ᠡᠷᠲᠡ ᠤᠵᠠᠭᠤᠷ ᠠᠴᠠ ᠪᠠᠨ ᠠᠩ ᠠᠩᠨᠠᠵᠤ ᠢᠷᠡᠭᠰᠡᠨ ᠮᠤᠩᠭᠤᠯᠴᠤᠳ ᠠᠵᠤ ᠠᠮᠢᠳᠤᠷᠠᠯ ᠤᠨ | ᠳᠤᠮᠳᠠ ᠪᠠᠨ ᠵᠢᠷᠭᠠᠯ ᠢ ᠡᠳ᠋ᠯᠡᠬᠦ ᠳᠡᠭᠡᠨ ᠨᠠᠭᠠᠳᠤᠮ ᠲᠤᠭᠯᠠᠭᠠᠮ ᠡᠭᠦᠰᠬᠡᠵᠦ ᠠᠮᠢᠳᠤᠷᠠᠯ ᠤᠨ ᠪᠠᠶᠠᠷ ᠴᠡᠩᠭᠡᠯ ᠢᠶᠠᠨ | ᠵᠦᠩᠨᠡᠨ ᠪᠡᠯᠭᠡᠳᠡᠳᠡᠭ ᠰᠠᠶᠢᠬᠠᠨ ᠵᠠᠩᠰᠢᠯ ᠲᠠᠢ᠃ ᠡᠭᠦᠨ ᠤ ᠲᠤᠲᠤᠷ᠎ᠠ ᠱᠠᠭ᠎ᠠ ᠨᠠᠭᠠᠳᠤᠮ ᠪᠣᠯ ᠨᠢᠭᠡ ᠵᠦᠢᠯ ᠨᠢ | ᠪᠤᠯᠤᠨ᠎ᠠ᠃ | ᠮᠣᠩᠭᠤᠯ ᠬᠦᠮᠦᠨ ᠤ ᠨᠠᠭᠠᠳᠳᠠᠭ ᠱᠠᠭ᠎ᠠ ᠪᠣᠯ ᠬᠤᠨᠢ᠂ ᠢᠮᠠᠭ᠎ᠠ᠂ ᠦᠬᠡᠷ᠂ ᠵᠡᠭᠡᠷ᠎ᠡ᠂ ᠠᠷᠭᠠᠯᠢ ᠵᠡᠷᠭᠡ | ᠭᠡᠷ ᠤᠨ ᠲᠡᠵᠢᠭᠡᠪᠦᠷᠢ ᠪᠠ ᠵᠡᠷᠯᠢᠭ ᠠᠮᠢᠲᠠᠨ ᠤ ᠬᠤᠶᠢᠲᠤ ᠬᠤᠶᠠᠷ ᠬᠥᠯ ᠤᠨ ᠱᠠᠭᠠᠨᠲᠤ ᠶᠢᠨ ᠨᠠᠷᠢᠨ ᠦᠵᠦᠭᠦᠷ ᠲᠤ | ᠪᠠᠶᠢᠬᠤ ᠳᠦᠷᠪᠡᠨ ᠲᠠᠯ᠎ᠠ ᠲᠠᠢ ᠵᠢᠵᠢᠭ ᠶᠠᠰᠤ ᠪᠤᠯᠤᠨ᠎ᠠ᠃ ᠱᠠᠭ᠎ᠠ ᠶᠢ ᠡᠷᠲᠡ ᠳᠡᠭᠡᠷ᠎ᠡ ᠦᠶ᠎ᠡ ᠳᠤ ᠴᠢᠭ᠎ᠠ ᠭᠡᠵᠦ | ᠨᠡᠷᠡᠯᠡᠵᠦ ᠪᠠᠶᠢᠵᠠᠢ᠃ ᠲᠡᠷᠡ ᠨᠢ ᠭᠤᠶᠢᠳᠠ ᠶᠠᠭᠤᠮ᠎ᠠ ᠭᠡᠰᠡᠨ ᠰᠠᠨᠠᠭ᠎ᠠ ᠶᠢ ᠢᠯᠡᠳᠭᠡᠵᠦ᠂ ᠮᠠᠯ ᠠᠮᠢᠲᠠᠨ ᠤ ᠲᠡᠷᠡ | ᠵᠢᠵᠢᠭ ᠶᠠᠰᠤ ᠶᠢ ᠠᠩᠬ᠎ᠠ ᠴᠢᠭ᠎ᠠ ᠪᠤᠶᠤ ᠴᠠᠭᠠᠨ ᠭᠡᠵᠦ ᠨᠡᠷᠡᠯᠡᠵᠡᠢ᠃ ᠡᠨᠡ ᠦᠭᠡ ᠵᠢᠯ ᠤᠳᠠᠬᠤ ᠲᠤᠲᠤᠮ | ᠦᠭᠡᠷᠡᠴᠢᠯᠡᠭᠳᠡᠵᠦ ᠢᠷᠡᠭᠰᠡᠨ ᠤ ᠳᠠᠭᠠᠣ ᠮᠣᠩᠭᠤᠯ ᠲᠦᠷᠦᠭ ᠬᠡᠯᠡᠨ ᠤ ᠳᠠᠭᠤᠳᠠᠯᠭ᠎ᠠ ᠪᠠᠷ ᠱᠠᠭ᠎ᠠ ᠭᠡᠵᠦ ᠪᠢᠴᠢᠬᠦ | ᠪᠤᠯᠵᠠᠢ᠃ | ᠮᠠᠨ ᠤ ᠰᠦᠨᠢᠳ ᠨᠤᠲᠤᠭ ᠲᠤ ᠮᠠᠯᠴᠢᠨ ᠠᠷᠠᠳ ᠱᠠᠭ᠎ᠠ ᠶᠢ ᠮᠣᠷᠢ᠂ ᠲᠡᠮᠡᠭᠡ᠂ ᠬᠤᠨᠢ᠂ ᠢᠮᠠᠭ᠎ᠠ᠂ ᠦᠭᠡᠷ | ᠭᠡᠵᠦ ᠨᠡᠷᠡᠯᠡᠨ ᠤᠯᠠᠨ ᠵᠦᠢᠯ ᠤᠨ ᠨᠠᠭᠠᠳᠤᠮ ᠲᠤᠭᠯᠠᠭᠠᠮ ᠬᠢᠵᠦ ᠨᠠᠭᠠᠳᠳᠠᠭ ᠶᠤᠮ᠃ ᠱᠠᠭ᠎ᠠ ᠶᠢ ᠰᠠᠶᠢᠬᠠᠨ ᠵᠠᠰᠠᠵᠤ | ᠮᠣᠷᠢᠨ ᠲᠠᠯ᠎ᠠ᠂ ᠲᠡᠮᠡᠭᠡᠨ ᠲᠠᠯ᠎ᠠ ᠶᠢ ᠨᠢ ᠦᠷᠦᠵᠦ ᠭᠦᠯᠢᠭᠡᠷ ᠲᠡᠭᠰᠢᠬᠡᠨ ᠪᠤᠯᠭᠠᠵᠤ᠂ ᠪᠠᠰᠠ ᠶᠠᠩᠵᠤ ᠪᠦᠷᠢ ᠶᠢᠨ | ᠬᠠᠳᠠᠨ ᠪᠤᠳᠤᠭ ᠢᠶᠠᠷ ᠪᠤᠳᠤᠵᠤ ᠦᠩᠭᠡ ᠢᠯᠭᠠᠷᠠᠭᠤᠯᠳᠠᠭ ᠪᠠᠶᠢᠵᠠᠢ᠃ ᠰᠦᠨᠢᠳ ᠤᠨ ᠮᠣᠩᠭᠤᠯᠴᠤᠳ ᠨᠡᠭᠦᠭᠦ ᠳᠡᠭᠡᠨ | ᠨᠤᠲᠤᠭ ᠲᠡᠭᠡᠷ᠎ᠡ ᠪᠠᠨ ᠱᠠᠭ᠎ᠠ ᠬᠠᠶᠠᠵᠤ ᠭᠡᠭᠡᠬᠦ ᠶᠢ ᠴᠡᠭᠡᠷᠯᠡᠬᠦ ᠵᠠᠩᠰᠢᠯ ᠲᠠᠢ᠃ ᠬᠡᠷᠪᠡ ᠠᠶᠢᠯ ᠤᠨ ᠨᠤᠲᠤᠭ | ᠳᠡᠭᠡᠷ᠎ᠡ ᠠᠴᠠ ᠱᠠᠭ᠎ᠠ ᠤᠯᠪᠠᠯ ᠶᠠᠮᠠᠷ ᠴᠤ ᠬᠦᠮᠦᠨ ᠭᠡᠳ ᠠᠪᠴᠤ ᠬᠠᠷᠢᠨ᠎ᠠ᠃ ᠡᠭᠦᠨ ᠢ ᠶᠡᠭᠡ ᠪᠡᠯᠭᠡ ᠳᠡᠮᠪᠡᠷᠢᠯ ᠲᠠᠢ | ᠭᠡᠵᠦ ᠪᠤᠳᠤᠳᠠᠭ ᠪᠠᠶᠢᠨ᠎ᠠ᠃ ᠱᠠᠭ᠎ᠠ ᠶᠢ ᠬᠡᠳᠦᠨ ᠵᠠᠭᠤ ᠬᠡᠳᠦᠨ ᠮᠢᠩᠭ᠎ᠠ ᠪᠠᠷ ᠴᠤᠭᠯᠠᠭᠤᠯᠵᠤ᠂ ᠲᠤᠰᠬᠠᠢ ᠠᠷᠠᠰᠤᠨ | ᠤᠭᠤᠲᠠ ᠪᠤᠶᠤ ᠢᠰᠡᠭᠡᠢ ᠤᠭᠤᠲᠠᠨ ᠳᠤ ᠬᠢᠵᠦ ᠲᠠᠯᠪᠢᠭᠠᠳ ᠪᠤᠰᠤᠳ ᠲᠤ ᠮᠠᠨ ᠤ ᠬᠡᠳᠦᠨ ᠦᠶ᠎ᠡ ᠶᠢᠨ ᠱᠠᠭ᠎ᠠ | ᠭᠡᠵᠦ ᠭᠠᠶᠢᠬᠠᠭᠤᠯᠤᠨ᠂ ᠶᠡᠬᠡᠲᠡ ᠨᠠᠨᠳᠢᠩᠨᠠᠨ ᠬᠠᠳᠠᠭᠠᠯᠠᠬᠤ ᠶᠣᠰᠤᠨ ᠪᠤᠢ᠃ ᠰᠦᠨᠢᠳ ᠬᠤᠷᠢᠮ ᠤᠨ ᠵᠠᠩ | ᠦᠢᠯᠡ ᠳᠤ ᠰᠢᠨ᠎ᠡ ᠬᠦᠷᠭᠡᠨ ᠱᠠᠭᠠᠨᠲᠤ ᠨᠤᠭᠤᠯᠬᠤ ᠳᠠᠭᠠᠨ ᠱᠠᠭ᠎ᠠ ᠶᠢ ᠠᠪᠴᠤ ᠬᠠᠳᠠᠭ ᠲᠤ ᠪᠣᠭᠤᠵᠤ ᠡᠪᠦᠷᠳᠦᠯᠡᠨ | ᠬᠠᠷᠢᠬᠤ ᠪᠦᠭᠡᠳ ᠡᠷᠦᠬᠡ ᠭᠡᠷ ᠪᠤᠰᠬᠠᠭᠰᠠᠨ ᠤ ᠪᠡᠯᠭᠡ ᠳᠡᠮᠪᠡᠷᠢᠯ ᠢᠶᠠᠷ ᠦᠵᠡᠬᠦ ᠶᠣᠰᠤᠨ ᠪᠠᠶᠢᠳᠠᠭ ᠪᠢᠯᠡ᠃ | ᠮᠣᠩᠭᠤᠯᠴᠤᠳ ᠱᠠᠭ᠎ᠠ ᠨᠠᠭᠠᠳᠤᠮ ᠢ ᠠᠳᠠᠯᠢ ᠳᠠᠭᠤᠳᠠᠯᠭ᠎ᠠ᠂ ᠬᠡᠯᠪᠡᠷᠢ ᠲᠠᠢ ᠪᠤᠯᠪᠠᠴᠤ ᠠᠳᠠᠯᠢ ᠪᠤᠰᠤ ᠠᠭᠤᠯᠭ᠎ᠠ | ᠲᠠᠢ ᠪᠠᠷ ᠨᠠᠭᠠᠳᠴᠤ᠂ ᠠᠳᠠᠯᠢ ᠪᠤᠰᠤ ᠳᠠᠭᠤᠳᠠᠯᠭ᠎ᠠ᠂ ᠬᠡᠯᠪᠡᠷᠢ ᠲᠠᠢ ᠴᠤ ᠠᠳᠠᠯᠢ ᠠᠭᠤᠯᠭ᠎ᠠ ᠲᠠᠢ ᠤᠯᠠᠨ | ᠶᠠᠩᠵᠤ ᠪᠠᠷ ᠨᠠᠭᠠᠳᠴᠤ ᠢᠷᠡᠭᠰᠡᠨ ᠠᠴᠠ ᠭᠠᠵᠠᠷ ᠤᠷᠤᠨ ᠤ ᠦᠪᠡᠷᠮᠢᠴᠡ ᠤᠨᠴᠠᠯᠢᠭ ᠲᠠᠢ ᠪᠤᠯᠤᠭᠰᠠᠨ ᠨᠢ | ᠮᠡᠳᠡᠭᠡᠵᠢ ᠶᠢᠨ ᠬᠡᠷᠡᠭ᠃ |