— ᠪᠦᠬᠦ ᠤᠷᠤᠨ ᠤ ᠬᠦᠳᠡᠯᠮᠦᠷᠢ ᠶᠢᠨ ᠵᠢᠱᠢᠶᠠᠴᠢ ᠤᠯᠠᠭᠠᠨᠳᠤᠶᠠᠭ᠎ᠠ ᠶᠢᠨ ᠦᠢᠯᠡ ᠠᠵᠢᠯᠯᠠᠭ᠎ᠠ ᠠᠴᠠ | ︽ᠶᠡᠭᠡ ᠰᠠᠶᠢᠨ︾ ᠲᠡᠮᠳᠡᠭᠳᠦ ᠮᠠᠯ ᠤᠨ ᠡᠮ ᠤᠨ ᠲᠡᠯᠭᠡᠬᠦᠷ ᠰᠢᠯᠢ ᠶᠢᠨ ᠭᠤᠤᠯ ᠠᠶᠢᠮᠠᠭ ᠤᠨ ᠰᠦᠨᠢᠳ ᠵᠡᠬᠦᠨ | ᠬᠤᠰᠢᠭᠤᠨ ᠳᠤ ᠠᠩᠬ ᠠ ᠪᠠᠶᠢᠭᠤᠯᠤᠭᠳᠠᠭᠰᠠᠨ ᠠᠴᠠ ᠪᠠᠨ 23 ᠵᠢᠯ ᠤᠨ ᠬᠦᠭᠵᠢᠯᠳᠡ ᠪᠠᠷ ᠲᠠᠮᠵᠢᠭᠠᠳ ᠤᠳᠤ | ᠪᠤᠯᠬᠤ ᠳᠤ ᠦᠪᠤᠷ ᠮᠤᠩᠭᠤᠯ ᠤᠨ 12 ᠠᠶᠢᠮᠠᠭ ᠬᠤᠳᠠ ᠳᠤ 57 ᠰᠢᠭᠤᠳ ᠡᠵᠡᠩᠨᠡᠯᠳᠡ ᠶᠢᠨ ᠲᠡᠯᠭᠡᠬᠦᠷ ᠲᠠᠢ | ᠪᠤᠯᠵᠦ᠂ ᠦᠪᠤᠷ ᠮᠤᠩᠭᠤᠯ ᠤᠨ ᠦᠷᠭᠡᠨ ᠠᠭᠤᠳᠠᠮ ᠨᠤᠳᠤᠭ ᠲᠤ ᠶᠡᠭᠡ ᠰᠠᠶᠢᠨ ᠦᠢᠯᠡᠴᠢᠯᠡᠭᠡ ᠪᠠᠷ ᠢᠶᠠᠨ ᠮᠠᠯᠴᠢᠨ | ᠤᠯᠠᠨ ᠳᠠᠭᠠᠨ ᠮᠡᠳᠡᠷᠡᠭᠳᠡᠵᠦ ᠶᠠᠪᠤᠭ᠎ᠠ᠃ ︽ᠶᠡᠭᠡ ᠰᠠᠶᠢᠨ︾ ᠲᠡᠮᠳᠡᠭᠳᠦ ᠶᠢ ᠡᠬᠦᠳᠦᠨ ᠪᠠᠶᠢᠭᠤᠯᠤᠭᠰᠠᠨ ᠬᠦᠮᠦᠨ ᠪᠤᠯ | ᠰᠦᠨᠢᠳ ᠵᠡᠬᠦᠨ ᠬᠤᠰᠢᠭᠤᠨ ᠤ ︽ᠶᠡᠭᠡ ᠰᠠᠶᠢᠨ︾ ᠮᠠᠯ ᠠᠵᠦ ᠠᠬᠤᠢ ᠶᠢᠨ ᠨᠡᠭᠡᠭᠡᠨ ᠬᠦᠭᠵᠢᠬᠦᠯᠦᠯᠳᠡ ᠶᠢᠨ | ᠬᠢᠵᠠᠭᠠᠷᠳᠠᠢ ᠬᠠᠷᠢᠭᠤᠴᠠᠯᠭᠠᠳᠤ ᠺᠤᠮᠫᠠᠨᠢ ᠶᠢᠨ ᠶᠡᠷᠦᠩᠭᠡᠢ ᠲᠠᠭᠠᠭᠠᠮᠠᠯ ᠤᠯᠠᠭᠠᠨᠳᠤᠶᠠᠭ᠎ᠠ ᠪᠤᠯᠤᠨ᠎ᠠ᠃ | 1976 ᠤᠨ ᠳᠤ ᠤᠯᠠᠭᠠᠨᠳᠤᠶᠠᠭ᠎ᠠ ᠰᠦᠨᠢᠳ ᠵᠡᠬᠦᠨ ᠬᠤᠰᠢᠭᠤᠨ ᠤ ᠪᠠᠶᠠᠨᠨᠠᠭᠤᠷ ᠪᠠᠯᠭᠠᠰᠤᠨ ᠤ | ᠲᠠᠷᠭᠤᠨᠨᠠᠭᠤᠷ ᠭᠠᠴᠠᠭᠠᠨ ᠳᠤ ᠲᠦᠷᠦᠵᠦ᠂ 1996 ᠤᠨ ᠳᠤ ᠰᠢᠯᠢ ᠶᠢᠨ ᠭᠤᠤᠯ ᠠᠶᠢᠮᠠᠭ ᠤᠨ ᠮᠠᠯ ᠠᠵᠦ | ᠠᠬᠤᠢ ᠶᠢᠨ ᠰᠤᠷᠭᠠᠭᠤᠯᠢ ᠠᠴᠠ ᠲᠡᠬᠦᠰᠴᠦ᠂ 1997 ᠤᠨ ᠳᠤ 500 ᠲᠦᠭᠦᠷᠢᠭ ᠤᠨ ᠮᠠᠯ ᠤᠨ ᠡᠮ | ᠤᠷᠤᠭᠤᠯᠵᠦ᠂ ᠮᠠᠨᠳᠠᠯᠳᠤ ᠪᠠᠯᠭᠠᠰᠤᠨ ᠳᠤ ᠵᠢᠵᠢᠭ ᠭᠡᠷ ᠲᠦᠷᠢᠶᠡᠰᠦᠯᠡᠨ ᠮᠠᠯ ᠤᠨ ᠡᠮ ᠤᠨ ᠲᠡᠯᠭᠡᠬᠦᠷ ᠨᠡᠭᠡᠭᠡᠭᠰᠡᠨ ᠨᠢ | ᠲᠡᠬᠦᠨ ᠤ ᠦᠢᠯᠡᠰ ᠤᠨ ᠡᠬᠢᠯᠡᠯᠳᠡ ᠪᠤᠯᠵᠠᠢ᠃ ᠲᠤᠬᠠᠢ ᠶᠢᠨ ᠦᠶ᠎ᠠ ᠳᠤ ᠵᠠᠮ ᠬᠠᠷᠢᠯᠴᠠᠭ᠎ᠠ ᠲᠦᠬᠦᠮ ᠦᠭᠡᠢ ᠪᠤᠯᠬᠤᠷ | ᠮᠠᠯᠴᠢᠳ ᠬᠤᠳᠠ ᠤᠷᠤᠵᠦ ᠮᠠᠯ ᠤᠨ ᠡᠮ ᠬᠤᠳᠠᠯᠳᠤᠨ ᠠᠪᠤᠨ᠎ᠠ ᠭᠡᠳᠡᠭ ᠲᠤᠩ ᠶᠡᠭᠡ ᠬᠦᠴᠢᠷ ᠪᠠᠶᠢᠭᠰᠠᠨ ᠢ | ᠰᠡᠷᠭᠡᠭ ᠢᠶᠠᠷ ᠲᠠᠨᠢᠭᠰᠠᠨ ᠲᠡᠷᠡ ᠭᠡᠷ ᠤᠨ ᠬᠦᠮᠦᠰ ᠠᠴᠠ ᠪᠠᠨ 8000 ᠲᠦᠭᠦᠷᠢᠭ ᠵᠢᠭᠡᠯᠡᠵᠦ᠂ ᠮᠠᠯ ᠤᠨ ᠡᠮ ᠢᠶᠠᠨ | ᠬᠦᠳᠡᠭᠡ ᠠᠪᠠᠴᠢᠵᠦ ᠪᠤᠷᠤᠯᠠᠭᠤᠯᠬᠤ ᠪᠠᠷ ᠰᠢᠢᠳᠴᠦ᠂ ᠵᠠᠮ ᠬᠠᠷᠢᠯᠴᠠᠭ᠎ᠠ ᠶᠢᠨ ᠨᠦᠬᠦᠴᠡᠯ ᠠᠨᠠᠢ᠂ ᠭᠡᠳᠦᠨ ᠠᠷᠪᠠᠨ | ᠭᠠᠵᠠᠷ ᠶᠠᠪᠤᠵᠦ ᠠᠶᠢᠯ ᠬᠠᠷᠠᠭᠳᠠᠬᠤ ᠦᠭᠡᠢ ᠡᠭᠡᠷᠡᠮ᠎ᠠ ᠬᠦᠳᠡᠭᠡ ᠲᠠᠯ᠎ᠠ ᠪᠠᠷ ᠠᠶᠠᠯᠠᠵᠦ᠂ ᠭᠡᠭᠡᠷ᠎ᠠ ᠬᠤᠨᠤᠭᠯᠠᠵᠦ | ᠶᠠᠪᠤᠬᠤ ᠳᠠᠭᠠᠨ ᠵᠤᠷᠢᠭ ᠮᠤᠬᠤᠭᠰᠠᠨ ᠦᠭᠡᠢ᠂ ᠮᠠᠯᠴᠢᠳ ᠤᠨ ᠡᠬᠦᠳᠡᠨ ᠳᠤᠨᠢ ᠬᠦᠷᠭᠡᠭᠰᠡᠨ ᠦᠢᠯᠡᠴᠢᠯᠡᠭᠡ | ᠦᠷᠨᠢᠬᠦᠯᠦᠭᠰᠡᠨ ᠨᠢ ᠮᠠᠯᠴᠢᠳ ᠲᠤ ᠲᠦᠬᠦᠮ ᠨᠦᠬᠦᠴᠡᠯ ᠡᠬᠦᠳᠦᠭᠰᠡᠨ ᠪᠦᠭᠡᠳ ᠪᠤᠷᠤᠯᠠᠭᠤᠯᠭ᠎ᠠ ᠶᠢᠨ | ᠠᠰᠠᠭᠤᠳᠠᠯ ᠢᠶᠠᠨ ᠰᠢᠢᠳᠪᠦᠷᠢᠯᠡᠵᠦ ᠴᠢᠳᠠᠭᠰᠠᠨ ᠪᠦᠳᠦᠮᠵᠢᠳᠡᠢ ᠠᠷᠭ᠎ᠠ ᠭᠡᠮᠵᠢᠶ᠎ᠠ ᠪᠤᠯᠤᠭᠰᠠᠨ ᠪᠠᠶᠢᠨ᠎ᠠ᠃ | ᠵᠤᠷᠢᠭ ᠤᠬᠠᠭᠠᠨ ᠴᠢᠷᠮᠠᠶᠢᠯᠭ᠎ᠠ ᠵᠢᠳᠬᠦᠯ ᠬᠦᠮᠦᠨ ᠢ ᠤᠷᠤᠭᠰᠢ ᠲᠠᠪᠰᠢᠭᠤᠯᠳᠠᠭ᠃ 1999 ᠤᠨ ᠳᠤ | 30 ᠲᠦᠮᠡᠨ ᠲᠦᠭᠦᠷᠢᠭ ᠤᠨ ᠦᠨ᠎ᠠ ᠪᠠᠷ ᠬᠤᠰᠢᠭᠤᠨ ᠤ ᠪᠠᠨ ᠮᠠᠯ ᠤᠨ ᠡᠮ ᠪᠤᠷᠤᠯᠠᠭᠤᠯᠬᠤ ᠦᠷᠳᠡᠭᠡ ᠶᠢ | ᠵᠤᠷᠢᠭᠳᠠᠢ ᠲᠠᠭᠠᠭᠠᠴᠢᠯᠡᠨ ᠠᠪᠴᠦ᠂ 2003 ᠤᠨ ᠠᠴᠠ ᠪᠦᠬᠦ ᠠᠶᠢᠮᠠᠭ ᠤᠨ ᠡᠯ᠎ᠠ ᠬᠤᠰᠢᠭᠤ ᠰᠢᠶᠠᠨ ᠬᠤᠳᠠ ᠳᠤ | ᠰᠢᠭᠤᠳ ᠡᠵᠡᠩᠨᠡᠯᠳᠡ ᠶᠢᠨ ᠭᠡᠯᠪᠡᠷᠢ ᠪᠠᠷ ᠮᠠᠯ ᠤᠨ ᠡᠮ ᠤᠨ ᠲᠡᠯᠭᠡᠬᠦᠷ ᠢᠶᠠᠨ ᠦᠷᠭᠡᠳᠭᠡᠨ ᠪᠠᠶᠢᠭᠤᠯᠤᠭᠠᠳ ᠵᠠᠬ᠎ᠠ | ᠲᠡᠯᠭᠡᠬᠦᠷ ᠤᠨ ᠦᠷᠭᠡᠨ ᠵᠠᠢ ᠳᠤ ᠨᠡᠷ᠎ᠠ ᠨᠦᠯᠦᠭᠡ ᠶᠡᠬᠡᠳᠡᠢ ᠲᠤᠮᠤ ᠠᠵᠦ ᠠᠬᠤᠢᠢᠯᠠᠯ ᠪᠠᠶᠢᠭᠤᠯᠤᠭᠰᠠᠨ ᠪᠠᠶᠢᠨ᠎ᠠ᠃ | ᠡᠬᠦᠨ ᠤ ᠵᠡᠷᠭᠡᠪᠡᠷ ᠶᠡᠭᠡ ᠰᠠᠶᠢᠨ ᠰᠢᠯᠢᠳᠡᠭ ᠡᠬᠦᠯᠳᠡᠷ ᠤᠨ ᠮᠠᠯ ᠲᠡᠵᠢᠭᠡᠨ ᠦᠷᠡᠵᠢᠬᠦᠯᠬᠦ ᠰᠠᠭᠤᠷᠢᠨ ᠪᠠᠶᠢᠭᠤᠯᠵᠦ᠂ | ᠰᠢᠯᠢᠳᠡᠭ ᠡᠬᠦᠯᠳᠡᠷ ᠤᠨ ᠦᠭᠡᠷ ᠤᠷᠤᠭᠤᠯᠵᠦ ᠲᠡᠵᠢᠭᠡᠨ ᠦᠷᠡᠵᠢᠬᠦᠯᠵᠦ᠂ ᠤᠳᠤ ᠮᠠᠯᠵᠢᠯ ᠤᠨ ᠲᠠᠯᠠᠪᠠᠢ ᠳᠠᠭᠠᠨ | ᠲᠦᠮᠡᠨ ᠰᠢᠯᠢᠳᠡᠭ ᠡᠬᠦᠯᠳᠡᠷ ᠤᠨ ᠦᠭᠡᠷ ᠮᠠᠯᠵᠢᠵᠦ ᠪᠠᠶᠢᠨ᠎ᠠ᠃ 2012 ᠤᠨ ᠳᠤ ᠶᠡᠭᠡ ᠰᠠᠶᠢᠨ ᠠᠮᠳᠠᠳᠦ ᠢᠳᠡᠭᠡᠨ | ᠬᠤᠭᠤᠯᠠᠨ ᠭᠡᠷ ᠢᠶᠠᠨ ᠡᠷᠬᠢᠯᠡᠵᠦ᠂ ᠮᠠᠯᠵᠢᠯ ᠤᠨ ᠲᠠᠯᠠᠪᠠᠢ ᠶᠢᠨ ᠬᠤᠨᠢ ᠦᠭᠡᠷ ᠤᠨ ᠮᠢᠬ᠎ᠠ ᠪᠠᠨ ᠬᠤᠭᠤᠯᠠᠨ | ᠭᠡᠷ ᠲᠡᠭᠡᠨ ᠬᠡᠷᠡᠭᠯᠡᠵᠦ᠂ ᠴᠤᠯ ᠪᠠᠶᠢᠭᠠᠯᠢᠯᠢᠭ ᠪᠦᠳᠦᠭᠡᠭᠳᠡᠬᠦᠨ ᠢᠶᠠᠷ ᠭᠡᠷᠡᠭᠯᠡᠭᠴᠢᠳ ᠲᠤ ᠦᠢᠯᠡᠴᠢᠯᠡᠵᠦ᠂ ᠮᠠᠯ ᠤᠨ | ᠡᠮ ᠤᠨ ᠲᠡᠯᠭᠡᠬᠦᠷ᠂ ᠮᠠᠯᠵᠢᠯ ᠤᠨ ᠲᠠᠯᠠᠪᠠᠢ᠂ ᠬᠤᠭᠤᠯᠠᠨ ᠭᠡᠷ ᠵᠡᠷᠭᠡ ᠭᠤᠷᠪᠠᠨ ᠲᠦᠷᠦᠯ ᠢ ᠡᠷᠬᠢᠯᠡᠵᠦ᠂ ᠵᠢᠯ ᠤᠨ | ᠤᠷᠤᠯᠭ᠎ᠠ ᠨᠢ ᠭᠡᠳᠦᠨ ᠮᠢᠩᠭᠠᠨ ᠲᠦᠮᠡᠨ ᠲᠦᠭᠦᠷᠢᠭ ᠲᠤ ᠬᠦᠷᠦᠭᠰᠡᠨ ᠲᠤᠮᠤ ᠦᠢᠯᠡᠰ ᠪᠤᠰᠬᠠᠭᠳᠠᠵᠠᠢ᠃ | ᠠᠵᠦ ᠠᠬᠤᠢᠢᠯᠠᠯ ᠤᠨ ᠬᠦᠭᠵᠢᠯᠳᠡ ᠶᠢᠨ ᠰᠠᠭᠤᠷᠢ ᠪᠤᠯ ᠢᠳᠡᠭᠡᠯ ᠪᠤᠯᠤᠨ᠎ᠠ ᠭᠡᠵᠦ ᠤᠯᠠᠭᠠᠨᠳᠤᠶᠠᠭ᠎ᠠ ᠮᠠᠯ ᠤᠨ | ᠡᠮ ᠪᠤᠷᠤᠯᠠᠭᠤᠯᠬᠤ ᠲᠤᠮᠳᠠ ᠶᠠᠰᠤ ᠴᠢᠨᠠᠷ ᠢ ᠪᠠᠳᠤᠯᠠᠬᠤ ᠶᠢᠨ ᠵᠡᠷᠭᠡᠪᠡᠷ ᠬᠦᠭᠵᠢᠯᠳᠡ ᠶᠢ ᠡᠷᠢᠯᠭᠢᠯᠡᠵᠦ᠂ ᠵᠠᠬ᠎ᠠ | ᠲᠡᠯᠭᠡᠬᠦᠷ ᠤᠨ ᠭᠡᠷᠡᠭᠴᠡᠭᠡ ᠱᠠᠭᠠᠷᠳᠠᠯᠭ᠎ᠠ ᠳᠤ ᠨᠡᠶᠢᠴᠡᠬᠦᠯᠦᠨ ᠲᠡᠯᠭᠡᠬᠦᠷ ᠢᠶᠠᠨ ᠡᠷᠬᠢᠯᠡᠵᠦ᠂ ᠤᠳᠤ ᠪᠤᠯᠬᠤ ᠳᠤ ᠪᠦᠬᠦ | ᠤᠷᠤᠨ ᠤ 12 ᠠᠶᠢᠮᠠᠭ ᠬᠤᠳᠠ ᠳᠤ 57 ᠰᠢᠭᠤᠳ ᠡᠵᠡᠩᠨᠡᠯᠳᠡ ᠶᠢᠨ ᠲᠡᠯᠭᠡᠬᠦᠷ ᠲᠠᠢ ᠪᠤᠯᠵᠦ ᠬᠦᠭᠵᠢᠵᠡᠢ᠃ | ᠠᠵᠦ ᠠᠬᠤᠢᠢᠯᠠᠯ ᠤᠨ ᠬᠦᠭᠵᠢᠨ ᠪᠤᠵᠠᠭᠠᠢᠢᠷᠠᠬᠤ ᠶᠢ ᠲᠠᠭᠠᠯᠳᠤᠨ ᠲᠡᠷᠡ ᠮᠦᠨ ᠴᠦ ᠨᠡᠶᠢᠭᠡᠮ ᠨᠡᠶᠢᠳᠡ ᠳᠤ ᠲᠤᠰᠠ | ᠲᠡᠮᠵᠢᠯᠭᠡ ᠦᠵᠡᠬᠦᠯᠬᠦ ᠠᠵᠢᠯᠯᠠᠭ᠎ᠠ ᠪᠠᠨ ᠦᠷᠬᠦᠯᠵᠢᠯᠡᠬᠦᠯᠦᠭᠰᠡᠭᠡᠷ᠃ 2011 ᠤᠨ ᠠᠴᠠ ᠠᠶᠢᠮᠠᠭ ᠤᠨ | ᠳᠤᠳᠤᠭᠠᠳᠤ ᠳᠠᠭᠠᠨ ᠮᠠᠯᠵᠢᠬᠤ ᠡᠷᠦᠭᠡ ᠳᠤ ᠮᠠᠯ ᠤᠨ ᠡᠮ ᠪᠠ ᠬᠠᠶᠢᠷᠴᠠᠭ ᠲᠠᠢ ᠰᠦ᠂ ᠴᠠᠢ ᠬᠦᠷᠭᠡᠬᠦ ᠠᠵᠢᠯᠯᠠᠭ᠎ᠠ | ᠦᠷᠨᠢᠬᠦᠯᠵᠦ ᠪᠠᠶᠢᠭᠰᠠᠨ ᠢᠶᠠᠨ ᠤᠢᠢᠷ᠎ᠡ ᠶᠢᠨ ᠵᠢᠯ ᠳᠤ ᠦᠪᠤᠷ ᠮᠤᠩᠭᠤᠯ ᠤᠨ 12 ᠠᠶᠢᠮᠠᠭ ᠬᠤᠳᠠ ᠶᠢᠨ 38 | ᠬᠤᠰᠢᠭᠤ ᠰᠢᠶᠠᠨ ᠤ ᠰᠤᠮᠤ ᠭᠠᠴᠠᠭ᠎ᠠ ︵ᠰᠢᠶᠠᠩ ᠪᠠᠯᠭᠠᠰᠤ ᠲᠤᠰᠬᠤᠨ︶ ᠳᠤ ᠦᠷᠨᠢᠬᠦᠯᠪᠡ᠃ ᠡᠬᠦᠨ ᠤ ᠬᠠᠮᠳᠤ | 2017 ᠤᠨ ᠳᠤ ᠰᠦᠨᠢᠳ ᠵᠡᠬᠦᠨ ᠬᠤᠰᠢᠭᠤᠨ ᠤ ᠪᠠᠶᠠᠨᠬᠠᠷᠠᠭᠠᠳᠤ ᠭᠠᠴᠠᠭᠠᠨ ᠤ ᠬᠦᠳᠡᠭᠡ ᠲᠤᠰᠬᠤᠨ ᠤ ᠪᠦᠳᠦᠭᠡᠨ | ᠪᠠᠶᠢᠭᠤᠯᠤᠯᠳᠠ ᠶᠢᠨ ᠭᠡᠷ ᠪᠠᠶᠢᠰᠢᠩ ᠢ ᠦᠭᠡᠷᠡᠴᠢᠯᠡᠨ ᠰᠠᠶᠢᠵᠢᠷᠠᠭᠤᠯᠬᠤ ᠳᠤ 2 ᠲᠦᠮᠡᠨ ᠲᠦᠭᠦᠷᠢᠭ ᠬᠠᠨᠳᠢᠪᠯᠠᠵᠠᠢ︔ | 2018 ᠤᠨ ᠳᠤ᠂ ᠰᠦᠨᠢᠳ ᠵᠡᠬᠦᠨ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠭᠡᠷ ᠪᠤᠯᠤᠨ ᠮᠠᠯ ᠠᠵᠦ | ᠠᠬᠤᠢ ᠶᠢᠨ ᠲᠤᠪᠴᠢᠶ᠎ᠠ ᠲᠠᠢ ᠬᠠᠮᠳᠤᠷᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠵᠦ ᠮᠠᠯᠵᠢᠬᠤ | ᠦᠢᠯᠡᠳᠪᠦᠷᠢᠯᠡᠯ ᠢ ᠠᠬᠢᠭᠤᠯᠬᠤ ᠠᠵᠢᠯᠯᠠᠭ᠎ᠠ ᠦᠷᠨᠢᠬᠦᠯᠵᠦ᠂ ᠰᠦᠨᠢᠳ ᠵᠡᠬᠦᠨ ᠬᠤᠰᠢᠭᠤᠨ ᠤ 49 ᠭᠠᠴᠠᠭ᠎ᠠ ᠪᠠ 2 | ᠦᠬᠡᠷ ᠮᠠᠯᠵᠢᠬᠤ ᠬᠤᠷᠰᠢᠶᠠᠵᠢᠯ ᠳᠤ 100 ᠲᠦᠮᠡᠨ ᠲᠦᠭᠦᠷᠢᠭ ᠤᠨ ᠦᠷᠳᠡᠭ ᠪᠦᠬᠦᠢ 100 ᠲᠤᠨ ᠰᠢᠮ᠎ᠠ | ᠲᠡᠵᠢᠭᠡᠯ ᠤᠨ ᠪᠤᠳᠠᠰ ᠢ ᠦᠨ᠎ᠠ ᠲᠦᠯᠦᠪᠤᠷᠢ ᠦᠭᠡᠢ ᠬᠦᠷᠭᠡᠵᠡᠢ︔ 2019 ᠤᠨ ᠤ 5 ᠰᠠᠷ᠎ᠠ ᠳᠤ ᠪᠠᠶᠠᠨᠨᠠᠭᠤᠷ | ᠪᠠᠯᠭᠠᠰᠤᠨ ᠤ ᠲᠠᠷᠭᠤᠨᠨᠠᠭᠤᠷ ᠭᠠᠴᠠᠭᠠᠨ ᠳᠤ ᠬᠦᠬᠦᠷᠭᠡ ᠵᠠᠰᠠᠬᠤ ᠰᠦᠢᠳᠭᠡᠯ 2 ᠲᠦᠮᠡᠨ ᠲᠦᠭᠦᠷᠢᠭ ᠬᠠᠨᠳᠢᠪᠯᠠᠵᠠᠢ︔ | 2019 ᠤᠨ ᠤ 7 ᠰᠠᠷ᠎ᠠ ᠳᠤ ᠮᠤᠷᠢᠨᠳᠠᠪᠠᠭ᠎ᠠ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠶᠢᠨ | ᠮᠠᠯ ᠠᠵᠦ ᠠᠬᠤᠢ ᠶᠢᠨ ᠲᠡᠵᠢᠭᠡᠨ ᠦᠷᠡᠵᠢᠬᠦᠯᠬᠦ ᠮᠡᠷᠭᠡᠵᠢᠯ ᠤᠨ ᠪᠤᠯᠪᠠᠰᠤᠷᠠᠯ ᠵᠢᠴᠢ ᠶᠡᠭᠡ ᠰᠠᠶᠢᠨ ᠮᠠᠯ ᠤᠨ ᠡᠮ ᠤᠨ | ᠬᠢᠵᠠᠭᠠᠷᠳᠤ ᠺᠤᠮᠫᠠᠨᠢ ᠶᠢᠨ ᠮᠠᠯ ᠤᠨ ᠡᠮ ᠲᠤᠰᠠᠯᠠᠬᠤ ᠠᠵᠢᠯᠯᠠᠭ᠎ᠠ ᠳᠤ 38 ᠲᠦᠮᠡᠨ ᠲᠦᠭᠦᠷᠢᠭ ᠤᠨ ᠮᠠᠯ ᠤᠨ ᠬᠢᠵᠢᠭ | ᠭᠡᠮ ᠢ ᠰᠡᠷᠭᠡᠶᠢᠯᠡᠨ ᠵᠠᠰᠠᠬᠤ ᠡᠮ ᠪᠤᠳᠠᠰ ᠬᠦᠷᠭᠡᠭᠰᠡᠨ ᠵᠡᠷᠭᠡ᠃ 2019 ᠤᠨ ᠪᠤᠯᠳᠠᠯ᠎ᠠ 8 ᠵᠢᠯ ᠤᠨ ᠲᠤᠷᠰᠢ | ᠺᠤᠮᠫᠠᠨᠢ ᠨᠢ 302.39 ᠲᠦᠮᠡᠨ ᠲᠦᠭᠦᠷᠢᠭ ᠤᠨ ᠪᠡᠯᠡ ᠭᠠᠷᠭᠠᠵᠦ᠂ 450 ᠬᠦᠮᠦᠨ ᠤᠳᠠᠭ᠎ᠠ ᠬᠦᠳᠡᠭᠡ ᠶᠠᠪᠤᠵᠦ᠂ | 150 ᠲᠡᠷᠭᠡ ᠤᠳᠠᠭ᠎ᠠ ᠬᠦᠳᠡᠯᠭᠡᠵᠦ᠂ 41241 ᠡᠷᠦᠭᠡ ᠪᠠᠷ ᠬᠦᠨᠵᠡᠭᠡᠶᠢᠷᠡᠵᠠᠢ᠃ | ︽ᠨᠢᠭᠡ ᠠᠵᠢᠯᠳᠠᠨ ᠠᠵᠢᠯ ᠠᠯᠳᠠᠪᠠᠯ ᠨᠢᠭᠡ ᠭᠡᠷ ᠪᠦᠯᠢ ᠶᠢᠨ ᠠᠰᠠᠭᠤᠳᠠᠯ ᠪᠤᠯᠵᠦ ᠢᠷᠡᠨ᠎ᠠ᠂ ᠲᠡᠭᠡᠬᠦ ᠪᠠᠷ | ᠪᠢ ᠡᠳᠡᠭᠡᠷ ᠬᠦᠮᠦᠰ ᠲᠡᠭᠡᠨ ᠬᠠᠷᠢᠭᠤᠴᠠᠬᠤ ᠭᠡᠷᠡᠭᠳᠡᠢ︾ ᠭᠡᠵᠦ ᠤᠯᠠᠭᠠᠨᠳᠤᠶᠠᠭ᠎ᠠ ᠠᠵᠢᠯ ᠤᠯᠭᠤᠯᠳᠠ ᠶᠢ | ᠴᠢᠬᠤᠯᠠᠴᠢᠯᠠᠬᠤ ᠶᠢᠨ ᠵᠡᠷᠭᠡᠪᠡᠷ ᠠᠵᠢᠯᠴᠢᠳ ᠤᠨ ᠢᠶᠠᠨ ᠮᠡᠷᠭᠡᠵᠢᠯ ᠴᠢᠳᠠᠪᠤᠷᠢ ᠶᠢ ᠲᠡᠭᠡᠭᠰᠢᠯᠡᠬᠦᠯᠬᠦ ᠲᠠᠯ᠎ᠠ ᠪᠠᠷ ᠮᠠᠰᠢ | ᠰᠡᠳᠬᠢᠯ ᠲᠡᠯᠪᠢᠵᠦ ᠢᠷᠡᠭᠰᠡᠨ ᠪᠢᠯᠡ᠃ ᠲᠡᠷᠡ ᠤᠷᠢᠳ ᠬᠤᠵᠢᠳ 500 ᠭᠠᠷᠦᠢ ᠬᠦᠮᠦᠨ ᠳᠤ ᠠᠵᠢᠯ ᠤᠨ ᠪᠠᠶᠢᠷᠢ | ᠤᠯᠭᠤᠵᠦ᠂ ᠤᠳᠤ ᠠᠵᠦ ᠠᠬᠤᠢᠢᠯᠠᠯ ᠤᠨ ᠠᠵᠢᠯ ᠤᠨ ᠪᠠᠶᠢᠷᠢᠨ ᠳᠤ ᠪᠠᠶᠢᠭ᠎ᠠ ᠬᠦᠮᠦᠰ 451 ᠪᠠᠶᠢᠵᠦ᠂ ᠡᠬᠦᠨ ᠳᠤ | ᠶᠡᠭᠡ ᠰᠤᠷᠭᠠᠭᠤᠯᠢ ᠲᠡᠬᠦᠰᠦᠭᠰᠡᠳ᠂ ᠮᠠᠯᠵᠢᠬᠤ ᠤᠷᠤᠨ ᠤ ᠨᠡᠬᠦᠯᠭᠡᠨ ᠰᠢᠯᠵᠢᠬᠦᠯᠦᠭᠰᠡᠳ᠂ ᠠᠵᠢᠯ ᠤᠨ | ᠪᠠᠶᠢᠷᠢ ᠠᠴᠠ ᠪᠠᠨ ᠪᠠᠭᠤᠭᠰᠠᠳ ᠵᠡᠷᠭᠡ 215 ᠬᠦᠮᠦᠨ ᠪᠠᠶᠢᠵᠦ᠂ ᠤᠷᠤᠨ ᠨᠤᠳᠤᠭ ᠤᠨ ᠠᠵᠢᠯ ᠤᠯᠭᠤᠯᠳᠠ ᠳᠤ | ᠬᠤᠪᠢ ᠨᠡᠮᠡᠷᠢ ᠪᠠᠨ ᠦᠵᠡᠬᠦᠯᠵᠠᠢ᠃ | ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡ ᠶᠢ ᠤᠯᠠᠮ ᠰᠠᠶᠢᠳᠤᠷ ᠬᠢᠬᠦ ᠶᠢᠨ ᠲᠤᠰᠠᠳᠠ᠂ 2018 | ᠤᠨ ᠤ ᠰᠡᠬᠦᠯᠴᠢ ᠳᠤ ᠶᠡᠭᠡ ᠰᠠᠶᠢᠨ ᠮᠠᠯ ᠤᠨ ᠡᠮ ᠢ ᠲᠤᠤ ᠪᠤᠤ᠂ ᠲᠢᠶᠠᠨ ᠮᠤᠤ᠂ APP ᠲᠤᠮᠤ ᠳ᠋ᠠᠶᠢᠲ᠋ᠠ ᠲᠡᠭᠡᠷ᠎ᠠ | ᠲᠦᠭᠡᠮᠡᠯᠵᠢᠬᠦᠯᠦᠨ᠂ ᠰᠦᠯᠵᠢᠶᠡᠨ ᠲᠡᠭᠡᠷ ᠠ ᠪᠠ ᠰᠦᠯᠵᠢᠶᠡᠨ ᠤ ᠭᠠᠳᠠᠨᠠᠬᠢ ᠶᠢ ᠬᠠᠷᠢᠯᠴᠠᠨ ᠤᠶᠠᠯᠳᠤᠭᠤᠯᠵᠠᠢ᠃ | 2019 ᠤᠨ ᠤ ᠲᠤᠮᠳᠠᠴᠢ ᠠᠴᠠ ᠡᠬᠢᠯᠡᠨ ᠵᠠᠰᠠᠭ ᠤᠨ ᠤᠷᠳᠤᠨ ᠤ ᠨᠠᠶᠢᠳᠠᠭᠰᠠᠨ ᠮᠠᠯ ᠠᠵᠦ ᠠᠬᠤᠢ ᠶᠢᠨ ᠰᠢᠯᠭᠠᠨ | ᠪᠠᠶᠢᠴᠠᠭᠠᠯᠳᠠ᠂ ᠬᠢᠵᠢᠭ ᠰᠡᠷᠭᠡᠶᠢᠯᠡᠬᠦ ᠠᠵᠢᠯ ᠢ ᠬᠦᠯᠢᠶᠡᠵᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠪᠡᠶᠡᠯᠡᠬᠦᠯᠵᠦ᠂ | ᠴᠢᠨᠠᠷ ᠰᠠᠶᠢᠳᠠᠢ ᠦᠢᠯᠡᠴᠢᠯᠡᠭᠡ ᠶᠢ ᠡᠯ᠎ᠠ ᠰᠤᠮᠤ ᠭᠠᠴᠠᠭᠠᠨ ᠳᠤ ᠲᠠᠮᠵᠢᠭᠤᠯᠪᠠ᠃ | ᠠᠵᠦ ᠠᠬᠤᠢᠢᠯᠠᠯᠳᠠᠨ ᠤ ᠨᠡᠶᠢᠭᠡᠮ ᠤᠨ ᠬᠠᠷᠢᠭᠤᠴᠠᠯᠭ᠎ᠠ ᠶᠢ ᠵᠤᠷᠢᠭᠳᠠᠢ ᠡᠬᠦᠷᠭᠡᠯᠡᠵᠦ᠂ ᠮᠠᠯᠴᠢᠨ | ᠲᠦᠮᠡᠨ ᠳᠡᠭᠡᠨ ᠴᠢᠨᠠᠷ ᠰᠠᠶᠢᠳᠠᠢ ᠦᠢᠯᠡᠴᠢᠯᠡᠭᠡ ᠬᠢᠬᠦ ᠶᠢ ᠡᠷᠬᠢᠮᠯᠡᠵᠦ ᠢᠷᠡᠭᠰᠡᠨ ᠦᠨᠡᠨᠴᠢ ᠠᠵᠢᠯᠯᠠᠭ᠎ᠠ ᠪᠠᠷ ᠤᠯᠠᠨ | ᠲᠦᠮᠡᠨ ᠳᠡᠭᠡᠨ ᠲᠠᠨᠢᠭᠳᠠᠭᠰᠠᠨ ᠤᠯᠠᠭᠠᠨᠳᠤᠶᠠᠭ᠎ᠠ ᠤᠷᠢᠳ ᠬᠤᠵᠢᠳ ᠰᠦᠨᠢᠳ ᠵᠡᠬᠦᠨ ᠬᠤᠰᠢᠭᠤᠨ ᠤ ᠠᠷᠪᠠᠨ | ᠲᠦᠷᠪᠡᠳᠦᠭᠡᠷ᠂ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢ ᠪᠠᠷ ᠰᠤᠩᠭᠤᠭᠳᠠᠭᠰᠠᠨ | ᠪᠦᠭᠡᠳ ᠠᠶᠢᠮᠠᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠠᠴᠠ ᠳᠠᠪᠤᠳᠤᠭᠠᠷ ᠬᠤᠭᠤᠴᠠᠭᠠᠨ ᠤ | ᠬᠤᠳᠠᠯᠳᠤᠭᠠᠴᠢᠳ ᠤᠨ ᠡᠪᠯᠡᠯ ᠤᠨ ᠬᠦᠢᠴᠡᠳᠭᠡᠭᠴᠢ ᠭᠡᠰᠢᠬᠦᠨ᠂ ᠳᠠᠳ᠋ ᠳᠠᠷᠤᠭ᠎ᠠ ᠪᠠᠷ ᠰᠤᠩᠭᠤᠵᠠᠢ᠃ ᠲᠡᠷᠡᠴᠢᠯᠡᠨ | ᠬᠢᠵᠦ ᠪᠦᠳᠦᠭᠡᠭᠰᠡᠨ ᠠᠵᠢᠯ ᠦᠢᠯᠡᠰ ᠢ ᠨᠢ ᠨᠡᠶᠢᠭᠡᠮ ᠨᠡᠶᠢᠳᠡ ᠠᠴᠠ ᠦᠨᠡᠯᠡᠵᠦ᠂ 2016 ᠤᠨ ᠳᠤ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ︽3 · 8︾ ᠶᠢᠨ ᠤᠯᠠᠭᠠᠨ ᠲᠤᠭᠴᠢ᠂ 2017 ᠤᠨ ᠤ 2 | ᠰᠠᠷ᠎ᠠ ᠳᠤ ᠪᠦᠬᠦ ᠤᠯᠤᠰ ᠤᠨ ︽3 · 8︾ ᠶᠢᠨ ᠤᠯᠠᠭᠠᠨ ᠲᠤᠭᠴᠢ᠂ 2017 ᠤᠨ ᠤ 4 ᠰᠠᠷ᠎ᠠ ᠳᠤ᠂ | ᠰᠢᠯᠢ ᠶᠢᠨ ᠭᠤᠤᠯ ᠠᠶᠢᠮᠠᠭ ᠤᠨ ᠲᠦᠷᠪᠡᠳᠦᠭᠡᠷ ᠬᠤᠭᠤᠴᠠᠭᠠᠨ ᠤ ᠶᠤᠰᠤ ᠰᠤᠷᠳᠠᠬᠤᠨ ᠤ ᠲᠠᠭᠤᠷᠢᠶᠠᠯ᠂ 2017 | ᠤᠨ ᠤ 11 ᠰᠠᠷ᠎ᠠ ᠳᠤ ᠪᠦᠬᠦ ᠤᠯᠤᠰ ᠤᠨ ᠶᠤᠰᠤ ᠰᠤᠷᠳᠠᠬᠤᠨ ᠤ ᠵᠢᠱᠢᠶᠡᠴᠢ ᠶᠢᠨ ᠢᠷᠠᠭᠤ ᠠᠯᠳᠠᠷ ᠢ ᠬᠦᠷᠳᠡᠭᠰᠡᠨ | ᠪᠦᠭᠡᠳ ᠡᠨᠡ ᠵᠢᠯ ᠪᠦᠬᠦ ᠤᠷᠤᠨ ᠤ ᠬᠦᠳᠡᠯᠮᠤᠷᠢ ᠶᠢᠨ ᠵᠢᠱᠢᠶᠡᠴᠢ ᠶᠢᠨ ᠢᠷᠠᠭᠤ ᠠᠯᠳᠠᠷ ᠢᠶᠠᠷ ᠡᠩᠭᠡᠷ ᠢᠶᠠᠨ | ᠮᠢᠯᠢᠶᠠᠯᠭᠠᠯ᠎ᠠ᠃ |