ᠴᠡᠳᠡᠨᠵᠠᠪ ᠤᠨ ᠴᠤᠯᠮᠤᠨ᠂ ᠡᠷᠡᠭᠲᠡᠢ᠂ ᠮᠤᠩᠭᠤᠯ ᠦᠨᠳᠦᠰᠦᠲᠡᠨ᠂ ᠦᠪᠦᠷ ᠮᠤᠩᠭᠤᠯ ᠤᠨ ᠰᠢᠯᠢ ᠶᠢᠨ | ᠭᠤᠤᠯ ᠠᠶᠢᠮᠠᠭ ᠤᠨ ᠰᠦᠨᠢᠳ ᠵᠡᠬᠦᠨ ᠬᠤᠰᠢᠭᠤᠨ ᠤ ᠪᠠᠶᠠᠠᠭᠤᠯᠠ ᠰᠤᠮᠤ ᠶᠢᠨ ᠪᠠᠶᠠᠨᠲᠠᠯ᠎ᠠ ᠭᠠᠴᠠᠭᠠᠨ ᠳᠤ | ᠲᠦᠷᠦᠭᠰᠡᠨ᠃ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠤ | ᠰᠤᠷᠭᠠᠭᠤᠯᠢ ᠶᠢᠨ ᠫᠷᠤᠹᠧᠰᠰᠤᠷ᠂ ᠠᠰᠫᠢᠷᠠᠨᠲ ᠤᠨ ᠵᠢᠯᠤᠭᠤᠲᠤᠭᠴᠢ᠃ | 2005 ᠤᠨ ᠳᠤ ᠳ᠋ᠤᠺᠲ᠋ᠤᠷ ᠴᠤᠯᠠ ᠬᠠᠮᠠᠭᠠᠯᠠᠵᠤ᠂ 2008 —2009 ᠤᠨ ᠳᠤ ᠲᠤᠺᠢᠤ᠋ ᠶᠢᠨ | ᠭᠠᠳᠠᠭᠠᠳᠤ ᠰᠤᠳᠤᠯᠤᠯ ᠤᠨ ᠶᠡᠭᠡ ᠰᠤᠷᠭᠠᠭᠤᠢ ᠳᠤ ᠭᠠᠳᠠᠭᠠᠳᠤ ᠶᠢᠨ ᠡᠷᠳᠡᠮᠲᠡᠨ ᠢᠶᠠᠷ ᠠᠵᠢᠯᠯᠠᠪᠠ᠃ | ︽ᠰᠤᠶᠤᠯ ᠤᠨ ᠬᠤᠪᠢᠰᠤᠯ ᠳᠤᠮᠳᠠᠬᠢ ᠮᠤᠩᠭᠤᠯ ᠤᠷᠠᠨ ᠵᠤᠬᠢᠶᠠᠯ ᠤᠨ ᠰᠤᠳᠤᠯᠤᠯ︾ ︵2006︶᠂ | ︽ᠬᠤᠷᠢᠳᠤᠭᠠᠷ ᠵᠠᠭᠤᠨ ᠤ ᠰᠡᠭᠦᠯᠴᠢ ᠶᠢᠨ ᠬᠤᠷᠢᠨ ᠵᠢᠯ ᠳᠠᠬᠢ ᠮᠤᠩᠭᠤᠯ ᠲᠤᠭᠤᠵᠢᠰ ᠤᠨ ᠤᠳᠤᠬᠢᠴᠢ ᠬᠡᠯᠪᠡᠷᠢᠯ︾ | ︵2007︶ ᠵᠡᠷᠬᠡ ᠡᠷᠳᠡᠮ ᠰᠢᠨᠵᠢᠯᠡᠬᠡᠨ ᠤ ᠨᠤᠮ ᠬᠡᠪᠯᠡᠬᠦᠯᠵᠤ᠂ ︽ᠮᠤᠩᠭᠤᠯ ᠰᠤᠶᠤᠯ ᠤᠨ ᠲᠤᠪᠴᠢ ᠲᠡᠤᠬᠡ︾ | ︵2012︶᠂ ︽ᠰᠦᠨᠢᠳ ᠰᠤᠳᠤᠯᠤᠯ︾ ︵2008︶ ᠵᠡᠷᠭᠡ ᠨᠤᠮ ᠢ ᠡᠷᠬᠢᠯᠡᠨ ᠨᠠᠶᠢᠷᠠᠭᠤᠯᠵᠤ᠂ | ︽ᠮᠤᠩᠭᠤᠯ ᠰᠤᠳᠤᠯᠤᠯ ᠤᠨ ᠨᠡᠪᠲᠡᠷᠬᠡᠢ ᠲᠤᠯᠢ ︵ᠵᠠᠩ ᠦᠢᠯᠡ︶︾ ︵2011᠂ ᠨᠠᠶᠢᠷᠠᠭᠤᠯᠬᠤ ᠵᠦᠪᠯᠡᠯ ᠤᠨ | ᠬᠡᠰᠢᠬᠦᠨ︶᠂ ︽ᠮᠤᠩᠭᠤᠯ ᠤᠷᠠᠨ ᠵᠤᠬᠢᠶᠠᠯ ᠤᠨ ᠰᠤᠳᠤᠨ ᠪᠦᠲᠦᠬᠡᠯ ᠤᠨ ᠲᠠᠶᠢᠯᠤᠮᠵᠢ︾ ︵2010᠂ | ᠬᠠᠮᠲᠤ ᠶᠢᠨ ᠪᠦᠲᠦᠬᠡᠯ︶᠂ ︽20 ᠳ᠋ᠤᠭᠠᠷ ᠵᠠᠭᠤᠨ ᠤ ᠨᠠᠶᠠ᠂ ᠶᠡᠷᠡᠭᠡᠳ ᠤᠨ ᠤ ᠮᠤᠩᠭᠤᠯ ᠤᠷᠠᠨ ᠵᠤᠬᠢᠶᠠᠯ ᠤᠨ | ᠰᠤᠳᠤᠯᠤᠯ︾ ︵2007᠂ ᠬᠠᠮᠲᠤ ᠶᠢᠨ ᠪᠦᠲᠦᠬᠡᠯ︶ ᠨᠤᠮ ᠢᠶᠠᠨ ᠬᠡᠪᠯᠡᠬᠦᠯᠵᠤ᠂ ︽ᠪᠷᠲ᠋ᠢᠨᠢᠺ ᠰᠢᠷᠡᠬᠡᠨ ᠤ ᠲᠤᠯᠢ | ︵ᠨᠠᠢᠮᠠᠨ ᠪᠤᠳᠢ︶︾ ︵2010᠂ ᠤᠯᠠᠭᠠᠨᠪᠠᠭᠠᠲᠤᠷ︶᠂ ︽ᠪᠷᠲ᠋ᠢᠨᠢᠺ ᠲᠠᠶᠢᠯᠪᠤᠷᠢ ᠮᠤᠩᠭᠤᠯ ᠬᠤᠷᠢᠶᠠᠩᠭᠤᠢ ᠲᠤᠯᠢ | ︵ᠬᠤᠶᠠᠷ ᠪᠤᠳᠢ︶︾ ︵2010᠂ ᠤᠯᠠᠭᠠᠨᠪᠠᠭᠠᠲᠤᠷ︶ ᠶᠢᠨ ᠨᠠᠶᠢᠷᠠᠭᠤᠯᠬᠤ ᠺᠤᠮᠢᠰ ᠤᠨ ᠪᠦᠷᠢᠯᠳᠦᠬᠦᠨ ᠢᠶᠠᠷ | ᠪᠡᠶᠡᠴᠢᠯᠡᠨ ᠤᠷᠤᠯᠴᠠᠵᠠᠢ᠃ ︽ᠮᠢᠨᠤ ᠬᠠᠶᠢᠷᠠᠲᠠᠢ ᠦᠪᠦᠷ ᠮᠤᠩᠭᠤᠯ —— ᠦᠪᠦᠷ ᠮᠤᠩᠭᠤᠯ ᠤᠨ ᠤᠳᠤ | ᠦᠶ᠎ᠡ ᠶᠢᠨ ᠰᠢᠯᠦᠭ ᠤᠨ ᠰᠤᠩᠭᠤᠮᠠᠯ︾ ︵2013᠂ ᠤᠯᠠᠭᠠᠨᠪᠠᠭᠠᠲᠤᠷ︶᠂ ︽ᠲᠤᠤᠯᠢᠰ ᠤᠨ ᠴᠡᠩᠭᠡᠷ ᠲᠠᠯ᠎ᠠ︾ | ᠵᠡᠷᠭᠡ ᠢᠷᠠᠭᠤ ᠨᠠᠶᠢᠷᠠᠭ ᠤᠨ ᠲᠡᠭᠦᠪᠦᠷᠢ ᠶᠢ ᠪᠤᠰᠤᠳ ᠲᠠᠢ ᠬᠠᠮᠲᠤᠷᠠᠨ ᠨᠠᠶᠢᠷᠠᠭᠤᠯᠵᠤ ᠬᠡᠪᠯᠡᠬᠦᠯᠪᠡ᠃ | ︽ᠶᠡᠭᠡ ᠲᠠᠮᠤᠴᠢ ᠶᠢᠨ ᠲᠡᠭᠷᠢ︾ ︵1996᠂ ᠬᠠᠮᠲᠤ ᠶᠢᠨ ᠲᠡᠭᠦᠪᠤᠷᠢ︶᠂ ︽ᠠᠨᠢᠷ ᠦᠬᠡᠢ ᠶᠢᠨ ᠳᠤᠮᠳᠠ︾ | ︵2006︶᠂ ︽ᠴᠡᠴᠡᠭ ᠤᠨ ᠰᠠᠯᠬᠢ︾ ︵2011᠂ ᠤᠯᠠᠭᠠᠨᠪᠠᠭᠠᠲᠤᠷ︶᠂ ︽ᠴᠡᠴᠡᠭ ᠤᠨ ᠰᠠᠯᠬᠢ︾ | ︵2015᠂ ᠠᠩᠭ᠍ᠯᠢ ᠬᠡᠯᠡ ᠪᠠᠷ︶᠂ ︽ᠠᠭᠤᠯᠠᠰ ᠮᠢᠨᠢ ᠳᠠᠩᠲᠠ ᠨᠡᠬᠦᠳᠡᠭ ᠶᠤᠮ︾ ︵2016᠂ ᠬᠠᠮᠲᠤ ᠶᠢᠨ | ᠲᠡᠭᠦᠪᠦᠷᠢ᠂ ᠬᠢᠲᠠᠳ ᠬᠡᠯᠡ ᠪᠠᠷ︶᠂ ︽ᠪᠤᠷᠬᠠᠨ ᠤ ᠵᠢᠷᠤᠭᠰᠠᠨ ᠠᠭᠤᠯᠠᠰ︾ ︵2017᠂ ᠤᠯᠠᠭᠠᠨᠪᠠᠭᠠᠲᠤᠷ︶᠂ | ︽ᠨᠡᠬᠦᠳᠡᠯ ᠤᠨ ᠵᠢᠷᠤᠬᠠᠢ︾ ︵2017︶ ᠵᠡᠷᠭᠡ ᠢᠷᠠᠭᠤ ᠨᠠᠶᠢᠷᠠᠭ ᠤᠨ ᠲᠡᠭᠦᠪᠤᠷᠢ ᠪᠠᠨ ᠬᠡᠪᠯᠡᠬᠦᠯᠵᠤ᠂ | ᠽᠦᠩ ᠷᠦᠩ ᠤᠨ ︽ᠨᠢᠭᠤᠴᠠᠭᠠᠢ ᠪᠠᠳᠮ᠎ᠠ ᠴᠡᠴᠡᠭ︾ ︵2015᠂ ᠤᠯᠠᠭᠠᠨᠪᠠᠭᠠᠲᠤᠷ︶ ᠬᠡᠮᠡᠬᠦ ᠰᠢᠯᠦᠭ ᠤᠨ | ᠲᠡᠭᠦᠪᠤᠷᠢ ᠶᠢ ᠤᠷᠴᠢᠭᠤᠯᠤᠨ ᠬᠡᠪᠯᠡᠬᠦᠯᠪᠡ᠃ | ᠲᠡᠭᠦᠨ ᠤ ᠤᠷᠠᠨ ᠪᠦᠲᠦᠬᠡᠯ 2002 ᠳᠤ ᠪᠦᠬᠦ ᠤᠯᠤᠰ ᠤᠨ ︽ᠮᠦᠩᠭᠡ ᠲᠡᠭᠷᠢ︾ ᠢᠷᠠᠭᠤ ᠨᠠᠶᠢᠷᠠᠭ ᠤᠨ | ᠨᠠᠭᠠᠳᠤᠮ ᠳᠤ ᠳᠦᠷᠪᠡᠳᠤᠭᠡᠷ ᠪᠠᠶᠢᠷᠢ ᠳᠤ ᠲᠤᠳᠤᠷᠠᠵᠤ᠂ 2005 ᠤᠨ ᠳᠤ ᠦᠪᠡᠷᠲᠡᠬᠡᠨ ᠵᠠᠰᠠᠬᠤ ᠤᠷᠤᠨ ᠤ | ᠤᠳᠬ᠎ᠠ ᠵᠤᠬᠢᠶᠠᠯ ᠵᠤᠬᠢᠶᠠᠨ ᠪᠦᠲᠦᠬᠡᠯᠬᠡ ᠶᠢᠨ ︽ᠰᠤᠯᠤᠩᠭ᠎ᠠ︾ ᠱᠠᠩᠨᠠᠯ ᠬᠦᠷᠲᠡᠵᠤ᠂ 2006 ᠤᠨ ᠳᠤ ᠪᠦᠬᠦ | ᠤᠯᠤᠰ ᠤᠨ ︽ᠬᠢᠯᠤᠭᠡᠨ ᠤᠶᠠᠩᠭ᠎ᠠ︾ ᠠᠯᠲᠠᠨ ᠤᠳᠤᠨ ᠱᠠᠩᠨᠠᠯᠲᠤ ᠤᠷᠤᠯᠳᠤᠭᠠᠨ ᠤ ᠠᠯᠲᠠᠨ ᠮᠧᠳᠠᠯ ᠲᠤᠰᠴᠠᠢ᠃ | 2012 ᠤᠨ᠂ 2017 ᠤᠨ ᠳᠤ ᠦᠪᠡᠷᠲᠡᠬᠡᠨ ᠵᠠᠰᠠᠬᠤ ᠤᠷᠤᠨ ᠤ ︽ᠲᠠᠪᠤᠨ ᠨᠢᠬᠡ ᠢᠨᠵᠧᠨᠧᠷᠢᠩ ᠤᠨ | ᠱᠠᠩᠨᠠᠯ︾ ᠢ ᠬᠤᠶᠠᠷᠳᠠ ᠬᠦᠷᠲᠡᠭᠰᠡᠨ ᠪᠠᠶᠢᠨ᠎ᠠ᠃ ᠢᠷᠠᠭᠤ ᠨᠠᠶᠢᠷᠠᠭ ᠤᠨ ᠰᠤᠳᠤᠨ ᠪᠦᠲᠦᠬᠡᠯ ᠢᠶᠠᠷ ᠢᠶᠠᠨ 2006 | ᠤᠨ ᠳᠤ ︽ᠳᠡᠯᠡᠬᠡᠢ ᠶᠢᠨ ᠢᠷᠠᠭᠤ ᠨᠠᠶᠢᠷᠠᠭ ᠤᠨ ᠬᠤᠷᠢᠨ ᠵᠢᠷᠭᠤᠳᠤᠭᠠᠷ ᠬᠤᠷᠠᠯ︾ ᠢᠶᠠᠷ ᠮᠤᠩᠭᠤᠯ ᠤᠯᠤᠰ ᠤᠨ | ᠴᠢᠯᠤᠭᠡᠳᠤ ᠵᠤᠬᠢᠶᠠᠯᠴᠢᠳ ᠤᠨ ᠬᠤᠯᠪᠤᠭᠠᠨ ᠤ ᠰᠢᠯᠢᠳᠡᠭ ᠤᠷᠠᠨ ᠪᠦᠲᠦᠬᠡᠯᠴᠢ ᠶᠢᠨ ᠡᠷᠭᠦᠮᠵᠢᠯᠡᠯ ᠢ ᠭᠠᠷᠳᠠᠵᠤ᠂ | ᠮᠦᠨ ᠵᠢᠯ ᠤᠨ 11 ᠰᠠᠷ᠎ᠠ ᠳᠤ ᠤᠯᠠᠭᠠᠨᠪᠠᠭᠠᠲᠤᠷ ᠲᠤ ᠪᠤᠯᠤᠭᠰᠠᠨ ︽ᠳᠡᠯᠡᠬᠡᠢ ᠶᠢᠨ ᠮᠤᠩᠭᠤᠯ ᠬᠡᠯᠡᠲᠡᠨ ᠤ ᠢᠷᠠᠭᠤ | ᠨᠠᠶᠢᠷᠠᠭ ᠤᠨ ᠨᠠᠭᠠᠳᠤᠮ︾ ᠤᠨ ᠱᠠᠩᠨᠠᠯ ᠬᠦᠷᠲᠡᠵᠡᠢ᠃ | 2012 ᠤᠨ ᠳᠤ ᠳᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ︽ᠦᠨᠳᠦᠰᠦᠲᠡᠨ ᠤ ᠤᠳᠬ᠎ᠠ | ᠵᠤᠬᠢᠶᠠᠯ︾ ᠰᠡᠳᠬᠦᠯ ᠤᠨ 2012 ᠤᠨ ᠤ ᠤᠷᠴᠢᠭᠤᠯᠭ᠎ᠠ ᠶᠢᠨ ᠱᠠᠩᠨᠠᠯ ᠢ ᠭᠦᠷᠲᠡᠪᠡ᠃ | ᠦᠪᠦᠷ ᠮᠤᠩᠭᠤᠯ ᠤᠨ ᠤᠷᠠᠨ ᠵᠤᠬᠢᠶᠠᠯ ᠤᠷᠴᠢᠭᠤᠯᠤᠭᠴᠢᠳ ᠤᠨ ᠨᠡᠶᠢᠬᠡᠮᠯᠢᠭ ᠤᠨ ᠳᠡᠳ᠋ ᠲᠡᠷᠢᠭᠦᠯᠡᠭᠴᠢ᠂ | ᠦᠪᠦᠷ ᠮᠤᠩᠭᠤᠯ ᠤᠨ ᠵᠤᠬᠢᠶᠠᠯᠴᠢᠳ ᠤᠨ ᠡᠪᠯᠡᠯ ᠤᠨ ᠵᠦᠪᠯᠡᠯ ᠤᠨ ᠬᠡᠰᠢᠬᠦᠨ᠂ ᠳᠤᠮᠳᠠᠳᠤ ᠤᠯᠤᠰ ᠤᠨ ᠮᠤᠩᠭᠤᠯ | ᠤᠳᠬ᠎ᠠ ᠵᠤᠬᠢᠶᠠᠯ ᠤᠨ ᠰᠤᠳᠤᠯᠭᠠᠨ ᠤ ᠨᠡᠶᠢᠬᠡᠮᠯᠢᠭ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠳᠡᠳ᠋ ᠨᠠᠷᠢᠨ | ᠪᠢᠴᠢᠭ ᠤᠨ ᠳᠠᠷᠤᠭ᠎ᠠ᠂ ᠳᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ᠬᠡᠰᠢᠬᠦᠨ ᠵᠡᠷᠬᠡ ᠨᠡᠶᠢᠬᠡᠮ ᠤᠨ | ᠲᠤᠰᠢᠶᠠᠯ ᠲᠠᠢ᠃ | | | | |