ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠡᠳᠦᠷ ᠤᠨ ᠮᠡᠳᠡᠭᠦᠯᠦᠯᠲᠡ ᠶᠢᠨ ᠳᠦᠷᠢᠮ︾ ᠢ ᠳᠠᠮᠵᠢᠭᠤᠯᠤᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/30
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠳᠤ᠄         ᠡᠳᠦᠭᠡ ︽ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠡᠳᠦᠷ  ᠤᠨ ᠮᠡᠳᠡᠭᠦᠯᠦᠯᠲᠡ ᠶᠢᠨ ᠳᠦᠷᠢᠮ︾ ᠢ ᠳᠠᠮᠵᠢᠭᠤᠯᠤᠨ ᠳᠠᠷᠬᠠᠭᠠᠪᠠ᠃ ᠡᠯ᠎ᠡ ᠰᠤᠮᠤ ᠪᠠᠯᠭᠠᠰᠥ᠂ ᠪᠠᠶᠢᠭᠤᠯᠭ᠎ᠠ ᠨᠢᠬᠡᠴᠡ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠬᠦᠯᠬᠦ ᠬᠡᠷᠡᠭᠳᠡᠢ᠃             ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                       2020 ᠣᠨ ᠤ 5 ᠰᠠᠷ᠎ᠠ ᠶᠢᠨ 29 ᠤ ᠡᠳᠦᠷᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠡᠳᠦᠷ ᠤᠨ ᠮᠡᠳᠡᠭᠦᠯᠦᠯᠲᠡ ᠶᠢᠨ ᠳᠦᠷᠢᠮ         ᠪᠥᠬᠦ ᠠᠶᠢᠮᠠᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠶᠠᠷᠢᠶ᠎ᠠ ᠬᠡᠯᠡᠯᠴᠡᠭᠡᠨ ᠤ ᠡᠳᠦᠷ ᠤᠨ ᠮᠡᠳᠡᠭᠦᠯᠦᠯᠲᠡ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠣᠭᠲᠠᠭᠤᠨ ᠪᠠ ᠵᠠᠰᠠᠭ ᠤᠨ ᠣᠷᠳᠣᠨ ᠤ ᠨᠡᠶᠢᠭᠡᠮ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠭᠠᠯ︾ ᠪᠠ ︽ᠤᠯᠤᠰ ᠤᠨ ᠬᠤᠯᠤᠭᠠᠨ᠎ᠠ ᠬᠢᠵᠢᠭ ᠢ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠳᠦᠷᠢᠮ ᠢ ᠲᠣᠭᠲᠠᠭᠠᠪᠠ᠃         ᠨᠢᠭᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ ᠪᠠ ᠰᠤᠳᠤᠯᠤᠨ ᠮᠠᠭᠠᠳᠯᠠᠬᠤ         ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠤᠯᠢ ᠴᠠᠭᠠᠵᠠ ᠤᠬᠠᠭᠤᠯᠬᠤ ᠰᠠᠯᠠᠭ᠎ᠠ ᠮᠦᠴᠢᠷ ᠨᠢ ᠦᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠷᠢᠭᠤ ᠲᠤᠰᠬᠠᠯ ᠶᠣᠰᠣᠭᠠᠷ ᠡᠳᠦᠷ ᠪᠦᠷᠢ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠰᠤᠳᠤᠯᠤᠨ ᠮᠠᠭᠠᠳᠯᠠᠬᠤ᠂ ᠮᠡᠳᠡᠭᠦᠯᠦᠨ ᠬᠦᠷᠭᠡᠬᠦ ᠠᠵᠢᠯ ᠢ ᠥᠷᠨᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠣᠰ ᠬᠦᠷᠢᠶ᠎ᠡ ᠴᠠᠷᠠᠭᠠᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ ᠪᠠ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠵᠤ᠂ ᠤᠬᠠᠭᠤᠯᠬᠤ ᠰᠠᠯᠠᠭ᠎ᠠ ᠮᠥᠴᠢᠷ ᠡᠳᠦᠷ ᠪᠦᠷᠢ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃         ᠬᠤᠶᠠᠷ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠮᠡᠳᠡᠭᠦᠯᠦᠨ ᠬᠦᠷᠭᠡᠬᠦ ᠴᠠᠭ         ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠡᠳᠦᠷ ᠤᠨ ᠮᠡᠳᠡᠭᠦᠯᠦᠯᠲᠡ ᠪᠣᠯ ᠬᠤᠯᠤᠭᠠᠨ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠲᠦᠷᠦᠭᠦᠤ ᠨᠢᠭᠡ ᠡᠳᠦᠷ ᠤᠨ ᠵᠠᠭᠤᠴᠢᠯᠠᠭᠤᠷ ᠪᠠ ᠢᠨᠲ᠋ᠧᠷ ᠰᠦᠯᠵᠢᠶᠡᠨ ᠳᠠᠬᠢ ᠬᠤᠯᠤᠭᠠᠨ᠎ᠠ ᠬᠢᠵᠢᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠤᠷᠢᠶᠠᠩᠭᠤᠶᠢᠯᠠᠨ ᠵᠠᠳᠠᠯᠵᠤ᠂ ᠳᠠᠷᠠᠭ᠎ᠠ ᠡᠳᠦᠷ ᠤᠨ ᠬᠢᠨᠢ ᠥᠷᠯᠥᠭᠡ ᠬᠤᠯᠪᠣᠭᠳᠠᠯ ᠪᠥᠬᠦᠶ ᠤᠳᠤᠷᠢᠳᠤᠯᠭ᠎ᠠ ᠳᠤ ᠮᠡᠳᠡᠭᠦᠯᠬᠦ ᠶᠢᠨ ᠬᠠᠮᠲᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠳᠤ ᠢᠯᠡᠭᠡᠨ᠎ᠡ᠃         ᠭᠤᠷᠪᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠮᠡᠳᠡᠭᠦᠯᠦᠨ ᠬᠦᠷᠭᠡᠬᠦ ᠬᠡᠯᠪᠡᠷᠢ         ︵ᠨᠢᠭᠡ︶ ᠬᠡᠷᠡᠭᠴᠡᠭᠡ ᠪᠠᠨ ᠦᠨᠳᠦᠰᠦᠯᠡᠨ᠂ ᠴᠤᠭᠯᠠᠭᠤᠯᠤᠭᠰᠠᠨ ᠬᠤᠯᠤᠭᠠᠨ᠎ᠠ ᠬᠢᠵᠢᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠡᠳᠦᠷ ᠤᠨ ᠮᠡᠳᠡᠭᠦᠯᠦᠯᠲᠡ ᠶᠢᠨ ᠬᠡᠯᠪᠡᠷᠢ ᠪᠠᠷ᠂ ᠠᠯᠪᠠᠨ ᠤᠲᠠᠰᠤ ᠵᠡᠷᠭᠡ ᠠᠷᠭ᠎ᠠ ᠵᠠᠮ ᠢ ᠰᠣᠩᠭᠤᠵᠤ ᠬᠠᠮᠢᠶ᠎ᠠ ᠪᠦᠬᠦᠢ ᠤᠳᠤᠷᠢᠳᠤᠯᠭ᠎ᠠ ᠳᠤ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ ᠨᠢᠭᠡᠴᠡ ᠳᠤ ᠢᠯᠡᠭᠡᠬᠦ ᠬᠡᠷᠡᠭᠲᠡᠶ᠃         ︵ᠬᠤᠶᠠᠷ︶ ᠬᠦᠨᠳᠦ ᠨᠤᠴᠢᠲᠠᠢ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠬᠦᠷᠭᠡᠬᠦ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠲᠤᠮᠢᠯᠠᠭᠰᠠᠨ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠶ᠃         ᠳᠥᠷᠪᠡ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ         ︵ᠨᠢᠭᠡ︶ ︽ᠬᠡᠨ ᠭᠤᠤᠯᠴᠢᠯᠠᠨ ᠬᠠᠮᠢᠶᠠᠷᠴᠤ ᠪᠠᠶᠢᠪᠠᠯ ᠬᠡᠨ ᠬᠠᠷᠢᠭᠤᠴᠠᠬᠤ︾ ᠪᠠ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶ᠎ᠠ ᠪᠦᠬᠦᠢ ᠨᠢᠭᠡᠴᠡ ᠪᠣᠯᠤᠨ ᠣᠷᠣᠨ ᠨᠤᠲᠤᠭ ᠨᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠨᠢᠭᠡᠳᠦᠭᠡᠷ ᠬᠠᠷᠢᠭᠤᠴᠠᠯᠭᠠᠳᠠᠨ ᠪᠠᠶᠢᠵᠤ᠂ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠲᠥᠰᠦᠯ ᠢ ᠳᠤᠷᠠᠳᠬᠤ ᠶᠢᠨ ᠬᠠᠮᠲᠤ ᠨᠠᠶᠢᠳᠠᠪᠤᠷᠢᠵᠢᠭᠤᠯᠵᠤ᠂ ᠴᠠᠭ ᠬᠤᠭᠤᠴᠠᠭ᠎ᠠ ᠪᠠ ᠦᠷ᠎ᠡ ᠪᠦᠲᠦᠮᠵᠢ ᠶᠢ ᠣᠨᠣᠪᠴᠢᠲᠠᠶ ᠡᠵᠡᠮᠰᠢᠬᠦ ᠬᠡᠷᠡᠭᠲᠡᠶ᠃         ︵ᠬᠤᠶᠠᠷ︶ ᠬᠤᠯᠤᠭᠠᠨ᠎ᠠ ᠬᠢᠵᠢᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠶᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠯᠦᠭᠡ ᠵᠡᠷᠭᠡᠪᠡᠷ ᠶᠠᠪᠤᠭᠳᠠᠭᠤᠯᠵᠤ᠂ ᠪᠠᠶᠢᠳᠠᠯ ᠢ ᠨᠢ ᠦᠵᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠠᠶ ᠳᠤ ᠬᠦᠷᠴᠦ ᠵᠢᠯᠣᠭᠤᠳᠤᠨ ᠰᠢᠢᠳᠪᠦᠷᠢᠯᠡᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠢ ᠲᠣᠭᠲᠠᠭᠤᠨ ᠪᠠᠶᠢᠯᠭᠠᠬᠤ ᠬᠡᠷᠡᠭᠲᠡᠶ᠃         ︵ᠭᠤᠷᠪᠠ︶ ᠬᠤᠯᠤᠭᠠᠨ᠎ᠠ ᠬᠢᠵᠢᠭ ᠠᠴᠠ ᠪᠣᠯᠤᠭᠰᠠᠨ ᠨᠡᠶᠢᠭᠡᠮ ᠤᠨ ᠭᠡᠯᠮᠡᠭᠳᠡᠯ ᠡᠭᠦᠰᠭᠡᠭᠰᠡᠨ ᠴᠤᠤᠷᠬᠠᠯ ᠢ ᠬᠤᠯᠪᠣᠭᠳᠠᠯ ᠪᠦᠬᠦᠢ ᠨᠢᠭᠡᠴᠡ ᠠᠴᠠ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠰᠠᠨᠠᠭᠤᠯᠭ᠎ᠠ ᠶᠢᠨ ᠠᠷᠭ᠎ᠠ ᠬᠡᠮᠵᠢᠶ᠎ᠡ ᠳᠤᠷᠠᠳᠴᠤ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠣᠯᠤᠨ ᠢᠨᠲ᠋ᠧᠷ ᠰᠦᠯᠵᠢᠶ᠎ᠡ ᠮᠡᠳᠡᠭᠡ ᠵᠠᠩᠭᠢ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠢ ᠵᠣᠬᠢᠴᠠᠭᠤᠯᠤᠨ ᠰᠢᠢᠳᠪᠦᠷᠢᠯᠡᠨ᠎ᠡ᠃         ᠲᠠᠪᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ         ᠬᠤᠯᠤᠭᠠᠨ᠎ᠠ ᠬᠢᠵᠢᠭ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠳᠦᠷᠢᠮᠵᠢᠭᠦᠯᠦᠨ ᠬᠠᠮᠢᠶᠠᠷᠴᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠴᠤᠭᠯᠠᠭᠤᠯᠬᠤ᠂ ᠮᠡᠳᠡᠭᠦᠯᠦᠨ ᠬᠦᠷᠭᠡᠬᠦ ᠠᠵᠢᠯᠲᠠᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠮᠢᠶᠠᠷᠤᠯᠲᠠ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠴᠢᠩᠭᠠᠳᠬᠠᠨ᠂ ᠵᠦᠪᠰᠢᠶᠡᠷᠡᠯ ᠠᠪᠤᠭᠠᠳᠣᠢ ᠳᠣᠲᠣᠭᠠᠳᠤ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠳᠠᠮᠵᠢᠭᠤᠯᠬᠤ ᠶᠢ ᠴᠠᠭᠠᠵᠠᠯᠠᠨ᠎ᠠ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号