ᠵᠢᠶᠠ ᡁᠢ ᠭᠠᠩ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 10 ᠰᠠᠷ᠎ᠠ ᠳᠤ | ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠡᠭᠡᠳᠦ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠃ ᠣᠲᠣ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ | ᠬᠠᠷᠢᠭᠤᠴᠠᠵᠤ ᠪᠠᠶᠢᠨ᠎ᠠ᠃ | ᠠᠵᠢᠯ ᠤᠨ ᠬᠤᠪᠢᠶᠠᠷᠢᠯᠠᠯ | ᠬᠤᠰᠢᠭᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠥᠬᠦ ᠲᠠᠯ᠎ᠠ ᠶᠢᠨ | ᠠᠵᠢᠯ ᠢ ᠡᠷᠬᠢᠯᠡᠨ᠎ᠡ᠃ ᠬᠤᠰᠢᠭᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠳᠠᠷᠤᠭ᠎ᠠ᠂ ᠵᠠᠬᠢᠳᠠᠯ ᠰᠤᠷᠪᠤᠯᠵᠢᠯᠠᠭ᠎ᠠ | ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠴᠡᠷᠢᠭ ᠠᠴᠠ | ᠬᠠᠯᠠᠭᠳᠠᠭᠰᠠᠳ ᠤᠨ ᠠᠵᠢᠯ ᠢ ᠬᠠᠷᠢᠭᠤᠴᠠᠨ᠎ᠠ᠃ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ᠂ ᠬᠤᠰᠢᠭᠤ ᠨᠠᠮ ᠤᠨ ᠬᠤᠷᠢᠶᠠᠨ ᠤ ᠬᠠᠤᠯᠢ ᠶᠣᠰᠣᠭᠠᠷ ᠵᠠᠰᠠᠬᠤ ᠬᠤᠰᠢᠭᠤ ᠨᠠᠮ ᠤᠨ ᠬᠤᠷᠢᠶᠠᠨ ᠤ ᠠᠯᠪᠠᠨ | ᠬᠡᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ | ᠬᠤᠪᠢᠳᠠᠨ ᠬᠠᠮᠢᠶᠠᠷᠤᠨ᠎ᠠ᠃ ᠬᠤᠰᠢᠭᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠤᠨ ᠠᠮᠤᠷ | ᠲᠦᠪᠰᠢᠨ ᠤ ᠲᠣᠪᠴᠢᠶ᠎ᠠ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠠᠷᠠᠳ ᠤᠨ ᠶᠠᠪᠤᠳᠠᠯ ᠪᠠ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠲᠠᠢ ᠬᠠᠷᠢᠯᠴᠠᠨ᠎ᠠ᠃ | |