ᠰᠥᠨᠢᠳ ᠵᠡᠬᠦᠨ ᠬᠤᠰᠢᠭᠤ ᠨᠢ ︽ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠱᠠᠭ᠎ᠠ ᠶᠢᠨ | ᠰᠣᠶᠣᠯ ᠤᠨ ᠥᠯᠥᠬᠡᠢ︾᠂ ︽ᠳᠣᠮᠳᠠᠳᠣ ᠣᠯᠣᠰ ᠤᠨ ᠮᠤᠩᠭᠤᠯ ᠥᠨᠳᠣᠰᠣᠳᠡᠨ ᠤ ᠱᠠᠭ᠎ᠠ ᠰᠣᠶᠣᠯ ᠤᠨ ᠥᠪᠯᠡᠨ | ᠵᠠᠯᠭᠠᠮᠵᠢᠯᠠᠬᠤ ᠰᠠᠭᠤᠷᠢᠨ ᠭᠠᠵᠠᠷ︾ ᠬᠡᠬᠦ ᠨᠡᠷᠡᠶᠢᠳᠤᠯ ᠲᠠᠢ᠂ ᠰᠥᠨᠢᠳ ᠵᠡᠬᠦᠨ ᠬᠤᠰᠢᠭᠤᠨ ᠤ ᠱᠠᠭ᠎ᠠ ᠰᠣᠶᠣᠯ ᠤᠨ | ᠨᠠᠶᠢᠬᠡᠮᠯᠢᠭ ᠨᠢ 2007 ᠤᠨ ᠳᠤ ᠪᠠᠶᠢᠭᠤᠯᠤᠭᠳᠠᠵᠤ᠂ ᠪᠥᠬᠦ ᠤᠷᠤᠨ ᠤ ᠬᠡᠪᠴᠢᠶᠠᠨ ᠳᠠᠬᠢ ᠠᠩᠬᠠᠳᠠᠭᠴᠢ ︽ | ᠱᠠᠭ᠎ᠠ ᠰᠣᠶᠣᠯ ᠤᠨ ᠨᠠᠶᠢᠬᠡᠮᠯᠢᠭ︾ ᠪᠤᠯᠤᠭᠰᠠᠨ ᠪᠠᠶᠢᠨ᠎ᠠ᠃ | ᠰᠥᠨᠢᠳ ᠵᠡᠬᠦᠨ ᠬᠤᠰᠢᠭᠤᠨ ᠤ ᠱᠠᠭ᠎ᠠ ᠰᠣᠶᠣᠯ ᠤᠨ ᠨᠠᠶᠢᠬᠡᠮᠯᠢᠭ ᠤᠨ ᠳᠡᠷᠢᠬᠦᠯᠡᠭᠴᠢ᠂ ᠪᠠᠶᠠᠠᠨᠠᠭᠤᠷ | ᠪᠠᠯᠭᠠᠰᠤᠨ ᠤ ᠴᠠᠭᠠᠠᠨᠠᠭᠤᠷ ᠭᠠᠴᠠᠭᠠᠨ ᠤ ᠲᠠᠷᠤᠭ᠎ᠠ ᠲᠥᠳᠥᠪ ᠪᠤᠯ ᠱᠠᠭ᠎ᠠ ᠨᠠᠭᠠᠳᠣᠮ ᠤᠨ ᠤᠷᠳ ᠤ ᠳᠡᠰ ᠤᠨ | ᠥᠪᠯᠡᠨ ᠤᠯᠠᠮᠵᠢᠯᠠᠭᠴᠢ ᠪᠤᠯᠤᠨ᠎ᠠ᠃ ᠬᠠᠷᠠᠬᠠᠨ ᠪᠠᠭ᠎ᠠ ᠠᠴᠠ ᠪᠠᠨ ᠱᠠᠭ᠎ᠠ ᠨᠠᠭᠠᠳᠣᠮ ᠳᠤ ᠳᠣᠷ᠎ᠠ ᠪᠠᠭ᠋ᠠᠳᠠᠢ ᠪᠠᠶᠢᠵᠤ᠂ | ᠱᠠᠭ᠎ᠠ ᠨᠠᠭᠠᠳᠬᠤ ᠶᠢᠨ ᠵᠠᠷᠬᠡᠪᠡᠷ ᠴᠤᠭᠯᠠᠭᠤᠯᠤᠨ ᠬᠠᠳᠠᠭᠠᠯᠠᠵᠤ᠂ 30 ᠰᠢᠬᠠᠮ ᠵᠢᠯ ᠳᠣᠳᠣᠷ᠎ᠠ 15000 ᠱᠠᠭ᠎ᠠ | ᠴᠣᠭᠯᠠᠭᠤᠯᠤᠭᠰᠠᠨ ᠪᠠᠶᠢᠨ᠎ᠠ᠃ ᠰᠢᠨ᠎ᠡ ᠴᠠᠭ ᠥᠶ᠎ᠡ ᠳᠤ ᠥᠪᠡᠷ ᠤᠨ ᠤᠤᠭᠠᠯ ᠰᠣᠶᠣᠯ ᠢᠶᠠᠨ ᠤᠯᠠᠮᠵᠢᠯᠠᠵᠤ | ᠬᠥᠭᠵᠢᠬᠦᠯᠬᠦ ᠶᠢ ᠪᠤᠳᠣᠵᠣ ᠶᠠᠪᠤᠳᠠᠭ ᠲᠡᠷᠡ᠂ ᠰᠥᠨᠢᠳ ᠵᠡᠬᠦᠨ ᠬᠤᠰᠢᠭᠤᠨ ᠤ ᠱᠠᠭ᠎ᠠ ᠶᠢᠨ ᠰᠣᠶᠣᠯ ᠤᠨ, | ᠨᠠᠶᠢᠬᠡᠮᠯᠢᠭ ᠢ ᠰᠠᠨᠠᠭᠠᠴᠢᠯᠠᠨ ᠪᠠᠶᠢᠭᠤᠯᠵᠤ᠂ ᠠᠷᠪᠠᠭᠠᠳ ᠵᠢᠯ ᠤᠨ ᠴᠠᠭ ᠵᠠᠢ ᠶᠢ ᠵᠠᠷᠤᠴᠠᠭᠤᠯᠤᠨ ᠬᠡᠬᠡᠭᠳᠡᠮᠡᠷ | ᠪᠠᠶᠢᠭᠰᠠᠨ ᠱᠠᠭ᠎ᠠ ᠨᠠᠭᠠᠳᠣᠮ ᠢ ᠰᠢᠯᠢ ᠶᠢᠨ ᠭᠤᠤᠯ ᠠᠶᠢᠮᠠᠭ ᠤᠨ ᠬᠡᠪᠴᠢᠶᠡᠨ ᠳᠤ ᠰᠡᠷᠬᠦᠬᠡᠨ ᠥᠷᠨᠢᠬᠦᠯᠬᠦ ᠳᠤ | ᠴᠢᠬᠤᠯᠠ ᠥᠢᠯᠡᠳᠤᠯ ᠥᠵᠡᠬᠦᠯᠵᠡᠢ᠃ | ᠤᠷᠴᠢᠮ ᠤᠨ ᠵᠢᠯ᠂ ︽ᠱᠠᠭ᠎ᠠ ᠰᠣᠶᠣᠯ ᠤᠨ ᠨᠠᠶᠢᠬᠡᠯᠢᠭ︾ ᠠᠴᠠ ᠨᠠᠶᠢᠬᠡᠮᠯᠢᠭ ᠤᠨ ᠬᠡᠰᠢᠬᠦᠨ ᠡᠯᠰᠡᠬᠦ᠂ | ᠱᠠᠭ᠎ᠠ ᠶᠢᠨ ᠤᠷᠤᠯᠳᠣᠭᠠᠨ᠂ ᠱᠠᠭ᠎ᠠ ᠤᠷᠠᠯᠠᠯ ᠤᠨ ᠳᠡᠯᠬᠡᠨ ᠥᠵᠡᠬᠦᠯᠥᠯᠬᠡ ᠶᠢᠨ ᠠᠵᠢᠯᠯᠠᠭ᠎ᠠ ᠥᠷᠨᠢᠬᠦᠯᠬᠦ᠂ ᠱᠠᠭ᠎ᠠ | ᠰᠣᠶᠣᠯ ᠤᠨ ᠬᠢᠴᠢᠶᠡᠯ ᠤᠨ ᠪᠢᠴᠢᠭ ᠨᠠᠶᠢᠷᠠᠭᠤᠯᠵᠤ ᠪᠠᠭ᠎ᠠ ᠰᠤᠷᠭᠠᠭᠤᠯᠢ ᠶᠢᠨ ᠬᠢᠴᠢᠶᠡᠯ ᠲᠥᠷᠥᠯ ᠳᠤ ᠤᠷᠤᠭᠤᠯᠬᠤ᠂ | ᠰᠣᠷᠣᠭᠴᠢᠳ ᠲᠤ ᠱᠠᠭ᠎ᠠ ᠨᠠᠭᠠᠳᠣᠮ ᠤᠨ ᠳᠣᠬᠠᠢ ᠵᠠᠩ ᠥᠢᠯᠡ ᠶᠢ ᠥᠢᠯᠠᠭᠠᠭᠤᠯᠬᠤ ᠵᠡᠷᠬᠡ ᠪᠥᠳᠣᠮᠵᠢᠳᠠᠢ ᠠᠷᠭ᠎ᠠ | ᠠᠪᠴᠠᠯ ᠢᠶᠠᠷ ᠥᠨᠳᠣᠰᠣᠳᠡᠨ ᠤ ᠤᠯᠠᠮᠵᠢᠯᠠᠯᠳᠣ ᠱᠠᠭ᠎ᠠ ᠰᠣᠶᠣᠯ ᠢ ᠥᠪᠯᠡᠨ ᠬᠠᠮᠠᠭᠠᠯᠠᠬᠤ ᠶᠢ ᠵᠤᠷᠢᠵᠤ ᠪᠠᠶᠢᠨ᠎ᠠ᠃ |