢ ᠶᠤᠰᠤᠨ ᠤ ᠡᠷᠬᠡ ᠠᠰᠢᠭ ᠢ ᠰᠠᠶᠢᠳᠤᠷ ᠬᠠᠮᠠᠭᠠᠯᠠᠪᠠ᠃ ︽ᠵᠦᠪᠰᠢᠶᠡᠷᠡᠯ | ᠦᠭᠡᠢ ᠪᠠᠷ ᠤᠷᠢᠳᠴᠢᠯᠠᠵᠤ ᠪᠠᠶᠢᠭᠤᠯᠤᠭᠰᠠᠨ︾ ᠪᠠ ︽ᠬᠤᠭᠤᠴᠠᠭ᠎ᠠ ᠬᠤᠶᠢᠰᠢᠯᠠᠭᠤᠯᠤᠨ ᠡᠰᠡ ᠬᠢᠨᠠᠭᠤᠯᠤᠭᠰᠠᠨ︾ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 25 ᠶᠢ ᠵᠤᠭᠰᠤᠭᠠᠨ᠂ 133 ᠾᠧᠺᠲ᠋ᠡᠷ ᠠᠭᠤᠷᠬᠠᠢ ᠶᠢᠨ ᠠᠵᠦ | ᠠᠬᠤᠶᠢᠯᠠᠯ ᠤᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠪᠠ᠃ ᠦᠪᠡᠷᠳᠡᠭᠡᠨ ᠵᠠᠰᠠᠬᠤ ᠤᠷᠤᠨ ᠤ ᠠᠩᠬᠠᠳᠣᠭᠴᠢ | ᠲᠠᠯ᠎ᠠ ᠨᠤᠲᠤᠭ ᠤᠨ ᠤᠷᠴᠢᠨ ᠲᠤᠭᠤᠷᠢᠨ ᠢ ᠬᠠᠮᠠᠭᠠᠯᠠᠬᠤ ᠵᠠᠰᠠᠭ ᠵᠠᠬᠢᠷᠭᠠᠨ ᠤ ᠵᠠᠷᠭᠤ ᠶᠢ ᠶᠠᠪᠤᠭᠳᠠᠭᠤᠯᠵᠤ᠂ ᠪᠥᠬᠦ | ᠤᠯᠤᠰ ᠤᠨ 13 ᠲᠤᠷᠰᠢᠯᠲᠠ ᠶᠢᠨ ᠴᠡᠭ ᠪᠤᠯᠤᠭᠰᠠᠨ ᠮᠤᠵᠢ ᠤᠷᠤᠨ ᠤ ᠨᠡᠶᠢᠳᠡᠯᠢᠭ ᠵᠢᠱᠢᠶ᠎ᠡ ᠪᠠᠷ ᠰᠤᠩᠭᠤᠭᠳᠠᠭᠰᠠᠨ | ᠮᠥᠷᠳᠡᠬᠡᠨ 2016 ᠤᠨ ᠤ ᠪᠥᠬᠦ ᠤᠷᠤᠨ ᠤ ᠠᠷᠪᠠᠨ ᠲᠤᠮᠤ ᠬᠠᠤᠯᠢ ᠪᠠᠷ ᠵᠠᠰᠠᠬᠤ ᠬᠡᠷᠡᠭ ᠶᠠᠪᠤᠳᠠᠯ ᠳᠤ | ᠰᠤᠩᠭᠤᠭᠳᠠᠨ ᠤᠷᠤᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ᠂ ᠰᠠᠯᠠᠭ᠎ᠠ ᠮᠦᠴᠢᠷ ᠤᠨ ᠬᠠᠤᠯᠢ | ᠶᠤᠰᠤᠭᠠᠷ ᠲᠤᠰᠢᠶᠠᠯ ᠢᠶᠠᠨ ᠭᠦᠢᠴᠡᠳᠬᠡᠬᠦ ᠳᠤ ᠰᠠᠶᠢᠨ ᠰᠠᠶᠢᠬᠠᠨ ᠤᠯᠤᠰ ᠲᠦᠷᠦ᠂ ᠬᠠᠤᠯᠢ ᠴᠠᠭᠠᠵᠠ ᠪᠤᠯᠤᠨ | ᠨᠡᠶᠢᠭᠡᠮ ᠤᠨ ᠦᠢᠯᠡᠳᠦᠯ ᠢ ᠦᠵᠡᠬᠦᠯᠦᠭᠰᠡᠨ ᠪᠠᠶᠢᠨ᠎ᠠ᠃ | ᠨᠢᠬᠡ ᠵᠢᠯ ᠤᠨᠲ᠋ᠤᠷᠰᠢ᠂ ᠦᠬᠡᠷᠡᠴᠢᠯᠡᠯᠳᠡ ᠨᠡᠬᠡᠬᠡᠯᠳᠡ ᠶᠢ ᠪᠦᠬᠦ ᠬᠥᠴᠥᠨ ᠢᠶᠠᠷ ᠲᠦᠯᠬᠢᠨ ᠠᠬᠢᠭᠤᠯᠵᠦ᠂ | ᠬᠥᠭᠵᠢᠯᠲᠠ ᠶᠢᠨ ᠠᠮᠢᠵᠢᠷᠠᠯ ᠤᠨ ᠬᠥᠴᠥᠨ ᠢ ᠲᠠᠰᠤᠷᠠᠯᠳᠠ ᠦᠬᠡᠢ ᠴᠢᠩᠭᠠᠳᠬᠠᠪᠠ᠃ ᠠᠷᠠᠯᠵᠢᠶᠠᠨ ᠤ ᠶᠠᠪᠤᠳᠠᠯ ᠤᠨ | ᠲᠥᠷᠢᠮ ᠤᠨ ᠦᠬᠡᠷᠡᠴᠢᠯᠡᠯᠳᠡ ᠶᠢ ᠬᠦᠨᠵᠡᠬᠡᠢ ᠲᠦᠯᠬᠢᠨ ᠠᠬᠢᠭᠤᠯᠵᠦ᠂ ᠨᠠᠷᠢᠨ ᠬᠠᠭᠤᠳᠠᠰᠤ ᠶᠢᠨ ᠲᠦᠷᠢᠮ ᠢᠶᠠᠷ | ᠵᠠᠰᠠᠭ ᠢ ᠴᠤᠮᠬᠠᠳᠬᠠᠨ᠂ ᠡᠷᠬᠡ ᠶᠢ ᠳᠤᠷᠤᠭᠰᠢ ᠪᠠᠭᠤᠯᠭᠠᠬᠤ ᠶᠢ ᠲᠥᠯᠬᠢᠨ ᠠᠬᠢᠭᠤᠯᠪᠠ᠃ 3050 ᠲᠥᠷᠥᠯ ᠤᠨ | ᠵᠠᠰᠠᠭ ᠤᠨ ᠤᠷᠳᠤᠨ ᠤ ᠡᠷᠬᠡ ᠬᠠᠷᠢᠭᠤᠴᠠᠯᠭ᠎ᠠ ᠶᠢᠨ ᠬᠠᠭᠤᠳᠠᠰᠣ᠂ 141 ᠲᠥᠷᠥᠯ ᠤᠨ ᠨᠡᠶᠢᠳᠡ ᠶᠢᠨ | ᠦᠢᠯᠡᠴᠢᠯᠡᠬᠡᠨ ᠤ ᠬᠡᠷᠡᠭ ᠶᠠᠪᠤᠳᠠᠯ ᠢ ᠢᠯᠡ ᠪᠤᠯᠭᠠᠪᠠ᠃ ︽ᠬᠤᠶᠠᠷ ᠢ ᠰᠣᠭᠤᠴᠢᠵᠤ ᠨᠢᠬᠡ ᠶᠢ ᠢᠯᠡ ᠪᠤᠯᠭᠠᠬᠤ︾ | ᠠᠵᠢᠯ ᠢ ᠪᠦᠬᠦ ᠲᠠᠯ᠎ᠠ ᠪᠠᠷ ᠲᠥᠯᠬᠢᠨ ᠠᠬᠢᠭᠤᠯᠵᠤ᠂ ︽ᠨᠢᠭᠡ ᠬᠠᠭᠤᠳᠠᠰᠣ᠂ ᠬᠤᠶᠠᠷ ᠭᠦᠮᠤᠷᠭᠡ᠂ ᠨᠢᠭᠡ ᠨᠠᠷᠢᠨ | ᠳᠦᠷᠢᠮ ᠢ ᠰᠤᠭᠤᠴᠢᠨ ᠪᠠᠶᠢᠴᠠᠭᠠᠬᠤ︾ ᠠᠭᠤᠯᠭ᠎ᠠ ᠶᠢ ᠲᠤᠭᠳᠠᠭᠠᠵᠤ᠂ 232 ᠲᠥᠷᠥᠯ ᠤᠨ ᠰᠤᠩᠭᠤᠵᠦ | ᠪᠠᠶᠢᠴᠠᠭᠠᠬᠤ ᠬᠡᠷᠡᠭ ᠶᠠᠪᠤᠳᠠᠯ ᠢ ᠲᠤᠭᠳᠠᠭᠠᠪᠠ᠃ ᠵᠠᠰᠠᠭ ᠵᠠᠬᠢᠷᠭᠠᠨ ᠤ ᠦᠢᠯᠡᠴᠢᠯᠡᠬᠡᠨ ᠤ ᠲᠦᠪ ᠢ ᠦᠷᠬᠡᠳᠬᠡᠨ | ᠪᠠᠶᠢᠭᠤᠯᠬᠤ ᠢᠨᠵᠧᠨᠧᠷᠢᠩ ᠢ ᠡᠬᠢᠯᠡᠬᠦᠯᠪᠡ᠃ ᠥᠢᠯᠡᠳᠪᠤᠷᠢ ᠬᠤᠳᠠᠯᠳᠤᠭᠠᠨ ᠤ ᠲᠠᠩᠰᠠᠯᠠᠬᠤ ᠲᠦᠷᠢᠮ ᠤᠨ ᠲᠦᠬᠦᠮ | ᠦᠵᠡᠬᠦᠯᠬᠦ ᠦᠬᠡᠷᠡᠴᠢᠯᠡᠯᠳᠡ ᠶᠢᠨ ᠦᠷ᠎ᠡ ᠪᠦᠳᠦᠮᠵᠢ ᠨᠢ ᠢᠯᠡᠷᠬᠡᠢ ᠪᠤᠯᠵᠤ᠂ ᠰᠢᠨ᠎ᠡ ᠪᠠᠷ ᠲᠠᠩᠰᠠᠯᠠᠭᠰᠠᠨ ᠬᠤᠪᠢ | ᠶᠢᠨ ᠠᠵᠦ ᠠᠬᠤᠶᠢᠯᠠᠯ ᠪᠠ ᠳᠠᠩᠰᠠᠯᠠᠭᠰᠠᠨ ᠪᠡᠯᠡ ᠮᠥᠩᠬᠦ ᠨᠢ ᠲᠤᠰ ᠲᠤᠰ 11.6% ᠪᠠ 3% ᠪᠠᠷ ᠨᠡᠮᠡᠭᠳᠡᠪᠡ᠃ | ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠦᠬᠡᠷᠡᠴᠢᠯᠡᠯᠳᠡ᠂ ︽ᠡᠵᠡᠩᠨᠡᠯᠲᠡ ᠶᠢᠨ ᠭᠠᠶᠢᠯᠢ ᠶᠢ | ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ︾᠂ ᠤᠰᠤ ᠴᠠᠬᠢᠯᠭᠠᠨ ᠤ ᠱᠠᠳᠣᠴᠢ ᠦᠨ᠎ᠡ ᠶᠢᠨ | ᠦᠬᠡᠷᠡᠴᠢᠯᠡᠯᠳᠡ ᠨᠢ ᠢᠯᠡᠳᠳᠡ ᠠᠮᠵᠢᠯᠳᠠ ᠲᠠᠢ ᠪᠤᠯᠪᠠ᠃ ᠮᠠᠯᠵᠢᠬᠤ ᠤᠷᠤᠨ ᠤ ᠶᠡᠷᠦᠩᠬᠡᠶᠢᠯᠡᠭᠰᠡᠨ ᠦᠭᠡᠷᠡᠴᠢᠯᠡᠯᠳᠡ | ᠂ ᠨᠤᠳᠤᠭ ᠪᠡᠯᠴᠢᠬᠡᠷ ᠤᠨ ᠡᠷᠬᠡ ᠶᠢᠨ ᠨᠤᠲᠠᠯᠠᠯᠲᠠ᠂ ᠠᠮᠢ ᠠᠬᠤᠢ ᠶᠢᠨ ᠪᠤᠯᠪᠠᠰᠤᠨ ᠤ ᠲᠥᠷᠢᠮ ᠤᠨ ᠪᠦᠳᠦᠬᠡᠨ | ᠪᠠᠶᠢᠭᠤᠯᠤᠯᠳᠠ ᠶᠢᠨ ᠲᠤᠷᠰᠢᠯᠳᠠ ᠶᠢᠨ ᠴᠢᠭ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠭᠠᠳᠠᠭᠠᠲᠤ | ᠲᠠᠢ ᠠᠷᠠᠯᠵᠢᠶᠠᠴᠢᠨ ᠤ ᠬᠡᠯᠡᠯᠴᠡᠬᠡᠷ ᠬᠢᠬᠦ ᠶᠢ ᠬᠥᠨᠵᠡᠬᠡᠶᠢᠷᠡᠬᠦᠯᠵᠤ᠂ ᠰᠦᠨᠢᠳ ᠦᠨᠳᠦᠰᠦᠲᠡᠨ ᠤ ᠬᠤᠪᠴᠠᠰᠤ ᠵᠠᠰᠠᠯ᠂ | ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠦᠭᠦᠨ᠂ ᠪᠤᠬᠢᠷᠳᠤᠯ ᠦᠭᠡᠢ ᠮᠢᠬᠠᠨ ᠢᠳᠡᠭᠡᠨ ᠢ ᠡᠳ᠋ᠰᠢᠭᠦᠯᠦᠨ | ᠪᠤᠯᠪᠠᠰᠤᠷᠠᠭᠤᠯᠬᠤ ᠵᠡᠷᠭᠡ ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ 2016 ᠤᠨ ᠤ ᠡᠷᠢᠶᠡᠨ ᠬᠤᠳᠠᠨ ᠳᠤ | ᠪᠤᠯᠤᠭᠰᠠᠨ ᠲᠤᠮᠳᠠᠲᠤ ᠮᠤᠩᠭᠤᠯ ᠤᠷᠤᠰ ᠤᠨ ᠠᠵᠤ ᠠᠬᠤᠢ ᠠᠷᠠᠯᠵᠢᠶᠠᠨ ᠤ ᠵᠦᠪᠳᠡᠯᠴᠡᠭᠡᠷ ᠤᠨ ᠬᠤᠷᠠᠯ ᠳᠤ | ᠤᠷᠤᠯᠴᠠᠭᠤᠯᠤᠨ᠂ ᠤᠬᠢ ᠰᠠᠶᠢᠨ ᠰᠤᠯᠢᠯᠴᠠᠭᠠᠨ ᠤ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ᠤᠯᠠᠨ | ᠲᠠᠪᠬᠤᠷᠭ᠎ᠠ᠂ ᠤᠯᠠᠨ ᠬᠠᠷᠢᠶᠠᠨ ᠳᠠᠬᠢ ᠠᠷᠠᠯᠵᠢᠶᠠᠴᠢᠨ ᠤᠷᠢᠵᠤ ᠪᠡᠯᠡ ᠮᠦᠩᠬᠦ ᠲᠠᠳᠠᠨ ᠠᠪᠴᠢᠷᠠᠬᠤ ᠬᠦᠳᠡᠯᠭᠡᠭᠡᠨ ᠢ | ᠦᠷᠭᠡᠨ ᠲᠡᠯᠭᠡᠷᠡᠩᠬᠦᠢ ᠦᠷᠨᠢᠭᠦᠯᠵᠦ᠂ ᠪᠦᠬᠦ ᠵᠢᠯ ᠳᠤ ᠨᠡᠶᠢᠲᠡ 22.8 ᠳ᠋ᠦᠩᠰᠢᠭᠤᠷ ᠲᠦᠭᠦᠷᠢᠭ ᠤᠨ ᠪᠡᠯᠡ | ᠤᠷᠤᠭᠤᠯᠤᠯᠲᠠ ᠶᠢ ᠳᠠᠳᠠᠨ ᠤᠷᠤᠭᠤᠯᠵᠤ᠂ 10% ᠪᠠᠷ ᠨᠡᠮᠡᠭᠳᠡᠬᠦᠯᠪᠠ᠃ ᠦᠪᠦᠷ ᠮᠤᠩᠭᠤᠯ ᠤᠨ ᠲᠠᠢ ᠬᠠᠩ | ᠨᠡᠶᠢᠳᠡᠮ ᠬᠡᠷᠡᠭᠯᠡᠭᠡᠨ ᠤ ᠠᠭᠠᠷ ᠠᠶᠠᠯᠠᠯ᠂ ᠱᠠᠩᠬᠠᠢ ᠶᠢᠨ ᠴᠦ᠋ ᠬᠤᠸᠠ ᠬᠤᠩ ᠶᠢᠩ ᠪᠡᠯᠡ ᠤᠷᠤᠭᠤᠯᠬᠤ ᠺᠤᠮᠫᠠᠨᠢ | ᠵᠡᠷᠭᠡ 15 ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠵᠦᠪᠳᠡᠯᠴᠡᠭᠡᠷ ᠤᠨ ᠪᠢᠴᠢᠭ ᠢ ᠲᠤᠭᠲᠠᠨ᠂ | ᠵᠦᠪᠳᠡᠯᠴᠡᠭᠡᠷ ᠤᠨ ᠪᠡᠯᠡ ᠮᠦᠩᠬᠦ 200 ᠳ᠋ᠦᠩᠰᠢᠭᠤᠷ ᠲᠤ ᠬᠦᠷᠪᠡ᠃ ᠬᠠᠮᠲᠤ ᠶᠢᠨ ᠦᠮᠴᠢᠯᠡᠯ ᠤᠨ ᠪᠤᠰᠤ ᠠᠵᠤ | ᠠᠬᠤᠢ ᠶᠢ ᠭᠦᠭᠵᠢᠬᠦᠯᠬᠦ ᠳᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠤ᠂ ᠶᠠᠰᠤ ᠴᠢᠨᠠᠷ ᠢᠶᠠᠷ | ᠬᠤᠰᠢᠭᠤ ᠪᠠᠨ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠥᠴᠥᠲᠠᠢ ᠬᠡᠷᠡᠭᠵᠢᠭᠦᠯᠦᠨ᠂ ᠬᠤᠰᠢᠭᠤ ᠲᠠᠷᠤᠭ᠎ᠠ ᠶᠢᠨ | ᠶᠠᠰᠤ ᠴᠢᠨᠠᠷ ᠤᠨ ᠱᠠᠩᠨᠠᠨ ᠵᠤᠷᠢᠭᠵᠢᠭᠤᠯᠬᠤ ᠬᠠᠮᠢᠶᠠᠷᠤᠯᠲᠠ ᠶᠢᠨ ᠠᠷᠭ᠎ᠠ ᠶᠢ ᠲᠤᠭᠳᠠᠭᠠᠵᠤ᠂ ᠲᠤᠮᠳᠠ ᠵᠢᠵᠢᠭ ᠠᠵᠤ | ᠠᠬᠤᠶᠢᠯᠠᠯ ᠢ ᠬᠠᠪᠰᠣᠷᠣᠨ 2.7 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢᠨ ᠠᠰᠠᠭᠤᠳᠠᠯ ᠢ ᠰᠢᠢᠳᠪᠤᠷᠢᠯᠡᠨ᠂ ︽ | ᠪᠠᠳᠤᠯᠠᠭ᠎ᠠ ᠶᠢ ᠳᠡᠮᠵᠢᠬᠦ ᠵᠢᠬᠡᠯᠡᠯᠬᠡ︾ ᠳᠤ 300 ᠲᠥᠮᠡᠨ ᠲᠥᠬᠦᠷᠢᠭ ᠢ ᠣᠷᠣᠭᠤᠯᠪᠠ᠃ ᠬᠠᠮᠲᠤ ᠶᠢᠨ ᠦᠮᠴᠢᠯᠡᠯ | ᠤᠨ ᠪᠤᠰᠤ ᠵᠠᠬ᠎ᠠ ᠲᠡᠯᠭᠡᠭᠦᠷ ᠤᠨ ᠭᠤᠤᠯ ᠴᠤᠭᠴᠠ 3261 ᠡᠷᠦᠬᠡ ᠪᠤᠯᠤᠨ ᠬᠦᠭᠵᠢᠵᠦ᠂ ᠲᠠᠩᠰᠠᠯᠠᠭᠤᠯᠤᠭᠰᠠᠨ | ᠪᠡᠯᠡ ᠮᠦᠩᠬᠦ 16.9 ᠳ᠋ᠦᠩᠰᠢᠭᠤᠷ ᠲᠦᠭᠦᠷᠢᠭ ᠲᠤ ᠬᠥᠷᠴᠥ᠂ ᠬᠠᠮᠲᠤ ᠶᠢᠨ ᠦᠮᠴᠢᠯᠡᠯ ᠤᠨ ᠪᠤᠰᠤ ᠠᠵᠤ ᠠᠬᠤᠢ | ᠨᠢ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠠ ᠶᠢᠨ ᠴᠢᠬᠤᠯᠠ ᠬᠦᠴᠦᠨ ᠪᠤᠯᠪᠠ᠃ | ᠨᠢᠭᠡ ᠵᠢᠯ ᠤᠨ ᠲᠤᠷᠰᠢ᠂ ᠠᠷᠠᠳ ᠤᠨ ᠠᠮᠢᠳᠤᠷᠠᠯ ᠤᠨ ᠬᠦᠷᠢᠶ᠎ᠠ ᠬᠡᠪᠴᠢᠶᠡᠨ ᠳᠠᠬᠢ ᠪᠦᠳᠦᠭᠡᠨ ᠪᠠᠶᠢᠭᠤᠯᠤᠯᠳᠠ ᠶᠢ | ᠪᠦᠬᠦ ᠬᠦᠴᠦ ᠪᠠᠷ ᠴᠢᠩᠭ᠎ᠠ ᠠᠳᠬᠤᠵᠦ᠂ ᠨᠡᠶᠢᠭᠡᠮ ᠤᠨ ᠪᠠᠳᠤᠯᠠᠭ᠎ᠠ ᠶᠢᠨ ᠴᠢᠳᠠᠪᠤᠷᠢ ᠶᠢ ᠲᠠᠰᠤᠷᠠᠯᠳᠠ ᠦᠬᠡᠢ | ᠳᠡᠬᠡᠭᠰᠢᠯᠡᠬᠦᠯᠪᠠ᠃ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ | ᠵᠢᠷᠭᠤᠭᠠᠨ ᠤᠨᠤᠪᠴᠢᠲᠠᠢ︾᠂ ︽ᠲᠠᠪᠤᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠪᠠᠷ ᠪᠦᠭᠦ ᠬᠤᠰᠢᠭᠤᠨ | ᠤ ᠠᠷᠪᠠᠨ ᠭᠤᠷᠪᠠᠳᠤᠭᠠᠷ ᠳᠠᠪᠤᠨ ᠵᠢᠯ ᠤᠨ ᠶᠠᠳᠠᠭᠤ ᠠᠴᠠ ᠠᠩᠭᠢᠵᠢᠷᠠᠭᠤᠯᠬᠤ ᠳᠦᠯᠦᠪᠵᠢᠭᠦᠯᠬᠡ ᠪᠠ 2016 ᠤᠨ | ᠤ ᠨᠠᠷᠢᠯᠢᠭ ᠤᠨᠤᠪᠴᠢᠳᠠᠢ ᠶᠠᠳᠠᠭᠤ ᠶᠢ ᠲᠡᠳᠭᠦᠭᠦ ᠠᠵᠢᠯ ᠤᠨ ᠳᠦᠰᠦᠪ ᠢ ᠳᠣᠭᠳᠠᠭᠠᠨ᠂ ᠪᠦᠭᠦ ᠬᠤᠰᠢᠭᠤᠨ ᠤ 49 | ᠪᠠᠶᠢᠭᠤᠯᠭ᠎ᠠ᠂ 295 ᠨᠡᠷ᠎ᠡ ᠺᠠᠳ᠋ᠷ ᠨᠠᠮ ᠤᠨ ᠬᠡᠰᠢᠭᠦᠳ ᠬᠦᠳᠡᠭᠡ ᠪᠠᠭᠤᠨ ᠮᠠᠯᠴᠢᠨ ᠡᠷᠦᠬᠡ ᠪᠠᠷ ᠭᠦᠨᠵᠡᠭᠡᠶᠢᠷᠡᠵᠤ᠂ | ᠶᠠᠳᠠᠭᠤ ᠠᠴᠠ ᠠᠩᠭᠢᠵᠢᠷᠠᠭᠤᠯᠬᠤ ᠠᠵᠢᠯ ᠶᠢ ᠬᠦᠴᠦᠳᠡᠢ ᠳᠦᠯᠬᠢᠨ ᠠᠬᠢᠭᠤᠯᠪᠠ᠃ ᠡᠯ᠎ᠠ ᠳᠦᠷᠦᠯ ᠤᠨ ᠶᠠᠳᠠᠭᠤ ᠶᠢ | ᠲᠡᠳᠭᠦᠭᠦ ᠪᠡᠯᠡ ᠮᠦᠩᠭᠦ 2276 ᠳᠦᠮᠡᠨ ᠲᠦᠬᠦᠷᠢᠭ ᠢ ᠨᠢᠬᠡᠳᠬᠡᠵᠦ᠂ ᠭᠤᠷᠪᠠ ᠶᠢ ᠭᠠᠴᠠᠭᠠᠨ ᠳᠤ ᠬᠦᠷᠬᠡᠵᠦ᠂ | ᠭᠤᠷᠪᠠ ᠶᠢ ᠡᠷᠦᠬᠡ ᠳᠤ ᠬᠦᠷᠭᠡᠬᠦ᠂ ᠠᠵᠦ ᠦᠢᠯᠡᠰ ᠢᠶᠠᠷ ᠶᠠᠳᠠᠭᠤ ᠶᠢ ᠳᠡᠥᠨᠬᠦᠬᠦ᠂ ᠨᠡᠭᠦᠯᠭᠡᠨ ᠰᠢᠯᠵᠢᠭᠦᠯᠵᠤ ᠶᠠᠳᠠᠭᠤ | ᠶᠢ ᠳᠡᠥᠨᠬᠦᠬᠦ᠂ ᠮᠦᠩᠭᠦᠨ ᠬᠦᠢᠯᠬᠡᠬᠡᠨ ᠢᠶᠠᠷ ᠶᠠᠳᠠᠭᠤ ᠶᠢ ᠲᠡᠳᠭᠦᠭᠦ ᠵᠡᠷᠭᠡ ᠢᠨᠵᠧᠨᠧᠷᠢᠩ ᠢ ᠬᠡᠷᠡᠭᠵᠢᠬᠦᠯᠵᠦ᠂ ᠪᠦᠬᠦ | ᠬᠤᠰᠢᠭᠤᠨ ᠤ 786 ᠨᠡᠷᠡᠰ ︵ᠤᠯᠤᠰ ᠠᠴᠠ ᠳᠠᠩᠰᠠᠯᠠᠭᠰᠠᠨ 528 ᠨᠡᠷ᠎ᠡ᠂ ᠠᠶᠢᠮᠠᠭ ᠠᠴᠠ ᠳᠠᠩᠰᠠᠯᠠᠭᠰᠠᠨ | 258 ᠨᠡᠷ᠎ᠡ︶ ᠶᠠᠳᠠᠭᠤ ᠬᠦᠴᠢᠷᠳᠡᠯᠳᠠᠢ ᠠᠷᠠᠳ ᠢ ᠶᠠᠳᠠᠭᠤ ᠠᠴᠠ ᠠᠩᠬᠢᠵᠢᠷᠠᠭᠤᠯᠵᠤ᠂ ᠠᠶᠢᠮᠠᠭ ᠤᠨ ᠬᠢᠨᠠᠨ | ᠪᠠᠶᠢᠴᠠᠭᠠᠯᠳᠠ᠂ ᠤᠷᠤᠨ ᠤ ᠭᠤᠷᠪᠠᠳᠤᠭᠠᠷ ᠡᠳᠡᠭᠡᠳ ᠤᠨ ᠬᠢᠨᠠᠨ ᠦᠨᠡᠯᠡᠯᠳᠠ ᠵᠢᠴᠢ ᠠᠶᠢᠮᠠᠭ ᠬᠤᠳᠠ ᠶᠢᠨ | ᠬᠤᠭᠤᠷᠤᠨᠳᠤᠬᠢ ᠬᠠᠷᠢᠯᠴᠠᠨ ᠰᠤᠯᠢᠯᠴᠠᠵᠦ ᠪᠠᠶᠢᠴᠠᠭᠠᠬᠤ ᠪᠠᠶᠢᠴᠠᠭᠠᠯᠳᠠ ᠶᠢ ᠠᠮᠵᠢᠯᠳᠠᠳᠠᠢ ᠦᠩᠭᠡᠷᠡᠭᠡᠪᠡ᠃ ︽ᠠᠷᠪᠠ | ᠶᠢ ᠪᠦᠷᠬᠦᠬᠦᠯᠬᠦ︾ ᠢᠨᠵᠧᠨᠧᠷᠢᠩ ᠢ ᠠᠮᠵᠢᠯᠲᠠ ᠲᠠᠢ ᠳᠠᠭᠤᠰᠬᠠᠪᠠ᠃ ᠭᠤᠷᠪᠠᠨ ᠵᠢᠯ ᠳᠤ ᠨᠡᠶᠢᠲᠡ 7.6 | ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠵᠤ᠂ 3190 ᠡᠷᠦᠬᠡ ᠶᠢᠨ ᠠᠶᠤᠯᠲᠠᠢ ᠭᠡᠷ ᠪᠠᠶᠢᠰᠢᠩ ᠢ | ᠦᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ 153.5 ᠺᠢᠯᠤᠮᠧᠲᠷ ᠵᠠᠭᠡᠯᠢ ᠭᠤᠳᠤᠮᠵᠢ ᠶᠢ | ᠬᠠᠳᠠᠭᠤᠷᠠᠭᠤᠯᠵᠤ᠂ 2902 ᠬᠦᠮᠦᠨ ᠠᠮᠠ ᠶᠢᠨ ᠠᠶᠤᠯᠭᠦᠢ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ | ᠂ 261 ᠡᠷᠦᠬᠡ ᠳᠤ ᠦᠨᠳᠦᠷ ᠬᠦᠴᠦᠳᠡᠯᠳᠦ ᠴᠠᠬᠢᠯᠭᠠᠨ ᠨᠡᠪᠲᠡᠷᠡᠭᠦᠯᠵᠦ᠂ 2500 ᠡᠷᠦᠬᠡ ᠶᠢᠨ ᠨᠠᠷᠠ ᠰᠠᠯᠬᠢᠨ | ᠪᠠᠷ ᠴᠠᠬᠢᠯᠭᠠᠨ ᠭᠠᠷᠭᠠᠬᠤ ᠲᠦᠭᠦᠭᠡᠷᠦᠮᠵᠢ ᠶᠢ ᠲᠡᠰ ᠲᠡᠪᠰᠢᠭᠦᠯᠦᠨ᠂ 3000 ᠢᠵᠢ ᠵᠢᠷᠤᠭᠲᠤ ᠲᠧᠯᠸᠢᠰ ᠤᠨ | ᠲᠦᠭᠦᠭᠡᠷᠦᠮᠵᠢ ᠶᠢ ᠤᠭᠰᠠᠷᠠᠵᠤ᠂ 17 ᠰᠠᠭᠤᠷᠢ ᠲᠤᠭᠠᠴᠢᠯᠠᠭᠰᠠᠨ ᠷᠠᠳᠢᠤ᠋ ᠲᠧᠯᠸᠢᠰ ᠤᠨ ᠦᠷᠲᠡᠭᠡ ᠶᠢ ᠪᠠᠶᠢᠭᠤᠯᠤᠨ | ᠂ 15 ᠰᠠᠭᠤᠷᠢ ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠵᠤ᠂ | 12 ᠰᠠᠭᠤᠷᠢ ᠭᠠᠴᠠᠭᠠᠨ ᠤ ᠰᠤᠶᠤᠯ ᠤᠨ ᠲᠠᠰᠤᠭ ᠢ ᠦᠷᠭᠡᠳᠬᠡᠨ ᠵᠠᠰᠠᠵᠤ᠂ 49 ᠭᠠᠴᠠᠭᠠᠨ ᠤ ᠰᠤᠶᠤᠯ ᠤᠨ | ᠬᠦᠳᠡᠯᠭᠡᠭᠡᠨ ᠤ ᠲᠠᠰᠤᠭ ᠤᠨ ᠲᠦᠭᠦᠭᠡᠷᠦᠮᠵᠢ ᠶᠢ ᠪᠦᠷᠢᠨᠰᠢᠭᠦᠯᠦᠨ᠂ 17 ᠰᠠᠭᠤᠷᠢ ᠠᠷᠠᠳ ᠲᠤ ᠲᠦᠭᠦᠮ | ᠦᠵᠡᠭᠦᠯᠬᠦ ᠬᠡᠲᠦ ᠲᠡᠯᠭᠡᠭᠦᠷ ᠢ ᠰᠢᠨ᠎ᠡ ᠪᠠᠷ ᠪᠠᠶᠢᠭᠤᠯᠤᠭᠰᠠᠨ ᠪᠠ ᠦᠭᠡᠷᠡᠴᠢᠯᠡᠨ ᠵᠠᠰᠠᠪᠠ᠃ ᠤᠷᠴᠢᠨ ᠲᠤᠭᠤᠷᠢᠨ ᠤ | ᠡᠷᠡᠭᠦᠯ ᠬᠠᠮᠠᠭᠠᠯᠠᠯ ᠢ ᠵᠠᠰᠠᠨ ᠴᠡᠭᠴᠡᠯᠡᠬᠦ ᠬᠦᠳᠡᠯᠭᠡᠭᠡᠨ ᠢ ᠵᠤᠬᠢᠶᠠᠨ ᠪᠠᠶᠢᠭᠤᠯᠵᠤ ᠦᠷᠨᠢᠭᠦᠯᠦᠨ᠂ ᠪᠦᠬᠦ ᠨᠡᠶᠢᠲᠡ | 3363 ᠰᠠᠭᠤᠷᠢ ᠬᠠᠭᠤᠴᠢᠨ ᠭᠡᠷ ᠪᠠᠶᠢᠰᠢᠩ ᠢ ᠨᠤᠷᠠᠭᠠᠨ᠂ 1.6 ᠲᠦᠮᠡᠨ ᠮᠧᠲᠷ ᠬᠡᠷᠡᠮ ᠬᠠᠨ᠎ᠠ ᠶᠢ ᠰᠡᠯᠪᠢᠨ | ᠵᠠᠰᠠᠵᠤ᠂ 2.42 ᠲᠦᠮᠡᠨ ᠲᠡᠭᠰᠢ ᠲᠦᠷᠪᠡᠯᠵᠢᠨ ᠮᠧᠲᠷ ᠭᠡᠷᠡᠮ ᠬᠠᠨ᠎ᠠ ᠶᠢ ᠦᠩᠭᠡ ᠪᠤᠳᠤᠭ ᠢᠶᠠᠷ ᠰᠢᠷᠲᠡᠵᠦ᠂ 36 | ᠲᠦᠮᠡᠨ ᠲᠤᠨ ᠬᠤᠭ ᠨᠤᠪᠰᠢ ᠶᠢ ᠴᠡᠪᠡᠷᠯᠡᠨ᠂ 3729 ᠰᠠᠭᠤᠷᠢ ᠭᠡᠷ ᠪᠠᠶᠢᠰᠢᠩ ᠢ ᠰᠡᠯᠪᠢᠨ ᠵᠠᠰᠠᠵᠤ᠂ 40 | ᠰᠠᠭᠤᠷᠢ ᠬᠤᠭ ᠨᠤᠪᠰᠢ ᠶᠢᠨ ᠰᠠᠪᠠ᠂ 19 ᠰᠠᠭᠤᠷᠢ ᠨᠡᠶᠢᠲᠡ ᠶᠢᠨ ᠵᠤᠷᠯᠤᠩ ᠢ ᠰᠢᠨ᠎ᠡ ᠪᠠᠷ ᠪᠠᠶᠢᠭᠤᠯᠵᠤ᠂ 283 | ᠵᠠᠮ ᠤᠨ ᠳ᠋ᠧᠩ ᠢ ᠤᠭᠰᠠᠷᠠᠨ᠂ ᠮᠠᠯᠵᠢᠬᠤ ᠤᠷᠤᠨ ᠤ ᠲᠦᠷᠢ ᠲᠦᠷᠬᠦ ᠶᠢ ᠰᠢᠨ᠎ᠡ ᠬᠤᠪᠢᠷᠠᠯᠲᠠ ᠲᠠᠢ ᠪᠤᠯᠭᠠᠵᠤ᠂ | ᠦᠢᠯᠡᠳᠪᠦᠷᠢᠯᠡᠯ ᠠᠮᠢᠳᠣᠷᠠᠯ ᠤᠨ ᠨᠦᠭᠦᠴᠡᠯ ᠢ ᠪᠦᠭᠦ ᠳᠠᠯ᠎ᠠ ᠪᠠᠷ ᠦᠭᠡᠷᠡᠴᠢᠯᠡᠨ ᠰᠠᠶᠢᠵᠢᠷᠠᠭᠤᠯᠪᠠ᠃ ᠦᠢᠯᠡᠰ | ᠪᠤᠰᠬᠠᠵᠤ ᠠᠵᠢᠯ ᠤᠯᠭᠤᠬᠤ ᠢᠨᠵᠧᠨᠧᠷᠢᠩ ᠢ ᠪᠠᠲᠤᠲᠠᠢ ᠲᠦᠯᠬᠢᠨ ᠠᠬᠢᠭᠤᠯᠪᠠ᠃ 2218 ᠬᠥᠮᠤᠨ ᠳᠤ ᠠᠮᠵᠢᠯᠲᠠ | ᠲᠠᠢ ᠠᠵᠢᠯ ᠳᠠᠨᠢᠯᠴᠠᠭᠤᠯᠵᠤ ᠤᠯᠭᠤᠨ᠂ 312 ᠨᠡᠷ᠎ᠡ ᠦᠢᠯᠡᠰ ᠪᠤᠰᠬᠠᠬᠤ ᠬᠦᠮᠦᠰ ᠲᠤ 2020 ᠲᠦᠮᠡᠨ | ᠲᠦᠭᠦᠷᠢᠭ ᠤᠨ ᠦᠢᠯᠡᠰ ᠪᠤᠰᠬᠠᠬᠤ ᠪᠠᠲᠤᠯᠠᠭᠠᠨ ᠤ ᠵᠢᠭᠡᠯᠡᠯᠭᠡ ᠶᠢ ᠲᠠᠯᠪᠢᠵᠦ᠂ 33 ᠨᠡᠷ᠎ᠡ ᠠᠵᠤ ᠠᠬᠤᠶᠢᠯᠠᠯ ᠢ | ᠵᠢᠯᠤᠭᠤᠳᠤᠨ ᠲᠠᠭᠠᠭᠤᠯᠵᠤ ᠦᠢᠯᠡᠰ ᠪᠦᠲᠦᠭᠡᠬᠦ ᠬᠦᠷᠢᠶᠡᠯᠡᠩ ᠳᠤ ᠤᠷᠤᠭᠤᠯᠪᠠ᠃ ᠬᠤᠳᠠ ᠪᠠᠯᠭᠠᠰᠤᠨ ᠤ ᠠᠵᠢᠯ | ᠠᠯᠳᠠᠭᠰᠠᠳ ᠤᠨ ᠨᠤᠷᠮ᠎ᠠ ᠶᠢ 2% ᠳᠤ ᠬᠢᠵᠠᠭᠠᠷᠯᠠᠪᠠ᠃ ᠨᠡᠶᠢᠭᠡᠮ ᠤᠨ ᠪᠠᠳᠤᠯᠠᠭ᠎ᠠ ᠶᠢᠨ ᠬᠢᠷᠢ ᠲᠦᠪᠰᠢᠨ ᠢ | ᠲᠤᠭᠳᠠᠭᠤᠨ ᠢᠶᠠᠷ ᠲᠡᠭᠡᠭᠰᠢᠯᠡᠬᠦᠯᠵᠦ᠂ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠨᠢ | ᠦᠩᠭᠡᠷᠡᠭᠰᠡᠨ ᠵᠢᠯ ᠠᠴᠠ 4% ᠪᠤᠯᠤᠨ 17% ᠪᠠᠷ ᠲᠡᠭᠡᠭᠰᠢᠯᠡᠵᠦ᠂ ᠮᠠᠯᠵᠢᠬᠤ ᠤᠷᠤᠨ ᠤ ᠬᠤᠷᠰᠢᠭᠰᠠᠨ ᠡᠮᠨᠡᠯᠭᠡ | ᠶᠢᠨ ᠲᠠᠭᠠᠳᠬᠠᠯ ᠳᠤ ᠤᠷᠤᠯᠴᠠᠬᠤ ᠨᠤᠷᠮ᠎ᠠ 100% ᠳᠤ ᠬᠦᠷᠴᠦ᠂ ᠨᠠᠰᠤᠵᠢᠯ ᠤᠨ ᠲᠠᠭᠠᠳᠬᠠᠯ᠂ ᠠᠵᠢᠯ | ᠠᠯᠳᠠᠬᠤ ᠳᠠᠭᠠᠥᠨᠬᠠᠯ᠂ ᠡᠮ ᠡᠮᠨᠡᠯᠭᠡ ᠶᠢᠨ ᠳᠠᠭᠠᠥᠨᠬᠠᠯ᠂ ᠠᠵᠢᠯ ᠤᠨ ᠪᠠᠶᠢᠷᠢ ᠶᠢᠨ ᠠᠳᠡᠯ ᠤᠨ ᠲᠠᠭᠠᠳᠬᠠᠯ᠂ | ᠬᠦᠩᠭᠡᠵᠢᠯᠳᠡ ᠶᠢᠨ ᠲᠠᠭᠠᠳᠬᠠᠯ ᠵᠡᠷᠭᠡ ᠳᠠᠪᠤᠨ ᠳᠠᠭᠠᠥᠨᠬᠠᠯ ᠳᠤ ᠤᠷᠤᠯᠴᠠᠭᠰᠠᠨ ᠨᠤᠷᠮ᠎ᠠ 100% ᠶᠢ ᠪᠠᠳᠣᠯᠠᠵᠤ᠂ | ᠰᠤᠮᠤ ᠪᠠᠯᠭᠠᠰᠤᠨ ᠤ ᠦᠨᠳᠦᠰᠦᠨ ᠱᠠᠲᠤᠨ ᠤ ᠨᠦᠬᠦᠪᠦᠷᠢ ᠮᠦᠩᠬᠦ᠂ ᠬᠢᠯᠢ ᠬᠢᠵᠠᠭᠠᠷ ᠤᠷᠤᠨ ᠤ ᠨᠦᠬᠦᠪᠦᠷᠢ | ᠮᠦᠩᠬᠦ᠂ ᠵᠡᠷᠬᠡ ᠳᠡᠰ ᠤᠨ ᠴᠠᠯᠢᠩ ᠪᠠ ᠠᠯᠪᠠᠨ ᠠᠵᠢᠯ ᠤᠨ ᠵᠠᠮ ᠬᠠᠷᠢᠯᠴᠠᠭᠠᠨ ᠤ ᠨᠦᠬᠦᠪᠦᠷᠢ ᠶᠢ ᠪᠦᠭᠦᠨ ᠢ | ᠨᠡᠶᠢᠳᠠᠪᠣᠷᠢᠵᠢᠭᠤᠯᠪᠠ᠃ | ᠨᠢᠭᠡ ᠵᠢᠯ ᠤᠨ ᠲᠤᠷᠰᠢ᠂ ᠨᠡᠶᠢᠭᠡᠮ ᠤᠨ ᠠᠵᠢᠯ ᠦᠢᠯᠡᠰ ᠤᠨ ᠬᠦᠭᠵᠢᠯᠳᠠ ᠶᠢ ᠪᠦᠬᠦ ᠬᠦᠴᠦᠨ ᠢᠶᠠᠷ | ᠲᠦᠯᠬᠢᠨ ᠠᠬᠢᠭᠤᠯᠵᠦ᠂ ᠡᠶ᠎ᠡ ᠨᠠᠶᠢᠷᠠᠮᠳᠠᠬᠤ ᠨᠡᠶᠢᠭᠡᠮ ᠤᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠬᠡᠢ | ᠴᠢᠩᠭᠠᠳᠬᠠᠪᠠ᠃ ᠰᠠᠭᠤᠷᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠭᠤᠷᠪᠠᠨ ᠵᠢᠯ ᠤᠨ | ᠠᠵᠢᠯ ᠤᠨ ᠲᠦᠯᠦᠪᠯᠡᠭᠡ ᠶᠢ ᠲᠥᠯᠬᠢᠨ ᠠᠬᠢᠭᠤᠯᠵᠤ᠂ 30 ᠨᠡᠷ᠎ᠡ ᠲᠤᠮᠳᠠ ᠪᠠᠭ᠎ᠠ ᠰᠤᠷᠭᠠᠭᠤᠯᠢ ᠶᠢᠨ ᠪᠠᠭᠰᠢ ᠪᠠ | ᠬᠡᠦᠭᠡᠳ ᠤᠨ ᠴᠡᠴᠡᠷᠯᠢᠭ ᠤᠨ ᠪᠠᠭᠰᠢ ᠶᠢ ᠢᠯᠡ ᠪᠠᠷ ᠡᠯᠰᠡᠨ᠂ 100 ᠲᠦᠮᠡᠨ ᠲᠦᠭᠦᠷᠢᠭ ᠵᠠᠷᠤᠴᠠᠭᠤᠯᠤᠨ | ᠰᠣᠷᠭᠠᠨ ᠬᠥᠮᠥᠵᠢᠯ ᠤᠨ ᠰᠢᠯᠢᠳᠡᠭ ᠪᠠᠭᠰᠢ ᠠᠵᠢᠯᠲᠠᠨ ᠢ ᠱᠠᠩᠨᠠᠨ ᠬᠦᠬᠢᠭᠦᠯᠪᠡ᠃ ᠬᠢᠴᠢᠶᠡᠯᠯᠡᠭᠡ ᠶᠢᠨ ᠲᠢᠩᠬᠢᠮ ᠤᠨ | ᠵᠢᠭᠠᠨ ᠰᠣᠷᠭᠠᠯᠲᠠ ᠶᠢᠨ ᠥᠬᠡᠷᠡᠴᠢᠯᠡᠯᠲᠠ ᠶᠢ ᠬᠥᠨᠵᠡᠬᠡᠶᠢᠷᠡᠬᠦᠯᠵᠤ᠂ ᠬᠢᠴᠢᠶᠡᠯᠯᠡᠭᠡ ᠶᠢᠨ ᠲᠢᠩᠬᠢᠮ ᠤᠨ ᠵᠢᠭᠠᠨ | ᠰᠣᠷᠭᠠᠯᠲᠠ ᠶᠢᠨ ᠥᠷ᠎ᠡ ᠠᠰᠢᠭ ᠲᠠᠰᠣᠷᠠᠯᠲᠠ ᠥᠬᠡᠢ ᠳᠡᠬᠡᠭᠰᠢᠯᠡᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ | ᠤᠨ ᠲᠡᠩᠴᠡᠭᠦᠷᠢᠲᠡᠢ ᠬᠦᠭᠵᠢᠯᠲᠡ ᠤᠨ ᠠᠵᠢᠯ ᠨᠢ ᠦᠪᠡᠷᠲᠡᠭᠡᠨ ᠵᠠᠰᠠᠬᠤ ᠤᠷᠤᠨ ᠤ ᠬᠢᠨᠠᠨ ᠦᠨᠡᠯᠡᠯᠲᠡ ᠪᠠ ᠤᠯᠤᠰ | ᠤᠨ ᠬᠢᠨᠠᠨ ᠲᠤᠭᠳᠠᠭᠠᠯ ᠢ ᠦᠩᠭᠡᠷᠡᠭᠡᠨ᠂ ᠭᠤᠷᠪᠠᠳᠤᠭᠠᠷ ᠥᠨᠳᠣᠰᠥᠳᠡᠨ ᠤ ᠬᠡᠦᠭᠡᠳ ᠤᠨ ᠴᠡᠴᠡᠷᠯᠢᠭ ᠨᠢ | ᠦᠪᠡᠷᠲᠡᠭᠡᠨ ᠵᠠᠰᠠᠬᠤ ᠤᠷᠤᠨ ᠤ ᠵᠢᠱᠢᠶᠡᠴᠢ ᠬᠡᠦᠭᠡᠳ ᠤᠨ ᠴᠡᠴᠡᠷᠯᠢᠭ ᠤᠨ ᠬᠢᠨᠠᠨ ᠰᠢᠯᠭᠠᠯᠲᠠ ᠶᠢ ᠦᠩᠭᠡᠷᠡᠭᠡᠵᠦ᠂ | ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠤᠯᠤᠰ ᠤᠨ ᠲᠡᠰ ᠤᠨ ᠬᠦᠯ ᠪᠦᠮᠪᠦᠭᠡ ᠶᠢᠨ | ᠤᠨᠴᠠᠯᠢᠭ ᠲᠠᠢ ᠰᠤᠷᠭᠠᠭᠤᠯᠢ ᠪᠠᠷ ᠦᠨᠡᠯᠡᠭᠳᠡᠪᠡ᠃ ᠮᠠᠨᠳᠤᠯ᠎ᠠ ᠪᠠᠭ᠎ᠠ ᠰᠤᠷᠭᠠᠭᠤᠯᠢ᠂ ᠥᠨᠳᠣᠰᠥᠳᠡᠨ ᠤ ᠬᠤᠶᠠᠳᠤᠭᠠᠷ | ᠬᠡᠦᠭᠡᠳ ᠤᠨ ᠴᠡᠴᠡᠷᠯᠢᠭ ᠤᠨ ᠭᠤᠤᠯ ᠴᠤᠭᠴᠠ ᠶᠢᠨ ᠢᠨᠵᠧᠨᠧᠷᠢᠩ ᠠᠵᠢᠯ ᠲᠠᠭᠤᠰᠴᠦ᠂ ᠮᠤᠩᠭᠤᠯ ᠦᠨᠳᠦᠰᠦᠲᠡᠨ | ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠠᠰᠢᠭᠯᠠᠯᠲᠠ ᠳᠤ ᠤᠷᠤᠵᠦ᠂ ᠰᠤᠷᠭᠠᠭᠤᠯᠢ | ᠡᠷᠬᠢᠯᠡᠬᠦ ᠨᠦᠬᠦᠴᠡᠯ ᠤᠯᠠᠮ ᠨᠢᠬᠡ ᠠᠯᠬᠤᠮ ᠰᠠᠶᠢᠵᠢᠷᠠᠪᠠ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ | ᠡᠮ ᠤᠨ ᠦᠷᠲᠡᠭ ᠢ ᠥᠰᠬᠡᠨ ᠬᠤᠳᠠᠯᠳᠤᠬᠤ ᠶᠢ ᠦᠭᠡᠶᠢᠰᠬᠡᠨ᠂ ᠬᠤᠰᠢᠭᠤ ᠡᠬᠡ ᠨᠢᠯᠬᠠᠰ ᠤᠨ ᠡᠷᠡᠬᠦᠯ ᠬᠠᠮᠠᠭᠠᠯᠠᠯ | ᠤᠨ ᠦᠷᠳᠡᠭᠡ ᠪᠤᠯᠤᠨ ᠲᠥᠯᠥᠪᠯᠡᠯᠬᠡᠲᠤ ᠦᠷᠡᠵᠢᠯ ᠤᠨ ᠦᠢᠯᠡᠴᠢᠯᠡᠭᠡᠨ ᠤ ᠦᠷᠲᠡᠭᠡ ᠶᠢᠨ ᠪᠠᠶᠢᠭᠤᠯᠤᠮᠵᠢ ᠶᠢ | ᠨᠢᠭᠡᠳᠬᠡᠬᠦ ᠠᠵᠢᠯ ᠢ ᠳᠠᠭᠤᠰᠬᠠᠵᠤ᠂ ᠬᠤᠰᠢᠭᠤ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠬᠤᠷᠢᠶ᠎ᠠ ᠨᠢ | ᠬᠤᠶᠠᠳᠣᠭᠠᠷ ᠵᠡᠷᠬᠡ ᠶᠢᠨ ᠬᠦᠭᠡᠭᠴᠢᠨ ᠲᠡᠰ ᠢᠶᠠᠷ ᠦᠨᠡᠯᠡᠭᠳᠡᠪᠡ᠃ ᠮᠤᠩᠭᠤᠯ ᠡᠮᠨᠡᠯᠭᠡ ᠶᠢᠨ ᠬᠤᠷᠢᠶᠠᠨ ᠤ ᠡᠬᠦᠲᠡᠨ | ᠡᠮᠨᠡᠯᠭᠡ ᠶᠢᠨ ᠠᠰᠠᠷ ᠵᠢᠴᠢ ᠮᠤᠩᠭᠤᠯ ᠡᠮ ᠨᠠᠶᠢᠷᠠᠭᠤᠯᠬᠤ ᠲᠠᠰᠤᠭ ᠤᠨ ᠪᠠᠷᠢᠯᠭ᠎ᠠ ᠶᠢᠨ ᠲᠦᠷᠦᠯ ᠵᠦᠢᠯ ᠢ ᠠᠯᠬᠤᠮ | ᠲᠠᠷᠠᠭ᠎ᠠ ᠲᠠᠢ ᠲᠦᠯᠬᠢᠨ ᠠᠬᠢᠭᠤᠯᠵᠤ᠂ 2 ᠰᠠᠭᠤᠷᠢ ᠰᠤᠮᠤ ᠪᠠᠯᠭᠠᠰᠤᠨ ᠤ ᠪᠠᠷᠢᠮᠵᠢᠶᠠᠭᠰᠠᠨ ᠡᠷᠡᠬᠦᠯ ᠬᠠᠮᠠᠭᠠᠯᠠᠯ ᠤᠨ | ᠬᠤᠷᠢᠶ᠎ᠠ᠂ 3 ᠰᠠᠭᠤᠷᠢ ᠭᠠᠴᠠᠭᠠᠨ ᠤ ᠪᠠᠷᠢᠮᠵᠢᠶᠠᠭᠰᠠᠨ ᠡᠷᠡᠬᠦᠯ ᠬᠠᠮᠠᠭᠠᠯᠠᠯ ᠤᠨ ᠲᠠᠰᠤᠭ ᠢ ᠪᠠᠶᠢᠭᠤᠯᠤᠨ᠂ 21 | ᠨᠡᠷ᠎ᠡ ᠡᠮᠴᠢ ᠰᠤᠪᠢᠯᠠᠭᠴᠢ ᠡᠯᠰᠡᠵᠤ᠂ ᠥᠨᠳᠣᠰᠣᠨ ᠱᠠᠳᠣᠨ ᠤ ᠡᠷᠡᠬᠦᠯ ᠬᠠᠮᠠᠭᠠᠯᠠᠯ ᠤᠨ ᠡᠮᠴᠢᠯᠡᠬᠡᠨ ᠤ ᠠᠵᠢᠯᠳᠠᠨ | ᠳᠣᠳᠠᠭᠳᠠᠵᠤ ᠪᠠᠶᠢᠭ᠎ᠠ ᠪᠠᠶᠢᠳᠠᠯ ᠢ ᠵᠤᠬᠢᠬᠤ ᠬᠡᠮᠵᠢᠶ᠎ᠡ ᠪᠠᠷ ᠰᠢᠢᠳᠪᠤᠷᠢᠯᠡᠪᠡ᠃ ︽ᠬᠤᠶᠠᠷ ᠬᠡᠦᠭᠡᠳ ᠠᠪᠬᠤ︾ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠥᠯᠥᠪᠯᠡᠯᠬᠡᠲᠤ ᠦᠷᠡᠵᠢᠯ ᠤᠨ ᠦᠢᠯᠡᠴᠢᠯᠡᠭᠡᠨ ᠤ | ᠬᠢᠷᠢ ᠲᠦᠪᠰᠢᠨ ᠢ ᠰᠢᠯᠢᠳᠡᠭᠵᠢᠭᠦᠯᠵᠦ᠂ ᠬᠦᠮᠦᠨ ᠠᠮᠠ ᠶᠢᠨ ᠶᠠᠰᠤ ᠴᠢᠨᠠᠷ ᠢ ᠲᠤᠭᠲᠠᠭᠤᠨ ᠢᠶᠠᠷ ᠲᠡᠭᠡᠭᠰᠢᠯᠡᠭᠦᠯᠪᠡ᠃ | ᠦᠨᠳᠦᠰᠦᠲᠡᠨ ᠤ ᠰᠤᠶᠤᠯ ᠤᠨ ᠠᠵᠢᠯ ᠦᠢᠯᠡᠰ ᠦᠷᠨᠢᠨ ᠬᠥᠭᠵᠢᠵᠤ᠂ ᠠᠷᠪᠠᠳᠤᠭᠠᠷ ᠬᠤᠭᠤᠴᠠᠭᠠᠨ ᠤ ᠨᠠᠭᠠᠳᠤᠮ | ᠤᠨ ᠶᠡᠭᠡ ᠬᠤᠷᠠᠯ᠂ ᠠᠩᠬᠠᠳᠤᠭᠠᠷ ᠤᠳᠠᠭᠠᠨ ᠤ ᠰᠢᠯᠢ ᠶᠢᠨ ᠭᠤᠤᠯ ᠠᠶᠢᠮᠠᠭ ᠤᠨ ︽ᠰᠦᠨᠢᠳ ᠤᠯᠠᠭᠠᠨ ᠢᠳᠡᠭᠡ︾ | ᠠᠮᠳᠠᠲᠤ ᠢᠳᠡᠬᠡᠨ ᠤ ᠮᠡᠷᠭᠡᠵᠢᠯ ᠤᠨ ᠤᠷᠤᠯᠳᠤᠭᠠᠨ ᠢ ᠠᠮᠵᠢᠯᠲᠠ ᠲᠠᠢ ᠦᠷᠨᠢᠭᠦᠯᠵᠦ᠂ ᠮᠤᠩᠭᠤᠯ ᠵᠦᠴᠦᠭᠡᠯᠡᠯ ︽ | ᠲᠡᠮᠡᠭᠡᠲᠦ ᠨᠤᠲᠤᠭ ᠤᠨ ᠰᠢᠨ᠎ᠡ ᠲᠤᠤᠯᠢ︾ ᠨᠢ ᠮᠤᠩᠭᠤᠯ ᠤᠯᠤᠰ ᠤᠨ ︽ᠲᠤᠮᠳᠠᠳᠤ ᠮᠤᠩᠭᠤᠯ ᠬᠤᠶᠠᠷ ᠤᠯᠤᠰ ᠤᠨ | ᠰᠤᠶᠤᠯ ᠤᠨ ᠰᠤᠯᠢᠯᠴᠠᠭ᠎ᠠ ᠪᠠ ᠬᠦᠭᠵᠢᠯᠳᠠ ᠶᠢ ᠳᠦᠯᠬᠢᠨ ᠠᠬᠢᠭᠤᠯᠬᠤ ᠳᠤ ᠳᠤᠪᠤᠶᠢᠮ᠎ᠠ ᠬᠤᠪᠢ ᠨᠡᠮᠡᠬᠦᠷᠢ | ᠦᠵᠡᠬᠦᠯᠦᠭᠰᠡᠨ ᠱᠠᠩᠨᠠᠯ︾ ᠢ ᠬᠥᠷᠳᠡᠪᠡ᠃ ᠷᠠᠳᠢᠣ᠋ ᠲᠧᠯᠸᠢᠰ ᠤᠨ ᠶᠡᠷᠦᠩᠬᠡᠢ ᠪᠦᠷᠬᠦᠯᠳᠠ 100% ᠳᠤ ᠬᠦᠷᠴᠦ᠂ | ᠮᠤᠩᠭᠤᠯ ᠰᠤᠨᠢᠨ ᠮᠡᠳᠡᠭᠡᠯᠡᠯ ᠤᠨ ᠰᠤᠩᠭᠤᠭᠳᠠᠨ ᠬᠡᠷᠡᠭᠯᠡᠭᠳᠡᠭᠰᠡᠨ ᠬᠡᠮᠵᠢᠶ᠎ᠠ ᠨᠢ ᠪᠦᠬᠦ ᠤᠷᠤᠨ ᠳᠤ ᠲᠡᠷᠢᠭᠦᠨ | ᠪᠠᠶᠢᠷᠢᠨ ᠳᠤ ᠵᠢᠭᠰᠠᠭᠠᠭᠳᠠᠪᠠ᠃ ᠰᠦᠨᠢᠳ ᠬᠤᠪᠴᠠᠰᠦ ᠵᠠᠰᠠᠯ᠂ ᠢᠰᠡᠬᠡᠢ ᠬᠠᠳᠬᠤᠮᠠᠯ ᠢ ᠤᠯᠤᠰ ᠪᠠ ᠤᠷᠤᠨ ᠤ | ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠳᠤ ᠤᠷᠤᠭᠤᠯᠪᠠ᠃ ᠬᠤᠶᠠᠳᠤᠭᠠᠷ ᠤᠳᠠᠭᠠᠨ | ᠤ ᠬᠤᠰᠢᠭᠤ ᠤᠶᠢᠯᠠᠯᠭ᠎ᠠ ᠶᠢ ᠲᠤᠭᠤᠷᠪᠢᠨ ᠨᠠᠶᠢᠷᠠᠭᠤᠯᠬᠤ ᠠᠵᠢᠯ ᠢ ᠬᠢᠵᠦ ᠲᠠᠭᠤᠰᠬᠠᠪᠠ᠃ ᠦᠨᠳᠤᠰᠤᠳᠠᠨ ᠤ | ᠪᠦᠯᠬᠦᠮᠳᠠᠯ ᠳᠠᠪᠰᠢᠯᠳᠠ ᠶᠢᠨ ᠦᠢᠯᠡᠰ ᠢ ᠤᠯᠠᠮ ᠨᠢᠬᠡ ᠠᠯᠬᠤᠮ ᠳᠦᠯᠬᠢᠨ ᠠᠬᠢᠭᠤᠯᠵᠦ᠂ ᠪᠠᠶ᠋ᠬᠠᠠᠭᠤᠯᠠ ᠰᠤᠮᠦ ᠨᠢ | ᠤᠯᠤᠰ ᠤᠨ ᠦᠨᠳᠤᠰᠤᠳᠠᠨ ᠤ ᠬᠡᠷᠡᠭ ᠡᠷᠬᠢᠯᠡᠬᠦ ᠵᠦᠪᠯᠡᠯ ᠤᠨ ︽ᠪᠦᠬᠦ ᠤᠯᠤᠰ ᠤᠨ ᠬᠤᠤᠰ ᠬᠡᠯᠡ ᠪᠠ ᠡᠶ᠎ᠡ | ᠨᠠᠶᠢᠷᠠᠮᠳᠠᠭᠤ ᠲᠤᠷᠰᠢᠯᠳᠠ ᠶᠢᠨ ᠰᠤᠮᠤ ᠪᠠᠯᠭᠠᠰᠤ︾ ᠶᠢᠨ ᠬᠢᠨᠠᠨ ᠪᠠᠶᠢᠴᠠᠭᠠᠯᠳᠠ ᠶᠢ ᠠᠮᠵᠢᠯᠳᠠ ᠲᠠᠢ ᠦᠩᠭᠡᠷᠡᠭᠡᠪᠡ᠃ | ︽ᠠᠮᠤᠭᠤᠯᠠᠩ ᠰᠦᠨᠢᠳ︾ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠦ᠂ ᠨᠡᠶᠢᠬᠡᠮ ᠤᠨ ᠠᠮᠤᠷ | ᠲᠦᠪᠰᠢᠨ ᠢ ᠶᠡᠷᠥᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ | ᠴᠢᠩᠭ᠎ᠠ ᠴᠤᠬᠢᠯᠳᠠ ᠦᠭᠴᠦ᠂ ᠤᠯᠠᠨ ᠳᠦᠮᠡᠨ ᠤ ᠠᠮᠤᠷ ᠲᠦᠪᠰᠢᠨ ᠤ ᠲᠦᠷᠦᠭᠳᠡᠯ ᠢ ᠤᠯᠠᠮ ᠨᠢᠬᠡ ᠠᠯᠬᠤᠮ | ᠳᠡᠭᠡᠭᠰᠢᠯᠡᠬᠦᠯᠪᠡ᠃ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ᠢ ᠨᠠᠷᠢᠨ ᠬᠢᠨᠠᠮᠠᠭᠠᠢ | ᠲᠤᠤᠱᠯᠠᠭᠤᠯᠵᠦ᠂ ᠨᠡᠶᠢᠭᠡᠮ ᠤᠨ ᠵᠦᠷᠢᠴᠡᠯ ᠢ ᠪᠦᠬᠦ ᠲᠠᠯ᠎ᠠ ᠪᠠᠷ ᠪᠠᠶᠢᠴᠠᠭᠠᠨ ᠰᠢᠢᠳᠪᠤᠷᠢᠯᠡᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠲᠤᠭᠳᠠᠭᠤᠨ ᠤᠷᠤᠭᠰᠢᠳᠠᠢ ᠶᠠᠪᠤᠭᠳᠠᠪᠠ᠃ ᠠᠶᠤᠯᠬᠦᠢ ᠦᠢᠯᠡᠳᠪᠤᠷᠢᠯᠡᠯ ᠤᠨ ᠲᠤᠰᠬᠠᠢ | ᠵᠠᠰᠠᠨ ᠴᠡᠭᠴᠡᠯᠡᠬᠦ ᠬᠦᠳᠡᠯᠭᠡᠭᠡᠨ ᠢ ᠬᠦᠨᠵᠡᠭᠡᠢ ᠦᠷᠨᠢᠭᠦᠯᠦᠨ᠂ ᠠᠮᠤᠷ ᠲᠦᠪᠰᠢᠨ ᠤ ᠠᠰᠠᠭᠤᠳᠠᠯ ᠢ ᠵᠠᠰᠠᠨ | ᠴᠡᠭᠴᠡᠯᠡᠭᠰᠡᠨ ᠨᠤᠷᠮ᠎ᠠ 98% ᠳᠤ ᠬᠦᠷᠴᠦ᠂ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠬᠠᠨᠳᠤᠰᠢ ᠲᠤᠭᠲᠠᠭᠤᠨ | ᠪᠠᠶᠢᠳᠠᠯ ᠲᠠᠢ ᠪᠤᠯᠪᠠ᠃ ᠬᠦᠳᠡᠯᠮᠦᠷᠢ ᠪᠠᠳᠤᠯᠠᠭᠠᠨ ᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠬᠦᠴᠦᠯᠡᠴᠡ ᠪᠠᠨ | ᠴᠢᠩᠭᠠᠳᠬᠠᠨ᠂ ᠬᠠᠤᠯᠢ ᠶᠤᠰᠤᠭᠠᠷ ᠬᠦᠯᠦᠰᠦᠨ ᠠᠵᠢᠯᠲᠠᠨ ᠤ ᠴᠠᠯᠢᠩ 317 ᠲᠦᠮᠡᠨ ᠲᠦᠭᠦᠷᠢᠭ ᠢ ᠡᠭᠡᠭᠦᠯᠦᠨ | ᠠᠪᠴᠤ ᠭᠠᠷᠳᠠᠭᠤᠯᠪᠠ᠃ ᠡᠬᠦᠨ ᠤ ᠬᠠᠮᠳᠤ᠂ ᠠᠷᠠᠳ ᠤᠨ ᠵᠡᠪᠰᠡᠭᠳᠦ ᠬᠦᠴᠦᠨ᠂ ᠲᠠᠩᠰᠠ ᠡᠪᠬᠡᠮᠡᠯ᠂ ᠲᠡᠤᠬᠡ | ᠤᠶᠢᠯᠠᠯᠭ᠎ᠠ᠂ ᠴᠠᠭ ᠠᠭᠤᠷ᠂ ᠭᠠᠵᠠᠷ ᠬᠦᠳᠡᠯᠦᠯᠳᠡ᠂ ᠡᠮᠡᠭᠳᠡᠶᠢᠴᠤᠳ᠂ ᠵᠠᠯᠠᠭᠤᠴᠤᠳ ᠪᠠᠭᠠᠴᠤᠳ᠂ | ᠨᠠᠰᠤᠳᠠᠶᠢᠴᠤᠳ᠂ ᠨᠢᠬᠦᠯᠡᠰᠦᠩᠭᠦᠢ ᠦᠢᠯᠡᠰ᠂ ᠵᠡᠮᠳᠡᠭᠴᠦᠳ ᠤᠨ ᠬᠤᠯᠪᠤᠭ᠎ᠠ ᠵᠡᠷᠭᠡ ᠡᠯ᠎ᠠ ᠲᠦᠷᠦᠯ ᠤᠨ ᠠᠵᠢᠯ | ᠦᠢᠯᠡᠰ ᠪᠦᠬᠦ ᠲᠠᠯ᠎ᠠ ᠪᠠᠷ ᠬᠦᠭᠵᠢᠪᠡ᠃ | ᠨᠢᠬᠡ ᠵᠢᠯ ᠤᠨ ᠲᠤᠷᠰᠢ᠂ ᠡᠭᠦᠷᠬᠡ ᠴᠢᠳᠠᠪᠬᠢ ᠶᠢᠨ ᠦᠬᠡᠷᠡᠴᠢᠯᠡᠯᠳᠠ ᠶᠢᠨ ᠬᠤᠪᠢᠷᠠᠯᠳᠠ ᠶᠢ | ᠲᠦᠷᠭᠡᠳᠭᠡᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ | ᠴᠢᠩᠭᠠᠳᠬᠠᠪᠠ᠃ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ | ᠬᠢᠨᠡᠯᠳᠠ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠭᠰᠠᠨ ᠬᠢᠨᠡᠯᠳᠠ ᠶᠢ ᠬᠦᠯᠢᠶᠡᠵᠦ᠂ 152 ᠬᠤᠪᠢ | ᠠᠷᠠᠳ ᠤᠨ ᠲᠦᠯᠦᠭᠡᠯᠡᠭᠴᠢᠳ ᠤᠨ ᠰᠠᠨᠠᠯ ᠰᠠᠨᠠᠭᠤᠯᠭ᠎ᠠ ᠪᠠ 123 ᠬᠤᠪᠢ ᠤᠯᠤᠰ ᠲᠦᠷᠦ ᠶᠢᠨ ᠵᠦᠪᠯᠡᠯᠭᠡᠨ ᠤ | ᠬᠡᠰᠢᠭᠦᠳ ᠤᠨ ᠲᠤᠷᠠᠳᠤᠯᠭ᠎ᠠ ᠶᠢ ᠰᠠᠶᠢᠳᠤᠷ ᠰᠢᠢᠳᠪᠤᠷᠢᠯᠡᠪᠠ᠃ ᠤᠯᠠᠨ ᠳᠦᠮᠡᠨ ᠤ ᠢᠷᠡᠬᠦᠯᠦᠭᠰᠡᠨ ᠵᠠᠬᠢᠳᠠᠯ | ᠰᠤᠷᠪᠤᠯᠵᠢᠯᠠᠭ᠎ᠠ ᠶᠢ ᠬᠦᠨᠳᠦᠳᠭᠡᠨ ᠦᠵᠡᠵᠦ᠂ ᠬᠤᠰᠢᠭᠤ ᠲᠠᠷᠤᠭ᠎ᠠ ᠶᠢᠨ ᠬᠠᠯᠠᠮᠰᠢᠯ ᠤᠳᠠᠰᠤ᠂ ᠬᠤᠰᠢᠭᠤ ᠲᠠᠷᠤᠭ᠎ᠠ | ᠶᠢᠨ ᠵᠠᠬᠢᠳᠠᠯ ᠤᠨ ᠬᠠᠶᠢᠷᠴᠠᠭ ᠲᠤ ᠢᠷᠡᠬᠦᠯᠦᠭᠰᠡᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠤᠷᠢᠯᠡᠭᠰᠡᠨ ᠨᠤᠷᠮ᠎ᠠ | 100% ᠳᠤ ᠬᠦᠷᠪᠡ᠃ 22 ᠵᠠᠰᠠᠭ ᠤᠨ ᠣᠷᠳᠣᠨ ᠤ ᠠᠯᠪᠠᠨ ᠪᠠᠶᠢᠭᠤᠯᠭ᠎ᠠ ᠸᠢᠴᠠᠲ ᠶᠢᠨ ᠲᠠᠪᠴᠠᠩ ᠢ | ᠪᠠᠶᠢᠭᠤᠯᠵᠦ᠂ ᠰᠤᠨᠢᠨ ᠮᠡᠳᠡᠭᠡ ᠨᠡᠶᠢᠳᠡᠯᠡᠬᠦ ᠲᠦᠷᠢᠮ ᠢ ᠳᠤᠭᠳᠠᠭᠠᠪᠠ᠃ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ | ᠭᠤᠤᠯ ᠴᠤᠭᠴᠠ ᠶᠢᠨ ᠬᠠᠷᠢᠭᠤᠴᠠᠯᠭ᠎ᠠ ᠪᠠ ᠬᠢᠨᠡᠯᠳᠠ ᠲᠠᠯᠪᠢᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠦ᠂ ᠲᠦᠪ ᠤᠨ ︽ᠨᠡᠢᠮᠠᠨ ᠵᠤᠷᠪᠤᠰ ᠲᠤᠭᠳᠠᠭᠠᠯ︾ ᠢ ᠴᠢᠩᠭ᠎ᠠ ᠬᠡᠷᠡᠭᠵᠢᠬᠦᠯᠵᠦ᠂ ᠰᠠᠬᠢᠯᠭ᠎ᠠ ᠪᠠᠳᠤ ᠪᠠ | ᠲᠦᠷᠢᠮ ᠲᠤᠭᠳᠠᠭᠠᠯ ᠢ ᠢᠮᠠᠭᠳᠠ ᠳᠡᠷᠢᠭᠦᠨ ᠪᠠᠶᠢᠷᠢᠨ ᠳᠤ ᠳᠠᠯᠪᠢᠨ᠂ ︽ᠬᠤᠶᠠᠷ ᠢ ᠰᠤᠷᠤᠯᠴᠠᠵᠦ᠂ ᠬᠢᠷᠢ | ᠳᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠰᠠᠶᠢᠳᠤᠷ ᠶᠠᠪᠣᠭᠳᠠᠭᠤᠯᠵᠤ᠂ ︽ᠲᠦᠷᠪᠡᠨ | ᠬᠡᠯᠪᠡᠷᠢ ᠶᠢᠨ ᠵᠠᠰᠠᠭ ᠤᠨ ᠤᠷᠳᠤᠨ︾᠂ ︽ᠲᠦᠷᠪᠡᠨ ᠬᠡᠯᠪᠡᠷᠢ ᠶᠢᠨ ᠪᠠᠶᠢᠭᠤᠯᠭ᠎ᠠ︾ ᠶᠢᠨ ᠪᠦᠳᠦᠭᠡᠨ | ᠪᠠᠶᠢᠭᠤᠯᠤᠯᠳᠠ ᠶᠢ ᠳᠦᠯᠭᠢᠨ ᠠᠭᠢᠭᠤᠯᠵᠤ᠂ ︽ᠰᠠᠬᠢᠯᠭ᠎ᠠ ᠲᠦᠷᠢᠮ ᠬᠡᠪ ᠰᠤᠷᠳᠠᠯ ᠢ ᠴᠡᠭᠴᠡᠯᠡᠬᠦ ᠤᠨ ᠤ | ᠬᠦᠳᠡᠯᠭᠡᠭᠡᠨ︾ ᠢ ᠬᠦᠨᠵᠡᠬᠡᠢ ᠦᠷᠨᠢᠬᠦᠯᠵᠦ᠂ ᠠᠷᠠᠳ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠬᠡᠷᠡᠭ ᠢ | 4 ᠬᠤᠪᠢ ᠪᠠᠶᠢᠴᠠᠭᠠᠨ ᠰᠢᠢᠳᠪᠤᠷᠢᠯᠡᠵᠦ᠂ ᠺᠠᠳ᠋ᠷ ᠤᠨ ᠤᠪᠤᠷ ᠰᠤᠷᠳᠠᠯ ᠦᠷᠬᠦᠯᠵᠢᠯᠡᠨ ᠰᠠᠶᠢᠵᠢᠷᠠᠪᠠ᠃ ᠬᠢᠨᠠᠨ | ᠪᠤᠳᠤᠯᠳᠠ ᠶᠢᠨ ᠬᠢᠨᠡᠯᠳᠠ ᠲᠠᠯᠪᠢᠬᠤ ᠶᠢ ᠴᠢᠩᠭᠠᠳᠬᠠᠵᠦ᠂ ᠪᠡᠯᠡ ᠮᠦᠩᠭᠦ ᠶᠢᠨ ᠬᠡᠷᠡᠭᠯᠡᠯᠳᠠ ᠶᠢ ᠲᠦᠷᠢᠮᠵᠢᠬᠦᠯᠵᠦ᠂ ︽ | ᠭᠤᠷᠪᠠᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠦ᠂ ᠠᠯᠪᠠᠨ ᠲᠡᠷᠭᠡ ᠬᠡᠷᠡᠭᠯᠡᠬᠦ ᠲᠦᠷᠢᠮ ᠤᠨ ᠦᠬᠡᠷᠡᠴᠢᠯᠡᠯᠳᠠ | ᠶᠢ ᠪᠡᠶᠡᠯᠡᠬᠦᠯᠪᠠ᠃ ᠦᠷ᠎ᠠ ᠪᠦᠳᠦᠮᠵᠢ ᠶᠢᠨ ᠰᠢᠯᠭᠠᠨ ᠪᠠᠶᠢᠴᠠᠭᠠᠯᠳᠠ ᠶᠢ ᠲᠡᠭᠦᠯᠳᠡᠷᠵᠢᠬᠦᠯᠵᠦ᠂ ᠵᠠᠰᠠᠭ ᠵᠠᠬᠢᠷᠭᠠᠨ ᠤ | ᠬᠠᠷᠢᠭᠤᠴᠠᠯᠭ᠎ᠠ ᠶᠢ ᠳᠣᠯᠭᠠᠨ ᠠᠰᠠᠭᠤᠬᠤ ᠶᠢ ᠴᠢᠩᠭᠠᠳᠬᠠᠵᠦ᠂ ᠵᠠᠰᠠᠭ ᠤᠨ ᠤᠷᠳᠤᠨ ᠤ ᠭᠦᠢᠴᠡᠥᠨᠬᠡᠭᠦ ᠴᠢᠳᠠᠮᠵᠢ | ᠪᠠ ᠠᠵᠢᠯ ᠤᠨ ᠦᠷ᠎ᠡ ᠪᠦᠳᠦᠮᠵᠢ ᠶᠢ ᠪᠦᠬᠦ ᠲᠠᠯ᠎ᠠ ᠪᠠᠷ ᠲᠡᠭᠡᠭᠰᠢᠯᠡᠬᠦᠯᠪᠠ᠃ | ᠨᠢᠬᠡ ᠵᠢᠯ ᠤᠨ ᠲᠤᠷᠰᠢ᠂ ᠪᠦᠬᠦ ᠬᠤᠰᠢᠭᠤ ᠪᠠᠷ ᠢᠶᠠᠨ ᠬᠦᠴᠢᠷ ᠪᠡᠷᠬᠡᠰᠢᠶᠡᠯ ᠢ ᠢᠯᠠᠨ ᠲᠠᠪᠠᠵᠦ᠂ | ᠢᠳᠡᠪᠬᠢᠳᠠᠢ ᠪᠠᠷ ᠡᠯ᠎ᠠ ᠵᠦᠢᠯ ᠤᠨ ᠦᠷᠢᠰᠦᠯᠳᠦᠬᠡᠨ ᠢ ᠲᠤᠭᠤᠯᠵᠦ᠂ ᠨᠡᠯᠢᠶᠡᠳ ᠰᠠᠶᠢᠨ ᠠᠮᠵᠢᠯᠳᠠ ᠶᠢ ᠲᠡᠮᠡᠴᠡᠨ | ᠤᠯᠪᠠ᠃ ᠡᠳᠡᠭᠡᠷ ᠬᠢᠷᠢ ᠪᠦᠳᠦᠮᠵᠢ ᠶᠢ ᠤᠯᠤᠭᠰᠠᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ᠂ ᠬᠤᠰᠢᠭᠤ | ᠨᠠᠮ ᠤᠨ ᠬᠤᠷᠢᠶᠠᠨ ᠤ ᠰᠢᠨᠵᠢᠯᠡᠬᠦ ᠤᠬᠠᠭᠠᠨᠴᠢ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠠ ᠬᠤᠰᠢᠭᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠡᠯᠳᠠ᠂ ᠬᠤᠰᠢᠭᠤ ᠤᠯᠤᠰ | ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠡᠯᠳᠠ ᠠᠴᠠ ᠰᠠᠯᠵᠤ ᠪᠤᠯᠤᠰᠢ ᠦᠬᠡᠢ ᠶᠤᠮ᠂ ᠮᠦᠨᠴᠦ ᠪᠦᠬᠦ | ᠬᠤᠰᠢᠭᠤᠨ ᠤ ᠠᠷᠠᠳ ᠲᠦᠮᠡᠨ ᠤ ᠬᠠᠮᠳᠦ ᠶᠢᠨ ᠤᠶᠤᠨ ᠤᠬᠠᠭᠠᠨ ᠬᠦᠳᠡᠯᠮᠦᠷᠢ ᠬᠦᠴᠦ ᠶᠢᠨ ᠴᠢᠷᠮᠠᠶᠢᠯᠭ᠎ᠠ ᠪᠤᠯᠬᠤ | ᠶᠤᠮ᠃ ᠠᠳᠡ ᠪᠢ᠂ ᠬᠤᠰᠢᠭᠤ ᠵᠠᠰᠠᠭ ᠤᠨ ᠤᠷᠳᠤᠨ ᠢ ᠲᠦᠯᠦᠬᠡᠯᠡᠵᠦ᠂ ᠪᠦᠬᠦ ᠬᠤᠰᠢᠭᠤᠨ ᠤ ᠠᠵᠦ ᠠᠬᠤᠢ | ᠨᠡᠶᠢᠭᠡᠮ ᠤᠨ ᠬᠦᠭᠵᠢᠯᠳᠠ ᠳᠤ ᠰᠢᠷᠭᠠᠭᠤ ᠬᠠᠳᠠᠭᠤᠵᠢᠯᠳᠠᠢ ᠬᠦᠳᠡᠯᠮᠦᠷᠢ ᠪᠠ ᠬᠠᠷᠠᠮ ᠦᠬᠡᠢ ᠵᠢᠳᠬᠦᠯ | ᠦᠵᠡᠬᠦᠯᠦᠭᠰᠡᠨ ᠦᠷᠬᠡᠨ ᠤᠯᠠᠨ ᠠᠷᠠᠳ ᠲᠦᠮᠡᠨ᠂ ᠵᠠᠰᠠᠭ ᠤᠨ ᠤᠷᠳᠤᠨ ᠤ ᠠᠵᠢᠯ ᠳᠤ ᠳᠤᠰᠠ ᠳᠡᠮ | ᠦᠵᠡᠬᠦᠯᠦᠭᠰᠡᠨ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ ᠵᠢᠴᠢ ᠰᠦᠨᠢᠳ | ᠵᠡᠬᠦᠨ ᠬᠤᠰᠢᠭᠤᠨ ᠤ ᠬᠦᠭᠵᠢᠯᠳᠠ ᠶᠢ ᠬᠠᠯᠠᠮᠵᠢᠯᠠᠨ ᠲᠡᠮᠵᠢᠭᠰᠡᠨ ᠨᠡᠶᠢᠭᠡᠮ ᠤᠨ ᠡᠯ᠎ᠠ ᠡᠳᠡᠬᠡᠳ ᠤᠨ ᠬᠢᠨ ᠳᠤ ᠬᠦᠨ | ᠲᠠᠯᠠᠷᠬᠠᠯ ᠢᠶᠠᠨ ᠲᠡᠪᠰᠢᠬᠦᠯᠵᠦ ᠪᠠᠶᠢᠨ᠎ᠠ︕ | ᠲᠦᠯᠦᠭᠡᠯᠡᠭᠴᠢᠳ ᠡ᠂ ᠪᠢᠳᠠ ᠦᠷ᠎ᠠ ᠪᠦᠳᠦᠮᠵᠢ ᠪᠠᠨ ᠤᠯᠵᠤ ᠬᠠᠷᠠᠬᠤ ᠶᠢᠨ ᠲᠠᠭᠠᠤ ᠪᠠᠰᠠ ᠬᠦᠷᠦᠯᠴᠡᠬᠦ | ᠦᠬᠡᠢ ᠳᠠᠯ᠎ᠠ ᠪᠠᠨ ᠰᠡᠷᠡᠵᠤ ᠮᠡᠳᠡᠭᠦ ᠭᠡᠷᠡᠭᠳᠠᠢ᠂ ᠮᠠᠨ ᠤ ᠬᠤᠰᠢᠭᠤᠨ ᠤ ᠬᠦᠭᠵᠢᠯᠳᠠ ᠪᠠᠷ ᠳᠤᠳᠠᠮᠠᠭ ᠪᠠᠶᠢᠳᠠᠯ | ᠬᠠᠷᠬᠠᠨ ᠦᠬᠡᠷᠡᠴᠢᠯᠡᠭᠡᠳᠦᠢ ᠪᠠᠶᠢᠭᠰᠠᠭᠠᠷ᠂ ᠭᠦᠭᠵᠢᠯᠳᠡ ᠭᠥᠷᠣᠯᠴᠡᠭᠦ ᠦᠬᠡᠢ ᠪᠠᠶᠢᠳᠠᠯ ᠨᠢ ᠤᠳᠤᠬᠠᠨ ᠤ ᠭᠤᠤᠯ | ᠵᠦᠷᠢᠴᠡᠯ ᠪᠣᠯᠵᠤ᠂ ᠠᠵᠦ ᠦᠢᠯᠡᠰ ᠤᠨ ᠪᠦᠳᠦᠴᠠ ᠵᠤᠬᠢᠵᠠᠮᠵᠢ ᠦᠬᠡᠢ᠂ ᠮᠠᠯ ᠠᠵᠦ ᠠᠬᠤᠢ ᠶᠢᠨ ᠡᠵᠡᠩᠨᠡᠯᠳᠠ ᠶᠢᠨ | ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠦᠬᠡᠷᠡᠴᠢᠯᠡᠬᠦ ᠴᠢᠬᠤᠯᠠᠳᠠᠢ ᠪᠠᠶᠢᠵᠤ᠂ ᠠᠵᠦ ᠦᠢᠯᠡᠳᠪᠤᠷᠢ ᠶᠢᠨ ᠡᠬᠢ | ᠪᠠᠶᠠᠯᠢᠭ ᠢ ᠤᠯᠠᠷᠢᠭᠤᠯᠤᠨ ᠦᠷᠳᠡᠭ ᠢ ᠨᠡᠮᠡᠭᠳᠡᠬᠦᠯᠬᠦ ᠨᠤᠷᠮ᠎ᠠ ᠲᠤᠤᠷ᠎ᠠ᠂ ᠦᠢᠯᠡᠳᠪᠤᠷᠢᠯᠡᠯ ᠤᠨ ᠬᠡᠯᠬᠢᠶᠡᠵᠢᠯ ᠣᠬᠤᠷ᠂ | ᠨᠡᠶᠢᠭᠡᠮ ᠤᠨ ᠦᠢᠯᠡᠴᠢᠯᠡᠬᠡᠨ ᠤ ᠦᠢᠯᠡᠰ ᠤᠨ ᠬᠦᠭᠵᠢᠯᠳᠠ ᠪᠠᠭᠤᠷᠠᠢ᠂ ᠰᠠᠭᠤᠷᠢ ᠲᠦᠬᠦᠬᠡᠷᠤᠮᠵᠢ ᠶᠢᠨ ᠪᠠᠳᠤᠯᠠᠭ᠎ᠠ | ᠭᠦᠷᠤᠯᠴᠠᠭᠦ ᠦᠭᠡᠢ᠂ ᠬᠤᠳᠠ ᠬᠦᠳᠡᠭᠡ ᠶᠢᠨ ᠨᠡᠶᠢᠳᠠ ᠶᠢᠨ ᠦᠢᠯᠡᠴᠢᠯᠡᠬᠡᠨ ᠤ ᠬᠢᠷᠢ ᠳᠦᠪᠰᠢᠨ ᠳᠤᠤᠷ᠎ᠠ᠂ ᠮᠠᠯᠴᠢᠨ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠨᠢᠬᠡ ᠠᠯᠬᠤᠮ ᠳᠡᠭᠡᠭᠰᠢᠯᠡᠬᠦᠯᠬᠦ ᠴᠢᠬᠤᠯᠳᠠᠢ ᠪᠠᠶᠢᠵᠤ᠂ | ᠨᠢᠭᠡ ᠪᠦᠯᠦᠭ ᠠᠷᠠᠳ ᠤᠨ ᠠᠮᠢᠳᠤᠷᠠᠯ ᠪᠠᠰᠠ ᠬᠦᠴᠢᠷᠳᠡᠯ ᠲᠠᠢ ᠪᠠᠶᠢᠭᠰᠠᠭᠠᠷ᠃ ᠠᠮᠢ ᠠᠬᠤᠢ ᠶᠢᠨ ᠤᠷᠴᠢᠨ | ᠨᠡᠯᠢᠶᠡᠳ ᠬᠡᠪᠡᠷᠡᠭ ᠪᠠᠶᠢᠵᠤ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠡᠬᠦᠷᠭᠡ ᠬᠦᠨᠳᠦ | ᠪᠠᠶᠢᠭᠰᠠᠭᠠᠷ᠃ ᠦᠷᠭᠡᠨ ᠤᠯᠠᠨ ᠺᠠᠳ᠋ᠷ ᠠᠵᠢᠯᠳᠠᠳ ᠤᠨ ᠦᠵᠡᠯ ᠰᠠᠨᠠᠭᠠᠨ ᠤ ᠴᠢᠯᠦᠭᠡᠯᠡᠯᠳᠠ ᠨᠢ ᠬᠦᠢᠴᠡᠳ ᠦᠬᠡᠢ | ᠪᠠᠶᠢᠵᠤ᠂ ᠬᠦᠭᠵᠢᠯᠳᠠ ᠶᠢᠨ ᠦᠵᠡᠯᠳᠡ ᠳᠠᠨᠢᠯᠳᠠ ᠪᠠᠨ ᠤᠯᠠᠮ ᠨᠢᠬᠡ ᠠᠯᠬᠤᠮ ᠦᠬᠡᠷᠡᠴᠢᠯᠡᠵᠦ᠂ ᠰᠢᠨ᠎ᠠ ᠶᠢ | ᠡᠭᠦᠳᠴᠦ᠂ ᠵᠤᠷᠢᠭᠳᠠᠢ ᠪᠠᠷ ᠬᠠᠷᠢᠭᠤᠴᠠᠯᠭ᠎ᠠ ᠡᠭᠦᠷᠬᠡᠯᠡᠬᠦ ᠴᠢᠬᠤᠯᠠᠳᠠᠢ ᠪᠠᠶᠢᠨ᠎ᠠ᠃ ᠬᠡᠪ ᠰᠤᠷᠳᠠᠯ ᠤᠨ ᠪᠦᠳᠦᠭᠡᠨ | ᠪᠠᠶᠢᠭᠤᠯᠤᠯᠳᠠ ᠶᠢᠨ ᠦᠷ᠎ᠠ ᠪᠦᠳᠦᠮᠵᠢ ᠶᠢ ᠤᠯᠠᠮ ᠨᠢᠬᠡ ᠠᠯᠬᠤᠮ ᠪᠠᠳᠤᠳᠬᠠᠵᠦ᠂ ᠢᠯᠵᠡᠷᠮᠡᠯ ᠢ ᠡᠰᠡᠷᠬᠦᠴᠡᠨ | ᠠᠷᠢᠭᠤᠨ ᠴᠢᠭᠡᠴᠢ ᠶᠢᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠴᠢᠩᠭᠠᠳᠬᠠᠬᠤ ᠵᠡᠷᠬᠡ ᠣᠯᠠᠨ | ᠠᠰᠠᠭᠤᠳᠠᠯ ᠢ ᠪᠢᠳᠠ ᠳᠡᠭᠡᠳᠣ ᠭᠡᠮᠵᠢᠶ᠎ᠡ ᠪᠠᠷ ᠬᠦᠨᠳᠦᠳᠭᠡᠨ ᠦᠵᠡᠵᠦ᠂ ᠨᠠᠷᠢᠨ ᠬᠢᠨᠠᠮᠠᠭᠠᠢ ᠰᠢᠢᠳᠪᠤᠷᠢᠯᠡᠬᠦ ᠬᠡᠷᠡᠭᠳᠠᠢ᠃ | | ᠬᠤᠶᠠᠷ᠄ 2017 ᠤᠨ ᠤ ᠠᠵᠢᠯ ᠤᠨ ᠪᠠᠶᠢᠷᠢᠯᠠᠭᠤᠯᠤᠯᠲᠠ | 2017 ᠤᠨ ᠪᠣᠯ ︽ᠠᠷᠪᠠᠨ ᠭᠤᠷᠪᠠᠳᠣᠭᠠᠷ ᠳᠠᠪᠣᠨ ᠵᠢᠯ ᠤᠨ ᠳᠦᠯᠦᠪᠵᠢᠬᠦᠯᠬᠡ︾ ᠶᠢ ᠶᠠᠪᠤᠭᠳᠠᠭᠤᠯᠬᠤ ᠴᠢᠬᠤᠯᠠ | ᠨᠢᠭᠡ ᠵᠢᠯ ᠪᠤᠯᠤᠨ᠎ᠠ᠂ ᠮᠦᠨᠴᠤ ᠬᠠᠩᠭᠠᠯᠭ᠎ᠠ ᠶᠢᠨ ᠳᠠᠯ᠎ᠠ ᠶᠢᠨ ᠪᠦᠳᠣᠴᠡ ᠶᠢᠨ ᠴᠢᠨᠠᠷ ᠲᠠᠢ ᠦᠭᠡᠷᠡᠴᠢᠯᠡᠯᠳᠡ ᠶᠢ | ᠭᠥᠨᠵᠡᠭᠡᠶᠢᠷᠡᠯᠡᠭᠦ ᠴᠢᠬᠤᠯᠡ ᠨᠢᠭᠡ ᠵᠢᠯ ᠪᠠᠶᠢᠵᠤ᠂ ᠳᠣᠰ ᠵᠢᠯ ᠤᠨ ᠡᠯ᠎ᠡ ᠳᠠᠯ᠎ᠠ ᠶᠢᠨ ᠠᠵᠢᠯ ᠢᠶᠠᠨ ᠰᠠᠶᠢᠳᠣᠷ | ᠪᠡᠶᠡᠯᠡᠭᠦᠯᠭᠦ ᠨᠢ ᠮᠠᠰᠢ ᠴᠢᠬᠤᠯᠠ ᠶᠤᠮ᠃ ᠶᠡᠷᠦᠩᠬᠡᠢ ᠳᠤᠨᠢ ᠥᠵᠡᠪᠡᠯ᠂ ᠮᠠᠨ ᠤ ᠬᠤᠰᠢᠭᠤᠨ ᠤ ᠠᠵᠤ ᠠᠬᠤᠢ | ᠨᠡᠶᠢᠭᠡᠮ ᠤᠨ ᠭᠦᠭᠵᠢᠯᠳᠡ ᠨᠢ ᠮᠦᠨ ᠯᠡ ᠣᠯᠠᠨ ᠠᠷᠪᠢᠨ ᠰᠠᠶᠢᠨ ᠰᠠᠶᠢᠬᠠᠨ ᠠᠵᠠ ᠳᠣᠭᠢᠶᠠᠯ ᠲᠠᠢ ᠪᠠᠶᠢᠭ᠎ᠠ ᠶᠤᠮ᠂ | ᠤᠯᠣᠰ ᠤᠨ ᠳᠠᠯ᠎ᠠ ᠠᠴᠠ ᠦᠵᠡᠪᠡᠯ᠂ ᠮᠠᠨ ᠤ ᠣᠯᠣᠰ ᠨᠢ ᠭᠤᠤᠯ ᠴᠢᠬᠤᠯᠠ ᠪᠠᠶᠢᠯᠳᠣᠬᠤ ᠪᠣᠳᠣᠯᠭ᠎ᠠ ᠶᠢᠨ | ᠬᠤᠭᠤᠴᠠᠭᠠᠨ ᠳᠤ ᠪᠠᠶᠢᠵᠤ᠂ ᠠᠵᠤ ᠠᠬᠤᠢ ᠶᠢᠨ ᠭᠦᠭᠵᠢᠯᠳᠡ ᠨᠢ ᠤᠷᠲᠤ ᠬᠤᠭᠤᠴᠠᠭ᠎ᠠ ᠪᠠᠷ ᠬᠦᠭᠵᠢᠬᠦ ᠪᠠᠶᠢᠳᠠᠯ | ᠬᠤᠪᠢᠷᠠᠯᠲᠠ ᠥᠬᠡᠢ ᠪᠠᠶᠢᠵᠤ᠂ ᠤᠯᠣᠰ ᠤᠨ ᠪᠠᠷᠠᠭᠤᠨ ᠣᠷᠣᠨ ᠢ ᠶᠡᠭᠡᠪᠡᠷ ᠨᠡᠬᠡᠬᠡᠨ ᠭᠦᠭᠵᠢᠬᠦᠯᠬᠦ ᠶᠢ ᠬᠥᠨᠵᠡᠬᠡᠢ | ᠳᠦᠯᠭᠢᠨ ᠠᠭᠢᠭᠤᠯᠬᠤ᠂ ᠵᠡᠭᠦᠨ ᠬᠤᠶᠢᠳᠣ ᠣᠷᠤᠨ ᠢ ᠪᠦᠬᠦ ᠳᠠᠯ᠎ᠠ ᠪᠠᠷ ᠬᠦᠭᠵᠢᠨ ᠮᠠᠨᠳᠤᠭᠤᠯᠬᠤ᠂ ︽ᠨᠢᠭᠡ ᠪᠦᠰᠡ | ᠨᠢᠭᠡ ᠵᠠᠮ︾ ᠢ ᠰᠠᠶᠢᠳᠤᠷ ᠬᠡᠷᠡᠭᠵᠢᠬᠦᠯᠬᠦ᠂ ᠡᠷᠢᠶᠡᠨ ᠬᠤᠲᠠ ᠶᠢᠨ ᠣᠯᠣᠰ ᠤᠨ ᠭᠤᠤᠯᠳᠠᠯᠭᠠᠲᠤ ᠨᠡᠬᠡᠬᠡᠨ | ᠬᠥᠭᠵᠢᠬᠦᠯᠬᠦ ᠲᠤᠷᠰᠢᠯᠲᠠ ᠶᠢᠨ ᠤᠷᠤᠨ ᠵᠡᠷᠬᠡ ᠪᠠᠶᠢᠯᠳᠣᠬᠤ ᠪᠤᠳᠤᠯᠭ᠎ᠠ ᠪᠠᠷ ᠬᠢᠯᠢ ᠬᠢᠵᠠᠭᠠᠷ ᠣᠷᠣᠨ ᠤ ᠴᠦᠬᠡᠨ | ᠳᠤᠭᠠᠳᠤ ᠥᠨᠳᠣᠰᠣᠳᠡᠨ ᠤ ᠭᠠᠵᠠᠷ ᠣᠷᠣᠨ ᠤ ᠭᠥᠭᠵᠢᠯᠳᠡ ᠶᠢᠨ ᠬᠥᠴᠥᠯᠡᠴᠠ ᠶᠢ ᠳᠠᠰᠣᠷᠠᠯᠳᠠ ᠦᠭᠡᠢ | ᠴᠢᠩᠭᠠᠳᠬᠠᠵᠤ ᠪᠠᠶᠢᠭ᠎ᠠ ᠨᠢ ᠮᠠᠨ ᠤ ᠬᠤᠰᠢᠭᠤᠨ ᠤ ᠡᠭᠢ ᠪᠠᠶᠠᠯᠢᠭ ᠤᠨ ᠳᠠᠪᠠᠭᠤᠯᠢᠭ ᠶᠢ ᠠᠵᠤ ᠠᠬᠤᠢ ᠶᠢᠨ | ᠳᠠᠪᠠᠭᠤᠯᠢᠭ ᠵᠥᠭ ᠬᠤᠪᠢᠷᠠᠭᠤᠯᠬᠤ ᠳᠤ ᠰᠢᠨ᠎ᠡ ᠲᠤᠬᠢᠶᠠᠯ ᠢ ᠬᠠᠩᠭᠠᠨ ᠦᠭᠬᠦᠭᠰᠡᠨ ᠪᠠᠶᠢᠨ᠎ᠠ᠃ ᠦᠪᠡᠷᠳᠡᠭᠡᠨ | ᠵᠠᠰᠠᠬᠤ ᠣᠷᠣᠨ ᠤ ᠳᠠᠯ᠎ᠠ ᠠᠴᠠ ᠦᠵᠡᠪᠡᠯ᠂ ᠰᠢᠯᠢ ᠶᠢᠨ ᠭᠤᠤᠯ ᠠᠶᠢᠮᠠᠭ ᠨᠢ ᠣᠯᠣᠰ ᠤᠨ ᠴᠡᠪᠡᠷ ᠡᠨᠧᠷᠭᠢ ᠶᠢᠨ | ᠭᠥᠭᠵᠢᠯᠳᠡ ᠶᠢᠨ ᠪᠠᠶᠢᠯᠳᠣᠬᠤ ᠪᠣᠳᠣᠯᠭ᠎ᠠ ᠶᠢᠨ ᠭᠤᠤᠯᠳᠠᠯᠭᠠᠲᠤ ᠣᠷᠳ ᠪᠣᠯᠣᠭᠰᠡᠨ ᠤ ᠬᠤᠪᠢ ᠳᠤ᠂ ᠡᠭᠢ ᠪᠠᠶᠠᠯᠢᠭ | ᠤᠨ ᠲᠤᠬᠢᠷᠠᠭᠤᠯᠤᠯᠲᠠ᠂ ᠳᠦᠷᠣᠯ ᠵᠤᠶᠢᠯ ᠤᠨ ᠪᠦᠳᠣᠭᠡᠨ ᠪᠠᠶᠢᠭᠤᠯᠥᠯᠳᠠ᠂ ᠮᠥᠩᠭᠦᠨ ᠬᠥᠢᠯᠬᠡᠬᠡᠨ ᠤ ᠢᠳᠡᠬᠡᠮᠵᠢᠳᠦ | ᠵᠢᠭᠡᠯᠡᠯᠭᠡ᠂ ᠴᠢᠬᠤᠯᠠ ᠡᠯᠧᠮᠧᠨ᠋ᠲ ᠶᠢᠨ ᠬᠥᠢᠴᠡᠳᠬᠡᠯ ᠳᠤᠭ᠎ᠠ ᠶᠢᠨ ᠬᠤᠪᠢᠶᠠᠷᠢᠯᠠᠯᠳᠠ ᠵᠡᠷᠭᠡ ᠳᠠᠯ᠎ᠠ ᠳᠤ ᠨᠡᠩ ᠶᠡᠭᠡ | ᠬᠠᠷᠠᠭᠠᠯᠵᠠᠯ ᠳᠡᠮᠵᠢᠯᠬᠡ ᠦᠵᠡᠭᠦᠯᠭᠦ ᠶᠢ ᠨᠢᠭᠡᠨᠳᠡ ᠳᠣᠳᠣᠷᠬᠠᠶᠢᠯᠠᠵᠤ᠂ ᠮᠠᠨ ᠤ ᠬᠤᠰᠢᠭᠤᠨ ᠤ ᠬᠤᠶᠢᠰᠢᠲᠠ ᠶᠢᠨ | ᠬᠥᠭᠵᠢᠯᠲᠠ ᠶᠢᠨ ᠳᠠᠪᠠᠭᠤᠯᠢᠭ ᠢᠶᠠᠨ ᠪᠠᠳᠠᠷᠠᠭᠤᠯᠬᠤ᠂ ᠳᠤᠭᠳᠠᠭᠤᠨ ᠢᠶᠠᠷ ᠳᠦᠷᠭᠡᠨ ᠬᠦᠭᠵᠢᠬᠦ ᠳᠤ ᠳᠦᠷᠣ ᠶᠢᠨ | ᠪᠣᠳᠣᠯᠭ᠎ᠠ ᠶᠢᠨ ᠳᠡᠮᠵᠢᠯᠬᠡ ᠶᠢ ᠬᠠᠩᠭᠠᠪᠠ᠃ ᠪᠦᠭᠦ ᠠᠶᠢᠮᠠᠭ ᠤᠨ ᠳᠠᠯ᠎ᠠ ᠠᠴᠠ ᠦᠵᠡᠪᠡᠯ᠂ ᠠᠶᠢᠮᠠᠭ ᠠᠴᠠ ᠤᠮᠠᠷᠠᠰᠢ | ᠨᠡᠬᠡᠬᠡᠨ ᠬᠥᠭᠵᠢᠬᠦᠯᠬᠦ ᠠᠯᠬᠤᠴᠠ ᠶᠢ ᠳᠦᠷᠭᠡᠳᠬᠡᠵᠦ᠂ ᠠᠵᠤ ᠥᠢᠯᠡᠰ ᠤᠨ ᠬᠥᠭᠵᠢᠯᠲᠠ᠂ ᠰᠠᠭᠤᠷᠢ ᠳᠦᠭᠦᠭᠡᠷᠣᠮᠵᠢ | ᠶᠢᠨ ᠪᠦᠳᠣᠭᠡᠨ ᠪᠠᠶᠢᠭᠤᠯᠣᠯᠳᠠ ᠵᠡᠷᠬᠡ ᠰᠢᠷᠢᠰ ᠪᠤᠳᠤᠯᠭ᠎ᠠ ᠶᠢ ᠪᠥᠬᠦ ᠲᠠᠯ᠎ᠠ ᠪᠠᠷ ᠬᠡᠷᠡᠭᠵᠢᠬᠦᠯᠵᠤ᠂ ᠮᠠᠨ ᠤ | ᠬᠤᠰᠢᠭᠤᠨ ᠤ ᠤᠷᠤᠨ ᠪᠠᠶᠢᠴᠠ ᠶᠢᠨ ᠳᠠᠪᠠᠭᠤᠯᠢᠭ ᠪᠠ ᠡᠭᠢ ᠪᠠᠶᠠᠯᠢᠭ ᠤᠨ ᠳᠠᠪᠠᠭᠤᠯᠢᠭ ᠢ ᠭᠦᠢᠴᠡᠥᠨ | ᠪᠠᠳᠠᠷᠠᠭᠤᠯᠬᠤ ᠳᠤ ᠠᠰᠢᠭᠳᠠᠢ ᠨᠦᠭᠦᠴᠡᠯ ᠢ ᠬᠠᠩᠭᠠᠪᠠ᠃ ᠮᠠᠨ ᠤ ᠬᠤᠰᠢᠭᠤᠨ ᠤ ᠪᠤᠳᠠᠳᠣ ᠪᠠᠶᠢᠳᠠᠯ ᠠᠴᠠ ᠦᠵᠡᠪᠡᠯ | ᠂ ᠪᠢᠳᠡ ᠤᠬᠢ ᠰᠠᠶᠢᠨ ᠡᠭᠢ ᠪᠠᠶᠠᠯᠢᠭ ᠤᠨ ᠳᠠᠪᠠᠭᠤᠯᠢᠭ ᠲᠠᠢ᠂ ᠤᠷᠴᠢᠨ ᠠᠬᠤᠢ ᠶᠢᠨ ᠪᠠᠭᠳᠠᠭᠠᠮᠵᠢ᠂ ᠭᠦᠭᠵᠢᠯᠳᠡ | ᠶᠢᠨ ᠤᠷᠤᠨ ᠵᠠᠢ ᠪᠠ ᠳᠠᠯᠳᠠ ᠭᠦᠴᠤᠨ ᠨᠡᠯᠢᠶᠡᠳ ᠶᠡᠭᠡ᠃ ᠣᠨᠴᠠᠭᠠᠶᠢᠯᠡᠨ ᠤᠯᠠᠨ ᠵᠢᠯ ᠤᠨ ᠲᠤᠷᠰᠢ ᠰᠠᠭᠤᠷᠢ ᠪᠠᠨ | ᠲᠠᠰᠣᠷᠠᠯᠲᠠ ᠥᠬᠡᠢ ᠪᠠᠳᠣᠵᠢᠭᠤᠯᠵᠤ᠂ ᠬᠥᠭᠵᠢᠯᠲᠠ ᠶᠢᠨ ᠬᠥᠴᠥᠨ ᠢᠶᠠᠨ ᠲᠠᠰᠣᠷᠠᠯᠲᠠ ᠥᠬᠡᠢ ᠨᠡᠮᠡᠭᠳᠡᠭᠦᠯᠦᠭᠰᠡᠨ | ᠠᠴᠠ ᠭᠠᠵᠠᠷ ᠤᠷᠤᠨ ᠤ ᠶᠡᠷᠥᠩᠬᠡᠢ ᠪᠤᠳᠠᠳᠣ ᠬᠥᠴᠥᠨ ᠢᠯᠡᠳᠳᠡ ᠨᠡᠮᠡᠭᠳᠡᠵᠤ᠂ ᠰᠢᠨ᠎ᠡ ᠬᠡᠯᠪᠡᠷᠢ ᠶᠢᠨ ᠠᠵᠤ | ᠥᠢᠯᠡᠳᠪᠤᠷᠢ᠂ ᠣᠳᠣᠭᠢᠴᠢᠯᠠᠭᠰᠡᠨ ᠮᠠᠯ ᠠᠵᠤ ᠠᠬᠤᠢ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠵᠡᠷᠬᠡ ᠶᠢ | ᠬᠥᠭᠵᠢᠬᠦᠯᠬᠦ ᠳᠠᠯ᠎ᠠ ᠪᠠᠷ ᠰᠡᠳᠬᠢᠴᠡ ᠨᠡᠩ ᠲᠤᠳᠤᠷᠬᠠᠢ᠂ ᠠᠷᠭ᠎ᠠ ᠪᠠᠷᠢᠯ ᠨᠡᠩ ᠬᠥᠴᠥᠳᠠᠢ ᠪᠤᠯᠪᠠ᠃ ᠮᠦᠨᠴᠦ᠂ | ᠺᠠᠳ᠋ᠷ ᠤᠯᠠᠨ ᠲᠥᠮᠡᠨ ᠤ ᠠᠵᠢᠯᠯᠠᠬᠤ ᠤᠷᠮ᠎ᠠ ᠵᠤᠷᠢᠭ ᠨᠡᠩ ᠢᠳᠡᠬᠡᠯ ᠳᠡᠬᠦᠯᠳᠡᠷ ᠪᠠᠶᠢᠭ᠎ᠠ ᠶᠤᠮ᠃ ᠡᠳᠡᠬᠡᠷ ᠨᠢ ᠮᠠᠨ | ᠤ ᠬᠥᠭᠵᠢᠯᠲᠠ ᠶᠢ ᠲᠥᠷᠬᠡᠳᠬᠡᠬᠦ ᠳᠤ ᠪᠠᠲᠤ ᠪᠠᠬᠢ ᠰᠠᠭᠤᠷᠢ ᠶᠢ ᠳᠠᠯᠪᠢᠪᠠ᠃ ᠪᠢᠳᠠ ᠡᠳᠡᠬᠡᠷ ᠪᠤᠯᠤᠮᠵᠢ ᠪᠠᠨ | ᠰᠠᠶᠢᠳᠣᠷ ᠬᠠᠮᠠᠭᠠᠯᠠᠵᠤ᠂ ᠰᠠᠶᠢᠳᠣᠷ ᠬᠥᠭᠵᠢᠬᠦᠯᠥᠨ᠂ ᠤᠯᠳᠠᠰᠢ ᠥᠬᠡᠢ ᠬᠤᠪᠤᠷ ᠲᠤᠬᠢᠶᠠᠯ ᠢ ᠰᠠᠶᠢᠳᠣᠷ ᠠᠳᠬᠤᠵᠤ᠂ | ᠰᠠᠶᠢᠳᠣᠷ ᠬᠡᠷᠡᠭᠵᠢᠬᠦᠯᠥᠨ ᠥᠷᠬᠦᠯᠵᠢᠯᠡᠨ ᠴᠢᠷᠮᠠᠶᠢᠵᠤ ᠰᠢᠨ᠎ᠡ ᠶᠢ ᠡᠬᠦᠳᠣᠨ ᠵᠤᠷᠢᠭᠳᠠᠢ ᠠᠵᠢᠯᠯᠠᠪᠠᠯ ᠮᠠᠨ ᠤ | ᠬᠤᠰᠢᠭᠤᠨ ᠤ ᠠᠵᠤ ᠠᠬᠤᠢ ᠨᠠᠶᠢᠬᠡᠮ ᠤᠨ ᠬᠥᠭᠵᠢᠯᠲᠠ ᠯᠠᠪᠳᠠᠢ ᠰᠢᠨ᠎ᠡ ᠪᠠᠶᠢᠳᠠᠯ ᠳᠤ ᠬᠥᠷᠬᠦ ᠶᠤᠮ᠃ | ᠳᠣᠰ ᠵᠢᠯ ᠤᠨ ᠠᠵᠤ ᠠᠬᠤᠢ ᠶᠢᠨ ᠠᠵᠢᠯ ᠤᠨ ᠶᠡᠷᠦᠭᠭᠡᠢ ᠱᠠᠭᠠᠷᠳᠠᠯᠭ᠎ᠠ ᠪᠣᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠣᠳᠠᠭᠠᠨ ᠤ ᠭᠤᠷᠪᠠᠳᠣᠭᠠᠷ᠂ ᠳᠦᠷᠪᠡᠳᠣᠭᠡᠷ᠂ ᠳᠠᠪᠣᠳᠣᠭᠠᠷ᠂ | ᠵᠢᠷᠭᠤᠳᠣᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠪᠣᠯᠣᠨ ᠳᠦᠪ ᠤᠨ ᠠᠵᠤ ᠠᠬᠤᠢ ᠶᠢᠨ ᠠᠵᠢᠯ ᠤᠨ | ᠬᠤᠷᠠᠯᠳᠣᠭᠠᠨ ᠤ ᠵᠤᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠵᠤ᠂ ᠰᠢ ᠶᠢᠨ ᠫᠢᠩ ᠶᠡᠷᠤᠩᠭᠡᠢ ᠱᠦᠵᠢ ᠶᠢᠨ | ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠣᠯᠣᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠰᠢᠨ᠎ᠡ ᠦᠵᠡᠯᠳᠡ᠂ | ᠰᠢᠨ᠎ᠡ ᠪᠠᠶᠢᠯᠳᠣᠬᠤ ᠪᠣᠳᠣᠯᠭ᠎ᠠ ᠶᠢ ᠭᠦᠨᠵᠡᠭᠡᠢ ᠳᠣᠣᠱᠯᠠᠭᠤᠯᠵᠤ᠂ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ | ᠣᠳᠠᠭᠠᠨ ᠤ ᠨᠠᠮ ᠤᠨ ᠳᠦᠯᠤᠭᠡᠯᠡᠭᠴᠢᠥᠨ ᠤᠨ ᠬᠤᠷᠠᠯ᠂ ᠠᠷᠪᠠᠳᠣᠭᠠᠷ ᠬᠤᠭᠤᠴᠠᠭᠠᠨ ᠤ ᠬᠤᠶᠠᠳᠣᠭᠠᠷ ᠤᠳᠠᠭᠠᠨ ᠤ | ᠪᠦᠭᠦ ᠬᠡᠰᠢᠭᠦᠳ ᠤᠨ ᠬᠤᠷᠠᠯ ᠪᠠ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ︵ | ᠦᠷᠭᠡᠳᠬᠡᠭᠰᠡᠨ︶ ᠬᠤᠷᠠᠯᠳᠤᠭᠠᠨ ᠤ ᠵᠤᠷᠢᠭ ᠰᠠᠨᠠᠭ᠎ᠠ ᠶᠢ ᠰᠠᠶᠢᠳᠤᠷ ᠨᠡᠶᠢᠳᠠᠪᠤᠷᠢᠵᠢᠭᠤᠯᠵᠤ᠂ ᠠᠵᠤ ᠠᠬᠤᠢ ᠶᠢᠨ | ᠭᠦᠭᠵᠢᠯᠳᠡ ᠶᠢᠨ ᠰᠢᠨ᠎ᠡ ᠭᠡᠪ ᠪᠠᠶᠢᠳᠠᠯ ᠢ ᠡᠵᠡᠮᠰᠢᠨ᠂ ᠳᠤᠭᠳᠠᠭᠤᠨ ᠢᠶᠠᠷ ᠤᠷᠣᠭᠰᠢᠯᠠᠬᠤ ᠭᠤᠣᠯ ᠰᠠᠨᠠᠭ᠎ᠠ ᠶᠢ | ᠪᠠᠷᠢᠮᠳᠠᠯᠠᠨ᠂ ᠭᠦᠭᠵᠢᠯᠳᠡ ᠶᠢᠨ ᠶᠠᠰᠣ ᠴᠢᠨᠠᠷ ᠪᠠ ᠦᠷ᠎ᠡ ᠪᠦᠳᠦᠮᠵᠢ ᠶᠢ ᠳᠡᠭᠡᠭᠰᠢᠯᠡᠬᠦᠯᠬᠦ ᠪᠠᠷ ᠭᠤᠣᠯ ᠪᠣᠯᠭᠠᠨ᠂ | ᠬᠠᠩᠭᠠᠯᠭ᠎ᠠ ᠶᠢᠨ ᠳᠠᠯ᠎ᠠ ᠶᠢᠨ ᠪᠦᠳᠣᠴᠡ ᠶᠢᠨ ᠴᠢᠨᠠᠷ ᠲᠠᠢ ᠦᠭᠡᠷᠡᠴᠢᠯᠡᠯᠳᠡ ᠶᠢ ᠳᠦᠯᠭᠢᠨ ᠠᠭᠢᠭᠤᠯᠬᠤ ᠪᠠᠷ ᠭᠤᠤᠯ | ᠱᠤᠭᠤᠮ ᠪᠣᠯᠭᠠᠨ᠂ ︽ᠳᠦᠷᠪᠡᠨ ᠶᠡᠭᠡ ᠠᠵᠤ ᠣᠶᠢᠯᠡᠰ ᠤᠨ ᠳᠦᠪᠯᠡᠷᠡᠯ ᠢ ᠬᠦᠭᠵᠢᠬᠦᠯᠬᠦ᠂ ᠳᠦᠷᠪᠡᠨ ᠳᠠᠯ᠎ᠠ ᠶᠢᠨ | ᠴᠢᠳᠠᠪᠬᠢ ᠶᠢ ᠨᠡᠮᠡᠭᠳᠡᠭᠦᠯᠭᠦ᠂ ᠳᠦᠷᠪᠡᠨ ᠶᠡᠭᠡ ᠬᠤᠳᠠ ᠭᠦᠳᠡᠭᠡ ᠶᠢᠨ ᠪᠦᠳᠣᠭᠡᠨ ᠪᠠᠶᠢᠭᠤᠯᠣᠯᠳᠠ ᠶᠢ ᠨᠢᠭᠡᠳᠣᠯᠳᠠᠢ | ᠳᠦᠯᠦᠪᠯᠡᠭᠦ᠂ ᠳᠦᠷᠪᠡᠨ ᠶᠡᠭᠡ ᠪᠠᠳᠣᠯᠠᠭ᠎ᠠ ᠶᠢᠨ ᠭᠢᠷᠢ ᠭᠡᠮᠵᠢᠶ᠎ᠡ ᠶᠢ ᠳᠡᠭᠡᠭᠰᠢᠯᠡᠬᠦᠯᠬᠦ︾ ᠭᠦᠭᠵᠢᠯᠳᠡ ᠶᠢᠨ ᠪᠣᠳᠣᠯᠭ᠎ᠠ | ᠶᠤᠰᠣᠭᠠᠷ ᠰᠢᠨ᠎ᠡ ᠴᠢᠭᠯᠡᠯ ᠢ ᠳᠣᠭᠳᠠᠭᠠᠨ᠂ ᠰᠢᠨ᠎ᠡ ᠠᠷᠭ᠎ᠠ ᠪᠠᠷᠢᠯ ᠢ ᠨᠡᠶᠢᠳᠠᠪᠤᠷᠢᠵᠢᠭᠤᠯᠵᠤ᠂ ᠪᠦᠭᠦ ᠬᠤᠰᠢᠭᠤᠨ ᠤ | ᠠᠵᠤ ᠠᠬᠤᠢ ᠨᠡᠶᠢᠭᠡᠮ ᠤᠨ ᠭᠦᠭᠵᠢᠯᠳᠡ ᠶᠢᠨ ᠰᠢᠨ᠎ᠡ ᠪᠡᠶᠢᠳᠠᠯ ᠢ ᠭᠦᠴᠣᠯᠡᠨ ᠡᠭᠦᠳᠴᠦ᠂ ᠰᠢᠯᠢᠳᠡᠭ ᠦᠷ᠎ᠡ | ᠪᠦᠳᠣᠮᠵᠢ ᠪᠠᠷ ᠦᠪᠣᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠪᠠᠶᠢᠭᠤᠯᠤᠭᠳᠠᠭᠰᠠᠨ 70 ᠵᠢᠯ ᠤᠨ ᠤᠢ ᠪᠠ | ᠨᠠᠮ ᠤᠨ ᠠᠷᠪᠡᠨ ᠶᠢᠰᠣᠳᠣᠭᠡᠷ ᠶᠡᠭᠡ ᠬᠤᠷᠠᠯ ᠠᠮᠵᠢᠯᠳᠠ ᠲᠠᠢ ᠬᠤᠷᠠᠯᠳᠣᠬᠤ ᠶᠢ ᠤᠭᠳᠤᠵᠠᠭᠠᠶ᠎ᠠ᠃ | ᠤᠷᠢᠳᠴᠢᠯᠠᠨ ᠳᠦᠰᠦᠪᠯᠡᠭᠰᠡᠨ ᠬᠠᠷᠠᠯᠳᠠ ᠪᠣᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠥᠩᠬᠡᠢ | ᠦᠷᠲᠡᠭ ᠢ 8% ᠪᠠᠷ ᠨᠡᠮᠡᠭᠳᠡᠭᠦᠯᠵᠦ᠂ 54.2 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠡᠭᠦᠨᠳᠦ᠄ ᠨᠢᠭᠡᠳᠦᠭᠡᠷ | ᠠᠵᠦ ᠦᠢᠯᠡᠰ ᠢ 5.6% ᠪᠠᠷ ᠨᠡᠮᠡᠭᠳᠡᠭᠦᠯᠵᠦ᠂ 6.8 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠬᠤᠶᠠᠳᠤᠭᠠᠷ | ᠠᠵᠦ ᠦᠢᠯᠡᠰ ᠢ 7.9% ᠪᠠᠷ ᠨᠡᠮᠡᠭᠳᠡᠭᠦᠯᠵᠦ᠂ 34.6 ᠳ᠋ᠦᠩᠰᠢᠭᠤᠷ ᠲᠦᠭᠦᠷᠢᠭ ᠲᠤ ᠬᠦᠷᠭᠡᠨ᠎ᠡ︔ | ᠭᠤᠷᠪᠠᠳᠤᠭᠠᠷ ᠠᠵᠦ ᠦᠢᠯᠡᠰ ᠢ 10% ᠪᠠᠷ ᠨᠡᠮᠡᠭᠳᠡᠭᠦᠯᠵᠦ᠂ 12.8 ᠳ᠋ᠦᠩᠰᠢᠭᠤᠷ ᠲᠦᠭᠦᠷᠢᠭ ᠲᠤ ᠬᠦᠷᠭᠡᠨ᠎ᠡ᠃ | ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ 15% ᠪᠠᠷ ᠨᠡᠮᠡᠭᠳᠡᠭᠦᠯᠵᠦ᠂ 42.7 | ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠶᠡᠷᠤᠩᠬᠡᠢ ᠡᠳ᠋ ᠤᠨ ᠵᠠᠰᠠᠭ ᠤᠨ ᠲᠦᠰᠦᠪᠯᠡᠭᠰᠡᠨ ᠤᠷᠤᠯᠭ᠎ᠠ ᠶᠢ 5. | 5% ᠪᠠᠷ ᠨᠡᠮᠡᠭᠳᠡᠭᠦᠯᠵᠦ᠂ 2.76 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ | ᠵᠤᠶᠢᠯ ᠤᠨ ᠵᠢᠵᠢᠭᠯᠡᠨ ᠪᠤᠷᠤᠯᠠᠭᠤᠯᠬᠤ ᠶᠡᠷᠥᠩᠬᠡᠢ ᠲᠤᠭ᠎ᠠ ᠶᠢ 7.8 ᠳ᠋ᠦᠩᠰᠢᠭᠤᠷ ᠲᠦᠭᠦᠷᠢᠭ ᠲᠤ ᠬᠦᠷᠭᠡᠵᠦ᠂ | 10% ᠪᠠᠷ ᠨᠡᠮᠡᠭᠳᠡᠭᠦᠯᠦᠨ᠎ᠡ᠃ ᠬᠤᠲᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠳᠠᠵᠤ | ᠪᠤᠯᠬᠤᠶᠢᠴᠠ ᠤᠷᠤᠯᠭ᠎ᠠ ᠶᠢ ᠲᠤᠰᠪᠦᠷᠢ 9% ᠪᠠ 10% ᠪᠠᠷ ᠨᠡᠮᠡᠭᠳᠡᠭᠦᠯᠵᠦ᠂ 35700 ᠪᠤᠯᠤᠨ 14010 | ᠲᠦᠭᠦᠷᠢᠭ ᠲᠤ ᠬᠦᠷᠭᠡᠨ᠎ᠡ᠃ ᠡᠯ᠎ᠡ ᠳᠠᠯ᠎ᠠ ᠶᠢᠨ ᠭᠢᠵᠠᠭᠠᠷᠯᠡᠬᠤ ᠴᠢᠨᠠᠷ ᠲᠠᠢ ᠳᠤᠭ᠎ᠠ ᠨᠤᠷᠮ᠎ᠠ ᠶᠢ ᠳᠡᠭᠡᠳᠣ ᠱᠠᠳᠣᠨ ᠤ | ᠳᠤᠭᠳᠠᠭᠠᠯ ᠶᠤᠰᠤᠭᠠᠷ ᠬᠢᠵᠠᠭᠠᠷᠯᠠᠨ᠎ᠠ᠃ ᠳᠡᠭᠡᠷ᠎ᠡ ᠳᠣᠷᠠᠳᠣᠭᠰᠡᠨ ᠳᠦᠯᠤᠪᠯᠡᠭᠡ ᠪᠠᠨ ᠪᠠᠶᠡᠯᠡᠭᠦᠯᠭᠦ ᠶᠢᠨ ᠳᠦᠯᠦᠭᠡ | ᠳᠣᠣᠷᠠᠭᠢ ᠠᠷᠪᠠᠨ ᠳᠠᠯ᠎ᠠ ᠶᠢᠨ ᠠᠵᠢᠯ ᠢ ᠰᠠᠶᠢᠳᠤᠷ ᠴᠢᠬᠤᠯᠠᠴᠢᠯᠠᠨ ᠠᠳᠬᠤᠨ᠎ᠠ᠄ | ︵ᠨᠢᠭᠡ︶ ᠳᠦᠷᠣᠯ ᠵᠤᠶᠢᠯ ᠤᠨ ᠳᠤᠯᠭᠠᠭᠤᠷᠢᠯᠠᠬᠤ ᠬᠥᠴᠥᠨ ᠢ ᠲᠤᠪᠤᠶᠢᠯᠭᠠᠨ᠂ ᠪᠡᠯᠡ ᠤᠷᠤᠭᠤᠯᠤᠯᠲᠠ | ᠶᠢ ᠴᠢᠩᠭᠠᠳᠬᠠᠵᠤ᠂ ᠶᠡᠷᠥᠩᠬᠡᠢ ᠪᠤᠳᠠᠳᠣ ᠬᠥᠴᠥᠨ ᠢᠶᠠᠨ ᠳᠡᠬᠡᠭᠰᠢᠯᠡᠬᠦᠯᠥᠨ᠂ ᠬᠥᠭᠵᠢᠯᠲᠠ ᠶᠢᠨ ᠬᠥᠴᠥᠨ ᠢᠶᠠᠨ | ᠴᠢᠩᠭᠠᠳᠬᠠᠬᠤ ᠳᠤ ᠬᠥᠳᠡᠯᠬᠡᠬᠦ ᠬᠥᠴᠥᠨ ᠢ ᠪᠤᠢ ᠪᠤᠯᠭᠠᠨ᠎ᠠ᠃ ᠲᠥᠷᠥᠯ ᠵᠥᠢᠯ ᠢᠶᠠᠷ ᠬᠥᠭᠵᠢᠯᠲᠠ ᠶᠢ ᠲᠥᠯᠬᠢᠨ | ᠠᠬᠢᠭᠤᠯᠬᠤ ᠴᠢᠬᠤᠯᠠ ᠠᠷᠭ᠎ᠠ ᠪᠠᠷᠢᠯ ᠢᠶᠠᠨ ᠪᠤᠯᠭᠠᠵᠤ᠂ ᠡᠷᠡᠮᠵᠢᠯᠡᠨ ᠣᠯᠬᠤ ᠪᠠ ᠪᠦᠳᠣᠭᠡᠨ ᠪᠠᠶᠢᠭᠤᠯᠬᠤ | ᠬᠥᠴᠥᠯᠡᠴᠡ ᠶᠢ ᠥᠨᠡᠨᠬᠦ ᠴᠢᠩᠭᠠᠳᠬᠠᠨ᠂ ᠳᠣᠭᠳᠠᠮᠠᠯ ᠭᠦᠷᠦᠭᠭᠡ ᠶᠢᠨ ᠪᠡᠯᠡ ᠤᠷᠤᠭᠤᠯᠤᠯᠲᠠ ᠶᠢ ᠯᠠᠪᠳᠠᠭᠤᠨ ᠢᠶᠠᠷ | ᠨᠡᠮᠡᠭᠳᠡᠬᠦᠯᠥᠨ᠎ᠡ᠃ ᠲᠥᠷᠥᠯ ᠵᠥᠢᠯ ᠢ ᠳᠦᠰᠦᠪᠯᠡᠵᠦ ᠪᠡᠯᠡᠳᠬᠡᠬᠦ ᠠᠵᠢᠯ ᠢ ᠥᠨᠡᠨᠬᠦ ᠰᠠᠶᠢᠲᠤᠷ ᠬᠢᠨ᠎ᠡ᠃ ᠳᠦᠷᠣᠯ | ᠵᠤᠶᠢᠯ ᠤᠨ ᠰᠤᠳᠤᠯᠭᠠᠨ ᠤ ᠨᠤᠳᠠᠯᠠᠯ᠂ ᠬᠢᠨᠠᠨ ᠵᠥᠪᠰᠢᠶᠡᠷᠡᠬᠦᠯᠬᠦ᠂ ᠮᠡᠳᠡᠭᠡ ᠵᠠᠩᠬᠢ ᠶᠢ ᠬᠠᠷᠭᠤᠭᠤᠯᠬᠤ᠂ ᠪᠡᠯᠡ | ᠤᠷᠤᠭᠤᠯᠤᠯᠲᠠ ᠶᠢᠨ ᠲᠥᠰᠥᠯ ᠵᠡᠷᠭᠡ ᠠᠵᠢᠯ ᠢ ᠨᠠᠷᠢᠨ ᠬᠢᠨᠠᠮᠠᠭᠠᠢ ᠬᠢᠵᠤ᠂ ᠳᠦᠷᠣᠯ ᠵᠤᠶᠢᠯ ᠤᠨ ᠬᠡᠷᠡᠭᠵᠢᠬᠦᠯᠬᠦ | ᠪᠤᠯᠤᠮᠵᠢ᠂ ᠵᠥᠪᠰᠢᠶᠡᠷᠡᠯ᠂ ᠪᠤᠳᠠᠳᠤ ᠥᠢᠯᠡᠳᠣᠯ ᠢ ᠨᠡᠮᠡᠭᠳᠡᠬᠦᠯᠥᠨ᠂ ᠳᠦᠰᠦᠪᠯᠡᠨ ᠪᠡᠯᠡᠳᠬᠡᠬᠦ ᠲᠥᠷᠥᠯ ᠵᠥᠢᠯ ᠢ | 40 ᠠᠴᠠ ᠳᠡᠬᠡᠭᠰᠢ ᠪᠠᠶᠢᠬᠤ ᠶᠢ ᠪᠠᠳᠣᠯᠠᠨ᠎ᠠ᠃ ᠲᠥᠷᠥᠯ ᠵᠥᠢᠯ ᠤᠨ ᠪᠥᠳᠥᠬᠡᠨ ᠪᠠᠶᠢᠭᠤᠯᠤᠯᠲᠠ ᠶᠢᠨ ᠠᠬᠢᠴᠠ ᠶᠢ | ᠪᠥᠬᠦ ᠬᠥᠴᠥᠨ ᠢᠶᠠᠷ ᠲᠥᠷᠬᠡᠳᠬᠡᠨ᠎ᠡ᠃ᠭᠤᠤᠯᠳᠠᠯᠭ᠎ᠠ ᠲᠠᠢ ᠲᠥᠷᠥᠯ ᠵᠥᠢᠯ ᠢ ᠬᠤᠰᠢᠭᠤ ᠳᠡᠰ ᠤᠨ ᠣᠳᠣᠷᠢᠳᠣᠯᠭ᠎ᠠ | ᠬᠠᠷᠢᠭᠤᠴᠠᠨ ᠬᠠᠷᠢᠯᠴᠠᠬᠤ᠂ ᠰᠠᠯᠠᠭ᠎ᠠ ᠮᠥᠴᠢᠷ ᠠᠴᠠ ᠨᠠᠷᠢᠯᠢᠭ ᠥᠢᠯᠡᠴᠢᠯᠡᠬᠦ᠂ ᠲᠤᠭᠳᠠᠭᠰᠠᠨ ᠬᠤᠭᠤᠴᠠᠭᠠᠨ ᠳᠤ | ᠭᠠᠷ ᠬᠥᠢᠴᠡᠳᠬᠡᠯ ᠢ ᠬᠥᠢᠴᠡᠳᠬᠡᠵᠤ ᠦᠭᠬᠦ ᠵᠡᠷᠬᠡ ᠲᠥᠷᠢᠮ ᠢ ᠬᠡᠷᠡᠭᠵᠢᠬᠦᠯᠵᠤ᠂ ᠶᠠᠪᠤᠭᠳᠠᠭᠤᠯᠬᠤ ᠪᠠᠷ ᠲᠤᠭᠳᠠᠭᠰᠠᠨ | ᠲᠥᠷᠥᠯ ᠵᠥᠢᠯ ᠤᠨ ᠭᠠᠵᠠᠷ ᠰᠣᠩᠭᠤᠨ ᠳᠦᠰᠦᠪᠯᠡᠭᠡ ᠬᠢᠬᠦ᠂ ᠭᠠᠵᠠᠷ ᠳᠠᠳᠠᠪᠤᠷᠢᠯᠠᠨ ᠨᠤᠷᠠᠭᠠᠵᠤ ᠨᠡᠬᠦᠯᠬᠡᠬᠦ ᠵᠡᠷᠬᠡ | ᠤᠷᠢᠳᠤᠬᠢ ᠠᠵᠢᠯ ᠢ ᠪᠥᠬᠦ ᠬᠥᠴᠥᠨ ᠢᠶᠠᠷ ᠲᠥᠷᠬᠡᠳᠬᠡᠵᠤ᠂ ᠭᠤᠤᠯᠳᠠᠯᠭ᠎ᠠ ᠲᠠᠢ ᠲᠥᠷᠥᠯ ᠵᠥᠢᠯ ᠢ ᠳᠦᠪᠯᠡᠷᠡᠭᠦᠯᠦᠨ | ᠠᠵᠢᠯ ᠡᠬᠢᠯᠡᠬᠦᠯᠬᠦ ᠶᠤᠰᠤᠯᠠᠯ ᠢ ᠬᠤᠷᠠᠯᠳᠣᠭᠤᠯᠤᠨ᠂ ᠵᠢᠯ ᠤᠨ ᠲᠤᠳᠣᠷ᠎ᠠ ᠰᠢᠨ᠎ᠡ ᠪᠠᠷ ᠡᠬᠢᠯᠡᠬᠦ ᠪᠠ ᠪᠥᠳᠥᠬᠡᠨ | ᠪᠠᠶᠢᠭᠤᠯᠵᠤ ᠪᠠᠶᠢᠭ᠎ᠠ 64 ᠭᠤᠤᠯ ᠳᠦᠷᠣᠯ ᠵᠤᠶᠢᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠨ᠎ᠠ᠃ ᠳᠦᠷᠣᠯ | ᠵᠤᠶᠢᠯ ᠤᠨ ᠪᠦᠳᠣᠭᠡᠨ ᠪᠠᠶᠢᠭᠤᠯᠤᠯᠳᠠ ᠶᠢᠨ ᠶᠠᠪᠤᠴᠠ ᠶᠢ ᠳᠦᠷᠢᠮᠵᠢᠭᠦᠯᠤᠨᠡ᠃ ᠵᠢᠯ ᠤᠨ ᠲᠤᠳᠤᠷ᠎ᠠ ᠲᠥᠷᠥᠯ ᠵᠥᠢᠯ | ᠤᠨ ᠬᠢᠨᠠᠨ ᠵᠥᠪᠰᠢᠶᠡᠷᠡᠬᠦ ᠪᠥᠬᠦ ᠠᠵᠢᠯ ᠢ ᠳᠤᠤᠷ ᠰᠥᠯᠵᠢᠶᠡᠨ ᠳᠡᠬᠡᠷ᠎ᠡ ᠶᠠᠪᠤᠭᠳᠠᠭᠤᠯᠬᠤ ᠶᠢ ᠪᠡᠶᠡᠯᠡᠬᠦᠯᠵᠤ᠂ | ᠲᠥᠷᠥᠯ ᠵᠥᠢᠯ ᠤᠨ ᠬᠠᠤᠯᠢ ᠶᠢᠨ ᠬᠠᠷᠢᠭᠤᠴᠠᠯᠭᠠᠳᠠᠨ ᠤ ᠬᠠᠷᠢᠭᠤᠴᠠᠯᠭ᠎ᠠ ᠶᠢᠨ ᠲᠥᠷᠢᠮ᠂ ᠳᠠᠭᠠᠭᠠᠴᠢᠯᠠᠯᠲᠠ | ᠵᠠᠷᠯᠠᠬᠤ᠂ ᠳᠠᠭᠠᠭᠠᠴᠢᠯᠠᠯᠲᠠ ᠬᠥᠯᠢᠶᠡᠬᠦ ᠲᠥᠷᠢᠮ᠂ ᠪᠥᠳᠥᠬᠡᠨ ᠪᠠᠶᠢᠭᠤᠯᠤᠯᠲᠠ ᠶᠢ ᠬᠢᠨᠠᠨ ᠬᠠᠮᠢᠶᠠᠷᠬᠤ ᠲᠥᠷᠢᠮ | ᠬᠢᠬᠡᠳ ᠬᠡᠷ᠎ᠡ ᠶᠢᠨ ᠬᠠᠮᠢᠶᠠᠷᠤᠯᠲᠠ ᠶᠢᠨ ᠲᠥᠷᠢᠮ ᠢ ᠴᠢᠩᠭ᠎ᠠ ᠬᠡᠷᠡᠭᠵᠢᠬᠦᠯᠵᠤ᠂ ᠥᠢᠯᠡᠳᠪᠤᠷᠢᠯᠠᠯ ᠤᠨ ᠠᠮᠤᠷ | ᠲᠥᠪᠰᠢᠨ᠂ ᠪᠠᠷᠢᠯᠭ᠎ᠠ ᠶᠢᠨ ᠠᠮᠤᠷ ᠲᠥᠪᠰᠢᠨ᠂ ᠴᠢᠨᠠᠷ ᠴᠢᠨᠰᠠᠭ᠎ᠠ ᠶᠢᠨ ᠠᠮᠤᠷ ᠲᠥᠪᠰᠢᠨ ᠪᠠ ᠪᠡᠯᠡ ᠮᠥᠩᠬᠦᠨ ᠤ | ᠠᠮᠣᠷ ᠲᠥᠪᠰᠢᠨ ᠢ ᠪᠠᠳᠣᠯᠠᠵᠤ᠂ ᠲᠥᠷᠥᠯ ᠵᠥᠢᠯ ᠪᠦᠬᠦᠨ ᠢ ᠰᠢᠯᠢᠳᠡᠭ ᠰᠠᠶᠢᠨ᠂ ᠠᠮᠤᠷ ᠲᠥᠪᠰᠢᠨ᠂ ᠠᠷᠢᠭᠤᠨ | ᠴᠢᠬᠡᠴᠢ ᠢᠨᠵᠧᠨᠧᠷᠢᠩ ᠪᠤᠯᠭᠠᠨ ᠪᠥᠳᠥᠬᠡᠨ ᠪᠠᠶᠢᠭᠤᠯᠬᠤ ᠪᠠᠷ ᠴᠢᠷᠮᠠᠶᠢᠨ᠎ᠠ᠃ ᠪᠡᠯᠡ ᠨᠡᠶᠢᠯᠡᠭᠦᠯᠭᠦ ᠠᠷᠭ᠎ᠠ ᠬᠡᠯᠪᠡᠷᠢ ᠶᠢ | ᠢᠳᠡᠪᠬᠢᠲᠠᠢ ᠰᠦᠪᠡᠭᠴᠢᠯᠡᠨ᠎ᠡ᠃ ᠬᠠᠤᠯᠢ ᠴᠠᠭᠠᠵᠠ᠂ ᠰᠠᠬᠢᠯᠭ᠎ᠠ ᠪᠠᠲᠤ᠂ ᠲᠥᠷᠢᠮ ᠳᠣᠭᠳᠠᠭᠠᠯ ᠢ ᠴᠢᠩᠭ᠎ᠠ ᠵᠢᠷᠤᠮᠯᠠᠨ | ᠵᠠᠰᠠᠭ ᠤᠨ ᠣᠷᠳᠣᠨ ᠤ ᠵᠢᠯᠤᠭᠤᠳᠤᠬᠤ ᠴᠢᠨᠠᠷ ᠲᠠᠢ ᠪᠡᠯᠡ ᠤᠷᠤᠭᠤᠯᠤᠯᠲᠠ ᠶᠢ ᠨᠡᠮᠡᠭᠳᠡᠬᠦᠯᠵᠤ᠂ ᠵᠠᠰᠠᠭ ᠤᠨ | ᠤᠷᠳᠤᠨ ᠤ ᠪᠠᠳᠤᠯᠠᠭᠠᠨ ᠤ ᠴᠢᠨᠠᠷᠲᠠᠢ ᠪᠠᠯᠠ ᠤᠷᠤᠭᠤᠯᠤᠯᠲᠠ ᠶᠢ ᠥᠷᠬᠡᠳᠬᠡᠵᠤ᠂ ᠢᠳᠡᠬᠡᠮᠵᠢᠳᠦ ᠪᠠᠳᠤᠯᠠᠭ᠎ᠠ᠂ | ᠵᠢᠭᠡᠯᠡᠯᠭᠡ ᠶᠢᠨ ᠬᠦᠦ ᠮᠦᠩᠬᠦ ᠶᠢ ᠪᠠᠭᠤᠷᠠᠭᠤᠯᠬᠤ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠭᠡᠯᠪᠡᠷᠢ ᠶᠢ | ᠬᠦᠢᠴᠡᠳ ᠪᠠᠳᠠᠷᠠᠭᠤᠯᠵᠤ᠂ ᠪᠡᠯᠡ ᠮᠥᠩᠬᠦ ᠬᠥᠷᠥᠯᠴᠡᠬᠦ ᠥᠬᠡᠢ ᠠᠰᠠᠭᠤᠳᠠᠯ ᠢ ᠪᠥᠳᠥᠮᠵᠢᠳᠠᠢ ᠰᠶᠢᠳᠪᠤᠷᠢᠯᠠᠨᠠ᠃ | ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠨᠡᠶᠢᠯᠡᠬᠦᠯᠵᠤ ᠬᠤᠷᠰᠢᠬᠤ ᠭᠡᠯᠪᠡᠷᠢ ᠶᠢ ᠲᠡᠭᠦᠯᠳᠡᠷᠵᠢᠬᠦᠯᠵᠦ᠂ | ᠰᠠᠭᠤᠷᠢ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ᠂ ᠨᠡᠶᠢᠬᠡᠮ ᠨᠡᠶᠢᠳᠡ ᠶᠢᠨ ᠦᠢᠯᠡᠴᠢᠯᠡᠬᠡᠨ ᠤ | ᠬᠦᠷᠢᠶᠡᠨ ᠳᠠᠬᠢ PPP ᠲᠦᠷᠦᠯ ᠵᠦᠢᠯ ᠢ ᠭᠡᠷᠡᠭᠵᠢᠬᠦᠯᠬᠦ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠬᠠᠮᠢᠶ᠎ᠠ ᠪᠥᠬᠦᠢ | ᠠᠵᠤ ᠠᠬᠤᠶᠢᠯᠠᠯ ᠲᠠᠢ ᠬᠠᠷᠢᠯᠴᠠᠬᠤ ᠠᠵᠢᠯ ᠢ ᠰᠠᠶᠢᠲᠤᠷ ᠬᠢᠵᠤ᠂ ᠨᠡᠩ ᠤᠯᠠᠨ ᠲᠥᠷᠥᠯ ᠵᠥᠢᠯ ᠢ ᠳᠡᠬᠡᠲᠤ ᠱᠠᠳᠣᠨ | ᠤ ᠭᠤᠤᠯᠳᠠᠯᠭ᠎ᠠ ᠲᠠᠢ ᠳᠡᠳᠬᠦᠬᠦ ᠬᠥᠷᠢᠶ᠎ᠡ ᠬᠡᠪᠴᠢᠶᠠᠨ ᠳᠤ ᠤᠷᠤᠭᠤᠯᠬᠤ ᠪᠠᠷ ᠴᠢᠷᠮᠠᠶᠢᠨ᠎ᠠ᠃ ᠠᠷᠠᠯᠵᠢᠶᠠᠴᠢᠨ | ᠣᠷᠢᠵᠤ ᠪᠡᠯᠡ ᠣᠷᠣᠭᠤᠯᠬᠤ ᠬᠥᠴᠥᠯᠠᠴᠡ ᠶᠢ ᠳᠥᠷᠬᠡᠳᠬᠡᠨ᠎ᠡ᠃ ᠲᠤᠯᠭᠠᠭᠤᠷᠢᠯᠠᠬᠤ ᠠᠵᠤ ᠥᠢᠯᠡᠳᠪᠤᠷᠢ ᠶᠢ | ᠪᠤᠶᠢᠵᠢᠭᠤᠯᠬᠤ ᠪᠠᠷ ᠭᠤᠤᠯ ᠪᠤᠯᠭᠠᠵᠤ᠂ ᠵᠤᠷᠢᠯᠭ᠎ᠠ ᠲᠠᠢ ᠪᠠᠷ ᠠᠷᠠᠯᠵᠢᠶᠠᠴᠢᠨ ᠣᠷᠢᠵᠤ ᠪᠡᠯᠡ ᠣᠷᠣᠭᠤᠯᠬᠤ᠂ | ᠨᠢᠭᠡᠨᠳᠡ ᠭᠡᠷ᠎ᠡ ᠳᠣᠭᠳᠠᠭᠰᠡᠨ 15 ᠳᠦᠷᠣᠯ ᠵᠤᠶᠢᠯ ᠢ ᠭᠥᠨᠵᠡᠭᠡᠢ ᠳᠦᠯᠬᠢᠨ ᠠᠭᠢᠭᠤᠯᠣᠨ᠎ᠠ᠃ ᠳᠦᠷᠣᠯ ᠵᠤᠶᠢᠯ ᠤᠨ | ᠳᠠᠨᠢᠯᠴᠠᠭᠤᠯᠬᠤ ᠠᠵᠢᠯᠯᠠᠭ᠎ᠠ ᠶᠢ ᠳᠡᠯᠬᠡᠷᠡᠩᠬᠦᠢ ᠥᠷᠨᠢᠬᠦᠯᠵᠤ᠂ ᠦᠪᠡᠷᠳᠡᠭᠡᠨ ᠵᠠᠰᠠᠬᠤ ᠣᠷᠣᠨ ᠪᠠ ᠪᠦᠭᠦ ᠠᠶᠢᠮᠠᠭ | ᠠᠴᠠ ᠡᠷᠭᠢᠯᠡᠭᠰᠡᠨ ᠠᠷᠠᠯᠵᠢᠶᠠᠴᠢᠨ ᠤᠷᠢᠵᠤ ᠬᠠᠷᠢᠯᠴᠠᠬᠤ ᠬᠥᠳᠡᠯᠬᠡᠬᠡᠨ ᠳᠤ ᠢᠳᠡᠪᠬᠢᠲᠠᠢ ᠤᠷᠤᠯᠴᠠᠵᠤ᠂ | ᠠᠷᠠᠯᠵᠢᠶᠠᠴᠢᠨ ᠣᠷᠢᠵᠤ ᠪᠡᠯᠡ ᠤᠷᠤᠭᠤᠯᠬᠤ ᠥᠢᠯᠡᠴᠢᠯᠡᠬᠡᠨ ᠤ ᠠᠷᠭ᠎ᠠ ᠶᠢ ᠲᠤᠭᠳᠠᠭᠠᠨ ᠳᠡᠬᠦᠯᠳᠡᠷᠵᠢᠬᠦᠯᠵᠤ᠂ ᠵᠢᠯ | ᠤᠨ ᠲᠤᠳᠣᠷ᠎ᠠ ᠠᠷᠠᠯᠵᠢᠶᠠᠴᠢᠨ ᠤᠷᠢᠵᠤ ᠪᠡᠯᠡ ᠤᠷᠤᠭᠤᠯᠤᠯᠳᠠ ᠶᠢᠨ ᠮᠥᠩᠬᠦ ᠶᠢ 25 ᠳ᠋ᠥᠩᠰᠢᠭᠤᠷ ᠲᠥᠬᠦᠷᠢᠭ ᠲᠤ | ᠬᠦᠷᠬᠡᠨ᠎ᠡ᠃ | ︵ᠬᠤᠶᠠᠷ︶ ᠪᠦᠳᠣᠴᠡ ᠶᠢᠨ ᠲᠤᠬᠢᠷᠠᠭᠤᠯᠤᠯᠳᠠ ᠶᠢ ᠳᠣᠪᠣᠶᠢᠯᠭᠠᠵᠤ᠂ ᠦᠢᠯᠡᠳᠪᠦᠷᠢᠯᠡᠯ ᠤᠨ | ᠬᠡᠯᠬᠢᠶᠡᠰᠦ ᠶᠢ ᠤᠷᠲᠤᠳᠬᠠᠨ᠂ ᠮᠠᠯ ᠠᠵᠤ ᠠᠬᠤᠢ ᠶᠢᠨ ᠠᠵᠤ ᠦᠢᠯᠡᠰᠵᠢᠭᠦᠯᠦᠯᠳᠡ ᠪᠠ ᠮᠠᠯᠴᠢᠥᠨ ᠤᠨ ᠣᠷᠣᠯᠭ᠎ᠠ | ᠶᠢ ᠨᠡᠮᠡᠭᠳᠡᠬᠦᠯᠬᠦ ᠶᠢ ᠦᠷᠬᠦᠯᠵᠢᠯᠡᠨ ᠳᠦᠯᠭᠢᠨ ᠠᠭᠢᠭᠤᠯᠤᠨᠡ᠃ ᠮᠠᠯ ᠠᠵᠤ ᠠᠬᠤᠢ ᠶᠢᠨ ᠬᠠᠩᠭᠠᠯᠭ᠎ᠠ ᠶᠢᠨ ᠳᠠᠯ᠎ᠠ | ᠶᠢᠨ ᠪᠦᠳᠣᠴᠡ ᠶᠢᠨ ᠴᠢᠨᠠᠷ ᠲᠠᠢ ᠦᠭᠡᠷᠡᠴᠢᠯᠡᠯᠳᠡ ᠶᠢ ᠪᠦᠬᠦ ᠭᠦᠴᠤᠨ ᠢᠶᠠᠷ ᠠᠭᠢᠭᠤᠯᠵᠤ᠂ ᠮᠠᠯ ᠠᠵᠤ ᠠᠬᠤᠢ ᠶᠢᠨ | ᠭᠦᠭᠵᠢᠯᠳᠡ ᠶᠢᠨ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ᠂ ᠮᠠᠯ ᠠᠵᠤ ᠠᠬᠤᠢ ᠶᠢᠨ ᠦᠷᠭᠦᠯᠵᠢᠯᠡᠨ | ᠭᠦᠭᠵᠢᠯᠳᠡ ᠪᠠ ᠮᠠᠯᠴᠢᠥᠨ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠬᠦᠯᠬᠦ ᠪᠠᠶᠢᠭᠤᠯᠤᠮᠵᠢ ᠶᠢ ᠬᠦᠴᠦᠯᠡᠨ | ᠪᠠᠶᠢᠭᠤᠯᠤᠨ᠎ᠡ᠃ ᠮᠠᠯ ᠠᠵᠤ ᠠᠬᠤᠢ ᠶᠢᠨ ᠪᠦᠳᠣᠴᠡ ᠶᠢ ᠰᠢᠯᠢᠳᠡᠭᠵᠢᠭᠦᠯᠦᠨ ᠳᠣᠭᠢᠷᠠᠭᠤᠯᠤᠨᠡ᠃ ︽ᠬᠤᠨᠢ ᠶᠢ | ᠴᠦᠭᠡᠴᠢᠯᠠᠨ ᠦᠭᠡᠷ ᠢ ᠦᠰᠬᠡᠬᠦ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠮᠠᠨ ᠤ ᠬᠤᠰᠢᠭᠤᠨ ᠤ ︽ | ᠡᠮᠤᠨ᠎ᠡ ᠪᠠᠶ᠎ᠠ ᠳᠤ ᠦᠭᠡᠷ ᠳᠡᠵᠢᠬᠡᠵᠦ᠂ ᠬᠤᠶᠢᠳᠦ ᠰᠤᠮᠤᠨ ᠳᠤ ᠬᠤᠨᠢ ᠮᠠᠯᠵᠢᠬᠤ︾ ᠪᠠᠶᠢᠷᠢᠯᠠᠭᠤᠯᠤᠯᠲᠠ ᠶᠢᠨ | ᠳᠣᠭᠤᠷᠢᠨ ᠳᠤ᠂ ᠮᠠᠨ ᠤ ᠠᠶᠢᠮᠠᠭ ᠤᠨ ︽ᠰᠢᠯᠢᠳᠡᠭ ᠡᠬᠦᠯᠳᠡᠷ ᠤᠨ ᠮᠢᠬᠠᠨ ᠦᠭᠡᠷ ᠤᠨ ᠠᠵᠤ ᠦᠢᠯᠡᠰ ᠤᠨ | ᠭᠦᠭᠵᠢᠯᠳᠡ ᠶᠢᠨ ᠲᠥᠰᠥᠪ ︵2010 —2020 ᠤᠨ︶︾ ᠪᠠ ︽ᠰᠢᠯᠢᠳᠡᠭ ᠡᠬᠦᠯᠳᠡᠷ ᠤᠨ ᠮᠢᠬᠠᠨ ᠤ ᠦᠭᠡᠷ | ᠤᠨ ᠠᠵᠤ ᠦᠢᠯᠡᠰ ᠤᠨ ᠭᠦᠭᠵᠢᠯᠳᠡ ᠶᠢ ᠲᠥᠷᠬᠡᠳᠬᠡᠬᠦ ᠰᠢᠢᠥᠨᠪᠣᠷᠢ︾ ᠶᠢ ᠨᠠᠷᠢᠨ ᠭᠢᠨᠠᠮᠠᠭᠠᠢ ᠲᠤᠤᠱᠯᠠᠭᠤᠯᠵᠤ᠂ | ᠮᠠᠨ ᠤ ᠬᠤᠰᠢᠭᠤᠨ ᠤ ᠪᠤᠳᠠᠳᠣ ᠪᠠᠶᠢᠳᠠᠯ ᠳᠤ ᠵᠤᠬᠢᠴᠠᠭᠰᠠᠨ ᠠᠷᠭ᠎ᠠ ᠬᠡᠮᠵᠢᠶ᠎ᠡ ᠶᠢ ᠰᠣᠳᠣᠯᠣᠨ ᠲᠤᠭᠳᠠᠭᠠᠵᠤ᠂ | ᠵᠠᠰᠠᠭ ᠤᠨ ᠤᠷᠳᠤᠨ ᠠᠴᠠ ︽ᠮᠢᠬᠠᠨ ᠦᠬᠡᠷ ᠮᠢᠬᠠᠨ ᠬᠤᠨᠢᠨ ᠤ ᠦᠢᠯᠡᠰ ᠢ ᠬᠦᠭᠵᠢᠬᠦᠯᠬᠦ ᠰᠠᠭᠤᠷᠢ ᠮᠦᠩᠬᠦ︾ | ᠪᠠᠶᠢᠭᠤᠯᠬᠤ᠂ ᠪᠠᠩᠬᠢ ᠶᠢᠨ ︽ᠦᠬᠡᠷ ᠮᠠᠯᠵᠢᠬᠤ ᠦᠢᠯᠡᠰ ᠢ ᠲᠡᠮᠵᠢᠬᠦ ᠬᠠᠷᠠᠭᠠᠯᠵᠠᠯ ᠤᠨ ᠵᠢᠭᠡᠯᠡᠯᠭᠡ︾᠂ ᠮᠠᠯᠴᠢᠳ | ᠤᠨ ᠦᠪᠡᠷ ᠤᠨ ᠪᠡᠯᠡ ᠬᠤᠷᠠᠮᠳᠤᠭᠤᠯᠭ᠎ᠠ ᠵᠠᠷᠭᠡ ᠠᠷᠭ᠎ᠠ ᠠᠪᠴᠡᠯ ᠢᠶᠠᠷ ᠲᠠᠮᠵᠢᠨ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠠᠴᠠ ᠳᠣᠷᠠᠳᠣᠭᠰᠠᠨ ᠡᠯ᠎ᠡ ᠬᠤᠰᠢᠭᠤ ᠰᠢᠶᠡᠨ ᠳᠤ ᠭᠤᠷᠪᠠᠨ ᠲᠤᠰᠬᠠᠶᠢᠵᠢᠬᠰᠠᠨ ᠬᠤᠷᠰᠢᠶᠠᠵᠢᠯ ︵300 | ᠲᠤᠯᠤᠭᠠᠢ ᠠᠴᠠ ᠲᠡᠭᠡᠭᠰᠢ︶᠂ ᠵᠠᠭᠤᠨ ᠤᠳᠤᠬᠢᠴᠢᠯᠠᠬᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ︵50 | ᠲᠤᠯᠤᠭᠠᠢ ᠠᠴᠠ ᠲᠡᠭᠡᠭᠰᠢ︶ ᠪᠠᠶᠢᠭᠤᠯᠬᠤ ᠬᠠᠷᠠᠯᠲᠠ ᠶᠢ ᠴᠢᠷᠮᠠᠶᠢᠨ ᠪᠡᠶᠡᠯᠡᠬᠦᠯᠥᠨ᠎ᠡ᠃ ᠤᠯᠤᠰ ᠤᠨ ᠲᠡᠰ ᠤᠨ ︽ | ᠪᠠᠷᠢᠮᠵᠢᠶᠠᠵᠢᠭᠰᠠᠨ + ᠮᠠᠯ ᠠᠵᠤ ᠠᠬᠤᠢ︾ ᠶᠢᠨ ᠵᠢᠱᠢᠶ᠎ᠡ ᠦᠵᠡᠬᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠶᠢ | ᠲᠦᠷᠬᠡᠤᠡᠬᠡᠨ᠂ ᠰᠦᠨᠢᠳ ᠬᠤᠨᠢᠨ ᠤ ᠰᠤᠩᠭᠤᠨ ᠪᠤᠶᠢᠵᠢᠭᠤᠯᠬᠤ ᠪᠤᠯᠤᠨ ᠰᠢᠯᠢᠳᠡᠭ ᠡᠬᠦᠯᠳᠡᠷ ᠤᠨ ᠬᠤᠴᠠᠨ ᠤ | ᠲᠦᠪᠯᠡᠷᠡᠭᠦᠯᠦᠭᠰᠡᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶᠠᠳᠤ ᠰᠦᠷᠦᠭ ᠢ 1800 ᠰᠦᠷᠦᠭ ᠠᠴᠠ | 2300 ᠰᠦᠷᠦᠭ ᠪᠤᠯᠭᠠᠨ ᠦᠷᠭᠡᠳᠬᠡᠵᠦ᠂ ᠤᠯᠤᠰ ᠤᠨ ᠲᠡᠰ ᠤᠨ ᠮᠢᠬᠠᠨ ᠬᠤᠨᠢ ᠶᠢ ᠪᠤᠶᠢᠵᠢᠭᠤᠯᠤᠨ | ᠥᠷᠡᠵᠢᠬᠦᠯᠬᠦ ᠭᠤᠤᠯᠳᠠᠯᠭᠠᠲᠤ ᠳᠠᠯᠠᠪᠠᠢ ᠪᠠ ᠤᠯᠤᠰ ᠤᠨ ᠳᠡᠰ ᠤᠨ ᠮᠢᠬᠠᠨ ᠤ ᠲᠥᠷᠥᠯ ᠵᠥᠢᠯ ᠢ ᠨᠥᠬᠡᠴᠡᠯᠡᠬᠦ | ᠰᠠᠭᠤᠷᠢᠨ ᠭᠠᠵᠠᠷ ᠢ ᠢᠳᠡᠪᠬᠢᠲᠠᠢ ᠪᠥᠳᠥᠬᠡᠨ ᠪᠠᠶᠢᠭᠤᠯᠤᠨ᠎ᠠ᠃ ᠨᠤᠳᠤᠭ ᠤᠨ ᠥᠬᠡᠷ ᠪᠣᠯᠣᠨ ᠰᠦᠨᠢᠥᠨ ᠬᠤᠣᠰ | ᠪᠦᠭᠦᠳᠣ ᠳᠡᠮᠡᠭᠡ ᠶᠢᠨ ᠡᠭᠦᠯᠳᠡᠷ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠮᠠᠯ ᠠᠵᠤ ᠠᠬᠤᠢ ᠶᠢᠨ ᠠᠵᠤ | ᠦᠢᠯᠡᠰᠵᠢᠭᠰᠡᠨ ᠭᠥᠭᠵᠢᠯᠳᠡ ᠶᠢ ᠳᠦᠯᠬᠢᠨ ᠠᠭᠢᠭᠤᠯᠤᠨ᠎ᠠ᠃ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ | ᠠᠬᠤᠶᠢᠯᠠᠯ ᠢ ᠬᠦᠮᠦᠵᠢᠭᠦᠯᠬᠦ ᠪᠠ ᠬᠠᠪᠰᠤᠷᠤᠨ ᠳᠡᠮᠵᠢᠭᠦ ᠬᠦᠴᠦᠯᠡᠴᠡ ᠪᠠᠨ ᠨᠡᠮᠡᠭᠳᠡᠬᠦᠯᠵᠦ᠂ ︽ᠬᠤᠷᠰᠢᠶᠠᠵᠢᠯ + | ᠠᠵᠤ ᠠᠬᠤᠶᠢᠯᠠᠯ + ᠲᠤᠭᠤᠷᠢᠭ︾᠂ ︽ᠠᠵᠦ ᠠᠬᠤᠶᠢᠯᠠᠯ + ᠰᠠᠭᠤᠷᠢᠨ ᠭᠠᠵᠠᠷ + ᠮᠠᠯᠴᠢᠨ ᠡᠷᠦᠬᠡ︾ ᠶᠢᠨ | ᠠᠰᠢᠭ ᠲᠤᠰᠠ ᠬᠤᠯᠪᠤᠯᠳᠤᠭᠰᠠᠨ ᠲᠤᠭᠲᠠᠯᠴᠠᠭ᠎ᠠ ᠶᠢ ᠳᠠᠰᠣᠷᠠᠯᠳᠠ ᠦᠭᠡᠢ ᠲᠡᠭᠦᠯᠳᠡᠷᠵᠢᠭᠦᠯᠵᠦ᠂ ᠰᠦᠨᠢᠥᠨ ᠬᠤᠨᠢᠨ | ᠤ ᠦᠢᠯᠡᠳᠪᠦᠷᠢᠯᠡᠯ ᠤᠨ ᠬᠡᠯᠬᠢᠶᠡᠰᠦ ᠶᠢ ᠳᠡᠳᠬᠦᠬᠦ ᠪᠠᠷ ᠳᠣᠷᠰᠢᠯᠳᠠ ᠶᠢᠨ ᠴᠢᠭ ᠪᠤᠯᠭᠠᠵᠤ᠂ ᠨᠡᠶᠢᠬᠡᠮ ᠤᠨ | ᠬᠥᠷᠥᠩᠬᠡ ᠪᠠᠷ ᠭᠤᠤᠯ ᠪᠤᠯᠭᠠᠨ᠂ ᠵᠠᠰᠠᠭ ᠤᠨ ᠣᠷᠳᠣᠨ ᠳᠣᠷᠰᠢᠯᠳᠠ ᠶᠢᠨ ᠴᠡᠭ ᠤᠨ ᠠᠵᠤ ᠠᠬᠤᠶᠢᠯᠠᠯ ᠳᠤ ᠮᠠᠯ | ᠠᠵᠤ ᠠᠬᠤᠢ ᠶᠢᠨ ᠪᠡᠯᠡ ᠨᠡᠶᠢᠯᠡᠬᠦᠯᠬᠦ ᠬᠥᠭᠵᠢᠯᠲᠠ ᠶᠢᠨ ᠰᠠᠭᠤᠷᠢ ᠮᠥᠩᠬᠦ ᠪᠠᠶᠢᠭᠤᠯᠬᠤ ᠵᠡᠷᠬᠡ ᠬᠡᠯᠪᠡᠷᠢ ᠪᠠᠷ ᠪᠣᠳᠠᠳᠣ | ᠠᠵᠤ ᠠᠬᠤᠶᠢᠯᠠᠯ ᠪᠠ ᠬᠤᠳᠠᠯᠳᠣᠭᠠᠨ ᠤ ᠠᠵᠤ ᠠᠬᠤᠢ ᠥᠳᠲᠦᠷ ᠳᠦᠷᠭᠡᠨ ᠭᠦᠭᠵᠢᠭᠦ ᠶᠢ ᠲᠦᠯᠬᠢᠨ | ᠠᠬᠢᠭᠤᠯᠤᠭᠰᠠᠨ ᠮᠠᠯ ᠠᠵᠤ ᠠᠬᠤᠢ ᠶᠢᠨ ᠪᠡᠯᠡ ᠨᠡᠶᠢᠯᠡᠬᠦᠯᠬᠦ ᠳᠦᠷᠣᠯ ᠵᠤᠶᠢᠯ ᠢ ᠬᠡᠷᠡᠭᠵᠢᠭᠦᠯᠵᠦ᠂ ᠵᠠᠬ᠎ᠠ ᠳᠡᠯᠭᠡᠭᠦᠷ | ᠶᠢᠨ ᠪᠤᠷᠤᠯᠠᠭᠤᠯᠭ᠎ᠠ ᠶᠢᠨ ᠲᠠᠬᠢᠨ ᠬᠤᠪᠢᠶᠠᠷᠢᠯᠠᠯᠳᠠ ᠪᠠᠷ ᠳᠠᠮᠵᠢᠨ ᠮᠠᠯᠴᠢᠥᠨ ᠤᠨ ᠣᠷᠣᠯᠭ᠎ᠠ ᠶᠢ ᠨᠡᠮᠡᠭᠳᠡᠬᠦᠯᠦᠨ᠎ᠡ᠃ | ᠮᠠᠯᠴᠢᠳ ᠲᠤ ᠨᠤᠲᠤᠭ ᠪᠡᠯᠴᠢᠭᠡᠷ ᠤᠨ ᠡᠵᠡᠩᠨᠡᠯᠳᠡ ᠶᠢᠨ ᠡᠷᠬᠡ᠂ ᠪᠡᠯᠡ ᠮᠥᠩᠭᠦ᠂ ᠬᠦᠳᠡᠯᠮᠦᠷᠢ ᠬᠦᠴᠦ ᠵᠡᠷᠭᠡ | ᠦᠢᠯᠡᠳᠪᠦᠷᠢᠯᠡᠯ ᠤᠨ ᠭᠤᠤᠯ ᠡᠯᠧᠮᠧᠨ᠋ᠲ ᠢᠶᠠᠷ ᠬᠤᠪᠢ ᠤᠷᠤᠬᠤ ᠵᠠᠮ ᠢ ᠢᠳᠡᠪᠬᠢᠲᠠᠢ ᠰᠦᠪᠡᠭᠴᠢᠯᠡᠨ ᠦᠭᠴᠦ᠂ | ᠮᠢᠬᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠢ ᠬᠠᠮᠠᠭᠠᠯᠠᠯᠳᠠ ᠶᠢᠨ ᠦᠨ᠎ᠡ ᠪᠠᠷ ᠬᠤᠳᠠᠯᠳᠤᠨ ᠠᠪᠬᠤ᠂ | ᠠᠰᠢᠭ ᠤᠷᠤᠯᠭ᠎ᠠ ᠶᠢ ᠪᠤᠴᠠᠭᠠᠬᠤ᠂ ᠠᠶᠤᠯ ᠲᠦᠭᠰᠢᠭᠦᠷᠢ ᠶᠢᠨ ᠰᠠᠭᠤᠷᠢ ᠮᠥᠩᠭᠦ ᠪᠠᠶᠢᠭᠤᠯᠬᠤ ᠵᠡᠷᠭᠡ ᠬᠡᠯᠪᠡᠷᠢ ᠪᠠᠷ | ᠵᠠᠬ᠎ᠠ ᠳᠡᠯᠬᠡᠬᠦᠷ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠦᠷᠢ ᠶᠢ ᠳᠡᠭᠡᠭᠰᠢᠯᠡᠬᠦᠯᠦᠨ᠎ᠡ᠃ ᠰᠦᠨᠢᠳ ᠬᠤᠨᠢ | ᠶᠢ ᠲᠡᠵᠢᠬᠡᠨ ᠦᠷᠡᠵᠢᠭᠦᠯᠬᠦ ᠨᠡᠶᠢᠬᠡᠮᠯᠢᠭ ᠤᠨ ᠳᠦᠷᠢᠮᠵᠢᠭᠰᠡᠨ ᠵᠤᠬᠢᠴᠠᠩᠭᠤᠢ ᠬᠦᠭᠵᠢᠯᠳᠡ ᠶᠢ ᠬᠠᠪᠰᠤᠷᠤᠨ ᠳᠡᠮᠵᠢᠵᠦ᠂ | ᠠᠵᠤ ᠠᠬᠤᠶᠢᠯᠠᠯ ᠪᠤᠯᠤᠨ ᠵᠠᠰᠠᠭ ᠤᠨ ᠤᠷᠳᠤᠨ ᠤ ᠰᠠᠶᠢᠨ ᠰᠠᠶᠢᠬᠠᠨ ᠬᠠᠷᠢᠴᠠᠭ᠎ᠠ ᠶᠢ ᠪᠤᠢ ᠪᠤᠯᠭᠠᠵᠤ᠂ ᠵᠠᠬ᠎ᠠ | ᠳᠡᠯᠬᠡᠬᠦᠷ ᠤᠨ ᠳᠦᠷᠢᠮ ᠳᠤᠭᠳᠠᠭᠠᠯ ᠶᠤᠰᠤᠭᠠᠷ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢ ᠳᠦᠷᠢᠮᠵᠢᠭᠦᠯᠵᠦ᠂ | ᠡᠷᠬᠡ ᠳᠡᠭᠰᠢ ᠪᠠᠷ ᠦᠷᠢᠰᠦᠯᠳᠦᠬᠦ ᠶᠢ ᠠᠬᠢᠭᠤᠯᠵᠤ᠂ ᠠᠵᠢᠯ ᠲᠦᠷᠦᠯ ᠤᠨ ᠶᠡᠷᠥᠩᠬᠡᠢ ᠬᠡᠪ ᠴᠢᠨᠠᠷ ᠪᠠ ᠬᠠᠷᠢᠯᠴᠠᠨ | ᠠᠪᠴᠠᠯᠳᠤᠬᠤ ᠬᠦᠴᠦᠨ ᠢ ᠳᠡᠭᠡᠭᠰᠢᠯᠡᠬᠦᠯᠦᠨ᠎ᠡ᠃ ᠬᠡᠷ ᠪᠦᠯᠢ ᠶᠢᠨ ᠮᠠᠯᠵᠢᠯ ᠤᠨ ᠲᠠᠯᠠᠪᠠᠢ᠂ ᠬᠤᠷᠰᠢᠶᠠᠵᠢᠯ ᠵᠡᠷᠭᠡ | ᠮᠠᠯᠴᠢᠳ ᠤᠨ ᠬᠤᠷᠰᠢᠭᠰᠠᠨ ᠵᠤᠬᠢᠶᠠᠨ ᠪᠠᠶᠢᠭᠤᠯᠤᠯᠳᠠ ᠶᠢ ᠤᠯᠠᠮ ᠨᠢᠬᠡ ᠠᠯᠬᠤᠮ ᠳᠦᠷᠢᠮᠵᠢᠭᠦᠯᠵᠦ᠂ ᠵᠤᠬᠢᠶᠠᠨ | ᠪᠠᠶᠢᠭᠤᠯᠤᠯᠳᠠ ᠪᠠ ᠠᠵᠤ ᠦᠢᠯᠡᠰᠵᠢᠯᠳᠡ ᠶᠢᠨ ᠬᠢᠷᠢ ᠲᠦᠪᠰᠢᠨ ᠶᠢ ᠳᠠᠰᠤᠷᠠᠯᠳᠠ ᠦᠬᠡᠢ ᠳᠡᠭᠡᠭᠰᠢᠯᠡᠬᠦᠯᠵᠦ᠂ ᠠᠵᠤ | ᠠᠬᠤᠶᠢᠯᠠᠯ ᠤᠨ ᠬᠦᠭᠵᠢᠯᠳᠡ ᠶᠢ ᠳᠦᠷᠬᠡᠳᠬᠡᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠤᠨ᠎ᠡ᠃ ᠨᠡᠷᠡᠳᠣ | ᠳᠡᠮᠳᠡᠭ ᠤᠨ ᠪᠠᠶᠢᠯᠳᠣᠬᠤ ᠪᠤᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠳᠡᠰ ᠤᠨ ︽ᠪᠤᠬᠢᠷᠳᠤᠯ ᠦᠭᠡᠢ | ᠤᠷᠭᠠᠨᠢᠭ ᠮᠠᠯ ᠤᠨ ᠪᠦᠲᠦᠭᠡᠭᠳᠡᠭᠦᠨ ᠢ ᠬᠠᠩᠭᠠᠬᠤ ᠪᠠᠷᠢᠮᠵᠢᠶᠠᠵᠢᠭᠰᠡᠨ ᠮᠠᠯᠵᠢᠯ ᠤᠨ ᠵᠢᠱᠢᠶ᠎ᠡ ᠦᠵᠡᠭᠦᠯᠬᠦ ᠲᠤᠭᠤᠷᠢᠭ︾ | ᠤᠨ ᠲᠦᠷᠤᠯ ᠵᠦᠢᠯ ᠢ ᠢᠳᠡᠪᠬᠢᠲᠠᠢ ᠪᠠᠶᠢᠭᠤᠯᠵᠤ᠂ ᠮᠠᠯᠴᠢᠥᠨ ᠪᠠ ᠬᠤᠷᠰᠢᠭᠰᠠᠨ ᠵᠤᠬᠢᠶᠠᠨ ᠪᠠᠶᠢᠭᠤᠯᠤᠯᠳᠠ ᠶᠢ | ᠮᠦᠷᠳᠡᠨ ᠨᠡᠬᠡᠮᠵᠢᠯᠡᠬᠦ ᠪᠦᠲᠦᠬᠡᠨ ᠪᠠᠶᠢᠭᠤᠯᠤᠯᠳᠠ ᠳᠤ ᠣᠷᠣᠯᠴᠠᠬᠤ ᠶᠢ ᠵᠣᠷᠢᠭᠵᠢᠭᠤᠯᠵᠤ᠂ ᠪᠥᠬᠦ ᠰᠥᠨᠢᠳ ᠬᠤᠨᠢ | ᠶᠢ ᠮᠦᠷᠳᠡᠨ ᠨᠡᠬᠡᠮᠵᠢᠯᠡᠬᠦ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠬᠤ ᠶᠢ ᠴᠢᠷᠮᠠᠶᠢᠨ ᠪᠡᠶᠡᠯᠡᠭᠦᠯᠤᠨ᠎ᠡ᠃ ︽ | ᠰᠦᠨᠢᠳ ᠵᠡᠬᠦᠨ ᠬᠤᠰᠢᠭᠤᠨ ᠤ ᠠᠮᠢᠳᠤ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠤᠷᠤᠯᠴᠠᠬᠤ ᠶᠢ ᠬᠢᠨᠠᠨ | ᠵᠦᠪᠰᠢᠶᠡᠷᠡᠬᠦ ᠬᠠᠮᠢᠶᠠᠷᠤᠯᠲᠠ ᠶᠢᠨ ᠠᠷᠭ᠎ᠠ︾ ᠪᠠ ︽ᠰᠦᠨᠢᠳ ᠵᠡᠬᠦᠨ ᠬᠤᠰᠢᠭᠤᠨ ᠤ ᠡᠳ᠋ᠰᠢᠭᠦᠯᠦᠨ | ᠪᠤᠯᠪᠠᠰᠤᠷᠠᠭᠤᠯᠬᠤ ᠠᠵᠤ ᠠᠬᠤᠶᠢᠯᠠᠯ ᠤᠨ ᠭᠠᠳᠠᠨ᠎ᠠ ᠠᠴᠠ ᠤᠷᠤᠭᠤᠯᠤᠭᠰᠠᠨ ᠠᠮᠢᠳᠤ ᠮᠠᠯ ᠢ ᠠᠯᠠᠵᠤ ᠨᠢᠳᠤᠯᠬᠤ | ᠬᠠᠮᠢᠶᠠᠷᠤᠯᠳᠠ ᠶᠢᠨ ᠠᠷᠭ᠎ᠠ︾ ᠶᠢ ᠰᠤᠳᠤᠯᠤᠨ ᠳᠤᠭᠳᠠᠭᠠᠨ ᠳᠦᠷᠢᠮᠵᠢᠬᠦᠯᠵᠦ᠂ ᠨᠡᠷᠡᠲᠦ ᠲᠡᠮᠳᠡᠭ ᠢ ᠠᠰᠢᠭᠯᠠᠨ | ᠵᠠᠬ᠎ᠠ ᠳᠤ ᠭᠠᠷᠭᠠᠬᠤ ᠶᠢ ᠴᠢᠩᠭ᠎ᠠ ᠬᠤᠷᠢᠭᠯᠠᠨ᠂ ᠪᠠᠶᠢᠭᠠᠯᠢᠭ ᠰᠢᠯᠢᠳᠡᠭ ᠰᠦᠨᠢᠳ ᠬᠤᠨᠢᠨ ᠤ ᠨᠡᠷᠡᠲᠦ ᠲᠡᠮᠳᠡᠭ ᠢ | ᠰᠠᠶᠢᠳᠤᠷ ᠬᠠᠮᠠᠭᠠᠯᠠᠨ᠎ᠠ᠃ ᠰᠦᠨᠢᠳ ᠬᠤᠨᠢᠨ ᠮᠢᠬᠠᠨ ᠤ ᠭᠠᠵᠠᠷ ᠵᠦᠢ ᠶᠢᠨ ᠪᠠᠶᠢᠷᠢᠰᠢᠯ ᠤᠨ ᠬᠠᠮᠠᠭᠠᠯᠠᠯᠳᠠ ᠶᠢᠨ | ᠪᠦᠲᠦᠬᠡᠭᠳᠡᠭᠦᠨ ᠤ ᠳᠠᠪᠠᠭᠤᠯᠢᠭ ᠲᠠᠯ᠎ᠠ ᠶᠢ ᠬᠦᠢᠴᠡᠳ ᠠᠰᠢᠭᠯᠠᠵᠤ᠂ ᠡᠯ᠎ᠡ ᠵᠦᠢᠯ ᠤᠨ ᠮᠠᠯ ᠤᠨ ᠪᠦᠲᠦᠬᠡᠭᠳᠡᠭᠦᠨ ᠢ | ᠳᠡᠯᠬᠡᠨ ᠪᠤᠷᠤᠯᠠᠭᠤᠯᠬᠤ ᠬᠦᠳᠡᠯᠬᠡᠬᠡᠨ ᠳᠤ ᠢᠳᠡᠪᠬᠢᠲᠠᠢ ᠤᠷᠤᠯᠴᠠᠵᠤ᠂ ᠰᠦᠨᠢᠳ ᠬᠤᠨᠢᠨ ᠤ ᠠᠵᠤ ᠦᠢᠯᠡᠰ ᠤᠨ | ᠬᠦᠭᠵᠢᠯᠳᠡ ᠪᠠ ᠬᠤᠨᠢᠨ ᠮᠢᠬᠠᠨ ᠤ ᠪᠦᠲᠦᠬᠡᠭᠳᠡᠭᠦᠨ ᠢ ᠨᠡᠬᠡᠬᠡᠨ ᠠᠰᠢᠭᠯᠠᠬᠤ ᠰᠤᠳᠤᠯᠭᠠᠨ ᠶᠠᠷᠢᠯᠴᠠᠭᠠᠨ ᠤ | ᠬᠦᠳᠡᠯᠬᠡᠬᠡᠨ ᠢ ᠦᠷᠨᠢᠬᠦᠯᠵᠦ᠂ ︽ᠵᠡᠬᠦᠨ ᠰᠦᠨᠢᠳ ᠤᠨ ᠬᠤᠨᠢᠨ ᠮᠢᠬ᠎ᠠ︾ ᠨᠡᠷᠡᠲᠦ ᠳᠡᠮᠳᠡᠭ ᠢ ᠰᠠᠶᠢᠳᠤᠷ | ᠤᠬᠠᠭᠤᠯᠵᠤ᠂ ᠮᠠᠯ ᠤᠨ ᠪᠦᠲᠦᠬᠡᠭᠳᠡᠬᠦᠨ ᠤ ᠨᠡᠷ᠎ᠡ ᠳᠡᠮᠳᠡᠭ ᠪᠤᠯᠤᠨ ᠨᠦᠯᠦᠭᠡᠯᠡᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠢᠯᠢᠳᠡᠭ ᠴᠢᠨᠠᠷ ᠢ ᠪᠠᠲᠤᠯᠠᠬᠤ ᠪᠠ ᠦᠨᠳᠦᠷ ᠦᠨ᠎ᠡ ᠳᠤ ᠬᠦᠷᠭᠡᠬᠦ ᠶᠢ ᠪᠡᠶᠡᠯᠡᠬᠦᠯᠦᠨ᠎ᠡ᠃ ᠮᠠᠯ | ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠢ ᠳᠡᠭᠡᠭᠰᠢᠯᠡᠬᠦᠯᠦᠨ᠎ᠡ᠃ ᠲᠧᠭᠨᠢᠭ | ᠮᠡᠷᠭᠡᠵᠢᠯ ᠤᠨ ᠲᠦᠷᠦᠯ ᠵᠦᠢᠯ ᠤᠨ ᠬᠦᠮᠦᠷᠭᠡ ᠶᠢ ᠪᠠᠶᠢᠭᠤᠯᠵᠤ᠂ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ | ᠰᠤᠳᠤᠯᠤᠨ ᠳᠡᠯᠬᠡᠷᠡᠭᠦᠯᠬᠦ ᠠᠵᠢᠯ ᠢ ᠰᠠᠶᠢᠲᠤᠷ ᠠᠳᠬᠤᠵᠤ᠂ ᠠᠵᠤ ᠦᠢᠯᠡᠳᠪᠦᠷᠢ ᠤᠨ ᠲᠤᠭᠤᠷᠢᠭ ᠤᠨ ᠠᠵᠤ | ᠠᠬᠤᠶᠢᠯᠠᠯ ᠠᠴᠠ ᠶᠡᠭᠡ ᠰᠤᠷᠭᠠᠭᠤᠯᠢ᠂ ᠰᠤᠳᠤᠯᠠᠭᠠᠨ ᠤ ᠪᠠᠶᠢᠭᠤᠯᠤᠮᠵᠢ ᠲᠠᠢ ᠬᠤᠷᠰᠢᠨ ᠰᠢᠨᠵᠢᠯᠡᠭᠡ ᠮᠡᠷᠭᠡᠵᠢᠯ ᠪᠠᠷ | ᠰᠢᠨ᠎ᠡ ᠶᠢ ᠡᠭᠦᠳᠬᠦ ᠶᠢ ᠵᠤᠷᠢᠭᠵᠢᠭᠤᠯᠤᠨ᠎ᠠ᠃ ᠰᠦᠨᠢᠤᠨ ᠬᠤᠨᠢᠨ ᠤ ᠪᠦᠳᠤᠬᠡᠭᠳᠡᠬᠦᠨ ᠢ ᠨᠡᠬᠡᠬᠡᠨ ᠬᠦᠭᠵᠢᠬᠦᠯᠬᠦ | ᠰᠢᠨᠵᠢᠯᠡᠭᠡ ᠮᠡᠷᠬᠡᠵᠢᠯ ᠤᠨ ᠰᠤᠳᠤᠯᠭᠠᠨ ᠤ ᠬᠦᠷᠢᠶᠡᠯᠡᠩ ᠤᠨ ᠡᠯ᠎ᠡ ᠳᠦᠷᠦᠯ ᠤᠨ ᠰᠤᠳᠤᠯᠭᠠᠨ ᠤ ᠠᠵᠢᠯ ᠢ ᠰᠠᠶᠢᠳᠤᠷ | ᠡᠷᠬᠢᠯᠡᠨ ᠶᠠᠪᠤᠭᠳᠠᠭᠤᠯᠵᠤ᠂ ᠰᠦᠨᠢᠳ ᠬᠤᠨᠢᠨ ᠤ ᠤᠳᠤᠮᠯᠠᠯ ᠤᠨ ᠬᠠᠮᠠᠭᠠᠯᠠᠯᠲᠠ᠂ ᠬᠤᠨᠢᠨ ᠮᠢᠬᠠᠨ ᠤ ᠴᠢᠨᠠᠷ ᠢ | ᠵᠠᠳᠠᠯᠤᠨ ᠰᠢᠯᠭᠠᠬᠤ ᠵᠠᠷᠭᠡ ᠮᠡᠷᠭᠡᠵᠢᠯ ᠤᠨ ᠠᠷᠭ᠎ᠠ ᠠᠪᠴᠠᠯ ᠢᠶᠠᠷ ᠰᠦᠨᠢᠳ ᠬᠤᠨᠢᠨ ᠤ ᠠᠵᠤ ᠦᠢᠯᠡᠰ ᠤᠨ ᠪᠦᠬᠦᠯᠢ | ᠴᠤᠭᠴᠠᠳᠦ ᠶᠡᠷᠦᠩᠬᠡᠶᠢᠯᠡᠭᠰᠡᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠴᠠᠭ ᠠᠭᠤᠷ ᠤᠨ ᠤᠳᠤᠬᠢᠴᠢᠯᠠᠭᠰᠠᠨ | ᠦᠢᠯᠡᠴᠢᠯᠡᠬᠡᠨ ᠤ ᠰᠢᠰᠲ᠋ᠧᠮ ᠤᠨ ᠪᠦᠲᠦᠬᠡᠨ ᠪᠠᠶᠢᠭᠤᠯᠤᠯᠳᠠ ᠶᠢ ᠴᠢᠩᠭᠠᠳᠬᠠᠵᠤ᠂ ᠮᠠᠯᠵᠢᠬᠤ ᠦᠢᠯᠡᠳᠪᠦᠷᠢᠯᠡᠯ ᠤᠨ | ᠭᠠᠮᠰᠢᠭ ᠢ ᠰᠡᠷᠬᠡᠶᠢᠯᠡᠵᠦ ᠡᠰᠡᠷᠬᠦᠴᠡᠬᠦ ᠴᠢᠳᠠᠪᠦᠷᠢ ᠶᠢ ᠨᠡᠮᠡᠭᠳᠡᠭᠦᠯᠦᠨ᠎ᠡ᠃ | ︵ᠭᠤᠷᠪᠠ︶ ᠠᠵᠦ ᠦᠢᠯᠡᠰ ᠤᠨ ᠪᠣᠵᠠᠭᠠᠶᠢᠷᠠᠯ ᠢ ᠲᠣᠪᠣᠶᠢᠯᠭᠠᠵᠦ᠂ ᠳᠦᠪᠯᠡᠷᠡᠯ ᠤᠨ ᠭᠦᠭᠵᠢᠯᠳᠡ ᠶᠢ | ᠲᠦᠯᠬᠢᠨ ᠠᠬᠢᠭᠤᠯᠵᠦ᠂ ᠠᠵᠦ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠡᠳᠬᠡᠬᠦ᠂ ᠶᠠᠰᠦ ᠴᠢᠨᠠᠷ ᠦᠷ᠎ᠡ ᠪᠦᠳᠦᠮᠵᠢ | ᠶᠢ ᠨᠡᠮᠡᠭᠳᠡᠭᠦᠯᠬᠦ ᠲᠠᠯ᠎ᠠ ᠪᠠᠷ ᠰᠢᠨ᠎ᠡ ᠠᠬᠢᠴᠠ ᠶᠢ ᠣᠯᠬᠤ ᠪᠠᠷ ᠴᠢᠷᠮᠠᠶᠢᠨ᠎ᠠ᠃ ᠠᠶᠢᠮᠠᠭ ᠤᠨ ᠣᠯᠣᠰ ᠤᠨ | ᠭᠤᠣᠯᠳᠠᠯᠭ᠎ᠠ ᠲᠠᠢ ᠴᠡᠪᠡᠷ ᠡᠨᠧᠷᠬᠢ ᠶᠢᠨ ᠬᠠᠩᠭᠠᠯᠳᠠ ᠶᠢᠨ ᠰᠠᠭᠤᠷᠢᠨ ᠭᠠᠵᠠᠷ ᠢ ᠪᠠᠶᠢᠭᠤᠯᠬᠤ ᠲᠣᠬᠢᠶᠠᠯ ᠢ | ᠦᠷᠭᠦᠯᠵᠢᠯᠡᠨ ᠠᠳᠬᠤᠵᠦ᠂ ᠣᠨᠴᠠ ᠦᠨᠳᠦᠷ ᠭᠦᠴᠦᠳᠡᠯᠳᠦ ᠴᠠᠬᠢᠯᠭᠠᠨ ᠢ ᠭᠠᠳᠠᠭᠰᠢ ᠭᠦᠷᠭᠡᠬᠦ ᠵᠠᠮ ᠪᠠ ᠢᠵᠢ | ᠪᠦᠷᠢᠯᠳᠦᠭᠦᠯᠦᠭᠰᠡᠨ ᠴᠠᠬᠢᠯᠭᠠᠨ ᠬᠠᠩᠭᠠᠬᠤ ᠴᠢᠭ ᠤᠨ ᠪᠦᠳᠦᠭᠡᠨ ᠪᠠᠶᠢᠭᠤᠯᠣᠯᠳᠠ ᠶᠢ ᠲᠦᠷᠭᠡᠳᠬᠡᠨ᠂ ᠣᠯᠠᠮᠵᠢᠯᠠᠯᠳᠦ | ᠠᠵᠦ ᠦᠢᠯᠡᠰ ᠢ ᠦᠭᠡᠷᠡᠴᠢᠯᠡᠨ ᠳᠡᠰ ᠳᠡᠪᠰᠢᠭᠦᠯᠵᠦ᠂ ᠰᠢᠨ᠎ᠡ ᠪᠠᠷ ᠭᠦᠭᠵᠢᠭᠰᠡᠨ ᠠᠵᠦ ᠦᠢᠯᠡᠰ ᠢ | ᠪᠣᠵᠠᠭᠠᠶᠢᠷᠠᠭᠤᠯᠣᠨ᠂ ᠠᠵᠦ ᠠᠬᠤᠢ ᠶᠢᠨ ᠪᠣᠳᠠᠳᠦ ᠭᠦᠴᠦᠨ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ᠭᠤᠣᠯᠳᠠᠯᠭ᠎ᠠ | ᠲᠠᠢ ᠠᠵᠦ ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠣᠨ᠎ᠠ᠃ ᠪᠦᠬᠦ ᠵᠢᠯ ᠳᠤ 16 ᠲᠦᠷᠤᠯ ᠤᠨ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠲᠦᠷᠦᠯ ᠵᠦᠢᠯ | ᠢ ᠲᠤᠬᠢᠷᠠᠭᠤᠯᠵᠥ᠂ 20 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠵᠦ | ᠪᠠᠶᠢᠨ᠎ᠠ᠃ ᠳ᠋ᠠ ᠲᠠᠩ ᠳ᠋ᠢᠩ ᠸᠠᠩ ᠠᠽᠤᠲ ᠬᠦᠴᠢᠯ ᠤᠨ ᠠᠮᠮᠤᠨᠢ ᠪᠠ ᠠᠽᠤᠲ ᠶᠢᠨ ᠨᠠᠶᠢᠯᠡᠮᠡᠯ ᠪᠤᠷᠳᠤᠭᠤᠷ ᠤᠨ | ᠲᠦᠷᠦᠯ ᠵᠦᠢᠯ ᠢ 4 ᠰᠠᠷ᠎ᠠ ᠠᠴᠠ ᠡᠬᠢᠯᠡᠵᠤ ᠪᠦᠳᠦᠭᠡᠨ ᠪᠠᠶᠢᠭᠤᠯᠵᠥ᠂ 9 ᠰᠠᠷ᠎ᠠ ᠳᠤ ᠳᠠᠩ ᠴᠤᠭᠴᠠᠲᠤ ᠮᠠᠰᠢᠨ ᠢ | ᠲᠤᠷᠰᠢᠨ ᠬᠥᠳᠡᠯᠬᠡᠵᠤ᠂ ᠲᠥᠷᠪᠡᠳᠣᠬᠡᠷ ᠤᠯᠠᠷᠢᠯ ᠳᠤ ᠪᠥᠬᠦᠯᠢ ᠴᠣᠭᠴᠠᠲᠤ ᠮᠠᠰᠢᠨ ᠢ ᠲᠤᠷᠰᠢᠨ ᠬᠥᠳᠡᠯᠬᠡᠨᠡ᠃ | ᠬᠤᠰᠢᠭᠤ ᠱᠠᠳᠣᠨ ᠤ ᠡᠯ᠎ᠡ ᠪᠠᠶᠢᠭᠤᠯᠭ᠎ᠠ᠂ ᠰᠣᠮᠣ ᠪᠠᠯᠭᠠᠰᠦ᠂ ᠭᠠᠴᠠᠭ᠎ᠠ ᠭᠤᠷᠪᠠᠨ ᠱᠠᠳᠣᠨ ᠤ ᠭᠦᠴᠦᠨ ᠶᠢ | ᠬᠠᠮᠳᠣᠳᠬᠠᠨ ᠪᠦᠭᠦ ᠭᠦᠴᠤᠨ ᠢᠶᠠᠷ ᠦᠷᠨᠢᠯᠲᠤ ᠦᠩᠬᠡᠳᠤ ᠲᠡᠮᠦᠷᠯᠢᠭ ᠢ ᠰᠣᠩᠭᠤᠨ ᠪᠤᠯᠪᠠᠰᠣᠷᠠᠭᠤᠯᠬᠤ ᠲᠦᠷᠦᠯ | ᠵᠦᠢᠯ ᠢ ᠳᠦᠯᠭᠢᠨ ᠠᠭᠢᠭᠤᠯᠵᠤ᠂ 8 ᠰᠠᠷ᠎ᠠ ᠠᠴᠠ ᠡᠬᠢᠯᠡᠨ ᠪᠦᠳᠦᠭᠡᠨ ᠪᠠᠶᠢᠭᠤᠯᠤᠨ᠎ᠠ᠂ ᠪᠠᠶ᠋ᠬᠠᠭᠤᠯᠠ ᠶᠢᠨ ᠦᠷᠡᠨ | ᠮᠠᠯᠳᠠᠬᠤ ᠲᠦᠷᠦᠯ ᠵᠦᠢᠯ ᠢ 10 ᠰᠠᠷ᠎ᠠ ᠳᠤ ᠠᠰᠢᠭᠯᠠᠯᠲᠠ ᠳᠤ ᠤᠷᠤᠭᠤᠯᠤᠨ᠎ᠠ︔ ᠰᠠᠨ ᠰᠢᠨ ᠬᠠᠶᠢᠯᠠᠭᠤᠷ ᠵᠤᠩᠰᠢ | ᠶᠢ ᠢᠯᠭᠠᠷᠠᠭᠤᠯᠬᠤ ᠲᠦᠷᠦᠯ ᠵᠦᠢᠯ᠂ ᠴᠠᠩᠲᠤ ᠤᠪᠤᠭ᠎ᠠ ᠠᠯᠳᠠᠨ ᠤ ᠠᠭᠤᠷᠬᠠᠢ ᠶᠢᠨ ᠲᠦᠷᠦᠯ ᠵᠦᠢᠯ ᠢ ᠵᠢᠯ ᠤᠨ | ᠲᠤᠳᠤᠷ᠎ᠠ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃ ᠨᠠᠷᠠ ᠰᠠᠯᠬᠢᠨ ᠤ ᠴᠠᠬᠢᠯᠭᠠᠨ ᠭᠠᠷᠭᠠᠬᠤ ᠵᠡᠷᠭᠡ | ᠴᠡᠪᠡᠷ ᠡᠨᠧᠷᠬᠢ ᠶᠢᠨ ᠠᠵᠤ ᠦᠢᠯᠡᠰ ᠢ ᠶᠡᠬᠡᠪᠡᠷ ᠬᠦᠭᠵᠢᠬᠦᠯᠵᠤ᠂ ᠳ᠋ᠠ ᠲᠠᠩ ᠤᠨ 3 ᠲᠦᠮᠡᠨ ᠺᠢᠯᠦᠸᠠᠲ ᠶᠢᠨ | ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ᠂ ᠬᠤᠸᠠᠨ ᠰᠢᠨ ᠨᠢᠭᠡᠳᠤᠭᠡᠷ ᠬᠤᠭᠤᠴᠠᠭᠠᠨ ᠤ 5 ᠲᠦᠮᠡᠨ | ᠺᠢᠯᠦᠸᠠᠲ ᠶᠢᠨ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠢ ᠳᠡᠭᠡᠷ᠎ᠡ ᠬᠠᠭᠠᠰ ᠵᠢᠯ ᠳᠤ ᠴᠠᠬᠢᠯᠭᠠᠨ | ᠭᠠᠷᠭᠠᠬᠤ ᠶᠢ ᠪᠡᠶᠡᠯᠡᠭᠦᠯᠦᠨ᠎ᠡ︔ ᠡᠷᠢᠶᠡᠨ ᠬᠤᠳᠠ ᠶᠢᠨ ᠪᠢᠴᠢᠯ ᠴᠠᠬᠢᠯᠭᠠᠨ ᠲᠤᠤᠷ ᠤᠨ ᠰᠦᠨᠢᠳ ᠵᠡᠭᠦᠨ | ᠬᠤᠰᠢᠭᠤᠨ ᠳᠤ ᠪᠦᠯᠦᠭᠯᠡᠯ ᠪᠠᠶᠢᠭᠤᠯᠬᠤ ᠲᠦᠷᠦᠯ ᠵᠦᠢᠯ ᠢ ᠳᠦᠯᠬᠢᠨ ᠠᠬᠢᠭᠤᠯᠵᠤ᠂ 12.5 ᠲᠦᠮᠡᠨ ᠺᠢᠯᠦᠸᠠᠲ | ᠶᠢᠨ ᠬᠡᠷᠡᠯ ᠤᠨ ᠨᠡᠶᠢᠯᠡᠯᠭᠡ ᠪᠠᠷ ᠴᠠᠬᠢᠯᠭᠠᠨ ᠭᠠᠷᠭᠠᠬᠤ ᠦᠷᠲᠡᠭᠡ ᠶᠢ 6 ᠰᠠᠷ᠎ᠠ ᠶᠢᠨ ᠰᠡᠬᠦᠯᠴᠢ ᠳᠤ ᠴᠠᠬᠢᠯᠭᠠᠨ | ᠭᠠᠷᠭᠠᠵᠥ᠂ 10 ᠲᠦᠮᠡᠨ ᠺᠢᠯᠦᠸᠠᠲ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠦᠷᠲᠡᠭᠡ ᠶᠢ ᠵᠢᠯ ᠤᠨ | ᠡᠴᠤᠰ ᠲᠤ ᠠᠰᠢᠭᠯᠠᠯᠳᠠ ᠳᠤ ᠤᠷᠤᠭᠤᠯᠬᠤ ᠶᠢ ᠴᠢᠷᠮᠠᠶᠢᠨ ᠪᠡᠶᠡᠯᠡᠬᠦᠯᠦᠨ᠎ᠡ᠃ ᠳ᠋ᠠ ᠲᠠᠩ ᠰᠢᠨ᠎ᠠ ᠡᠨᠧᠷᠭᠢ᠂ | ᠰᠢᠠᠵᠢᠶᠠᠩ ᠤᠨ ᠤᠨᠴᠠ ᠦᠨᠳᠤᠷ ᠬᠦᠴᠤᠳᠠᠯᠳᠤ ᠴᠠᠬᠢᠯᠭᠠᠨ ᠬᠤᠪᠢᠰᠬᠠᠬᠤ ᠢᠨᠵᠧᠨᠧᠷᠢᠩ᠂ ᠳ᠋ᠠ ᠲᠠᠩ ᠤᠯᠠᠨ | ᠤᠯᠤᠰ ᠤᠨ ᠪᠦᠯᠤᠭ᠍ᠯᠡᠯ ᠵᠡᠷᠭᠡ ᠤᠨᠴᠠ ᠦᠠᠳᠤᠷ ᠬᠦᠴᠦᠳᠡᠯᠲᠤ ᠰᠢᠨ᠎ᠠ ᠡᠨᠧᠷᠭᠢ ᠶᠢ ᠭᠠᠳᠠᠭᠰᠢ ᠬᠦᠷᠭᠡᠬᠦ ᠲᠦᠷᠦᠯ | ᠵᠦᠢᠯ ᠢ ᠲᠠᠮᠡᠴᠠᠨ ᠤᠯᠬᠤ ᠠᠵᠢᠯ ᠤᠨ ᠳᠠᠯ᠎ᠠ ᠳᠤ ᠪᠤᠳᠠᠳᠤ ᠦᠷ᠎ᠡ ᠪᠦᠳᠤᠮᠵᠢ ᠭᠠᠷᠭᠠᠬᠤ ᠪᠠᠷ ᠴᠢᠷᠮᠡᠶᠢᠨ᠎ᠡ᠃ ᠠᠵᠦ | ᠦᠢᠯᠡᠳᠪᠤᠷᠢ ᠶᠢᠨ ᠦᠢᠯᠡᠳᠪᠦᠷᠢᠯᠡᠯ ᠡᠵᠡᠩᠨᠡᠯᠳᠡ ᠶᠢ ᠪᠦᠬᠦ ᠭᠦᠴᠦᠨ ᠢᠶᠠᠷ ᠦᠷᠭᠡᠳᠬᠡᠨ᠎ᠡ᠃ ᠠᠵᠦ ᠠᠬᠤᠶᠢᠯᠠᠯ ᠤᠨ | ᠡᠵᠡᠩᠨᠡᠯᠳᠡ ᠶᠢ ᠴᠢᠩᠭ᠎ᠠ ᠠᠩᠬᠠᠷᠴᠦ᠂ ᠠᠵᠦ ᠠᠬᠤᠢ ᠶᠢᠨ ᠡᠵᠡᠩᠨᠡᠯᠳᠡ ᠲᠣᠬᠢᠷᠠᠭᠤᠯᠣᠯᠳᠠ ᠶᠢ ᠴᠢᠩᠭᠠᠳᠬᠠᠵᠦ᠂ | ᠪᠦᠬᠦ ᠵᠢᠯ ᠤᠨ ᠠᠵᠦ ᠠᠬᠤᠢ ᠶᠢᠨ ᠨᠡᠮᠡᠭᠳᠡᠯ ᠦᠷᠳᠡᠭ ᠢ 28.4 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 8% | ᠪᠠᠷ ᠨᠡᠮᠡᠭᠳᠡᠬᠦ ᠶᠢ ᠪᠠᠳᠣᠯᠠᠨ᠎ᠠ᠃ ︽ᠨᠢᠭᠡ ᠠᠵᠦ ᠠᠬᠤᠶᠢᠯᠠᠯ ᠨᠢᠭᠡ ᠲᠦᠷᠦ ᠶᠢᠨ ᠪᠣᠳᠣᠯᠭ᠎ᠠ︾ ᠶᠢᠨ ᠱᠠᠭᠠᠷᠳᠠᠯᠭ᠎ᠠ | ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠲᠡᠭᠡᠳᠦ ᠱᠠᠳᠣᠨ ᠤ ᠵᠠᠰᠠᠭ ᠢ ᠴᠤᠮᠬᠠᠳᠬᠠᠵᠤ ᠡᠷᠭᠡ ᠶᠢ ᠳᠤᠷᠤᠭᠰᠢ | ᠪᠠᠭᠤᠯᠭᠠᠬᠤ᠂ ᠰᠦᠢᠳᠬᠡᠯ ᠢ ᠪᠠᠭᠠᠰᠬᠠᠵᠦ ᠭᠠᠶᠢᠯᠢ ᠶᠢ ᠲᠣᠷᠣᠭᠰᠢᠯᠠᠭᠤᠯᠬᠤ᠂ ᠮᠦᠩᠬᠦᠨ ᠭᠦᠢᠯᠭᠡᠭᠡᠨ ᠢᠶᠠᠷ ᠲᠡᠮᠵᠢᠬᠦ | ᠵᠡᠷᠭᠡ ᠲᠠᠯ᠎ᠠ ᠶᠢᠨ ᠰᠠᠶᠢᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠡᠶᠢᠳᠠᠪᠣᠷᠢᠵᠢᠭᠤᠯᠵᠤ᠂ ᠠᠵᠦ ᠠᠬᠤᠶᠢᠯᠠᠯ | ᠢ ᠬᠠᠪᠰᠣᠷᠣᠨ ᠭᠠᠷ ᠭᠦᠢᠴᠡᠥᠨᠬᠡᠯ᠂ ᠪᠡᠯᠡ ᠮᠦᠩᠬᠦ ᠨᠡᠶᠢᠯᠡᠭᠦᠯᠬᠦ᠂ ᠠᠵᠢᠯᠴᠢᠨ ᠡᠯᠰᠡᠬᠦ᠂ ᠵᠠᠬᠢᠶᠠᠯᠭ᠎ᠠ ᠵᠡᠷᠭᠡ ᠡᠯ᠎ᠡ | ᠲᠠᠯ᠎ᠠ ᠶᠢᠨ ᠭᠦᠴᠢᠷᠳᠡᠯ ᠪᠠ ᠠᠰᠠᠭᠤᠳᠠᠯ ᠢ ᠰᠢᠢᠳᠪᠦᠷᠢᠯᠡᠨ ᠦᠭᠴᠦ᠂ ᠠᠵᠦ ᠠᠬᠤᠶᠢᠯᠠᠯ ᠤᠨ ᠲᠣᠭᠳᠠᠭᠤᠨ | ᠡᠵᠡᠩᠨᠡᠬᠦ ᠶᠢ ᠪᠠᠳᠣᠯᠠᠨ᠎ᠠ᠃ ᠶᠢᠨ ᠵᠦᠩ ᠠᠭᠤᠷᠬᠠᠢ ᠶᠢᠨ ᠦᠢᠯᠡᠰ ᠢ ᠠᠯᠳᠠᠨ ᠤ ᠠᠭᠤᠷᠬᠠᠢ ᠶᠢᠨ ᠬᠠᠶᠢᠬᠤ ᠡᠷᠭᠡ ᠶᠢ | ᠣᠯᠣᠭᠰᠠᠨ ᠫᠦ᠋ ᠯᠧᠢ ᠲᠧ ᠠᠭᠤᠷᠬᠠᠢ ᠶᠢᠨ ᠦᠢᠯᠡᠰ ᠲᠠᠢ ᠬᠠᠷᠢᠯᠴᠠᠭᠤᠯᠵᠤ ᠨᠡᠶᠢᠯᠡᠬᠦᠯᠬᠦ ᠶᠢ ᠭᠤᠣᠯᠳᠠᠯᠭ᠎ᠠ ᠲᠠᠢ | ᠲᠦᠯᠬᠢᠨ ᠠᠬᠢᠭᠤᠯᠵᠦ᠂ ᠡᠬᠢ ᠪᠠᠶᠠᠯᠢᠭ ᠢ ᠨᠢᠬᠡᠳᠬᠡᠬᠦ ᠪᠠᠷ ᠲᠠᠮᠵᠢᠨ ᠶᠢᠨ ᠵᠦᠩ ᠠᠭᠤᠷᠬᠠᠢ ᠶᠢᠨ ᠦᠢᠯᠡᠰ ᠢ | ᠬᠠᠮᠵᠢᠨ ᠦᠢᠯᠡᠳᠪᠤᠷᠢᠯᠡᠯ ᠢ ᠦᠷᠬᠦᠯᠵᠢᠯᠡᠨ ᠶᠠᠪᠤᠭᠳᠠᠭᠤᠯᠤᠨ᠎ᠠ᠃ ᠲᠠᠢ ᠭᠤᠣ ᠱᠦᠢᠨᠢ ᠶᠢ ᠬᠠᠪᠰᠣᠷᠴᠦ | ᠬᠠᠮᠳᠣᠷᠠᠯᠴᠠᠬᠤ ᠡᠳᠡᠭᠡᠳ ᠡᠷᠢᠨ ᠦᠭᠴᠦ᠂ ᠪᠡᠯᠡ ᠨᠡᠶᠢᠯᠡᠭᠦᠯᠦᠨ ᠲᠠᠬᠢᠨ ᠪᠠᠶᠢᠭᠤᠯᠬᠤ ᠶᠢ ᠲᠦᠯᠬᠢᠨ ᠠᠬᠢᠭᠤᠯᠣᠨ᠂ | ᠦᠢᠯᠡᠳᠪᠦᠷᠢᠯᠡᠯ ᠢ ᠰᠡᠷᠬᠦᠬᠡᠨ᠎ᠡ᠃ ᠮᠠᠩᠯᠠᠢ ᠨᠡᠬᠦᠷᠡᠰᠣᠨ ᠠᠭᠤᠷᠬᠠᠢ ᠶᠢ ᠲᠥᠪ ᠤᠨ ᠠᠵᠤ ᠠᠬᠤᠶᠢᠯᠠᠯ ᠪᠠ ᠤᠯᠤᠰ | ᠤᠨ ᠠᠵᠤ ᠠᠬᠤᠶᠢᠯᠠᠯ ᠲᠠᠢ ᠨᠠᠶᠢᠯᠡᠬᠦᠯᠵᠤ ᠳᠠᠬᠢᠨ ᠪᠠᠶᠢᠭᠤᠯᠬᠤ ᠶᠢ ᠵᠤᠷᠢᠭᠵᠢᠭᠤᠯᠤᠨ ᠵᠢᠯᠤᠭᠤᠳᠣᠵᠣ᠂ ᠮᠡᠨ ᠤ | ᠠᠶᠢᠮᠠᠭ ᠤᠨ ᠤᠨᠴᠠ ᠥᠨᠳᠣᠷ ᠬᠥᠴᠤᠳᠡᠯᠲᠤ ᠴᠠᠬᠢᠯᠭᠠᠨ ᠢ ᠭᠠᠳᠠᠭᠰᠢ ᠬᠥᠷᠬᠡᠬᠦ ᠪᠥᠳᠥᠬᠡᠨ ᠪᠠᠶᠢᠭᠤᠯᠤᠯᠲᠠ ᠲᠠᠢ | ᠵᠤᠬᠢᠴᠠᠯᠳᠣᠭᠰᠠᠨ ᠨᠡᠬᠦᠷᠡᠰᠣ ᠴᠠᠬᠢᠯᠭᠠᠨ ᠤ ᠲᠥᠷᠥᠯ ᠵᠥᠢᠯ ᠢ ᠪᠥᠳᠥᠬᠡᠨ ᠪᠠᠶᠢᠭᠤᠯᠬᠤ ᠶᠢ ᠰᠥᠪᠡᠭᠴᠢᠯᠡᠵᠤ᠂ | ᠨᠡᠬᠦᠷᠡᠰᠥᠨ ᠤ ᠠᠵᠤ ᠥᠢᠯᠡᠳᠪᠤᠷᠢ ᠶᠢᠨ ᠬᠡᠯᠪᠡᠷᠢ ᠪᠠᠨ ᠥᠬᠡᠷᠡᠴᠢᠯᠠᠨ ᠳᠡᠰ ᠳᠡᠪᠰᠢᠬᠦ ᠶᠢ ᠠᠬᠢᠭᠤᠯᠤᠨ᠎ᠠ᠃ ᠨᠡᠶᠢᠳᠡ | ᠶᠢᠨ ᠪᠤᠰᠣ ᠠᠵᠤ ᠠᠬᠤᠢ ᠶᠢᠨ ᠦᠷᠭᠦᠯᠵᠢᠯᠡᠨ ᠳᠦᠷᠬᠡᠨ ᠬᠦᠭᠵᠢᠬᠦ ᠶᠢ ᠭᠦᠴᠣᠯᠡᠨ ᠳᠡᠮᠵᠢᠵᠤ᠂ ︽ᠬᠠᠪᠰᠣᠷᠣᠨ | ᠳᠡᠮᠵᠢᠬᠦ ᠪᠠᠳᠤᠯᠠᠭᠠᠨ ᠤ ᠵᠢᠬᠡᠯᠡᠯᠬᠡ ᠶᠢᠨ ᠮᠦᠩᠬᠦ︾ ᠶᠢᠨ ᠠᠵᠦ ᠠᠬᠤᠶᠢᠯᠠᠯ ᠳᠤ ᠦᠵᠡᠭᠦᠯᠬᠦ ᠦᠢᠯᠡᠳᠦᠯ ᠢ | ᠭᠦᠢᠴᠡᠳ ᠪᠠᠳᠠᠷᠠᠭᠤᠯᠣᠨ᠂ ᠪᠠᠩᠬᠢ ᠪᠠ ᠠᠵᠦ ᠠᠬᠤᠶᠢᠯᠠᠯ ᠤᠨ ᠬᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠦ᠂ | ᠪᠠᠩᠬᠢ ᠪᠠ ᠠᠵᠦ ᠠᠬᠤᠶᠢᠯᠠᠯ ᠤᠨ ᠬᠠᠷᠢᠯᠴᠠᠬᠤ ᠳᠠᠪᠴᠠᠩ ᠢ ᠪᠠᠶᠢᠭᠤᠯᠵᠤ᠂ ᠲᠣᠮᠳᠠ ᠪᠠᠭ᠎ᠠ ᠠᠵᠦ ᠠᠬᠤᠶᠢᠯᠠᠯ ᠤᠨ | ᠮᠦᠩᠬᠦᠨ ᠭᠥᠢᠯᠭᠡᠭᠡᠨ ᠤ ᠪᠠᠶᠢᠭᠤᠯᠣᠮᠵᠢ ᠲᠠᠢ ᠬᠠᠷᠢᠯᠴᠠᠬᠤ ᠶᠢ ᠵᠣᠬᠢᠴᠠᠭᠤᠯᠵᠦ᠂ ᠲᠣᠮᠳᠠ ᠪᠠᠭ᠎ᠠ ᠠᠵᠦ ᠠᠬᠤᠶᠢᠯᠠᠯ | ᠤᠨ ᠭᠦᠭᠵᠢᠯᠳᠡ ᠶᠢ ᠬᠦᠯᠢᠶᠡᠰᠤᠯᠡᠵᠦ ᠪᠠᠶᠢᠭ᠎ᠠ ᠡᠯᠧᠮᠧᠨ᠋ᠲ ᠢ ᠰᠢᠢᠳᠪᠦᠷᠢᠯᠡᠵᠦ᠂ ᠲᠣᠮᠳᠠ ᠪᠠᠭ᠎ᠠ ᠠᠵᠦ ᠠᠬᠤᠶᠢᠯᠠᠯ | ᠤᠨ ᠭᠦᠭᠵᠢᠨ ᠪᠣᠵᠠᠭᠠᠶᠢᠷᠠᠬᠤ ᠶᠢ ᠠᠬᠢᠭᠤᠯᠣᠨ᠎ᠠ᠃ | ︵ᠲᠦᠷᠪᠡ︶ ᠦᠨᠳᠦᠰᠦᠳᠡᠨ ᠤ ᠵᠠᠩ ᠦᠢᠯᠡ ᠶᠢᠨ ᠣᠨᠴᠠᠯᠢᠭ ᠢ ᠲᠣᠪᠣᠶᠢᠯᠭᠠᠨ᠂ ᠪᠦᠬᠦ ᠤᠷᠤᠨ | ᠬᠡᠪᠴᠢᠶᠡᠨ ᠤ ᠵᠢᠭᠤᠯᠴᠢᠯᠠᠯ ᠢ ᠡᠬᠦᠳᠥᠨ᠂ ᠦᠢᠯᠡᠴᠢᠯᠡᠭᠡᠨ ᠤ ᠴᠢᠳᠠᠪᠬᠢ ᠶᠢ ᠳᠡᠬᠡᠭᠰᠢᠯᠡᠬᠦᠯᠤᠨ᠂ ᠰᠠᠭᠤᠷᠢ | ᠲᠦᠭᠦᠭᠡᠷᠦᠮᠵᠢ ᠶᠢ ᠰᠠᠶᠢᠵᠢᠷᠠᠭᠤᠯᠬᠤ ᠶᠢ ᠰᠢᠨ᠎ᠡ ᠳᠡᠭᠳᠡᠷ ᠲᠤ ᠬᠥᠷᠬᠡᠨ᠎ᠡ᠃ ᠮᠠᠨ ᠤ ᠬᠤᠰᠢᠭᠤᠨ ᠤ ᠦᠨᠳᠦᠰᠦᠳᠡᠨ | ᠤ ᠤᠯᠠᠮᠵᠢᠯᠠᠯᠳᠦ ᠰᠤᠶᠤᠯ ᠳᠡᠤᠬᠡ᠂ ᠵᠠᠩ ᠦᠢᠯᠡ ᠶᠢᠨ ᠦᠪᠡᠷᠮᠢᠴᠡ ᠤᠨᠴᠠᠯᠢᠭ ᠢ ᠬᠦᠢᠴᠡᠳ ᠠᠰᠢᠭᠯᠠᠵᠤ᠂ ᠳᠠᠯ᠎ᠠ | ᠨᠤᠳᠤᠭ ᠤᠨ ᠡᠭᠢ ᠪᠠᠶᠠᠯᠢᠭ ᠤᠨ ᠳᠠᠪᠠᠭᠤᠯᠢᠭ ᠢ ᠬᠥᠢᠴᠡᠳ ᠪᠠᠳᠠᠷᠠᠭᠤᠯᠵᠤ᠂ ᠦᠨᠳᠦᠷ ᠪᠠᠷᠢᠮᠵᠢᠶ᠎ᠠ ᠪᠠᠷ | ᠲᠦᠯᠦᠪᠯᠡᠵᠦ᠂ ᠪᠦᠬᠦ ᠬᠦᠴᠦ ᠪᠠᠷ ᠢᠶᠠᠨ ᠲᠦᠯᠬᠢᠨ ᠠᠬᠢᠭᠤᠯᠵᠤ᠂ ᠪᠦᠬᠦ ᠲᠠᠯ᠎ᠠ ᠪᠠᠷ ᠤᠬᠠᠭᠤᠯᠵᠤ ᠳᠠᠨᠢᠯᠴᠠᠭᠤᠯᠤᠨ᠂ | ᠪᠦᠬᠦ ᠤᠷᠤᠨ ᠬᠡᠪᠴᠢᠶᠡᠨ ᠤ ᠵᠢᠭᠤᠯᠴᠢᠯᠠᠯ ᠢ ᠬᠥᠴᠥᠯᠡᠨ ᠬᠥᠭᠵᠢᠬᠦᠯᠥᠨ᠎ᠡ᠃ ᠵᠢᠭᠤᠯᠴᠢᠯᠠᠯ ᠤᠨ ᠭᠦᠭᠵᠢᠯᠳᠡ ᠶᠢᠨ | ᠲᠦᠯᠦᠪᠵᠢᠭᠦᠯᠭᠡ ᠶᠢ ᠲᠡᠭᠡᠳᠦ ᠬᠡᠮᠵᠢᠶ᠎ᠡ ᠪᠠᠷ ᠨᠠᠶᠢᠷᠠᠭᠤᠯᠤᠨ ᠲᠤᠭᠳᠠᠭᠠᠨ᠎ᠠ᠃ ︽ᠨᠢᠭᠡ ᠱᠣᠭᠤᠮ ᠭᠤᠷᠪᠠᠨ | ᠲᠤᠭᠤᠷᠢᠭ︾ ᠵᠢᠭᠤᠯᠴᠢᠯᠠᠯ ᠤᠨ ᠬᠦᠭᠵᠢᠯᠳᠡ ᠶᠢᠨ ᠪᠠᠶᠢᠷᠢᠯᠠᠭᠤᠯᠤᠯᠲᠠ ᠶᠣᠰᠣᠭᠠᠷ᠂ ᠵᠢᠭᠤᠯᠴᠢᠯᠠᠯ ᠤᠨ ᠦᠢᠯᠡᠰ ᠤᠨ | ᠨᠡᠬᠡᠬᠡᠨ ᠬᠦᠭᠵᠢᠬᠦᠯᠦᠯᠳᠡ ᠪᠠ ᠠᠮᠢ ᠠᠬᠤᠢ ᠶᠢᠨ ᠪᠦᠳᠦᠭᠡᠨ ᠪᠠᠶᠢᠭᠤᠯᠣᠯᠳᠠ᠂ ᠦᠨᠳᠦᠰᠦᠳᠡᠨ ᠤ ᠤᠯᠠᠮᠵᠢᠯᠠᠯᠳᠤ | ᠰᠣᠶᠣᠯ᠂ ᠣᠨᠴᠠᠯᠢᠭᠲᠤ ᠵᠢᠵᠢᠭᠪᠠᠯᠭᠠᠰᠣᠨ ᠤ ᠪᠦᠳᠦᠭᠡᠨ ᠪᠠᠶᠢᠭᠤᠯᠣᠯᠳᠠ᠂ ᠲᠠᠯ᠎ᠠ ᠨᠣᠳᠤᠭ ᠤᠨ ᠡᠯᠡᠰᠦ ᠮᠡᠩᠬᠠᠨ ᠤ | ᠦᠵᠡᠮᠵᠢ ᠶᠢ ᠣᠷᠭᠠᠨᠢᠭ ᠢᠶᠠᠷ ᠤᠶᠠᠯᠳᠣᠬᠤ ᠶᠢ ᠪᠠᠷᠢᠮᠳᠠᠯᠠᠵᠦ᠂ ︽ᠰᠦᠨᠢᠳ ᠵᠡᠭᠦᠨ ᠬᠤᠰᠢᠭᠤᠨ ᠤ ᠵᠢᠭᠤᠯᠴᠢᠯᠠᠯ | ᠤᠨ ᠦᠢᠯᠡᠰ ᠤᠨ ᠭᠦᠭᠵᠢᠯᠳᠡ ᠶᠢᠨ ᠲᠦᠯᠦᠪᠵᠢᠭᠦᠯᠭᠡ ︵2015 —2020 ᠣᠨ︶︾ ᠶᠢ ᠵᠠᠰᠠᠠ | ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠵᠢᠭᠤᠯᠴᠢᠯᠠᠯ ᠤᠨ ᠬᠦᠭᠵᠢᠯᠳᠡ ᠶᠢᠨ ᠴᠢᠭᠯᠡᠯ ᠢ ᠳᠤᠭᠳᠠᠭᠠᠵᠤ᠂ ᠲᠠᠯ᠎ᠠ | ᠨᠣᠳᠤᠭ ᠤᠨ ᠰᠣᠶᠣᠯ ᠵᠢᠭᠤᠯᠴᠢᠯᠠᠯ ᠤᠨ ᠨᠡᠷ᠎ᠡ ᠲᠡᠮᠳᠡᠭ ᠢ ᠡᠭᠦᠳᠦᠨ᠂ ᠭᠠᠵᠠᠷ ᠤᠷᠤᠨ ᠤ ᠣᠨᠴᠠᠯᠢᠭᠳᠦ ᠰᠣᠶᠣᠯ | ᠵᠢᠭᠤᠯᠴᠢᠯᠠᠯ ᠤᠨ ᠥᠢᠯᠡᠰ ᠢ ᠬᠥᠴᠥᠯᠡᠨ ᠭᠦᠭᠵᠢᠭᠦᠯᠦᠨ᠎ᠡ᠃ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢᠨ | ᠪᠦᠳᠦᠭᠡᠨ ᠪᠠᠶᠢᠭᠤᠯᠣᠯᠳᠠ ᠶᠢ ᠦᠨᠡᠨᠬᠦ ᠰᠠᠶᠢᠳᠦᠷ ᠠᠳᠬᠤᠨ᠎ᠠ᠃ ᠭᠢᠯᠢ ᠶᠢᠨ ᠳᠣᠳᠣᠷᠠᠭᠢ ᠵᠢᠭᠤᠯᠴᠢᠯᠠᠯ ᠤᠨ ᠵᠠᠮ | ᠨᠡᠪᠳᠡᠷᠡᠬᠦᠯᠬᠡ ᠶᠢᠨ ᠨᠦᠬᠦᠴᠡᠯ ᠢ ᠰᠢᠯᠢᠳᠡᠭᠵᠢᠭᠦᠯᠦᠨ᠂ ᠡᠷᠢᠶᠡᠨ ᠬᠤᠳᠠ ᠶᠢᠨ ᠪᠣᠭᠤᠮᠳᠠ ᠠᠴᠠ ᠤᠶᠢᠷᠠᠬᠠᠨ ᠪᠠᠶᠢᠬᠤ | ᠤᠷᠤᠨ ᠪᠠᠶᠢᠷᠢᠰᠢᠯ ᠤᠨ ᠲᠠᠪᠠᠭᠤᠯᠢᠭ ᠪᠠ ᠨᠡᠶᠢᠳᠡᠮ ᠭᠡᠷᠡᠭᠯᠡᠭᠡᠨ ᠤ ᠨᠢᠰᠬᠡᠯ ᠤᠨ ᠲᠠᠯᠠᠪᠦᠷ ᠤᠨ ᠪᠦᠳᠦᠭᠡᠨ | ᠪᠠᠶᠢᠭᠤᠯᠣᠯᠳᠠ ᠳᠤ ᠲᠦᠰᠢᠭᠯᠡᠨ᠂ ᠮᠣᠩᠭᠤᠯ ᠣᠯᠣᠰ ᠲᠠᠢ ᠬᠠᠮᠳᠣᠷᠠᠨ ᠪᠣᠳᠠᠷ ᠲᠠᠯ᠎ᠠ ᠨᠣᠳᠤᠭ ᠤᠨ ᠴᠢᠯᠠᠭᠤᠨ ᠣᠢ | ᠤᠨ ᠲᠡᠯᠡᠭᠡᠢ ᠶᠢᠨ ᠭᠠᠵᠠᠷ ᠰᠢᠨᠵᠢᠯᠡᠭᠡᠨ ᠤ ᠬᠦᠷᠢᠶᠡᠯᠡᠩ ᠢ ᠡᠷᠡᠮᠡᠯᠵᠢᠯᠡᠨ ᠮᠡᠳᠡᠭᠦᠯᠵᠦ᠂ ᠪᠣᠳᠠᠷ ᠴᠢᠯᠠᠭᠤᠨ ᠤᠢ ᠶᠢᠨ | ᠣᠯᠠᠷᠢᠯ ᠤᠨ ᠴᠢᠨᠠᠷᠲᠠᠢ ᠬᠢᠯᠢ ᠰᠤᠨᠳᠠᠯᠠᠭᠰᠠᠨ ᠰᠤᠶᠤᠯ ᠵᠢᠭᠤᠯᠴᠢᠯᠠᠯ ᠤᠨ ᠨᠡᠪᠳᠡᠷᠡᠬᠦ ᠵᠠᠮ ᠪᠠ ᠨᠢᠰᠭᠡᠯᠳᠡ ᠶᠢᠨ | ᠰᠠᠭᠤᠷᠢᠨ ᠭᠠᠵᠠᠷ ᠢ ᠲᠦᠯᠦᠪᠯᠡᠨ ᠪᠠᠶᠢᠭᠤᠯᠵᠦ᠂ ᠬᠢᠯᠢ ᠰᠤᠨᠳᠠᠯᠠᠭᠰᠠᠨ ᠵᠢᠭᠤᠯᠴᠢᠯᠠᠯ ᠪᠠ ᠨᠢᠰᠬᠡᠯ ᠢᠶᠠᠷ ᠰᠡᠭᠦᠳᠡᠷᠯᠡᠬᠦ | ᠵᠡᠷᠭᠡ ᠠᠵᠦ ᠦᠢᠯᠡᠰ ᠤᠨ ᠬᠥᠭᠵᠢᠯᠲᠠ ᠶᠢ ᠳᠠᠶᠢᠴᠢᠯᠠᠨ ᠳᠠᠭᠠᠭᠤᠯᠤᠨ᠎ᠠ᠃ ᠰᠢᠯᠢᠩᠬᠤᠳᠠ᠂ ᠡᠷᠢᠶᠡᠨ ᠬᠤᠳᠠ ᠵᠡᠷᠭᠡ | ᠥᠢᠷ᠎ᠡ ᠬᠠᠪᠢ ᠶᠢᠨ ᠵᠢᠭᠤᠯᠴᠢᠯᠠᠯ ᠤᠨ ᠡᠬᠢ ᠰᠣᠷᠪᠣᠯᠵᠢ ᠪᠠᠷ ᠪᠠᠶᠠᠯᠢᠭ ᠭᠠᠵᠠᠷ ᠣᠷᠣᠨ ᠲᠠᠢ ᠵᠠᠰᠠᠮᠠᠯ ᠵᠠᠮ᠂ ᠲᠡᠮᠦᠷ | ᠵᠠᠮ ᠵᠡᠷᠭᠡ ᠰᠠᠭᠤᠷᠢ ᠲᠦᠭᠦᠭᠡᠷᠦᠮᠵᠢ ᠶᠢᠨ ᠬᠠᠷᠢᠯᠴᠠᠨ ᠬᠤᠯᠪᠤᠯᠳᠠᠵᠤ ᠬᠠᠷᠢᠯᠴᠠᠨ ᠨᠡᠪᠳᠡᠷᠡᠯᠴᠡᠬᠦ ᠶᠢ ᠴᠢᠩᠭᠠᠳᠬᠠᠵᠦ᠂ | ᠡᠬᠢ ᠪᠠᠶᠠᠯᠢᠭ ᠢ ᠬᠠᠮᠳᠦ ᠪᠠᠷ ᠠᠰᠢᠭᠯᠠᠵᠤ᠂ ᠲᠠᠪᠠᠭᠤᠯᠢᠭ ᠳᠠᠯ᠎ᠠ ᠪᠠᠨ ᠬᠠᠷᠢᠯᠴᠠᠨ ᠨᠦᠬᠦᠪᠦᠷᠢᠯᠡᠬᠦ ᠶᠢ ᠪᠡᠶᠡᠯᠡᠭᠦᠯᠦᠨ᠎ᠡ | ᠃ ᠵᠢᠭᠤᠯᠴᠢᠯᠠᠯ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠣᠯᠳᠠ ᠶᠢ ᠬᠥᠴᠥᠯᠡᠨ ᠠᠳᠬᠤᠵᠦ᠂ ᠥᠵᠡᠮᠵᠢ ᠶᠢᠨ | ᠣᠷᠣᠨ ᠴᠡᠭ ᠢ ᠵᠠᠰᠠᠨ ᠰᠠᠶᠢᠵᠢᠷᠠᠭᠤᠯᠬᠤ᠂ ᠵᠠᠮ ᠬᠠᠷᠢᠯᠴᠠᠭᠠᠨ ᠤ ᠲᠡᠮᠳᠡᠭ ᠢ ᠣᠭᠰᠠᠷᠠᠬᠤ᠂ ᠭᠠᠳᠠᠭᠰᠢ ᠣᠬᠠᠭᠤᠯᠣᠨ | ᠲᠠᠨᠢᠯᠴᠠᠭᠤᠯᠬᠤ ᠵᠡᠷᠭᠡ ᠠᠵᠢᠯ ᠢ ᠲᠦᠯᠬᠢᠨ ᠠᠬᠢᠭᠤᠯᠣᠨ᠎ᠠ᠃ ᠡᠵᠡᠩᠨᠡᠯᠳᠡ ᠶᠢᠨ ᠬᠠᠮᠢᠶᠠᠷᠣᠯᠳᠠ ᠶᠢᠨ ᠵᠣᠬᠢᠴᠠᠮᠵᠢ ᠶᠢ | ᠪᠦᠷᠢᠨᠰᠢᠭᠦᠯᠦᠨ ᠲᠡᠭᠦᠯᠲᠡᠷᠵᠢᠭᠦᠯᠦᠨ᠎ᠡ᠃ ︽ᠮᠠᠯᠴᠢᠨ ᠠᠶᠢᠯ︾᠂ ︽ᠣᠳᠣᠷ︾ ︽ᠰᠥᠨᠢᠳ ᠠᠶᠢᠯ︾᠂ ︽ | ᠮᠤᠩᠭᠤᠯ ᠪᠠᠭᠤᠴᠠ︾ ᠵᠡᠷᠭᠡ ᠠᠷᠠᠳ ᠢᠶᠠᠨ ᠪᠠᠶᠠᠯᠢᠭᠵᠢᠭᠤᠯᠬᠤ ᠵᠢᠭᠤᠯᠴᠢᠯᠠᠯ ᠤᠨ ᠦᠢᠯᠡᠰ ᠢ ᠬᠥᠴᠤᠲᠠᠢ | ᠭᠦᠭᠵᠢᠭᠦᠯᠦᠨ᠂ ᠦᠨᠳᠦᠰᠦᠳᠡᠨ ᠤ ᠣᠨᠴᠠᠯᠢᠭᠳᠦ ᠭᠠᠷ ᠤᠷᠠᠯᠠᠯ ᠤᠨ ᠪᠦᠳᠦᠭᠡᠭᠳᠡᠬᠦᠨ ᠢ ᠡᠳ᠋ᠰᠢᠬᠦᠯᠥᠨ | ᠪᠤᠯᠪᠠᠰᠣᠷᠠᠭᠤᠯᠬᠤ ᠰᠠᠭᠤᠷᠢᠨ ᠭᠠᠵᠠᠷ᠂ ᠰᠦᠨᠢᠳ ᠰᠣᠶᠣᠯ ᠤᠨ ᠦᠢᠯᠡᠰ ᠤᠨ ᠲᠣᠭᠤᠷᠢᠭ᠂ ᠦᠨᠳᠦᠰᠦᠳᠡᠨ ᠤ | ᠰᠣᠶᠣᠯ ᠵᠢᠭᠤᠯᠴᠢᠯᠠᠯ ᠤᠨ ᠦᠢᠯᠡᠰ ᠤᠨ ᠵᠡᠬᠡᠯᠢ ᠳᠤᠭᠤᠷᠢᠭ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ | ᠠᠬᠢᠭᠤᠯᠣᠨ᠎ᠠ᠃ ᠣᠳᠣ ᠪᠠᠶᠢᠭ᠎ᠠ 23 ᠡᠷᠣᠭᠡ ᠮᠠᠯᠴᠢᠨ ᠠᠶᠢᠯ ᠵᠤᠭᠠᠴᠠᠯ ᠤᠨ ᠴᠡᠭ ᠢ ᠳᠦᠷᠢᠮᠵᠢᠭᠦᠯᠦᠨ᠂ | ᠳᠦᠰᠦᠪᠯᠡᠭᠡ ᠶᠢ ᠵᠢᠯᠤᠭᠤᠳᠤᠨ᠂ ᠬᠠᠮᠢᠶᠠᠷᠣᠯᠳᠠ ᠪᠠᠨ ᠴᠢᠩᠭᠠᠳᠬᠠᠵᠦ᠂ ᠢᠳᠡᠵᠦ ᠣᠣᠭᠤᠬᠤ᠂ ᠬᠤᠨᠤᠵᠤ ᠰᠠᠭᠤᠬᠤ | ᠂ ᠵᠢᠭᠤᠯᠴᠢᠯᠠᠯ ᠤᠨ ᠵᠣᠷᠯᠣᠩ ᠤᠨ ᠪᠦᠳᠦᠭᠡᠨ ᠪᠠᠶᠢᠭᠤᠯᠣᠯᠳᠠ ᠶᠢ ᠲᠡᠮᠵᠢᠬᠦ ᠲᠦᠷᠦ ᠶᠢᠨ ᠪᠣᠳᠣᠯᠭ᠎ᠠ ᠪᠠ | ᠵᠢᠭᠤᠯᠴᠢᠯᠠᠯ ᠤᠨ ᠦᠢᠯᠡᠴᠢᠯᠡᠬᠡᠨ ᠤ ᠠᠵᠢᠯ ᠲᠦᠷᠦᠯ ᠤᠨ ᠪᠠᠷᠢᠮᠵᠢᠶ᠎ᠠ ᠶᠢ ᠨᠠᠶᠢᠳᠠᠪᠦᠷᠢᠵᠢᠭᠤᠯᠵᠤ᠂ ᠵᠢᠭᠤᠯᠴᠢᠯᠠᠯ ᠤᠨ | ᠦᠢᠯᠡᠰ ᠡᠷᠬᠢᠯᠡᠬᠦ ᠶᠢ ᠵᠦᠪᠰᠢᠶᠡᠷᠡᠬᠦ ᠳᠦᠷᠢᠮ ᠳᠤᠭᠳᠠᠭᠠᠯ ᠢ ᠲᠦᠷᠢᠮᠵᠢᠭᠦᠯᠵᠦ᠂ ᠢᠳᠡᠵᠦ ᠣᠣᠭᠤᠬᠤ᠂ ᠬᠤᠨᠤᠵᠤ | ᠰᠠᠭᠤᠬᠤ ᠦᠢᠯᠡᠴᠢᠯᠡᠭᠡᠨ ᠤ ᠬᠢᠷᠢ ᠲᠦᠪᠰᠢᠨ ᠪᠠ ᠵᠢᠭᠤᠯᠴᠢᠯᠠᠯ ᠤᠨ ᠦᠢᠯᠡᠴᠢᠯᠡᠭᠡᠨ ᠤ ᠵᠤᠴᠢᠯᠠᠬᠤ ᠴᠢᠳᠠᠪᠬᠢ ᠶᠢ | ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠬᠠᠴᠢᠨ ᠴᠢᠯᠠᠭᠤ᠂ ᠦᠨᠳᠦᠰᠦᠳᠡᠨ ᠤ ᠬᠤᠪᠴᠠᠰᠦ ᠵᠠᠰᠠᠯ᠂ ᠦᠨᠳᠦᠰᠦᠳᠡᠨ | ᠤ ᠭᠠᠷ ᠤᠷᠠᠯᠠᠯ ᠵᠡᠷᠬᠡ ᠣᠯᠠᠨ ᠬᠡᠯᠪᠡᠷᠢ ᠶᠢᠨ ᠦᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠳᠦᠭᠡᠭᠳᠡᠭᠦᠨ ᠢ | ᠨᠡᠬᠡᠬᠡᠨ ᠬᠥᠭᠵᠢᠬᠦᠯᠵᠤ᠂ ᠵᠢᠭᠤᠯᠴᠢᠯᠠᠯ ᠤᠨ ᠦᠢᠯᠡᠰ ᠤᠨ ᠬᠡᠯᠬᠢᠵᠢᠶᠡᠯ ᠢ ᠲᠠᠰᠣᠷᠠᠯᠳᠠ ᠦᠭᠡᠢ ᠦᠷᠭᠡᠳᠬᠡᠵᠦ᠂ | ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠯᠬᠢᠨ ᠠᠬᠢᠭᠤᠯᠣᠨ᠎ᠠ᠃ | ︵ᠲᠠᠪᠤ︶ ᠶᠡᠷᠦᠩᠬᠡᠶᠢᠯᠡᠨ ᠵᠠᠰᠠᠬᠤ ᠠᠵᠢᠯ ᠢ ᠲᠣᠪᠣᠶᠢᠯᠭᠠᠨ᠂ ᠪᠣᠬᠢᠷᠳᠣᠯ ᠦᠭᠡᠢ ᠭᠦᠭᠵᠢᠯᠳᠡ ᠶᠢ | ᠲᠦᠯᠬᠢᠨ ᠠᠬᠢᠭᠤᠯᠵᠦ᠂ ᠠᠮᠢ ᠠᠬᠤᠢ ᠶᠢᠨ ᠬᠠᠮᠠᠭᠠᠯᠠᠯᠳᠠ ᠪᠠ ᠣᠭ ᠦᠨᠳᠦᠰᠦ ᠠᠴᠠ ᠨᠢ ᠵᠠᠰᠠᠨ ᠰᠡᠷᠭᠡᠶᠢᠯᠡᠬᠦ ᠶᠢ | ᠴᠢᠩᠭ᠎ᠠ ᠠᠳᠬᠤᠨ᠎ᠠ᠃ ︽ᠰᠢᠨ᠎ᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠦᠬᠦᠪᠤᠷᠢᠯᠠᠨ ᠱᠠᠩᠨᠠᠬᠤ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ | ᠲᠡᠩᠴᠡᠬᠦᠷᠢ ᠶᠢ ᠪᠠᠳᠤᠯᠠᠬᠤ ᠬᠢᠨᠠᠨ ᠬᠠᠮᠢᠶᠠᠷᠤᠯᠲᠠ ᠶᠢᠨ ᠠᠷᠭ᠎ᠠ︾ ᠶᠢ ᠲᠤᠭᠳᠠᠭᠠᠵᠤ᠂ ᠲᠠᠯ᠎ᠠ ᠨᠣᠳᠤᠭ ᠤᠨ ᠬᠠᠣᠯᠢ | ᠭᠡᠷᠡᠭᠵᠢᠭᠦᠯᠤᠯᠳᠡ ᠶᠢ ᠴᠢᠩᠭᠠᠥᠨᠬᠠᠨ᠂ ᠬᠢᠨᠠᠨ ᠬᠠᠮᠢᠶᠠᠷᠣᠯᠳᠠ ᠴᠢᠩᠭ᠎ᠠ᠂ ᠱᠠᠩᠨᠠᠵᠤ ᠳᠤᠷᠭᠠᠬᠤ ᠲᠣᠳᠣᠷᠬᠠᠢ ᠪᠠᠶᠢᠵᠦ᠂ | ᠪᠡᠯᠴᠢᠭᠡᠷᠯᠡᠭᠦᠯᠭᠦ ᠶᠢ ᠵᠣᠭᠰᠣᠭᠠᠬᠤ ᠣᠷᠣᠨ ᠳᠤ ᠮᠠᠯ ᠮᠠᠯᠵᠢᠬᠤ ᠶᠢ ᠵᠤᠭᠰᠤᠭᠠᠵᠤ᠂ ᠲᠡᠩᠴᠡᠬᠦᠷᠢᠰᠢᠯ ᠤᠨ ᠣᠷᠣᠨ | ᠨᠢ ᠵᠢᠩᠬᠢᠨᠢ ᠲᠡᠭᠴᠡᠭᠦᠷᠢᠰᠢᠯ ᠢ ᠪᠡᠶᠡᠯᠡᠬᠦᠯᠬᠦ ᠶᠢ ᠪᠠᠳᠣᠯᠠᠨ᠎ᠠ᠃ ᠠᠮᠢ ᠠᠬᠤᠢ ᠶᠢᠨ ᠬᠠᠮᠠᠭᠠᠯᠠᠯᠳᠠ ᠶᠢᠨ ᠪᠤᠯᠪᠠᠰᠤᠨ ᠤ | ᠳᠦᠷᠢᠮ ᠤᠨ ᠪᠥᠳᠥᠬᠡᠨ ᠪᠠᠶᠢᠭᠤᠯᠤᠯᠲᠠ ᠶᠢ ᠥᠷᠬᠦᠯᠵᠢᠯᠡᠨ ᠲᠥᠯᠬᠢᠨ ᠠᠬᠢᠭᠤᠯᠵᠤ᠂ ᠠᠮᠢ ᠠᠬᠤᠢ ᠶᠢᠨ | ᠬᠠᠮᠠᠭᠠᠯᠠᠯᠲᠠ ᠶᠢᠨ ︽ᠬᠤᠷᠢᠭ᠎ᠠ ᠱᠤᠭᠤᠮ︾ ᠢ ᠴᠢᠩᠭ᠎ᠠ ᠰᠠᠭᠢᠵᠤ᠂ ᠲᠠᠯ᠎ᠠ ᠨᠤᠳᠤᠭ ᠢ ᠲᠠᠳᠠᠪᠤᠷᠢᠯᠡᠨ ᠬᠡᠷᠩᠯᠡᠬᠦ ᠶᠢ | ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠭᠡᠷᠡᠭᠵᠢᠭᠦᠯᠵᠤ᠂ ᠳᠠᠯ᠎ᠠ ᠨᠤᠳᠤᠭ ᠤᠨ ᠠᠮᠢ ᠠᠬᠤᠢ ᠶᠢ ᠬᠦᠳᠡᠯᠦᠩᠭᠦᠢ | ᠬᠢᠨᠠᠵᠦ ᠬᠡᠮᠵᠢᠬᠦ ᠪᠠ ᠠᠮᠢ ᠠᠬᠤᠢ ᠶᠢᠨ ᠬᠤᠷᠢᠭ᠎ᠠ ᠱᠣᠭᠤᠮ ᠤᠨ ᠰᠠᠷ᠎ᠠ ᠳᠤ ᠨᠢᠭᠡ ᠤᠳᠠᠭ᠎ᠠ ᠠᠮᠦᠷ ᠲᠦᠪᠰᠢᠨ ᠤ | ᠮᠡᠳᠡᠭᠦᠯᠦᠯᠳᠡ ᠬᠢᠬᠦ ᠲᠦᠷᠢᠮ ᠢ ᠪᠠᠶᠢᠭᠤᠯᠵᠦ᠂ ᠲᠠᠯ᠎ᠠ ᠨᠣᠳᠤᠭ ᠤᠨ ᠠᠮᠢ ᠠᠬᠤᠢ ᠪᠠ ᠭᠡᠭᠡᠷ᠎ᠡ ᠶᠢᠨ ᠠᠮᠢᠳᠠᠨ | ᠤᠷᠭᠤᠮᠠᠯ ᠢ ᠬᠤᠬᠢᠷᠠᠭᠤᠯᠤᠭᠰᠠᠨ ᠥᠢᠯᠡ ᠠᠵᠢᠯᠯᠠᠭ᠎ᠠ ᠳᠤ ᠬᠠᠣᠯᠢ ᠶᠤᠰᠤᠭᠠᠷ ᠴᠢᠩᠭ᠎ᠠ ᠴᠣᠬᠢᠯᠳᠠ ᠦᠭᠭᠦᠨ᠎ᠡ᠃ | ᠠᠮᠢ ᠠᠬᠤᠢ ᠶᠢᠨ ᠭᠤᠤᠯᠳᠠᠯᠭ᠎ᠠ ᠲᠠᠢ ᠢᠨᠵᠧᠨᠧᠷᠢᠩ ᠢ ᠨᠠᠷᠢᠨ ᠬᠢᠨᠠᠮᠠᠭᠠᠢ ᠭᠡᠷᠡᠭᠵᠢᠭᠦᠯᠵᠦ᠂ ᠨᠢᠰᠭᠡᠯ ᠢᠶᠠᠷ 3 ᠳᠦᠮᠡᠨ | ᠮᠣ᠋ ᠣᠢ ᠶᠢ ᠳᠠᠷᠢᠵᠤ ᠤᠶᠢᠵᠢᠭᠤᠯᠤᠨ᠂ 5000 ᠮᠤ᠋ ᠡᠯᠡᠰᠤ ᠶᠢ ᠲᠤᠭᠳᠠᠪᠤᠷᠢᠵᠢᠭᠤᠯᠬᠤ ᠢᠨᠵᠧᠨᠧᠷᠢᠩ ᠪᠠ | 1000 ᠮᠤ᠋ ᠭᠤᠤᠯᠳᠠᠯᠭ᠎ᠠ ᠲᠠᠢ ᠤᠷᠤᠨ ᠲᠤᠭᠤᠷᠢᠭ ᠤᠨ ᠨᠤᠭᠤᠭᠠᠷᠠᠭᠤᠯᠤᠯᠲᠠ ᠶᠢᠨ ᠲᠥᠷᠥᠯ ᠵᠥᠢᠯ ᠢ | ᠪᠡᠶᠡᠯᠡᠬᠦᠯᠦᠨ᠎ᠡ᠃ ︽ᠭᠤᠷᠪᠠᠨ ᠤᠷᠤᠨ ᠬᠤᠶᠠᠷ ᠱᠤᠭᠤᠮ︾ ᠤᠨ ᠤᠶᠢᠷ᠎ᠠ ᠬᠠᠪᠢ ᠶᠢᠨ 3.4 ᠲᠡᠭᠰᠢ ᠳᠦᠷᠪᠡᠯᠵᠢᠨ | ᠺᠢᠯᠤᠮᠧᠲᠷ ᠬᠠᠶᠠᠭᠳᠠᠮᠠᠯ ᠠᠭᠤᠷᠬᠠᠢ ᠢ ᠵᠠᠰᠠᠨ ᠴᠡᠭᠴᠡᠯᠡᠭᠦ ᠶᠢ ᠪᠡᠶᠡᠯᠡᠭᠦᠯᠵᠤ᠂ 45 ᠾᠧᠺᠲ᠋ᠡᠷ ᠠᠭᠤᠷᠬᠠᠢ ᠶᠢᠨ | ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠤᠨ᠎ᠠ᠃ ᠬᠠᠮᠤᠭ ᠴᠢᠩᠭ᠎ᠠ ᠣᠷᠴᠢᠨ ᠲᠣᠭᠤᠷᠢᠨ ᠤ ᠬᠠᠮᠠᠭᠠᠯᠠᠯᠳᠠ ᠶᠢᠨ | ᠲᠦᠷᠢᠮ ᠢ ᠭᠡᠷᠡᠭᠵᠢᠭᠦᠯᠵᠦ᠂ ᠲᠦᠷᠦᠯ ᠵᠦᠢᠯ ᠢ ᠣᠷᠣᠭᠤᠯᠬᠤ ᠬᠢᠨᠠᠨᠯᠳᠠ ᠶᠢ ᠴᠢᠩᠭ᠎ᠠ ᠠᠳᠬᠤᠵᠦ᠂ ᠣᠷᠴᠢᠨ | ᠲᠣᠭᠤᠷᠢᠨ ᠤ ᠣᠷᠣᠰᠢᠵᠤ ᠪᠠᠶᠢᠭ᠎ᠠ ᠠᠰᠠᠭᠤᠳᠠᠯ ᠢ ᠦᠭᠡᠷᠡᠴᠢᠯᠡᠨ ᠵᠠᠰᠠᠬᠤ ᠶᠢ ᠴᠢᠩᠭᠠᠳᠬᠠᠵᠦ᠂ ᠠᠭᠠᠷ᠂ ᠣᠰᠣ᠂ | ᠬᠦᠷᠦᠰᠦ ᠰᠢᠷᠣᠢ ᠶᠢᠨ ᠪᠤᠬᠢᠷᠳᠤᠯ ᠢ ᠶᠡᠷᠦᠩᠬᠡᠶᠢᠯᠡᠨ ᠰᠡᠷᠬᠡᠶᠢᠯᠡᠬᠦ ᠬᠢᠨᠠᠯᠳᠠ ᠶᠢ ᠦᠷᠨᠢᠭᠦᠯᠵᠦ᠂ ᠠᠦ᠋ᠲᠴᠢᠯᠠᠭᠰᠠᠨ | ᠠᠭᠠᠷ ᠤᠨ ᠪᠤᠬᠢᠷᠳᠤᠯ ᠢ ᠬᠢᠨᠠᠨ ᠬᠡᠮᠵᠢᠬᠦ ᠦᠷᠲᠡᠭᠡ ᠶᠢ ᠪᠥᠳᠥᠬᠡᠨ ᠪᠠᠶᠢᠭᠤᠯᠵᠤ᠂ ᠡᠯ᠎ᠡ ᠵᠦᠢᠯ ᠤᠨ ᠣᠷᠴᠢᠨ | ᠲᠣᠭᠤᠷᠢᠨ ᠤ ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠥ᠂ ᠠᠮᠢ ᠠᠬᠤᠢ ᠶᠢᠨ ᠣᠷᠴᠢᠨ | ᠲᠣᠭᠤᠷᠢᠨ ᠢ ᠰᠠᠶᠢᠳᠤᠷ ᠬᠠᠮᠠᠭᠠᠯᠠᠨ᠎ᠠ᠃ | ( ᠵᠢᠷᠭᠤᠭ᠎ᠠ︶ ᠨᠡᠭᠡᠭᠡᠨ ᠬᠦᠭᠵᠢᠬᠦᠯᠦᠯᠳᠡ ᠶᠢᠨ ᠪᠦᠳᠦᠭᠡᠨ ᠪᠠᠶᠢᠭᠤᠯᠣᠯᠳᠠ ᠶᠢ ᠲᠣᠪᠣᠶᠢᠯᠭᠠᠨ᠂ | ᠭᠦᠭᠵᠢᠯᠳᠡ ᠶᠢᠨ ᠰᠠᠭᠤᠷᠢ ᠶᠢ ᠪᠠᠬᠢᠵᠢᠭᠦᠯᠵᠦ᠂ ᠬᠦᠷᠦᠯᠴᠡᠬᠦ ᠦᠬᠡᠢ ᠲᠠᠯ᠎ᠠ ᠪᠠᠨ ᠨᠦᠬᠦᠪᠦᠷᠢᠯᠡᠵᠤ᠂ | ᠳᠤᠯᠭᠠᠭᠤᠷᠢᠯᠠᠬᠤ ᠴᠢᠳᠠᠪᠬᠢ ᠶᠢ ᠳᠡᠭᠡᠭᠰᠢᠯᠡᠬᠦᠯᠬᠦ ᠪᠠᠷ ᠴᠢᠷᠮᠠᠶᠢᠨ᠎ᠠ᠃ ᠦᠪᠡᠷᠲᠡᠭᠡᠨ ᠵᠠᠰᠠᠬᠤ ᠣᠷᠣᠨ ᠤ ᠲᠣᠯᠣᠭᠠᠨ | ᠶᠡᠭᠡ ᠰᠦᠯᠵᠢᠶᠡᠨ ᠤ ᠰᠢᠰᠲ᠋ᠧᠮ ᠢ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠳᠤᠬᠢᠴᠢᠯᠠᠭᠰᠠᠨ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠨ᠎ᠠ᠃ ᠵᠠᠰᠠᠮᠠᠯ ᠵᠠᠮ ᠤᠨ ᠲᠠᠯ᠎ᠠ ᠪᠠᠷ᠂ ᠡᠷᠢᠶᠡᠨ | ᠬᠤᠳᠠ ᠠᠴᠠ ᠮᠠᠨᠳᠠᠯᠳᠦ ᠪᠠᠯᠭᠠᠰᠦ ᠭᠦᠷᠭᠦ ᠨᠢᠭᠡᠳᠦᠭᠡᠷ ᠲᠡᠰ ᠤᠨ ᠵᠠᠰᠠᠮᠠᠯ ᠵᠠᠮ ᠪᠠ ᠤᠯᠤᠰ ᠤᠨ ᠳᠡᠰ ᠤᠨ 331 | ᠱᠤᠭᠤᠮ ᠤᠨ ᠮᠠᠨᠳᠠᠯᠳᠦ ᠠᠴᠠ ᠪᠡᠯᠬᠦᠳᠡᠢ ᠭᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ | ᠬᠠᠮᠵᠢᠯᠴᠠᠨ ᠳᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠵᠠᠰᠠᠮᠠᠯ ᠵᠠᠮ ᠤᠨ ᠲᠦᠷᠦᠯ ᠵᠦᠢᠯ ᠢ ᠡᠬᠢᠯᠡᠨ | ᠶᠠᠪᠤᠭᠳᠠᠭᠤᠯᠤᠨ᠎ᠠ᠃ ᠨᠢᠰᠬᠡᠯ ᠤᠨ ᠲᠠᠯᠠᠪᠦᠷ ᠤᠨ ᠲᠠᠯ᠎ᠠ ᠪᠠᠷ᠂ ᠦᠪᠦᠷ ᠮᠣᠩᠭᠤᠯ ᠤᠨ ᠲᠠᠢ ᠬᠠᠩ ᠨᠡᠶᠢᠳᠡᠮ | ᠬᠡᠷᠡᠭᠯᠡᠭᠡᠨ ᠤ ᠠᠭᠠᠷ ᠠᠶᠠᠯᠠᠯ ᠤᠨ ᠭᠢᠵᠠᠭᠠᠷᠳᠣ ᠺᠤᠮᠫᠠᠨᠢ ᠲᠠᠢ ᠬᠠᠷᠢᠯᠴᠠᠭ᠎ᠠ ᠪᠠᠨ ᠴᠢᠩᠭᠠᠳᠬᠠᠵᠦ᠂ ᠠᠭᠠᠷ ᠠᠶᠠᠯᠠᠯ | ᠤᠨ ᠤᠨᠴᠠᠯᠢᠭᠲᠤ ᠵᠢᠵᠢᠭ ᠪᠠᠯᠭᠠᠰᠤ ᠪᠠᠶᠢᠭᠤᠯᠬᠤ ᠲᠦᠷᠦᠯ ᠵᠦᠢᠯ ᠤᠨ ᠪᠡᠯᠡᠳᠬᠡᠯ ᠠᠵᠢᠯ ᠢ ᠲᠦᠯᠬᠢᠨ ᠠᠬᠢᠭᠤᠯᠵᠦ᠂ | ᠵᠢᠯ ᠤᠨ ᠲᠣᠳᠣᠷ᠎ᠠ ᠪᠦᠳᠦᠭᠡᠨ ᠪᠠᠶᠢᠭᠤᠯᠣᠯᠳᠠ ᠶᠢ ᠡᠬᠢᠯᠡᠭᠦᠯᠦᠨ᠎ᠡ᠃ ᠴᠠᠬᠢᠯᠭᠠᠨ ᠬᠦᠴᠦᠨ ᠤ ᠲᠠᠯ᠎ᠠ ᠪᠠᠷ᠂ 500 | ᠺᠢᠯᠤᠸᠤᠯᠲ ᠶᠢᠨ ᠴᠠᠬᠢᠯᠭᠠᠨ ᠬᠦᠴᠦᠲᠠᠯ ᠢ ᠬᠤᠪᠢᠰᠬᠠᠨ ᠳᠠᠮᠵᠢᠭᠤᠯᠬᠤ ᠲᠦᠷᠦᠯ ᠵᠦᠢᠯ ᠤᠨ ᠪᠦᠳᠦᠭᠡᠨ | ᠪᠠᠶᠢᠭᠤᠯᠣᠯᠳᠠ ᠶᠢ ᠲᠦᠯᠬᠢᠨ ᠠᠬᠢᠭᠤᠯᠵᠦ᠂ ᠲᠠᠯᠠᠢ ᠰᠤᠮᠤᠨ ᠤ 110 ᠺᠢᠯᠤᠸᠤᠯᠲ ᠶᠢᠨ ᠴᠠᠬᠢᠯᠭᠠᠨ ᠬᠦᠴᠦᠲᠠᠯ ᠢ | ᠬᠤᠪᠢᠰᠬᠠᠬᠤ ᠦᠷᠲᠡᠭᠡ ᠶᠢ ᠦᠷᠭᠡᠳᠬᠡᠨ ᠪᠠᠶᠢᠭᠤᠯᠬᠤ ᠢᠨᠵᠧᠨᠧᠷᠢᠭ ᠢ ᠭᠡᠷᠡᠭᠵᠢᠭᠦᠯᠦᠨ᠂ ᠮᠠᠩᠯᠠᠢ 220 | ᠺᠢᠯᠤᠸᠤᠯᠲ ᠶᠢᠨ ᠴᠠᠬᠢᠯᠭᠠᠨ ᠬᠦᠴᠦᠲᠠᠯ ᠢ ᠬᠤᠪᠢᠰᠬᠠᠨ ᠳᠠᠮᠵᠢᠭᠤᠯᠬᠤ ᠦᠷᠲᠡᠭᠡ ᠪᠠ ᠳ᠋ᠠ ᠲᠠᠩ ᠳ᠋ᠢᠩ ᠸᠠᠩ ᠤᠨ | 110 ᠺᠢᠯᠤᠸᠤᠯᠲ ᠶᠢᠨ ᠴᠠᠬᠢᠯᠭᠠᠨ ᠬᠦᠴᠦᠲᠠᠯ ᠬᠤᠪᠢᠰᠬᠠᠬᠤ ᠦᠷᠳᠡᠭᠡᠨ ᠤ ᠢᠨᠵᠧᠨᠧᠷᠢᠭ ᠢ ᠳᠤᠰ ᠵᠢᠯ | ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠰᠢᠨ᠎ᠡ ᠪᠠᠷ 2 ᠰᠠᠭᠤᠷᠢ 35 ᠺᠢᠯᠤᠸᠤᠯᠲ ᠶᠢᠨ ᠴᠠᠬᠢᠯᠭᠠᠨ | ᠬᠤᠪᠢᠰᠬᠠᠬᠤ ᠦᠷᠳᠡᠭᠡ ᠶᠢ ᠪᠠᠶᠢᠭᠤᠯᠵᠦ᠂ ᠮᠠᠯᠵᠢᠬᠤ ᠤᠷᠤᠨ ᠤ ᠴᠠᠬᠢᠯᠭᠠᠨ ᠲᠤᠤᠷ ᠰᠦᠯᠵᠢᠶ᠎ᠡ ᠶᠢ ᠦᠭᠡᠷᠡᠴᠢᠯᠠᠵᠤ | ᠲᠡᠰ ᠳᠡᠪᠰᠢᠭᠦᠯᠬᠦ ᠢᠨᠵᠧᠨᠧᠷᠢᠩ ᠪᠠ ᠭᠠᠴᠠᠭᠠᠨ ᠲᠦᠪ ᠲᠤ ᠴᠠᠬᠢᠯᠭᠠᠨ ᠨᠡᠪᠳᠡᠷᠡᠬᠦᠯᠬᠦ ᠵᠡᠷᠭᠡ ᠢᠨᠵᠧᠨᠧᠷᠢᠩ ᠢ | ᠲᠦᠯᠬᠢᠨ ᠠᠬᠢᠭᠤᠯᠤᠨ᠎ᠠ᠃ ᠴᠢᠮᠡᠭᠡ ᠬᠤᠯᠪᠣᠭᠠᠨ ᠤ ᠲᠠᠯ᠎ᠠ ᠪᠠᠷ᠂ᠪᠦᠬᠦ ᠠᠶᠢᠮᠠᠭ ᠤᠨ ᠴᠢᠮᠡᠭᠡ ᠬᠤᠯᠪᠣᠭᠠᠨ ᠤ ᠡᠬᠢ | ᠪᠠᠶᠠᠯᠢᠭ ᠢ ᠨᠢᠬᠡᠳᠬᠡᠨ ᠬᠠᠮᠳᠦ ᠪᠠᠷ ᠭᠡᠷᠡᠭᠯᠡᠬᠦ ᠵᠢᠴᠢ ᠳᠤᠮᠤ ᠳ᠋ᠠᠶᠢᠲ᠋ᠠ ᠶᠢᠨ ᠦᠢᠯᠡᠰ ᠢ ᠬᠦᠭᠵᠢᠬᠦᠯᠬᠦ ᠠᠵᠢᠯ ᠤᠨ | ᠱᠠᠭᠠᠷᠳᠠᠯᠭ᠎ᠠ ᠶᠣᠰᠤᠭᠠᠷ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠰᠢᠰᠲ᠋ᠧᠮ ᠪᠠ | ᠤᠯᠠᠨ ᠨᠡᠶᠢᠲᠠ ᠶᠢᠨ ᠲᠤᠭ᠎ᠠ ᠪᠠᠷᠢᠮᠳᠠ ᠶᠢᠨ ᠨᠡᠬᠡᠬᠡᠯᠲᠠ ᠲᠠᠢ ᠬᠠᠮᠳᠣ ᠪᠠᠷ ᠬᠡᠷᠡᠭᠯᠡᠬᠦ ᠶᠢ ᠢᠳᠡᠪᠬᠢᠲᠠᠢ ᠲᠥᠯᠬᠢᠨ | ᠠᠬᠢᠭᠤᠯᠵᠤ᠂ ᠴᠢᠮᠡᠭᠡ ᠬᠤᠯᠪᠣᠭᠠᠨ ᠤ ᠠᠷᠠᠳ ᠲᠤ ᠦᠢᠯᠡᠴᠢᠯᠡᠬᠦ ᠴᠢᠳᠠᠪᠦᠷᠢ ᠶᠢ ᠨᠡᠮᠡᠭᠳᠡᠭᠦᠯᠦᠨ᠎ᠡ᠃ ᠴᠢᠮᠡᠭᠡ | ᠬᠤᠯᠪᠤᠭ᠎ᠠ ᠲᠤᠤᠷ ᠰᠦᠯᠵᠢᠶᠡᠨ ᠤ ᠪᠦᠳᠤᠬᠡᠨ ᠪᠠᠶᠢᠭᠤᠯᠤᠯᠳᠠ ᠶᠢ ᠲᠦᠷᠬᠡᠤᠡᠬᠡᠨ᠂ 2 ᠰᠠᠭᠤᠷᠢ ᠴᠢᠮᠡᠭᠡ ᠬᠤᠯᠪᠤᠭᠠᠨ | ᠤ ᠰᠠᠭᠤᠷᠢ ᠦᠷᠲᠡᠭᠡ ᠶᠢ ᠰᠢᠨ᠎ᠡ ᠪᠠᠷ ᠪᠠᠶᠢᠭᠤᠯᠵᠤ᠂ ᠴᠢᠮᠡᠭᠡ ᠬᠤᠯᠪᠤᠭᠠᠨ ᠤ ᠪᠦᠷᠬᠦᠴᠡ ᠶᠢᠨ ᠨᠤᠷᠮ᠎ᠠ ᠶᠢ ᠤᠯᠠᠮ | ᠨᠢᠬᠡ ᠠᠯᠬᠤᠮ ᠲᠡᠭᠡᠭᠰᠢᠯᠡᠬᠦᠯᠦᠨ᠎ᠡ᠃ | ︵ᠲᠣᠯᠤᠭ᠎ᠠ︶ ᠪᠦᠳᠦᠭᠡᠨ ᠪᠠᠶᠢᠭᠤᠯᠣᠯᠳᠠ ᠪᠠ ᠬᠠᠮᠢᠶᠠᠷᠣᠯᠳᠠ ᠶᠢ ᠬᠠᠮᠳᠣᠳᠬᠠᠬᠤ ᠶᠢ ᠲᠣᠪᠣᠶᠢᠯᠭᠠᠨ᠂ | ᠬᠣ ᠳ᠋ᠠ ᠪᠠᠯᠭᠠᠰᠣᠨ ᠤ ᠭᠦᠭᠵᠢᠯᠳᠡ ᠶᠢ ᠨᠢᠭᠡᠳᠦᠯᠲᠠᠢ ᠲᠦᠯᠦᠪᠯᠡᠵᠦ᠂ ᠰᠠᠭᠤᠷᠢ ᠲᠦᠭᠦᠭᠡᠷᠦᠮᠵᠢ ᠶᠢ ᠪᠦᠷᠢᠨᠰᠢᠭᠦᠯᠵᠤ | ᠂ ᠠᠷᠠᠥᠨ ᠤᠨ ᠣᠷᠣᠨ ᠰᠠᠭᠤᠴᠠ ᠶᠢᠨ ᠣᠷᠴᠢᠨ ᠳᠣᠭᠤᠷᠢᠨ ᠢ ᠰᠠᠶᠢᠵᠢᠷᠠᠭᠤᠯᠤᠨ᠎ᠠ᠃ ᠰᠢᠨ᠎ᠡ ᠮᠠᠶ᠋ᠢᠭ ᠤᠨ ᠬᠤᠳᠠ | ᠪᠠᠯᠭᠠᠰᠣᠵᠢᠭᠤᠯᠣᠯᠳᠠ ᠪᠠᠷ ᠭᠦᠳᠡᠯᠭᠡᠬᠦ ᠭᠦᠴᠦᠨ ᠪᠣᠯᠭᠠᠵᠦ᠂ ᠬᠤᠳᠠ ᠭᠦᠳᠡᠭᠡ ᠶᠢᠨ ᠨᠢᠭᠡ ᠴᠣᠭᠴᠠᠯᠠᠯᠳᠠ ᠶᠢᠨ | ᠠᠯᠬᠤᠴᠠ ᠶᠢ ᠲᠦᠷᠭᠡᠳᠬᠡᠨ᠂ ᠬᠤᠳᠠ ᠪᠠᠯᠭᠠᠰᠣᠨ ᠤ ᠬᠠᠮᠳᠦ ᠶᠢᠨ ᠭᠦᠭᠵᠢᠯᠳᠡ᠂ ᠲᠠᠪᠰᠢᠯᠳᠠ᠂ ᠴᠡᠴᠡᠭᠯᠡᠯᠳᠡ ᠶᠢ | ᠲᠦᠯᠬᠢᠨ ᠠᠬᠢᠭᠤᠯᠣᠨ᠎ᠠ᠃ ᠰᠢᠨ᠎ᠡ ᠮᠠᠶ᠋ᠢᠭ ᠤᠨ ᠬᠤᠳᠠ ᠪᠠᠯᠭᠠᠰᠣᠵᠢᠭᠤᠯᠣᠯᠳᠠ ᠶᠢᠨ ᠪᠦᠳᠦᠭᠡᠨ ᠪᠠᠶᠢᠭᠤᠯᠣᠯᠳᠠ ᠶᠢ | ᠲᠦᠯᠬᠢᠨ ᠠᠬᠢᠭᠤᠯᠣᠨ᠎ᠠ᠃ ︽ᠠᠮᠢᠳᠣᠷᠠᠯ ᠤᠨ ᠭᠦᠴᠦᠨ ᠪᠢᠯᠬᠠᠮ᠎ᠠ᠂ ᠠᠵᠢᠯᠯᠠᠵᠤ ᠠᠮᠢᠳᠤᠷᠠᠬᠤ ᠳᠤ ᠲᠣᠬᠢᠷᠠᠭᠰᠠᠨ︾ | ᠲᠠᠯ᠎ᠠ ᠨᠣᠳᠤᠭ ᠤᠨ ᠣᠨᠴᠠᠯᠢᠭᠳᠦ ᠵᠢᠵᠢᠭ ᠬᠤᠳᠠ ᠪᠠᠯᠭᠠᠰᠣ ᠶᠢ ᠡᠭᠦᠳᠦᠨ ᠪᠠᠶᠢᠭᠤᠯᠬᠤ ᠪᠠᠷ ᠬᠠᠷᠠᠯᠳᠠ ᠪᠣᠯᠭᠠᠨ᠂ | 5.6 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠵᠦ᠂ 1.55 ᠲᠦᠮᠡᠨ ᠮᠧᠲᠷ ᠶᠠᠪᠠᠭᠠᠨ ᠬᠦᠮᠦᠨ ᠤ ᠵᠠᠮ ᠢ | ᠲᠡᠪᠢᠰᠴᠦ᠂ 50 ᠲᠦᠮᠡᠨ ᠲᠡᠭᠰᠢ ᠳᠦᠷᠪᠡᠯᠵᠢᠨ ᠮᠧᠲᠷ ᠭᠤᠤᠯᠳᠠᠯᠭᠠᠳᠤ ᠤᠷᠤᠨ ᠲᠤᠭᠤᠷᠢᠭ ᠢ ᠨᠤᠭᠤᠭᠠᠷᠠᠭᠤᠯᠵᠤ᠂ | ᠰᠢᠨ᠎ᠡ ᠪᠠᠷ 3 ᠰᠠᠭᠤᠷᠢ ᠬᠤᠭ ᠨᠤᠪᠰᠢ ᠳᠠᠮᠵᠢᠭᠤᠯᠤᠨ ᠳᠡᠭᠡᠭᠡᠪᠦᠷᠢᠯᠡᠬᠦ ᠦᠷᠲᠡᠭᠡ ᠪᠠ 20 ᠰᠠᠭᠤᠷᠢ ᠤᠰᠤ ᠪᠠᠷ | ᠴᠡᠪᠡᠷᠯᠡᠬᠦ ᠨᠠᠶᠢᠳᠡ ᠶᠢᠨ ᠵᠤᠷᠯᠤᠩ ᠢ ᠰᠢᠨ᠎ᠡ ᠪᠠᠷ ᠪᠠᠶᠢᠭᠤᠯᠵᠤ᠂ 620 ᠰᠠᠭᠤᠷᠢ ᠵᠠᠮ ᠤᠨ ᠳ᠋ᠧᠩ ᠢ ᠤᠭᠰᠠᠷᠠᠨ᠎ᠠ᠃ | ᠨᠡᠶᠢᠳᠡ ᠶᠢᠨ ᠰᠣᠶᠣᠯ ᠲᠠᠮᠢᠷ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠦ᠂ ᠰᠤᠶᠤᠯ | ᠤᠨ ᠠᠭᠤᠯᠭ᠎ᠠ ᠪᠦᠬᠦᠢ ᠠᠭᠤᠳᠠᠮ ᠲᠠᠯᠠᠪᠠᠢ᠂ ᠱᠤᠭ ᠵᠢᠷᠤᠭ ᠤᠨ ᠴᠡᠴᠡᠷᠯᠢᠭ ᠪᠤᠯᠤᠨ ᠭᠠᠵᠠᠷ ᠰᠢᠠᠵᠢᠯᠡᠭᠡᠨ ᠤ | ᠬᠦᠷᠢᠶᠡᠯᠡᠩ ᠤᠨ ᠮᠦᠽᠸᠢ ᠶᠢᠨ ᠤᠷᠳᠤᠨ ᠢ ᠪᠠᠶᠢᠭᠤᠯᠵᠤ᠂ ᠲᠦᠪ ᠠᠭᠤᠳᠠᠮ ᠲᠠᠯᠠᠪᠠᠢ ᠶᠢᠨ ᠬᠤᠶᠠᠳᠤᠭᠠᠷ | ᠬᠤᠭᠤᠴᠠᠭᠠᠨ ᠤ ᠵᠠᠰᠠᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠦᠨᠳᠦᠰᠦᠳᠡᠨ ᠤ ᠰᠤᠶᠤᠯ ᠤᠨ | ᠤᠠᠴᠠᠯᠢᠭᠲᠤ ᠵᠡᠭᠡᠯᠢ ᠲᠤᠭᠤᠷᠢᠭ ᠢ ᠪᠦᠳᠦᠭᠡᠨ ᠪᠠᠶᠢᠭᠤᠯᠤᠨ᠎ᠠ᠃ ᠪᠤᠵᠠᠷ ᠤᠰᠤ ᠴᠡᠪᠡᠷᠰᠢᠬᠦᠯᠬᠦ ᠦᠢᠯᠡᠳᠪᠤᠷᠢ ᠶᠢᠨ | ᠪᠠᠷᠢᠮᠵᠢᠶ᠎ᠠ ᠶᠢ ᠲᠡᠭᠡᠭᠰᠢᠯᠡᠬᠦᠯᠦᠨ ᠦᠬᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠪᠤᠵᠠᠷ ᠤᠰᠤ ᠶᠢ ᠲᠠᠬᠢᠨ | ᠠᠰᠢᠭᠯᠠᠬᠤ᠂ ᠤᠰᠤ ᠬᠠᠩᠭᠠᠬᠤ ᠢᠵᠢ ᠪᠦᠷᠢᠯᠳᠦᠭᠰᠡᠨ ᠳᠦᠭᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠬᠦ | ᠢᠨᠵᠧᠨᠧᠷᠢᠩ ᠢ ᠶᠠᠪᠤᠭᠳᠠᠭᠤᠯᠵᠤ᠂ ᠨᠢᠭᠡ ᠪᠦᠯᠦᠭ ᠰᠠᠭᠤᠭᠠᠯᠢ ᠲᠤᠭᠤᠷᠢᠭ ᠤᠨ ᠢᠵᠢ ᠪᠦᠷᠢᠳᠦᠭᠰᠡᠨ ᠰᠠᠭᠤᠷᠢ | ᠲᠦᠬᠦᠭᠡᠷᠦᠮᠵᠢ ᠶᠢ ᠠᠯᠬᠤᠮ ᠬᠤᠪᠢᠶᠠᠨ ᠥᠬᠡᠷᠡᠴᠢᠯᠡᠨ ᠪᠥᠷᠢᠨᠰᠢᠬᠦᠯᠥᠨ᠎ᠡ᠃ ᠬᠠᠭᠤᠴᠢᠨ ᠲᠤᠭᠤᠷᠢᠭ ᠤᠨ 500 | ᠡᠷᠥᠬᠡ ᠶᠢᠨ ᠠᠶᠤᠯᠲᠠᠢ ᠬᠡᠷ ᠪᠠᠶᠢᠰᠢᠩ ᠢ ᠨᠤᠷᠠᠭᠠᠨ ᠰᠢᠯᠵᠢᠬᠦᠯᠵᠤ᠂ ᠬᠠᠭᠤᠴᠢᠨ ᠰᠠᠭᠤᠭᠠᠯᠢ ᠲᠤᠭᠤᠷᠢᠭ ᠤᠨ 300 | ᠬᠡᠷ ᠪᠠᠶᠢᠰᠢᠩ ᠢ ᠥᠬᠡᠷᠡᠴᠢᠯᠡᠨ ᠵᠠᠰᠠᠨ᠎ᠠ᠃ ᠬᠤᠳᠠ ᠪᠠᠯᠭᠠᠰᠣᠨ ᠤ ᠬᠠᠮᠢᠶᠠᠷᠣᠯᠳᠠ ᠶᠢᠨ ᠬᠢᠷᠢ ᠲᠦᠪᠰᠢᠨ ᠢ ᠪᠦᠬᠦ | ᠲᠠᠯ᠎ᠠ ᠪᠠᠷ ᠲᠡᠭᠡᠭᠰᠢᠯᠡᠭᠦᠯᠵᠦ᠂ ᠬᠠᠣᠯᠢ ᠭᠡᠷᠡᠭᠵᠢᠭᠦᠯᠦᠨ ᠴᠠᠭᠳᠠᠨ ᠪᠠᠶᠢᠴᠠᠭᠠᠬᠤ ᠬᠠᠮᠢᠶᠠᠷᠣᠯᠳᠠ ᠶᠢ ᠴᠢᠩᠭᠠᠳᠬᠠᠵᠤ᠂ | ᠳᠦᠷᠢᠮ ᠲᠣᠭᠳᠠᠭᠠᠯ ᠢ ᠵᠦᠷᠢᠴᠡᠭᠰᠡᠨ ᠪᠦᠳᠦᠭᠡᠨ ᠪᠠᠶᠢᠭᠤᠯᠣᠯᠳᠠ ᠪᠠ ᠵᠡᠬᠡᠯᠢ ᠶᠢᠨ ᠬᠤᠶᠠᠷ ᠳᠠᠯ᠎ᠠ ᠪᠠᠷ ᠡᠳ᠋ ᠪᠠᠷᠠᠭ᠎ᠠ | ᠪᠤᠳᠠᠰ ᠢᠶᠠᠨ ᠲᠣᠷ᠎ᠠ ᠪᠠᠷ ᠢᠶᠠᠨ ᠲᠡᠯᠭᠡᠨ ᠳᠠᠯᠪᠢᠬᠤ ᠠᠰᠠᠭᠤᠳᠠᠯ ᠢ ᠡᠷᠡᠰ ᠬᠤᠷᠢᠭᠯᠠᠨ᠎ᠠ᠃ ᠪᠣᠯᠪᠠᠰᠣᠨ ᠪᠠᠶᠢᠭᠤᠯᠭ᠎ᠠ | ᠨᠢᠬᠡᠴᠡ᠂ ᠪᠣᠯᠪᠠᠰᠣᠨ ᠦᠢᠯᠡᠴᠢᠯᠡᠬᠡᠨ ᠤ ᠴᠣᠩᠬᠤ᠂ ᠪᠣᠯᠪᠠᠰᠣᠨ ᠰᠣᠮᠣ ᠪᠠᠯᠭᠠᠰᠤ ᠶᠢ ᠪᠦᠳᠦᠭᠡᠨ ᠪᠠᠶᠢᠭᠤᠯᠬᠤ | ᠭᠦᠳᠡᠯᠭᠡᠭᠡᠨ ᠶᠢ ᠢᠳᠡᠪᠬᠢᠲᠠᠢ ᠶᠠᠪᠣᠭᠳᠠᠭᠤᠯᠣᠨ᠎ᠠ᠃ ᠰᠠᠭᠤᠭᠠᠯᠢ ᠲᠣᠭᠤᠷᠢᠭ ᠤᠨ ᠠᠳᠠᠯ ᠦᠢᠯᠡᠰ ᠤᠨ ᠬᠠᠮᠢᠶᠠᠷᠣᠯᠳᠠ | ᠶᠢ ᠴᠢᠩᠭᠠᠳᠬᠠᠵᠦ᠂ ᠣᠯᠠᠮ ᠨᠢᠭᠡ ᠠᠯᠬᠤᠮ ᠲᠦᠷᠢᠮᠵᠢᠨ ᠡᠵᠡᠩᠨᠡᠵᠦ᠂ ᠴᠡᠪᠡᠷ ᠲᠣᠬᠢᠯᠢᠭ ᠬᠤᠳᠠ ᠪᠠᠯᠭᠠᠰᠣᠨ ᠤ | ᠰᠠᠭᠤᠭᠠᠯᠢ ᠣᠷᠴᠢᠨ ᠢ ᠪᠠᠶᠢᠭᠤᠯᠣᠨ᠎ᠠ᠃ ︽ᠤᠶᠤᠨᠯᠢᠭ ᠬᠤᠳᠠ︾ ︽ᠤᠶᠤᠨᠯᠢᠭ ᠨᠠᠶᠢᠬᠡᠮ ᠲᠤᠭᠤᠷᠢᠭ︾ ᠤᠨ | ᠪᠥᠳᠥᠬᠡᠨ ᠪᠠᠶᠢᠭᠤᠯᠤᠯᠲᠠ ᠶᠢ ᠲᠥᠷᠬᠡᠨ ᠠᠬᠢᠭᠤᠯᠵᠤ᠂ ᠲᠤᠮᠤ ᠳ᠋ᠠᠶᠢᠲ᠋ᠠ ᠵᠡᠷᠬᠡ ᠣᠳᠣᠬᠢᠴᠢᠯᠠᠭᠰᠠᠨ ᠰᠣᠷᠠᠭ ᠵᠠᠩᠬᠢ | ᠶᠢᠨ ᠮᠡᠷᠬᠡᠵᠢᠯ ᠢ ᠬᠤᠳᠠ ᠪᠠᠯᠭᠠᠰᠣᠨ ᠤ ᠬᠠᠮᠢᠶᠠᠷᠤᠯᠲᠠ ᠶᠢᠨ ᠥᠢᠯᠡᠴᠢᠯᠡᠭᠡ ᠲᠠᠢ ᠪᠥᠬᠦ ᠲᠠᠯ᠎ᠠ ᠪᠠᠷ ᠨᠢᠬᠡᠳᠬᠡᠬᠦ ᠶᠢ | ᠢᠳᠡᠪᠬᠢᠲᠠᠢ ᠲᠥᠯᠬᠢᠨ ᠠᠬᠢᠭᠤᠯᠵᠤ᠂ ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢᠨ ᠭᠢᠷᠢ ᠳᠦᠪᠰᠢᠨ ᠢ | ᠳᠡᠬᠡᠭᠰᠢᠯᠡᠬᠦᠯᠥᠨᠡ᠃ ᠰᠢᠨ᠎ᠡ ᠮᠠᠯᠵᠢᠬᠤ ᠤᠷᠤᠨ ᠤ ᠪᠥᠳᠥᠬᠡᠨ ᠪᠠᠶᠢᠭᠤᠯᠤᠯᠲᠠ ᠶᠢ ᠪᠥᠬᠦ ᠳᠠᠯ᠎ᠠ ᠪᠠᠷ ᠴᠢᠩᠭᠠᠳᠬᠠᠨ᠎ᠠ | ᠃ ᠦᠵᠡᠰᠭᠦᠯᠡᠩᠲᠤ ᠬᠦᠳᠡᠭᠡ ᠳᠤᠰᠬᠤᠨ ᠤ ᠪᠦᠳᠦᠭᠡᠨ ᠪᠠᠶᠢᠭᠤᠯᠤᠯᠲᠠ ᠶᠢ ᠬᠦᠠᠵᠡᠭᠡᠢ ᠳᠦᠯᠬᠢᠨ ᠠᠬᠢᠭᠤᠯᠵᠤ᠂ | ᠳᠠᠷᠢᠶᠠᠯᠭᠩ ᠠᠵᠤ ᠠᠬᠤᠢ ᠶᠢ ᠶᠡᠷᠥᠩᠬᠡᠶᠢᠯᠡᠨ ᠬᠦᠭᠵᠢᠬᠦᠯᠬᠦ᠂ ᠣᠰᠣᠨ ᠠᠰᠢᠭᠯᠠᠯᠲᠠ᠂ ᠬᠢᠯᠢ ᠬᠢᠵᠠᠭᠠᠷ ᠢ | ᠬᠥᠭᠵᠢᠬᠦᠯᠵᠤ᠂ ᠠᠷᠠᠳ ᠢᠶᠠᠨ ᠪᠠᠶᠠᠵᠢᠭᠤᠯᠬᠤ ᠵᠡᠷᠬᠡ ᠡᠯ᠎ᠡ ᠲᠦᠷᠦᠯ ᠤᠨ ᠮᠠᠯ ᠠᠵᠤ ᠠᠬᠤᠢ ᠳᠤ ᠬᠤᠯᠪᠤᠭᠳᠠᠭᠰᠠᠨ | ᠲᠦᠷᠦᠯ ᠵᠦᠢᠯ ᠤᠨ ᠪᠡᠯᠡ ᠮᠦᠩᠭᠦ ᠶᠢ ᠨᠢᠭᠡᠳᠭᠡᠨ᠂ ᠤᠰᠤ᠂ ᠴᠠᠬᠢᠯᠭᠠᠨ᠂ ᠵᠠᠮ᠂ ᠫᠧᠩ ᠬᠤᠷᠤᠭ᠎ᠠ ᠪᠠᠷ ᠭᠤᠤᠯ | ᠪᠤᠯᠭᠠᠭᠰᠠᠨ ᠮᠠᠯᠵᠢᠬᠤ ᠤᠷᠤᠨ ᠤ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠷᠢᠠᠰᠢᠬᠦᠯᠵᠤ᠂ | 191 ᠠᠮᠠᠰᠠᠷ ᠤᠰᠤᠨ ᠬᠤᠳᠳᠤᠭ᠂ 175 ᠰᠠᠭᠤᠷᠢ ᠤᠰᠤ ᠬᠠᠳᠠᠭᠠᠯᠠᠬᠤ ᠵᠤᠭᠤᠷᠢ ᠶᠢ ᠰᠢᠨ᠎ᠡ ᠪᠠᠷ ᠪᠠᠶᠢᠭᠤᠯᠤᠨ | ᠂ 175 ᠢᠵᠢ ᠤᠰᠤ ᠴᠡᠪᠡᠷᠰᠢᠬᠦᠯᠬᠦ ᠲᠦᠬᠦᠭᠡᠷᠦᠮᠵᠢ᠂ 500 ᠢᠵᠢ 2000 ᠸᠠᠲ ᠠᠴᠠ ᠲᠡᠭᠡᠭᠰᠢᠬᠢ ᠨᠠᠷᠠ | ᠰᠠᠯᠬᠢᠨ ᠤ ᠬᠠᠷᠢᠯᠴᠠᠨ ᠨᠦᠬᠦᠪᠦᠷᠢᠯᠡᠬᠦ ᠲᠦᠬᠦᠭᠡᠷᠦᠮᠵᠢ ᠶᠢ ᠤᠭᠰᠠᠷᠠᠵᠤ᠂ 292 ᠺᠢᠯᠤᠮᠧᠲᠷ ᠭᠠᠴᠠᠭᠠᠨ ᠳᠤ | ᠨᠡᠪᠳᠡᠷᠡᠬᠦ ᠱᠦᠢᠨᠢ ᠵᠠᠮ ᠢ ᠲᠡᠪᠢᠰᠴᠦ᠂ 5.5 ᠲᠦᠮᠡᠨ ᠲᠡᠭᠰᠢ ᠳᠦᠷᠪᠡᠯᠵᠢᠨ ᠮᠧᠲᠷ ᠪᠠᠷᠢᠮᠵᠢᠶᠠᠲᠤ ᠲᠤᠯᠠᠭᠠᠨ ᠫᠧᠩ | ᠂ 5000 ᠲᠡᠭᠰᠢ ᠳᠦᠷᠪᠡᠯᠵᠢᠨ ᠮᠧᠲᠷ ᠡᠪᠡᠰᠤ ᠬᠠᠳᠠᠭᠠᠯᠠᠬᠤ ᠫᠧᠩ ᠢ ᠰᠢᠨ᠎ᠡ ᠪᠠᠷ ᠪᠠᠶᠢᠭᠤᠯᠤᠨ᠎ᠠ᠃ ᠵᠠᠬ᠎ᠠ | ᠳᠡᠯᠬᠡᠭᠦᠷᠵᠢᠬᠦᠯᠦᠯᠳᠡ ᠶᠢᠨ ᠠᠷᠭ᠎ᠠ ᠬᠡᠯᠪᠡᠷᠢ ᠶᠢ ᠢᠳᠡᠪᠬᠢᠲᠠᠢ ᠰᠥᠪᠡᠭᠴᠢᠯᠡᠵᠤ᠂ ᠵᠠᠰᠠᠭ ᠤᠨ ᠣᠷᠳᠣᠨ ᠠᠴᠠ | ᠰᠠᠭᠤᠷᠢ ᠮᠥᠩᠬᠦ ᠪᠠᠶᠢᠭᠤᠯᠤᠨ ᠨᠡᠶᠢᠭᠡᠮ ᠤᠨ ᠵᠤᠭᠢᠶᠠᠨ ᠪᠠᠶᠢᠭᠤᠯᠣᠯᠳᠠ᠂ ᠠᠵᠤ ᠠᠬᠤᠶᠢᠯᠠᠯ ᠪᠣᠯᠣᠨ ᠬᠤᠪᠢ ᠭᠦᠮᠤᠨ | ᠤ ᠪᠡᠯᠡ ᠣᠷᠣᠭᠤᠯᠤᠯᠲᠠ ᠶᠢ ᠬᠠᠷᠢᠯᠴᠠᠨ ᠤᠶᠠᠯᠳᠣᠭᠤᠯᠬᠤ ᠶᠢ ᠵᠢᠯᠤᠭᠤᠳᠤᠨ ᠳᠠᠭᠠᠭᠤᠯᠬᠤ ᠪᠠ ᠵᠤᠷᠢᠭᠵᠢᠭᠤᠯᠵᠤ᠂ | ︽ᠠᠷᠪᠠ ᠶᠢ ᠪᠥᠷᠬᠦᠬᠦᠯᠬᠦ︾ ᠢᠨᠵᠧᠨᠧᠷᠢᠩ ᠤᠨ ᠬᠤᠶᠢᠰᠢᠲᠠ ᠶᠢᠨ ᠬᠠᠮᠢᠶᠠᠷᠤᠯᠲᠠ ᠪᠠ ᠬᠡᠷᠡᠭᠯᠡᠭᠡ ᠶᠢ | ᠴᠢᠩᠭᠠᠳᠬᠠᠵᠤ᠂ ᠢᠨᠵᠧᠨᠧᠷᠢᠩ ᠤᠨ ᠬᠡᠷᠡᠭᠯᠡᠬᠡᠨ ᠪᠠ ᠥᠷ᠎ᠡ ᠠᠰᠢᠭ ᠢ ᠳᠡᠭᠡᠭᠰᠢᠯᠡᠬᠦᠯᠦᠨ᠎ᠡ᠃ ᠭᠠᠴᠠᠭᠠᠨ ᠤ ᠬᠠᠮᠲᠤ | ᠶᠢᠨ ᠠᠵᠤ ᠠᠬᠤᠢ ᠶᠢ ᠬᠥᠴᠥᠯᠡᠨ ᠲᠡᠮᠵᠢᠵᠦ᠂ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠮᠠᠨ ᠤ ᠬᠤᠰᠢᠭᠤ | ᠶᠢ ︽2017 ᠤᠨ ᠤ ᠪᠦᠬᠦ ᠤᠷᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠳᠡᠮᠵᠢᠭᠦ ᠭᠤᠤᠯᠳᠠᠯᠭ᠎ᠠ ᠲᠠᠢ | ᠬᠤᠰᠢᠭᠤ ᠰᠢᠶᠠᠨ︾ ᠳᠤ ᠤᠷᠤᠭᠤᠯᠤᠭᠰᠠᠨ ᠳᠤᠬᠢᠶᠠᠯ ᠢ ᠠᠰᠢᠭᠯᠠᠵᠤ᠂ ᠬᠠᠮᠲᠤ ᠶᠢᠨ ᠠᠵᠤ ᠠᠬᠤᠢ ᠶᠢᠨ ᠰᠠᠭᠤᠷᠢ | ᠪᠠᠷ ᠨᠡᠯᠢᠶᠡᠳ ᠰᠠᠶᠢᠨ 5 — 6 ᠭᠠᠴᠠᠭ᠎ᠠ ᠶᠢ ᠰᠤᠩᠭᠤᠵᠤ ᠭᠤᠤᠯᠳᠠᠯᠭ᠎ᠠ ᠲᠠᠢ ᠳᠡᠮᠵᠢᠵᠤ᠂ ᠬᠠᠮᠳᠣ ᠶᠢᠨ ᠠᠵᠤ | ᠠᠬᠤᠢ ᠶᠢᠨ ᠲᠤᠯᠭᠠᠭᠤᠷᠢᠯᠠᠬᠤ ᠬᠥᠴᠥᠨ ᠢ ᠨᠡᠮᠡᠭᠳᠡᠬᠦᠯᠥᠨ᠎ᠡ᠃ | ︵ᠨᠠᠢᠮᠠ︶ ᠪᠠᠶᠢᠭᠤᠯᠤᠮᠵᠢ ᠶᠢᠨ ᠰᠢᠨ᠎ᠡ ᠶᠢ ᠡᠬᠦᠳᠬᠦ ᠶᠢ ᠲᠤᠪᠤᠶᠢᠯᠭᠠᠨ᠂ ᠥᠬᠡᠷᠡᠴᠢᠯᠠᠯᠲᠠ ᠨᠡᠬᠡᠬᠡᠯᠲᠠ | ᠶᠢ ᠬᠥᠨᠵᠡᠬᠡᠶᠢᠷᠡᠬᠦᠯᠵᠤ᠂ ᠬᠥᠭᠵᠢᠯᠲᠠ ᠶᠢᠨ ᠲᠤᠮᠳᠠᠬᠢ ᠬᠥᠴᠢᠷ ᠠᠰᠠᠭᠤᠳᠠᠯ ᠢ ᠰᠢᠢᠳᠪᠤᠷᠢᠯᠠᠵᠤ᠂ ᠲᠤᠳᠤᠭᠠᠲᠤ | ᠬᠥᠴᠥᠨ ᠢᠶᠠᠨ ᠪᠠᠳᠠᠷᠠᠭᠤᠯᠬᠤ ᠲᠠᠯ᠎ᠠ ᠳᠤ ᠰᠢᠨ᠎ᠡ ᠰᠢᠪᠳᠣᠯᠣᠯᠲᠠ ᠶᠢ ᠡᠬᠦᠳᠥᠨ᠎ᠡ᠃ ᠪᠠᠶᠢᠭᠤᠯᠤᠮᠵᠢ ᠲᠤᠭᠳᠠᠮᠵᠢ ᠶᠢᠨ | ᠰᠠᠭᠠᠳ ᠬᠥᠴᠢᠷ ᠢ ᠴᠢᠷᠮᠡᠶᠢᠨ ᠰᠢᠢᠳᠪᠤᠷᠢᠯᠠᠵᠤ᠂ ᠴᠢᠯᠦᠭᠡᠳᠦ ᠠᠵᠤ ᠠᠬᠤᠢ ᠶᠢ ᠨᠡᠬᠡᠬᠡᠨ ᠬᠥᠭᠵᠢᠬᠦᠯᠤᠨ᠂ ᠠᠵᠤ | ᠠᠬᠤᠢ ᠶᠢᠨ ᠬᠥᠭᠵᠢᠯᠲᠠ ᠶᠢᠨ ᠠᠮᠢᠵᠢᠷᠠᠯ ᠤᠨ ᠬᠥᠴᠥᠨ ᠢ ᠳᠠᠰᠣᠷᠠᠯᠲᠠ ᠥᠬᠡᠢ ᠪᠠᠳᠠᠷᠠᠭᠤᠯᠤᠨ᠎ᠠ᠃ ᠡᠯ᠎ᠡ ᠬᠥᠷᠢᠶ᠎ᠡ | ᠬᠡᠪᠴᠢᠶᠠᠨ ᠤ ᠥᠬᠡᠷᠡᠴᠢᠯᠠᠯᠲᠠ ᠶᠢ ᠯᠠᠪᠳᠠᠭᠤᠨ ᠪᠠᠲᠤᠳᠠᠢ ᠳᠦᠯᠬᠢᠨ ᠠᠬᠢᠭᠤᠯᠤᠨ᠎ᠠ᠃ ᠵᠠᠰᠠᠭ ᠢ ᠴᠣᠮᠬᠠᠳᠬᠠᠨ᠂ | ᠡᠷᠬᠡ ᠪᠠᠨ ᠲᠤᠷᠤᠭᠰᠢ ᠪᠠᠭᠤᠯᠭᠠᠬᠤ᠂ ᠠᠳᠬᠤᠬᠤ ᠳᠠᠯᠪᠢᠬᠤ ᠶᠢ ᠤᠶᠠᠯᠳᠣᠭᠤᠯᠤᠨ᠂ ᠥᠢᠯᠡᠴᠢᠯᠡᠬᠡᠡ ᠶᠢ | ᠰᠢᠯᠢᠳᠡᠭᠵᠢᠬᠦᠯᠵᠤ᠂ ᠲᠤᠭᠳᠠᠮᠠᠯ ᠭᠦᠷᠦᠩᠭᠡ ᠶᠢ ᠳᠠᠩᠰᠠᠯᠠᠬᠤ᠂ ᠡᠳ᠋ ᠶᠢᠨ ᠵᠠᠰᠠᠭ᠂ ᠭᠠᠶᠢᠯᠢ ᠳᠠᠳᠠᠪᠤᠷᠢ᠂ ᠮᠥᠩᠬᠦᠨ | ᠬᠥᠢᠯᠬᠡᠬᠡ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ᠠᠷᠠᠯᠵᠢᠶ᠎ᠠ ᠬᠤᠳᠠᠯᠳᠤᠭᠠᠨ ᠤ ᠲᠥᠷᠢᠮ ᠵᠡᠷᠬᠡ ᠭᠤᠤᠯᠳᠠᠯᠭ᠎ᠠ | ᠲᠠᠢ ᠠᠵᠢᠯ ᠤᠨ ᠥᠬᠡᠷᠡᠴᠢᠯᠠᠯᠲᠠ ᠶᠢ ᠲᠥᠯᠬᠢᠨ ᠠᠬᠢᠭᠤᠯᠵᠤ᠂ ᠵᠠᠰᠠᠭ ᠤᠨ ᠤᠷᠲᠤᠨ ᠪᠠ ᠵᠠᠬ᠎ᠠ ᠳᠡᠯᠬᠡᠬᠦᠷ ᠤᠨ | ᠵᠠᠭᠠᠭ ᠱᠣᠭᠤᠮ ᠢ ᠤᠯᠠᠮ ᠨᠢᠬᠡ ᠠᠯᠬᠤᠮ ᠳᠣᠳᠣᠳᠬᠠᠵᠤ᠂ ᠵᠠᠬ᠎ᠠ ᠳᠡᠯᠬᠡᠬᠦᠷ ᠤᠨ ᠠᠮᠢᠵᠢᠷᠠᠯ ᠤᠨ ᠬᠥᠴᠥᠨ ᠢ | ᠬᠥᠢᠴᠡᠳ ᠪᠠᠳᠠᠷᠠᠭᠤᠯᠤᠨ᠎ᠠ᠃ ᠤᠳᠣ ᠥᠶ᠎ᠡ ᠶᠢᠨ ᠡᠳ᠋ ᠤᠨ ᠵᠠᠰᠠᠭ ᠤᠨ ᠲᠥᠷᠢᠮ ᠲᠤᠭᠳᠠᠭᠠᠯ ᠤᠨ ᠪᠠᠶᠢᠭᠤᠯᠤᠯᠲᠠ | ᠶᠢ ᠳᠥᠷᠬᠡᠳᠬᠡᠨ᠂ ᠲᠥᠰᠥᠪᠯᠡᠨ ᠪᠣᠳᠣᠬᠤ ᠬᠠᠮᠢᠶᠠᠷᠤᠯᠲᠠ ᠶᠢᠨ ᠴᠢᠳᠠᠪᠬᠢ ᠶᠢ ᠳᠡᠬᠡᠭᠰᠢᠯᠡᠬᠦᠯᠥᠨ᠂ ᠰᠢᠨ᠎ᠡ | ᠲᠥᠰᠥᠪᠯᠡᠨ ᠪᠤᠳᠣᠯᠳᠠ ᠶᠢᠨ ᠠᠷᠭ᠎ᠠ ᠶᠢ ᠴᠢᠩᠭ᠎ᠠ ᠬᠡᠷᠡᠭᠵᠢᠬᠦᠯᠥᠨ᠎ᠡ᠃ ᠠᠮᠢ ᠠᠬᠤᠢ ᠶᠢᠨ ᠪᠤᠯᠪᠠᠰᠤᠨ ᠤ ᠲᠥᠷᠢᠮ | ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠤᠲᠤᠭ ᠪᠡᠯᠴᠢᠬᠡᠷ ᠤᠨ ᠡᠷᠬᠡ ᠶᠢᠨ ᠨᠣᠳᠠᠯᠠᠯᠲᠠ ᠪᠠ | ᠭᠠᠵᠠᠷ ᠰᠢᠷᠥᠢ ᠶᠢᠨ ᠳᠠᠭᠠᠭᠠᠴᠢᠯᠠᠯᠲᠠ ᠶᠢᠨ ᠡᠵᠡᠩᠨᠡᠯᠲᠠ ᠶᠢᠨ ᠡᠷᠬᠡ ᠶᠢ ᠨᠤᠳᠠᠯᠠᠨ ᠳᠠᠩᠰᠠᠯᠠᠵᠤ ᠥᠨᠡᠮᠯᠡᠯ | ᠳᠠᠷᠬᠠᠭᠠᠬᠤ ᠠᠵᠢᠯ ᠢ ᠨᠠᠷᠢᠨ ᠬᠢᠨᠠᠮᠠᠭᠠᠢ ᠬᠡᠷᠡᠭᠵᠢᠬᠦᠯᠥᠨ᠎ᠡ᠃ ᠡᠷᠥᠬᠡ ᠠᠮᠠ ᠳᠠᠩᠰᠠᠯᠠᠬᠤ ᠲᠥᠷᠢᠮ᠂ ᠨᠡᠶᠢᠬᠡᠮ ᠶᠢᠨ | ᠪᠠᠳᠣᠯᠠᠭ᠎ᠠ ᠶᠢᠨ ᠲᠥᠷᠢᠮ᠂ ᠡᠮ ᠡᠮᠨᠡᠯᠬᠡ᠂ ᠡᠷᠡᠬᠦᠯ ᠬᠠᠮᠠᠭᠠᠯᠠᠯ ᠤᠨ ᠳᠤᠭᠳᠠᠮᠵᠢ᠂ ᠰᠣᠷᠭᠠᠨ ᠬᠥᠮᠥᠵᠢᠯ ᠤᠨ | ᠬᠢᠴᠢᠶᠡᠯᠯᠡᠭᠡ ᠶᠢᠨ ᠥᠬᠡᠷᠡᠴᠢᠯᠠᠯᠲᠠ ᠵᠡᠷᠬᠡ ᠡᠯ᠎ᠡ ᠲᠠᠯ᠎ᠠ ᠶᠢᠨ ᠥᠬᠡᠷᠡᠴᠢᠯᠠᠯᠲᠠ ᠶᠢᠨ ᠡᠬᠦᠷᠬᠡ ᠶᠢ ᠴᠢᠩᠭ᠎ᠠ | ᠠᠳᠬᠤᠨ᠎ᠠ᠃ ᠭᠠᠳᠠᠭᠰᠢ ᠨᠡᠭᠡᠭᠡᠨ ᠬᠥᠭᠵᠢᠬᠦᠯᠬᠦ ᠬᠢᠷᠢ ᠲᠥᠪᠰᠢᠨ ᠢᠶᠠᠨ ᠳᠡᠬᠡᠭᠰᠢᠯᠡᠬᠦᠯᠥᠨᠡ᠃ ᠤᠯᠤᠰ ᠤᠨ ︽ | ᠨᠢᠭᠡ ᠪᠦᠰᠡ ᠨᠢᠭᠡ ᠵᠠᠮ︾᠂ ︽ᠤᠮᠠᠷᠠᠰᠢ ᠨᠡᠬᠡᠬᠡᠨ ᠬᠦᠭᠵᠢᠬᠦᠯᠬᠦ︾ ᠪᠠᠶᠢᠯᠳᠣᠬᠤ ᠪᠣᠳᠣᠯᠭ᠎ᠠ ᠲᠠᠢ ᠰᠠᠶᠢᠳᠤᠷ | ᠤᠶᠠᠯᠳᠤᠨ᠂ ᠮᠤᠩᠭᠤᠯ ᠤᠯᠤᠰ ᠲᠠᠢ ᠨᠠᠶᠢᠷᠰᠠᠭ ᠬᠤᠲᠠ ᠶᠢᠨ ᠬᠠᠷᠢᠯᠴᠠᠭ᠎ᠠ ᠪᠠᠶᠢᠭᠤᠯᠬᠤ᠂ ᠰᠣᠶᠣᠯ ᠵᠢᠭᠤᠯᠴᠢᠯᠠᠯ᠂ | ᠠᠷᠠᠯᠵᠢᠶ᠎ᠠ ᠬᠤᠳᠠᠯᠳᠤᠭ᠎ᠠ ᠶᠢᠨ ᠰᠣᠯᠢᠯᠴᠠᠭ᠎ᠠ ᠵᠡᠷᠬᠡ ᠬᠡᠪᠴᠢᠶᠡᠨ ᠳᠠᠬᠢ ᠬᠠᠮᠳᠣᠯᠴᠠᠭᠠ ᠶᠠᠪᠤᠯᠴᠠᠭ᠎ᠠ ᠶᠢ | ᠬᠥᠨᠵᠡᠬᠡᠶᠢᠷᠡᠬᠦᠯᠥᠨᠡ᠃ ᠡᠷᠢᠶᠡᠨ ᠬᠤᠲᠠ ᠶᠢᠨ ᠤᠯᠤᠰ ᠤᠨ ᠳᠡᠰ ᠤᠨ ᠭᠤᠤᠯᠳᠠᠯᠭᠠᠲᠤ ᠨᠡᠬᠡᠬᠡᠨ ᠬᠥᠭᠵᠢᠬᠦᠯᠬᠦ | ᠲᠤᠷᠰᠢᠯᠲᠠ ᠶᠢᠨ ᠤᠷᠤᠨ ᠤ ᠪᠥᠳᠥᠬᠡᠨ ᠪᠠᠶᠢᠭᠤᠯᠤᠯᠲᠠ ᠳᠤ ᠢᠳᠡᠪᠬᠢᠲᠠᠢ ᠪᠠᠷ ᠤᠷᠤᠯᠴᠠᠵᠤ᠂ ᠮᠠᠩᠯᠠᠢ ᠤᠷᠴᠢᠯ | ᠠᠵᠤ ᠠᠬᠤᠢ ᠶᠢᠨ ᠲᠤᠭᠤᠷᠢᠭ ᠤᠨ ᠬᠦᠭᠵᠢᠯᠲᠡ ᠶᠢᠨ ᠴᠢᠭᠯᠡᠯ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠤ᠂ | ᠬᠥᠭᠵᠢᠯᠲᠠ ᠶᠢᠨ ᠲᠥᠰᠥᠪ ᠢ ᠳᠠᠬᠢᠨ ᠵᠠᠰᠠᠨ ᠨᠠᠶᠢᠷᠠᠭᠤᠯᠵᠤ᠂ ᠲᠤᠭᠤᠷᠢᠭ ᠤᠨ ᠰᠠᠭᠤᠷᠢ ᠲᠥᠬᠦᠬᠡᠷᠥᠮᠵᠢ ᠶᠢ ᠤᠯᠠᠮ | ᠨᠢᠬᠡ ᠠᠯᠬᠤᠮ ᠪᠥᠷᠢᠨᠰᠢᠬᠦᠯᠥᠨ ᠳᠡᠬᠦᠯᠳᠡᠷᠵᠢᠬᠦᠯᠥᠨᠡ᠃ ᠡᠷᠢᠶᠡᠨ ᠬᠤᠳᠠ ᠶᠢᠨ ᠪᠢᠴᠢᠯ ᠴᠠᠬᠢᠯᠭᠠᠨ ᠲᠤᠤᠷ ᠤᠨ | ᠪᠦᠳᠦᠭᠡᠨ ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠮᠠᠩᠯᠠᠢ ᠨᠡᠬᠦᠷᠡᠰᠥᠨ ᠠᠭᠤᠷᠬᠠᠢ ᠶᠢᠨ 2x35 ᠲᠥᠮᠡᠨ | ᠺᠢᠯᠤᠸᠠᠲ ᠶᠢᠨ ᠢᠯᠴᠢ ᠶᠢᠨ ᠴᠠᠬᠢᠯᠭᠠᠨ ᠥᠢᠯᠡᠳᠪᠤᠷᠢ ᠶᠢᠨ ᠲᠥᠷᠥᠯ ᠵᠥᠢᠯ ᠤᠨ ᠪᠡᠯᠡᠳᠬᠡᠯ ᠠᠵᠢᠯ ᠢ ᠡᠬᠢᠯᠡᠬᠦᠯᠵᠤ᠂ | ᠴᠠᠬᠢᠯᠭᠠᠨ ᠥᠷᠳᠡᠭ ᠢᠶᠠᠷ ᠬᠢᠮᠳᠠᠬᠠᠨ ᠭᠠᠵᠡᠷ ᠤᠷᠤᠨ ᠢ ᠪᠠᠶᠢᠭᠤᠯᠤᠨ᠎ᠠ᠃ ᠵᠠᠬ᠎ᠠ ᠳᠡᠯᠬᠡᠬᠦᠷ ᠤᠨ ᠬᠡᠷᠡᠭᠴᠡᠭᠡ ᠪᠤᠯᠤᠨ | ᠬᠥᠮᠥᠷᠬᠡ ᠳᠤ ᠬᠠᠳᠠᠭᠠᠯᠠᠬᠤ ᠤᠨᠴᠠᠭᠠᠢ ᠡᠷᠬᠡ ᠶᠢ ᠤᠯᠬᠤ ᠪᠠᠷ ᠬᠠᠷᠠᠯᠳᠠ ᠪᠤᠯᠭᠠᠨ᠂ ᠮᠠᠩᠯᠠᠢ ᠠᠵᠤ ᠦᠢᠯᠡᠰ ᠤᠨ | ᠳᠣᠭᠤᠷᠢᠭ ᠲᠤ ᠪᠤᠭᠤᠮᠳᠠ ᠶᠢᠨ ᠭᠠᠶᠢᠯᠢ ᠪᠠᠳᠣᠯᠠᠬᠤ ᠭᠦᠮᠤᠷᠭᠡ ᠶᠢ ᠪᠠᠶᠢᠭᠤᠯᠬᠤ ᠳᠦᠷᠣᠯ ᠵᠤᠶᠢᠯ ᠢ ᠳᠡᠮᠡᠴᠡᠨ | ᠤᠯᠵᠤ᠂ ᠭᠠᠳᠠᠭᠠᠲᠤ ᠠᠴᠠ ᠤᠷᠤᠭᠤᠯᠬᠤ ᠪᠤᠶᠤ ᠭᠠᠳᠠᠭᠠᠳᠤ ᠳᠤ ᠭᠠᠷᠭᠠᠬᠤ ᠪᠥᠳᠥᠬᠡᠭᠳᠡᠬᠦᠨ ᠢ ᠡᠳ᠋ᠰᠢᠭᠦᠯᠵᠦ | ᠪᠤᠯᠪᠠᠰᠤᠷᠠᠭᠤᠯᠬᠤ᠂ ᠲᠤᠨᠤᠭ ᠲᠦᠭᠦᠭᠡᠷᠦᠮᠵᠢ ᠶᠢ ᠦᠢᠯᠡᠳᠪᠤᠷᠢᠯᠡᠬᠦ᠂ ᠮᠠᠯ ᠤᠨ ᠳᠠᠭᠠᠯᠲᠠ ᠪᠦᠳᠦᠭᠡᠭᠳᠡᠭᠦᠨ | ᠰᠤᠳᠤᠯᠠᠬᠤ ᠵᠡᠷᠬᠡ ᠰᠢᠨ᠎ᠡ ᠥᠢᠯᠡᠳᠬᠦᠨ ᠤ ᠬᠡᠯᠪᠡᠷᠢ᠂ ᠰᠢᠨ᠎ᠡ ᠠᠵᠤ ᠥᠢᠯᠡᠳᠪᠤᠷᠢᠯᠡᠯ ᠢ ᠬᠥᠭᠵᠢᠬᠦᠯᠬᠦ ᠳᠤ | ᠨᠥᠬᠦᠴᠡᠯ ᠬᠠᠩᠭᠠᠨ᠂ ᠲᠤᠰ ᠲᠤᠭᠤᠷᠢᠭ ᠢ ᠪᠦᠬᠦ ᠠᠶᠢᠮᠠᠭ ᠤᠨ ᠤᠮᠠᠷᠡᠰᠢ ᠨᠡᠬᠡᠬᠡᠨ ᠬᠦᠭᠵᠢᠬᠦᠯᠬᠦ ᠤᠨᠴᠠᠯᠢᠭᠳᠤ | ᠠᠵᠤ ᠦᠢᠯᠡᠰ ᠤᠨ ᠲᠤᠭᠤᠷᠢᠭ ᠪᠤᠯᠭᠠᠨ ᠴᠤᠭᠴᠠᠯᠠᠨ ᠪᠠᠶᠢᠭᠤᠯᠤᠨ᠎ᠠ᠃ | ︵ᠶᠢᠰᠥ︶ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠶᠢ ᠲᠤᠪᠤᠶᠢᠯᠭᠠᠨ᠂ ᠬᠥᠭᠵᠢᠯᠲᠡ ᠶᠢ ᠬᠠᠮᠳᠣᠪᠠᠷ | ᠡᠳ᠋ᠯᠡᠬᠦ ᠶᠢ ᠪᠠᠷᠢᠮᠳᠠᠯᠠᠵᠤ᠂ ᠪᠠᠳᠣᠯᠠᠭ᠎ᠠ ᠶᠢᠨ ᠴᠢᠳᠡᠪᠬᠢ ᠪᠠᠨ ᠨᠡᠮᠡᠭᠳᠡᠬᠦᠯᠥᠨ᠂ ᠠᠷᠠᠳ ᠤᠨ ᠠᠮᠢᠳᠣᠷᠠᠯ ᠢ ᠬᠦᠴᠦᠯᠡᠨ | ᠳᠡᠬᠡᠭᠰᠢᠯᠡᠬᠦᠯᠤᠨᠡ᠃ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠠᠵᠢᠯ ᠢ ᠴᠠᠭ ᠢᠮᠠᠭᠲᠠ ᠳᠡᠷᠢᠬᠦᠨ ᠪᠠᠶᠢᠷᠢᠨ ᠳᠤ | ᠳᠠᠯᠪᠢᠵᠤ᠂ ᠪᠡᠯᠡ ᠮᠥᠩᠬᠦ ᠶᠢᠨ ᠤᠷᠤᠭᠤᠯᠤᠯᠲᠠ ᠶᠢ ᠥᠷᠬᠦᠯᠵᠢᠯᠡᠨ ᠨᠡᠮᠡᠭᠳᠡᠬᠦᠯᠵᠤ᠂ ᠬᠠᠮᠤᠭ ᠤᠨ ᠰᠢᠭᠤᠳ᠂ | ᠬᠠᠮᠤᠭ ᠤᠨ ᠪᠤᠳᠠᠳᠠᠢ᠂ ᠬᠠᠮᠤᠭ ᠤᠨ ᠲᠤᠯᠭᠠᠮ᠎ᠠ ᠠᠷᠠᠳ ᠤᠨ ᠠᠮᠢᠲᠤᠷᠠᠯ ᠤᠨ ᠠᠰᠠᠭᠤᠳᠠᠯ ᠢ ᠲᠥᠪᠯᠡᠷᠡᠬᠦᠯᠥᠨ | ᠰᠢᠢᠳᠪᠤᠷᠢᠯᠡᠨ᠎ᠡ᠃ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠲᠠ ᠶᠢᠨ ᠠᠵᠢᠯ ᠢ ᠥᠷᠬᠦᠯᠵᠢᠯᠡᠨ ᠴᠢᠩᠭᠠᠳᠬᠠᠨ᠎ᠠ | ᠃ ᠶᠠᠳᠠᠭᠤ ᠠᠴᠠ ᠠᠩᠬᠢᠵᠢᠷᠠᠭᠰᠠᠨ ᠡᠷᠦᠬᠡ ᠶᠢᠨ ᠠᠮᠢᠳᠤᠷᠠᠯ ᠢ ᠪᠠᠳᠤᠵᠢᠭᠤᠯᠤᠨ ᠳᠡᠭᠡᠭᠰᠢᠯᠡᠬᠦᠯᠬᠦ ᠠᠵᠢᠯ ᠢ ᠰᠠᠶᠢᠳᠤᠷ | ᠬᠢᠵᠦ᠂ ᠶᠠᠳᠠᠭᠤ ᠠᠴᠠ ᠠᠩᠬᠢᠵᠢᠷᠠᠭᠤᠯᠤᠭᠰᠠᠨ ᠤ ᠲᠠᠷᠠᠭᠠᠬᠢ ᠦᠷᠭᠦᠯᠵᠢᠯᠡᠨ ᠳᠡᠳᠬᠦᠬᠦ ᠵᠤᠬᠢᠴᠠᠮᠵᠢ ᠶᠢ ᠣᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠶᠠᠰᠣ ᠴᠢᠨᠠᠷ ᠪᠣᠯᠣᠨ ᠦᠷ᠎ᠡ | ᠠᠰᠢᠭ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠲᠠᠬᠢᠨᠲᠠ ᠶᠠᠳᠠᠭᠤᠷᠬᠤ ᠪᠠ ᠰᠢᠨ᠎ᠠ ᠶᠠᠳᠠᠭᠤ ᠡᠷᠦᠬᠡ ᠨᠡᠮᠡᠭᠳᠡᠬᠦ | ᠠᠰᠠᠭᠤᠳᠠᠯ ᠶᠢ ᠴᠢᠩᠭ᠎ᠠ ᠰᠡᠷᠭᠡᠶᠢᠯᠡᠨ᠎ᠡ᠃ 500 ᠲᠥᠮᠡᠨ ᠲᠥᠬᠦᠷᠢᠭ ᠤᠨ ᠪᠡᠯᠡ ᠤᠷᠤᠭᠤᠯᠵᠤ᠂ ︽ᠭᠤᠷᠪᠠ ᠶᠢ | ᠭᠠᠴᠠᠭᠠᠨ ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾ ᠲᠥᠷᠥᠯ ᠵᠥᠢᠯ ᠢ ᠥᠷᠬᠦᠯᠵᠢᠯᠡᠨ | ᠨᠠᠶᠢᠳᠡᠪᠤᠷᠢᠵᠢᠭᠤᠯᠤᠨᠠ᠃ ᠮᠥᠩᠬᠦᠨ ᠬᠥᠢᠯᠬᠡᠬᠡ ᠪᠠᠷ ᠶᠠᠳᠠᠭᠤ ᠶᠢ ᠳᠡᠳᠬᠦᠨ ᠠᠷᠠᠳ ᠢ ᠴᠢᠨᠡᠬᠡᠯᠢᠭᠵᠢᠬᠦᠯᠬᠦ 5000 | ᠲᠥᠮᠡᠨ ᠲᠥᠬᠦᠷᠢᠭ ᠤᠨ ᠪᠠᠩᠬᠢ ᠶᠢᠨ ᠵᠢᠬᠡᠯᠡᠯᠬᠡ ᠳᠠᠯᠪᠢᠵᠤ᠂ ᠰᠢᠨ᠎ᠡ ᠪᠠᠷ ᠢᠯᠭᠠᠨ ᠲᠤᠭᠲᠠᠭᠠᠭᠰᠠᠨ 51 ᠡᠷᠦᠭᠡ | ᠶᠢᠨ 162 ᠨᠡᠷ᠎ᠡ ᠶᠠᠳᠠᠭᠤ ᠬᠦᠴᠢᠷᠳᠡᠯᠲᠠᠢ ᠬᠦᠮᠦᠰ ᠢ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠶᠢ | ᠪᠠᠶᠠᠯᠡᠭᠦᠯᠦᠨ᠎ᠠ᠃ ᠮᠠᠯᠴᠢᠳ ᠤᠨ ᠬᠡᠪ ᠴᠢᠨᠠᠷ ᠢ ᠲᠠᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ | 300 ᠮᠠᠯᠴᠢᠳ ᠲᠤ ᠮᠡᠷᠬᠡᠵᠢᠯ ᠤᠨ ᠪᠤᠯᠪᠠᠰᠣᠷᠠᠯ ᠭᠢᠵᠤ᠂ ᠮᠠᠯᠴᠢᠳ ᠤᠨ ᠦᠢᠯᠡᠳᠪᠦᠷᠢᠯᠡᠯ ᠢᠶᠠᠨ ᠬᠦᠭᠵᠢᠭᠦᠯᠬᠦ | ᠢᠳᠡᠪᠬᠢᠲᠦ ᠴᠢᠨᠠᠷ ᠪᠣᠯᠣᠨ ᠰᠠᠨᠠᠭᠠᠴᠢᠯᠭᠠᠲᠦ ᠴᠢᠨᠠᠷ ᠢ ᠭᠦᠢᠴᠡᠳ ᠲᠠᠶᠢᠴᠢᠯᠠᠨ᠂ ᠠᠵᠢᠯᠴᠢ ᠬᠦᠳᠡᠯᠮᠦᠷᠢᠴᠢ ᠪᠠᠷ | ᠴᠢᠨᠡᠭᠡᠯᠢᠭᠵᠢᠬᠦ ᠲᠠᠨᠢᠯᠳᠠ ᠶᠢ ᠪᠣᠢ ᠪᠣᠯᠭᠠᠵᠣ᠂ ᠳᠠᠩᠰᠠ ᠪᠤᠳᠤᠵᠤ ᠮᠠᠯ ᠮᠠᠯᠵᠢᠬᠤ᠂ ᠵᠦᠢ ᠵᠤᠬᠢᠰᠳᠠᠢ ᠬᠡᠷᠡᠭᠯᠡᠭᠡᠨ ᠤ | ᠦᠵᠡᠯᠳᠠ ᠶᠢ ᠴᠢᠩᠭᠠᠳᠬᠠᠵᠤ᠂ ᠦᠪᠡᠷ ᠤᠨ ᠬᠦᠴᠦ ᠪᠠᠷ ᠢᠶᠠᠨ ᠲᠡᠭᠵᠢᠷᠡᠬᠦ ᠴᠢᠳᠠᠪᠤᠷᠢ ᠶᠢ ᠨᠢ ᠲᠡᠭᠡᠭᠰᠢᠯᠡᠭᠦᠯᠦᠨ᠎ᠡ᠃ | ᠦᠢᠯᠡᠰ ᠪᠣᠰᠬᠠᠬᠤ ᠪᠠ ᠠᠵᠢᠯ ᠣᠯᠭᠤᠬᠤ ᠶᠢ ᠲᠦᠯᠬᠢᠨ ᠠᠬᠢᠭᠤᠯᠤᠨ᠎ᠠ᠃ ᠦᠢᠯᠡᠰ ᠪᠤᠰᠬᠠᠵᠤ ᠰᠢᠨ᠎ᠡ ᠶᠢ ᠡᠭᠦᠳᠬᠦ | ᠶᠢ ᠰᠠᠶᠢᠳᠣᠷ ᠨᠠᠶᠢᠳᠡᠪᠤᠷᠢᠵᠢᠭᠤᠯᠤᠨ᠂ ᠮᠠᠯᠴᠢᠳ ᠤᠨ ᠦᠢᠯᠡᠰ ᠪᠣᠰᠬᠠᠬᠤ ᠰᠠᠭᠤᠷᠢᠨ ᠭᠠᠵᠠᠷ ᠢ ᠰᠢᠨ᠎ᠠ ᠪᠠᠷ | ᠪᠠᠶᠢᠭᠤᠯᠣᠨ᠎ᠠ᠃ 2000 ᠲᠦᠮᠡᠨ ᠲᠦᠭᠦᠷᠢᠭ ᠤᠨ ᠦᠢᠯᠡᠰ ᠪᠣᠰᠬᠠᠬᠤ ᠪᠠᠲᠤᠯᠠᠭᠠᠨ ᠤ ᠵᠢᠭᠡᠯᠡᠯᠬᠡ ᠶᠢ ᠲᠠᠯᠪᠢᠵᠣ᠂ | 1100 ᠬᠦᠮᠦᠨ ᠤ ᠠᠵᠢᠯ ᠮᠡᠷᠭᠡᠵᠢᠯ ᠶᠢᠨ ᠪᠣᠯᠪᠠᠰᠣᠷᠠᠯ᠂ 140 ᠬᠦᠮᠦᠨ ᠤ ᠦᠢᠯᠡᠰ ᠡᠷᠬᠢᠯᠡᠬᠦ ᠪᠣᠯᠪᠠᠰᠣᠷᠠᠯ ᠢ | ᠶᠠᠪᠤᠭᠳᠠᠭᠤᠯᠤᠨ᠎ᠠ᠃ ᠬᠤᠲᠠ ᠪᠠᠯᠭᠠᠰᠣᠨ ᠤ 750 ᠬᠦᠮᠦᠨ ᠳᠤ ᠠᠵᠢᠯ ᠣᠯᠭᠤᠵᠣ᠂ ᠬᠤᠳᠠ ᠪᠠᠯᠭᠠᠰᠣᠨ ᠤ | ᠲᠠᠩᠰᠠᠯᠠᠭᠤᠯᠣᠭᠰᠡᠨ ᠠᠵᠢᠯ ᠠᠯᠳᠠᠭᠰᠠᠳ ᠤᠨ ᠨᠣᠷᠮ᠎ᠠ ᠶᠢ 2% ᠢᠶᠠᠷ ᠬᠢᠵᠠᠭᠠᠷᠯᠠᠨ᠎ᠠ᠃ ᠬᠥᠯᠥᠰᠥᠨ ᠠᠵᠢᠯ ᠬᠢᠵᠣ | ᠪᠠᠶᠢᠭ᠎ᠠ ᠮᠠᠯᠴᠢᠨ ᠲᠠᠷᠢᠶᠠᠴᠢᠳ ᠤᠨ ᠴᠠᠯᠢᠩ ᠬᠦᠯᠦᠰᠦᠨ ᠤ ᠪᠠᠲᠣᠯᠠᠭᠠᠨ ᠤ ᠮᠦᠩᠭᠦ ᠪᠣᠯᠣᠨ ᠪᠠᠴᠢᠮ ᠬᠡᠷᠡᠭᠯᠡᠭᠡᠨ ᠤ | ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠬᠡ ᠠᠰᠢᠭ ᠢ | ᠬᠠᠮᠠᠭᠠᠯᠠᠨ᠎ᠠ᠃ ᠨᠠᠶᠢᠬᠡᠮ ᠤᠨ ᠪᠠᠳᠣᠯᠠᠭ᠎ᠠ ᠶᠢᠨ ᠬᠢᠷᠢ ᠲᠥᠪᠰᠢᠨ ᠪᠠ ᠴᠢᠳᠡᠪᠬᠢ ᠶᠢ ᠨᠡᠮᠡᠭᠳᠡᠬᠦᠯᠥᠨ᠎ᠡ᠃ ᠨᠡᠶᠢᠬᠡᠮ ᠤᠨ | ᠳᠠᠭᠠᠳᠬᠠᠯ ᠤᠨ ᠪᠦᠷᠬᠦᠴᠡ ᠶᠢᠨ ᠬᠡᠪᠴᠢᠶ᠎ᠡ ᠶᠢ ᠤᠯᠠᠮ ᠨᠢᠬᠡ ᠠᠯᠬᠤᠮ ᠥᠷᠬᠡᠳᠬᠡᠨ᠂ ᠪᠥᠬᠦ ᠠᠷᠠᠳ ᠢᠶᠠᠷ ᠢᠶᠠᠨ | ᠳᠠᠭᠠᠳᠬᠠᠯ ᠳᠤ ᠤᠷᠤᠯᠴᠠᠬᠤ ᠠᠵᠢᠯ ᠢ ᠲᠥᠯᠬᠢᠨ ᠠᠬᠢᠭᠤᠯᠤᠨ᠎ᠠ᠂ ᠨᠡᠶᠢᠬᠡᠮ ᠤᠨ ᠪᠠᠳᠣᠯᠠᠭ᠎ᠠ ᠶᠢᠨ ᠳᠠᠪᠴᠠᠩ ᠤᠨ | ᠪᠥᠳᠥᠬᠡᠨ ᠪᠠᠶᠢᠭᠤᠯᠤᠯᠲᠠ ᠶᠢ ᠴᠢᠩᠭᠠᠳᠬᠠᠨ᠂ ᠥᠨᠳᠣᠰᠣᠨ ᠱᠠᠳᠣᠨ ᠤ ᠠᠵᠢᠯ ᠤᠯᠭᠤᠯᠲᠠ ᠪᠠ ᠨᠡᠶᠢᠬᠡᠮ ᠤᠨ | ᠪᠠᠳᠣᠯᠠᠭ᠎ᠠ ᠶᠢᠨ ᠥᠢᠯᠡᠴᠢᠯᠡᠬᠡᠨ ᠤ ᠲᠢᠩᠬᠢᠮ ᠢ ᠬᠡᠷᠡᠭᠯᠡᠬᠡᠨ ᠳᠤ ᠤᠷᠤᠭᠤᠯᠵᠤ᠂ ᠮᠠᠯᠵᠢᠬᠤ ᠤᠷᠤᠨ ᠤ ᠨᠠᠰᠣᠳᠠᠳ ᠢ | ᠠᠰᠠᠷᠠᠬᠤ ᠥᠢᠯᠡᠴᠢᠯᠡᠬᠡᠨ ᠤ ᠲᠥᠪ ᠤᠨ ᠪᠠᠷᠢᠯᠭ᠎ᠠ ᠶᠢᠨ ᠪᠠᠶᠢᠭᠤᠯᠤᠯᠲᠠ ᠶᠢ ᠲᠥᠷᠬᠡᠳᠬᠡᠵᠤ᠂ ᠬᠤᠳᠠ ᠬᠥᠳᠡᠭᠡ ᠶᠢᠨ | ᠰᠠᠭᠤᠭᠠᠯᠢ ᠠᠷᠠᠳ᠂ ᠺᠠᠳ᠋ᠷ ᠠᠵᠢᠯᠳᠠᠨ ᠤ ᠨᠠᠰᠣᠵᠢᠯ ᠤᠨ ᠳᠠᠭᠠᠳᠬᠠᠯ ᠤᠨ ᠬᠠᠷᠠᠭᠠᠯᠵᠠᠯ ᠤᠨ ᠬᠢᠷᠢ ᠳᠦᠪᠰᠢᠨ ᠢ | ᠲᠠᠰᠣᠷᠠᠯᠲᠠ ᠥᠬᠡᠢ ᠳᠡᠬᠡᠭᠰᠢᠯᠡᠬᠦᠯᠥᠨᠡ᠃ ᠮᠠᠯᠵᠢᠬᠤ ᠤᠷᠤᠨ ᠤ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠡ ᠶᠢ | ᠳᠡᠬᠡᠭᠰᠢᠯᠡᠬᠦᠯᠤᠨ᠂ ᠬᠤᠳᠠ ᠬᠥᠳᠡᠭᠡ ᠶᠢᠨ ᠲᠤᠤᠷ᠎ᠠ ᠪᠠᠳᠣᠯᠠᠭ᠎ᠠ ᠶᠢᠨ ︽ᠬᠤᠶᠠᠷ ᠡᠰᠢᠲᠤ︾ ᠪᠥᠲᠥᠴᠡ ᠶᠢ | ᠥᠬᠡᠶᠢᠰᠬᠡᠵᠤ᠂ ᠬᠥᠴᠢᠷᠳᠡᠯᠲᠠᠢ ᠤᠯᠠᠨ ᠲᠥᠮᠡᠨ ᠳᠤ ᠠᠳᠠᠯᠢ ᠳᠡᠭᠰᠢ ᠳᠣᠰᠠᠯᠠᠮᠵᠢ ᠬᠥᠷᠳᠡᠬᠡᠨ᠎ᠡ᠃ ᠮᠠᠯᠵᠢᠬᠤ ᠤᠷᠤᠨ | ᠤ ᠲᠠᠪᠤᠨ ᠪᠠᠳᠣᠯᠭᠠᠲᠤ ᠡᠷᠥᠬᠡ᠂ ᠬᠤᠲᠠ ᠪᠠᠯᠭᠠᠰᠤᠨ ᠤ ︽ᠭᠤᠷᠪᠠ ᠥᠬᠡᠢ︾ ᠡᠷᠥᠬᠡ᠂ ᠥᠨᠤᠴᠢᠨ ᠬᠡᠣᠬᠡᠳ | ᠵᠡᠷᠬᠡ ᠡᠯ᠎ᠡ ᠳᠦᠷᠣᠯ ᠤᠨ ᠳᠣᠰᠠᠯᠠᠮᠵᠢ ᠶᠢᠨ ᠪᠠᠷᠢᠮᠵᠢᠶ᠎ᠡ ᠶᠢ ᠥᠷᠬᠦᠯᠵᠢᠯᠡᠨ ᠳᠡᠬᠡᠭᠰᠢᠯᠡᠬᠦᠯᠥᠨᠡ᠃ ᠬᠥᠴᠢᠷᠳᠡᠯᠲᠠᠢ | ᠤᠯᠠᠨ ᠲᠥᠮᠡᠨ ᠢ ᠪᠤᠯᠭᠤᠭᠠᠨ ᠲᠤᠬᠤᠨᠢᠭᠤᠯᠬᠤ᠂ ᠳᠡᠳᠬᠦᠨ ᠳᠡᠮᠵᠢᠬᠦ ᠠᠵᠢᠯ ᠢ ᠯᠠᠪᠳᠠᠭᠤᠨ ᠪᠠᠳᠣᠲᠠᠢ | ᠶᠠᠪᠤᠭᠳᠠᠭᠤᠯᠵᠤ᠂ ᠬᠥᠨᠲᠤ ᠡᠪᠡᠳᠴᠢᠳᠡᠨ᠂ ᠵᠡᠮᠳᠡᠭ ᠪᠠᠭᠤᠷᠠᠢ ᠬᠥᠮᠥᠰ ᠤᠨ ᠥᠢᠯᠡᠳᠪᠣᠷᠢᠯᠠᠯ ᠠᠮᠢᠳᠣᠷᠠᠯ ᠢ | ᠭᠤᠤᠯᠳᠠᠯᠭ᠎ᠠ ᠲᠠᠢ ᠬᠠᠯᠠᠮᠵᠢᠯᠠᠨ ᠬᠠᠷᠠᠭᠠᠯᠵᠠᠨ᠎ᠠ᠃ | ︵ᠠᠷᠪᠠ︶ ᠳᠡᠩᠴᠡᠬᠦᠷᠢᠲᠠᠢ ᠵᠤᠬᠢᠴᠠᠩᠭᠤᠢ ᠶᠢ ᠲᠤᠪᠤᠶᠢᠯᠭᠠᠨ᠂ ᠨᠡᠶᠢᠬᠡᠮ ᠨᠡᠶᠢᠳᠡ ᠶᠢᠨ ᠠᠵᠢᠯ ᠥᠢᠯᠡᠰ | ᠢ ᠬᠥᠭᠵᠢᠬᠦᠯᠥᠨ᠂ ᠥᠢᠯᠡᠴᠢᠯᠡᠬᠡᠨ ᠤ ᠰᠢᠰᠲ᠋ᠧᠮ ᠢ ᠳᠡᠬᠦᠯᠳᠡᠷᠵᠢᠬᠦᠯᠵᠤ᠂ ᠨᠠᠶᠢᠲᠠ ᠶᠢᠨ ᠥᠢᠯᠡᠴᠢᠯᠡᠬᠡᠨ ᠤ ᠬᠢᠷᠢ | ᠲᠥᠪᠰᠢᠨ ᠢ ᠳᠡᠬᠡᠭᠰᠢᠯᠡᠬᠦᠯᠥᠨᠡ᠃ ᠬᠥᠮᠤᠨ ᠢᠶᠠᠷ ᠥᠨᠳᠣᠰᠥ ᠪᠤᠯᠭᠠᠬᠤ ᠶᠢ ᠪᠠᠷᠢᠮᠳᠠᠯᠠᠵᠤ᠂ ᠰᠣᠶᠣᠯ ᠰᠣᠷᠭᠠᠨ | ᠬᠥᠮᠥᠵᠢᠯ᠂ ᠡᠮ ᠡᠮᠨᠡᠯᠬᠡ ᠡᠷᠡᠬᠦᠯ ᠬᠠᠮᠠᠭᠠᠯᠠᠯ ᠵᠡᠷᠬᠡ ᠡᠯ᠎ᠡ ᠲᠥᠷᠥᠯ ᠤᠨ ᠠᠵᠢᠯ ᠥᠢᠯᠡᠰ ᠤᠨ ᠪᠥᠬᠦ ᠲᠠᠯ᠎ᠠ ᠶᠢᠨ | ᠬᠥᠭᠵᠢᠯᠲᠠ ᠶᠢ ᠲᠥᠯᠬᠢᠨ ᠠᠬᠢᠭᠤᠯᠵᠤ᠂ ᠠᠷᠠᠥᠨ ᠲᠥᠮᠡᠨ ᠤ ᠤᠯᠠᠨ ᠭᠡᠯᠪᠡᠷᠢ ᠶᠢᠨ ᠨᠡᠶᠢᠲᠠ ᠶᠢᠨ ᠥᠢᠯᠡᠴᠢᠯᠡᠬᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠣᠷᠭᠠᠨ ᠬᠥᠮᠥᠵᠢᠯ ᠤᠨ ᠠᠵᠢᠯ ᠥᠢᠯᠡᠰ ᠢ ᠤᠷᠢᠳᠴᠢᠯᠠᠨ | ᠬᠥᠭᠵᠢᠬᠦᠯᠥᠨ᠎ᠡ᠃ ᠰᠣᠷᠭᠠᠨ ᠬᠥᠮᠥᠵᠢᠯ ᠵᠢᠭᠠᠨ ᠰᠣᠷᠭᠠᠯᠲᠠ ᠶᠢᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠬᠦ ᠪᠠᠷ | ᠬᠠᠷᠠᠯᠲᠠ ᠪᠤᠯᠭᠠᠵᠤ᠂ ᠰᠠᠭᠤᠷᠢ ᠰᠣᠷᠭᠠᠨ ᠬᠥᠮᠥᠵᠢᠯ ᠤᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠬᠦ ᠭᠤᠷᠪᠠᠨ ᠵᠢᠯ ᠤᠨ | ᠲᠥᠯᠥᠪᠯᠡᠭᠡ ᠶᠢ ᠨᠠᠷᠢᠨ ᠨᠢᠮᠪᠠᠢ ᠲᠤᠤᠱᠯᠠᠭᠤᠯᠵᠤ᠂ ᠬᠢᠴᠢᠶᠠᠯ ᠤᠨ ᠳᠡᠩᠬᠢᠮ ᠤᠨ ᠵᠢᠭᠠᠨ ᠰᠣᠷᠭᠠᠯᠲᠠ ᠶᠢᠨ | ᠥᠬᠡᠷᠡᠴᠢᠯᠠᠯᠲᠠ ᠶᠢ ᠬᠥᠨᠵᠡᠬᠡᠢ ᠠᠬᠢᠭᠤᠯᠤᠨ᠎ᠠ᠃ ᠰᠢᠨ᠎ᠡ ᠨᠢᠬᠡᠨ ᠡᠬᠡᠯᠵᠢ ᠶᠢᠨ ᠰᠣᠷᠭᠠᠭᠤᠯᠢ ᠶᠢᠨ ᠵᠠᠬᠢᠷᠤᠯ ᠢ ᠤᠷᠢᠨ | ᠬᠡᠷᠡᠭᠯᠡᠬᠦ ᠠᠵᠢᠯ ᠢ ᠳᠠᠭᠤᠰᠬᠠᠵᠤ᠂ ᠪᠤᠯᠪᠠᠰᠤᠷᠠᠯ᠂ ᠰᠢᠯᠭᠠᠨ ᠡᠯᠰᠡᠬᠦ ᠶᠢ ᠤᠶᠠᠯᠳᠣᠭᠤᠯᠬᠤ ᠠᠷᠭ᠎ᠠ ᠬᠡᠯᠪᠡᠷᠢ ᠪᠠᠷ | ᠳᠠᠮᠵᠢᠨ ᠪᠠᠭᠰᠢ ᠶᠢᠨ ᠡᠩᠨᠡᠬᠡᠨ ᠤ ᠴᠢᠨᠠᠷ ᠴᠢᠨᠰᠠᠭ᠎ᠠ ᠶᠢ ᠰᠢᠯᠢᠳᠡᠭᠵᠢᠬᠦᠯᠥᠨᠡ᠃ ᠰᠣᠷᠭᠠᠭᠤᠯᠢ ᠡᠷᠬᠢᠯᠡᠬᠦ ᠨᠥᠬᠦᠴᠡᠯ | ᠢ ᠥᠷᠬᠦᠯᠵᠢᠯᠡᠨ ᠰᠠᠶᠢᠵᠢᠷᠠᠭᠤᠯᠵᠤ᠂ ᠮᠠᠨᠳᠤᠯ᠎ᠠ ᠪᠠᠭ᠎ᠠ ᠰᠣᠷᠭᠠᠭᠤᠯᠢ᠂ ᠬᠤᠶᠠᠳᠣᠭᠠᠷ ᠥᠨᠳᠣᠰᠣᠳᠡᠨ ᠤ ᠬᠡᠣᠬᠡᠳ ᠤᠨ | ᠴᠡᠴᠡᠷᠯᠢᠭ ᠢ ᠵᠢᠯ ᠲᠤᠳᠣᠷ᠎ᠠ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃ ᠨᠢᠬᠡᠳᠣᠬᠡᠷ ᠥᠨᠳᠣᠰᠣᠳᠡᠨ ᠤ | ᠬᠡᠤᠬᠡᠳ ᠤᠨ ᠴᠡᠴᠡᠷᠯᠢᠭ ᠤᠨ ᠵᠢᠭᠠᠨ ᠰᠣᠷᠭᠠᠬᠤ ᠠᠰᠠᠷ ᠵᠢᠴᠢ ᠳᠠᠭᠠᠯᠲᠠ ᠢᠨᠵᠧᠨᠧᠷᠢᠩ᠂ ᠭᠤᠷᠪᠠᠳᠣᠭᠠᠷ | ᠥᠨᠳᠣᠰᠣᠳᠡᠨ ᠤ ᠬᠡᠤᠬᠡᠳ ᠤᠨ ᠴᠡᠴᠡᠷᠯᠢᠭ ᠢ ᠥᠷᠬᠡᠳᠬᠡᠨ ᠪᠠᠶᠢᠭᠤᠯᠬᠤ᠂ ᠢ ᠹᠥ᠋ ᠪᠠᠭ᠎ᠠ ᠰᠣᠷᠭᠠᠭᠤᠯᠢ ᠶᠢᠨ ᠰᠠᠯᠭᠢ | ᠪᠣᠷᠣᠭᠠᠨ ᠢ ᠬᠠᠯᠠᠭᠯᠠᠬᠤ ᠬᠥᠳᠡᠯᠬᠡᠬᠡᠨ ᠤ ᠬᠡᠷ᠂ ᠵᠠᠯᠠᠭᠤᠴᠣᠳ ᠪᠠᠭᠠᠴᠣᠳ ᠤᠨ ᠬᠥᠳᠡᠯᠬᠡᠬᠡᠨ ᠤ ᠲᠥᠪ ᠤᠨ | ᠪᠥᠳᠥᠬᠡᠨ ᠪᠠᠶᠢᠭᠤᠯᠤᠯᠲᠠ ᠶᠢᠨ ᠲᠥᠷᠥᠯ ᠵᠥᠢᠯ ᠢ ᠶᠠᠪᠤᠭᠳᠠᠭᠤᠯᠤᠨ᠎ᠠ᠃ ︽ᠪᠥᠬᠦ ᠠᠶᠢᠮᠠᠭ ᠤᠨ ᠰᠣᠷᠠᠭ | ᠵᠠᠩᠭᠢᠴᠢᠯᠠᠯᠳᠠ ᠶᠢᠨ ᠪᠥᠳᠥᠬᠡᠨ ᠪᠠᠶᠢᠭᠤᠯᠤᠯᠲᠠ ᠶᠢᠨ ᠤᠨ︾ ᠤ ᠭᠦᠳᠡᠯᠭᠡᠭᠡᠨ ᠢ ᠠᠰᠢᠭᠯᠠᠨ᠂ ᠰᠣᠷᠭᠠᠨ ᠬᠥᠮᠥᠵᠢᠯ | ᠤᠨ ᠰᠣᠷᠠᠭ ᠵᠠᠩᠭᠢᠴᠢᠯᠠᠯᠳᠠ ᠶᠢᠨ ᠪᠥᠳᠥᠬᠡᠨ ᠪᠠᠶᠢᠭᠤᠯᠤᠯᠲᠠ ᠶᠢ ᠬᠥᠴᠥᠯᠠᠨ ᠠᠬᠢᠭᠤᠯᠤᠨ᠎ᠠ᠃ ᠡᠮ ᠡᠮᠨᠡᠯᠬᠡ᠂ | ᠡᠷᠡᠬᠦᠯ ᠬᠠᠮᠠᠭᠠᠯᠠᠯ ᠤᠨ ᠥᠢᠯᠡᠴᠢᠯᠡᠬᠡᠨ ᠤ ᠬᠢᠷᠢ ᠲᠥᠪᠰᠢᠨ ᠢ ᠳᠡᠬᠡᠭᠰᠢᠯᠡᠬᠦᠯᠥᠨᠡ᠃ ︽ᠡᠷᠡᠬᠦᠯ ᠴᠢᠬᠢᠷᠠᠭ ᠵᠡᠬᠦᠨ | ᠰᠥᠨᠢᠳ︾ ᠶᠢ ᠪᠥᠳᠥᠬᠡᠨ ᠪᠠᠶᠢᠭᠤᠯᠬᠤ ᠪᠠᠷ ᠭᠤᠤᠯ ᠬᠠᠷᠠᠯᠲᠠ ᠪᠠᠨ ᠪᠤᠯᠭᠠᠨ᠂ ᠡᠮ ᠡᠮᠨᠡᠯᠭᠡ ᠡᠷᠡᠭᠦᠯ ᠬᠠᠮᠠᠭᠠᠯᠠᠯ | ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠡᠮ ᠡᠮᠨᠡᠯᠭᠡ ᠶᠢᠨ ᠶᠠᠰᠤ ᠴᠢᠨᠠᠷ ᠢ | ᠲᠡᠭᠡᠭᠰᠢᠯᠡᠭᠦᠯᠬᠦ ᠭᠤᠷᠪᠠᠨ ᠵᠢᠯ ᠤᠨ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠡᠮ ᠡᠮᠴᠢᠯᠡᠭᠡ ᠡᠷᠡᠬᠦᠯ | ᠬᠠᠮᠠᠭᠠᠯᠠᠯ ᠤᠨ ᠬᠡᠪᠴᠢᠶᠡᠨ ᠳᠤ PPP ᠭᠡᠯᠪᠡᠷᠢ ᠶᠢ ᠢᠳᠡᠪᠬᠢᠲᠠᠢ ᠰᠥᠪᠡᠭᠴᠢᠯᠡᠵᠤ᠂ ᠨᠡᠶᠢᠬᠡᠮ ᠨᠡᠶᠢᠲᠠ ᠶᠢᠨ ᠪᠡᠯᠡ | ᠮᠥᠩᠬᠦ ᠶᠢ ᠪᠥᠳᠥᠬᠡᠨ ᠪᠠᠶᠢᠭᠤᠯᠤᠯᠲᠠ ᠪᠠ ᠡᠵᠡᠩᠨᠡᠯᠲᠠ ᠳᠤ ᠳᠠᠳᠠᠨ ᠤᠷᠤᠭᠤᠯᠵᠤ᠂ ᠤᠯᠤᠰ ᠠᠴᠠ ᠡᠷᠬᠢᠯᠡᠭᠰᠡᠨ | ᠡᠮᠨᠡᠯᠬᠡ ᠶᠢᠨ ᠬᠤᠷᠢᠶᠠᠨ ᠤ ᠨᠠᠶᠢᠲᠠ ᠶᠢᠨ ᠥᠢᠯᠡᠴᠢᠯᠡᠬᠡᠨ ᠤ ᠴᠢᠨᠠᠷ ᠢ ᠪᠠᠳᠣᠯᠠᠬᠤ ᠶᠢᠨ ᠬᠠᠮᠲᠤ᠂ ᠡᠮᠨᠡᠯᠬᠡ ᠶᠢᠨ | ᠬᠤᠷᠢᠶᠠᠨ ᠤ ᠬᠠᠮᠢᠶᠠᠷᠤᠯᠲᠠ ᠳᠤ ᠥᠬᠡᠷᠡᠴᠢᠯᠡᠯᠲᠠ ᠬᠢᠵᠤ᠂ ᠡᠮᠨᠡᠯᠬᠡ ᠶᠢᠨ ᠰᠠᠭᠤᠷᠢ ᠲᠥᠬᠦᠬᠡᠷᠤᠮᠵᠢ ᠶᠢᠨ ᠨᠥᠬᠦᠴᠡᠯ | ᠢ ᠰᠠᠶᠢᠵᠢᠷᠠᠭᠤᠯᠵᠤ᠂ ᠤᠯᠠᠨ ᠨᠡᠶᠢᠲᠡ ᠶᠢᠨ ᠡᠮᠴᠢᠯᠡᠬᠡᠨ ᠤ ᠴᠢᠨᠠᠷ ᠴᠢᠨᠰᠠᠭ᠎ᠠ ᠶᠢ ᠳᠡᠬᠡᠭᠰᠢᠯᠡᠬᠦᠯᠥᠨᠡ᠃ ᠬᠤᠰᠢᠭᠤ | ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠡᠪᠡᠳᠴᠢᠲᠡᠨ ᠤ ᠠᠰᠠᠷ ᠤᠨ ᠦᠷᠭᠡᠳᠬᠡᠨ ᠪᠠᠶᠢᠭᠤᠯᠬᠤ ᠢᠨᠵᠧᠨᠧᠷᠢᠩ | ᠢ ᠡᠬᠢᠯᠡᠨ ᠬᠡᠷᠡᠭᠵᠢᠭᠦᠯᠬᠦ ᠪᠠᠷ ᠴᠢᠷᠮᠠᠶᠢᠵᠤ᠂ ᠮᠤᠩᠭᠤᠯ ᠡᠮᠨᠡᠯᠭᠡ ᠶᠢᠨ ᠬᠤᠷᠢᠶᠠᠨ ᠤ ᠡᠭᠦᠲᠡᠨ ᠡᠮᠨᠡᠯᠭᠡ ᠶᠢᠨ ᠠᠰᠠᠷ | ᠵᠢᠴᠢ ᠮᠤᠩᠭᠤᠯ ᠡᠮ ᠨᠠᠶᠢᠷᠠᠭᠤᠯᠬᠤ ᠲᠠᠰᠤᠭ ᠤᠨ ᠢᠨᠵᠧᠨᠧᠷᠢᠩ ᠢ ᠲᠦᠯᠬᠢᠨ ᠠᠬᠢᠭᠤᠯᠵᠤ᠂ ᠮᠤᠩᠭᠤᠯ ᠡᠮᠴᠢᠯᠡᠭᠡᠨ ᠤ | ᠤᠨᠴᠠᠯᠢᠭ ᠪᠦᠬᠦᠢ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠎ᠡ᠃ 2 ᠰᠠᠭᠤᠷᠢ | ᠪᠠᠷᠢᠮᠵᠢᠶᠠᠵᠢᠭᠰᠠᠨ ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ 5 ᠰᠠᠭᠤᠷᠢ ᠭᠠᠴᠠᠭᠠᠨ ᠤ | ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ | ᠤᠨ ᠭᠤᠷᠪᠠᠨ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ | ᠡᠯ᠎ᠡ ᠲᠦᠷᠦᠯ ᠤᠨ ᠲᠦᠯᠦᠪᠯᠡᠯᠭᠡᠲᠦ ᠦᠷᠡᠵᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠨᠡᠨᠬᠦ ᠰᠠᠶᠢᠲᠤᠷ | ᠨᠠᠶᠢᠲᠠᠪᠤᠷᠢᠵᠢᠭᠤᠯᠵᠤ᠂ ᠬᠦᠮᠦᠨ ᠠᠮᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠣᠯᠣᠰ | ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠬᠡᠬᠡᠨ᠂ ᠡᠷᠡᠭᠦᠯ ᠮᠠᠨᠲᠤ ᠶᠢᠨ ᠭᠦᠮᠤᠵᠢᠯ ᠪᠠ ᠡᠷᠡᠭᠦᠯ ᠡᠩᠭᠡ ᠶᠢ | ᠠᠬᠢᠭᠤᠯᠬᠤ ᠬᠥᠳᠡᠯᠬᠡᠬᠡᠨ ᠢ ᠥᠷᠬᠡᠨ ᠳᠡᠯᠬᠡᠷᠡᠩᠬᠦᠢ ᠥᠷᠨᠢᠬᠦᠯᠵᠤ᠂ ᠬᠥᠨᠲᠤ ᠶᠡᠭᠡ ᠭᠢᠵᠢᠭ ᠡᠪᠡᠥᠨᠴᠢᠨ ᠪᠠ ᠭᠠᠵᠠᠷ | ᠣᠷᠣᠨ ᠤ ᠡᠪᠡᠥᠨᠴᠢᠨ ᠢ ᠰᠡᠷᠭᠡᠶᠢᠯᠡᠭᠦ ᠴᠢᠳᠠᠪᠤᠷᠢ ᠶᠢ ᠳᠡᠬᠡᠭᠰᠢᠯᠡᠬᠦᠯᠥᠨᠡ᠃ ᠰᠣᠶᠤᠯ ᠲᠠᠮᠢᠷ ᠤᠨ ᠥᠢᠯᠡᠰ ᠢ | ᠴᠡᠴᠡᠭᠯᠡᠨ ᠬᠥᠭᠵᠢᠬᠦᠯᠥᠨ᠎ᠡ᠃ ᠰᠣᠶᠣᠯ ᠲᠠᠮᠢᠷ ᠤᠨ ᠠᠷᠠᠳ ᠲᠤ ᠠᠰᠢᠭᠲᠠᠢ ᠢᠨᠵᠧᠨᠧᠷᠢᠩ ᠤᠨ ᠪᠥᠳᠥᠬᠡᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠬᠡᠬᠡᠨ ᠤ ᠲᠥᠪ | ᠤᠨ ᠪᠦᠳᠣᠭᠡᠨ ᠪᠠᠶᠢᠭᠤᠯᠤᠯᠳᠠ ᠶᠢᠨ ᠲᠥᠷᠥᠯ ᠵᠥᠢᠯ ᠢ ᠥᠷᠬᠦᠯᠵᠢᠯᠡᠨ ᠠᠬᠢᠭᠤᠯᠵᠤ᠂ ᠰᠥᠨᠢᠳ ᠰᠤᠷ ᠬᠠᠷᠪᠤᠯᠳᠠ | ᠶᠢᠨ ᠤᠷᠳᠣᠨ ᠢ ᠡᠬᠢᠯᠡᠨ ᠪᠥᠳᠥᠬᠡᠨ ᠪᠠᠶᠢᠭᠤᠯᠵᠤ᠂ ᠨᠡᠶᠢᠲᠠ ᠶᠢᠨ ᠰᠣᠶᠣᠯ ᠤᠨ ᠥᠢᠯᠡᠴᠢᠯᠡᠬᠡᠨ ᠤ ᠰᠢᠰᠲ᠋ᠧᠮ ᠢ | ᠣᠯᠠᠮ ᠨᠢᠬᠡ ᠠᠯᠬᠤᠮ ᠳᠡᠭᠦᠯᠳᠡᠷᠵᠢᠭᠦᠯᠤᠨᠡ᠃ ᠦᠨᠳᠣᠰᠣᠳᠡᠨ ᠤ ᠣᠨᠴᠠᠯᠢᠭ ᠪᠦᠭᠦᠢ ᠡᠯ᠎ᠡ ᠳᠦᠷᠣᠯ ᠤᠨ ᠪᠡᠶ᠎ᠡ | ᠳᠠᠮᠢᠷ ᠤᠨ ᠣᠷᠣᠯᠳᠣᠭᠠᠨ ᠵᠢᠴᠢ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠬᠡᠬᠡᠨ ᠢ ᠰᠠᠶᠢᠳᠣᠷ ᠵᠤᠬᠢᠶᠠᠨ | ᠪᠠᠶᠢᠭᠤᠯᠵᠤ ᠦᠷᠨᠢᠭᠦᠯᠤᠨ᠂ ︽ᠬᠢᠯᠤᠬᠡᠨ︾ ᠰᠥᠨᠢᠳ ᠰᠣᠶᠣᠯ ᠤᠷᠠᠯᠢᠭ ᠤᠨ ᠨᠠᠶᠢᠷ᠂ ᠥᠨᠳᠣᠷ ᠨᠠᠰᠣᠳᠠᠳ ᠤᠨ | ᠨᠠᠰᠣᠨ ᠪᠠᠶᠠᠷ ᠢ ᠪᠡᠯᠬᠡᠯᠡᠬᠦ ᠬᠠᠮᠲᠤ ᠶᠢᠨ ᠨᠠᠶᠢᠷ᠂ ᠰᠥᠨᠢᠳ ᠳᠡᠮᠡᠬᠡᠨ ᠰᠣᠶᠣᠯ ᠤᠨ ᠨᠠᠶᠢᠷ ᠵᠡᠷᠬᠡ ᠨᠡᠷ᠎ᠡ ᠳᠡᠮᠳᠡᠭᠲᠥ | ᠰᠣᠶᠣᠯ ᠤᠨ ᠬᠥᠳᠡᠯᠬᠡᠬᠡᠨ ᠢ ᠥᠷᠬᠦᠯᠵᠢᠯᠡᠨ ᠡᠷᠬᠢᠯᠡᠨ ᠶᠠᠪᠤᠭᠳᠠᠭᠤᠯᠤᠨ᠎ᠠ᠃ ᠤᠷᠣᠨ ᠤ ᠲᠡᠰ ᠤᠨ ᠲᠠᠯ᠎ᠠ ᠨᠣᠲᠤᠭ | ᠤᠨ ᠬᠦᠯ ᠪᠦᠮᠪᠦᠭᠡ ᠶᠢᠨ ᠪᠣᠯᠪᠠᠰᠣᠷᠠᠯ ᠤᠨ ᠰᠠᠭᠤᠷᠢᠨ ᠭᠠᠵᠠᠷ ᠪᠠ ᠡᠯᠡᠰᠤ ᠮᠠᠩᠬᠠᠨ ᠤ ᠭᠦᠯ ᠪᠦᠮᠪᠦᠭᠡ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠤᠨ ᠲᠦᠷᠦᠯ ᠵᠦᠢᠯ ᠢ ᠢᠳᠡᠪᠬᠢᠲᠠᠢ ᠡᠷᠡᠮᠡᠯᠵᠢᠯᠠᠵᠤ᠂ | ᠰᠣᠷᠭᠠᠭᠤᠯᠢ ᠶᠢᠨ ᠬᠥᠷᠢᠶᠡᠨ ᠤ ᠭᠦᠯ ᠪᠦᠮᠪᠦᠭᠡ ᠪᠠ ᠨᠡᠶᠢᠭᠡᠮ ᠲᠣᠭᠤᠷᠢᠭ ᠤᠨ ᠬᠦᠯ ᠪᠦᠮᠪᠦᠭᠡ ᠶᠢᠨ ᠬᠦᠳᠡᠯᠭᠡᠭᠡᠨ ᠢ | ᠰᠠᠶᠢᠳᠣᠷ ᠠᠳᠬᠤᠵᠣ᠂ ᠬᠦᠯ ᠪᠦᠮᠪᠦᠭᠡ ᠶᠢᠨ ᠦᠢᠯᠡᠰ ᠤᠨ ᠬᠦᠭᠵᠢᠯᠲᠠ ᠶᠢ ᠲᠦᠯᠬᠢᠨ ᠠᠬᠢᠭᠤᠯᠣᠨ᠎ᠠ᠃ ᠳᠦᠪ ᠤᠨ | ᠷᠠᠳᠢᠤ᠋ ᠲᠧᠯᠸᠢᠰ ᠨᠡᠪᠳᠡᠷᠡᠬᠦᠯᠬᠡ ᠶᠢᠨ ᠪᠦᠷᠬᠦᠴᠡ ᠶᠢ ᠨᠦᠬᠦᠪᠦᠷᠢᠯᠡᠬᠦ ᠢᠨᠵᠧᠨᠧᠷᠢᠩ ᠪᠠ ᠦᠪᠡᠷᠳᠡᠬᠡᠨ ᠵᠠᠰᠠᠬᠤ | ᠤᠷᠤᠨ ᠤ ᠰᠤᠨᠢᠨ ᠮᠡᠳᠡᠭᠡ ᠲᠧᠯᠸᠢᠰ ᠨᠡᠪᠳᠡᠷᠡᠬᠦᠯᠬᠡ ᠶᠢᠨ ︽ᠬᠢᠯᠢ ᠬᠢᠵᠠᠭᠠᠷ ᠢᠶᠠᠨ ᠪᠠᠳᠤᠵᠢᠭᠤᠯᠬᠤ︾ | ᠢᠨᠵᠧᠨᠧᠷᠢᠩ ᠢ ᠰᠠᠶᠢᠳᠤᠷ ᠬᠡᠷᠡᠭᠵᠢᠬᠦᠯᠦᠨ᠎ᠡ᠃ ᠥᠨᠳᠣᠰᠣᠳᠡᠨ ᠤ ᠱᠠᠰᠢᠨ ᠰᠣᠷᠳᠠᠬᠤᠨ ᠤ ᠠᠵᠢᠯ ᠢ ᠰᠠᠶᠢᠳᠤᠷ | ᠦᠷᠨᠢᠬᠦᠯᠦᠨ᠎ᠡ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠤᠬᠠᠭᠤᠯᠭ᠎ᠠ ᠬᠦᠮᠦᠵᠢᠯ ᠪᠠ ᠴᠤᠭᠴᠠᠯᠠᠨ | ᠪᠠᠶᠢᠭᠤᠯᠬᠤ ᠠᠵᠢᠯ ᠢ ᠬᠦᠨᠵᠡᠭᠡᠢ ᠦᠷᠨᠢᠭᠦᠯᠵᠦ᠂ ︽ᠬᠢᠯᠢ ᠬᠢᠵᠠᠭᠠᠷ ᠢᠶᠠᠨ ᠬᠥᠭᠵᠢᠬᠦᠯᠵᠤ᠂ ᠠᠷᠠᠳ ᠢᠶᠠᠨ | ᠪᠠᠶᠠᠵᠢᠭᠤᠯᠬᠤ︾ ᠬᠦᠳᠡᠯᠭᠡᠭᠡᠨ ᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ | ᠤᠬᠢ ᠰᠠᠶᠢᠨ ᠪᠠᠶᠢᠳᠠᠯ ᠢ ᠤᠯᠠᠮ ᠨᠢᠭᠡ ᠠᠯᠬᠤᠮ ᠪᠠᠳᠣᠳᠬᠠᠨ ᠬᠦᠭᠵᠢᠬᠦᠯᠦᠨ᠎ᠡ᠃ ᠪᠠᠶ᠋ᠬᠠᠠᠭᠤᠯᠠ ᠰᠤᠮᠤᠨ ᠤ ᠬᠤᠤᠰ | ᠬᠡᠯᠡᠨ ᠤ ᠲᠤᠷᠰᠢᠯᠲᠠ ᠤᠨ ᠴᠢᠭ ᠤᠨ ᠠᠵᠢᠯ ᠤᠨ ᠦᠷ᠎ᠡ ᠪᠦᠳᠣᠮᠵᠢ ᠶᠢ ᠦᠷᠭᠡᠨ ᠢᠶᠠᠷ ᠲᠡᠯᠭᠡᠷᠡᠭᠦᠯᠵᠦ᠂ ᠮᠤᠩᠭᠤᠯ | ᠦᠭᠡ ᠬᠡᠯᠡ ᠦᠰᠦᠭ ᠪᠢᠴᠢᠭ ᠢ ᠲᠦᠷᠢᠮᠵᠢᠭᠦᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠴᠢᠬᠤᠯᠠ ᠪᠢᠴᠢᠭ | ᠮᠠᠲ᠋ᠧᠷᠢᠶᠠᠯ ᠢ ᠮᠤᠩᠭᠤᠯ ᠬᠢᠲᠡᠳ ᠬᠤᠶᠠᠷ ᠬᠡᠯᠡ ᠪᠠᠷ ᠵᠡᠷᠭᠡᠪᠡᠷ ᠬᠡᠷᠡᠭᠯᠡᠬᠦ ᠶᠢ ᠪᠠᠷᠢᠮᠳᠠᠯᠠᠨ᠎ᠠ᠃ ᠬᠠᠤᠯᠢ ᠶᠤᠰᠤᠭᠠᠷ | ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠮᠢᠶᠠᠷᠴᠤ᠂ ᠱᠠᠰᠢᠨ ᠰᠤᠷᠲᠠᠬᠤᠨ ᠤ ᠬᠦᠮᠦᠰ ᠵᠢᠴᠢ ᠰᠦᠰᠦᠭᠲᠡᠳ ᠤᠨ | ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠨᠠᠶᠢᠬᠡᠮ ᠤᠨ ᠡᠶ᠎ᠡ ᠵᠤᠬᠢᠴᠠᠩᠭᠤᠢ ᠠᠮᠤᠷ ᠲᠤᠭᠳᠠᠭᠤᠨ ᠪᠠᠶᠢᠳᠠᠯ ᠢ ᠥᠨᠡᠨᠬᠦ ᠬᠠᠮᠠᠭᠠᠯᠠᠨ᠎ᠠ᠃ ︽ᠠᠮᠤᠭᠤᠯᠠᠩ | ᠰᠦᠨᠢᠳ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠵᠢᠭᠤᠷᠭᠠᠨ ᠢ | ᠪᠠᠶᠢᠴᠠᠭᠠᠨ ᠰᠢᠢᠥᠨᠪᠤᠷᠢᠯᠡᠭᠦ ᠪᠠ ᠨᠡᠶᠢᠭᠡᠮ ᠤᠨ ᠠᠮᠤᠷ ᠳᠤᠭᠳᠠᠭᠤᠨ ᠤ ᠠᠶᠤᠯ ᠳᠦᠭᠰᠢᠬᠦᠷᠢ ᠶᠢ ᠦᠨᠡᠯᠡᠨ ᠵᠢᠱᠢᠬᠦ ᠶᠢ | ᠴᠢᠩᠭᠠᠥᠨᠬᠠᠵᠤ᠂ ᠪᠤᠰᠤᠭ᠎ᠠ ᠴᠤᠭᠴᠠᠳᠦ ᠨᠡᠶᠢᠭᠡᠮ ᠤᠨ ᠠᠮᠤᠷ ᠢ ᠬᠠᠮᠠᠭᠠᠯᠠᠵᠤ ᠰᠡᠷᠭᠡᠶᠢᠯᠡᠬᠦ ᠰᠢᠰᠲ᠋ᠧᠮ ᠢ | ᠳᠡᠭᠦᠯᠳᠡᠷᠵᠢᠭᠦᠯᠤᠨᠡ᠂ ᠵᠠᠭᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠭᠤᠴᠠᠯᠭᠠᠳᠦ ᠳᠦᠷᠢᠮ ᠢ | ᠨᠡᠶᠢᠳᠠᠪᠤᠷᠢᠵᠢᠭᠤᠯᠵᠤ᠂ ᠬᠠᠥᠯᠢ ᠶᠣᠰᠣᠭᠠᠷ ᠠᠷᠠᠥᠨ ᠳᠦᠮᠡᠨ ᠤ ᠭᠤᠶᠤᠴᠢᠯᠠᠯ ᠢ ᠴᠠᠭ ᠳᠤᠬᠠᠢ ᠳᠤᠨᠢ | ᠰᠢᠢᠥᠨᠪᠤᠷᠢᠯᠡᠵᠤ᠂ ᠠᠷᠠᠥᠨ ᠳᠦᠮᠡᠨ ᠤ ᠠᠰᠢᠭ ᠳᠣᠰᠠ ᠶᠢ ᠬᠠᠮᠠᠭᠠᠯᠠᠨ᠎ᠠ᠃ ᠨᠡᠶᠢᠭᠡᠮ ᠤᠨ ᠠᠮᠣᠷ ᠳᠦᠪᠰᠢᠨ ᠢ | ᠶᠡᠷᠦᠩᠬᠡᠶᠢᠯᠡᠨ ᠵᠠᠰᠠᠬᠤ ᠬᠦᠴᠦᠯᠡᠴᠡ ᠪᠠᠨ ᠴᠢᠩᠭᠠᠥᠨᠬᠠᠵᠤ᠂ ᠠᠷᠠᠥᠨ ᠤᠨ ᠳᠤᠮᠳᠠᠬᠢ ᠵᠢᠭᠡᠯᠡᠯᠭᠡ ᠶᠢᠨ ᠠᠵᠢᠯᠯᠠᠭ᠎ᠠ ᠶᠢ | ᠤᠯᠠᠮ ᠨᠢᠭᠡ ᠠᠯᠬᠤᠮ ᠳᠦᠷᠢᠮᠵᠢᠭᠦᠯᠵᠤ᠂ ᠬᠠᠥᠯᠢ ᠪᠤᠰᠤ ᠪᠠᠷ ᠭᠦᠷᠦᠩᠭᠡ ᠴᠤᠭᠯᠠᠭᠤᠯᠬᠤ ᠪᠠ ᠴᠢᠮᠡᠭᠡ ᠬᠤᠯᠪᠤᠭ᠎ᠠ | ᠪᠠᠷ ᠮᠡᠬᠡᠯᠡᠨ ᠬᠠᠭᠤᠷᠬᠤ ᠵᠡᠷᠭᠡ ᠬᠠᠥᠯᠢ ᠶᠢ ᠵᠦᠷᠢᠴᠡᠭᠰᠡᠨ ᠡᠯ᠎ᠡ ᠵᠦᠢᠯ ᠤᠨ ᠶᠠᠯᠠᠳᠣ ᠠᠵᠢᠯᠯᠠᠭ᠎ᠠ ᠳᠤ ᠬᠦᠴᠦᠳᠡᠢ | ᠴᠤᠬᠢᠯᠳᠠ ᠦᠭᠬᠦᠨ᠎ᠡ᠃ ᠠᠶᠤᠯᠭᠦᠢ ᠦᠢᠯᠡᠥᠨᠪᠤᠷᠢᠯᠡᠯ ᠢ ᠴᠢᠩᠭᠠᠥᠨᠬᠠᠵᠤ᠂ ᠠᠵᠤ ᠠᠬᠤᠶᠢᠯᠠᠯ ᠤᠨ ᠭᠤᠤᠯ ᠴᠣᠭᠴᠠ | ᠶᠢᠨ ᠬᠠᠷᠢᠭᠤᠯᠴᠠᠭ᠎ᠠ ᠶᠢ ᠴᠢᠩᠭ᠎ᠠ ᠨᠡᠶᠢᠳᠡᠪᠤᠷᠢᠵᠢᠭᠤᠯᠵᠤ᠂ ︽ᠨᠠᠮ ᠵᠠᠰᠠᠭ ᠬᠠᠮᠲᠤᠪᠡᠷ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠴᠤᠭ ᠲᠤᠨᠢ ᠠᠳᠬᠤᠵᠤ ᠬᠠᠮᠲᠤ ᠳᠤᠨᠢ | ᠬᠠᠮᠢᠶᠠᠷᠬᠤ᠂ ᠲᠤᠰᠢᠶᠠᠯ ᠢᠶᠠᠨ ᠴᠠᠯᠠᠭᠠᠶᠢᠳᠠᠪᠠᠯ ᠬᠠᠷᠢᠭᠤᠴᠠᠯᠭ᠎ᠠ ᠨᠡᠭᠡᠮᠵᠢᠯᠡᠬᠦ︾ ᠪᠤᠯᠤᠨ ︽ᠠᠵᠢᠯ ᠲᠦᠷᠣᠯ | ᠬᠠᠮᠢᠶᠠᠷᠪᠠᠯ ᠡᠷᠬᠡᠪᠰᠢ ᠠᠮᠣᠷ ᠲᠦᠪᠰᠢᠨ ᠢ ᠬᠠᠮᠢᠶᠠᠷᠴᠣ᠂ ᠲᠣᠬᠠᠶᠢᠯᠠᠭᠰᠠᠨ ᠠᠵᠢᠯ ᠬᠠᠮᠢᠶᠠᠷᠪᠠᠯ ᠡᠷᠬᠡᠪᠰᠢ ᠠᠮᠣᠷ | ᠲᠦᠪᠰᠢᠨ ᠢ ᠬᠠᠮᠢᠶᠠᠷᠴᠣ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠪᠠᠯ ᠡᠷᠬᠡᠪᠰᠢ ᠠᠮᠤᠷ ᠲᠦᠪᠰᠢᠨ ᠢ | ᠬᠠᠮᠢᠶᠠᠷᠬᠤ︾ ᠶᠡᠷᠣᠩᠭᠡᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠢᠯᠡᠳᠪᠤᠷᠢ ᠠᠭᠤᠷᠬᠠᠢ ᠶᠢᠨ ᠠᠵᠤ | ᠠᠬᠤᠶᠢᠯᠠᠯ᠂ ᠢᠳᠡᠬᠡᠨ ᠤᠮᠳᠠᠭᠠᠨ ᠡᠮ ᠡᠮᠨᠡᠯᠬᠡ᠂ ᠵᠠᠮ ᠬᠠᠷᠢᠯᠴᠠᠭ᠎ᠠ ᠪᠠ ᠬᠥᠮᠥᠨ ᠠᠮᠠ ᠨᠢᠭᠳᠠ ᠳᠠᠯᠠᠪᠤᠷ ᠤᠨ | ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠵᠤ᠂ ᠭᠦᠨᠳᠣ ᠶᠡᠭᠡ ᠭᠡᠷᠡᠭ ᠣᠴᠢᠷ ᠤᠨ ᠡᠭᠦᠰᠭᠦ ᠶᠢ | ᠳᠦᠢᠯᠪᠤᠷᠢᠳᠠᠢ ᠦᠭᠡᠶᠢᠰᠭᠡᠨ᠎ᠡ᠃ ︽ᠲᠤᠯᠤᠭ᠎ᠠ ᠲᠠᠪᠤ︾ ᠬᠠᠤᠯᠢ ᠶᠢ ᠲᠦᠭᠡᠮᠡᠯᠵᠢᠭᠦᠯᠬᠦ ᠠᠵᠢᠯᠯᠠᠭ᠎ᠠ ᠶᠢ ᠬᠦᠨᠵᠡᠬᠡᠢ | ᠦᠷᠨᠢᠬᠦᠯᠵᠦ᠂ ︽ᠬᠠᠤᠯᠢ ᠴᠠᠭᠠᠵᠠ ᠶᠢ ᠵᠢᠷᠭᠤᠭ᠎ᠠ ᠳᠤ ᠬᠦᠷᠭᠡᠬᠦ︾ ᠬᠦᠳᠡᠯᠭᠡᠭᠡᠨ ᠢ ᠪᠠᠲᠤᠲᠠᠢ ᠦᠷᠨᠢᠭᠦᠯᠦᠨ᠎ᠡ᠃ | ᠰᠢᠨ᠎ᠡ ᠮᠡᠳᠡᠭᠡ ᠵᠠᠭᠤᠴᠢᠯᠠᠭᠤᠷ ᠢ ᠰᠠᠶᠢᠳᠤᠷ ᠬᠠᠮᠢᠶᠠᠷᠴᠦ᠂ ᠳᠤᠤᠷ ᠰᠦᠯᠵᠢᠶᠡᠨ ᠤ ᠬᠦᠨᠳᠦ ᠨᠤᠴᠢᠳᠠᠢ ᠶᠡᠷᠢᠶ᠎ᠠ | ᠬᠡᠯᠡᠯᠴᠡᠭᠡ ᠶᠢ ᠳᠠᠷᠤᠢ ᠳᠦᠷᠬᠡᠨ ᠳᠤᠰᠬᠠᠵᠤ ᠨᠡᠪᠳᠡᠷᠡᠯᠴᠡᠬᠦ ᠳᠤᠭᠳᠠᠯᠴᠠᠭ᠎ᠠ ᠶᠢ ᠪᠠᠶᠢᠭᠤᠯᠵᠤ᠂ ᠳᠤᠤᠷ ᠰᠦᠯᠵᠢᠶᠡᠨ | ᠤ ᠶᠡᠷᠢᠶ᠎ᠠ ᠬᠡᠯᠡᠯᠴᠡᠭᠡ ᠶᠢ ᠵᠦᠪ ᠵᠢᠯᠤᠭᠤᠳᠤᠨ ᠳᠠᠭᠠᠭᠤᠯᠬᠤ ᠴᠢᠳᠠᠪᠤᠷᠢ ᠪᠠ ᠬᠠᠤᠯᠢ ᠶᠤᠰᠤᠭᠠᠷ ᠬᠠᠮᠢᠶᠠᠷᠬᠤ | ᠴᠢᠳᠠᠪᠬᠢ ᠶᠢ ᠳᠡᠭᠡᠭᠰᠢᠯᠡᠬᠦᠯᠦᠨ᠎ᠡ᠃ | ᠭᠤᠷᠪᠠ᠄ ᠵᠠᠰᠠᠭ ᠤᠨ ᠣᠷᠳᠣᠨ ᠤ ᠳᠤᠰ ᠪᠡᠶ᠎ᠡ ᠶᠢᠨ ᠪᠦᠳᠦᠬᠡᠨ ᠪᠠᠶᠢᠭᠤᠯᠤᠯᠲᠠ ᠶᠢ ᠥᠨᠡᠨᠬᠦ | ᠴᠢᠩᠭᠠᠳᠬᠠᠨ᠎ᠠ᠃ | ᠬᠠᠤᠯᠢ ᠪᠠᠷ ᠵᠠᠰᠠᠭ ᠪᠠᠷᠢᠬᠤ ᠶᠢ ᠪᠠᠷᠢᠮᠳᠠᠯᠠᠵᠤ᠂ ᠲᠥᠷᠢᠮ ᠲᠤᠭᠳᠠᠭᠠᠯ ᠢᠶᠠᠷ ᠠᠵᠢᠯᠯᠠᠬᠤ ᠶᠢ ᠴᠢᠩᠭ᠎ᠠ | ᠪᠠᠷᠢᠮᠳᠠᠯᠠᠨ᠎ᠠ᠃ ᠨᠠᠮ ᠤᠨ ᠲᠥᠷᠢᠮ ᠬᠢᠬᠡᠳ ᠤᠯᠤᠰ ᠤᠨ ᠥᠨᠳᠣᠰᠣᠨ ᠬᠠᠤᠯᠢ ᠶᠢ ᠴᠢᠩᠭ᠎ᠠ ᠰᠠᠬᠢᠵᠤ᠂ ᠵᠠᠰᠠᠭ ᠤᠨ | ᠤᠷᠳᠤᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠥᠷᠢᠮ ᠢ ᠤᠯᠠᠮ ᠨᠢᠬᠡ ᠠᠯᠬᠤᠮ ᠪᠥᠷᠢᠨᠰᠢᠬᠦᠯᠥᠨ | ᠳᠡᠬᠦᠯᠳᠡᠷᠵᠢᠬᠦᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠣ ᠶᠢ ᠴᠢᠩᠭ᠎ᠠ ᠬᠡᠷᠡᠭᠵᠢᠬᠦᠯᠵᠤ᠂ ᠡᠷᠬᠡ | ᠬᠠᠷᠢᠭᠤᠴᠠᠯᠭ᠎ᠠ ᠶᠢᠨ ᠬᠠᠭᠤᠳᠠᠰᠣ ᠠᠴᠠ ᠭᠠᠳᠠᠨ᠎ᠠ ᠤᠨᠴᠠᠭᠠᠢ ᠡᠷᠬᠡ ᠪᠠᠶᠢᠬᠤ ᠥᠬᠡᠢ ᠪᠠᠶᠢᠬᠤ ᠶᠢ ᠪᠠᠳᠣᠯᠠᠨ᠎ᠠ᠃ | ᠬᠤᠰᠢᠭᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠪᠠ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ | ᠤᠨ ᠬᠤᠷᠠᠯ ᠠᠴᠠ ᠳᠤᠭᠳᠠᠭᠠᠭᠰᠠᠨ ᠡᠯ᠎ᠡ ᠵᠦᠢᠯ ᠤᠨ ᠰᠢᠢᠳᠪᠣᠷᠢ ᠶᠢ ᠵᠢᠷᠤᠮᠯᠠᠨ ᠭᠡᠷᠡᠭᠵᠢᠬᠦᠯᠬᠦ ᠶᠢᠨ ᠬᠠᠮᠳᠦ ᠠᠵᠢᠯ | ᠤᠨ ᠬᠠᠷᠢᠭᠤ ᠮᠡᠳᠡᠬᠦᠯᠦᠯᠳᠡ ᠬᠢᠵᠦ᠂ ᠬᠦᠳᠡᠯᠦᠩᠭᠦᠢ ᠪᠠᠷ ᠬᠤᠰᠢᠭᠤ ᠤᠯᠤᠰ ᠲᠥᠷᠥ ᠶᠢᠨ ᠵᠥᠪᠯᠡᠯᠬᠡᠨ ᠲᠠᠢ | ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠵᠥᠪᠯᠡᠵᠤ᠂ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠣᠯᠣᠰ ᠲᠥᠷᠥ ᠶᠢᠨ ᠵᠥᠪᠯᠡᠯᠬᠡᠨ ᠤ ᠠᠷᠠᠳᠴᠢᠯᠠᠭᠰᠠᠨ ᠬᠢᠨᠠᠯᠲᠠ ᠪᠠ ᠨᠠᠶᠢᠬᠡᠮ | ᠤᠨ ᠶᠡᠷᠢᠶ᠎ᠠ ᠬᠡᠯᠡᠯᠴᠡᠬᠡᠨ ᠤ ᠬᠢᠨᠠᠯᠲᠠ ᠶᠢ ᠰᠠᠶᠢᠨ ᠲᠤᠷ᠎ᠠ ᠠᠴᠠ ᠪᠠᠨ ᠬᠥᠯᠢᠶᠡᠨ ᠠᠪᠤᠨ᠎ᠠ᠃ ᠪᠥᠬᠦ ᠰᠡᠳᠬᠢᠯ ᠪᠥᠬᠦ | ᠵᠤᠷᠢᠭ ᠢᠶᠠᠷ ᠢᠶᠠᠨ ᠠᠷᠠᠳ ᠲᠥᠮᠡᠨ ᠳᠤ ᠥᠢᠯᠡᠴᠢᠯᠡᠬᠦ ᠵᠠᠷᠴᠢᠮ ᠶᠤᠰᠤᠭᠠᠷ᠂ ᠳᠡᠬᠡᠲᠤ ᠬᠡᠮᠵᠢᠶ᠎ᠡ ᠪᠠᠷ ᠬᠥᠨᠳᠣᠳᠬᠡᠨ | ᠴᠢᠬᠤᠯᠠᠴᠢᠯᠠᠵᠤ᠂ ᠨᠠᠷᠢᠨ ᠬᠢᠨᠠᠮᠠᠭᠠᠢ ᠬᠠᠷᠢᠭᠤᠴᠠᠨ᠂ ᠠᠷᠠᠳ ᠤᠨ ᠲᠥᠯᠥᠬᠡᠯᠡᠭᠴᠢᠳ ᠪᠠ ᠤᠯᠤᠰ ᠲᠥᠷᠥ ᠶᠢᠨ | ᠵᠥᠪᠯᠡᠯᠬᠡᠨ ᠤ ᠬᠡᠰᠢᠬᠦᠳ ᠤᠨ ᠰᠠᠨᠠᠯ ᠳᠤᠷᠠᠳᠤᠯᠭ᠎ᠠ ᠶᠢ ᠨᠠᠷᠢᠨ ᠬᠢᠨᠠᠮᠠᠭᠠᠢ ᠪᠡᠶᠡᠯᠡᠬᠦᠯᠥᠨ᠎ᠡ᠃ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠣᠯᠣᠰ ᠲᠥᠷᠥ ᠶᠢᠨ ᠵᠥᠪᠯᠡᠯᠬᠡᠨ ᠤ | ᠲᠤᠷᠠᠳᠣᠭᠰᠠᠨ ᠡᠯ᠎ᠡ ᠲᠥᠷᠥᠯ ᠤᠨ ᠪᠠᠶᠢᠴᠠᠭᠠᠨ ᠰᠣᠳᠣᠯᠣᠭᠰᠠᠨ ᠮᠡᠳᠡᠬᠦᠯᠥᠯᠲᠠ᠂ ᠨᠠᠶᠢᠬᠡᠮ ᠤᠨ ᠪᠠᠶᠢᠳᠠᠯ ᠠᠷᠠᠳ ᠤᠨ | ᠰᠠᠨᠠᠭ᠎ᠠ ᠳᠤ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠳᠠ ᠬᠢᠬᠦ ᠮᠥᠷᠳᠡᠬᠡᠨ ᠵᠠᠰᠠᠭ ᠤᠨ ᠤᠷᠳᠣᠨ ᠤ ᠠᠵᠢᠯ ᠤᠨ | ᠴᠢᠬᠤᠯᠠ ᠯᠠᠪᠯᠠᠯᠲᠠ ᠥᠨᠳᠣᠰᠣᠯᠡᠯ ᠪᠤᠯᠭᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠯᠳᠤᠬᠤ ᠪᠤᠳᠤᠯᠭ᠎ᠠ | ᠪᠠᠶᠢᠷᠢᠯᠠᠭᠤᠯᠤᠯᠲᠠ ᠶᠢ ᠦᠨᠡᠨᠬᠦ ᠨᠠᠶᠢᠳᠠᠪᠤᠷᠢᠵᠢᠭᠤᠯᠬᠤ ᠶᠢ ᠪᠠᠳᠣᠯᠠᠨ᠎ᠠ᠃ | ᠠᠷᠢᠭᠤᠨ ᠴᠢᠬᠡᠴᠢ ᠪᠠᠷ ᠵᠠᠰᠠᠭ ᠪᠠᠷᠢᠵᠤ᠂ ᠳᠦᠪ ᠴᠢᠭᠡᠴᠢ ᠪᠠᠷ ᠠᠵᠢᠯ ᠬᠢᠬᠦ ᠶᠢ ᠪᠠᠷᠢᠮᠳᠠᠯᠠᠨ᠎ᠠ᠃ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠣᠰᠣᠭᠠᠷ᠂ ᠨᠠᠮ ᠤᠨ ᠣᠯᠣᠰ ᠲᠥᠷᠥ ᠶᠢᠨ ᠰᠠᠬᠢᠯᠭ᠎ᠠ ᠪᠠᠲᠤ ᠵᠢᠴᠢ ᠣᠯᠣᠰ ᠲᠥᠷᠥ | ᠶᠢᠨ ᠲᠥᠷᠢᠮ ᠲᠤᠭᠳᠠᠭᠠᠯ ᠢ ᠴᠢᠩᠭ᠎ᠠ ᠰᠠᠬᠢᠵᠤ᠂ ᠵᠠᠰᠠᠭ ᠤᠨ ᠣᠷᠲᠤᠨ ᠤ ᠰᠢᠰᠲ᠋ᠧᠮ ᠤᠨ ᠨᠠᠮ ᠤᠨ ᠬᠡᠪ ᠰᠣᠷᠳᠠᠯ᠂ | ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠴᠢᠬᠤᠯᠠ ᠬᠥᠷᠢᠶ᠎ᠡ ᠬᠡᠪᠴᠢᠶ᠎ᠡ᠂ | ᠵᠠᠩᠬᠢᠯᠠᠭ᠎ᠠ ᠶᠢᠨ ᠠᠵᠢᠯ ᠤᠨ ᠪᠠᠶᠢᠷᠢ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ | ᠳᠠᠯᠪᠢᠬᠤ ᠶᠢ ᠴᠢᠩᠭᠠᠳᠬᠠᠵᠤ᠂ ᠰᠠᠬᠢᠯᠭ᠎ᠠ ᠪᠠᠲᠤ᠂ ᠬᠠᠤᠯᠢ ᠲᠥᠷᠢᠮ ᠢ ᠵᠥᠷᠢᠴᠡᠭᠰᠡᠨ ᠠᠵᠢᠯᠯᠠᠭ᠎ᠠ ᠪᠠ ᠢᠯᠵᠢᠷᠡᠨ | ᠳᠤᠷᠤᠶᠢᠳᠠᠭᠰᠠᠨ ᠠᠰᠠᠭᠤᠳᠠᠯ ᠢ ᠲᠥᠪ ᠴᠢᠩᠭ᠎ᠠ ᠪᠠᠷ ᠪᠠᠶᠢᠴᠠᠭᠠᠨ ᠰᠢᠢᠳᠪᠤᠷᠢᠯᠡᠨ᠎ᠠ᠃ ︽ᠭᠤᠷᠪᠠᠨ ᠠᠯᠪᠠᠨ ᠵᠠᠷᠤᠳᠠᠯ | ︾ ᠪᠤᠯᠤᠨ ᠡᠩ ᠤᠨ ᠵᠠᠷᠤᠳᠠᠯ ᠢ ᠴᠢᠩᠭ᠎ᠠ ᠬᠢᠵᠠᠭᠠᠷᠯᠠᠵᠤ᠂ ᠠᠯᠪᠠᠨ ᠵᠤᠴᠢᠯᠠᠭ᠎ᠠ᠂ ᠠᠯᠪᠠᠨ ᠳᠡᠷᠬᠡ ᠬᠡᠷᠡᠭᠯᠡᠬᠦ ᠶᠢ | ᠤᠯᠠᠮ ᠨᠢᠬᠡ ᠠᠯᠬᠤᠮ ᠲᠥᠷᠢᠮᠵᠢᠬᠦᠯᠵᠤ᠂ ᠠᠯᠪᠠᠳᠡᠨ ᠠᠵᠢᠯᠳᠠᠳ ᠤᠨ ᠬᠢᠨᠠᠯᠲᠠ ᠳᠠᠯᠪᠢᠬᠤ ᠬᠥᠮᠥᠵᠢᠯ ᠢ | ᠴᠢᠩᠭᠠᠳᠬᠠᠵᠤ᠂ ︽ᠬᠤᠷᠢᠭ᠎ᠠ ᠱᠤᠭᠤᠮ︾ ᠢ ᠴᠢᠩᠭ᠎ᠠ ᠰᠠᠬᠢᠵᠤ᠂ ︽ᠰᠡᠷᠬᠡᠶᠢᠯᠡᠯᠲᠡ ᠶᠢᠨ ᠱᠣᠭᠤᠮ︾ ᠢ ᠪᠠᠲᠤ | ᠡᠵᠡᠮᠳᠡᠵᠤ᠂ ︽ᠬᠤᠷᠢᠭ᠎ᠠ ᠱᠣᠭᠤᠮ︾ ᠠᠴᠠ ᠵᠥᠷᠢᠴᠡᠬᠦ ᠥᠬᠡᠢ ᠪᠠᠶᠢᠬᠤ ᠶᠢ ᠪᠠᠳᠤᠯᠠᠨ᠎ᠠ᠃ | ᠰᠢᠨᠵᠢᠯᠡᠬᠦ ᠤᠬᠠᠭᠠᠨᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠵᠠᠰᠠᠭ ᠤᠨ ᠤᠷᠳᠣᠨ ᠤ | ᠬᠡᠷᠡᠭᠵᠢᠬᠦᠯᠬᠦ ᠴᠢᠳᠠᠪᠬᠢ ᠶᠢ ᠴᠢᠩᠭᠠᠳᠬᠠᠨ᠎ᠠ᠃ ᠤᠯᠤᠰ ᠳᠦᠷᠦ ᠶᠢᠨ ᠤᠬᠠᠮᠰᠠᠷ᠂ ᠪᠦᠬᠦ ᠳᠠᠯ᠎ᠠ ᠶᠢᠨ ᠤᠬᠠᠮᠰᠠᠷ᠂ | ᠭᠤᠤᠯᠯᠠᠭᠴᠢ ᠤᠬᠠᠮᠰᠠᠷ᠂ ᠨᠢᠬᠡᠳᠦᠯᠲᠠᠢ ᠬᠠᠷᠠᠬᠤ ᠤᠬᠠᠮᠰᠠᠷ ᠢ ᠥᠨᠡᠨᠬᠦ ᠴᠢᠩᠭᠠᠳᠬᠠᠵᠤ᠂ ︽ᠵᠠᠰᠠᠭ ᠬᠡᠷᠡᠭᠵᠢᠬᠦᠯᠬᠦ | ᠤᠪᠤᠷ ᠰᠣᠷᠳᠠᠯ︾ ᠢᠶᠠᠨ ᠲᠥᠪ ᠪᠠᠶᠢᠯᠭᠠᠵᠤ᠂ ᠣᠳᠣᠬᠠᠨ ᠳᠤ ᠵᠠᠰᠠᠭ ᠤᠨ ᠤᠷᠳᠣᠨ ᠤ ᠡᠯ᠎ᠡ ᠰᠠᠯᠠᠭ᠎ᠠ ᠮᠥᠴᠢᠷ ᠤᠨ | ︽ᠵᠠᠰᠠᠭ ᠬᠡᠷᠡᠭᠵᠢᠬᠦᠯᠬᠦ ᠤᠪᠤᠷ ᠰᠣᠷᠳᠠᠯ︾ ᠶᠡᠷᠥᠩᠬᠡᠢ ᠳᠡᠭᠡᠨ ᠰᠠᠶᠢᠨ ᠪᠠᠶᠢᠪᠡᠴᠥ ᠪᠠᠰᠠ ᠬᠡᠷᠡᠭᠵᠢᠬᠦᠯᠬᠦ ᠠᠴᠠ | ᠵᠠᠶᠢᠯᠠᠰᠬᠢᠬᠦ᠂ ᠦᠬᠦᠮᠡᠯ ᠢᠶᠠᠷ ᠬᠡᠷᠡᠭᠵᠢᠬᠦᠯᠬᠦ᠂ ᠰᠤᠩᠭᠤᠨ ᠬᠡᠷᠡᠭᠵᠢᠬᠦᠯᠬᠦ᠂ ᠨᠥᠬᠦᠴᠡᠯ ᠲᠤᠷᠠᠳᠣᠨ ᠬᠡᠷᠡᠭᠵᠢᠬᠦᠯᠬᠦ | ᠵᠡᠷᠬᠡ ᠠᠰᠠᠭᠤᠳᠠᠯ ᠵᠤᠬᠢᠬᠤ ᠬᠡᠮᠵᠢᠶ᠎ᠡ ᠪᠠᠷ ᠤᠷᠤᠰᠢᠵᠤ ᠪᠠᠶᠢᠨ᠎ᠠ᠃ ᠡᠶᠢᠮᠥ ᠠᠴᠠ᠂ ᠵᠠᠰᠠᠭ ᠤᠨ ᠣᠷᠳᠣᠨ ᠤ ᠠᠯᠪᠠᠨ | ᠳᠤᠰᠢᠶᠠᠯᠳᠠᠳ ᠡᠷᠬᠡᠪᠰᠢ ︽ᠵᠠᠰᠠᠭ ᠵᠠᠬᠢᠷᠭ᠎ᠠ ᠪᠤᠯ ᠥᠢᠯᠡᠴᠢᠯᠡᠭᠡ︾ ᠬᠡᠬᠦ ᠥᠵᠡᠯᠳᠡ ᠶᠢ ᠪᠤᠢ ᠪᠤᠯᠭᠠᠵᠤ᠂ ᠤᠴᠢᠷ | ᠶᠠᠪᠤᠳᠠᠯ ᠢ ᠡᠷᠬᠡᠪᠰᠢ ᠥᠪᠡᠷ ᠤᠨ ᠪᠠᠶ᠎ᠡ ᠪᠠᠷ ᠢᠶᠠᠨ ᠬᠠᠷᠢᠭᠤᠴᠠᠵᠤ᠂ ᠴᠠᠭ ᠲᠤᠬᠠᠢ ᠳᠤᠨᠢ ᠪᠡᠶᠡᠯᠡᠬᠦᠯᠵᠤ᠂ ︽ | ᠬᠡᠷᠡᠭᠵᠢᠬᠦᠯᠬᠦ ᠥᠷ᠎ᠡ ᠪᠥᠳᠥᠮᠵᠢ︾ ᠶᠢ ᠳᠡᠬᠡᠭᠰᠢᠯᠡᠬᠦᠯᠥᠨᠡ᠃ ᠵᠠᠰᠠᠭ ᠤᠨ ᠤᠷᠳᠣᠨ ᠤ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠳᠤᠳᠤᠷᠬᠠᠶᠢᠯᠠᠵᠤ᠂ ᠰᠢᠢᠳᠪᠤᠷᠢᠲᠤ ᠪᠤᠳᠤᠯᠭ᠎ᠠ ᠶᠢᠨ ᠲᠥᠷᠢᠮ ᠲᠤᠭᠳᠠᠭᠠᠯ ᠢ ᠳᠡᠬᠦᠯᠳᠡᠷᠵᠢᠬᠦᠯᠵᠤ | ᠂ ᠤᠷᠤᠨ ᠪᠠᠶᠢᠷᠢ ᠬᠤᠭᠤᠰᠣᠨ ᠪᠠᠶᠢᠬᠤ᠂ ᠲᠤᠳᠤᠷᠬᠠᠢ ᠥᠬᠡᠢ ᠪᠠᠶᠢᠬᠤ᠂ ᠨᠡᠩ ᠴᠦ ᠤᠷᠤᠨ ᠪᠠᠶᠢᠷᠢᠨ ᠳᠠᠭᠠᠨ | ᠪᠠᠶᠢᠬᠤ ᠥᠬᠡᠢ ᠪᠠᠶᠢᠵᠤ ᠪᠤᠯᠬᠤ ᠥᠬᠡᠢ᠃ ᠤᠯᠤᠰ ᠤᠨ ᠠᠯᠪᠠᠨ ᠳᠤᠰᠢᠶᠠᠯᠳᠠᠳ ᠤᠨ ᠬᠡᠷᠡᠭᠵᠢᠬᠦᠯᠬᠦ ᠠᠴᠠ ᠡᠮᠣᠨᠡᠬᠢ | ᠥᠢᠯᠠᠭᠠᠬᠤ ᠴᠢᠳᠠᠪᠤᠷᠢ᠂ ᠲᠥᠯᠥᠪᠯᠡᠬᠦ ᠴᠢᠳᠠᠪᠤᠷᠢ᠂ ᠬᠡᠷᠡᠭᠵᠢᠬᠦᠯᠬᠦ ᠲᠤᠮᠳᠠᠬᠢ ᠵᠢᠷᠤᠮᠯᠠᠨ ᠳᠠᠭᠠᠬᠤ ᠴᠢᠳᠠᠪᠤᠷᠢ᠂ | ᠵᠤᠬᠢᠶᠠᠨ ᠪᠠᠶᠢᠭᠤᠯᠬᠤ ᠴᠢᠳᠠᠪᠤᠷᠢ᠂ ᠬᠡᠷᠡᠭᠵᠢᠬᠦᠯᠥᠭᠰᠡᠨ ᠤ ᠲᠠᠷᠠᠭᠠᠬᠢ ᠥᠨᠡᠯᠡᠬᠦ ᠴᠢᠳᠠᠪᠤᠷᠢ᠂ ᠵᠤᠬᠢᠴᠠᠭᠤᠯᠬᠤ | ᠴᠢᠳᠠᠪᠤᠷᠢ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠰᠡᠷᠡᠵᠤ ᠮᠡᠳᠡᠨ᠂ ᠰᠢᠨᠵᠢᠯᠡᠬᠦ ᠤᠬᠠᠭᠠᠨᠴᠢ ᠵᠥᠢ | ᠵᠤᠬᠢᠰᠳᠠᠢ ᠪᠠᠷ ᠰᠢᠢᠳᠪᠤᠷᠢᠯᠡᠬᠦ ᠶᠢ ᠪᠠᠳᠤᠯᠠᠨ᠎ᠠ᠃ ᠤᠨᠴᠠᠭᠠᠶᠢᠯᠠᠨ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ | ᠨᠠᠶᠢᠳᠡᠪᠤᠷᠢᠵᠢᠭᠤᠯᠬᠤ ᠲᠤᠮᠳᠠ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠡᠷᠬᠡᠪᠰᠢ ᠪᠦᠯᠬᠦᠮᠳᠡᠨ ᠨᠢᠭᠳᠠᠷᠠᠬᠤ | ᠥᠵᠡᠯ ᠤᠬᠠᠮᠰᠠᠷ ᠢ ᠪᠤᠢ ᠪᠤᠯᠭᠠᠵᠤ᠂ ᠰᠡᠳᠬᠢᠯ ᠰᠠᠨᠠᠭ᠎ᠠ ᠪᠠᠨ ᠨᠢᠬᠡᠳᠬᠡᠨ᠂ ᠬᠥᠴᠥᠨ ᠢᠶᠠᠨ ᠬᠠᠮᠳᠣᠳᠬᠠᠵᠤ᠂ | ᠬᠠᠨᠴᠣᠢ ᠰᠢᠮᠠᠯᠠᠨ᠂ ᠵᠤᠷᠢᠭᠳᠠᠢ ᠠᠵᠢᠯᠯᠠᠵᠤ᠂ ᠦᠷ᠎ᠡ ᠪᠥᠳᠥᠮᠵᠢᠲᠠᠢ ᠪᠡᠶᠡᠯᠡᠬᠦᠯᠬᠦ ᠤᠪᠤᠷ ᠰᠤᠷᠳᠠᠯ ᠢ ᠪᠤᠢ ᠪᠤᠯᠭᠠᠨ᠎ᠠ | ᠃ ︽ᠬᠡᠷᠡᠭᠵᠢᠬᠦᠯᠬᠦ ᠥᠷ᠎ᠡ ᠪᠥᠳᠥᠮᠵᠢ︾ ᠶᠢ ᠴᠢᠩᠭᠠᠳᠬᠠᠨ᠎ᠠ᠃ ᠬᠠᠷᠢᠭᠤᠴᠠᠯᠭ᠎ᠠ ᠨᠡᠬᠡᠮᠵᠢᠯᠡᠬᠦ ᠲᠥᠷᠢᠮ ᠵᠢᠴᠢ | ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠬᠡᠷᠡᠭᠵᠢᠬᠦᠯᠵᠤ᠂ ᠵᠠᠬᠢᠳᠠᠯ | ᠰᠣᠷᠪᠤᠯᠵᠢᠯᠭᠠ ᠶᠢᠨ ᠵᠠᠷᠭᠤ ᠵᠠᠭᠠᠯᠳᠣᠯᠭ᠎ᠠ᠂ ᠤᠳᠤᠷᠢᠳᠤᠯᠭ᠎ᠠ ᠶᠢᠨ ᠪᠠᠶᠢᠷᠢᠯᠠᠭᠤᠯᠤᠭᠰᠠᠨ ᠴᠣᠬᠤᠯᠠᠪᠤᠷᠢ ᠲᠠᠢ ᠪᠢᠴᠢᠭ | ᠮᠠᠲ᠋ᠧᠷᠢᠶᠠᠯ᠂ ᠤᠯᠠᠨ ᠲᠥᠮᠡᠨ ᠤ ᠵᠠᠬᠢᠳᠠᠯ ᠰᠣᠷᠪᠤᠯᠵᠢᠯᠠᠭ᠎ᠠ ᠵᠡᠷᠬᠡ ᠳᠠᠯ᠎ᠠ ᠶᠢᠨ ᠤᠴᠢᠷ ᠶᠠᠪᠤᠳᠠᠯ ᠢ ᠰᠢᠢᠳᠪᠤᠷᠢᠯᠡᠬᠦ | ᠥᠷ᠎ᠡ ᠪᠥᠳᠥᠮᠵᠢ ᠶᠢ ᠥᠨᠡᠨᠬᠦ ᠳᠡᠬᠡᠭᠰᠢᠯᠡᠬᠦᠯᠥᠨᠡ᠃ ᠡᠯ᠎ᠡ ᠰᠤᠮᠤ ᠪᠠᠯᠭᠠᠰᠤ ᠡᠷᠬᠡᠪᠰᠢ ︽ᠨᠠᠮ ᠤᠨ ᠳᠦᠪ | ᠬᠤᠷᠢᠶᠠᠨ ᠤ ᠠᠯᠪᠠᠨ ᠳᠢᠩᠬᠢᠮ ᠳᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠳᠢᠩᠬᠢᠮ ᠠᠴᠠ ᠰᠢᠶᠠᠩ | ᠪᠠᠯᠭᠠᠰᠤᠨ ᠤ ᠵᠠᠰᠠᠭ ᠤᠨ ᠤᠷᠳᠦᠨ ᠤ ᠦᠢᠯᠡᠴᠢᠯᠡᠭᠡᠨ ᠤ ᠴᠢᠳᠠᠪᠬᠢ ᠶᠢᠨ ᠪᠦᠳᠦᠬᠡᠨ ᠪᠠᠶᠢᠭᠤᠯᠤᠯᠳᠠ ᠶᠢ | ᠴᠢᠩᠭᠠᠳᠬᠠᠬᠤ ᠳᠤᠬᠠᠢ ᠰᠠᠨᠠᠯ︾ ᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂ ᠠᠵᠤ ᠠᠬᠤᠢ ᠨᠡᠶᠢᠬᠡᠮ ᠤᠨ | ᠬᠦᠭᠵᠢᠯᠳᠡ ᠶᠢᠨ ᠰᠢᠨ᠎ᠡ ᠱᠠᠭᠠᠷᠳᠠᠯᠭ᠎ᠠ ᠪᠠ ᠠᠷᠠᠳ ᠳᠦᠮᠡᠨ ᠤ ᠬᠦᠰᠡᠯ ᠡᠷᠮᠡᠯᠵᠢᠯᠡᠯ ᠲᠠᠢ ᠬᠦᠳᠡᠯᠦᠩᠬᠦᠢ ᠪᠠᠷ | ᠵᠤᠬᠢᠴᠠᠯᠳᠤᠵᠤ᠂ ᠰᠤᠮᠤ ᠪᠠᠯᠭᠠᠰᠤᠨ ᠤ ᠵᠠᠰᠠᠭ ᠤᠨ ᠤᠷᠳᠦᠨ ᠤ ᠡᠭᠦᠷᠬᠡ ᠴᠢᠳᠠᠪᠬᠢ ᠶᠢ ᠬᠤᠪᠢᠷᠠᠭᠤᠯᠤᠨ᠂ | ᠦᠢᠯᠡᠴᠢᠯᠡᠭᠡ ᠶᠢ ᠴᠢᠩᠭᠠᠳᠬᠠᠵᠤ᠂ ᠦᠢᠯᠡᠴᠢᠯᠡᠭᠡ ᠶᠢᠨ ᠳᠦᠷᠢᠮ ᠢ ᠪᠦᠷᠢᠨᠰᠢᠬᠦᠯᠵᠦ᠂ ᠦᠢᠯᠡᠴᠢᠯᠡᠬᠡᠨ ᠤ ᠦᠷ᠎ᠡ | ᠪᠦᠳᠦᠮᠵᠢ ᠶᠢ ᠳᠡᠭᠡᠭᠰᠢᠯᠡᠬᠦᠯᠵᠦ᠂ ᠰᠤᠮᠤ ᠪᠠᠯᠭᠠᠰᠤᠨ ᠤ ᠵᠠᠰᠠᠨ ᠴᠡᠭᠴᠡᠯᠡᠬᠦ ᠴᠢᠳᠠᠪᠬᠢ ᠶᠢ ᠴᠢᠩᠭᠠᠳᠬᠠᠵᠤ᠂ ᠤᠯᠠᠨ | ᠳᠦᠮᠡᠨ ᠳᠤ ᠨᠠᠷᠢᠯᠢᠭ ᠤᠨᠤᠪᠴᠢᠳᠠᠢ᠂ ᠦᠨᠳᠦᠷ ᠦᠷ᠎ᠡ ᠠᠰᠢᠭ ᠲᠠᠢ ᠦᠢᠯᠡᠴᠢᠯᠡᠭᠡ ᠬᠠᠩᠭᠠᠨ᠂ ᠦᠭᠡᠷᠡᠴᠢᠯᠡᠯᠳᠡ | ᠬᠦᠭᠵᠢᠯᠳᠡ ᠶᠢᠨ ᠦᠷ᠎ᠡ ᠪᠦᠳᠦᠮᠵᠢ ᠶᠢ ᠬᠠᠮᠲᠤᠪᠡᠷ ᠡᠳ᠋ᠯᠡᠬᠦᠯᠬᠦ ᠪᠠᠷ ᠴᠢᠷᠮᠠᠶᠢᠨ᠎ᠠ᠃ | ᠲᠥᠯᠥᠬᠡᠯᠡᠭᠴᠢᠳ ᠡ᠂ ᠠᠵᠢᠯ ᠥᠢᠯᠡᠰ ᠢᠶᠠᠷ ᠬᠦᠮᠦᠰ ᠤᠨ ᠰᠡᠳᠬᠢᠯ ᠢ ᠨᠢᠭᠳᠠᠷᠠᠭᠤᠯᠵᠤ᠂ ᠪᠤᠳᠠᠳᠤ | ᠠᠵᠢᠯ ᠢᠶᠠᠷ ᠢᠶᠠᠨ ᠰᠠᠶᠢᠨ ᠰᠠᠶᠢᠬᠠᠨ ᠢᠷᠡᠬᠡᠳᠦᠢ ᠪᠠᠨ ᠴᠤᠭᠴᠠᠯᠠᠨ ᠪᠠᠶᠢᠭᠤᠯᠤᠶ᠎ᠠ᠃ ᠬᠤᠰᠢᠭᠤ ᠨᠠᠮ ᠤᠨ ᠬᠤᠷᠢᠶᠠᠨ | ᠤ ᠳᠦᠪ ᠴᠢᠩᠭ᠎ᠠ ᠤᠳᠣᠷᠢᠳᠣᠯᠭ᠎ᠠ ᠲᠤᠤᠷ᠎ᠠ᠂ ᠪᠥᠬᠦ ᠬᠤᠰᠢᠭᠤᠨ ᠤ ᠡᠯ᠎ᠡ ᠥᠨᠳᠣᠰᠣᠳᠡᠨ ᠤ ᠺᠠᠳ᠋ᠷ ᠤᠯᠠᠨ ᠲᠥᠮᠡᠨ | ᠲᠠᠢ ᠪᠠᠲᠤ ᠨᠢᠭᠳᠠᠷᠠᠨ᠂ ᠬᠢᠯᠢ ᠬᠢᠵᠠᠭᠠᠷ ᠢᠶᠠᠨ ᠰᠠᠬᠢᠨ ᠪᠠᠷᠠᠭᠠᠯᠠᠵᠤ᠂ ᠬᠠᠷᠢᠯᠴᠠᠨ ᠬᠠᠪᠰᠤᠷᠤᠯᠴᠠᠨ᠂ ᠪᠥᠯᠬᠦᠮᠳᠡᠨ | ᠳᠡᠮᠡᠴᠡᠵᠤ᠂ ᠪᠥᠬᠦ ᠬᠤᠰᠢᠭᠤᠨ ᠤ ᠠᠵᠤ ᠠᠬᠤᠢ ᠨᠡᠶᠢᠬᠡᠮ ᠤᠨ ᠡᠯ᠎ᠡ ᠠᠵᠢᠯ ᠥᠢᠯᠡᠰ ᠤᠨ ᠯᠠᠪᠳᠠᠭᠤᠨ ᠲᠤᠭᠳᠠᠭᠤᠨ | ᠂ ᠡᠷᠡᠬᠦᠯ ᠢᠶᠠᠷ ᠲᠥᠷᠬᠡᠨ ᠬᠥᠭᠵᠢᠬᠦ ᠶᠢ ᠪᠥᠬᠦ ᠬᠥᠴᠥᠨ ᠢᠶᠠᠷ ᠲᠥᠯᠬᠢᠨ ᠠᠬᠢᠭᠤᠯᠵᠤ᠂ ᠰᠢᠯᠢᠳᠡᠭ ᠥᠷ᠎ᠡ ᠪᠥᠳᠥᠮᠵᠢ | ᠪᠠᠷ ᠥᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠤᠭᠳᠤᠵᠠᠭᠠᠶ᠎ᠠ︕ | | | | | | ᠨᠡᠷᠡᠰ ᠦᠬᠡ ᠶᠢᠨ ᠵᠡᠬᠦᠯᠳᠡ ᠳᠠᠶᠢᠯᠪᠤᠷᠢ | 1. ᠳᠤᠯᠤᠭᠠᠨ ᠶᠡᠭᠡ ᠰᠦᠯᠵᠢᠶᠡᠨ ᠤ ᠰᠢᠰᠲ᠋ᠧᠮ᠄ ᠲᠡᠮᠦᠷ ᠵᠠᠮ᠂ ᠵᠠᠰᠠᠮᠠᠯ ᠵᠠᠮ᠂ ᠠᠭᠠᠷ ᠠᠶᠠᠯᠠᠯ᠂ | ᠤᠰᠤᠨ ᠠᠰᠢᠭᠯᠠᠯᠳᠠ᠂ ᠬᠤᠲᠠ ᠶᠢᠨ ᠪᠦᠲᠦᠭᠡᠨ ᠪᠠᠶᠢᠭᠤᠯᠤᠯᠳᠠ᠂ ᠡᠨᠧᠷᠬᠢ᠂ ᠴᠢᠮᠡᠭᠡ ᠬᠤᠯᠪᠤᠭ᠎ᠠ ᠵᠡᠷᠭᠡ | ᠳᠤᠯᠤᠭᠠᠨ ᠶᠡᠭᠡ ᠲᠤᠤᠷ ᠰᠦᠯᠵᠢᠶᠡᠨ ᠤ ᠰᠢᠰᠲ᠋ᠧᠮ ᠤᠨ ᠪᠦᠲᠦᠬᠡᠨ ᠪᠠᠶᠢᠭᠤᠯᠤᠯᠳᠠ ᠶᠢ ᠬᠡᠯᠡᠨ᠎ᠡ᠃ | 2. ᠭᠠᠶᠢᠯᠢ ᠪᠠᠳᠣᠯᠠᠬᠤ ᠭᠦᠮᠤᠷᠭᠡ᠄ ᠬᠢᠯᠢ ᠶᠢᠨ ᠪᠤᠭᠤᠮᠳᠠ ᠪᠠᠷ ᠵᠦᠪᠰᠢᠶᠡᠷᠡᠬᠦᠯᠦᠨ ᠪᠠᠶᠢᠭᠤᠯᠤᠭᠰᠠᠨ | ᠳᠤᠰᠬᠠᠢ ᠭᠠᠶᠢᠯᠢ ᠶᠢ ᠪᠠᠳᠤᠯᠠᠭᠰᠠᠨ ᠪᠠᠷᠠᠭ᠎ᠠ ᠶᠢ ᠬᠠᠳᠠᠭᠠᠯᠠᠬᠤ ᠪᠠ ᠪᠤᠰᠤᠳ ᠬᠢᠯᠢ ᠶᠢᠨ ᠪᠤᠭᠤᠮᠳᠠ ᠶᠢᠨ ᠭᠠᠷ | ᠭᠦᠢᠴᠡᠳᠭᠡᠯ ᠢᠶᠠᠨ ᠬᠢᠵᠦ ᠳᠠᠭᠤᠰᠬᠠᠳᠤᠢ ᠪᠠᠷᠠᠭ᠎ᠠ ᠶᠢ ᠲᠤᠰᠬᠠᠢ ᠬᠠᠳᠠᠭᠠᠯᠠᠬᠤ ᠬᠦᠮᠦᠷᠭᠡ᠃ | 3. ᠨᠠᠶᠢᠳᠡᠮ ᠬᠡᠷᠡᠭᠯᠡᠬᠡᠨ ᠤ ᠨᠢᠰᠬᠡᠯ ᠤᠨ ᠲᠠᠯᠠᠪᠤᠷ᠄ ᠳᠣᠰᠬᠠᠶᠢᠯᠠᠨ ᠪᠦᠢᠳᠡ ᠪᠦᠭᠯᠡᠬᠦᠦ ᠬᠦᠳᠡᠭᠡ | ᠳᠤᠰᠬᠤᠨ᠂ ᠨᠡᠶᠢᠬᠡᠮ ᠲᠤᠭᠤᠷᠢᠭ᠂ ᠠᠭᠤᠷᠬᠠᠢ ᠵᠡᠷᠬᠡ ᠭᠠᠵᠠᠷ ᠤᠷᠤᠨ ᠤ ᠠᠷᠠᠳ ᠤᠨ ᠭᠠᠳᠠᠭᠰᠢ ᠭᠠᠷᠬᠤ᠂ ᠠᠵᠤ | ᠠᠬᠤᠢ ᠶᠢᠨ ᠰᠤᠯᠢᠯᠴᠠᠭ᠎ᠠ ᠬᠢᠬᠦ ᠳᠤ ᠲᠥᠬᠦᠮ ᠥᠵᠡᠬᠦᠯᠬᠦ ᠶᠢᠨ ᠲᠥᠯᠥᠬᠡ ᠪᠠᠶᠢᠭᠤᠯᠤᠭᠰᠠᠨ ᠠᠭᠠᠷ ᠤᠨ ᠳᠡᠭᠡᠭᠡᠪᠤᠷᠢ | ᠶᠢᠨ ᠬᠡᠯᠪᠡᠷᠢ᠃ ᠣᠨᠴᠠᠯᠢᠭ ᠨᠢ᠂ 30 ᠠᠴᠠ ᠳᠤᠷᠤᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠨᠢᠰᠬᠡᠯ ᠢᠶᠠᠷ | ᠲᠤᠭᠳᠠᠭᠰᠠᠨ ᠬᠤᠭᠤᠴᠠᠭ᠎ᠠ ᠲᠠᠢ ᠪᠤᠶᠤ ᠳᠣᠭᠳᠠᠮᠠᠯ ᠪᠤᠰᠣ ᠬᠤᠭᠤᠴᠠᠭ᠎ᠠ ᠲᠠᠢ ᠪᠠᠷ 400 ᠺᠢᠯᠤᠮᠧᠲᠷ ᠤᠨ | ᠳᠣᠳᠣᠷᠠᠭᠢ ᠠᠶᠠᠨᠴᠢᠳ ᠤᠨ ᠨᠢᠰᠬᠡᠯ ᠤᠨ ᠦᠷᠳᠡᠭᠡ ᠪᠠ ᠰᠠᠯᠪᠣᠷᠢ ᠱᠣᠭᠤᠮ᠂ ᠬᠡᠰᠡᠭ ᠭᠤᠤᠯ ᠱᠣᠭᠤᠮ ᠤᠨ | ᠨᠢᠰᠬᠡᠯ ᠤᠨ ᠦᠷᠳᠡᠭᠡ ᠶᠢᠨ ᠬᠤᠭᠤᠷᠤᠨᠳᠣ ᠨᠢᠰᠦᠨ᠎ᠡ᠃ | 4. ᠲᠥᠷᠪᠡᠨ ᠶᠡᠭᠡ ᠠᠵᠤ ᠥᠢᠯᠡᠰ ᠤᠨ ᠳᠦᠪᠯᠡᠷᠡᠯ᠄ ᠬᠥᠳᠡᠯᠬᠡᠭᠴᠢ ᠬᠥᠴᠥᠨ ᠢᠶᠠᠷ ᠳᠡᠭᠦᠰ ᠬᠦᠷᠦᠩᠬᠡ | ᠤᠷᠤᠭᠤᠯᠤᠯᠲᠠ ᠶᠢᠨ ᠬᠡᠯᠪᠡᠷᠢ ᠶᠢᠨ ᠠᠵᠤ ᠥᠢᠯᠡᠰ ᠤᠨ ᠳᠦᠪᠯᠡᠷᠡᠯ ᠢ ᠪᠤᠶᠢᠵᠢᠭᠤᠯᠬᠤ᠂ ᠳᠤᠳᠤᠭᠰᠢ ᠳᠠᠳᠠᠵᠤ | ᠭᠠᠳᠠᠭᠰᠢ ᠬᠤᠯᠪᠤᠭᠠᠯᠠᠬᠤ ᠨᠡᠬᠡᠬᠡᠯᠳᠡ ᠲᠠᠢ ᠠᠵᠤ ᠦᠢᠯᠡᠰ ᠤᠨ ᠳᠦᠪᠯᠡᠷᠡᠯ ᠢ ᠪᠤᠶᠢᠵᠢᠭᠤᠯᠬᠤ᠂ ᠮᠠᠯᠴᠢᠳ ᠪᠠ ᠠᠵᠤ | ᠠᠬᠤᠶᠢᠯᠠᠯ ᠨᠢᠭᠳᠠ ᠤᠶᠠᠯᠳᠤᠭᠰᠠᠨ ᠤᠳᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠳᠦᠪᠯᠡᠷᠡᠯ ᠢ | ᠪᠤᠶᠢᠵᠢᠭᠤᠯᠬᠤ᠂ ᠦᠪᠡᠷᠮᠢᠴᠡ ᠤᠨᠴᠠᠯᠢᠭ ᠢᠯᠡ ᠳᠤᠳᠤ ᠦᠷᠬᠡᠨ ᠬᠡᠪᠴᠢᠶᠡᠨ ᠤ ᠬᠡᠯᠪᠡᠷᠢ ᠶᠢᠨ ᠵᠢᠭᠤᠯᠴᠢᠯᠠᠯ ᠤᠨ | ᠠᠵᠤ ᠦᠢᠯᠡᠰ ᠤᠨ ᠳᠦᠪᠯᠡᠷᠡᠯ ᠢ ᠪᠤᠶᠢᠵᠢᠭᠤᠯᠬᠤ ᠶᠢ ᠬᠡᠯᠡᠨ᠎ᠡ᠃ | 5. PPP ᠭᠡᠯᠪᠡᠷᠢ᠄ ᠵᠠᠰᠠᠭ ᠤᠨ ᠣᠷᠳᠣᠨ ᠪᠠ ᠠᠵᠤ ᠠᠬᠤᠶᠢᠯᠠᠯ ᠬᠤᠭᠤᠷᠤᠨᠳᠦ ᠪᠠᠨ ᠬᠤᠳᠠ ᠶᠢᠨ | ᠰᠠᠭᠤᠷᠢ ᠳᠦᠭᠦᠭᠡᠷᠤᠮᠵᠢ ᠶᠢᠨ ᠳᠦᠷᠤᠯ ᠵᠤᠶᠢᠯ ᠢ ᠬᠠᠮᠵᠢᠯᠴᠠᠨ ᠪᠦᠳᠣᠭᠡᠨ ᠪᠠᠶᠢᠭᠤᠯᠬᠤ ᠶᠢᠨ ᠳᠦᠯᠦᠭᠡ᠂ ᠡᠰᠡᠭᠦᠯ᠎ᠡ | ᠶᠠᠮᠠᠷ ᠨᠢᠬᠡᠨ ᠤᠯᠠᠨ ᠨᠡᠶᠢᠳᠡ ᠶᠢᠨ ᠡᠳ᠋ ᠪᠤᠳᠠᠰ ᠪᠠ ᠦᠢᠯᠡᠴᠢᠯᠡᠭᠡ ᠶᠢ ᠬᠠᠩᠭᠠᠨ ᠦᠭᠬᠦ ᠶᠢᠨ ᠳᠦᠯᠦᠬᠡ᠂ ᠤᠨᠴᠠ | ᠵᠦᠪᠰᠢᠶᠡᠷᠡᠯ ᠲᠠᠢ ᠡᠷᠭᠡ ᠶᠢᠨ ᠭᠡᠯᠡᠯᠴᠡᠭᠡᠷ ᠢᠶᠠᠷ ᠰᠠᠭᠤᠷᠢ ᠪᠤᠯᠭᠠᠵᠤ ᠬᠤᠭᠤᠷᠤᠨᠳᠣ ᠪᠠᠨ ᠬᠠᠮᠵᠢᠯᠴᠠᠨ ᠬᠠᠮᠳᠤᠷᠠᠬᠤ | ᠬᠠᠷᠢᠴᠠᠭ᠎ᠠ ᠶᠢ ᠪᠤᠢ ᠪᠤᠯᠭᠠᠵᠤ᠂ ᠡᠬᠦᠨ ᠤ ᠬᠠᠮᠳᠣ ᠭᠡᠷ᠎ᠡ ᠳᠣᠭᠳᠠᠬᠤ ᠪᠠᠷ ᠳᠠᠮᠵᠢᠨ ᠬᠤᠶᠠᠷ ᠡᠳᠡᠭᠡᠥᠨ ᠤᠨ ᠡᠷᠭᠡ | ᠬᠠᠷᠢᠭᠤᠴᠠᠯᠭ᠎ᠠ ᠶᠢ ᠳᠣᠳᠣᠷᠬᠠᠶᠢᠯᠡᠨ᠂ ᠡᠴᠣᠰ ᠲᠤ ᠪᠠᠨ ᠬᠠᠮᠳᠣᠷᠠᠨ ᠠᠵᠢᠯᠯᠠᠭᠰᠠᠨ ᠡᠯ᠎ᠡ ᠡᠳᠡᠭᠡᠥᠨ ᠬᠤᠪᠢ ᠪᠠᠷ | ᠢᠶᠠᠨ ᠠᠵᠢᠯᠯᠠᠬᠤ ᠠᠴᠠ ᠨᠡᠩ ᠢᠯᠡᠭᠦᠥ ᠠᠰᠢᠭᠳᠠᠢ ᠦᠷ᠎ᠡ ᠪᠦᠳᠣᠮᠵᠢ ᠣᠯᠬᠤ ᠶᠢ ᠵᠢᠭᠠᠵᠤ ᠪᠠᠶᠢᠨ᠎ᠠ᠃ | 6. ᠬᠤᠶᠠᠷ ᠢ ᠰᠣᠭᠤᠴᠢᠵᠤ ᠨᠢᠭᠡ ᠶᠢ ᠢᠯᠡ ᠪᠤᠯᠭᠠᠬᠤ᠄ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠠᠪᠤᠴᠠ ᠳᠤ ᠪᠠᠶᠢᠴᠠᠭᠠᠬᠤ ᠡᠲᠡᠭᠡᠳ ᠢ ᠰᠤᠭᠤᠴᠢᠨ ᠪᠠᠶᠢᠴᠠᠭᠠᠵᠤ᠂ ᠬᠠᠤᠯᠢ ᠬᠡᠷᠡᠭᠵᠢᠭᠦᠯᠬᠦ | ᠪᠠᠶᠢᠴᠠᠭᠠᠬᠤ ᠠᠵᠢᠯᠲᠠᠨ ᠢ ᠰᠣᠭᠤᠴᠢᠨ ᠲᠣᠮᠢᠯᠠᠵᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ | ᠰᠢᠢᠳᠪᠦᠷᠢᠯᠡᠭᠰᠡᠨ ᠦᠷ᠎ᠡ ᠳ᠋ᠦᠩ ᠢᠶᠠᠨ ᠨᠡᠶᠢᠭᠡᠮ ᠳᠤ ᠴᠠᠭ ᠲᠤᠬᠠᠢ ᠳᠤᠨᠢ ᠢᠯᠡ ᠪᠣᠯᠭᠠᠬᠤ ᠶᠢ ᠵᠢᠭᠠᠵᠤ ᠪᠤᠢ᠃ | 7. ᠨᠢᠭᠡ ᠬᠠᠭᠤᠳᠠᠰᠣ᠂ ᠬᠤᠶᠠᠷ ᠭᠦᠮᠤᠷᠭᠡ᠂ ᠨᠢᠭᠡ ᠨᠠᠷᠢᠨ ᠳᠦᠷᠢᠮ᠄ ᠰᠤᠭᠤᠴᠢᠨ ᠪᠠᠶᠢᠴᠠᠭᠠᠬᠤ ᠠᠵᠢᠯ | ᠶᠠᠪᠤᠳᠠᠯ ᠤᠨ ᠨᠠᠷᠢᠨ ᠬᠠᠭᠤᠳᠠᠰᠤ᠂ ᠰᠤᠭᠤᠴᠢᠨ ᠪᠠᠶᠢᠴᠠᠭᠠᠬᠤ ᠡᠳᠡᠭᠡᠥᠨ ᠤᠨ ᠨᠡᠷᠡᠰ ᠤᠨ ᠭᠦᠮᠤᠷᠭᠡ᠂ ᠬᠠᠥᠯᠢ ᠶᠢ | ᠬᠡᠷᠡᠭᠵᠢᠬᠦᠯᠬᠦ ᠪᠠᠶᠢᠴᠠᠭᠠᠬᠤ ᠡᠳᠡᠭᠡᠥᠨ ᠤᠨ ᠨᠡᠷᠡᠰ ᠤᠨ ᠭᠦᠮᠤᠷᠭᠡ᠂ ᠠᠵᠢᠯ ᠤᠨ ᠨᠠᠷᠢᠨ ᠳᠦᠷᠢᠮ ᠢ ᠰᠤᠭᠤᠴᠢᠨ | ᠪᠠᠶᠢᠴᠠᠭᠠᠬᠤ᠃ | 8. ᠳᠦᠷᠪᠡᠨ ᠭᠡᠯᠪᠡᠷᠢ ᠶᠢᠨ ᠵᠠᠰᠠᠭ ᠤᠨ ᠣᠷᠳᠣᠨ᠂ ᠳᠦᠷᠪᠡᠨ ᠭᠡᠯᠪᠡᠷᠢ ᠶᠢᠨ ᠪᠠᠶᠢᠭᠤᠯᠭ᠎ᠠ᠄ ᠨᠡᠭᠡᠭᠡᠯᠳᠡ | ᠶᠢᠨ ᠭᠡᠯᠪᠡᠷᠢ ᠶᠢᠨ ᠵᠠᠰᠠᠭ ᠤᠨ ᠣᠷᠳᠣᠨ᠂ ᠦᠢᠯᠡᠴᠢᠯᠡᠬᠡᠨ ᠤ ᠭᠡᠯᠪᠡᠷᠢ ᠶᠢᠨ ᠵᠠᠰᠠᠭ ᠤᠨ ᠣᠷᠳᠣᠨ᠂ ᠬᠠᠥᠯᠢ ᠪᠠᠷ | ᠵᠠᠰᠠᠬᠤ ᠭᠡᠯᠪᠡᠷᠢ ᠶᠢᠨ ᠵᠠᠰᠠᠭ ᠤᠨ ᠣᠷᠳᠣᠨ᠂ ᠠᠷᠢᠭᠤᠨ ᠴᠢᠭᠡᠴᠢ ᠭᠡᠯᠪᠡᠷᠢ ᠶᠢᠨ ᠵᠠᠰᠠᠭ ᠤᠨ ᠣᠷᠳᠣᠨ᠃ | ᠰᠣᠷᠣᠯᠴᠠᠬᠤ ᠭᠡᠯᠪᠡᠷᠢ᠂ ᠰᠢᠨ᠎ᠡ ᠶᠢ ᠡᠭᠦᠥᠨᠬᠦ ᠭᠡᠯᠪᠡᠷᠢ᠂ ᠦᠷ᠎ᠡ ᠠᠰᠢᠭᠳᠦ ᠭᠡᠯᠪᠡᠷᠢ᠂ ᠠᠷᠢᠭᠤᠨ ᠴᠢᠭᠡᠴᠢ ᠭᠡᠯᠪᠡᠷᠢ | ᠶᠢᠨ ᠪᠠᠶᠢᠭᠤᠯᠭ᠎ᠠ᠃ | 9. ᠪᠠᠳᠤᠯᠠᠭ᠎ᠠ ᠶᠢ ᠳᠡᠮᠵᠢᠬᠦ ᠵᠢᠬᠡᠯᠡᠯᠬᠡ᠄ ᠭᠠᠵᠠᠷ ᠣᠷᠣᠨ ᠤ ᠵᠠᠰᠠᠭ ᠤᠨ ᠣᠷᠳᠣᠨ ᠪᠠ ᠪᠠᠩᠭᠢ | ᠬᠠᠮᠳᠣᠷᠠᠨ ᠰᠢᠯᠢᠵᠤ ᠰᠤᠩᠭᠤᠭᠰᠠᠨ ᠠᠵᠤ ᠠᠬᠤᠶᠢᠯᠠᠯ ᠢᠶᠠᠷ ︽ᠳᠣᠮᠳᠠ ᠵᠢᠵᠢᠭ ᠠᠵᠤ ᠦᠢᠯᠡᠥᠨᠪᠤᠷᠢ ᠶᠢᠨ | ᠴᠦᠬᠦᠷᠦᠮ︾ ᠢ ᠪᠦᠷᠢᠯᠳᠣᠭᠦᠯᠵᠤ᠂ ᠵᠠᠰᠠᠭ ᠠᠴᠠ ᠬᠠᠩᠭᠠᠭᠰᠠᠨ ᠠᠶᠤᠯ ᠳᠦᠭᠰᠢᠬᠦᠷᠢ ᠶᠢᠨ ᠨᠦᠬᠦᠪᠦᠷᠢ ᠮᠦᠩᠭᠦ ᠪᠠ | ᠠᠵᠤ ᠠᠬᠤᠶᠢᠯᠡᠯ ᠠᠴᠠ ᠳᠣᠰᠢᠶᠠᠭᠰᠡᠨ ᠪᠠᠳᠤᠯᠠᠭᠠᠨ ᠤ ᠮᠦᠩᠭᠦ ᠶᠢ ᠬᠠᠮᠳᠣᠷᠠᠭᠤᠯᠤᠨ ︽ᠪᠠᠳᠤᠯᠠᠭ᠎ᠠ ᠶᠢ ᠳᠡᠮᠵᠢᠭᠦ | ᠰᠠᠭᠤᠷᠢ ᠮᠦᠩᠭᠦ︾ ᠶᠢ ᠪᠦᠷᠢᠯᠳᠣᠭᠦᠯᠵᠤ ᠠᠶᠤᠯ ᠳᠦᠭᠰᠢᠬᠦᠷᠢ ᠶᠢ ᠬᠦᠩᠭᠡᠷᠡᠬᠦᠯᠬᠦ ᠭᠡᠯᠪᠡᠷᠢ ᠶᠢᠨ ᠢᠳᠡᠭᠡᠮᠵᠢᠳᠦ | ᠵᠢᠭᠡᠯᠡᠯᠭᠡ ᠶᠢᠨ ᠠᠵᠢᠯᠯᠠᠭ᠎ᠠ ᠪᠤᠯᠭᠠᠨ᠎ᠡ᠃ | 10. ᠬᠠᠩᠭᠠᠯᠭ᠎ᠠ ᠶᠢᠨ ᠳᠠᠯ᠎ᠠ ᠶᠢᠨ ᠪᠦᠳᠣᠴᠡ ᠶᠢᠨ ᠴᠢᠨᠠᠷᠳᠠᠢ ᠦᠭᠡᠷᠡᠴᠢᠯᠡᠯᠳᠡ᠄ ᠬᠠᠩᠭᠠᠯᠭ᠎ᠠ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠡᠬᠦᠳᠡᠨ ᠠᠴᠠ᠂ ᠦᠭᠡᠷᠡᠴᠢᠯᠡᠯᠳᠡ ᠶᠢᠨ ᠠᠷᠭ᠎ᠠ ᠭᠡᠯᠪᠡᠷᠢ ᠪᠠᠷ ᠪᠦᠳᠣᠴᠡ ᠶᠢᠨ | ᠳᠤᠬᠢᠷᠠᠭᠤᠯᠤᠯᠳᠠ ᠶᠢ ᠳᠦᠯᠭᠢᠨ ᠠᠭᠢᠭᠤᠯᠵᠤ᠂ ᠴᠢᠬᠤᠯᠠ ᠡᠯᠧᠮᠧᠨ᠋ᠲ ᠶᠢᠨ ᠳᠤᠬᠢᠷᠠᠭᠤᠯᠭ᠎ᠠ ᠶᠢ ᠵᠠᠯᠠᠷᠠᠭᠤᠯᠵᠤ᠂ | ᠪᠦᠳᠣᠮᠵᠢᠳᠠᠢ ᠬᠠᠩᠭᠠᠯᠭ᠎ᠠ ᠶᠢ ᠦᠷᠭᠡᠥᠨᠬᠡᠨ᠂ ᠬᠠᠩᠭᠠᠯᠭ᠎ᠠ ᠶᠢᠨ ᠳᠠᠯ᠎ᠠ ᠶᠢᠨ ᠪᠦᠳᠣᠴᠡ ᠶᠢᠨ ᠬᠡᠷᠡᠭᠴᠡᠭᠡᠨ ᠤ | ᠬᠤᠪᠢᠷᠠᠯᠳᠠ ᠶᠢᠨ ᠱᠠᠭᠠᠷᠳᠠᠯᠭ᠎ᠠ ᠳᠤ ᠵᠤᠭᠢᠴᠠᠯᠳᠣᠬᠤ ᠴᠢᠨᠠᠷ ᠪᠠ ᠣᠶᠠᠨ ᠬᠠᠳᠠᠨ ᠴᠢᠨᠠᠷ ᠢ ᠳᠡᠭᠡᠭᠰᠢᠯᠡᠬᠦᠯᠵᠦ᠂ ᠪᠦᠭᠦ | ᠡᠯᠧᠮᠧᠨ᠋ᠲ ᠶᠢᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠬᠦᠯᠵᠦ᠂ ᠦᠷᠭᠡᠨ ᠣᠯᠠᠨ ᠠᠷᠠᠥᠨ ᠳᠦᠮᠡᠨ ᠤ | ᠭᠡᠷᠡᠭᠴᠡᠭᠡ ᠶᠢ ᠨᠡᠩ ᠰᠠᠶᠢᠨ ᠬᠠᠩᠭᠠᠵᠤ᠂ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠭᠦᠯ ᠢᠶᠠᠷ ᠭᠦᠭᠵᠢᠭᠦ ᠶᠢ | ᠳᠦᠯᠭᠢᠨ ᠠᠭᠢᠭᠤᠯᠬᠤ ᠶᠢ ᠵᠢᠭᠠᠵᠤ ᠪᠠᠶᠢᠨ᠎ᠠ᠃ | 11. ᠤᠶᠤᠨᠯᠢᠭ ᠬᠤᠳᠠ᠄ ᠳᠡᠷᠢᠭᠦᠨ ᠤ ᠰᠣᠷᠠᠭ ᠵᠠᠩᠭᠢ ᠶᠢᠨ ᠮᠡᠷᠭᠡᠵᠢᠯ ᠢ ᠠᠰᠢᠭᠯᠠᠨ᠂ ᠬᠤᠳᠠ ᠶᠢᠨ | ᠳᠦᠯᠦᠪᠵᠢᠭᠦᠯᠬᠡ᠂ ᠪᠦᠳᠣᠭᠡᠨ ᠪᠠᠶᠢᠭᠤᠯᠤᠯᠳᠠ᠂ ᠬᠠᠮᠢᠶᠠᠷᠤᠯᠳᠠ᠂ ᠦᠢᠯᠡᠴᠢᠯᠡᠭᠡ ᠶᠢᠨ ᠣᠶᠣᠨᠴᠢᠯᠠᠭᠰᠡᠨ ᠭᠢᠷᠢ | ᠳᠦᠪᠰᠢᠨ ᠢ ᠳᠡᠭᠡᠭᠰᠢᠯᠡᠬᠦᠯᠵᠦ᠂ ᠬᠤᠳᠠ ᠶᠢᠨ ᠡᠷᠭᠢᠯᠳᠡ ᠶᠢ ᠨᠡᠩ ᠪᠦᠳᠣᠮᠵᠢᠳᠠᠢ᠂ ᠨᠡᠩ ᠲᠦᠷᠬᠡᠨ᠂ ᠨᠡᠩ ᠳᠣᠣᠷ᠎ᠠ | ᠨᠡᠭᠦᠷᠡᠰᠦᠳᠦ᠋ᠷᠥᠭᠴᠢᠳᠦ ᠪᠣᠯᠭᠠᠵᠣ᠂ ᠰᠣᠷᠠᠭ ᠵᠠᠩᠭᠢ ᠶᠢᠨ ᠴᠠᠭ ᠡᠷᠡᠨ ᠤ ᠬᠤᠳᠠ ᠶᠢᠨ ᠭᠦᠭᠵᠢᠯᠳᠡ ᠶᠢᠨ ᠰᠢᠨ᠎ᠡ | ᠭᠡᠯᠪᠡᠷᠢ ᠶᠢ ᠬᠡᠯᠡᠨ᠎ᠡ᠃ | 12. ᠤᠶᠤᠨᠯᠢᠭ ᠨᠡᠶᠢᠭᠡᠮ ᠳᠤᠭᠤᠷᠢᠭ᠄ ᠨᠡᠶᠢᠭᠡᠮ ᠳᠣᠭᠤᠷᠢᠭ ᠤᠨ ᠬᠠᠮᠢᠶᠠᠷᠤᠯᠳᠠ ᠶᠢᠨ ᠰᠢᠨ᠎ᠡ | ᠤᠬᠠᠭᠳᠠᠬᠤᠨ ᠮᠦᠨ᠂ ᠰᠢᠨ᠎ᠡ ᠬᠡᠪ ᠪᠠᠶᠢᠳᠠᠯ ᠤᠨ ᠳᠤᠤᠷᠠᠬᠢ ᠨᠡᠶᠢᠭᠡᠮ ᠳᠣᠭᠤᠷᠢᠭ ᠤᠨ ᠬᠠᠮᠢᠶᠠᠷᠤᠯᠳᠠ ᠶᠢᠨ ᠰᠢᠨ᠎ᠡ | ᠶᠢ ᠡᠭᠦᠳᠬᠦ ᠰᠢᠨ᠎ᠡ ᠭᠡᠯᠪᠡᠷᠢ ᠪᠤᠯᠤᠨ᠎ᠠ᠃ ᠤᠶᠤᠨᠯᠢᠭ ᠨᠡᠶᠢᠭᠡᠮ ᠳᠣᠭᠤᠷᠢᠭ ᠪᠤᠯ ᠢᠨᠲ᠋ᠧᠷ ᠰᠦᠯᠵᠢᠶ᠎ᠡ᠂ ᠡᠬᠦᠯᠡᠨ | ᠪᠤᠳᠤᠯᠳᠠ᠂ ᠰᠢᠯᠵᠢᠮᠡᠯ ᠳᠤᠤᠷ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠰᠣᠷᠠᠭ ᠵᠠᠩᠭᠢ ᠶᠢᠨ ᠮᠡᠷᠬᠡᠵᠢᠯ ᠢ | ᠬᠦᠢᠴᠡᠳ ᠠᠰᠢᠭᠯᠠᠵᠤ ᠳᠦᠪᠯᠡᠷᠡᠬᠦᠯᠦᠭᠰᠡᠨ ᠬᠡᠷᠡᠭᠯᠡᠭᠡ ᠪᠤᠯᠤᠨ᠎ᠠ᠂ ᠨᠡᠶᠢᠭᠡᠮ ᠳᠣᠭᠤᠷᠢᠭ ᠤᠨ ᠰᠠᠭᠤᠭᠠᠯᠢ ᠠᠷᠠᠥᠨ ᠲᠤ | ᠠᠮᠤᠷ ᠳᠦᠪᠰᠢᠨ᠂ ᠳᠠᠭᠠᠯᠠᠮᠵᠢᠳᠠᠢ᠂ ᠳᠦᠭᠦᠮ ᠳᠦᠳᠡ ᠤᠳᠤᠬᠢᠴᠢᠯᠠᠭᠰᠠᠨ᠂ ᠤᠶᠤᠨᠴᠢᠯᠠᠭᠰᠠᠨ ᠠᠮᠢᠳᠣᠷᠠᠯ ᠤᠨ | ᠣᠷᠴᠢᠨ ᠳᠣᠭᠤᠷᠢᠨ ᠢ ᠬᠠᠩᠭᠠᠨ᠎ᠡ᠂ ᠡᠭᠦᠨ ᠪᠠᠷ ᠳᠠᠮᠵᠢᠨ ᠰᠤᠷᠠᠭ ᠵᠠᠩᠭᠢᠴᠢᠯᠠᠭᠰᠠᠨ᠂ ᠤᠶᠤᠨᠴᠢᠯᠠᠭᠰᠠᠨ ᠨᠡᠶᠢᠭᠡᠮ | ᠤᠨ ᠬᠠᠮᠢᠶᠠᠷᠤᠯᠳᠠ ᠪᠠ ᠦᠢᠯᠡᠴᠢᠯᠡᠭᠡ ᠪᠠᠷ ᠰᠠᠭᠤᠷᠢᠯᠠᠭᠰᠠᠨ ᠰᠢᠨ᠎ᠡ ᠬᠡᠯᠪᠡᠷᠢ ᠶᠢᠨ ᠬᠠᠮᠢᠶᠠᠷᠤᠯᠳᠠ ᠶᠢᠨ ᠬᠡᠯᠪᠡᠷᠢ ᠲᠠᠢ | ᠨᠡᠶᠢᠭᠡᠮ ᠳᠣᠭᠤᠷᠢᠭ ᠪᠠᠶᠢᠭᠤᠯᠬᠤ ᠶᠢ ᠬᠡᠯᠡᠨ᠎ᠡ᠃ | 13. ᠠᠷᠠᠯᠵᠢᠶ᠎ᠠ ᠬᠤᠳᠠᠯᠳᠤᠭᠠᠨ ᠤ ᠶᠠᠪᠣᠳᠠᠯ ᠤᠨ ᠳᠦᠷᠢᠮ᠄ ᠨᠡᠶᠢᠭᠡᠮ ᠵᠢᠷᠤᠮᠳᠦ ᠵᠠᠬ᠎ᠠ ᠳᠡᠯᠭᠡᠭᠦᠷ ᠤᠨ | ᠠᠵᠤ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠳᠤᠮᠳᠠᠳᠤ ᠣᠯᠣᠰ ᠤᠨ ᠡᠪ | ᠬᠠᠮᠳᠣ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠳᠦᠪ ᠤᠨ ᠪᠠᠶᠢᠩᠭᠤ ᠶᠢᠨ ᠬᠡᠰᠢᠭᠦᠳ ᠤᠨ ᠬᠤᠷᠠᠯ ᠤᠨ | ᠭᠤᠷᠪᠠᠳᠣᠭᠠᠷ ᠪᠦᠭᠦᠳᠡ ᠬᠤᠷᠠᠯᠳᠣᠭᠠᠨ ᠳᠡᠭᠡᠷ᠎ᠡ ᠠᠷᠠᠯᠵᠢᠶ᠎ᠠ ᠬᠤᠳᠠᠯᠳᠤᠭ᠎ᠠ ᠶᠢ ᠳᠠᠩᠰᠠᠯᠠᠵᠤ ᠳᠡᠮᠳᠡᠭᠯᠡᠬᠦ ᠠᠵᠢᠯ ᠤᠨ | ᠳᠦᠷᠢᠮ ᠳᠤ ᠦᠭᠡᠷᠡᠴᠢᠯᠡᠯᠳᠡ ᠭᠢᠭᠦ ᠪᠠᠷ ᠳᠤᠭᠳᠠᠪᠠ᠂ ᠳᠠᠷᠤᠢ ᠪᠣᠳᠠᠳᠠᠢ ᠳᠣᠰᠢᠶᠠᠭᠰᠡᠨ ᠪᠡᠯᠡ ᠮᠦᠩᠭᠦ ᠪᠠᠷ | ᠭᠦᠷᠦᠩᠭᠡ ᠶᠢ ᠳᠠᠩᠰᠠᠯᠠᠵᠤ ᠳᠡᠮᠳᠡᠭᠯᠡᠭᠦ ᠳᠦᠷᠢᠮ ᠢ ᠦᠭᠡᠷᠡᠴᠢᠯᠡᠨ ᠳᠣᠰᠢᠶᠠᠬᠤ ᠪᠠᠷ ᠠᠮᠠᠯᠳᠠᠭᠰᠡᠨ ᠪᠡᠯᠡ ᠮᠦᠩᠭᠦ ᠪᠠᠷ | ᠭᠦᠷᠦᠩᠭᠡ ᠶᠢ ᠳᠠᠩᠰᠠᠯᠠᠵᠤ ᠳᠡᠮᠳᠡᠭᠯᠡᠭᠦ ᠳᠦᠷᠢᠮ ᠪᠣᠯᠭᠠᠨ᠂ ᠤᠤᠯ ᠤᠨ ᠺᠣᠮᠫᠠᠨᠢ ᠶᠢᠨ ᠳᠠᠩᠰᠠᠯᠠᠭᠰᠠᠨ ᠭᠦᠷᠦᠩᠭᠡ᠂ | ᠪᠡᠯᠡ ᠭᠠᠷᠭᠠᠬᠤ ᠭᠡᠯᠪᠡᠷᠢ᠂ ᠪᠡᠯᠡ ᠭᠠᠷᠭᠠᠬᠤ ᠬᠡᠮᠵᠢᠶ᠎ᠡ᠂ ᠪᠡᠯᠡ ᠭᠠᠷᠭᠠᠬᠤ ᠴᠠᠭ ᠵᠡᠷᠭᠡ ᠴᠢᠩᠭ᠎ᠠ ᠳᠣᠭᠳᠠᠭᠠᠯ ᠢ | ᠦᠭᠡᠶᠢᠰᠭᠡᠵᠤ᠂ ᠡᠵᠡᠩᠨᠡᠭᠦ ᠭᠥᠷᠢᠶ᠎ᠡ ᠬᠡᠪᠴᠢᠶᠡᠨ ᠳᠠᠬᠢ ᠳᠡᠮᠳᠡᠭᠯᠡᠭᠦ ᠪᠠ ᠭᠢᠨᠡᠨ ᠵᠦᠪᠰᠢᠶᠡᠷᠡᠭᠦ ᠶᠢ ᠦᠭᠡᠶᠢᠰᠭᠡᠨ᠂ ︽ | ᠭᠢᠨᠡᠨ ᠵᠦᠪᠰᠢᠶᠡᠷᠡᠭᠦ ᠶᠢ ᠭᠥᠳᠣᠥᠨᠬᠡᠵᠤ ᠭᠢᠨᠠᠨ ᠬᠠᠮᠢᠶᠠᠷᠬᠤ ᠶᠢ ᠭᠥᠩᠭᠡᠪᠴᠢᠯᠡᠭᠦ︾ ᠶᠢ ᠬᠤᠪᠢᠷᠠᠭᠠᠨ ︽ᠭᠢᠨᠡᠨ | ᠵᠦᠪᠰᠢᠶᠡᠷᠡᠭᠦ ᠶᠢ ᠬᠦᠩᠭᠡᠪᠴᠢᠯᠡᠵᠦ᠂ ᠭᠢᠨᠠᠨ ᠬᠠᠮᠢᠶᠠᠷᠬᠤ ᠶᠢ ᠬᠦᠨᠳᠦᠳᠬᠡᠬᠦ︾ ᠪᠣᠯᠭᠠᠵᠠᠢ᠃ | 14. ᠤᠨᠴᠡ ᠵᠦᠪᠰᠢᠶᠡᠷᠡᠯ ᠲᠠᠢ ᠡᠵᠡᠩᠨᠡᠯᠳᠡ᠄ ᠭᠡᠷ᠎ᠡ ᠳᠣᠭᠳᠠᠬᠤ ᠪᠠᠷ ᠳᠠᠮᠵᠢᠨ᠂ ᠣᠨᠴᠠ ᠵᠦᠪᠰᠢᠶᠡᠷᠡᠯ | ᠤᠨ ᠡᠷᠬᠡ ᠲᠠᠢ ᠭᠦᠮᠤᠨ ᠨᠢ ᠳᠠᠸᠠᠷ ᠤᠨ ᠳᠡᠮᠳᠡᠭ᠂ ᠳᠠᠸᠠᠷ ᠤᠨ ᠳ᠋ᠣᠭᠠᠷ᠂ ᠡᠵᠡᠩᠨᠡᠭᠦ ᠭᠡᠯᠪᠡᠷᠢ ᠵᠡᠷᠭᠡ ᠡᠵᠡᠩᠨᠡᠭᠦ ᠡᠭᠢ | ᠰᠣᠷᠪᠤᠯᠵᠢ ᠶᠢ ᠣᠨᠴᠠ ᠵᠦᠪᠰᠢᠶᠡᠷᠡᠭᠳᠡᠭᠰᠡᠨ ᠭᠦᠮᠤᠨ ᠳᠤ ᠣᠯᠭᠤᠨ ᠬᠡᠷᠡᠭᠯᠡᠬᠦᠯᠬᠦ ᠡᠷᠬᠡ᠎ᠲᠠᠢ᠂ ᠣᠨᠴᠠ | ᠵᠦᠪᠰᠢᠶᠡᠷᠡᠭᠳᠡᠭᠰᠡᠨ ᠭᠦᠮᠤᠨ ᠭᠡᠷ᠎ᠡ ᠶᠢᠨ ᠳᠤᠭᠳᠠᠭᠠᠯ ᠶᠣᠰᠣᠭᠠᠷ ᠨᠢᠬᠡᠳᠦᠯᠳᠡᠢ ᠡᠵᠡᠩᠨᠡᠭᠦ ᠰᠢᠰᠲ᠋ᠧᠮ ᠤᠨ ᠳᠣᠣᠷ᠎ᠠ | ᠡᠵᠡᠩᠨᠡᠭᠦ ᠬᠦᠳᠡᠯᠬᠡᠬᠡᠨ ᠡᠷᠭᠢᠯᠡᠵᠤ᠂ ᠣᠨᠴᠠ ᠵᠦᠪᠰᠢᠶᠡᠷᠡᠯ ᠤᠨ ᠭᠦᠮᠤᠨ ᠳᠤ ᠣᠨᠴᠠ ᠵᠦᠪᠰᠢᠶᠡᠷᠡᠨ ᠡᠵᠩᠨᠡᠭᠦ | ᠰᠣᠶᠢᠥᠨᠬᠡᠯ ᠳᠣᠰᠢᠶᠠᠬᠤ ᠶᠢ ᠵᠢᠭᠠᠵᠤ ᠪᠠᠶᠢᠨ᠎ᠠ᠃ |