ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠨᠢᠳ ᠵᠡᠭᠦᠨ ᠬᠤᠰᠢᠭᠤᠨ ᠤ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠳᠦᠷᠪᠡᠳᠦᠭᠡᠷ ᠣᠳᠠᠭᠠᠨ ᠤ ᠪᠦᠬᠦ ᠭᠡᠰᠢᠭᠦᠳ ᠤᠨ ︵ᠦᠷᠭᠡᠳᠬᠡᠭᠰᠡᠨ︶ ᠬᠤᠷᠠᠯ ᠵᠢᠴᠢ ᠪᠦᠭᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠣᠭᠠᠨ ᠳᠡᠬᠡᠷᠡᠬᠢ ᠶᠡᠷᠢᠶ᠎ᠠ
ᠨᠡᠶᠢᠲᠡᠯᠡᠭᠰᠡᠨ ᠴᠠᠭ᠄
2017/7/3
              ᠳᠤᠮᠳᠠᠳᠤ ᠤᠯᠤᠰ ᠤᠨ ᠡᠪ ᠬᠠᠮᠲᠤ ᠨᠠᠮ ᠤᠨᠰᠦᠨᠢᠳ             ᠵᠡᠭᠦᠨ ᠬᠤᠰᠢᠭᠤᠨ ᠤ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠳᠦᠷᠪᠡᠳᠦᠭᠡᠷ             ᠣᠳᠠᠭᠠᠨ ᠤ ᠪᠦᠬᠦ ᠭᠡᠰᠢᠭᠦᠳ ᠤᠨ ᠦᠷᠭᠡᠳᠬᠡᠭᠰᠡᠨ︶ ᠬᠤᠷᠠᠯ ᠵᠢᠴᠢ ᠪᠦᠭᠦ             ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠣᠭᠠᠨ ᠳᠡᠬᠡᠷᠡᠬᠢ ᠶᠡᠷᠢᠶ᠎ᠠ                                ︵2017 ᠤᠨ ᠤ 2 ᠰᠠᠷ᠎ᠠ ᠶᠢᠨ 27 ᠤ ᠡᠳᠣᠷ︶ᠨᠥᠬᠦᠳ ᠡ᠄          ᠰᠠᠶ᠋ᠢ᠂ ᠨᠠᠮ ᠤᠨ  ᠬᠤᠷᠢᠶᠠᠨ ᠤ ᠱᠥᠵᠢ ᠠᠴᠠ ᠴᠢᠬᠤᠯᠠ ᠶᠠᠷᠢᠶ᠎ᠠ ᠲᠠᠯᠪᠢᠵᠤ᠂ 2016 ᠤᠨ ᠤ ᠠᠵᠢᠯ ᠢ ᠪᠦᠬᠦ ᠲᠠᠯ᠎ᠠ ᠪᠠᠷ ᠬᠤᠷᠢᠶᠠᠩᠭᠤᠶᠢᠯᠡᠨ ᠳ᠋ᠦᠩᠨᠡᠵᠥ᠂ ᠮᠠᠨ ᠤ ᠬᠤᠰᠢᠭᠤᠨ ᠤ ᠠᠵᠣ ᠠᠬᠤᠢ  ᠶᠢᠨ ᠣᠳᠣᠬᠢ ᠪᠠᠶᠢᠳᠠᠯ ᠳᠤ ᠬᠦᠨᠵᠡᠭᠡᠢ ᠵᠠᠳᠠᠯᠣᠯᠲᠠ ᠬᠢᠵᠣ᠂ ᠦᠨᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ᠂ ᠭᠤᠤᠯ ᠬᠠᠷᠠᠯᠲᠠ᠂ ᠴᠢᠬᠤᠯᠠ ᠡᠭᠦᠷᠭᠡ ᠶᠢ ᠲᠤᠷᠠᠳᠤᠭᠰᠠᠨ ᠪᠠᠶᠢᠨ᠎ᠠ᠃ ᠪᠢᠳᠠ ᠡᠷᠬᠡᠪᠰᠢ ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ᠲᠤᠤᠱᠯᠠᠭᠤᠯᠤᠨ ᠨᠠᠶᠢᠳᠠᠪᠦᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠳᠣᠣᠷ᠎ᠠ ᠪᠢ ᠦᠩᠭᠡᠷᠡᠭᠰᠡᠨ ᠨᠢᠭᠡ ᠵᠢᠯ ᠤᠨ ᠠᠵᠢᠯ ᠤᠨ ᠪᠠᠶᠢᠳᠠᠯ ᠪᠠ ᠦᠨᠦ ᠵᠢᠯ ᠤᠨ ᠠᠵᠢᠯ ᠤᠨ ᠪᠠᠶᠢᠷᠢᠯᠠᠭᠤᠯᠤᠯᠲᠠ ᠳᠤ ᠬᠤᠶᠠᠷ ᠲᠠᠯ᠎ᠠ ᠶᠢᠨ ᠰᠠᠨᠠᠯ ᠲᠤᠷᠠᠳᠤᠶ᠎ᠠ᠃         ᠨᠢᠭᠡ᠂ 2016 ᠣᠨ ᠤ ᠠᠵᠢᠯ ᠤᠨ ᠡᠷᠬᠢᠴᠡᠭᠦᠯᠦᠯᠦᠩᠬᠡᠷᠡᠭᠰᠡᠨ ᠨᠢᠭᠡ ᠵᠢᠯ ᠳᠤ᠂ ᠮᠠᠨ ᠤ ᠬᠤᠰᠢᠭᠤ ᠨᠢ ᠬᠤᠪᠢᠷᠠᠯᠲᠠ ᠶᠡᠭᠡ ᠨᠠᠷᠢᠨ ᠪᠤᠳᠤᠯᠢᠶᠠᠨᠳᠠᠢ ᠠᠵᠤ ᠠᠬᠤᠢ ᠶᠢᠨ ᠪᠠᠶᠢᠳᠠᠯ ᠪᠠ ᠥᠬᠡᠷᠡᠴᠢᠯᠡᠯᠲᠠ ᠬᠥᠭᠵᠢᠯᠲᠠ ᠶᠢᠨ ᠬᠠᠳᠠᠭᠤ  ᠪᠡᠷᠬᠡ ᠡᠬᠦᠷᠬᠡ ᠳᠤ ᠵᠤᠷᠢᠭᠳᠠᠢ ᠬᠠᠨᠳᠣᠵᠣ᠂ ᠠᠶᠢᠮᠠᠭ  ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠶᠢᠨ ᠳᠤᠤᠷ᠎ᠠ᠂ ᠦᠷᠭᠡᠨ ᠤᠯᠠᠨ ᠺᠠᠳ᠋ᠷ ᠤᠯᠠᠨ ᠲᠦᠮᠡᠨ ᠳᠤ ᠲᠦᠰᠢᠭᠯᠡᠨ᠂ ᠲᠤᠭᠲᠠᠭᠤᠨ ᠤ ᠲᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠪᠠᠷᠢᠮᠳᠠᠯᠠᠨ᠂ ᠬᠦᠭᠵᠢᠯᠲᠡ ᠶᠢᠨ ᠰᠢᠨ᠎ᠡ ᠦᠵᠡᠯᠲᠡ ᠲᠠᠨᠢᠯᠲᠠ ᠶᠢ ᠬᠦᠨᠵᠡᠭᠡᠢ ᠲᠤᠤᠱᠯᠠᠭᠤᠯᠤᠨ᠂ ᠦᠭᠡᠷᠡᠴᠢᠯᠡᠯᠲᠡ ᠬᠥᠭᠵᠢᠯᠲᠠ ᠶᠢᠨ ᠡᠯ᠎ᠡ ᠲᠠᠯ᠎ᠠ ᠶᠢᠨ ᠠᠵᠢᠯ ᠢᠶᠠᠨ ᠲᠤᠭᠲᠠᠭᠤᠨ ᠢᠶᠠᠷ ᠲᠦᠯᠬᠢᠨ ᠠᠬᠢᠭᠤᠯᠵᠤ᠂ ᠪᠦᠬᠦ ᠵᠢᠯ ᠤᠨ ᠡᠯ᠎ᠡ ᠲᠦᠷᠦᠯ ᠤᠨ ᠡᠭᠦᠷᠭᠡ ᠬᠠᠷᠠᠯᠳᠠ ᠪᠠᠨ ᠨᠡᠯᠢᠶᠡᠳ ᠰᠠᠶᠢᠨ ᠪᠡᠶᠡᠯᠡᠭᠦᠯᠵᠦ ᠴᠢᠳᠠᠭᠰᠠᠨ ᠪᠠᠶᠢᠨ᠎ᠠ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 49.7 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 5 % ᠪᠠᠷ ᠨᠡᠮᠡᠭᠳᠡᠪᠡ᠃ ᠡᠭᠦᠨᠳᠦ ᠨᠢᠭᠡᠳᠦᠭᠡᠷ ᠠᠵᠣ ᠦᠢᠯᠡᠰ ᠤᠨ ᠨᠡᠮᠡᠯᠲᠡ ᠦᠷᠲᠡᠭ 6.4 ᠳ᠋ᠦᠩᠰᠢᠭᠤᠷ ᠲᠦᠭᠦᠷᠢᠭ ᠲᠤ ᠬᠦᠷᠴᠦ᠂ 4.2 % ᠪᠠᠷ ᠨᠡᠮᠡᠭᠳᠡᠨ᠂ ᠬᠤᠶᠠᠳᠣᠭᠠᠷ ᠠᠵᠣ ᠦᠢᠯᠡᠰ ᠤᠨ ᠨᠡᠮᠡᠯᠲᠡ ᠦᠷᠲᠡᠭ 32 ᠳ᠋ᠦᠩᠰᠢᠭᠤᠷ ᠲᠦᠭᠦᠷᠢᠭ ᠲᠤ ᠬᠦᠷᠴᠦ᠂ 3.5 % ᠪᠠᠷ ᠨᠡᠮᠡᠭᠳᠡᠵᠦ᠂ ᠭᠤᠷᠪᠠᠳᠣᠭᠠᠷ ᠠᠵᠣ ᠦᠢᠯᠡᠰ ᠤᠨ ᠨᠡᠮᠡᠯᠲᠡ ᠦᠷᠲᠡᠭ 11.3 ᠳ᠋ᠦᠩᠰᠢᠭᠤᠷ ᠲᠦᠭᠦᠷᠢᠭ ᠲᠤ ᠬᠦᠷᠴᠦ᠂ 9 %  ᠪᠠᠷ ᠨᠡᠮᠡᠭᠳᠡᠪᠡ᠃ ᠲᠣᠭᠲᠠᠮᠠᠯ ᠬᠦᠷᠥᠩᠭᠡ ᠶᠢᠨ ᠪᠡᠯᠡ ᠣᠷᠣᠭᠤᠯᠣᠯᠲᠠ 37.2 ᠳ᠋ᠥᠩᠰᠢᠭᠤᠷ ᠲᠦᠭᠦᠷᠢᠭ ᠲᠤ ᠬᠦᠷᠴᠦ᠂ 20% ᠪᠠᠷ ᠨᠡᠮᠡᠭᠳᠡᠪᠡ᠃ ᠨᠡᠶᠢᠲᠡ ᠶᠢᠨ ᠡᠳ᠋ ᠤᠨ ᠵᠠᠰᠠᠭ ᠤᠨ ᠳᠦᠰᠦᠪᠯᠡᠭᠰᠡᠨ ᠣᠷᠣᠯᠭ᠎ᠠ 2.6 ᠳ᠋ᠦᠩᠰᠢᠭᠤᠷ ᠲᠦᠭᠦᠷᠢᠭ ᠲᠤ ᠬᠦᠷᠴᠦ᠂ 17.8 % ᠪᠠᠷ ᠨᠡᠮᠡᠭᠳᠡᠪᠡ᠃ ᠬᠤᠲᠠ ᠪᠠᠯᠭᠠᠰᠤ ᠪᠤᠯᠤᠨ ᠮᠠᠯᠵᠢᠬᠤ ᠣᠷᠣᠨ ᠤ ᠰᠠᠭᠤᠭᠠᠯᠢ ᠠᠷᠠᠳ ᠤᠨ ᠬᠦᠮᠦᠨ ᠪᠦᠷᠢ ᠡᠵᠡᠮᠳᠡᠵᠦ ᠪᠤᠯᠬᠤᠶᠢᠴᠡ ᠣᠷᠣᠯᠭ᠎ᠠ 32711 ᠲᠦᠭᠦᠷᠢᠭ ᠪᠠ 12736 ᠲᠦᠭᠦᠷᠢᠭ ᠲᠤ ᠬᠦᠷᠴᠦ᠂ ᠴᠦᠮ 8.3% ᠪᠠᠷ ᠨᠡᠮᠡᠭᠳᠡᠪᠡ᠃ ᠨᠢᠭᠡᠲᠦᠭᠡᠷ ᠠᠵᠤ ᠦᠢᠯᠡᠰ᠂ ᠤᠯᠠᠨ ᠨᠡᠶᠢᠲᠡ ᠶᠢᠨ ᠲᠦᠰᠦᠪᠯᠡᠭᠰᠡᠨ ᠤᠷᠤᠯᠭ᠎ᠠ᠂ ᠮᠠᠯᠴᠢᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠤᠯᠬᠤᠶᠢᠴᠠ ᠤᠷᠤᠯᠭ᠎ᠠ ᠵᠡᠷᠭᠡ ᠭᠤᠷᠪᠠᠨ ᠲᠦᠷᠦᠯ ᠤᠨ ᠨᠡᠮᠡᠭᠳᠡᠯ ᠤᠨ ᠬᠤᠷᠳᠤᠴᠠ ᠨᠢ ᠴᠦᠮ ᠪᠦᠬᠦ ᠠᠶᠢᠮᠠᠭ ᠤᠨ ᠡᠮᠦᠨ᠎ᠡ ᠭᠤᠷᠪᠠ ᠳᠤ ᠤᠷᠤᠭᠰᠠᠨ ᠪᠠᠶᠢᠨ᠎ᠠ᠃         ᠨᠢᠭᠡ ᠵᠢᠯ ᠤᠨ ᠲᠤᠷᠰᠢ᠂ ᠪᠢᠳᠠ ᠲᠤᠤᠷᠠᠬᠢ ᠬᠡᠲᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠭᠰᠠᠨ ᠪᠠᠶᠢᠨ᠎ᠠ᠄         ︵ᠨᠢᠭᠡ︶ ᠣᠳᠣᠬᠢᠴᠢᠯᠠᠭᠰᠠᠨ ᠮᠠᠯ ᠠᠵᠤ ᠠᠬᠤᠢ ᠶᠢ ᠲᠦᠷᠭᠡᠳᠬᠡᠨ ᠬᠦᠭᠵᠢᠬᠦᠯᠪᠡ᠃         ︽ᠪᠠᠷᠢᠮᠵᠢᠶᠠᠵᠢᠭᠰᠠᠨ + ᠮᠠᠯ ᠠᠵᠤ ᠠᠬᠤᠢ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ︽ᠡᠮᠤᠨ᠎ᠡ ᠪᠠᠶ᠎ᠠ ᠳᠤ ᠦᠭᠡᠷ ᠳᠡᠵᠢᠬᠡᠵᠦ᠂ ᠬᠤᠶᠢᠳᠦ ᠰᠤᠮᠤᠨ ᠳᠤ ᠬᠤᠨᠢ ᠮᠠᠯᠵᠢᠬᠤ︾ ᠠᠵᠤ ᠤᠶᠢᠯᠡᠰ ᠤᠨ ᠪᠠᠶᠢᠷᠢᠯᠠᠭᠤᠯᠤᠯᠲᠠ ᠶᠤᠰᠣᠭᠠᠷ᠂ ︽ᠬᠤᠨᠢ ᠶᠢ ᠴᠦᠭᠡᠳᠬᠡᠨ᠂ ᠦᠬᠡᠷ ᠢ ᠦᠰᠬᠡᠬᠦ︾ ᠪᠠᠶᠢᠯᠳᠤᠬᠤ ᠪᠤᠳᠤᠯᠭ᠎ᠠ ᠶᠢ ᠯᠠᠪᠳᠠᠭᠤᠨ ᠬᠡᠷᠡᠭᠵᠢᠬᠦᠯᠥᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ 1 ᠶᠢ ᠪᠠᠶᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ 10 ᠲᠦᠮᠡᠨ ᠲᠤᠯᠤᠭᠠᠢ ᠳᠤ ᠬᠦᠷᠦᠭᠰᠡᠨ ᠪᠠᠶᠢᠨ᠎ᠠ᠃ ᠰᠦᠨᠢᠳ ᠬᠤᠨᠢᠨ ᠤ ᠪᠠᠷᠢᠮᠵᠢᠶᠠᠲᠤ ᠰᠦᠷᠦᠭ 1800 ᠰᠥᠷᠦᠭ ᠲᠤ ᠬᠦᠷᠴᠦ᠂ ᠬᠠᠰᠢᠶᠠᠯᠭᠠᠨ ᠳᠤ ᠪᠠᠶᠢᠭ᠎ᠠ ᠮᠠᠯ ᠤᠨ 85%  ᠶᠢ ᠡᠵᠡᠯᠡᠭᠰᠡᠨ ᠪᠠᠶᠢᠨ᠎ᠠ᠃ ᠵᠤᠨ ᠤ ᠣᠯᠠᠷᠢᠯ ᠤᠨ ᠮᠠᠯ ᠤᠨ ᠲᠤᠭ᠎ᠠ ᠶᠢ 168 ᠲᠦᠮᠡᠨ ᠲᠤᠯᠤᠭᠠᠢ ᠳᠤ ᠬᠢᠵᠠᠭᠠᠷᠯᠠᠨ ᠂ ᠪᠠᠷᠢᠮᠵᠢᠶᠠᠵᠢᠭᠰᠠᠨ ᠳᠡᠵᠢᠬᠡᠨ ᠠᠷᠠᠴᠢᠯᠠᠬᠤ᠂ ᠰᠢᠯᠢᠳᠡᠭ ᠡᠬᠦᠯᠳᠡᠷ ᠢ ᠰᠤᠩᠭᠤᠨ ᠪᠤᠶᠢᠵᠢᠭᠤᠯᠬᠤ ᠴᠢᠨᠠᠷ ᠴᠢᠨᠰᠠᠭ᠎ᠠ ᠪᠠ ᠥᠷ᠎ᠡ ᠠᠰᠢᠭ ᠢ ᠳᠡᠬᠡᠭᠰᠢᠯᠡᠬᠦᠯᠪᠠ᠃         ᠮᠠᠯ ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ ᠬᠦᠭᠵᠢᠯᠲᠡ ᠶᠢ ᠲᠦᠯᠬᠢᠨ ᠠᠬᠢᠭᠤᠯᠪᠠ᠃ ᠮᠠᠯᠴᠢᠳ ᠪᠤᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠯᠳᠤᠭᠰᠠᠨ ᠲᠣᠭᠲᠠᠯᠴᠠᠭ᠎ᠠ ᠶᠢ ᠪᠦᠷᠢᠨᠰᠢᠬᠦᠯᠵᠦ ᠂ ᠰᠦᠨᠢᠳ ᠮᠠᠯ ᠠᠵᠤ ᠠᠬᠤᠢ ᠶᠢᠨ ᠦᠢᠯᠡᠰ ᠤᠨ ᠰᠢᠨᠵᠢᠯᠡᠭᠡ ᠮᠡᠷᠭᠡᠵᠢᠯ ᠤᠨ ᠺᠤᠮᠫᠠᠨᠢ ᠶᠢ ᠡᠭᠦᠰᠬᠡᠨ ᠪᠠᠶᠢᠭᠤᠯᠵᠤ᠂ ᠰᠦᠨᠢᠥᠨ ᠬᠤᠨᠢᠨ ᠤ ᠠᠵᠤ ᠦᠢᠯᠡᠥᠨᠪᠣᠷᠢ ᠶᠢᠨ ᠭᠦᠭᠵᠢᠯᠳᠡ ᠪᠠ ᠬᠤᠨᠢᠨ ᠮᠢᠬᠠᠨ ᠤ ᠪᠥᠳᠥᠬᠡᠭᠳᠡᠬᠦᠨ ᠢ ᠬᠤᠳᠠᠯᠳᠤᠨ ᠠᠪᠬᠤ᠂ ᠡᠳ᠋ᠰᠢᠬᠦᠯᠥᠨ ᠪᠤᠯᠪᠠᠰᠤᠷᠠᠭᠤᠯᠬᠤ᠂ ᠪᠣᠷᠤᠯᠠᠭᠤᠯᠬᠤ ᠪᠤᠯᠤᠨ ᠮᠠᠯ ᠠᠵᠤ ᠠᠬᠤᠢ ᠶᠢᠨ ᠪᠡᠯᠡ ᠨᠡᠶᠢᠯᠡᠬᠦᠯᠵᠤ ᠬᠤᠷᠰᠢᠨ ᠡᠵᠡᠩᠨᠡᠬᠦ᠂ ᠪᠥᠳᠥᠬᠡᠭᠳᠡᠬᠦᠨ ᠤ ᠪᠤᠷᠤᠯᠠᠭᠤᠯᠭ᠎ᠠ ᠶᠢᠨ ᠬᠡᠯᠬᠢᠶᠡᠨ ᠲᠠᠬᠢ ᠠᠰᠢᠭ ᠤᠯᠵᠠ ᠪᠠᠨ ᠬᠠᠮᠳᠣᠪᠠᠷ ᠬᠤᠪᠢᠶᠠᠯᠴᠠᠬᠤ ᠵᠡᠷᠭᠡ ᠳᠠᠯ᠎ᠠ ᠳᠤ ᠵᠤᠷᠢᠭ ᠲᠠᠢ ᠪᠠᠷ ᠲᠤᠷᠰᠢᠨ᠂ ︽ᠮᠠᠯᠵᠢᠯ ᠤᠨ ᠳᠠᠯᠠᠪᠠᠢ + ᠥᠢᠯᠡᠳᠪᠤᠷᠢ + ᠵᠠᠬ᠎ᠠ ᠳᠡᠯᠬᠡᠬᠦᠷ︾ ᠤᠨ ᠠᠰᠢᠭ ᠲᠤᠰᠠ ᠶᠢᠨ ᠬᠤᠯᠪᠤᠭ᠎ᠠ ᠶᠢ ᠨᠡᠩ ᠴᠢᠩᠭᠠᠳᠬᠠᠵᠤ᠂ ᠤᠳᠤᠬᠢᠴᠢᠯᠠᠭᠰᠠᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠡᠯ᠎ᠡ ᠲᠦᠷᠦᠯ ᠤᠨ ᠮᠠᠯᠵᠢᠬᠤ ᠤᠷᠤᠨ ᠤ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠳᠠᠰᠤᠷᠠᠯᠳᠠ ᠦᠬᠡᠢ ᠬᠦᠭᠵᠢᠵᠦ᠂ ᠮᠠᠯ ᠠᠵᠤ ᠠᠬᠤᠢ ᠶᠢᠨ ᠠᠵᠤ ᠠᠬᠤᠶᠢᠵᠢᠯᠠᠯᠲᠠ ᠶᠢᠨ ᠭᠢᠷᠢ ᠳᠦᠪᠰᠢᠨ ᠪᠠ ᠦᠢᠯᠡᠥᠨᠪᠤᠷᠢ ᠶᠢᠨ ᠥᠷ᠎ᠡ ᠪᠦᠳᠣᠮᠵᠢ ᠶᠢ ᠯᠠᠪᠳᠠᠭᠤᠨ ᠢᠶᠠᠷ ᠳᠡᠬᠡᠭᠰᠢᠯᠡᠬᠦᠯᠪᠠ᠃         ᠰᠥᠨᠢᠳ ᠬᠤᠨᠢᠨ ᠤ ᠨᠡᠷ᠎ᠡ ᠳᠡᠮᠳᠡᠭ ᠤᠨ ᠪᠠᠶᠢᠭᠤᠯᠤᠯᠲᠠ ᠶᠢ ᠲᠥᠯᠬᠢᠨ ᠠᠬᠢᠭᠤᠯᠪᠠ᠃ ︽ᠵᠡᠬᠦᠨ ᠰᠦᠨᠢᠳ ᠤᠨ ᠬᠤᠨᠢᠨ ᠮᠢᠬ᠎ᠠ︾ ᠨᠠᠷ᠎ᠡ ᠲᠡᠮᠳᠡᠭᠲᠦ ᠲᠠᠸᠠᠷ ᠤᠨ ᠲᠡᠮᠳᠡᠭ ᠢ ᠠᠮᠵᠢᠯᠲᠠ ᠲᠠᠢ ᠪᠠᠷ ᠳᠠᠩᠰᠠᠯᠠᠭᠤᠯᠵᠤ᠂ 42 ᠳᠦᠮᠡᠨ ᠰᠦᠨᠢᠥᠨ ᠬᠤᠨᠢ ᠳᠤ ᠥᠢᠯᠡᠳᠪᠤᠷᠢᠯᠠᠯ ᠤᠨ ᠪᠥᠬᠦ ᠶᠠᠪᠤᠴᠠ ᠶᠢᠨ ᠴᠢᠨᠠᠷ ᠴᠢᠨᠰᠠᠭ᠎ᠠ ᠶᠢᠨ ᠮᠥᠷᠳᠡᠨ ᠨᠡᠬᠡᠯᠲᠡ ᠶᠢᠨ ᠳᠠᠩᠰᠠ ᠶᠢ ᠪᠠᠶᠢᠭᠤᠯᠪᠠ᠃ ᠰᠦᠨᠢᠥᠨ ᠬᠤᠨᠢᠨ ᠤ ᠮᠢᠬ᠎ᠠ ᠨᠢ ᠪᠡᠭᠡᠵᠢᠩ᠂ ᠨᠠᠨᠵᠢᠩ᠂ ᠴᠠᠩᠴᠥ᠋ᠨ᠂ ᠭᠦᠭᠡᠬᠤᠳᠡ᠂ ᠪᠤᠭᠤᠲᠤ ᠵᠡᠷᠭᠡ ᠭᠠᠵᠠᠷ ᠤᠷᠤᠨ ᠳᠤ ᠲᠡᠯᠭᠡᠨ ᠦᠵᠡᠭᠦᠯᠭᠡ ᠭᠠᠷᠭᠠᠵᠤ᠂ ᠤᠷᠤᠨ ᠤ ᠭᠠᠳᠠᠨ᠎ᠠ ᠲᠤᠲᠤᠨᠠᠬᠢ ᠨᠡᠷᠡᠲᠦ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠮᠠᠨ ᠤ ᠬᠤᠰᠢᠭᠤᠨ ᠳᠤ ᠢᠷᠡᠵᠦ᠂ ᠠᠮᠢᠳᠦ ᠮᠠᠯ ᠬᠤᠳᠠᠯᠳᠤᠨ ᠠᠪᠬᠤ ᠪᠤᠶᠤ ᠡᠳ᠋ᠰᠢᠬᠦᠯᠦᠨ ᠪᠤᠷᠤᠯᠠᠭᠤᠯᠬᠤ ᠡᠵᠡᠩᠨᠡᠯᠳᠡ ᠶᠢ  ᠤᠷᠤᠯᠠᠭᠰᠠᠨ ᠵᠠᠬ᠎ᠠ ᠳᠡᠯᠭᠡᠭᠦᠷ ᠤᠨ ᠬᠡᠯᠪᠡᠷᠢ ᠠᠭᠠᠵᠢᠮ ᠢᠶᠠᠷ ᠪᠦᠷᠢᠯᠳᠦᠪᠡ᠃ ᠡᠬᠦᠨ ᠤ ᠬᠠᠮᠳᠦ ᠰᠦᠨᠢᠳ ᠬᠤᠨᠢᠨ ᠮᠢᠬᠠᠨ ᠤ ᠪᠦᠲᠦᠭᠡᠭᠳᠡᠭᠦᠨ ᠨᠢ ᠲᠤᠤ ᠪᠤᠤ᠂ ᠲᠢᠶᠠᠨ ᠮᠤᠤ᠂ ᠵᠢᠩ ᠳ᠋ᠦᠩ ᠵᠡᠷᠭᠡ ᠲᠤᠤᠷ ᠰᠦᠯᠵᠢᠶᠡᠨ ᠤ ᠪᠤᠷᠤᠯᠠᠭᠤᠯᠭ᠎ᠠ ᠶᠢᠨ ᠲᠠᠪᠴᠠᠩ ᠳᠤ ᠬᠡᠷᠡᠭᠯᠡᠭᠴᠢᠳ ᠤᠨ ᠳᠠᠭᠠᠰᠢᠶᠠᠯ ᠢ ᠤᠯᠵᠤ᠂ ᠪᠤᠬᠢᠷᠳᠤᠯ ᠦᠭᠡᠢ ᠤᠷᠭᠠᠨᠢᠭ ᠨᠡᠷᠡᠲᠦ ᠳᠡᠮᠳᠡᠭ ᠤᠨ ᠨᠦᠯᠦᠭᠡᠯᠡᠬᠦ ᠬᠦᠴᠦᠨ ᠪᠤᠯᠤᠨ ᠵᠠᠬ᠎ᠠ ᠲᠡᠯᠭᠡᠭᠦᠷ ᠤᠨ ᠡᠵᠡᠯᠡᠬᠦ ᠨᠤᠷᠮ᠎ᠠ ᠶᠢ ᠲᠠᠰᠤᠷᠠᠯᠲᠠ ᠦᠭᠡᠢ ᠲᠡᠬᠡᠭᠰᠢᠯᠡᠬᠦᠯᠤᠭ᠍ᠰᠡᠨ ᠪᠠᠶᠢᠨ᠎ᠠ᠃         ︵ᠬᠤᠶᠠᠷ︶ ᠠᠵᠤ ᠦᠢᠯᠡᠳᠪᠦᠷᠢ ᠶᠢᠨ ᠠᠵᠤ ᠥᠢᠯᠡᠰ ᠲᠤᠭᠲᠠᠭᠤᠨ ᠢᠶᠠᠷ ᠭᠦᠭᠵᠢᠪᠡ᠃         ᠠᠵᠤ ᠠᠬᠤᠶᠢᠯᠠᠯ ᠤᠨ ᠡᠵᠡᠩᠨᠡᠯᠳᠡ ᠶᠢᠨ ᠲᠤᠬᠢᠷᠠᠭᠤᠯᠤᠯᠳᠠ ᠶᠢ ᠴᠢᠩᠭᠠᠳᠬᠠᠨ᠂ ᠠᠵᠤ ᠠᠬᠤᠶᠢᠯᠠᠯ ᠤᠨ ᠢᠳᠡᠬᠡᠯ ᠵᠤᠷᠢᠭ ᠢ ᠬᠦᠪᠴᠢᠯᠡᠨ᠂ ᠲᠤᠭᠲᠠᠭᠤᠨ ᠡᠵᠡᠩᠨᠡᠯᠲᠡ ᠶᠢ ᠳᠦᠯᠬᠢᠨ ᠠᠬᠢᠭᠤᠯᠵᠤ᠂ 15 ᠨᠡᠷ᠎ᠡ ᠬᠡᠪᠴᠢᠶᠡᠵᠢᠯ  ᠠᠴᠠ ᠲᠡᠭᠡᠭᠰᠢᠬᠢ ᠠᠵᠤ ᠦᠢᠯᠡᠳᠪᠦᠷᠢᠯᠡᠯ ᠨᠢ 20.6 ᠳ᠋ᠦᠩᠰᠢᠭᠤᠷ ᠲᠦᠭᠦᠷᠢᠭ ᠤᠨ ᠨᠡᠮᠡᠭᠳᠡᠯ ᠦᠷᠲᠡᠭ ᠢ ᠪᠡᠶᠡᠯᠡᠭᠦᠯᠵᠦ᠂ 1.1% ᠪᠠᠷ ᠨᠡᠮᠡᠭᠳᠡᠨ᠂ ᠠᠵᠤ ᠠᠬᠤᠢ ᠶᠢᠨ ᠲᠤᠷᠤᠭᠰᠢᠯᠠᠯᠲᠠ ᠶᠢᠨ ᠲᠠᠷᠤᠯᠲᠠ ᠲᠤᠤᠷ᠎ᠠ ᠲᠤᠭᠲᠠᠭᠤᠨ ᠢᠶᠠᠷ ᠬᠦᠭᠵᠢᠬᠦ ᠶᠢ ᠪᠠᠲᠤᠯᠠᠪᠠ᠃ ᠶᠢᠨ ᠵᠦᠩ ᠠᠭᠤᠷᠬᠠᠢ ᠶᠢᠨ ᠦᠢᠯᠡᠰ ᠨᠢ ᠬᠤᠪᠢ ᠤᠷᠤᠭᠤᠯᠤᠭᠰᠠᠨ ᠲᠡᠮᠳᠡᠭ ᠤᠨ ᠡᠷᠬᠡ ᠶᠢᠨ ᠳᠠᠬᠢᠨ ᠨᠡᠶᠢᠯᠡᠬᠦᠯᠥᠯᠲᠠ ᠶᠢ ᠪᠡᠶᠡᠯᠡᠭᠦᠯᠦᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠠᠬᠢᠯᠭᠠᠨ ᠬᠦᠴᠦᠨ ᠤ ᠴᠢᠯᠥᠬᠡᠲᠤ ᠠᠷᠠᠯᠵᠢᠶᠠᠨ ᠤ ᠵᠠᠬ᠎ᠠ ᠲᠡᠯᠭᠡᠭᠦᠷ ᠲᠤ ᠠᠮᠵᠢᠯᠲᠠ ᠲᠠᠢ ᠤᠷᠤᠭᠰᠠᠨ ᠪᠠᠶᠢᠨ᠎ᠠ᠃ ᠮᠠᠩᠯᠡᠢ ᠨᠠᠬᠦᠷᠡᠰᠤᠨ ᠠᠭᠤᠷᠬᠠᠢ ᠶᠢᠨ 90 ᠲᠦᠮᠡᠨ ᠲᠤᠨ ᠤ ᠨᠡᠭᠡᠭᠡᠨ ᠮᠠᠯᠳᠠᠬᠤ ᠲᠦᠷᠦᠯ ᠵᠦᠢᠯ ᠨᠢ ᠦᠢᠯᠡᠳᠪᠦᠷᠢᠯᠡᠯ ᠢᠶᠠᠨ ᠰᠡᠷᠬᠦᠬᠡᠵᠤ᠂ ᠳ᠋ᠠ ᠽᠦ᠋ ᠪᠠᠢ ᠡᠾᠦ᠋ᠢ ᠪᠦᠬᠦᠯᠢ ᠴᠤᠭᠴᠠ ᠶᠢᠨ ᠡᠨᠧᠷᠬᠢ ᠠᠷᠪᠢᠯᠠᠬᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠪᠥᠸᠧ ᠶᠠᠩ ᠨᠠᠷᠠ ᠰᠠᠯᠬᠢᠨ ᠢᠶᠠᠷ ᠴᠠᠬᠢᠯᠭᠠᠨ ᠭᠠᠷᠭᠠᠬᠤ ᠳᠤᠨᠤᠭ ᠳᠦᠬᠦᠭᠡᠷᠦᠮᠵᠢ ᠶᠢ ᠦᠢᠯᠡᠳᠪᠦᠷᠢᠯᠡᠬᠦ ᠲᠦᠷᠦᠯ ᠵᠦᠢᠯ ᠢ ᠠᠰᠢᠭᠯᠠᠯᠲᠠ ᠳᠤ ᠤᠷᠤᠭᠤᠯᠪᠠ᠃ ᠮᠢᠬᠠᠨ ᠢᠳᠡᠭᠡᠨ ᠢ ᠪᠣᠯᠪᠠᠰᠤᠷᠠᠭᠤᠯᠬᠤ ᠠᠵᠣ ᠠᠬᠤᠶᠢᠯᠠᠯ ᠤᠨ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠬᠢᠷᠢ ᠳᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠪᠡ᠃ 2.7 ᠳ᠋ᠦᠩᠰᠢᠭᠤᠷ ᠲᠦᠭᠦᠷᠢᠭ ᠤᠨ ᠵᠢᠭᠡᠯᠡᠯᠭᠡ ᠶᠢᠨ ᠠᠰᠠᠭᠤᠳᠠᠯ ᠢ ᠰᠢᠢᠳᠪᠦᠷᠢᠯᠡᠵᠦ᠂ ᠲᠤᠮᠳᠠ ᠵᠢᠵᠢᠭ ᠠᠵᠤ ᠠᠬᠤᠶᠢᠯᠠᠯ ᠢ ᠳᠡᠳᠬᠦᠨ ᠬᠦᠭᠵᠢᠬᠦᠯᠪᠡ᠃         ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠲᠠᠢ ᠲᠦᠯᠬᠢᠨ ᠠᠬᠢᠭᠤᠯᠪᠠ ᠃  ᠪᠦᠬᠦ ᠵᠢᠯ ᠳᠤ 48 ᠲᠦᠷᠦᠯ ᠤᠨ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠂ ᠰᠡᠷᠬᠦᠬᠡᠨ ᠨᠡᠬᠡᠬᠡᠭᠰᠡᠨ ᠨᠤᠷᠮ᠎ᠠ 100% ᠳᠤ ᠬᠦᠷᠴᠡᠢ᠃ ᠤᠯᠤᠰ ᠤᠨ ᠲᠤᠰᠬᠠᠢ ᠲᠦᠷᠦᠯ ᠤᠨ ᠪᠦᠲᠦᠭᠡᠨ ᠪᠠᠶᠢᠭᠤᠯᠤᠯᠲᠠ  ᠶᠢᠨ ᠰᠠᠭᠤᠷᠢ ᠮᠦᠩᠬᠦ ᠶᠢ 2 ᠳ᠋ᠦᠩᠰᠢᠭᠤᠷ ᠲᠦᠮᠡᠨ ᠲᠦᠭᠦᠷᠢᠭ ᠲᠠᠮᠡᠴᠡᠨ ᠤᠯᠵᠤ᠂ ᠳ᠋ᠠ ᠲᠠᠩ ᠳ᠋ᠢᠩ ᠸᠠᠩ ᠪᠦᠯᠦᠭᠯᠡᠯ ᠤᠨ ᠪᠡᠯᠡ ᠮᠦᠩᠬᠦᠨ ᠤ ᠠᠰᠠᠭᠤᠳᠠᠯ ᠢ ᠰᠢᠢᠳᠪᠦᠷᠢᠯᠡᠵᠦ ᠦᠭᠪᠡ᠃ ᠴᠠᠬᠢᠯᠭᠠᠨ ᠬᠥᠴᠥᠨ ᠤ ᠪᠦᠲᠦᠭᠡᠨ ᠪᠠᠶᠢᠭᠤᠯᠬᠤ ᠬᠡᠪᠴᠢᠶᠡᠵᠢᠯ ᠤᠨ ᠬᠦᠢᠴᠡᠳᠬᠡᠯ ᠲᠤᠭ᠎ᠠ ᠶᠢ ᠠᠮᠵᠢᠯᠲᠠ ᠲᠠᠢ ᠲᠡᠮᠡᠴᠠᠨ ᠤᠯᠵᠤ᠂ ᠬᠤᠸᠠᠨ ᠰᠢᠨ ᠭᠡᠷᠡᠯ  ᠤᠨ ᠨᠡᠶᠢᠯᠡᠯᠭᠡ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠴᠠᠬᠢᠯᠭᠠᠨ ᠭᠠᠷᠭᠠᠬᠤ ᠨᠦᠬᠦᠴᠡᠯ ᠳᠤ ᠬᠦᠷᠭᠡᠪᠡ᠃ ᠪᠠᠶ᠋ᠬᠠᠠᠭᠤᠯᠠ ᠶᠢᠨ ᠥᠷᠡᠨ ᠮᠠᠯᠳᠠᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠨᠥᠬᠦᠴᠡᠯ ᠢ ᠪᠥᠷᠢᠳᠥᠬᠦᠯᠵᠡᠢ ᠃ ᠦᠷᠨᠢᠯᠲᠦ ᠶᠢᠨ ᠦᠩᠬᠡᠲᠦ ᠲᠡᠮᠦᠷᠯᠢᠭ ᠮᠠᠯᠲᠠᠬᠤ ᠠᠭᠤᠷᠬᠠᠢ ᠶᠢᠨ ᠲᠦᠷᠦᠯ ᠢ ᠲᠤᠭᠲᠠᠭᠤᠨ ᠢᠶᠠᠷ ᠲᠦᠯᠬᠢᠨ ᠠᠬᠢᠭᠤᠯᠪᠠ᠃ 6 ᠲᠦᠷᠦᠯ ᠤᠨ PPP ᠲᠦᠷᠦᠯ ᠵᠦᠢᠯ ᠢ ᠲᠦᠰᠦᠪᠯᠡᠨ᠂ ᠲᠦᠰᠦᠪᠯᠡᠭᠰᠡᠨ ᠶᠡᠷᠦᠩᠬᠡᠢ ᠪᠡᠯᠡ ᠤᠷᠤᠭᠤᠯᠤᠯᠲᠠ 31 ᠳ᠋ᠦᠩᠰᠢᠭᠤᠷ ᠲᠦᠭᠦᠷᠢᠭ ᠲᠤ ᠬᠥᠷᠴᠥ᠂ ᠨᠢᠰᠬᠡᠯ ᠤᠨ ᠲᠠᠯᠠᠪᠠᠢ᠂ ᠵᠢᠭᠤᠯᠴᠢᠯᠠᠯ ᠤᠨ ᠵᠠᠰᠠᠮᠠᠯ ᠵᠠᠮ ᠤᠨ ᠲᠦᠷᠦᠯ ᠵᠦᠢᠯ ᠢ ᠦᠪᠡᠷᠲᠡᠭᠡᠨ ᠵᠠᠰᠠᠬᠤ ᠤᠷᠤᠨ ᠤ PPP ᠲᠦᠷᠦᠯ ᠵᠦᠢᠯ ᠤᠨ ᠬᠦᠮᠦᠷᠭᠡ ᠳᠤ ᠤᠷᠤᠭᠤᠯᠤᠨ᠂ ᠮᠤᠩᠭᠤᠯ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠡᠭᠦᠳᠡᠨ ᠡᠮᠨᠡᠯᠭᠡ ᠶᠢᠨ ᠠᠰᠠᠷ ᠵᠢᠴᠢ ᠮᠤᠩᠭᠤᠯ ᠡᠮ ᠨᠠᠶᠢᠷᠠᠭᠤᠯᠬᠤ ᠲᠠᠰᠤᠭ᠂ ᠮᠠᠯᠵᠢᠬᠤ ᠤᠷᠤᠨ ᠤ ᠨᠠᠰᠤᠲᠠᠶᠢᠴᠤᠳ ᠤᠨ ᠦᠢᠯᠡᠴᠢᠯᠡᠭᠡᠨ ᠤ ᠲᠦᠪ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠠᠶᠢᠮᠠᠭ ᠤᠨ ᠲᠡᠰ ᠤᠨ PPP ᠲᠦᠷᠦᠯ ᠵᠦᠢᠯ ᠤᠨ ᠬᠦᠮᠦᠷᠭᠡ  ᠳᠤ ᠤᠷᠤᠭᠤᠯᠪᠠ᠃         ᠠᠷᠠᠯᠵᠢᠶᠠᠴᠢᠨ ᠤᠷᠢᠵᠦ ᠪᠡᠯᠡ ᠤᠷᠤᠭᠤᠯᠬᠤ ᠬᠦᠴᠦᠯᠡᠴᠡ ᠪᠠᠨ ᠴᠢᠩᠭᠠᠳᠬᠠᠨ᠂ ᠰᠢᠨ᠎ᠡ ᠬᠡᠯᠪᠡᠷᠢ ᠶᠢᠨ ᠡᠨᠧᠷᠬᠢ᠂ ᠬᠢᠮᠢ ᠶᠢᠨ ᠠᠵᠤ ᠦᠢᠯᠡᠳᠪᠦᠷᠢ᠂ ᠪᠤᠬᠢᠷᠳᠤᠯ ᠦᠭᠡᠢ ᠮᠠᠯ ᠤᠨ ᠪᠦᠲᠦᠭᠡᠭᠳᠦᠭᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠰᠤᠶᠤᠯ ᠵᠢᠭᠤᠯᠴᠢᠯᠠᠯ ᠵᠡᠷᠭᠡ ᠤᠷᠤᠨ ᠬᠡᠪᠴᠢᠶᠡᠨ ᠳᠤ 36 ᠲᠦᠷᠦᠯ ᠤᠨ ᠨᠦᠭᠡᠴᠡᠯᠡᠯᠲᠡ ᠶᠢᠨ ᠲᠦᠷᠦᠯ ᠵᠦᠢᠯ ᠢ ᠲᠦᠰᠦᠪᠯᠡᠪᠡ᠃ ᠤᠯᠠᠨ ᠲᠠᠪᠬᠤᠷᠭ᠎ᠠ᠂ ᠤᠯᠠᠨ ᠬᠠᠷᠢᠶᠠᠨ ᠳᠠᠬᠢ ᠠᠷᠠᠯᠵᠢᠶᠠᠴᠢᠨ ᠤᠷᠢᠵᠤ ᠪᠡᠯᠡ ᠮᠦᠩᠬᠦ ᠲᠠᠳᠠᠨ ᠠᠪᠴᠢᠷᠠᠬᠤ ᠬᠦᠳᠡᠯᠭᠡᠭᠡᠨ ᠢ ᠦᠷᠭᠡᠨ ᠲᠡᠯᠭᠡᠷᠡᠩᠬᠦᠢ ᠦᠷᠨᠢᠭᠦᠯᠵᠦ᠂ ᠪᠦᠬᠦ ᠵᠢᠯ ᠳᠤ ᠨᠡᠶᠢᠲᠡ 22.8 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠴᠤᠭᠯᠠᠭᠤᠯᠵᠤ᠂ 10% ᠪᠠᠷ ᠨᠡᠮᠡᠭᠳᠡᠬᠦᠯᠪᠠ᠃ ᠦᠪᠦᠷ ᠮᠤᠩᠭᠤᠯ ᠤᠨ ᠲᠠᠢ ᠬᠠᠩ ᠡᠩ ᠤᠨ ᠬᠡᠷᠡᠭᠯᠡᠭᠡᠨ ᠤ ᠠᠭᠠᠷ ᠠᠶᠠᠯᠠᠯ᠂ ᠱᠠᠩᠬᠠᠢ ᠶᠢᠨ ᠴᠦ᠋ ᠬᠤᠸᠠ ᠬᠤᠩ ᠶᠢᠩ ᠪᠡᠯᠡ ᠤᠷᠤᠭᠤᠯᠬᠤ ᠺᠤᠮᠫᠠᠨᠢ ᠵᠡᠷᠭᠡ 15 ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠵᠦᠪᠳᠡᠯᠴᠡᠭᠡᠷ ᠤᠨ ᠪᠢᠴᠢᠭ ᠢ ᠲᠤᠭᠲᠠᠨ᠂ ᠵᠦᠪᠳᠡᠯᠴᠡᠭᠡᠷ ᠤᠨ ᠪᠡᠯᠡ ᠮᠦᠩᠬᠦ 200 ᠳ᠋ᠦᠩᠰᠢᠭᠤᠷ ᠲᠤ ᠬᠦᠷᠪᠡ᠃         ︵ᠭᠤᠷᠪᠠ︶ ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢᠨ ᠠᠮᠢᠵᠢᠷᠡᠯ ᠤᠨ ᠬᠦᠴᠦᠨ ᠯᠠᠪᠳᠠᠭᠤᠨ ᠢᠶᠠᠷ ᠨᠡᠮᠡᠭᠳᠡᠪᠡ᠃         ᠵᠠᠬ᠎ᠠ ᠲᠡᠯᠭᠡᠭᠦᠷ ᠤᠨ ᠠᠮᠢᠵᠢᠷᠠᠯ ᠤᠨ ᠬᠦᠴᠦᠨ ᠢ ᠪᠦᠲᠦᠮᠵᠢᠲᠡᠢ ᠴᠢᠯᠦᠭᠡᠯᠡᠨ᠂ ︽ᠭᠤᠷᠪᠠᠨ ᠦᠨᠡᠮᠯᠡᠯ ᠢ ᠨᠡᠶᠢᠯᠡᠭᠦᠯᠦᠨ ᠨᠢᠭᠡ ᠦᠨᠡᠮᠯᠡᠯ ᠪᠤᠯᠭᠠᠬᠤ᠂ ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠦᠨᠡᠮᠯᠡᠯ ᠪᠤᠯᠭᠠᠬᠤ᠂ ᠨᠢᠭᠡ ᠦᠨᠡᠮᠯᠡᠯ ᠢ ᠨᠢᠭᠡ ᠨᠤᠮᠧᠷ ᠲᠠᠢ ᠪᠠᠶᠢᠯᠭᠠᠬᠤ︾ ᠲᠠᠩᠰᠠᠯᠠᠬᠤ ᠲᠦᠷᠢᠮ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠮᠲᠤ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠠᠬ᠎ᠠ ᠲᠡᠯᠭᠡᠭᠦᠷ ᠲᠤ ᠤᠷᠤᠬᠤ ᠵᠦᠪᠰᠢᠶᠡᠷᠠᠯ ᠢ ᠦᠷᠭᠡᠳᠬᠡᠨ ᠂ ᠬᠠᠮᠲᠤ ᠶᠢᠨ ᠦᠮᠴᠢᠯᠡᠯ ᠤᠨ ᠪᠤᠰᠤ ᠵᠠᠬ᠎ᠠ ᠲᠡᠯᠭᠡᠭᠦᠷ ᠤᠨ ᠭᠤᠤᠯ ᠴᠤᠭᠴᠠ 3261 ᠡᠷᠦᠬᠡ ᠪᠤᠯᠤᠨ ᠬᠦᠭᠵᠢᠵᠦ᠂ ᠲᠠᠩᠰᠠᠯᠠᠭᠤᠯᠤᠭᠰᠠᠨ ᠪᠡᠯᠡ ᠮᠦᠩᠬᠦ 16.9 ᠳ᠋ᠦᠩᠰᠢᠭᠤᠷ ᠲᠦᠭᠦᠷᠢᠭ ᠲᠤ ᠬᠦᠷᠪᠡ᠃ ᠶᠠᠰᠤ ᠴᠢᠨᠠᠷ ᠢᠶᠠᠷ ᠬᠤᠰᠢᠭᠤ ᠪᠠᠨ ᠬᠥᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠥᠴᠥᠲᠠᠢ  ᠬᠡᠷᠡᠭᠵᠢᠭᠦᠯᠦᠨ᠂ ᠬᠤᠰᠢᠭᠤ ᠲᠠᠷᠤᠭ᠎ᠠ ᠶᠢᠨ ᠶᠠᠰᠤ ᠴᠢᠨᠠᠷ ᠤᠨ ᠱᠠᠩᠨᠠᠨ ᠵᠤᠷᠢᠭᠵᠢᠭᠤᠯᠬᠤ ᠬᠠᠮᠢᠶᠠᠷᠤᠯᠲᠠ ᠶᠢᠨ ᠠᠷᠭ᠎ᠠ ᠶᠢ ᠲᠤᠭᠲᠠᠭᠠᠵᠤ᠂ ᠲᠠᠸᠠᠷ ᠤᠨ ᠪᠦᠲᠦᠭᠡᠭᠳᠡᠭᠦᠨ ᠤ ᠶᠠᠰᠤ ᠴᠢᠨᠠᠷ ᠪᠤᠯᠤᠨ ᠦᠢᠯᠡᠴᠢᠯᠡᠭᠡᠨ ᠤ ᠶᠠᠰᠤ ᠴᠢᠨᠠᠷ ᠢᠶᠠᠷ ᠰᠢᠯᠢᠳᠡᠭ ᠠᠵᠤ ᠠᠬᠤᠶᠢᠯᠠᠯ ᠳᠤ 10 ᠲᠦᠮᠡᠨ ᠲᠦᠭᠦᠷᠢᠭ ᠤᠨ ᠱᠠᠩᠨᠠᠯ ᠤᠨ ᠮᠦᠩᠬᠦ ᠬᠦᠷᠲᠡᠭᠡᠪᠡ᠃ ᠤᠷᠤᠨ ᠬᠡᠪᠴᠢᠶᠡᠵᠢᠯ ᠤᠨ ᠵᠢᠭᠤᠯᠴᠢᠯᠠᠯ ᠢ ᠨᠡᠭᠡᠭᠡᠨ ᠬᠦᠭᠵᠢᠭᠦᠯᠬᠦ ᠲᠦᠷᠦᠯ ᠵᠦᠢᠯ ᠢ ᠢᠳᠡᠪᠬᠢᠲᠡᠢ ᠰᠦᠪᠡᠭᠴᠢᠯᠡᠨ᠂ ᠪᠤᠳᠠᠷ ᠴᠢᠯᠠᠭᠤᠨ ᠤᠢ ᠶᠢᠨ ᠭᠠᠵᠠᠷ ᠰᠢᠨᠵᠢᠯᠡᠭᠡᠨ ᠤ ᠭᠦᠷᠢᠶᠡᠯᠡᠩ ᠤᠨ ᠳᠦᠷᠦᠯ ᠵᠦᠢᠯ ᠢ ᠲᠦᠯᠬᠢᠨ ᠠᠬᠢᠭᠤᠯᠵᠤ᠂ ᠬᠢᠯᠦᠭᠡᠨ ᠰᠤᠶᠤᠯ ᠤᠨ ᠦᠢᠯᠡᠰ ᠤᠨ ᠬᠦᠷᠢᠶᠡᠯᠡᠩ ᠢ ᠬᠦᠴᠦᠯᠡᠨ ᠪᠠᠶᠢᠭᠤᠯᠵᠤ᠂ ᠨᠠᠭᠠᠳᠤᠮ ᠤᠨ ᠬᠤᠷᠠᠯ ᠤᠨ ᠲᠠᠯᠠᠪᠠᠢ᠂ ᠬᠦᠯ ᠪᠦᠮᠪᠦᠭᠡ ᠶᠢᠨ ᠲᠠᠯᠠᠪᠤᠷ ᠢ ᠠᠰᠢᠭᠯᠠᠯᠲᠠ ᠳᠤ ᠤᠷᠤᠭᠤᠯᠪᠠ᠃ ᠰᠦᠨᠢᠳ ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠦᠭᠦᠨ᠂ ᠪᠤᠬᠢᠷᠳᠤᠯ ᠦᠭᠡᠢ ᠮᠢᠬᠠᠨ ᠢᠳᠡᠭᠡᠨ ᠵᠡᠷᠭᠡ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ 2016 ᠤᠨ ᠤ ᠡᠷᠢᠶᠡᠨ ᠬᠤᠳᠠᠨ ᠳᠤ ᠪᠤᠯᠤᠭᠰᠠᠨ ᠲᠤᠮᠳᠠᠲᠤ ᠮᠤᠩᠭᠤᠯ ᠤᠷᠤᠰ ᠤᠨ ᠠᠵᠤ ᠠᠬᠤᠢ ᠠᠷᠠᠯᠵᠢᠶᠠᠨ ᠤ ᠵᠦᠪᠳᠡᠯᠴᠡᠭᠡᠷ ᠤᠨ ᠬᠤᠷᠠᠯ ᠳᠤ ᠤᠷᠤᠯᠴᠠᠭᠤᠯᠤᠨ᠂ ᠤᠬᠢ ᠰᠠᠶᠢᠨ ᠲᠡᠯᠭᠡᠨ ᠦᠵᠡᠭᠦᠯᠭᠡ ᠶᠢᠨ ᠰᠤᠯᠢᠯᠴᠠᠭᠠᠨ ᠤ ᠦᠷ᠎ᠡ ᠪᠦᠲᠦᠮᠵᠢ ᠶᠢ ᠤᠯᠤᠭᠰᠠᠨ ᠪᠠᠶᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠪᠤᠯᠤᠨ ᠮᠦᠩᠭᠦᠨ ᠬᠦᠢᠯᠭᠡᠭᠡᠨ ᠤ ᠦᠢᠯᠡᠰ ᠲᠤᠭᠲᠠᠭᠤᠨ ᠢᠶᠠᠷ ᠬᠦᠭᠵᠢᠪᠡ᠃ ᠵᠦᠭᠡᠭᠡᠪᠦᠷᠢ᠂ ᠠᠶᠠᠨᠴᠢᠳ  ᠤᠨ ᠲᠡᠭᠡᠭᠡᠪᠦᠷᠢ ᠶᠢᠨ ᠡᠷᠬᠢᠯᠳᠠ ᠶᠢᠨ ᠬᠡᠮᠵᠢᠶ᠎ᠡ ᠶᠢ ᠲᠤᠰ ᠲᠤᠰ 8.6 ᠳ᠋ᠦᠩᠰᠢᠭᠤᠷ ᠳᠣᠨ ᠺᠢᠯᠤᠮᠧᠲᠷ ᠪᠤᠯᠤᠨ 1389 ᠲᠦᠮᠡᠨ ᠬᠦᠮᠦᠨ ᠺᠢᠯᠤᠮᠧᠲᠷ ᠢ ᠪᠡᠶᠡᠯᠡᠭᠦᠯᠪᠡ᠃ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠡᠯ᠎ᠡ ᠲᠦᠷᠦᠯ ᠤᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠮᠦᠩᠬᠦ ᠨᠢ ᠲᠣᠰᠪᠣᠷᠢ 19.8 ᠳ᠋ᠦᠩᠰᠢᠭᠤᠷ ᠲᠦᠭᠦᠷᠢᠭ ᠪᠠ 10.4 ᠳ᠋ᠦᠩᠰᠢᠭᠤᠷ ᠲᠦᠭᠦᠷᠢᠭ ᠲᠤ ᠬᠦᠷᠴᠦ᠂ ᠲᠤᠰᠪᠤᠷᠢ 14.4% ᠪᠠ 9.2% ᠪᠠᠷ ᠨᠡᠮᠡᠭᠳᠡᠪᠡ᠃ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠭᠡᠢ ᠦᠷᠳᠡᠭ 7.1 ᠳ᠋ᠦᠩᠰᠢᠭᠤᠷ ᠳᠦᠬᠦᠷᠢᠭ ᠢ ᠪᠡᠶᠡᠯᠡᠭᠦᠯᠵᠦ᠂ 9% ᠪᠠᠷ ᠨᠡᠮᠡᠭᠳᠡᠪᠡ᠃         ︵ᠲᠦᠷᠪᠡ︶ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠲᠠᠰᠤᠷᠠᠯᠲᠠ ᠦᠭᠡᠢ ᠰᠠᠶᠢᠵᠢᠷᠠᠪᠠ᠃         ᠨᠢᠭᠡᠳᠦᠭᠡᠷ ᠡᠭᠡᠯᠵᠢ ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠤᠮᠳᠠᠬᠢ ᠠᠵᠢᠯ ᠤᠨ ᠲᠤᠷᠰᠢᠯᠭ᠎ᠠ ᠪᠠ ᠠᠷᠭ᠎ᠠ ᠪᠠᠨ ᠨᠠᠷᠢᠨ ᠬᠢᠨᠠᠮᠠᠭᠠᠢ ᠳ᠋ᠦᠩᠨᠡᠨ᠂ ︽ᠰᠦᠨᠢᠳ ᠵᠡᠭᠦᠨ ᠬᠤᠰᠢᠭᠤᠨ ᠤ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠲᠦᠰᠦᠪ ︵2016 —2020︶︾ ᠢ ᠲᠤᠭᠲᠠᠭᠠᠨ ᠨᠡᠶᠢᠳᠡᠯᠡᠵᠦ᠂ 1.46 ᠳ᠋ᠦᠩᠰᠢᠭᠤᠷ ᠲᠦᠭᠦᠷᠢᠭ ᠤᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠭᠦᠪᠤᠷᠢ ᠱᠠᠩᠨᠠᠯ ᠤᠨ ᠮᠦᠩᠬᠦ ᠶᠢ ᠲᠠᠷᠬᠠᠭᠠᠪᠠ᠃ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠦᠳᠦᠭᠡᠨ ᠪᠠᠶᠢᠭᠤᠯᠣᠯᠳᠠ ᠶᠢᠨ ᠲᠣᠷᠰᠢᠯᠳᠠ ᠶᠢᠨ ᠴᠡᠭ ᠤᠨ ᠠᠵᠢᠯ ᠢ ᠲᠦᠯᠬᠢᠨ ᠠᠬᠢᠭᠤᠯᠵᠦ᠂ ᠤᠯᠤᠰ ᠤᠨ ᠲᠡᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠣᠷᠴᠢᠨ ᠲᠣᠭᠤᠷᠢᠨ ᠤ ︽ᠡᠰᠡᠷᠬᠦ ᠲᠠᠯ᠎ᠠ ᠶᠢᠨ ᠬᠠᠭᠤᠳᠠᠰᠦ︾ ᠶᠢ ᠪᠠᠶᠢᠭᠤᠯᠵᠦ᠂ ᠪᠡᠭᠡᠵᠢᠩ ᠲᠢᠶᠠᠨᠵᠢᠨ ᠤ ᠡᠯᠡᠰᠤᠨ ᠤ ᠡᠬᠢ  ᠶᠢ ᠵᠠᠰᠡᠬᠤ  ᠢᠨᠵᠧᠨᠧᠷᠢᠩ 5.5 ᠲᠦᠮᠡᠨ ᠮᠤ᠋ ᠲᠠᠯᠠᠪᠠᠢ᠂ ᠭᠤᠣᠯᠳᠠᠯᠭ᠎ᠠ ᠲᠠᠢ ᠤᠷᠤᠨ ᠢ ᠨᠣᠭᠤᠭᠠᠷᠠᠭᠤᠯᠬᠤ ᠲᠦᠷᠦᠯ ᠵᠦᠢᠯ ᠢ 1500 ᠮᠤ᠋ ᠬᠢᠵᠦ ᠲᠠᠭᠤᠰᠤᠭᠰᠠᠨ ᠪᠠᠶᠢᠨ᠎ᠠ᠃ ︽ᠵᠦᠪᠰᠢᠶᠡᠷᠡᠯ ᠦᠭᠡᠢ ᠪᠠᠷ ᠤᠷᠢᠳᠠᠪᠡᠷ ᠪᠠᠶᠢᠭᠤᠯᠤᠭᠰᠠᠨ︾ ᠪᠠ ︽ᠬᠤᠭᠤᠴᠠᠭ᠎ᠠ ᠬᠤᠶᠢᠰᠢᠯᠠᠭᠤᠯᠤᠨ ᠡᠰᠡ ᠰᠢᠯᠭᠠᠭᠤᠯᠤᠭᠰᠠᠨ︾ ᠪᠦᠲᠦᠭᠡᠨ ᠪᠠᠶᠢᠭᠤᠯᠤᠯᠲᠠ  ᠶᠢᠨ ᠲᠦᠷᠦᠯ ᠵᠦᠢᠯ 25 ᠶᠢ ᠵᠤᠭᠰᠤᠭᠠᠨ᠂ 133 ᠾᠧᠺᠲ᠋ᠡᠷ ᠠᠭᠤᠷᠬᠠᠢ ᠶᠢᠨ ᠠᠵᠦ ᠠᠬᠤᠶᠢᠯᠠᠯ ᠤᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠪᠠ᠃ ᠦᠪᠡᠷᠳᠡᠭᠡᠨ ᠵᠠᠰᠠᠬᠤ ᠤᠷᠤᠨ ᠤ ᠠᠩᠬᠠᠳᠣᠭᠴᠢ ᠲᠠᠯ᠎ᠠ ᠨᠤᠲᠤᠭ ᠢ ᠬᠠᠮᠠᠭᠠᠯᠠᠬᠤ ᠵᠠᠰᠠᠭ ᠵᠠᠬᠢᠷᠭᠠᠨ ᠤ ᠠᠯᠪᠠᠨ ᠵᠠᠭᠠᠯᠳᠤᠯᠭ᠎ᠠ ᠶᠢᠨ ᠵᠠᠷᠭᠤ ᠶᠢ ᠮᠠᠨ ᠤ ᠬᠤᠰᠢᠭᠤᠨ ᠳᠤ ᠰᠢᠭᠦᠵᠦ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ᠂ ᠰᠠᠯᠠᠭ᠎ᠠ ᠮᠦᠴᠢᠷ ᠤᠨ ᠬᠠᠤᠯᠢ ᠶᠤᠰᠤᠭᠠᠷ ᠲᠤᠰᠢᠶᠠᠯ ᠢᠶᠠᠨ ᠭᠦᠢᠴᠡᠳᠬᠡᠬᠦ ᠳᠤ ᠰᠠᠶᠢᠨ ᠰᠠᠶᠢᠬᠠᠨ ᠤᠯᠤᠰ ᠲᠦᠷᠦ᠂ ᠬᠠᠤᠯᠢ ᠴᠠᠭᠠᠵᠠ ᠪᠤᠯᠤᠨ ᠨᠡᠶᠢᠭᠡᠮ ᠤᠨ ᠦᠢᠯᠡᠳᠦᠯ ᠢ ᠪᠤᠢ ᠪᠤᠯᠭᠠᠭᠰᠠᠨ ᠪᠠᠶᠢᠨ᠎ᠠ᠃         ︵ᠲᠠᠪᠤ︶ ᠬᠤᠲᠠ ᠪᠠᠯᠭᠠᠰᠤᠨ ᠤ ᠰᠠᠭᠤᠷᠢ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠰᠠᠶᠢᠵᠢᠷᠠᠪᠠ         ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠬᠦᠴᠦᠲᠡᠢ ᠲᠦᠯᠬᠢᠨ ᠠᠬᠢᠭᠤᠯᠵᠤ᠂ ᠲᠤᠳᠤᠭᠠᠲᠤ ᠦᠭᠡᠷᠡᠴᠢᠯᠡᠯᠲᠡ ᠶᠢ ᠢᠳᠡᠪᠬᠢᠲᠡᠢ ᠦᠷᠨᠢᠭᠦᠯᠦᠨ᠂ ᠪᠦᠬᠦ ᠨᠡᠶᠢᠲᠡ 1.35 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ 1.6 ᠺᠢᠯᠤᠮᠧᠲᠷ ᠬᠤᠲᠠ ᠪᠠᠯᠭᠠᠰᠤᠨ ᠤ ᠵᠠᠰᠠᠮᠠᠯ ᠵᠠᠮ ᠢ ᠰᠢᠨ᠎ᠡ ᠪᠠᠷ ᠪᠦᠲᠦᠭᠡᠨ ᠪᠠᠶᠢᠭᠤᠯᠵᠤ᠂ 24 ᠲᠦᠮᠡᠨ ᠲᠡᠭᠰᠢ ᠲᠦᠷᠪᠡᠯᠵᠢᠨ ᠮᠧᠲᠷ ᠶᠠᠪᠠᠭᠠᠨ ᠬᠦᠮᠦᠨ ᠤ ᠵᠠᠮ ᠢ ᠲᠡᠪᠢᠰᠴᠦ᠂ ᠲᠦᠪᠯᠡᠷᠡᠭᠦᠯᠦᠨ ᠳᠤᠯᠠᠭᠠᠯᠠᠭ᠎ᠠ ᠬᠠᠩᠭᠠᠭᠰᠠᠨ ᠲᠠᠯᠠᠪᠠᠢ ᠨᠢ 78 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ ᠲᠤᠯᠠᠭᠠᠯᠠᠭ᠎ᠠ ᠬᠠᠩᠭᠠᠬᠤ ᠪᠠ ᠲᠦᠭᠡᠭᠡᠯ ᠤᠰᠤ ᠶᠢ ᠳᠠᠮᠵᠢᠭᠤᠯᠬᠤ ᠬᠤᠭᠤᠯᠠᠢ ᠶᠢ ᠵᠠᠰᠠᠨ ᠦᠭᠡᠷᠡᠴᠢᠯᠡᠬᠦ᠂ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠤᠵᠠᠷ ᠤᠰᠤ ᠶᠢ ᠲᠠᠬᠢᠨ ᠠᠰᠢᠭᠯᠠᠬᠤ᠂ ᠵᠡᠭᠡᠯᠢ ᠭᠤᠳᠤᠮᠵᠢ ᠶᠢᠨ ᠭᠤᠶᠤᠵᠢᠭᠤᠯᠤᠯᠲᠠ᠂ ᠬᠡᠷᠡᠯᠲᠦᠭᠦᠯᠦᠯᠲᠡ᠂ ᠨᠤᠭᠤᠭᠠᠷᠠᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠬᠠᠭᠤᠴᠢᠨ ᠲᠤᠭᠤᠷᠢᠭ  ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠮᠦᠩᠬᠦ ᠪᠠᠷ ᠦᠨᠡᠯᠡᠨ ᠲᠤᠬᠤᠨᠢᠭᠤᠯᠬᠤ ᠠᠷᠭ᠎ᠠ ᠬᠡᠯᠪᠡᠷᠢ ᠪᠠᠷ ᠲᠠᠮᠵᠢᠨ᠂ 1016 ᠡᠷᠦᠬᠡ ᠶᠢᠨ 3361 ᠲᠠᠰᠤᠯᠭ᠎ᠠ ᠠᠶᠤᠯᠲᠠᠢ ᠬᠠᠭᠤᠴᠢᠨ ᠭᠡᠷ ᠪᠠᠶᠢᠰᠢᠩ ᠢ ᠨᠤᠷᠠᠭᠠᠪᠠ᠃ ᠬᠤᠲᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠪᠠ ᠰᠠᠭᠤᠭᠠᠯᠢ ᠲᠤᠭᠤᠷᠢᠭ ᠤᠨ ᠠᠳᠠᠯ ᠠᠬᠤᠢ  ᠶᠢᠨ ᠬᠠᠮᠢᠶᠠᠷᠤᠯᠲᠠ ᠶᠢ ᠵᠠᠬ᠎ᠠ ᠲᠡᠯᠭᠡᠭᠦᠷᠴᠢᠯᠡᠭᠰᠡᠨ ᠡᠵᠡᠩᠨᠡᠯᠲᠡ ᠵᠦᠭ ᠲᠦᠯᠬᠢᠨ ᠠᠬᠢᠭᠤᠯᠵᠤ᠂ ᠬᠤᠲᠠ ᠪᠠᠯᠭᠠᠰᠤᠨ  ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠰᠢᠨ᠎ᠡ ᠲᠡᠭᠲᠡᠷ ᠲᠤ ᠬᠦᠷᠭᠡᠪᠡ᠃ ᠪᠦᠬᠦ ᠠᠶᠢᠮᠠᠭ ᠲᠤ ᠬᠠᠮᠤᠭ ᠳᠡᠷᠢᠬᠦᠨ ᠳᠤ ᠲᠤᠭᠲᠠᠮᠠᠯ ᠬᠦᠷᠦᠩᠭᠡ ᠶᠢ ᠲᠠᠩᠰᠠᠯᠠᠬᠤ ᠲᠤᠪᠴᠢᠶ᠎ᠠ ᠶᠢ ᠪᠠᠶᠢᠭᠤᠯᠵᠤ᠂ ᠨᠢᠭᠡᠲᠦᠭᠡᠷ ᠡᠭᠡᠯᠵᠢ  ᠶᠢᠨ ᠲᠤᠭᠲᠠᠮᠠᠯ ᠬᠦᠷᠦᠩᠬᠡ ᠶᠢᠨ ᠦᠮᠴᠢᠯᠡᠯ ᠤᠨ ᠦᠨᠡᠮᠯᠡᠯ ᠢ ᠲᠠᠷᠬᠠᠭᠠᠪᠠ᠃         ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠰᠠᠶᠢᠵᠢᠷᠠᠭᠤᠯᠪ᠊ ‍ᠠ᠋᠃         ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠪᠠᠲᠤᠯᠬᠠᠤ ᠠᠵᠢᠯ ᠢ ᠲᠡᠷᠢᠭᠦᠨ ᠴᠢᠬᠤᠯᠠ ᠡᠭᠦᠷᠭᠡ ᠪᠤᠯᠭᠠᠨ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠵᠠᠷᠤᠴᠠᠭᠤᠯᠤᠭᠰᠠᠨ ᠪᠡᠯᠡ ᠮᠦᠩᠬᠦ ᠨᠢ ᠡᠳ᠋  ᠤᠨ ᠵᠠᠰᠠᠭ ᠤᠨ ᠶᠡᠷᠦᠩᠬᠡᠢ ᠵᠠᠷᠤᠳᠠᠯ ᠤᠨ 77 % ᠶᠢ ᠡᠵᠡᠯᠡᠪᠡ᠃         ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠵᠢᠷᠭᠤᠭᠠᠨ ᠤᠨᠤᠪᠴᠢᠲᠠᠢ︾᠂ ︽ᠲᠠᠪᠤᠨ ᠨᠢᠭᠡ ᠪᠦᠯᠦᠭ︾ ᠤᠨ ᠠᠵᠢᠯ ᠤᠨ ᠠᠷᠭ᠎ᠠ ᠲᠦᠯᠦᠪᠯᠡᠭᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ︽ᠨᠢᠭᠡ ᠺᠠᠳ᠋ᠷ ᠨᠢᠭᠡ ᠶᠠᠳᠠᠭᠤ ᠡᠷᠦᠬᠡ︾ ᠶᠢ ᠬᠠᠪᠰᠤᠷᠤᠨ ᠲᠡᠳᠬᠦᠬᠦ ᠠᠵᠢᠯ ᠤᠨ ᠲᠤᠭᠲᠠᠯᠴᠠᠭ᠎ᠠ ᠶᠢ ᠪᠠᠶᠢᠭᠤᠯᠵᠤ᠂ ᠭᠠᠴᠠᠭᠠᠨ ᠳᠤ ᠲᠤᠮᠢᠯᠠᠭᠰᠠᠨ ᠶᠠᠳᠠᠭᠤ ᠶᠢ ᠲᠡᠳᠬᠦᠬᠦ ᠠᠵᠢᠯᠯᠠᠬᠤ ᠲᠤᠭᠤᠶᠢᠯᠠᠩ 49 ᠪᠠᠶᠢᠵᠤ᠂ ᠨᠠᠷᠢᠯᠢᠭ ᠤᠨᠤᠪᠴᠢᠲᠠᠢ ᠶᠠᠳᠠᠭᠤ ᠶᠢ ᠲᠡᠳᠬᠦᠬᠦ  ︽453︾ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠠᠶᠢᠴᠢᠯᠠᠨ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠠᠷᠭ᠎ᠠ ᠠᠪᠴᠠᠯ ᠢᠶᠠᠨ ᠰᠢᠨᠡᠳᠭᠡᠨ᠂ ︽ᠲᠥᠷᠥᠯ ᠵᠥᠢᠯ ᠢ ᠬᠥᠷᠬᠡᠨ ᠥᠭᠬᠦ︾ ᠬᠡᠯᠪᠡᠷᠢ ᠶᠢ ︽ᠬᠡᠷᠡᠭᠴᠡᠭᠡ ᠪᠠᠨ ᠥᠨᠳᠣᠰᠥᠯᠡᠵᠤ ᠥᠪᠡᠷᠳᠡᠬᠡᠨ ᠰᠤᠩᠭᠤᠬᠤ︾ ᠬᠡᠯᠪᠡᠷᠢ ᠪᠤᠯᠭᠠᠨ ᠬᠤᠪᠢᠷᠠᠭᠤᠯᠵᠤ᠂ ᠶᠠᠳᠠᠭᠤ ᠶᠢ ᠳᠡᠳᠬᠦᠬᠦ ᠠᠵᠢᠯ  ᠤᠨ ᠨᠠᠷᠢᠯᠢᠭ ᠤᠨᠤᠪᠴᠢᠯᠠᠯᠲᠠ ᠶᠢ ᠤᠯᠠᠮ ᠨᠢᠬᠡ ᠠᠯᠬᠤᠮ ᠳᠡᠬᠡᠭᠰᠢᠯᠡᠬᠦᠯᠥᠭᠰᠡᠨ ᠪᠠᠶᠢᠨ᠎ᠠ᠃ 295 ᠡᠷᠦᠬᠡ ᠶᠢᠨ 786 ᠬᠦᠮᠦᠨ ᠤ ᠶᠠᠳᠠᠭᠤ ᠠᠴᠠ ᠠᠩᠬᠢᠵᠢᠷᠠᠭᠤᠯᠬᠤ ᠡᠭᠦᠷᠭᠡ ᠶᠢ ᠪᠡᠶᠡᠯᠡᠬᠦᠯᠥᠭᠰᠡᠨ ᠮᠦᠷᠳᠡᠭᠡᠨ ᠠᠶᠢᠮᠠᠭ ᠤᠨ ᠬᠢᠨᠠᠨ ᠰᠢᠯᠭᠠᠯᠲᠠ᠂ ᠦᠪᠡᠷᠲᠡᠭᠡᠨ ᠵᠠᠰᠠᠬᠤ ᠤᠷᠤᠨ ᠤ ᠭᠤᠷᠪᠠᠳᠤᠭᠠᠷ ᠲᠠᠯ᠎ᠠ ᠶᠢᠨ ᠬᠢᠨᠠᠨ ᠦᠨᠡᠯᠡᠯᠲᠡ ᠵᠢᠴᠢ ᠠᠶᠢᠮᠠᠭ ᠬᠤᠲᠠ ᠶᠢᠨ ᠬᠤᠭᠤᠷᠤᠨᠳᠤᠬᠢ ᠬᠠᠷᠢᠯᠴᠠᠨ ᠬᠢᠨᠠᠨ ᠰᠢᠯᠭᠠᠬᠤ ᠠᠵᠢᠯ ᠢ ᠠᠮᠵᠢᠯᠲᠠ ᠲᠠᠢ ᠦᠩᠭᠡᠷᠡᠭᠦᠯᠪᠡ᠃         ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠠᠮᠵᠢᠯᠲᠠ ᠲᠠᠢ ᠳᠠᠭᠤᠰᠬᠠᠪᠠ᠃ ᠭᠤᠷᠪᠠᠨ ᠵᠢᠯ ᠳᠤ ᠨᠡᠶᠢᠲᠡ 7.6 ᠳ᠋ᠦᠩᠰᠢᠭᠤᠷ ᠲᠦᠭᠦᠷᠢᠭ ᠤᠨ ᠪᠡᠯᠡ ᠵᠠᠷᠤᠴᠠᠭᠤᠯᠵᠤ᠂ 3910 ᠡᠷᠦᠬᠡ ᠶᠢᠨ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ 153.5 ᠺᠢᠯᠤᠮᠧᠲᠷ ᠵᠠᠭᠡᠯᠢ ᠭᠤᠳᠤᠮᠵᠢ ᠶᠢᠨ ᠬᠠᠲᠠᠭᠤᠷᠠᠭᠤᠯᠤᠯᠲᠠ᠂ 2902 ᠬᠦᠮᠦᠨ ᠠᠮᠠ ᠶᠢᠨ ᠠᠶᠤᠯᠭᠦᠢ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠨ᠂ 261 ᠡᠷᠦᠬᠡ ᠳᠤ ᠴᠠᠬᠢᠯᠭᠠᠨ ᠨᠡᠪᠲᠡᠷᠡᠭᠦᠯᠵᠦ᠂ 2500 ᠡᠷᠦᠬᠡ ᠶᠢᠨ ᠨᠠᠷᠠ ᠰᠠᠯᠬᠢᠨ ᠤ ᠬᠠᠷᠢᠯᠴᠠᠨ ᠨᠦᠬᠦᠪᠦᠷᠢᠯᠡᠬᠦ ᠲᠦᠭᠦᠭᠡᠷᠦᠮᠵᠢ ᠶᠢ ᠲᠡᠰ ᠲᠡᠪᠰᠢᠭᠦᠯᠦᠨ᠂ 3000 ᠢᠵᠢ ᠡᠷᠦᠬᠡ ᠪᠤᠯᠭᠠᠨ ᠳᠤ ᠨᠡᠪᠲᠡᠷᠡᠬᠦ ᠵᠢᠷᠤᠭᠲᠤ ᠲᠧᠯᠸᠢᠰ ᠤᠨ ᠲᠦᠭᠦᠭᠡᠷᠦᠮᠵᠢ ᠶᠢ ᠤᠭᠰᠠᠷᠠᠵᠤ᠂ 17 ᠰᠠᠭᠤᠷᠢ ᠲᠤᠭᠠᠴᠢᠯᠠᠭᠰᠠᠨ ᠷᠠᠳᠢᠤ᠋ ᠲᠧᠯᠸᠢᠰ ᠤᠨ ᠦᠷᠲᠡᠭᠡ ᠶᠢ ᠪᠠᠶᠢᠭᠤᠯᠤᠨ᠂ 15 ᠰᠠᠭᠤᠷᠢ ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠵᠤ᠂ 12 ᠰᠠᠭᠤᠷᠢ ᠭᠠᠴᠠᠭᠠᠨ ᠤ ᠰᠤᠶᠤᠯ ᠤᠨ ᠲᠠᠰᠤᠭ ᠢ ᠦᠷᠭᠡᠳᠬᠡᠨ ᠵᠠᠰᠠᠵᠤ᠂ 49 ᠭᠠᠴᠠᠭᠠᠨ ᠤ ᠰᠤᠶᠤᠯ ᠤᠨ ᠬᠦᠳᠡᠯᠭᠡᠭᠡᠨ ᠤ ᠲᠠᠰᠤᠭ ᠤᠨ ᠲᠦᠭᠦᠭᠡᠷᠦᠮᠵᠢ ᠶᠢ ᠪᠦᠷᠢᠨᠰᠢᠭᠦᠯᠦᠨ᠂ 17 ᠰᠠᠭᠤᠷᠢ ᠠᠷᠠᠳ ᠲᠤ ᠲᠦᠭᠦᠮ ᠦᠵᠡᠭᠦᠯᠬᠦ ᠬᠡᠲᠦ ᠲᠡᠯᠭᠡᠭᠦᠷ ᠢ ᠰᠢᠨ᠎ᠡ ᠪᠠᠷ ᠪᠠᠶᠢᠭᠤᠯᠤᠭᠰᠠᠨ ᠪᠠ ᠦᠭᠡᠷᠡᠴᠢᠯᠡᠨ ᠵᠠᠰᠠᠪᠠ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠡᠬᠦ ᠬᠦᠳᠡᠯᠭᠡᠭᠡᠨ ᠢ ᠵᠤᠬᠢᠶᠠᠨ ᠪᠠᠶᠢᠭᠤᠯᠵᠤ ᠦᠷᠨᠢᠭᠦᠯᠦᠨ᠂ ᠭᠤᠷᠪᠠᠨ ᠵᠢᠯ ᠤᠨ ᠲᠤᠲᠤᠷ᠎ᠠ᠂ ᠪᠦᠬᠦ ᠨᠡᠶᠢᠲᠡ 3363 ᠰᠠᠭᠤᠷᠢ ᠬᠠᠭᠤᠴᠢᠨ ᠭᠡᠷ ᠪᠠᠶᠢᠰᠢᠩ ᠢ ᠨᠤᠷᠠᠭᠠᠨ᠂ 1.6 ᠲᠦᠮᠡᠨ ᠮᠧᠲᠷ ᠬᠡᠷᠡᠮ ᠬᠠᠨ᠎ᠠ ᠶᠢ ᠰᠡᠯᠪᠢᠨ ᠵᠠᠰᠠᠵᠤ᠂ 2.42 ᠲᠦᠮᠡᠨ ᠲᠡᠭᠰᠢ ᠲᠦᠷᠪᠡᠯᠵᠢᠨ ᠮᠧᠲᠷ ᠭᠡᠷᠡᠮ ᠬᠠᠨ᠎ᠠ ᠶᠢ ᠦᠩᠭᠡ ᠪᠤᠳᠤᠭ ᠢᠶᠠᠷ ᠰᠢᠷᠲᠡᠵᠦ᠂ 36 ᠲᠦᠮᠡᠨ ᠲᠤᠨ ᠬᠤᠭ ᠨᠤᠪᠰᠢ ᠶᠢ ᠴᠡᠪᠡᠷᠯᠡᠨ᠂ 3729 ᠰᠠᠭᠤᠷᠢ ᠭᠡᠷ ᠪᠠᠶᠢᠰᠢᠩ ᠢ ᠰᠡᠯᠪᠢᠨ ᠵᠠᠰᠠᠵᠤ᠂ 40 ᠰᠠᠭᠤᠷᠢ ᠬᠤᠭ ᠨᠤᠪᠰᠢ ᠤᠨ ᠰᠠᠪᠠ᠂ 19 ᠰᠠᠭᠤᠷᠢ ᠨᠡᠶᠢᠲᠡ ᠶᠢᠨ ᠵᠤᠷᠯᠤᠩ ᠢ ᠰᠢᠨ᠎ᠡ ᠪᠠᠷ ᠪᠠᠶᠢᠭᠤᠯᠵᠤ᠂ 283 ᠵᠠᠮ ᠤᠨ ᠳ᠋ᠧᠩ ᠢ ᠤᠭᠰᠠᠷᠠᠨ᠂ ᠮᠠᠯᠵᠢᠬᠤ ᠤᠷᠤᠨ ᠤ ᠲᠦᠷᠢ ᠲᠦᠷᠬᠦ ᠰᠢᠨ᠎ᠡ ᠬᠤᠪᠢᠷᠠᠯᠲᠠ ᠲᠠᠢ ᠪᠤᠯᠪᠠ᠃ ︽ᠠᠷᠪᠠ ᠶᠢ ᠪᠦᠷᠬᠦᠬᠦᠯᠬᠦ ᠢᠨᠵᠧᠨᠧᠷᠢᠩ ᠤᠨ ᠬᠡᠷᠡᠭᠯᠡᠬᠡᠨ ᠪᠠ ᠬᠠᠮᠢᠶᠠᠷᠤᠯᠲᠠ ᠶᠢᠨ ᠠᠷᠭ᠎ᠠ︾ ᠶᠢ ᠲᠤᠭᠲᠠᠭᠠᠵᠤ᠂ ᠢᠨᠵᠧᠨᠧᠷᠢᠩ ᠤᠨ ᠬᠠᠮᠤᠭ ᠶᠡᠭᠡ ᠦᠷ᠎ᠡ ᠠᠰᠢᠭ ᠢ ᠪᠠᠲᠠᠷᠠᠭᠤᠯᠬᠤ ᠶᠢ ᠪᠠᠲᠤᠯᠠᠭᠰᠠᠨ ᠪᠠᠶᠢᠨ᠎ᠠ᠃        ᠦᠢᠯᠡᠰ ᠪᠤᠰᠬᠠᠵᠤ ᠠᠵᠢᠯ ᠤᠯᠭᠤᠬᠤ ᠢᠨᠵᠧᠨᠧᠷᠢᠩ ᠢ ᠪᠠᠲᠤᠲᠠᠢ ᠲᠦᠯᠬᠢᠨ ᠠᠬᠢᠭᠤᠯᠪᠠ᠃ ᠵᠢᠯ ᠤᠨ ᠲᠤᠲᠤᠷ᠎ᠠ 4542 ᠠᠵᠢᠯ ᠤᠨ ᠪᠠᠶᠢᠷᠢ ᠶᠢ ᠴᠤᠭᠯᠠᠭᠤᠯᠵᠤ᠂ 2218 ᠬᠥᠮᠤᠨ ᠳᠤ ᠠᠮᠵᠢᠯᠲᠠ ᠲᠠᠢ ᠠᠵᠢᠯ ᠤᠯᠭᠤᠪᠠ᠃ 312 ᠨᠡᠷ᠎ᠡ ᠦᠢᠯᠡᠰ ᠪᠤᠰᠬᠠᠬᠤ ᠬᠦᠮᠦᠰ ᠲᠤ 2020 ᠲᠦᠮᠡᠨ ᠲᠦᠭᠦᠷᠢᠭ ᠤᠨ ᠦᠢᠯᠡᠰ ᠪᠤᠰᠬᠠᠬᠤ ᠪᠠᠲᠤᠯᠠᠭᠠᠨ ᠤ ᠵᠢᠭᠡᠯᠡᠯᠭᠡ ᠶᠢ ᠲᠠᠯᠪᠢᠪᠠ᠃ ᠲᠦᠷᠦ ᠶᠢᠨ ᠪᠤᠳᠤᠯᠭ᠎ᠠ ᠶᠢᠨ ᠲᠡᠮᠵᠢᠯᠭᠡ ᠪᠠᠷ ᠲᠡᠮᠵᠢᠨ᠂ 33 ᠨᠡᠷ᠎ᠡ ᠠᠵᠤ ᠠᠬᠤᠶᠢᠯᠠᠯ ᠢ ᠵᠢᠯᠤᠭᠤᠳᠤᠨ ᠲᠠᠭᠠᠭᠤᠯᠵᠤ ᠦᠢᠯᠡᠰ ᠪᠦᠲᠦᠭᠡᠬᠦ ᠬᠦᠷᠢᠶᠡᠯᠡᠩ ᠳᠤ ᠤᠷᠤᠭᠤᠯᠪᠠ᠃ ᠬᠤᠲᠠ ᠪᠠᠯᠭᠠᠰᠤᠨ ᠤ ᠠᠵᠢᠯ ᠠᠯᠳᠠᠭᠰᠠᠳ ᠤᠨ ᠨᠤᠷᠮ᠎ᠠ ᠶᠢ 2% ᠲᠤᠲᠤᠷ᠎ᠠ ᠬᠢᠵᠠᠭᠠᠷᠯᠠᠪᠡ᠃ ᠬᠦᠳᠡᠯᠮᠦᠷᠢ ᠪᠠᠳᠤᠯᠠᠭᠠᠨ ᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠨ᠂ ᠬᠠᠤᠯᠢ ᠶᠤᠰᠤᠭᠠᠷ ᠬᠦᠯᠦᠰᠦᠨ ᠠᠵᠢᠯᠲᠠᠨ ᠤ ᠴᠠᠯᠢᠩ 317 ᠲᠦᠮᠡᠨ ᠲᠦᠭᠦᠷᠢᠭ ᠢ ᠡᠭᠡᠭᠦᠯᠦᠨ ᠠᠪᠴᠤ ᠦᠭᠬᠦᠭᠰᠡᠨ ᠪᠠᠶᠢᠨ᠎ᠠ᠃       ᠨᠡᠶᠢᠭᠡᠮ ᠤᠨ ᠪᠠᠲᠤᠯᠠᠭᠠᠨ ᠤ ᠬᠢᠷᠢ ᠲᠦᠪᠰᠢᠨ ᠲᠤᠭᠲᠠᠭᠤᠨ ᠢᠶᠠᠷ ᠲᠡᠭᠡᠭᠰᠢᠯᠡᠪᠡ᠃ ᠬᠤᠲᠠ ᠬᠦᠳᠡᠭᠡ ᠶᠢᠨ ᠪᠠᠲᠤᠯᠠᠬᠤ ᠶᠤᠰᠤᠲᠠᠢ ᠪᠦᠬᠦᠨ ᠢ ᠪᠠᠲᠤᠯᠠᠬᠤ ᠶᠢ ᠪᠡᠶᠡᠯᠡᠭᠦᠯᠦᠨ᠂ ᠮᠠᠯᠵᠢᠬᠤ ᠤᠷᠤᠨ ᠤ ᠬᠤᠷᠰᠢᠭᠰᠠᠨ ᠡᠮ ᠡᠮᠨᠡᠯᠭᠡ  ᠶᠢᠨ ᠲᠠᠭᠠᠳᠬᠠᠯ ᠳᠤ ᠤᠷᠤᠯᠴᠠᠭᠰᠠᠨ ᠨᠤᠷᠮ᠎ᠠ 100% ᠳᠤ ᠬᠦᠷᠴᠦ᠂ ᠮᠠᠯᠵᠢᠬᠤ ᠤᠷᠤᠨ ᠤ ᠨᠠᠰᠤᠵᠢᠯ ᠤᠨ ᠲᠠᠭᠠᠳᠬᠠᠯ ᠳᠤ ᠤᠷᠤᠯᠴᠠᠭᠰᠠᠨ ᠨᠤᠷᠮ᠎ᠠ 84.5% ᠳᠤ ᠬᠦᠷᠴᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ  ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ ᠦᠭᠡᠷᠡᠴᠢᠯᠡᠯᠲᠡ ᠶᠢ ᠡᠬᠢᠯᠡᠨ ᠬᠡᠷᠡᠭᠵᠢᠭᠦᠯᠪᠡ᠃ ᠰᠤᠮᠤ ᠪᠠᠯᠭᠠᠰᠤᠨ ᠤ ᠦᠨᠳᠦᠰᠦᠨ ᠱᠠᠲᠤᠨ ᠤ ᠨᠦᠬᠦᠪᠦᠷᠢ ᠮᠦᠩᠬᠦ᠂ ᠬᠢᠯᠢ ᠬᠢᠵᠠᠭᠠᠷ ᠤᠷᠤᠨ ᠤ ᠨᠦᠬᠦᠪᠦᠷᠢ ᠮᠦᠩᠬᠦ᠂ ᠵᠡᠷᠬᠡ ᠳᠡᠰ ‍ᠤᠨ‌‍ᠴᠠᠯᠢᠩ ᠪᠠ ᠠᠯᠪᠠᠨ ᠠᠵᠢᠯ ᠤᠨ ᠵᠠᠮ ᠬᠠᠷᠢᠯᠴᠠᠭᠠᠨ ᠤ ᠨᠦᠬᠦᠪᠦᠷᠢ ᠶᠢ ᠤᠯᠭᠤᠵᠤ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠠ ᠠᠵᠢᠯ ᠠᠴᠠ ᠪᠠᠨ = ᠠᠮᠠᠷᠠᠭᠰᠠᠨ ᠠᠵᠢᠯᠲᠠᠨ ᠤ ᠴᠠᠯᠢᠩ ᠮᠦᠩᠬᠦ ᠶᠢᠨ ᠲᠤᠬᠢᠷᠠᠭᠤᠯᠤᠯᠲᠠ ᠪᠠ ᠨᠦᠬᠦᠪᠦᠷᠢᠯᠡᠨ ᠲᠠᠷᠬᠠᠭᠠᠬᠤ ᠠᠵᠢᠯ ᠢ ᠪᠡᠶᠡᠯᠡᠭᠦᠯᠦᠭᠰᠡᠨ ᠪᠠᠶᠢᠨ᠎ᠠ᠃ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠲᠤᠯᠠᠭᠠᠨ ᠤ ᠡᠯ᠎ᠡ ᠲᠦᠷᠦᠯ ᠤᠨ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠤᠨ᠂ ᠡᠯ᠎ᠡ ᠲᠦᠷᠦᠯ ᠤᠨ ᠮᠠᠯᠵᠢᠬᠤ ᠥᠢᠯᠡᠳᠪᠤᠷᠢᠯᠠᠯ ᠳᠤ ᠬᠤᠯᠪᠤᠭᠳᠠᠭᠰᠠᠨ ᠪᠡᠯᠡ ᠮᠥᠩᠬᠦ ᠪᠠ ᠨᠡᠶᠢᠭᠡᠮ  ᠤᠨ ᠪᠠᠲᠤᠯᠠᠭ᠎ᠠ ᠶᠢᠨ ᠪᠡᠯᠡ ᠮᠦᠩᠬᠦ ᠶᠢ ᠴᠠᠭ ᠲᠤᠬᠠᠢ ᠳᠤᠨᠢ ᠲᠠᠷᠬᠠᠭᠠᠨ᠂ ᠲᠤᠬᠤᠨᠢᠭᠤᠯᠭ᠎ᠠ ᠶᠢᠨ ᠠᠵᠢᠯ ᠢ ᠢᠳᠡᠪᠬᠢᠲᠡᠢ ᠦᠷᠨᠢᠭᠦᠯᠦᠨ᠂ ᠨᠠᠮ ᠪᠤᠯᠤᠨ ᠵᠠᠰᠠᠭ ᠤᠨ ᠬᠠᠶᠢᠷ᠎ᠠ ᠬᠠᠯᠠᠮᠵᠢ ᠶᠢ ᠠᠷᠠᠳ ᠤᠨ ᠲᠤᠮᠳᠠ ᠬᠦᠷᠭᠡᠭᠰᠡᠨ ᠪᠠᠶᠢᠨ᠎ᠠ᠃         ︵ᠲᠤᠯᠤᠭ᠎ᠠ︶ ᠨᠡᠶᠢᠭᠡᠮ ᠤᠨ ᠠᠵᠢᠯ ᠦᠢᠯᠡᠰ ᠢ ᠲᠡᠩᠴᠡᠭᠦᠷᠢᠲᠡᠢ ᠬᠥᠭᠵᠢᠬᠦᠯᠪᠡ᠃         ᠰᠤᠷᠭᠠᠨ ᠬᠦᠮᠦᠵᠢᠯ ᠤᠨ ᠬᠦᠭᠵᠢᠯᠲᠡ ᠶᠢᠨ ᠬᠢᠷᠢ ᠲᠦᠪᠰᠢᠨ ᠲᠠᠰᠤᠷᠠᠯᠲᠠ ᠦᠭᠡᠢ ᠲᠡᠭᠡᠭᠰᠢᠯᠡᠪᠡ᠃ ᠮᠠᠨᠳᠤᠯ᠎ᠠ ᠪᠠᠭ᠎ᠠ ᠰᠤᠷᠭᠠᠭᠤᠯᠢ᠂ ᠥᠨᠳᠣᠰᠥᠳᠡᠨ ᠤ ᠬᠤᠶᠠᠳᠤᠭᠠᠷ ᠬᠡᠦᠭᠡᠳ ᠤᠨ ᠴᠡᠴᠡᠷᠯᠢᠭ ᠤᠨ ᠭᠤᠤᠯ ᠴᠤᠭᠴᠠ  ᠶᠢᠨ ᠢᠨᠵᠧᠨᠧᠷᠢᠩ ᠠᠵᠢᠯ ᠲᠠᠭᠤᠰᠴᠦ᠂ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ  ᠤᠨ ᠤᠷᠳᠤᠨ ᠠᠰᠢᠭᠯᠠᠯᠲᠠ ᠳᠤ ᠤᠷᠤᠪᠠ᠃ ᠰᠠᠭᠤᠷᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠬᠦ ᠭᠤᠷᠪᠠᠨ ᠵᠢᠯ ᠤᠨ ᠠᠵᠢᠯ ᠤᠨ ᠲᠦᠯᠦᠪᠯᠡᠭᠡ ᠶᠢ ᠬᠦᠨᠵᠡᠭᠡᠢ ᠬᠡᠷᠡᠭᠵᠢᠭᠦᠯᠵᠦ᠂ ᠬᠢᠴᠢᠶᠡᠯᠯᠡᠭᠡ ᠶᠢᠨ ᠲᠢᠩᠬᠢᠮ ᠤᠨ ᠵᠢᠭᠠᠨ ᠰᠣᠷᠭᠠᠯᠲᠠ ᠶᠢᠨ ᠥᠬᠡᠷᠡᠴᠢᠯᠡᠯᠲᠠ ᠶᠢ ᠬᠥᠨᠵᠡᠬᠡᠶᠢᠷᠡᠬᠦᠯᠵᠤ᠂100 ᠭᠠᠷᠤᠢ ᠲᠦᠮᠡᠨ ᠲᠦᠭᠦᠷᠢᠭ ᠵᠠᠷᠤᠴᠠᠭᠤᠯᠤᠨ 100 ᠭᠠᠷᠤᠢ ᠨᠡᠷ᠎ᠡ ᠪᠠᠭᠰᠢᠨᠠᠷ ᠢ ᠱᠠᠩᠨᠠᠨ ᠬᠦᠬᠢᠭᠦᠯᠪᠡ᠃ 15 ᠨᠡᠷ᠎ᠡ ᠲᠤᠮᠳᠠ ᠪᠠᠭ᠎ᠠ ᠰᠤᠷᠭᠠᠭᠤᠯᠢ ᠶᠢᠨ ᠪᠠᠭᠰᠢ ᠶᠢ ᠰᠢᠨ᠎ᠡ ᠪᠠᠷ ᠡᠯᠰᠡᠨ᠂ 15 ᠨᠡᠷ᠎ᠡ ᠬᠡᠦᠭᠡᠳ ᠤᠨ ᠴᠡᠴᠡᠷᠯᠢᠭ ᠤᠨ ᠪᠠᠭᠰᠢ ᠶᠢ ᠤᠷᠢᠨ ᠬᠡᠷᠡᠭᠯᠡᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠤᠨ ᠠᠵᠢᠯ ᠨᠢ ᠦᠪᠡᠷᠲᠡᠭᠡᠨ ᠵᠠᠰᠠᠬᠤ ᠤᠷᠤᠨ ᠤ ᠬᠢᠨᠠᠨ ᠦᠨᠡᠯᠡᠯᠲᠡ ᠪᠠ ᠤᠯᠤᠰ ᠤᠨ ᠬᠢᠨᠠᠨ ᠲᠤᠭᠳᠠᠭᠠᠯ ᠢ ᠦᠩᠭᠡᠷᠡᠭᠡᠨ᠂ ᠭᠤᠷᠪᠠᠳᠤᠭᠠᠷ ᠥᠨᠳᠣᠰᠥᠳᠡᠨ ᠤ ᠬᠡᠦᠭᠡᠳ ᠤᠨ ᠴᠡᠴᠡᠷᠯᠢᠭ ᠨᠢ ᠦᠪᠡᠷᠲᠡᠭᠡᠨ ᠵᠠᠰᠠᠬᠤ ᠤᠷᠤᠨ ᠤ ᠵᠢᠱᠢᠶᠡᠴᠢ ᠬᠡᠦᠭᠡᠳ ᠤᠨ ᠴᠡᠴᠡᠷᠯᠢᠭ ᠤᠨ ᠬᠢᠨᠠᠨ ᠰᠢᠯᠭᠠᠯᠲᠠ ᠶᠢ ᠦᠩᠭᠡᠷᠡᠭᠡᠨ᠂ ᠮᠤᠩᠭᠤᠯ ᠦᠨᠳᠦᠰᠦᠲᠡᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠤᠯᠤᠰ ᠤᠨ ᠲᠡᠰ ᠤᠨ ᠬᠦᠯ ᠪᠦᠮᠪᠦᠭᠡ ᠶᠢᠨ ᠤᠨᠴᠠᠯᠢᠭ ᠲᠠᠢ ᠰᠤᠷᠭᠠᠭᠤᠯᠢ ᠪᠠᠷ ᠦᠨᠡᠯᠡᠭᠳᠡᠪᠡ᠃ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠤᠨ ᠪᠡᠯᠡ ᠮᠦᠩᠬᠦ 153 ᠲᠦᠮᠡᠨ ᠲᠦᠭᠦᠷᠢᠭ ᠢ ᠲᠡᠮᠡᠴᠡᠨ ᠤᠯᠵᠤ᠂ 6 ᠨᠠᠷ᠎ᠡ ᠠᠵᠤ ᠠᠬᠤᠶᠢᠯᠠᠯ ᠢ ᠲᠡᠮᠵᠢᠨ ᠳᠠᠭᠠᠭᠤᠯᠵᠤ᠂ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠦᠷᠨᠢᠭᠦᠯᠦᠭᠰᠡᠨ ᠪᠠᠶᠢᠨ᠎ᠠ᠃          ᠦᠨᠳᠦᠰᠦᠲᠡᠨ ᠤ ᠰᠤᠶᠤᠯ ᠤᠨ ᠠᠵᠢᠯ ᠦᠢᠯᠡᠰ ᠦᠷᠨᠢᠨ ᠬᠦᠭᠵᠢᠪᠠ᠃ ᠠᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ᠂ ᠠᠩᠬᠠᠳᠤᠭᠠᠷ ᠤᠳᠠᠭᠠᠨ ᠤ ᠰᠢᠯᠢ ᠶᠢᠨ ᠭᠤᠤᠯ ᠠᠶᠢᠮᠠᠭ ᠤᠨ《 ᠰᠦᠨᠢᠳ ᠤᠯᠠᠭᠠᠨ ᠢᠳᠡᠭᠡ》 ᠠᠮᠳᠠᠲᠤ ᠢᠳᠡᠬᠡᠨ ᠤ ᠮᠡᠷᠭᠡᠵᠢᠯ ᠤᠨ ᠤᠷᠤᠯᠳᠤᠭᠠᠨ᠂ ᠪᠦᠬᠦ ᠠᠶᠢᠮᠠᠭ ᠤᠨ ᠲᠦᠷᠪᠡᠳᠦᠭᠡᠷ ᠬᠤᠭᠤᠴᠠᠭᠠᠨ  ᠤ ︽ᠠᠯᠲᠠᠨ ᠱᠠᠭ᠎ᠠ︾ ᠱᠠᠩᠨᠠᠯᠲᠤ ᠱᠠᠭ᠎ᠠ ᠲᠤᠭᠯᠠᠭᠠᠮ ᠤᠨ ᠤᠷᠤᠯᠳᠤᠭᠠᠨ ᠵᠡᠷᠭᠡ ᠨᠡᠷᠡᠲᠦ ᠲᠡᠮᠳᠡᠭᠲᠦ ᠰᠤᠶᠤᠯ ᠤᠨ ᠬᠦᠳᠡᠯᠭᠡᠭᠡᠨ ᠢ ᠠᠮᠵᠢᠯᠲᠠ ᠲᠠᠢ ᠦᠷᠨᠢᠭᠦᠯᠪᠡ᠃ ᠮᠤᠩᠭᠤᠯ ᠵᠦᠴᠦᠭᠡ ︽ᠲᠡᠮᠡᠭᠡᠲᠦ ᠨᠤᠲᠤᠭ ᠤᠨ ᠰᠢᠨ᠎ᠡ ᠲᠤᠤᠯᠢ︾  ᠨᠢ ᠤᠯᠤᠰ ᠤᠨ ᠲᠤᠲᠤᠭᠠᠲᠤ ᠭᠠᠳᠠᠭᠠᠲᠤ ᠶᠢᠨ ᠤᠯᠠᠨ ᠲᠦᠷᠦᠯ ᠤᠨ ᠱᠠᠩᠨᠠᠯ ᠢ ᠬᠦᠷᠲᠡᠪᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠲᠡᠯᠭᠡᠷᠡᠩᠬᠦᠢ ᠦᠷᠨᠢᠭᠦᠯᠦᠨ᠂ ︽ᠬᠤᠤᠰ ᠠᠪᠤᠷᠭᠤ ᠦᠯᠵᠡᠢ ᠬᠤᠨᠳᠠᠭᠠᠲᠤ︾ ᠮᠤᠩᠭᠤᠯ ᠮᠠᠶ᠋ᠢᠭ ᠤᠨ ᠪᠦᠬᠡ ᠶᠢᠨ ᠤᠯᠠᠨ ᠤᠯᠤᠰ ᠤᠨ ᠣᠷᠢᠯᠭ᠎ᠠ ᠶᠢᠨ ᠤᠷᠤᠯᠳᠤᠭᠠᠨ᠂ ︽ᠭᠧ ᠯᠠᠨ ᠳ᠋ᠠ ᠬᠤᠨᠳᠠᠭᠠᠲᠤ︾ ᠲᠤᠭᠤᠢ ᠲᠡᠷᠭᠡᠨ ᠤ ᠤᠷᠤᠯᠳᠤᠭᠠᠨ ᠵᠡᠷᠭᠡ ᠤᠯᠠᠨ ᠲᠦᠮᠡᠨᠴᠢ ᠴᠢᠨᠠᠷ ᠲᠠᠢ ᠰᠤᠶᠤᠯ ᠤᠨ ᠬᠦᠳᠡᠯᠭᠡᠭᠡᠨ ᠢ ᠦᠷᠨᠢᠭᠦᠯᠦᠨ᠂ ᠤᠯᠠᠭᠠᠨᠮᠦ᠋ᠴᠢᠷ ᠢ ᠵᠤᠬᠢᠶᠠᠨ ᠪᠠᠶᠢᠭᠤᠯᠵᠤ ᠦᠨᠳᠦᠰᠦᠨ ᠱᠠᠲᠤᠨ ᠳᠤ ᠬᠦᠨᠵᠡᠭᠡᠶᠢᠷᠡᠨ᠂ 100 ᠢᠯᠡᠭᠦᠦ ᠤᠳᠠᠭ᠎ᠠ ᠶᠢᠨ ᠰᠤᠶᠤᠯ ᠤᠷᠠᠯᠢᠭ ᠤᠨ ᠲᠤᠭᠯᠠᠯᠲᠠ ᠭᠠᠷᠭᠠᠵᠥ᠂ ᠦᠨᠳᠦᠰᠦᠨ ᠱᠠᠲᠤᠨ ᠤ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃         ᠡᠷᠡᠬᠦᠯ ᠬᠠᠮᠠᠭᠠᠯᠠᠯ ᠲᠥᠯᠥᠪᠯᠡᠯᠬᠡᠲᠤ ᠦᠷᠡᠵᠢᠯ ᠤᠨ ᠠᠵᠢᠯ ᠯᠠᠪᠳᠠᠭᠤᠨ ᠢᠶᠠᠷ ᠬᠦᠭᠵᠢᠪᠡ᠃ ᠠᠯᠪᠠᠨ  ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠦᠬᠡᠷᠡᠴᠢᠯᠡᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠦ᠂ ᠦᠨᠳᠦᠰᠤᠨ ᠡᠮ ᠡᠮᠨᠡᠯᠭᠡ ᠶᠢᠨ ᠴᠢᠨᠠᠷ ᠴᠢᠨᠰᠠᠭ᠎ᠠ ᠪᠤᠯᠤᠨ ᠦᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠭᠦᠯᠬᠦ ᠭᠤᠷᠪᠠᠨ ᠵᠢᠯ ᠤᠨ ᠲᠥᠯᠥᠪᠯᠡᠯᠬᠡ ᠶᠢ ᠬᠡᠷᠡᠭᠵᠢᠭᠦᠯᠦᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠡᠯᠧᠺᠲᠷᠤᠨ ᠲᠠᠩᠰᠠ ᠡᠪᠬᠡᠮᠡᠯ ᠢ ᠪᠠᠶᠢᠭᠤᠯᠤᠭᠰᠠᠨ ᠨᠤᠷᠮ᠎ᠠ ᠨᠢ 86.5% ᠳᠤ ᠬᠦᠷᠴᠦ᠂ 3441ᠮᠠᠯᠴᠢᠳ ᠲᠤ ᠰᠣᠶᠢᠳᠬᠡᠯ ᠦᠭᠡᠢ ᠪᠡᠶ᠎ᠡ ᠶᠢᠨ ᠪᠠᠶᠢᠴᠠᠭᠠᠯᠲᠠ ᠬᠢᠪᠡ᠃ ᠠᠯᠪᠠᠨ ᠠᠴᠠ ᠡᠷᠬᠢᠯᠡᠭᠰᠡᠨ ᠡᠮᠨᠡᠯᠭᠡ  ᠶᠢᠨ ᠬᠤᠷᠢᠶᠠᠨ ᠤ ᠡᠮ ᠤᠨ ᠦᠷᠲᠡᠭ ᠢ ᠥᠰᠬᠡᠨ ᠬᠤᠳᠠᠯᠳᠤᠬᠤ ᠶᠢ ᠦᠭᠡᠶᠢᠰᠬᠡᠨ᠂ ᠬᠤᠰᠢᠭᠤ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠭᠠᠵᠠᠷ ᠪᠤᠯᠤᠨ ᠲᠥᠯᠥᠪᠯᠡᠯᠬᠡᠲᠤ ᠦᠷᠡᠵᠢᠯ ᠤᠨ ᠦᠢᠯᠡᠴᠢᠯᠡᠭᠡᠨ ᠤ ᠦᠷᠲᠡᠭᠡ ᠶᠢᠨ ᠪᠠᠶᠢᠭᠤᠯᠤᠮᠵᠢ ᠶᠢ ᠨᠢᠭᠡᠳᠬᠡᠬᠦ ᠠᠵᠢᠯ ᠢ ᠲᠠᠭᠤᠰᠬᠠᠨ᠂ ᠬᠤᠰᠢᠭᠤ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠶᠢᠨ ᠬᠤᠷᠢᠶ᠎ᠠ ᠨᠢ ᠬᠤᠶᠠᠳᠣᠭᠠᠷ ᠵᠡᠷᠬᠡ ᠶᠢᠨ ᠬᠦᠭᠡᠭᠴᠢᠨ ᠲᠡᠰ ᠢᠶᠠᠷ ᠦᠨᠡᠯᠡᠭᠳᠡᠪᠡ᠃ ᠮᠤᠩᠭᠤᠯ ᠡᠮᠨᠡᠯᠭᠡ ᠶᠢᠨ ᠬᠤᠷᠢᠶᠠᠨ  ᠤ ᠡᠬᠦᠲᠡᠨ ᠡᠮᠨᠡᠯᠭᠡ ᠶᠢᠨ ᠠᠰᠠᠷ ᠵᠢᠴᠢ ᠮᠤᠩᠭᠤᠯ ᠡᠮ ᠨᠠᠶᠢᠷᠠᠭᠤᠯᠬᠤ ᠲᠠᠰᠤᠭ ᠤᠨ ᠪᠠᠷᠢᠯᠭ᠎ᠠ ᠤᠨ ᠲᠦᠷᠦᠯ ᠵᠦᠢᠯ ᠢ ᠠᠯᠬᠤᠮ ᠲᠠᠷᠠᠭ᠎ᠠ ᠲᠠᠢ ᠪᠠᠷ ᠲᠦᠯᠬᠢᠨ ᠠᠬᠢᠭᠤᠯᠵᠤ᠂ 2 ᠰᠠᠭᠤᠷᠢ ᠰᠤᠮᠤ ᠪᠠᠯᠭᠠᠰᠤᠨ ᠤ ᠪᠠᠷᠢᠮᠵᠢᠶᠠᠭᠰᠠᠨ ᠡᠷᠡᠬᠦᠯ ᠬᠠᠮᠠᠭᠠᠯᠠᠯ ᠤᠨ ᠬᠤᠷᠢᠶ᠎ᠠ᠂ 3 ᠰᠠᠭᠤᠷᠢ ᠭᠠᠴᠠᠭᠠᠨ ᠤ ᠪᠠᠷᠢᠮᠵᠢᠶᠠᠭᠰᠠᠨ ᠡᠷᠡᠬᠦᠯ ᠬᠠᠮᠠᠭᠠᠯᠠᠯ ᠤᠨ ᠲᠠᠰᠤᠭ ᠢ ᠪᠠᠶᠢᠭᠤᠯᠤᠨ᠂ 21 ᠨᠡᠷ᠎ᠡ ᠡᠮᠴᠢ ᠰᠤᠪᠢᠯᠠᠭᠴᠢ ᠶᠢ ᠡᠯᠰᠡᠪᠠ᠃ ︽ᠬᠤᠶᠠᠷ ᠬᠡᠦᠭᠡᠳ ᠠᠪᠬᠤ︾ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠥᠯᠥᠪᠯᠡᠯᠬᠡᠲᠤ ᠦᠷᠡᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠰᠢᠯᠢᠳᠡᠭᠵᠢᠭᠦᠯᠵᠦ᠂ ᠬᠦᠮᠦᠨ ᠠᠮᠠ ᠶᠢᠨ ᠶᠠᠰᠤ ᠴᠢᠨᠠᠷ ᠢ ᠲᠤᠭᠲᠠᠭᠤᠨ ᠢᠶᠠᠷ ᠲᠡᠭᠡᠭᠰᠢᠯᠡᠭᠦᠯᠪᠡ᠃         ︵ᠨᠠᠢᠮᠠ︶ ᠨᠠᠶᠢᠬᠡᠮ ᠤᠨ ᠪᠦᠬᠦ ᠲᠠᠯ᠎ᠡ ᠶᠢᠨ ᠡᠶ᠎ᠡ ᠵᠤᠬᠢᠴᠡᠯᠳᠤ ᠲᠤᠠᠠᠳᠠᠭᠤᠨ ᠢ ᠪᠠᠳᠣᠯᠠᠪᠠ᠃         ᠵᠠᠬᠢᠳᠠᠯ ᠰᠤᠷᠪᠤᠯᠵᠢᠯᠠᠭ᠎ᠠ ᠶᠢᠨ ᠲᠤᠭᠲᠠᠭᠤᠨ ᠢ ᠪᠠᠲᠤᠯᠠᠬᠤ ᠵᠢᠴᠢ ᠠᠮᠤᠭᠤᠯᠠᠩᠲᠦ ᠪᠦᠲᠦᠭᠡᠨ ᠪᠠᠶᠢᠭᠤᠯᠤᠯᠲᠠ ᠶᠢᠨ ᠡᠯ᠎ᠡ ᠲᠦᠷᠦᠯ ᠤᠨ ᠠᠵᠢᠯ ᠢ ᠨᠢᠭᠡᠲᠦᠯᠲᠡᠢ ᠦᠷᠨᠢᠭᠦᠯᠦᠨ᠂ ᠡᠯ᠎ᠡ ᠲᠦᠷᠦᠯ ᠤᠨ ᠵᠦᠷᠢᠴᠡᠯ ᠵᠢᠭᠤᠷᠠᠯᠳᠣᠭᠠᠨ 176 ᠬᠤᠪᠢ ᠶᠢ ᠪᠠᠶᠢᠴᠠᠭᠠᠨ ᠰᠢᠢᠳᠪᠦᠷᠢᠯᠡᠵᠦ᠂ ᠡᠶᠡᠳᠡᠭᠦᠯᠦᠨ ᠰᠢᠢᠳᠪᠦᠷᠢᠯᠡᠭᠰᠡᠨ ᠨᠤᠷᠮ᠎ᠡ 99.2% ᠳᠤ ᠭᠦᠷᠪᠡ᠃ 212 ᠬᠤᠪᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠰᠢᠢᠳᠪᠦᠷᠢᠯᠡᠭᠰᠡᠨ ᠨᠤᠷᠮ᠎ᠠ 96% ᠳᠤ ᠭᠦᠷᠪᠡ᠃ ᠨᠠᠶᠢᠬᠡᠮ ᠤᠨ ᠠᠮᠤᠷ ᠲᠦᠪᠰᠢᠨ ᠢ ᠬᠢᠨᠠᠨ ᠰᠢᠯᠭᠠᠬᠤ ᠡᠵᠡᠮᠳᠠᠬᠦᠷ ᠤᠨ ᠰᠢᠰᠲ᠋ᠧᠮ  ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠠᠤᠯᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠴᠢᠩᠭ᠎ᠠ ᠴᠤᠬᠢᠯᠲᠠ ᠦᠭᠴᠦ᠂ ᠨᠡᠶᠢᠭᠡᠮ ᠤᠨ ᠠᠮᠤᠷ ᠲᠥᠪᠰᠢᠨ ᠤ ᠬᠠᠮᠠᠭᠠᠯᠠᠯᠲᠠ ᠨᠢ ᠤᠬᠢ ᠰᠠᠶᠢᠨ ᠪᠠᠶᠢᠳᠠᠯ ᠶᠢ ᠪᠠᠲᠤᠯᠠᠵᠤ ᠴᠢᠳᠠᠭᠰᠠᠨ ᠪᠠᠶᠢᠨ᠎ᠠ᠃ ᠭᠠᠵᠠᠷ ᠤᠷᠤᠨ ᠳᠤᠨᠢ ᠬᠠᠷᠢᠶᠠᠯᠠᠭᠳᠠᠬᠤ ᠬᠠᠮᠢᠶᠠᠷᠤᠯᠲᠠ ᠶᠢᠨ ᠡᠬᠦᠷᠬᠡ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠤᠯᠤᠨ ᠠᠵᠤ ᠠᠬᠤᠶᠢᠯᠠᠯ  ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠠᠵᠢᠯ ᠢ ᠨᠠᠷᠢᠨ ᠬᠢᠨᠠᠮᠠᠭᠠᠢ ᠦᠷᠨᠢᠭᠦᠯᠦᠨ᠂ ᠠᠮᠤᠷ ᠲᠦᠪᠰᠢᠨ ᠤ ᠠᠰᠠᠭᠤᠳᠠᠯ ᠢ ᠵᠠᠰᠠᠨ ᠴᠡᠭᠴᠡᠯᠡᠭᠰᠡᠨ ᠨᠤᠷᠮ᠎ᠠ 98% ᠳᠤ ᠬᠦᠷᠴᠦ᠂ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠬᠠᠨᠳᠤᠰᠢ ᠲᠤᠭᠲᠠᠭᠤᠨ ᠪᠠᠶᠢᠳᠠᠯ ᠲᠠᠢ ᠪᠤᠯᠤᠭᠰᠠᠨ ᠪᠠᠶᠢᠨ᠎ᠠ᠃ ᠢᠲᠡᠭᠡᠨ ᠡᠮ ᠤᠨ ᠵᠦᠢᠯᠡᠰ ᠤᠨ ᠵᠠᠬ᠎ᠠ ᠲᠡᠯᠭᠡᠭᠦᠷ  ᠤᠨ ᠬᠢᠨᠠᠨ ᠬᠠᠮᠢᠶᠠᠷᠤᠯᠲᠠ ᠪᠠ ᠲᠤᠰᠬᠠᠢ ᠵᠠᠰᠠᠨ ᠴᠡᠭᠴᠡᠯᠡᠯᠲᠡ ᠶᠢᠨ ᠠᠵᠢᠯ ᠢ ᠴᠢᠩᠭᠠᠳᠬᠠᠵᠤ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠦᠢᠯᠡᠰ ᠤᠨ ᠬᠡᠷᠡᠭᠯᠡᠬᠡᠨ ᠳᠤ ᠪᠠᠳᠤᠯᠠᠭ᠎ᠠ ᠬᠠᠩᠭᠠᠪᠠ᠃ ︽ᠲᠤᠯᠤᠭ᠎ᠠ ᠲᠠᠪᠤ︾ ᠬᠠᠤᠯᠢ ᠶᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠠᠤᠯᠢ ᠴᠠᠭᠠᠵᠠ ᠶᠢ ᠵᠢᠷᠭᠤᠭ᠎ᠠ   ᠳᠤ ᠬᠦᠷᠭᠡᠬᠦ︾ ᠬᠦᠳᠡᠯᠭᠡᠭᠡᠨ ᠢ ᠯᠠᠪᠲᠠᠭᠤᠨ ᠪᠠᠲᠤᠲᠠᠢ ᠲᠦᠯᠬᠢᠨ ᠠᠬᠢᠭᠤᠯᠵᠤ᠂ ᠤᠶᠤᠨ ᠤ ᠪᠤᠯᠪᠠᠰᠤᠨ ᠤ ᠪᠥᠳᠥᠬᠡᠨ ᠪᠠᠶᠢᠭᠤᠯᠤᠯᠲᠠ ᠶᠢᠨ ᠬᠦᠳᠡᠯᠭᠡᠭᠡᠨ ᠶᠢ ᠦᠷᠭᠡᠨ ᠲᠡᠯᠭᠡᠷᠡᠩᠭᠦᠢ ᠦᠷᠨᠢᠭᠦᠯᠦᠨ᠂ ᠤᠯᠠᠨ ᠲᠦᠮᠡᠨ ᠤ ᠪᠤᠯᠪᠠᠰᠤᠨ ᠤ ᠬᠡᠪ ᠰᠤᠷᠲᠠᠯ ᠲᠠᠰᠤᠷᠠᠯᠲᠠ ᠦᠭᠡᠢ ᠲᠡᠭᠡᠭᠰᠢᠯᠡᠪᠡ᠃         ᠡᠳᠡᠭᠡᠷ ᠠᠮᠵᠢᠯᠲᠠ ᠶᠢ ᠤᠯᠤᠭᠰᠠᠨ ᠨᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠡᠯ᠎ᠡ ᠲᠠᠪᠬᠤᠷᠭ᠎ᠠ ᠡᠯ᠎ᠡ ᠰᠠᠯᠠᠭ᠎ᠠ ᠮᠦᠴᠢᠷ ᠤᠨ ᠰᠡᠳᠬᠢᠯ ᠨᠢᠬᠡᠳᠦᠨ ᠬᠦᠴᠦ ᠪᠠᠨ ᠬᠠᠮᠳᠤᠳᠬᠠᠨ᠂ ᠨᠠᠶᠢᠳᠠᠪᠤᠷᠢᠵᠢᠭᠤᠯᠤᠯᠲᠠ ᠶᠢ ᠪᠠᠲᠤᠲᠠᠢ ᠠᠳᠬᠤᠭᠰᠠᠨ ᠤ ᠦᠷ᠎ᠠ ᠳ᠋ᠦᠩ ᠶᠤᠮ᠂ ᠮᠦᠨᠴᠦ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠤ ᠰᠢᠷᠭᠠᠭᠤ ᠬᠠᠳᠠᠭᠤᠵᠢᠯᠳᠠᠢ ᠲᠡᠮᠡᠴᠡᠨ᠂ ᠦᠨᠡᠨ ᠪᠤᠳᠠᠲᠠᠢ ᠠᠵᠢᠯᠯᠠᠭᠰᠠᠨ ᠤ ᠦᠷ᠎ᠡ ᠳ᠋ᠦᠩ ᠮᠦᠨ᠃ ᠪᠢᠳᠠ ᠠᠮᠵᠢᠯᠳᠠ ᠪᠠᠨ ᠨᠤᠳᠠᠯᠠᠬᠤ ᠶᠢᠨ ᠬᠠᠮᠳᠦ᠂ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠳᠤᠮᠳᠠ ᠪᠠᠰᠠ ᠣᠯᠡᠨ ᠬᠦᠴᠢᠷᠳᠡᠯ ᠪᠠ ᠠᠰᠠᠭᠤᠳᠠᠯ ᠳᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠬᠤ ᠬᠡᠷᠡᠭᠲᠡᠢ᠃ ᠭᠤᠤᠯᠳᠠᠭᠤ᠄ ᠠᠵᠤ ᠦᠢᠯᠡᠰ ᠤᠨ ᠪᠦᠲᠦᠴᠡ ᠳᠠᠩ ᠴᠤᠯᠭᠤᠢ᠂ ᠤᠯᠠᠨ ᠡᠰᠢᠵᠢᠯᠡᠭᠰᠡᠨ ᠠᠵᠤ ᠦᠢᠯᠡᠰ ᠤᠨ ᠪᠦᠲᠦᠴᠡ ᠬᠠᠷᠠᠬᠠᠨ ᠪᠦᠷᠢᠯᠳᠦᠭᠡᠳᠦᠢ ᠪᠠᠶᠢᠭᠰᠠᠭᠠᠷ᠂ ᠵᠠᠬ᠎ᠠ ᠲᠡᠯᠭᠡᠭᠦᠷ ᠤᠨ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠢᠯᠡᠷᠬᠡᠢ ᠬᠦᠷᠦᠯᠴᠡᠬᠦ ᠦᠭᠡᠢ ᠪᠠᠶᠢᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠵᠡᠩᠨᠡᠯᠲᠡ ᠶᠢᠨ ᠬᠢᠷᠢ ᠲᠦᠪᠰᠢᠨ ᠲᠤᠤᠷ᠎ᠠ᠂ ᠮᠠᠯᠴᠢᠳ ᠤᠨ ᠤᠷᠤᠯᠭ᠎ᠠ ᠪᠠᠨ ᠨᠡᠮᠡᠭᠳᠡᠭᠦᠯᠬᠦ ᠵᠠᠮ ᠢᠪᠴᠤᠤ ᠪᠠᠶᠢᠵᠤ᠂ ᠬᠤᠲᠠ ᠪᠠᠯᠭᠠᠰᠤᠵᠢᠯᠲᠠ ᠶᠢᠨ ᠶᠡᠷᠦᠩᠬᠡᠢ ᠬᠢᠷᠢ ᠲᠦᠪᠰᠢᠨ ᠦᠨᠳᠦᠷ ᠪᠢᠰᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠳᠤ ᠪᠠᠰᠠ ᠪᠠᠭᠤᠷᠠᠢ ᠠᠰᠠᠭᠤᠳᠠᠯ ᠤᠷᠤᠰᠢᠭᠰᠠᠭᠠᠷ ᠪᠠᠶᠢᠵᠤ᠂ ᠬᠦᠭᠵᠢᠯᠲᠡ  ᠶᠢᠨ ᠤᠷᠴᠢᠨ ᠲᠤᠭᠤᠷᠢᠨ ᠭᠦᠢᠴᠡᠳ ᠰᠢᠯᠢᠳᠡᠭᠵᠢᠵᠦ ᠴᠢᠳᠠᠭᠠᠲᠤᠢ᠂ ᠤᠨᠴᠠ ᠵᠠᠷᠢᠮ ᠰᠠᠯᠠᠭ᠎ᠠ ᠮᠦᠴᠢᠷ ᠤᠨ ᠤᠴᠢᠷ ᠶᠠᠪᠤᠳᠠᠯ ᠢ ᠪᠡᠶᠡᠯᠡᠭᠦᠯᠬᠦ ᠨᠤᠷᠮ᠎ᠠ ᠲᠤᠤᠷ᠎ᠠ᠂ ᠦᠢᠯᠡᠴᠢᠯᠡᠭᠡᠨ ᠤ ᠲᠠᠨᠢᠯᠲᠠ ᠲᠤᠲᠠᠮᠠᠭ ᠵᠡᠷᠭᠡ ᠠᠰᠠᠭᠤᠳᠠᠯ ᠤᠷᠤᠰᠢᠵᠤ ᠪᠤᠢ᠂ ᠡᠳᠡᠭᠡᠷ ᠬᠦᠴᠢᠷᠳᠡᠯ ᠪᠤᠯᠤᠨ ᠠᠰᠠᠭᠤᠳᠠᠯ ᠳᠤ ᠬᠠᠨᠳᠤᠭᠤᠯᠤᠨ᠂ ᠪᠢᠳᠠ ᠡᠷᠬᠡᠪᠰᠢ ᠪᠤᠰᠤᠳᠴᠢ ᠲᠠᠯ᠎ᠠ ᠠᠴᠠ ᠯᠠᠪᠳᠠᠭᠤᠨ ᠬᠢᠨᠠᠮᠠᠭᠠᠢ ᠵᠠᠳᠠᠯᠤᠨ ᠰᠢᠨᠵᠢᠯᠡᠵᠦ᠂ ᠨᠡᠩ ᠰᠠᠶᠢᠨ ᠪᠦᠳᠤᠮᠵᠢᠳᠡᠢ ᠠᠷᠭ᠎ᠠ ᠠᠪᠴᠠᠯ ᠢ ᠬᠡᠷᠡᠭᠯᠡᠵᠤ᠂ ᠨᠠᠷᠢᠨ ᠬᠢᠨᠠᠮᠠᠭᠠᠢ ᠰᠠᠶᠢᠲᠤᠷ ᠰᠢᠢᠤᠨᠪᠤᠷᠢᠯᠡᠬᠦ ᠬᠡᠷᠡᠭᠲᠡᠢ᠃         ᠬᠤᠶᠠᠷ᠂ 2017 ᠤᠨ ᠤ ᠭᠤᠤᠯᠳᠠᠯᠭ᠎ᠠ ᠲᠠᠢ ᠠᠵᠢᠯ ᠡᠭᠦᠷᠭᠡ         ᠬᠤᠰᠢᠭᠤ ᠨᠠᠮ ᠤᠨ ᠬᠤᠷᠢᠶᠠᠨ ᠠᠴᠠ ᠰᠤᠳᠤᠯᠤᠨ ᠲᠤᠭᠳᠠᠭᠠᠨᠰᠠᠨ ᠠᠵᠤ ᠠᠬᠤᠢ ᠶᠢᠨ ᠠᠵᠢᠯ ᠤᠨ ᠶᠡᠷᠥᠩᠬᠡᠢ ᠰᠡᠳᠬᠢᠴᠡ ᠪᠤᠯᠤᠨ ᠪᠤᠲᠠᠲᠠᠢ ᠱᠠᠭᠠᠷᠳᠠᠯᠭ᠎ᠠ ᠶᠢ ᠦᠨᠳᠦᠰᠦᠯᠡᠨ᠂ ᠦᠨᠤ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠠᠷᠠᠯᠲᠠ ᠶᠢ ᠠᠩᠬ᠎ᠠ ᠠᠯᠬᠤᠮ ᠲᠤᠭᠲᠠᠭᠠᠪᠡ᠃ ᠳᠠᠷᠤᠢ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ ᠢ 8% ᠪᠠᠷ ᠨᠡᠮᠡᠭᠳᠡᠭᠦᠯᠵᠦ᠂ 54 ᠳ᠋ᠦᠩᠰᠢᠭᠤᠷ ᠲᠦᠭᠦᠷᠢᠭ  ᠲᠤ ᠬᠦᠷᠭᠡᠨ᠎ᠡ᠃ ᠡᠭᠦᠨᠳᠦ᠄ ᠨᠢᠭᠡᠳᠦᠭᠡᠷ ᠠᠵᠦ ᠦᠢᠯᠡᠰ ᠢ 5.6% ᠪᠠᠷ ᠨᠡᠮᠡᠭᠳᠡᠭᠦᠯᠵᠦ᠂ 6.8 ᠳ᠋ᠦᠩᠰᠢᠭᠤᠷ ᠲᠦᠭᠦᠷᠢᠭ   ᠲᠤ ᠬᠦᠷᠭᠡᠨ᠎ᠡ︔ ᠬᠤᠶᠠᠳᠤᠭᠠᠷ ᠠᠵᠦ ᠦᠢᠯᠡᠰ ᠢ 7.9% ᠪᠠᠷ ᠨᠡᠮᠡᠭᠳᠡᠭᠦᠯᠵᠦ᠂ 34.6 ᠳ᠋ᠦᠩᠰᠢᠭᠤᠷ ᠲᠦᠭᠦᠷᠢᠭ ᠲᠤ ᠬᠦᠷᠭᠡᠨ᠎ᠡ︔ ᠭᠤᠷᠪᠠᠳᠤᠭᠠᠷ ᠠᠵᠦ ᠦᠢᠯᠡᠰ ᠢ 10% ᠪᠠᠷ ᠨᠡᠮᠡᠭᠳᠡᠭᠦᠯᠵᠦ᠂ 12.8 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ  ᠶᠢ 15% ᠪᠠᠷ ᠨᠡᠮᠡᠭᠳᠡᠭᠦᠯᠵᠦ᠂ 42.7 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠶᠡᠷᠤᠩᠬᠡᠢ ᠡᠳ᠋ ᠤᠨ ᠵᠠᠰᠠᠭ  ᠤᠨ ᠲᠦᠰᠦᠪᠯᠡᠭᠰᠡᠨ ᠤᠷᠤᠯᠭ᠎ᠠ ᠶᠢ 5.5% ᠪᠠᠷ ᠨᠡᠮᠡᠭᠳᠡᠭᠦᠯᠵᠦ᠂ 2.76 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ ᠪᠤᠷᠤᠯᠠᠭᠤᠯᠬᠤ ᠶᠡᠷᠥᠩᠬᠡᠢ ᠲᠤᠭ᠎ᠠ ᠶᠢ 7.8 ᠳ᠋ᠦᠩᠰᠢᠭᠤᠷ ᠲᠦᠭᠦᠷᠢᠭ ᠲᠤ ᠬᠦᠷᠭᠡᠵᠦ᠂ 10% ᠪᠠᠷ ᠨᠡᠮᠡᠭᠳᠡᠭᠦᠯᠦᠨ᠎ᠡ᠃ ᠬᠤᠲᠠ  ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠳᠠᠵᠤ ᠪᠤᠯᠬᠤᠶᠢᠴᠠ ᠤᠷᠤᠯᠭ᠎ᠠ ᠶᠢ ᠲᠤᠰᠪᠦᠷᠢ 9% ᠪᠠ10% ᠪᠠᠷ ᠨᠡᠮᠡᠭᠳᠡᠭᠦᠯᠵᠦ᠂ 35700 ᠪᠤᠯᠤᠨ14010 ᠲᠦᠭᠦᠷᠢᠭ ᠲᠤ ᠬᠦᠷᠭᠡᠨ᠎ᠡ᠃         ᠡᠳᠡᠭᠡᠷ ᠬᠦᠢᠴᠡᠳᠭᠡᠯ ᠲᠤᠭ᠎ᠠ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠠᠷᠢᠨ ᠬᠢᠨᠠᠮᠠᠭᠠᠢ ᠰᠤᠳᠤᠯᠤᠨ ᠶᠠᠷᠢᠯᠴᠠᠵᠦ᠂ ᠡᠯ᠎ᠡ ᠲᠠᠯ᠎ᠠ ᠶᠢᠨ ᠡᠯᠧᠮᠧᠨ᠋ᠲ ᠢ ᠬᠦᠢᠴᠡᠳ  ᠪᠤᠳᠤᠯᠬᠢᠯᠠᠭᠰᠠᠨ ᠤ ᠰᠠᠭᠤᠷᠢᠨ ᠳᠡᠭᠡᠷ᠎ᠡ ᠲᠤᠭᠳᠠᠭᠠᠭᠰᠠᠨ ᠶᠤᠮ᠃ ᠮᠦᠨᠴᠦ ᠲᠤᠭᠲᠠᠭᠤᠨ ᠢ ᠪᠠᠲᠤᠯᠠᠨ ᠯᠠᠪᠳᠠᠭᠤᠨ ᠢᠶᠠᠷ ᠤᠷᠤᠭᠰᠢᠯᠠᠬᠤ ᠵᠤᠷᠢᠭ ᠰᠠᠨᠠᠭ᠎ᠠ ᠶᠢ ᠬᠦᠢᠴᠠᠳ ᠲᠤᠤᠱᠯᠠᠭᠤᠯᠤᠨ᠂ ᠬᠦᠳᠡᠯᠥᠩᠭᠦᠢ ᠪᠠᠶᠢᠬᠤ ᠵᠠᠷᠴᠢᠮ ᠢ ᠴᠢᠬᠤᠯᠠᠴᠢᠯᠠᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠲᠠᠬᠢ ᠬᠠᠨᠳᠤᠰᠢ ᠶᠢᠨ ᠴᠢᠨᠠᠷᠲᠠᠢ ᠬᠤᠪᠢᠷᠠᠯᠲᠠ ᠪᠤᠯᠤᠨ ᠠᠵᠤ ᠦᠢᠯᠡᠰ᠂ ᠲᠦᠷᠦᠯ ᠵᠤᠶᠢᠯ ᠵᠡᠷᠭᠡ ᠲᠠᠯ᠎ᠠ ᠶᠢᠨ ᠲᠤᠯᠭᠠᠭᠤᠷᠢᠯᠠᠬᠤ ᠨᠦᠬᠦᠴᠡᠯ ᠢ ᠪᠤᠳᠤᠯᠬᠢᠯᠠᠭᠰᠠᠨ ᠢᠶᠠᠷ ᠪᠠᠷᠠᠬᠤ ᠦᠭᠡᠢ᠂ ᠮᠠᠨ ᠤ ᠬᠤᠰᠢᠭᠤᠨ ᠤ ᠬᠦᠭᠵᠢᠯᠲᠡ ᠶᠢᠨ ᠳᠠᠯᠳᠠ ᠬᠦᠴᠦᠨ ᠪᠠ ᠤᠳᠤᠬᠢ ᠪᠠᠶᠢᠳᠠᠯ ᠢ ᠪᠤᠳᠤᠯᠬᠢᠯᠠᠵᠥ᠂ ︽ᠮᠠᠷᠠᠶᠢᠨ ᠴᠢᠷᠮᠠᠶᠢᠬᠤ︾ ᠵᠤᠷᠢᠭ ᠰᠠᠨᠠᠭ᠎ᠠ ᠪᠠᠷ ᠬᠠᠷᠠᠯᠲᠠ ᠵᠤᠷᠢᠯᠭ᠎ᠠ ᠳᠠᠭᠠᠨ ᠬᠥᠷᠬᠦ ᠪᠠᠷ ᠵᠢᠳᠬᠦᠵᠤ᠂ ᠦᠷᠢᠰᠦᠯᠲᠤᠨ ᠳᠠᠪᠰᠢᠬᠤ ᠵᠤᠷᠢᠭ ᠰᠠᠨᠠᠭ᠎ᠠ ᠪᠠᠨ ᠰᠣᠯᠠᠳᠬᠠᠬᠤ ᠥᠬᠡᠢ ᠴᠢᠩᠭ᠎ᠠ ᠠᠤᠠᠬᠤᠪᠡᠯ᠂ ᠡᠳᠡᠭᠡᠷ ᠬᠠᠷᠠᠯᠲᠠ ᠯᠠᠪᠲᠠᠢ ᠪᠡᠶᠡᠯᠡᠭᠳᠡᠬᠦ ᠶᠤᠮ᠃ ᠡᠶᠢᠮᠦ ᠠᠴᠠ ᠪᠢᠳᠡ ᠡᠷᠬᠡᠪᠰᠢ ᠲᠤᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠪᠤᠯᠭᠠᠨ ᠠᠳᠬᠤᠬᠤ ᠬᠡᠷᠡᠭᠲᠠᠢ᠃         ︵ᠨᠢᠬᠡ︶ ᠲᠤᠭᠲᠠᠭᠤᠨ ᠢᠶᠠᠷ ᠨᠡᠮᠡᠭᠳᠡᠬᠦᠯᠬᠦ ᠶᠢ ᠪᠠᠷᠢᠮᠲᠠᠯᠠᠵᠦ᠂ ᠪᠦᠬᠦ ᠬᠦᠴᠦᠨ ᠢᠶᠠᠷ ᠲᠦᠷᠦᠯ ᠵᠤᠶᠢᠯ ᠢ ᠠᠳᠬᠤᠵᠦ ᠪᠡᠯᠡ ᠤᠷᠤᠭᠤᠯᠤᠯᠲᠠ ᠪᠠᠨ ᠦᠷᠭᠡᠳᠬᠡᠨ ᠡᠷᠬᠢᠯᠲᠡ ᠶᠢ ᠪᠠᠳᠤᠯᠠᠬᠤ ᠭᠡᠷᠡᠭᠲᠠᠢ᠃ ᠠᠵᠦ ᠠᠬᠤᠢ ᠶᠢᠨ ᠲᠤᠷᠤᠭᠰᠢᠯᠠᠯᠲᠠ ᠶᠢᠨ ᠳᠠᠷᠤᠯᠲᠠ ᠳᠤᠤᠷ᠎ᠠ᠂ ᠡᠷᠬᠡᠪᠰᠢ ᠲᠤᠭᠲᠠᠭᠤᠨ ᠢᠶᠠᠷ ᠨᠡᠮᠡᠭᠳᠡᠬᠦ ᠶᠢ ᠲᠡᠷᠢᠭᠦᠨ ᠴᠢᠬᠤᠯᠠ ᠡᠭᠦᠷᠭᠡ ᠪᠤᠯᠭᠠᠨ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠤᠶᠢᠯ ᠢ ᠠᠳᠬᠤᠵᠦ᠂ ᠪᠡᠯᠡ ᠤᠷᠤᠭᠤᠯᠤᠯᠲᠠ ᠪᠠᠨ ᠦᠷᠭᠡᠳᠬᠡᠨ᠂ ᠲᠤᠬᠢᠷᠠᠭᠤᠯᠤᠯᠲᠠ ᠶᠢ ᠴᠢᠩᠭᠠᠳᠬᠠᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ  ᠶᠢ ᠪᠠᠲᠤᠯᠠᠬᠤ ᠬᠡᠷᠡᠭᠲᠠᠢ᠃         ᠨᠢᠬᠡ ᠳᠤ᠂ ᠲᠦᠷᠦᠯ ᠵᠤᠶᠢᠯ ᠢ ᠠᠳᠬᠤᠨ᠂ ᠲᠤᠭᠲᠠᠭᠤᠨ ᠢᠶᠠᠷ ᠨᠡᠮᠡᠭᠳᠡᠬᠦᠯᠬᠦ ᠶᠢ ᠪᠠᠳᠣᠯᠠᠬᠤ ᠬᠡᠷᠡᠭᠲᠠᠢ᠃ ᠪᠢᠳᠡ ᠦᠪᠡᠷᠲᠡᠭᠡᠨ ᠵᠠᠰᠠᠬᠤ ᠤᠷᠤᠨ ᠤ 70 ᠵᠢᠯ ᠤᠨ ᠤᠢ ᠶᠢᠨ ᠪᠠᠶᠠᠷ ᠢ  ᠪᠡᠯᠬᠡᠯᠡᠬᠦ ᠳᠤᠬᠢᠶᠠᠯ ᠢ ᠰᠠᠶᠢᠲᠤᠷ ᠠᠳᠬᠤᠵᠤ᠂ ᠤᠯᠤᠰ ᠠᠴᠠ ᠳᠤᠮᠳᠠ ᠪᠠᠷᠠᠭᠤᠨ ᠭᠠᠵᠠᠷ ᠤᠷᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠳᠬᠦᠬᠦ ᠲᠥᠷᠥ ᠶᠢᠨ ᠪᠤᠳᠣᠯᠭ᠎ᠠ ᠪᠤᠯᠤᠨ ᠭᠤᠤᠯᠳᠠᠯᠭ᠎ᠠ ᠲᠠᠢ ᠲᠦᠷᠦᠯ ᠵᠤᠶᠢᠯ ᠢ ᠴᠦᠬᠡᠨ ᠲᠤᠭᠠᠲᠦ ᠦᠨᠳᠦᠰᠦᠲᠡᠨ ᠤ ᠭᠠᠵᠠᠷ ᠤᠷᠤᠨ ᠳᠤ ᠬᠡᠯᠪᠡᠶᠢᠯᠬᠡᠬᠦ ᠪᠠᠶᠢᠷᠢᠯᠠᠭᠤᠯᠤᠯᠲᠠ ᠶᠢ ᠬᠦᠢᠴᠡᠳ ᠠᠰᠢᠭᠯᠠᠵᠤ᠂ ᠨᠢᠭᠡ ᠪᠦᠯᠦᠭ ᠪᠦᠲᠦᠴᠡ ᠶᠢᠨ ᠲᠤᠬᠢᠷᠠᠭᠤᠯᠤᠯᠲᠠ᠂ ᠲᠤᠳᠠᠭᠤᠳᠠᠯ ᠢᠶᠠᠨ ᠨᠦᠬᠦᠪᠦᠷᠢᠯᠡᠬᠦ᠂ ᠠᠷᠠᠳ ᠤᠨ ᠠᠮᠢᠳᠤᠷᠠᠯ  ᠳᠤ ᠠᠰᠢᠭᠲᠠᠢ ᠭᠤᠤᠯᠳᠠᠯᠭ᠎ᠠ ᠲᠠᠢ ᠲᠦᠷᠦᠯ ᠵᠤᠶᠢᠯ ᠢ ᠳᠠᠷᠤᠢ ᠲᠦᠷᠭᠡᠨ ᠲᠥᠰᠥᠪᠯᠡᠨ  ᠭᠠᠷᠭᠠᠵᠤ᠂ ᠲᠤᠬᠢᠶᠠᠯ ᠢ ᠠᠰᠢᠭᠯᠠᠨ᠂ ᠢᠳᠡᠪᠬᠢᠲᠡᠢ ᠬᠦᠳᠡᠯᠦᠯᠴᠡᠵᠦ᠂ ᠲᠤᠳᠠᠭᠤᠳᠠᠯ ᠢᠶᠠᠨ ᠨᠦᠬᠦᠪᠦᠷᠢᠯᠡᠨ᠂ ᠵᠦᠷᠢᠶ᠎ᠡ ᠪᠠᠨ ᠪᠠᠭᠠᠰᠬᠠᠬᠤ ᠭᠡᠷᠡᠭᠲᠠᠢ᠃ ᠮᠠᠯᠵᠢᠬᠤ ᠤᠷᠤᠨ ᠤ ᠲᠠᠯ᠎ᠠ ᠠᠴᠠ ᠦᠵᠡᠪᠡᠯ᠂ ᠪᠢᠳᠡ 2020 ᠤᠨ ᠳᠤ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠤᠯᠭᠠᠨ᠂ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠶᠢ ᠲᠦᠷᠭᠡᠳᠭᠡᠨ᠂ ᠬᠠᠭᠤᠴᠢᠨ ᠲᠤᠭᠤᠷᠢᠭ ᠢ ᠵᠠᠰᠠᠨ ᠦᠬᠡᠷᠡᠴᠢᠯᠡᠬᠦ᠂ ᠵᠠᠮ ᠬᠠᠷᠢᠯᠴᠠᠭ᠎ᠠ᠂ ᠤᠰᠦ ᠴᠠᠬᠢᠯᠭᠠᠨ᠂ ᠴᠢᠮᠡᠭᠡ ᠨᠡᠪᠳᠡᠷᠡᠬᠦᠯᠬᠡ ᠵᠡᠷᠭᠡ ᠳᠠᠯ᠎ᠠ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢᠨ ᠲᠦᠷᠦᠯ ᠵᠤᠶᠢᠯ ᠢ ᠲᠦᠯᠬᠢᠨ ᠠᠬᠢᠭᠤᠯᠬᠤ ᠬᠡᠷᠡᠭᠲᠠᠢ᠃ ᠬᠤᠲᠠ ᠪᠠᠯᠭᠠᠰᠤᠨ ᠤ ᠲᠠᠯ᠎ᠠ ᠠᠴᠠ ᠦᠵᠡᠪᠡᠯ᠂ ᠭᠠᠵᠠᠷ ᠳᠤᠤᠷᠠᠬᠢ ᠲᠦᠬᠦᠭᠡᠷᠦᠮᠵᠢ ᠬᠠᠭᠤᠴᠢᠷᠠᠵᠦ᠂ ᠬᠠᠭᠤᠴᠢᠨ ᠭᠡᠷ ᠪᠠᠶᠢᠰᠢᠩ ᠨᠡᠯᠢᠶᠡᠳ ᠤᠯᠠᠨ᠂ ᠨᠡᠶᠢᠲᠡ ᠶᠢᠨ ᠰᠠᠭᠤᠷᠢ ᠲᠦᠬᠦᠭᠡᠷᠦᠮᠵᠢ ᠪᠦᠷᠢᠨ ᠳᠡᠭᠦᠯᠳᠡᠷᠵᠢᠬᠡᠳᠦᠢ ᠪᠠᠶᠢᠵᠤ᠂ ᠪᠦᠬᠦᠨ ᠢ ᠰᠢᠨᠡᠳᠬᠡᠨ ᠵᠠᠰᠠᠵᠥ᠂ ᠶᠡᠭᠡ ᠬᠡᠮᠵᠢᠶ᠎ᠡ ᠪᠠᠷ ᠪᠡᠯᠨ ᠤᠷᠤᠭᠤᠯᠬᠤ ᠴᠢᠬᠤᠯᠠᠲᠠᠢ ᠪᠠᠶᠢᠨ᠎ᠠ᠃ ᠠᠵᠦ ᠦᠢᠯᠡᠰ ᠤᠨ ᠬᠦᠭᠵᠢᠯᠲᠡ ᠶᠢᠨ ᠲᠠᠯ᠎ᠠ ᠠᠴᠠ ᠦᠵᠡᠪᠡᠯ᠂ ᠤᠯᠠᠮᠵᠢᠯᠠᠯᠲᠦ ᠠᠵᠤ ᠦᠢᠯᠡᠰ ᠤᠨ ᠡᠵᠡᠯᠡᠬᠦ ᠬᠠᠷᠢᠴᠠᠯ ᠶᠡᠭᠡ᠂ ᠰᠢᠨ᠎ᠡ ᠠᠵᠦ ᠦᠢᠯᠡᠰ ᠤᠨ  ᠬᠡᠪᠴᠢᠶᠡᠵᠢᠯ ᠪᠠᠭ᠎ᠠ᠂ ᠥᠢᠯᠡᠳᠪᠤᠷᠢ ᠠᠭᠤᠷᠬᠠᠢ ᠠᠵᠤ ᠠᠬᠤᠶᠢᠯᠡᠯ ᠤᠨ ᠲᠦᠷᠦᠯ ᠵᠤᠶᠢᠯ ᠨᠢ ᠤᠯᠠᠨ ᠡᠰᠢᠲᠤ ᠲᠠᠯ᠎ᠠ ᠪᠠᠷ ᠬᠥᠷᠥᠯᠴᠡᠬᠦ ᠥᠬᠡᠢ᠂ ᠴᠡᠪᠡᠷ ᠡᠨᠧᠷᠬᠢ᠂ ᠤᠳᠤᠬᠢᠴᠢᠯᠠᠭᠰᠠᠨ ᠮᠠᠯ ᠠᠵᠦ ᠠᠬᠤᠢ᠂ ᠰᠤᠶᠤᠯ ᠵᠢᠭᠤᠯᠴᠢᠯᠠᠯ᠂ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠵᠡᠷᠭᠡ ᠲᠠᠯ᠎ᠠ ᠪᠠᠷ ᠲᠦᠷᠭᠡᠳᠭᠡᠨ ᠲᠦᠯᠬᠢᠨ ᠠᠬᠢᠭᠤᠯᠬᠤ ᠬᠡᠷᠡᠭᠲᠠᠢ᠃ ᠰᠠᠭᠤᠷᠢ ᠲᠦᠬᠦᠭᠡᠷᠦᠮᠵᠢ ᠶᠢᠨ ᠲᠠᠯ᠎ᠠ ᠠᠴᠠ ᠦᠵᠡᠪᠡᠯ᠂ ᠨᠦᠬᠦᠴᠡᠯ ᠬᠤᠴᠤᠷᠤᠩᠭᠤᠢ᠂ ᠳᠠᠷᠤᠢ ᠲᠦᠷᠭᠡᠨ ᠨᠢᠭᠡ ᠪᠦᠯᠦᠭ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠲᠦᠷᠦᠯ ᠵᠤᠶᠢᠯ ᠢ ᠬᠡᠷᠡᠭᠵᠢᠭᠦᠯᠬᠦ ᠴᠢᠬᠤᠯᠲᠠᠢ᠃ ᠠᠷᠠᠳ ᠤᠨ ᠠᠮᠢᠳᠤᠷᠠᠯ ᠶᠢᠨ ᠲᠠᠯ᠎ᠠ ᠠᠴᠠ ᠦᠵᠡᠪᠡᠯ᠂ ᠨᠡᠶᠢᠲᠡ ᠶᠢᠨ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ᠂ ᠰᠤᠶᠤᠯ ᠳᠠᠮᠢᠷ ᠵᠢᠭᠤᠯᠴᠢᠯᠠᠯ᠂ ᠨᠡᠶᠢᠲᠡ ᠶᠢᠨ ᠠᠮᠤᠷ ᠲᠦᠪᠰᠢᠨ᠂ ᠡᠷᠡᠭᠦᠯ ᠴᠢᠬᠢᠷᠠᠭ ᠨᠠᠰᠣᠵᠢᠯ ᠠᠰᠠᠷᠠᠮᠵᠢ ᠵᠠᠷᠭᠡ ᠲᠠᠯ᠎ᠠ ᠪᠠᠷ ᠴᠦᠮ ᠪᠤᠲᠠᠲᠠᠢ ᠲᠦᠷᠦᠯ ᠵᠤᠶᠢᠯ ᠤᠨ ᠪᠡᠯᠡ ᠤᠷᠤᠭᠤᠯᠤᠯᠲᠠ ᠱᠠᠭᠠᠷᠳᠠᠭᠳᠠᠵᠤ ᠪᠠᠶᠢᠨ᠎ᠠ᠃         ᠬᠤᠶᠠᠷ ᠲᠤ᠂ ᠪᠡᠯᠡ ᠤᠷᠤᠭᠤᠯᠤᠯᠲᠠ ᠪᠠᠨ ᠦᠷᠭᠡᠳᠬᠡᠵᠦ᠂ ᠲᠤᠭᠳᠠᠭᠤᠨ ᠢᠶᠠᠷ ᠬᠥᠭᠵᠢᠬᠦ ᠶᠢ ᠪᠠᠳᠣᠯᠠᠬᠤ ᠭᠡᠷᠡᠭᠲᠠᠢ᠃ ᠡᠨᠡ ᠵᠢᠯ ᠤᠨ ᠲᠦᠷᠦᠯ ᠵᠦᠢᠯ ᠢ ᠠᠳᠬᠤᠬᠤ ᠴᠢᠭᠯᠡᠯ ᠨᠢ ᠨᠢᠭᠡᠨᠲᠡ ᠲᠤᠲᠤᠷᠬᠠᠢ ᠪᠤᠯᠵᠤ᠂ ᠲᠠᠷᠠᠭ᠎ᠠ ᠠᠯᠬᠤᠮ ᠤᠨ ᠠᠵᠢᠯ ᠪᠤᠯ ᠪᠡᠯᠡ ᠮᠦᠩᠬᠦ ᠶᠢᠨ ᠢᠷᠡᠯᠲᠠ ᠶᠢ ᠰᠢᠢᠳᠪᠤᠷᠢᠯᠡᠬᠦ ᠠᠰᠠᠭᠤᠳᠠᠯ ᠪᠤᠯᠤᠨ᠎ᠡ᠃ ᠰᠢᠨ᠎ᠡ ᠭᠡᠪ ᠪᠠᠶᠢᠳᠠᠯ ᠤᠨ ᠲᠤᠤᠷ᠎ᠠ᠂ ᠤᠯᠠᠮᠵᠢᠯᠠᠯᠲᠤ ᠪᠠᠯᠠ ᠤᠷᠤᠭᠤᠯᠤᠯᠲᠠ ᠶᠢᠨ ᠠᠷᠭ᠎ᠠ ᠵᠠᠮ ᠶᠢ ᠪᠠᠳᠠᠷᠠᠭᠤᠯᠬᠤ ᠶᠢᠨ ᠵᠡᠷᠬᠡᠴᠡᠭᠡ  ᠪᠠᠷ ᠰᠢᠨ᠎ᠡ ᠪᠡᠯᠡ ᠤᠷᠤᠭᠤᠯᠤᠯᠲᠠ ᠶᠢᠨ ᠠᠷᠭ᠎ᠠ ᠵᠠᠮ ᠢ ᠡᠷᠢᠯᠬᠢᠯᠡᠵᠥ᠂ ᠨᠡᠶᠢᠭᠡᠮ ᠤᠨ ᠪᠡᠯᠡ ᠤᠷᠤᠭᠤᠯᠤᠯᠲᠠ ᠶᠢᠨ ᠲᠠᠯᠲᠠ ᠬᠦᠴᠦᠨ ᠢ ᠬᠦᠢᠴᠡᠳ ᠪᠠᠳᠠᠷᠠᠭᠤᠯᠬᠤ ᠭᠡᠷᠡᠭᠲᠠᠢ᠃ ᠦᠪᠡᠷᠲᠡᠭᠡᠨ ᠵᠠᠰᠠᠬᠤ ᠤᠷᠤᠨ ᠤ ᠰᠢᠨ᠎ᠡ ᠨᠢᠭᠡ ᠡᠭᠡᠯᠵᠢ  ᠶᠢᠨ ᠬᠦᠨᠳᠦ ᠴᠢᠬᠤᠯᠠ ᠠᠵᠤ ᠦᠢᠯᠡᠰ ᠤᠨ ᠲᠤᠬᠢᠷᠠᠭᠤᠯᠤᠯᠲᠠ ᠪᠤᠯᠤᠨ ᠭᠤᠤᠯᠳᠠᠯᠭ᠎ᠠ ᠲᠠᠢ ᠲᠦᠷᠦᠯ ᠵᠥᠢᠯ ᠢ ᠭᠡᠷᠡᠭᠵᠢᠬᠦᠯᠬᠦ ᠶᠢ ᠲᠠᠭᠠᠯᠳᠤᠨ᠂ ᠪᠢᠳᠡᠨ ᠤ ᠨᠢᠭᠡ ᠪᠦᠯᠦᠭ ᠬᠦᠨᠳᠤ ᠴᠢᠬᠤᠯᠠ ᠲᠦᠷᠦᠯ ᠵᠦᠢᠯ ᠢ ᠡᠷᠡᠮᠡᠯᠵᠡᠯᠡᠬᠦ ᠳᠤ ᠠᠵᠠ ᠵᠠᠪᠰᠢᠶᠠᠨ ᠠᠪᠴᠢᠷᠠᠵᠠᠢ᠃ ᠪᠢᠳᠡ ᠡᠷᠬᠡᠪᠰᠢ ᠦᠪᠡᠷᠲᠡᠭᠡᠨ ᠵᠠᠰᠠᠬᠤ ᠤᠷᠤᠨ ᠪᠤᠯᠤᠨ ᠠᠶᠢᠮᠠᠭ ᠤᠨ ᠬᠠᠮᠢᠶ᠎ᠠ ᠪᠦᠬᠦᠢ ᠪᠠᠶᠢᠭᠤᠯᠭ᠎ᠠ ᠲᠠᠢ ᠢᠲᠡᠪᠬᠢᠲᠠᠢ ᠬᠠᠷᠢᠯᠴᠠᠵᠤ᠂ ᠲᠦᠷᠦᠯ ᠵᠦᠢᠯ ᠢ ᠡᠷᠡᠮᠡᠯᠵᠡᠯᠡᠬᠦ ᠬᠦᠴᠦᠯᠠᠴᠠ ᠪᠠᠨ ᠴᠢᠩᠭᠠᠳᠬᠠᠬᠤ ᠭᠡᠷᠡᠭᠲᠠᠢ᠃ ᠡᠭᠦᠨ ᠤ ᠬᠠᠮᠲᠤ᠂ ᠬᠠᠷᠠᠭᠠᠯᠵᠠᠭᠰᠠᠨ ᠪᠡᠯᠠ ᠮᠦᠩᠬᠦ ᠶᠢᠨ ᠠᠰᠠᠭᠤᠳᠠᠯ ᠢ ᠰᠢᠢᠤᠨᠪᠤᠷᠢᠯᠠᠵᠥ᠂ ᠪᠠᠯᠠ ᠮᠦᠩᠬᠦ ᠶᠢᠨ ᠭᠡᠷᠡᠭᠯᠡᠭᠡᠨ ᠤ ᠦᠷ᠎ᠡ ᠠᠰᠢᠭ ᠢ ᠨᠡᠮᠡᠭᠳᠡᠬᠦᠯᠬᠦ ᠭᠡᠷᠡᠭᠲᠠᠢ᠃ ᠢᠲᠡᠬᠡᠮᠵᠢᠲᠤ ᠵᠢᠭᠡᠯᠡᠯᠭᠡ ᠶᠢᠨ ᠪᠠᠯᠠ ᠨᠡᠶᠢᠯᠡᠬᠦᠯᠬᠦ ᠭᠡᠯᠪᠡᠷᠢ ᠶᠢ ᠰᠢᠨᠡᠴᠢᠯᠠᠨ᠂ ᠪᠠᠩᠬᠢ ᠪᠤᠯᠤᠨ ᠠᠵᠤ ᠠᠬᠤᠶᠢᠯᠠᠯ ᠢ ᠵᠤᠬᠢᠴᠠᠭᠤᠯᠵᠤ ᠶᠠᠷᠢᠯᠴᠠᠬᠤ ᠬᠤᠷᠠᠯ ᠢ ᠬᠤᠷᠠᠯᠳᠣᠭᠤᠯᠵᠤ᠂ ᠪᠠᠩᠬᠢ ᠪᠤᠯᠤᠨ ᠠᠵᠤ ᠠᠬᠤᠶᠢᠯᠠᠯ ᠬᠠᠮᠳᠣᠷᠠᠨ ᠠᠵᠢᠯᠯᠠᠬᠤ ᠲᠠᠪᠴᠠᠩ ᠢ ᠪᠠᠶᠢᠭᠤᠯᠬᠤ ᠭᠡᠷᠡᠭᠲᠠᠢ᠃ ᠬᠠᠤᠯᠢ ᠳᠦᠷᠢᠮ ᠤᠨ ᠶᠤᠰᠤᠭᠠᠷ ᠵᠠᠰᠠᠭ ᠤᠨ ᠤᠷᠳᠤᠨ ᠤ ᠪᠠᠯᠠ ᠤᠷᠤᠭᠤᠯᠤᠯᠲᠠ ᠶᠢᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠢᠳᠡᠬᠡᠮᠵᠢᠳᠦ ᠪᠠᠳᠤᠯᠠᠭ᠎ᠠ᠂ ᠵᠢᠭᠡᠯᠡᠯᠭᠡ ᠶᠢᠨ ᠬᠦᠦ ᠮᠦᠩᠬᠦ ᠶᠢ ᠤᠷᠤᠯᠠᠨ ᠪᠤᠴᠠᠭᠠᠬᠤ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠭᠡᠯᠪᠡᠷᠢ ᠶᠢ ᠬᠦᠢᠴᠡᠳ ᠪᠠᠳᠠᠷᠠᠭᠤᠯᠵᠤ᠂ ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠬᠦ ᠭᠡᠷᠡᠭᠲᠠᠢ᠃ ᠵᠠᠰᠠᠭ ᠤᠨ ᠤᠷᠳᠤᠨ ᠪᠤᠯᠤᠨ ᠨᠡᠶᠢᠭᠡᠮ ᠤᠨ ᠪᠡᠯᠡ ᠨᠡᠶᠢᠯᠡᠬᠦᠯᠵᠤ ᠬᠤᠷᠰᠢᠬᠤ ᠭᠡᠯᠪᠡᠷᠢ ᠶᠢ ᠲᠡᠭᠦᠯᠳᠡᠷᠵᠢᠬᠦᠯᠵᠦ᠂ ᠰᠠᠭᠤᠷᠢ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ᠂ ᠨᠡᠶᠢᠬᠡᠮ ᠨᠡᠶᠢᠳᠡ ᠶᠢᠨ ᠦᠢᠯᠡᠴᠢᠯᠡᠬᠡᠨ ᠤ ᠬᠦᠷᠢᠶᠡᠨ ᠳᠠᠬᠢ ppp ᠲᠦᠷᠦᠯ ᠵᠦᠢᠯ ᠤᠨ ᠭᠡᠷᠡᠭᠵᠢᠬᠦᠯᠬᠦ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠨᠡᠩ ᠤᠯᠠᠨ ᠲᠦᠷᠤᠯ ᠤᠨ ᠨᠡᠶᠢᠭᠡᠮ ᠤᠨ ᠪᠡᠯᠡ ᠤᠷᠤᠭᠤᠯᠤᠯᠲᠠ ᠶᠢ ᠨᠡᠮᠡᠭᠳᠡᠬᠦᠯᠬᠦ ᠭᠡᠷᠡᠭᠲᠠᠢ᠃ ᠵᠢᠯ ᠤᠨ ᠲᠤᠳᠤᠷ᠎ᠠ 66 ᠰᠠᠭᠤᠷᠢ ᠲᠤᠭᠲᠠᠮᠠᠯ ᠭᠦᠷᠦᠩᠭᠡ ᠶᠢᠨ ᠪᠡᠯᠡ ᠤᠷᠤᠭᠤᠯᠤᠯᠲᠠ  ᠶᠢᠨ ᠲᠦᠷᠦᠯ ᠵᠦᠢᠯ ᠢ 42.7 ᠳ᠋ᠦᠩᠰᠢᠭᠤᠷ ᠲᠦᠭᠦᠷᠢᠭ ᠪᠡᠶᠡᠯᠡᠬᠦᠯᠵᠦ᠂ 15 % ᠪᠠᠷ ᠨᠡᠮᠡᠭᠳᠡᠬᠦᠯᠬᠦ ᠭᠡᠷᠡᠭᠲᠠᠢ᠃         ᠭᠤᠷᠪᠡ ᠳᠤ᠂ ᠡᠷᠬᠢᠯᠲᠠ ᠶᠢ ᠪᠠᠲᠤᠯᠠᠨ᠂ ᠦᠰᠦᠯᠲᠡ ᠶᠢ ᠲᠤᠭᠳᠠᠪᠤᠷᠢᠵᠢᠭᠤᠯᠬᠤ ᠬᠡᠷᠡᠭᠲᠠᠢ᠃ ᠮᠠᠨ ᠤ ᠬᠤᠰᠢᠭᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠤᠤᠷ᠎ᠠ᠂ ᠡᠳ᠋ ᠤᠨ ᠵᠠᠰᠠᠭ ᠤᠨ ᠤᠷᠤᠯᠭ᠎ᠠ ᠲᠤᠤᠷ᠎ᠡ᠂ ᠪᠤᠰᠤᠳ ᠬᠤᠰᠢᠭᠤ ᠰᠢᠶᠡᠨ ᠲᠠᠢ ᠬᠠᠷᠢᠴᠠᠭᠤᠯᠪᠠᠯ ᠨᠡᠯᠢᠶᠡᠳ ᠵᠦᠷᠢᠶ᠎ᠡ ᠲᠠᠢ ᠪᠠᠶᠢᠵᠤ᠂ ᠭᠦᠭᠵᠢᠯᠲᠠ ᠪᠠᠨ ᠲᠦᠷᠭᠡᠳᠬᠡᠵᠤ᠂ ᠶᠡᠷᠦᠩᠬᠡᠢ ᠬᠡᠮᠵᠢᠶ᠎ᠡ ᠪᠠᠨ ᠤᠯᠠᠮ ᠨᠢᠭᠡ ᠠᠯᠬᠤᠮ ᠶᠡᠭᠡᠰᠭᠡᠨ᠂ ᠶᠡᠷᠦᠩᠬᠡᠶᠢᠯᠡᠭᠰᠡᠨ ᠠᠵᠤ ᠠᠬᠤᠢ ᠶᠢᠨ ᠬᠦᠴᠤᠨ ᠢᠶᠠᠨ ᠪᠤᠵᠭᠠᠶᠢᠷᠠᠭᠤᠯᠬᠤ ᠭᠡᠷᠡᠭᠲᠠᠢ᠃ ᠲᠡᠭᠡᠲᠤ ᠱᠠᠲᠤᠨ ᠤ ᠵᠠᠰᠠᠭ ᠢ ᠴᠤᠮᠬᠠᠳᠬᠠᠨ ᠡᠷᠭᠡ ᠶᠢ ᠪᠠᠭᠤᠯᠭᠠᠬᠤ᠂ ᠰᠦᠢᠳᠭᠡᠯ ᠢ ᠬᠡᠯᠳᠤᠷᠢᠬᠦᠯᠤᠨ ᠭᠠᠶᠢᠯᠢ ᠶᠢ ᠲᠤᠷᠤᠭᠰᠢᠯᠠᠭᠤᠯᠬᠤ᠂ ᠮᠦᠩᠬᠦᠨ ᠬᠦᠢᠯᠭᠡᠭᠡᠨ ᠤ ᠲᠠᠯ᠎ᠠ ᠶᠢᠨ ᠲᠡᠮᠵᠢᠯᠭᠡ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠠ ᠶᠢᠨ ᠦᠪᠡᠷ ᠤᠨ ᠦᠷᠲᠡᠭ ᠢ ᠲᠤᠷᠤᠭᠰᠢᠯᠠᠭᠤᠯᠤᠨ᠎ᠡ᠃ ᠨᠠᠶᠢᠲᠠ ᠶᠢᠨ ᠪᠤᠰᠣ ᠠᠵᠤ ᠠᠬᠤᠢ ᠶᠢ ᠥᠷᠬᠦᠯᠵᠢᠯᠡᠨ ᠲᠥᠷᠬᠡᠨ ᠢᠶᠠᠷ ᠬᠥᠭᠵᠢᠬᠦ ᠶᠢ ᠬᠥᠴᠥᠯᠡᠨ ᠳᠡᠮᠵᠢᠵᠤ᠂ ᠲᠤᠮᠲᠠ ᠵᠢᠵᠢᠭ ᠠᠵᠤ ᠠᠬᠤᠶᠢᠯᠠᠯ ᠤᠨ ᠪᠤᠵᠠᠭᠠᠶᠢᠷᠠᠨ ᠬᠥᠭᠵᠢᠬᠦ ᠶᠢ ᠠᠬᠢᠭᠤᠯᠬᠤ ᠬᠡᠷᠡᠭᠲᠠᠢ᠃ ᠠᠵᠤ ᠠᠬᠤᠢ ᠶᠢᠨ ᠡᠷᠬᠢᠯᠲᠠ ᠶᠢᠨ ᠲᠤᠬᠢᠷᠠᠭᠤᠯᠤᠯᠲᠠ ᠶᠢ ᠴᠢᠩᠭᠠᠳᠬᠠᠵᠤ᠂ ᠪᠠᠶᠢᠩᠭᠤ ᠶᠢᠨ ᠴᠢᠨᠠᠷᠲᠠᠢ ᠵᠠᠳᠠᠯᠤᠨ ᠰᠢᠨᠵᠢᠯᠡᠬᠦ ᠲᠤᠬᠢᠷᠠᠭᠤᠯᠤᠯᠲᠠ ᠶᠢᠨ ᠵᠤᠬᠢᠴᠠᠮᠵᠢ ᠶᠢ ᠪᠠᠶᠢᠭᠤᠯᠵᠤ᠂ ᠡᠵᠡᠩᠨᠡᠯᠲᠠ ᠶᠢᠨ ᠪᠠᠶᠢᠳᠠᠯ ᠢ ᠬᠢᠨᠠᠠ ᠰᠢᠯᠭᠠᠬᠤ ᠠᠵᠢᠯ ᠢ ᠴᠢᠩᠭᠠᠳᠬᠠᠨ᠂ ᠠᠵᠤ ᠠᠬᠤᠶᠢᠯᠠᠯ ᠤᠨ ᠪᠤᠳᠠᠳᠤ ᠠᠰᠠᠭᠤᠳᠠᠯ ᠢ ᠰᠢᠢᠤᠨᠪᠤᠷᠢᠯᠡᠬᠦ ᠪᠠᠷ ᠲᠡᠮᠵᠢᠨ᠂ ᠪᠦᠬᠦ ᠬᠦᠴᠦᠨ ᠢᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠢ ᠲᠤᠭᠲᠠᠪᠤᠷᠢᠵᠢᠭᠤᠯᠵᠤ᠂ ᠠᠵᠤ ᠠᠬᠤᠢ ᠶᠢᠨ ᠲᠤᠭᠲᠠᠭᠤᠨ ᠡᠷᠬᠢᠯᠳᠠ ᠶᠢ  ᠠᠬᠢᠭᠤᠯᠬᠤ ᠬᠡᠷᠡᠭᠲᠠᠢ         ︵ᠬᠤᠶᠠᠷ︶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠭᠤᠷᠪᠠᠳᠤᠭᠠᠷ ᠠᠵᠤ ᠦᠢᠯᠡᠰ ᠤᠨ ᠬᠦᠭᠵᠢᠯᠲᠠ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠬᠡᠭᠰᠢᠯᠡᠬᠦᠯᠬᠦ ᠬᠡᠷᠡᠭᠲᠠᠢ᠃ ᠬᠠᠩᠭᠠᠯᠠᠭ᠎ᠠ ᠶᠢᠨ ᠲᠠᠯ᠎ᠠ  ᠶᠢᠨ ᠪᠦᠲᠦᠴᠠ ᠶᠢᠨ ᠴᠢᠨᠠᠷᠳᠡᠢ ᠦᠬᠡᠷᠡᠴᠢᠯᠠᠯᠳᠠ ᠪᠠᠷ ᠭᠤᠤᠯ ᠱᠤᠭᠤᠮ ᠪᠤᠯᠭᠠᠬᠤ ᠶᠢ ᠪᠠᠷᠢᠮᠲᠠᠯᠠᠨ᠂ ᠠᠵᠤ ᠠᠬᠤᠢ  ᠶᠢᠨ ᠬᠦᠭᠵᠢᠯᠲᠠ ᠶᠢᠨ ᠠᠷᠭ᠎ᠠ ᠭᠡᠯᠪᠡᠷᠢ ᠪᠠᠨ ᠢᠲᠡᠪᠬᠢᠲᠠᠢ ᠬᠤᠪᠢᠷᠠᠭᠤᠯᠤᠨ᠂ ᠤᠳᠤᠬᠢᠴᠢᠯᠠᠭᠰᠠᠨ ᠮᠠᠯ ᠠᠵᠤ ᠠᠬᠤᠢ ᠂ ᠴᠡᠪᠡᠷ ᠡᠨᠧᠷᠬᠢ ᠶᠢᠨ ᠠᠵᠤ ᠦᠢᠯᠡᠰ᠂ ᠰᠤᠶᠤᠯ ᠵᠢᠭᠤᠯᠴᠢᠯᠠᠯ ᠤᠨ ᠦᠢᠯᠡᠰ ᠪᠤᠯᠤᠨ ᠤᠳᠤᠬᠢᠴᠢᠯᠠᠭᠰᠠᠨ ᠦᠢᠯᠡᠴᠢᠯᠡᠭᠡᠨ ᠤ ᠬᠦᠭᠵᠢᠯᠲᠠ ᠶᠢ ᠲᠦᠯᠬᠢᠨ ᠠᠬᠢᠭᠤᠯᠵᠤ᠂ ᠤᠯᠠᠨ ᠡᠰᠢᠵᠢᠯᠡᠭᠰᠡᠨ ᠬᠦᠭᠵᠢᠯᠲᠡ᠂ ᠤᠯᠠᠨ ᠲᠤᠶᠢᠯᠲᠤ ᠠᠵᠤ ᠦᠢᠯᠡᠰ ᠤᠨ ᠰᠢᠰᠲ᠋ᠧᠮ ᠢ ᠪᠦᠷᠢᠯᠳᠤᠬᠦᠯᠦᠨ᠎ᠡ᠃         ᠨᠢᠭᠡ ᠳᠤ᠂ ᠮᠠᠯ ᠠᠵᠤ ᠠᠬᠤᠢ ᠶᠢᠨ ᠤᠳᠤᠬᠢᠴᠢᠯᠠᠬᠰᠠᠨ ᠭᠡᠯᠪᠡᠷᠢ ᠵᠦᠭ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠠᠢ᠃ ᠬᠡᠪᠴᠢᠶᠡᠵᠢᠭᠰᠡᠨ᠂ ᠪᠠᠷᠢᠮᠵᠢᠶᠠᠵᠢᠬᠰᠠᠨ᠂ ᠠᠵᠤ ᠦᠢᠯᠡᠰᠵᠢᠭᠰᠡᠨ᠂ ᠨᠠᠷᠠᠲᠤ ᠲᠡᠮᠳᠡᠭᠵᠢᠭᠰᠡᠨ ᠴᠢᠭᠯᠡᠯᠲᠠ ᠶᠢ ᠪᠠᠷᠢᠮᠲᠠᠯᠠᠨ᠂ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ᠂ ᠦᠷ᠎ᠡ ᠠᠰᠢᠭ ᠢ ᠨᠡᠮᠡᠭᠳᠡᠬᠦᠯᠵᠤ᠂ ᠮᠠᠯ ᠠᠵᠤ ᠠᠬᠤᠢ ᠶᠢᠨ ᠪᠦᠲᠦᠴᠡ ᠶᠢ ᠰᠢᠯᠢᠳᠡᠭᠵᠢᠬᠦᠯᠦᠨ᠎ᠡ᠃ ᠪᠦᠬᠦ ᠠᠶᠢᠮᠠᠭ ᠤᠨ ︽ᠬᠤᠨᠢ ᠶᠢ ᠴᠦᠭᠡᠴᠢᠯᠠᠨ ᠦᠭᠡᠷ ᠢ ᠦᠰᠬᠡᠬᠦ︾ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠮᠠᠨ ᠤ ᠬᠤᠰᠢᠭᠤᠨ ᠤ ︽ᠡᠮᠤᠨ᠎ᠡ ᠪᠠᠶ᠎ᠠ ᠳᠤ ᠦᠭᠡᠷ ᠳᠡᠵᠢᠬᠡᠵᠦ᠂ ᠬᠤᠶᠢᠳᠦ ᠰᠤᠮᠤᠨ ᠳᠤ ᠬᠤᠨᠢ ᠮᠠᠯᠵᠢᠬᠤ︾ ᠪᠠᠶᠢᠷᠢᠯᠠᠭᠤᠯᠤᠯᠲᠠ ᠶᠢᠨ ᠳᠣᠭᠤᠷᠢᠨ ᠳᠤ᠂ ᠮᠠᠨ ᠤ ᠠᠶᠢᠮᠠᠭ ᠤᠨ ︽ᠰᠢᠯᠢᠳᠡᠭ ᠡᠬᠦᠯᠳᠡᠷ ᠤᠨ ᠮᠢᠬᠠᠨ‌ᠦᠭᠡᠷ ᠤᠨ ᠠᠵᠤ ᠦᠢᠯᠡᠰ ᠤᠨ ᠭᠦᠭᠵᠢᠯᠳᠡ ᠶᠢᠨ ᠲᠥᠰᠥᠪ ︵2010 —2020 ᠤᠨ︾ ᠪᠠ ︽ᠰᠢᠯᠢᠳᠡᠭ ᠡᠬᠦᠯᠳᠡᠷ ᠤᠨ ᠮᠢᠬᠠᠨ ᠤ ᠦᠭᠡᠷ  ᠤᠨ ᠠᠵᠤ ᠦᠢᠯᠡᠰ ᠤᠨ ᠭᠦᠭᠵᠢᠯᠳᠡ ᠶᠢ ᠲᠥᠷᠬᠡᠳᠬᠡᠬᠦ ᠰᠢᠢᠥᠨᠪᠣᠷᠢ︾ ᠶᠢ ᠨᠠᠷᠢᠨ ᠭᠢᠨᠠᠮᠠᠭᠠᠢ ᠲᠤᠤᠱᠯᠠᠭᠤᠯᠵᠤ᠂ ᠮᠠᠨ ᠤ ᠬᠤᠰᠢᠭᠤᠨ ᠤ ᠪᠤᠳᠠᠳᠣ ᠪᠠᠶᠢᠳᠠᠯ ᠳᠤ ᠵᠤᠬᠢᠴᠠᠭᠰᠠᠨ ᠠᠷᠭ᠎ᠠ ᠠᠪᠴᠠᠯ ᠢ ᠰᠣᠳᠣᠯᠣᠨ ᠳᠣᠭᠳᠠᠭᠠᠵᠤ᠂ ᠵᠠᠰᠠᠭ  ᠤᠨ ᠤᠷᠳᠤᠨ ᠤ ︽ᠮᠢᠬᠠᠨ ᠦᠬᠡᠷ ᠮᠢᠬᠠᠨ ᠬᠤᠨᠢᠨ ᠤ ᠦᠢᠯᠡᠰ ᠢ ᠬᠦᠭᠵᠢᠬᠦᠯᠬᠦ ᠰᠠᠭᠤᠷᠢ ᠮᠦᠩᠬᠦ︾᠂ ᠪᠠᠩᠬᠢ ᠶᠢᠨ ︽ᠦᠬᠡᠷ ᠮᠠᠯᠵᠢᠬᠤ ᠦᠢᠯᠡᠰ ᠢ ᠲᠡᠮᠵᠢᠬᠦ ᠬᠠᠷᠠᠭᠠᠯᠵᠠᠯ ᠤᠨ ᠵᠢᠭᠡᠯᠡᠯᠭᠡ︾᠂ ᠮᠠᠯᠴᠢᠳ ᠤᠨ ᠦᠪᠡᠷ ᠤᠨ ᠪᠡᠯᠡ ᠬᠤᠷᠠᠮᠳᠤᠭᠤᠯᠭ᠎ᠠ ᠵᠠᠷᠭᠡ ᠠᠷᠭ᠎ᠠ ᠠᠪᠴᠡᠯ ᠢᠶᠠᠷ ᠲᠠᠮᠵᠢᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠡᠯ᠎ᠡ ᠬᠤᠰᠢᠭᠤ ᠰᠢᠶᠠᠨ ᠳᠤ ᠳᠤᠷᠠᠳᠤᠭᠰᠠᠨ ᠭᠤᠷᠪᠠᠨ ᠲᠤᠰᠬᠠᠶᠢᠵᠢᠬᠰᠠᠨ ᠬᠤᠷᠰᠢᠶᠠᠵᠢᠯ ︵300 ᠲᠤᠯᠤᠭᠠᠢ ᠠᠴᠠ ᠲᠡᠭᠡᠭᠰᠢ︶᠂ ᠵᠠᠭᠤᠨ ᠤᠳᠤᠬᠢᠴᠢᠯᠠᠬᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ︵50 ᠲᠤᠯᠤᠭᠠᠢ ᠠᠴᠠ ᠲᠡᠭᠡᠭᠰᠢ︶ ᠶᠢ ᠪᠠᠶᠢᠭᠤᠯᠬᠤ ᠡᠭᠦᠷᠬᠡ ᠶᠢ ᠴᠢᠷᠮᠠᠶᠢᠨ ᠪᠡᠶᠡᠯᠡᠬᠦᠯᠦᠨ᠎ᠡ᠃ ᠤᠯᠤᠰ ᠤᠨ ᠲᠡᠰ ᠤᠨ ︽ᠪᠠᠷᠢᠮᠵᠢᠶᠠᠵᠢᠭᠰᠠᠨ + ᠮᠠᠯ ᠠᠵᠤ ᠠᠬᠤᠢ︾ ᠶᠢᠨ ᠵᠢᠱᠢᠶ᠎ᠡ ᠦᠵᠡᠬᠦᠯᠬᠦ ᠬᠤᠰᠢᠭᠤ   ᠶᠢ ᠴᠤᠭᠴᠠᠯᠠᠨ ᠪᠠᠶᠢᠭᠤᠯᠬᠤ ᠶᠢ ᠲᠦᠷᠬᠡᠤᠡᠬᠡᠨ᠂ ᠰᠦᠨᠢᠳ ᠬᠤᠨᠢᠨ ᠤ ᠰᠤᠩᠭᠤᠨ ᠪᠤᠶᠢᠵᠢᠭᠤᠯᠬᠤ ᠪᠤᠯᠤᠨ ᠡᠬᠦᠯᠳᠡᠷ ᠤᠨ ᠬᠤᠴᠠᠨ ᠤ ᠲᠦᠪᠯᠡᠷᠡᠭᠦᠯᠦᠭᠰᠡᠨ ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶᠠᠳᠤ ᠰᠦᠷᠦᠭ ᠢ 1800 ᠰᠦᠷᠦᠭ ᠠᠴᠠ 2300 ᠰᠦᠷᠦᠭ ᠪᠤᠯᠭᠠᠨ᠂ 1 ᠰᠠᠭᠤᠷᠢ ᠤᠯᠤᠰ ᠤᠨ ᠲᠡᠰ ᠤᠨ ᠮᠢᠬᠠᠨ ᠬᠤᠨᠢ ᠶᠢ ᠪᠤᠶᠢᠵᠢᠭᠤᠯᠤᠨ ᠥᠷᠡᠵᠢᠬᠦᠯᠬᠦ ᠭᠤᠤᠯᠳᠠᠯᠭᠠᠲᠤ ᠳᠠᠯᠠᠪᠠᠢ ᠪᠠ ᠤᠯᠤᠰ ᠤᠨ ᠳᠡᠰ ᠤᠨ ᠮᠢᠬᠠᠨ ᠤ ᠲᠥᠷᠥᠯ ᠵᠥᠢᠯ ᠢ ᠨᠥᠬᠡᠴᠡᠯᠡᠬᠦ ᠰᠠᠭᠤᠷᠢᠨ ᠭᠠᠵᠠᠷ ᠢ ᠢᠳᠡᠪᠬᠢᠲᠠᠢ ᠪᠥᠳᠥᠬᠡᠨ ᠪᠠᠶᠢᠭᠤᠯᠤᠨ᠎ᠠ᠃ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠬᠤ ᠬᠦᠴᠦᠨ ᠢ ᠪᠠᠳᠠᠷᠠᠭᠤᠯᠤᠨ᠂ ᠲᠧᠭᠨᠢᠭ ᠮᠡᠷᠭᠡᠵᠢᠯ ᠤᠨ ᠲᠦᠷᠦᠯ ᠵᠦᠢᠯ ᠤᠨ ᠬᠦᠮᠦᠷᠭᠡ ᠶᠢ ᠪᠠᠶᠢᠭᠤᠯᠤᠨ᠂ ᠮᠠᠯ ᠠᠵᠤ ᠠᠬᠤᠢ ᠶᠢᠨ ᠲᠧᠭᠨᠢᠭ ᠮᠡᠷᠭᠡᠵᠢᠯ ᠰᠤᠳᠤᠯᠭᠠᠨ ᠤ ᠲᠦᠭᠡᠮᠡᠯᠵᠢᠯᠡᠯᠲᠠ ᠶᠢᠨ ᠠᠵᠢᠯ ᠢ ᠰᠠᠶᠢᠲᠤᠷ ᠠᠳᠬᠤᠬᠤ ᠭᠡᠷᠡᠭᠲᠠᠢ᠃ ᠰᠦᠨᠢᠤᠨ ᠬᠤᠨᠢᠨ ᠤ ᠪᠦᠳᠤᠬᠡᠭᠳᠡᠬᠦᠨ ᠢ ᠨᠡᠬᠡᠬᠡᠨ ᠬᠦᠭᠵᠢᠬᠦᠯᠬᠦ ᠰᠢᠨᠵᠢᠯᠡᠭᠡ ᠮᠡᠷᠬᠡᠵᠢᠯ ᠤᠨ ᠰᠤᠳᠤᠯᠭᠠᠨ ᠤ ᠬᠦᠷᠢᠶᠡᠯᠡᠩ ᠤᠨ ᠡᠯ᠎ᠡ ᠳᠦᠷᠦᠯ ᠤᠨ ᠰᠤᠳᠤᠯᠭᠠᠨ ᠤ ᠠᠵᠢᠯ ᠢ ᠰᠠᠶᠢᠳᠤᠷ ᠡᠷᠬᠢᠯᠡᠨ ᠶᠠᠪᠤᠭᠳᠠᠭᠤᠯᠵᠤ᠂ ᠰᠦᠨᠢᠳ ᠬᠤᠨᠢᠨ ᠤ ᠤᠳᠤᠮᠯᠠᠯ ᠤᠨ ᠬᠠᠮᠠᠭᠠᠯᠠᠯᠲᠠ᠂ ᠬᠤᠨᠢᠨ ᠮᠢᠬᠠᠨ ᠤ ᠴᠢᠨᠠᠷ ᠢ ᠵᠠᠳᠠᠯᠤᠨ ᠰᠢᠯᠭᠠᠬᠤ ᠵᠠᠷᠭᠡ ᠮᠡᠷᠭᠡᠵᠢᠯ ᠤᠨ ᠠᠷᠭ᠎ᠠ ᠠᠪᠴᠠᠯ ᠢᠶᠠᠷ ᠰᠦᠨᠢᠳ ᠬᠤᠨᠢᠨ ᠤ ᠠᠵᠤ ᠦᠢᠯᠡᠰ ᠤᠨ ᠪᠦᠬᠦᠯᠢ ᠴᠤᠭᠴᠠᠳᠦ ᠶᠡᠷᠦᠩᠬᠡᠶᠢᠯᠡᠭᠰᠡᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ︽ᠬᠤᠷᠰᠢᠶᠠᠵᠢᠯ + ᠠᠵᠤ ᠠᠬᠤᠶᠢᠯᠠᠯ + ᠲᠤᠭᠤᠷᠢᠭ︾᠂ ︽ᠠᠵᠦ ᠠᠬᠤᠶᠢᠯᠠᠯ + ᠰᠠᠭᠤᠷᠢᠨ ᠭᠠᠵᠠᠷ + ᠮᠠᠯᠴᠢᠨ ᠡᠷᠦᠬᠡ︾ ᠵᠢᠴᠢ ᠠᠵᠦ ᠦᠢᠯᠡᠰ ᠪᠠ ᠮᠦᠩᠭᠦᠨ ᠭᠦᠢᠯᠭᠡᠭᠡ ᠶᠢ ᠬᠠᠮᠳᠣᠷᠠᠭᠤᠯᠬᠤ ᠵᠡᠷᠭᠡ ᠤᠯᠠᠨ ᠬᠡᠯᠪᠡᠷᠢ ᠶᠢᠨ ᠠᠰᠢᠭ ᠲᠤᠰᠠ ᠶᠢᠨ ᠬᠤᠯᠪᠤᠯᠳᠤᠭᠰᠠᠨ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠬᠤᠷᠰᠢᠶᠠᠵᠢᠯ ᠵᠡᠷᠭᠡ ᠮᠠᠯᠴᠢᠳ ᠤᠨ ᠬᠤᠷᠰᠢᠭᠰᠠᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠢᠮᠵᠢᠭᠦᠯᠵᠦ᠂ ᠵᠤᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ᠂ ᠠᠵᠦ ᠦᠢᠯᠡᠰᠵᠢᠬᠦᠯᠤᠯᠳᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠦ ᠠᠬᠤᠶᠢᠯᠠᠯ ᠤᠨ ᠬᠦᠭᠵᠢᠯᠲᠡ ᠶᠢ ᠠᠬᠢᠭᠤᠯᠬᠤ ᠪᠤᠯᠤᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠪᠠᠶᠠᠯᠡᠭᠦᠯᠦᠨ᠎ᠡ᠃ ᠨᠡᠷᠡᠲᠦ ᠳᠡᠮᠳᠡᠭ ᠤᠨ ᠪᠠᠶᠢᠯᠳᠤᠬᠤ ᠪᠤᠳᠤᠯᠭ᠎ᠠ ᠶᠢ ᠬᠥᠴᠥᠲᠠᠢ ᠬᠡᠷᠡᠭᠵᠢᠭᠦᠯᠵᠦ᠂ ᠤᠯᠤᠰ ᠤᠨ ᠳᠡᠰ ᠤᠨ ︽ᠪᠤᠬᠢᠷᠳᠤᠯ ᠦᠭᠡᠢ ᠤᠷᠭᠠᠨᠢᠭ ᠮᠠᠯ ᠤᠨ ᠪᠦᠲᠦᠭᠡᠭᠳᠡᠭᠦᠨ ᠢ ᠬᠠᠩᠭᠠᠬᠤ ᠪᠠᠷᠢᠮᠵᠢᠶᠠᠵᠢᠭᠰᠡᠨ ᠮᠠᠯᠵᠢᠯ ᠤᠨ ᠵᠢᠱᠢᠶ᠎ᠡ ᠦᠵᠡᠭᠦᠯᠬᠦ ᠲᠤᠭᠤᠷᠢᠭ︾ ᠤᠨ ᠲᠦᠷᠤᠯ ᠵᠦᠢᠯ ᠢ ᠢᠳᠡᠪᠬᠢᠲᠠᠢ ᠡᠷᠡᠮᠡᠯᠵᠡᠯᠡᠨ᠂ ᠪᠥᠬᠦ ᠰᠥᠨᠢᠳ ᠬᠤᠨᠢ ᠶᠢ ᠮᠦᠷᠳᠡᠨ ᠨᠡᠬᠡᠮᠵᠢᠯᠡᠬᠦ ᠬᠠᠮᠢᠶᠠᠷᠤᠯᠳᠠ ᠶᠢᠨ ᠰᠢᠰᠲ᠋ᠧᠮ ᠳᠤ ᠤᠷᠤᠭᠤᠯᠬᠤ ᠶᠢ ᠴᠢᠷᠮᠠᠶᠢᠨ ᠪᠡᠶᠡᠯᠡᠬᠦᠯᠬᠦ ᠬᠡᠷᠡᠭᠲᠠᠢ᠃ ᠰᠦᠨᠢᠥᠨ ᠬᠤᠨᠢᠨ ᠤ ᠠᠵᠤ ᠦᠢᠯᠡᠰ ᠤᠨ ᠭᠦᠭᠵᠢᠯᠳᠡ ᠪᠠ ᠬᠤᠨᠢᠨ ᠮᠢᠬᠠᠨ ᠤ ᠤᠶᠢᠯᠡᠥᠨᠬᠦᠨ ᠢ ᠨᠡᠭᠡᠭᠡᠨ ᠭᠦᠭᠵᠢᠭᠦᠯᠭᠦ ᠶᠠᠷᠢᠯᠴᠠᠭᠠᠨ ᠤ ᠬᠥᠳᠡᠯᠬᠡᠬᠡᠨ ᠢ ᠢᠳᠡᠪᠭᠢᠳᠠᠢ ᠥᠷᠨᠢᠬᠦᠯᠵᠤ᠂ ᠰᠦᠨᠢᠳ ᠮᠠᠯ ᠤᠨ ᠪᠦᠲᠦᠭᠡᠭᠳᠡᠭᠦᠨ ᠤ ᠨᠡᠷ᠎ᠡ ᠳᠡᠮᠳᠡᠭ ᠪᠤᠯᠤᠨ ᠨᠦᠯᠦᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠢ ᠰᠢᠯᠢᠳᠡᠭ ᠴᠢᠨᠠᠷ ᠪᠠ ᠦᠨᠳᠦᠷ ᠦᠨ᠎ᠡ ᠦᠷᠳᠡᠭ ᠢ ᠰᠠᠶᠢᠳᠤᠷ ᠢᠯᠡᠷᠡᠬᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠠᠢ᠃         ᠬᠤᠶᠠᠷ ᠲᠤ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢ ᠶᠢᠨ ᠬᠦᠭᠵᠢᠯᠲᠡ ᠶᠢᠨ ᠬᠢᠷᠢ ᠳᠦᠪᠰᠢᠨ ᠢ ᠨᠡᠮᠡᠭᠳᠡᠬᠦᠯᠬᠦ ᠬᠡᠷᠡᠭᠲᠠᠢ᠃ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠲᠦᠷᠦᠯ ᠵᠦᠢᠯ   ᠤᠨ ᠪᠦᠳᠦᠭᠡᠨ ᠪᠠᠶᠢᠭᠤᠯᠤᠯᠲᠠ ᠪᠠᠷ ᠠᠵᠤ ᠠᠬᠤᠢ ᠶᠢᠨ ᠶᠡᠷᠦᠩᠭᠡᠢ ᠬᠡᠮᠵᠢᠶ᠎ᠡ ᠶᠢ ᠲᠡᠬᠡᠭᠰᠢᠯᠡᠬᠦᠯᠤᠨ᠂ ᠬᠦᠭᠵᠢᠯᠲᠠ ᠶᠢᠨ ᠲᠠᠯᠲᠠ ᠬᠦᠴᠦᠨ ᠢ ᠨᠡᠮᠡᠭᠳᠡᠬᠦᠯᠦᠨ᠎ᠡ᠃ ᠪᠦᠬᠦ ᠵᠢᠯ ᠳᠤ16 ᠲᠦᠷᠤᠯ ᠤᠨ ᠠᠵᠤ ᠦᠢᠯᠡᠳᠪᠤᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠲᠤᠬᠢᠷᠠᠭᠤᠯᠵᠥ᠂ 20 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠵᠦ ᠪᠠᠶᠢᠨ᠎ᠠ᠃ ᠳ᠋ᠠ ᠲᠠᠩ ᠳ᠋ᠢᠩ ᠸᠠᠩ ᠠᠽᠤᠲ ᠬᠦᠴᠢᠯ ᠤᠨ ᠠᠮᠮᠤᠨᠢ ᠪᠠ ᠠᠽᠤᠲ ᠶᠢᠨ ᠨᠠᠶᠢᠯᠡᠮᠡᠯ ᠪᠤᠷᠳᠤᠭᠤᠷ ᠤᠨ ᠲᠦᠷᠦᠯ ᠵᠦᠢᠯ ᠢ 4 ᠰᠠᠷ᠎ᠠ ᠠᠴᠠ ᠡᠬᠢᠯᠡᠵᠤ ᠪᠦᠳᠦᠭᠡᠨ ᠪᠠᠶᠢᠭᠤᠯᠵᠥ᠂ 9 ᠰᠠᠷ᠎ᠠ ᠳᠤ ᠳᠠᠩ ᠴᠤᠭᠴᠠᠲᠤ ᠮᠠᠰᠢᠨ ᠢ ᠲᠤᠷᠰᠢᠨ ᠬᠥᠳᠡᠯᠬᠡᠵᠤ᠂ ᠲᠥᠷᠪᠡᠳᠣᠬᠡᠷ ᠤᠯᠠᠷᠢᠯ ᠳᠤ ᠪᠥᠬᠦᠯᠢ ᠴᠣᠭᠴᠠᠲᠤ ᠮᠠᠰᠢᠨ ᠢ ᠲᠤᠷᠰᠢᠨ ᠬᠥᠳᠡᠯᠬᠡᠨ᠎ᠡ  ᠃ ᠦᠷᠨᠢᠯᠲᠤ ᠦᠩᠬᠡᠳᠤ ᠲᠡᠮᠦᠷᠯᠢᠭ ᠢ  ᠰᠣᠩᠭᠤᠨ ᠪᠤᠯᠪᠠᠰᠣᠷᠠᠭᠤᠯᠬᠤ ᠲᠦᠷᠦᠯ ᠵᠦᠢᠯ ᠢ 8 ᠰᠠᠷ᠎ᠠ ᠠᠴᠠ ᠡᠬᠢᠯᠡᠨ ᠪᠦᠳᠦᠭᠡᠨ ᠪᠠᠶᠢᠭᠤᠯᠤᠨ᠎ᠠ᠂ ᠪᠠᠶ᠋ᠬᠠᠭᠤᠯᠠ ᠶᠢᠨ ᠦᠷᠡᠨ ᠮᠠᠯᠳᠠᠬᠤ ᠲᠦᠷᠦᠯ ᠵᠦᠢᠯ ᠢ 10 ᠰᠠᠷ᠎ᠠ ᠳᠤ ᠠᠰᠢᠭᠯᠠᠯᠲᠠ ᠳᠤ ᠤᠷᠤᠭᠤᠯᠤᠨ᠎ᠠ︔ ᠰᠠᠨ ᠰᠢᠨ ᠬᠠᠶᠢᠯᠠᠭᠤᠷ ᠵᠤᠩᠰᠢ ᠶᠢ ᠢᠯᠭᠠᠷᠠᠭᠤᠯᠬᠤ ᠲᠦᠷᠦᠯ ᠵᠦᠢᠯ᠂ ᠴᠠᠩᠲᠤ ᠤᠪᠤᠭ᠎ᠠ ᠠᠯᠳᠠᠨ ᠤ ᠠᠭᠤᠷᠬᠠᠢ ᠶᠢᠨ ᠲᠦᠷᠦᠯ ᠵᠦᠢᠯ ᠢ ᠵᠢᠯ ᠤᠨ ᠲᠤᠳᠤᠷ᠎ᠠ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠬᠤ ᠬᠡᠷᠡᠭᠲᠠᠢ᠃ ᠨᠠᠷᠠ ᠰᠠᠯᠬᠢᠨ ᠤ ᠴᠠᠬᠢᠯᠭᠠᠨ ᠭᠠᠷᠭᠠᠬᠤ ᠵᠡᠷᠭᠡ ᠴᠡᠪᠡᠷ ᠡᠨᠧᠷᠬᠢ ᠶᠢᠨ ᠠᠵᠤ ᠦᠢᠯᠡᠰ ᠢ ᠶᠡᠬᠡᠪᠡᠷ ᠬᠦᠭᠵᠢᠬᠦᠯᠵᠤ᠂ ᠠᠵᠤ ᠦᠢᠯᠡᠳᠪᠤᠷᠢ ᠶᠢᠨ ᠪᠦᠳᠦᠴᠡ ᠶᠢᠨ ᠳᠤᠬᠢᠷᠠᠭᠤᠯᠤᠯᠲᠡ ᠶᠢ ᠲᠡᠰ ᠳᠡᠪᠰᠢᠭᠦᠯᠦᠨ᠎ᠡ᠃ ᠳ᠋ᠠ ᠲᠠᠩ ᠶᠢᠨ 3 ᠲᠦᠮᠡᠨ ᠺᠢᠯᠦᠸᠠᠲ ᠶᠢᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠂ ᠬᠤᠸᠠᠨ ᠰᠢᠨ ᠨᠢᠭᠡᠳᠤᠭᠡᠷ ᠬᠤᠭᠤᠴᠠᠭᠠᠨ ᠤ 5 ᠲᠦᠮᠡᠨ ᠺᠢᠯᠦᠸᠠᠲ ᠶᠢᠨ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ ᠲᠦᠷᠦᠯ ᠵᠦᠢᠯ ᠢ ᠳᠡᠭᠡᠷ᠎ᠡ ᠬᠠᠭᠠᠰ ᠵᠢᠯ ᠳᠤ ᠴᠠᠬᠢᠯᠭᠠᠨ ᠭᠠᠷᠭᠠᠬᠤ ᠶᠢ ᠪᠡᠶᠡᠯᠡᠭᠦᠯᠦᠨ᠎ᠡ︔ ᠡᠷᠢᠶᠡᠨ ᠬᠤᠳᠠ ᠶᠢᠨ ᠪᠢᠴᠢᠯ ᠴᠠᠬᠢᠯᠭᠠᠨ ᠲᠤᠤᠷ ᠤᠨ ᠰᠦᠨᠢᠳ ᠵᠡᠭᠦᠨ ᠬᠤᠰᠢᠭᠤᠨ ᠳᠤ ᠪᠦᠯᠦᠭᠯᠡᠯ ᠪᠠᠶᠢᠭᠤᠯᠬᠤ ᠲᠦᠷᠦᠯ ᠵᠦᠢᠯ ᠢ ᠳᠦᠯᠬᠢᠨ ᠠᠬᠢᠭᠤᠯᠵᠤ᠂ 12.5 ᠲᠦᠮᠡᠨ ᠺᠢᠯᠦᠸᠠᠲ ᠶᠢᠨ ᠬᠡᠷᠡᠯ ᠤᠨ ᠨᠡᠶᠢᠯᠡᠯᠭᠡ ᠪᠠᠷ ᠴᠠᠬᠢᠯᠭᠠᠨ ᠭᠠᠷᠭᠠᠬᠤ ᠦᠷᠲᠡᠭᠡ ᠶᠢ 6 ᠰᠠᠷ᠎ᠠ ᠶᠢᠨ ᠰᠡᠬᠦᠯᠴᠢ ᠳᠤ ᠴᠠᠬᠢᠯᠭᠠᠨ ᠭᠠᠷᠭᠠᠵᠥ᠂ 10 ᠲᠦᠮᠡᠨ ᠺᠢᠯᠦᠸᠠᠲ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠦᠷᠲᠡᠭᠡ ᠶᠢ ᠵᠢᠯ ᠤᠨ ᠡᠴᠤᠰ ᠲᠤ ᠠᠰᠢᠭᠯᠠᠯᠳᠠ ᠳᠤ ᠤᠷᠤᠭᠤᠯᠬᠤ ᠶᠢ ᠴᠢᠷᠮᠠᠶᠢᠨ ᠪᠡᠶᠡᠯᠡᠬᠦᠯᠦᠨ᠎ᠡ᠃ ᠮᠠᠨ ᠤ ᠬᠤᠰᠢᠭᠤ ᠲᠠᠢ ᠬᠠᠮᠲᠤᠷᠠᠯᠴᠠᠬᠤ ᠪᠤᠯᠤᠮᠵᠢ ᠪᠦᠬᠦᠢ ᠳ᠋ᠠ ᠲᠠᠩ ᠰᠢᠨ᠎ᠠ ᠡᠨᠧᠷᠭᠢ ᠂ ᠰᠢᠠᠵᠢᠶᠠᠩ ᠤᠨ ᠤᠨᠴᠠ ᠦᠨᠳᠤᠷ ᠬᠦᠴᠤᠳᠠᠯᠳᠤ ᠴᠠᠬᠢᠯᠭᠠᠨ ᠬᠤᠪᠢᠰᠬᠠᠬᠤ ᠢᠨᠵᠧᠨᠧᠷᠢᠩ᠂ ᠳ᠋ᠠ ᠲᠠᠩ ᠤᠯᠠᠨ ᠤᠯᠤᠰ ᠤᠨ ᠪᠦᠯᠤᠭ᠍ᠯᠡᠯ ᠵᠡᠷᠭᠡ ᠤᠨᠴᠠ ᠦᠠᠳᠤᠷ ᠬᠦᠴᠦᠳᠡᠯᠲᠤ ᠰᠢᠨ᠎ᠠ ᠡᠨᠧᠷᠭᠢ ᠶᠢ ᠭᠠᠳᠠᠭᠰᠢ ᠬᠦᠷᠭᠡᠬᠦ ᠲᠦᠷᠦᠯ ᠵᠦᠢᠯ ᠢ ᠲᠠᠮᠡᠴᠠᠨ ᠤᠯᠬᠤ ᠠᠵᠢᠯ ᠤᠨ ᠠᠬᠢᠴᠨ ᠳᠤ ᠪᠤᠳᠠᠳᠤ ᠦᠷ᠎ᠡ ᠪᠦᠳᠤᠮᠵᠢ ᠭᠠᠷᠭᠠᠬᠤ ᠬᠡᠷᠡᠭᠲᠠᠢ᠃ ᠮᠠᠩᠯᠠᠢ ᠨᠡᠬᠦᠷᠡᠰᠣᠨ ᠠᠭᠤᠷᠬᠠᠢ ᠶᠢ ᠲᠥᠪ ᠤᠨ ᠠᠵᠤ ᠠᠬᠤᠶᠢᠯᠠᠯ ᠪᠠ ᠤᠯᠤᠰ ᠤᠨ ᠠᠵᠤ ᠠᠬᠤᠶᠢᠯᠠᠯ ᠲᠠᠢ ᠨᠠᠶᠢᠯᠡᠬᠦᠯᠵᠤ ᠳᠠᠬᠢᠨ ᠪᠠᠶᠢᠭᠤᠯᠬᠤ ᠶᠢ ᠵᠤᠷᠢᠭᠵᠢᠭᠤᠯᠤᠨ ᠵᠢᠯᠤᠭᠤᠳᠣᠵᠣ᠂ ᠮᠡᠨ ᠤ ᠠᠶᠢᠮᠠᠭ ᠤᠨ ᠤᠨᠴᠠ ᠥᠨᠳᠣᠷ ᠬᠥᠴᠤᠳᠡᠯᠲᠤ ᠴᠠᠬᠢᠯᠭᠠᠨ ᠢ ᠭᠠᠳᠠᠭᠰᠢ ᠬᠥᠷᠬᠡᠬᠦ ᠪᠥᠳᠥᠬᠡᠨ ᠪᠠᠶᠢᠭᠤᠯᠤᠯᠲᠠ ᠲᠠᠢ ᠵᠤᠬᠢᠴᠠᠯᠳᠣᠭᠰᠠᠨ ᠨᠡᠬᠦᠷᠡᠰᠣ ᠴᠠᠬᠢᠯᠭᠠᠨ ᠤ ᠲᠥᠷᠥᠯ ᠵᠥᠢᠯ ᠢ ᠪᠥᠳᠥᠬᠡᠨ ᠪᠠᠶᠢᠭᠤᠯᠬᠤ ᠶᠢ ᠰᠥᠪᠡᠭᠴᠢᠯᠡᠵᠤ᠂ ᠨᠡᠬᠦᠷᠡᠰᠥᠨ ᠤ ᠠᠵᠤ ᠥᠢᠯᠡᠳᠪᠤᠷᠢ ᠶᠢᠨ ᠬᠡᠯᠪᠡᠷᠢ  ᠪᠠᠨ ᠥᠬᠡᠷᠡᠴᠢᠯᠠᠨ ᠳᠡᠰ ᠳᠡᠪᠰᠢᠬᠦ ᠶᠢ ᠠᠬᠢᠭᠤᠯᠤᠨ᠎ᠠ᠃ ᠡᠬᠦᠨ ᠤ ᠬᠠᠮᠲᠤ᠂ ᠠᠵᠤ ᠦᠢᠯᠡᠰ ᠤᠨ ᠰᠢᠯᠵᠢᠯᠲᠡ ᠶᠢ ᠠᠬᠢᠭᠤᠯᠵᠤ᠂ ᠰᠢᠨ᠎ᠡ ᠮᠠᠲ᠋ᠧᠷᠢᠶᠠᠯ᠂ ᠰᠤᠷᠠᠭ ᠵᠠᠩᠬᠢᠴᠢᠯᠡᠯᠳᠠ ᠶᠢᠨ ᠮᠡᠷᠭᠡᠵᠢᠯ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠠ ᠠᠵᠤ ᠦᠢᠯᠡᠰ ᠢ ᠲᠦᠷᠭᠡᠨ ᠬᠦᠭᠵᠢᠬᠦᠯᠵᠤ᠂ ᠥᠷᠢᠰᠥᠯᠳᠥᠬᠡᠨ ᠤ ᠳᠠᠪᠠᠭᠤᠯᠢᠭ ᠪᠤᠯᠤᠨ ᠠᠵᠤ ᠠᠬᠤᠢ ᠶᠢᠨ ᠨᠡᠮᠡᠭᠳᠡᠯ ᠤᠨ ᠴᠡᠭ ᠢ ᠰᠢᠨ᠎ᠡ ᠪᠠᠷ ᠪᠤᠢ ᠪᠤᠯᠭᠠᠬᠤ ᠬᠡᠷᠡᠭᠲᠠᠢ᠃         ᠭᠤᠷᠪᠠ ᠳᠤ᠂ ᠲᠠᠯ᠎ᠠ ᠨᠤᠳᠤᠭ ᠤᠨ ᠪᠠᠶᠢᠭᠠᠯᠢᠭ ᠵᠤᠭᠠᠴᠠᠯ ᠤᠨ ᠦᠢᠯᠡᠰ ᠢ ᠲᠥᠷᠬᠡᠳᠬᠡᠬᠦ ᠬᠡᠷᠡᠭᠲᠠᠢ᠃ ︽ᠰᠦᠨᠢᠳ ᠵᠡᠭᠦᠨ ᠬᠤᠰᠢᠭᠤᠨ ᠤ ᠵᠤᠭᠠᠴᠠᠯ ᠤᠨ ᠦᠢᠯᠡᠰ ᠢ ᠬᠦᠭᠵᠢᠬᠦᠯᠬᠦ ︵2015 — 2020 ᠤᠨ︶ ᠲᠦᠯᠦᠪᠵᠢᠬᠦᠯᠭᠡ︾ ᠶᠢ ᠨᠠᠶᠢᠷᠠᠭᠤᠯᠤᠨ ᠡᠮᠬᠢᠳᠬᠡᠬᠦ ᠠᠵᠢᠯ ᠢ ᠡᠬᠢᠯᠡᠬᠦᠯᠵᠤ᠂ ︽ᠨᠢᠭᠡ ᠱᠤᠭᠤᠮ ᠭᠤᠷᠪᠠᠨ ᠲᠤᠭᠤᠷᠢᠭ︾ ᠵᠢᠭᠤᠯᠴᠢᠯᠠᠯ ᠤᠨ ᠦᠢᠯᠡᠰ ᠤᠨ ᠲᠦᠯᠦᠪᠵᠢᠬᠦᠯᠭᠡ ᠶᠢᠨ ᠲᠤᠭᠤᠷᠢᠨ ᠳᠤ᠂ ᠡᠮᠤᠨ᠎ᠡ ᠬᠡᠰᠡᠭ ᠤᠨ ᠪᠠᠶᠠᠨᠨᠠᠭᠤᠷ ᠪᠠᠯᠭᠠᠰᠣᠨ ᠤ ᠬᠤᠯᠠᠨ ᠰᠢᠷᠭ᠎ᠠ ᠲᠠᠭ᠎ᠠ ᠶᠢᠨ ᠡᠯᠡᠰᠤᠷᠭᠡᠭ ᠤᠷᠤᠨ ᠳᠤ ᠬᠡᠬᠡᠷ᠎ᠡ ᠭᠠᠳᠠᠨ᠎ᠠ ᠵᠤᠭᠠᠴᠠᠬᠤ ᠬᠦᠳᠡᠯᠭᠡᠭᠡᠨ ᠪᠠ ᠦᠨᠳᠤᠰᠤᠳᠠᠨ ᠤ ᠤᠠᠴᠠᠯᠢᠭ ᠲᠠᠢ ᠪᠡᠶ᠎ᠡ ᠲᠠᠮᠢᠷ ᠤᠨ ᠰᠡᠯᠡᠭᠦᠴᠡᠯ ᠵᠢᠭᠤᠯᠴᠢᠯᠠᠯ ᠤᠨ ᠦᠢᠯᠡᠰ ᠢ ᠪᠤᠢ ᠪᠤᠯᠭᠠᠵᠤ᠂ ᠮᠠᠰᠢᠨ ᠲᠡᠷᠭᠡᠨ ᠤ ᠲᠡᠰᠬᠡᠯ ᠤᠷᠤᠯᠳᠤᠭᠠᠨ᠂ ᠡᠯᠡᠰᠤᠨ ᠮᠠᠩᠬ᠎ᠠ ᠶᠢᠨ ᠪᠠᠷᠲᠠᠭ᠎ᠠ ᠰᠢᠠᠵᠢᠯᠡᠭᠡᠨ᠂ ᠡᠩᠭᠡᠷ ᠭᠤᠤᠯ ᠤᠨ ᠵᠢᠭᠤᠯᠴᠢᠯᠠᠯ ᠵᠡᠷᠭᠡ ᠲᠦᠷᠦᠯ ᠵᠦᠢᠯ ᠢ ᠭᠤᠤᠯᠳᠠᠯᠭ᠎ᠠ ᠲᠠᠢ ᠬᠦᠭᠵᠢᠬᠦᠯᠦᠨ᠎ᠡ᠃ ᠬᠤᠶᠢᠲᠤ ᠬᠡᠰᠡᠭ  ᠤᠨ ᠪᠤᠳᠠᠷ ᠴᠢᠯᠠᠭᠤᠨ ᠤᠢ ᠪᠠᠷ ᠲᠦᠪ ᠪᠤᠯᠭᠠᠨ᠂ ᠲᠠᠯ᠎ᠠ ᠨᠤᠳᠤᠭ ᠤᠨ ᠪᠠᠶᠢᠭᠠᠯᠢᠭ ᠦᠵᠡᠮᠵᠢ ᠶᠢ ᠰᠤᠨᠢᠷᠬᠠᠬᠤ᠂ ᠵᠢᠷᠤᠭ ᠰᠡᠭᠦᠳᠡᠷ ᠲᠠᠳᠠᠬᠤ᠂ ᠪᠢᠴᠢᠯ ᠺᠢᠨᠤ᠋ ᠰᠡᠭᠦᠳᠡᠷᠯᠡᠬᠦ ᠰᠠᠭᠤᠷᠢᠨ ᠭᠠᠵᠠᠷ ᠢᠶᠠᠷ ᠭᠤᠤᠯᠳᠠᠯᠭ᠎ᠠ ᠪᠤᠯᠭᠠᠭᠰᠠᠨ ᠵᠤᠭᠠᠴᠠᠯ ᠤᠨ ᠦᠵᠡᠮᠵᠢ ᠶᠢᠨ ᠤᠷᠤᠨ ᠢ ᠴᠤᠭᠴᠠᠯᠠᠨ ᠪᠠᠶᠢᠭᠤᠯᠤᠨ᠎ᠠ᠃ ᠡᠮᠤᠨ᠎ᠡ ᠤᠮᠠᠷᠠᠰᠢ ᠶᠢ ᠨᠡᠪᠳᠡᠷᠡᠭᠦᠯᠦᠭᠰᠡᠨ᠂ ᠪᠦᠬᠦ ᠬᠤᠰᠢᠭᠤᠨ ᠤ ᠭᠤᠤᠯᠳᠠᠯᠭ᠎ᠠ ᠲᠠᠢ ᠦᠵᠠᠮᠵᠢ ᠶᠢᠨ ᠤᠷᠤᠨ ᠢ ᠬᠤᠯᠪᠤᠭᠰᠠᠨ ᠵᠢᠭᠤᠯᠴᠢᠯᠠᠯ ᠤᠨ ᠭᠤᠤᠯ ᠵᠠᠮ ᠱᠤᠭᠤᠮ ᠢ ᠪᠠᠶᠢᠭᠤᠯᠵᠥ᠂ ᠪᠦᠬᠦ ᠬᠤᠰᠢᠭᠤᠨ ᠤ ᠵᠢᠭᠤᠯᠴᠢᠯᠡᠯ ᠤᠨ ᠦᠢᠯᠡᠰ ᠤᠨ ᠵᠤᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ ᠪᠤᠳᠠᠷ ᠴᠢᠯᠠᠭᠤᠨ ᠤᠢ ᠶᠢᠨ ᠭᠠᠵᠡᠷ ᠰᠢᠨᠵᠢᠯᠡᠬᠡᠨ ᠤ ᠬᠦᠷᠢᠶᠡᠯᠡᠩ᠂ ᠬᠠᠨ᠎ᠠ ᠬᠠᠳᠠ ᠷᠠᠰᠢᠶᠠᠨ ︵ᠡᠮᠳᠤ ᠪᠤᠯᠠᠭ︶᠂ ᠬᠢᠯᠤᠭᠡᠨ ᠰᠤᠶᠤᠯ ᠤᠨ ᠠᠵᠤ ᠦᠢᠯᠡᠰ ᠤᠨ ᠲᠤᠭᠤᠷᠢᠭ᠂ ᠬᠤᠯᠠᠨ ᠰᠢᠷᠭ᠎ᠠ ᠳᠠᠭ᠎ᠠ ᠨᠤᠭᠤᠭᠠᠨ ᠪᠥᠷᠢᠲᠤ ᠶᠢᠨ ᠤᠷᠤᠨ᠂ ᠨᠢᠰᠬᠡᠯᠲᠠ ᠶᠢᠨ ᠰᠠᠭᠤᠷᠢᠨ ᠭᠠᠵᠠᠷ ᠵᠡᠷᠭᠡ ᠭᠤᠤᠯ ᠪᠤᠯᠬᠤ ᠵᠢᠭᠤᠯᠴᠢᠯᠡᠯ ᠤᠨ ᠲᠦᠷᠦᠯ ᠵᠦᠢᠯ ᠢ ᠭᠤᠤᠯᠳᠠᠯᠭ᠎ᠠ ᠲᠠᠢ ᠳᠦᠯᠬᠢᠨ ᠠᠬᠢᠭᠤᠯᠤᠨ᠎ᠠ᠃ ᠦᠪᠤᠷ ᠮᠤᠩᠭᠤᠯ ᠤᠨ ᠮᠠᠢ ᠰᠢᠶᠦ᠋ᠨ ᠲᠧᠭᠨᠢᠭ ᠮᠡᠷᠭᠡᠵᠢᠯ  ᠤᠨ ᠺᠤᠮᠫᠠᠨᠢ ᠲᠠᠢ ᠬᠠᠮᠳᠤᠷᠠᠨ ᠠᠵᠢᠯᠯᠠᠬᠤ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠵᠢᠭᠤᠯᠴᠢᠯᠡᠯ + ᠮᠠᠯ ᠠᠵᠤ ᠠᠬᠤᠢ + ᠲᠠᠯ᠎ᠠ ᠨᠤᠳᠤᠭ ᠤᠨ ᠰᠤᠶᠤᠯ︾ ᠤᠨ ᠲᠦᠷᠦᠯ ᠵᠦᠢᠯ ᠢ ᠠᠬᠢᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠰᠠᠭᠤᠷᠢ ᠲᠦᠬᠦᠭᠡᠷᠦᠮᠵᠢ ᠶᠢᠨ ᠨᠦᠬᠦᠴᠡᠯ ᠢ ᠰᠠᠶᠢᠵᠢᠷᠠᠭᠤᠯᠵᠤ᠂ ᠬᠤᠶᠢᠲᠤ ᠬᠡᠰᠡᠭ ᠤᠨ ᠦᠵᠡᠮᠵᠢ ᠶᠢᠨ ᠤᠷᠤᠨ ᠢ ᠬᠤᠯᠪᠤᠭᠰᠠᠨ ᠵᠢᠭᠤᠯᠴᠢᠯᠠᠯ ᠤᠨ ᠵᠠᠰᠠᠮᠠᠯ ᠵᠠᠮ ᠤᠨ ᠲᠦᠷᠦᠯ ᠵᠦᠢᠯ ᠤᠨ ᠤᠨ ᠠᠵᠢᠯ ᠢ ᠡᠬᠢᠯᠡᠭᠦᠯᠵᠦ᠂ ᠳᠠᠯ᠎ᠠ ᠨᠣᠳᠤᠭ ᠤᠨ ᠪᠤᠳᠠᠷ ᠴᠢᠯᠠᠭᠤᠨ ᠤᠢ ᠶᠢᠨ ᠭᠠᠵᠡᠷ ᠰᠢᠨᠵᠢᠯᠡᠬᠡᠨ ᠤ ᠬᠦᠷᠢᠶᠠᠯᠠᠩ ᠤᠨ ᠰᠠᠭᠤᠷᠢ ᠲᠦᠭᠦᠭᠡᠷᠦᠮᠵᠢ  ᠶᠢᠨ  ᠪᠥᠳᠥᠬᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠨᠠᠶᠢᠳᠡ ᠶᠢᠨ ᠦᠢᠯᠡᠴᠢᠯᠡᠭᠡᠨ ᠤ ᠬᠢᠷᠢ ᠳᠦᠪᠰᠢᠨ ᠢ ᠲᠡᠬᠡᠭᠰᠢᠯᠡᠬᠦᠯᠵᠥ᠂ ᠮᠠᠯᠴᠢᠳ ᠢ ᠲᠡᠶᠢᠴᠢᠯᠠᠨ ︽ᠮᠠᠯᠴᠢᠨ ᠠᠶᠢᠯ︾᠂ ︽ᠤᠳᠤᠷ︾᠂ ︽ᠵᠤᠰᠠᠯᠠᠩ︾᠂ ︽ᠰᠦᠨᠢᠳ ᠠᠶᠢᠯ︾᠂ ︽ᠮᠤᠩᠭᠤᠯ ᠪᠠᠭᠤᠴᠠ︾ ᠵᠡᠷᠭᠡ ᠦᠨᠳᠤᠰᠤᠳᠠᠨ ᠤ ᠤᠨᠴᠠᠯᠢᠭᠲᠤ ᠵᠢᠭᠤᠯᠴᠢᠯᠠᠯ ᠤᠨ ᠦᠢᠯᠡᠰ ᠢ ᠬᠦᠭᠵᠢᠭᠦᠯᠬᠦ ᠶᠢᠨ ᠬᠠᠮᠲᠤ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠪᠠ ᠲᠦᠷᠢᠮᠵᠢᠯ ᠢ ᠲᠤᠭᠳᠠᠭᠠᠨ ᠲᠡᠬᠦᠯᠳᠡᠷᠵᠢᠬᠦᠯᠵᠥ᠂ ᠵᠢᠭᠤᠯᠴᠢᠯᠠᠯ ᠤᠨ ᠦᠢᠯᠡᠰ ᠤᠨ ᠦᠢᠯᠡᠴᠢᠯᠡᠬᠡᠨ ᠤ ᠭᠦᠯᠢᠶᠡᠨ ᠠᠪᠬᠤ ᠴᠢᠳᠠᠪᠤᠷᠢ ᠶᠢ ᠲᠡᠬᠡᠭᠰᠢᠯᠡᠬᠦᠯᠤᠨ᠎ᠠ᠃ ᠭᠠᠵᠡᠷ ᠤᠷᠤᠨ ᠤ ᠤᠨᠴᠠᠯᠢᠭ ᠲᠠᠢ ᠰᠤᠶᠤᠯ ᠤᠨ ᠡᠬᠢ ᠰᠤᠷᠪᠤᠯᠵᠢ ᠶᠢ ᠡᠷᠭᠢᠯᠡᠵᠤ᠂ ᠶᠠᠰᠤᠨ ᠰᠡᠶᠢᠯᠤᠮᠠᠯ᠂ ᠮᠤᠳᠤᠨ ᠰᠠᠶᠢᠯᠤᠮᠡᠯ᠂ ᠢᠰᠡᠭᠡᠢ ᠬᠠᠳᠬᠤᠮᠠᠯ᠂ ᠠᠷᠠᠰᠤᠨ ᠵᠢᠷᠤᠭ᠂ ᠡᠯᠡᠰᠤᠨ ᠵᠢᠷᠤᠭ᠂ ᠬᠠᠴᠢᠨ ᠴᠢᠯᠠᠭᠤ ᠵᠡᠷᠭᠡ ᠦᠨᠳᠤᠰᠤᠳᠠᠨ ᠤ ᠭᠠᠷ ᠤᠷᠠᠯᠠᠯ᠂ ᠦᠨᠳᠤᠰᠤᠳᠠᠨ ᠤ ᠬᠤᠪᠴᠠᠰᠤ ᠵᠠᠰᠠᠯ᠂ ᠴᠠᠭᠠᠨ ᠢᠳᠡᠭᠡ᠂ ᠤᠨᠴᠠᠯᠢᠭᠲᠤ ᠢᠳᠡᠭᠡᠨ ᠤᠮᠳᠠᠭᠠᠨ ᠵᠡᠷᠭᠡ ᠰᠢᠷᠢᠰ ᠵᠢᠭᠤᠯᠴᠢᠯᠠᠯ ᠤᠨ ᠲᠠᠸᠠᠷ ᠤᠨ ᠠᠵᠤ ᠠᠬᠤᠶᠢᠯᠠᠯ ᠢ ᠶᠡᠬᠡᠪᠡᠷ ᠲᠡᠮᠵᠢᠵᠥ᠂ ᠠᠵᠤ ᠠᠬᠤᠶᠢᠯᠠᠯ ᠤᠨ ᠲᠠᠸᠠᠷ ᠤᠨ ᠳᠡᠮᠳᠡᠭ ᠲᠠᠩᠰᠠᠯᠠᠭᠤᠯᠬᠤ᠂ ᠬᠡᠪᠴᠢᠶ᠎ᠡ ᠪᠠᠨ ᠦᠷᠭᠡᠳᠭᠡᠬᠦ᠂ ᠪᠦᠳᠤᠬᠡᠭᠳᠡᠬᠦᠨ ᠢ ᠲᠡᠯᠬᠡᠷᠡᠬᠦᠯᠬᠦ ᠶᠢ ᠵᠤᠷᠢᠭᠵᠢᠭᠤᠯᠵᠥ᠂ ᠦᠨᠳᠤᠰᠤᠳᠠᠨ ᠪᠠ ᠭᠠᠵᠡᠷ ᠤᠷᠤᠨ ᠤ ᠤᠨᠴᠠᠯᠢᠭᠳᠤ ᠵᠢᠭᠤᠯᠴᠢᠯᠠᠯ ᠤᠨ ᠠᠵᠥ ᠦᠢᠯᠡᠰ ᠢ ᠬᠦᠭᠵᠢᠬᠦᠯᠤᠨ ᠪᠤᠵᠠᠭᠠᠶᠢᠷᠠᠭᠤᠯᠤᠨ᠎ᠠ᠃ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠦᠭᠵᠢᠬᠦᠯᠵᠤ᠂ ᠡᠷᠡᠬᠦᠯ ᠨᠠᠰᠤᠵᠢᠯ᠂ ᠡᠯᠧᠺᠲᠷᠤᠨ ᠬᠤᠳᠠᠯᠳᠤᠭ᠎ᠠ ᠵᠡᠷᠭᠡ ᠦᠢᠯᠡᠴᠢᠯᠡᠬᠡᠨ ᠤ ᠵᠠᠭᠪᠤᠷ ᠢ ᠶᠡᠬᠡᠪᠡᠷ ᠬᠦᠭᠵᠢᠬᠦᠯᠵᠤ᠂ ᠮᠠᠯᠵᠢᠬᠤ ᠤᠷᠤᠨ ᠤ ᠨᠠᠰᠣᠳᠠᠶᠢᠴᠣᠳ ᠢ ᠠᠰᠠᠷᠠᠬᠤ ᠥᠢᠯᠡᠴᠢᠯᠡᠬᠡᠨ ᠤ ᠲᠥᠪ ᠤᠨ ᠳᠦᠷᠣᠯ ᠵᠣᠶᠢᠯ ᠤᠨ ᠪᠦᠳᠣᠭᠡᠨ ᠪᠠᠶᠢᠭᠤᠯᠤᠯᠳᠠ ᠶᠢᠨ ᠠᠭᠢᠴᠠ ᠶᠢ ᠲᠥᠷᠬᠡᠳᠬᠡᠵᠤ᠂ ︽ᠤᠶᠤᠨᠯᠢᠭ ᠨᠡᠶᠢᠬᠡᠮ ᠲᠤᠭᠤᠷᠢᠭ︾ ᠢ ᠪᠦᠳᠦᠭᠡᠨ ᠪᠠᠶᠢᠭᠤᠯᠵᠤ᠂ ᠢᠨᠲ᠋ᠧᠷ ᠲᠤᠤᠷ ᠰᠦᠯᠵᠢᠶ᠎ᠡ ᠵᠡᠷᠭᠡ ᠰᠢᠨ᠎ᠡ ᠡᠷᠡᠨ  ᠤ ᠰᠤᠷᠠᠭ ᠵᠠᠩᠬᠢᠴᠢᠯᠠᠯᠳᠠ ᠶᠢᠨ ᠮᠡᠷᠭᠡᠵᠢᠯ ᠢ ᠬᠦᠢᠴᠡᠤᠨ ᠠᠰᠢᠭᠯᠠᠵᠤ᠂ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡ ᠶᠢ ᠨᠡᠶᠢᠬᠡᠮ ᠲᠤᠭᠤᠷᠢᠭ ᠲᠤ ᠤᠷᠤᠭᠤᠯᠬᠤ᠂ ᠠᠶᠢᠯ ᠡᠷᠦᠬᠡ ᠳᠤ ᠬᠦᠷᠭᠡᠬᠦ ᠶᠢ ᠪᠡᠶᠡᠯᠡᠬᠦᠯᠵᠥ᠂ ᠰᠠᠭᠤᠭᠠᠯᠢ ᠠᠷᠠᠳ ᠲᠤ ᠠᠮᠤᠷ ᠳᠦᠪᠰᠢᠨ᠂ ᠲᠤᠬᠢᠯᠢᠭ ᠲᠠᠭᠠᠯᠠᠮᠵᠢᠳᠠᠢ᠂ ᠳᠦᠬᠦᠮ ᠲᠥᠳᠡ ᠠᠮᠢᠳᠤᠷᠠᠯ ᠤᠨ ᠤᠷᠴᠢᠨ ᠲᠤᠭᠤᠷᠢᠨ ᠢ ᠬᠠᠩᠭᠠᠬᠤ ᠬᠡᠷᠡᠭᠲᠠᠢ᠃         ︵ᠭᠤᠷᠪᠠ︶ ︽ᠦᠭᠡᠷᠡᠴᠢᠯᠡᠯᠳᠡ ᠶᠢ ᠠᠤᠠᠬᠤᠬᠤ︾ ᠶᠢ ᠪᠠᠷᠢᠮᠳᠠᠯᠠᠵᠤ᠂ ᠭᠦᠭᠵᠢᠯᠲᠠ ᠶᠢᠨ ᠬᠦᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠨᠡᠮᠡᠭᠳᠡᠬᠦᠯᠬᠦ ᠬᠡᠷᠡᠭᠲᠠᠢ᠃ ᠦᠭᠡᠷᠡᠴᠢᠯᠡᠯᠲᠡ ᠶᠢ ᠬᠦᠨᠵᠡᠭᠡᠶᠢᠷᠡᠬᠦᠯᠵᠤ᠂ ᠨᠡᠭᠡᠭᠡᠯᠲᠡ ᠶᠢ ᠦᠷᠭᠡᠳᠭᠡᠬᠦ ᠪᠤᠯ ᠠᠵᠤ ᠠᠬᠤᠢ ᠨᠡᠶᠢᠭᠡᠮ ᠤᠨ ᠬᠦᠭᠵᠢᠯᠲᠠ ᠶᠢᠨ ᠠᠮᠢᠵᠢᠷᠠᠯ  ᠤᠨ ᠡᠬᠢ ᠪᠤᠯᠠᠭ᠂ ᠬᠦᠳᠡᠯᠭᠡᠭᠴᠢ ᠬᠦᠴᠦᠨ ᠪᠤᠯᠤᠨ᠎ᠠ᠃ ᠮᠠᠨ ᠤ ᠬᠤᠰᠢᠭᠤ ᠨᠢ ᠭᠦᠭᠵᠢᠯᠳᠡ ᠪᠠᠷ ᠳᠣᠳᠠᠮᠠᠭ ᠭᠠᠵᠠᠷ ᠣᠷᠣᠨ ᠪᠣᠯᠣᠭᠰᠡᠨ ᠤ ᠬᠤᠪᠢ ᠳᠤ᠂ ᠦᠭᠡᠷᠡᠴᠯᠡᠯᠲᠡ ᠨᠡᠭᠡᠭᠡᠯᠲᠡ ᠶᠢ ᠬᠦᠨᠵᠡᠭᠡᠢ ᠠᠬᠢᠭᠤᠯᠬᠤ ᠪᠠᠷ ᠲᠠᠮᠵᠢᠨ ᠪᠠᠶᠢᠭᠤᠯᠤᠮᠵᠢ ᠶᠢᠨ ᠲᠤᠭᠳᠠᠯᠴᠠᠭ᠎ᠠ ᠶᠢᠨ ᠬᠦᠯᠢᠶᠡᠰᠤᠯᠠᠯ ᠢ ᠰᠢᠪᠳᠣᠯᠵ᠊   ᠤ᠂ ᠪᠦᠬᠦ ᠲᠠᠯ᠎ᠠ ᠪᠠᠷ ᠬᠦᠭᠵᠢᠯᠲᠠ ᠶᠢᠨ ᠳᠠᠯᠳᠠ ᠬᠦᠴᠦᠨ ᠢ ᠨᠡᠭᠡᠭᠡᠨ ᠠᠭᠢᠭᠤᠯᠤᠨ᠎ᠠ᠃         ᠨᠢᠭᠡ ᠳᠤ᠂ ᠡᠯ᠎ᠡ ᠠᠵᠢᠯ ᠳᠦᠷᠦᠯ ᠤᠨ ᠬᠡᠪᠴᠢᠶᠡᠨ ᠳᠠᠬᠢ ᠦᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠠᠢ᠃ ᠡᠯ᠎ᠡ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠭᠤᠤᠯᠳᠠᠯᠭ᠎ᠠ ᠶᠢᠨ ᠲᠤᠭᠤᠷᠢᠨ ᠳᠤ᠂ ᠤᠷᠴᠢᠮ ᠤᠨ ᠬᠡᠳᠤᠨ ᠵᠢᠯ ᠤᠨ ᠨᠠᠶᠢᠳᠠᠯᠡᠭᠰᠡᠨ ᠦᠭᠡᠷᠡᠴᠢᠯᠡᠯᠲᠡ ᠶᠢᠨ ᠲᠦᠰᠤᠪ ᠢ ᠬᠡᠷᠡᠭᠵᠢᠭᠦᠯᠦᠭᠰᠡᠨ ᠪᠠᠶᠢᠳᠠᠯ ᠪᠠ ᠦᠷ᠎ᠡ ᠪᠦᠳᠦᠮᠵᠢ ᠳᠤ ᠬᠢᠨᠨᠠ ᠦᠨᠡᠯᠡᠯᠲᠡ ᠬᠢᠵᠤ᠂ ᠭᠡᠷᠡᠭᠵᠢᠭᠦᠯᠦᠭᠰᠡᠨ ᠢᠶᠠᠷ ᠲᠤᠳᠠᠮᠠᠭ ᠪᠤᠶᠤ ᠢᠯᠡᠷᠭᠡᠢ ᠦᠷ᠎ᠡ ᠪᠦᠳᠦᠮᠵᠢ ᠤᠯᠤᠭᠰᠠᠨ ᠦᠬᠡᠢ ᠠᠵᠢᠯ ᠳᠤ ᠬᠦᠨᠵᠠᠭᠡᠢ ᠵᠠᠳᠠᠯᠣᠯᠲᠠ ᠬᠢᠵᠤ᠂ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠨ᠂ ᠡᠯ᠎ᠡ ᠲᠦᠷᠦᠯ ᠤᠨ ᠦᠭᠡᠷᠡᠴᠢᠯᠡᠯᠲᠡ ᠶᠢᠨ ᠠᠷᠭ᠎ᠠ ᠠᠪᠴᠠᠯ ᠢ ᠦᠨᠡᠨᠬᠦ ᠶᠠᠪᠤᠭᠳᠠᠭᠤᠯᠬᠤ ᠶᠢ ᠪᠠᠳᠣᠯᠠᠬᠤ ᠬᠡᠷᠡᠭᠲᠠᠢ᠃ ︽ᠠᠷᠠᠯᠵᠢᠶᠠᠨ ᠤ ᠶᠠᠪᠤᠳᠠᠯ ᠤᠨ ᠲᠥᠷᠢᠮ︾ ᠤᠨ ᠦᠭᠡᠷᠡᠴᠢᠯᠡᠯᠲᠡ ᠶᠢ ᠬᠦᠠᠵᠡᠭᠡᠢ ᠳᠦᠯᠬᠢᠨ ᠠᠬᠢᠭᠤᠯᠵᠤ᠂ ᠡᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠥᠩᠬᠦᠢ ᠬᠠᠮᠢᠶᠠᠷᠤᠨ ᠬᠡᠷᠡᠭᠵᠢᠬᠦᠯᠵᠤ᠂ 《 ᠬᠤᠶᠠᠷ ᠢ ᠰᠤᠭᠤᠴᠢᠵᠥ ᠨᠢᠭᠡ ᠶᠢ ᠢᠯᠡ ᠪᠤᠯᠭᠠᠬᠤ》 ᠠᠵᠢᠯ ᠢ ᠰᠠᠶᠢᠳᠤᠷ ᠬᠢᠵᠥ᠂ ᠡᠷᠬᠡ ᠶᠢᠨ ᠬᠡᠷᠡᠭᠵᠢᠬᠦᠯᠦᠯᠳᠡ ᠶᠢᠨ ᠴᠤᠪᠤᠷᠠᠯ ᠵᠢᠷᠤᠭ ᠪᠠ ᠵᠠᠰᠠᠭ ᠵᠠᠬᠢᠷᠭᠠᠨ ᠤ ᠦᠢᠯᠡᠴᠢᠯᠡᠬᠡᠨ ᠤ ᠶᠠᠪᠤᠳᠠᠯ ᠤᠨ ᠣᠳᠣᠷᠢᠳᠣᠮᠵᠢ  ᠶᠢ ᠪᠠᠳᠤᠳᠬᠠᠨ ᠳᠡᠭᠦᠯᠳᠡᠷᠵᠢᠬᠦᠯᠵᠥ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠠᠪᠤᠳᠠᠯ ᠢ ᠤᠯᠠᠮ ᠨᠢᠬᠡ ᠠᠯᠬᠤᠮ ᠴᠤᠮᠬᠠᠳᠬᠠᠨ‌‍ᠲ᠋ᠦ᠋ᠬᠦᠮᠴᠢᠯᠡᠨ᠎ᠡ᠃ ᠤᠳᠤ ᠦᠶ᠎ᠡ ᠶᠢᠨ ᠡᠳ᠋ ᠤᠨ ᠵᠠᠰᠠᠭ ᠤᠨ ᠳᠦᠷᠢᠮ ᠲᠤᠭᠳᠠᠭᠠᠯ ᠤᠨ ᠪᠠᠶᠢᠭᠤᠯᠤᠯᠳᠠ  ᠶᠢ ᠲᠦᠷᠬᠡᠤᠨᠬᠡᠨ᠂ ᠣᠷᠢᠥᠨᠴᠢᠯᠡᠨ ᠪᠣᠳᠣᠬᠤ ᠬᠠᠮᠢᠶᠠᠷᠤᠯᠲᠠ ᠶᠢᠨ ᠴᠢᠳᠠᠪᠭᠢ ᠶᠢ ᠳᠡᠬᠡᠭᠰᠢᠯᠡᠬᠦᠯᠥᠨ᠂ ᠰᠢᠨ᠎ᠠ ᠲᠦᠰᠦᠪᠯᠡᠨ ᠪᠤᠳᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠬᠦᠯᠦᠨ᠎ᠡ᠃ ᠨᠤᠳᠤᠭ ᠪᠡᠯᠴᠢᠬᠡᠷ ᠤᠨ ᠡᠷᠭᠡ ᠶᠢᠨ ᠨᠤᠳᠠᠯᠠᠯᠲᠠ ᠪᠠ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠡᠵᠡᠩᠨᠡᠯᠲᠡ ᠶᠢᠨ ᠡᠷᠬᠡ ᠶᠢ ᠨᠤᠳᠠᠯᠠᠨ ᠲᠠᠩᠰᠠᠯᠠᠵᠥ ᠦᠨᠡᠮᠯᠡᠯ ᠲᠠᠷᠬᠠᠭᠠᠬᠤ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠩᠵᠢᠬᠦᠯᠵᠥ᠂ ᠨᠤᠳᠤᠭ ᠪᠡᠯᠴᠢᠬᠡᠷ ᠤᠨ ᠲᠠᠯᠠᠪᠠᠢ ᠨᠢ ᠤᠨᠤᠪᠴᠢ ᠦᠭᠡᠢ᠂ ᠲᠦᠷᠪᠡᠨ ᠵᠠᠭᠠᠭ ᠨᠢ ᠳᠤᠳᠤᠷᠬᠠᠢ ᠦᠭᠡᠢ ᠵᠡᠷᠭᠡ ᠠᠰᠠᠭᠤᠳᠠᠯ ᠢ ᠰᠠᠶᠢᠳᠤᠷ ᠰᠢᠢᠳᠪᠤᠷᠢᠯᠡᠨ᠂ ᠲᠠᠯ᠎ᠠ ᠨᠤᠳᠤᠭ ᠤᠨ ᠠᠮᠢ ᠠᠬᠤᠢ ᠶᠢᠨ ᠨᠦᠬᠦᠪᠤᠷᠢᠯᠠᠨ ᠱᠠᠩᠨᠠᠬᠤ ᠲᠦᠷᠦ ᠶᠢᠨ ᠪᠤᠳᠤᠯᠭ᠎ᠠ ᠪᠠ ᠨᠤᠳᠤᠭ ᠪᠡᠯᠴᠢᠬᠡᠷ ᠤᠨ ᠡᠵᠡᠩᠨᠡᠯᠳᠠ ᠶᠢᠨ ᠡᠷᠬᠡ ᠶᠢ ᠰᠢᠯᠵᠢᠬᠦᠯᠥᠨ ᠡᠵᠡᠩᠨᠡᠬᠦ ᠶᠢ ᠲᠥᠷᠢᠮᠵᠢᠬᠦᠯᠬᠦ ᠳᠤ ᠰᠠᠭᠤᠷᠢ ᠲᠠᠯᠪᠢᠨ᠎ᠠ᠃ ︽ᠵᠠᠰᠠᠭ ᠢ ᠴᠤᠮᠬᠠᠳᠬᠠᠨ ᠠᠷᠠᠳ ᠲᠤ ᠳᠦᠬᠦᠮ ᠦᠵᠡᠬᠦᠯᠬᠦ︾ ᠳᠤᠰᠬᠠᠢ ᠠᠵᠢᠯᠯᠠᠭ᠎ᠠ ᠶᠢ ᠦᠷᠨᠢᠭᠦᠯᠵᠤ᠂ ᠡᠯ᠎ᠡ ᠲᠦᠷᠦᠯ ᠤᠨ ᠬᠡᠷᠡᠴᠢ ᠪᠠᠷᠢᠮᠳᠠ ᠪᠠ ᠭᠠᠷ ᠬᠦᠢᠴᠡᠤᠡᠬᠡᠯ ᠢ ᠪᠦᠬᠦ ᠲᠠᠯ᠎ᠠ ᠪᠠᠷ ᠴᠣᠮᠬᠠᠳᠬᠠᠵᠤ᠂ ᠬᠠᠮᠤᠭ ᠶᠡᠭᠡ ᠭᠡᠪᠴᠢᠶ᠎ᠡ ᠪᠠᠷ ᠠᠵᠤ ᠠᠬᠤᠶᠢᠯᠠᠯ ᠪᠠ ᠠᠷᠠᠳ ᠲᠦᠮᠠᠨ ᠳᠤ ᠳᠦᠬᠦᠮ ᠳᠦᠳᠡ ᠦᠢᠯᠡᠴᠢᠯᠡᠭᠡ ᠬᠠᠩᠭᠠᠬᠤ ᠬᠡᠷᠡᠭᠲᠠᠢ᠃         ᠬᠤᠶᠠᠷ ᠲᠤ᠂ ᠭᠠᠳᠠᠭᠰᠢ ᠨᠡᠭᠡᠭᠡᠨ ᠬᠦᠭᠵᠢᠬᠦᠯᠬᠦ ᠬᠢᠷᠢ ᠳᠦᠪᠰᠢᠨ ᠢᠶᠠᠨ ᠨᠡᠮᠡᠭᠳᠡᠬᠦᠯᠬᠦ ᠬᠡᠷᠡᠭᠲᠠᠢ᠃ ᠤᠯᠤᠰ ᠤᠨ ︽ᠨᠢᠭᠡ ᠪᠦᠰᠡ ᠨᠢᠭᠡ ᠵᠠᠮ︾᠂ ︽ᠤᠮᠠᠷᠠᠰᠢ ᠨᠡᠬᠡᠬᠡᠨ ᠬᠦᠭᠵᠢᠬᠦᠯᠬᠦ︾ ᠪᠠᠶᠢᠯᠳᠣᠬᠤ ᠪᠣᠳᠣᠯᠭ᠎ᠠ ᠶᠢ ᠬᠥᠨᠵᠡᠬᠡᠢ ᠰᠣᠳᠣᠯᠣᠨ ᠥᠢᠯᠠᠭᠠᠵᠤ᠂ ᠡᠷᠢᠶᠡᠨ ᠬᠤᠲᠠ ᠶᠢᠨ ᠤᠯᠤᠰ ᠤᠨ ᠳᠡᠰ ᠤᠨ ᠭᠤᠤᠯᠳᠠᠯᠭᠠᠲᠤ ᠨᠡᠬᠡᠬᠡᠨ ᠬᠥᠭᠵᠢᠬᠦᠯᠬᠦ ᠲᠤᠷᠰᠢᠯᠲᠠ ᠶᠢᠨ ᠤᠷᠤᠨ ᠤ ᠪᠥᠳᠥᠬᠡᠨ ᠪᠠᠶᠢᠭᠤᠯᠤᠯᠲᠠ ᠳᠤ  ᠢᠳᠡᠪᠬᠢᠲᠠᠢ ᠪᠠᠷ ᠤᠷᠤᠯᠴᠠᠵᠤ᠂ ᠮᠤᠩᠭᠤᠯ ᠤᠯᠤᠰ ᠲᠠᠢ ᠨᠠᠶᠢᠷᠰᠠᠭ ᠬᠤᠲᠠ ᠶᠢᠨ ᠬᠠᠷᠢᠯᠴᠠᠭ᠎ᠠ ᠪᠠᠶᠢᠭᠤᠯᠬᠤ᠂ ᠰᠤᠷᠭᠠᠨ ᠬᠥᠮᠥᠵᠢᠯ᠂ ᠡᠮ ᠡᠮᠴᠢᠯᠡᠭᠡ᠂ ᠰᠣᠶᠣᠯ ᠵᠢᠭᠤᠯᠴᠢᠯᠠᠯ᠂ ᠥᠨᠳᠣᠰᠥᠳᠡᠨ ᠤ ᠪᠡᠶ᠎ᠡ ᠳᠠᠮᠢᠷ ᠪᠠ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠶᠢᠨ ᠰᠣᠯᠢᠯᠴᠠᠭ᠎ᠠ ᠵᠡᠷᠬᠡ ᠬᠡᠪᠴᠢᠶᠡᠨ ᠳᠠᠬᠢ ᠬᠠᠮᠳᠣᠯᠴᠠᠭ᠎ᠠ ᠶᠠᠪᠤᠯᠴᠠᠭ᠎ᠠ ᠶᠢ ᠬᠥᠨᠵᠡᠬᠡᠶᠢᠷᠡᠬᠦᠯᠵᠤ᠂ ᠬᠠᠮᠳᠤ ᠪᠠᠷ ᠪᠤᠳᠠᠷ ᠴᠢᠯᠠᠭᠤᠨ ᠤᠢ ᠶᠢᠨ ᠭᠠᠵᠠᠷ ᠰᠢᠨᠵᠢᠯᠡᠬᠡᠨ ᠤ ᠬᠦᠷᠢᠶᠡᠯᠡᠩ ᠤᠨ ᠳᠦᠷᠦᠯ ᠵᠦᠢᠯ ᠢ ᠡᠷᠡᠮᠡᠯᠵᠡᠯᠡᠨ ᠪᠠᠶᠢᠭᠤᠯᠵᠤ᠂ ᠤᠯᠠᠷᠢᠯ ᠤᠨ ᠴᠢᠨᠠᠷᠲᠠᠢ ᠵᠢᠭᠤᠯᠴᠢᠯᠠᠯ ᠤᠨ ᠪᠤᠭᠤᠮᠲᠠ ᠶᠢ ᠨᠡᠭᠡᠭᠡᠬᠦ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠯᠬᠢᠨ ᠠᠬᠢᠭᠤᠯᠵᠤ᠂ ᠡᠯ᠎ᠡ ᠭᠠᠵᠠᠷ ᠤᠷᠤᠨ᠂ ᠬᠥᠷᠢᠶ᠎ᠡ ᠬᠡᠪᠴᠢᠶ᠎ᠡ᠂ ᠠᠵᠢᠯ ᠲᠥᠷᠥᠯ ᠤᠨ ᠭᠤᠭᠴᠤᠭᠠᠨ ᠳᠠᠬᠢ ᠬᠠᠮᠳᠣᠷᠠᠨ ᠠᠵᠢᠯᠯᠠᠬᠤ ᠲᠥᠷᠢ ᠪᠠᠶᠢᠳᠠᠯ ᠢ ᠪᠤᠢ ᠪᠤᠯᠭᠠᠨ᠎ᠠ᠃ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠦᠭᠵᠢᠬᠦᠯᠬᠦ ᠳᠤᠷᠰᠢᠯᠲᠠ ᠶᠢᠨ ᠴᠡᠭ ᠪᠤᠯᠬᠤ ᠡᠷᠢᠶᠡᠨ ᠬᠤᠳᠠ ᠲᠠᠢ ᠬᠦᠷᠰᠢᠯᠡᠵᠥ ᠪᠠᠶᠢᠭ᠎ᠠ ᠳᠠᠪᠠᠭᠤᠯᠢᠭ ᠢᠶᠠᠨ ᠠᠰᠢᠭᠯᠠᠨ᠂ ᠮᠠᠩᠯᠠᠢ  ᠤᠷᠴᠢᠯ ᠠᠵᠤ ᠠᠬᠤᠢ ᠶᠢᠨ ᠲᠤᠭᠤᠷᠢᠭ ᠤᠨ ᠬᠦᠭᠵᠢᠯᠲᠡ ᠶᠢᠨ ᠴᠢᠭᠯᠡᠯ ᠢ ᠲᠡᠬᠢᠨ ᠲᠤᠭᠳᠠᠭᠠᠵᠤ᠂ ᠬᠥᠭᠵᠢᠯᠲᠠ ᠶᠢᠨ ᠲᠥᠰᠥᠪ ᠢ ᠳᠠᠬᠢᠨ ᠵᠠᠰᠠᠨ ᠨᠠᠶᠢᠷᠠᠭᠤᠯᠵᠤ᠂ ᠵᠠᠬ᠎ᠠ ᠳᠡᠯᠭᠡᠭᠦᠷ ᠤᠨ ᠭᠡᠷᠡᠭᠴᠡᠭᠡ ᠪᠠ ᠰᠠᠩ ᠭᠦᠮᠤᠷᠭᠡ ᠶᠢᠨ ᠤᠨᠴᠠᠭᠠᠢ ᠤᠷᠤᠨ ᠤ ᠡᠷᠭᠡ ᠶᠢᠨ ᠡᠵᠡᠩᠨᠡᠯᠳᠡ ᠳᠤ ᠠᠩᠬᠠᠷᠤᠯ ᠢᠶᠠᠨ ᠳᠠᠯᠪᠢᠵᠤ᠂ ᠮᠠᠩᠯᠠᠢ ᠠᠵᠤ ᠦᠢᠯᠡᠰ ᠤᠨ ᠳᠣᠭᠤᠷᠢᠭ ᠲᠤ ᠪᠤᠭᠤᠮᠳᠠ ᠶᠢᠨ ᠭᠠᠶᠢᠯᠢ ᠶᠢ ᠪᠠᠳᠣᠯᠠᠬᠤ ᠭᠦᠮᠤᠷᠭᠡ ᠶᠢ ᠪᠠᠶᠢᠭᠤᠯᠬᠤ ᠳᠦᠷᠣᠯ ᠵᠤᠶᠢᠯ ᠢ ᠳᠡᠮᠡᠴᠡᠨ ᠤᠯᠬᠤ ᠪᠠᠷ ᠴᠢᠷᠮᠡᠶᠢᠬᠤ ᠭᠡᠷᠡᠭᠳᠠᠢ᠃ ᠡᠷᠢᠶᠡᠨ ᠬᠤᠳᠠ ᠶᠢᠨ ᠪᠢᠴᠢᠯ ᠴᠠᠬᠢᠯᠭᠠᠨ ᠲᠤᠤᠷ ᠤᠨ ᠪᠦᠳᠦᠭᠡᠨ ᠪᠠᠶᠢᠭᠤᠯᠤᠯᠲᠠ ᠶᠢ ᠳᠡᠮᠵᠢᠵᠤ᠂ ᠥᠷᠳᠡᠭ ᠢᠶᠠᠷ ᠬᠢᠮᠳᠠᠬᠠᠨ ᠭᠠᠵᠡᠷ ᠤᠷᠤᠨ ᠪᠤᠯᠭᠠᠨ᠂ ᠪᠤᠭᠤᠮᠳᠠ ᠪᠠᠷ ᠤᠷᠤᠭᠤᠯᠵᠤ ᠭᠠᠷᠭᠠᠬᠤ ᠲᠠᠸᠠᠷ ᠢ ᠡᠳ᠋ᠰᠢᠭᠦᠯᠵᠦ ᠪᠤᠯᠪᠠᠰᠤᠷᠠᠭᠤᠯᠬᠤ᠂ ᠲᠤᠨᠤᠭ ᠲᠦᠭᠦᠭᠡᠷᠦᠮᠵᠢ ᠶᠢ ᠦᠢᠯᠡᠳᠪᠤᠷᠢᠯᠡᠬᠦ᠂ ᠮᠠᠯ ᠤᠨ ᠪᠦᠳᠦᠭᠡᠭᠳᠡᠭᠦᠨ ᠢ ᠨᠡᠬᠡᠬᠡᠨ ᠬᠦᠭᠵᠢᠬᠦᠯᠬᠦ ᠠᠵᠤ ᠦᠢᠯᠡᠰ ᠲᠤ ᠨᠦᠬᠦᠴᠡᠯ ᠬᠠᠩᠭᠠᠵᠤ᠂ ᠲᠤᠰ ᠲᠤᠭᠤᠷᠢᠭ  ᠢ ᠪᠦᠬᠦ ᠠᠶᠢᠮᠠᠭ ᠤᠨ ᠤᠮᠠᠷᠡᠰᠢ ᠨᠡᠬᠡᠬᠡᠨ ᠬᠦᠭᠵᠢᠬᠦᠯᠬᠦ ᠤᠨᠴᠠᠯᠢᠭᠳᠤ ᠠᠵᠤ ᠦᠢᠯᠡᠰ ᠤᠨ ᠲᠤᠭᠤᠷᠢᠭ ᠪᠤᠯᠭᠠᠨ ᠴᠤᠭᠴᠠᠯᠠᠨ ᠪᠠᠶᠢᠭᠤᠯᠬᠤ ᠪᠠᠷ ᠴᠢᠷᠮᠠᠶᠢᠬᠤ ᠬᠡᠷᠡᠭᠲᠠᠢ᠃         ︵ᠲᠦᠷᠪᠡ︶ ︽ᠠᠮᠢ ᠠᠬᠤᠢ ᠶᠢ ᠬᠠᠮᠠᠭᠠᠯᠠᠬᠤ︾ ᠶᠢ ᠪᠠᠷᠢᠮᠲᠠᠯᠠᠵᠤ᠂ ᠪᠤᠬᠢᠷᠲᠤᠯ ᠦᠭᠡᠢ ᠳᠤᠤᠷ᠎ᠠ ᠨᠡᠭᠦᠷᠡᠰᠤᠳᠦᠷᠦᠭᠴᠢᠲᠤ ᠡᠷᠬᠢᠯᠲᠠ ᠶᠢᠨ ᠬᠦᠭᠵᠢᠯᠲᠡ ᠶᠢ ᠳᠦᠯᠬᠢᠨ ᠠᠬᠢᠭᠤᠯᠬᠤ ᠬᠡᠷᠡᠭᠲᠠᠢ᠃  ᠠᠮᠢ ᠠᠬᠤᠢ ᠶᠢᠨ ᠪᠤᠯᠪᠠᠰᠤᠨ ᠤ ᠳᠦᠷᠢᠮ ᠤᠨ ᠦᠭᠡᠷᠴᠢᠯᠡᠯᠲᠡ ᠶᠢ ᠨᠢᠭᠡᠲᠦᠯᠲᠠᠢ ᠠᠬᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ︽ᠬᠤᠷᠢᠭ᠎ᠠ ᠱᠤᠭᠤᠮ︾ ᠢ ᠴᠢᠩᠭ᠎ᠠ ᠰᠠᠭᠢᠵᠤ᠂ ᠲᠠᠯ᠎ᠠ ᠨᠤᠳᠤᠭ ᠢ ᠲᠠᠳᠠᠪᠤᠷᠢᠯᠡᠨ ᠬᠡᠷᠩᠯᠡᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ︽ᠰᠢᠨ᠎ᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢᠯᠠᠨ ᠱᠠᠩᠨᠠᠬᠤ ᠲᠦᠷᠦ ᠶᠢᠨ ᠪᠤᠳᠤᠯᠭ᠎ᠠ ᠶᠢᠨ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠬᠢᠨᠠᠨ ᠬᠠᠮᠢᠶᠠᠷᠤᠯᠲᠠ ᠶᠢᠨ ᠠᠷᠭ᠎ᠠ︾ ᠶᠢ ᠲᠤᠭᠳᠠᠭᠠᠵᠤ᠂ ᠲᠠᠯ᠎ᠠ ᠨᠤᠳᠤᠭ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠨ᠂ ᠪᠡᠯᠴᠢᠭᠡᠷ ᠤᠨ ᠳᠠᠭᠠᠭᠠᠴᠠ ᠠᠴᠠ ᠭᠡᠲᠦᠷᠡᠭᠰᠡᠨ ᠮᠠᠯ ᠢ ᠡᠷᠬᠡᠪᠰᠢ ᠴᠦᠭᠡᠳᠬᠡᠵᠤ᠂ ᠪᠡᠯᠴᠢᠭᠡᠷᠯᠡᠬᠦᠯᠬᠦ ᠶᠢ ᠵᠤᠭᠰᠤᠭᠠᠭᠰᠠᠨ ᠤᠷᠤᠨ ᠳᠤ ᠮᠠᠯ ᠮᠠᠯᠵᠢᠭᠤᠯᠬᠤ ᠦᠭᠡᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠬᠦᠳᠡᠯᠤᠩᠭᠦᠢ ᠲᠡᠩᠴᠡᠭᠦᠷᠢᠰᠢᠯ ᠤᠨ ᠲᠦᠷᠢᠮ ᠢ ᠭᠡᠷᠡᠭᠵᠢᠬᠦᠯᠵᠦ᠂   ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠲᠠᠯ᠎ᠠ ᠨᠤᠳᠤᠭ ᠤᠨ ᠤᠷᠭᠤᠮᠠᠯ ᠤᠨ ᠪᠦᠷᠭᠦᠴᠡ ᠶᠢᠨ ᠨᠤᠷᠮ᠎ᠠ ᠶᠢ ᠲᠡᠬᠡᠭᠰᠢᠯᠡᠬᠦᠯᠤᠨ᠎ᠠ᠃ ᠪᠡᠭᠡᠵᠢᠩ ᠲᠢᠶᠠᠠᠵᠢᠨ ᠤ ᠡᠯᠡᠰᠤᠨ ᠤ ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭᠠᠳᠣ ᠠᠮᠢ ᠠᠬᠤᠢ ᠶᠢᠨ ᠢᠨᠵᠧᠨᠧᠷᠢᠩ ᠪᠠ ᠭᠤᠤᠯᠳᠠᠯᠭᠠᠳᠤ ᠤᠷᠤᠨ ᠲᠤᠭᠤᠷᠢᠭ ᠤᠨ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠬᠦᠯᠵᠤ᠂ ᠨᠢᠰᠭᠡᠯ ᠢᠶᠠᠷ 3 ᠳᠦᠮᠡᠨ ᠮᠣ᠋ ᠣᠢ ᠶᠢ ᠳᠠᠷᠢᠵᠤ ᠤᠶᠢᠵᠢᠭᠤᠯᠤᠨ᠂ 0.5 ᠲᠦᠮᠡᠨ ᠮᠤ᠋ ᠡᠯᠡᠰᠤ ᠶᠢ ᠲᠤᠭᠳᠠᠪᠤᠷᠢᠵᠢᠭᠤᠯᠬᠤ ᠢᠨᠵᠧᠨᠧᠷᠢᠩ ᠪᠠ 1000 ᠮᠤ᠋ ᠭᠤᠤᠯᠳᠠᠯᠭ᠎ᠠ ᠲᠠᠢ ᠤᠷᠤᠨ ᠲᠤᠭᠤᠷᠢᠭ ᠤᠨ ᠨᠤᠭᠤᠭᠠᠷᠠᠭᠤᠯᠤᠯᠲᠠ ᠶᠢᠨ ᠲᠥᠷᠥᠯ ᠵᠥᠢᠯ ᠢ ᠪᠡᠶᠡᠯᠡᠬᠦᠯᠦᠨ᠎ᠡ᠃ ︽ᠭᠤᠷᠪᠠᠨ ᠤᠷᠤᠨ ᠬᠤᠶᠠᠷ ᠱᠤᠭᠤᠮ︾ ᠤᠨ ᠤᠶᠢᠷ᠎ᠠ ᠬᠠᠪᠢ ᠶᠢᠨ 3.4 ᠲᠡᠭᠰᠢ ᠳᠦᠷᠪᠡᠯᠵᠢᠨ ᠺᠢᠯᠤᠮᠧᠲᠷ ᠬᠠᠶᠠᠭᠳᠠᠮᠠᠯ ᠠᠭᠤᠷᠬᠠᠢ ᠢ ᠵᠠᠰᠠᠨ ᠴᠡᠭᠴᠡᠯᠡᠭᠦ ᠶᠢ ᠪᠡᠶᠡᠯᠡᠭᠦᠯᠵᠤ᠂ 45 ᠾᠧᠺᠲ᠋ᠡᠷ ᠠᠭᠤᠷᠬᠠᠢ ᠶᠢᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠤᠨ᠎ᠠ᠃ ᠡᠯ᠎ᠡ ᠰᠠᠯᠠᠭ᠎ᠠ ᠮᠦᠴᠢᠷ ᠬᠠᠮᠲᠤᠷᠠᠯᠴᠠᠨ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠨ᠂ ᠬᠦᠭᠵᠢᠯᠲᠠ ᠶᠢᠨ ᠠᠮᠢ ᠠᠬᠤᠢ ᠶᠢᠨ ᠤᠷᠴᠢᠨ ᠲᠤᠭᠤᠷᠢᠨ ᠳᠤ ᠦᠵᠡᠭᠦᠯᠬᠦ ᠨᠦᠯᠦᠭᠡ ᠶᠢ ᠬᠠᠮᠤᠭ ᠲᠤᠤᠷ᠎ᠠ ᠬᠡᠮᠵᠢᠶᠡᠨ ᠳᠤ ᠬᠦᠷᠭᠡᠬᠦ ᠪᠠᠷ ᠴᠢᠷᠮᠠᠶᠢᠬᠤ ᠬᠡᠷᠡᠭᠲᠠᠢ᠃ ᠠᠵᠤ ᠦᠢᠯᠡᠳᠪᠤᠷᠢ᠂ ᠪᠠᠷᠢᠯᠭ᠎ᠠ᠂ ᠵᠠᠮ ᠲᠡᠭᠡᠭᠡᠪᠦᠷᠢ᠂ ᠨᠠᠶᠢᠳᠠ ᠶᠢᠨ ᠪᠠᠶᠢᠭᠤᠯᠤᠮᠵᠢ ᠵᠡᠷᠭᠡ ᠬᠦᠷᠢᠶ᠎ᠡ ᠬᠡᠪᠴᠢᠶᠡᠨ ᠳᠠᠬᠢ ᠡᠨᠧᠷᠬᠢ ᠶᠢ ᠠᠷᠪᠢᠯᠠᠨ ᠬᠤᠷᠤᠭᠳᠠᠯ ᠢ ᠪᠠᠭᠠᠰᠬᠠᠬᠤ ᠶᠢ ᠰᠠᠶᠢᠳᠤᠷ ᠠᠳᠬᠤᠨ᠎ᠠ᠃ ᠤᠷᠴᠢᠨ ᠲᠤᠭᠤᠷᠢᠨ ᠤ ᠬᠢᠨᠠᠨ ᠰᠢᠯᠭᠠᠬᠤ ᠴᠢᠳᠠᠪᠬᠢ ᠶᠢ ᠳᠡᠭᠡᠭᠰᠢᠯᠡᠭᠦᠯᠵᠤ᠂ ᠠᠦ᠋ᠲᠴᠢᠯᠠᠭᠰᠠᠨ ᠠᠭᠠᠷ ᠤᠨ ᠪᠤᠬᠢᠷᠳᠤᠯ ᠢ ᠬᠢᠨᠠᠨ‌‍ᠬᠡᠮᠵᠢᠬᠦ ᠦᠷᠲᠡᠭᠡ ᠨᠢᠬᠡ ᠶᠢ ᠪᠠᠶᠢᠭᠤᠯᠤᠨ᠎ᠠ᠃ ᠡᠨᠧᠷᠭᠢ᠂ ᠤᠰᠤᠨ ᠤ ᠡᠬᠢ ᠰᠤᠷᠪᠤᠯᠵᠢ ᠶᠢᠨ ᠬᠤᠷᠤᠭᠳᠠᠯ ᠤᠨ ᠶᠡᠷᠦᠩᠭᠡᠢ ᠬᠡᠮᠵᠢᠶ᠎ᠠ ᠪᠠ ︽ᠬᠤᠤᠰ ᠡᠵᠡᠮᠰᠢᠯᠲᠦ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠭᠢ ᠶᠢ ᠠᠷᠪᠢᠯᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠦᠬᠦ ᠵᠢᠯ ᠤᠨ ᠡᠬᠦᠷᠭᠡ ᠶᠢ ᠰᠠᠶᠢᠳᠣᠷ ᠪᠡᠶᠡᠯᠡᠬᠦᠯᠬᠦ ᠬᠡᠷᠡᠭᠲᠠᠢ᠃         ︵ᠲᠠᠪᠤ︶ ︽ᠲᠠᠬᠢᠨᠲᠠ ᠨᠢᠭᠡᠲᠦᠯᠲᠠᠢ ᠲᠦᠯᠦᠪᠵᠢᠬᠦᠯᠬᠦ︾ ᠶᠢ ᠪᠠᠷᠢᠮᠳᠠᠯᠠᠵᠤ᠂ ᠬᠤᠳᠠ ᠬᠦᠳᠡᠭᠡ ᠶᠢᠨ ᠪᠦᠬᠦ ᠲᠠᠯ᠎ᠠ ᠶᠢᠨ ᠵᠤᠬᠢᠴᠠᠩᠭᠤᠢ ᠬᠦᠭᠵᠢᠯᠲᠡ ᠶᠢ ᠲᠥᠷᠬᠡᠳᠬᠡᠬᠦ ᠬᠡᠷᠡᠭᠲᠠᠢ᠃ ᠬᠤᠳᠠ ᠬᠦᠳᠡᠭᠡ ᠶᠢᠨ ᠬᠦᠭᠵᠢᠯᠲᠠ ᠲᠡᠩᠴᠡᠭᠦᠷᠢ ᠦᠭᠡᠢ᠂ ᠰᠠᠭᠤᠷᠢ ᠪᠦᠳᠦᠭᠡᠨ ᠪᠠᠶᠢᠭᠤᠯᠤᠯᠲᠠ ᠶᠢᠨ ᠨᠦᠬᠦᠴᠡᠯ ᠬᠤᠴᠤᠷᠤᠩᠭᠤᠢ ᠪᠠᠶᠢᠳᠠᠯ ᠨᠢ ᠮᠠᠨ ᠤ ᠬᠤᠰᠢᠭᠤᠨ ᠤ ᠬᠦᠭᠵᠢᠯᠲᠡ ᠶᠢ ᠨᠦᠯᠦᠭᠡᠯᠡᠬᠦ  ᠬᠥᠯᠢᠶᠡᠰᠥᠯᠡᠯ  ᠪᠤᠯᠵᠤ ᠪᠠᠶᠢᠭ᠎ᠠ ᠶᠤᠮ᠃ ᠡᠷᠬᠡᠪᠰᠢ ᠪᠡᠯᠡ ᠤᠷᠤᠭᠤᠯᠤᠯᠲᠠ ᠪᠠᠨ ᠶᠡᠬᠡᠰᠬᠡᠨ᠂ ᠬᠦᠴᠦᠨ ᠢᠶᠠᠨ ᠲᠦᠪᠯᠡᠷᠡᠭᠦᠯᠦᠨ ᠲᠤᠲᠠᠭᠤᠳᠠᠯ ᠢᠶᠠᠨ ᠨᠦᠬᠦᠪᠦᠷᠢᠯᠡᠬᠦ ᠬᠡᠷᠡᠭᠲᠡᠢ᠃        ᠨᠢᠭᠡ ᠳᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢ ᠯᠠᠪᠳᠠᠭᠤᠨ ᠪᠠᠳᠤᠳᠠᠢ ᠳᠦᠯᠬᠢᠨ ᠠᠬᠢᠭᠤᠯᠬᠤ ᠬᠡᠷᠡᠭᠳᠡᠢ᠃ ᠬᠤᠳᠠ ᠬᠦᠳᠡᠭᠡ ᠶᠢᠨ ᠲᠦᠯᠦᠪᠵᠢᠭᠦᠯᠭᠡ ᠶᠢ ᠰᠢᠯᠢᠳᠡᠭᠵᠢᠬᠦᠯᠦᠨ᠂ ᠮᠠᠠᠳᠠᠯᠲᠤ ᠪᠠᠯᠭᠠᠰᠤ  ᠪᠠᠷ ᠲᠥᠪ ᠪᠤᠯᠭᠠᠨ᠂ ᠪᠠᠶᠠᠠᠨᠠᠭᠤᠷ ᠪᠠᠯᠭᠠᠰᠤ᠂ ᠴᠠᠭᠠᠠᠤᠪᠤᠭ᠎ᠠ ᠪᠠᠯᠭᠠᠰᠤ ᠪᠠᠷ ᠴᠡᠭ ᠪᠤᠯᠭᠠᠵᠤ᠂ ᠪᠤᠰᠤᠳ ᠰᠤᠮᠤ ᠪᠠᠯᠭᠠᠰᠤ ᠶᠢ ᠬᠠᠮᠤᠷᠤᠭᠰᠠᠨ ᠦᠨᠳᠤᠰᠤᠳᠠᠨ ᠤ ᠤᠠᠴᠠᠯᠢᠭ ᠲᠠᠢ ᠤᠳᠤᠬᠢᠴᠢᠯᠠᠭᠰᠠᠨ ᠬᠤᠳᠠ ᠪᠠᠯᠭᠠᠰᠤᠵᠢᠯᠲᠠ ᠶᠢᠨ ᠰᠢᠰᠲ᠋ᠧᠮ ᠢ ᠪᠥᠷᠢᠯᠳᠣᠬᠦᠯᠥᠨ᠎ᠡ᠃ ︽ᠮᠠᠠᠳᠠᠯᠲᠤ ᠪᠠᠯᠭᠠᠰᠤᠨ ᠤ ᠶᠡᠷᠦᠩᠭᠡᠢ ᠲᠦᠯᠦᠪᠵᠢᠬᠦᠯᠬᠡ ︵2015 ᠤᠨ — 2030 ᠤᠨ︶︾   ᠢ ᠵᠠᠰᠠᠨ ᠡᠮᠬᠢᠳᠬᠡᠵᠤ᠂ ᠲᠤᠰ ᠵᠢᠯ ᠳᠤ 5.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠰᠤᠶᠤᠯ ᠤᠨ ᠠᠭᠤᠯᠭ᠎ᠠ ᠪᠦᠬᠦᠢ ᠠᠭᠤᠳᠠᠮ ᠲᠠᠯᠠᠪᠠᠢ᠂ ᠱᠤᠭ ᠵᠢᠷᠤᠭ ᠤᠨ ᠴᠡᠴᠡᠷᠯᠢᠭ ᠪᠤᠯᠤᠨ ᠭᠠᠵᠠᠷ ᠰᠢᠠᠵᠢᠯᠡᠭᠡᠨ ᠤ ᠬᠦᠷᠢᠶᠡᠯᠡᠩ ᠤᠨ ᠮᠦᠽᠸᠢ ᠶᠢᠨ ᠤᠷᠳᠤᠨ ᠢ ᠪᠠᠶᠢᠭᠤᠯᠵᠤ᠂ ᠲᠦᠪ ᠠᠭᠤᠳᠠᠮ ᠲᠠᠯᠠᠪᠠᠢ ᠶᠢᠨ ᠬᠤᠶᠠᠳᠤᠭᠠᠷ ᠬᠤᠭᠤᠴᠠᠭᠠᠨ ᠤ ᠵᠠᠰᠠᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠦᠨᠳᠦᠰᠦᠳᠡᠨ ᠤ ᠰᠤᠶᠤᠯ  ᠤᠨ ᠤᠠᠴᠠᠯᠢᠭᠲᠤ ᠵᠡᠭᠡᠯᠢ ᠲᠤᠭᠤᠷᠢᠭ ᠢ ᠪᠦᠳᠦᠭᠡᠨ ᠪᠠᠶᠢᠭᠤᠯᠤᠨ᠎ᠠ᠃ ᠬᠠᠭᠤᠴᠢᠨ ᠲᠤᠭᠤᠷᠢᠭ ᠤᠨ500 ᠡᠷᠥᠬᠡ  ᠶᠢᠨ ᠠᠶᠤᠯᠲᠠᠢ ᠬᠡᠷ ᠪᠠᠶᠢᠰᠢᠩ ᠢ ᠨᠤᠷᠠᠭᠠᠨ ᠰᠢᠯᠵᠢᠬᠦᠯᠵᠤ᠂ ᠬᠠᠭᠤᠴᠢᠨ ᠰᠠᠭᠤᠭᠠᠯᠢ ᠲᠤᠭᠤᠷᠢᠭ ᠤᠨ300 ᠬᠡᠷ ᠪᠠᠶᠢᠰᠢᠩ ᠢ ᠥᠬᠡᠷᠡᠴᠢᠯᠡᠨ ᠵᠠᠰᠠᠵᠤ᠂1.55 ᠲᠦᠮᠡᠨ ᠮᠧᠲᠷ ᠶᠠᠪᠠᠭᠠᠨ ᠬᠦᠮᠦᠨ ᠤ ᠵᠠᠮ ᠢ ᠲᠡᠪᠢᠰᠴᠦ᠂ 50 ᠲᠦᠮᠡᠨ ᠲᠡᠭᠰᠢ ᠳᠦᠷᠪᠡᠯᠵᠢᠨ ᠮᠧᠲᠷ ᠭᠤᠤᠯᠳᠠᠯᠭᠠᠳᠤ ᠤᠷᠤᠨ ᠲᠤᠭᠤᠷᠢᠭ ᠢ ᠨᠤᠭᠤᠭᠠᠷᠠᠭᠤᠯᠵᠤ᠂ ᠰᠢᠨ᠎ᠡ ᠪᠠᠷ 3 ᠰᠠᠭᠤᠷᠢ ᠬᠤᠭ ᠨᠤᠪᠰᠢ ᠳᠠᠮᠵᠢᠭᠤᠯᠤᠨ ᠳᠡᠭᠡᠭᠡᠪᠦᠷᠢᠯᠡᠬᠦ ᠦᠷᠲᠡᠭᠡ ᠪᠠ 20 ᠰᠠᠭᠤᠷᠢ ᠨᠠᠶᠢᠳᠡ ᠶᠢᠨ ᠵᠤᠷᠯᠤᠩ ᠢ ᠰᠢᠨ᠎ᠡ ᠪᠠᠷ ᠪᠠᠶᠢᠭᠤᠯᠵᠤ᠂ 620 ᠰᠠᠭᠤᠷᠢ ᠵᠠᠮ ᠤᠨ ᠳ᠋ᠧᠩ ᠢ ᠤᠭᠰᠠᠷᠠᠨ᠎ᠠ᠃ ᠪᠤᠵᠠᠷ ᠤᠰᠤ ᠴᠡᠪᠡᠷᠰᠢᠬᠦᠯᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠦᠬᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠪᠤᠵᠠᠷ ᠤᠰᠤ  ᠶᠢ ᠲᠠᠬᠢᠨ ᠠᠰᠢᠭᠯᠠᠬᠤ᠂ ᠤᠰᠤ ᠬᠠᠩᠭᠠᠬᠤ ᠢᠵᠢ ᠪᠦᠷᠢᠯᠳᠦᠭᠰᠡᠨ ᠳᠦᠭᠦᠭᠡᠷᠦᠮᠵᠢ ᠶᠢ ᠲᠡᠰ ᠲᠡᠪᠰᠢᠭᠦᠯᠦᠨ ᠦᠭᠡᠷᠡᠴᠢᠯᠡᠬᠦ ᠢᠨᠵᠧᠨᠧᠷᠢᠩ ᠢ ᠶᠠᠪᠤᠭᠳᠠᠭᠤᠯᠵᠤ᠂ ᠨᠢᠭᠡ ᠪᠦᠯᠦᠭ ᠬᠠᠭᠤᠴᠢᠨ ᠰᠠᠭᠤᠭᠠᠯᠢ ᠲᠤᠭᠤᠷᠢᠭ ᠤᠨ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢ ᠵᠠᠰᠠᠨ ᠰᠢᠨᠠᠳᠭᠡᠨ᠎ᠡ᠃ ︽ᠤᠷᠢᠳᠠᠪᠡᠷ ᠭᠠᠵᠠᠷ ᠳᠤᠤᠷᠠᠬᠢ ᠲᠦᠬᠦᠭᠡᠷᠦᠮᠵᠢ ᠶᠢ ᠰᠠᠶᠢᠵᠢᠷᠠᠭᠤᠯᠵᠤ᠂ ᠳᠠᠷᠠᠭ᠎ᠠ ᠨᠢ ᠭᠠᠵᠠᠷ ᠲᠡᠭᠡᠷᠡᠬᠢ ᠶᠢ ᠵᠠᠰᠠᠬᠤ︾ ᠵᠠᠷᠴᠢᠮ ᠶᠤᠰᠤᠭᠠᠷ ᠨᠢᠭᠡᠳᠤᠯᠲᠡᠢ ᠲᠦᠯᠦᠪᠯᠡᠨ᠂ ᠴᠠᠬᠢᠯᠭᠠᠨ᠂ ᠴᠢᠮᠡᠭᠡ ᠬᠤᠯᠪᠤᠭ᠎ᠠ᠂ ᠤᠰᠤᠨ ᠤ ᠬᠠᠩᠭᠠᠯᠭ᠎ᠠ᠂ ᠨᠠᠶᠢᠳᠡ ᠶᠢᠨ ᠲᠤᠯᠠᠭᠠᠯᠠᠭ᠎ᠠ ᠵᠡᠷᠭᠡ ᠤᠯᠠᠨ ᠲᠦᠷᠦᠯ ᠤᠨ ᠭᠠᠵᠠᠷ ᠳᠤᠤᠷᠠᠬᠢ ᠭᠤᠤᠷᠰᠤ ᠤᠳᠠᠰᠤᠨ ᠤ ᠪᠦᠳᠦᠭᠡᠨ ᠪᠠᠶᠢᠭᠤᠯᠤᠯᠲᠠ ᠶᠢ ᠰᠢᠠᠵᠢᠯᠡᠬᠦ ᠤᠬᠠᠭᠠᠠᠴᠢ ᠪᠠᠷ ᠪᠠᠶᠢᠷᠢᠯᠠᠭᠤᠯᠵᠤ᠂ ᠵᠠᠰᠠᠮᠠᠯ ᠵᠠᠮ ᠢ ᠪᠠᠶᠢᠨ ᠳᠠᠬᠢᠨ ᠬᠠᠭᠠᠯᠵᠤ ᠡᠪᠳᠡᠨ᠂ ᠰᠣᠨᠵᠢᠷᠠᠭᠰᠠᠨ ᠢᠨᠵᠧᠨᠧᠷᠢᠩ ᠬᠢᠬᠦ ᠶᠢ ᠴᠢᠩᠭ᠎ᠠ ᠵᠡᠶᠢᠯᠡᠰᠬᠢᠬᠦ ᠬᠡᠷᠡᠭᠲᠠᠢ᠃ ︽ᠤᠶᠤᠨᠯᠢᠭ ᠬᠤᠳᠠ︾ ᠶᠢᠨ ᠪᠦᠳᠦᠭᠡᠨ ᠪᠠᠶᠢᠭᠤᠯᠤᠯᠲᠠ  ᠶᠢ ᠲᠦᠷᠭᠡᠳᠭᠡᠨ ᠠᠬᠢᠭᠤᠯᠵᠤ᠂ ᠲᠤᠮᠤ ᠳ᠋ᠠᠶᠢᠲ ᠵᠡᠷᠭᠡ ᠤᠳᠤᠬᠢᠴᠢᠯᠠᠭᠰᠠᠨ ᠴᠢᠮᠡᠭᠡ ᠵᠠᠩᠭᠢ ᠶᠢᠨ ᠮᠡᠷᠭᠡᠵᠢᠯ ᠪᠠ ᠬᠤᠳᠠ ᠪᠠᠯᠭᠠᠰᠤᠨ ᠤ ᠦᠢᠯᠡᠴᠢᠯᠡᠭᠡᠨ ᠤ ᠬᠠᠮᠢᠶᠠᠷᠤᠯᠲᠠ ᠶᠢ ᠬᠦᠨᠵᠡᠭᠡᠢ ᠤᠶᠠᠯᠳᠤᠭᠤᠯᠬᠤ ᠶᠢ ᠢᠳᠡᠪᠬᠢᠲᠡᠢ ᠠᠬᠢᠭᠤᠯᠵᠤ᠂ ᠬᠤᠳᠠ ᠪᠠᠯᠭᠠᠰᠤᠨ ᠤ ᠬᠠᠮᠢᠶᠠᠷᠤᠯᠲᠠ ᠶᠢᠨ ᠨᠠᠷᠢᠯᠢᠭᠵᠢᠭᠤᠯᠤᠭᠰᠠᠨ᠂ ᠬᠦᠮᠦᠠᠴᠢᠯᠡᠭᠰᠡᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃        ᠬᠤᠶᠠᠷ ᠲᠤ᠂ ᠰᠢᠨ᠎ᠡ ᠬᠦᠳᠡᠭᠡ ᠳᠤᠰᠬᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠡᠢ᠃ ᠬᠤᠳᠠ ᠬᠦᠳᠡᠭᠡ ᠶᠢᠨ ᠬᠦᠭᠵᠢᠯᠲᠡ ᠶᠢᠨ ᠵᠦᠷᠢᠶ᠎ᠡ ᠶᠢ ᠪᠠᠭᠠᠰᠬᠠᠵᠤ᠂ ︽ᠠᠷᠪᠠ ᠶᠢ ᠪᠦᠷᠬᠦᠬᠦᠯᠬᠦ ᠢᠨᠵᠧᠨᠧᠷᠢᠩ︾ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠥᠲᠥᠮᠵᠢ ᠶᠢ ᠪᠠᠲᠤᠳᠬᠠᠨ᠂ ᠦᠵᠡᠰᠭᠦᠯᠡᠩᠲᠤ ᠬᠦᠳᠡᠭᠡ ᠳᠤᠰᠬᠤᠨ ᠤ ᠪᠦᠳᠦᠭᠡᠨ ᠪᠠᠶᠢᠭᠤᠯᠤᠯᠲᠠ ᠶᠢ ᠬᠦᠠᠵᠡᠭᠡᠢ ᠳᠦᠯᠬᠢᠨ ᠠᠬᠢᠭᠤᠯᠵᠤ᠂ ᠲᠤᠭᠳᠠᠭᠰᠠᠨ ᠬᠤᠭᠤᠴᠠᠭᠠᠨ ᠳᠤ ᠴᠢᠨᠠᠭᠡᠯᠢᠭ ᠨᠠᠶᠢᠭᠡᠮ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠪᠠᠳᠤᠯᠠᠨ᠎ᠠ᠃ ᠡᠯ᠎ᠡ ᠲᠦᠷᠦᠯ ᠤᠨ ᠮᠠᠯ ᠠᠵᠤ ᠠᠬᠤᠢ ᠳᠤ ᠬᠤᠯᠪᠤᠭᠳᠠᠭᠰᠠᠨ ᠲᠦᠷᠦᠯ ᠵᠦᠢᠯ ᠤᠨ ᠪᠡᠯᠡ ᠮᠦᠩᠭᠦ ᠶᠢ ᠨᠢᠭᠡᠳᠭᠡᠨ᠂ ᠤᠰᠤ᠂ ᠴᠠᠬᠢᠯᠭᠠᠨ᠂ ᠵᠠᠮ᠂ ᠫᠧᠩ ᠬᠤᠷᠤᠭ᠎ᠠ ᠪᠠᠷ ᠭᠤᠤᠯ ᠪᠤᠯᠭᠠᠭᠰᠠᠨ ᠮᠠᠯᠵᠢᠬᠤ ᠤᠷᠤᠨ ᠤ ᠰᠠᠭᠤᠷᠢ ᠳᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠷᠢᠠᠰᠢᠬᠦᠯᠵᠤ᠂ 191 ᠠᠮᠠᠰᠠᠷ ᠤᠰᠤᠨ ᠬᠤᠳᠳᠤᠭ᠂ 175 ᠰᠠᠭᠤᠷᠢ ᠤᠰᠤ ᠬᠠᠳᠠᠭᠠᠯᠠᠬᠤ ᠵᠤᠭᠤᠷᠢ ᠶᠢ ᠰᠢᠨ᠎ᠡ ᠪᠠᠷ ᠪᠠᠶᠢᠭᠤᠯᠤᠨ᠂ 175 ᠢᠵᠢ ᠤᠰᠤ ᠴᠡᠪᠡᠷᠰᠢᠬᠦᠯᠬᠦ ᠲᠦᠬᠦᠭᠡᠷᠦᠮᠵᠢ᠂ 2000 ᠸᠠᠲ ᠠᠴᠠ ᠲᠡᠭᠡᠭᠰᠢᠬᠢ 500 ᠢᠵᠢ ᠨᠠᠷᠠ ᠰᠠᠯᠬᠢᠨ ᠤ ᠬᠠᠷᠢᠯᠴᠠᠨ ᠨᠦᠬᠦᠪᠦᠷᠢᠯᠡᠬᠦ ᠲᠦᠬᠦᠭᠡᠷᠦᠮᠵᠢ ᠶᠢ ᠤᠭᠰᠠᠷᠠᠵᠤ᠂ 292 ᠺᠢᠯᠤᠮᠧᠲᠷ ᠭᠠᠴᠠᠭᠠᠨ ᠳᠤ ᠨᠡᠪᠳᠡᠷᠡᠬᠦ ᠱᠦᠢᠨᠢ ᠵᠠᠮ ᠢ ᠲᠡᠪᠢᠰᠴᠦ᠂ 5.5 ᠲᠦᠮᠡᠨ ᠲᠡᠭᠰᠢ ᠳᠦᠷᠪᠡᠯᠵᠢᠨ ᠮᠧᠲᠷ ᠪᠠᠷᠢᠮᠵᠢᠶᠠᠲᠤ ᠲᠤᠯᠠᠭᠠᠨ ᠫᠧᠩ᠂ 5000 ᠲᠡᠭᠰᠢ ᠳᠦᠷᠪᠡᠯᠵᠢᠨ ᠮᠧᠲᠷ ᠡᠪᠡᠰᠤ ᠬᠠᠳᠠᠭᠠᠯᠠᠬᠤ ᠫᠧᠩ ᠶᠢ ᠰᠢᠨ᠎ᠡ ᠪᠠᠷ ᠪᠠᠶᠢᠭᠤᠯᠤᠨ᠎ᠠ᠃《 ᠠᠷᠪᠠ ᠶᠢ ᠪᠦᠷᠭᠦᠭᠦᠯᠭᠦ》ᠢᠨᠵᠧᠨᠧᠷᠢᠩ ᠤᠨ ᠦᠷ᠎ᠡ ᠪᠦᠳᠦᠮᠵᠢ ᠶᠢ ᠳᠡᠭᠡᠭᠰᠢᠯᠡᠭᠦᠯᠤᠨ᠂ ᠵᠠᠬ᠎ᠠ ᠳᠡᠯᠬᠡᠭᠦᠷᠵᠢᠬᠦᠯᠦᠯᠳᠡ ᠶᠢᠨ ᠠᠷᠭ᠎ᠠ ᠬᠡᠯᠪᠡᠷᠢ ᠶᠢ ᠢᠳᠡᠪᠬᠢᠲᠠᠢ ᠰᠥᠪᠡᠭᠴᠢᠯᠡᠵᠤ᠂ ᠨᠡᠶᠢᠭᠡᠮ ᠤᠨ ᠵᠤᠭᠢᠶᠠᠨ ᠪᠠᠶᠢᠭᠤᠯᠣᠯᠳᠠ᠂ ᠠᠵᠤ ᠠᠬᠤᠶᠢᠯᠠᠯ ᠪᠣᠯᠣᠨ ᠬᠤᠪᠢ ᠭᠦᠮᠤᠨ ᠢᠳᠡᠪᠬᠢᠳᠡᠢ ᠤᠷᠤᠯᠴᠠᠬᠤ ᠶᠢ ᠵᠤᠷᠢᠭᠵᠢᠭᠤᠯᠵᠤ᠂ 《 ᠠᠷᠪᠠ ᠶᠢ ᠪᠥᠷᠬᠦᠬᠦᠯᠬᠦ》ᠢᠨᠵᠧᠨᠧᠷᠢᠩ ᠤᠨ ᠬᠤᠶᠢᠰᠢᠲᠠ ᠶᠢᠨ ᠬᠠᠮᠢᠶᠠᠷᠤᠯᠲᠠ ᠪᠠ ᠬᠡᠷᠡᠭᠯᠡᠭᠡ ᠶᠢ ᠳᠦᠯᠭᠢᠨ ᠠᠭᠢᠭᠤᠯᠤᠨ᠎ᠡ᠃ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠴᠥᠯᠡᠨ ᠲᠡᠮᠵᠢᠵᠦ᠂ ᠮᠠᠨ ᠤ ᠬᠤᠰᠢᠭᠤ ᠨᠢ  ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠤᠭᠲᠠᠭᠠᠭᠰᠠᠨ 2017 ᠤᠨ ᠤ ᠪᠦᠬᠦ ᠤᠷᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢ ᠳᠡᠮᠵᠢᠭᠦ ᠭᠤᠤᠯᠳᠠᠯᠭ᠎ᠠ ᠲᠠᠢ ᠬᠤᠰᠢᠭᠤ ᠰᠢᠶᠠᠨ ᠳᠤ ᠣᠷᠣᠭᠰᠠᠨ ᠢ ᠠᠰᠢᠭᠯᠠᠵᠤ᠂ ᠬᠠᠮᠲᠤ ᠶᠢᠨ ᠠᠵᠤ ᠠᠬᠤᠢ ᠶᠢᠨ ᠰᠠᠭᠤᠷᠢ ᠪᠠᠷ ᠨᠡᠯᠢᠶᠡᠳ ᠰᠠᠶᠢᠨ 5 — 6 ᠭᠠᠴᠠᠭ᠎ᠠ ᠶᠢ ᠰᠤᠩᠭᠤᠵᠤ ᠭᠤᠤᠯᠳᠠᠯᠭ᠎ᠠ ᠲᠠᠢ ᠲᠡᠮᠵᠢᠨ᠎ᠡ᠃ ᠮᠠᠯᠵᠢᠬᠤ ᠤᠷᠤᠨ ᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠲᠠ ᠪᠠ ᠦᠠᠳᠤᠰᠤᠨ ᠱᠠᠳᠤᠨ ᠤ ᠬᠠᠤᠯᠢᠵᠢᠯ᠂ ᠦᠨᠳᠤᠰᠤᠳᠠᠨ ᠤ ᠪᠦᠯᠭᠦᠮᠳᠡᠯ ᠳᠠᠪᠰᠢᠯᠲᠠ ᠶᠢ ᠠᠬᠢᠭᠤᠯᠬᠤ ᠵᠡᠷᠭᠡ ᠬᠦᠳᠡᠯᠭᠡᠭᠡᠨ ᠢ ᠬᠠᠮᠲᠤ ᠳᠤᠨᠢ ᠳᠦᠯᠬᠢᠨ ᠠᠬᠢᠭᠤᠯᠵᠤ᠂ ᠠᠵᠢᠯᠯᠠᠵᠤ ᠠᠮᠢᠲᠤᠷᠠᠬᠤ ᠤᠷᠴᠢᠨ ᠲᠤᠬᠢᠯᠢᠭ᠂ ᠡᠶ᠎ᠡ ᠵᠤᠬᠢᠴᠠᠯᠲᠠᠢ᠂ ᠵᠤᠯ ᠵᠢᠷᠭᠠᠯᠲᠤ ᠰᠢᠨ᠎ᠠ ᠮᠠᠯᠵᠢᠬᠤ ᠤᠷᠤᠨ ᠢ ᠪᠦᠳᠦᠭᠡᠨ ᠪᠠᠶᠢᠭᠤᠯᠤᠨ᠎ᠠ᠃         ᠭᠤᠷᠪᠠ ᠳᠤ᠂ ᠬᠥᠨᠲᠤ ᠴᠢᠬᠤᠯᠠ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠳᠡᠢ᠃ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠲᠤᠯᠤᠭᠠᠨ ᠲᠤᠤᠷ︾ ᠢ ᠪᠦᠳᠦᠭᠡᠨ ᠪᠠᠶᠢᠭᠤᠯᠬᠤ ᠶᠢ ᠳᠦᠯᠬᠢᠨ ᠠᠬᠢᠭᠤᠯᠬᠤ ᠠᠵᠠ ᠳᠤᠬᠢᠶᠠᠯ ᠢ ᠠᠳᠬᠤᠵᠤ᠂ ᠨᠢᠭᠡ ᠪᠦᠯᠦᠭ ᠭᠤᠤᠯᠳᠠᠯᠭ᠎ᠠ ᠲᠠᠢ ᠰᠠᠭᠤᠷᠢ ᠳᠦᠭᠦᠭᠡᠷᠦᠮᠵᠢ ᠶᠢᠨ ᠲᠦᠷᠦᠯ ᠵᠦᠢᠯ ᠢ ᠴᠢᠩᠭ᠎ᠠ ᠠᠳᠬᠤᠨ ᠬᠡᠷᠡᠭᠵᠢᠬᠦᠯᠦᠨ᠎ᠡ᠃ ᠡᠷᠢᠶᠡᠨ ᠬᠤᠳᠠ ᠠᠴᠠ ᠮᠠᠠᠳᠠᠯᠲᠤ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ᠂ 331 ᠤᠯᠤᠰ ᠤᠨ ᠲᠡᠰ ᠤᠨ ᠵᠠᠰᠠᠮᠠᠯ ᠵᠠᠮ ᠤᠨ ᠮᠠᠠᠳᠠᠯᠲᠤ ᠠᠴᠠ ᠪᠡᠯᠭᠦᠲᠠᠢ ᠬᠦᠷᠬᠦ ᠵᠠᠮ ᠱᠤᠭᠤᠮ ᠢ ᠪᠦᠳᠦᠭᠡᠨ ᠪᠠᠶᠢᠭᠤᠯᠬᠤ ᠳᠦᠷᠣᠯ ᠵᠣᠶᠢᠯ ᠢ ᠢᠳᠡᠪᠬᠢᠲᠠᠢ ᠠᠬᠢᠭᠤᠯᠵᠤ᠂ ᠵᠢᠭᠤᠯᠴᠢᠯᠠᠯ ᠤᠨ ᠵᠠᠰᠠᠮᠠᠯ ᠵᠠᠮ᠂ ᠠᠭᠠᠷ ᠠᠶᠠᠯᠠᠯ ᠤᠨ ᠤᠨᠴᠠᠯᠢᠭᠲᠤ ᠵᠢᠵᠢᠭ ᠪᠠᠯᠭᠠᠰᠤ  ᠶᠢ ᠪᠥᠳᠥᠬᠡᠨ ᠪᠠᠶᠢᠭᠤᠯᠬᠤ ᠲᠦᠷᠤᠯ ᠵᠦᠢᠯ ᠢ ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠤᠨ ᠤ ᠪᠠᠳᠤᠯᠠᠭᠠᠨ ᠤ ᠴᠢᠳᠡᠪᠬᠢ ᠶᠢ ᠲᠡᠬᠡᠭᠰᠢᠯᠡᠬᠦᠯᠵᠥ᠂500 ᠺᠢᠯᠦᠸᠤᠯᠲ ᠴᠠᠬᠢᠯᠭᠠᠨ ᠬᠤᠪᠢᠰᠬᠠᠵᠤ ᠳᠠᠮᠵᠢᠭᠤᠯᠬᠤ ᠢᠨᠵᠧᠨᠧᠷᠢᠩ ᠪᠠ ᠲᠡᠯᠡᠢ ᠰᠣᠮᠣᠨ ᠤ 110 ᠺᠢᠯᠦᠸᠤᠯᠲ ᠶᠢᠨ ᠴᠠᠬᠢᠯᠭᠠᠨ ᠬᠦᠴᠦᠲᠠᠯ ᠢ ᠬᠤᠪᠢᠰᠬᠠᠨ ᠳᠠᠮᠵᠢᠭᠤᠯᠬᠤ ᠦᠷᠲᠡᠭᠡ ᠶᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠩᠵᠢᠬᠦᠯᠵᠥ᠂ ᠮᠠᠩᠯᠠᠢ 220 ᠺᠢᠯᠦᠸᠤᠯᠲ᠂ ᠳ᠋ᠠ ᠲᠠᠩ ᠳ᠋ᠢᠩ ᠸᠠᠩ  ᠤᠨ 110 ᠺᠢᠯᠦᠸᠤᠯᠲ ᠶᠢᠨ ᠴᠠᠬᠢᠯᠭᠠᠨ ᠬᠦᠴᠦᠲᠠᠯ ᠬᠤᠪᠢᠰᠬᠠᠬᠤ ᠢᠨᠵᠧᠨᠧᠷᠢᠩ ᠢ ᠳᠤᠰ ᠵᠢᠯ ᠳᠤ ᠠᠰᠢᠭᠯᠠᠯᠲᠠ  ᠳᠤ ᠣᠷᠣᠭᠤᠯᠬᠤ ᠪᠠᠷ ᠴᠢᠷᠮᠠᠶᠢᠵᠥ᠂ 2 ᠰᠠᠭᠤᠷᠢ 35 ᠺᠢᠯᠦᠸᠤᠯᠲ ᠶᠢᠨ ᠴᠠᠬᠢᠯᠭᠠᠨ ᠬᠤᠪᠢᠰᠬᠠᠬᠤ ᠢᠨᠵᠧᠨᠧᠷᠢᠩ ᠢ ᠪᠠᠶᠢᠭᠤᠯᠵᠤ᠂ ᠮᠠᠯᠵᠢᠬᠤ ᠤᠷᠤᠨ ᠤ ᠴᠠᠬᠢᠯᠭᠠᠨ ᠲᠤᠤᠷ ᠰᠦᠯᠵᠢᠶ᠎ᠡ ᠶᠢ ᠦᠭᠡᠷᠡᠴᠢᠯᠠᠵᠤ ᠲᠡᠰ ᠳᠡᠪᠰᠢᠭᠦᠯᠬᠦ ᠢᠨᠵᠧᠨᠧᠷᠢᠩ ᠪᠠ ᠭᠠᠴᠠᠭᠠᠨ ᠲᠦᠪ ᠲᠤ ᠴᠠᠬᠢᠯᠭᠠᠨ ᠨᠡᠪᠳᠡᠷᠡᠬᠦᠯᠬᠦ ᠵᠡᠷᠭᠡ ᠢᠨᠵᠧᠨᠧᠷᠢᠩ ᠢ ᠲᠦᠯᠬᠢᠨ ᠠᠬᠢᠭᠤᠯᠤᠨ᠎ᠠ᠃ ᠴᠢᠮᠡᠭᠡ ᠬᠤᠯᠪᠤᠭ᠎ᠠ ᠲᠤᠤᠷ ᠰᠦᠯᠵᠢᠶᠡᠨ ᠤ ᠪᠦᠳᠤᠬᠡᠨ ᠪᠠᠶᠢᠭᠤᠯᠤᠯᠳᠠ ᠶᠢ ᠲᠦᠷᠬᠡᠤᠡᠬᠡᠨ᠂ 2 ᠰᠠᠭᠤᠷᠢ ᠴᠢᠮᠡᠭᠡ ᠬᠤᠯᠪᠤᠭᠠᠨ ᠤ ᠰᠠᠭᠤᠷᠢ ᠦᠷᠲᠡᠭᠡ ᠶᠢ ᠰᠢᠨ᠎ᠡ ᠪᠠᠷ ᠪᠠᠶᠢᠭᠤᠯᠵᠤ᠂ ᠴᠢᠮᠡᠭᠡ ᠬᠤᠯᠪᠤᠭᠠᠨ ᠤ ᠪᠦᠷᠬᠦᠴᠡ ᠶᠢᠨ ᠨᠤᠷᠮ᠎ᠠ  ᠶᠢ ᠤᠯᠠᠮ ᠨᠢᠬᠡ ᠠᠯᠬᠤᠮ ᠲᠡᠭᠡᠭᠰᠢᠯᠡᠬᠦᠯᠦᠨ᠎ᠡ᠃         ︵ᠵᠢᠷᠭᠤᠭ᠎ᠠ︶ ︽ᠠᠷᠠᠳ ᠲᠤ ᠠᠰᠢᠭ ᠬᠦᠷᠳᠡᠭᠡᠬᠦ︾ ᠶᠢ ᠪᠠᠷᠢᠮᠲᠠᠯᠠᠵᠤ᠂ ᠠᠷᠠᠥᠨ ᠳᠦᠮᠡᠨ ᠳᠤ ᠦᠭᠡᠷᠴᠢᠯᠡᠯᠲᠠ ᠬᠦᠭᠵᠢᠯᠲᠠ ᠶᠢᠨ ᠦᠷ᠎ᠡ ᠪᠦᠳᠦᠮᠵᠢ ᠶᠢ ᠬᠥᠷᠳᠡᠬᠡᠬᠦ ᠬᠡᠷᠡᠭᠲᠠᠢ᠃ ᠡᠳ᠋ ᠤᠨ ᠵᠠᠰᠠᠭ ᠤᠨ ᠬᠢᠵᠠᠭᠠᠷ  ᠲᠠᠢ ᠪᠡᠯᠡ ᠮᠦᠩᠭᠦ ᠶᠢ ᠠᠷᠠᠳ ᠤᠨ ᠠᠮᠢᠳᠦᠷᠠᠯ ᠢ ᠰᠠᠶᠢᠵᠢᠷᠠᠭᠤᠯᠬᠤ ᠠᠵᠢᠯ ᠲᠡᠭᠡᠷ᠎ᠡ ᠨᠡᠩ ᠦᠷᠭᠡᠨ ᠢᠶᠠᠷ ᠬᠡᠷᠡᠭᠯᠡᠨ᠂ ᠠᠷᠠᠳ ᠤᠨ ᠠᠮᠢᠳᠦᠷᠠᠯ ᠤᠨ ᠪᠠᠷᠢᠮᠵᠢᠶ᠎ᠠ ᠶᠢ ᠪᠠᠲᠤ ᠰᠠᠬᠢᠵᠦ᠂ ᠠᠮᠦᠷ ᠳᠦᠪᠰᠢᠨ ᠢ ᠪᠠᠲᠤᠳᠬᠠᠨ᠂ ᠡᠯ᠎ᠡ ᠦᠨᠳᠦᠰᠦᠳᠡᠨ ᠤ ᠠᠷᠠᠳ ᠲᠦᠮᠡᠨ ᠳᠤ ᠦᠭᠡᠷᠴᠢᠯᠡᠯᠲᠠ ᠬᠦᠭᠵᠢᠯᠲᠠ ᠶᠢᠨ ᠦᠷ᠎ᠡ ᠪᠦᠳᠦᠮᠵᠢ ᠶᠢ ᠨᠡᠩ ᠰᠠᠶᠢᠨ ᠢᠶᠠᠷ ᠡᠳ᠋ᠯᠡᠬᠦᠯᠬᠦ ᠬᠡᠷᠡᠭᠲᠠᠢ᠃         ᠨᠢᠭᠡ ᠳᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠶᠢ ᠦᠷᠭᠦᠯᠵᠢᠯᠡᠨ ᠠᠬᠢᠭᠤᠯᠬᠤ ᠬᠡᠷᠡᠭᠲᠠᠢ᠃ ᠶᠠᠳᠠᠭᠤ ᠠᠴᠠ ᠠᠩᠬᠢᠵᠢᠷᠠᠭᠤᠯᠤᠭᠰᠠᠨ ᠤ ᠲᠠᠷᠠᠭᠠᠬᠢ ᠦᠷᠭᠦᠯᠵᠢᠯᠡᠨ ᠳᠡᠳᠬᠦᠬᠦ ᠵᠤᠬᠢᠴᠠᠮᠵᠢ  ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠂ ᠲᠠᠬᠢᠨᠲᠠ ᠶᠠᠳᠠᠭᠤᠷᠬᠤ ᠪᠠ ᠰᠢᠨ᠎ᠠ ᠶᠠᠳᠠᠭᠤ ᠡᠷᠦᠬᠡ ᠨᠡᠮᠡᠭᠳᠡᠬᠦ ᠠᠰᠠᠭᠤᠳᠠᠯ ᠶᠢ ᠴᠢᠩᠭ᠎ᠠ ᠰᠡᠷᠭᠡᠶᠢᠯᠡᠨ᠎ᠡ᠃ ᠡᠯ᠎ᠡ ᠲᠦᠷᠦᠯ ᠤᠨ ᠮᠠᠯᠵᠢᠯ ᠳᠤ ᠬᠤᠯᠪᠤᠭᠳᠠᠭᠰᠠᠨ ᠪᠡᠯᠡ ᠮᠦᠩᠬᠦ ᠪᠣᠯᠣᠨ ᠲᠦᠷᠦᠯ ᠵᠦᠢᠯ ᠤᠨ ᠦᠢᠯᠡᠳᠦᠯ ᠢ ᠬᠦᠢᠴᠡᠳ ᠪᠠᠳᠠᠷᠠᠭᠤᠯᠵᠣ᠂ ︽ᠭᠤᠷᠪᠠ ᠶᠢ ᠭᠠᠴᠠᠭᠠᠨ  ᠳᠤ ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾᠂ ᠮᠦᠩᠭᠦᠨ ᠬᠦᠢᠯᠭᠡᠭᠡ ᠪᠠᠷ ᠶᠠᠳᠠᠭᠤ ᠶᠢ ᠲᠡᠳᠬᠦᠬᠦ᠂ ᠨᠡᠭᠦᠯᠭᠡᠨ ᠰᠢᠯᠵᠢᠬᠦᠯᠵᠥ ᠶᠠᠳᠠᠭᠤ ᠶᠢ ᠳᠡᠳᠬᠦᠬᠦ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠠ᠃ ᠡᠮ ᠡᠮᠨᠡᠯᠬᠡ᠂ ᠰᠣᠷᠭᠠᠨ ᠬᠥᠮᠥᠵᠢᠯ᠂ ᠵᠢᠭᠤᠯᠴᠢᠯᠠᠯ ᠤᠨ ᠥᠢᠯᠡᠰ ᠢᠶᠠᠷ ᠶᠠᠳᠠᠭᠤ ᠶᠢ ᠲᠡᠳᠭᠦᠭᠦ ᠲᠦᠷᠦᠯ ᠵᠦᠢᠯ ᠢ ᠬᠦᠴᠦᠲᠠᠢ ᠲᠦᠯᠬᠢᠨ ᠠᠬᠢᠭᠤᠯᠵᠣ᠂ ᠳᠣᠣᠷ᠎ᠠ ᠪᠠᠲᠤᠯᠠᠭ᠎ᠠ ᠪᠣᠯᠣᠨ ᠶᠠᠳᠠᠭᠤ ᠶᠢ ᠲᠡᠳᠬᠦᠬᠦ ᠠᠵᠢᠯ ᠢ ᠪᠦᠳᠦᠮᠵᠢᠲᠠᠢ ᠤᠶᠠᠯᠳᠤᠭᠤᠯᠬᠤ ᠶᠢ ᠲᠦᠯᠬᠢᠨ ᠠᠬᠢᠭᠤᠯᠵᠤ᠂ ᠶᠠᠳᠠᠭᠤ ᠶᠢ ᠲᠡᠳᠭᠦᠭᠦ ᠠᠵᠢᠯ ᠤᠨ ᠦᠨᠳᠦᠰᠦᠨ ᠪᠠᠲᠣᠯᠠᠭ᠎ᠠ ᠶᠢ ᠰᠠᠶᠢᠲᠤᠷ ᠬᠢᠵᠦ᠂ ᠰᠢᠨ᠎ᠡ ᠪᠠᠷ ᠢᠯᠭᠠᠨ ᠲᠤᠭᠲᠠᠭᠠᠭᠰᠠᠨ 51 ᠡᠷᠦᠭᠡ ᠶᠢᠨ 162 ᠶᠠᠳᠠᠭᠤ ᠬᠦᠴᠢᠷᠳᠡᠯᠲᠠᠢ ᠬᠦᠮᠦᠰ ᠢ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠶᠢ ᠪᠠᠶᠠᠯᠡᠭᠦᠯᠦᠨ᠎ᠠ᠃ ᠮᠠᠯᠴᠢᠳ ᠤᠨ ᠬᠡᠪ ᠴᠢᠨᠠᠷ ᠶᠢ ᠲᠠᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯᠴᠢᠳ ᠤᠨ ᠦᠢᠯᠡᠳᠪᠦᠷᠢᠯᠡᠯ ᠢᠶᠠᠨ ᠬᠦᠭᠵᠢᠭᠦᠯᠬᠦ ᠢᠳᠡᠪᠬᠢᠲᠦ ᠴᠢᠨᠠᠷ ᠪᠣᠯᠣᠨ ᠰᠠᠨᠠᠭᠠᠴᠢᠯᠭᠠᠲᠦ ᠴᠢᠨᠠᠷ ᠢ ᠭᠦᠢᠴᠡᠳ ᠲᠠᠶᠢᠴᠢᠯᠠᠨ᠂ ᠠᠵᠢᠯᠴᠢ ᠬᠦᠳᠡᠯᠮᠦᠷᠢᠴᠢ ᠪᠠᠷ ᠴᠢᠨᠡᠭᠡᠯᠢᠭᠵᠢᠬᠦ ᠲᠠᠨᠢᠯᠳᠠ ᠶᠢ ᠪᠣᠢ ᠪᠣᠯᠭᠠᠵᠣ᠂ ᠳᠠᠩᠰᠠ ᠪᠤᠳᠤᠵᠤ ᠮᠠᠯ ᠮᠠᠯᠵᠢᠬᠤ᠂ ᠵᠦᠢ ᠵᠤᠬᠢᠰᠳᠠᠢ ᠬᠡᠷᠡᠭᠯᠡᠭᠡᠨ ᠤ ᠦᠵᠡᠯᠳᠠ ᠶᠢ ᠪᠤᠢ ᠪᠤᠯᠭᠠᠵᠤ᠂ ᠦᠪᠡᠷ ᠤᠨ ᠬᠦᠴᠦ ᠪᠠᠷ ᠢᠶᠠᠨ ᠲᠡᠭᠵᠢᠷᠡᠬᠦ ᠴᠢᠳᠠᠪᠤᠷᠢ ᠶᠢ  ᠨᠢ ᠲᠡᠭᠡᠭᠰᠢᠯᠡᠭᠦᠯᠦᠨ᠎ᠡ᠃         ᠬᠤᠶᠠᠷ ᠲᠤ᠂ ᠦᠢᠯᠡᠰ ᠪᠣᠰᠬᠠᠬᠤ ᠪᠠ ᠠᠵᠢᠯ ᠣᠯᠭᠤᠬᠤ ᠶᠢ ᠯᠠᠪᠳᠠᠭᠤᠨ ᠪᠠᠷ ᠲᠦᠯᠬᠢᠨ ᠠᠬᠢᠭᠤᠯᠬᠤ ᠬᠡᠷᠡᠭᠲᠠᠢ᠃ ᠦᠢᠯᠡᠰ ᠪᠤᠰᠬᠠᠵᠤ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠣ᠂ ᠨᠡᠩ ᠢᠲᠡᠪᠬᠢᠲᠠᠢ ᠠᠵᠢᠯ ᠤᠯᠭᠤᠯᠲᠠ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ᠠᠵᠢᠯ ᠮᠡᠷᠭᠡᠵᠢᠯ ᠤᠨ ᠪᠣᠯᠪᠠᠰᠣᠷᠠᠯ ᠪᠣᠯᠣᠨ ᠦᠢᠯᠡᠰ ᠪᠣᠰᠬᠠᠬᠤ ᠪᠣᠯᠪᠠᠰᠣᠷᠠᠯ ᠢ ᠴᠢᠩᠭᠠᠳᠬᠠᠵᠣ᠂ ᠦᠢᠯᠡᠰ ᠪᠣᠰᠬᠠᠬᠤ ᠬᠦᠷᠢᠶᠡᠯᠡᠩ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠂ ᠮᠠᠯᠴᠢᠳ ᠤᠨ ᠦᠢᠯᠡᠰ ᠪᠣᠰᠬᠠᠬᠤ ᠰᠠᠭᠤᠷᠢᠨ ᠭᠠᠵᠠᠷ ᠢ ᠰᠢᠨ᠎ᠠ ᠪᠠᠷ ᠪᠠᠶᠢᠭᠤᠯᠣᠨ᠎ᠠ ᠃ 2000 ᠲᠦᠮᠡᠨ ᠲᠦᠭᠦᠷᠢᠭ ᠤᠨ ᠦᠢᠯᠡᠰ ᠪᠣᠰᠬᠠᠬᠤ ᠪᠠᠲᠤᠯᠠᠭᠠᠨ ᠤ ᠵᠢᠭᠡᠯᠡᠯᠬᠡ ᠶᠢ ᠲᠠᠯᠪᠢᠵᠣ᠂ 1100 ᠬᠦᠮᠦᠨ ᠤ ᠠᠵᠢᠯ ᠮᠡᠷᠭᠡᠵᠢᠯ ᠶᠢᠨ ᠪᠣᠯᠪᠠᠰᠣᠷᠠᠯ᠂ 140 ᠬᠦᠮᠦᠨ ᠤ ᠦᠢᠯᠡᠰ ᠡᠷᠬᠢᠯᠡᠬᠦ ᠪᠣᠯᠪᠠᠰᠣᠷᠠᠯ ᠢ ᠶᠠᠪᠤᠭᠳᠠᠭᠤᠯᠤᠨ᠎ᠠ᠃ ᠬᠤᠲᠠ ᠪᠠᠯᠭᠠᠰᠣᠨ ᠤ 750 ᠬᠦᠮᠦᠨ ᠳᠤ ᠠᠵᠢᠯ ᠣᠯᠭᠤᠵᠣ᠂ ᠬᠤᠳᠠ ᠪᠠᠯᠭᠠᠰᠣᠨ ᠤ ᠲᠠᠩᠰᠠᠯᠠᠭᠤᠯᠣᠭᠰᠡᠨ ᠠᠵᠢᠯ ᠠᠯᠳᠠᠭᠰᠠᠳ ᠤᠨ ᠨᠣᠷᠮ᠎ᠠ ᠶᠢ 2 % ᠢᠶᠠᠷ ᠬᠢᠵᠠᠭᠠᠷᠯᠠᠨ᠎ᠠ᠃ ᠬᠥᠯᠥᠰᠥᠨ ᠠᠵᠢᠯ ᠬᠢᠵᠣ ᠪᠠᠶᠢᠭ᠎ᠠ ᠮᠠᠯᠴᠢᠨ ᠲᠠᠷᠢᠶᠠᠴᠢᠳ ᠤᠨ ᠴᠠᠯᠢᠩ ᠬᠦᠯᠦᠰᠦᠨ ᠤ ᠪᠠᠲᠣᠯᠠᠭᠠᠨ ᠤ ᠮᠦᠩᠭᠦ ᠪᠣᠯᠣᠨ ᠪᠠᠴᠢᠮ ᠬᠡᠷᠡᠭᠯᠡᠭᠡᠨ ᠤ ᠮᠦᠩᠭᠦ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠬᠦᠳᠡᠯᠮᠦᠷᠢᠴᠢᠳ ᠤᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠠᠢ᠃         ᠭᠤᠷᠪᠠ ᠳᠤ᠂ ᠨᠡᠶᠢᠭᠡᠮ ᠤᠨ ᠪᠠᠲᠤᠯᠠᠭᠠᠨ ᠤ ᠰᠢᠰᠲ᠋ᠧᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠳᠡᠢ᠃ ᠪᠦᠬᠦ ᠠᠷᠠᠳ ᠤᠨ ᠲᠠᠭᠠᠳᠬᠠᠯ ᠳᠤ ᠣᠷᠣᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ ᠨᠡᠶᠢᠭᠡᠮ ᠤᠨ ᠪᠠᠲᠤᠯᠠᠭᠠᠨ ᠤ ᠲᠡᠪᠴᠡᠩ ᠤᠨ ᠪᠦᠳᠦᠭᠡᠨ ᠪᠠᠶᠢᠭᠤᠯᠣᠯᠲᠠ ᠶᠢ ᠴᠢᠩᠭᠠᠳᠬᠠᠨ᠂ ᠦᠨᠳᠦᠰᠦᠨ ᠱᠠᠳᠤᠨ  ᠤ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭᠠᠨ ᠤ ᠦᠢᠯᠡᠴᠢᠯᠡᠭᠡᠨ ᠤ ᠲᠦᠪ ᠢ ᠪᠠᠶᠢᠭᠤᠯᠬᠤ ᠠᠵᠢᠯ ᠢ ᠦᠷᠨᠢᠭᠦᠯᠦᠨ᠂ ᠬᠤᠲᠠ ᠬᠦᠳᠡᠭᠡ ᠶᠢᠨ ᠰᠠᠭᠤᠭᠠᠯᠢ ᠠᠷᠠᠳ᠂ ᠬᠤᠲᠠ ᠪᠠᠯᠭᠠᠰᠤᠨ ᠤ ᠠᠵᠢᠯᠳᠠᠨ ᠤ ᠨᠠᠰᠣᠵᠢᠯ ᠤᠨ ᠲᠠᠭᠠᠳᠬᠠᠯ ᠤᠨ ᠣᠯᠭᠤᠮᠵᠢ ᠶᠢᠨ ᠲᠦᠪᠰᠢᠨ ᠢ ᠲᠠᠰᠣᠷᠠᠯᠲᠠ ᠦᠭᠡᠢ ᠲᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠳᠣᠣᠷ᠎ᠠ ᠪᠠᠳᠣᠯᠠᠭ᠎ᠠ ᠶᠢᠨ ᠪᠠᠲᠤᠯᠠᠭᠠᠨ ᠤ ᠪᠠᠷᠢᠮᠵᠢᠶ᠎ᠠ ᠶᠢ ᠲᠡᠭᠡᠭᠰᠢᠯᠡᠭᠦᠯᠦᠨ᠂ ᠬᠤᠲᠠ ᠬᠦᠳᠡᠭᠡ ᠶᠢᠨ ᠳᠣᠣᠷ᠎ᠠ ᠪᠠᠳᠣᠯᠠᠭ᠎ᠠ ᠶᠢᠨ ︽ᠬᠤᠶᠠᠷ ᠡᠰᠢᠲᠤ︾ ᠪᠦᠳᠦᠴᠠ ᠶᠢ ᠦᠭᠡᠶᠢᠰᠬᠡᠵᠦ᠂ ᠬᠦᠴᠢᠷᠲᠠᠯᠲᠠᠢ ᠤᠯᠠᠨ ᠲᠦᠮᠡᠨ ᠳᠤ ᠠᠳᠠᠯᠢ ᠲᠡᠭᠰᠢ ᠪᠠᠷ ᠲᠤᠰᠠᠯᠠᠮᠵᠢ ᠬᠦᠷᠲᠡᠭᠡᠨ᠎ᠡ᠃ ᠮᠠᠯᠵᠢᠬᠤ ᠣᠷᠣᠨ ᠤ ᠲᠠᠪᠣᠨ ᠪᠠᠳᠣᠯᠠᠭᠠᠲᠤ ᠡᠷᠥᠬᠡ᠂ ᠬᠤᠲᠠ ᠪᠠᠯᠭᠠᠰᠣᠨ  ᠤ ︽ᠭᠤᠷᠪᠠᠨ ᠦᠭᠡᠢ︾ ᠡᠷᠥᠬᠡ᠂ ᠦᠨᠦᠴᠢᠨ ᠬᠡᠦᠬᠡᠳ ᠵᠡᠷᠭᠡ ᠡᠯ᠎ᠠ ᠲᠦᠷᠦᠯ ᠤᠨ ᠲᠣᠰᠠᠯᠠᠮᠵᠢ ᠶᠢᠨ ᠪᠠᠷᠢᠮᠵᠢᠶ᠎ᠠ  ᠶᠢ ᠲᠡᠭᠡᠭᠰᠢᠯᠡᠭᠦᠯᠵᠦ᠂ ᠶᠠᠳᠠᠭᠤ ᠶᠢ ᠲᠡᠳᠬᠦᠨ ᠬᠦᠴᠢᠷᠳᠡᠯᠲᠠᠢ ᠢ ᠲᠣᠰᠠᠯᠠᠬᠤ ᠠᠵᠢᠯᠯᠠᠭ᠎ᠠ ᠶᠢ ᠶᠡᠭᠡᠪᠡᠷ ᠦᠷᠨᠢᠭᠦᠯᠦᠨ᠂ ᠨᠡᠶᠢᠭᠡᠮ ᠤᠨ ᠲᠣᠰᠠᠯᠠᠮᠵᠢ ᠶᠢ ᠦᠨᠡᠨᠬᠦ ᠬᠦᠴᠢᠷᠳᠡᠯᠳᠠᠢ ᠣᠯᠠᠨ ᠲᠦᠮᠡᠨ ᠳᠤ ᠭᠦᠷᠲᠡᠭᠡᠬᠦ ᠶᠢ  ᠪᠠᠳᠣᠯᠠᠬᠤ ᠭᠡᠷᠡᠭᠳᠠᠢ᠃         ᠲᠦᠷᠪᠡ ᠳᠤ᠂ ᠰᠣᠷᠭᠠᠨ ᠬᠦᠮᠦᠵᠢᠯ ᠤᠨ ᠥᠢᠯᠡᠰ ᠢ ᠣᠷᠢᠳᠠᠪᠠᠷ ᠭᠦᠭᠵᠢᠭᠦᠯᠭᠦ ᠭᠡᠷᠡᠭᠳᠠᠢ᠃ ᠰᠣᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠮᠠᠨᠳᠤᠯ᠎ᠠ ᠪᠠᠭ᠎ᠠ ᠰᠣᠷᠭᠠᠭᠤᠯᠢ᠂ ᠬᠤᠶᠠᠳᠣᠭᠠᠷ ᠦᠨᠳᠣᠰᠣᠳᠡᠨ ᠤ ᠬᠡᠦᠭᠡᠳ ᠤᠨ ᠴᠡᠴᠡᠷᠯᠢᠭ ᠢ ᠲᠤᠰ ᠵᠢᠯ ᠳᠤ ᠠᠰᠢᠭᠯᠠᠯᠲᠠ ᠳᠤ ᠤᠷᠤᠭᠤᠯᠬᠤ ᠪᠠᠷ ᠴᠢᠷᠮᠠᠶᠢᠨ᠎ᠠ᠃ ᠨᠢᠭᠡᠳᠣᠭᠡᠷ ᠦᠨᠳᠣᠰᠣᠳᠡᠨ ᠤ ᠬᠡᠦᠭᠡᠳ ᠤᠨ ᠴᠡᠴᠡᠷᠯᠢᠭ ᠤᠨ ᠵᠢᠭᠠᠨ ᠰᠤᠷᠭᠠᠯᠲᠠ ᠶᠢᠨ ᠠᠰᠠᠷ ᠵᠢᠴᠢ ᠲᠠᠭᠠᠯᠲᠠ ᠢᠨᠵᠧᠨᠧᠷᠢᠩ᠂ ᠭᠤᠷᠪᠠᠳᠣᠭᠠᠷ ᠦᠨᠳᠣᠰᠣᠳᠡᠨ ᠤ ᠬᠡᠦᠭᠡᠳ ᠤᠨ ᠴᠡᠴᠡᠷᠯᠢᠭ ᠢ ᠦᠷᠭᠡᠳᠬᠡᠨ ᠪᠠᠶᠢᠭᠤᠯᠬᠤ᠂ ᠢ ᠹᠦ᠋ ᠪᠠᠭ᠎ᠠ ᠰᠣᠷᠭᠠᠭᠤᠯᠢ ᠶᠢᠨ ᠰᠠᠯᠬᠢ ᠪᠤᠷᠤᠭᠠᠨ ᠢ ᠬᠠᠯᠬᠠᠯᠠᠬᠤ ᠬᠦᠳᠡᠯᠭᠡᠭᠡᠨ ᠤ ᠬᠡᠷ᠂ ᠵᠠᠯᠠᠭᠤᠴᠣᠳ ᠪᠠᠭᠠᠴᠣᠳ ᠤᠨ ᠬᠦᠳᠡᠯᠭᠡᠭᠡᠨ ᠤ ᠲᠦᠪ ᠢ ᠪᠦᠳᠣᠭᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠭᠦᠯᠦᠨ᠎ᠡ᠃ ︽ᠪᠦᠬᠦ ᠠᠶᠢᠮᠠᠭ ᠤᠨ ᠰᠤᠷᠠᠭ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠤᠨ︾ ᠤ ᠬᠦᠳᠡᠯᠭᠡᠭᠡᠨ ᠤ ᠲᠤᠬᠢᠶᠡᠯ ᠢ ᠠᠰᠢᠭᠯᠠᠨ᠂ ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠶᠡᠭᠡᠪᠡᠷ ᠲᠦᠯᠬᠢᠨ ᠠᠬᠢᠭᠤᠯᠤᠨ᠎ᠠ᠃ ᠰᠠᠭᠤᠷᠢ ᠰᠤᠷᠭᠠᠨ ᠬᠦᠮᠦᠵᠢᠯ ᠶᠢᠨ ᠶᠠᠰᠤ ᠴᠢᠨᠠᠷ ᠢ ᠲᠡᠭᠡᠭᠰᠢᠯᠡᠬᠦᠯᠬᠦ ᠭᠤᠷᠪᠠᠨ ᠵᠢᠯ ᠤᠨ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ᠬᠢᠴᠢᠶᠠᠯ ᠤᠨ ᠲᠢᠩᠬᠢᠮ ᠤᠨ ᠵᠢᠭᠠᠨ ᠰᠣᠷᠭᠠᠯᠲᠠ ᠶᠢᠨ ᠦᠭᠡᠷᠴᠢᠯᠡᠯᠲᠠ ᠶᠢ ᠭᠦᠨᠵᠡᠭᠡᠢ ᠲᠦᠯᠬᠢᠨ ᠠᠬᠢᠭᠤᠯᠵᠣ᠂ ᠰᠢᠨ᠎ᠠ ᠨᠢᠭᠡ ᠡᠭᠡᠯᠵᠢ ᠶᠢᠨ ᠰᠣᠷᠭᠠᠭᠤᠯᠢ ᠶᠢᠨ ᠵᠠᠬᠢᠷᠥᠯ ᠢ ᠣᠷᠢᠨ ᠬᠡᠷᠡᠭᠯᠡᠬᠦ ᠶᠢ ᠪᠡᠶᠡᠯᠡᠬᠦᠯᠵᠦ᠂ ᠪᠠᠭᠰᠢ ᠶᠢᠨ ᠪᠣᠯᠪᠠᠰᠣᠷᠠᠯ ᠪᠠ ᠳᠣᠳᠠᠬᠳᠠᠵᠤ ᠪᠠᠶᠢᠭ᠎ᠠ ᠠᠵᠢᠯ ᠤᠨ ᠪᠠᠶᠢᠷᠢ ᠳᠤ ᠪᠠᠭᠰᠢ ᠡᠯᠰᠡᠬᠦ ᠠᠵᠢᠯ ᠢ ᠰᠠᠶᠢᠳᠦᠷ ᠠᠳᠬᠤᠵᠤ᠂ ᠰᠣᠷᠭᠠᠨ ᠬᠦᠮᠦᠵᠢᠯ ᠤᠨ ᠵᠢᠭᠠᠨ ᠰᠣᠷᠭᠠᠯᠲᠠ ᠶᠢᠨ ᠶᠡᠰᠤ ᠴᠢᠨᠠᠷ  ᠢ ᠯᠠᠪᠳᠠᠭᠤᠨ ᠪᠠᠳᠦᠳᠠᠢ ᠳᠡᠭᠡᠭᠰᠢᠯᠡᠭᠦᠯᠭᠦ ᠭᠡᠷᠡᠭᠳᠠᠢ᠃        ᠲᠠᠪᠤ ᠳᠤ᠂ ᠰᠤᠶᠣᠯ ᠲᠠᠮᠢᠷ ᠤᠨ ᠦᠢᠯᠡᠰ ᠤᠨ ᠬᠦᠭᠵᠢᠯᠲᠠ ᠶᠢ ᠳᠦᠷᠭᠡᠥᠨᠬᠡᠭᠦ ᠭᠡᠷᠡᠭᠳᠠᠢ᠃ ᠰᠤᠶᠣᠯ ᠲᠠᠮᠢᠷ ᠤᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠪᠦᠳᠦᠭᠡᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠪ ᠤᠨ ᠪᠦᠳᠦᠭᠡᠨ ᠪᠠᠶᠢᠭᠤᠯᠣᠯᠲᠠ  ᠶᠢᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠣ᠂ ᠰᠦᠨᠢᠳ ᠰᠤᠷ ᠬᠠᠷᠪᠣᠯᠲᠠ ᠶᠢᠨ ᠣᠷᠳᠣᠨ ᠢ ᠪᠦᠲᠦᠭᠡᠨ ᠪᠠᠶᠢᠭᠤᠯᠬᠤ ᠲᠦᠷᠦᠯ ᠵᠦᠢᠯ ᠢ ᠡᠬᠢᠯᠡᠨ ᠭᠡᠷᠡᠭᠵᠢᠬᠦᠯᠵᠦ᠂ ᠣᠯᠠᠨ ᠨᠡᠶᠢᠳᠠ ᠶᠢᠨ ᠰᠣᠶᠣᠯ ᠤᠨ ᠦᠢᠯᠡᠴᠢᠯᠡᠭᠡᠨ ᠤ  ᠰᠢᠰᠲ᠋ᠧᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ︽ᠭᠢᠯᠦᠭᠡᠨ︾ ᠰᠦᠨᠢᠳ ᠰᠣᠶᠣᠯ ᠤᠷᠠᠯᠢᠭ ᠤᠨ ᠨᠠᠶᠢᠷ᠂ ᠦᠨᠳᠦᠷ ᠨᠠᠰᠤᠲᠠᠳ ᠤᠨ ᠨᠠᠰᠤᠨ ᠪᠠᠶᠠᠷ ᠢ ᠪᠡᠯᠭᠡᠯᠡᠬᠦ ᠬᠠᠮᠲᠤ ᠶᠢᠨ ᠨᠠᠶᠢᠷ᠂ ᠰᠦᠨᠢᠳ ᠲᠡᠮᠡᠭᠡᠨ ᠰᠣᠶᠣᠯ  ᠤᠨ ᠨᠡᠶᠢᠷ ᠵᠡᠷᠭᠡ ᠨᠠᠷᠠᠲᠤ ᠲᠡᠮᠳᠡᠭᠲᠦ ᠰᠤᠶᠤᠯ ᠤᠨ ᠬᠦᠳᠡᠯᠭᠡᠭᠡᠨ ᠢ ᠦᠷᠭᠦᠯᠵᠢᠯᠡᠨ ᠶᠠᠪᠤᠭᠳᠠᠭᠤᠯᠤᠨ᠎ᠠ᠃ ᠦᠨᠳᠦᠰᠦᠳᠡᠨ ᠤ ᠤᠨᠴᠠᠯᠢᠭ ᠪᠦᠬᠦᠢ ᠡᠯ᠎ᠡ ᠲᠦᠷᠦᠯ ᠤᠨ ᠪᠡᠶ᠎ᠡ ᠲᠠᠮᠢᠷ ᠤᠨ ᠣᠷᠣᠯᠳᠣᠭᠠᠨ ᠪᠠ ᠪᠦᠬᠦ ᠠᠷᠠᠳ ᠤᠨ ᠪᠡᠶ᠎ᠠ ᠴᠢᠬᠢᠷᠠᠭᠵᠢᠭᠤᠯᠬᠤ ᠬᠦᠳᠡᠯᠭᠡᠭᠡᠨ ᠢ ᠰᠠᠶᠢᠲᠤᠷ ᠵᠣᠬᠢᠶᠠᠨ ᠪᠠᠶᠢᠭᠤᠯᠵᠤ ᠦᠷᠨᠢᠭᠦᠯᠦᠨ᠂ ᠤᠷᠣᠨ ᠤ ᠲᠠᠯ᠎ᠠ ᠨᠣᠲᠤᠭ   ᠤᠨ ᠬᠦᠯ ᠪᠦᠮᠪᠦᠭᠡ ᠶᠢᠨ ᠪᠣᠯᠪᠠᠰᠣᠷᠠᠯ ᠤᠨ ᠰᠠᠭᠤᠷᠢᠨ ᠭᠠᠵᠠᠷ ᠪᠠ ᠡᠯᠡᠰᠤ ᠮᠠᠩᠬᠠᠨ ᠤ ᠭᠦᠯ ᠪᠦᠮᠪᠦᠭᠡ  ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠤᠨ ᠲᠦᠷᠦᠯ ᠵᠦᠢᠯ ᠢ ᠢᠳᠡᠪᠬᠢᠲᠠᠢ ᠡᠷᠡᠮᠡᠯᠵᠢᠯᠠᠵᠤ᠂ ᠰᠣᠷᠭᠠᠭᠤᠯᠢ ᠶᠢᠨ ᠬᠥᠷᠢᠶᠡᠨ ᠤ ᠭᠦᠯ ᠪᠦᠮᠪᠦᠭᠡ ᠪᠠ ᠨᠡᠶᠢᠭᠡᠮ ᠲᠣᠭᠤᠷᠢᠭ ᠤᠨ ᠬᠦᠯ ᠪᠦᠮᠪᠦᠭᠡ ᠶᠢᠨ ᠬᠦᠳᠡᠯᠭᠡᠭᠡᠨ ᠢ ᠰᠠᠶᠢᠳᠣᠷ ᠠᠳᠬᠤᠵᠣ᠂ ᠬᠦᠯ ᠪᠦᠮᠪᠦᠭᠡ ᠶᠢᠨ ᠦᠢᠯᠡᠰ ᠤᠨ ᠬᠦᠭᠵᠢᠯᠲᠠ ᠶᠢ ᠲᠦᠯᠬᠢᠨ ᠠᠬᠢᠭᠤᠯᠣᠨ᠎ᠠ᠃        ᠵᠢᠷᠭᠤᠭ᠎ᠠ ᠳᠤ᠂ ᠡᠷᠡᠭᠦᠯ ᠬᠠᠮᠠᠭᠠᠯᠠᠯ ᠲᠥᠯᠥᠪᠯᠡᠯᠬᠡᠲᠤ ᠦᠷᠡᠵᠢᠯ ᠤᠨ ᠦᠢᠯᠡᠰ ᠢ ᠪᠦᠬᠦ ᠲᠠᠯ᠎ᠠ ᠪᠠᠷ ᠭᠦᠭᠵᠢᠭᠦᠯᠭᠦ ᠭᠡᠷᠡᠭᠳᠠᠢ᠃ ︽ᠡᠷᠡᠭᠦᠯ ᠴᠢᠭᠢᠷᠠᠭ︾ ᠤᠨ ᠦᠵᠡᠯᠲᠡ ᠲᠠᠨᠢᠯᠲᠠ ᠶᠢ ᠴᠢᠩᠭᠠᠥᠨᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠡᠮ ᠡᠮᠨᠡᠯᠭᠡ ᠶᠢᠨ ᠶᠠᠰᠤ ᠴᠢᠨᠠᠷ ᠢ ᠲᠡᠭᠡᠭᠰᠢᠯᠡᠭᠦᠯᠬᠦ ᠭᠤᠷᠪᠠᠨ ᠵᠢᠯ ᠤᠨ ᠲᠦᠯᠦᠪᠯᠡᠭᠡ ᠶᠢ ᠦᠷᠭᠦᠯᠵᠢᠯᠡᠨ ᠬᠡᠷᠡᠭᠵᠢᠭᠦᠯᠵᠦ᠂ ppp ᠭᠡᠯᠪᠡᠷᠢ ᠶᠢᠨ ᠡᠵᠡᠩᠨᠡᠯᠳᠡ ᠶᠢᠨ ᠠᠷᠭ᠎ᠠ ᠭᠡᠯᠪᠡᠷᠢ ᠶᠢ ᠢᠳᠡᠪᠬᠢᠲᠠᠢ ᠰᠥᠪᠡᠭᠴᠢᠯᠡᠵᠤ᠂ ᠨᠡᠶᠢᠬᠡᠮ ᠨᠡᠶᠢᠲᠠ ᠶᠢᠨ ᠪᠡᠯᠡ ᠮᠥᠩᠬᠦ ᠶᠢ   ᠪᠥᠳᠥᠬᠡᠨ ᠪᠠᠶᠢᠭᠤᠯᠤᠯᠲᠠ ᠪᠠ ᠡᠵᠡᠩᠨᠡᠯᠲᠠ ᠳᠤ ᠳᠠᠳᠠᠨ ᠤᠷᠤᠭᠤᠯᠵᠤ᠂ ᠤᠯᠤᠰ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠨᠠᠶᠢᠲᠠ ᠶᠢᠨ ᠥᠢᠯᠡᠴᠢᠯᠡᠬᠡᠨ ᠤ ᠰᠢᠨᠵᠢ ᠴᠢᠨᠠᠷ ᠢ ᠪᠠᠳᠣᠯᠠᠬᠤ ᠶᠢᠨ ᠬᠠᠮᠲᠤ᠂ ᠡᠮᠨᠡᠯᠬᠡ ᠶᠢᠨ ᠬᠤᠷᠢᠶᠠᠨ  ᠤ ᠬᠠᠮᠢᠶᠠᠷᠤᠯᠲᠠ ᠳᠤ ᠥᠬᠡᠷᠡᠴᠢᠯᠡᠯᠲᠠ ᠬᠢᠵᠤ᠂ ᠡᠮᠨᠡᠯᠬᠡ ᠶᠢᠨ ᠰᠠᠭᠤᠷᠢ ᠲᠥᠬᠦᠬᠡᠷᠤᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠤᠯᠠᠨ ᠨᠡᠶᠢᠲᠡ ᠶᠢᠨ ᠡᠮᠴᠢᠯᠡᠬᠡᠨ ᠤ ᠴᠢᠨᠠᠷ ᠴᠢᠨᠰᠠᠭ᠎ᠠ ᠶᠢ ᠳᠡᠬᠡᠭᠰᠢᠯᠡᠬᠦᠯᠥᠨ᠎ᠡ᠃ ᠬᠤᠰᠢᠭᠤ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠡᠪᠡᠳᠴᠢᠲᠡᠨ ᠤ ᠠᠰᠠᠷ ᠤᠨ ᠦᠷᠭᠡᠳᠬᠡᠨ ᠪᠠᠶᠢᠭᠤᠯᠬᠤ ᠢᠨᠵᠧᠨᠧᠷᠢᠩ  ᠢ ᠡᠬᠢᠯᠡᠨ ᠬᠡᠷᠡᠭᠵᠢᠭᠦᠯᠬᠦ ᠪᠠᠷ ᠴᠢᠷᠮᠠᠶᠢᠵᠤ᠂ ᠮᠤᠩᠭᠤᠯ ᠡᠮᠨᠡᠯᠭᠡ ᠶᠢᠨ ᠬᠤᠷᠢᠶᠠᠨ ᠤ ᠡᠭᠦᠲᠡᠨ ᠡᠮᠨᠡᠯᠭᠡ ᠶᠢᠨ ᠠᠰᠠᠷ ᠵᠢᠴᠢ ᠮᠤᠩᠭᠤᠯ ᠡᠮ ᠨᠠᠶᠢᠷᠠᠭᠤᠯᠬᠤ ᠲᠠᠰᠤᠭ ᠤᠨ ᠢᠨᠵᠧᠨᠧᠷᠢᠩ ᠢ ᠲᠦᠯᠬᠢᠨ ᠠᠬᠢᠭᠤᠯᠵᠤ᠂ ᠮᠤᠩᠭᠤᠯ ᠡᠮᠴᠢᠯᠡᠭᠡᠨ ᠤ ᠤᠨᠴᠠᠯᠢᠭ ᠪᠦᠬᠦᠢ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠦᠨ᠎ᠡ᠃ 2 ᠰᠠᠭᠤᠷᠢ ᠪᠠᠷᠢᠮᠵᠢᠶᠠᠵᠢᠭᠰᠠᠨ ᠰᠣᠮᠣ ᠪᠠᠯᠭᠠᠰᠣᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ 5 ᠰᠠᠭᠤᠷᠢ ᠭᠠᠴᠠᠭᠠᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ  ᠤᠨ ᠭᠤᠷᠪᠠᠨ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠡᠯ᠎ᠡ ᠲᠦᠷᠦᠯ ᠤᠨ ᠲᠦᠯᠦᠪᠯᠡᠭᠡᠲᠦ ᠦᠷᠡᠵᠢᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠦᠨᠡᠨᠬᠦ ᠰᠠᠶᠢᠲᠤᠷ ᠨᠠᠶᠢᠲᠠᠪᠤᠷᠢᠵᠢᠭᠤᠯᠵᠤ᠂ ᠬᠦᠮᠦᠨ ᠠᠮᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ ᠣᠯᠣᠰ  ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ  ᠬᠥᠳᠡᠯᠬᠡᠬᠡᠨ ᠢ ᠭᠦᠨᠵᠡᠭᠡᠢ ᠶᠠᠪᠣᠭᠳᠠᠭᠤᠯᠵᠤ᠂ ᠬᠥᠨᠲᠤ ᠶᠡᠭᠡ ᠭᠢᠵᠢᠭ ᠡᠪᠡᠥᠨᠴᠢᠨ ᠪᠠ ᠭᠠᠵᠠᠷ ᠣᠷᠣᠨ ᠤ ᠡᠪᠡᠥᠨᠴᠢᠨ ᠢ ᠰᠡᠷᠭᠡᠶᠢᠯᠡᠭᠦ  ᠴᠢᠳᠠᠪᠤᠷᠢ ᠶᠢ ᠳᠡᠬᠡᠭᠰᠢᠯᠡᠬᠦᠯᠵᠤ᠂ ᠡᠷᠡᠭᠦᠯ ᠮᠠᠨᠲᠤ  ᠶᠢᠨ ᠭᠦᠮᠤᠵᠢᠯ ᠪᠠ ᠡᠷᠡᠭᠦᠯ ᠡᠭᠭᠡ ᠶᠢ ᠠᠬᠢᠭᠤᠯᠬᠤ ᠬᠥᠳᠡᠯᠬᠡᠬᠡᠨ ᠢ ᠥᠷᠬᠡᠨ ᠳᠡᠯᠬᠡᠷᠡᠩᠬᠦᠢ ᠥᠷᠨᠢᠬᠦᠯᠵᠤ᠂ ᠠᠷᠠᠥᠨ  ᠤᠨ ᠡᠷᠡᠭᠦᠯ ᠮᠡᠨᠲᠤ ᠶᠢᠨ ᠥᠵᠡᠯᠲᠠ ᠳᠠᠨᠢᠯᠲᠠ ᠶᠢᠨ ᠭᠢᠷᠢ ᠳᠦᠪᠰᠢᠨ ᠢ  ᠳᠡᠬᠡᠭᠰᠢᠯᠡᠬᠦᠯᠥᠨ᠎ᠡ᠃         ᠲᠤᠯᠤᠭ᠎ᠠ ᠳᠤ᠂ ᠦᠨᠳᠦᠰᠦᠲᠡᠨ ᠤ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠬᠡᠷᠡᠭᠳᠡᠢ᠃ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠤᠬᠠᠭᠤᠯᠭ᠎ᠠ ᠪᠤᠯᠤᠨ ᠴᠤᠭᠴᠠᠯᠠᠨ ᠪᠠᠶᠢᠭᠤᠯᠬᠤ ᠬᠦᠳᠡᠯᠭᠡᠭᠡᠨ ᠢ ᠬᠦᠨᠵᠡᠭᠡᠢ ᠦᠷᠨᠢᠭᠦᠯᠵᠦ᠂ ︽ᠬᠢᠯᠢ ᠬᠢᠵᠠᠭᠠᠷ ᠢᠶᠠᠨ ᠬᠥᠭᠵᠢᠬᠦᠯᠵᠤ᠂ ᠠᠷᠠᠳ ᠢᠶᠠᠨ ᠪᠠᠶᠠᠵᠢᠭᠤᠯᠬᠤ︾ ᠬᠦᠳᠡᠯᠭᠡᠭᠡᠨ  ᠢ ᠦᠷᠭᠦᠯᠵᠢᠯᠡᠨ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠲᠦᠷᠢ ᠲᠦᠷᠬᠦ ᠶᠢ ᠤᠯᠠᠮ ᠨᠢᠭᠡ ᠠᠯᠬᠤᠮ ᠪᠠᠳᠣᠳᠬᠠᠨ᠎ᠠ᠃ ᠪᠠᠶ᠋ᠬᠠᠠᠭᠤᠯᠠ ᠰᠤᠮᠤᠨ ᠤ ᠬᠤᠤᠰ ᠬᠡᠯᠡᠨ ᠤ ᠲᠤᠷᠰᠢᠯᠲᠠ ᠤᠨ ᠴᠢᠭ ᠤᠨ ᠠᠵᠢᠯ ᠤᠨ ᠦᠷ᠎ᠡ  ᠪᠦᠳᠣᠮᠵᠢ ᠶᠢ ᠦᠷᠭᠡᠨ ᠢᠶᠠᠷ ᠲᠡᠯᠭᠡᠷᠡᠭᠦᠯᠵᠦ᠂ ᠮᠤᠩᠭᠤᠯ ᠦᠭᠡ ᠬᠡᠯᠡ ᠦᠰᠦᠭ ᠪᠢᠴᠢᠭ ᠢ ᠲᠦᠷᠢᠮᠵᠢᠭᠦᠨ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠴᠢᠬᠤᠯᠠ ᠪᠢᠴᠢᠭ ᠮᠠᠲ᠋ᠧᠷᠢᠶᠠᠯ ᠢ ᠮᠤᠩᠭᠤᠯ ᠬᠢᠲᠡᠳ ᠬᠤᠤᠰ ᠬᠡᠯᠡ ᠪᠠᠷ ᠵᠡᠷᠭᠡᠪᠡᠷ ᠬᠡᠷᠡᠭᠯᠡᠬᠦ ᠶᠢ ᠪᠠᠷᠢᠮᠳᠠᠯᠠᠨ᠎ᠠ᠃ ᠬᠠᠤᠯᠢ ᠶᠤᠰᠤᠭᠠᠷ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠮᠢᠶᠠᠷᠴᠤ᠂ ᠱᠠᠰᠢᠨ ᠰᠤᠷᠲᠠᠬᠤᠨ ᠤ ᠬᠦᠮᠦᠰ ᠵᠢᠴᠢ ᠰᠦᠰᠦᠭᠲᠡᠳ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠤᠮᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃         ︵ᠲᠤᠯᠤᠭ᠎ᠠ︶ ︽ᠠᠮᠤᠷ ᠲᠥᠪᠰᠢᠨ ᠢ ᠪᠦᠲᠦᠭᠡᠨ ᠪᠠᠶᠢᠭᠤᠯᠬᠤ︾ ᠶᠢ ᠪᠠᠷᠢᠮᠳᠠᠯᠠᠨ᠂ ᠨᠡᠶᠢᠭᠡᠮ ᠤᠨ ᠡᠶ᠎ᠡ ᠵᠤᠬᠢᠴᠠᠯᠲᠤ ᠲᠤᠭᠲᠠᠭᠤᠨ ᠢ ᠪᠠᠳᠣᠯᠠᠬᠤ ᠬᠡᠷᠡᠭᠲᠠᠢ᠃ ︽ᠠᠮᠤᠭᠤᠯᠠᠩ ᠰᠦᠨᠢᠳ︾ ᠤᠨ ᠪᠦᠲᠦᠭᠡᠨ ᠪᠠᠶᠢᠭᠤᠯᠤᠯᠲᠠ  ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ︽ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠬᠦᠷᠢᠶ᠎ᠡ ᠬᠡᠪᠴᠢᠶᠡᠨ ᠳᠠᠬᠢ ᠦᠭᠡᠷᠡᠴᠢᠯᠡᠯᠲᠡ ᠬᠦᠭᠵᠢᠭᠦᠯᠦᠯᠲᠡ ᠶᠢᠨ ᠲᠦᠯᠬᠢᠨ ᠠᠬᠢᠭᠤᠯᠬᠤ ᠰᠠᠨᠠᠯ︾ ᠢ ᠨᠠᠷᠢᠨ ᠬᠢᠨᠠᠮᠭᠠᠢ ᠰᠤᠷᠤᠯᠴᠠᠨ ᠲᠤᠤᠱᠯᠠᠭᠤᠯᠵᠤ᠂ ︽ᠨᠠᠮ ᠵᠠᠰᠠᠭ ᠬᠠᠮᠲᠤᠪᠡᠷ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠴᠤᠭ ᠲᠤᠨᠢ ᠠᠳᠬᠤᠵᠤ ᠬᠠᠮᠲᠤ ᠳᠤᠨᠢ ᠬᠠᠮᠢᠶᠠᠷᠬᠤ᠂ ᠲᠤᠰᠢᠶᠠᠯ ᠢᠶᠠᠨ ᠴᠠᠯᠠᠭᠠᠶᠢᠳᠠᠪᠠᠯ ᠬᠠᠷᠢᠭᠤᠴᠠᠯᠭ᠎ᠠ ᠨᠡᠭᠡᠮᠵᠢᠯᠡᠬᠦ︾ ᠪᠤᠯᠤᠨ ︽ᠠᠵᠢᠯ ᠲᠦᠷᠣᠯ ᠬᠠᠮᠢᠶᠠᠷᠪᠠᠯ ᠡᠷᠬᠡᠪᠰᠢ ᠠᠮᠣᠷ ᠲᠦᠪᠰᠢᠨ ᠢ ᠬᠠᠮᠢᠶᠠᠷᠴᠣ᠂ ᠲᠣᠬᠠᠶᠢᠯᠠᠭᠰᠠᠨ ᠠᠵᠢᠯ ᠬᠠᠮᠢᠶᠠᠷᠪᠠᠯ ᠡᠷᠬᠡᠪᠰᠢ ᠠᠮᠣᠷ ᠲᠦᠪᠰᠢᠨ ᠢ ᠬᠠᠮᠢᠶᠠᠷᠴᠣ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠪᠠᠯ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠵᠠᠷᠴᠢᠮ ᠢ ᠪᠠᠷᠢᠮᠳᠠᠯᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠬᠦᠨᠵᠡᠭᠡᠢ ᠦᠷᠨᠢᠭᠦᠯᠵᠦ᠂ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠵᠠᠮ ᠬᠠᠷᠢᠯᠴᠠᠭ᠎ᠠ ᠪᠤᠯᠤᠨ ᠬᠦᠮᠦᠨ ᠠᠮᠠ ᠨᠢᠭᠲᠠᠷᠠᠭᠰᠠᠨ ᠲᠠᠯᠠᠪᠤᠷ ᠤᠨ ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭᠠᠨ ᠤ ᠠᠵᠢᠯ ᠢ ᠪᠦᠬᠦ ᠲᠠᠯ᠎ᠠ ᠪᠠᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠦᠨᠲᠦ ᠶᠡᠭᠡ ᠬᠡᠷᠡᠭ ᠤᠴᠢᠷ ᠤᠨ ᠡᠭᠦᠰᠬᠦ ᠶᠢ ᠲᠤᠶᠢᠯᠪᠤᠷᠢᠲᠠᠢ ᠥᠬᠡᠶᠢᠰᠬᠡᠨ᠎ᠡ᠃ ᠵᠠᠬᠢᠲᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠭᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠤᠭᠲᠠᠭᠤᠨ ᠤ ᠲᠦᠭᠰᠢᠭᠦᠷᠢ ᠶᠢᠨ ᠵᠢᠱᠢᠨ ᠥᠨᠡᠯᠡᠬᠦ ᠵᠤᠬᠢᠵᠠᠮᠵᠢ ᠶᠢ ᠪᠠᠷᠢᠮᠳᠠᠯᠠᠵᠤ᠂ ᠨᠡᠶᠢᠭᠡᠮ ᠤᠨ ᠵᠦᠷᠢᠴᠡᠯ ᠵᠢᠭᠤᠷᠭᠠᠨ ᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠎ᠡ᠃ ︽ᠲᠤᠯᠤᠭ᠎ᠠ ᠲᠠᠪᠤ︾ ᠬᠠᠤᠯᠢ ᠲᠦᠭᠡᠮᠡᠯᠵᠢᠭᠦᠯᠬᠦ ᠶᠢ ᠲᠦᠯᠬᠢᠨ ᠠᠬᠢᠭᠤᠯᠵᠤ᠂ ︽ᠬᠠᠤᠯᠢ ᠴᠠᠭᠠᠵᠠ ᠶᠢ ᠵᠢᠷᠭᠤᠭ᠎ᠠ ᠳᠤ ᠬᠦᠷᠭᠡᠬᠦ︾ ᠬᠦᠳᠡᠯᠭᠡᠭᠡᠨ ᠢ ᠪᠠᠲᠤᠲᠠᠢ ᠦᠷᠨᠢᠭᠦᠯᠦᠨ᠎ᠡ᠃ ᠨᠠᠶᠢᠭᠡᠮ ᠤᠨ ᠠᠮᠤᠷ ᠲᠦᠪᠰᠢᠨ ᠪᠤᠯᠤᠨ ᠶᠠᠷᠢᠶ᠎ᠠ ᠬᠡᠯᠡᠯᠴᠡᠭᠡᠨ ᠤ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠦᠨᠳᠦ ᠴᠤᠬᠢᠯᠲᠠ ᠦᠭᠴᠦ᠂ ᠠᠷᠠᠳ ᠲᠦᠮᠡᠨ ᠤ ᠠᠮᠤᠷ ᠲᠦᠪᠰᠢᠨ ᠤ ᠰᠡᠳᠬᠢᠯᠭᠡ ᠶᠢ ᠦᠨᠡᠨᠬᠦ ᠨᠡᠮᠡᠭᠳᠡᠭᠦᠯᠵᠦ᠂ ᠨᠡᠶᠢᠭᠡᠮ  ᠤᠨ ᠠᠮᠤᠷ ᠲᠤᠭᠲᠠᠭᠤᠨ ᠲᠦᠷᠢ ᠲᠦᠷᠬᠦ ᠶᠢ ᠦᠷᠭᠦᠯᠵᠢᠯᠡᠨ ᠪᠠᠲᠤᠯᠠᠨ᠎ᠠ᠃         ᠨᠦᠬᠦᠳ ᠡ᠂ ᠦᠨᠦ ᠵᠢᠯ ᠤᠨ ᠠᠵᠢᠯ ᠡᠭᠦᠷᠭᠡ ᠶᠢ ᠨᠢᠬᠡᠨᠲᠠ ᠲᠤᠳᠤᠷᠬᠠᠢ ᠪᠠᠶᠢᠷᠢᠯᠠᠭᠤᠯᠵᠤ ᠲᠤᠬᠢᠷᠠᠭᠤᠯᠪᠠ᠃᠂ ᠡᠯ᠎ᠡ ᠲᠦᠷᠦᠯ ᠤᠨ ᠠᠵᠢᠯ ᠢ ᠰᠠᠶᠢᠲᠤᠷ ᠬᠢᠬᠦ ᠨᠢ ᠠᠯᠤᠰ ᠬᠤᠯᠠ ᠶᠢᠨ ᠬᠦᠭᠵᠢᠯᠲᠡ ᠲᠠᠢ ᠬᠤᠯᠪᠤᠭᠳᠠᠵᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠵᠤᠯ ᠵᠢᠷᠭᠠᠯ ᠲᠠᠢ ᠬᠤᠯᠪᠤᠯᠳᠠᠵᠤ ᠪᠠᠶᠢᠭ᠎ᠠ ᠶᠤᠮ᠃ ᠤᠯᠠᠨ ᠢᠶᠠᠷ ᠢᠶᠠᠨ ᠡᠷᠬᠡᠪᠰᠢ ᠢᠲᠡᠭᠡᠯ ᠵᠤᠷᠢᠭ ᠢᠶᠠᠨ ᠬᠦᠪᠴᠢᠯᠡᠨ᠂ ᠴᠤᠭ ᠰᠦᠯᠲᠡ ᠪᠠᠨ ᠪᠠᠲᠠᠷᠠᠭᠤᠯᠤᠨ᠂ ᠯᠠᠪᠲᠠᠭᠤᠨ ᠪᠠᠲᠤᠲᠠᠢ ᠠᠵᠢᠯᠯᠠᠨ᠂ ᠰᠢᠨ᠎ᠡ ᠶᠢ ᠡᠷᠢᠯᠬᠢᠯᠡᠨ ᠵᠤᠷᠢᠭᠲᠠᠢ ᠤᠷᠤᠭᠰᠢᠯᠠᠨ᠂ ᠰᠢᠯᠢᠳᠡᠭ ᠠᠮᠵᠢᠯᠳᠠ ᠪᠠᠷ ᠢᠶᠠᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠵᠥ᠂ ᠨᠠᠮ  ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕
 
ᠢᠷᠡᠯᠲᠡ᠄ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠠᠴᠠ ᠬᠠᠩᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号