ᠰᠠᠩᠵᠠᠢ
ᠨᠡᠶᠢᠲᠡᠯᠡᠭᠰᠡᠨ ᠴᠠᠭ᠄
2019/2/20
        ᠰᠠᠩᠵᠠᠢ      ᠰᠠᠩᠵᠠᠢ᠂ ᠡᠷᠡᠭᠳᠠᠢ᠂ ᠮᠤᠩᠭᠤᠯ ᠥᠡᠳᠤᠰᠤᠳᠠᠨ᠂ 1919 ᠤᠨ ᠳᠤ ᠰᠥᠨᠢᠤᠨ ᠵᠡᠭᠦᠨ ᠬᠤᠰᠢᠭᠤᠨ ᠤ ᠤᠤᠯ ᠤᠨ ᠪᠠᠶᠠᠡᠪᠤᠯᠤᠤᠨ ᠰᠤᠮᠤᠨ ᠳᠤ ᠲᠥᠷᠤᠵᠠᠢ᠃ ᠨᠠᠢᠮᠡᠨ ᠨᠠᠰᠤᠨ ᠠᠴᠠ ᠪᠠᠨ ᠠᠷᠪᠡᠨ ᠨᠢᠬᠡᠨ ᠨᠠᠰᠤ ᠭᠥᠷᠳᠠᠯ᠎ᠠ ᠬᠡᠷ ᠲᠡᠭᠡᠨ ᠰᠠᠭᠤᠵᠦ᠂ 11 ᠨᠠᠰᠤ ᠠᠴᠠ ᠪᠠᠷ ᠡᠬᠢᠯᠡᠵᠦ ᠰᠥᠮ᠎ᠠ ᠳᠤ ᠰᠠᠭᠤᠵᠦ᠂ 22 ᠨᠠᠰᠤ ᠭᠥᠷᠳᠠᠯ᠎ᠠ ᠯᠠᠮᠠ ᠪᠤᠯᠵᠠᠢ᠃ ᠯᠠᠮᠠ ᠪᠠᠶᠢᠬᠤ ᠬᠤᠭᠤᠴᠠᠭᠠᠨ ᠳᠠᠭᠠᠨ ᠰᠠᠩ ᠤᠨ ᠲᠤᠭᠤᠭ᠎ᠠ ᠪᠠᠷᠢᠬᠤ ᠠᠵᠢᠯ ᠢ ᠬᠢᠵᠠᠢ᠃ 22 ᠨᠠᠰᠤᠳᠠᠢ ᠬᠠᠷ᠎ᠠ ᠪᠤᠯᠵᠦ ᠬᠡᠷ ᠲᠡᠭᠡᠨ ᠬᠠᠷᠢᠵᠦ ᠮᠠᠯ ᠮᠠᠯᠵᠢᠵᠠᠢ᠃      1947 ᠤᠨ ᠳᠤ ᠨᠤᠳᠤᠭ ᠤᠨ ᠲᠡᠬᠡᠷᠠᠮ ᠳᠤ ᠪᠠᠷᠢᠬᠳᠠᠨ᠂ ᠬᠠᠷ᠎ᠠ ᠠᠯᠪᠠᠳᠠᠯᠭ᠎ᠠ ᠶᠢᠨ ᠲᠤᠤᠷ᠎ᠠ ᠲᠡᠬᠡᠷᠠᠮ  ᠤᠨ ᠴᠡᠷᠢᠭ ᠲᠤ ᠶᠠᠪᠤᠵᠦ ᠪᠠᠶᠢᠭᠠᠤᠨ ᠲᠤᠰ ᠵᠢᠯ ᠤᠨ 6 ᠳ᠋ᠤᠭᠠᠷ ᠰᠠᠷ᠎ᠠ ᠳᠤ ᠴᠡᠷᠢᠭ ᠲᠤ ᠤᠷᠤᠵᠦ ︵ᠲᠠᠷᠤᠢ ᠰᠢᠯᠢ  ᠶᠢᠨ ᠭᠤᠤᠯ ᠠᠶᠢᠮᠠᠭ ᠤᠨ ᠲᠤᠳᠤᠭᠠᠳᠤ ᠶᠢ ᠬᠠᠮᠠᠭᠠᠯᠠᠬᠤ ᠴᠡᠷᠢᠭ︶᠂ 1948 ᠤᠨ ᠳᠤ ᠥᠪᠤᠷ ᠮᠤᠩᠭᠤᠯ ᠤᠨ ᠠᠷᠠᠤᠨ ᠤᠨ ᠬᠤᠪᠢᠰᠬᠠᠯᠳᠤ ᠵᠠᠯᠠᠭᠤᠴᠤᠤᠨ ᠤᠨ ᠡᠪᠯᠡᠯ ᠳᠤ ᠤᠷᠤᠵᠦ᠂ ᠲᠠᠰᠤᠭ ᠤᠨ ᠲᠠᠷᠤᠭ᠎ᠠ ᠶᠢᠨ ᠡᠭᠦᠷᠬᠡ ᠲᠤᠰᠢᠶᠠᠯ ᠢ ᠬᠠᠷᠢᠭᠤᠴᠠᠨ ᠬᠢᠵᠦ ᠪᠠᠶᠢᠭᠠᠤᠨ 1950 ᠤᠨ ᠳᠤ ᠴᠡᠷᠢᠭ ᠠᠴᠠ ᠪᠠᠨ ᠪᠠᠭᠤᠵᠦ ᠬᠡᠷ ᠲᠡᠭᠡᠨ ᠬᠠᠷᠢᠨ ᠮᠠᠯ ᠮᠠᠯᠵᠢᠵᠦ ᠪᠠᠶᠢᠭᠠᠤᠨ 1952 ᠤᠨ ᠠᠴᠠ 1954 ᠤᠨ ᠭᠥᠷᠳᠠᠯ᠎ᠠ ᠰᠢᠯᠢ ᠶᠢᠨ ᠭᠤᠤᠯ ᠠᠶᠢᠮᠠᠭ ᠤᠨ ᠺᠠᠳ᠋ᠷ  ᠤᠨ ᠪᠤᠯᠪᠠᠰᠤᠷᠠᠯ ᠰᠤᠷᠭᠠᠭᠤᠯᠢ ᠳᠤ ᠰᠤᠷᠤᠯᠴᠠᠵᠦ᠂ 1954 ᠤᠨ ᠠᠴᠠ ᠰᠥᠨᠢᠤᠨ ᠵᠡᠭᠦᠨ ᠬᠤᠰᠢᠭᠤᠨ ᠤ ᠪᠠᠶᠠᠡᠪᠤᠯᠤᠤᠨ ᠨᠢᠬᠡᠳᠤᠯ ᠤᠨ ᠮᠠᠯ ᠡᠮᠨᠡᠯᠬᠡ ᠶᠢᠨ ᠥᠷᠳᠠᠬᠡᠨ ᠳᠤ ᠠᠵᠢᠯᠯᠠᠵᠦ᠂ 1975 ᠤᠨ ᠳᠤ ᠬᠤᠰᠢᠭᠤᠨ ᠤ ᠮᠡᠯ ᠡᠮᠨᠡᠯᠬᠡ ᠶᠢᠨ ᠥᠷᠳᠠᠬᠡᠨ ᠳᠤ ᠠᠵᠢᠯᠯᠠᠵᠦ ᠪᠠᠶᠢᠪᠠ᠃ 1975 ᠤᠨ ᠤ 11 ᠳ᠋ᠤᠬᠡᠷ ᠰᠠᠷ᠎ᠠ ᠶᠢᠨ 17 ᠳᠤ ᠠᠵᠢᠯ ᠠᠴᠠ ᠪᠠᠨ ᠠᠮᠠᠷᠠᠪᠠ᠃      ᠰᠠᠩᠵᠠᠢ ᠨᠥᠭᠦᠷ ᠰᠤᠷᠭᠠᠭᠤᠯᠢ ᠳᠤ ᠰᠠᠭᠤᠵᠦ ᠪᠠᠶᠢᠬᠤ ᠳᠠᠭᠠᠨ ᠥᠪᠡᠷ ᠤᠨ ᠰᠤᠶᠤᠯ ᠮᠡᠳᠠᠯᠬᠡ ᠪᠠᠨ ᠲᠡᠬᠡᠭᠰᠢᠯᠡᠭᠦᠯᠵᠦ᠂ ᠠᠵᠢᠯ ᠳᠤ ᠠᠩᠬ᠎ᠠ ᠤᠷᠤᠵᠦ ᠡᠬᠢᠯᠡᠭᠰᠠᠨ ᠠᠴᠠ ᠨᠠᠰᠢ ᠭᠥᠴᠢᠷ ᠤᠨ ᠲᠤᠮᠳᠠ ᠴᠥᠭᠦᠷᠠᠰᠢ ᠥᠬᠡᠢ ᠴᠢᠷᠮᠠᠶᠢᠵᠦ᠂ ᠨᠠᠮ ᠤᠨ ᠲᠥᠷᠤ ᠶᠢᠨ ᠪᠤᠳᠤᠯᠭ᠎ᠠ ᠶᠢ ᠭᠥᠷᠢᠶᠠᠯᠠᠵᠦ᠂ ᠨᠡᠶᠢᠬᠡᠮ ᠵᠢᠷᠤᠮᠳᠤ ᠤᠶᠢᠯᠠᠰ ᠤᠨ ᠲᠥᠯᠤᠬᠡ ᠴᠢᠷᠮᠡᠶᠢᠨ ᠵᠢᠤᠡᠭᠦᠵᠦ᠂ ᠵᠡᠭᠦᠨ ᠰᠥᠨᠢᠤᠨ ᠤᠨ ᠢᠶᠠᠨ ᠮᠡᠯ ᠠᠵᠦ ᠠᠬᠤᠢ ᠶᠢᠨ ᠪᠥᠳᠤᠬᠡᠨ ᠪᠠᠶᠢᠭᠤᠯᠤᠯᠳᠠ ᠳᠤ ᠥᠪᠡᠷ  ᠤᠨ ᠪᠥᠭᠦᠶᠢᠯᠠ ᠤᠶᠤᠨ ᠤᠬᠠᠭᠠᠨ᠂ ᠭᠥᠴᠤᠨ ᠴᠢᠳᠠᠯ ᠢᠶᠠᠨ ᠡᠷᠭᠦᠵᠦ ᠢᠷᠡᠭᠰᠠᠨ ᠨᠤᠳᠤᠭ ᠤᠨ ᠠᠬᠠᠮᠠᠤᠨ ᠺᠠᠳᠠᠷ ᠶᠤᠮ᠃ 1986 ᠤᠨ ᠤ 11 ᠳ᠋ᠤᠬᠡᠷ ᠰᠠᠷ᠎ᠠ ᠶᠢᠨ 26 ᠤ ᠡᠳᠤᠷ 67 ᠨᠠᠰᠤᠳᠠᠢ ᠨᠠᠰᠤ ᠪᠠᠷᠠᠵᠠᠢ᠃
 
ᠢᠷᠡᠯᠲᠡ᠄ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号