ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ  ᠬᠤᠤ ᠱᠢ ᠵᠢᠶᠧ
ᠨᠡᠶᠢᠲᠡᠯᠡᠭᠰᠡᠨ ᠴᠠᠭ᠄
2022/11/28
    ᠬᠤᠤ ᠱᠢ ᠵᠢᠶᠧ᠂ ᠡᠷᠡᠭᠲᠡᠢ᠂ ᠬᠢᠲᠠᠳ ᠦᠨᠳᠦᠰᠦᠲᠡᠨ᠂ 1975 ᠣᠨ ᠤ 8 ᠰᠠᠷ᠎ᠠ ᠳᠤ ᠲᠦᠷᠦᠵᠠᠢ᠂ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠰᠥᠨᠢᠳ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠳᠡᠳ᠋  ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃     ᠠᠵᠢᠯ ᠤᠨ ᠬᠤᠪᠢᠶᠠᠷᠢᠯᠠᠯ     ᠬᠤᠰᠢᠭᠤ ᠳᠠᠷᠤᠭ᠎ᠠ ᠶᠢ ᠬᠠᠪᠰᠤᠷᠤᠨ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠪᠠ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠭᠢ᠂ ᠷᠠᠳᠠᠷ ᠤᠨ ᠴᠡᠷᠢᠭ ᠠᠩᠭᠢ ᠲᠠᠢ ᠬᠠᠷᠢᠯᠴᠠᠨ᠎ᠠ᠃ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      
 
ᠢᠷᠡᠯᠲᠡ᠄ ᠬᠤᠰᠢᠭᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号