ᠰᠦᠨᠢᠳ ᠤᠨ ᠱᠠᠭ᠎ᠠ ᠨᠠᠭᠠᠳᠤᠮ — ᠮᠣᠷᠢ ᠤᠷᠤᠯᠳᠤᠭᠤᠯᠬᠤ
ᠨᠡᠶᠢᠲᠡᠯᠡᠭᠰᠡᠨ ᠴᠠᠭ᠄
2020/6/5
          ᠮᠣᠷᠢ ᠤᠷᠤᠯᠳᠤᠭᠤᠯᠤᠨ ᠨᠠᠭᠠᠳᠬᠤ ᠳᠤ ᠬᠡᠳᠦᠨ ᠬᠦᠮᠦᠨ ᠪᠠᠶᠢᠭᠰᠠᠨ ᠴᠤ ᠪᠦᠷ ᠪᠤᠯᠤᠨ᠎ᠠ᠃ ᠠᠷᠪᠠ ᠠᠴᠠ ᠳᠡᠭᠡᠭᠰᠢ ︵ᠲᠤᠭᠲᠠᠭᠰᠠᠨ ᠲᠤᠭ᠎ᠠ ᠦᠭᠡᠢ᠃ ᠭᠡᠪᠡᠴᠦ ᠵᠠᠷᠢᠮ ᠳᠠᠭᠠᠨ ᠲᠤᠭ᠎ᠠ ᠲᠠᠢ︶ ᠱᠠᠭ᠎ᠠ ᠶᠢ ᠴᠤᠪᠤᠷᠠᠭᠤᠯᠤᠨ ᠲᠠᠯᠪᠢᠵᠤ ︵ᠮᠣᠷᠢ ᠪᠤᠰᠬᠠᠨ︶᠂ ᠨᠠᠭᠠᠳᠤᠮ ᠳᠤ ᠤᠷᠤᠯᠴᠠᠭᠰᠠᠨ ᠬᠦᠮᠦᠰ ᠬᠤᠶᠠᠷ ᠱᠠᠭ᠎ᠠ ᠲᠡᠮᠲᠡᠭᠯᠡᠵᠦ ᠲᠠᠯᠪᠢᠭᠠᠳ ᠨᠢᠭᠡ ᠶᠢ ᠨᠢ ᠴᠤᠪᠤᠷᠠᠭᠤᠯᠤᠭᠰᠠᠨ ᠱᠠᠭ᠎ᠠ ᠶᠢᠨ ᠳᠡᠷᠭᠡᠳᠡ ᠪᠤᠰᠤᠭ᠎ᠠ ᠲᠠᠯᠪᠢᠵᠤ᠂ ᠨᠦᠭᠦᠭᠡ ᠶᠢ ᠨᠢ ᠬᠠᠶᠠᠵᠤ ᠤᠷᠤᠯᠳᠤᠭᠠᠨ ᠳᠤ ᠤᠷᠤᠯᠴᠠᠭᠤᠯᠤᠨ᠎ᠠ᠃ ᠬᠡᠨ ᠤ ᠬᠢᠨᠢ ᠲᠡᠮᠲᠡᠭ ᠲᠠᠯᠪᠢᠭᠰᠠᠨ ᠱᠠᠭ᠎ᠠ ᠬᠠᠶᠠᠬᠤ ᠳᠤ ᠮᠣᠷᠢ ᠪᠤᠰᠪᠠᠯ ᠲᠡᠷᠡ ᠨᠢ ᠴᠤᠪᠤᠷᠠᠭᠤᠯᠤᠭᠰᠠᠨ ᠱᠠᠭ᠎ᠠ ᠶᠢᠨ ᠳᠡᠷᠭᠡᠳᠡᠬᠢ ᠤᠶᠠᠭ᠎ᠠ ᠲᠠᠢ ᠮᠣᠷᠢ ᠪᠠᠨ ᠨᠢᠭᠡ ᠳᠡᠪᠰᠢᠭᠦᠯᠦᠨ᠎ᠡ᠃ ᠡᠨᠡ ᠮᠡᠲᠦ ᠪᠠᠷ ᠳᠡᠰ ᠳᠠᠷᠠᠭ᠎ᠠ ᠲᠠᠢ ᠪᠠᠷ ᠨᠠᠭᠠᠳᠴᠤ ᠲᠡᠷᠢᠭᠦᠨ ᠳᠡᠳ᠋ ᠢ ᠢᠯᠭᠠᠷᠠᠭᠤᠯᠳᠠᠭ ᠪᠠᠶᠢᠨ᠎ᠠ᠃ ᠪᠠᠰᠠ ᠵᠠᠰᠠᠭᠰᠠᠨ ᠱᠠᠭ᠎ᠠ ᠪᠠᠨ ᠬᠠᠶᠠᠵᠤ ᠤᠷᠤᠯᠳᠤᠭᠤᠯᠬᠤ ᠴᠤ ᠪᠤᠢ᠃ ᠭᠡᠬᠦ ᠳᠡᠭᠡᠨ ᠨᠠᠭᠠᠳᠤᠮ ᠳᠤ ᠤᠷᠤᠯᠴᠠᠭᠰᠠᠨ ᠬᠦᠮᠦᠨ ᠠᠳᠠᠯᠢ ᠲᠣᠭᠠᠨ ᠤ ᠱᠠᠭ᠎ᠠ ᠠᠪᠴᠤ ᠪᠦᠬᠡ ᠶᠢᠨ ᠮᠠᠶ᠋ᠢᠭ ᠢᠶᠠᠷ ᠨᠤᠭᠤᠯᠤᠨ ᠤᠷᠤᠯᠳᠤᠭᠤᠯᠵᠤ ᠲᠡᠷᠢᠭᠦᠨ ᠳᠡᠳ᠋ ᠢᠯᠭᠠᠷᠠᠭᠤᠯᠤᠨ ᠨᠠᠭᠠᠳᠳᠠᠭ ᠪᠠᠶᠢᠨ᠎ᠠ᠃ ᠡᠨᠡ ᠨᠠᠭᠠᠳᠤᠮ ᠢ ᠬᠠᠮᠤᠭ ᠤᠨ ᠶᠡᠭᠡ ᠪᠡᠯᠭᠡ ᠲᠠᠢ ᠭᠡᠵᠦ ᠦᠵᠡᠳᠡᠭ ᠲᠤᠯᠠ ᠪᠦᠳᠦᠭᠦᠨ ᠬᠦᠮᠦᠨ ᠬᠡᠦᠬᠡᠳ ᠪᠠᠭᠠᠴᠤᠳ ᠢᠯᠭᠠᠭ᠎ᠠ ᠦᠭᠡᠢ ᠨᠠᠭᠠᠳᠬᠤ ᠪᠦᠭᠡᠳ ᠤᠯᠠᠩᠬᠢ ᠳᠠᠭᠠᠨ ᠴᠠᠭᠠᠨ ᠰᠠᠷ᠎ᠠ ᠨᠠᠭᠠᠳᠳᠠᠭ ᠶᠣᠮ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号