ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠪᠤᠯ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ | ᠬᠦᠴᠦᠨ ᠤ ᠪᠠᠶᠢᠴᠠᠭᠠᠯᠳᠠ ᠮᠦᠨ ᠪᠣᠯᠬᠤᠷ᠂ ᠬᠦᠮᠦᠨ ᠨᠢᠬᠡᠪᠤᠷᠢ᠂ ᠭᠡᠷ ᠪᠦᠯᠢ ᠨᠢᠬᠡᠪᠤᠷᠢ ᠵᠢᠴᠢ ᠨᠡᠶᠢᠭᠡᠮ ᠤᠨ ᠡᠯ ᠠ | ᠲᠠᠯ ᠠ ᠲᠠᠢ ᠬᠤᠯᠪᠤᠭᠳᠠᠵᠦ ᠪᠠᠶᠢᠳᠠᠭ᠃ | 1᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢ | ᠦᠷᠨᠢᠬᠦᠯᠬᠦ ᠨᠢ ᠶᠠᠮᠠᠷ ᠴᠢᠬᠤᠯᠠ ᠶᠡᠭᠡ ᠠᠴᠢ ᠬᠤᠯᠪᠤᠭᠳᠠᠯ ᠲᠠᠢ ᠪᠤᠢ︖ ᠬᠦᠮᠦᠨ ᠠᠮᠠ ᠶᠢᠨ ᠨᠠᠶᠢᠳᠠᠮ | ᠪᠠᠶᠢᠴᠠᠭᠠᠯᠳᠠ ᠶᠢ ᠲᠤᠭᠳᠠᠮᠠᠯ ᠬᠤᠭᠤᠴᠠᠭ᠎ᠠ ᠲᠠᠢ ᠦᠷᠨᠢᠬᠦᠯᠦᠨ᠎ᠠ ᠭᠡᠵᠦ ︽ᠪᠦᠬᠦᠳᠡ ᠨᠠᠶᠢᠷᠠᠮᠳᠠᠬᠤ ᠲᠤᠮᠳᠠᠳᠤ | ᠠᠷᠠᠳ ᠤᠯᠤᠰ ᠤᠨ ᠲᠤᠭ᠎ᠠ ᠪᠦᠷᠢᠳᠭᠡᠯ ᠤᠨ ᠬᠠᠤᠯᠢ︾ ᠪᠠ ︽ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠲᠦᠷᠢᠮ︾ ᠳᠤ ᠲᠤᠳᠤᠷᠬᠠᠢ ᠲᠤᠭᠳᠠᠭᠠᠵᠠᠢ᠃ ᠲᠤᠯᠤᠳᠤᠭᠠᠷ ᠤᠳᠠᠭᠠᠨ ᠤ ᠪᠦᠬᠦ ᠤᠯᠤᠰ ᠤᠨ | ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠰᠢᠨ᠎ᠠ ᠴᠠᠭ ᠦᠶ ᠠ ᠳᠤ ᠤᠷᠤᠭᠰᠠᠨ ᠦᠶ᠎ᠠ ᠳᠤ ᠦᠷᠨᠢᠬᠦᠯᠬᠦ ᠨᠢᠭᠡᠨ ᠤᠳᠠᠭᠠᠨ ᠤ ᠴᠢᠬᠤᠯᠠ ᠶᠡᠭᠡ ᠤᠯᠤᠰ ᠤᠨ | ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠳᠠ ᠪᠠᠶᠢᠵᠦ᠂ ᠬᠦᠨᠳᠦ ᠴᠢᠬᠤᠯᠠ ᠮᠦᠷᠳᠡᠭᠡᠨ ᠠᠯᠤᠰ ᠭᠡᠳᠦ ᠶᠢᠨ ᠠᠴᠢ | ᠬᠤᠯᠪᠤᠭᠳᠠᠯ ᠲᠠᠢ ᠶᠤᠮ᠃ | 2᠂ ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ | ᠨᠢᠭᠤᠷᠯᠠᠯ ᠳᠤ ᠶᠠᠮᠠᠷ ᠬᠦᠮᠦᠰ ᠪᠠᠭᠳᠠᠬᠤ ᠪᠤᠢ︖ ᠡᠨᠡ ᠤᠳᠠᠭᠠᠨ ᠤ ᠬᠦᠮᠦᠨ ᠠᠮᠠ ᠶᠢᠨ ᠨᠠᠶᠢᠳᠡᠮ | ᠪᠠᠶᠢᠴᠠᠭᠠᠯᠳᠠ ᠶᠢᠨ ᠨᠢᠭᠤᠷᠯᠠᠯ ᠨᠢ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ | ᠪᠠᠶᠢᠴᠠᠭᠠᠯᠳᠠ ᠶᠢᠨ ᠨᠢᠭᠤᠷᠯᠠᠯ ᠲᠠᠢ ᠠᠳᠠᠯᠢ ᠪᠠᠶᠢᠵᠦ᠂ ᠨᠡᠶᠢᠳᠡᠮ ᠪᠠᠶᠢᠴᠠᠭᠠᠯᠳᠠ ᠶᠢᠨ ᠪᠠᠷᠢᠮᠵᠢᠶ᠎ᠠ ᠴᠠᠭ ᠲᠤ ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠲᠤᠳᠤᠷ᠎ᠠ ᠪᠠᠶᠢᠭ᠎ᠠ ᠪᠠᠶᠢᠭᠠᠯᠢ ᠶᠢᠨ ᠬᠦᠮᠦᠨ ᠪᠠ ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠭ᠎ᠠ ᠪᠤᠯᠪᠠᠴᠦ ᠲᠡᠨᠳᠡ ᠰᠠᠭᠤᠷᠢᠰᠢᠭ᠎ᠠ ᠦᠭᠡᠢ | ᠲᠤᠮᠳᠠᠳᠤ ᠤᠯᠤᠰ ᠤᠨ ᠡᠷᠭᠡᠳᠦ ᠠᠷᠠᠳ ᠢ ᠵᠢᠭᠠᠵᠦ᠂ ᠡᠬᠦᠨ ᠳᠤ ᠪᠦᠬᠦᠳᠡ ᠨᠠᠶᠢᠷᠠᠮᠳᠠᠬᠤ ᠲᠤᠮᠳᠠᠳᠤ ᠠᠷᠠᠳ | ᠤᠯᠤᠰ ᠤᠨ ᠬᠢᠯᠢ ᠲᠤᠳᠤᠷ᠎ᠠ ᠤᠬᠤᠷ ᠬᠤᠭᠤᠴᠠᠭᠠᠨ ᠳᠤ ᠪᠠᠶᠢᠭ᠎ᠠ ᠬᠢᠯᠢ ᠶᠢᠨ ᠭᠠᠳᠠᠨᠠᠬᠢ ᠬᠦᠮᠦᠨ ᠢ ᠪᠠᠭᠳᠠᠭᠠᠬᠤ | ᠦᠭᠡᠢ᠃ ᠬᠢᠯᠢ ᠲᠤᠳᠤᠷ᠎ᠠ ᠰᠠᠭᠤᠷᠢᠰᠢᠵᠦ ᠪᠠᠶᠢᠭ᠎ᠠ ᠰᠢᠶᠠᠩᠭᠠᠡᠭ ᠤᠤᠮᠧᠨ ᠲᠠᠶᠢᠸᠠᠨ ᠤ ᠰᠠᠭᠤᠭᠠᠯᠢ ᠠᠷᠠᠳ ᠪᠠ | ᠭᠠᠳᠠᠭᠠᠳᠤ ᠶᠢᠨ ᠬᠦᠮᠦᠨ ᠪᠠᠰᠠ ᠨᠡᠶᠢᠳᠡᠮ ᠪᠠᠶᠢᠴᠠᠭᠠᠯᠳᠠ ᠶᠢᠨ ᠨᠢᠭᠤᠷᠯᠠᠯ ᠳᠤ ᠪᠠᠭᠳᠠᠵᠦ᠂ ᠪᠠᠶᠢᠴᠠᠭᠠᠵᠦ ᠲᠠᠩᠰᠠᠯᠠᠬᠤ | ᠴᠢᠬᠤᠯᠠᠳᠠᠢ᠃ | 3᠂ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢᠨ ᠭᠤᠤᠯ ᠠᠭᠤᠯᠭ᠎ᠠ ᠨᠢ ᠶᠠᠭᠤ ᠪᠤᠢ︖ ᠡᠨᠡ | ᠤᠳᠠᠭᠠᠨ ᠤ ᠪᠠᠶᠢᠴᠠᠭᠠᠯᠳᠠ ᠳᠤ ᠭᠤᠤᠯᠳᠠᠭᠤ ᠬᠦᠮᠦᠨ ᠠᠮᠠ ᠪᠠ ᠡᠷᠦᠭᠡ ᠶᠢᠨ ᠦᠨᠳᠦᠰᠦᠨ ᠪᠠᠶᠢᠳᠠᠯ᠂ ᠲᠠᠷᠦᠢ | ᠤᠪᠤᠭ ᠨᠡᠷ ᠠ᠂ ᠡᠷᠭᠡᠳᠦ ᠠᠷᠠᠳ ᠤᠨ ᠪᠡᠶ᠎ᠠ ᠶᠢᠨ ᠦᠨᠡᠮᠯᠡᠯ ᠤᠨ ᠨᠤᠮᠧᠷ᠂ ᠬᠦᠢᠰᠦ ᠢᠯᠭᠠᠯ᠂ ᠨᠠᠰᠤ᠂ | ᠦᠨᠳᠦᠰᠦᠳᠡᠨ᠂ ᠰᠤᠷᠭᠠᠨ ᠬᠦᠮᠦᠵᠢᠯ ᠬᠦᠷᠳᠡᠭᠰᠡᠨ ᠭᠡᠮᠵᠢᠶ᠎ᠠ᠂ ᠠᠵᠢᠯ ᠲᠦᠷᠦᠯ᠂ ᠲᠤᠬᠠᠢᠢᠯᠠᠭᠰᠠᠨ ᠠᠵᠢᠯ᠂ ᠨᠡᠬᠦᠨ | ᠰᠢᠯᠵᠢᠭᠰᠡᠨ᠂ ᠤᠷᠤᠭ ᠦᠷᠡᠵᠢᠯ᠂ ᠨᠠᠰᠤ ᠪᠠᠷᠠᠭᠰᠠᠨ᠂ ᠤᠷᠤᠨ ᠰᠠᠭᠤᠴᠠ ᠵᠡᠷᠭᠡ ᠪᠠᠶᠢᠳᠠᠯ ᠢ ᠪᠠᠶᠢᠴᠠᠭᠠᠨ᠎ᠠ᠃ | ᠨᠡᠶᠢᠳᠡᠮ ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠴᠢᠨᠠᠷᠵᠢᠯ ᠢ ᠲᠡᠭᠡᠭᠰᠢᠯᠡᠬᠦᠯᠬᠦ ᠶᠢᠨ ᠲᠦᠯᠦᠭᠡ ᠡᠨᠡ ᠤᠳᠠᠭᠠᠨ ᠤ | ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ ᠳᠤ ᠠᠩᠬ ᠠ ᠤᠳᠠᠭ᠎ᠠ ᠨᠡᠶᠢᠳᠡᠮ ᠪᠠᠶᠢᠴᠠᠭᠠᠯᠳᠠ ᠶᠢᠨ ᠨᠢᠭᠤᠷᠯᠠᠯ ᠤᠨ | ᠪᠡᠶ ᠠ ᠶᠢᠨ ᠦᠨᠡᠮᠯᠡᠯ ᠤᠨ ᠨᠤᠮᠧᠷ ᠢ ᠴᠤᠭᠯᠠᠭᠤᠯᠤᠨ᠎ᠠ᠃ ᠡᠬᠦᠨ ᠳᠤ ᠲᠤᠳᠤᠷᠬᠠᠢᠢᠯᠠᠬᠤ ᠴᠢᠬᠤᠯᠠᠳᠠᠢ ᠵᠦᠢᠯ ᠭᠡᠪᠡᠯ᠂ | ᠤᠯᠠᠨ ᠲᠦᠮᠡᠨ ᠪᠡᠶ᠎ᠠ ᠶᠢᠨ ᠦᠨᠡᠮᠯᠡᠯ ᠤᠨ ᠨᠤᠮᠧᠷ ᠢ ᠨᠢ ᠴᠤᠭᠯᠠᠭᠤᠯᠬᠤ ᠳᠤ ᠲᠦᠢᠯ ᠤᠨ ᠶᠡᠭᠡ ᠰᠡᠷᠡᠮᠵᠢ ᠲᠠᠢ ᠪᠤᠯᠬᠤᠷ | ᠪᠢᠳᠡ ᠪᠡᠶ᠎ᠠ ᠶᠢᠨ ᠦᠨᠡᠮᠯᠡᠯ ᠤᠨ ᠰᠤᠷᠠᠭ ᠵᠠᠩᠬᠢ ᠶᠢ ᠨᠢᠭᠤᠴᠠ ᠪᠠᠷ ᠰᠢᠢᠳᠪᠦᠷᠢᠯᠡᠵᠦ᠂ ᠨᠡᠶᠢᠳᠡᠮ ᠪᠠᠶᠢᠴᠠᠭᠠᠯᠳᠠ ᠶᠢᠨ | ᠪᠦᠬᠦ ᠶᠠᠪᠤᠴᠠ ᠳᠤ ᠡᠷᠭᠡᠳᠦ ᠠᠷᠠᠳ ᠤᠨ ᠬᠤᠪᠢ ᠬᠦᠮᠦᠨ ᠤ ᠰᠤᠷᠠᠭ ᠵᠠᠩᠬᠢ ᠶᠢ ᠬᠠᠮᠠᠭᠠᠯᠠᠵᠦ᠂ ᠶᠠᠮᠠᠷᠪᠠ | ᠪᠠᠶᠢᠭᠤᠯᠤᠮᠵᠢ᠂ ᠨᠢᠭᠡᠴᠢ᠂ ᠬᠤᠪᠢ ᠬᠦᠮᠦᠨ ᠳᠤ ᠡᠷᠭᠡᠳᠦ ᠠᠷᠠᠳ ᠤᠨ ᠬᠤᠪᠢ ᠬᠦᠮᠦᠨ ᠤ ᠰᠤᠷᠠᠭ ᠵᠠᠩᠬᠢ ᠶᠢ | ᠵᠠᠳᠠᠷᠠᠭᠤᠯᠬᠤ ᠦᠭᠡᠢ᠃ | 4᠂ ᠡᠨᠡ ᠤᠳᠠᠭᠠᠨ ᠤ ᠨᠡᠶᠢᠳᠡᠮ ᠪᠠᠶᠢᠴᠠᠭᠠᠯᠳᠠ ᠶᠢᠨ ᠴᠠᠭ ᠬᠤᠭᠤᠴᠠᠭ᠎ᠠ ᠶᠢ ᠶᠠᠭᠠᠬᠢᠵᠦ | ᠪᠠᠶᠢᠷᠢᠯᠠᠭᠤᠯᠤᠭᠰᠠᠨ ᠪᠤᠢ︖ | ᠡᠨᠡ ᠤᠳᠠᠭᠠᠨ ᠤ ᠬᠦᠮᠦᠨ ᠠᠮᠠ ᠶᠢᠨ ᠨᠠᠶᠢᠳᠠᠮ ᠪᠠᠶᠢᠴᠠᠭᠠᠯᠳᠠ ᠶᠢᠨ ᠪᠠᠷᠢᠮᠵᠢᠶ᠎ᠠ ᠴᠠᠭ ᠪᠤᠯ 2020 | ᠤᠨ ᠤ 11 ᠰᠠᠷ᠎ᠠ ᠶᠢᠨ 1 ᠤ ᠡᠳᠦᠷ ᠤᠨ ᠲᠡᠭ ᠴᠠᠭ ᠪᠤᠯᠤᠨ᠎ᠠ᠃ ᠲᠤᠰ ᠲᠤᠭᠳᠠᠭᠠᠯ ᠢᠶᠠᠷ ᠡᠨᠡ ᠤᠳᠠᠭᠠᠨ ᠤ | ᠨᠡᠶᠢᠳᠡᠮ ᠪᠠᠶᠢᠴᠠᠭᠠᠯᠳᠠ ᠶᠢᠨ ᠠᠵᠢᠯ ᠢ ᠭᠤᠷᠪᠠᠨ ᠱᠠᠳᠤ ᠬᠤᠪᠢᠶᠠᠵᠦ ᠶᠠᠪᠤᠭᠳᠠᠭᠤᠯᠤᠨ᠎ᠠ᠃ | ᠨᠢᠭᠡ᠂ ᠪᠡᠯᠡᠳᠭᠡᠯ ᠱᠠᠳᠤ ︵2019 ᠤᠨ ᠤ 10 ᠰᠠᠷ᠎ᠠ — 2020 ᠤᠨ ᠤ 10 ᠰᠠᠷ᠎ᠠ︶᠃ | ᠲᠤᠰ ᠱᠠᠳᠤᠨ ᠤ ᠭᠤᠤᠯ ᠠᠵᠢᠯ ᠪᠤᠯ᠄ ᠡᠯ᠎ᠠ ᠱᠠᠳᠤᠨ ᠤ ᠨᠡᠶᠢᠳᠡᠮ ᠪᠠᠶᠢᠴᠠᠭᠠᠯᠳᠠ ᠶᠢᠨ ᠪᠠᠶᠢᠭᠤᠯᠤᠮᠵᠢ ᠶᠢ | ᠪᠠᠶᠢᠭᠤᠯᠵᠦ᠂ ᠨᠡᠶᠢᠳᠡᠮ ᠪᠠᠶᠢᠴᠠᠭᠠᠯᠳᠠ ᠶᠢᠨ ᠲᠦᠰᠦᠯ ᠪᠠ ᠠᠵᠢᠯ ᠤᠨ ᠲᠦᠯᠦᠪᠯᠡᠭᠡ ᠲᠤᠭᠳᠠᠭᠠᠵᠦ᠂ | ᠲᠤᠷᠰᠢᠯᠳᠠ ᠶᠢᠨ ᠴᠡᠭ ᠲᠤ ᠨᠡᠶᠢᠳᠡᠮ ᠪᠠᠶᠢᠴᠠᠭᠠᠯᠳᠠ ᠬᠢᠵᠦ᠂ ᠨᠡᠶᠢᠳᠡᠮ ᠪᠠᠶᠢᠴᠠᠭᠠᠯᠳᠠ ᠶᠢᠨ ᠵᠠᠷᠤᠳᠠᠯ ᠪᠠ ᠡᠳ᠋ | ᠪᠤᠳᠠᠰ ᠢ ᠨᠠᠶᠢᠳᠠᠪᠤᠷᠢᠵᠢᠭᠤᠯᠵᠦ᠂ ᠨᠡᠶᠢᠳᠡᠮ ᠪᠠᠶᠢᠴᠠᠭᠠᠯᠳᠠ ᠶᠢᠨ ᠤᠬᠠᠭᠤᠯᠭ᠎ᠠ ᠦᠷᠨᠢᠬᠦᠯᠵᠦ᠂ ᠨᠡᠶᠢᠳᠡᠮ | ᠪᠠᠶᠢᠴᠠᠭᠠᠯᠳᠠ ᠶᠢᠨ ᠵᠢᠯᠤᠭᠤᠳᠤᠭᠴᠢ ᠪᠠ ᠨᠡᠶᠢᠳᠡᠮ ᠪᠠᠶᠢᠴᠠᠭᠠᠭᠴᠢ ᠶᠢ ᠰᠤᠩᠭᠤᠨ ᠤᠷᠢᠵᠦ ᠪᠤᠯᠪᠠᠰᠤᠷᠠᠭᠤᠯᠵᠦ᠂ | ᠨᠡᠶᠢᠳᠡᠮ ᠪᠠᠶᠢᠴᠠᠭᠠᠯᠳᠠ ᠶᠢᠨ ᠲᠤᠭᠤᠷᠢᠭ ᠬᠤᠪᠢᠶᠠᠬᠤ ᠪᠠ ᠵᠢᠷᠤᠭ ᠲᠦᠯᠦᠪᠯᠡᠭᠡ ᠭᠠᠷᠭᠠᠵᠦ᠂ ᠡᠷᠦᠭᠡ ᠠᠮᠠ ᠶᠢ | ᠴᠡᠭᠴᠡᠯᠡᠵᠦ᠂ ᠪᠠᠶᠢᠳᠠᠯ ᠢ ᠨᠠᠷᠢᠨ ᠤᠢᠢᠯᠠᠭᠠᠬᠤ ᠵᠡᠷᠭᠡ᠃ ᠡᠳᠡᠭᠡᠷ ᠠᠵᠢᠯ ᠢ 2020 ᠤᠨ ᠤ 10 ᠰᠠᠷ ᠠ ᠶᠢᠨ | 31 ᠤ ᠡᠳᠦᠷ ᠠᠴᠠ ᠡᠮᠤᠨ᠎ᠠ ᠪᠦᠬᠦᠨ ᠢ ᠲᠠᠭᠤᠰᠬᠠᠵᠦ᠂ ᠨᠡᠶᠢᠳᠡᠮ ᠪᠠᠶᠢᠴᠠᠭᠠᠵᠦ ᠲᠠᠩᠰᠠᠯᠠᠬᠤ ᠠᠵᠢᠯ ᠢ ᠲᠤᠭᠳᠠᠭᠰᠠᠨ | ᠬᠤᠭᠤᠴᠠᠭᠠᠨ ᠳᠤ ᠶᠠᠪᠤᠭᠳᠠᠭᠤᠯᠬᠤ ᠶᠢ ᠪᠠᠳᠤᠯᠠᠨ᠎ᠠ᠃ | ᠬᠤᠶᠠᠷ᠂ ᠨᠡᠶᠢᠳᠡᠮ ᠪᠠᠶᠢᠴᠠᠭᠠᠵᠦ ᠲᠡᠩᠰᠠᠯᠠᠬᠤ ᠱᠠᠳᠤ ︵2020 ᠤᠨ ᠤ 11 ᠰᠠᠷ᠎ᠠ — 12 | ᠰᠠᠷ᠎ᠠ︶᠃ ᠲᠤᠰ ᠱᠠᠳᠤᠨ ᠤ ᠭᠤᠤᠯ ᠠᠵᠢᠯ ᠪᠤᠯ᠄ ᠨᠡᠶᠢᠳᠡᠮ ᠪᠠᠶᠢᠴᠠᠭᠠᠭᠴᠢ ᠡᠷᠦᠭᠡ ᠳᠤ ᠬᠦᠷᠴᠦ ᠲᠡᠩᠰᠠᠯᠠᠵᠦ᠂ | ᠬᠠᠷᠢᠴᠠᠭᠤᠯᠤᠨ ᠲᠠᠬᠢᠨ ᠪᠠᠶᠢᠴᠠᠭᠠᠵᠦ᠂ ᠲᠤᠭ᠎ᠠ ᠪᠠᠷᠢᠮᠳᠠ ᠶᠢᠨ ᠴᠢᠨᠠᠷᠵᠢᠯ ᠳᠤ ᠰᠤᠭᠤᠴᠢᠨ ᠪᠠᠶᠢᠴᠠᠭᠠᠯᠳᠠ ᠬᠢᠬᠦ | ᠵᠡᠷᠭᠡ᠃ ᠡᠨᠡ ᠪᠤᠯ ᠪᠦᠬᠦ᠋ᠢᠯᠡ ᠨᠠᠶᠢᠳᠡᠮ ᠪᠠᠶᠢᠴᠠᠭᠠᠯᠳᠠ ᠳᠠᠬᠢ ᠬᠠᠮᠤᠭ ᠤᠨ ᠵᠠᠩᠬᠢᠯᠠᠭ᠎ᠠ ᠶᠢᠨ ᠭᠤᠭᠴᠤᠭ᠎ᠠ ᠪᠠᠶᠢᠵᠦ᠂ | ᠪᠠᠰᠠᠴᠦ ᠠᠵᠢᠯ ᠤᠨ ᠭᠡᠮᠵᠢᠶ᠎ᠠ ᠬᠠᠮᠤᠭ ᠤᠨ ᠶᠡᠭᠡ᠂ ᠲᠠᠶᠢᠴᠢᠯᠠᠯᠳᠠ ᠶᠢᠨ ᠬᠦᠴᠦᠨ ᠬᠠᠮᠤᠭ ᠤᠨ ᠶᠡᠭᠡ᠂ ᠨᠡᠶᠢᠳᠡᠮ | ᠪᠠᠶᠢᠴᠠᠭᠠᠯᠳᠠ ᠶᠢᠨ ᠲᠤᠭ᠎ᠠ ᠪᠠᠷᠢᠮᠳᠠ ᠶᠢᠨ ᠴᠢᠨᠠᠷᠵᠢᠯ ᠢ ᠰᠢᠭᠤᠳ ᠲᠤᠭᠳᠠᠭᠠᠬᠤ ᠴᠢᠬᠤᠯᠠ ᠱᠠᠳᠤ ᠮᠦᠨ᠃ | ᠭᠤᠷᠪᠠ᠂ ᠲᠤᠭ᠎ᠠ ᠪᠠᠷᠢᠮᠳᠠ ᠶᠢ ᠬᠤᠷᠢᠶᠠᠩᠭᠤᠢᠢᠯᠠᠬᠤ ᠪᠠ ᠨᠡᠶᠢᠳᠡᠯᠡᠬᠦ ᠱᠠᠳᠤ ︵2020 ᠤᠨ ᠤ 12 | ᠰᠠᠷ᠎ᠠ — 2022 ᠤᠨ ᠤ 12 ᠰᠠᠷ᠎ᠠ︶᠃ ᠲᠤᠰ ᠱᠠᠳᠤᠨ ᠤ ᠭᠤᠤᠯ ᠠᠵᠢᠯ ᠪᠤᠯ᠄ ᠲᠤᠭ᠎ᠠ ᠪᠠᠷᠢᠮᠳᠠ ᠶᠢ | ᠰᠢᠢᠳᠪᠦᠷᠢᠯᠡᠵᠦ᠂ ᠦᠨᠡᠯᠡᠵᠦ᠂ ᠬᠤᠷᠢᠶᠠᠩᠭᠤᠢᠢᠯᠠᠵᠦ᠂ ᠭᠤᠤᠯ ᠲᠤᠭ᠎ᠠ ᠪᠠᠷᠢᠮᠳᠠ ᠶᠢᠨ ᠠᠯᠪᠠᠨ ᠮᠡᠳᠡᠭᠡ ᠶᠢ | ᠨᠡᠶᠢᠳᠡᠯᠡᠵᠦ᠂ ᠮᠠᠲ᠋ᠧᠷᠢᠶᠠᠯ ᠢ ᠨᠡᠶᠢᠳᠡᠮ ᠪᠠᠶᠢᠴᠠᠭᠠᠵᠦ ᠨᠡᠭᠡᠭᠡᠨ ᠠᠰᠢᠭᠯᠠᠬᠤ ᠵᠡᠷᠭᠡ᠃ | 5. ᠲᠤᠰ ᠤᠲᠠᠭᠠᠨ ᠤ ᠨᠡᠶᠢᠲᠡᠮ ᠪᠠᠶᠢᠴᠠᠭᠠᠯᠲᠠ ᠳᠤ ︽ᠬᠥᠮᠥᠨ ᠠᠮᠠ ᠳᠤ ᠪᠠᠶᠢᠴᠠᠭᠠᠯᠲᠠ ᠬᠢᠬᠦ︾ ᠪᠠᠷ | ᠪᠠᠷᠠᠬᠤ ᠥᠭᠡᠢ ᠪᠠᠰᠠ ︽ᠭᠡᠷ ᠪᠠᠶᠢᠰᠢᠩ ᠳᠤ ᠪᠠᠶᠢᠴᠠᠭᠠᠯᠲᠠ ᠬᠢᠬᠦ︾ ᠪᠠᠷ ᠪᠠᠶᠢᠨ᠎ᠠ ᠤᠤ︖ ᠭᠡᠷ ᠪᠠᠶᠢᠰᠢᠩ ᠢᠶᠠᠷ ︽ | ᠬᠥᠮᠥᠨ ᠠᠮᠠ ᠳᠤ ᠪᠠᠶᠢᠴᠠᠭᠠᠯᠲᠠ ᠬᠢᠬᠦ︾ ᠪᠤᠯ ᠲᠡᠯᠡᠭᠡᠢ ᠶᠢᠨ ᠡᠯ᠎ᠠ ᠤᠯᠤᠰ ᠬᠥᠮᠥᠨ ᠠᠮᠠ ᠶᠢᠨ ᠨᠡᠶᠢᠲᠡᠮ | ᠪᠠᠶᠢᠴᠠᠭᠠᠯᠲᠠ ᠳᠤ ᠨᠡᠶᠢᠲᠡᠮ ᠬᠡᠷᠡᠭᠯᠡᠵᠥ ᠪᠠᠶᠢᠭ᠎ᠠ ᠠᠷᠭ᠎ᠠ ᠪᠤᠯᠤᠨ᠎ᠠ᠂ ᠤᠴᠢᠷ ᠨᠢ ᠬᠥᠮᠥᠰ ᠪᠥᠷ ᠭᠡᠷ ᠪᠠᠶᠢᠰᠢᠩ ᠳᠤ | ᠰᠠᠭᠤᠲᠠᠭ᠃ ᠡᠶᠢᠮᠥ ᠠᠴᠠ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠲᠤᠮᠲᠠ ︽ᠭᠡᠷ ᠪᠠᠶᠢᠰᠢᠩ ᠳᠤ | ᠪᠠᠶᠢᠴᠠᠭᠠᠯᠲᠠ ᠬᠢᠬᠦ︾ ᠶᠢᠨ ᠬᠠᠷᠠᠯᠲᠠ ᠨᠢ ᠬᠥᠮᠥᠨ ᠠᠮᠠ ᠳᠤ ᠤᠨᠤᠪᠴᠢᠲᠠᠢ ᠪᠠᠶᠢᠴᠠᠭᠠᠯᠲᠠ ᠬᠢᠬᠦ ᠶᠢᠨ ᠲᠥᠯᠥᠭᠡ | ᠶᠤᠮ᠃ ᠡᠬᠦᠨ ᠤ ᠬᠠᠮᠲᠤ ᠬᠥᠮᠥᠨ ᠠᠮᠠ ᠶᠢᠨ ᠤᠷᠤᠨ ᠰᠠᠭᠤᠴᠡ ᠶᠢᠨ ᠪᠠᠶᠢᠲᠠᠯ ᠪᠤᠯ ᠴᠢᠬᠤᠯᠠ ᠠᠷᠠᠳ ᠤᠨ | ᠠᠮᠢᠲᠤᠷᠠᠯ ᠤᠨ ᠠᠰᠠᠭᠤᠲᠠᠯ ᠪᠤᠯᠬᠤᠷ᠂ ᠮᠠᠨ ᠤ ᠤᠯᠤᠰ ᠤᠨ ᠬᠥᠮᠥᠨ ᠠᠮᠠ ᠶᠢᠨ ᠶᠡᠷᠥᠩᠭᠡᠢ ᠤᠷᠤᠨ ᠰᠠᠭᠤᠴᠡ ᠶᠢᠨ | ᠪᠠᠶᠢᠲᠠᠯ ᠢ ᠤᠢᠢᠯᠠᠭᠠᠬᠤ ᠶᠢᠨ ᠲᠥᠯᠥᠭᠡ 2000 ᠤᠨ ᠤ ᠲᠠᠪᠤᠲᠤᠭᠠᠷ ᠤᠲᠠᠭᠠᠨ ᠤ ᠪᠥᠬᠦ ᠤᠯᠤᠰ ᠤᠨ ᠬᠥᠮᠥᠨ | ᠠᠮᠠ ᠶᠢᠨ ᠨᠡᠶᠢᠲᠡᠮ ᠪᠠᠶᠢᠴᠠᠭᠠᠯᠲᠠ ᠠᠴᠠ ᠡᠬᠢᠯᠡᠵᠥ᠂ ᠪᠠᠶᠢᠴᠠᠭᠠᠯᠲᠠ ᠶᠢᠨ ᠠᠰᠠᠭᠤᠯᠲᠠ ᠲᠤᠮᠲᠠ ᠬᠠᠮᠢᠶ᠎ᠠ ᠪᠥᠬᠦᠢ | ᠤᠷᠤᠨ ᠰᠠᠭᠤᠴᠡ ᠶᠢᠨ ᠵᠢᠭᠠᠯᠲᠠ ᠲᠤᠭ᠎ᠠ ᠶᠢ ᠲᠤᠬᠢᠷᠠᠭᠤᠯᠵᠥ᠂ ᠭᠤᠤᠯᠲᠠᠭᠤ ᠤᠷᠤᠨ ᠰᠠᠭᠤᠴᠡ ᠶᠢᠨ ᠪᠠᠶᠢᠲᠠᠯ᠂ | ᠠᠮᠢᠲᠤᠷᠠᠯ ᠤᠨ ᠲᠤᠨᠤᠭ ᠲᠥᠭᠦᠭᠡᠷᠤᠮᠵᠢ᠂ ᠬᠡᠷ ᠲᠥᠷᠢᠶᠡᠰᠥᠯᠡᠬᠦ ᠲᠥᠪᠰᠢᠨ ᠵᠡᠷᠭᠡ ᠠᠷᠠᠳ ᠲᠥᠮᠡᠨ ᠤ | ᠠᠮᠢᠲᠤᠷᠠᠯ ᠲᠠᠢ ᠬᠠᠮᠢᠶᠠᠲᠠᠢ ᠠᠰᠠᠭᠤᠯᠲᠠ ᠶᠢ ᠪᠠᠭᠲᠠᠭᠠᠵᠠᠢ᠃ ᠲᠤᠰ ᠤᠲᠠᠭ᠎ᠠ ᠬᠠᠮᠢᠶ᠎ᠠ ᠪᠥᠬᠦᠢ ᠵᠢᠭᠠᠯᠲᠠ ᠲᠤᠭ᠎ᠠ ᠶᠢ | ᠤᠯᠠᠮ ᠨᠢᠭᠡ ᠠᠯᠬᠤᠮ ᠲᠡᠬᠦᠯᠲᠡᠷᠵᠢᠬᠦᠯᠵᠥ᠂ ᠤᠲᠤᠬᠠᠨ ᠤ ᠬᠥᠮᠥᠨ ᠠᠮᠠ ᠶᠢᠨ ᠤᠷᠤᠨ ᠰᠠᠭᠤᠴᠡ ᠶᠢᠨ ᠪᠠᠶᠢᠲᠠᠯ ᠢ | ᠨᠡᠩ ᠰᠠᠶᠢᠲᠤᠷ ᠲᠤᠰᠬᠠᠬᠤ ᠳᠤ ᠲᠥᠭᠦᠮ ᠪᠤᠯᠭᠠᠪᠠ᠃ | 6. ᠤᠯᠠᠩᠭᠢ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠥᠷ ᠨᠡᠶᠢᠲᠡᠮ ᠪᠠᠶᠢᠴᠠᠭᠠᠯᠲᠠ ᠲᠤᠮᠲᠠ | ᠤᠯᠤᠭᠰᠠᠨ ᠮᠠᠲ᠋ᠧᠷᠢᠶᠠᠯ ᠢ ᠭᠠᠲᠠᠭᠰᠢ ᠵᠠᠲᠠᠷᠠᠭᠤᠯᠬᠤ ᠡᠰᠡᠬᠦ᠂ ᠬᠠᠮᠢᠶ᠎ᠠ ᠪᠥᠬᠦᠢ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠰᠢᠢᠳᠭᠡᠯ ᠤᠯᠭᠤᠬᠤ ᠥᠨᠲᠤᠰᠤᠯᠡᠯ ᠪᠤᠯᠭᠠᠬᠤ ᠡᠰᠡᠬᠦ ᠶᠢᠨ ᠲᠤᠬᠠᠢ ᠠᠩᠬᠠᠷᠤᠨ ᠬᠠᠯᠠᠮᠵᠢᠯᠠᠵᠥ ᠪᠤᠢ᠂ | ᠡᠨᠡ ᠪᠠᠶᠢᠲᠠᠯ ᠳᠤ ᠶᠠᠮᠠᠷ ᠲᠠᠶᠢᠯᠪᠤᠷᠢ ᠬᠢᠬᠦ ᠪᠤᠢ︖ ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ | ᠲᠤᠭ᠎ᠠ ᠪᠥᠷᠢᠳᠭᠡᠯ ᠤᠨ ᠬᠠᠤᠯᠢ︾ ᠶᠢᠨ ᠶᠢᠰᠥᠲᠥᠭᠡᠷ ᠵᠤᠷᠪᠤᠰ ᠲᠤ ᠲᠤᠭᠲᠠᠭᠠᠭᠰᠠᠨ ᠢᠶᠠᠷ᠄ ᠲᠤᠭ᠎ᠠ ᠪᠥᠷᠢᠳᠭᠡᠯ ᠤᠨ | ᠪᠠᠶᠢᠭᠤᠯᠤᠮᠵᠢ ᠪᠤᠯᠤᠨ ᠲᠤᠭ᠎ᠠ ᠪᠥᠷᠢᠳᠭᠡᠯ ᠤᠨ ᠠᠵᠢᠯᠲᠠᠳ ᠲᠤᠭ᠎ᠠ ᠪᠥᠷᠢᠳᠭᠡᠯ ᠤᠨ ᠠᠵᠢᠯ ᠲᠤᠮᠲᠠ ᠤᠢᠢᠯᠠᠭᠠᠵᠥ | ᠮᠡᠲᠡᠭᠰᠡᠨ ᠤᠯᠤᠰ ᠤᠨ ᠨᠢᠭᠤᠴᠠ᠂ ᠠᠷᠠᠯᠵᠢᠶᠠᠨ ᠤ ᠨᠢᠭᠤᠴᠠ ᠪᠤᠯᠤᠨ ᠬᠤᠪᠢ ᠬᠥᠮᠥᠨ ᠤ ᠰᠤᠷᠠᠭ ᠵᠠᠩᠭᠢ ᠶᠢᠨ | ᠨᠢᠭᠤᠴᠠ ᠶᠢ ᠬᠠᠮᠠᠭᠠᠯᠠᠬᠤ ᠬᠡᠷᠡᠭᠲᠡᠢ᠃ ︽ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ | ᠲᠥᠷᠢᠮ︾ ᠤᠨ ᠭᠤᠴᠢᠨ ᠭᠤᠷᠪᠠᠲᠤᠭᠠᠷ ᠵᠤᠷᠪᠤᠰ ᠲᠤ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠲᠤᠮᠲᠠ | ᠤᠯᠤᠭᠰᠠᠨ ᠲᠠᠩ ᠭᠠᠭᠴᠠ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠤᠨ ᠪᠡᠶ᠎ᠠ ᠶᠢᠨ ᠭᠠᠷᠤᠯ ᠢ ᠢᠯᠭᠠᠵᠥ ᠲᠠᠨᠢᠬᠤ | ᠪᠤᠶᠤ ᠮᠠᠭᠠᠳᠯᠠᠵᠥ ᠲᠡᠶᠢᠯᠬᠦ ᠮᠠᠲ᠋ᠧᠷᠢᠶᠠᠯ ᠢ ᠶᠠᠮᠠᠷᠪᠠ ᠨᠢᠭᠡᠴᠢ ᠪᠤᠯᠤᠨ ᠬᠤᠪᠢ ᠬᠥᠮᠥᠨ ᠭᠠᠲᠠᠭᠰᠢ ᠬᠠᠨᠭ᠍ᠭᠠᠵᠥ ᠪᠤᠯᠬᠤ | ᠥᠭᠡᠢ᠂ ᠵᠠᠲᠠᠷᠠᠭᠤᠯᠵᠥ ᠪᠤᠯᠬᠤ ᠥᠭᠡᠢ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠳᠤ ᠪᠤᠲᠠᠲᠠᠢ | ᠵᠠᠰᠠᠭ ᠵᠠᠬᠢᠷᠭᠠᠨ ᠤ ᠠᠵᠢᠯᠯᠠᠭ᠎ᠠ ᠠᠪᠬᠤ ᠥᠨᠲᠤᠰᠤᠯᠡᠯ ᠪᠤᠯᠭᠠᠵᠥ ᠪᠤᠯᠬᠤ ᠥᠭᠡᠢ᠂ ᠬᠥᠮᠥᠨ ᠠᠮᠠ ᠶᠢᠨ ᠨᠡᠶᠢᠲᠡᠮ | ᠪᠠᠶᠢᠴᠠᠭᠠᠯᠲᠠ ᠠᠴᠠ ᠭᠠᠲᠠᠨᠠᠬᠢ ᠵᠤᠷᠢᠯᠲᠠ ᠳᠤ ᠬᠡᠷᠡᠭᠯᠡᠵᠥ ᠪᠤᠯᠬᠤ ᠥᠭᠡᠢ ᠭᠡᠵᠥ ᠲᠤᠭᠲᠠᠭᠠᠵᠠᠢ᠃ ᠲᠡᠶᠢᠮᠥ | ᠮᠥᠷᠲᠡᠭᠡᠨ ᠪᠠᠰᠠ ᠪᠢᠲᠠ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠪᠥᠬᠦ ᠶᠠᠪᠤᠴᠠ ᠳᠤ ᠡᠷᠭᠡᠲᠥ ᠠᠷᠠᠳ ᠤᠨ | ᠬᠤᠪᠢ ᠬᠥᠮᠥᠨ ᠤ ᠰᠤᠷᠠᠭ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠵᠥ᠂ ᠶᠠᠮᠠᠷᠪᠠ ᠨᠢᠭᠡᠴᠢ ᠪᠤᠯᠤᠨ ᠬᠤᠪᠢ | ᠬᠥᠮᠥᠨ ᠠᠴᠠ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ ᠬᠥᠮᠥᠨ ᠳᠤ ᠡᠷᠭᠡᠲᠥ ᠠᠷᠠᠳ ᠤᠨ ᠰᠤᠷᠠᠭ ᠵᠠᠩᠭᠢ ᠶᠢ | ᠵᠠᠲᠠᠷᠠᠭᠤᠯᠬᠤ ᠶᠢ ᠴᠢᠩᠭ᠎ᠠ ᠬᠤᠷᠢᠭᠯᠠᠨ᠎ᠠ᠃ ᠡᠯ᠎ᠠ ᠱᠠᠲᠤᠨ ᠤ ᠨᠡᠶᠢᠲᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ | ᠲᠤᠰ ᠪᠠᠶᠢᠭᠤᠯᠤᠮᠵᠢ ᠶᠢᠨ ᠠᠵᠢᠯᠲᠠᠳ ᠨᠡᠶᠢᠲᠡᠮ ᠪᠠᠶᠢᠴᠠᠭᠠᠯᠲᠠ ᠲᠤᠮᠲᠠ ᠤᠢᠢᠯᠠᠭᠠᠵᠥ ᠮᠡᠲᠡᠭᠰᠡᠨ ᠰᠤᠷᠠᠭ | ᠵᠠᠩᠭᠢ ᠶᠢᠨ ᠲᠠᠯ᠎ᠠ ᠪᠠᠷ ᠡᠷᠭᠡᠪᠰᠢ ᠨᠢᠭᠤᠴᠠ ᠶᠢ ᠬᠠᠮᠠᠭᠠᠯᠠᠬᠤ ᠡᠬᠦᠷᠭᠡ ᠶᠢ ᠴᠢᠩᠭ᠎ᠠ ᠬᠥᠢᠴᠡᠳᠭᠡᠬᠦ ᠬᠡᠷᠡᠭᠲᠡᠢ᠃ ᠡᠰᠡ | ᠲᠡᠭᠡᠪᠡᠯ ᠬᠠᠮᠢᠶ᠎ᠠ ᠪᠥᠬᠦᠢ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠨ᠎ᠠ᠃ | 7. ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠤᠯᠤᠭᠰᠠᠨ ᠤ ᠬᠤᠪᠢ ᠳᠤ ᠶᠠᠮᠠᠷᠰᠢᠥ ᠠᠵᠢᠯ ᠳᠤ | ᠰᠠᠶᠢᠲᠤᠷ ᠬᠠᠮᠵᠢᠯᠴᠠᠪᠠᠯ ᠵᠤᠬᠢᠬᠤ ᠪᠤᠢ︖ ᠬᠥᠮᠥᠨ ᠠᠮᠠ ᠶᠢᠨ ᠠᠰᠠᠭᠤᠲᠠᠯ ᠪᠤᠯ ᠤᠯᠤᠰ ᠤᠨ ᠠᠵᠤ ᠠᠬᠤᠢ᠂ | ᠨᠡᠶᠢᠭᠡᠮ ᠤᠨ ᠬᠥᠭᠵᠢᠯᠲᠡ ᠳᠤ ᠬᠤᠯᠪᠤᠭᠲᠠᠬᠤ ᠰᠠᠭᠤᠷᠢ ᠴᠢᠨᠠᠷᠲᠠᠢ ᠠᠰᠠᠭᠤᠲᠠᠯ ᠮᠥᠨ᠂ ᠬᠥᠮᠥᠨ ᠠᠮᠠ ᠶᠢᠨ | ᠪᠠᠶᠢᠲᠠᠯ ᠤᠨ ᠬᠥᠭᠵᠢᠯᠲᠡ ᠬᠤᠪᠢᠷᠠᠯᠲᠠ ᠨᠢ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠥᠯᠥᠭᠡᠯᠡᠬᠦ ᠪᠠᠷ ᠪᠠᠷᠠᠬᠤ ᠥᠭᠡᠢ ᠪᠠᠰᠠᠴᠥ ᠬᠤᠪᠢ ᠬᠥᠮᠥᠨ ᠪᠤᠯᠤᠨ ᠭᠡᠷ ᠪᠥᠯᠢ ᠶᠢᠨ ᠠᠮᠢᠲᠤᠷᠠᠯ ᠲᠠᠢ ᠨᠢᠭᠲᠠ | ᠬᠤᠯᠪᠤᠭᠲᠠᠨ᠎ᠠ᠃ ᠡᠶᠢᠮᠥ ᠠᠴᠠ ᠬᠥᠮᠥᠨ ᠠᠮᠠ ᠶᠢᠨ ᠥᠨᠲᠤᠰᠤᠨ ᠰᠤᠷᠠᠭ ᠵᠠᠩᠭᠢ ᠶᠢ ᠴᠤᠭᠯᠠᠭᠤᠯᠬᠤ ᠠᠵᠢᠯ | ᠥᠷᠨᠢᠬᠦᠯᠬᠦ ᠨᠢ ᠬᠥᠨ ᠬᠥᠨᠵᠡᠭᠡᠢ ᠠᠴᠢ ᠬᠤᠯᠪᠤᠭᠲᠠᠯ ᠲᠠᠢ᠃ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠤᠯᠤᠭᠰᠠᠳ | ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠤᠭ᠎ᠠ ᠪᠥᠷᠢᠳᠭᠡᠯ ᠤᠨ ᠬᠠᠤᠯᠢ︾ ᠪᠤᠯᠤᠨ ︽ᠪᠥᠬᠦ | ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠲᠥᠷᠢᠮ︾ ᠤᠨ ᠲᠤᠭᠲᠠᠭᠠᠯ ᠶᠤᠰᠤᠭᠠᠷ᠂ ᠬᠥᠮᠥᠨ | ᠠᠮᠠ ᠶᠢᠨ ᠨᠡᠶᠢᠲᠡᠮ ᠪᠠᠶᠢᠴᠠᠭᠠᠯᠲᠠ ᠳᠤ ᠬᠡᠷᠡᠭᠰᠡᠬᠦ ᠮᠠᠲ᠋ᠧᠷᠢᠶᠠᠯ ᠢ ᠥᠨᠡᠨ ᠪᠤᠲᠠᠲᠠᠢ᠂ ᠵᠥᠪ ᠤᠨᠤᠪᠴᠢᠲᠠᠢ᠂ ᠪᠥᠷᠢᠨ | ᠪᠥᠲᠥᠨ᠂ ᠲᠠᠷᠤᠢ ᠲᠥᠷᠭᠡᠨ ᠬᠠᠨᠭ᠍ᠭᠠᠵᠥ᠂ ᠬᠠᠮᠢᠶ᠎ᠠ ᠪᠥᠬᠦᠢ ᠠᠰᠠᠭᠤᠯᠲᠠ ᠶᠢ ᠥᠨᠡᠨ ᠮᠥᠨ ᠢᠶᠠᠷ ᠨᠢ ᠬᠠᠷᠢᠭᠤᠯᠵᠥ᠂ | ᠬᠤᠲᠠᠯ ᠬᠠᠭᠤᠷᠮᠠᠭ ᠰᠤᠷᠠᠭ ᠵᠠᠩᠭᠢ ᠬᠠᠨᠭ᠍ᠭᠠᠵᠥ ᠪᠤᠯᠬᠤ ᠥᠭᠡᠢ᠂ ᠬᠠᠮᠢᠶ᠎ᠠ ᠪᠥᠬᠦᠢ ᠪᠠᠶᠢᠲᠠᠯ ᠢ ᠨᠢᠭᠤᠵᠥ ᠲᠠᠯᠲᠠᠯᠠᠵᠦ | ᠪᠤᠯᠬᠤ ᠦᠭᠡᠢ᠂ ᠬᠠᠭᠤᠷᠮᠠᠭᠯᠠᠨ ᠵᠤᠬᠢᠶᠠᠵᠥ ᠪᠤᠯᠬᠤ ᠥᠭᠡᠢ᠃ ᠨᠡᠶᠢᠭᠡᠮ ᠤᠨ ᠤᠯᠠᠨ ᠨᠡᠶᠢᠲᠡ ᠪᠠᠷ ᠢᠶᠠᠨ ᠬᠥᠮᠥᠨ | ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠢ ᠬᠠᠯᠠᠭᠤᠨ ᠢᠶᠠᠷ ᠲᠡᠮᠵᠢᠵᠥ᠂ ᠨᠡᠶᠢᠲᠡᠮ ᠪᠠᠶᠢᠴᠠᠭᠠᠯᠲᠠ ᠶᠢᠨ | ᠠᠵᠢᠯᠲᠠᠳ ᠲᠤ ᠢᠲᠡᠪᠬᠢᠲᠡᠢ ᠬᠠᠮᠵᠢᠯᠴᠠᠬᠤ ᠶᠢ ᠬᠥᠰᠡᠵᠥ ᠪᠠᠶᠢᠨ᠎ᠠ᠃ | 8. ᠲᠤᠰ ᠤᠲᠠᠭᠠᠨ ᠤ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠳᠤ ᠰᠤᠷᠠᠭ ᠵᠠᠩᠭᠢ ᠮᠡᠷᠭᠡᠵᠢᠯ ᠤᠨ | ᠬᠡᠷᠡᠭᠯᠡᠭᠡᠨ ᠤ ᠲᠠᠯ᠎ᠠ ᠪᠠᠷ ᠶᠠᠮᠠᠷ ᠰᠢᠪᠲᠤᠯᠤᠯᠲᠠ ᠲᠠᠢ ᠪᠤᠢ︖ ᠠᠯᠢ ᠴᠢᠲᠠᠬᠤ ᠪᠠᠷ ᠨᠡᠩ ᠨᠠᠷᠢᠨ ᠪᠤᠲᠠᠲᠠᠢ ᠰᠤᠷᠠᠭ | ᠵᠠᠩᠭᠢ ᠤᠯᠬᠤ᠂ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷᠵᠢᠯ ᠢ ᠲᠡᠭᠡᠭᠰᠢᠯᠡᠬᠦᠯᠬᠦ᠂ ᠥᠷᠭᠡᠨ | ᠤᠯᠠᠨ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠪᠤᠯᠤᠨ ᠥᠨᠲᠤᠰᠤᠨ ᠱᠠᠲᠤᠨ ᠤ ᠨᠡᠶᠢᠲᠡᠮ ᠪᠠᠶᠢᠴᠠᠭᠠᠯᠲᠠ ᠶᠢᠨ | ᠠᠵᠢᠯᠲᠠᠳ ᠤᠨ ᠲᠠᠷᠤᠭᠠᠰᠤ ᠶᠢ ᠬᠥᠡᠭᠭᠡᠷᠡᠬᠦᠯᠬᠦ ᠪᠤᠯ ᠮᠠᠨ ᠤ ᠵᠤᠷᠢᠯᠲᠠ ᠪᠤᠯᠤᠨ᠎ᠠ᠃ ᠲᠤᠰ ᠤᠲᠠᠭᠠᠨ ᠤ ᠨᠡᠶᠢᠲᠡᠮ | ᠪᠠᠶᠢᠴᠠᠭᠠᠯᠲᠠ ᠳᠤ ᠡᠯᠧᠺᠳ᠋ᠷᠤᠨᠴᠢᠯᠡᠭᠰᠡᠨ ᠠᠷᠭ᠎ᠠ ᠬᠡᠯᠪᠡᠷᠢ ᠪᠠᠷ ᠨᠡᠶᠢᠲᠡᠮ ᠪᠠᠶᠢᠴᠠᠭᠠᠯᠲᠠ ᠶᠢᠨ ᠲᠠᠩᠰᠠ ᠲᠡᠮᠲᠡᠭᠯᠡᠯ | ᠬᠢᠵᠥ᠂ ᠤᠶᠤᠨᠴᠢ ᠭᠠᠷ ᠤᠲᠠᠰᠤ ᠶᠢ ᠬᠡᠷᠡᠭᠯᠡᠨ ᠲᠤᠭ᠎ᠠ ᠪᠠᠷᠢᠮᠲᠠ ᠴᠤᠭᠯᠠᠭᠤᠯᠬᠤ ᠶᠢ ᠬᠠᠶᠢᠨ ᠰᠥᠪᠡᠭᠴᠢᠯᠡᠵᠥ ᠪᠤᠢ᠃ | ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠲᠡᠭᠯᠡᠯ ᠢ ᠥᠷᠭᠡᠨ ᠢᠶᠠᠷ ᠬᠡᠷᠡᠭᠯᠡᠵᠥ᠂ ᠲᠤᠮᠤ ᠳ᠋ᠠᠶᠢᠲ᠋ᠠ ᠶᠢᠨ ᠨᠡᠶᠢᠲᠡᠮ | ᠪᠠᠶᠢᠴᠠᠭᠠᠯᠲᠠ ᠲᠤᠮᠲᠠᠬᠢ ᠬᠡᠷᠡᠭᠯᠡᠭᠡ ᠶᠢ ᠠᠬᠢᠭᠤᠯᠵᠥ᠂ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ | ᠴᠤᠭᠯᠠᠭᠤᠯᠵᠥ ᠰᠢᠢᠳᠪᠤᠷᠢᠯᠡᠬᠦ ᠥᠷ᠎ᠠ ᠠᠰᠢᠭ ᠴᠢᠲᠠᠪᠬᠢ ᠶᠢ ᠲᠡᠭᠡᠭᠰᠢᠯᠡᠬᠦᠯᠥᠨ᠎ᠠ᠃ | 9. ᠲᠤᠭ᠎ᠠ ᠪᠠᠷᠢᠮᠲᠠ ᠶᠢᠨ ᠴᠢᠨᠠᠷᠵᠢᠯ ᠪᠤᠯ ᠨᠡᠶᠢᠲᠡᠮ ᠪᠠᠶᠢᠴᠠᠭᠠᠯᠲᠠ ᠶᠢᠨ ᠠᠵᠢᠯ ᠤᠨ ᠠᠮᠢᠨ ᠰᠤᠲᠠᠰᠤ | ᠮᠥᠨ᠂ ᠲᠤᠰ ᠤᠲᠠᠭᠠᠨ ᠤ ᠨᠡᠶᠢᠲᠡᠮ ᠪᠠᠶᠢᠴᠠᠭᠠᠯᠲᠠ ᠳᠤ ᠶᠠᠮᠠᠷᠰᠢᠥ ᠪᠤᠲᠠᠲᠠᠢ ᠠᠷᠭ᠎ᠠ ᠬᠡᠮᠵᠢᠶ᠎ᠠ ᠠᠪᠴᠥ ᠨᠡᠶᠢᠲᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠥᠨᠡᠨ ᠪᠤᠲᠠᠲᠠᠢ ᠵᠥᠪ ᠤᠨᠤᠪᠴᠢᠲᠠᠢ ᠪᠠᠶᠢᠬᠤ ᠶᠢ ᠪᠠᠲᠤᠯᠠᠬᠤ ᠪᠤᠢ︖ | ᠶᠠᠭᠤᠨ ᠤ ᠡᠮᠥᠨ᠎ᠠ ᠵᠤᠬᠢᠶᠠᠨ ᠪᠠᠶᠢᠭᠤᠯᠤᠨ ᠤᠲᠤᠷᠢᠳᠬᠤ ᠪᠠᠨ ᠴᠢᠩᠭᠠᠳᠬᠠᠨ᠎ᠠ᠃ ᠵᠤᠬᠢᠶᠠᠨ | ᠪᠠᠶᠢᠭᠤᠯᠤᠨ ᠤᠲᠤᠷᠢᠳᠬᠤ ᠶᠢ ᠴᠢᠩᠭᠠᠳᠬᠠᠬᠤ᠂ ᠲᠤᠭ᠎ᠠ ᠪᠠᠷᠢᠮᠲᠠ ᠶᠢᠨ ᠴᠢᠨᠠᠷᠵᠢᠯ ᠢ ᠲᠡᠭᠡᠭᠰᠢᠯᠡᠬᠦᠯᠬᠦ ᠶᠢᠨ ᠲᠥᠯᠥᠭᠡ | ᠲᠥᠷᠥ ᠶᠢᠨ ᠶᠠᠪᠤᠲᠠᠯ ᠤᠨ ᠬᠤᠷᠢᠶ᠎ᠠ ᠲᠤᠯᠤᠲᠤᠭᠠᠷ ᠤᠲᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ | ᠪᠠᠶᠢᠴᠠᠭᠠᠯᠲᠠ ᠶᠢᠨ ᠤᠲᠤᠷᠢᠳᠬᠤ ᠲᠤᠭᠤᠢᠢᠯᠠᠩ ᠪᠠᠶᠢᠭᠤᠯᠵᠥ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢ | ᠵᠤᠬᠢᠶᠠᠨ ᠪᠠᠶᠢᠭᠤᠯᠤᠨ ᠶᠠᠪᠤᠭᠳᠠᠭᠤᠯᠬᠤ ᠲᠤᠮᠲᠠᠬᠢ ᠴᠢᠬᠤᠯᠠ ᠶᠡᠭᠡ ᠠᠰᠠᠭᠤᠲᠠᠯ ᠢ ᠰᠤᠲᠤᠯᠬᠤ ᠪᠠ ᠰᠢᠢᠳᠪᠤᠷᠢᠲᠤ | ᠪᠤᠲᠤᠯᠭ᠎ᠠ ᠲᠤᠭᠲᠠᠭᠠᠬᠤ ᠶᠢ ᠬᠠᠷᠢᠭᠤᠴᠠᠨ᠎ᠠ᠃ ᠨᠡᠶᠢᠲᠡᠮ ᠪᠠᠶᠢᠴᠠᠭᠠᠯᠲᠠ ᠶᠢᠨ ᠤᠲᠤᠷᠢᠳᠬᠤ ᠲᠤᠭᠤᠢᠢᠯᠠᠩ ᠤᠨ | ᠠᠯᠪᠠᠨ ᠭᠡᠷ ᠢ ᠤᠯᠤᠰ ᠤᠨ ᠲᠤᠭ᠎ᠠ ᠪᠥᠷᠢᠳᠭᠡᠯ ᠤᠨ ᠲᠤᠪᠴᠢᠶᠠᠨ ᠳᠤ ᠲᠤᠬᠢᠷᠠᠭᠤᠯᠵᠥ᠂ ᠬᠥᠮᠥᠨ ᠠᠮᠠ ᠶᠢᠨ | ᠨᠡᠶᠢᠲᠡᠮ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠶᠠᠪᠤᠭᠳᠠᠭᠤᠯᠬᠤ ᠶᠢ ᠪᠤᠲᠠᠲᠠᠢ ᠬᠠᠷᠢᠭᠤᠴᠠᠨ᠎ᠠ᠃ ᠤᠷᠤᠨ | ᠨᠤᠲᠤᠭ ᠤᠨ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠬᠠᠷᠠᠭᠠᠯᠵᠠᠭᠰᠠᠨ ᠨᠡᠶᠢᠲᠡᠮ ᠪᠠᠶᠢᠴᠠᠭᠠᠯᠲᠠ ᠶᠢᠨ | ᠤᠲᠤᠷᠢᠳᠬᠤ ᠲᠤᠭᠤᠢᠢᠯᠠᠩ ᠵᠢᠴᠢ ᠠᠯᠪᠠᠨ ᠭᠡᠷ ᠲᠤᠬᠢᠷᠠᠭᠤᠯᠵᠥ᠂ ᠲᠤᠰ ᠭᠠᠵᠠᠷ ᠤᠷᠤᠨ ᠤ ᠨᠡᠶᠢᠲᠡᠮ | ᠪᠠᠶᠢᠴᠠᠭᠠᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠨ᠎ᠠ᠃ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ | ᠪᠤᠯᠤᠨ ᠰᠢᠶᠠᠩ ᠪᠠᠯᠭᠠᠰᠤ ᠶᠢᠨ ᠵᠠᠰᠠᠭ ᠤᠨ ᠤᠷᠲᠤᠨ᠂ ᠰᠠᠭᠤᠭᠠᠯᠢ ᠠᠷᠠᠳ ᠤᠨ ᠵᠥᠪᠯᠡᠯ ᠪᠤᠯᠤᠨ ᠭᠠᠴᠠᠭ᠎ᠠ | ᠲᠤᠰᠬᠤᠨ ᠤ ᠠᠷᠠᠳ ᠤᠨ ᠵᠥᠪᠯᠡᠯ ᠤᠨ ᠥᠢᠯᠡᠲᠥᠯ ᠢ ᠬᠥᠢᠴᠡᠳ ᠪᠠᠲᠠᠷᠠᠭᠤᠯᠵᠥ᠂ ᠨᠡᠶᠢᠭᠡᠮ ᠤᠨ ᠬᠥᠴᠥᠨ ᠢ | ᠥᠷᠭᠡᠨ ᠢᠶᠠᠷ ᠲᠠᠶᠢᠴᠢᠯᠠᠵᠥ ᠵᠤᠬᠢᠶᠠᠨ ᠪᠠᠶᠢᠭᠤᠯᠤᠨ ᠢᠲᠡᠪᠬᠢᠲᠡᠢ ᠤᠷᠤᠯᠴᠠᠭᠤᠯᠬᠤ ᠶᠢᠨ ᠬᠠᠮᠲᠤ ᠨᠡᠶᠢᠲᠡᠮ | ᠪᠠᠶᠢᠴᠠᠭᠠᠯᠲᠠ ᠶᠢᠨ ᠠᠵᠢᠯ ᠳᠤ ᠰᠠᠶᠢᠳᠤᠷ ᠬᠠᠮᠵᠢᠯᠴᠠᠭᠤᠯᠤᠨ᠎ᠠ᠃ | ᠲᠠᠷᠠᠭ᠎ᠠ ᠳᠤᠨᠢ᠂ ᠰᠠᠬᠢᠯᠭ᠎ᠠ ᠪᠠᠲᠤ ᠬᠡᠷᠡᠭᠵᠢᠬᠦᠯᠵᠥ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠨ᠎ᠠ᠃ | ᠲᠥᠷᠥ ᠶᠢᠨ ᠶᠠᠪᠤᠲᠠᠯ ᠤᠨ ᠬᠤᠷᠢᠶ᠎ᠠ ᠶᠢᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠯᠪᠠᠨ ᠭᠡᠷ ᠨᠢ | ᠲᠤᠰᠬᠠᠢ ᠬᠠᠤᠯᠢ ᠬᠡᠷᠡᠭᠵᠢᠬᠦᠯᠥᠯᠲᠡ ᠶᠢ ᠪᠠᠶᠢᠴᠠᠭᠠᠬᠤ ᠲᠤᠭᠤᠢᠢᠯᠠᠩ ᠪᠠᠶᠢᠭᠤᠯᠵᠥ᠂ ᠨᠡᠶᠢᠲᠡᠮ ᠪᠠᠶᠢᠴᠠᠭᠠᠯᠲᠠ | ᠲᠤᠮᠲᠠᠬᠢ ᠬᠠᠤᠯᠢ ᠶᠢ ᠵᠥᠷᠢᠴᠡᠭᠰᠡᠨ ᠥᠢᠯᠡ ᠠᠵᠢᠯᠯᠠᠭ᠎ᠠ ᠶᠢᠨ ᠢᠯᠡᠴᠢᠯᠡᠨ ᠮᠡᠲᠡᠬᠦᠯᠥᠯᠲᠡ ᠶᠢ ᠬᠥᠯᠢᠶᠡᠨ | ᠰᠢᠢᠳᠪᠤᠷᠢᠯᠡᠬᠦ ᠶᠢ ᠬᠠᠷᠢᠭᠤᠴᠠᠵᠥ᠂ ᠬᠠᠤᠯᠢ ᠶᠢ ᠵᠥᠷᠢᠴᠡᠭᠰᠡᠨ ᠴᠢᠬᠤᠯᠠ ᠶᠡᠭᠡ ᠬᠡᠷᠡᠭ ᠶᠠᠪᠤᠲᠠᠯ ᠳᠤ ᠬᠠᠤᠯᠢ | ᠶᠤᠰᠤᠭᠠᠷ ᠰᠢᠭᠤᠳ ᠪᠠᠶᠢᠴᠠᠭᠠᠯᠲᠠ ᠬᠢᠬᠦ ᠪᠥᠭᠡᠳ ᠡᠯ ᠠ ᠱᠠᠲᠤᠨ ᠤ ᠲᠤᠭ᠎ᠠ ᠪᠥᠷᠢᠳᠭᠡᠯ ᠤᠨ ᠪᠠᠶᠢᠭᠤᠯᠤᠮᠵᠢ ᠶᠢ | ᠱᠠᠯᠠᠪᠲᠠᠭᠤᠯᠤᠨ ᠬᠠᠤᠯᠢ ᠶᠤᠰᠤᠭᠠᠷ ᠬᠠᠤᠯᠢ ᠬᠡᠷᠡᠭᠵᠢᠬᠦᠯᠥᠯᠲᠠ ᠶᠢᠨ ᠪᠠᠶᠢᠴᠠᠭᠠᠯᠲᠠ ᠥᠷᠨᠢᠬᠦᠯᠥᠨ᠎ᠠ᠃ ᠨᠡᠶᠢᠲᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷᠵᠢᠯ ᠢ ᠮᠥᠷᠲᠡᠨ ᠨᠡᠭᠡᠮᠵᠢᠯᠡᠬᠦ ᠪᠤᠯᠤᠨ ᠬᠠᠷᠢᠭᠤᠴᠠᠯᠭ᠎ᠠ ᠨᠡᠭᠡᠮᠵᠢᠯᠡᠬᠦ | ᠲᠤᠭᠲᠠᠴᠠ ᠶᠢ ᠪᠠᠶᠢᠭᠤᠯᠤᠨ ᠪᠥᠷᠢᠨᠰᠢᠬᠦᠯᠵᠥ᠂ ᠡᠯ᠎ᠠ ᠱᠠᠲᠤᠨ ᠤ ᠠᠷᠠᠳ ᠤᠨ ᠵᠠᠰᠠᠭ ᠤᠨ ᠤᠷᠲᠤᠨ ᠤ ᠲᠤᠭ᠎ᠠ | ᠪᠥᠷᠢᠳᠭᠡᠯ ᠤᠨ ᠪᠠᠶᠢᠭᠤᠯᠤᠮᠵᠢ ᠨᠢ ᠨᠡᠶᠢᠲᠡᠮ ᠪᠠᠶᠢᠴᠠᠭᠠᠯᠲᠠ ᠶᠢᠨ ᠠᠵᠢᠯ ᠲᠤᠮᠲᠠᠬᠢ ᠬᠠᠤᠯᠢ ᠶᠢ ᠵᠥᠷᠢᠴᠡᠵᠥ | ᠰᠠᠬᠢᠯᠭ᠎ᠠ ᠪᠠᠲᠤ ᠶᠢ ᠵᠥᠷᠢᠴᠡᠭᠰᠡᠨ ᠥᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠤᠷᠢᠯᠡᠬᠦ ᠪᠤᠯᠤᠨ ᠨᠡᠶᠢᠲᠡᠯᠡᠵᠥ | ᠢᠯᠡᠴᠢᠯᠡᠬᠦ ᠡᠷᠴᠢᠮ ᠢ ᠴᠢᠩᠭᠠᠷᠠᠭᠤᠯᠵᠥ᠂ ᠨᠡᠶᠢᠲᠡᠮ ᠪᠠᠶᠢᠴᠠᠭᠠᠯᠲᠠ ᠶᠢᠨ ᠠᠵᠢᠯ ᠢ ᠵᠤᠷᠢᠭᠤᠳᠠ ᠬᠠᠷᠰᠢᠯᠠᠬᠤ ᠶᠢ ᠡᠷᠡᠰ | ᠡᠰᠡᠷᠬᠦᠴᠡᠨ᠎ᠠ᠃ ︽ᠪᠥᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠲᠤᠭ᠎ᠠ ᠪᠥᠷᠢᠳᠭᠡᠯ ᠤᠨ ᠬᠠᠤᠯᠢ︾ | ᠪᠤᠯᠤᠨ ︽ᠪᠥᠬᠦ ᠤᠯᠤᠰ ᠤᠨ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠲᠥᠷᠢᠮ︾ ᠢ ᠵᠥᠷᠢᠴᠡᠪᠠᠯ ᠨᠠᠮ ᠤᠨ | ᠰᠠᠬᠢᠯᠭ᠎ᠠ ᠵᠠᠰᠠᠭ ᠤᠨ ᠶᠠᠪᠤᠲᠠᠯ ᠤᠨ ᠰᠢᠢᠳᠭᠡᠯ ᠤᠯᠭᠤᠬᠤ ᠪᠤᠶᠤ ᠵᠤᠬᠢᠶᠠᠨ ᠪᠠᠶᠢᠭᠤᠯᠤᠯᠲᠠ ᠠᠴᠠ ᠰᠢᠢᠳᠪᠤᠷᠢᠯᠡᠭᠰᠡᠨ | ᠲᠤᠭ᠎ᠠ ᠪᠥᠷᠢᠳᠭᠡᠯ ᠤᠨ ᠬᠠᠤᠯᠢ ᠶᠢ ᠵᠥᠷᠢᠴᠡᠵᠥ ᠰᠠᠬᠢᠯᠭ᠎ᠠ ᠪᠠᠲᠤ ᠶᠢ ᠵᠥᠷᠢᠴᠡᠭᠰᠡᠨ ᠬᠠᠷᠢᠭᠤᠴᠠᠯᠭᠠᠲᠠᠨ ᠳᠤ ᠲᠤᠭ᠎ᠠ | ᠪᠥᠷᠢᠳᠭᠡᠯ ᠤᠨ ᠪᠠᠶᠢᠭᠤᠯᠤᠮᠵᠢ ᠨᠢ ᠲᠤᠭᠲᠠᠭᠠᠯ ᠶᠤᠰᠤᠭᠠᠷ ᠰᠢᠢᠳᠭᠡᠯ ᠤᠯᠭᠤᠬᠤ ᠰᠠᠨᠠᠭᠤᠯᠭ᠎ᠠ ᠭᠠᠷᠭᠠᠨ ᠴᠠᠭ | ᠲᠤᠬᠠᠢ ᠳᠤᠨᠢ ᠲᠤᠰᠢᠶᠠᠯ ᠳᠤ ᠲᠤᠮᠢᠯᠠᠵᠥ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠪᠤᠶᠤ ᠵᠤᠬᠢᠶᠠᠨ ᠪᠠᠶᠢᠭᠤᠯᠤᠯᠲᠠ ︵ᠠᠵᠢᠯᠲᠠᠨ ᠤ ᠶᠠᠪᠤᠲᠠᠯ︶ ᠶᠢᠨ ᠰᠠᠯᠠᠭ᠎ᠠ ᠮᠥᠴᠢᠷ ᠲᠤ | ᠰᠢᠯᠵᠢᠬᠦᠯᠥᠨ ᠬᠦᠷᠭᠡᠨ᠎ᠠ᠃ | ᠲᠠᠬᠢᠪᠠᠯ ᠶᠠᠰᠤ ᠴᠢᠨᠠᠷ ᠢ ᠡᠵᠡᠮᠰᠢᠬᠦ ᠶᠢ ᠴᠢᠩᠭᠠᠳᠬᠠᠨ᠎ᠠ᠃ ᠨᠡᠶᠢᠲᠡᠮ ᠪᠠᠶᠢᠴᠠᠭᠠᠯᠲᠠ ᠶᠢᠨ ᠪᠥᠬᠦ | ᠶᠠᠪᠤᠴᠠ ᠶᠢᠨ ᠴᠢᠨᠠᠷᠵᠢᠯ ᠢ ᠡᠵᠡᠮᠰᠢᠬᠦ ᠠᠷᠭ᠎ᠠ ᠶᠢ ᠪᠠᠶᠢᠭᠤᠯᠤᠨ ᠪᠥᠷᠢᠨᠰᠢᠬᠦᠯᠵᠥ᠂ ᠰᠢᠨᠵᠢᠯᠡᠬᠦ ᠤᠬᠠᠭᠠᠨᠴᠢ ᠪᠠᠷ | ᠨᠡᠶᠢᠲᠡᠮ ᠪᠠᠶᠢᠴᠠᠭᠠᠯᠲᠠ ᠶᠢᠨ ᠲᠥᠰᠥᠯ ᠢ ᠲᠤᠭᠲᠠᠭᠠᠬᠤ ᠪᠠᠷ ᠲᠠᠮᠵᠢᠭᠤᠯᠤᠨ᠂ ᠨᠡᠶᠢᠲᠡᠮ ᠪᠠᠶᠢᠴᠠᠭᠠᠯᠲᠠ ᠶᠢᠨ | ᠠᠵᠢᠯᠲᠠᠳ ᠲᠤ ᠨᠠᠷᠢᠨ ᠬᠢᠨᠠᠮᠠᠭᠠᠢ ᠪᠤᠯᠪᠠᠰᠤᠷᠠᠯ ᠬᠥᠷᠲᠡᠭᠡᠵᠥ᠂ ᠨᠡᠶᠢᠲᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ | ᠨᠢᠮᠪᠠᠢ ᠬᠡᠷᠡᠭᠵᠢᠬᠦᠯᠵᠥ᠂ ᠡᠯᠧᠺᠳ᠋ᠷᠤᠨᠴᠢᠯᠡᠭᠰᠡᠨ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠬᠡᠯᠪᠡᠷᠢ ᠶᠢ ᠪᠥᠬᠦ | ᠲᠠᠯ᠎ᠠ ᠪᠠᠷ ᠬᠡᠷᠡᠭᠯᠡᠵᠥ᠂ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠲᠡᠭᠯᠡᠯ ᠢ ᠬᠥᠢᠴᠡᠳ ᠠᠰᠢᠭᠯᠠᠵᠥ᠂ | ᠴᠢᠨᠠᠷᠵᠢᠯ ᠢ ᠰᠤᠭᠤᠴᠢᠨ ᠪᠠᠶᠢᠴᠠᠭᠠᠬᠤ ᠪᠤᠯᠤᠨ ᠠᠵᠢᠯ ᠤᠨ ᠪᠠᠶᠢᠴᠠᠭᠠᠯᠲᠠ ᠶᠢ ᠥᠨᠡᠨ ᠬᠦ ᠴᠢᠩᠭᠠᠳᠬᠠᠵᠥ᠂ ᠨᠡᠶᠢᠲᠡᠮ | ᠪᠠᠶᠢᠴᠠᠭᠠᠯᠲᠠ ᠶᠢᠨ ᠠᠵᠢᠯ ᠤᠨ ᠴᠢᠨᠠᠷᠵᠢᠯ ᠢ ᠪᠥᠬᠦ ᠲᠠᠯ᠎ᠠ ᠪᠠᠷ ᠲᠡᠭᠡᠭᠰᠢᠯᠡᠬᠦᠯᠥᠨ᠎ᠠ᠃ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠬᠤ ᠪᠠᠷ ᠲᠠᠮᠵᠢᠭᠤᠯᠤᠨ᠂ ᠨᠡᠶᠢᠲᠡᠮ ᠪᠠᠶᠢᠴᠠᠭᠠᠯᠲᠠ ᠶᠢᠨ ᠨᠢᠭᠤᠷᠯᠠᠯ ᠳᠤ ᠨᠡᠶᠢᠲᠡᠮ ᠪᠠᠶᠢᠴᠠᠭᠠᠯᠲᠠ ᠶᠢ | ᠬᠥᠨᠵᠡᠭᠡᠢ ᠮᠡᠲᠡᠬᠦᠯᠵᠥ ᠤᠢᠢᠯᠠᠭᠠᠭᠤᠯᠬᠤ ᠶᠢᠨ ᠤᠯᠠᠮ ᠢᠶᠠᠷ ᠨᠡᠶᠢᠲᠡᠮ ᠪᠠᠶᠢᠴᠠᠭᠠᠯᠲᠠ ᠶᠢᠨ ᠠᠵᠢᠯ ᠳᠤ ᠢᠲᠡᠪᠬᠢᠲᠡᠢ | ᠬᠠᠮᠵᠢᠯᠴᠠᠭᠤᠯᠵᠥ᠂ ᠨᠡᠶᠢᠲᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠮᠡᠲᠡᠬᠦᠯᠬᠦ ᠴᠢᠨᠠᠷᠵᠢᠯ ᠢ ᠥᠨᠡᠨ ᠬᠦ | ᠲᠡᠭᠡᠭᠰᠢᠯᠡᠬᠦᠯᠥᠨ᠎ᠠ᠃ |