ᠸᠠᠩ ᠶᠦᠩ ᠵᠢᠶᠦ᠋ᠨ ︽ᠳᠥᠷᠪᠡᠨ ᠥᠬᠡᠶ ᠬᠤᠶᠠᠷ  ᠰᠢᠭᠤᠳ︾ ᠬᠡᠯᠪᠡᠷᠢ ᠪᠠᠷ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠵᠢᠯ ᠢ ᠱᠠᠯᠠᠪᠳᠠᠨ ᠵᠢᠯᠣᠭᠤᠳᠪᠠ
ᠨᠡᠶᠢᠲᠡᠯᠡᠭᠰᠡᠨ ᠴᠠᠭ᠄
2023/11/30
        11 ᠳ᠋ᠤᠬᠡᠷ ᠰᠠᠷ᠎ᠠ ᠶᠢᠨ 23 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ  ᠮᠠᠨᠳᠠᠯᠳᠦ ᠪᠠᠯᠭᠠᠰᠤᠨ ᠤ  ᠤᠯᠠᠭᠠᠠᠬᠡᠷᠡᠯ  ᠭᠠᠴᠠᠭᠠᠨ‌‍ᠳᠤ ᠭᠦᠨᠵᠡᠭᠡᠶᠢᠷᠡᠵᠦ᠂ ︽ᠳᠥᠷᠪᠡᠨ  ᠦᠬᠡᠢ  ᠬᠤᠶᠠᠷ  ᠰᠢᠭᠤᠳ︾ ᠬᠡᠯᠪᠡᠷᠢ ᠪᠠᠷ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠲᠠᠢ  ᠪᠦᠲᠦᠮᠵᠢᠲᠡᠶ ᠵᠣᠯᠭᠠᠭᠤᠯᠬᠤ ᠠᠵᠢᠯ ᠢ  ᠱᠠᠯᠠᠪᠳᠠᠨ ᠵᠢᠯᠣᠭᠤᠳᠪᠠ᠃         ᠸᠠᠩ ᠶᠦᠩ ᠵᠢᠶᠦ᠋ᠨ ᠮᠠᠯᠴᠢᠨ ᠡᠷᠦᠬᠡ ᠲᠠᠢ ᠲᠤᠳᠤᠨᠤᠰᠤᠭ ᠢᠶᠠᠷ ᠶᠠᠷᠢᠯᠴᠠᠭ᠎ᠠ ᠦᠷᠨᠢᠬᠦᠯᠵᠦ᠂ ᠠᠵᠤ ᠠᠬᠤᠢ ᠶᠢᠨ ᠣᠷᠣᠯᠭ᠎ᠠ᠂ ᠣᠷᠣᠨ ᠰᠠᠭᠤᠴᠠ᠂ ᠡᠮ ᠡᠮᠨᠡᠯᠭᠡ ᠶᠢᠨ ᠲᠠᠭᠠᠳᠬᠠᠯ᠂ ᠰᠤᠷᠭᠠᠨ ᠬᠥᠮᠦᠵᠢᠯ᠂ ᠤᠰᠤ ᠤᠮᠳᠠ᠂ ᠵᠣᠷᠯᠣᠩ ᠤᠨ ᠥᠭᠡᠷᠡᠴᠢᠯᠡᠯᠲᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠨᠠᠷᠢᠨ ᠣᠶᠢᠯᠠᠭᠠᠪᠠ᠃         ᠸᠠᠩ ᠶᠦᠩ ᠵᠢᠶᠦ᠋ᠨ   ᠠᠴᠠ ᠣᠳᠣᠬᠠᠨ  ᠶᠠᠭ ᠵᠢᠯ ᠤᠨ ᠡᠴᠦᠰ  ᠪᠤᠯᠬᠤᠷ᠂ ᠶᠠᠳᠠᠭᠤ ᠠᠴᠠ ᠠᠩᠬᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠡᠵᠡᠮᠳᠡᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ  ᠨᠠᠷᠢᠨ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠶ  ᠬᠦᠢᠴᠡᠳᠬᠡᠨ᠂  ᠬᠠᠪᠰᠤᠷᠤᠨ ᠲᠡᠳᠬᠦᠬᠦ ᠪᠠ ᠬᠥᠳᠡᠯᠦᠩᠭᠦᠶ ᠪᠠᠷ ᠬᠢᠨᠠᠨ ᠬᠡᠮᠵᠢᠬᠦ ᠠᠵᠢᠯ ᠢ ᠦᠨᠡᠨᠬᠦ ᠨᠠᠷᠢᠨ ᠪᠣᠳᠠᠲᠠᠶ ᠬᠢᠵᠦ᠂ ᠭᠤᠤᠯ ᠰᠡᠳᠦᠪᠲᠦ ᠬᠥᠮᠦᠵᠢᠯ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠤᠳᠤᠷᠢᠳᠬᠤ ᠺᠠᠳ᠋ᠷᠴᠤᠳ ᠤᠨ ᠭᠠᠴᠠᠭ᠎ᠠ ᠮᠠᠯᠴᠢᠨ ᠡᠷᠦᠬᠡ ᠳᠤ  ᠬᠦᠨᠵᠡᠬᠡᠶᠢᠷᠡᠬᠦ ᠶᠢ ᠭᠦᠨᠵᠡᠭᠡᠶ ᠳᠥᠯᠭᠢᠨ ᠠᠬᠢᠭᠤᠯᠵᠤ᠂ ᠣᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ︾ ᠲᠠᠢ  ᠤᠴᠢᠷ ᠶᠠᠪᠤᠳᠠᠯ ᠢ  ᠰᠡᠢᠳᠪᠦᠷᠢᠯᠡᠨ ᠦᠭᠴᠦ᠂ ᠪᠣᠳᠠᠲᠤ ᠠᠮᠵᠢᠯᠲᠠ ᠪᠦᠲᠦᠮᠵᠢ ᠪᠠᠷ ᠢᠶᠠᠨ ᠣᠯᠠᠨ ᠲᠦᠮᠡᠨ ᠤ ᠢᠲᠡᠭᠡᠯ ᠢ ᠤᠯᠬᠤ ᠬᠡᠷᠡᠭᠲᠡᠶ᠃ ᠡᠭᠦᠨ ᠤ ᠬᠠᠮᠲᠤ᠂ ᠠᠵᠤ ᠦᠢᠯᠡᠰ ᠢ ᠬᠥᠭᠵᠢᠭᠦᠯᠬᠦ ᠡᠨᠡ ᠬᠦ ᠵᠠᠩᠭᠢᠯᠠᠭ᠎ᠠ ᠶᠢ ᠰᠠᠶᠢᠲᠤᠷ ᠠᠳᠬᠤᠵᠤ᠂ ᠮᠠᠯ ᠠᠵᠤ ᠠᠬᠤᠶ ᠶᠢᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ  ᠰᠢᠯᠢᠳᠡᠭᠵᠢᠬᠦᠯᠦᠨ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠠᠵᠤ ᠠᠬᠤᠶ ᠶᠢᠨ ᠦᠷ᠎ᠡ ᠠᠰᠢᠭ ᠢ ᠨᠢ ᠳᠡᠭᠡᠭᠰᠢᠯᠡᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠶ ᠬᠡᠪᠡ  ᠃         ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ  ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠬᠥᠩ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号