ᠬᠠᠳᠠ᠂ ᠡᠷᠡᠭᠲᠡᠢ᠂ ᠮᠣᠩᠭᠤᠯ ᠦᠨᠳᠦᠰᠦᠲᠡᠨ᠂ 1971 ᠣᠨ ᠤ 10 ᠰᠠᠷ᠎ᠠ ᠳᠤ ᠲᠦᠷᠦᠵᠠᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠵᠠᠬᠢᠳᠠᠯ ᠢᠶᠠᠷ ᠰᠤᠷᠭᠠᠬᠤ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ᠃ ᠤᠳᠤ ᠰᠥᠨᠢᠳ ᠵᠡᠭᠦᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | ᠠᠵᠢᠯ ᠤᠨ ᠬᠤᠪᠢᠶᠠᠷᠢᠯᠠᠯ | ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠶᠢ ᠬᠠᠪᠰᠤᠷᠴᠤ ᠰᠠᠨᠠᠯ ᠳᠤᠷᠠᠳᠤᠯᠭ᠎ᠠ ᠶᠢᠨ ᠵᠥᠪᠯᠡᠯ᠂ | ᠰᠤᠮᠤ ᠪᠠᠯᠭᠠᠰᠤᠨ ᠤ ᠬᠠᠷᠢᠯᠴᠠᠬᠤ ᠠᠯᠪᠠᠨ ᠬᠡᠷ ᠤᠨ ᠠᠵᠢᠯ ᠢ ᠬᠤᠪᠢᠳᠠᠨ ᠬᠠᠮᠢᠶᠠᠷᠤᠨ᠎ᠠ᠃ ᠱᠠᠰᠢᠨ ᠰᠤᠷᠲᠠᠬᠤᠨ | ᠪᠠ ᠬᠠᠷᠢᠶᠠᠲᠤ ᠨᠠᠷ ᠤᠨ ᠬᠤᠯᠪᠣᠭ᠎ᠠ᠂ ᠠᠷᠠᠳ ᠤᠨ ᠪᠦᠯᠬᠦᠮ ᠤᠨ ᠡᠲᠡᠭᠡᠳ ᠤᠨ ᠢᠯᠭᠠᠯ ᠤᠨ ᠭᠡᠰᠢᠭᠦᠳ ᠲᠠᠢ | ᠬᠠᠷᠢᠯᠴᠠᠨ᠎ᠠ᠃ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠢᠨᠠᠨ ᠪᠣᠳᠣᠬᠤ | ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠱᠠᠰᠢᠨ | ᠰᠤᠷᠲᠠᠬᠤᠨ ᠤ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ᠂ | ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠮ ᠤᠨ ᠰᠤᠷᠭᠠᠭᠤᠯᠢ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠠᠷᠠᠳ ᠤᠨ ᠪᠠᠩᠬᠢ᠂ ᠲᠠᠷᠢᠶᠠᠯᠠᠩ ᠤᠨ | ᠪᠠᠩᠬᠢ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠠᠮᠢ ᠨᠠᠰᠤᠨ ᠤ ᠳᠠᠭᠠᠳᠬᠠᠯ ᠤᠨ ᠺᠣᠮᠫᠠᠨᠢ᠂ ᠠᠮᠢ ᠨᠠᠰᠤ | ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ ᠵᠡᠷᠭᠡ ᠪᠠᠶᠢᠭᠤᠯᠭ᠎ᠠ ᠨᠢᠭᠡᠴᠡ ᠲᠠᠢ ᠬᠠᠷᠢᠯᠴᠠᠨ᠎ᠠ᠃ | |