ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠨᠢᠳ ᠵᠡᠭᠦᠨ ᠬᠤᠰᠢᠭᠤᠨ ᠤ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦ ᠬᠡᠰᠢᠭᠦᠳ  ︵ᠦᠷᠭᠡᠳᠬᠡᠭᠰᠡᠨ︶  ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ​ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2019/2/21
          ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠨᠢᠳ ᠵᠡᠭᠦᠨ ᠬᠤᠰᠢᠭᠤᠨ ᠤ ᠬᠤᠷᠢᠶᠠᠨ ᠤ           ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦ ᠬᠡᠰᠢᠭᠦᠳ           ︵ᠦᠷᠭᠡᠳᠬᠡᠭᠰᠡᠨ︶ ᠤᠨ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ           ᠬᠤᠷᠠᠯ ᠳᠡᠭᠡᠷᠡᠬᠢ ᠶᠠᠷᠢᠶ᠎ᠠ                                                                       ︵2019 ᠤᠨ ᠤ 2 ᠰᠠᠷ᠎ᠠ ᠶᠢᠨ 20 ᠤ ᠡᠳᠤᠷ︶          ᠦᠳᠡ ᠶᠢᠨ ᠡᠮᠦᠨ᠎ᠡ᠂ ᠰᠢᠩ ᠱᠦᠵᠢ ᠲᠦᠪ ᠤᠨ ᠠᠵᠤ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯᠳᠤᠭᠠᠨ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ ᠠᠶᠢᠮᠠᠭ ᠤᠨ ᠨᠠᠮ ᠤᠨ ᠬᠤᠷᠢᠶᠠᠨ  ᠤ 2019 ᠤᠨ ᠤ ᠨᠢᠭᠡᠲᠦᠭᠡᠷ ᠤᠳᠠᠭᠠᠨ ᠤ ︵ᠦᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ  ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠦᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠵᠠᠢ᠃ ᠤᠯᠠᠨ ᠢᠶᠠᠷ ᠪᠠᠨ ᠪᠤᠲᠠᠳᠠᠢ ᠤᠶᠠᠯᠳᠤᠭᠤᠯᠵᠤ᠂ ᠰᠢᠩ ᠱᠦᠵᠢ ᠶᠢᠨ ᠶᠠᠷᠢᠶ᠎ᠠ ᠶᠢ ᠬᠢᠨᠠᠮᠠᠭᠠᠢ ᠰᠤᠷᠤᠯᠴᠠᠵᠤ ᠭᠦᠨᠵᠡᠭᠡᠢ ᠶᠠᠷᠢᠯᠴᠠᠨ᠂ ᠮᠠᠰᠢ ᠤᠯᠠᠨ ᠰᠠᠶᠢᠨ ᠰᠠᠨᠠᠯ ᠰᠠᠨᠠᠭᠤᠯᠭ᠎ᠠ ᠭᠠᠷᠭᠠᠵᠠᠢ᠃ ᠲᠤᠤᠷ᠎ᠠ᠂ ᠤᠯᠠᠨ ᠤ ᠰᠠᠨᠠᠯ ᠰᠠᠨᠠᠭᠤᠯᠭ᠎ᠠ ᠲᠠᠢ ᠤᠶᠠᠯᠳᠤᠭᠤᠯᠵᠤ᠂ ᠬᠤᠶᠠᠷ ᠲᠠᠯ᠎ᠠ ᠶᠢᠨ ᠰᠠᠨᠠᠯ ᠶᠠᠷᠢᠶ᠎ᠠ᠃          ᠨᠢᠭᠡ᠂ ᠬᠠᠷᠠᠯᠲᠠ ᠪᠠᠨ ᠲᠤᠳᠤᠷᠬᠠᠶᠢᠯᠠᠵᠤ᠂ ᠠᠵᠢᠯ ᠤᠨ ᠭᠤᠤᠯᠳᠠᠯᠭ᠎ᠠ ᠪᠠᠨ ᠳᠤᠪᠤᠶᠢᠯᠭᠠᠵᠤ᠂ ᠭᠦᠭᠵᠢᠯᠲᠠ ᠶᠢᠨ ᠡᠭᠦᠷᠭᠡ ᠪᠠᠨ ᠬᠢᠨᠠᠮᠠᠭᠠᠢ ᠪᠤᠳᠠᠲᠠᠢ ᠠᠳᠬᠤᠬᠤ ᠬᠡᠷᠡᠭᠲᠠᠢ          2019 ᠤᠨ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠮᠦᠨᠴᠦ ᠪᠦᠬᠦ ᠲᠠᠯ᠎ᠠ ᠪᠠᠷ ᠴᠢᠨᠡᠭᠡᠯᠡᠭ ᠨᠡᠶᠢᠭᠡᠮ ᠢ ᠪᠦᠲᠦᠭᠡᠨ ᠪᠠᠶᠢᠭᠤᠯᠬᠤ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ  ᠶᠢᠨ ᠢᠯᠠᠯᠲᠠ ᠶᠢ ᠤᠯᠬᠤ ᠵᠠᠩᠭᠢᠯᠠᠭ᠎ᠠ ᠶᠢᠨ ᠵᠢᠯ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠮᠠᠰᠢ ᠶᠡᠭᠡ ᠠᠴᠢ ᠬᠤᠯᠪᠤᠭᠳᠠᠯ ᠲᠠᠢ ᠶᠤᠮ᠃ ᠦᠨᠦ ᠵᠢᠯ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠲᠦᠰᠦᠪᠯᠡᠭᠰᠡᠨ ᠬᠠᠷᠠᠯᠲᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠥᠩᠬᠡᠢ ᠦᠷᠲᠡᠭ ᠨᠢ 34.7 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ 6% ᠤᠷᠴᠢᠮ ᠨᠡᠮᠡᠭᠳᠡᠭᠦᠯᠦᠨ᠎ᠡ᠂ ᠲᠤᠭᠲᠠᠮᠠᠯ ᠬᠦᠷᠥᠩᠭᠡ ᠤᠷᠤᠭᠤᠯᠤᠯᠲᠠ 15 ᠳ᠋ᠦᠩᠰᠢᠭᠤᠷ ᠲᠦᠭᠦᠷᠢᠭ ᠲᠤ ᠬᠦᠷᠴᠦ᠂ 50% ᠤᠷᠴᠢᠮ ᠨᠡᠮᠡᠭᠳᠡᠭᠦᠯᠦᠨ᠎ᠡ᠂ ᠡᠩ ᠤᠨ ᠤᠯᠠᠨ ᠨᠠᠶᠢᠳᠠ ᠶᠢᠨ ᠡᠳ᠋ ᠶᠢᠨ ᠵᠠᠰᠠᠭ ᠤᠨ ᠲᠦᠰᠤᠪᠯᠡᠭᠰᠡᠨ ᠤᠷᠤᠯᠭ᠎ᠠ ᠶᠢ 20% ᠤᠷᠴᠢᠮ ᠪᠠᠷ ᠨᠡᠮᠡᠭᠳᠡᠬᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠭᠡᠢ ᠦᠷᠲᠡᠭ 8.75 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ 8% ᠤᠷᠴᠢᠮ ᠨᠡᠮᠡᠭᠳᠡᠭᠦᠯᠥᠨ᠎ᠡ᠂ ᠬᠤᠳᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠤ ᠪᠤᠯᠬᠤᠶᠢᠴᠡ ᠣᠷᠣᠯᠭ᠎ᠠ ᠲᠤᠰᠪᠦᠷᠢ 40900 ᠪᠠ 16490 ᠲᠦᠭᠦᠷᠢᠭ ᠲᠤ ᠬᠦᠷᠴᠦ᠂ 7% ᠪᠤᠯᠤᠨ 8% ᠤᠷᠴᠢᠮ ᠢᠶᠠᠷ ᠨᠡᠮᠡᠭᠳᠡᠭᠦᠯᠦᠨ᠎ᠡ᠃ ᠡᠨᠡᠭᠦ ᠬᠠᠷᠠᠯᠲᠠ ᠶᠢ ᠪᠡᠶᠡᠯᠡᠭᠦᠯᠭᠦ ᠶᠢᠨ ᠲᠤᠰᠠᠲᠠ᠂ ᠪᠢᠳᠠ ᠡᠷᠬᠡᠪᠰᠢ ᠰᠢᠩ ᠱᠦᠵᠢ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠲᠤᠤᠷᠠᠬᠢ 8 ᠲᠠᠯ᠎ᠠ ᠶᠢᠨ ᠭᠤᠤᠯᠳᠠᠯᠭᠠᠲᠤ ᠠᠵᠢᠯ ᠢ ᠳᠤᠪᠦᠶᠢᠯᠭᠠᠨ ᠠᠳᠬᠤᠨ᠎ᠠ᠄          ︵ᠨᠢᠭᠡ︶ ᠬᠦᠴᠦᠨ ᠢᠶᠠᠨ ᠲᠦᠪᠯᠡᠷᠡᠭᠦᠯᠦᠨ ︽ᠭᠤᠷᠪᠠᠨ ᠶᠡᠭᠡ ᠰᠢᠪᠲᠤᠯᠤᠯᠲᠠ ᠶᠢᠨ ᠠᠵᠢᠯ︾ ᠢ ᠰᠠᠶᠢᠲᠤᠷ ᠬᠢᠬᠦ ᠬᠡᠷᠡᠭᠲᠠᠢ᠃ ᠡᠮᠬᠢᠯᠡᠨ ᠲᠦᠷᠢᠮᠵᠢᠭᠦᠯᠭᠦ ᠪᠠᠷ ᠳᠠᠮᠵᠢᠨ᠂ ᠮᠡᠨ ᠤ ᠬᠤᠰᠢᠭᠤᠨ ᠤ ︽ᠭᠤᠷᠪᠠᠨ ᠶᠡᠭᠡ ᠰᠢᠪᠲᠤᠯᠤᠯᠲᠠ ᠶᠢᠨ ᠠᠵᠢᠯ︾ ᠶᠢᠨ ᠡᠭᠦᠷᠭᠡ ᠬᠠᠷᠢᠭᠤᠴᠠᠯᠭ᠎ᠠ᠂ ᠴᠠᠭ ᠤᠨ ᠬᠢᠵᠠᠭᠠᠷ᠂ ᠲᠦᠷᠢᠮ ᠲᠦᠰᠦᠪ ᠨᠢ ᠨᠢᠭᠡᠨᠲᠡ ᠮᠠᠰᠢ ᠲᠤᠳᠤᠷᠬᠠᠢ ᠮᠦᠷᠲᠡᠭᠡᠨ ᠪᠤᠳᠠᠲᠠᠢ ᠪᠤᠯᠤᠭᠰᠠᠨ ᠪᠠᠶᠢᠨ᠎ᠠ᠂ ᠦᠨᠦ ᠵᠢᠯ ᠤᠨ ᠭᠤᠤᠯ ᠡᠭᠦᠷᠭᠡ ᠪᠤᠯ ᠨᠢᠭᠡᠳ ᠨᠢᠭᠡ ᠪᠠᠷ ᠨᠠᠶᠢᠳᠡᠪᠦᠷᠢᠵᠢᠭᠤᠯᠤᠨ᠎ᠠ᠃          ᠨᠢᠭᠡ ᠳᠤ ᠭᠦᠨᠳᠤ ᠶᠡᠭᠡ ᠠᠶᠦᠯ ᠲᠦᠭᠰᠢᠭᠦᠷᠢ ᠶᠢ ᠪᠦᠬᠦ ᠭᠦᠴᠦᠨ ᠢᠶᠠᠷ ᠰᠡᠷᠭᠡᠶᠢᠯᠡᠨ ᠦᠭᠡᠶᠢᠰᠬᠡᠭᠦ ᠬᠡᠷᠡᠭᠲᠠᠢ᠃ ︽ᠴᠠᠯᠢᠩ᠂ ᠡᠷᠭᠢᠯᠲᠡ᠂ ᠠᠷᠠᠳ ᠤᠨ ᠠᠮᠢᠳᠤᠷᠠᠯ︾ ᠭᠤᠷᠪᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠩ ᠤᠨ ᠵᠠᠷᠦᠳᠠᠯ ᠢ ᠪᠠᠭᠠᠰᠬᠠᠵᠤ᠂ ᠤᠯᠠᠨ ᠲᠠᠯ᠎ᠠ ᠶᠢᠨ ᠠᠷᠭ᠎ᠠ ᠵᠠᠮ ᠢᠶᠠᠷ ᠪᠡᠯᠡ ᠮᠦᠩᠭᠦ ᠴᠤᠭᠯᠠᠭᠤᠯᠵᠤ ᠤᠷᠤᠨ ᠨᠤᠲᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠴᠡᠪᠡᠷᠯᠡᠨ᠂ ᠦᠨᠦ ᠵᠢᠯ 3800 ᠲᠦᠮᠡᠨ ᠲᠥᠬᠦᠷᠢᠭ  ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠴᠡᠪᠡᠷᠯᠡᠬᠦ ᠪᠠᠷ ᠴᠢᠷᠮᠠᠶᠢᠨ᠎ᠠ᠃ ᠵᠠᠰᠠᠭ ᠤᠨ ᠤᠷᠳᠤᠨ ᠤ ᠰᠢᠨ᠎ᠡ  ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠤ ᠶᠢ ᠡᠷᠡᠮᠡᠯᠵᠢᠯᠡᠨ ᠮᠡᠳᠡᠭᠦᠯᠭᠦ ᠲᠦᠷᠦᠯ ᠵᠦᠢᠯ ᠢ ᠤᠷᠢᠳᠴᠢᠯᠠᠨ ᠰᠠᠶᠢᠲᠤᠷ ᠬᠢᠵᠤ᠂ ᠦᠪᠡᠷᠲᠡᠭᠡᠨ ᠵᠠᠰᠠᠬᠤ ᠤᠷᠤᠨ ᠠᠴᠠ ᠤᠷᠤᠨ ᠨᠤᠲᠤᠭ ᠤᠨ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠤ ᠶᠢ ᠲᠠᠷᠬᠠᠭᠠᠵᠤ ᠪᠠᠶᠢᠭ᠎ᠠ ᠲᠤᠬᠢᠶᠠᠯ ᠢ ᠰᠠᠶᠢᠲᠤᠷ ᠠᠳᠬᠤᠨ᠂ ᠵᠢᠭᠡᠯᠡᠯᠭᠡ  ᠶᠢᠨ ᠲᠡᠮᠳᠡᠭᠲᠤ ᠶᠢᠨ ᠬᠡᠷᠡᠭᠯᠡᠬᠦ ᠲᠤᠭ᠎ᠠ ᠬᠡᠮᠵᠢᠶ᠎ᠡ ᠪᠠᠷ ᠬᠠᠮᠤᠭ ᠶᠡᠭᠡ ᠬᠦᠴᠦᠨ ᠢᠶᠠᠷ ᠲᠡᠮᠡᠴᠡᠨ ᠤᠯᠬᠤ ᠬᠡᠷᠡᠭᠲᠠᠢ᠃ ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠦᠯᠲᠠ ᠶᠢ ᠴᠢᠩᠭᠠᠳᠬᠠᠨ᠂ ᠦᠷᠢ ᠶᠢ ᠴᠡᠪᠡᠷᠯᠡᠬᠦ ᠦᠨᠳᠦᠰᠦᠨ ᠠᠵᠢᠯ ᠢ ᠰᠠᠶᠢᠲᠤᠷ ᠬᠢᠵᠤ᠂ ᠦᠷᠢ ᠦᠭᠴᠡᠭᠡ ᠶᠢᠨ ᠳᠠᠩᠰᠡ ᠡᠪᠬᠡᠮᠡᠯ ᠢ ᠪᠦᠷᠢᠨᠰᠢᠭᠦᠯᠦᠨ᠂ ᠬᠠᠷᠢᠭᠤᠴᠠᠯᠭ᠎ᠠ ᠨᠡᠬᠡᠮᠵᠢᠯᠡᠬᠦ᠂ ᠬᠢᠨᠠᠨ ᠬᠠᠮᠢᠶᠠᠷᠬᠤ ᠪᠠ ᠤᠷᠲᠤ ᠬᠤᠭᠤᠴᠠᠭᠠᠨ ᠤ ᠦᠷ᠎ᠡ ᠠᠰᠢᠭᠲᠠᠢ ᠲᠤᠭᠳᠠᠯᠴᠠᠭ᠎ᠠ  ᠶᠢ ᠲᠡᠭᠦᠯᠳᠠᠷᠵᠢᠭᠦᠯᠵᠤ᠂ ᠦᠷᠢ ᠴᠡᠪᠡᠷᠯᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠠᠢ᠃ ᠡᠯ᠎ᠡ ᠵᠦᠢᠯ ᠤᠨ ᠬᠠᠤᠯᠢ ᠲᠦᠷᠢᠮ ᠵᠦᠷᠢᠴᠡᠭᠰᠡᠨ ᠮᠦᠩᠭᠦᠨ ᠬᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠲᠠ ᠦᠭᠴᠤ᠂ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠳᠦᠮᠵᠢᠲᠠᠢ ᠰᠡᠷᠭᠡᠶᠢᠯᠡᠨ᠂ ᠤᠨᠴᠠᠭᠠᠶᠢᠯᠠᠨ ᠮᠠᠯᠵᠢᠬᠤ ᠤᠷᠤᠨ ᠤ ᠦᠨᠳᠤᠷ ᠬᠦᠦ ᠲᠠᠢ ᠵᠢᠭᠡᠯᠡᠯᠭᠡ ᠶᠢ ᠶᠡᠷᠦᠩᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠠᠳᠬᠤᠬᠤ ᠬᠡᠷᠡᠭᠲᠠᠢ᠃ ᠤᠶᠢᠷ᠎ᠡ ᠶᠢᠨ ᠵᠢᠯ ᠳᠤ᠂ ᠪᠢᠳᠡ ᠢᠳᠡᠪᠬᠢᠲᠠᠢ ᠪᠠᠷ ᠠᠷᠭ᠎ᠠ ᠠᠪᠴᠠᠯ ᠢᠶᠠᠨ ᠰᠢᠨᠡᠳᠬᠡᠵᠤ᠂ ᠬᠠᠤᠯᠢ ᠲᠥᠷᠢᠮ ᠢᠶᠠᠷ ᠡᠶᠡᠳᠡᠭᠦᠯᠭᠦ᠂ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠪᠠᠩᠭᠢ ᠶᠢᠨ ᠵᠢᠭᠡᠯᠡᠯᠭᠡ ᠪᠠᠷ ᠰᠤᠯᠢᠬᠤ ᠵᠡᠷᠭᠡ ᠠᠷᠭ᠎ᠠ ᠠᠪᠴᠠᠯ ᠠᠪᠴᠤ᠂ ᠠᠷᠠᠳ ᠤᠨ ᠬᠤᠭᠤᠷᠤᠨᠳᠤᠬᠢ ᠵᠢᠭᠡᠯᠡᠯᠭᠡ ᠶᠢ ᠴᠡᠪᠡᠷᠯᠡᠨ ᠲᠦᠷᠢᠮᠵᠢᠭᠦᠯᠭᠦ ᠲᠠᠯ᠎ᠠ ᠪᠠᠷ ᠲᠤᠩ ᠰᠠᠶᠢᠨ ᠦᠷ᠎ᠡ ᠪᠦᠳᠦᠮᠵᠢ ᠤᠯᠤᠭᠰᠠᠨ ᠪᠠᠶᠢᠨ᠎ᠠ᠂ ᠡᠭᠦᠨ ᠠᠴᠠ ᠬᠤᠶᠢᠰᠢ ᠡᠳᠡᠭᠡᠷ ᠠᠷᠭ᠎ᠠ ᠠᠪᠴᠠᠯ ᠢᠶᠠᠨ ᠦᠷᠭᠦᠯᠵᠢᠯᠡᠨ ᠰᠠᠶᠢᠲᠤᠷ ᠠᠰᠢᠭᠯᠠᠵᠤ᠂ ᠦᠷ᠎ᠡ ᠠᠰᠢᠭ ᠢ ᠨᠢ ᠦᠷᠭᠡᠳᠬᠡᠬᠦ ᠬᠡᠷᠡᠭᠲᠠᠢ᠃ ᠵᠠᠰᠠᠭ ᠤᠨ ᠤᠷᠳᠤᠨ ᠤ ᠴᠢᠬᠤᠯᠠ ᠶᠡᠭᠡ ᠰᠢᠢᠳᠪᠦᠷᠢ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠭᠦ ᠲᠦᠷᠢᠮ ᠢ ᠦᠨᠡᠨᠬᠦ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠲᠦᠰᠦᠪ ᠢ ᠨᠠᠶᠢᠷᠠᠭᠤᠯᠬᠤ ᠪᠤᠯᠤᠨ ᠬᠡᠷᠡᠭᠵᠢᠭᠦᠯᠭᠦ ᠠᠵᠢᠯ ᠢ ᠰᠠᠶᠢᠲᠤᠷ ᠠᠳᠬᠤᠨ᠂ ᠬᠠᠤᠯᠢ ᠶᠤᠰᠤᠭᠠᠷ ᠡᠳ᠋ ᠤᠨ ᠵᠠᠰᠠᠭ ᠢ ᠬᠠᠮᠢᠶᠠᠷᠬᠤ ᠶᠢ ᠪᠠᠷᠢᠮᠳᠠᠯᠠᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠬᠦ ᠦᠷ᠎ᠡ ᠠᠰᠢᠭ ᠢ ᠲᠡᠭᠡᠭᠰᠢᠯᠡᠬᠦᠯᠦᠨ᠎ᠡ᠃          ᠬᠤᠶᠠᠷ ᠲᠤ ᠨᠠᠷᠢᠯᠢᠭ ᠤᠨᠦᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠳᠦᠮᠵᠢ ᠪᠠᠨ ᠪᠠᠳᠤᠳᠬᠠᠨ ᠲᠡᠭᠡᠭᠰᠢᠯᠡᠭᠦᠯᠭᠦ ᠬᠡᠷᠡᠭᠲᠠᠢ᠃ ᠪᠦᠬᠦ ᠬᠤᠰᠢᠭᠤᠨ ᠤ ᠴᠢᠷᠮᠠᠶᠢᠯᠭ᠎ᠠ ᠪᠠᠷ ᠳᠠᠮᠵᠢᠨ᠂ ᠨᠢᠳᠤᠨᠤᠨ ᠵᠢᠯ ᠮᠡᠨ ᠤ ᠬᠤᠰᠢᠭᠤ ᠨᠢ ᠦᠪᠡᠷᠳᠡᠭᠡᠨ ᠵᠠᠰᠠᠬᠤ ᠤᠷᠤᠨ ᠤ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠤ ᠨᠡᠷᠡᠰ ᠠᠴᠠ ᠭᠠᠷᠤᠭᠰᠠᠨ ᠪᠠᠶᠢᠨ᠎ᠠ᠃ ᠦᠨᠦ ᠵᠢᠯ ᠦᠷᠭᠦᠯᠵᠢᠯᠡᠨ ᠴᠢᠷᠮᠠᠶᠢᠵᠤ ᠠᠵᠢᠯ ᠤᠨ ᠦᠷ᠎ᠡ ᠪᠦᠳᠦᠮᠵᠢ ᠪᠠᠨ ᠦᠷᠭᠡᠳᠬᠡᠨ᠂ 7 ᠡᠷᠦᠭᠡ 17 ᠭᠦᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠦᠨᠳᠤᠷ ᠠᠰᠢᠭ ᠲᠠᠢ ᠪᠡᠶᠡᠯᠡᠭᠦᠯᠦᠨ᠂ 416 ᠡᠷᠦᠭᠡ 1260 ᠭᠦᠮᠦᠨ ᠢ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠳᠦᠮᠵᠢ ᠪᠠᠨ ᠪᠠᠬᠢᠵᠢᠭᠦᠯᠦᠨ᠎ᠡ᠃ ᠶᠠᠳᠠᠭᠤ ᠢ ᠴᠦᠬᠡᠳᠭᠡᠭᠦ ᠶᠢ ᠴᠢᠬᠤᠯᠴᠢᠯᠠᠵᠤ ᠪᠠᠶᠢᠭᠰᠠᠨ ᠠᠴᠠ ᠶᠠᠳᠠᠭᠤ ᠶᠢ ᠠᠩᠭᠢᠵᠢᠷᠠᠭᠤᠯᠬᠤ ᠶᠠᠰᠤ ᠴᠢᠨᠠᠷ ᠶᠢ ᠴᠢᠬᠤᠯᠠᠴᠢᠯᠠᠬᠤ ᠪᠤᠯᠭᠠᠨ ᠬᠤᠪᠢᠷᠠᠭᠤᠯᠵᠤ᠂ ᠠᠵᠤ ᠦᠢᠯᠡᠰ ᠢᠶᠠᠷ ᠶᠠᠳᠠᠭᠤ ᠶᠢ ᠳᠡᠳᠭᠦᠭᠦ ᠭᠤᠤᠯ ᠠᠷᠭ᠎ᠠ ᠠᠪᠴᠠᠯ ᠢ ᠠᠪᠴᠤ᠂ ᠠᠵᠤ ᠦᠢᠯᠡᠰ ᠪᠠᠷ ᠳᠠᠶᠢᠴᠢᠯᠠᠨ ᠳᠠᠭᠠᠭᠤᠯᠬᠤ ᠳᠡᠭᠡᠷ᠎ᠡ ᠭᠦᠴᠦᠯᠡᠨ᠎ᠡ᠃ ︽ᠵᠠᠬᠢᠶᠠᠯᠠᠭ᠎ᠠ ᠶᠢᠨ ᠬᠡᠯᠪᠡᠷᠢ︾  ᠶᠢᠨ ᠠᠵᠤ ᠦᠢᠯᠡᠰ ᠪᠠᠷ ᠶᠠᠳᠠᠭᠤ ᠶᠢ ᠳᠡᠳᠭᠦᠭᠦ ᠲᠦᠷᠦᠯ ᠵᠦᠢᠯ ᠢ ᠬᠦᠴᠦᠯᠡᠨ ᠬᠡᠷᠡᠭᠵᠢᠭᠦᠯᠵᠤ᠂ ᠭᠠᠴᠠᠭᠠᠨ ᠤ ᠬᠤᠶᠠᠷ ᠵᠦᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠤᠨ᠂ ᠭᠠᠵᠠᠷ ᠤᠷᠤᠨ ᠳᠤ ᠲᠤᠬᠢᠷᠠᠭᠤᠯᠤᠨ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠵᠢᠯᠤᠭᠤᠳᠤᠨ ᠲᠡᠳᠭᠦᠨ ᠪᠤᠵᠠᠭᠠᠶᠢᠷᠠᠭᠤᠯᠵᠤ᠂ ᠶᠠᠳᠠᠭᠤ ᠶᠢ ᠳᠡᠳᠭᠦᠭᠦ ᠲᠤᠯᠤᠭᠠᠶᠢᠯᠠᠭᠴᠢ ᠠᠵᠤ ᠠᠬᠤᠶᠢᠯᠠᠯ᠂ ᠮᠠᠯ ᠠᠵᠤ ᠠᠬᠤᠢ  ᠶᠢᠨ ᠲᠤᠰᠬᠠᠢ ᠬᠤᠷᠰᠢᠶᠠᠵᠢᠯ ᠵᠡᠷᠭᠡ ᠡᠵᠡᠩᠨᠡᠯᠲᠡ ᠶᠢᠨ ᠭᠤᠤᠯ ᠴᠤᠭᠴᠠ ᠶᠢᠨ ᠳᠠᠭᠠᠭᠤᠯᠤᠭᠴᠢ ᠦᠢᠯᠡᠳᠤᠯ ᠢ ᠪᠠᠳᠠᠷᠠᠭᠤᠯᠵᠤ᠂ ᠶᠠᠳᠠᠭᠤ ᠭᠦᠴᠢᠷᠳᠡᠯᠲᠠᠢ ᠬᠦᠮᠦᠨ ᠠᠮᠠ ᠶᠢᠨ ᠤᠯᠠᠨ ᠲᠠᠯ᠎ᠠ ᠪᠠᠷ ᠤᠷᠤᠯᠭ᠎ᠠ ᠪᠠᠨ ᠨᠡᠮᠡᠭᠳᠡᠭᠦᠯᠭᠦ ᠶᠢ ᠪᠡᠶᠡᠯᠡᠭᠦᠯᠦᠨ᠎ᠡ᠃ ᠡᠷᠡᠭᠦᠯ ᠴᠢᠬᠢᠷᠠᠭ ᠤᠨ ᠲᠠᠯ᠎ᠠ ᠳᠤ ᠶᠠᠳᠠᠭᠤ ᠶᠢ ᠳᠡᠳᠭᠦᠭᠦ ᠡᠨᠡᠭᠦ ᠵᠠᠩᠭᠢᠯᠠᠭ᠎ᠠ ᠶᠢ ᠠᠳᠬᠤᠨ᠂ ᠶᠠᠳᠠᠭᠤ ᠬᠦᠴᠢᠷᠳᠡᠯᠲᠠᠢ ᠭᠦᠮᠦᠨ ᠠᠮᠠ ᠶᠢᠨ ᠡᠮ ᠡᠮᠨᠡᠯᠭᠡ ᠶᠢᠨ ᠪᠠᠲᠤᠯᠠᠭᠠᠨ ᠤ ᠰᠠᠭᠤᠷᠢ ᠮᠦᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠤᠷᠪᠠᠨ ᠨᠢᠭᠡ ᠪᠦᠯᠦᠭ︾ ᠡᠷᠡᠭᠦᠯ ᠴᠢᠬᠢᠷᠠᠭ ᠤᠨ ᠲᠠᠯ᠎ᠠ ᠳᠤ ᠶᠠᠳᠠᠭᠤ ᠶᠢ ᠳᠡᠳᠭᠦᠭᠦ ᠢᠨᠵᠧᠨᠧᠷᠢᠩ ᠢ ᠰᠠᠶᠢᠲᠤᠷ ᠨᠠᠶᠢᠳᠠᠪᠦᠷᠢᠵᠢᠭᠤᠯᠦᠨ᠂ ᠡᠪᠡᠳᠴᠢᠨ ᠠᠴᠠ ᠪᠤᠯᠵᠤ ᠶᠠᠳᠠᠭᠤᠷᠠᠬᠤ ᠪᠠ ᠡᠪᠡᠳᠴᠢᠨ ᠠᠴᠠ ᠪᠤᠯᠵᠤ ᠲᠠᠬᠢᠨ ᠶᠠᠳᠠᠭᠤᠷᠠᠬᠤ ᠶᠢ ᠰᠡᠷᠭᠡᠶᠢᠯᠡᠨ᠎ᠡ᠃ ᠲᠤᠳᠤᠭᠠᠳᠤ ᠬᠦᠳᠡᠯᠭᠡᠬᠦ ᠭᠦᠴᠦᠨ ᠢ ᠰᠡᠷᠭᠦᠭᠡᠭᠦ ᠡᠨᠡᠭᠦ ᠴᠢᠬᠤᠯᠠ ᠲᠠᠯ᠎ᠠ ᠶᠢ ᠠᠳᠬᠤᠨ᠂ ᠤᠶᠤᠨ ᠰᠠᠨᠠᠭ᠎ᠠ ᠵᠤᠷᠢᠭ ᠬᠦᠪᠴᠢ ᠶᠢ ᠨᠢ ᠲᠡᠳᠭᠦᠭᠦ ᠲᠠᠯ᠎ᠠ ᠳᠤ ᠭᠦᠴᠦ ᠲᠠᠯᠪᠢᠨ᠂ ᠦᠵᠡᠯ ᠰᠠᠨᠠᠭᠠᠨ ᠤ ᠶᠠᠳᠠᠭᠤᠷᠠᠯ ᠳᠤ ᠬᠠᠨᠳᠤᠭᠤᠯᠵᠤ᠂ ᠮᠠᠯᠵᠢᠬᠤ ᠤᠷᠤᠨ ᠤ ᠪᠤᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠤ᠂ ᠬᠦᠳᠡᠭᠡ ᠨᠤᠲᠤᠭ ᠤᠨ ᠪᠤᠯᠪᠡᠰᠤᠨ ᠢ ᠲᠡᠭᠡᠭᠰᠢᠯᠡᠬᠦᠯᠬᠦ ᠠᠵᠢᠯᠯᠠᠭ᠎ᠠ ᠪᠠ ᠮᠠᠯᠵᠢᠬᠤ ᠤᠷᠤᠨ ᠤ ︽ᠳᠠᠩᠰᠠ ᠪᠤᠳᠤᠨ ᠡᠳ᠋ ᠭᠦᠷᠥᠩᠭᠡ ᠪᠠᠨ ᠬᠠᠮᠢᠶᠠᠷᠴᠤ ᠡᠷᠦᠬᠡ ᠭᠡᠷ ᠪᠠᠨ ᠦᠭᠡᠳᠡ ᠲᠠᠲᠠᠬᠤ︾ ᠠᠵᠢᠯᠯᠠᠭ᠎ᠠ ᠶᠢ ᠬᠦᠴᠦᠲᠠᠢ ᠦᠷᠨᠢᠭᠦᠯᠦᠨ᠂ ᠶᠠᠳᠠᠭᠤ ᠭᠦᠴᠢᠷᠳᠡᠯᠲᠠᠢ ᠡᠷᠦᠭᠡ ᠶᠢ ︽ᠬᠦᠯᠢᠶᠡᠭᠦ᠂ ᠲᠦᠰᠢᠭᠦ᠂ ᠠᠪᠬᠤ︾ ᠦᠵᠡᠯ ᠲᠠᠨᠢᠯᠲᠠ ᠲᠤᠮᠳᠠ ᠠᠴᠠ ᠴᠢᠯᠦᠭᠡᠯᠡᠵᠤ᠂ ᠶᠠᠳᠠᠭᠤ ᠭᠦᠴᠢᠷᠳᠡᠯᠲᠠᠢ ᠤᠯᠠᠨ ᠲᠦᠮᠡᠨ ᠤ ᠦᠢᠯᠡᠳᠪᠦᠷᠢᠯᠡᠯ ᠢᠶᠠᠨ ᠬᠦᠭᠵᠢᠭᠦᠯᠭᠦ ᠪᠠ ᠬᠦᠯᠦᠰᠦᠨ ᠠᠵᠢᠯ ᠬᠢᠬᠦ ᠠᠷᠠᠯᠵᠢᠶ᠎ᠠ ᠡᠷᠬᠢᠯᠡᠬᠦ ᠦᠨᠳᠦᠰᠦᠨ ᠮᠡᠷᠭᠡᠵᠢᠯ ᠴᠢᠳᠠᠪᠦᠷᠢ ᠢ ᠬᠦᠮᠦᠵᠢᠭᠦᠯᠭᠦ  ᠶᠢ ᠴᠢᠬᠤᠯᠠᠴᠢᠯᠠᠨ᠂ ᠲᠤᠰ ᠪᠡᠶ᠎ᠠ ᠶᠢᠨ ᠬᠦᠭᠵᠢᠭᠦ ᠴᠢᠳᠠᠪᠤᠷᠢ ᠶᠢ ᠲᠡᠭᠡᠭᠰᠢᠯᠡᠭᠦᠯᠦᠨ᠎ᠡ᠃ ᠨᠠᠷᠢᠯᠢᠭ ᠤᠨᠤᠪᠴᠢᠲᠠᠢ ᠪᠠᠶᠢᠬᠤ ᠡᠨᠡᠭᠦ ᠦᠨᠳᠦᠰᠦᠨ ᠱᠠᠭᠠᠷᠳᠠᠯᠭ᠎ᠠ ᠶᠢ ᠴᠢᠩᠭ᠎ᠠ ᠠᠳᠬᠤᠨ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ  ᠢ ᠲᠡᠭᠡᠭᠰᠢᠯᠡᠬᠦ ᠲᠠᠯ᠎ᠠ ᠳᠤ ᠬᠦᠴᠦᠯᠡᠨ᠂ ᠶᠠᠳᠠᠭᠤ ᠶᠢ ᠳᠡᠳᠭᠦᠭᠦ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠶᠢ ᠨᠢᠭᠡᠳᠦᠯᠲᠠᠢ ᠲᠦᠯᠦᠪᠵᠢᠭᠦᠯᠦᠨ ᠰᠠᠶᠢᠲᠤᠷ ᠠᠰᠢᠭᠯᠠᠵᠤ᠂ ᠨᠠᠷᠢᠯᠢᠭ ᠤᠨᠤᠪᠴᠢᠲᠠᠢ ᠪᠠᠷ ᠳᠡᠳᠭᠦᠨ᠂ 2020 ᠤᠨ  ᠳᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠲᠡᠭᠦᠰ ᠠᠮᠵᠢᠯᠲᠠ ᠶᠢ ᠤᠯᠬᠤ ᠪᠠ ᠤᠷᠲᠤ ᠬᠤᠭᠤᠴᠠᠭᠠᠨ ᠤ ᠬᠦᠭᠵᠢᠯᠲᠡ ᠳᠤ ᠪᠡᠲᠤ ᠪᠠᠬᠢ ᠰᠠᠭᠤᠷᠢ ᠳᠠᠯᠪᠢᠬᠤ ᠬᠡᠷᠡᠭᠳᠠᠢ᠃          ᠭᠤᠷᠪᠠ ᠳᠤ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠳᠠᠢ᠃ ᠠᠭᠠᠷ᠂ ᠤᠰᠤ᠂ ᠭᠠᠵᠠᠷ ᠰᠢᠷᠦᠢ ᠶᠢᠨ ᠪᠤᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠦᠨ᠂ ᠨᠢᠭᠡᠨᠳᠡ ᠲᠤᠭᠳᠠᠭᠰᠠᠨ ᠲᠦᠰᠦᠪ ᠢ ᠦᠨᠡᠨᠬᠦ ᠨᠠᠶᠢᠳᠠᠪᠦᠷᠢᠵᠢᠭᠤᠯᠤᠨ᠂ ᠦᠷ᠎ᠡ ᠪᠦᠳᠦᠮᠵᠢ ᠪᠠᠨ ᠪᠠᠬᠢᠵᠢᠭᠦᠯᠦᠨ ᠰᠠᠬᠢᠬᠤ ᠬᠡᠷᠡᠭᠲᠠᠢ᠃ ᠠᠭᠠᠷ ᠮᠠᠨᠳᠠᠯ ᠤᠨ ᠬᠠᠮᠠᠭᠠᠯᠠᠯᠳᠠ ᠶᠢᠨ ᠢᠯᠠᠯᠳᠠ  ᠶᠢ ᠡᠷᠡᠰ ᠳᠡᠮᠡᠴᠡᠨ ᠤᠯᠵᠦ᠂ ᠠᠭᠠᠷ ᠪᠤᠬᠢᠷᠳᠤᠭᠤᠯᠵᠤ ᠭᠤᠣᠯ ᠪᠤᠳᠠᠰ ᠢ ᠭᠠᠳᠠᠭᠰᠢᠯᠠᠭᠤᠯᠵᠤ ᠶᠡᠷᠤᠩᠬᠡᠢ ᠬᠡᠮᠵᠢᠶ᠎ᠡ ᠶᠢ ᠦᠷᠬᠦᠯᠵᠢᠯᠡᠡ ᠪᠠᠭᠠᠰᠬᠠᠵᠦ᠂ ᠴᠡᠪᠡᠷᠰᠢᠭᠦᠯᠦᠯᠳᠡ ᠲᠠᠢ ᠪᠠᠷ ᠳᠤᠯᠠᠭᠠᠯᠠᠭ᠎ᠠ ᠬᠠᠩᠭᠠᠬᠤ ᠪᠠ ᠨᠡᠬᠦᠷᠡᠰᠤᠨ ᠵᠤᠤᠬ᠎ᠠ ᠶᠢ ᠬᠠᠯᠠᠠ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠦ᠂ ᠬᠤᠳᠠ ᠶᠢᠨ ᠳᠤᠭᠤᠷᠢᠭ ᠤᠨ 35 ᠲᠤᠨ ᠤ ᠬᠡᠮᠵᠢᠶ᠎ᠡ ᠠᠴᠠ ᠳᠤᠷᠤᠭᠰᠢ ᠠᠭᠤᠷᠰᠢᠭᠤᠯᠤᠯᠳᠠ ᠲᠠᠢ ᠨᠡᠬᠦᠷᠡᠰᠤᠨ ᠵᠤᠤᠬ᠎ᠠ ᠶᠢ ᠪᠦᠬᠦ ᠳᠠᠯ᠎ᠠ ᠪᠠᠷ ᠪᠠᠶᠢᠴᠠᠭᠠᠠ᠂ ᠠᠯᠬᠤᠮ ᠠᠯᠬᠤᠮ ᠢᠶᠠᠷ ᠰᠢᠯᠢᠨ ᠬᠠᠶᠠᠨ᠎ᠠ᠃ ᠬᠤᠮᠠᠬᠢ ᠳᠤᠭᠤᠰᠤ ᠳᠡᠭᠳᠡᠬᠡᠬᠦ ᠶᠢ ᠭᠤᠤᠯᠳᠠᠯᠭ᠎ᠠ ᠲᠠᠢ ᠵᠠᠰᠠᠠ᠂ ᠮᠠᠨᠳᠠᠯᠲᠤ ᠪᠠᠯᠭᠠᠰᠤ ᠵᠢᠴᠢ ᠤᠶᠢᠷ᠎ᠠ ᠬᠠᠪᠢ ᠶᠢᠨ ᠭᠠᠵᠠᠷ ᠤᠷᠤᠨ᠂ ᠠᠵᠦ ᠦᠢᠯᠡᠳᠪᠦᠷᠢ ᠶᠢᠨ ᠳᠤᠭᠤᠷᠢᠭ ᠪᠠ ᠳᠠᠷᠬᠠᠢ ᠵᠢᠵᠢᠭ ᠠᠵᠦ ᠠᠬᠤᠶᠢᠯᠠᠯ ᠵᠢᠵᠢᠭ ᠦᠢᠯᠡᠳᠪᠦᠷᠢ ᠶᠢᠨ ᠨᠤᠨᠳᠠᠭ ᠪᠤᠳᠠᠰ ᠶᠢ ᠪᠢᠳᠡᠬᠦᠮᠵᠢᠯᠡᠡ ᠬᠠᠳᠠᠭᠠᠯᠠᠨ᠎ᠠ᠃ ᠤᠰᠤᠨ ᠰᠤᠷᠪᠤᠯᠵᠢ ᠶᠢᠨ ᠬᠠᠮᠠᠭᠠᠯᠠᠯᠳᠠ ᠶᠢᠨ ᠢᠯᠠᠯᠳᠠ ᠶᠢ ᠡᠷᠡᠰ ᠳᠡᠮᠡᠴᠡᠨ ᠤᠯᠵᠦ᠂ ᠨᠠᠭᠤᠷ ᠭᠤᠣᠯ ᠤᠨ ᠳᠠᠷᠤᠭ᠎ᠠ ᠶᠢᠨ ᠲᠦᠷᠢᠮ ᠢ ᠬᠦᠨᠵᠡᠬᠡᠢ ᠬᠡᠷᠡᠭᠵᠢᠬᠦᠯᠦᠨ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠬᠤᠳᠠ ᠪᠠᠯᠭᠠᠰᠤᠨ ᠤ ᠪᠤᠵᠠᠷ ᠤᠰᠤ ᠬᠤᠷᠢᠶᠠᠨ ᠠᠪᠬᠤ ᠪᠠ ᠰᠢᠢᠳᠪᠦᠷᠢᠯᠡᠬᠦ ᠲᠦᠬᠦᠬᠡᠷᠤᠮᠵᠢ ᠶᠢᠨ ᠳᠤᠳᠠᠭᠳᠠᠯ ᠢ ᠨᠦᠬᠦᠪᠦᠷᠢᠯᠡᠡ᠂ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ  ᠪᠠᠨ ᠳᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠦ᠂ ᠮᠢᠬᠠᠨ ᠢᠳᠡᠭᠡᠨ ᠡᠳ᠋ᠰᠢᠬᠦᠯᠬᠦ ᠠᠵᠦ ᠠᠬᠤᠶᠢᠯᠠᠯ ᠤᠨ ᠪᠤᠵᠠᠷ ᠤᠰᠤ ᠰᠢᠢᠳᠪᠦᠷᠢᠯᠡᠬᠦ ᠲᠦᠬᠦᠬᠡᠷᠤᠮᠵᠢ ᠶᠢ ᠰᠦᠯᠵᠢᠶᠡᠨ ᠳᠡᠬᠡᠷ᠎ᠡ ᠬᠢᠨᠠᠨ ᠰᠢᠯᠭᠠᠬᠤ ᠳᠠᠪᠴᠠᠩ ᠤᠨ ᠪᠠᠶᠢᠭᠤᠯᠤᠯᠳᠠ ᠶᠢ ᠡᠬᠢᠯᠡᠬᠦᠯᠦᠨ᠎ᠡ᠃ ᠬᠦᠷᠦᠰᠦ ᠰᠢᠷᠤᠢ ᠶᠢᠨ ᠬᠠᠮᠠᠭᠠᠯᠠᠯᠳᠠ ᠶᠢᠨ ᠢᠯᠠᠯᠳᠠ ᠶᠢ ᠡᠷᠡᠰ ᠳᠡᠮᠡᠴᠡᠨ ᠤᠯᠵᠦ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢ ᠪᠦᠬᠦ ᠬᠦᠴᠦᠨ ᠢᠶᠠᠷ ᠠᠬᠢᠭᠤᠯᠤᠨ᠂ ᠭᠤᠤᠯᠳᠠᠯᠭ᠎ᠠ  ᠲᠠᠢ ᠦᠢᠯᠡᠳᠪᠦᠷᠢ ᠠᠭᠤᠷᠬᠠᠢ ᠶᠢᠨ ᠠᠵᠦ ᠠᠬᠤᠶᠢᠯᠠᠯ ᠤᠨ ᠬᠦᠷᠦᠰᠦ ᠰᠢᠷᠤᠢ ᠶᠢᠨ ᠪᠤᠬᠢᠷᠳᠤᠯ ᠢ ᠪᠠᠶᠢᠴᠠᠭᠠᠠ ᠴᠡᠭᠴᠡᠯᠡᠬᠦ ᠠᠵᠢᠯ ᠢ ᠰᠠᠶᠢᠳᠤᠷ ᠠᠳᠬᠤᠨ᠎ᠠ᠃ ᠬᠦᠨᠳᠤ ᠲᠡᠮᠦᠷᠯᠢᠭ ᠤᠨ ᠪᠤᠬᠢᠷᠳᠤᠯ ᠤᠨ ᠠᠶᠤᠯ ᠢ ᠰᠡᠷᠬᠡᠶᠢᠯᠡᠡ ᠡᠵᠡᠮᠳᠡᠬᠦ ᠶᠢ ᠴᠢᠩᠭᠠᠳᠬᠠᠠ᠂ ᠠᠭᠤᠷᠬᠠᠢ ᠶᠢᠨ ᠤᠷᠴᠢᠨ ᠳᠤᠭᠤᠷᠢᠨ ᠤ ᠵᠠᠰᠠᠯᠳᠠ ᠶᠢ ᠰᠠᠶᠢᠳᠤᠷ ᠬᠡᠷᠡᠭᠵᠢᠬᠦᠯᠵᠦ᠂ ᠰᠢᠷᠤᠢ ᠭᠠᠳᠠᠭᠰᠢᠯᠠᠭᠤᠯᠬᠤ ᠳᠠᠯᠠᠪᠤᠷ᠂ ᠠᠭᠤᠷᠬᠠᠢ ᠶᠢᠨ ᠪᠤᠬᠢᠷᠳᠤᠯ ᠭᠠᠳᠠᠭᠰᠢᠯᠠᠭᠤᠯᠬᠤ ᠭᠠᠵᠠᠷ᠂ ᠬᠠᠶᠠᠭᠳᠠᠮᠠᠯ ᠴᠢᠯᠠᠭᠤᠨ ᠤ ᠳᠠᠯᠠᠪᠤᠷ ᠤᠨ ᠳᠤᠰᠬᠠᠢ ᠲᠦᠷᠦᠯ ᠤᠨ ᠴᠡᠭᠴᠡᠯᠡᠯᠳᠠ ᠶᠢ ᠦᠷᠨᠢᠬᠦᠯᠦᠨ᠎ᠡ᠃ ᠮᠠᠰᠢᠨ ᠳᠡᠷᠬᠡᠨ ᠤ ᠵᠠᠰᠠᠪᠤᠷᠢ ᠶᠢᠨ ᠠᠵᠢᠯ ᠲᠦᠷᠦᠯ ᠤᠨ ᠬᠠᠶᠠᠭᠳᠠᠮᠠᠯ ᠬᠠᠭᠤᠴᠢᠨ ᠮᠠᠰᠢᠨ ᠤ ᠳᠤᠰᠤ ᠶᠢ ᠪᠠᠶᠢᠴᠠᠭᠠᠠ ᠴᠡᠭᠴᠡᠯᠡᠬᠦ ᠠᠵᠢᠯ ᠢ ᠳᠠᠭᠤᠰᠬᠠᠨ᠎ᠠ᠃ ᠲᠦᠪ ᠬᠤᠷᠢᠶᠠᠨ ᠤ ᠤᠷᠴᠢᠨ ᠳᠤᠭᠤᠷᠢᠨ ᠤ ᠱᠠᠯᠠᠪᠳᠠᠨ ᠪᠠᠶᠢᠴᠠᠭᠠᠯᠳᠠ ᠵᠢᠴᠢ ︽ᠳᠠᠬᠢᠨ ᠪᠠᠶᠢᠴᠠᠭᠠᠯᠳᠠ︾᠂ ᠭᠠᠵᠠᠷ ᠰᠢᠷᠤᠢ ᠶᠢᠨ ᠬᠡᠪ ᠤᠨ ᠱᠠᠯᠠᠪᠳᠠᠨ ᠪᠠᠶᠢᠴᠠᠭᠠᠯᠳᠠ ᠶᠢᠨ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭ᠎ᠠ ᠨᠠᠶᠢᠳᠠᠪᠦᠷᠢᠵᠢᠭᠤᠯᠤᠨ᠂ ᠰᠢᠨ᠎ᠡ ᠨᠢᠬᠡᠨ ᠡᠭᠡᠯᠵᠢ ᠶᠢᠨ ᠤᠷᠴᠢᠨ ᠳᠤᠭᠤᠷᠢᠨ ᠤ ᠱᠠᠯᠠᠪᠳᠠᠨ ᠪᠠᠶᠢᠴᠠᠭᠠᠯᠳᠠ ᠶᠢᠨ ᠴᠡᠭᠴᠡᠯᠡᠡ ᠵᠠᠰᠠᠬᠤ ᠡᠬᠦᠷᠬᠡ ᠶᠢ ᠬᠦᠢᠴᠡᠳᠬᠡᠨ᠎ᠡ᠃          ︵ᠬᠤᠶᠠᠷ︶ ᠠᠵᠦ ᠠᠬᠤᠢ ᠳᠤᠭᠳᠠᠭᠤᠨ ᠢᠶᠠᠷ ᠳᠠᠪᠰᠢᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠳᠡᠢ᠃ ᠠᠵᠦ ᠠᠬᠤᠢ  ᠶᠢᠨ ᠳᠤᠷᠤᠭᠰᠢᠯᠠᠯᠳᠠ ᠶᠢᠨ ᠳᠠᠷᠤᠯᠲᠠ ᠪᠠ ᠬᠦᠭᠵᠢᠯᠳᠡ ᠶᠢᠨ ᠳᠤᠮᠳᠠᠬᠢ ᠮᠠᠭᠠᠳᠯᠠᠰᠢ ᠦᠭᠡᠢ ᠬᠦᠴᠢᠷᠳᠡᠯ ᠡᠯᠧᠮᠧᠨ᠋ᠲ ᠤᠨ ᠨᠡᠮᠡᠭᠳᠡᠯ ᠵᠡᠷᠬᠡ ᠪᠠᠶᠢᠳᠠᠯ ᠳᠤ ᠪᠢᠳᠡ ᠡᠷᠬᠡᠪᠰᠢ ᠳᠠᠯᠳᠠ ᠭᠡᠮ ᠳᠤ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠠ᠂ ᠠᠰᠢᠭᠳᠠᠢ ᠨᠦᠬᠦᠴᠡᠯ ᠢ ᠬᠦᠢᠴᠡᠳ ᠠᠰᠢᠭᠯᠠᠠ᠂ ᠠᠰᠢᠭ ᠦᠭᠡᠢ ᠡᠯᠧᠮᠧᠨ᠋ᠲ ᠢ ᠠᠷᠢᠯᠭᠠᠠ᠂ ᠤᠷᠴᠢᠨ ᠳᠤᠭᠤᠷᠢᠨ ᠢ ᠠᠳᠬᠤᠵᠦ ᠬᠦᠷᠦᠩᠭᠡ ᠤᠷᠤᠭᠤᠯᠤᠯᠳᠠ ᠶᠢ ᠠᠬᠢᠭᠤᠯᠤᠨ᠂ ᠬᠦᠷᠦᠩᠭᠡ ᠤᠷᠤᠭᠤᠯᠤᠯᠳᠠ ᠶᠢ ᠠᠳᠬᠤᠵᠦ ᠲᠦᠰᠦᠯ ᠢ ᠬᠦᠢᠴᠡᠳᠬᠡᠨ᠂ ᠲᠦᠰᠦᠪᠯᠡᠯ ᠪᠠ ᠨᠡᠮᠡᠭᠳᠡᠯ ᠢ ᠳᠤᠭᠳᠠᠪᠦᠷᠢᠵᠢᠭᠤᠯᠤᠨ᠂ ᠠᠵᠦ ᠠᠬᠤᠢ ᠶᠢᠨ ᠦᠨᠳᠤᠷ ᠴᠢᠨᠠᠷᠵᠢᠯᠳᠤ ᠬᠦᠭᠵᠢᠯᠳᠡ ᠶᠢ ᠠᠬᠢᠭᠤᠯᠬᠤ ᠬᠡᠷᠡᠭᠳᠡᠢ᠃          ᠨᠢᠬᠡ ᠳᠤ ᠭᠤᠤᠯᠳᠠᠯᠭᠠᠳᠤ ᠲᠦᠷᠦᠯ ᠵᠦᠢᠯ ᠢ ᠡᠷᠬᠡᠪᠰᠢ ᠰᠠᠶᠢᠳᠤᠷ ᠠᠳᠬᠤᠬᠤ ᠬᠡᠷᠡᠭᠳᠠᠢ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠤᠯ ᠦᠨᠳᠦᠷ ᠦᠷ᠎ᠡ ᠠᠰᠢᠭᠳᠦ ᠬᠦᠭᠵᠢᠯᠳᠡ ᠶᠢ ᠠᠬᠢᠭᠤᠯᠬᠤ ᠭᠤᠤᠯ ᠴᠢᠭᠯᠡᠯ ᠪᠤᠯᠤᠨ ᠴᠢᠬᠤᠯᠠ ᠠᠷᠭ᠎ᠠ ᠪᠠᠷᠢᠯ ᠪᠤᠯᠬᠤ ᠶᠤᠮ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠤ ᠶᠡᠷᠥᠩᠬᠡᠢ ᠵᠠᠳᠠᠯᠤᠯᠳᠠ ᠪᠤᠯᠤᠨ ᠨᠠᠷᠢᠨ ᠬᠢᠨᠠᠮᠠᠭᠠᠢ ᠰᠤᠳᠤᠯᠤᠯᠳᠠ ᠪᠠᠷ ᠳᠠᠮᠵᠢᠨ ᠪᠡᠯᠡ ᠤᠷᠤᠭᠤᠯᠤᠯᠳᠠ ᠨᠢ 500 ᠲᠦᠮᠡᠨ ᠲᠦᠭᠦᠷᠢᠭ ᠠᠴᠠ ᠳᠡᠭᠡᠭᠰᠢ ᠭᠤᠤᠯᠳᠠᠯᠭᠠᠳᠤ ᠲᠦᠷᠦᠯ ᠵᠦᠢᠯ 30 ᠶᠢ ᠲᠤᠬᠢᠷᠠᠭᠤᠯᠵᠤ᠂ 15 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠲᠦᠯᠦᠪᠯᠡᠵᠦ ᠪᠤᠢ᠃ ᠭᠠᠵᠠᠷ ᠤᠨ ᠳᠡᠰ ᠤᠨ ᠤᠳᠤᠷᠢᠳᠬᠤ ᠺᠠᠳ᠋ᠷ ᠭᠤᠤᠯᠳᠠᠯᠭᠠᠳᠤ ᠲᠦᠷᠦᠯ ᠵᠦᠢᠯ ᠢ ᠳᠠᠭᠠᠭᠠᠨ ᠬᠠᠷᠢᠭᠤᠴᠠᠬᠤ ᠠᠵᠢᠯ ᠤᠨ ᠳᠤᠭᠳᠠᠯᠴᠠᠭ᠎ᠠ ᠶᠢ ᠬᠢᠨᠠᠮᠠᠭᠠᠢ ᠲᠤᠤᠱᠯᠠᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠬᠤᠯᠪᠤᠭᠳᠠᠬᠤ ᠴᠢᠬᠤᠯᠠ ᠶᠡᠭᠡ ᠲᠦᠷᠦᠯ ᠵᠦᠢᠯ ᠢ ᠡᠷᠬᠡᠪᠰᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠠᠬᠢᠭᠤᠯᠬᠤ ᠬᠡᠷᠡᠭᠳᠠᠢ᠃ ᠮᠠᠩᠯᠠᠢ ᠵᠠᠳᠠᠭᠠᠢ ᠨᠡᠭᠦᠷᠡᠰᠦᠨ ᠠᠭᠤᠷᠬᠠᠢ ᠶᠢᠨ ᠨᠢᠬᠡᠳᠦᠬᠡᠷ ᠬᠤᠭᠤᠴᠠᠭᠠᠨ ᠤ 500 ᠲᠦᠮᠡᠨ ᠲᠤᠨ ᠤ ᠲᠦᠷᠦᠯ ᠵᠦᠢᠯ ᠨᠢ ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠢᠷᠡᠭᠡᠳᠦᠢ ᠶᠢᠨ ᠬᠦᠭᠵᠢᠯᠳᠡ ᠳᠤ ᠴᠢᠬᠤᠯᠠ ᠠᠴᠢ ᠬᠤᠯᠪᠤᠭᠳᠠᠯ ᠲᠠᠢ ᠪᠠᠶᠢᠵᠤ᠂ ᠬᠠᠮᠢᠶ᠎ᠠ ᠪᠦᠬᠦᠢ ᠪᠠᠶᠢᠭᠤᠯᠭ᠎ᠠ ᠶᠢᠨ ᠢᠳᠡᠪᠬᠢᠳᠠᠢ ᠴᠢᠷᠮᠠᠶᠢᠯᠠᠭ᠎ᠠ ᠪᠤᠯᠤᠨ ᠬᠤᠪᠢ ᠨᠡᠮᠡᠷᠢ ᠪᠠᠷ ᠳᠠᠮᠵᠢᠨ ᠲᠦᠷᠦᠯ ᠵᠦᠢᠯ ᠨᠢ ᠠᠮᠵᠢᠯᠳᠠ ᠲᠠᠢ ᠵᠦᠪᠰᠢᠶᠡᠷᠡᠭᠳᠡᠭᠰᠡᠨ ᠪᠠᠶᠢᠨ᠎ᠠ᠃ ᠤᠳᠤ ᠪᠢᠳᠡ ᠦᠷᠬᠦᠯᠵᠢᠯᠡᠨ ᠪᠦᠬᠦ ᠬᠦᠴᠦᠨ ᠢᠶᠠᠷ ᠡᠨᠡᠬᠦ ᠲᠦᠷᠦᠯ ᠵᠦᠢᠯ ᠤᠨ ᠦᠯᠡᠳᠡᠵᠦ ᠪᠠᠶᠢᠭ᠎ᠠ ᠡᠯ᠎ᠡ ᠭᠠᠷ ᠬᠦᠢᠴᠡᠳᠬᠡᠯ ᠢ ᠪᠦᠷᠢᠨᠰᠢᠬᠦᠯᠵᠦ᠂ ᠳᠠᠷᠤᠢ ᠲᠦᠷᠬᠡᠨ ᠠᠰᠢᠭᠯᠠᠯᠳᠠ ᠳᠤ ᠤᠷᠤᠭᠤᠯᠬᠤ ᠬᠡᠷᠡᠭᠳᠠᠢ᠃ 6 ᠤᠨᠴᠠ ᠦᠨᠳᠦᠷ ᠬᠦᠴᠦᠳᠡᠯᠳᠦ ᠭᠠᠳᠠᠭᠰᠢ ᠴᠠᠬᠢᠯᠭᠠᠨ ᠳᠠᠮᠵᠢᠭᠤᠯᠬᠤ ᠰᠠᠯᠬᠢᠨ ᠡᠨᠧᠷᠬᠢ ᠶᠢᠨ ᠴᠠᠬᠢᠯᠭᠠᠨ ᠭᠠᠷᠭᠠᠬᠤ ᠲᠦᠷᠦᠯ ᠵᠦᠢᠯ  ᠤᠨ ᠡᠬᠢᠨ ᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠮᠠᠨᠳᠠᠯᠳᠣ ᠪᠠᠯᠭᠠᠰᠥ᠂ ᠪᠠᠶᠢᠭᠠᠯᠢ ᠶᠢᠨ ᠡᠬᠢ ᠪᠠᠶᠠᠯᠢᠭ  ᠤᠨ ᠲᠤᠪᠴᠢᠶ᠎ᠠ᠂ ᠤᠢ ᠰᠢᠭᠤᠢ ᠪᠠ ᠳᠠᠯ᠎ᠠ ᠨᠤᠳᠤᠭ ᠤᠨ ᠲᠤᠪᠴᠢᠶ᠎ᠠ ᠵᠡᠷᠬᠡ ᠪᠠᠶᠢᠭᠤᠯᠭ᠎ᠠ ᠬᠠᠷᠢᠯᠴᠠᠨ ᠬᠠᠪᠰᠣᠷᠣᠯᠴᠠᠵᠤ᠂ ᠳᠠᠷᠣᠢ ᠲᠥᠷᠬᠡᠨ ᠢᠶᠠᠷ ᠲᠥᠷᠥᠯ ᠵᠥᠢᠯ ᠤᠨ ᠨᠤᠳᠤᠭ ᠪᠡᠯᠴᠢᠬᠡᠷ ᠳᠠᠳᠠᠪᠤᠷᠢᠯᠠᠨ ᠬᠡᠷᠡᠭᠵᠢᠬᠦᠯᠬᠦ ᠠᠵᠢᠯ ᠢ ᠪᠡᠶᠡᠯᠡᠬᠦᠯᠵᠤ᠂ ᠲᠠᠪᠤᠳᠤᠭᠠᠷ ᠰᠠᠷ᠎ᠠ ᠳᠤ ᠪᠦᠳᠦᠬᠡᠨ ᠪᠠᠶᠢᠭᠤᠯᠤᠯᠳᠠ ᠶᠢ ᠡᠬᠢᠯᠡᠬᠦᠯᠬᠦ ᠬᠡᠷᠡᠭᠳᠠᠢ᠃ ᠭᠥᠸᠧ ᠸᠠᠩ ᠮᠧᠩ ᠳ᠋ᠦᠩ ᠺᠤᠮᠫᠠᠨᠢ ᠲᠠᠢ ᠰᠠᠶᠢᠳᠣᠷ ᠬᠠᠷᠢᠯᠴᠠᠵᠤ᠂ 500 ᠺᠢᠯᠤᠸᠣᠯᠲ ᠶᠢᠨ ᠰᠢᠨ᠎ᠡ ᠡᠨᠧᠷᠬᠢ ᠶᠢᠨ ᠴᠤᠭᠯᠠᠷᠠᠯ ᠶᠢᠨ ᠦᠷᠳᠡᠭᠡ ᠶᠢᠨ ᠲᠦᠷᠦᠯ ᠵᠦᠢᠯ ᠢ ᠵᠢᠯ ᠤᠨ ᠲᠤᠳᠣᠷ᠎ᠠ ᠡᠬᠢᠯᠡᠬᠦᠯᠬᠦ ᠪᠠᠷ ᠴᠢᠷᠮᠠᠶᠢᠬᠤ ᠬᠡᠷᠡᠭᠳᠠᠢ᠃ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠳᠤᠪᠴᠢᠶ᠎ᠠ ᠪᠤᠯᠤᠨ ᠴᠠᠭᠠᠬᠤᠪᠤᠭ᠎ᠠ ᠪᠠᠯᠭᠠᠰᠥ᠂ ᠬᠤᠩᠭᠤᠷ ᠰᠤᠮᠤ ᠪᠦᠬᠦ ᠬᠦᠴᠦ ᠪᠠᠷ ᠬᠠᠮᠵᠢᠯᠴᠠᠨ ᠮᠠᠯᠴᠢᠨ ᠪᠤᠯᠤᠨ ᠠᠵᠤ ᠠᠬᠤᠶᠢᠯᠠᠯ ᠤᠨ ᠬᠤᠭᠤᠷᠤᠨᠳᠠᠬᠢ ᠬᠠᠷᠢᠴᠠᠭ᠎ᠠ ᠶᠢ ᠵᠤᠬᠢᠴᠠᠭᠤᠯᠬᠤ ᠠᠵᠢᠯ ᠢ ᠴᠢᠩᠭᠠᠳᠬᠠᠵᠤ᠂ ᠬᠠᠮᠢᠶ᠎ᠠ ᠪᠦᠬᠦᠢ ᠭᠠᠷ ᠬᠦᠢᠴᠡᠳᠬᠡᠯ ᠢ ᠪᠦᠷᠢᠨᠰᠢᠬᠦᠯᠵᠦ᠂ ᠰᠠᠨ ᠰᠢᠨ ᠬᠠᠶᠢᠯᠠᠭᠤᠷ ᠵᠤᠩᠰᠢ ᠶᠢᠨ ᠠᠭᠤᠷᠬᠠᠢ ᠶᠢᠨ ᠰᠤᠩᠭᠤᠨ ᠮᠠᠯᠳᠠᠬᠤ ᠲᠦᠷᠦᠯ ᠵᠦᠢᠯ ᠢ ᠵᠢᠯ ᠤᠨ ᠳᠤᠲᠤᠷ᠎ᠠ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠬᠤ ᠬᠡᠷᠡᠭᠳᠠᠢ᠃ ᠴᠠᠩᠲᠦ ᠤᠪᠤᠭ᠎ᠠ ᠠᠯᠳᠠ ᠰᠤᠩᠭᠤᠨ ᠮᠠᠯᠳᠠᠬᠤ ᠲᠦᠷᠦᠯ ᠵᠦᠢᠯ ᠢ ᠡᠬᠢᠯᠡᠬᠦᠯᠬᠦ ᠭᠠᠷ ᠬᠦᠢᠴᠡᠳᠬᠡᠯ ᠢ ᠬᠠᠮᠵᠢᠯᠴᠠᠨ ᠪᠡᠶᠡᠯᠡᠬᠦᠯᠬᠦ ᠬᠡᠷᠡᠭᠳᠠᠢ᠃ ᠬᠠᠷᠢᠯᠴᠠᠭ᠎ᠠ ᠶᠠᠪᠤᠯᠴᠠᠭ᠎ᠠ ᠪᠠᠨ ᠦᠨᠡᠨᠬᠦ ᠴᠢᠩᠭᠠᠳᠬᠠᠵᠤ᠂ ᠨᠡᠬᠦᠷᠡᠰᠦᠳᠦ᠋ᠷᠦᠭᠴᠢ ᠶᠢᠨ ᠳᠠᠪᠬᠤᠷ ᠢᠰᠦᠯ  ᠤᠨ ᠳᠠᠬᠢᠨ ᠠᠰᠢᠭᠯᠠᠯᠳᠠ᠂ ᠪᠢᠯᠢᠭ ᠲᠤᠶᠢᠯ ᠳᠤ ᠬᠡᠷᠡᠭᠯᠡᠬᠦ ᠪᠠᠯ ᠴᠢᠯᠠᠭᠤᠨ ᠮᠠᠲ᠋ᠧᠷᠢᠶᠠᠯ᠂ ᠬᠤᠨᠢᠨ ᠤ ᠬᠠᠭ ᠤᠨ ᠨᠡᠭᠡᠳᠡᠰᠦ ᠶᠢᠨ ᠨᠤᠨᠳᠤᠭ ᠵᠡᠷᠬᠡ ᠲᠦᠷᠦᠯ ᠵᠦᠢᠯ ᠢ ᠳᠠᠷᠣᠢ ᠲᠥᠷᠬᠡᠨ ᠠᠰᠢᠭᠯᠠᠯᠳᠠ ᠳᠤ ᠤᠷᠤᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠦᠷᠬᠡᠳᠬᠡᠬᠦ ᠬᠡᠷᠡᠭᠳᠠᠢ᠃ ᠬᠦᠭᠵᠢᠬᠦᠯᠦᠯᠳᠡ ᠬᠢᠭᠡᠳ ᠦᠭᠡᠷᠡᠴᠢᠯᠡᠯᠳᠡ ᠶᠢᠨ ᠪᠠᠶᠢᠭᠤᠯᠭ᠎ᠠ  ᠠᠴᠠ ᠲᠦᠷᠦᠯ ᠵᠦᠢᠯ ᠢ ᠨᠦᠬᠡᠴᠡᠯᠡᠬᠦ ᠠᠵᠢᠯ ᠢ ᠲᠦᠷᠦᠭᠦᠯᠡᠨ ᠬᠠᠷᠢᠭᠤᠴᠠᠵᠤ᠂ ᠦᠪᠡᠷᠳᠡᠬᠡᠨ ᠵᠠᠰᠠᠬᠤ ᠤᠷᠤᠨ ᠪᠤᠯᠤᠨ ᠠᠶᠢᠮᠠᠭ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠬᠡ ᠶᠢᠨ ᠳᠤᠮᠳᠠ ᠬᠤᠭᠤᠴᠠᠭᠠᠨ  ᠤ ᠲᠤᠬᠢᠷᠠᠭᠤᠯᠤᠯᠳᠠ ᠪᠠᠷ ᠳᠤᠬᠢᠶᠠᠯ ᠪᠤᠯᠭᠠᠵᠤ᠂ ᠬᠠᠨᠳᠤᠯᠭᠠᠳᠤ ᠴᠢᠨᠠᠷᠳᠠᠢ ᠪᠠᠷ ᠲᠦᠷᠦᠯ ᠵᠦᠢᠯ ᠤᠨ ᠬᠦᠮᠦᠷᠬᠡ ᠶᠢ ᠲᠤᠬᠢᠷᠠᠭᠤᠯᠬᠤ ᠪᠤᠶᠤ ᠪᠦᠷᠢᠨᠰᠢᠬᠦᠯᠵᠦ᠂ ᠨᠢᠬᠡ ᠪᠦᠯᠦᠭ ᠴᠢᠬᠤᠯᠠ ᠶᠡᠭᠡ ᠰᠠᠭᠤᠷᠢ ᠪᠥᠳᠥᠬᠡᠨ ᠪᠠᠶᠢᠭᠤᠯᠤᠯᠳᠠ᠂ ᠲᠤᠮᠤ ᠠᠵᠤ ᠦᠢᠯᠡᠰ᠂ ᠴᠢᠬᠤᠯᠠ ᠠᠷᠠᠳ ᠲᠤ ᠠᠰᠢᠭᠲᠠᠢ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠲᠦᠷᠦᠯ ᠵᠦᠢᠯ ᠢ ᠨᠦᠭᠡᠴᠡᠯᠡᠨ ᠬᠠᠳᠠᠭᠠᠯᠠᠬᠤ ᠬᠡᠷᠡᠭᠳᠠᠢ᠃ ᠡᠯ᠎ᠡ ᠪᠠᠶᠢᠭᠤᠯᠭ᠎ᠠ ᠡᠷᠬᠡᠪᠰᠢ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠠᠴᠠ ᠪᠠᠷᠠᠭᠤᠨ ᠤᠷᠤᠨ ᠢ ᠶᠡᠬᠡᠪᠡᠷ ᠨᠡᠬᠡᠬᠡᠨ ᠬᠦᠭᠵᠢᠬᠦᠯᠬᠦ᠂ ᠵᠡᠬᠦᠨ ᠬᠤᠶᠢᠳᠤ ᠤᠷᠤᠨ ᠢ ᠰᠡᠷᠭᠦᠭᠡᠨ ᠮᠠᠨᠳᠣᠭᠤᠯᠬᠤ᠂ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠪᠠ ᠬᠢᠯᠢ ᠬᠢᠵᠠᠭᠠᠷ ᠤᠷᠤᠨ ᠳᠤ ᠪᠡᠯᠡ ᠮᠥᠩᠬᠦ ᠰᠢᠯᠵᠢᠬᠦᠯᠦᠨ ᠤᠯᠭᠤᠬᠤ ᠬᠦᠴᠦᠯᠡᠴᠡ ᠪᠠᠨ ᠨᠡᠮᠡᠭᠳᠡᠭᠦᠯᠵᠤ᠂ ᠲᠦᠷᠦᠯ ᠵᠦᠢᠯ ᠤᠨ ᠳᠡᠮᠵᠢᠯᠬᠡ ᠪᠠᠨ ᠴᠢᠩᠭᠠᠳᠬᠠᠬᠤ ᠳᠤᠬᠢᠶᠠᠯ ᠢ ᠰᠠᠶᠢᠳᠤᠷ ᠠᠳᠬᠤᠵᠤ᠂ ᠲᠦᠪ ᠬᠤᠷᠢᠶᠠᠨ ᠤ ᠲᠦᠰᠦᠪᠯᠡᠯ ᠳᠤᠳᠤᠷᠠᠬᠢ ᠪᠡᠯᠡ ᠤᠷᠤᠭᠤᠯᠤᠯᠳᠠ ᠪᠤᠯᠤᠨ ᠡᠯ᠎ᠡ ᠠᠵᠢᠯ ᠲᠦᠷᠦᠯ ᠤᠨ ᠬᠦᠷᠢᠶ᠎ᠡ ᠬᠡᠪᠴᠢᠶᠡᠨ ᠲᠠᠬᠢ ᠲᠦᠷᠦᠯ ᠵᠦᠢᠯ ᠤᠨ ᠪᠡᠯᠡ ᠮᠥᠩᠭᠦᠨ ᠤ ᠳᠡᠮᠵᠢᠯᠬᠡ ᠶᠢ ᠢᠳᠡᠪᠬᠢᠳᠡᠢ ᠲᠡᠮᠡᠴᠡᠨ ᠤᠯᠬᠤ   ᠪᠠᠷ ᠴᠢᠷᠮᠠᠶᠢᠬᠤ ᠬᠡᠷᠡᠭᠳᠠᠢ᠃          ᠬᠤᠶᠠᠷ ᠲᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠳᠤ ᠪᠤᠳᠠᠳᠠᠢ ᠠᠷᠭ᠎ᠠ ᠠᠪᠴᠠᠯ ᠡᠬᠦᠳᠬᠦ ᠬᠡᠷᠡᠭᠳᠠᠢ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠴᠢᠬᠤᠯᠠ ᠪᠠᠶᠢᠷᠢᠨ ᠳᠤ ᠳᠠᠯᠪᠢᠵᠤ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠬᠦᠢᠴᠡᠳ ᠪᠠᠳᠠᠷᠠᠭᠤᠯᠵᠤ᠂ ᠨᠠᠮ ᠵᠠᠰᠠᠭ ᠤᠨ ᠤᠳᠤᠷᠢᠳᠤᠯᠭ᠎ᠠ ᠠᠴᠠ ᠲᠦᠷᠦᠬᠦᠯᠡᠨ ᠬᠠᠷᠢᠭᠤᠴᠠᠨ᠂ ᠡᠯ᠎ᠡ ᠪᠠᠶᠢᠭᠤᠯᠭ᠎ᠠ ᠨᠢᠬᠡᠴᠡ ᠳᠡᠰ ᠬᠤᠪᠢᠶᠠᠨ ᠬᠠᠷᠢᠭᠤᠴᠠᠵᠤ ᠨᠢᠬᠳᠠ ᠬᠠᠪᠰᠤᠷᠤᠯᠴᠠᠨ ᠪᠦᠬᠦ ᠳᠠᠯ᠎ᠠ ᠪᠠᠷ ᠠᠳᠬᠤᠬᠤ ᠬᠡᠷᠡᠭᠳᠠᠢ᠃ ︽ᠰᠦᠨᠢᠳ ᠵᠡᠬᠦᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ︾ ᠶᠢ ᠨᠢᠬᠡᠨᠳᠡ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ᠂ ᠤᠷᠴᠢᠮ ᠤᠨ ᠬᠤᠭᠤᠴᠠᠭᠠᠨ ᠳᠤ ᠨᠠᠮ ᠵᠠᠰᠠᠭ ᠤᠨ ᠬᠤᠯᠪᠤᠭᠠᠯᠠᠭᠰᠠᠨ ᠬᠤᠷᠠᠯ ᠢᠶᠠᠷ ᠬᠢᠨᠠᠨ ᠪᠠᠳᠤᠯᠠᠭᠰᠠᠨ ᠤ ᠳᠠᠷᠠᠭ᠎ᠠ ᠳᠠᠷᠣᠮᠯᠠᠨ ᠳᠠᠷᠬᠠᠭᠠᠵᠤ ᠬᠡᠷᠡᠭᠵᠢᠬᠦᠯᠦᠨ᠎ᠡ᠃ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠤᠯᠤᠨ ᠪᠡᠯᠡ ᠤᠷᠤᠭᠤᠯᠬᠤ ᠴᠢᠭᠯᠡᠯ ᠢ ᠴᠠᠭ ᠢᠮᠠᠭᠳᠠ ᠰᠠᠶᠢᠳᠤᠷ ᠰᠣᠳᠣᠯᠠᠵᠤ᠂ ᠮᠠᠨ ᠤ ᠬᠤᠰᠢᠭᠤᠨ ᠤ ᠠᠵᠤ ᠦᠢᠯᠡᠰ ᠤᠨ ᠰᠠᠭᠤᠷᠢ᠂ ᠳᠠᠪᠠᠭᠤᠯᠢᠭ ᠳᠠᠯ᠎ᠠ᠂ ᠶᠡᠷᠥᠩᠬᠡᠢ ᠠᠵᠤ ᠦᠢᠯᠡᠰ ᠤᠨ ᠴᠢᠭᠯᠡᠯ ᠵᠢᠴᠢ ᠲᠦᠰᠦᠪ ᠢᠶᠠᠨ ᠡᠷᠬᠡᠪᠰᠢ ᠬᠦᠢᠴᠡᠳ ᠥᠢᠯᠠᠭᠠᠵᠤ᠂ ᠠᠵᠤ ᠦᠢᠯᠡᠰ ᠲᠦᠪᠯᠡᠷᠡᠭᠰᠡᠨ ᠦᠷᠬᠡᠨ ᠬᠡᠯᠬᠢᠶᠡᠵᠢᠯ ᠪᠦᠬᠦᠢ ᠲᠦᠷᠦᠯ ᠵᠦᠢᠯ ᠢ ᠤᠷᠢᠨ ᠤᠷᠤᠭᠤᠯᠬᠤ ᠬᠦᠴᠦᠯᠡᠴᠡ ᠪᠠᠨ ᠴᠢᠩᠭᠠᠳᠬᠠᠵᠤ᠂ ᠲᠦᠷᠦᠯ ᠵᠦᠢᠯ ᠤᠨ ᠦᠨᠳᠦᠷ ᠴᠢᠨᠰᠠᠭ᠎ᠠ ᠶᠢ ᠪᠠᠳᠤᠯᠠᠬᠤ ᠬᠡᠷᠡᠭᠳᠠᠢ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠡᠯᠪᠡᠷᠢ ᠪᠠᠨ ᠰᠢᠨᠡᠳᠬᠡᠵᠦ᠂ ᠡᠯ᠎ᠡ ᠲᠦᠷᠦᠯ ᠤᠨ ᠳᠡᠭᠡᠳᠦ ᠳᠠᠪᠬᠤᠷᠭ᠎ᠠ ᠶᠢᠨ ᠠᠷᠠᠯᠵᠢᠶᠠᠴᠢᠨ ᠤᠷᠢᠬᠤ ᠳᠠᠪᠴᠠᠩ ᠢ ᠬᠦᠢᠴᠡᠳ ᠠᠰᠢᠭᠯᠠᠵᠤ᠂ ᠳᠠᠪᠰᠢᠩᠭᠤᠢ ᠭᠠᠵᠠᠷ ᠤᠷᠤᠨ ᠤ ᠳᠤᠷᠰᠢᠯᠭ᠎ᠠ ᠶᠢ ᠰᠤᠷᠤᠯᠴᠠᠵᠤ᠂ ᠵᠠᠰᠠᠭ ᠤᠨ ᠤᠷᠳᠣᠨ ᠠᠴᠠ ᠥᠢᠯᠡᠴᠢᠯᠡᠭᠡ ᠬᠤᠳᠠᠯᠳᠣᠨ ᠠᠪᠴᠥ ᠠᠷᠢᠯᠵᠢᠶᠠᠴᠢᠨ ᠤᠷᠢᠵᠤ ᠨᠠᠶᠢᠳᠠᠬᠤ᠂ ᠠᠷᠢᠯᠵᠢᠶᠠᠴᠢᠨ ᠢᠶᠠᠷ ᠠᠷᠢᠯᠵᠢᠶᠠᠴᠢᠨ ᠤᠷᠢᠬᠤ ᠵᠡᠷᠬᠡ ᠠᠷᠭ᠎ᠠ ᠪᠠᠷᠢᠯ ᠢᠶᠠᠷ ᠳᠠᠮᠵᠢᠨ᠂ ᠦᠪᠡᠷᠳᠡᠬᠡᠨ ᠵᠠᠰᠠᠬᠤ ᠤᠷᠤᠨ ᠤᠨ ᠲᠤᠳᠤᠭᠠᠳᠤ ᠭᠠᠳᠠᠭᠠᠳᠤ ᠶᠢᠨ ᠡᠯ᠎ᠡ ᠲᠦᠷᠦᠯ  ᠤᠨ ᠬᠤᠳᠠᠯᠳᠤᠭᠠᠴᠢᠨ ᠤ ᠨᠡᠶᠢᠬᠡᠮᠯᠢᠭ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠮᠠᠨ ᠤ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠨᠡᠬᠡᠬᠡᠨ ᠬᠦᠭᠵᠢᠬᠦᠯᠦᠯᠳᠡ ᠶᠢᠨ ᠨᠠᠷᠢᠨ ᠪᠦᠷᠢᠳᠬᠡᠯ ᠵᠡᠷᠬᠡ ᠪᠠᠶᠢᠳᠠᠯ ᠢᠶᠠᠨ ᠬᠦᠢᠴᠡᠳ ᠤᠬᠠᠭᠤᠯᠤᠨ ᠲᠠᠶᠢᠯᠪᠦᠷᠢᠯᠠᠵᠤ᠂ ᠠᠷᠠᠯᠵᠢᠶᠠᠴᠢᠨ ᠤᠷᠢᠬᠤ ᠤᠨᠤᠪᠴᠢ ᠶᠢᠨ ᠬᠡᠮᠵᠢᠶ᠎ᠡ᠂ ᠬᠡᠷᠡᠭᠴᠢᠶᠡᠲᠦ ᠴᠢᠨᠠᠷ ᠪᠤᠯᠤᠨ ᠪᠦᠲᠦᠮᠵᠢ ᠶᠢᠨ ᠨᠤᠷᠮ᠎ᠠ ᠶᠢ ᠦᠨᠡᠨᠬᠦ ᠳᠡᠬᠡᠭᠰᠢᠯᠡᠬᠦᠯᠬᠦ ᠬᠡᠷᠡᠭᠳᠠᠢ᠃ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠤᠨ ᠪᠦᠲᠦᠬᠡᠨ ᠪᠠᠶᠢᠭᠤᠯᠤᠯᠳᠠ ᠶᠢ ᠴᠢᠬᠤᠯᠠᠴᠢᠯᠠᠬᠤ ᠬᠡᠷᠡᠭᠳᠠᠢ᠂ ᠨᠢᠳᠤᠨᠤᠨ ᠤ ᠪᠦᠬᠦ ᠠᠶᠢᠮᠠᠭ ᠤᠨ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠤᠨ ᠦᠨᠡᠯᠡᠯᠳᠡ ᠶᠢᠨ ᠦᠷ᠎ᠡ ᠳ᠋ᠥᠩ ᠠᠴᠠ ᠦᠵᠡᠪᠡᠯ᠂ ᠮᠠᠨ ᠤ ᠬᠤᠰᠢᠭᠤ ᠨᠢ ᠪᠦᠬᠦ ᠠᠶᠢᠮᠠᠭ ᠲᠠᠭᠠᠨ ᠡᠮᠦᠨᠡᠬᠦᠷ ᠪᠠᠶᠢᠷᠢᠨ ᠳᠤ ᠪᠠᠶᠢᠷᠢᠯᠠᠵᠤ ᠪᠠᠶᠢᠭ᠎ᠠ ᠪᠤᠯᠪᠠᠴᠤ᠂ ᠪᠤᠳᠠᠳᠤ ᠪᠠᠶᠢᠳᠠᠯ ᠠᠴᠠ ᠠᠵᠢᠭᠯᠠᠪᠠᠯ ᠡᠯ᠎ᠡ ᠪᠠᠶᠢᠭᠤᠯᠭ᠎ᠠ ᠮᠦᠨ ᠯᠡ ᠬᠠᠪᠰᠤᠷᠤᠯᠴᠠᠵᠤ ᠬᠠᠮᠵᠢᠯᠴᠠᠬᠤ ᠪᠠᠷ ᠬᠦᠷᠦᠯᠴᠡᠬᠦ ᠦᠬᠡᠢ ᠂ ᠠᠵᠢᠯ ᠡᠬᠦᠷᠭᠡ ᠪᠠᠨ ᠬᠠᠷᠢᠯᠴᠠᠨ ᠳᠦᠯᠬᠢᠯᠴᠠᠬᠦ ᠪᠠᠶᠢᠳᠠᠯ ᠤᠷᠤᠰᠢᠵᠤ ᠪᠠᠶᠢᠭ᠎ᠠ ᠶᠤᠮ᠃ ᠡᠨᠡ ᠵᠢᠯ ᠠᠴᠠ ᠡᠯ᠎ᠡ ᠰᠠᠯᠠᠭ᠎ᠠ ᠮᠥᠴᠢᠷ ᠡᠷᠬᠡᠪᠰᠢ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠳᠤᠬᠢᠶᠠᠯ ᠪᠤᠯᠭᠠᠵᠤ᠂ ᠦᠵᠡᠯ ᠳᠠᠨᠢᠯᠳᠠ ᠪᠠᠨ ᠦᠨᠡᠨᠬᠦ ᠳᠡᠭᠡᠭᠰᠢᠯᠡᠬᠦᠯᠵᠦ᠂ ᠦᠵᠡᠯ ᠰᠠᠨᠠᠭ᠎ᠠ ᠪᠠᠨ ᠨᠢᠬᠡᠳᠬᠡᠨ᠂ ᠬᠦᠴᠦᠨ ᠴᠢᠳᠠᠯ ᠢᠶᠠᠨ ᠬᠠᠮᠳᠤᠳᠬᠠᠵᠤ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠬᠡᠷᠡᠴᠢᠯᠡᠯᠳᠡ᠂ ᠵᠠᠰᠠᠭ ᠢ ᠴᠣᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ ᠦᠢᠯᠡᠴᠢᠯᠡᠭᠡ ᠪᠠᠨ ᠰᠢᠯᠢᠳᠡᠭᠵᠢᠭᠦᠯᠬᠦ ᠦᠬᠡᠷᠡᠴᠢᠯᠡᠯᠳᠡ᠂ ᠡᠷᠬᠡ ᠶᠢᠨ ᠨᠠᠷᠢᠨ ᠪᠦᠷᠢᠳᠭᠡᠯ ᠢ ᠤᠯᠠᠨ ᠳᠤ ᠨᠡᠶᠢᠳᠡᠯᠡᠬᠦ ᠵᠡᠷᠬᠡ ᠠᠵᠢᠯ ᠶᠢ ᠨᠢᠬᠡᠳᠦᠯᠳᠠᠢ ᠠᠬᠢᠭᠤᠯᠵᠤ ᠲᠤᠤᠱᠯᠠᠭᠤᠯᠤᠨ ᠬᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠨ ᠪᠦᠷᠢᠨᠰᠢᠬᠦᠯᠵᠦ᠂ ᠠᠷᠢᠯᠵᠢᠶᠠᠴᠢᠨ ᠤᠷᠢᠵᠤ ᠪᠡᠯᠡ ᠤᠷᠤᠭᠤᠯᠬᠤ ᠤᠬᠢ ᠰᠠᠶᠢᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠠᠢ᠃          ᠭᠤᠷᠪᠠ ᠳᠤ ᠠᠵᠤ ᠠᠬᠤᠶᠢᠯᠠᠯ ᠤᠨ ᠡᠷᠬᠢᠯᠳᠡ ᠶᠢ ᠵᠤᠬᠢᠴᠠᠭᠤᠯᠬᠤ ᠶᠢ ᠴᠢᠩᠭ᠎ᠠ ᠠᠳᠬᠤᠬᠤ ᠬᠡᠷᠡᠭᠳᠠᠢ᠃ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠠᠵᠤ ᠠᠬᠤᠶᠢᠯᠠᠯ ᠤᠨ ᠡᠷᠬᠢᠯᠳᠡ ᠶᠢ ᠵᠤᠬᠢᠴᠠᠭᠤᠯᠬᠤ  ᠶᠢ ᠴᠢᠩᠭᠠᠳᠬᠠᠵᠤ᠂ ᠪᠤᠳᠠᠳᠤ ᠪᠠᠶᠢᠳᠠᠯ ᠳᠤ ᠲᠦᠷᠦᠯ ᠠᠩᠬᠢᠯᠠᠵᠤ᠂ ᠪᠠᠳᠤᠯᠠᠬᠤ ᠪᠠ ᠠᠯᠭᠤᠷᠯᠠᠭᠤᠯᠬᠤ ᠶᠢ ᠤᠶᠠᠯᠳᠤᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠡᠯ᠂ ᠪᠤᠳᠠᠳᠤ ᠠᠬᠢᠴᠠ ᠲᠠᠢ ᠠᠵᠤ ᠠᠬᠤᠶᠢᠯᠠᠯ ᠳᠤ ᠵᠤᠷᠢᠭᠤᠯᠤᠨ ᠪᠤᠳᠤᠯᠭ᠎ᠠ ᠳᠤᠭᠳᠠᠭᠠᠵᠤ᠂ ᠬᠠᠨᠳᠤᠯᠭᠠᠳᠤ ᠴᠢᠨᠠᠷᠳᠠᠢ ᠪᠠᠷ ᠲᠦᠷᠦᠯ ᠠᠩᠬᠢᠯᠠᠨ ᠵᠢᠯᠤᠭᠤᠳᠴᠤ ᠨᠠᠶᠢᠳᠠᠪᠦᠷᠢᠵᠢᠭᠤᠯᠬᠤ ᠬᠡᠷᠡᠭᠳᠠᠢ᠃ ᠲᠦᠷᠦ ᠶᠢᠨ ᠪᠤᠳᠤᠯᠭ᠎ᠠ ᠶᠢᠨ ᠨᠠᠶᠢᠳᠠᠪᠦᠷᠢᠵᠢᠭᠤᠯᠤᠯᠳᠠ ᠶᠢ ᠴᠢᠩᠭᠠᠳᠬᠠᠬᠤ ᠬᠡᠷᠡᠭᠳᠠᠢ᠂ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠨᠢᠬᠡᠨᠳᠡ ᠳᠤᠭᠳᠠᠭᠠᠭᠰᠠᠨ ᠭᠠᠶᠢᠯᠢ ᠶᠢ  ᠪᠠᠭᠤᠷᠠᠭᠤᠯᠵᠤ ᠰᠦᠢᠳᠭᠡᠯ ᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠦᠷᠢᠵᠢᠭᠤᠯᠵᠤ᠂ ᠠᠵᠤ ᠠᠬᠤᠶᠢᠯᠠᠯ ᠳᠤ ᠬᠠᠪᠰᠤᠷᠴᠤ ᠤᠰᠤ᠂ ᠴᠠᠬᠢᠯᠭᠠᠨ᠂ ᠭᠠᠵᠠᠷ ᠰᠢᠷᠤᠢ᠂ ᠪᠤᠵᠠᠷ ᠤᠰᠤ ᠶᠢ ᠭᠠᠳᠠᠭᠰᠢᠯᠠᠭᠤᠯᠬᠤ᠂ ᠲᠡᠭᠡᠭᠡᠪᠦᠷᠢ᠂ ᠪᠤᠷᠤᠯᠠᠭᠤᠯᠭ᠎ᠠ ᠵᠡᠷᠬᠡ ᠳᠠᠯ᠎ᠠ ᠶᠢᠨ ᠪᠤᠳᠠᠳᠤ ᠬᠦᠴᠢᠷᠳᠡᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠵᠠᠷᠤᠳᠠᠯ ᠪᠤᠯᠤᠨ ᠳᠠᠷᠤᠭᠠᠰᠤ ᠶᠢ ᠦᠨᠡᠨᠬᠦ ᠬᠥᠩᠭᠡᠯᠡᠬᠦ ᠬᠡᠷᠡᠭᠳᠠᠢ᠃ ᠭᠤᠤᠯᠳᠠᠯᠭ᠎ᠠ ᠲᠠᠢ ᠠᠷᠠᠳ ᠤᠨ ᠠᠮᠢᠳᠣᠷᠠᠯ ᠤᠨ ᠢᠨᠵᠧᠨᠧᠷᠢᠩ ᠤᠨ ᠪᠥᠳᠥᠬᠡᠨ ᠪᠠᠶᠢᠭᠤᠯᠤᠯᠳᠠ ᠲᠠᠢ ᠤᠶᠠᠯᠳᠣᠭᠤᠯᠵᠤ᠂ ᠪᠥᠬᠦ ᠬᠤᠰᠢᠭᠤᠨ ᠤ ᠭᠠᠵᠠᠷ ᠰᠢᠷᠣᠢ ᠶᠢ ᠠᠰᠢᠭᠯᠠᠨ ᠬᠡᠷᠡᠭᠯᠡᠬᠦ ᠶᠡᠷᠥᠩᠬᠡᠢ ᠲᠥᠯᠥᠪᠵᠢᠬᠦᠯᠬᠡ ᠶᠢ ᠲᠤᠬᠢᠷᠠᠭᠤᠯᠵᠤ᠂ ᠭᠤᠤᠯᠳᠠᠯᠭ᠎ᠠ ᠲᠠᠢ ᠲᠥᠷᠥᠯ ᠵᠥᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠬᠠᠩᠭᠠᠬᠤ ᠬᠡᠷᠡᠭᠳᠠᠢ᠃ ᠮᠥᠩᠭᠦᠨ ᠬᠥᠢᠯᠬᠡᠬᠡᠨ ᠤ ᠦᠢᠯᠡᠴᠢᠯᠡᠭᠡ ᠶᠢ ᠰᠠᠶᠢᠳᠤᠷ ᠬᠢᠬᠦ ᠬᠡᠷᠡᠭᠳᠠᠢ᠂ ᠪᠠᠩᠬᠢ ᠪᠤᠯᠤᠨ ᠠᠵᠤ ᠠᠬᠤᠶᠢᠯᠠᠯ ᠢ ᠵᠤᠯᠭᠠᠭᠤᠯᠬᠤ ᠳᠠᠪᠴᠠᠩ ᠢ ᠢᠳᠡᠪᠬᠢᠳᠡᠢ ᠪᠠᠶᠢᠭᠤᠯᠵᠤ᠂ ︽ᠪᠠᠳᠣᠯᠠᠭ᠎ᠠ ᠶᠢ ᠳᠡᠮᠵᠢᠬᠦ ᠵᠢᠬᠡᠯᠡᠯᠬᠡ︾ ᠶᠢ ᠳᠡᠮᠡᠴᠡᠨ ᠤᠯᠵᠤ᠂ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠠᠵᠤ ᠦᠢᠯᠡᠰ ᠤᠨ ᠬᠦᠭᠵᠢᠯᠳᠡ ᠶᠢ ᠵᠢᠯᠤᠭᠤᠳᠤᠨ ᠳᠠᠭᠠᠭᠤᠯᠬᠤ ᠰᠠᠭᠤᠷᠢ ᠮᠥᠩᠭᠦ᠂ ᠠᠵᠤ ᠠᠬᠤᠶᠢᠯᠠᠯ ᠤᠨ ᠬᠦᠴᠢᠷᠳᠡᠯ ᠢ ᠬᠦᠩᠭᠡᠯᠡᠬᠦ ᠰᠠᠭᠤᠷᠢ ᠮᠥᠩᠭᠦ ᠶᠢ ᠪᠠᠶᠢᠭᠤᠯᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠳᠤ ᠮᠥᠩᠭᠦᠨ  ᠬᠥᠢᠯᠬᠡᠬᠡᠨ ᠤ ᠢᠷᠡᠯᠳᠡ ᠶᠢ ᠦᠷᠬᠡᠳᠬᠡᠵᠦ ᠦᠭᠬᠦ ᠬᠡᠷᠡᠭᠳᠠᠢ᠃          ︵ᠭᠤᠷᠪᠠ︶ ᠠᠵᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠳᠠᠰᠣᠷᠠᠯᠳᠠ ᠦᠬᠡᠢ ᠠᠬᠢᠭᠤᠯᠬᠤ ᠬᠡᠷᠡᠭᠳᠠᠢ᠃ ᠶᠡᠷᠥᠩᠬᠡᠢ ᠱᠦᠵᠢ ᠵᠢᠭᠠᠬᠤ ᠳᠠᠭᠠᠨ᠂ ᠦᠪᠦᠷ ᠮᠤᠩᠭᠤᠯ ᠳᠤ ᠠᠪᠴᠤ ᠬᠡᠯᠡᠪᠡᠯ᠂ ᠠᠵᠤ ᠠᠬᠤᠢ ᠶᠢᠨ ᠦᠨᠳᠦᠷ ᠦᠷ᠎ᠡ ᠠᠰᠢᠭᠳᠤ ᠬᠦᠭᠵᠢᠯᠳᠡ ᠶᠢ ᠠᠬᠢᠭᠤᠯᠬᠤ ᠳᠤ ᠭᠤᠤᠯᠳᠠᠯᠭ᠎ᠠ ᠪᠠᠨ ᠡᠷᠬᠡᠪᠰᠢ ᠠᠵᠤ ᠦᠢᠯᠡᠰ ᠤᠨ ᠪᠦᠳᠦᠴᠡ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠳᠡᠭᠡᠷ᠎ᠡ ᠳᠠᠯᠪᠢᠬᠤ ᠬᠡᠷᠡᠭᠳᠠᠢ᠃ ᠡᠶᠢᠮᠦ ᠠᠴᠠ ᠪᠢᠳ᠋ᠨ ᠳᠠᠷᠠᠭ᠎ᠠ ᠠᠯᠬᠤᠮ ᠦᠷᠬᠦᠯᠵᠢᠯᠡᠨ ᠠᠵᠤ ᠦᠢᠯᠡᠰ ᠤᠨ ᠰᠢᠯᠢᠳᠡᠭᠵᠢᠨ ᠳᠡᠰ ᠳᠡᠪᠰᠢᠬᠦ ᠶᠢ ᠳᠠᠰᠣᠷᠠᠯᠳᠠ ᠦᠬᠡᠢ ᠠᠬᠢᠭᠤᠯᠵᠤ᠂ ᠤᠯᠠᠨ ᠳᠠᠯ᠎ᠠ ᠶᠢᠨ ᠬᠦᠭᠵᠢᠯᠳᠡ ᠲᠠᠢ᠂ ᠣᠯᠠᠨ ᠳᠡᠰ ᠳᠠᠪᠬᠤᠷᠭ᠎ᠠ ᠶᠢᠨ ᠲᠦᠰᠢᠭ ᠲᠠᠢ ᠤᠳᠤᠬᠢᠴᠢᠯᠠᠭᠰᠠᠨ ᠠᠵᠤ ᠦᠢᠯᠡᠰ ᠤᠨ ᠳᠤᠭᠳᠠᠯᠴᠠᠭ᠎ᠠ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠳᠠᠢ᠃          ᠨᠢᠬᠡ ᠳᠤ ᠮᠠᠯ ᠠᠵᠤ ᠠᠬᠤᠢ ᠶᠢᠨ ᠶᠠᠰᠦ ᠴᠢᠨᠠᠷ ᠢ ᠳᠡᠭᠡᠭᠰᠢᠯᠡᠬᠦᠯᠵᠦ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠬᠤ ᠬᠡᠷᠡᠭᠳᠠᠢ᠃ ᠦᠪᠡᠷᠳᠡᠬᠡᠨ ᠵᠠᠰᠠᠬᠤ ᠤᠷᠤᠨ ᠤ ︽ᠲᠠᠷᠢᠶᠠᠯᠠᠩ ᠮᠠᠯ ᠠᠵᠤ ᠠᠬᠤᠢ ᠶᠢᠨ ᠦᠨᠳᠦᠷ ᠦᠷ᠎ᠡ ᠠᠰᠢᠭᠳᠤ ᠬᠦᠭᠵᠢᠯᠳᠡ ᠶᠢᠨ 10 ᠶᠡᠭᠡ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾ ᠶᠢ ᠰᠠᠶᠢᠳᠤᠷ ᠰᠤᠳᠤᠯᠤᠨ ᠨᠠᠶᠢᠳᠠᠪᠦᠷᠢᠵᠢᠭᠤᠯᠵᠤ᠂ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢᠨ ᠦᠬᠡᠷᠡᠴᠢᠯᠡᠯᠳᠡ ᠶᠢ ᠲᠦᠷᠬᠡᠳᠬᠡᠵᠦ᠂ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠬᠡᠷᠡᠭᠳᠠᠢ᠃ ᠮᠠᠯ ᠠᠵᠤ ᠠᠬᠤᠢ ᠶᠢᠨ ᠤᠳᠤᠬᠢᠴᠢᠯᠠᠭᠰᠠᠨ ᠲᠡᠵᠢᠬᠡᠨ ᠦᠷᠡᠵᠢᠬᠦᠯᠬᠦ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠳᠠᠢ᠃ ᠰᠦᠨᠢᠳ ᠬᠤᠨᠢᠨ ᠤ ᠠᠵᠤ ᠦᠢᠯᠡᠰ ᠤᠨ ᠬᠦᠭᠵᠢᠯᠳᠡ ᠶᠢ ᠲᠦᠷᠬᠡᠳᠬᠡᠬᠦ ᠬᠡᠷᠡᠭᠳᠠᠢ᠃ ᠤᠯᠤᠰ ᠤᠨ ᠰᠦᠨᠢᠳ ᠬᠤᠨᠢᠨ ᠤ ᠲᠡᠵᠢᠬᠡᠨ ᠦᠷᠡᠵᠢᠬᠦᠯᠬᠦ ᠪᠤᠯᠤᠨ ᠡᠳ᠋ᠰᠢᠬᠦᠯᠦᠨ ᠪᠤᠯᠪᠠᠰᠤᠷᠠᠭᠤᠯᠬᠤ ᠪᠠᠷᠢᠮᠵᠢᠶᠠᠵᠢᠭᠰᠠᠨ ᠵᠢᠱᠢᠶ᠎ᠡ ᠦᠵᠡᠬᠦᠯᠬᠦ ᠲᠤᠭᠤᠷᠢᠭ ᠤᠨ ᠪᠦᠳᠦᠬᠡᠨ ᠪᠠᠶᠢᠭᠤᠯᠤᠯᠳᠠ  ᠶᠢ ᠠᠬᠢᠭᠤᠯᠵᠤ᠂ ᠰᠦᠨᠢᠳ ᠬᠤᠨᠢᠨ ᠤ ᠡᠬᠦᠯᠳᠡᠷ ᠰᠠᠶᠢᠵᠢᠷᠠᠭᠤᠯᠤᠯᠳᠠ ᠶᠢᠨ ᠠᠵᠢᠯ ᠢ ᠰᠠᠶᠢᠳᠤᠷ ᠠᠳᠬᠤᠵᠤ᠂ ᠦᠷ᠎ᠡ ᠶᠢᠨ ᠮᠠᠯ ᠤᠨ ᠲᠦᠪᠯᠡᠷᠡᠭᠦᠯᠦᠨ ᠬᠠᠮᠢᠶᠠᠷᠬᠤ ᠪᠤᠯᠤᠨ ᠪᠠᠷᠢᠮᠵᠢᠶᠠᠳᠤ ᠰᠦᠷᠦᠭ ᠤᠨ ᠪᠠᠶᠢᠭᠤᠯᠤᠯᠳᠠ ᠶᠢ ᠲᠦᠷᠢᠮᠵᠢᠬᠦᠯᠵᠦ᠂ ᠪᠠᠷᠢᠮᠵᠢᠶᠠᠳᠤ ᠰᠦᠷᠦᠭ ᠢ 2800 ᠰᠦᠷᠦᠭ ᠲᠤ ᠲᠤᠭᠳᠠᠪᠦᠷᠢᠵᠢᠭᠤᠯᠵᠤ᠂ ᠪᠡᠯᠡᠳᠭᠡᠯ ᠦᠷ᠎ᠡ  ᠶᠢᠨ ᠮᠠᠯ ᠢ 9000 ᠲᠤᠯᠤᠭᠠᠢ ᠳᠤ ᠪᠠᠳᠤᠯᠠᠵᠤ᠂ 20 ᠲᠦᠮᠡᠨ ᠰᠦᠨᠢᠳ ᠬᠤᠨᠢᠨ ᠤ ᠮᠦᠷᠳᠡᠯᠳᠡ ᠶᠢᠨ ᠰᠢᠰᠲ᠋ᠧᠮ  ᠢ ᠪᠡᠶᠡᠯᠡᠬᠦᠯᠬᠦ ᠬᠡᠷᠡᠭᠳᠠᠢ᠃ ᠮᠠᠯ ᠠᠵᠤ ᠠᠬᠤᠢ ᠢ ᠲᠧᠭᠨᠢᠭ ᠮᠡᠷᠭᠡᠵᠢᠯ ᠢᠶᠠᠷ ᠲᠤᠯᠭᠠᠭᠤᠷᠢᠯᠠᠭᠤᠯᠬᠤ ᠴᠢᠳᠠᠪᠬᠢ ᠶᠢ ᠳᠡᠭᠡᠭᠰᠢᠯᠡᠬᠦᠯᠵᠦ᠂ ᠰᠦᠨᠢᠳ ᠬᠤᠨᠢᠨ ᠤ ᠠᠵᠤ ᠦᠢᠯᠡᠰ ᠤᠨ ᠨᠡᠶᠢᠭᠡᠮ ᠨᠡᠶᠢᠳᠡ ᠶᠢᠨ ᠳᠤᠯᠭᠠᠭᠤᠷᠢᠯᠠᠬᠤ ᠰᠢᠰᠲ᠋ᠧᠮ  ᠤᠨ ᠪᠠᠶᠢᠭᠤᠯᠤᠯᠳᠠ ᠪᠠᠷ ᠭᠠᠷᠳᠠᠴᠡ ᠪᠤᠯᠭᠠᠵᠣ᠂ ᠰᠥᠨᠢᠳ ᠬᠤᠨᠢᠨ ᠤ ᠤᠯᠤᠰ ᠤᠨ ᠳᠡᠰ ᠤᠨ ᠮᠠᠯ ᠵᠢᠬᠦᠷᠳᠡᠨ ᠤ ᠣᠳᠣᠮᠯᠠᠯ ᠤᠨ ᠡᠬᠢ ᠪᠠᠶᠠᠯᠢᠭ ᠢ ᠬᠠᠮᠠᠭᠠᠯᠠᠬᠤ ᠭᠤᠤᠯ ᠤᠷᠤᠨ ᠤ ᠥᠢᠯᠡᠳᠪᠤᠷᠢᠯᠠᠯ ᠤᠨ ᠪᠥᠬᠦ ᠬᠡᠯᠬᠢᠶᠡᠰᠥ ᠶᠢ ᠰᠢᠨ᠎ᠡ  ᠪᠠᠷ ᠡᠬᠦᠳᠬᠦ ᠲᠥᠷᠥᠯ ᠵᠥᠢᠯ ᠢ ᠦᠷᠭᠦᠯᠵᠢᠯᠡᠨ ᠠᠬᠢᠭᠤᠯᠤᠨ᠂ ᠰᠦᠨᠢᠳ ᠬᠤᠨᠢᠨ ᠤ ᠤᠷᠤᠨ ᠨᠤᠳᠤᠭ ᠤᠨ ᠤᠯᠠᠨ ᠨᠡᠶᠢᠳᠡ ᠶᠢᠨ ᠬᠡᠷᠡᠭᠯᠡᠬᠡᠨ ᠤ ᠨᠡᠷᠡᠳᠦ ᠳᠡᠮᠳᠡᠭ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠰᠦᠨᠢᠳ ᠬᠤᠨᠢᠨ  ᠤ ᠦᠷ᠎ᠡ ᠶᠢᠨ ᠮᠠᠯ ᠤᠨ ᠲᠠᠯᠠᠪᠠᠢ᠂ ᠭᠤᠣ ᠰᠢᠨ ᠰᠢᠨᠵᠢᠯᠡᠭᠡ ᠮᠡᠷᠭᠡᠵᠢᠯ ᠤᠨ ᠨᠡᠬᠡᠬᠡᠨ ᠬᠦᠭᠵᠢᠬᠦᠯᠬᠦ ᠰᠤᠳᠤᠯᠭᠠᠨ ᠤ ᠬᠦᠷᠢᠶᠡᠯᠡᠩ ᠢᠶᠠᠷ ᠰᠠᠭᠤᠷᠢ ᠪᠤᠯᠭᠠᠵᠤ᠂ ᠬᠠᠩᠵᠸᠤ ᠶᠢᠨ ᠵᠤ᠋ ᠱᠢ ᠠᠮᠢᠳᠤ ᠪᠤᠳᠠᠰ ᠤᠨ ᠲᠧᠭᠨᠢᠭ ᠮᠡᠷᠭᠡᠵᠢᠯ ᠤᠨ ᠺᠤᠮᠫᠠᠨᠢ ᠲᠠᠢ ᠬᠠᠮᠳᠤᠷᠠᠠ᠂ ᠰᠦᠨᠢᠳ ᠬᠤᠨᠢ ᠶᠢᠨ ᠭᠧᠨ ᠤ ᠪᠠᠭ ᠢ ᠰᠢᠯᠭᠠᠬᠤ ᠲᠦᠪ ᠢ ᠪᠠᠶᠢᠭᠤᠯᠵᠦ᠂ ᠰᠦᠨᠢᠳ ᠬᠤᠨᠢ ᠶᠢᠨ ᠭᠤᠣᠯ ᠡᠭᠦᠯᠳᠡᠷ ᠤᠨ ᠰᠦᠷᠦᠭ ᠢ ᠪᠠᠶᠢᠭᠤᠯᠤᠨ᠂ ᠲᠤᠮᠤ ᠳ᠋ᠠᠶᠢᠲ᠋ᠠ ᠶᠢ ᠠᠰᠢᠭᠯᠠᠵᠤ ᠰᠦᠨᠢᠳ ᠬᠤᠨᠢ  ᠶᠢᠨ ᠡᠭᠦᠯᠳᠡᠷ ᠢ ᠪᠠᠳᠤᠯᠠᠬᠤ ︵ᠭᠧᠨ ᠤ ᠦᠨᠡᠮᠯᠡᠯ︶᠂ ᠦᠨᠡᠨ ᠢ ᠪᠠᠳᠤᠯᠠᠬᠤ ︵ᠮᠠᠯᠴᠢᠳ ᠤᠨ ᠠᠷᠠᠴᠢᠯᠠᠠ ᠮᠠᠯᠵᠢᠭᠰᠠᠨ ᠬᠡᠷᠡᠴᠢᠯᠡᠯ︶᠂ ᠴᠢᠨᠠᠷ ᠢ ᠪᠠᠳᠤᠯᠠᠬᠤ ︵ᠹᠢᠽᠢᠺ ᠬᠢᠮᠢ ᠶᠢᠨ ᠵᠢᠭᠠᠯᠳᠠ ᠳᠤᠭᠠᠠ ᠤ ᠭᠡᠷᠡᠴᠢᠯᠡᠯ︶ ᠭᠤᠷᠪᠠ  ᠶᠢ ᠨᠢᠭᠡ ᠴᠤᠭᠴᠠᠵᠢᠭᠤᠯᠤᠭᠰᠠᠨ ᠠᠵᠦ ᠦᠢᠯᠡᠰ ᠤᠨ ᠰᠢᠨᠵᠢᠯᠡᠬᠦ ᠤᠬᠠᠭᠠᠨᠴᠢ ᠮᠦᠷᠳᠡᠯᠳᠡ ᠶᠢᠨ ᠰᠢᠰᠲ᠋ᠧᠮ ᠢ ᠪᠥᠳᠥᠬᠡᠬᠦ ᠬᠡᠷᠡᠭᠳᠠᠢ᠃ ᠫᠦ᠋ ᠲᠢᠶᠠᠠ ᠲᠧᠭᠨᠢᠭ ᠮᠡᠷᠬᠡᠵᠢᠯ᠂ ᠠ ᠯᠢ ᠪᠠ ᠪᠠ᠂ ᠱᠦᠨ ᠹᠧᠩ ᠲᠦᠷᠭᠡᠡ ᠭᠤᠪᠢᠭᠤᠯᠭ᠎ᠠ ᠵᠡᠷᠭᠡ ᠠᠵᠦ ᠠᠬᠤᠶᠢᠯᠠᠯ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠠ᠂ ᠵᠠᠬ᠎ᠠ ᠳᠡᠯᠬᠡᠬᠦᠷ ᠢ ᠦᠷᠭᠡᠳᠭᠡᠡ᠂ ᠮᠠᠯᠴᠢᠳ ᠪᠠ ᠠᠵᠦ ᠠᠬᠤᠶᠢᠯᠠᠯ ᠤᠨ ᠠᠰᠢᠭ ᠳᠤᠰᠠ ᠶᠢᠨ ᠬᠤᠯᠪᠤᠯᠴᠠᠭ᠎ᠠ ᠶᠢ ᠰᠠᠶᠢᠵᠢᠷᠠᠭᠤᠯᠬᠤ ᠬᠡᠷᠡᠭᠳᠠᠢ᠃ ᠰᠢᠯᠢᠳᠡᠭ ᠡᠬᠦᠯᠳᠡᠷ ᠤᠨ ᠮᠢᠬᠠᠨ ᠤ ᠦᠬᠡᠷ ᠤᠨ ᠠᠵᠦ ᠦᠢᠯᠡᠰ ᠢ ᠶᠡᠭᠡᠪᠡᠷ ᠬᠦᠭᠵᠢᠬᠦᠯᠦᠨ᠂ ᠮᠢᠬᠠᠨ ᠤ ᠦᠬᠡᠷ ᠤᠨ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ 50᠂ ᠮᠢᠬᠠᠨ ᠤ ᠦᠬᠡᠷ ᠤᠨ ᠭᠤᠣᠯᠳᠠᠯᠭᠠᠳᠤ ᠰᠦᠷᠦᠭ 3 ᠶᠢ ᠪᠠᠶᠢᠭᠤᠯᠵᠦ᠂ ᠮᠠᠯᠵᠢᠯ ᠤᠨ ᠬᠡᠪᠴᠢᠶ᠎ᠡ ᠶᠢ 11 ᠲᠦᠮᠡ ᠣᠷᠴᠢᠮ ᠳᠤ ᠳᠤᠭᠳᠠᠪᠦᠷᠢᠵᠢᠭᠤᠯᠵᠣ᠂ ᠲᠦᠪᠯᠡᠷᠡᠩᠬᠦᠢ ᠮᠢᠬᠠᠨ ᠤ ᠦᠬᠡᠷ ᠤᠨ ᠠᠵᠦ ᠦᠢᠯᠡᠰ ᠤᠨ ᠳᠤᠭᠤᠷᠢᠭ ᠢ ᠪᠠᠶᠢᠭᠤᠯᠬᠤ ᠬᠡᠷᠡᠭᠳᠠᠢ᠃ ᠮᠣᠩᠭᠤᠯ ᠦᠬᠡᠷ  ᠤᠨ ᠤᠷᠤᠨ ᠨᠤᠳᠤᠭ ᠤᠨ ᠰᠢᠯᠢᠳᠡᠭ ᠡᠬᠦᠯᠳᠡᠷ ᠢ ᠬᠠᠮᠠᠭᠠᠯᠠᠬᠤ ᠶᠢ ᠴᠢᠩᠭᠠᠳᠬᠠᠵᠦ᠂ ᠣᠳᠣ ᠶᠢᠨ ᠪᠠᠶᠢᠭ᠎ᠠ 5 ᠭᠤᠤᠯᠳᠠᠯᠭᠠᠳᠤ ᠰᠦᠷᠦᠭ ᠢ ᠤᠯᠠᠮ ᠪᠠᠳᠤᠵᠢᠭᠤᠯᠬᠤ ᠬᠡᠷᠡᠭᠳᠠᠢ᠃ ᠦᠪᠡᠷᠳᠡᠭᠡᠨ ᠵᠠᠰᠬᠠᠤ ᠤᠷᠤᠨ ᠤ ︽ᠣᠳᠣ ᠦᠶ᠎ᠡ  ᠶᠢᠨ ᠠᠳᠤᠭᠤᠨ ᠤ ᠠᠵᠦ ᠦᠢᠯᠡᠰ ᠤᠨ ᠬᠦᠭᠵᠢᠯᠳᠡ ᠶᠢ ᠠᠬᠢᠭᠤᠯᠬᠤ ᠳᠤᠬᠠᠢ ᠰᠠᠨᠠᠯ︾ ᠢ ᠬᠢᠨᠠᠮᠠᠭᠠᠢ ᠨᠠᠶᠢᠳᠠᠪᠦᠷᠢᠵᠢᠭᠤᠯᠵᠤ᠂ ᠮᠤᠩᠭᠤᠯ ᠠᠳᠤᠭᠤ᠂ ᠰᠦᠨᠢᠳ ᠳᠡᠮᠡᠭᠡ ᠶᠢ ᠵᠤᠬᠢᠰᠳᠠᠢ ᠡᠵᠡᠩᠨᠡᠬᠦ ᠶᠢ ᠵᠤᠷᠢᠭᠵᠢᠭᠤᠯᠤᠨ᠎ᠠ᠃ ᠥᠪᠤᠷ ᠮᠤᠩᠭᠤᠯ ᠤᠨ ᠯᠢ ᠴᠧᠩ ᠪᠦᠯᠦᠭᠯᠡᠯ ᠤᠨ ᠰᠥ ᠥᠢᠯᠡᠳᠬᠦᠨ ᠢ ᠶᠡᠷᠦᠩᠬᠡᠶᠢᠯᠡᠨ ᠠᠰᠢᠭᠯᠠᠬᠤ ᠲᠥᠷᠥᠯ ᠵᠥᠢᠯ  ᠢ ᠤᠷᠢᠨ ᠤᠷᠤᠭᠤᠯᠬᠤ ᠪᠠᠨ ᠳᠦᠷᠭᠡᠳᠬᠡᠵᠦ᠂ ᠰᠦ ᠰᠠᠭᠠᠯᠢ ᠶᠢᠨ ᠠᠵᠦ ᠦᠢᠯᠡᠰ ᠤᠨ ᠬᠦᠭᠵᠢᠯᠳᠡ ᠶᠢ ᠠᠬᠢᠭᠤᠯᠵᠦ ᠂ ᠮᠠᠯᠴᠢᠳ ᠤᠨ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠦᠷᠬᠡᠳᠬᠡᠬᠦ ᠬᠡᠷᠡᠭᠳᠠᠢ᠃ ᠮᠠᠯ ᠤᠨ ᠬᠡᠮ ᠬᠢᠵᠢᠭ ᠢ ᠰᠡᠷᠬᠡᠶᠢᠯᠡᠡ ᠡᠵᠡᠮᠳᠡᠬᠦ ᠠᠵᠢᠯ ᠢ ᠴᠢᠩᠭ᠎ᠠ ᠠᠳᠬᠤᠨ᠂ ᠬᠦᠨᠳᠤ ᠶᠡᠭᠡ ᠮᠠᠯ ᠤᠨ ᠬᠢᠵᠢᠭ ᠡᠬᠦᠰᠬᠦ ᠦᠭᠡᠢ ᠪᠠᠶᠢᠬᠤ ᠶᠢ ᠪᠠᠳᠤᠯᠠᠬᠤ ᠬᠡᠷᠡᠭᠳᠠᠢ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠤᠭᠴᠠ ᠶᠢ ᠬᠦᠮᠦᠵᠢᠬᠦᠯᠬᠦ ᠠᠵᠢᠯ ᠢ ᠰᠠᠶᠢᠳᠤᠷ ᠠᠳᠬᠤᠬᠤ ᠬᠡᠷᠡᠭᠳᠠᠢ᠃ ᠮᠢᠬᠠᠨ ᠢᠳᠡᠭᠡᠨ ᠡᠳ᠋ᠰᠢᠬᠦᠯᠬᠦ ᠳᠤᠭᠤᠷᠢᠭ ᠤᠨ ᠳᠤᠯᠤᠭᠠᠶᠢᠯᠠᠭᠴᠢ ᠠᠵᠦ ᠠᠬᠤᠶᠢᠯᠠᠯ ᠪᠠ ᠴᠠᠭᠠᠠ ᠬᠠᠳᠠ᠂ ᠰᠢᠮᠡᠳᠤ᠂ ᠬᠤᠪᠤᠷ ᠮᠠᠯ ᠠᠵᠦ ᠠᠬᠤᠢ ᠶᠢᠨ ᠳᠤᠰᠬᠠᠢ ᠬᠤᠷᠰᠢᠶᠠᠵᠢᠯ ᠵᠡᠷᠭᠡ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠤᠯ ᠢ ᠰᠠᠶᠢᠳᠤᠷ ᠪᠠᠳᠠᠷᠠᠭᠤᠯᠵᠤ᠂ ᠮᠠᠯᠴᠢᠳ ᠠᠴᠠ ᠮᠠᠯᠴᠢᠳ ᠪᠠ ᠠᠵᠦ ᠠᠬᠤᠶᠢᠯᠠᠯ ᠤᠨ ᠠᠰᠢᠭ ᠳᠤᠰᠠ ᠶᠢᠨ ᠬᠤᠯᠪᠤᠭᠠᠯᠠᠯ ᠤᠨ ᠪᠠᠶᠢᠭᠤᠯᠤᠮᠵᠢ ᠶᠢ ᠪᠠᠶᠢᠭᠤᠯᠬᠤ ᠶᠢ ᠳᠠᠰᠤᠷᠠᠯᠳᠠ ᠦᠭᠡᠢ ᠴᠢᠩᠭᠠᠳᠬᠠᠬᠤ ᠪᠠ ᠵᠤᠷᠢᠭᠵᠢᠭᠤᠯᠬᠤ ᠬᠡᠷᠡᠭᠳᠠᠢ᠃ ᠮᠠᠯᠴᠢᠳ ᠤᠨ ᠦᠵᠡᠯᠳᠡ ᠳᠠᠨᠢᠯᠳᠠ ᠶᠢ ᠬᠦᠴᠦᠯᠡᠡ ᠬᠤᠪᠢᠷᠠᠭᠤᠯᠵᠦ᠂ ᠦᠪᠦᠷ ᠮᠣᠩᠭᠤᠯ ᠤᠨ ᠳᠡᠭᠡᠳᠤ ᠵᠡᠷᠬᠡ ᠶᠢᠨ ᠰᠤᠷᠭᠠᠭᠤᠯᠢ ᠯᠤᠭ᠎ᠠ ᠶᠢᠨ ᠰᠢᠨ᠎ᠡ ᠬᠡᠯᠪᠡᠷᠢ ᠶᠢᠨ ᠠᠵᠢᠯ ᠮᠡᠷᠬᠡᠵᠢᠯ ᠤᠨ ᠮᠠᠯᠴᠢᠳ ᠤᠨ ᠪᠤᠯᠪᠠᠰᠤᠷᠠᠯ ᠤᠨ ᠳᠠᠯ᠎ᠠ ᠳᠠᠬᠢ ᠬᠠᠮᠳᠤᠷᠠᠯᠴᠠᠭ᠎ᠠ ᠪᠠᠨ ᠴᠢᠩᠭᠠᠳᠬᠠᠠ᠂ ᠭᠠᠴᠠᠭᠠᠠ ᠤ ︽ᠬᠤᠶᠠᠷ ᠵᠦᠪᠯᠡᠯ︾ ᠤᠨ ᠳᠠᠭᠠᠭᠤᠯᠤᠭᠴᠢ᠂ ᠠᠵᠦ ᠦᠢᠯᠡᠰ ᠤᠨ ᠳᠠᠭᠠᠭᠤᠯᠤᠭᠴᠢ ᠪᠠ ᠤᠷᠤᠨ ᠨᠤᠳᠤᠭ ᠤᠨ ᠴᠢᠳᠠᠪᠦᠷᠢᠳᠠᠨ ᠢ ᠦᠷᠬᠡᠨ ᠢᠶᠠᠷ ᠵᠤᠬᠢᠶᠠᠨ ᠪᠠᠶᠢᠭᠤᠯᠵᠦ᠂ ᠳᠡᠷᠢᠬᠦᠨ ᠤ ᠭᠠᠵᠠᠷ ᠤᠷᠤᠨ ᠢᠶᠠᠷ ᠳᠤᠭᠤᠷᠢᠨ ᠰᠤᠷᠤᠯᠴᠠᠭᠤᠯᠵᠤ᠂ ᠮᠠᠯᠵᠢᠯ ᠤᠨ ᠴᠢᠳᠠᠪᠦᠷᠢ ᠪᠠ ᠠᠵᠦ ᠦᠢᠯᠡᠰ ᠤᠨ ᠬᠦᠭᠵᠢᠯᠳᠡ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠳᠠᠢ᠃ ᠡᠭᠦᠨ ᠤ ᠬᠠᠮᠳᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠶᠠᠰᠣ ᠴᠢᠨᠠᠷ ᠤᠨ ᠠᠮᠤᠷ ᠲᠦᠪᠰᠢᠨ ᠳᠤ ᠬᠢᠨᠠᠯᠳᠠ ᠳᠠᠯᠪᠢᠬᠤ ᠪᠠ ᠪᠠᠶᠢᠴᠠᠭᠠᠠ ᠰᠢᠯᠭᠠᠬᠤ ᠳᠤᠭᠳᠠᠯᠴᠠᠭ᠎ᠠ ᠶᠢ ᠪᠠᠶᠢᠭᠤᠯᠵᠦ᠂ ᠮᠢᠬᠠᠨ ᠤ ᠬᠤᠨᠢᠨ ᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠳᠠᠭᠠᠳᠬᠠᠯ ᠤᠨ ᠰᠦᠢᠳᠬᠡᠯ ᠳᠤ ᠨᠦᠬᠦᠪᠦᠷᠢ ᠣᠯᠭᠤᠬᠤ ᠳᠤᠷᠰᠢᠯᠳᠠ ᠶᠢᠨ ᠴᠡᠭ ᠤᠨ ᠠᠵᠢᠯ ᠢ ᠰᠠᠶᠢᠳᠤᠷ ᠠᠳᠬᠤᠨ᠂ ᠰᠦᠨᠢᠳ ᠬᠤᠨᠢ ᠮᠠᠯᠵᠢᠬᠤ 40 ᠭᠠᠴᠠᠭᠠᠠ ᠳᠤ ᠪᠦᠷᠬᠦᠬᠦᠯᠬᠦ ᠪᠠᠷ ᠴᠢᠷᠮᠠᠶᠢᠬᠤ ᠬᠡᠷᠡᠭᠳᠠᠢ᠃ ᠭᠤᠤᠯᠳᠠᠯᠭ᠎ᠠ ᠲᠠᠢ ᠨᠡᠷᠡᠳᠤ ᠮᠡᠳᠡᠭᠡ ᠵᠠᠭᠤᠴᠢᠯᠠᠭᠤᠷ  ᠤᠨ ᠬᠢᠨ ᠳᠤ ᠰᠦᠨᠢᠳ ᠬᠤᠨᠢᠨ ᠮᠢᠬᠠᠨ ᠤ ᠤᠬᠠᠭᠤᠯᠭ᠎ᠠ ᠶᠢᠨ ᠬᠦᠴᠦᠯᠡᠴᠡ ᠶᠢ ᠦᠷᠬᠦᠯᠵᠢᠯᠡᠡ ᠨᠡᠮᠡᠭᠳᠡᠬᠦᠯᠵᠦ᠂ ︽ᠨᠢᠬᠡ ᠪᠠᠯᠭᠠᠰᠥ ᠨᠢᠬᠡ ᠨᠡᠷᠡᠳᠣ ᠳᠡᠮᠳᠡᠭ︾ ᠪᠥᠳᠥᠬᠡᠨ ᠪᠠᠶᠢᠭᠤᠯᠤᠯᠳᠠ ᠶᠢ ᠥᠷᠬᠦᠯᠵᠢᠯᠡᠨ ᠠᠬᠢᠭᠤᠯᠵᠤ᠂ ᠡᠯ᠎ᠡ ᠵᠦᠢᠯ  ᠤᠨ ᠨᠡᠷᠡᠳᠤ ᠳᠡᠮᠳᠡᠭ ᠳᠠᠨᠢᠯᠴᠠᠭᠤᠯᠬᠤ ᠬᠦᠳᠡᠯᠬᠡᠬᠡᠨ ᠢ ᠰᠠᠶᠢᠳᠤᠷ ᠡᠷᠬᠢᠯᠡᠵᠦ᠂ ᠰᠦᠨᠢᠳ ᠬᠤᠨᠢᠨ ᠤ ᠨᠡᠷᠡᠳᠤ ᠳᠡᠮᠳᠡᠭ ᠤᠨ ᠨᠦᠯᠦᠬᠡ ᠶᠢ ᠳᠡᠭᠡᠭᠰᠢᠯᠡᠬᠦᠯᠬᠦ ᠬᠡᠷᠡᠭᠳᠠᠢ᠃          ᠬᠤᠶᠠᠷ ᠲᠤ ᠠᠵᠤ ᠥᠢᠯᠡᠳᠪᠤᠷᠢ ᠶᠢᠨ ᠰᠢᠯᠢᠳᠡᠭᠵᠢᠨ ᠳᠡᠰ ᠳᠡᠪᠰᠢᠬᠦᠯᠬᠦ ᠶᠢ ᠠᠬᠢᠭᠤᠯᠬᠤ ᠬᠡᠷᠡᠭᠳᠠᠢ᠃ ᠠᠵᠤ ᠥᠢᠯᠡᠳᠪᠤᠷᠢ ᠨᠢ ᠮᠠᠨ ᠤ ᠬᠤᠰᠢᠭᠤᠨ ᠤ ᠠᠵᠤ ᠥᠢᠯᠡᠰ ᠤᠨ ᠰᠢᠰᠲ᠋ᠧᠮ ᠤᠨ ᠭᠤᠤᠯ ᠲᠤᠯᠭᠠᠭᠤᠷᠢ ᠪᠠ ᠵᠠᠩᠬᠢᠯᠠᠭ᠎ᠠ ᠪᠤᠯᠤᠨ᠎ᠠ᠂ ᠮᠥᠨᠴᠥ ᠠᠵᠤ ᠥᠢᠯᠡᠰ ᠤᠨ ᠪᠥᠳᠣᠴᠠ ᠶᠢᠨ ᠲᠤᠬᠢᠷᠠᠭᠤᠯᠤᠯᠳᠠ ᠶᠢᠨ ᠥᠨᠳᠣᠰᠣᠨ ᠲᠣᠯᠭᠠᠭᠤᠷᠢ ᠪᠠ ᠡᠳ᠋ ᠪᠠᠶᠠᠯᠢᠭ ᠤᠨ ᠭᠤᠤᠯᠳᠠᠯᠭ᠎ᠠ ᠪᠤᠯᠤᠨ᠎ᠠ᠃ ᠭᠤᠤᠯᠳᠠᠯᠭ᠎ᠠ ᠲᠠᠢ ᠠᠵᠤ ᠥᠢᠯᠡᠳᠪᠤᠷᠢ ᠶᠢᠨ ᠠᠵᠤ ᠠᠬᠤᠶᠢᠯᠠᠯ ᠤᠨ ᠡᠷᠬᠢᠯᠳᠠ ᠶᠢᠨ ᠲᠤᠬᠢᠷᠠᠭᠤᠯᠤᠯᠳᠠ ᠶᠢ ᠥᠨᠡᠨᠬᠦ ᠴᠢᠩᠭᠠᠳᠬᠠᠵᠤ᠂ ᠲᠥᠷᠥ ᠶᠢᠨ ᠪᠤᠳᠣᠯᠭ᠎ᠠ ᠶᠢᠨ ᠲᠤᠬᠢᠶᠠᠯ ᠢ ᠠᠳᠬᠤᠨ᠂ ᠮᠠᠩᠯᠠᠢ᠂ ᠳ᠋ᠠ ᠳᠠᠩ ᠳ᠋ᠢᠩ ᠸᠠᠩ ᠤᠨ ᠬᠤᠶᠠᠷ ᠳᠠᠯ᠎ᠠ ᠶᠢᠨ ᠬᠡᠯᠡᠯᠴᠡᠬᠡᠷ ᠤᠨ ᠳᠣᠭᠳᠠᠭᠰᠠᠨ ᠶᠠᠪᠤᠳᠠᠯ ᠢ ᠢᠳᠡᠪᠬᠢᠳᠠᠢ ᠵᠤᠬᠢᠴᠠᠭᠤᠯᠤᠨ ᠠᠬᠢᠭᠤᠯᠵᠤ᠂ ᠬᠠᠮᠳᠣᠷᠠᠯᠴᠠᠭᠠᠨ ᠤ ᠬᠠᠷᠢᠴᠠᠭ᠎ᠠ ᠶᠢ ᠪᠠᠬᠢᠵᠢᠭᠤᠯᠤᠨ ᠬᠥᠭᠵᠢᠬᠦᠯᠬᠦ ᠶᠢ ᠠᠬᠢᠭᠤᠯᠤᠨ᠂ ᠮᠠᠩᠯᠠᠢ ᠨᠡᠬᠦᠷᠡᠰᠥᠨ ᠠᠭᠤᠷᠬᠠᠢ ᠶᠢᠨ ᠬᠡᠪ ᠢᠶᠠᠷ ᠡᠷᠬᠢᠯᠳᠣᠬᠦ ᠶᠢ ᠪᠠᠳᠣᠯᠠᠵᠤ᠂ ᠳ᠋ᠠ ᠳᠠᠩ ᠳ᠋ᠢᠩ ᠸᠠᠩ ᠬᠢᠮᠢ ᠶᠢᠨ ᠠᠵᠤ ᠥᠢᠯᠡᠳᠪᠤᠷᠢ ᠶᠢᠨ ᠲᠥᠷᠥᠯ ᠵᠥᠢᠯ ᠵᠢᠯ ᠤᠨ ᠲᠤᠳᠣᠷ᠎ᠠ ᠠᠰᠢᠭᠯᠠᠯᠳᠠ ᠳᠤ ᠤᠷᠤᠬᠤ ᠶᠢ ᠲᠥᠯᠬᠢᠨ ᠠᠬᠢᠭᠤᠯᠬᠤ ᠬᠡᠷᠡᠭᠳᠠᠢ᠃ ᠶᠢᠨ ᠵᠦᠩ ᠨᠡᠬᠦᠷᠡᠰᠥᠨ ᠠᠭᠤᠷᠬᠠᠢ ᠶᠢᠨ ᠡᠬᠢ ᠪᠠᠶᠠᠯᠢᠭ ᠢ ᠨᠢᠬᠡᠳᠣᠬᠦᠯᠬᠦ ᠶᠢ ᠢᠳᠡᠪᠬᠢᠳᠠᠢ ᠠᠬᠢᠭᠤᠯᠤᠨ᠂ ᠭᠠᠳᠠᠭᠠᠲᠤ ᠤᠷᠴᠢᠨ ᠤ ᠡᠬᠢ ᠪᠠᠶᠠᠯᠢᠭ ᠢ ᠬᠠᠶᠢᠨ ᠰᠥᠪᠡᠭᠴᠢᠯᠡᠬᠦ ᠪᠠ ᠳᠣᠳᠣᠭᠠᠳᠣᠬᠢ ᠡᠬᠢ ᠪᠠᠶᠠᠯᠢᠭ ᠢ ᠠᠰᠢᠭᠯᠠᠬᠤ ᠶᠢ ᠬᠥᠴᠥᠯᠡᠨ ᠥᠷᠬᠡᠳᠬᠡᠵᠤ᠂ ᠪᠤᠬᠢᠷᠳᠣᠯ ᠥᠬᠡᠢ ᠠᠭᠤᠷᠬᠠᠢ ᠪᠠ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠨ ᠪᠥᠳᠥᠬᠡᠨ ᠪᠠᠶᠢᠭᠤᠯᠬᠤ ᠢ ᠲᠥᠷᠬᠡᠳᠬᠡᠨ᠂ ᠠᠵᠤ ᠠᠬᠤᠶᠢᠯᠡᠯ  ᠤᠨ ᠥᠷᠬᠦᠯᠵᠢᠯᠡᠨ ᠲᠤᠭᠳᠠᠭᠤᠨ ᠢᠶᠠᠷ  ᠥᠢᠯᠡᠳᠪᠤᠷᠢᠯᠡᠬᠦ ᠶᠢ ᠠᠬᠢᠭᠤᠯᠤᠨ᠎ᠠ᠃ ᠥᠷᠨᠢᠯᠳᠣ ᠤᠯᠠᠨ ᠲᠡᠮᠦᠷᠯᠢᠭ ᠢ ᠰᠢᠯᠢᠨ ᠰᠤᠩᠭᠤᠬᠤ ᠲᠦᠷᠦᠯ ᠵᠦᠢᠯ ᠤᠨ ᠡᠮᠣᠨᠡᠬᠢ ᠬᠤᠭᠤᠴᠠᠭᠠᠨ ᠤ ᠭᠠᠷ ᠬᠥᠢᠴᠡᠳᠬᠡᠯ ᠢ ᠥᠷᠬᠦᠯᠵᠢᠯᠡᠨ ᠪᠥᠷᠢᠨᠰᠢᠬᠦᠯᠵᠤ᠂ ᠭᠠᠷᠤᠯᠳᠠ ᠶᠢᠨ ᠬᠥᠢᠴᠡᠳᠬᠡᠬᠦ ᠲᠤᠭ᠎ᠠ ᠶᠢ ᠢᠳᠡᠪᠬᠢᠳᠠᠢ ᠡᠷᠡᠮᠡᠯᠵᠢᠯᠡᠨ ᠮᠡᠳᠡᠬᠦᠯᠵᠤ᠂ ᠲᠥᠷᠥᠯ ᠵᠥᠢᠯ ᠤᠨ ᠬᠢᠨᠠᠨ ᠵᠥᠪᠰᠢᠶᠡᠷᠡᠯᠳᠠ ᠰᠢᠪᠳᠣᠯᠣᠯᠳᠠ ᠶᠢᠨ ᠴᠢᠨᠠᠷᠳᠠᠢ ᠠᠬᠢᠴᠠ ᠶᠢ ᠳᠡᠮᠡᠴᠡᠨ ᠤᠯᠬᠤ ᠪᠠᠷ ᠴᠢᠷᠮᠠᠶᠢᠨ᠎ᠠ᠃ ᠮᠢᠬᠠᠨ ᠢᠳᠡᠬᠡᠨ ᠤ ᠵᠥᠢᠯᠡᠰ ᠢ ᠡᠳ᠋ᠰᠢᠯᠡᠬᠦᠯᠥᠨ ᠪᠤᠯᠪᠠᠰᠣᠷᠠᠭᠤᠯᠬᠤ ᠠᠵᠤ ᠠᠬᠤᠶᠢᠯᠡᠯ ᠤᠨ ᠮᠠᠯ ᠢ ᠲᠤᠰ ᠭᠠᠵᠠᠷ  ᠲᠠᠭᠠᠨ ᠡᠳ᠋ᠰᠢᠯᠡᠬᠦᠯᠬᠦ ᠬᠡᠪᠴᠢᠶ᠎ᠠ ᠶᠢ ᠥᠷᠬᠡᠳᠬᠡᠬᠦ ᠶᠢ ᠵᠤᠷᠢᠭᠵᠢᠭᠤᠯᠵᠤ᠂ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ ᠨᠠᠷᠢᠯᠢᠭ ᠡᠳ᠋ᠰᠢᠭᠦᠯᠭᠦ ᠶᠢ ᠨᠡᠬᠡᠬᠡᠨ ᠬᠥᠭᠵᠢᠬᠦᠯᠬᠦ ᠬᠥᠴᠥᠯᠡᠴᠡ ᠪᠠ ᠨᠠᠷᠢᠯᠢᠭ ᠪᠤᠯᠪᠠᠰᠣᠷᠠᠭᠤᠯᠬᠤ ᠴᠢᠳᠠᠪᠬᠢ ᠶᠢ ᠳᠡᠬᠡᠭᠰᠢᠯᠡᠬᠦᠯᠥᠨ᠂ ᠥᠬᠡᠷ ᠬᠤᠨᠢᠨ ᠤ ᠮᠢᠬᠠᠨ ᠤ ᠪᠤᠯᠭᠠᠭᠰᠠᠨ ᠪᠥᠳᠥᠬᠡᠭᠳᠡᠬᠦᠨ ᠪᠠ ᠳᠠᠭᠠᠯᠳᠠ ᠪᠥᠳᠥᠬᠡᠭᠳᠡᠬᠦᠨ ᠢ ᠨᠡᠬᠡᠬᠡᠨ ᠬᠥᠭᠵᠢᠬᠦᠯᠵᠤ᠂ ᠠᠵᠤ ᠥᠢᠯᠡᠳᠪᠤᠷᠢ ᠶᠢᠨ ᠬᠡᠯᠬᠢᠶᠡᠰᠥ ᠶᠢ ᠤᠯᠠᠮ ᠨᠢᠬᠡ ᠠᠯᠬᠤᠮ ᠥᠷᠬᠡᠳᠬᠡᠨ᠎ᠡ᠃ ᠺᠠ ᠵᠢᠶᠠ ᠯᠢ᠂ ᠶᠢᠨ ᠯᠢ ᠲᠤᠮᠤ ᠳ᠋ᠠᠶᠢᠲ᠋ᠠ ᠶᠢᠨ ᠲᠥᠷᠥᠯ ᠵᠥᠢᠯ ᠤᠨ ᠡᠷᠬᠢᠯᠳᠠ ᠶᠢ ᠲᠥᠷᠢᠮᠵᠢᠬᠦᠯᠥᠨ ᠳᠡᠬᠡᠭᠰᠢᠯᠡᠬᠦᠯᠵᠤ᠂ ᠰᠧᠦ ᠯᠠᠨ᠂ ᠶᠣᠣ ᠮᠧᠩ ᠲᠤᠮᠤ ᠳ᠋ᠠᠶᠢᠲ᠋ᠠ ᠶᠢᠨ ᠲᠥᠷᠥᠯ ᠵᠥᠢᠯ ᠤᠨ ᠡᠮᠤᠨᠡᠬᠢ ᠬᠤᠭᠤᠴᠠᠭᠠᠨ ᠤ ᠠᠵᠢᠯ ᠢ ᠠᠬᠢᠭᠤᠯᠤᠨ᠂ ᠠᠵᠢᠯ ᠡᠬᠢᠯᠡᠬᠦᠯᠥᠨ ᠪᠠᠶᠢᠭᠤᠯᠬᠤ ᠪᠠᠷ ᠴᠢᠷᠮᠠᠶᠢᠨ᠎ᠠ᠃ ᠨᠥᠬᠦᠴᠡᠯ ᠳᠤ ᠬᠥᠷᠥᠭᠰᠠᠨ ᠠᠵᠤ ᠠᠬᠤᠶᠢᠯᠡᠯ ᠪᠠ ᠠᠰᠢᠭᠯᠠᠯᠳᠠ ᠳᠤ ᠤᠷᠤᠬᠤ ᠲᠥᠷᠥᠯ ᠵᠥᠢᠯ ᠢ ᠬᠠᠪᠰᠣᠷᠣᠨ ᠬᠡᠪᠴᠢᠶᠡᠵᠢᠯ ᠤᠨ ᠪᠠᠷᠢᠮᠵᠢᠶ᠎ᠠ ᠳᠤ ᠬᠥᠷᠬᠡᠵᠤ᠂ ᠵᠢᠯ ᠤᠨ ᠲᠤᠳᠣᠷ᠎ᠠ ᠬᠤᠸᠠᠨ ᠰᠢᠨ ᠬᠡᠷᠡᠯ ᠤᠨ ᠨᠡᠶᠢᠯᠡᠯᠬᠡ ᠪᠠᠷ ᠴᠠᠬᠢᠯᠭᠠᠨ ᠭᠠᠷᠭᠠᠬᠤ ᠠᠵᠤ ᠠᠬᠤᠶᠢᠯᠡᠯ ᠢ ᠬᠡᠪᠴᠢᠶᠡᠵᠢᠭᠰᠡᠨ ᠠᠵᠤ ᠠᠬᠤᠶᠢᠯᠡᠯ ᠳᠤ ᠤᠷᠤᠭᠤᠯᠬᠤ ᠶᠢ ᠪᠠᠳᠣᠯᠠᠨ᠎ᠠ᠃ ᠠᠵᠤ ᠥᠢᠯᠡᠳᠪᠤᠷᠢ  ᠶᠢᠨ ᠲᠤᠭᠤᠷᠢᠭ ᠤᠨ ᠬᠥᠭᠵᠢᠯᠳᠠ ᠶᠢ ᠬᠥᠴᠥᠯᠡᠨ ᠠᠬᠢᠭᠤᠯᠵᠤ᠂ ︽ᠨᠢᠬᠡ ᠲᠤᠭᠤᠷᠢᠭ ᠭᠤᠷᠪᠠᠨ ᠬᠥᠷᠢᠶᠡᠯᠡᠩ︾ ᠢ ᠨᠢᠬᠡᠳᠣᠬᠦᠯᠬᠦ ᠠᠵᠢᠯ ᠢ ᠢᠳᠡᠪᠬᠢᠳᠠᠢ ᠠᠬᠢᠭᠤᠯᠵᠤ᠂ ᠮᠠᠩᠯᠠᠢ ᠠᠵᠤ ᠥᠢᠯᠡᠳᠪᠤᠷᠢ ᠶᠢᠨ ᠲᠤᠭᠤᠷᠢᠭ ᠤᠨ ᠶᠡᠷᠥᠩᠬᠡᠢ ᠲᠥᠯᠥᠪᠵᠢᠬᠦᠯᠬᠡ ᠶᠢ ᠵᠠᠰᠠᠨ ᠨᠠᠶᠢᠷᠠᠭᠤᠯᠤᠨ᠂ ᠮᠠᠩᠯᠠᠢ ᠲᠤᠭᠤᠷᠢᠭ ᠤᠨ ᠪᠤᠵᠠᠷ ᠤᠰᠤ ᠶᠢ ᠰᠢᠢᠳᠪᠤᠷᠢᠯᠡᠬᠦ ᠥᠢᠯᠡᠳᠪᠤᠷᠢ ᠵᠢᠴᠢ ᠬᠠᠶᠠᠭᠳᠠᠮᠠᠯ ᠪᠤᠳᠠᠰ ᠤᠨ ᠳᠠᠯᠠᠪᠤᠷ ᠤᠨ ppp ᠲᠥᠷᠥᠯ ᠵᠥᠢᠯ ᠢ ᠡᠷᠡᠮᠡᠯᠵᠢᠯᠡᠬᠦ ᠠᠵᠢᠯ ᠢ ᠰᠠᠶᠢᠳᠣᠷ ᠬᠢᠵᠤ᠂ ᠲᠤᠭᠤᠷᠢᠭ ᠤᠨ ᠤᠰᠤ ᠬᠠᠩᠭᠠᠬᠤ ᠥᠢᠯᠡᠳᠪᠤᠷᠢ ᠶᠢᠨ ᠲᠥᠷᠥᠯ ᠵᠥᠢᠯ ᠤᠨ ᠪᠥᠳᠥᠬᠡᠨ ᠪᠠᠶᠢᠭᠤᠯᠤᠯᠳᠠ ᠶᠢ ᠠᠬᠢᠭᠤᠯᠤᠨ᠂ ᠲᠤᠭᠤᠷᠢᠭ ᠤᠨ ᠭᠠᠵᠠᠷ ᠲᠤᠤᠷᠠᠬᠢ ᠭᠤᠤᠷᠰᠤ᠂ ᠨᠤᠭᠤᠭᠠᠷᠠᠭᠤᠯᠬᠤ ᠵᠡᠷᠬᠡ ᠰᠠᠭᠤᠷᠢ ᠲᠥᠬᠦᠬᠡᠷᠤᠮᠵᠢ ᠶᠢᠨ ᠨᠥᠬᠦᠴᠡᠯ ᠢ ᠰᠠᠶᠢᠵᠢᠷᠠᠭᠤᠯᠬᠤ ᠶᠢ ᠰᠠᠶᠢᠳᠣᠷ ᠠᠳᠬᠤᠬᠤ ᠬᠡᠷᠡᠭᠳᠠᠢ᠃          ᠭᠤᠷᠪᠠ ᠳᠤ᠂ ᠥᠢᠯᠡᠴᠢᠯᠡᠬᠡᠨ ᠤ ᠥᠢᠯᠡᠰ ᠤᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠬᠦ ᠶᠢ ᠠᠬᠢᠭᠤᠯᠬᠤ ᠬᠡᠷᠡᠭᠳᠠᠢ᠃ ᠥᠢᠯᠡᠴᠢᠯᠡᠬᠡᠨ ᠤ ᠥᠢᠯᠡᠰ ᠪᠤᠯ ᠮᠠᠨ ᠤ ᠬᠤᠰᠢᠭᠤᠨ ᠤ ᠪᠥᠳᠣᠴᠡ ᠶᠢ ᠰᠢᠯᠢᠳᠡᠭᠵᠢᠬᠦᠯᠬᠦ᠂ ᠵᠠᠬ᠎ᠠ ᠳᠡᠯᠬᠡᠬᠦᠷ ᠢ ᠴᠡᠴᠡᠭᠯᠡᠬᠦᠯᠥᠨ ᠬᠥᠭᠵᠢᠬᠦᠯᠬᠦ᠂ ᠠᠵᠢᠯ ᠤᠯᠭᠤᠯᠳᠠ ᠶᠢ ᠠᠬᠢᠭᠤᠯᠬᠤ ᠭᠤᠤᠯᠳᠠᠯᠭ᠎ᠠ ᠲᠠᠢ ᠬᠥᠷᠢᠶ᠎ᠡ ᠴᠠᠷ᠎ᠠ ᠪᠤᠯᠤᠨ᠎ᠠ᠃ ᠬᠡᠪᠡᠴᠥ ᠪᠤᠳᠠᠳᠠᠢ ᠪᠠᠷ ᠶᠠᠷᠢᠪᠠᠯ᠂ ᠪᠢᠳᠠ ᠥᠢᠯᠡᠴᠢᠯᠡᠬᠡᠨ ᠤ ᠥᠢᠯᠡᠰ᠂ ᠤᠨᠴᠠᠭᠠᠶᠢᠯᠡᠨ ᠤᠳᠣᠬᠢᠴᠢᠯᠠᠭᠰᠠᠨ ᠥᠢᠯᠡᠴᠢᠯᠡᠬᠡᠨ ᠤ ᠥᠢᠯᠡᠰ ᠢ ᠰᠣᠳᠣᠯᠣᠨ ᠰᠢᠨᠵᠢᠯᠡᠬᠦ ᠳᠠᠯ᠎ᠠ ᠪᠠᠷ ᠬᠤᠯᠠ ᠬᠥᠷᠥᠯᠴᠡᠬᠦ ᠥᠬᠡᠢ ᠪᠠᠶᠢᠭᠰᠠᠭᠠᠷ᠂ ᠵᠠᠷᠢᠮ ᠠᠵᠢᠯ ᠲᠥᠷᠥᠯ ᠤᠨ ᠰᠠᠯᠠᠭ᠎ᠠ ᠮᠥᠴᠢᠷ ᠤᠨ ᠠᠵᠢᠯ ᠵᠥᠪᠬᠡᠨ ᠲᠥᠬᠦᠮᠬᠡᠨ ᠲᠤᠭ᠎ᠠ ᠪᠠᠷᠢᠮᠳᠠ  ᠶᠢ ᠪᠥᠷᠢᠳᠬᠡᠬᠦ ᠳᠠᠯ᠎ᠠ ᠳᠤ ᠵᠤᠭᠰᠣᠩᠭᠤᠶᠢᠷᠠᠵᠤ᠂ ᠠᠵᠢᠯ ᠲᠥᠷᠥᠯ ᠤᠨ ᠲᠥᠯᠥᠪᠵᠢᠬᠦᠯᠬᠡ᠂ ᠲᠥᠷᠥ ᠶᠢᠨ ᠪᠤᠳᠣᠯᠭ᠎ᠠ  ᠪᠠᠷ ᠳᠠᠭᠠᠭᠤᠯᠬᠤ ᠵᠡᠷᠬᠡ ᠠᠵᠢᠯ ᠬᠥᠨᠳᠣ ᠨᠤᠴᠢᠳᠠᠢ ᠲᠤᠳᠠᠭᠳᠠᠵᠤ ᠪᠤᠢ᠃ ᠡᠶᠢᠮᠤ ᠠᠴᠠ᠂ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠪᠠ ᠺᠠᠳ᠋ᠷ ᠤᠳᠣᠷᠢᠳᠣᠯᠭ᠎ᠠ ᠡᠷᠬᠡᠪᠰᠢ ᠳᠡᠬᠡᠳᠣ ᠬᠡᠮᠵᠢᠶ᠎ᠡ ᠪᠠᠷ ᠬᠥᠨᠳᠣᠳᠬᠡᠨ ᠥᠵᠡᠵᠤ᠂ ᠤᠨᠴᠠᠭᠠᠶᠢᠯᠡᠨ ᠬᠥᠭᠵᠢᠬᠦᠯᠥᠯᠳᠠ ᠬᠢᠬᠡᠳ ᠥᠬᠡᠷᠡᠴᠢᠯᠡᠯᠳᠠ ᠶᠢᠨ ᠵᠥᠪᠯᠡᠯ ᠠᠴᠠ ᠭᠤᠤᠯ ᠬᠠᠮᠢᠶᠠᠷᠬᠤ ᠬᠠᠷᠢᠭᠤᠴᠠᠯᠭ᠎ᠠ  ᠶᠢ ᠰᠠᠶᠢᠳᠣᠷ ᠡᠬᠦᠷᠬᠡᠯᠡᠵᠤ᠂ ᠬᠠᠮᠢᠶ᠎ᠠ ᠪᠥᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠤᠨ ᠨᠠᠷᠢᠨ ᠪᠠᠶᠢᠳᠠᠯ ᠢ ᠳᠣᠳᠣᠷᠬᠠᠢ ᠥᠢᠯᠠᠭᠠᠵᠤ᠂ ᠬᠥᠭᠵᠢᠯᠳᠠ ᠶᠢᠨ ᠰᠡᠳᠬᠢᠴᠠ ᠪᠠ ᠥᠬᠡᠷᠡᠴᠢᠯᠡᠯᠳᠠ ᠶᠢᠨ ᠠᠷᠭ᠎ᠠ ᠪᠠᠷᠢᠯ ᠢ ᠰᠣᠳᠣᠯᠬᠤ ᠬᠡᠷᠡᠭᠳᠠᠢ᠃ ᠰᠣᠶᠣᠯ ᠵᠢᠭᠤᠯᠴᠢᠯᠠᠯ ᠤᠨ ᠥᠢᠯᠡᠰ ᠢ ᠲᠤᠪᠤᠶᠢᠯᠭᠠᠨ ᠠᠳᠬᠤᠨ᠎ᠠ᠃ ᠨᠢᠬᠡ ᠳᠠᠯ᠎ᠠ ᠪᠠᠷ᠂ ᠥᠵᠡᠮᠵᠢ ᠶᠢᠨ ᠤᠷᠤᠨ᠂ ᠥᠵᠡᠮᠵᠢ ᠶᠢᠨ ᠴᠢᠭ ᠢ ᠰᠠᠶᠢᠳᠣᠷ ᠲᠥᠯᠥᠪᠵᠢᠬᠦᠯᠥᠨ ᠪᠠᠶᠢᠭᠤᠯᠬᠤ ᠬᠡᠷᠡᠭᠳᠠᠢ᠃ ︽ᠰᠥᠨᠢᠳ ᠵᠡᠬᠦᠨ ᠬᠤᠰᠢᠭᠤᠨ ᠤ ᠪᠥᠬᠦ ᠬᠥᠷᠢᠶ᠎ᠠ ᠴᠠᠷᠠᠭᠠᠨ ᠤ ᠵᠢᠭᠤᠯᠴᠢᠯᠡᠯ ᠤᠨ ᠬᠥᠭᠵᠢᠯᠳᠠ ᠶᠢᠨ ᠲᠥᠯᠥᠪᠵᠢᠬᠦᠯᠬᠡ ︵2018 — 2022︶︾ ᠢ ᠲᠥᠷᠬᠡᠨ ᠵᠠᠰᠠᠨ ᠨᠠᠶᠢᠷᠠᠭᠤᠯᠵᠤ᠂ ᠳᠥᠰᠥᠬᠡᠯᠡᠨ ᠪᠤᠳᠣᠯᠬᠢᠯᠠᠵᠤ᠂ ᠢᠷᠡᠬᠡᠳᠣᠢ ᠶᠢᠨ ᠬᠥᠭᠵᠢᠯᠳᠠ  ᠳᠤ ᠴᠥᠮ ᠵᠥᠪ ᠪᠠᠶᠢᠷᠢᠯᠠᠯ ᠢ ᠤᠯᠭᠤᠵᠤ᠂ ᠥᠨᠳᠣᠷ ᠡᠬᠢᠯᠡᠯᠳᠠ᠂ ᠥᠨᠳᠣᠷ ᠪᠠᠷᠢᠮᠵᠢᠶ᠎ᠠ ᠳᠤ ᠬᠥᠷᠬᠡᠬᠦ ᠬᠡᠷᠡᠭᠳᠠᠢ᠃ ᠥᠵᠡᠮᠵᠢ ᠶᠢᠨ ᠤᠷᠤᠨ ᠥᠵᠡᠮᠵᠢ ᠶᠢᠨ ᠴᠢᠭ ᠤᠨ ᠪᠥᠳᠥᠬᠡᠨ ᠪᠠᠶᠢᠭᠤᠯᠤᠯᠳᠠ ᠶᠢ ᠰᠠᠶᠢᠳᠣᠷ ᠠᠳᠬᠤᠵᠤ᠂ ᠰᠥᠨᠢᠳ ᠵᠡᠬᠦᠨ ᠬᠤᠰᠢᠭᠤᠨ ᠤ ᠥᠪᠡᠷᠳᠡᠬᠡᠨ ᠵᠠᠰᠠᠬᠤ ᠤᠷᠤᠨ ᠤ ᠳᠡᠰ ᠤᠨ ᠭᠠᠵᠠᠷ ᠰᠢᠨᠵᠢᠯᠡᠬᠡᠨ ᠤ ᠬᠥᠷᠢᠶᠡᠯᠡᠩ ᠢ ᠭᠤᠤᠯᠳᠠᠯᠭ᠎ᠠ ᠲᠠᠢ ᠪᠠᠶᠢᠭᠤᠯᠵᠤ᠂ ᠥᠵᠡᠮᠵᠢ ᠶᠢᠨ ᠤᠷᠤᠨ ᠥᠵᠡᠮᠵᠢ ᠶᠢᠨ ᠴᠢᠭ ᠤᠨ ᠵᠠᠮ ᠱᠣᠭᠤᠮ᠂ ᠳᠡᠷᠬᠡ ᠵᠤᠭᠰᠤᠬᠤ ᠳᠠᠯᠠᠪᠠᠢ᠂ ᠢᠯᠡᠷᠬᠡᠶᠢᠯᠡᠯ ᠫᠠᠶᠢᠰᠠ ᠵᠡᠷᠬᠡ ᠰᠠᠭᠤᠷᠢ ᠲᠥᠬᠦᠬᠡᠷᠤᠮᠵᠢ ᠶᠢ ᠳᠡᠬᠦᠯᠳᠡᠷᠵᠢᠬᠦᠯᠬᠦ ᠬᠡᠷᠡᠭᠳᠡᠢ᠃ ᠪᠤᠳᠠᠷ ᠴᠢᠯᠠᠭᠤᠨ ᠤᠢ ᠶᠢᠨ ᠵᠢᠭᠤᠯᠴᠢᠯᠡᠯ ᠤᠨ ᠥᠵᠡᠮᠵᠢ ᠶᠢᠨ ᠤᠷᠤᠨ ᠤ ppp ᠲᠥᠷᠥᠯ ᠵᠥᠢᠯ ᠤᠨ ᠡᠮᠤᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠷᠠᠰᠢᠶᠠᠨᠪᠤᠯᠠᠭ ᠳᠣᠮᠤ ᠴᠢᠯᠡᠭᠤᠨ ᠤ ᠵᠢᠭᠰᠠᠭᠠᠯ ᠵᠢᠭᠤᠯᠴᠢᠯᠡᠯ ᠤᠨ ᠥᠷᠳᠡᠭᠡ᠂ ᠡᠩᠬᠡᠷ ᠭᠤᠤᠯ ᠤᠨ ᠤᠷᠤᠰᠬᠠᠯ ᠳᠠᠭᠠᠤ ᠶᠢᠨ ᠰᠣᠪᠢᠯᠠᠯᠳᠠ ᠵᠢᠭᠤᠯᠴᠢᠯᠠᠯ ᠤᠨ ᠭᠠᠵᠠᠷ ᠵᠡᠷᠬᠡ ᠲᠥᠷᠥᠯ ᠵᠥᠢᠯ ᠢ ᠰᠥᠪᠡᠭᠴᠢᠯᠡᠨ ᠲᠥᠯᠥᠪᠯᠡᠨ᠎ᠡ᠃ ᠵᠢᠭᠤᠯᠴᠢᠯᠡᠯ ᠤᠨ ᠵᠠᠮ ᠱᠣᠭᠤᠮ ᠢ ᠢᠳᠡᠪᠬᠢᠳᠠᠢ ᠨᠡᠬᠡᠬᠡᠨ ᠬᠥᠭᠵᠢᠬᠦᠯᠵᠤ᠂ ᠵᠢᠭᠤᠯᠴᠢᠯᠠᠯ ᠤᠨ ᠰᠠᠭᠤᠷᠢ ᠨᠥᠬᠦᠴᠡᠯ ᠢ ᠤᠯᠠᠮ ᠨᠢᠬᠡ ᠠᠯᠬᠤᠮ ᠳᠡᠬᠦᠯᠳᠡᠷᠵᠢᠬᠦᠯᠥᠨ᠂ ᠵᠢᠯ ᠤᠨ ᠲᠤᠳᠣᠷ᠎ᠠ 10 ᠡᠷᠥᠬᠡ ︽ᠮᠠᠯᠴᠢᠨ ᠠᠶᠢᠯ︾ ᠵᠢᠭᠤᠯᠴᠢᠯᠡᠯ ᠤᠨ ᠴᠢᠭ ᠢ ᠰᠢᠨ᠎ᠡ ᠪᠠᠷ ᠨᠡᠮᠡᠭᠳᠡᠬᠦᠯᠵᠤ᠂ 2 — 5 ᠡᠷᠥᠬᠡ ᠣᠳᠣᠨ ᠳᠡᠰ ᠤᠨ ︽ᠮᠠᠯᠴᠢᠨ ᠠᠶᠢᠯ︾ ᠵᠢᠭᠤᠯᠴᠢᠯᠡᠯ ᠤᠨ ᠴᠢᠭ ᠢ ᠪᠠᠶᠢᠭᠤᠯᠤᠨ᠂ ᠵᠢᠭᠤᠯᠴᠢᠯᠡᠯ ᠤᠨ ᠵᠤᠷᠯᠤᠩ 5 ᠶᠢ ᠰᠢᠨ᠎ᠡ ᠪᠠᠷ ᠪᠠᠶᠢᠭᠤᠯᠤᠨ᠎ᠠ᠃ ᠨᠥᠬᠦᠬᠡ ᠳᠠᠯ᠎ᠠ ᠪᠠᠷ᠂ ᠵᠢᠭᠤᠯᠴᠢᠯᠡᠯ ᠤᠨ ᠡᠬᠢ ᠪᠠᠶᠠᠯᠢᠭ ᠤᠨ ᠣᠬᠠᠭᠤᠯᠭ᠎ᠠ ᠶᠢ ᠰᠠᠶᠢᠳᠣᠷ ᠬᠢᠵᠤ᠂ ᠰᠠᠶᠢᠳᠣᠷ ᠲᠥᠯᠥᠪᠯᠡᠨ᠂ ᠭᠠᠵᠠᠷ ᠤᠷᠤᠨ ᠤ ᠤᠯᠠᠨ ᠳᠤ ᠮᠡᠳᠡᠷᠡᠭᠳᠡᠨ ᠳᠠᠭᠠᠰᠢᠶᠠᠭᠳᠠᠬᠤ ᠬᠡᠮᠵᠢᠶ᠎ᠡ  ᠶᠢ ᠳᠡᠬᠡᠭᠰᠢᠯᠡᠬᠦᠯᠬᠦ ᠬᠡᠷᠡᠭᠳᠠᠢ᠃ ᠵᠢᠭᠤᠯᠴᠢᠯᠡᠯ ᠤᠨ ᠳ᠋ᠠᠶᠢᠲ᠋ᠠ ᠶᠢᠨ ᠬᠥᠮᠥᠷᠬᠡ ᠶᠢ ᠰᠥᠪᠡᠭᠴᠢᠯᠡᠨ ᠪᠠᠶᠢᠭᠤᠯᠵᠤ᠂ ᠤᠶᠤᠨᠯᠢᠭ ᠵᠢᠭᠤᠯᠴᠢᠯᠡᠯ ᠤᠨ ᠥᠢᠯᠡᠴᠢᠯᠡᠬᠡᠨ ᠤ ᠳᠡᠪᠴᠡᠩ ᠢ ᠨᠡᠬᠡᠬᠡᠨ ᠬᠥᠭᠵᠢᠬᠦᠯᠵᠤ᠂ ᠨᠡᠷᠡᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠪᠤᠯᠤᠨ ᠥᠢᠷ᠎ᠡ ᠬᠠᠪᠢ ᠶᠢᠨ ᠭᠠᠵᠠᠷ ᠤᠷᠤᠨ ᠲᠠᠢ ᠬᠤᠷᠰᠢᠨ ᠠᠵᠢᠯᠯᠠᠬᠤ ᠶᠢ ᠬᠥᠨᠵᠡᠬᠡᠶᠢᠷᠡᠬᠦᠯᠵᠤ᠂ ᠳᠣᠰᠬᠠᠶᠢᠵᠢᠭᠰᠠᠨ ᠨᠠᠷᠢᠯᠢᠭᠵᠢᠭᠰᠠᠨ ᠪᠤᠷᠤᠯᠠᠭᠤᠯᠤᠯᠳᠠ ᠶᠢ ᠰᠠᠶᠢᠳᠣᠷ ᠬᠢᠵᠤ᠂ ᠰᠣᠶᠣᠯ ᠵᠢᠭᠤᠯᠴᠢᠯᠡᠯ ᠤᠨ ᠨᠡᠷᠡᠳᠣ ᠳᠡᠮᠳᠡᠭ ᠶᠢ ᠴᠢᠷᠮᠠᠶᠢᠨ ᠡᠬᠦᠳᠣᠨ᠎ᠡ᠃ ᠰᠢᠨ᠎ᠡ ᠲᠤᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠬᠡᠯᠡᠬᠦ ᠬᠥᠳᠡᠯᠬᠡᠬᠡᠨ ᠢ ᠥᠷᠨᠢᠬᠦᠯᠵᠤ᠂ ᠬᠢᠯᠥᠬᠡᠨ ᠰᠥᠨᠢᠳ ᠰᠣᠶᠣᠯ ᠤᠷᠠᠯᠢᠭ ᠤᠨ ᠨᠠᠶᠢᠷ ᠵᠡᠷᠬᠡ ᠳᠠᠪᠤᠨ ᠶᠡᠭᠡ ᠰᠤᠶᠤᠯ ᠤᠨ ᠨᠡᠷ᠎ᠡ ᠳᠡᠮᠳᠡᠭᠳᠣ ᠬᠥᠳᠡᠯᠬᠡᠬᠡᠨ ᠢ ᠰᠠᠶᠢᠳᠣᠷ ᠡᠷᠬᠢᠯᠡᠨ᠎ᠡ᠃ ᠲᠤᠮᠳᠠᠳᠣ ᠤᠯᠤᠰ ᠤᠨ ᠳᠠᠭᠤᠯᠠᠯᠳᠣ ᠵᠥᠴᠥᠬᠡ ᠶᠢᠨ ᠳᠡᠬᠡᠳᠣ ᠰᠣᠷᠭᠠᠭᠤᠯᠢ ᠲᠠᠢ ᠬᠠᠮᠳᠣᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠤᠯᠠᠭᠠᠨᠮᠦ᠋ᠴᠢᠷ ᠤᠨ ᠠᠵᠢᠯ ᠥᠢᠯᠡᠰ ᠤᠨ ᠬᠥᠭᠵᠢᠯᠳᠠ ᠶᠢ ᠳᠠᠰᠣᠷᠠᠯᠳᠠ ᠥᠬᠡᠢ ᠡᠬᠦᠳᠣᠨ ᠰᠢᠨᠡᠳᠬᠡᠵᠤ᠂ ᠤᠯᠠᠭᠠᠨᠮᠦ᠋ᠴᠢᠷ ᠤᠨ ᠡᠩᠨᠡᠬᠡᠨ ᠤ ᠡᠷᠴᠢ ᠵᠤᠷᠢᠭ ᠢ ᠤᠯᠠᠮ ᠪᠠᠳᠠᠷᠠᠭᠤᠯᠵᠤ᠂ ᠮᠥᠨᠴᠥ ᠰᠣᠶᠣᠯ ᠤᠷᠠᠯᠢᠭ ᠤᠨ ᠤᠬᠢ ᠪᠥᠳᠥᠬᠡᠭᠳᠡᠬᠦᠨ ᠢ ᠳᠠᠰᠣᠷᠠᠯᠳᠠ ᠥᠬᠡᠢ ᠢᠯᠡᠷᠡᠬᠦᠯᠥᠨ᠂ ᠤᠯᠠᠭᠠᠨᠮᠦ᠋ᠴᠢᠷ ᠤᠨ ᠠᠵᠢᠯ ᠥᠢᠯᠡᠰ ᠢ ᠰᠢᠨ᠎ᠡ ᠬᠢᠷᠢ ᠲᠥᠪᠰᠢᠨ ᠳᠤ ᠬᠥᠷᠬᠡᠨ᠎ᠡ᠃ ᠤᠳᠣᠬᠢᠴᠢᠯᠠᠭᠰᠠᠨ ᠥᠢᠯᠡᠴᠢᠯᠡᠬᠡᠨ ᠤ ᠥᠢᠯᠡᠰ ᠢ ᠥᠳᠳᠣᠷ ᠲᠥᠷᠬᠡᠨ ᠬᠥᠭᠵᠢᠬᠦᠯᠥᠨ᠎ᠡ᠃ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠤᠳᠠᠰ ᠤᠨ ᠬᠥᠢᠯᠬᠡᠬᠡ ᠶᠢᠨ ᠥᠢᠯᠡᠰ ᠤᠨ ᠡᠷᠡᠬᠦᠯ ᠢᠶᠠᠷ ᠬᠥᠭᠵᠢᠬᠦ ᠶᠢ ᠠᠬᠢᠭᠤᠯᠬᠤ ᠲᠥᠷᠥ ᠶᠢᠨ ᠪᠤᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠰᠠᠨᠠᠯ︾ ︽ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠬᠥᠭᠵᠢᠯᠳᠠ  ᠶᠢᠨ ︿ᠠᠷᠪᠠᠨ ᠭᠤᠷᠪᠠᠳᠤᠭᠠᠷ ᠳᠠᠪᠤᠨ ᠵᠢᠯ﹀ ᠤᠨ ᠲᠥᠯᠥᠪᠵᠢᠬᠦᠯᠬᠡ︾ ᠵᠡᠷᠬᠡ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠳᠡᠷᠢᠬᠦᠨ ᠤ ᠭᠠᠵᠠᠷ ᠤᠷᠤᠨ ᠤ ᠨᠡᠬᠦᠷᠡᠰᠥ ᠪᠤᠯᠪᠠᠰᠣᠷᠠᠭᠤᠯᠬᠤ᠂ ᠪᠤᠳᠠᠰ ᠤᠨ ᠬᠥᠢᠯᠬᠡᠬᠡ᠂ ᠠᠷᠢᠯᠵᠢᠶ᠎ᠠ ᠵᠡᠷᠬᠡ ᠠᠵᠤ ᠥᠢᠯᠡᠳᠪᠤᠷᠢ ᠶᠢᠨ ᠬᠥᠭᠵᠢᠯᠳᠠ ᠶᠢᠨ ᠳᠡᠷᠢᠬᠦᠨ ᠤ ᠲᠤᠷᠰᠢᠯᠭ᠎ᠠ ᠪᠠ ᠠᠵᠢᠯ ᠤᠨ ᠥᠷ᠎ᠡ ᠪᠥᠳᠣᠮᠵᠢ ᠶᠢ ᠰᠣᠷᠣᠯᠴᠠᠨ ᠠᠰᠢᠭᠯᠠᠵᠤ᠂ ᠮᠡᠨ ᠤ ᠬᠤᠰᠢᠭᠤᠨ ᠤ ᠨᠡᠬᠦᠷᠡᠰᠥ ᠳᠡᠬᠡᠬᠡᠪᠤᠷᠢᠯᠡᠬᠦ ᠵᠢᠴᠢ ᠢᠵᠢ ᠪᠥᠷᠢᠳᠥᠬᠦᠯᠥᠭᠰᠠᠨ ᠠᠵᠤ ᠥᠢᠯᠡᠳᠪᠤᠷᠢ ᠶᠢᠨ ᠬᠥᠭᠵᠢᠯᠳᠠ ᠶᠢ ᠢᠳᠡᠪᠬᠢᠳᠠᠢ ᠲᠥᠯᠥᠪᠯᠡᠨ ᠲᠥᠷᠬᠡᠳᠬᠡᠨ᠎ᠡ᠃ ᠮᠠᠯ ᠤᠨ ᠠᠰᠢᠭ ᠰᠢᠮ᠎ᠡ ᠶᠢᠨ ᠪᠥᠳᠥᠬᠡᠭᠳᠡᠬᠦᠨ ᠢ ᠪᠤᠯᠪᠠᠰᠣᠷᠠᠭᠤᠯᠬᠤ ᠠᠵᠤ ᠠᠬᠤᠶᠢᠯᠡᠯ᠂ ᠪᠤᠳᠠᠰ  ᠤᠨ ᠬᠥᠢᠯᠬᠡᠬᠡᠨ ᠤ ᠠᠵᠤ ᠠᠬᠤᠶᠢᠯᠠᠯ ᠪᠤᠯᠤᠨ ᠠ ᠯᠢ ᠪᠠ ᠪᠠ᠂ ᠱᠦᠨ ᠹᠧᠩ᠂ ᠵᠢᠩ ᠳ᠋ᠥᠩ ᠵᠡᠷᠬᠡ ᠲᠤᠮᠤ ᠬᠡᠯᠪᠡᠷᠢ  ᠶᠢᠨ ᠡᠯᠧᠺᠲᠷᠤᠨ ᠬᠤᠳᠠᠯᠳᠣᠭᠠᠨ ᠤ ᠠᠵᠤ ᠠᠬᠤᠶᠢᠯᠡᠯ ᠲᠠᠢ ᠬᠤᠷᠰᠢᠨ ᠠᠵᠢᠯᠯᠠᠬᠤ ᠶᠢ ᠠᠬᠢᠭᠤᠯᠵᠤ᠂ ᠡᠯᠧᠺᠲᠷᠤᠨ ᠬᠤᠳᠠᠯᠳᠤᠭ᠎ᠠ ᠪᠠ ᠬᠥᠷᠥᠬᠡᠭᠴᠢᠲᠤ ᠬᠥᠢᠯᠬᠡᠬᠡ ᠶᠢᠨ ᠰᠢᠰᠲ᠋ᠧᠮ ᠤᠨ ᠬᠡᠯᠬᠢᠶᠡᠵᠢᠯ ᠢ ᠪᠠᠶᠢᠭᠤᠯᠤᠨ᠎ᠠ᠃ ᠡᠯᠧᠺᠲᠷᠤᠨ ᠬᠤᠳᠠᠯᠳᠣᠭᠠᠨ ᠤ ᠶᠠᠪᠤᠳᠠᠯ ᠢ ᠮᠠᠯᠵᠢᠬᠤ ᠤᠷᠤᠨ ᠳᠤ ᠬᠥᠷᠬᠡᠬᠦ ᠠᠵᠢᠯ ᠢ ᠰᠠᠶᠢᠳᠣᠷ ᠠᠳᠬᠤᠵᠤ᠂ ᠤᠷᠤᠨ ᠨᠤᠳᠤᠭ  ᠤᠨ ᠤᠨᠴᠠᠯᠢᠭᠲᠤ ᠮᠠᠯ ᠤᠨ ᠠᠰᠢᠭ ᠰᠢᠮ᠎ᠡ ᠪᠥᠳᠥᠬᠡᠭᠳᠡᠬᠦᠨ᠂ ᠤᠨᠴᠠᠯᠢᠭᠳᠣ ᠵᠢᠭᠤᠯᠴᠢᠯᠡᠯ᠂ ᠰᠥᠯᠵᠢᠶᠡᠨ ᠤ ᠳᠡᠯᠬᠡᠬᠦᠷ᠂ ᠸᠢᠴᠠᠲ ᠳᠠᠪᠴᠠᠩ ᠵᠡᠷᠬᠡ ᠮᠠᠯᠵᠢᠬᠤ ᠤᠷᠤᠨ ᠤ ᠡᠯᠧᠺᠲᠷᠤᠨ ᠬᠤᠳᠠᠯᠳᠣᠭᠠᠨ ᠤ ᠢᠨᠲ᠋ᠧᠷ ᠰᠥᠯᠵᠢᠶᠡᠨ  ᠤ ᠳᠠᠪᠴᠠᠩ ᠢ ᠵᠤᠷᠢᠭᠵᠢᠭᠤᠯᠤᠨ ᠬᠥᠭᠵᠢᠬᠦᠯᠵᠤ᠂ ᠤᠷᠤᠨ ᠨᠤᠳᠤᠭ ᠤᠨ ᠥᠨᠳᠣᠰᠣᠳᠡᠨ ᠤ ᠣᠨᠴᠠᠯᠢᠭᠲᠤ ᠡᠯᠧᠺᠲᠷᠤᠨ ᠬᠤᠳᠠᠯᠳᠣᠭᠠᠨ ᠤ ᠠᠵᠤ ᠥᠢᠯᠡᠰ ᠤᠨ ᠬᠡᠯᠬᠢᠶᠡᠰᠣ ᠶᠢ ᠪᠠᠶᠢᠭᠤᠯᠤᠨ᠎ᠠ᠃ ᠥᠨᠳᠣᠰᠣᠨ ᠱᠠᠳᠣᠨ ᠤ ᠬᠠᠩᠭᠠᠨ ᠪᠤᠷᠤᠯᠠᠭᠤᠯᠬᠤ ᠬᠤᠷᠰᠢᠶ᠎ᠠ ᠶᠢ ᠳᠡᠰ ᠳᠡᠪᠰᠢᠬᠦᠯᠬᠦ ᠠᠵᠢᠯ ᠢ ᠰᠠᠶᠢᠳᠣᠷ ᠬᠢᠵᠤ᠂ ᠶᠡᠷᠥᠩᠬᠡᠶᠢᠯᠡᠭᠰᠡᠨ ᠮᠠᠯᠵᠢᠯ  ᠳᠤ ᠥᠢᠯᠡᠴᠢᠯᠡᠬᠦ ᠲᠥᠪ ᠢ ᠪᠠᠶᠢᠭᠤᠯᠤᠨ᠂ ᠥᠨᠳᠣᠰᠣᠨ ᠱᠠᠳᠣᠨ ᠤ ᠬᠠᠩᠭᠠᠨ ᠪᠤᠷᠤᠯᠠᠭᠤᠯᠬᠤ ᠬᠤᠷᠰᠢᠶᠠᠨ ᠤ ᠮᠠᠯᠵᠢᠬᠤ ᠤᠷᠤᠨ ᠮᠠᠯᠵᠢᠬᠤ ᠥᠢᠯᠡᠰ ᠮᠠᠯᠴᠢᠳ ᠲᠤ ᠥᠢᠯᠡᠴᠢᠯᠡᠬᠦ ᠴᠢᠳᠠᠪᠬᠢ ᠶᠢ ᠳᠡᠬᠡᠭᠰᠢᠯᠡᠬᠦᠯᠬᠦ ᠬᠡᠷᠡᠭᠳᠠᠢ᠃ ᠠᠷᠠᠯᠵᠢᠶ᠎ᠡ ᠬᠤᠳᠠᠯᠳᠣᠭᠠᠨ ᠤ ᠬᠥᠢᠯᠬᠡᠬᠡ᠂ ᠤᠨᠴᠠᠯᠢᠭ ᠲᠠᠢ ᠢᠳᠡᠬᠡᠨ ᠤᠮᠳᠠᠭᠠᠨ᠂ ᠠᠳᠠᠯ ᠠᠬᠤᠢ ᠶᠢᠨ ᠥᠢᠯᠡᠴᠢᠯᠡᠭᠡ᠂ ᠵᠤᠭ᠎ᠠ ᠴᠡᠩᠬᠡᠯ ᠬᠤᠨᠤᠭ ᠰᠠᠭᠤᠴᠠ ᠵᠡᠷᠬᠡ ᠤᠯᠠᠮᠵᠢᠯᠠᠯᠳᠣ ᠥᠢᠯᠡᠴᠢᠯᠡᠬᠡᠨ ᠤ ᠥᠢᠯᠡᠰ ᠤᠨ ᠳᠡᠰ ᠳᠡᠪᠰᠢᠬᠦᠯᠬᠦ ᠶᠢ ᠠᠬᠢᠭᠤᠯᠵᠤ᠂ ᠥᠢᠯᠡᠴᠢᠯᠡᠬᠡᠨ ᠤ ᠥᠢᠯᠡᠰ ᠤᠨ ᠬᠠᠮᠢᠶᠠᠷᠣᠯᠳᠠ ᠶᠢ ᠴᠢᠩᠭᠠᠳᠬᠠᠨ᠂ ᠡᠵᠡᠩᠨᠡᠯᠳᠠ  ᠶᠢᠨ ᠠᠵᠢᠯᠯᠠᠭ᠎ᠠ ᠶᠢ ᠲᠥᠷᠢᠮᠵᠢᠬᠦᠯᠵᠤ᠂ ᠥᠢᠯᠡᠴᠢᠯᠡᠬᠡᠨ ᠤ ᠥᠢᠯᠡᠰ ᠢ ᠡᠷᠡᠬᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠳᠠᠢ᠃          ︵ᠲᠥᠷᠪᠡ︶ ᠬᠤᠳᠠ ᠬᠥᠳᠡᠭᠡ ᠶᠢ ᠵᠤᠬᠢᠴᠠᠭᠤᠯᠤᠨ ᠬᠥᠭᠵᠢᠬᠦᠯᠬᠦ ᠶᠢ ᠯᠠᠪᠳᠠᠭᠤᠨ ᠴᠡᠭᠴᠡ ᠲᠠᠢ ᠠᠬᠢᠭᠤᠯᠬᠤ ᠬᠡᠷᠡᠭᠳᠠᠢ᠃ ᠬᠤᠳᠠ ᠬᠥᠳᠡᠭᠡ ᠶᠢᠨ ᠬᠥᠭᠵᠢᠯᠳᠠ ᠳᠡᠭᠰᠢ ᠪᠤᠰᠥ᠂ ᠰᠠᠭᠤᠷᠢ ᠲᠥᠬᠦᠬᠡᠷᠤᠮᠵᠢ ᠶᠢᠨ ᠪᠥᠳᠥᠬᠡᠨ ᠪᠠᠶᠢᠭᠤᠯᠤᠯᠳᠠ ᠬᠤᠴᠤᠷᠤᠩᠭᠤᠢ ᠪᠤᠯ ᠮᠠᠨ ᠤ ᠬᠤᠰᠢᠭᠤᠨ ᠤ ᠬᠥᠭᠵᠢᠯᠳᠠ ᠬᠥᠯᠢᠶᠡᠰᠣᠯᠡᠯ ᠤᠨ ᠨᠢᠬᠡ ᠪᠤᠯᠤᠨ᠎ᠠ᠃ ᠥᠨᠤ ᠵᠢᠯ᠂ ᠪᠢᠳᠠ ᠬᠥᠳᠡᠭᠡ ᠲᠤᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠬᠥᠨᠵᠡᠬᠡᠢ ᠠᠬᠢᠭᠤᠯᠬᠤ ᠲᠠᠢ ᠤᠶᠠᠯᠳᠣᠭᠤᠯᠵᠤ᠂ ᠬᠤᠳᠠ ᠬᠥᠳᠡᠭᠡ ᠠᠭᠤᠰᠣᠯᠴᠠᠨ ᠬᠥᠭᠵᠢᠬᠦ ᠲᠤᠭᠳᠠᠯᠴᠠᠭ᠎ᠠ ᠶᠢ ᠲᠥᠷᠬᠡᠳᠬᠡᠨ ᠳᠡᠬᠦᠯᠳᠡᠷᠵᠢᠬᠦᠯᠵᠤ᠂ ᠣᠰᠣ᠂ ᠴᠠᠬᠢᠯᠭᠠᠨ᠂ ᠵᠠᠮ᠂ ᠴᠢᠮᠡᠭᠡ ᠬᠤᠯᠪᠤᠭ᠎ᠠ ᠵᠡᠷᠬᠡ ᠲᠤᠯᠭᠠᠭᠤᠷᠢ ᠬᠥᠭᠵᠢᠯᠳᠠ ᠶᠢᠨ ᠭᠤᠤᠯ ᠡᠯᠧᠮᠧᠨ᠋ᠲ ᠪᠠ ᠲᠤᠳᠠᠭᠳᠠᠯ ᠢᠶᠠᠨ ᠴᠢᠷᠮᠠᠶᠢᠨ ᠨᠥᠬᠦᠪᠥᠷᠢᠯᠡᠬᠦ ᠬᠡᠷᠡᠭᠳᠠᠢ᠃          ᠨᠢᠬᠡ ᠳᠤ ᠬᠥᠳᠡᠭᠡ ᠲᠤᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠬᠥᠨᠵᠡᠬᠡᠢ ᠠᠬᠢᠭᠤᠯᠬᠤ ᠬᠡᠷᠡᠭᠳᠠᠢ᠃ ᠥᠳᠡ ᠶᠢᠨ ᠡᠮᠤᠨ᠎ᠡ᠂ ᠰᠢᠩ ᠱᠥᠵᠢ ᠶᠡᠷᠢᠶᠡᠨ ᠳᠡᠭᠡᠨ ᠬᠥᠳᠡᠭᠡ ᠲᠤᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠤᠨ ᠲᠤᠬᠠᠢ ᠪᠥᠬᠦ ᠳᠠᠯ᠎ᠠ ᠶᠢᠨ ᠪᠠᠶᠢᠷᠢᠯᠠᠭᠤᠯᠤᠯᠳᠠ ᠬᠢᠭᠰᠡᠨ ᠪᠠᠶᠢᠨ᠎ᠠ᠃ ᠮᠥᠨᠴᠥ ᠪᠥᠬᠦ ᠬᠤᠰᠢᠭᠤᠨ ᠤ ᠮᠠᠯᠵᠢᠬᠤ ᠤᠷᠤᠨ ᠤ ᠠᠵᠢᠯ ᠤᠨ ᠬᠤᠷᠠᠯ ᠳᠤ ᠪᠤᠳᠠᠳᠠᠢ ᠪᠠᠶᠢᠷᠢᠯᠠᠭᠤᠯᠤᠯᠳᠠ ᠬᠢᠨ᠎ᠡ᠃ ᠠᠳᠡ ᠪᠢ ᠭᠤᠤᠯᠳᠠᠭᠤ ᠬᠤᠶᠠᠷ ᠳᠠᠯ᠎ᠠ ᠪᠠᠷ ᠴᠢᠬᠤᠯᠠᠴᠢᠯᠠᠶ᠎ᠠ᠄ ᠨᠢᠬᠡ ᠳᠤ ᠲᠥᠯᠥᠪᠵᠢᠬᠦᠯᠬᠡ ᠶᠢ ᠵᠢᠯᠥᠭᠤᠳᠤᠨ ᠳᠠᠭᠠᠭᠤᠯᠬᠤ ᠶᠢ ᠴᠢᠬᠤᠯᠠᠴᠢᠯᠠᠬᠤ ᠬᠡᠷᠡᠭᠳᠠᠢ᠃ ᠨᠢᠳᠣᠨᠣᠨ ᠤ 12 ᠰᠠᠷ᠎ᠠ ᠳᠤ᠂ ᠳᠠᠷᠢᠶᠠᠯᠠᠩ ᠮᠠᠯᠵᠢᠬᠤ ᠤᠷᠤᠨ ᠤ ᠠᠵᠢᠯ ᠤᠨ ᠬᠡᠯᠳᠡᠰ ᠠᠴᠠ ᠲᠥᠯᠥᠪᠵᠢᠬᠦᠯᠬᠡ ᠨᠠᠶᠢᠷᠠᠭᠤᠯᠬᠤ ᠪᠠᠶᠢᠭᠤᠯᠭ᠎ᠠ ᠶᠢ ᠨᠠᠶᠢᠳᠠᠵᠤ᠂ ᠮᠠᠨ ᠤ ᠬᠤᠰᠢᠭᠤᠨ ᠤ ᠬᠥᠳᠡᠭᠡ ᠲᠤᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢᠨ ᠲᠥᠯᠥᠪᠵᠢᠬᠦᠯᠬᠡ ᠶᠢ ᠨᠠᠶᠢᠷᠠᠭᠤᠯᠵᠤ ᠡᠬᠢᠯᠡᠭᠰᠡᠨ ᠪᠠᠶᠢᠨ᠎ᠠ᠂ ᠲᠠᠷᠠᠭ᠎ᠠ ᠠᠯᠬᠤᠮ ᠳᠤ᠂ ᠨᠠᠶᠢᠷᠠᠭᠤᠯᠤᠨ ᠵᠤᠬᠢᠶᠠᠬᠤ ᠪᠠᠶᠢᠭᠤᠯᠭ᠎ᠠ ᠲᠠᠢ ᠬᠠᠮᠳᠣᠷᠠᠨ ᠡᠬᠡ ᠨᠤᠤᠷᠠᠭ ᠢᠶᠠᠨ ᠭᠠᠷᠭᠠᠵᠤ᠂ ᠳᠡᠯᠬᠡᠷᠡᠩᠬᠦᠢ ᠪᠠᠷ ᠰᠠᠨᠠᠯ ᠬᠤᠷᠢᠶᠠᠵᠤ᠂ ᠬᠥᠢᠴᠡᠳ ᠳᠡᠬᠦᠯᠳᠡᠷᠵᠢᠬᠦᠯᠵᠤ᠂ ᠡᠷᠳᠡᠬᠡᠨ ᠳᠠᠷᠬᠠᠭᠠᠨ ᠬᠡᠷᠡᠭᠵᠢᠬᠦᠯᠬᠦ ᠬᠡᠷᠡᠭᠳᠠᠢ᠃ ᠲᠤᠰᠬᠠᠢ ᠲᠥᠷᠥᠯ ᠤᠨ ᠲᠥᠯᠥᠪᠵᠢᠬᠦᠯᠬᠡ ᠶᠢ ᠨᠠᠷᠢᠯᠢᠭᠵᠢᠭᠤᠯᠬᠤ ᠪᠠ ᠡᠯ᠎ᠡ ᠣᠨ ᠤ ᠪᠥᠳᠥᠬᠡᠨ ᠪᠠᠶᠢᠭᠤᠯᠤᠯᠳᠠ ᠶᠢ ᠲᠥᠯᠥᠪᠯᠡᠵᠤ᠂ ᠬᠥᠳᠡᠭᠡ ᠲᠤᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠡᠮᠬᠢ ᠴᠡᠭᠴᠡ ᠲᠠᠢ ᠠᠬᠢᠭᠤᠯᠬᠤ ᠶᠢ ᠪᠠᠳᠣᠯᠠᠬᠤ ᠬᠡᠷᠡᠭᠳᠠᠢ᠃ ᠮᠠᠯᠵᠢᠬᠤ ᠤᠷᠤᠨ ᠤ ᠬᠥᠭᠵᠢᠯᠳᠠ ᠶᠢᠨ ᠵᠢᠮ᠎ᠠ ᠶᠤᠰᠤ ᠶᠢ ᠳᠠᠭᠠᠵᠤ᠂ ᠰᠤᠶᠤᠯ ᠤᠨ ᠵᠥᠷᠢᠶ᠎ᠡ ᠶᠢ ᠬᠥᠨᠳᠣᠳᠬᠡᠨ᠂ ᠲᠥᠷᠥᠯ ᠬᠤᠪᠢᠶᠠᠨ ᠵᠢᠭᠠᠨ ᠵᠢᠯᠤᠭᠤᠳᠬᠤ᠂ ᠨᠠᠷᠢᠯᠢᠭ ᠤᠨᠤᠪᠴᠢᠳᠠᠢ ᠢᠶᠠᠷ ᠠᠷᠭ᠎ᠠ ᠠᠪᠴᠠᠯ ᠠᠪᠴᠥ᠂ ᠰᠤᠮᠤ ᠪᠠᠯᠭᠠᠰᠥ ᠪᠠᠷ ᠨᠢᠬᠡᠴᠢᠯᠡᠭᠰᠡᠨ ᠭᠠᠴᠠᠭᠠᠨ ᠤ ᠲᠥᠯᠥᠪᠵᠢᠬᠦᠯᠬᠡ ᠶᠢ ᠰᠠᠶᠢᠳᠣᠷ ᠬᠢᠵᠤ᠂ ᠪᠤᠳᠠᠳᠠᠢ ᠪᠥᠳᠥᠬᠡᠨ ᠪᠠᠶᠢᠭᠤᠯᠤᠯᠳᠠ ᠶᠢᠨ ᠲᠥᠰᠥᠪ ᠢ ᠰᠠᠶᠢᠳᠣᠷ ᠨᠠᠶᠢᠳᠡᠪᠤᠷᠢᠵᠢᠭᠤᠯᠬᠤ ᠬᠡᠷᠡᠭᠳᠠᠢ᠃ ᠬᠤᠶᠠᠷ ᠲᠤ᠂ ᠰᠠᠭᠤᠭᠠᠯᠢ ᠠᠷᠠᠳ ᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠰᠠᠶᠢᠳᠣᠷ ᠠᠳᠬᠤᠬᠤ ᠬᠡᠷᠡᠭᠳᠠᠢ᠃ ᠮᠠᠨ ᠤ ᠬᠤᠰᠢᠭᠤᠨ ᠤ ︽ᠮᠠᠯᠵᠢᠬᠤ ᠤᠷᠤᠨ ᠤ ᠰᠠᠭᠤᠷᠢᠰᠢᠯ ᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠪ︾ ᠨᠢ ᠨᠢᠬᠡᠨᠳᠠ ᠥᠪᠡᠷᠳᠡᠬᠡᠨ ᠵᠠᠰᠠᠬᠤ ᠤᠷᠤᠨ ᠤ ᠬᠥᠭᠵᠢᠬᠦᠯᠥᠯᠳᠠ ᠬᠢᠬᠡᠳ ᠥᠬᠡᠷᠡᠴᠢᠯᠡᠯᠳᠠ ᠶᠢᠨ ᠵᠥᠪᠯᠡᠯ ᠤᠨ ᠬᠢᠨᠠᠨ ᠲᠤᠭᠳᠠᠭᠠᠯ ᠢ ᠥᠩᠬᠡᠷᠡᠬᠡᠵᠤ᠂ ᠣᠷᠣᠨ ᠰᠠᠭᠤᠴᠠ ᠪᠥᠳᠥᠬᠡᠨ ᠪᠠᠶᠢᠭᠤᠯᠤᠯᠳᠠ ᠶᠢᠨ ᠰᠠᠯᠠᠭ᠎ᠠ ᠮᠥᠴᠢᠷ ᠠᠴᠠ ᠳᠠᠭᠠᠭᠤᠯᠤᠨ᠂ ᠡᠯ᠎ᠡ ᠰᠤᠮᠤ ᠪᠠᠯᠭᠠᠰᠥ ᠠᠴᠠ ᠢᠳᠡᠪᠬᠢᠳᠠᠢ ᠬᠠᠮᠵᠢᠯᠴᠠᠵᠤ᠂ ᠰᠠᠶᠢᠳᠣᠷ ᠵᠤᠬᠢᠶᠠᠨ ᠪᠠᠶᠢᠭᠤᠯᠤᠨ ᠬᠡᠷᠡᠭᠵᠢᠬᠦᠯᠥᠨ᠂ ᠰᠠᠭᠤᠷᠢᠰᠢᠯ ᠤᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠬᠥᠳᠡᠭᠡ ᠲᠤᠰᠬᠤᠨ ᠢ ᠰᠡᠷᠬᠦᠬᠡᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠬᠡᠷᠡᠭᠵᠢᠬᠦᠯᠬᠦ ᠲᠤᠮᠳᠠᠬᠢ ᠨᠢᠬᠡᠨ ᠬᠥᠨᠳᠣ ᠡᠬᠦᠷᠬᠡ ᠪᠤᠯᠭᠠᠨ ᠴᠢᠬᠤᠯᠠᠴᠢᠯᠠᠬᠤ ᠬᠡᠷᠡᠭᠳᠠᠢ᠃ ᠪᠤᠳᠠᠳᠠᠢ ᠶᠢ ᠥᠨᠳᠣᠰᠥᠯᠡᠬᠦ ᠶᠢ ᠪᠠᠷᠢᠮᠳᠠᠯᠠᠨ᠂ ᠮᠠᠯᠴᠢᠨ ᠲᠥᠮᠡᠨ ᠤ ᠬᠥᠰᠡᠯ ᠡᠷᠡᠮᠡᠯᠵᠡᠯ ᠢ ᠬᠥᠨᠳᠣᠳᠬᠡᠨ᠂ ᠵᠠᠰᠠᠨ ᠰᠠᠶᠢᠵᠢᠷᠠᠭᠤᠯᠬᠤ ᠬᠠᠷᠠᠯᠳᠠ ᠪᠠ ᠮᠡᠷᠬᠡᠵᠢᠯ ᠤᠨ ᠵᠠᠮ ᠱᠣᠭᠤᠮ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠬᠤ ᠬᠡᠷᠡᠭᠳᠠᠢ᠃ ᠭᠠᠴᠠᠭ᠎ᠠ ᠪᠤᠯᠤᠨ ᠮᠠᠯᠴᠢᠨ ᠲᠥᠮᠡᠨ ᠤ ᠭᠤᠤᠯ ᠴᠤᠭᠴᠠ ᠶᠢᠨ ᠥᠢᠯᠡᠳᠣᠯ ᠢ ᠳᠣᠪᠤᠶᠢᠯᠭᠠᠨ᠂ ᠤᠯᠠᠨ ᠲᠥᠮᠡᠨ ᠤ ᠢᠳᠡᠪᠬᠢᠳᠣ ᠴᠢᠨᠠᠷ ᠪᠠ ᠰᠠᠨᠠᠭᠠᠴᠢᠯᠠᠭᠠᠲᠤ ᠴᠢᠨᠠᠷ ᠢ ᠬᠥᠢᠴᠡᠳ ᠳᠠᠶᠢᠴᠢᠯᠠᠵᠤ᠂ ᠮᠠᠯᠴᠢᠨ ᠲᠥᠮᠡᠨ ᠤ ᠥᠢᠯᠠᠭᠠᠬᠤ ᠬᠡᠮᠵᠢᠶ᠎ᠡ᠂ ᠤᠷᠤᠯᠴᠠᠬᠤ ᠬᠡᠮᠵᠢᠶ᠎ᠡ ᠶᠢ ᠪᠥᠬᠦ ᠳᠠᠯ᠎ᠠ ᠪᠠᠷ ᠳᠡᠬᠡᠭᠰᠢᠯᠡᠬᠦᠯᠵᠤ᠂ ᠬᠥᠮᠥᠨ ᠪᠥᠬᠦᠨ ᠤᠷᠤᠯᠴᠠᠬᠤ ᠤᠬᠢ ᠰᠠᠶᠢᠨ ᠤᠷᠴᠢᠨ ᠠᠬᠤᠢ ᠶᠢ ᠪᠤᠢ ᠪᠤᠯᠭᠠᠬᠤ ᠬᠡᠷᠡᠭᠳᠠᠢ᠃          ᠬᠤᠶᠠᠷ ᠲᠤ ᠬᠤᠳᠠ ᠪᠠᠯᠭᠠᠰᠥ ᠶᠢᠨ ᠪᠥᠳᠥᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠬᠢᠷᠢ ᠲᠥᠪᠰᠢᠨ ᠢ ᠳᠡᠬᠡᠭᠰᠢᠯᠡᠬᠦᠯᠬᠦ ᠬᠡᠷᠡᠭᠳᠠᠢ᠃ ᠬᠤᠳᠠ ᠬᠥᠳᠡᠭᠡ ᠶᠢᠨ ᠲᠥᠯᠥᠪᠵᠢᠬᠦᠯᠬᠡ ᠶᠢᠨ ᠰᠢᠰᠲ᠋ᠧᠮ ᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ︽ᠮᠠᠨᠳᠠᠯᠳᠣ ᠪᠠᠯᠭᠠᠰᠥ ᠶᠢᠨ ᠬᠢᠵᠠᠭᠠᠷᠯᠠᠯ ᠤᠨ ᠴᠢᠨᠠᠷᠳᠠᠢ ᠨᠠᠷᠢᠨ ᠲᠥᠯᠥᠪᠵᠢᠬᠦᠯᠬᠡ︾ ᠶᠢ ᠰᠠᠶᠢᠳᠣᠷ ᠨᠠᠶᠢᠷᠠᠭᠤᠯᠤᠨ ᠵᠤᠬᠢᠶᠠᠬᠤ ᠬᠡᠷᠡᠭᠳᠠᠢ᠃ ᠬᠤᠳᠠ ᠪᠠᠯᠭᠠᠰᠥ ᠶᠢᠨ ᠲᠥᠯᠥᠪᠵᠢᠬᠦᠯᠬᠡ ᠶᠢᠨ ᠪᠥᠳᠥᠬᠡᠨ ᠪᠠᠶᠢᠭᠤᠯᠤᠯᠳᠠ ᠶᠢᠨ ᠬᠠᠮᠢᠶᠠᠷᠤᠯᠳᠠ ᠶᠢ ᠳᠡᠰ ᠳᠡᠪᠰᠢᠬᠦᠯᠬᠦ ᠠᠵᠢᠯᠯᠠᠭ᠎ᠠ ᠶᠢ ᠥᠷᠬᠦᠯᠵᠢᠯᠡᠨ ᠰᠠᠶᠢᠳᠣᠷ ᠬᠡᠷᠡᠭᠵᠢᠬᠦᠯᠵᠤ ᠂ ᠤᠷᠤᠨ ᠰᠠᠭᠤᠴᠠ ᠪᠥᠳᠥᠬᠡᠨ ᠪᠠᠶᠢᠭᠤᠯᠤᠯᠳᠠ ᠶᠢᠨ ᠰᠠᠯᠠᠭ᠎ᠠ ᠮᠥᠴᠢᠷ ᠠᠴᠠ ᠳᠣᠰᠬᠠᠶᠢᠵᠢᠭᠰᠠᠨ ᠲᠥᠯᠥᠪᠯᠡᠬᠦ ᠨᠢᠬᠡᠴᠡ ᠶᠢ ᠤᠷᠢᠨ ᠵᠠᠯᠠᠵᠤ᠂ ᠮᠠᠨᠳᠠᠯᠳᠣ ᠪᠠᠯᠭᠠᠰᠥ ᠶᠢᠨ ᠬᠤᠳᠠ ᠶᠢᠨ ᠪᠥᠳᠥᠬᠡᠨ ᠪᠠᠶᠢᠭᠤᠯᠤᠯᠳᠠ ᠶᠢᠨ ᠤᠳᠤᠬᠢ ᠪᠠᠶᠢᠳᠠᠯ ᠢ ᠪᠥᠬᠦᠢ ᠳᠤ ᠨᠢ ᠪᠤᠳᠣᠯᠬᠢᠯᠠᠵᠤ᠂ ︽ᠤᠨᠴᠠᠯᠢᠭ ᠲᠤᠳᠤ᠂ ᠠᠮᠢ ᠠᠬᠤᠢ ᠲᠤᠬᠢᠯᠢᠭ᠂ ᠲᠥᠬᠦᠬᠡᠷᠤᠮᠵᠢ ᠢᠵᠢ ᠪᠥᠷᠢᠨ᠂ ᠴᠢᠳᠠᠪᠬᠢ ᠳᠡᠬᠦᠯᠳᠡᠷ︾ ᠱᠠᠭᠠᠷᠳᠠᠯᠭ᠎ᠠ ᠶᠤᠰᠣᠭᠠᠷ᠂ ᠬᠤᠳᠠ ᠪᠠᠯᠭᠠᠰᠥ ᠶᠢᠨ ᠪᠥᠳᠥᠬᠡᠨ ᠪᠠᠶᠢᠭᠤᠯᠤᠯᠳᠠ ᠶᠢ ᠳᠡᠰ ᠳᠡᠪᠰᠢᠬᠦᠯᠬᠦ ᠳᠤ ᠲᠥᠯᠥᠪᠵᠢᠬᠦᠯᠬᠡ ᠳᠥᠰᠥᠪᠯᠡᠬᠦ ᠬᠡᠷᠡᠭᠳᠠᠢ᠃ ᠱᠤᠭ ᠵᠢᠷᠤᠭ ᠤᠨ ᠠᠭᠤᠳᠠᠮ ᠳᠠᠯᠠᠪᠠᠢ᠂ ᠬᠤᠣᠰ ᠬᠥᠷᠢᠶᠡᠯᠡᠯ ᠤᠨ ᠠᠭᠤᠳᠠᠮ ᠳᠠᠯᠠᠪᠠᠢ᠂ ᠰᠥᠨᠢᠳ ᠬᠤᠨᠢᠨ ᠰᠤᠶᠤᠯ ᠤᠨ ᠠᠵᠤ ᠥᠢᠯᠡᠰ ᠤᠨ ᠬᠥᠷᠢᠶᠡᠯᠡᠩ ᠪᠠ ᠭᠠᠵᠠᠷ ᠰᠢᠨᠵᠢᠯᠡᠬᠡᠨ ᠤ ᠴᠡᠴᠡᠷᠯᠢᠭ ᠤᠨ ᠮᠥᠽᠸᠢ ᠶᠢᠨ ᠲᠥᠷᠥᠯ ᠵᠥᠢᠯ ᠤᠨ ᠡᠮᠣᠨᠡᠬᠢ ᠬᠤᠭᠤᠴᠠᠭᠠᠨ ᠤ ᠠᠵᠢᠯ ᠢ ᠡᠬᠢᠯᠡᠬᠦᠯᠥᠨ᠎ᠡ᠃ ᠲᠤᠯᠠᠭᠠᠯᠭ᠎ᠠ ᠬᠠᠩᠭᠠᠬᠤ ᠬᠤᠶᠠᠳᠣᠭᠠᠷ ᠰᠥᠯᠵᠢᠶ᠎ᠡ ᠶᠢᠨ ᠥᠬᠡᠷᠡᠴᠢᠯᠠᠯᠳᠠ᠂ ᠲᠥᠬᠡᠬᠡᠯ ᠤᠰᠤᠨ ᠤ ᠥᠢᠯᠡᠳᠪᠤᠷᠢ ᠶᠢᠨ ᠤᠰᠤ ᠶᠢ ᠲᠤᠷᠤᠭᠰᠢᠯᠠᠭᠤᠯᠵᠤ ᠬᠥᠴᠢᠯᠳᠥ᠋ᠷᠥᠭᠴᠢ ᠬᠠᠩᠭᠠᠬᠤ ᠳᠠᠰᠤᠭ᠂ ᠪᠤᠵᠠᠷ ᠤᠰᠤ ᠶᠢ ᠴᠡᠪᠡᠷᠰᠢᠬᠦᠯᠵᠤ ᠬᠠᠳᠠᠭᠠᠯᠠᠬᠤ ᠴᠥᠬᠦᠷᠥᠮ᠂ ᠨᠤᠭᠤᠭᠠᠷᠠᠭᠤᠯᠤᠨ ᠠᠷᠠᠴᠢᠯᠠᠬᠤ ᠪᠠ ᠳᠣᠰᠣᠯᠠᠨ ᠤᠰᠤᠯᠠᠬᠤ ᠲᠥᠬᠦᠬᠡᠷᠤᠮᠵᠢ ᠶᠢᠨ ᠪᠠᠶᠢᠭᠤᠯᠤᠯᠳᠠ ᠵᠡᠷᠬᠡ ᠲᠥᠷᠥᠯ ᠵᠥᠢᠯ ᠢ ᠲᠥᠯᠬᠢᠨ ᠠᠬᠢᠭᠤᠯᠬᠤ ᠬᠡᠷᠡᠭᠳᠠᠢ᠃ ᠲᠥᠪᠯᠡᠷᠡᠬᠦᠯᠥᠨ ᠲᠤᠯᠠᠭᠠᠯᠭ᠎ᠠ ᠬᠠᠩᠭᠠᠬᠤ ᠲᠥᠬᠦᠬᠡᠷᠤᠮᠵᠢ ᠶᠢ ᠥᠷᠬᠡᠳᠬᠡᠨ ᠵᠠᠰᠠᠬᠤ ᠢᠨᠵᠧᠨᠧᠷᠢᠩ ppp ᠲᠥᠷᠥᠯ ᠵᠥᠢᠯ᠂ ᠤᠰᠤ ᠬᠠᠩᠭᠠᠬᠤ ᠥᠢᠯᠡᠳᠪᠤᠷᠢ ᠶᠢᠨ ᠬᠥᠬᠡᠷᠬᠡ ᠶᠢᠨ ᠳᠠᠰᠣᠯᠭ᠎ᠠ ᠶᠢᠨ ᠲᠥᠷᠥᠯ ᠵᠥᠢᠯ ᠪᠠ ᠮᠠᠨᠳᠠᠯᠳᠣ ᠪᠠᠯᠭᠠᠰᠥ ᠶᠢᠨ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠥᠨᠳᠣᠰᠣᠨ ᠲᠥᠬᠦᠬᠡᠷᠤᠮᠵᠢ ᠶᠢ ᠵᠡᠰᠠᠨ ᠥᠬᠡᠷᠡᠴᠢᠯᠡᠬᠦ ᠲᠥᠷᠥᠯ ᠵᠥᠢᠯ ᠢ ᠰᠠᠶᠢᠳᠣᠷ ᠵᠤᠬᠢᠶᠠᠨ ᠪᠠᠶᠢᠭᠤᠯᠤᠨ ᠬᠡᠷᠡᠭᠵᠢᠬᠦᠯᠬᠦ ᠬᠡᠷᠡᠭᠳᠠᠢ᠃ ︽ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ ᠤ ᠬᠤᠳᠠ ᠶᠢ ᠨᠠᠷᠢᠯᠢᠭ ᠤᠨᠤᠪᠴᠢᠳᠠᠢ ᠪᠠᠷ ᠬᠠᠮᠢᠶᠠᠷᠬᠤ ᠶᠢ ᠬᠥᠨᠵᠡᠬᠡᠢ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ︾ ︽ᠥᠪᠤᠷ ᠮᠤᠩᠭᠤᠯ  ᠤᠨ ᠥᠪᠡᠷᠳᠡᠬᠡᠨ ᠵᠠᠰᠠᠬᠤ ᠤᠷᠤᠨ ᠤ ᠬᠤᠳᠠ ᠶᠢ ᠨᠠᠷᠢᠯᠢᠭ ᠤᠨᠤᠪᠴᠢᠳᠠᠢ ᠪᠠᠷ ᠬᠠᠮᠢᠶᠠᠷᠬᠤ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠪ ︵2018 —2020 ᠤᠨ︶︾ ᠱᠠᠭᠠᠷᠳᠠᠯᠭ᠎ᠠ ᠶᠢ ᠨᠠᠶᠢᠳᠡᠪᠤᠷᠢᠵᠢᠭᠤᠯᠵᠤ᠂ ᠬᠤᠳᠠ ᠶᠢᠨ ᠬᠠᠮᠢᠶᠠᠷᠣᠯᠳᠠ ᠶᠢᠨ ᠬᠢᠷᠢ ᠲᠥᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠥᠨ᠂ ᠬᠤᠳᠠ ᠶᠢᠨ ᠬᠠᠮᠢᠶᠠᠷᠤᠯᠳᠠ ᠶᠢᠨ ᠶᠡᠷᠥᠩᠬᠡᠶᠢᠯᠡᠭᠰᠡᠨ ᠬᠠᠤᠯᠢ ᠬᠡᠷᠡᠭᠵᠢᠬᠦᠯᠬᠦ ᠬᠥᠴᠥᠯᠡᠴᠡ ᠶᠢ ᠴᠢᠩᠭᠠᠳᠬᠠᠨ᠂ ᠡᠬᠦᠳᠡᠨ ᠡᠮᠣᠨᠡᠬᠢ ᠭᠤᠷᠪᠠᠨ ᠬᠠᠷᠢᠭᠤᠴᠠᠯᠭ᠎ᠠ ᠶᠢᠨ ᠬᠠᠷᠢᠭᠤᠴᠠᠯᠭᠠᠲᠤ ᠲᠥᠷᠢᠮ ᠢ ᠪᠥᠬᠦ ᠳᠠᠯ᠎ᠠ ᠪᠠᠷ ᠨᠡᠶᠢᠳᠡᠪᠤᠷᠢᠵᠢᠭᠤᠯᠵᠤ᠂ ᠲᠤᠷ᠎ᠠ ᠪᠠᠷ ᠵᠤᠭᠰᠤᠬᠤ᠂ ᠲᠤᠷ᠎ᠠ ᠪᠠᠷ ᠳᠠᠯᠪᠢᠬᠤ᠂ ᠲᠤᠷ᠎ᠠ ᠪᠠᠷ ᠤᠪᠤᠭᠠᠯᠠᠬᠤ ᠵᠡᠷᠬᠡ ᠢᠯᠡᠷᠡᠯ  ᠢ ᠬᠥᠴᠥᠯᠡᠨ ᠴᠡᠭᠴᠡᠯᠡᠨ᠎ᠡ᠃ ᠠᠳᠠᠯ ᠠᠬᠤᠢ ᠶᠢᠨ ᠬᠠᠮᠢᠶᠠᠷᠣᠯᠳᠠ ᠪᠠ ᠥᠢᠯᠡᠴᠢᠯᠡᠬᠡᠨ ᠤ ᠬᠢᠷᠢ ᠲᠥᠪᠰᠢᠨ ᠢ ᠭᠤᠤᠯᠳᠠᠯᠭ᠎ᠠ ᠲᠠᠢ ᠳᠡᠬᠡᠭᠰᠢᠯᠡᠬᠦᠯᠬᠦ ᠬᠡᠷᠡᠭᠳᠠᠢ᠃ ᠤᠳᠤᠬᠠᠨ ᠳᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢᠨ ᠪᠥᠷᠬᠦᠴᠡ ᠨᠢ ᠵᠥᠪᠬᠡᠨ 25 % ᠪᠠᠶᠢᠵᠤ᠂ ᠠᠵᠢᠯ ᠲᠥᠷᠥᠯ ᠤᠨ ᠶᠡᠷᠥᠩᠬᠡᠢ ᠬᠢᠷᠢ ᠲᠥᠪᠰᠢᠨ ᠨᠢ ᠨᠠᠶᠢᠳᠠᠮ ᠥᠨᠳᠣᠷ ᠪᠢᠰᠢ᠂ ᠥᠢᠯᠡᠴᠢᠯᠡᠬᠡᠨ ᠤ ᠪᠠᠷᠢᠮᠵᠢᠶᠠᠵᠢᠭᠰᠠᠨ ᠲᠥᠷᠢᠮᠵᠢᠭᠰᠡᠨ ᠰᠢᠰᠲ᠋ᠧᠮ ᠳᠡᠬᠦᠯᠳᠡᠷ ᠪᠤᠰᠥ᠂ ᠠᠳᠠᠯ ᠠᠬᠤᠢ ᠶᠢᠨ ᠰᠣᠶᠢᠳᠬᠡᠯ ᠬᠤᠷᠢᠶᠠᠬᠤ ᠳᠤ ᠬᠥᠴᠢᠷᠳᠡᠯᠳᠠᠢ ᠵᠡᠷᠬᠡ ᠠᠰᠠᠭᠤᠳᠠᠯ ᠤᠷᠤᠰᠢᠵᠤ ᠪᠤᠢ᠃ ᠥᠨᠤ ᠵᠢᠯ ᠤᠯᠤᠰ ᠤᠨ ︽ᠠᠷᠢᠭᠤᠨ ᠴᠡᠪᠡᠷ ᠬᠤᠳᠠ ᠪᠠᠯᠭᠠᠰᠥ ᠶᠢ ᠡᠬᠦᠳᠣᠨ ᠪᠠᠶᠢᠭᠤᠯᠬᠤ︾ ᠠᠵᠢᠯ ᠲᠠᠢ ᠤᠶᠠᠯᠳᠣᠭᠤᠯᠤᠨ᠂ ᠪᠥᠬᠦ ᠠᠶᠢᠮᠠᠭ ᠲᠠᠢ ᠬᠠᠮᠳᠣᠪᠠᠷ ︽ᠠᠳᠠᠯ ᠠᠬᠤᠢ ᠶᠢᠨ ᠬᠠᠮᠢᠶᠠᠷᠤᠯᠳᠠ ᠶᠢᠨ ᠥᠢᠯᠡᠴᠢᠯᠡᠭᠡ ᠶᠢᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠬᠦ ᠤᠨ︾ ᠬᠥᠳᠡᠯᠬᠡᠬᠡᠨ ᠢ ᠥᠷᠨᠢᠬᠦᠯᠵᠤ ᠂ ᠪᠥᠬᠦ ᠬᠤᠰᠢᠭᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠶᠠᠰᠤ ᠴᠢᠨᠠᠷ ᠢ ᠳᠡᠬᠡᠭᠰᠢᠯᠡᠬᠦᠯᠬᠦ ᠶᠢ ᠴᠢᠷᠮᠠᠶᠢᠨ ᠠᠬᠢᠭᠤᠯᠬᠤ ᠬᠡᠷᠡᠭᠳᠠᠢ᠃          ᠭᠤᠷᠪᠠ ᠳᠤ ᠰᠠᠭᠤᠷᠢ ᠳᠦᠭᠦᠭᠡᠷᠤᠮᠵᠢ ᠶᠢᠨ ᠪᠦᠳᠣᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠴᠢᠩᠭᠠᠥᠨᠬᠠᠬᠤ ᠭᠡᠷᠡᠭᠳᠠᠢ᠃ ᠵᠠᠰᠠᠮᠠᠯ ᠵᠠᠮ ᠤᠨ ᠳᠠᠯ᠎ᠠ ᠳᠤ᠂ ᠢᠳᠡᠪᠭᠢᠳᠠᠢ ᠪᠠᠷ ᠨᠣᠷᠠᠭᠠᠨ ᠰᠢᠯᠵᠢᠭᠦᠯᠭᠦ ᠠᠵᠢᠯ ᠢ ᠬᠠᠮᠵᠢᠯᠴᠠᠨ᠂ ᠤᠯᠤᠰ ᠤᠨ ᠳᠡᠰ ᠤᠨ ᠵᠠᠰᠠᠮᠠᠯ ᠵᠠᠮ 331 ᠱᠤᠭᠤᠮ ᠮᠠᠨᠳᠠᠯᠳᠣ ᠪᠠᠯᠭᠠᠰᠣᠨ ᠠᠴᠠ ᠪᠡᠯᠬᠦᠳᠡᠢ ᠭᠦᠷᠭᠦ ᠵᠠᠰᠠᠮᠠᠯ ᠵᠠᠮ ᠤᠨ ᠠᠵᠢᠯ ᠤᠨ ᠠᠭᠢᠴᠠ ᠶᠢ ᠲᠥᠷᠬᠡᠳᠬᠡᠬᠦ ᠭᠡᠷᠡᠭᠳᠠᠢ᠃ ︽ᠳᠦᠷᠪᠡᠨ ᠰᠠᠶᠢᠨ ᠭᠦᠳᠡᠭᠡ ᠳᠣᠰᠬᠤᠨ ᠤ ᠵᠠᠮ︾ ᠤᠨ ᠵᠢᠱᠢᠶᠡᠴᠢ ᠬᠤᠰᠢᠭᠤᠨ ᠤ ᠳᠡᠮᠵᠢᠯᠭᠡ ᠶᠢᠨ ᠴᠢᠨᠠᠷᠳᠠᠢ ᠳᠦᠷᠣ ᠶᠢᠨ ᠪᠤᠳᠣᠯᠭ᠎ᠠ ᠶᠢ ᠭᠦᠢᠴᠡᠥᠨ ᠠᠰᠢᠬᠯᠠᠵᠤ᠂ ︽ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ᠂ ᠵᠦᠭᠡᠭᠡᠪᠤᠷᠢᠯᠡᠭᠦ︾ ᠶᠡᠷᠤᠩᠭᠡᠢ ᠭᠢᠷᠢ ᠳᠦᠪᠰᠢᠨ ᠢ ᠳᠡᠭᠡᠭᠰᠢᠭᠦᠯᠤᠨ᠂ X518 — ᠰᠠᠶᠢᠬᠠᠨᠳᠠᠯ᠎ᠠ ᠭᠠᠴᠠᠭ᠎ᠠ ︵C016 ᠱᠤᠭᠤᠮ︶ 12.49 ᠺᠢᠯᠤᠮᠧᠲᠷ ᠮᠠᠯᠵᠢᠬᠤ ᠣᠷᠣᠨ ᠤ ᠵᠠᠰᠠᠮᠠᠯ ᠵᠠᠮ ᠤᠨ ᠶᠡᠭᠡ ᠳᠣᠮᠳᠠ ᠳᠡᠰ ᠤᠨ ᠵᠠᠰᠠᠨ ᠬᠠᠮᠠᠭᠠᠯᠠᠬᠤ ᠢᠨᠵᠧᠨᠧᠷᠢᠩ ᠢ ᠰᠠᠶᠢᠳᠣᠷ ᠭᠡᠷᠡᠭᠵᠢᠭᠦᠯᠭᠦ ᠭᠡᠷᠡᠭᠳᠠᠢ᠃ ᠵᠢᠭᠤᠴᠢᠯᠠᠯ ᠤᠨ ᠵᠠᠰᠠᠮᠠᠯ ᠵᠠᠮ ᠤᠨ ᠳᠦᠷᠤᠯ ᠵᠦᠢᠯ ᠢ ᠢᠳᠡᠪᠭᠢᠳᠠᠢ ᠪᠠᠷ ᠡᠷᠡᠮᠡᠯᠵᠢᠯᠡᠵᠤ᠂ ᠮᠠᠯᠵᠢᠬᠤ ᠣᠷᠣᠨ ᠤ ᠵᠠᠰᠠᠮᠠᠯ ᠵᠠᠮ ᠤᠨ ᠳᠡᠰ ᠳᠡᠪᠰᠢᠭᠦᠯᠭᠦ ᠶᠢ ᠠᠭᠢᠭᠤᠯᠤᠨ᠂ ᠭᠢᠯᠢ ᠶᠢᠨ ᠬᠠᠮᠠᠭᠠᠯᠠᠯᠳᠠ ᠶᠢᠨ ᠵᠠᠰᠠᠮᠠᠯ ᠵᠠᠮ ᠤᠨ ᠳᠦᠷᠤᠯ ᠵᠦᠢᠯ ᠤᠨ ᠡᠭᠢᠯᠡᠯᠳᠡ ᠤᠨ ᠠᠵᠢᠯ ᠢ ᠰᠠᠶᠢᠳᠣᠷ ᠬᠠᠮᠵᠢᠯᠴᠠᠨ ᠡᠭᠢᠯᠡᠭᠦᠯᠭᠦ ᠭᠡᠷᠡᠭᠳᠠᠢ᠃ ᠴᠠᠭᠢᠯᠭᠠᠨ ᠭᠦᠴᠤᠨ  ᠤ ᠳᠠᠯ᠎ᠠ ᠳᠤ᠂ 6000 ᠳᠦᠮᠡᠨ ᠳᠦᠭᠦᠷᠢᠭ ᠤᠨ ᠪᠡᠯᠡ ᠮᠦᠩᠭᠦ ᠣᠷᠣᠭᠤᠯᠵᠤ᠂ ᠳᠠᠷᠢᠶᠠᠯᠠᠬᠤ ᠮᠠᠯᠵᠢᠬᠤ ᠣᠷᠣᠨ ᠤ ᠴᠠᠭᠢᠯᠭᠠᠨ ᠳᠣᠣᠷ ᠤᠨ ᠳᠡᠰ ᠳᠡᠪᠰᠢᠭᠦᠯᠵᠤ ᠦᠭᠡᠷᠡᠴᠢᠯᠡᠭᠦ ᠠᠵᠢᠯ ᠪᠠ ᠬᠤᠳᠠ ᠪᠠᠯᠭᠠᠰᠣᠨ ᠤ ᠬᠠᠭᠤᠴᠢᠨ ᠴᠠᠭᠢᠯᠭᠠᠨ ᠬᠡᠮᠵᠢᠭᠦᠷ ᠢ ᠰᠣᠯᠢᠬᠤ ᠠᠵᠢᠯ ᠢ ᠦᠷᠭᠦᠯᠵᠢᠯᠡᠨ ᠭᠡᠷᠡᠭᠵᠢᠭᠦᠯᠤᠨ᠂ ᠪᠦᠭᠦ ᠬᠤᠰᠢᠭᠤᠨ ᠤ ᠠᠮᠢᠳᠣᠷᠠᠯ ᠦᠢᠯᠡᠥᠨᠪᠤᠷᠢᠯᠡᠯ  ᠤᠨ ᠴᠠᠭᠢᠯᠭᠠᠨ ᠭᠡᠷᠡᠭᠯᠡᠭᠦ ᠠᠮᠤᠷ ᠳᠦᠪᠰᠢᠨ ᠢ ᠦᠨᠡᠨᠬᠦ ᠪᠠᠳᠣᠯᠠᠬᠤ ᠭᠡᠷᠡᠭᠳᠠᠢ᠃ ᠣᠰᠣᠨ ᠠᠰᠢᠬᠯᠠᠯᠳᠠ ᠶᠢᠨ ᠳᠠᠯ᠎ᠠ  ᠳᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠤᠨ ᠣᠰᠣᠨ ᠠᠰᠢᠬᠯᠠᠯᠳᠠ ᠶᠢᠨ ᠳᠦᠷᠤᠯ ᠵᠤᠶᠢᠯ᠂ ᠮᠠᠯᠵᠢᠬᠤ ᠣᠷᠣᠨ ᠤ ᠣᠭᠤᠥᠨᠬᠤ ᠣᠰᠣᠨ ᠤ ᠠᠮᠤᠷ ᠳᠦᠪᠰᠢᠨ ᠤ ᠢᠨᠵᠧᠨᠧᠷᠢᠩ᠂ ᠮᠠᠯᠵᠢᠬᠤ ᠣᠷᠣᠨ ᠤ ᠣᠰᠣ ᠬᠠᠳᠠᠭᠠᠯᠠᠬᠤ ᠵᠤᠭᠤᠷᠢ ᠶᠢᠨ ᠢᠨᠵᠧᠨᠧᠷᠢᠩ ᠢ ᠰᠠᠶᠢᠳᠣᠷ ᠠᠳᠬᠤᠵᠤ᠂ ᠵᠢᠯ ᠤᠨ ᠳᠤᠳᠤᠷ᠎ᠠ ᠮᠠᠯᠵᠢᠬᠤ ᠣᠷᠣᠨ ᠳᠤ ᠣᠰᠣᠨ ᠬᠤᠳᠳᠤᠭ 151᠂ 20 ᠳᠣᠨ ᠤ ᠣᠰᠣ ᠬᠠᠳᠠᠭᠠᠯᠠᠬᠤ ᠵᠤᠭᠤᠷᠢ 500 ᠶᠢ ᠰᠢᠨ᠎ᠡ ᠪᠠᠷ ᠪᠠᠶᠢᠭᠤᠯᠤᠨ᠎ᠠ᠃ ᠣᠭᠤᠥᠨᠬᠤ ᠣᠰᠣᠨ ᠤ ᠹᠠᠯᠤᠷ ᠭᠡᠳᠣᠷᠡᠭᠰᠡᠨ ᠠᠴᠠ ᠪᠤᠯᠤᠭᠰᠠᠨ ᠣᠷᠣᠨ ᠨᠤᠳᠤᠭ ᠤᠨ ᠡᠪᠡᠥᠨᠴᠢᠨ ᠡᠮᠭᠡᠭ ᠢ ᠰᠡᠷᠬᠡᠶᠢᠯᠡᠬᠦ ᠢᠨᠵᠧᠨᠧᠷᠢᠩ ᠢ ᠡᠭᠢᠯᠡᠭᠦᠯᠵᠤ᠂ ᠭᠡᠷ ᠲᠤ ᠭᠡᠷᠡᠭᠯᠡᠭᠦ ᠣᠰᠣ ᠠᠷᠢᠭᠤᠥᠨᠬᠠᠬᠤ ᠳᠦᠭᠦᠭᠡᠷᠤᠮᠵᠢ 2254 ᠢᠵᠢ ᠶᠢ ᠣᠬᠰᠠᠷᠠᠨ᠎ᠠ᠃ ᠴᠢᠮᠡᠭᠡ  ᠬᠤᠯᠪᠤᠭᠠᠨ ᠤ ᠳᠠᠯ᠎ᠠ ᠳᠤ᠂ ᠷᠠᠳᠢᠤ᠋ ᠲᠧᠯᠸᠢᠰ ᠳᠤᠤᠷ ᠰᠦᠯᠵᠢᠶᠡᠨ ᠤ ᠮᠠᠯᠵᠢᠬᠤ ᠣᠷᠣᠨ ᠳᠤ ᠰᠣᠷᠠᠭ ᠵᠠᠩᠬᠢ ᠶᠢᠨ ᠦᠢᠯᠡᠴᠢᠯᠡᠭᠡ ᠶᠢ ᠡᠷᠣᠬᠡ ᠳᠤ ᠤᠷᠤᠭᠤᠯᠬᠤ ᠢᠨᠵᠧᠨᠧᠷᠢᠩ ᠢ ᠰᠠᠶᠢᠳᠣᠷ ᠭᠡᠷᠡᠭᠵᠢᠭᠦᠯᠵᠤ᠂ ᠵᠢᠯ ᠤᠨ ᠳᠤᠳᠤᠷ᠎ᠠ ᠣᠯᠠᠨ ᠵᠠᠭᠤᠴᠢᠳᠦ ᠰᠣᠷᠠᠭ ᠵᠠᠩᠭᠢ ᠶᠢᠨ ᠦᠷᠳᠡᠭᠡ  ᠶᠢ 60 ᠶᠢ ᠪᠠᠶᠢᠭᠤᠯᠵᠤ᠂ ᠭᠡᠷᠡᠯᠯᠢᠭ ᠣᠳᠠᠰᠣ 290 ᠺᠢᠯᠤᠮᠧᠲᠷ  ᠳᠠᠳᠠᠵᠤ᠂ ᠮᠠᠯᠴᠢᠨ ᠳᠦᠮᠡᠨ ᠤ ᠦᠨᠳᠣᠰᠣᠨ ᠨᠡᠶᠢᠭᠡᠮ ᠨᠠᠶᠢᠳᠡ ᠶᠢᠨ ᠦᠢᠯᠡᠴᠢᠯᠡᠭᠡ ᠪᠣᠯᠣᠨ ᠰᠣᠷᠠᠭ ᠵᠠᠩᠭᠢ ᠶᠢᠨ ᠭᠡᠷᠡᠭᠴᠡᠭᠡ ᠶᠢ ᠪᠠᠳᠣᠯᠠᠬᠤ ᠭᠡᠷᠡᠭᠳᠠᠢ᠃          ︵ᠳᠠᠪᠤ︶ ᠳᠠᠯ᠎ᠠ ᠨᠣᠳᠤᠭ ᠤᠨ ᠠᠮᠢ ᠠᠬᠤᠢ ᠬᠠᠮᠠᠭᠠᠯᠠᠯᠳᠠ ᠶᠢᠨ ᠪᠦᠳᠣᠭᠡᠨ ᠪᠠᠶᠢᠭᠤᠯᠤᠯᠳᠠ ᠶᠢ ᠳᠠᠰᠣᠷᠠᠯᠳᠠ ᠦᠭᠡᠢ ᠴᠢᠩᠭᠠᠥᠨᠬᠠᠬᠤ ᠭᠡᠷᠡᠭᠳᠠᠢ᠃ ᠡᠯ᠎ᠡ ᠰᠤᠮᠤ ᠪᠠᠯᠭᠠᠰᠦ᠂ ᠪᠠᠶᠢᠭᠤᠯᠭ᠎ᠠ ᠨᠢᠬᠡᠴᠡ ᠡᠷᠭᠡᠪᠰᠢ ᠠᠮᠢ ᠠᠬᠤᠢ᠂ ᠨᠤᠳᠤᠭ ᠤᠰᠤ ᠪᠠᠨ ᠬᠠᠶᠢᠷᠠᠯᠠᠨ ᠬᠠᠮᠠᠭᠠᠯᠠᠬᠤ ᠦᠵᠡᠯᠳᠡ ᠳᠠᠨᠢᠯᠳᠠ ᠶᠢ ᠪᠤᠢ ᠪᠤᠯᠭᠠᠵᠤ᠂ ︽ᠭᠢᠵᠠᠭᠠᠷᠯᠠᠬᠤ ᠂ ᠵᠤᠷᠢᠬᠵᠢᠭᠤᠯᠬᠤ᠂ ᠴᠡᠭᠴᠡᠯᠡᠭᠦ᠂ ᠬᠠᠮᠢᠶᠠᠷᠬᠤ︾ ᠳᠦᠷᠪᠡᠨ ᠳᠠᠯ᠎ᠠ ᠠᠴᠠ ᠭᠠᠷᠳᠠᠨ᠂ ᠳᠠᠯ᠎ᠠ ᠨᠣᠳᠤᠭ ᠤᠨ ᠠᠮᠢ ᠠᠬᠤᠢ ᠣᠷᠴᠢᠨ ᠳᠣᠭᠤᠷᠢᠨ ᠢ ᠳᠠᠰᠣᠷᠠᠯᠳᠠ ᠦᠭᠡᠢ ᠰᠠᠶᠢᠵᠢᠷᠠᠭᠤᠯᠬᠤ ᠶᠢ ᠠᠭᠢᠭᠤᠯᠬᠤ ᠭᠡᠷᠡᠭᠳᠠᠢ᠃ ︽ᠭᠢᠵᠠᠭᠠᠷᠯᠠᠬᠤ︾ ᠳᠠᠯ᠎ᠠ ᠲᠤ᠂ ᠰᠢᠨᠵᠢᠯᠡᠭᠦ ᠣᠬᠠᠭᠠᠨᠴᠢ ᠪᠠᠷ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠳᠣᠬᠳᠠᠭᠠᠬᠤ ᠶᠢᠨ ᠬᠠᠮᠳᠣ ᠴᠢᠩᠭ᠎ᠠ ᠵᠢᠷᠤᠮᠯᠠᠬᠤ ᠪᠠᠷ ᠭᠤᠤᠯᠳᠠᠯᠭ᠎ᠠ ᠪᠤᠯᠭᠠᠬᠤ ᠬᠡᠷᠡᠭᠳᠡᠢ᠃ ᠨᠢᠳᠣᠨᠣᠨ ᠪᠢᠳᠡ ᠪᠦᠬᠦ ᠬᠤᠰᠢᠭᠤᠨ ᠤ 77.03% ᠤᠨ ᠨᠤᠳᠤᠭ ᠳᠡᠪᠢᠰᠬᠡᠷ ᠢ ᠠᠩᠬ᠎ᠠ ᠠᠯᠬᠤᠮ ᠠᠮᠢ ᠠᠬᠤᠢ ᠤᠨ ᠬᠠᠮᠠᠭᠠᠯᠠᠯᠳᠠ ᠶᠢᠨ ᠬᠤᠷᠢᠭ᠎ᠠ ᠱᠤᠭᠤᠮ ᠤᠨ ᠭᠥᠷᠢᠶ᠎ᠡ ᠭᠡᠪᠴᠢᠶᠡᠨ ᠳᠤ ᠤᠷᠤᠭᠤᠯᠪᠠ᠂ ᠡᠨᠡ ᠵᠢᠯ ᠡᠷᠭᠡᠪᠰᠢ ᠳᠡᠭᠡᠷ᠎ᠡ ᠱᠠᠳᠣᠨ ᠤ ᠱᠠᠭᠠᠷᠳᠠᠯᠭ᠎ᠠ ᠶᠤᠰᠤᠭᠠᠷ᠂ ᠬᠤᠷᠢᠭ᠎ᠠ ᠱᠤᠭᠤᠮ ᠤᠨ ᠴᠢᠭ ᠳᠡᠮᠳᠡᠭ ᠢ ᠳᠣᠬᠳᠠᠭᠠᠬᠤ ᠵᠡᠷᠭᠡ ᠠᠵᠢᠯ ᠢ ᠰᠠᠶᠢᠳᠣᠷ ᠭᠢᠭᠦ ᠭᠡᠷᠡᠭᠳᠠᠢ᠃ ᠭᠠᠵᠠᠷ ᠰᠢᠷᠤᠢ ᠤᠨ ᠠᠰᠢᠬᠯᠠᠯᠳᠠ᠂ ᠬᠤᠳᠠ ᠭᠦᠳᠡᠭᠡ ᠶᠢᠨ ᠪᠦᠳᠣᠭᠡᠨ ᠪᠠᠶᠢᠭᠤᠯᠤᠯᠳᠠ᠂ ᠠᠭᠤᠷᠬᠠᠢ ᠡᠭᠢ ᠪᠠᠶᠠᠯᠢᠭ ᠢ ᠨᠡᠭᠡᠭᠡᠨ ᠠᠰᠢᠬᠯᠠᠬᠤ ᠳᠦᠰᠦᠯ ᠳᠦᠯᠦᠪᠯᠡᠭᠡ ᠶᠢ ᠵᠠᠰᠠᠨ ᠨᠠᠶᠢᠷᠠᠭᠤᠯᠬᠤ ᠳᠤ ᠡᠷᠬᠡᠪᠰᠢ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠣᠭᠤᠮ ᠢᠶᠠᠷ ᠭᠤᠤᠯ ᠦᠨᠳᠣᠰᠣᠯᠡᠯ ᠪᠠ ᠤᠷᠢᠳᠠᠯ ᠨᠦᠭᠦᠴᠡᠯ ᠪᠣᠯᠭᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠣ ᠰᠠᠬᠢᠬᠤ ᠬᠡᠷᠡᠭᠳᠠᠢ᠃ ︽ᠵᠤᠷᠢᠬᠵᠢᠭᠤᠯᠬᠤ︾ ᠳᠠᠯ᠎ᠠ ᠳᠤ ᠂ ᠳᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢᠯᠡᠨ ᠱᠠᠩᠨᠠᠬᠤ ᠳᠦᠷᠤ ᠤᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠪᠠᠷ ᠭᠤᠤᠯᠳᠠᠭ᠎ᠠ ᠪᠤᠯᠭᠠᠬᠤ ᠬᠡᠷᠡᠭᠳᠡᠢ᠃ ᠰᠢᠨ᠎ᠡ ᠡᠭᠡᠯᠵᠢ ᠶᠢᠨ ᠳᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢᠯᠡᠨ ᠱᠠᠩᠨᠠᠬᠤ ᠳᠦᠷᠤ ᠤᠨ ᠪᠤᠳᠤᠯᠭ᠎ᠠ ᠶᠢ ᠨᠢᠭᠡᠨᠳᠡ ᠭᠤᠷᠪᠠᠨ ᠵᠢᠯ ᠭᠡᠷᠡᠭᠵᠢᠭᠦᠯᠪᠡ᠂ ᠬᠡᠳᠦᠶᠢᠪᠡᠷ ᠮᠡᠳᠡᠭᠳᠡᠮ᠎ᠡ ᠠᠮᠵᠢᠯᠳᠠ ᠣᠯᠤᠭᠰᠡᠨ ᠪᠤᠯᠪᠠᠴᠤ ᠪᠠᠰᠠ ᠤᠯᠠᠨ ᠠᠰᠠᠭᠤᠳᠠᠯ ᠣᠷᠣᠰᠢᠵᠤ ᠪᠠᠶᠢᠨ᠎ᠠ᠃ ᠡᠨᠡ ᠵᠢᠯ᠂ ᠠᠶᠢᠮᠠᠭ ᠠᠴᠠ ᠳᠣᠰᠬᠠᠢ ᠭᠢᠨᠠᠨ ᠪᠤᠳᠤᠯᠳᠠ ᠶᠢᠨ ᠳᠤᠮᠳᠠ ᠢᠯᠡᠷᠡᠭᠰᠡᠨ ᠠᠰᠠᠭᠤᠳᠠᠯ ᠢ ᠴᠡᠭᠴᠡᠯᠡᠨ ᠵᠠᠰᠠᠭᠰᠠᠨ ᠪᠠᠶᠢᠳᠠᠯ ᠪᠠ ᠳᠦᠷᠣ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠳᠣᠰᠬᠠᠢ ᠳᠣᠭᠤᠷᠢᠨ ᠪᠠᠶᠢᠴᠠᠭᠠᠯᠳᠠ ᠬᠢᠬᠦ ᠪᠠᠷ ᠳᠤᠭᠳᠠᠭᠰᠠᠨ ᠪᠠᠶᠢᠨ᠎ᠠ᠃ ᠡᠯ᠎ᠡ ᠰᠤᠮᠤ ᠪᠠᠯᠭᠠᠰᠤ᠂ ᠬᠠᠮᠢᠶ᠎ᠠ ᠪᠦᠭᠦᠢ ᠪᠠᠶᠢᠭᠤᠯᠭ᠎ᠠ ᠡᠷᠬᠡᠪᠰᠢ ᠳᠦᠷᠤ ᠶᠢᠨ ᠪᠤᠳᠣᠯᠭ᠎ᠠ ᠶᠢᠨ ᠵᠠᠭᠠᠭ ᠱᠤᠭᠤᠮ ᠪᠠ ᠪᠠᠷᠢᠮᠵᠢᠶ᠎ᠠ ᠳᠤᠭᠳᠠᠭᠠᠯ ᠢ ᠪᠠᠳᠣ ᠪᠠᠷᠢᠮᠳᠠᠯᠠᠨ᠂ ᠬᠠᠥᠯᠢ ᠬᠡᠷᠡᠭᠵᠢᠬᠦᠯᠵᠦ ᠬᠢᠨᠠᠨ ᠪᠠᠶᠢᠴᠠᠭᠠᠬᠤ ᠬᠦᠴᠦᠯᠡᠴᠡ ᠪᠠᠨ ᠴᠢᠩᠭᠠᠥᠨᠬᠠᠵᠤ᠂ ᠳᠣᠳᠣᠭᠠᠳᠣ ᠳᠠᠭᠠᠨ ᠦᠪᠡᠷ ᠤᠨ ᠪᠠᠶᠢᠴᠠᠭᠠᠯᠳᠠ ᠭᠢᠵᠤ᠂ ᠨᠦᠬᠦᠪᠦᠷᠢᠯᠡᠨ ᠱᠠᠩᠨᠠᠬᠤ ᠳᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ ᠨᠦᠭᠦᠪᠤᠷᠢ ᠮᠦᠩᠭᠦ ᠶᠢ ᠬᠠᠥᠯᠢ ᠶᠤᠰᠣᠭᠠᠷ ᠳᠠᠯᠪᠢᠬᠤ ᠶᠢ ᠪᠠᠳᠣᠯᠠᠵᠤ᠂ ᠦᠨᠡᠨᠬᠦ ᠠᠮᠢ ᠠᠬᠤᠢ ᠶᠢᠨ ᠬᠠᠮᠠᠭᠠᠯᠠᠯᠳᠠ ᠶᠢᠨ ᠦᠷ᠎ᠡ ᠠᠰᠢᠭ ᠢ ᠡᠬᠦᠳᠬᠦ ᠬᠡᠷᠡᠭᠳᠡᠢ᠃ ᠡᠭᠦᠨ ᠤ ᠬᠠᠮᠳᠣ᠂ ᠮᠠᠯᠵᠢᠬᠤ ᠶᠢ ᠵᠤᠬᠰᠣᠭᠠᠬᠤ᠂ ᠮᠠᠯ ᠪᠡᠯᠴᠢᠭᠡᠷ ᠤᠨ ᠲᠡᠩᠴᠡᠭᠦᠷᠢᠰᠢᠯ᠂ ᠬᠠᠪᠤᠷ ᠤᠨ ᠬᠠᠰᠢᠶᠠᠯᠠᠭ᠎ᠠ ᠶᠢᠨ ᠠᠵᠢᠯ ᠢ ᠰᠠᠶᠢᠳᠣᠷ ᠭᠢᠵᠤ᠂ ᠨᠤᠳᠤᠭ ᠪᠡᠯᠴᠢᠭᠡᠷ ᠤᠨ ᠳᠠᠭᠠᠭᠠᠴᠠ ᠶᠢ ᠬᠦᠩᠭᠡᠯᠡᠵᠦ᠂ ᠳᠠᠯ᠎ᠠ ᠨᠣᠳᠤᠭ ᠤᠨ ᠤᠷᠭᠤᠯᠳᠠ ᠰᠡᠷᠭᠦᠬᠡᠯᠳᠡ ᠶᠢ ᠳᠦᠯᠭᠢᠨ ᠠᠭᠢᠭᠤᠯᠤᠨ᠎ᠠ᠃ ︽ᠴᠡᠭᠴᠡᠯᠡᠬᠦ︾ ᠳᠠᠯ᠎ᠠ ᠳᠤ᠂ ᠴᠢᠬᠤᠯᠠ ᠶᠡᠭᠡ ᠠᠮᠢ ᠠᠬᠤᠢ ᠶᠢᠨ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠰᠠᠶᠢᠳᠤᠷ ᠶᠠᠪᠤᠭᠳᠠᠭᠤᠯᠬᠤ ᠪᠠᠷ ᠭᠤᠤᠯᠳᠠᠯᠭ᠎ᠠ ᠪᠤᠯᠭᠠᠬᠤ ᠬᠡᠷᠡᠭᠳᠡᠢ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠢᠨᠵᠧᠨᠧᠷᠢᠩ ᠢ ᠦᠷᠬᠦᠯᠵᠢᠯᠡᠨ ᠰᠠᠶᠢᠳᠤᠷ ᠬᠡᠷᠡᠭᠵᠢᠬᠦᠯᠵᠦ᠂ 3 ᠲᠦᠮᠡᠨ ᠮᠣ᠋ ᠪᠡᠯᠴᠢᠭᠡᠷ ᠢ ᠨᠢᠰᠭᠡᠯ ᠢᠶᠠᠷ ᠦᠷ᠎ᠡ ᠰᠠᠴᠤᠨ ᠤᠶᠢᠵᠢᠭᠤᠯᠵᠤ᠂ 5000 ᠮᠣ᠋ ᠡᠯᠡᠰᠣ ᠶᠢ ᠪᠢᠳᠡᠭᠦᠮᠵᠢᠯᠡᠨ ᠣᠶᠢᠵᠢᠭᠤᠯᠵᠤ᠂ 6 ᠲᠦᠮᠡᠨ ᠮᠣ᠋ ᠡᠯᠡᠰᠣ ᠶᠢ ᠲᠣᠭᠳᠠᠪᠤᠷᠢᠵᠢᠭᠤᠯᠬᠤ ᠢᠨᠵᠧᠨᠧᠷᠢᠩ ᠢ ᠪᠡᠶᠡᠯᠡᠭᠦᠯᠤᠨ᠎ᠡ᠃ ᠬᠤᠯᠠᠨ ᠰᠢᠷᠭ᠎ᠠ ᠳᠠᠭ᠎ᠠ ᠶᠢᠨ ᠡᠯᠡᠰᠦ ᠮᠠᠩᠬᠠᠨ ᠤ ᠭᠤᠤᠯ ᠡᠪᠳᠡᠭᠳᠡᠭᠰᠡᠨ ᠣᠷᠣᠨ ᠳᠤ 3.2 ᠳᠦᠮᠡᠨ ᠮᠣ᠋ ᠳᠣᠰᠬᠠᠢ ᠵᠠᠰᠠᠨ ᠰᠠᠶᠢᠵᠢᠷᠠᠭᠤᠯᠬᠤ ᠠᠵᠢᠯ ᠢ ᠪᠡᠶᠡᠯᠡᠭᠦᠯᠤᠨ᠎ᠡ᠃ ᠣᠯᠣᠰ ᠤᠨ ᠪᠣᠬᠢᠷᠳᠣᠯ ᠦᠭᠡᠢ ᠠᠭᠤᠷᠬᠠᠢ ᠶᠢᠨ ᠤᠷᠤᠨ ᠢ ᠪᠦᠳᠣᠭᠡᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠤ ᠳᠡᠰ ᠤᠨ ᠪᠤᠬᠢᠷᠳᠣᠯ ᠦᠭᠡᠢ ᠠᠭᠤᠷᠬᠠᠢ  ᠶᠢᠨ ᠤᠷᠤᠨ ᠢ ᠦᠷᠭᠦᠯᠵᠢᠯᠡᠨ ᠪᠠᠶᠢᠭᠤᠯᠬᠤ ᠬᠡᠷᠡᠭᠳᠡᠢ᠃ ︽ᠬᠢᠨᠠᠨ ᠬᠠᠮᠢᠶᠠᠷᠬᠤ︾ ᠳᠠᠯ᠎ᠠ ᠳᠤ᠂ ᠶᠡᠷᠤᠩᠭᠡᠶᠢᠯᠡᠭᠰᠡᠨ ᠭᠢᠨᠡᠨ ᠪᠠᠶᠢᠴᠠᠭᠠᠬᠤ ᠭᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠭᠤᠤᠯᠳᠠᠯᠭ᠎ᠠ ᠪᠤᠯᠭᠠᠬᠤ ᠬᠡᠷᠡᠭᠳᠡᠢ᠃ ᠪᠠᠶᠢᠭᠤᠯᠤᠮᠵᠢ ᠶᠢᠨ ᠦᠭᠡᠷᠡᠴᠢᠯᠡᠯᠳᠡ ᠲᠠᠢ ᠤᠶᠠᠯᠳᠤᠭᠤᠯᠵᠤ᠂ ᠠᠮᠢ ᠠᠬᠤᠢ ᠶᠢ ᠬᠠᠮᠠᠭᠠᠯᠠᠵᠤ ᠬᠠᠥᠯᠢ ᠶᠢ ᠬᠡᠷᠡᠭᠵᠢᠬᠦᠯᠬᠦ ᠡᠭᠦᠷᠭᠡ ᠴᠢᠳᠠᠪᠬᠢ ᠶᠢ ᠰᠢᠯᠢᠳᠡᠭᠵᠢᠭᠦᠯᠤᠨ᠂ ᠠᠵᠢᠯ ᠤᠨ ᠡᠩᠨᠡᠭᠡ ᠶᠢ ᠪᠤᠵᠠᠭᠠᠶᠢᠷᠠᠭᠤᠯᠤᠨ᠂ ᠬᠤᠯᠪᠤᠭᠠᠯᠠᠨ ᠬᠠᠮᠳᠤᠷᠠᠭᠰᠠᠨ ᠪᠠᠶᠢᠩᠭᠤ ᠶᠢᠨ ᠴᠢᠨᠠᠷᠳᠠᠢ ᠶᠡᠷᠤᠩᠭᠡᠶᠢᠯᠡᠭᠰᠡᠨ ᠬᠠᠥᠯᠢ ᠬᠡᠷᠡᠭᠵᠢᠬᠦᠯᠬᠦ ᠳᠣᠬᠳᠠᠯᠴᠠᠭ᠎ᠠ ᠶᠢ ᠪᠠᠶᠢᠭᠤᠯᠤᠨ᠎ᠠ᠃ ᠳᠠᠯ᠎ᠠ ᠨᠣᠳᠤᠭ ᠠᠮᠢ ᠠᠬᠤᠢ ᠶᠢᠨ ᠳ᠋ᠠᠶᠢᠲ᠋ᠠ ᠶᠢᠨ ᠭᠦᠮᠤᠷᠭᠡ ᠶᠢ ᠪᠦᠷᠢᠨᠰᠢᠭᠦᠯᠵᠤ᠂ ᠤᠶᠤᠨᠳᠦ ᠳᠤᠭᠠᠴᠢᠯᠠᠭᠰᠠᠨ ᠭᠢᠨᠠᠨ ᠪᠠᠶᠢᠴᠠᠭᠠᠯᠳᠠ᠂ ᠭᠢᠨᠠᠨ ᠬᠠᠮᠢᠶᠠᠷᠤᠯᠳᠠ ᠶᠢᠨ ᠭᠢᠷᠢ ᠳᠦᠪᠰᠢᠨ ᠢ ᠳᠡᠭᠡᠭᠰᠢᠯᠡᠬᠦᠯᠬᠦ ᠬᠡᠷᠡᠭᠳᠡᠢ᠃ ᠨᠡᠶᠢᠭᠡᠮ ᠨᠡᠶᠢᠳᠡ ᠶᠢᠨ ᠭᠢᠨᠠᠯᠳᠠ ᠳᠠᠯᠪᠢᠬᠤ ᠴᠢᠳᠠᠪᠬᠢ ᠶᠢ ᠰᠠᠶᠢᠳᠤᠷ ᠪᠠᠳᠠᠷᠠᠭᠤᠯᠵᠤ᠂ ᠠᠮᠢ ᠠᠬᠤᠢ ᠣᠷᠴᠢᠨ ᠳᠣᠭᠤᠷᠢᠨ ᠢ ᠰᠦᠢᠥᠨᠬᠡᠭᠦ ᠶᠢ ᠢᠯᠡᠴᠢᠯᠡᠨ ᠮᠡᠳᠡᠬᠦᠯᠬᠦ ᠶᠢ ᠱᠠᠩᠨᠠᠨ ᠭᠦᠬᠢᠬᠦᠯᠬᠦ ᠳᠦᠷᠢᠮ ᠢ ᠪᠠᠶᠢᠭᠤᠯᠤᠨ᠂ ᠤᠯᠠᠨ ᠳᠦᠮᠡᠨ ᠤ ᠠᠮᠢ ᠠᠬᠤᠢ ᠪᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠥᠨᠬᠠᠨ᠎ᠠ᠃          ︵ᠵᠢᠷᠭᠤᠭ᠎ᠠ︶ ᠪᠦᠭᠦ ᠳᠠᠯ᠎ᠠ ᠪᠠᠷ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠴᠢᠯᠦᠬᠡᠳᠡᠢ ᠶᠠᠪᠤᠯᠴᠠᠬᠤ  ᠶᠢ ᠥᠷᠬᠡᠳᠬᠡᠬᠦ ᠬᠡᠷᠡᠭᠳᠠᠢ᠃ ᠡᠯ᠎ᠡ ᠰᠤᠮᠤ ᠪᠠᠯᠭᠠᠰᠤ᠂ ᠡᠯ᠎ᠡ ᠪᠠᠶᠢᠭᠤᠯᠭ᠎ᠠ ᠨᠢᠬᠡᠴᠡ ᠡᠷᠬᠡᠪᠰᠢ ᠦᠵᠡᠯ ᠳᠠᠨᠢᠯᠳᠠ ᠪᠠᠨ ᠴᠢᠩᠭᠠᠥᠨᠬᠠᠵᠤ᠂ ᠵᠠᠩᠭᠢᠯᠠᠭ᠎ᠠ ᠶᠢ ᠠᠳᠬᠤᠨ᠂ ᠭᠤᠤᠯᠳᠠᠯᠭ᠎ᠠ ᠶᠢ ᠳᠤᠪᠤᠶᠢᠯᠭᠠᠵᠤ᠂ ᠭᠤᠤᠯᠳᠠᠯᠭᠠᠳᠣ ᠬᠦᠷᠢᠶ᠎ᠠ ᠭᠡᠪᠴᠢᠶᠡᠨ ᠤ ᠦᠭᠡᠷᠡᠴᠢᠯᠡᠯᠳᠡ ᠶᠢᠨ ᠦᠷ᠎ᠡ ᠪᠦᠳᠣᠮᠵᠢ ᠶᠢ ᠳᠡᠭᠡᠭᠰᠢᠯᠡᠭᠦᠯᠭᠦ ᠶᠢᠨ ᠳᠣᠭᠤᠷᠢᠨ ᠲᠤ᠂ ᠭᠠᠳᠠᠭᠰᠢ ᠴᠢᠯᠤᠭᠡᠳᠠᠢ ᠶᠠᠪᠤᠯᠴᠠᠬᠤ ᠳᠡᠰ ᠳᠠᠪᠬᠤᠷᠭ᠎ᠠ ᠪᠠᠨ ᠳᠡᠭᠡᠭᠰᠢᠯᠡᠬᠦᠯᠵᠦ᠂ ᠡᠯ᠎ᠡ ᠳᠠᠯ᠎ᠠ ᠶᠢᠨ ᠠᠵᠢᠯ ᠢ ᠦᠷᠭᠦᠯᠵᠢᠯᠡᠨ ᠰᠠᠶᠢᠳᠣᠷ ᠭᠢᠭᠦ ᠭᠡᠷᠡᠭᠳᠠᠢ᠃ ᠭᠤᠤᠯᠳᠠᠯᠭᠠᠳᠣ ᠬᠦᠷᠢᠶ᠎ᠠ ᠭᠡᠪᠴᠢᠶᠡᠨ ᠤ ᠦᠭᠡᠷᠡᠴᠢᠯᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠳᠡᠢ᠃ ᠠᠷᠢᠯᠵᠢᠶ᠎ᠠ ᠬᠤᠳᠠᠯᠳᠤᠭᠠᠨ ᠤ ᠣᠷᠴᠢᠨ ᠳᠣᠭᠤᠷᠢᠨ ᠶᠢ ᠰᠢᠯᠢᠳᠡᠭᠵᠢᠬᠦᠯᠬᠦ ᠳᠣᠭᠤᠷᠢᠨ  ᠳᠤ᠂ ︽ᠵᠠᠰᠠᠭ ᠢ ᠴᠤᠮᠬᠠᠳᠬᠠᠵᠤ᠂ ᠡᠷᠬᠡ ᠶᠢ ᠳᠤᠷᠤᠭᠰᠢ ᠪᠠᠭᠤᠯᠭᠠᠬᠤ᠂ ᠡᠷᠬᠡ ᠳᠡᠭᠰᠢ ᠬᠢᠨᠠᠨ ᠬᠠᠮᠢᠶᠠᠷᠤᠯᠳᠠ᠂ ᠦᠨᠳᠦᠷ ᠦᠷ᠎ᠡ ᠠᠰᠢᠭᠳᠦ ᠦᠢᠯᠡᠴᠢᠯᠡᠭᠡ︾ ᠶᠢᠨ ᠦᠭᠡᠷᠡᠴᠢᠯᠡᠯᠳᠡ ᠶᠢ ᠭᠤᠤᠯᠳᠠᠭ᠎ᠠ ᠲᠠᠢ ᠠᠳᠬᠤᠵᠤ᠂ ᠠᠵᠢᠯ ᠤᠨ ᠳᠣᠮᠳᠠ ᠪᠠ ᠰᠡᠬᠦᠯᠴᠢ ᠶᠢᠨ ᠭᠢᠨᠠᠨ ᠬᠠᠮᠢᠶᠠᠷᠤᠯᠳᠠ ᠶᠢ ᠴᠢᠩᠭᠠᠥᠨᠬᠠᠵᠤ᠂ ︽ᠬᠤᠶᠠᠷ ᠢ ᠰᠣᠭᠤᠴᠢᠵᠤ ᠨᠢᠭᠡ ᠶᠢ ᠢᠯᠡ ᠪᠤᠯᠭᠠᠬᠤ︾ ᠭᠢᠨᠠᠨ ᠬᠠᠮᠢᠶᠠᠷᠬᠤ ᠶᠢ ᠨᠠᠶᠢᠳᠠᠪᠤᠷᠢᠵᠢᠭᠤᠯᠤᠨ᠎ᠠ᠃ ᠪᠠᠶᠢᠭᠤᠯᠭ᠎ᠠ ᠨᠢᠬᠡᠴᠡ ᠶᠢᠨ ᠬᠠᠮᠵᠢᠯᠴᠠᠭ᠎ᠠ ᠶᠢ ᠴᠢᠩᠭᠠᠥᠨᠬᠠᠵᠤ᠂ ᠢᠳᠡᠭᠡᠮᠵᠢ ᠶᠢᠨ ᠰᠢᠰᠲ᠋ᠧᠮ ᠤᠨ ᠪᠦᠳᠣᠭᠡᠨ ᠪᠠᠶᠢᠭᠤᠯᠤᠯᠳᠠ ᠶᠢ ᠳᠦᠷᠭᠡᠳᠬᠡᠨ᠎ᠡ᠃ ᠬᠢᠨᠠᠨ ᠵᠦᠪᠰᠢᠶᠡᠷᠡᠬᠦ ᠠᠵᠢᠯ ᠤᠨ ᠳᠠᠷᠠᠭᠠᠯᠠᠯ ᠢ ᠳᠠᠭᠢᠨ ᠴᠡᠭᠴᠡᠯᠡᠬᠦ ᠪᠠ ᠴᠤᠭ ᠲᠤᠨᠢ ᠭᠢᠨᠠᠨ ᠵᠦᠪᠰᠢᠶᠡᠷᠡᠭᠦ ᠠᠵᠢᠯ ᠤᠨ ᠦᠬᠡᠷᠡᠴᠢᠯᠡᠯᠳᠡ ᠶᠢ ᠪᠤᠳᠠᠳᠠᠢ ᠠᠳᠬᠤᠵᠤ᠂ ᠵᠢᠯ ᠤᠨ ᠳᠤᠳᠤᠷ᠎ᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯ ᠢ ᠤᠯᠠᠮ ᠲᠥᠬᠦᠮ ᠲᠥᠳᠡ ᠪᠤᠯᠭᠠᠵᠤ᠂ ᠭᠢᠨᠠᠨ ᠵᠦᠪᠰᠢᠶᠡᠷᠡᠭᠦ ᠦᠢᠯᠡᠴᠢᠯᠡᠯᠭᠡ ᠶᠢᠨ ᠠᠷᠠᠥᠨ ᠲᠤ ᠳᠦᠭᠦᠮ ᠦᠵᠡᠭᠦᠯᠭᠦ  ᠶᠢ ᠠᠭᠢᠭᠤᠯᠤᠨ᠎ᠠ᠃ ᠡᠯ᠎ᠡ ᠬᠠᠮᠢᠶ᠎ᠠ ᠪᠦᠭᠦᠢ ᠪᠠᠶᠢᠭᠤᠯᠭ᠎ᠠ ᠡᠷᠬᠡᠪᠰᠢ ︽ᠭᠤᠷᠪᠠᠨ ᠨᠢᠭᠡᠥᠨᠬᠡᠭᠦ︾ ᠱᠠᠭᠠᠷᠳᠠᠯᠭ᠎ᠠ ᠶᠤᠰᠤᠭᠠᠷ᠂ ᠦᠨᠡᠨᠬᠦ ᠳᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠭᠦᠮᠦᠨ ᠢ ᠳᠣᠮᠢᠯᠠᠨ ᠥᠢᠯᠡᠴᠢᠯᠡᠬᠦᠯᠥᠨ᠎ᠡ᠃ ᠳᠦᠷᠢᠮ ᠳᠣᠬᠳᠠᠭᠠᠯ ᠢ ᠣᠯᠠᠮ ᠨᠢᠭᠡ ᠠᠯᠬᠤᠮ ᠪᠦᠷᠢᠨᠰᠢᠭᠦᠯᠵᠤ᠂ ᠠᠵᠢᠯᠳᠠᠳ ᠤᠨ ᠳᠤᠬᠠᠶᠢᠯᠠᠭᠰᠠᠨ ᠠᠵᠢᠯ ᠤᠨ ᠪᠤᠯᠪᠠᠰᠣᠷᠠᠯ ᠢ ᠴᠢᠩᠭᠠᠥᠨᠬᠠᠵᠤ᠂ ᠨᠡᠶᠢᠭᠡᠮ ᠨᠡᠶᠢᠳᠡ ᠶᠢᠨ ᠡᠭᠢ ᠪᠠᠶᠠᠯᠢᠭ ᠤᠨ ᠰᠣᠯᠢᠯᠴᠠᠭᠠᠨ ᠤ ᠳᠦᠪ ᠤᠨ ᠠᠵᠢᠯ ᠯᠠᠪᠳᠠᠭᠤᠨ ᠪᠠᠳᠤᠳᠠᠢ ᠶᠠᠪᠤᠬᠳᠠᠬᠤ ᠶᠢ ᠪᠠᠳᠣᠯᠠᠨ᠎ᠠ᠃ ᠬᠤᠰᠢᠭᠤ ᠬᠦᠭᠵᠢᠬᠦᠯᠦᠯᠳᠡ ᠦᠭᠡᠷᠡᠴᠢᠯᠡᠯᠳᠡ ᠶᠢᠨ ᠪᠠᠶᠢᠭᠤᠯᠭ᠎ᠠ ᠲᠥᠷᠥᠬᠦᠯᠡᠵᠤ᠂ ᠠᠷᠠᠥᠨ ᠠᠴᠠ ᠡᠵᠡᠩᠨᠡᠭᠦ ᠠᠵᠤ ᠠᠬᠤᠢ ᠶᠢᠨ ᠭᠦᠭᠵᠢᠯᠳᠡ ᠳᠤ ᠬᠤᠯᠪᠤᠬᠳᠠᠬᠰᠡᠨ ᠳᠦᠷᠤ ᠶᠢᠨ ᠪᠤᠳᠣᠯᠭ᠎ᠠ ᠠᠷᠭ᠎ᠠ ᠠᠪᠴᠠᠯ ᠢ ᠨᠢᠬᠡ ᠤᠳᠠᠭ᠎ᠠ ᠰᠢᠰᠲ᠋ᠧᠮ ᠲᠠᠢ ᠡᠮᠬᠢᠯᠡᠵᠤ᠂ ᠤᠨᠴᠠᠭᠠᠶᠢᠯᠠᠨ ᠦᠪᠡᠷᠳᠡᠭᠡᠨ ᠵᠠᠰᠠᠬᠤ ᠣᠷᠣᠨ ᠤ ᠠᠷᠠᠥᠨ ᠠᠴᠠ ᠡᠵᠡᠩᠨᠡᠭᠦ ᠠᠵᠤ ᠠᠬᠤᠢ ᠦᠨᠳᠣᠷ ᠶᠠᠰᠤ ᠴᠢᠨᠠᠷ ᠲᠠᠢ ᠭᠦᠭᠵᠢᠭᠦ ᠶᠢ ᠠᠬᠢᠭᠤᠯᠬᠤ 26 ᠵᠤᠷᠪᠤᠰ ᠪᠤᠳᠠᠳᠠᠢ ᠠᠷᠭ᠎ᠠ ᠭᠡᠮᠵᠢᠶ᠎ᠡ ᠶᠢᠨ ᠳᠣᠭᠤᠷᠢᠨ ᠳᠤ᠂ ᠮᠠᠨ ᠤ ᠬᠤᠰᠢᠭᠤᠨ ᠤ ᠪᠤᠳᠠᠳᠠᠢ ᠲᠠᠢ ᠤᠶᠠᠯᠳᠣᠭᠤᠯᠵᠤ᠂ ᠬᠠᠮᠢᠶ᠎ᠠ ᠪᠦᠭᠦᠢ ᠢᠵᠢ ᠪᠦᠷᠢᠯᠳᠦᠭᠰᠡᠨ ᠬᠡᠷᠡᠭᠵᠢᠬᠦᠯᠬᠦ ᠠᠷᠭ᠎ᠠ ᠠᠪᠴᠠᠯ ᠢ ᠳᠠᠷᠤᠶᠢᠬᠠᠨ ᠰᠤᠳᠤᠯᠤᠨ ᠳᠣᠭᠳᠠᠭᠠᠵᠤ᠂ ᠳᠦᠷᠣ ᠶᠢᠨ ᠪᠤᠳᠣᠯᠭ᠎ᠠ ᠶᠢ ᠬᠥᠢᠴᠡᠳ ᠨᠡᠶᠢᠳᠡᠪᠤᠷᠢᠵᠢᠭᠤᠯᠤᠨ᠎ᠠ᠃ ᠭᠦᠳᠡᠭᠡ ᠳᠣᠰᠬᠤᠨ  ᠢ ᠰᠡᠷᠭᠦᠭᠡᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠭᠡᠷᠡᠭᠵᠢᠭᠦᠯᠭᠦ ᠶᠢᠨ ᠳᠣᠭᠤᠷᠢᠨ ᠳᠤ ᠮᠠᠯᠵᠢᠬᠤ ᠣᠷᠣᠨ ᠤ ᠭᠤᠤᠯᠳᠠᠯᠭᠠᠲᠤ ᠦᠭᠡᠷᠡᠴᠢᠯᠡᠯᠳᠡ ᠶᠢᠨ ᠡᠭᠦᠷᠭᠡ ᠶᠢ ᠰᠠᠶᠢᠳᠣᠷ ᠪᠡᠶᠡᠯᠡᠬᠦᠯᠬᠦ ᠭᠡᠷᠡᠭᠳᠠᠢ᠃ ᠮᠠᠯᠵᠢᠬᠤ ᠣᠷᠣᠨ ᠤ ᠦᠨᠳᠣᠰᠣᠨ ᠡᠵᠡᠩᠨᠡᠯᠳᠡ ᠶᠢᠨ ᠳᠦᠷᠢᠮ ᠢ ᠴᠢᠩᠭᠠᠥᠨᠬᠠᠵᠤ᠂ ᠨᠣᠳᠤᠭ ᠪᠡᠯᠴᠢᠭᠡᠷ ᠤᠨ ᠡᠷᠭᠡ ᠶᠢ ᠳᠠᠬᠢᠨ ᠨᠤᠳᠠᠯᠠᠬᠤ ᠠᠭᠢᠴᠠ ᠶᠢ ᠳᠦᠷᠬᠡᠳᠬᠡᠵᠦ᠂ ︿︿ᠭᠤᠷᠪᠠᠨ ᠡᠷᠬᠡ ᠶᠢ ᠰᠠᠯᠭᠠᠬᠤ﹀﹀ ᠶᠢ ᠯᠠᠪᠳᠠᠭᠤᠨ ᠢᠶᠠᠷ ᠠᠭᠢᠭᠤᠯᠵᠤ᠂ ᠨᠣᠳᠤᠭ ᠪᠡᠯᠴᠢᠭᠡᠷ ᠤᠨ ᠡᠮᠭᠢ ᠵᠢᠷᠤᠮ ᠲᠠᠢ ᠰᠢᠯᠵᠢᠬᠦᠯᠦᠨ ᠡᠵᠡᠩᠨᠡᠬᠦ ᠶᠢ ᠵᠢᠯᠦᠭᠤᠳᠤᠨ ᠳᠠᠭᠠᠭᠤᠯᠤᠨ᠎ᠠ᠃ ᠮᠠᠯᠵᠢᠬᠤ ᠣᠷᠣᠨ  ᠤ ᠬᠠᠮᠳᠦ ᠶᠢᠨ ᠡᠳ᠋ ᠬᠦᠷᠦᠩᠬᠡ ᠶᠢᠨ ᠡᠷᠬᠡ ᠶᠢᠨ ᠳᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠬᠠᠮᠳᠣ  ᠶᠢᠨ ᠡᠳ᠋ ᠭᠦᠷᠤᠩᠭᠡ ᠶᠢ ᠠᠮᠢᠳᠣᠯᠢᠭ ᠠᠰᠢᠭᠯᠠᠵᠤ᠂ ᠡᠭᠢ ᠪᠠᠶᠠᠯᠢᠭ ᠤᠨ ᠬᠤᠪᠢᠶᠠᠷᠢᠯᠠᠯᠳᠠ ᠪᠠ ᠠᠰᠢᠭᠯᠠᠯᠳᠠ ᠶᠢᠨ ᠨᠤᠷᠮ᠎ᠠ ᠶᠢ ᠳᠡᠭᠡᠭᠰᠢᠯᠡᠬᠦᠯᠦᠨ᠂ ᠣᠯᠠᠨ ᠠᠷᠭ᠎ᠠ ᠵᠠᠮ ᠢᠶᠠᠷ ᠬᠠᠮᠳᠣ ᠶᠢᠨ ᠠᠵᠤ ᠠᠬᠤᠢ ᠶᠢ ᠭᠦᠭᠵᠢᠭᠦᠯᠤᠨ ᠪᠤᠵᠠᠭᠠᠶᠢᠷᠠᠭᠤᠯᠬᠤ ᠭᠡᠷᠡᠭᠳᠠᠢ᠃ ᠠᠶᠢᠮᠠᠭ ᠤᠨ ᠵᠠᠭᠢᠷᠭᠠᠨ ᠤ ︽ᠭᠠᠴᠠᠭ᠎ᠠ ᠳᠣᠰᠬᠤᠨ ᠤ ᠬᠠᠮᠳᠣ ᠶᠢᠨ ᠡᠳ᠋ ᠭᠦᠷᠤᠩᠭᠡ  ᠶᠢᠨ ᠬᠠᠮᠢᠶᠠᠷᠤᠯᠳᠠ ᠶᠢ ᠣᠯᠠᠮ ᠨᠢᠭᠡ ᠠᠯᠬᠤᠮ ᠴᠢᠩᠭᠠᠳᠬᠠᠬᠤ ᠳᠤᠬᠠᠢ ᠭᠡᠷᠡᠭᠵᠢᠭᠦᠯᠭᠦ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠭᠠᠴᠠᠭᠠᠨ ᠤ ᠬᠠᠮᠳᠣ ᠶᠢᠨ ᠡᠳ᠋ ᠭᠦᠷᠤᠩᠭᠡ ᠳᠤ ᠭᠢᠨᠠᠯᠳᠠ ᠳᠠᠯᠪᠢᠨ ᠬᠠᠮᠢᠶᠠᠷᠬᠤ ᠭᠢᠷᠢ ᠳᠦᠪᠰᠢᠨ ᠢ ᠳᠡᠭᠡᠭᠰᠢᠯᠡᠬᠦᠯᠵᠦ᠂ ᠬᠠᠮᠳᠦ ᠶᠢᠨ ᠵᠤᠭᠢᠶᠠᠨ ᠪᠠᠶᠢᠭᠤᠯᠤᠯᠳᠠ ᠶᠢᠨ ᠭᠡᠰᠢᠭᠦᠥᠨ ᠤᠨ ᠠᠰᠢᠭ ᠳᠤᠰᠠ ᠶᠢ ᠬᠠᠮᠠᠭᠠᠯᠠᠨ᠂ ᠭᠠᠴᠠᠭᠠᠨ ᠤ ᠬᠠᠮᠳᠣ ᠶᠢᠨ ᠠᠵᠤ ᠠᠬᠤᠢ ᠶᠢᠨ ᠪᠤᠳᠠᠳᠣ ᠭᠦᠴᠤ ᠶᠢ ᠴᠢᠩᠭᠠᠥᠨᠬᠠᠵᠤ᠂ ᠬᠠᠮᠳᠣ ᠪᠠᠷ ᠴᠢᠨᠡᠭᠡᠯᠢᠭᠵᠢᠭᠦ ᠶᠢ ᠪᠡᠶᠡᠯᠡᠭᠦᠯᠤᠨ᠎ᠡ᠃ ᠭᠠᠳᠠᠭᠰᠢ ᠴᠢᠯᠦᠭᠡᠳᠡᠢ ᠶᠠᠪᠤᠯᠴᠠᠬᠤ ᠬᠦᠷᠢᠶ᠎ᠠ ᠬᠡᠪᠴᠢᠶ᠎ᠠ ᠪᠠᠨ ᠦᠷᠭᠡᠥᠨᠬᠡᠨ᠎ᠡ᠃ ᠡᠷᠢᠶᠡᠨ ᠬᠤᠳᠠ ᠶᠢᠨ ᠣᠯᠣᠰ ᠤᠨ ᠭᠤᠤᠯᠳᠠᠯᠭ᠎ᠠ ᠲᠠᠢ ᠭᠦᠭᠵᠢᠭᠦᠯᠤᠨ ᠨᠡᠭᠡᠭᠡᠯᠳᠡ ᠭᠢᠭᠦ ᠳᠣᠷᠰᠢᠯᠳᠠ ᠶᠢᠨ ᠣᠷᠣᠨ  ᠲᠠᠢ ᠬᠦᠷᠰᠢ ᠵᠡᠷᠭᠡᠯᠳᠡᠭᠡ ᠪᠠᠶᠢᠬᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠥᠨ ᠠᠰᠢᠬᠯᠠᠵᠤ᠂ ᠣᠯᠣᠰ ᠪᠠ ᠣᠷᠤᠨ ᠤ ︽ᠨᠢᠭᠡ ᠪᠦᠰᠡ ᠨᠢᠭᠡ ᠵᠠᠮ︾᠂ ᠡᠷᠢᠶᠡᠨ ᠬᠤᠳᠠ ᠶᠢᠨ ᠳᠣᠮᠳᠠᠳᠣ ᠮᠣᠩᠭᠤᠯ ᠤᠨ ᠠᠵᠤ ᠠᠬᠤᠢ ᠶᠢᠨ ᠬᠠᠮᠵᠢᠯᠴᠠᠭ᠎ᠠ ᠶᠢᠨ ᠣᠷᠣᠨ ᠪᠠ ᠭᠠᠶᠢᠯᠢ ᠶᠢ ᠪᠠᠳᠤᠯᠠᠬᠤ ᠣᠷᠣᠨ ᠢ ᠪᠦᠳᠣᠭᠡᠨ ᠪᠠᠶᠢᠭᠤᠯᠬᠤ ᠳᠣᠭᠢᠶᠠᠯ ᠢ ᠠᠳᠬᠤᠨ᠂ ᠮᠠᠩᠯᠠᠢ ᠤᠷᠴᠢᠯ ᠠᠵᠦ ᠠᠬᠤᠢ ᠶᠢᠨ ᠦᠢᠯᠡᠰ ᠤᠨ ᠲᠤᠭᠤᠷᠢᠭ ᠢ ᠠᠰᠢᠭᠯᠠᠨ᠂ ᠭᠠᠳᠠᠭᠠᠳᠣ ᠳᠤ ᠭᠠᠷᠭᠠᠬᠤ ᠪᠠ ᠭᠠᠳᠠᠭᠠᠳᠣ ᠠᠴᠠ ᠤᠷᠤᠭᠤᠯᠬᠤ ᠡᠭᠢ ᠪᠠᠶᠠᠯᠢᠭ ᠢ ᠡᠳ᠋ᠰᠢᠭᠦᠯᠦᠨ ᠪᠤᠯᠪᠠᠰᠤᠷᠠᠭᠤᠯᠬᠤ ᠬᠡᠯᠪᠡᠷᠢ ᠶᠢᠨ ᠠᠵᠤ ᠠᠬᠤᠶᠢᠯᠠᠯ  ᠢ ᠮᠠᠨ ᠤ ᠬᠤᠰᠢᠭᠤᠨ ᠳᠤ ᠢᠳᠡᠪᠭᠢᠳᠠᠢ ᠪᠠᠷ ᠤᠷᠢᠨ ᠣᠷᠣᠭᠤᠯᠤᠨ᠎ᠠ᠃ ᠳᠣᠮᠳᠠᠳᠣ ᠮᠤᠩᠭᠤᠯ ᠤᠨ ᠭᠠᠵᠠᠷ ᠰᠢᠨᠵᠢᠯᠡᠬᠡᠨ ᠤ ᠴᠡᠴᠡᠷᠯᠢᠭ ᠤᠨ ᠤᠯᠠᠨ ᠣᠯᠣᠰ ᠤᠨ ᠬᠠᠮᠵᠢᠯᠴᠠᠭ᠎ᠠ ᠶᠢᠨ ᠳᠦᠷᠦᠯ ᠵᠦᠢᠯ ᠢ ᠢᠳᠡᠪᠭᠢᠳᠠᠢ ᠳᠦᠯᠭᠢᠨ ᠠᠭᠢᠭᠤᠯᠵᠤ᠂ ᠪᠤᠳᠠᠷ ᠴᠢᠯᠠᠭᠤᠨ ᠤᠢ ᠶᠢᠨ ᠤᠯᠠᠷᠢᠯ ᠤᠨ ᠴᠢᠨᠠᠷᠳᠠᠢ ᠭᠢᠯᠢ ᠠᠯᠤᠰᠯᠠᠭᠰᠠᠨ ᠵᠢᠭᠤᠴᠢᠯᠠᠯ ᠤᠨ ᠨᠡᠪᠳᠡᠷᠡᠬᠤ ᠵᠠᠮ ᠤᠨ ᠪᠦᠳᠣᠭᠡᠨ ᠪᠠᠶᠢᠭᠤᠯᠤᠯᠳᠠ ᠶᠢᠨ ᠡᠭᠢᠯᠡᠯᠳᠡ ᠶᠢᠨ ᠠᠵᠢᠯ ᠢ ᠦᠷᠨᠢᠭᠦᠯᠤᠨ᠎ᠡ᠃ ᠮᠤᠩᠭᠤᠯ ᠣᠯᠣᠰ ᠲᠠᠢ ᠬᠤᠶᠠᠷ ᠳᠠᠯ᠎ᠠ ᠶᠢᠨ ᠡᠶ᠎ᠡ ᠨᠠᠶᠢᠷ ᠲᠠᠢ ᠶᠠᠪᠤᠯᠴᠠᠭᠠᠨ ᠤ ᠬᠤᠳᠠ᠂ ᠰᠤᠶᠤᠯ ᠵᠢᠭᠤᠯᠴᠢᠯᠡᠯ᠂ ᠰᠣᠷᠭᠠᠨ ᠭᠦᠮᠦᠵᠢᠯ ᠡᠮ ᠡᠮᠨᠡᠯᠭᠡ᠂ ᠭᠡᠭᠡᠷ᠎ᠡ ᠶᠢᠨ ᠠᠮᠢᠳᠠᠨ ᠤ ᠬᠠᠮᠠᠭᠠᠯᠠᠯᠳᠠ ᠵᠡᠷᠭᠡ ᠣᠯᠠᠨ ᠭᠡᠪᠴᠢᠶᠡᠨ ᠲᠠᠬᠢ ᠬᠠᠷᠢᠯᠴᠠᠭ᠎ᠠ ᠬᠠᠮᠵᠢᠯᠴᠠᠭ᠎ᠠ ᠶᠢ ᠴᠢᠩᠭᠠᠥᠨᠬᠠᠨ᠎ᠠ᠃ ︽ᠨᠢᠭᠡ ᠪᠦᠰᠡ ᠨᠢᠭᠡ ᠵᠠᠮ︾ ᠳᠣᠮᠳᠠᠳᠣ ᠣᠷᠣᠰ ᠮᠤᠩᠭᠤᠯ ᠪᠦᠬᠡ ᠶᠢᠨ ᠤᠷᠢᠯᠭ᠎ᠠ ᠶᠢᠨ ᠤᠷᠤᠯᠳᠤᠭᠠᠨ ᠵᠢᠴᠢ ᠳᠤᠮᠳᠠᠳᠦ ᠤᠷᠤᠰ ᠮᠤᠩᠭᠤᠯ ᠵᠢᠭᠤᠯᠴᠢᠯᠡᠯ ᠤᠨ ᠠᠷᠠᠯᠵᠢᠶᠠᠨ ᠤ ᠪᠤᠳᠠᠰ ᠤᠨ ᠳᠡᠯᠬᠡᠨ ᠪᠤᠷᠤᠯᠠᠭᠤᠯᠭ᠎ᠠ ᠶᠢᠨ ᠴᠤᠭᠯᠠᠭᠠᠨ ᠢ ᠦᠷᠭᠦᠯᠵᠢᠯᠡᠨ ᠰᠠᠶᠢᠳᠣᠷ ᠳᠠᠭᠠᠭᠠᠴᠢᠯᠡᠨ ᠭᠢᠭᠦ ᠭᠡᠷᠡᠭᠳᠠᠢ᠃ ᠪᠡᠭᠡᠵᠢᠩ᠂ ᠲᠢᠶᠡᠨᠵᠢᠨ᠂ ᠾᠧᠪᠸᠢ ᠶᠢᠨ ᠬᠠᠮᠳᠤᠷᠠᠨ ᠬᠦᠭᠵᠢᠬᠦ ᠵᠡᠷᠭᠡ ᠤᠯᠤᠰ ᠤᠨ ᠪᠠᠶᠢᠯᠳᠤᠬᠤ ᠪᠤᠳᠤᠯᠭ᠎ᠠ ᠲᠠᠢ ᠢᠳᠡᠪᠬᠢᠳᠡᠢ ᠠᠭᠤᠰᠤᠯᠴᠠᠵᠤ᠂ ᠪᠡᠭᠡᠵᠢᠩ ᠤᠨ ᠨᠠᠶᠢᠰᠯᠠᠯ ᠤᠨ ᠪᠣᠰᠣ ᠴᠢᠳᠠᠮᠵᠢ ᠶᠢ ᠳᠠᠷᠬᠠᠭᠠᠬᠤ ᠪᠠ ᠳᠡᠷᠢᠭᠦᠨ ᠤ ᠦᠢᠯᠡᠳᠪᠤᠷᠢᠯᠡᠯ  ᠤᠨ ᠴᠢᠬᠤᠯᠠ ᠡᠯᠧᠮᠧᠨ᠋ᠲ ᠶᠢ ︽ᠪᠡᠭᠡᠵᠢᠩ ᠱᠠᠩᠬᠠᠢ ᠠᠴᠠ ᠪᠠᠷᠠᠭᠤᠨ ᠤᠷᠤᠨ ᠳᠡᠰᠢ ᠰᠢᠯᠵᠢᠬᠦᠯᠬᠦ︾ ᠳᠣᠭᠢᠶᠠᠯ ᠢ ᠠᠰᠢᠭᠯᠠᠨ᠂ ᠨᠡᠩ ᠣᠯᠠᠨ ᠰᠢᠯᠢᠳᠡᠭ ᠳᠦᠷᠤᠯ ᠵᠦᠢᠯ ᠢ ᠮᠠᠨ ᠤ ᠬᠤᠰᠢᠭᠤᠨ ᠳᠤ  ᠤᠷᠢᠵᠤ ᠤᠷᠤᠭᠤᠯᠭᠤ ᠶᠢ ᠢᠳᠡᠪᠭᠢᠳᠠᠢ ᠪᠠᠷ ᠬᠠᠷᠢᠯᠴᠠᠬᠤ ᠬᠡᠷᠡᠭᠳᠡᠢ᠃ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠬᠡ ᠭᠦᠭᠵᠢᠭᠰᠡᠨ ᠭᠠᠵᠠᠷ ᠣᠷᠣᠨ ᠤ ᠠᠵᠤ ᠥᠢᠯᠡᠰ ᠢ ᠢᠳᠡᠪᠭᠢᠳᠠᠢ ᠪᠠᠷ ᠳᠠᠭᠠᠭᠠᠴᠢᠯᠠᠵᠤ ᠠᠪᠤᠨ᠎ᠠ᠃          ︵ᠳᠤᠯᠤᠭ᠎ᠠ︶ ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠠᠮᠢᠳᠤᠷᠠᠯ ᠢ ᠪᠠᠳᠤᠯᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ ᠬᠦᠴᠦᠨ ᠴᠢᠳᠠᠯ ᠢᠶᠠᠨ ᠰᠢᠪᠬᠠᠵᠦ᠂ ᠠᠷᠠᠳ ᠲᠦᠮᠡᠨ ᠤ ᠬᠠᠮᠤᠭ ᠠᠴᠠ ᠬᠠᠯᠠᠮᠵᠢᠯᠠᠳᠠᠭ᠂ ᠬᠠᠮᠤᠭ ᠠᠴᠠ ᠰᠢᠭᠤᠳ᠂ ᠬᠠᠮᠤᠭ ᠠᠴᠠ ᠪᠤᠳᠠᠳᠠᠢ ᠠᠰᠢᠭ ᠳᠤᠰᠠ ᠶᠢᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠠ᠂ ᠠᠷᠠᠳ ᠤᠨ ᠠᠮᠢᠳᠤᠷᠠᠯ ᠤᠨ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠵᠤ᠂ ᠠᠷᠠᠳ ᠲᠦᠮᠡᠨ ᠳᠤ ᠨᠡᠩ ᠢᠯᠡᠬᠦᠦ ᠵᠣᠯ ᠵᠢᠷᠭᠠᠯ ᠬᠦᠷᠳᠡᠭᠡᠨ᠎ᠡ᠃ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠰᠤᠷᠭᠠᠨ ᠬᠦᠮᠦᠵᠢᠯ ᠤᠨ ᠲᠠᠯ᠎ᠠ ᠪᠠᠷ᠂ ᠠᠯᠪᠠᠨ ᠠᠴᠠ ᠡᠷᠬᠢᠯᠡᠭᠰᠡᠨ ᠴᠡᠴᠡᠷᠯᠢᠭ ᠤᠨ ᠪᠠᠶᠢᠭᠤᠯᠤᠯᠳᠠ ᠶᠢ ᠤᠯᠠᠮ ᠪᠠᠷ ᠴᠢᠩᠭᠠᠳᠬᠠᠠ᠂ ︽ᠴᠡᠴᠡᠷᠯᠢᠭ ᠤᠨ ᠪᠠᠭᠰᠢ ᠠᠵᠢᠯᠳᠠᠨ ᠢ ᠳᠤᠬᠢᠷᠠᠭᠤᠯᠬᠤ ᠪᠠᠷᠢᠮᠵᠢᠶ᠎ᠠ ︵ᠲᠦᠷ ᠬᠡᠷᠡᠭᠵᠢᠭᠦᠯᠬᠦ︶︾ ᠶᠤᠰᠤᠭᠠᠷ᠂ ᠴᠡᠴᠡᠷᠯᠢᠭ ᠤᠨ ᠪᠠᠭᠰᠢ ᠲᠤᠳᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠡ ᠰᠢᠢᠳᠪᠦᠷᠢᠯᠡᠵᠤ᠂ ᠴᠡᠴᠡᠷᠯᠢᠭ ᠤᠨ ᠪᠠᠭᠰᠢ ᠠᠵᠢᠯᠳᠠᠠ ᠢ ᠳᠠᠩᠰᠠᠯᠠᠠ ᠬᠠᠮᠢᠶᠠᠷᠬᠤ ᠶᠢ ᠰᠦᠪᠡᠭᠴᠢᠯᠡᠡ ᠬᠡᠷᠡᠭᠵᠢᠬᠦᠯᠦᠨ᠎ᠡ᠃ ᠴᠡᠴᠡᠷᠯᠢᠭ ᠤᠨ ᠪᠠᠭᠰᠢ ᠠᠵᠢᠯᠳᠠᠠ ᠤ ᠴᠠᠯᠢᠩ ᠬᠦᠯᠦᠰᠦ ᠶᠢ ᠳᠡᠭᠡᠭᠰᠢᠯᠡᠬᠦᠯᠦᠨ᠂ ᠠᠳᠠᠯᠢ ᠠᠵᠢᠯ ᠳᠤ ᠠᠳᠠᠯᠢ ᠴᠠᠯᠢᠩ ᠣᠯᠭᠤᠬᠤ ᠶᠢ ᠪᠡᠶᠡᠯᠡᠬᠦᠯᠵᠦ᠂ ᠴᠡᠴᠡᠷᠯᠢᠭ ᠤᠨ ᠪᠠᠭᠰᠢ ᠶᠢᠨ ᠡᠩᠨᠡᠭᠡ ᠶᠢ ᠳᠤᠭᠳᠠᠪᠦᠷᠢᠵᠢᠭᠤᠯᠤᠨ᠎ᠠ᠃ ᠵᠢᠭᠠᠨ ᠰᠤᠷᠭᠠᠯᠳᠠ ᠶᠢᠨ ᠳᠠᠯ᠎ᠠ ᠪᠠᠷ᠂ ᠤᠳᠤᠬᠠᠨ ᠳᠤ ᠮᠠᠨ ᠤ ᠬᠤᠰᠢᠭᠤᠨ ᠤ ᠰᠤᠷᠭᠠᠨ ᠬᠦᠮᠦᠵᠢᠯ ᠵᠢᠭᠠᠨ ᠰᠤᠷᠭᠠᠯᠳᠠ ᠶᠢᠨ ᠶᠠᠰᠤ ᠴᠢᠨᠠᠷ ᠪᠦᠬᠦ ᠠᠶᠢᠮᠠᠭ  ᠳᠤ ᠬᠤᠴᠤᠷᠤᠩᠭᠤᠢ ᠪᠠᠶᠢᠷᠢ ᠳᠤ ᠪᠠᠶᠢᠭ᠎ᠠ ᠨᠢ ᠤᠯᠠᠨ ᠲᠦᠮᠡᠨ ᠤ ᠳᠤᠰᠬᠠᠵᠦ ᠪᠠᠶᠢᠭ᠎ᠠ ᠪᠠ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠤᠯᠤᠨ᠎ᠠ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠠ ᠤ ᠲᠦᠯᠦᠪᠯᠡᠭᠡ ᠶᠢᠨ ᠳᠤᠭᠳᠠᠭᠰᠠᠨ ᠬᠠᠷᠠᠯᠳᠠ ᠡᠭᠦᠷᠭᠡ ᠶᠤᠰᠤᠭᠠᠷ᠂ ᠡᠯ᠎ᠡ ᠵᠦᠢᠯ ᠤᠨ ᠠᠵᠢᠯ ᠤᠨ ᠨᠠᠶᠢᠳᠠᠪᠦᠷᠢᠵᠢᠭᠤᠯᠤᠯᠳᠠ ᠪᠠ ᠦᠷ᠎ᠡ ᠠᠰᠢᠭ ᠭᠠᠷᠭᠠᠬᠤ ᠶᠢ ᠦᠨᠡᠨᠬᠦ ᠰᠠᠶᠢᠳᠤᠷ ᠠᠳᠬᠤᠬᠤ ᠬᠡᠷᠡᠭᠳᠡᠢ᠃ ︽ᠬᠤᠰᠢᠭᠤ ᠰᠢᠶᠠᠨ ᠠᠴᠠ ᠰᠤᠷᠭᠠᠭᠤᠯᠢ ᠶᠢᠨ ᠪᠠᠭᠰᠢ ᠡᠯᠰᠡᠬᠦ ᠠᠵᠢᠯ ᠢ ᠬᠠᠮᠢᠶᠠᠷᠬᠤ︾ ᠦᠭᠡᠷᠡᠴᠢᠯᠡᠯᠳᠡ ᠶᠢᠨ ᠳᠤᠷᠰᠢᠯᠳᠠ ᠶᠢᠨ ᠴᠡᠭ ᠢᠶᠠᠷ ᠳᠤᠬᠢᠶᠠᠯ ᠪᠤᠯᠭᠠᠵᠦ᠂ ᠴᠢᠳᠠᠪᠦᠷᠢᠳᠡᠨ ᠢ ᠤᠷᠢᠬᠤ ᠪᠠ ᠵᠢᠭᠠᠨ ᠰᠤᠷᠭᠠᠯᠳᠠ ᠶᠢᠨ ᠬᠠᠮᠢᠶᠠᠷᠤᠯᠳᠠ ᠳᠡᠭᠡᠷ᠎ᠡ ᠬᠦᠴᠦᠯᠡᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠵᠦ᠂ ᠰᠤᠷᠭᠠᠭᠤᠯᠢ ᠶᠢᠨ ᠵᠠᠬᠢᠷᠤᠯ᠂ ᠪᠠᠭᠰᠢ ᠪᠠ ᠵᠢᠭᠠᠬᠤ ᠶᠢ ᠰᠣᠳᠣᠯᠣᠭᠴᠢ ᠶᠢᠨ ᠪᠠᠶᠢᠭᠤᠯᠤᠯᠳᠠ ᠶᠢ ᠰᠠᠶᠢᠳᠤᠷ ᠠᠳᠬᠤᠨ᠂ ᠰᠤᠷᠭᠠᠭᠤᠯᠢ ᠡᠷᠬᠢᠯᠡᠬᠦ ᠶᠠᠰᠤ ᠴᠢᠨᠠᠷ ᠪᠠ ᠬᠠᠮᠢᠶᠠᠷᠤᠯᠳᠠ ᠶᠢᠨ ᠬᠢᠷᠢ ᠲᠦᠪᠰᠢᠨ ᠢ ᠬᠦᠴᠦᠯᠡᠡ ᠳᠡᠬᠡᠭᠰᠢᠯᠡᠬᠦᠯᠦᠨ᠎ᠡ᠃ ᠦᠨᠳᠤᠰᠦᠳᠡᠡ ᠤ ᠰᠤᠷᠭᠠᠨ ᠬᠦᠮᠦᠵᠢᠯ ᠤᠨ ᠬᠦᠭᠵᠢᠯᠳᠡ ᠶᠢ ᠳᠡᠬᠡᠳᠤ ᠬᠡᠮᠵᠢᠶ᠎ᠡ ᠪᠠᠷ ᠬᠦᠨᠳᠤᠳᠬᠡᠨ ᠠᠬᠢᠭᠤᠯᠤᠨ᠎ᠠ᠃ ᠰᠤᠷᠭᠠᠨ ᠬᠦᠮᠦᠵᠢᠯ ᠤᠨ ᠰᠠᠭᠤᠷᠢ ᠲᠦᠬᠦᠬᠡᠷᠤᠮᠵᠢ ᠶᠢ ᠳᠡᠬᠡᠭᠰᠢᠯᠡᠬᠦᠯᠬᠦ ᠢᠨᠵᠧᠨᠧᠷᠢᠩ ᠤᠨ PPP ᠲᠦᠷᠦᠯ ᠵᠦᠢᠯ ᠢ ᠦᠷᠬᠦᠯᠵᠢᠯᠡᠡ ᠬᠡᠷᠡᠭᠵᠢᠬᠦᠯᠵᠦ᠂ ᠳᠤᠮᠳᠠᠳᠤ ᠪᠠᠭ᠎ᠠ ᠰᠤᠷᠭᠠᠭᠤᠯᠢ ᠪᠠ ᠴᠡᠴᠡᠷᠯᠢᠭ ᠤᠨ ᠭᠠᠯ ᠰᠡᠷᠬᠡᠶᠢᠯᠡᠬᠦ ᠲᠦᠬᠦᠬᠡᠷᠤᠮᠵᠢ ᠶᠢᠨ ᠦᠭᠡᠷᠡᠴᠢᠯᠡᠯᠳᠡ᠂ ᠪᠠᠭᠠᠴᠤᠳ ᠤᠨ ᠬᠦᠳᠡᠯᠬᠡᠬᠡᠨ ᠤ ᠲᠦᠪ ᠵᠡᠷᠬᠡ ᠢᠨᠵᠧᠨᠧᠷᠢᠩ ᠤᠨ ᠪᠠᠶᠢᠭᠤᠯᠤᠯᠳᠠ ᠶᠢ ᠳᠠᠭᠤᠰᠬᠠᠵᠦ᠂ ᠮᠠᠨᠳᠣᠯ᠎ᠠ ᠪᠠᠭ᠎ᠠ ᠰᠤᠷᠭᠠᠭᠤᠯᠢ ᠶᠢ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠡᠮ ᠡᠮᠨᠡᠯᠬᠡ ᠶᠢᠨ ᠳᠠᠯ᠎ᠠ ᠪᠠᠷ᠂ ︽ᠶᠡᠭᠡ ᠡᠷᠡᠬᠦᠯ ᠮᠡᠨᠳᠦ︾ ᠶᠢᠨ ᠳᠠᠨᠢᠯᠳᠠ ᠶᠢ ᠪᠠᠲᠦ ᠪᠠᠬᠢ ᠪᠤᠢ ᠪᠤᠯᠭᠠᠵᠦ᠂ ᠬᠤᠰᠢᠭᠤ ᠳᠡᠰ ᠤᠨ ᠠᠯᠪᠡᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠤᠨ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠴᠢᠳᠠᠪᠦᠷᠢᠳᠠᠠ ᠤ ᠡᠩᠨᠡᠬᠡᠨ ᠤ ᠪᠠᠶᠢᠭᠤᠯᠤᠯᠳᠠ ᠶᠢ ᠦᠨᠡᠨᠬᠦ ᠴᠢᠩᠭᠠᠳᠬᠠᠵᠦ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠴᠢᠳᠠᠪᠦᠷᠢᠳᠡᠨ ᠢ ᠳᠠᠩᠰᠠᠯᠠᠠ ᠬᠠᠮᠢᠶᠠᠷᠬᠤ ᠶᠢ ᠬᠡᠷᠡᠭᠵᠢᠬᠦᠯᠵᠦ᠂ ᠠᠳᠠᠯᠢ ᠠᠵᠢᠯ ᠳᠤ ᠠᠳᠠᠯᠢ ᠴᠠᠯᠢᠩ ᠣᠯᠭᠤᠬᠤ ᠶᠢ ᠠᠭᠠᠵᠢᠮ ᠢᠶᠠᠷ ᠪᠡᠶᠡᠯᠡᠬᠦᠯᠦᠨ᠎ᠡ᠃ ᠵᠢᠯ ᠪᠤᠯᠭᠠᠠ ᠡᠮᠨᠡᠯᠬᠡ ᠶᠢᠨ ᠬᠤᠷᠢᠶ᠎ᠠ ᠪᠦᠷᠢ ᠳᠤ 100 ᠲᠦᠮᠡᠨ ᠲᠦᠭᠦᠷᠢᠭ ᠤᠨ ᠳᠤᠰᠬᠠᠢ ᠲᠦᠷᠦᠯ ᠤᠨ ᠪᠡᠯᠡ ᠮᠦᠩᠬᠦ ᠳᠤᠬᠢᠷᠠᠭᠤᠯᠤᠨ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠤᠨᠴᠠᠭᠠᠢ ᠴᠢᠳᠠᠪᠦᠷᠢᠳᠠᠠ ᠤ ᠡᠩᠨᠡᠭᠡ ᠶᠢᠨ ᠪᠠᠶᠢᠭᠤᠯᠤᠯᠳᠠ ᠪᠠ ᠬᠦᠮᠦᠵᠢᠯ ᠪᠤᠯᠪᠠᠰᠤᠷᠠᠯ ᠳᠤ ᠳᠤᠰᠬᠠᠢ ᠬᠡᠷᠡᠭᠯᠡᠨ᠎ᠡ᠃ ᠬᠤᠰᠢᠭᠤ ᠡᠷᠡᠬᠦᠯ ᠬᠠᠮᠠᠭᠠᠯᠠᠯ ᠤᠨ ᠵᠦᠪᠯᠡᠯ ᠠᠴᠠ ᠡᠷᠡᠭᠦᠯ ᠬᠠᠮᠠᠭᠠᠯᠠᠯ ᠤᠨ ᠤᠨᠴᠠᠭᠠᠢ ᠴᠢᠳᠠᠪᠦᠷᠢᠳᠠᠠ ᠢ ᠤᠷᠢᠨ ᠤᠷᠤᠭᠤᠯᠬᠤ ᠵᠢᠴᠢ ᠤᠯᠭᠤᠮᠵᠢ ᠬᠠᠷᠠᠭᠠᠯᠵᠠᠯ ᠢᠶᠠᠷ ᠵᠤᠷᠢᠭᠵᠢᠭᠤᠯᠬᠤ ᠠᠷᠭ᠎ᠠ ᠶᠢ ᠱᠠᠯᠠᠪᠳᠠᠨ ᠰᠤᠳᠤᠯᠵᠦ ᠳᠤᠭᠳᠠᠭᠠᠠ᠂ ᠤᠳᠤᠬᠠᠠ ᠤ ᠡᠮ ᠡᠮᠨᠡᠯᠬᠡ ᠡᠷᠡᠬᠦᠯ ᠬᠠᠮᠠᠭᠠᠯᠠᠯ ᠤᠨ ᠳᠤᠰᠬᠠᠢ ᠮᠡᠷᠬᠡᠵᠢᠯᠳᠡᠡ ᠬᠦᠨᠳᠤ ᠨᠤᠴᠢᠳᠠᠢ ᠳᠤᠳᠠᠭᠳᠠᠵᠤ ᠪᠠᠶᠢᠭ᠎ᠠ ᠬᠦᠴᠢᠷᠳᠡᠯ ᠢ ᠬᠦᠴᠦᠯᠡᠡ ᠰᠢᠢᠳᠪᠦᠷᠢᠯᠡᠬᠦ ᠬᠡᠷᠡᠭᠳᠡᠢ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠳᠡᠰ ᠬᠤᠪᠢᠶᠠᠨ ᠡᠮᠨᠡᠨ ᠵᠠᠰᠠᠬᠤ᠂ ᠡᠮ ᠤᠨ ᠵᠦᠢᠯᠡᠰ ᠤᠨ ᠬᠠᠩᠭᠠᠯᠠᠭ᠎ᠠ᠂ ᠭᠡᠷ ᠪᠦᠯᠢ ᠶᠢᠨ ᠡᠮᠴᠢ ᠶᠢᠨ ᠭᠡᠷ᠎ᠡ ᠳᠤᠭᠳᠠᠬᠤ ᠵᠡᠷᠭᠡ ᠡᠮ ᠡᠮᠨᠡᠯᠬᠡ ᠶᠢᠨ ᠦᠭᠡᠷᠡᠴᠢᠯᠡᠯᠳᠡ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠳᠡᠢ᠃ ᠡᠮ ᠡᠮᠨᠡᠯᠬᠡ ᠡᠷᠡᠬᠦᠯ ᠬᠠᠮᠠᠭᠠᠯᠠᠯ ᠤᠨ ᠰᠠᠭᠤᠷᠢ ᠲᠦᠭᠦᠬᠡᠷᠤᠮᠵᠢ ᠶᠢᠨ ᠨᠦᠬᠦᠴᠡᠯ ᠢ ᠰᠠᠶᠢᠵᠢᠷᠠᠭᠤᠯᠵᠦ᠂ ᠡᠪᠡᠳᠴᠢᠨ ᠡᠮᠬᠡᠭ ᠢ ᠰᠡᠷᠬᠡᠶᠢᠯᠡᠡ ᠡᠵᠡᠮᠳᠡᠬᠦ ᠲᠦᠪ ᠤᠨ ᠳᠤᠷᠰᠢᠯᠳᠠ ᠶᠢᠨ ᠠᠰᠠᠷ ᠤᠨ ᠪᠠᠶᠢᠭᠤᠯᠤᠯᠳᠠ ᠶᠢ ᠡᠬᠢᠯᠡᠬᠦᠯᠦᠨ᠂ ᠮᠣᠩᠭᠤᠯ ᠡᠮᠨᠡᠯᠬᠡ ᠶᠢᠨ ᠬᠤᠷᠢᠶᠠᠨ ᠤ ᠶᠡᠷᠤᠩᠬᠡᠶᠢᠯᠡᠭᠰᠡᠨ ᠠᠰᠠᠷ ᠵᠢᠴᠢ ᠮᠣᠩᠭᠤᠯ ᠡᠮ ᠨᠠᠶᠢᠷᠠᠭᠤᠯᠬᠤ ᠳᠠᠰᠤᠭ ᠢ ᠪᠠᠶᠢᠭᠤᠯᠤᠨ᠎ᠠ᠃ ᠡᠬᠡ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠶᠡᠬᠡᠪᠡᠷ ᠦᠷᠨᠢᠬᠦᠯᠵᠦ᠂ ᠤᠯᠤᠰ ᠤᠨ ᠳᠡᠰ ᠤᠨ ᠠᠷᠢᠭᠤᠨ ᠴᠡᠪᠡᠷ ᠬᠤᠳᠠ ᠪᠠᠯᠭᠠᠰᠤ ᠪᠠ ᠦᠪᠡᠷᠳᠡᠬᠡᠨ ᠵᠠᠰᠠᠬᠤ ᠤᠷᠤᠨ ᠤ ᠡᠷᠡᠬᠦᠯ ᠴᠢᠬᠢᠷᠠᠭ ᠢ ᠠᠬᠢᠭᠤᠯᠤᠭᠰᠠᠨ ᠬᠤᠰᠢᠭᠤ ᠰᠢᠶᠠᠨ ᠢ ᠡᠬᠦᠳᠤᠨ ᠪᠠᠶᠢᠭᠤᠯᠬᠤ ᠠᠵᠢᠯ ᠢ ᠰᠠᠶᠢᠳᠤᠷ ᠠᠳᠬᠤᠨ᠎ᠠ᠃ ᠠᠵᠢᠯ ᠤᠯᠭᠤᠯᠳᠠ ᠶᠢᠨ ᠳᠠᠯ᠎ᠠ ᠪᠠᠷ᠂ ᠠᠷᠭ᠎ᠠ ᠪᠦᠬᠦᠨ ᠢ ᠰᠦᠪᠡᠭᠴᠢᠯᠡᠡ ᠦᠢᠯᠡᠰ ᠪᠦᠳᠦᠬᠡᠬᠦ ᠠᠵᠢᠯ ᠣᠯᠭᠤᠬᠤ ᠶᠢ ᠠᠬᠢᠭᠤᠯᠤᠨ᠂ ᠦᠢᠯᠡᠰ ᠪᠦᠳᠦᠬᠡᠬᠦ ᠬᠦᠷᠢᠶᠡᠯᠡᠩ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ ᠵᠡᠷᠬᠡ ᠲᠦᠷᠦ ᠶᠢᠨ ᠪᠤᠳᠤᠯᠭ᠎ᠠ ᠪᠠᠷ ᠳᠠᠭᠠᠭᠤᠯᠤᠨ ᠳᠡᠮᠵᠢᠬᠦ ᠪᠠᠷ ᠳᠠᠮᠵᠢᠨ᠂ ᠶᠡᠭᠡ ᠰᠤᠷᠭᠠᠭᠤᠯᠢ ᠳᠡᠬᠦᠰᠦᠭᠰᠡᠨ ᠨᠤᠳᠤᠭ ᠤᠨ ᠤᠶᠤᠳᠠᠳ ᠤᠷᠤᠨ ᠨᠤᠳᠤᠭ ᠲᠠᠭᠠᠨ ᠦᠢᠯᠡᠰ ᠡᠷᠬᠢᠯᠡᠬᠦ ᠶᠢ ᠳᠠᠳᠠᠨ᠎ᠠ᠃ ᠶᠡᠭᠡ ᠳᠡᠬᠡᠳᠤ ᠰᠤᠷᠭᠠᠭᠤᠯᠢ ᠳᠡᠬᠦᠰᠦᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ᠂ ᠠᠵᠢᠯ ᠣᠯᠬᠤ ᠳᠤ ᠬᠦᠴᠢᠷᠳᠡᠢ ᠬᠦᠮᠦᠰ ᠵᠡᠷᠬᠡ ᠭᠤᠣᠯᠳᠠᠯᠭ᠎ᠠ ᠲᠠᠢ ᠤᠯᠠᠠ ᠲᠦᠮᠡᠨ ᠳᠤ ᠠᠵᠢᠯ ᠣᠯᠭᠤᠬᠤ ᠠᠵᠢᠯ ᠢ ᠪᠠᠳᠤᠳᠠᠢ ᠠᠳᠬᠤᠨ᠎ᠠ᠃ ᠵᠢᠯ  ᠳᠤ 800 ᠲᠦᠮᠡᠨ ᠲᠦᠭᠦᠷᠢᠭ ᠠᠴᠠ ᠳᠡᠬᠡᠭᠰᠢᠬᠢ ᠦᠢᠯᠡᠰ ᠪᠦᠳᠦᠬᠡᠬᠦ ᠪᠠᠳᠤᠯᠠᠭᠠᠳᠤ ᠵᠢᠬᠡᠯᠡᠯᠬᠡ ᠳᠠᠯᠪᠢᠵᠦ᠂ 3000 ᠠᠴᠠ ᠳᠡᠬᠡᠭᠰᠢ ᠠᠵᠢᠯ ᠤᠨ ᠪᠠᠶᠢᠷᠢ ᠴᠤᠭᠯᠠᠭᠤᠯᠵᠤ᠂ ᠬᠤᠳᠠ ᠪᠠᠯᠭᠠᠰᠤᠨ ᠤ 1300 ᠠᠴᠠ ᠳᠡᠭᠡᠭᠰᠢ ᠬᠦᠮᠦᠨ ᠳᠤ ᠠᠵᠢᠯ ᠤᠯᠭᠤᠨ᠎ᠠ᠃ ᠨᠠᠰᠤᠵᠢᠯ ᠤᠨ ᠬᠠᠷᠠᠭᠠᠯᠵᠠᠯ ᠤᠨ ᠲᠠᠯ᠎ᠠ ᠪᠠᠷ᠂ ᠪᠠᠶᠢᠭᠤᠯᠤᠮᠵᠢ ᠠᠵᠢᠯ ᠦᠢᠯᠡᠰ ᠤᠨ ᠪᠠᠶᠢᠭᠤᠯᠭ᠎ᠠ ᠶᠢᠨ ᠨᠠᠰᠤᠵᠢᠯ ᠤᠨ ᠳᠠᠭᠠᠳᠬᠠᠯ ᠤᠨ ᠲᠦᠷᠢᠮ ᠤᠨ ᠦᠬᠡᠷᠡᠴᠢᠯᠡᠯᠳᠡ ᠂ ᠡᠮᠨᠡᠯᠬᠡ ᠶᠢᠨ ᠳᠠᠭᠠᠳᠬᠠᠯ ᠤᠨ ᠲᠦᠯᠦᠪᠦᠷᠢᠯᠡᠬᠦ ᠠᠷᠭ᠎ᠠ ᠶᠢᠨ ᠦᠭᠡᠷᠡᠴᠢᠯᠡᠯᠳᠡ ᠶᠢ ᠠᠬᠢᠭᠤᠯᠤᠨ᠂ ᠪᠦᠬᠦ ᠠᠷᠠᠳ ᠢ ᠳᠠᠭᠠᠳᠬᠠᠯ ᠳᠤ ᠤᠷᠤᠭᠤᠯᠵᠦ ᠳᠠᠩᠰᠠᠯᠠᠬᠤ ᠲᠦᠯᠦᠪᠯᠡᠭᠡ ᠶᠢ ᠬᠡᠷᠡᠭᠵᠢᠬᠦᠯᠦᠨ᠎ᠡ᠃ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢ ᠤᠯᠠᠮ ᠢᠶᠠᠷ ᠦᠷᠭᠡᠳᠬᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠨᠤᠷᠮ᠎ᠠ ᠶᠢ 95 % ᠳᠡᠬᠡᠭᠰᠢ ᠪᠠᠶᠢᠬᠤ ᠶᠢ ᠪᠠᠳᠤᠯᠠᠨ᠎ᠠ᠃ ᠵᠢᠯ ᠤᠨ ᠳᠤᠳᠤᠷ᠎ᠠ ᠮᠠᠯᠵᠢᠬᠤ ᠤᠷᠤᠨ ᠤ ᠨᠠᠰᠤᠳᠠᠳ ᠢ ᠠᠰᠠᠷᠠᠬᠤ ᠦᠢᠯᠡᠴᠢᠯᠡᠬᠡᠨ ᠤ ᠲᠦᠪ ᠢ ᠪᠠᠶᠢᠭᠤᠯᠵᠦ ᠳᠠᠭᠤᠰᠬᠠᠨ᠎ᠠ᠃ ᠤᠷᠤᠨ ᠰᠠᠭᠤᠴᠠ ᠶᠢᠨ ᠪᠠᠳᠤᠯᠠᠭ᠎ᠠ ᠶᠢᠨ ᠳᠠᠯ᠎ᠠ ᠪᠠᠷ᠂ ᠨᠤᠤᠷᠠᠩᠬᠠᠢ ᠤᠷᠤᠨ ᠰᠠᠭᠤᠴᠠ ᠶᠢ ᠦᠭᠡᠷᠡᠴᠢᠯᠡᠡ ᠵᠠᠰᠠᠬᠤ ᠢᠨᠵᠧᠨᠧᠷᠢᠩ ᠢ ᠦᠷᠬᠦᠯᠵᠢᠯᠡᠡ ᠠᠬᠢᠭᠤᠯᠤᠨ᠎ᠠ᠃ ᠭᠠᠵᠠᠷ ᠰᠢᠷᠤᠢ ᠶᠢ ᠳᠠᠳᠠᠪᠦᠷᠢᠯᠠᠠ ᠬᠠᠳᠠᠭᠠᠯᠠᠬᠤ ᠲᠦᠷᠢᠮ ᠢ ᠤᠯᠠᠮ ᠢᠶᠠᠷ ᠳᠡᠬᠦᠯᠳᠡᠷᠵᠢᠬᠦᠯᠵᠦ᠂ ᠨᠤᠤᠷᠠᠩᠬᠠᠢ ᠤᠷᠤᠨ ᠰᠠᠭᠤᠴᠠ ᠶᠢᠨ ᠦᠭᠡᠷᠡᠴᠢᠯᠡᠯᠳᠡ ᠳᠤ ᠭᠠᠷᠤᠭᠰᠠᠨ ᠰᠤᠯᠠ ᠭᠠᠵᠠᠷ ᠰᠢᠷᠤᠢ ᠶᠢᠨ ᠡᠬᠢ ᠪᠠᠶᠠᠯᠢᠭ ᠢ ᠰᠠᠶᠢᠳᠤᠷ ᠨᠡᠬᠡᠬᠡᠨ ᠠᠰᠢᠭᠯᠠᠵᠤ ᠡᠵᠡᠩᠨᠡᠨ᠂ ᠨᠤᠤᠷᠠᠩᠬᠠᠢ ᠤᠷᠤᠨ ᠰᠠᠭᠤᠴᠠ  ᠶᠢᠨ ᠦᠭᠡᠷᠡᠴᠢᠯᠡᠯᠳᠡ ᠲᠦᠷᠦᠯ ᠵᠦᠢᠯ ᠤᠨ ᠪᠡᠯᠡ ᠮᠦᠩᠬᠦᠨ ᠤ ᠠᠰᠢᠭ ᠣᠯᠵᠠ ᠲᠡᠩᠴᠡᠬᠦᠷᠢᠳᠠᠢ ᠪᠠᠶᠢᠬᠤ ᠶᠢ ᠴᠢᠷᠮᠠᠶᠢᠨ ᠪᠡᠶᠡᠯᠡᠬᠦᠯᠦᠨ᠎ᠡ᠃ ᠭᠡᠷ ᠪᠠᠶᠢᠰᠢᠩ ᠤᠨ ᠦᠯᠦ ᠬᠦᠳᠡᠯᠬᠦ ᠬᠦᠷᠦᠩᠭᠡ ᠶᠢᠨ ᠦᠨᠡᠮᠯᠡᠯ ᠢ ᠬᠦᠢᠴᠡᠳᠬᠡᠬᠦ ᠦᠯᠡᠳᠡᠭᠳᠡᠯ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠦᠩᠭᠡᠷᠡᠭᠰᠡᠨ ᠵᠢᠯ ᠤᠳ ᠤᠨ ᠳᠤᠷᠰᠢᠬᠢ ᠨᠤᠤᠷᠠᠩᠬᠠᠢ ᠤᠷᠤᠨ ᠰᠠᠭᠤᠴᠠ ᠶᠢ ᠥᠬᠡᠷᠡᠴᠢᠯᠡᠵᠤ ᠪᠠᠷᠢᠭᠰᠠᠨ ᠬᠡᠷ᠂ ᠬᠢᠮᠳᠠ ᠲᠦᠷᠢᠶᠡᠰᠦᠨ ᠭᠡᠷ᠂ ᠨᠡᠶᠢᠳᠠ ᠶᠢᠨ ᠳᠦᠷᠢᠶᠡᠰᠦᠨ ᠭᠡᠷ᠂ ᠨᠡᠭᠦᠳᠡᠯ ᠠᠷᠠᠳ ᠤᠨ ᠰᠠᠭᠤᠷᠢᠰᠢᠯ᠂ ᠨᠡᠭᠦᠯᠭᠡᠨ ᠰᠢᠯᠵᠢᠭᠦᠯᠦᠭᠰᠡᠨ ᠵᠡᠷᠭᠡ  ᠪᠠᠳᠤᠯᠠᠭ᠎ᠠ ᠶᠢᠨ ᠴᠢᠨᠠᠷᠲᠠᠢ ᠰᠠᠭᠤᠬᠤ ᠭᠡᠷ ᠤᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠪᠦᠬᠦ ᠳᠠᠯ᠎ᠠ ᠪᠠᠷ ᠡᠮᠬᠢᠯᠡᠨ᠎ᠡ᠃ ᠳᠤᠰ ᠠᠵᠢᠯ ᠨᠢ ᠤᠯᠠᠨ ᠠᠷᠪᠢᠨ ᠭᠡᠷ ᠪᠦᠯᠢ ᠶᠢᠨ ᠡᠳ᠋ ᠭᠦᠷᠦᠩᠭᠡ ᠪᠠ ᠠᠰᠢᠭ ᠲᠤᠰᠠ ᠲᠠᠢ ᠬᠤᠯᠪᠤᠭᠳᠠᠨ᠎ᠠ᠃ ᠦᠨᠥ ᠵᠢᠯ ᠂ ᠦᠨᠡᠮᠯᠡᠯ ᠬᠦᠢᠴᠡᠳᠬᠡᠬᠦ ᠦᠯᠡᠳᠡᠭᠳᠡᠯ ᠠᠰᠠᠭᠤᠳᠠᠯ ᠤᠨ ᠪᠤᠳᠠᠳᠤ ᠴᠢᠨᠠᠷᠳᠠᠢ ᠰᠢᠢᠳᠪᠦᠷᠢᠯᠡᠯᠳᠡ ᠣᠯᠬᠤ ᠶᠢ ᠪᠠᠳᠤᠯᠠᠨ᠎ᠠ᠃ ᠬᠦᠴᠢᠷᠳᠡᠢ ᠤᠯᠠᠠ ᠲᠦᠮᠡᠨ ᠢ ᠳᠤᠰᠠᠯᠠᠠ ᠳᠡᠮᠵᠢᠬᠦ ᠲᠠᠯ᠎ᠠ ᠪᠠᠷ᠂ ᠬᠦᠮᠦᠨ ᠤ ᠬᠦᠴᠦᠨ ᠪᠠ ᠨᠡᠶᠢᠭᠡᠮ  ᠤᠨ ᠪᠠᠳᠤᠯᠠᠭ᠎ᠠ ᠵᠢᠴᠢ ᠡᠮᠨᠡᠯᠭᠡ ᠶᠢᠨ ᠲᠠᠭᠠᠳᠬᠠᠯ ᠤᠨ ᠰᠠᠯᠠᠭ᠎ᠠ ᠮᠦᠴᠢᠷ ᠦᠨᠳᠦᠰᠦᠨ ᠨᠠᠰᠤᠵᠢᠯ ᠤᠨ ᠲᠠᠭᠠᠳᠬᠠᠯ᠂ ᠦᠨᠳᠦᠰᠦᠨ ᠡᠮ ᠡᠮᠨᠡᠯᠬᠡ ᠵᠡᠷᠭᠡ ᠨᠡᠶᠢᠭᠡᠮ ᠤᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠨᠡᠶᠢᠭᠡᠮ ᠤᠨ ᠲᠠᠭᠠᠳᠬᠠᠯ ᠤᠨ ᠪᠦᠷᠬᠦᠴᠡ ᠶᠢ ᠲᠠᠰᠤᠷᠠᠯᠲᠠ ᠦᠭᠡᠢ ᠦᠷᠭᠡᠳᠬᠡᠬᠦ ᠬᠡᠷᠡᠭᠳᠡᠢ᠃ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠨᠡᠶᠢᠭᠡᠮ ᠤᠨ ᠳᠤᠰᠠᠯᠠᠮᠵᠢ᠂ ᠨᠡᠶᠢᠭᠡᠮ ᠤᠨ ᠠᠰᠠᠷᠠᠮᠵᠢ ᠵᠡᠷᠭᠡ ᠲᠠᠯ᠎ᠠ ᠶᠢᠨ ᠪᠠᠳᠤᠯᠠᠭ᠎ᠠ ᠶᠢᠨ ᠳᠤᠷᠢᠮ ᠢ ᠨᠢᠭᠡᠳᠤᠯᠳᠠᠢ ᠲᠦᠯᠦᠪᠵᠢᠬᠦᠯᠦᠨ ᠰᠠᠶᠢᠳᠤᠷ ᠨᠠᠶᠢᠳᠠᠪᠦᠷᠢᠵᠢᠭᠤᠯᠬᠤ ᠬᠡᠷᠡᠭᠳᠡᠢ᠃ ᠵᠡᠮᠳᠡᠭᠴᠤᠳ ᠤᠨ ᠬᠤᠯᠪᠤᠭ᠎ᠠ ᠨᠢ ᠵᠡᠮᠳᠡᠭᠴᠦᠳ ᠢ ᠰᠠᠶᠢᠳᠤᠷ ᠬᠠᠷᠠᠭᠠᠯᠵᠠᠠ᠂ ᠤᠨᠴᠠᠭᠠᠶᠢᠯᠠᠨ ︽ᠵᠡᠮᠳᠡᠭ ᠠᠴᠠ ᠪᠤᠯᠵᠤ ᠶᠠᠳᠠᠭᠤᠷᠠᠭᠰᠡᠨ︾ ᠭᠡᠷ ᠪᠦᠯᠢ ᠳᠤ ᠶᠡᠷᠥᠩᠬᠡᠶᠢᠯᠡᠭᠰᠡᠨ ᠴᠢᠨᠠᠷᠲᠠᠢ ᠳᠤᠰᠠᠯᠠᠮᠵᠢ ᠦᠵᠡᠭᠦᠯᠵᠤ᠂ ᠵᠡᠮᠳᠡᠭᠴᠤᠳ ᠢ ᠠᠰᠠᠷᠠᠨ ᠬᠠᠷᠠᠭᠠᠯᠵᠠᠬᠤ ᠲᠦᠪ ᠤᠨ ᠪᠠᠶᠢᠭᠤᠯᠤᠯᠳᠠ ᠶᠢᠨ ᠲᠦᠷᠦᠯ ᠵᠦᠢᠯ ᠢ ᠢᠳᠡᠪᠬᠢᠳᠠᠢ ᠳᠡᠮᠡᠴᠡᠨ ᠤᠯᠤᠨ᠎ᠠ᠃          ︵ᠨᠠᠢᠮᠠ︶ ᠨᠡᠶᠢᠭᠡᠮ ᠤᠨ ᠡᠶ᠎ᠡ ᠵᠤᠬᠢᠴᠠᠯ ᠲᠤᠭᠲᠠᠭᠤᠨ ᠢ ᠪᠦᠬᠦ ᠬᠦᠴᠦ ᠪᠠᠷ ᠬᠠᠮᠠᠭᠠᠯᠠᠬᠤ ᠬᠡᠷᠡᠭᠳᠠᠢ᠃ ︽ᠳᠤᠯᠤᠳᠤᠭᠠᠷ ᠳᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠪᠠ ︽ᠬᠡᠨ ᠬᠠᠤᠯᠢ ᠬᠡᠷᠡᠭᠵᠢᠬᠦᠯᠪᠡᠯ ᠬᠡᠨ ᠬᠠᠤᠯᠢ ᠲᠦᠭᠡᠮᠡᠯᠵᠢᠭᠦᠯᠬᠦ︾ ᠠᠵᠢᠯ ᠢ ᠭᠦᠨᠵᠡᠭᠡᠢ ᠠᠭᠢᠭᠤᠯᠤᠨ᠎ᠠ᠃ ᠨᠡᠶᠢᠭᠡᠮ ᠤᠨ ᠵᠦᠷᠢᠴᠡᠯ ᠢ ᠪᠠᠶᠢᠴᠠᠭᠠᠠ ᠨᠠᠮᠳᠠᠭᠤᠯᠬᠤ ᠬᠦᠴᠦᠯᠡᠴᠡ ᠪᠠᠨ ᠨᠡᠮᠡᠭᠳᠡᠬᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠭᠰᠠᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠠ ᠳᠠᠬᠢ ᠵᠠᠬᠢᠳᠠᠯ ᠰᠤᠷᠪᠤᠯᠵᠢᠯᠠᠭ᠎ᠠ ᠶᠢᠨ ᠳᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠬᠡᠷᠡᠭᠳᠡᠢ ᠃ ᠤᠯᠠᠠ ᠨᠡᠶᠢᠳᠡ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠠ᠂ ᠨᠡᠶᠢᠬᠡᠮ ᠢ ᠬᠠᠮᠢᠶᠠᠷᠤᠨ ᠡᠵᠡᠮᠳᠡᠬᠦ  ᠪᠠᠨ ᠴᠢᠩᠭᠠᠳᠬᠠᠨ᠂ ᠨᠡᠶᠢᠬᠡᠮ ᠤᠨ ᠠᠮᠤᠷ ᠳᠤᠭᠳᠠᠭᠤᠨ ᠢ ᠰᠡᠷᠬᠡᠶᠢᠯᠡᠡ ᠡᠵᠡᠮᠳᠡᠬᠦ ᠰᠢᠰᠲ᠋ᠧᠮ ᠢ ᠳᠡᠬᠦᠯᠳᠡᠷᠵᠢᠬᠦᠯᠦᠨ᠂ ᠬᠠᠷ᠎ᠠ ᠪᠦᠯᠦᠭ ᠬᠠᠷᠬᠢᠰ ᠬᠦᠴᠦᠨ ᠢ ᠤᠰᠠᠳᠬᠠᠬᠤ ᠳᠤᠰᠬᠠᠢ ᠲᠡᠮᠡᠴᠡᠯ ᠢ ᠪᠠᠳᠤᠳᠠᠢ ᠦᠷᠨᠢᠬᠦᠯᠵᠦ᠂ ︽ᠱᠠᠯᠢᠭ ᠵᠠᠪᠬᠠᠢ᠂ ᠵᠤᠭᠤᠰ ᠮᠦᠷᠦᠶᠢᠴᠡᠬᠦ᠂ ᠬᠤᠤᠷ᠎ᠠ ᠠᠷᠠᠯᠵᠢᠶᠠᠯᠠᠬᠤ︾ ︽ᠬᠠᠷ᠎ᠠ ᠪᠦᠯᠦᠭ ᠤᠨ ᠰᠢᠨᠵᠢ ᠴᠢᠨᠠᠷ ᠲᠠᠢ ᠠᠵᠢᠯᠯᠠᠭ᠎ᠠ᠂ ᠰᠠᠷᠢᠭᠠᠯᠠᠬᠤ᠂ ᠮᠡᠬᠡᠯᠡᠬᠦ︾ ᠵᠡᠷᠬᠡ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠢᠨᠵᠧᠨᠧᠷᠢᠩ  ᠤᠨ ᠵᠤᠭᠤᠰ ᠪᠠ ᠮᠠᠯᠴᠢᠨ ᠳᠠᠷᠢᠶᠠᠴᠢᠨ ᠬᠦᠯᠦᠰᠦᠨ ᠠᠵᠢᠯᠳᠠᠠ ᠤ ᠴᠠᠯᠢᠩ ᠬᠦᠯᠦᠰᠦ ᠶᠢ ᠦᠷᠢᠳᠦᠬᠦ ᠠᠰᠠᠭᠤᠳᠠᠯ ᠢ ᠬᠦᠨᠵᠡᠬᠡᠢ ᠴᠡᠭᠴᠡᠯᠡᠡ ᠵᠠᠰᠠᠵᠦ᠂ ᠶᠤᠰᠤ ᠪᠤᠰᠤ ᠪᠠᠷ ᠦᠷᠢᠳᠦᠬᠦ᠂ ᠶᠤᠰᠤ ᠪᠤᠰᠤ ᠪᠠᠷ ᠦᠷᠢ ᠨᠡᠬᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠠ ᠰᠢᠢᠳᠪᠦᠷᠢᠯᠡᠨ᠎ᠡ᠃ ᠦᠢᠯᠡᠳᠪᠦᠷᠢᠯᠡᠯ ᠤᠨ ᠠᠮᠤᠷ ᠲᠦᠪᠰᠢᠨ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠦᠷᠦᠯ ᠤᠨ ᠠᠮᠣᠷ ᠲᠦᠪᠰᠢᠨ ᠤ ᠬᠡᠷᠡᠭ ᠡᠭᠦᠰᠬᠦ ᠶᠢ ᠡᠷᠡᠰ ᠰᠡᠷᠭᠡᠶᠢᠯᠡᠨ᠎ᠡ᠃ ᠬᠠᠪᠤᠷ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠲᠠᠢ ᠲᠡᠮᠡᠴᠡᠬᠦ ᠠᠵᠢᠯ ᠢ ᠬᠢᠨᠠᠮᠠᠭᠠᠢ ᠦᠷᠨᠢᠬᠦᠯᠵᠦ᠂ ᠬᠥᠴᠢᠷᠳᠡᠯᠳᠡᠢ ᠣᠯᠠᠨ ᠲᠦᠮᠡᠨ ᠤ ᠦᠨᠳᠦᠰᠦᠨ ᠠᠮᠢᠳᠣᠷᠠᠯ ᠢ ᠵᠤᠬᠢᠰᠲᠠᠢ ᠲᠦᠪᠬᠢᠨᠡᠭᠦᠯᠦᠨ᠎ᠡ᠃ ᠨᠠᠮ ᠤᠨ ᠦᠨᠳᠦᠰᠦᠳᠡᠨ ᠱᠠᠰᠢᠨ ᠰᠣᠷᠳᠠᠬᠤᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠠᠵᠢᠯ ᠢ ᠰᠠᠶᠢᠳᠤᠷ ᠬᠢᠵᠦ᠂ ᠦᠨᠳᠦᠰᠦᠳᠡᠨ ᠤ ᠪᠥᠯᠬᠦᠮᠳᠡᠯ ᠢ ᠴᠢᠩᠭᠠᠳᠬᠠᠵᠤ᠂ ᠬᠠᠮᠳᠣᠪᠡᠷ ᠴᠡᠴᠡᠭᠯᠡᠡ ᠬᠦᠭᠵᠢᠭᠰᠡᠨ ᠰᠠᠶᠢᠨ ᠰᠠᠶᠢᠬᠠᠨ ᠣᠷᠴᠢᠨ ᠢ ᠪᠤᠢ ᠪᠤᠯᠭᠠᠨ᠎ᠠ᠃ ᠳᠠᠯᠳᠠ ᠳᠠᠶᠢᠨ ᠤ ᠹᠷᠣᠨᠲ ᠤᠨ ᠳᠡᠮᠡᠴᠡᠯ ᠪᠠ ᠰᠦᠯᠵᠢᠶᠡᠨ ᠤ ᠶᠠᠷᠢᠶ᠎ᠠ ᠬᠡᠯᠡᠯᠴᠡᠬᠡᠨ ᠤ ᠬᠠᠮᠢᠶᠠᠷᠤᠯᠳᠠ ᠡᠵᠡᠮᠰᠢᠯ ᠢ ᠴᠢᠩᠭᠠᠳᠬᠠᠠ᠂ ᠴᠡᠷᠢᠭ ᠠᠷᠠᠳ ᠠᠭᠤᠰᠤᠯᠴᠠᠠ ᠬᠦᠭᠵᠢᠬᠦ ᠶᠢ ᠠᠬᠢᠭᠤᠯᠵᠦ᠂ ᠬᠢᠯᠢ ᠶᠢᠨ ᠳᠤᠭᠳᠠᠭᠤᠨ ᠢ ᠪᠠᠳᠤᠯᠠᠵᠦ᠂ ᠬᠢᠯᠢ ᠪᠠᠨ ᠡᠵᠡᠮᠳᠡᠨ᠂ ᠬᠢᠯᠢ ᠪᠠᠨ ᠪᠠᠬᠢᠵᠢᠬᠦᠯᠬᠦ ᠶᠢ ᠴᠢᠩᠭᠠᠳᠬᠠᠠ᠂ ᠡᠬᠡ ᠣᠯᠣᠰ ᠤᠨ ᠬᠢᠯᠢ ᠬᠢᠵᠠᠭᠠᠷ ᠤᠨ ᠠᠮᠤᠷ ᠲᠤᠭᠳᠠᠭᠤᠨ ᠤ ᠬᠠᠯᠬᠠᠪᠴᠢ ᠶᠢ ᠪᠠᠲᠤ ᠴᠤᠭᠴᠠᠯᠠᠨ᠎ᠠ᠃          ᠬᠤᠶᠠᠷ᠂ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠵᠦ᠂ ᠠᠵᠢᠯ ᠤᠨ ᠨᠠᠶᠢᠳᠠᠪᠦᠷᠢᠵᠢᠭᠤᠯᠤᠯᠳᠠ ᠶᠢ ᠴᠢᠩᠭ᠎ᠠ ᠠᠳᠬᠤᠬᠤ ᠬᠡᠷᠡᠭᠳᠡᠢ          ᠦᠨᠥ ᠵᠢᠯ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠳᠤᠬᠢᠶᠠᠯ ᠪᠤᠯᠭᠠᠵᠦ᠂ ︽ᠬᠠᠷᠢᠭᠤᠴᠠᠯᠭ᠎ᠠ ᠪᠠᠨ ᠵᠤᠷᠢᠭᠳᠠᠢ ᠡᠭᠦᠷᠭᠡᠯᠡᠡ ᠨᠠᠶᠢᠳᠠᠪᠦᠷᠢᠵᠢᠭᠤᠯᠤᠯᠳᠠ ᠶᠢ ᠴᠢᠩᠭᠠᠳᠬᠠᠬᠤ ᠣᠨ︾ ᠤ ᠠᠵᠢᠯᠯᠠᠭ᠎ᠠ ᠶᠢ ᠡᠬᠢᠯᠡᠨ ᠦᠷᠨᠢᠬᠦᠯᠵᠦ᠂ ᠨᠡᠩ ᠠᠷᠢᠭᠤᠨ ᠴᠢᠭᠡᠴᠢ ᠦᠨᠳᠤᠷ ᠪᠦᠳᠦᠮᠵᠢᠳᠠᠢ᠂ ᠪᠤᠳᠠᠳᠠᠢ ᠶᠢ ᠡᠷᠬᠢᠮᠯᠡᠭᠰᠡᠨ ᠤᠷᠤᠯᠳᠤᠯᠭ᠎ᠠ ᠲᠠᠢ ᠺᠠᠳ᠋ᠷ ᠤᠨ ᠡᠩᠨᠡᠭᠡ ᠶᠢ ᠴᠤᠭᠴᠠᠯᠠᠠ᠂ ᠴᠢᠩᠭ᠎ᠠ ᠱᠠᠭᠠᠷᠳᠠᠯᠭ᠎ᠠ ᠪᠠ ᠪᠤᠳᠠᠳᠤ ᠰᠤᠷᠳᠠᠯ ᠢᠶᠠᠷ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠰᠢᠢᠳᠪᠦᠷᠢ ᠪᠠᠶᠢᠷᠢᠯᠠᠭᠤᠯᠤᠯᠳᠠ ᠶᠢ ᠰᠠᠶᠢᠳᠤᠷ ᠨᠠᠶᠢᠳᠠᠪᠦᠷᠢᠵᠢᠭᠤᠯᠵᠦ᠂ ᠳᠤᠭᠳᠠᠭᠰᠠᠨ ᠬᠠᠷᠠᠯᠳᠠ ᠪᠠᠨ ᠰᠠᠶᠢᠳᠤᠷ ᠪᠡᠶᠡᠯᠡᠬᠦᠯᠬᠦ ᠶᠢ ᠪᠠᠳᠤᠯᠠᠨ᠎ᠠ᠃ ᠨᠢᠭᠡ ᠳᠤ ᠬᠠᠷᠠᠯᠲᠠ ᠪᠠᠨ ᠨᠠᠷᠢᠯᠢᠭᠵᠢᠭᠤᠯᠵᠤ ᠂ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠠᠯᠪᠠᠨ ᠭᠡᠷ  ᠠᠴᠠ ᠲᠣᠰ ᠣᠳᠠᠭᠠᠨ ᠤ ᠬᠤᠷᠠᠯ ᠠᠴᠠ ᠪᠠᠶᠢᠷᠢᠯᠠᠭᠤᠯᠤᠭᠰᠠᠨ ᠬᠠᠷᠠᠯᠲᠠ ᠡᠭᠦᠷᠭᠡ  ᠶᠢ ᠨᠠᠷᠢᠯᠢᠭᠵᠢᠭᠤᠯᠤᠨ ᠵᠠᠳᠠᠯᠵᠤ᠂ ᠡᠯ᠎ᠡ ᠰᠣᠮᠣ ᠪᠠᠯᠭᠠᠰᠣ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠬᠤᠪᠢᠶᠠᠷᠢᠯᠠᠬᠤ ᠬᠡᠷᠡᠭᠳᠡᠢ᠃ ᠡᠯ᠎ᠡ ᠰᠣᠮᠣ ᠪᠠᠯᠭᠠᠰᠤ ᠡᠯ᠎ᠡ ᠰᠠᠯᠠᠭ᠎ᠠ ᠮᠦᠴᠢᠷ ᠠᠴᠠ ᠳᠠᠷᠤᠶᠢᠬᠠᠠ ᠵᠤᠬᠢᠶᠠᠨ ᠪᠠᠶᠢᠭᠤᠯᠵᠦ ᠰᠤᠳᠤᠯᠤᠨ᠂ ᠦᠨᠡᠨᠬᠦ ᠬᠡᠷᠡᠭᠵᠢᠬᠦᠯᠵᠦ ᠪᠤᠯᠬᠤᠶᠢᠴᠠ ᠠᠵᠢᠯ ᠤᠨ ᠲᠦᠰᠦᠪ ᠪᠠ ᠪᠤᠳᠠᠳᠤ ᠠᠷᠭ᠎ᠠ ᠠᠪᠴᠠᠯ ᠢ ᠳᠤᠷᠠᠳᠤᠨ᠂ ᠬᠠᠷᠠᠯᠳᠠ ᠡᠭᠦᠷᠭᠡ ᠳᠤᠳᠤᠷᠬᠠᠢ᠂ ᠬᠠᠮᠢᠶᠠᠷᠤᠯᠳᠠ ᠴᠢᠩᠭ᠎ᠠ ᠪᠠᠶᠢᠬᠤ ᠶᠢ ᠪᠠᠳᠤᠯᠠᠵᠦ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠠᠯᠢᠪᠠ ᠠᠵᠢᠯ ᠢ ᠪᠤᠳᠠᠳᠠᠢ ᠨᠢᠮᠪᠠᠢ ᠰᠠᠶᠢᠨ ᠬᠢᠬᠦ ᠬᠡᠷᠡᠭᠳᠡᠢ᠃ ᠬᠤᠶᠠᠷ ᠲᠤ ᠬᠠᠷᠢᠭᠤᠴᠠᠯᠭ᠎ᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠢ᠃ ᠬᠦᠴᠢᠷᠳᠡᠯ ᠪᠠ ᠠᠰᠠᠭᠤᠳᠠᠯ ᠳᠤ ᠬᠠᠨᠳᠤᠬᠤ ᠳᠤ ᠡᠯ᠎ᠡ ᠱᠠᠳᠤᠨ ᠤ ᠤᠳᠤᠷᠢᠳᠬᠤ ᠺᠠᠳ᠋ᠷ ᠡᠷᠬᠡᠪᠰᠢ ᠵᠠᠩᠬᠢᠯᠠᠭ᠎ᠠ ᠶᠢᠨ ᠦᠢᠯᠡᠳᠤᠯ ᠢ ᠪᠠᠳᠠᠷᠠᠭᠤᠯᠵᠦ᠂ ᠬᠠᠷᠢᠭᠤᠴᠠᠯᠭ᠎ᠠ ᠡᠬᠦᠷᠬᠡᠯᠡᠬᠦ ᠶᠢ ᠴᠢᠩᠭᠠᠳᠬᠠᠠ᠂ ᠬᠦᠴᠢᠷ ᠪᠡᠷᠬᠡ ᠶᠢ ᠳᠠᠪᠠᠠ᠂ ᠪᠦᠳᠦᠭᠡᠯᠴᠢ ᠪᠠᠷ ᠰᠢᠪᠳᠤᠯᠤᠯᠳᠠ ᠬᠢᠵᠦ᠂ ᠶᠠᠮᠠᠷᠪᠠ ᠳᠠᠷᠤᠯᠲᠠ ᠳᠤ ᠨᠢᠷᠤᠭᠤ ᠪᠦᠬᠦᠶᠢᠬᠦ ᠦᠭᠡᠢ ᠰᠦᠰᠥ ᠰᠢᠨᠳᠠᠰᠤ ᠪᠠ ᠵᠤᠷᠢᠭᠰᠠᠨ ᠳᠠᠭᠠᠨ ᠬᠦᠷᠬᠦ ᠦᠭᠡᠢ ᠪᠣᠯ ᠪᠤᠴᠠᠬᠤ ᠦᠭᠡᠢ ᠵᠤᠷᠢᠭ ᠰᠢᠢᠳᠤᠯ ᠢᠶᠠᠷ ᠵᠠᠮ ᠨᠡᠭᠡᠭᠡᠨ᠂ ᠬᠦᠴᠢᠷᠳᠡᠯ ᠢ ᠳᠠᠪᠠᠨ᠂ ᠠᠰᠠᠭᠤᠳᠠᠯ ᠢ ᠰᠢᠢᠳᠪᠦᠷᠢᠯᠡᠬᠦ ᠳᠤᠮᠳᠠ ᠵᠤᠷᠢᠭᠳᠠᠢ ᠤᠷᠤᠭᠰᠢᠯᠠᠬᠤ ᠬᠡᠷᠡᠭᠳᠡᠢ᠃ ᠭᠤᠷᠪᠠ ᠳᠤ ᠴᠢᠳᠠᠪᠦᠷᠢ ᠪᠠᠨ ᠲᠡᠭᠡᠭᠰᠢᠯᠡᠭᠦᠯᠵᠤ᠂ ᠨᠠᠶᠢᠳᠠᠪᠦᠷᠢᠵᠢᠭᠤᠯᠬᠤ ᠶᠢ ᠠᠳᠬᠤᠬᠤ ᠬᠡᠷᠡᠭᠳᠡᠢ᠃ ᠡᠯ᠎ᠡ ᠱᠠᠳᠤᠨ ᠤ ᠤᠳᠤᠷᠢᠳᠬᠤ ᠺᠠᠳ᠋ᠷ ᠡᠷᠬᠡᠪᠰᠢ ᠢᠳᠡᠪᠬᠢᠲᠠᠢ ᠪᠠᠷ ᠰᠢᠨ᠎ᠡ ᠴᠠᠭ ᠦᠶ᠎ᠡ ᠶᠢᠨ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠵᠤᠬᠢᠴᠠᠵᠤ᠂ ᠳᠤᠬᠠᠶᠢᠯᠠᠭᠰᠠᠨ ᠠᠵᠢᠯ ᠤᠨ ᠴᠢᠳᠠᠪᠦᠷᠢ᠂ ᠳᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ᠂ ᠳᠤᠬᠠᠶᠢᠯᠠᠭᠰᠠᠨ ᠠᠵᠢᠯ ᠤᠨ ᠵᠤᠷᠢᠭ ᠰᠠᠨᠠᠭᠠᠠ ᠤ ᠬᠦᠮᠦᠵᠢᠯ ᠪᠤᠯᠪᠠᠰᠤᠷᠠᠯ ᠢ ᠴᠢᠬᠤᠯᠠᠴᠢᠯᠠᠵᠤ᠂ ᠬᠡᠪ ᠪᠤᠯᠪᠠᠰᠤᠷᠠᠯ᠂ ᠠᠷᠭ᠎ᠠ ᠠᠪᠴᠠᠯ ᠪᠠ ᠴᠢᠲᠠᠪᠦᠷᠢ ᠶᠢᠨ ᠳᠠᠯ᠎ᠠ ᠳᠠᠬᠢ ᠳᠤᠳᠠᠭᠳᠠᠯ ᠢᠶᠠᠨ ᠨᠦᠬᠦᠵᠦ᠂ ᠠᠵᠢᠯ ᠬᠢᠵᠦ ᠴᠢᠳᠠᠬᠤ᠂ ᠠᠵᠢᠯ ᠬᠢᠵᠦ ᠳᠡᠶᠢᠯᠬᠦ᠂ ᠠᠵᠢᠯ ᠬᠢᠵᠦ ᠪᠦᠳᠦᠮᠵᠢ ᠭᠠᠷᠭᠠᠬᠤ ᠴᠢᠳᠠᠪᠦᠷᠢ ᠪᠠᠨ ᠦᠨᠡᠨᠬᠦ ᠨᠡᠮᠡᠭᠳᠡᠬᠦᠯᠦᠨ᠂ ᠦᠭᠡᠷᠡᠴᠢᠯᠡᠯᠳᠡ᠂ ᠬᠦᠭᠵᠢᠯᠳᠡ᠂ ᠳᠤᠭᠳᠠᠭᠤᠨ ᠤ ᠦᠢᠯᠡᠳᠤᠯᠬᠡ ᠳᠤᠮᠳᠠ ᠳᠠᠪᠳᠠᠨ ᠪᠤᠯᠪᠠᠰᠤᠷᠠᠬᠤ ᠬᠡᠷᠡᠭᠳᠡᠢ᠃ ᠳᠦᠷᠪᠡ ᠳᠤ ᠬᠤᠷᠳᠤᠴᠠ ᠪᠠᠨ ᠳᠡᠬᠡᠭᠰᠢᠯᠡᠬᠦᠯᠵᠦ ᠦᠷ᠎ᠡ ᠠᠰᠢᠭ ᠠᠰᠢᠭ ᠢ ᠨᠡᠮᠡᠭᠳᠡᠭᠦᠯᠵᠦ᠂ ᠨᠠᠶᠢᠳᠠᠪᠦᠷᠢᠵᠢᠭᠤᠯᠬᠤ ᠶᠢ ᠠᠳᠬᠤᠬᠤ ᠬᠡᠷᠡᠭᠳᠡᠢ᠃ ᠤᠳᠤᠬᠠᠠ ᠳᠤ ᠪᠢᠳᠡᠨ ᠤ ᠠᠵᠢᠯ ᠤᠨ ᠳᠤᠮᠳᠠ ᠪᠠᠶᠢᠷᠢᠭᠤᠯᠤᠯᠳᠠ ᠬᠢᠬᠦ ᠨᠢ ᠤᠯᠠᠨ᠂ ᠰᠤᠳᠤᠯᠵᠤ ᠶᠠᠷᠢᠯᠴᠠᠬᠤ ᠨᠢ ᠤᠯᠠᠨ᠂ ᠨᠠᠶᠢᠳᠠᠪᠤᠷᠢᠵᠢᠭᠤᠯᠬᠤ ᠪᠠᠷ ᠤᠳᠠᠭᠠᠨ᠂ ᠦᠷ᠎ᠡ ᠠᠰᠢᠭ ᠢᠶᠠᠷ ᠳᠤᠤᠷ᠎ᠠ ᠵᠡᠷᠬᠡ ᠪᠠᠶᠢᠳᠠᠯ ᠤᠷᠤᠰᠢᠵᠤ᠂ ︽ᠬᠤᠶᠢᠷᠭᠤ᠂ ᠵᠠᠯᠬᠠᠭᠤ᠂ ᠰᠠᠯᠠᠩ︾ ᠰᠤᠷᠳᠠᠯ ᠲᠠᠢ ᠪᠠᠶᠢᠵᠦ᠂ ᠠᠵᠢᠯ ᠪᠠᠶᠢᠷᠢᠯᠠᠭᠤᠯᠤᠭᠰᠠᠨ ᠤ ᠰᠡᠭᠦᠯᠡᠷ ᠤᠷᠳᠤ ᠬᠤᠭᠤᠴᠠᠭ᠎ᠠ ᠪᠠᠷ ᠶᠠᠮᠠᠷᠴᠤ ᠬᠠᠷᠢᠭᠤ ᠦᠭᠡᠢ ᠪᠠᠶᠢᠳᠠᠭ ᠠᠴᠠ ᠪᠤᠯᠤᠭᠰᠠᠨ ᠶᠤᠮ᠃ ᠡᠯ᠎ᠡ ᠰᠣᠮᠣ ᠪᠠᠯᠭᠠᠰᠤ᠂ ᠡᠯ᠎ᠡ ᠰᠠᠯᠠᠭ᠎ᠠ ᠮᠦᠴᠢᠷ ᠡᠷᠬᠡᠪᠰᠢ ᠠᠵᠢᠯ ᠤᠨ ᠰᠤᠷᠳᠠᠯ ᠢᠶᠠᠨ ᠬᠤᠪᠢᠷᠠᠭᠤᠯᠵᠦ᠂ ︽ᠥᠳᠳᠣᠷ ᠲᠥᠷᠬᠡᠨ ᠬᠥᠢᠴᠡᠳᠬᠡᠬᠦ︾ ᠤᠬᠠᠮᠰᠠᠷ ᠢ ᠪᠠᠲᠦ ᠪᠠᠬᠢ ᠪᠤᠢ ᠪᠤᠯᠭᠠᠵᠦ᠂ ᠪᠠᠶᠢᠷᠢᠰᠢᠭᠤᠯᠤᠭᠰᠡᠨ ᠠᠵᠢᠯ᠂ ᠳᠤᠭᠳᠠᠭᠰᠠᠨ ᠤᠴᠢᠷ ᠢ ᠴᠠᠭ ᠢ ᠠᠮᠵᠢᠨ ᠳᠠᠷᠤᠶᠢᠬᠠᠨ ᠬᠦᠢᠴᠡᠳᠬᠡᠵᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠤᠭᠳᠠᠭᠠᠭᠰᠠᠨ ᠭᠤᠤᠯᠳᠠᠯᠭ᠎ᠠ ᠲᠠᠢ ᠠᠵᠢᠯ ᠢ ᠪᠦᠬᠦ ᠬᠦᠴᠦ ᠪᠠᠷ ᠢᠶᠠᠨ ᠨᠠᠶᠢᠳᠠᠪᠦᠷᠢᠵᠢᠭᠤᠯᠤᠨ ᠠᠬᠢᠭᠤᠯᠬᠤ ᠬᠡᠷᠡᠭᠳᠡᠢ᠃ ᠲᠦᠪ ᠤᠨ ︽ᠦᠷᠭᠡᠨ ᠤᠯᠠᠠ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠭᠦᠷᠭᠡᠯᠡᠵᠦ ᠰᠢᠨ᠎ᠡ ᠤᠷᠤᠯᠳᠤᠯᠭ᠎ᠠ ᠲᠠᠢ ᠪᠠᠶᠢᠬᠤ ᠶᠢ ᠤᠯᠠᠮ ᠢᠶᠠᠷ ᠤᠷᠮᠠᠰᠢᠭᠤᠯᠤᠨ ᠵᠤᠷᠢᠭᠵᠢᠭᠤᠯᠬᠤ ᠳᠤᠬᠠᠢ ᠰᠠᠨᠠᠯ︾ ᠢ ᠬᠢᠨᠠᠮᠠᠭᠠᠢ ᠨᠠᠶᠢᠳᠠᠪᠦᠷᠢᠵᠢᠭᠤᠯᠵᠦ᠂ ᠺᠠᠳ᠋ᠷ ᠤᠨ ᠠᠯᠲᠠᠭ᠎ᠠ ᠶᠢ ᠠᠭᠤᠴᠢᠯᠠᠵᠦ ᠠᠯᠳᠠᠭ᠎ᠠ ᠶᠢ ᠵᠠᠯᠠᠷᠠᠭᠤᠯᠬᠤ ᠳᠤᠭᠲᠠᠯᠴᠠᠭ᠎ᠠ ᠪᠠ ᠠᠷᠭ᠎ᠠ ᠶᠢ ᠪᠦᠷᠢᠨᠰᠢᠭᠦᠯᠦᠨ ᠳᠡᠭᠦᠯᠳᠡᠷᠵᠢᠬᠦᠯᠵᠦ᠂ ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠤᠷᠤᠯᠳᠤᠯᠭ᠎ᠠ ᠲᠠᠢ ᠺᠠᠳ᠋ᠷ ᠢ ᠳᠡᠮᠵᠢᠨ᠂ ᠦᠷᠭᠡᠨ ᠤᠯᠠᠨ ᠺᠠᠳ᠋ᠷ ᠠᠵᠢᠯᠲᠠᠨ ᠤ ᠦᠢᠯᠡᠰ ᠪᠦᠳᠦᠭᠡᠬᠦ ᠬᠠᠯᠠᠭᠤᠨ ᠵᠤᠷᠢᠭ ᠪᠠ ᠢᠳᠡᠪᠬᠢᠵᠢᠯ ᠢ ᠳᠠᠶᠢᠴᠢᠯᠠᠨ᠎ᠠ᠃          ᠨᠦᠬᠦᠳ ᠡ᠂ ᠰᠢᠨ᠎ᠡ ᠴᠠᠭ ᠦᠶ᠎ᠡ ᠶᠢᠨ ᠰᠦᠨᠢᠳ ᠵᠡᠭᠦᠨ ᠬᠤᠰᠢᠭᠤᠨ ᠤ ᠭᠦᠭᠵᠢᠯᠲᠡ ᠶᠢᠨ ᠬᠠᠷᠠᠯᠲᠠ  ᠶᠢ ᠪᠡᠶᠡᠯᠡᠭᠦᠯᠬᠦ ᠳᠤ ᠬᠦᠮᠦᠨ ᠪᠦᠬᠦᠨ ᠬᠠᠷᠢᠭᠤᠴᠠᠯᠭ᠎ᠠ ᠲᠠᠢ᠂ ᠬᠤᠰᠢᠭᠤ ᠳᠠᠶᠠᠭᠠᠷ ᠢᠶᠠᠨ ᠢᠳᠡᠪᠬᠢᠳᠠᠢ ᠬᠦᠳᠡᠯᠦᠯᠴᠡᠵᠦ᠂ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠡᠭᠦᠷᠢᠲᠡ ᠮᠤᠬᠤᠰᠢ ᠦᠭᠡᠢ ᠵᠤᠷᠢᠭ ᠰᠠᠨᠠᠭ᠎ᠠ ᠪᠠ ᠵᠤᠭᠰᠤᠯᠳᠠ ᠦᠭᠡᠢ ᠳᠡᠮᠡᠴᠡᠬᠦ ᠣᠪᠣᠷ ᠢᠶᠠᠷ ᠪᠥᠬᠦ ᠬᠤᠰᠢᠭᠤᠨ ᠤ ᠠᠵᠤ ᠠᠬᠤᠢ ᠨᠠᠶᠢᠬᠡᠮ ᠤᠨ ᠥᠨᠳᠣᠷ ᠥᠷ᠎ᠡ ᠠᠰᠢᠭᠲᠤ ᠬᠥᠭᠵᠢᠯᠳᠠ ᠶᠢ ᠪᠡᠶᠡᠯᠡᠬᠦᠯᠬᠦ ᠶᠢ ᠬᠥᠴᠥᠳᠠᠢ ᠲᠥᠯᠬᠢᠨ᠂ ᠴᠢᠨᠡᠬᠡᠯᠢᠭ ᠨᠡᠶᠢᠬᠡᠮ ᠢ ᠪᠥᠬᠦ ᠳᠠᠯ᠎ᠠ ᠪᠠᠷ ᠴᠤᠭᠴᠠᠯᠠᠨ ᠪᠠᠶᠢᠭᠤᠯᠬᠤ ᠳᠤ ᠰᠢᠢᠳᠪᠤᠷᠢᠳᠣ ᠰᠠᠭᠤᠷᠢ ᠶᠢ ᠳᠠᠯᠪᠢᠨ᠂ ᠨᠡᠩ ᠰᠢᠯᠢᠳᠡᠭ ᠰᠠᠶᠢᠨ ᠦᠷ᠎ᠡ ᠪᠦᠳᠦᠮᠵᠢ ᠪᠠᠷ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠶ᠎ᠡ︕
 
ᠢᠷᠡᠯᠲᠡ᠄ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号