| 11 ᠳ᠋ᠦᠬᠡᠷ ᠰᠠᠷ᠎ᠠ ᠶᠢᠨ 29 ᠤ ᠡᠳᠦᠷ᠂ ᠰᠥᠨᠢᠳ ᠵᠡᠭᠦᠨ ᠬᠤᠰᠢᠭᠤᠨ ᠤ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ | ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠦ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ | ᠬᠤᠩ ᠶᠠᠨ ᠬᠤᠷᠠᠯ ᠢ ᠡᠷᠭᠢᠯᠡᠪᠡ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠲᠡᠯᠡᠶ ᠤᠷᠢᠯᠭ᠎ᠠ ᠪᠠᠷ ᠬᠤᠷᠠᠯ ᠳᠤ | ᠣᠷᠣᠯᠴᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠳ᠋ᠢ᠂ ᠬᠤᠰᠢᠭᠤ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ | ᠬᠤᠤ ᠱᠢ ᠵᠢᠶᠧ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠶ ᠶᠢᠨ ᠵᠥᠪᠯᠡᠯ ᠤᠨ ᠭᠡᠰᠢᠭᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠯ᠎ᠡ ᠵᠥᠪᠯᠡᠯ ᠤᠨ ᠠᠯᠪᠠᠨ ᠬᠡᠷ ᠤᠨ ᠬᠠᠷᠢᠭᠤᠴᠠᠯᠭᠠᠲᠠᠨ ᠵᠢᠴᠢ ᠬᠡᠰᠡᠭ ᠬᠤᠰᠢᠭᠤ | ᠲᠠᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | | ᠬᠤᠷᠠᠯ ᠳᠤ ᠣᠷᠣᠯᠴᠠᠬᠤ ᠵᠤᠬᠢᠰᠳᠠᠢ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 26 ᠬᠥᠮᠦᠨ ᠪᠠᠶᠢᠵᠦ᠂ | 16 ᠬᠦᠮᠦᠨ ᠪᠣᠳᠠᠲᠠᠶ ᠤᠷᠤᠯᠴᠠᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭᠠᠨ ᠤ ᠬᠠᠷᠢᠴᠠᠯ ᠳᠤ | ᠨᠡᠶᠢᠴᠡᠭᠰᠡᠨᠪᠠᠶᠢᠨᠠ᠃ | ᠬᠤᠷᠠᠯ ᠠᠴᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠠᠷᠠᠳ ᠤᠨ ᠵᠠᠰᠠᠭ ᠤᠨ ᠣᠷᠳᠣᠨ᠂ ᠠᠷᠠᠳ ᠤᠨ ᠰᠢᠭᠦᠬᠦ ᠬᠤᠷᠢᠶ᠎ᠠ ᠵᠢᠴᠢ ᠠᠷᠠᠳ ᠤᠨ ᠪᠠᠶᠢᠴᠠᠭᠠᠬᠤ ᠬᠤᠷᠢᠶᠠᠨ ᠤ | ᠡᠯ᠎ᠡ ᠵᠦᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠦᠪᠯᠡᠵᠦ᠂ ᠬᠤᠰᠢᠭᠤ ᠠᠷᠠᠳ ᠤᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠳᠡᠪᠰᠢᠭᠦᠯᠦᠭᠰᠡᠨ ᠠᠵᠢᠯᠲᠠᠨ ᠢ ᠲᠤᠰᠢᠶᠠᠯ ᠳᠤ ᠲᠤᠮᠢᠯᠠᠵᠦ | ᠪᠠᠭᠤᠯᠭᠠᠬᠤ ᠬᠡᠷᠡᠭ ᠶᠠᠪᠤᠳᠠᠯ ᠢ ᠪᠠᠳᠤᠯᠠᠪᠠ᠃ | ᠬᠤᠷᠠᠯ ᠳᠤ᠂ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷ ᠲᠤᠰᠢᠶᠠᠯ ᠳᠤ ᠭᠠᠷᠬᠤ ᠮᠡᠳᠡᠭᠦᠯᠦᠯᠲᠡ | ᠬᠢᠵᠦ᠂ ᠰᠢᠨ᠎ᠡ ᠪᠠᠷ ᠲᠤᠰᠢᠶᠠᠯ ᠳᠤ ᠲᠤᠮᠢᠯᠠᠭᠳᠠᠭᠰᠠᠨ ᠨᠥᠬᠦᠳ ᠲᠤ ᠲᠤᠰᠢᠶᠠᠯ ᠳᠤ ᠲᠣᠮᠢᠯᠠᠬᠤ ᠪᠢᠴᠢᠭ | ᠭᠠᠷᠳᠠᠭᠤᠯᠵᠦ᠂ ᠲᠤᠰᠢᠶᠠᠯ ᠳᠤ ᠲᠣᠮᠢᠯᠠᠭᠳᠠᠭᠰᠠᠨ ᠨᠥᠬᠦᠳ ︽ᠦᠨᠳᠦᠰᠦᠨ ᠬᠠᠤᠯᠢ︾ ᠳᠤ ᠲᠠᠩᠭᠠᠷᠢᠭᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠄ ᠬᠤᠰᠢᠭᠤ ᠠᠷᠠᠳ ᠤᠨ ᠵᠠᠰᠠᠭ ᠤᠨ ᠣᠷᠳᠣᠨ ᠵᠢᠴᠢ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ | ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠠᠷᠢᠯᠴᠠᠵᠦ | ᠵᠣᠬᠢᠴᠠᠭᠤᠯᠬᠤ ᠪᠠᠨ ᠴᠢᠩᠭᠠᠳᠬᠠᠨ᠂ ᠬᠢᠨᠠᠨ ᠪᠠᠶᠢᠴᠠᠭᠠᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠢ ᠮᠠᠨ ᠤ ᠬᠤᠰᠢᠭᠤᠨ ᠳᠤ ᠵᠥᠪ ᠣᠨᠣᠪᠴᠢᠲᠠᠶ ᠲᠤᠤᠱᠯᠠᠭᠤᠯᠤᠨ | ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠶ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠪᠠᠬᠢᠵᠢᠭᠦᠯᠬᠦ᠂ ᠣᠯᠠᠨ ᠲᠠᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠪᠠᠶᠢᠭᠤᠯᠤᠮᠵᠢ ᠶᠢ ᠪᠠᠶᠢᠭᠤᠯᠬᠤ᠂ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ ᠡᠮ ᠡᠮᠨᠡᠯᠭᠡ ᠶᠢᠨ | ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠪᠥᠬᠦ | ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠡᠯ᠎ᠡ ᠵᠤᠶᠢᠯ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ ᠬᠡᠪᠡ᠃ | ᠬᠤᠷᠠᠯ ᠠᠴᠠ ᠱᠠᠭᠠᠷᠳᠠᠭᠰᠠᠨ ᠨᠢ ᠄ ᠬᠤᠰᠢᠭᠤ ᠠᠷᠠᠳ ᠤᠨ ᠰᠢᠭᠦᠬᠦ ᠬᠤᠷᠢᠶ᠎ᠠ ᠪᠣᠯᠤᠨ ᠪᠠᠶᠢᠴᠠᠭᠠᠬᠤ | ᠬᠤᠷᠢᠶ᠎ᠠ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠠᠷᠠᠳ ᠤᠨ | ᠲᠥᠯᠥᠭᠡ ᠬᠠᠤᠯᠢ ᠬᠡᠷᠡᠭᠵᠢᠬᠦᠯᠬᠦ᠂ ᠲᠥᠪ ᠭᠤᠤᠯᠴᠢ ᠪᠠᠷ ᠬᠠᠤᠯᠢ ᠬᠡᠷᠡᠭᠵᠢᠬᠦᠯᠬᠦ ᠠᠵᠢᠯ ᠤᠨ ᠭᠤᠤᠯ ᠱᠤᠭᠤᠮ ᠢ | ᠪᠠᠲᠤ ᠡᠵᠡᠮᠰᠢᠨ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢᠶᠠᠨ ᠦᠨᠡᠨᠬᠦ ᠬᠤᠪᠢᠷᠠᠭᠤᠯᠵᠤ᠂ ᠠᠵᠢᠯ ᠤᠨ | ᠲᠣᠭᠲᠠᠴᠠ ᠶᠢᠨ ᠰᠢᠨ᠎ᠡ ᠶᠢ ᠡᠭᠦᠳᠴᠦ᠂ ᠰᠠᠶᠢᠨ ᠰᠠᠶᠢᠬᠠᠨ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠣᠶ | ᠪᠣᠯᠭᠠᠵᠤ᠂ ᠴᠢᠨᠠᠷ ᠴᠢᠨᠰᠠᠭ᠎ᠠ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠪᠠᠨ ᠤᠯᠠᠮ ᠨᠢᠭᠡ ᠠᠯᠬᠤᠮ | ᠴᠢᠩᠭᠠᠳᠬᠠᠨ᠂ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠬᠡᠪᠡ ᠃ |