ᠤᠯᠤᠰ ᠲᠥᠷᠥ ᠶᠢᠨ ᠵᠥᠪᠯᠡᠯᠭᠡᠨ ᠤ ᠰᠥᠨᠢᠳ ᠵᠡᠭᠦᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/11/30
       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ  ᠬᠡᠰᠢᠬᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ  ᠶᠢ ᠳᠡᠭᠡᠭᠰᠢᠯᠡᠭᠦᠯᠬᠦ ᠶᠢᠨ ᠲᠤᠰᠠᠳᠠ 11 ᠳ᠋ᠦᠬᠡᠷ ᠰᠠᠷ᠎ᠠ ᠶᠢᠨ 10 ᠤ ᠡᠳᠦᠷ᠂ ᠬᠤᠰᠢᠭᠤ ᠤᠯᠤᠰ ᠲᠦᠷᠦ ᠶᠢᠨ ᠵᠥᠪᠯᠡᠯᠭᠡᠨ ᠠᠴᠠ 2023 ᠣᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ  ᠡᠷᠬᠢᠯᠡᠪᠡ᠃        ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠲᠡᠯᠡᠶ ᠪᠣᠯᠪᠠᠰᠤᠷᠠᠯ  ᠡᠷᠭᠢᠯᠡᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠬᠦᠨ᠂ ᠤᠯᠤᠰ ᠲᠥᠷᠥ ᠶᠢᠨ ᠵᠥᠪᠯᠡᠯᠭᠡᠨ ᠤ  ᠬᠡᠰᠢᠬᠦᠳ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠠᠵᠢᠯᠲᠠᠨ ᠪᠣᠯᠪᠠᠰᠤᠷᠠᠯ ᠳᠤ ᠣᠷᠣᠯᠴᠠᠵᠠᠶ᠃        ᠪᠤᠯᠪᠠᠰᠤᠷᠠᠯ ᠳᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠡᠷᠬᠢᠯᠡᠭᠴᠢ ᠵᠢᠶ ᠱᠦ ᠭᠠᠩ冀书刚 ᠂ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠵᠢᠨ‌ᠦᠨᠳᠦᠰᠦᠲᠡᠨ ᠤ ᠬᠠᠮᠲᠤ ᠵᠢᠨ‌‍ᠴᠣᠭᠴᠠ ᠶᠢᠨ ᠤᠬᠠᠮᠰᠠᠷ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠮᠢ ᠡᠯ ᠸᠧᠨ 米尔文 ᠶᠢ ᠤᠷᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠪᠣᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠲᠤᠬᠠᠢ ᠰᠠᠨᠠᠯ ᠶᠢ ᠬᠡᠷᠬᠢᠨ ᠰᠠᠶᠢᠲᠤᠷ ᠪᠢᠴᠢᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠬᠠᠪᠰᠤᠷᠤᠨ  ᠤᠯᠤᠰ ᠲᠦᠷᠦ ᠪᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠨᠢ ᠨᠡᠩ ᠰᠠᠶᠢᠨ ᠬᠠᠪᠰᠤᠷᠤᠯᠴᠠᠭ᠎ᠠ ᠬᠦᠮᠦᠵᠢᠯ ᠬᠦᠷᠳᠡᠬᠡᠭᠰᠡᠨ ᠪᠠᠶᠢᠨ᠎ᠠ᠃        ᠪᠤᠯᠪᠠᠰᠤᠷᠠᠯ ᠳᠤ ᠤᠷᠤᠯᠴᠠᠭᠰᠠᠳ ᠠᠴᠠ ᠲᠤᠰ ᠪᠤᠯᠪᠠᠰᠤᠷᠠᠯ ᠨᠢ ᠤᠯᠤᠰ ᠲᠥᠷᠥ ᠶᠢᠨ ᠵᠥᠪᠯᠡᠯᠭᠡᠨ ᠤ  ᠬᠡᠰᠢᠬᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠨᠠᠩ ᠲᠣᠳᠣᠷᠬᠠᠶ ᠴᠢᠭᠯᠡᠯ  ᠵᠢᠭᠠᠵᠦ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠨ᠂ ᠰᠣᠷᠣᠭᠰᠠᠨ᠂ ᠪᠤᠳᠤᠭᠰᠠᠨ᠂ ᠤᠯᠤᠯᠳᠠ ᠪᠠᠨ ᠡᠳᠦᠷ ᠲᠤᠲᠤᠮ ᠤᠨ ᠡᠭᠦᠷᠭᠡ ᠲᠤᠰᠢᠶᠠᠯ ᠢᠶᠠᠨ ᠬᠦᠢᠴᠡᠳᠬᠡᠬᠦ ᠦᠢᠯᠡᠳᠦᠯᠬᠡ ᠳᠤᠮᠳᠠ ᠪᠠᠨ ᠨᠠᠶᠢᠳᠠᠪᠤᠷᠢᠵᠢᠭᠤᠯᠵᠦ᠂ ᠤᠯᠤᠰ ᠲᠦᠷᠦ ᠶᠢᠨ ᠵᠦᠪᠯᠡᠯᠬᠡᠨ ᠤ ᠭᠡᠰᠢᠭᠦᠳ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠤᠨ᠎ᠠ ᠬᠡᠵᠦ ᠢᠯᠡᠳᠬᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号