ᠴᠤᠭᠪᠤᠶᠠᠨ ᠵᠤᠭᠢᠶᠠᠭᠴᠢ ᠶᠢᠨ ᠲᠠᠨᠢᠯᠴᠠᠭᠤᠯᠭ᠎ᠠ᠄ ᠴᠤᠭᠪᠤᠶᠠᠨ ︵ᠠᠨᠢᠷᠴᠢ︶᠂ ᠦᠪᠦᠷ ᠮᠤᠩᠭᠤᠯ ᠤᠨ | ᠠᠯᠠᠱᠠ ᠪᠠᠷᠠᠭᠤᠨ ᠬᠤᠰᠢᠭᠤᠨ ᠤ ᠨᠠᠮ ᠤᠨ ᠰᠤᠷᠭᠠᠭᠤᠯᠢ ᠶᠢᠨ ᠲᠡᠳ᠋ ᠫᠷᠤᠹᠧᠰᠰᠤᠷ᠂ ᠤᠷᠤᠨ ᠤ ᠲᠡᠰ ᠤᠨ | ᠪᠤᠳᠠᠰ ᠤᠨ ᠪᠤᠰᠤ ᠰᠤᠶᠤᠯ ᠤᠨ ᠦᠪ — ᠱᠠᠭ᠎ᠠ ᠶᠢᠨ ᠰᠤᠶᠤᠯ ᠤᠨ ᠦᠪᠯᠡᠨ ᠤᠯᠠᠮᠵᠢᠯᠠᠭᠴᠢ᠂ ᠦᠪᠦᠷ | ᠮᠤᠩᠭᠤᠯ ᠤᠨ ᠵᠠᠩ ᠠᠭᠠᠯᠢ ᠶᠢᠨ ᠨᠡᠶᠢᠭᠡᠮᠯᠢᠭ ᠤᠨ ᠪᠠᠶᠢᠩᠭᠤ ᠶᠢᠨ ᠬᠡᠷᠡᠭ ᠮᠡᠳᠡᠭᠴᠢ᠂ ᠠᠯᠠᠱᠠ ᠠᠶᠢᠮᠠᠭ ᠤᠨ | ᠣᠯᠣᠰ ᠲᠦᠷᠦ ᠶᠢᠨ ᠵᠦᠪᠯᠡᠯᠭᠡᠨ ᠤ ᠤᠨᠴᠠ ᠤᠷᠢᠭᠰᠠᠨ ᠬᠡᠰᠢᠬᠦᠨ᠂ ᠠᠯᠠᠱᠠ ᠪᠠᠷᠠᠭᠤᠨ ᠬᠤᠰᠢᠭᠤᠨ ᠤ ᠱᠠᠭ᠎ᠠ ᠶᠢᠨ | ᠰᠤᠶᠤᠯ ᠤᠨ ᠨᠡᠶᠢᠭᠡᠮᠯᠢᠭ ᠤᠨ ᠲᠠᠷᠤᠭ᠎ᠠ ᠵᠡᠷᠭᠡ ᠡᠭᠦᠷᠭᠡ ᠬᠠᠷᠢᠭᠤᠴᠠᠯᠭ᠎ᠠ ᠲᠠᠢ᠃ 1962 ᠤᠨ ᠳᠤ ᠠᠯᠠᠱᠠ | ᠪᠠᠷᠠᠭᠤᠨ ᠬᠤᠰᠢᠭᠤᠨ ᠤ ᠤᠤᠯ ᠤᠨ ᠲᠠᠩᠰᠤᠭᠪᠤᠯᠠᠭ ᠮᠠᠯᠵᠢᠬᠤ ᠲᠠᠯᠠᠪᠠᠢ ᠶᠢᠨ ᠡᠯᠲᠡᠮᠵᠢ ᠶᠢᠨ ᠭᠤᠤᠯ ᠭᠡᠮᠡᠭᠦ | ᠨᠤᠲᠤᠭ ᠲᠤ ᠲᠦᠷᠦᠵᠡᠢ᠃ 1983 ᠤᠨ ᠳᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ | ᠬᠠᠷᠢᠶᠠᠲᠤ ᠳᠤᠮᠳᠠᠳᠤ ᠰᠤᠷᠭᠠᠭᠤᠯᠢ ᠠᠴᠠ ᠲᠡᠭᠦᠰᠴᠤ᠂ 1987 ᠤᠨ ᠳᠤ᠂ ᠦᠪᠦᠷ ᠮᠤᠩᠭᠤᠯ ᠤᠨ ᠪᠠᠭᠰᠢ ᠶᠢᠨ | ᠶᠡᠭᠡ ᠰᠤᠷᠭᠠᠭᠤᠯᠢ ᠶᠢᠨ ᠤᠯᠤᠰ ᠳᠦᠷᠦ ᠰᠤᠷᠭᠠᠨ ᠬᠦᠮᠦᠵᠢᠯ ᠤᠨ ᠰᠠᠯᠪᠤᠷᠢ ᠶᠢᠨ ᠪᠦᠷᠢᠨ ᠮᠡᠷᠭᠡᠵᠢᠯ ᠤᠨ | ᠠᠩᠭᠢ ᠠᠴᠠ ᠭᠦᠨ ᠤᠬᠠᠭᠠᠨ ᠤ ᠡᠷᠲᠡᠮ ᠤᠨ ᠴᠤᠯᠠ ᠬᠠᠮᠠᠭᠠᠯᠠᠨ ᠲᠡᠭᠦᠰᠴᠦ᠂ ᠠᠯᠠᠱᠠ ᠠᠶᠢᠮᠠᠭ ᠤᠨ ᠪᠠᠭᠰᠢ ᠶᠢᠨ | ᠰᠤᠷᠭᠠᠭᠤᠯᠢ ᠳᠤ ᠠᠵᠢᠯ ᠤᠨ ᠬᠤᠪᠢᠶᠠᠷᠢ ᠠᠪᠴᠦ ᠪᠠᠭᠰᠢᠯᠠᠵᠡᠢ᠃ 1989 ᠤᠨ ᠠᠴᠠ ᠡᠭᠢᠯᠡᠨ ᠠᠯᠠᠱᠠ ᠪᠠᠷᠠᠭᠤᠨ | ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠲᠡᠳ᠋ ᠳᠠᠷᠤᠭ᠎ᠠ᠂ ᠨᠠᠮ ᠤᠨ ᠬᠤᠷᠢᠶᠠᠨ ᠤ ᠠᠯᠪᠠᠨ | ᠭᠡᠷ ᠤᠨ ᠲᠡᠳ᠋ ᠡᠷᠭᠢᠯᠡᠭᠴᠢ᠂ ᠰᠤᠷᠭᠠᠨ ᠬᠦᠮᠦᠵᠢᠯ ᠪᠡᠶ᠎ᠡ ᠲᠡᠮᠢᠷ ᠤᠨ ᠲᠤᠪᠴᠢᠶ᠎ᠠ ᠶᠢᠨ ᠲᠡᠳ᠋ ᠳᠠᠷᠤᠭ᠎ᠠ᠂ ᠮᠤᠩᠭᠤᠯ | ᠲᠤᠮᠳᠠᠳᠤ ᠰᠤᠷᠭᠠᠭᠤᠯᠢ ᠶᠢᠨ ᠵᠠᠭᠢᠷᠤᠯ᠂ ᠨᠠᠮ ᠤᠨ ᠰᠤᠷᠭᠠᠭᠤᠯᠢ ᠶᠢᠨ ᠱᠦᠵᠢ ᠵᠡᠷᠭᠡ ᠡᠭᠦᠷᠭᠡ ᠲᠤᠰᠢᠶᠠᠯ ᠢ ᠤᠷᠢᠳ | ᠬᠤᠵᠢᠳ ᠬᠠᠷᠢᠭᠤᠴᠠᠵᠡᠢ᠃ ᠮᠥᠨ ᠲᠦᠪ ᠤᠨ ᠨᠠᠮ ᠤᠨ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ | ᠦᠪᠦᠷ ᠮᠤᠩᠭᠤᠯ ᠤᠨ ᠨᠠᠮ ᠤᠨ ᠰᠤᠷᠭᠠᠭᠤᠯᠢ᠂ ᠭᠠᠨᠰᠤ ᠮᠤᠵᠢ ᠶᠢᠨ ᠨᠠᠮ ᠤᠨ ᠰᠤᠷᠭᠠᠭᠤᠯᠢ ᠵᠡᠷᠭᠡ ᠳᠤ ᠰᠤᠷᠤᠯᠴᠠᠨ | ᠮᠡᠷᠭᠡᠵᠢᠯ ᠲᠡᠭᠡᠭᠰᠢᠯᠡᠭᠦᠯᠵᠡᠢ᠃ 40 ᠭᠠᠷᠤᠢ ᠡᠷᠳᠡᠮ ᠰᠢᠨᠵᠢᠯᠡᠭᠡᠨ ᠤ ᠦᠬᠦᠯᠡᠯ ᠢᠶᠠᠨ ᠤᠯᠤᠰ᠂ ᠣᠷᠣᠨ ᠪᠤᠯᠤᠨ | ᠠᠶᠢᠮᠠᠭ ᠤᠨ ᠰᠤᠨᠢᠨ ᠰᠡᠳᠬᠦᠯ ᠵᠢᠴᠢ ᠰᠤᠳᠤᠷ ᠪᠢᠴᠢᠭ ᠲᠤ ᠨᠡᠶᠢᠳᠡᠯᠡᠬᠦᠯᠵᠦ ᠵᠠᠷᠢᠮ ᠨᠢ ᠱᠠᠩᠨᠠᠯ ᠲᠤᠰᠴᠡᠢ᠃ | ︽ᠨᠤᠮ ᠤᠨ ᠦᠬᠡ︾᠂ ︽ᠭᠤᠪᠢ ᠶᠢᠨ ᠲᠡᠭᠷᠢ ᠮᠠᠭᠤᠬᠠᠶᠢᠷᠠᠯᠠ︾᠂ ︽ᠡᠵᠢ ᠶᠢᠨ ᠲᠤᠷᠠᠳᠬᠠᠯ︾᠂ | ︽ᠮᠦᠷ ᠲᠠᠮᠠᠭ᠎ᠠ ᠲᠠᠢ ᠭᠤᠪᠢ︾ ᠵᠡᠷᠭᠡ ᠰᠢᠯᠦᠭ᠂ ᠦᠬᠦᠯᠡᠯᠭᠡ ᠨᠠᠶᠢᠷᠠᠭᠤᠯᠤᠯ ᠤᠨ ᠪᠦᠲᠦᠭᠡᠯ ᠲᠠᠢ᠃ | ︽ᠱᠠᠭ᠎ᠠ ᠶᠢᠨ ᠰᠤᠶᠤᠯ ᠤᠷᠠᠯᠢᠭ ᠤᠨ ᠨᠤᠳᠤᠭ — ᠠᠯᠠᠱᠠ ᠪᠠᠷᠠᠭᠤᠨ ᠬᠤᠰᠢᠭᠤ︾ ︵ᠵᠢᠷᠤᠭᠲᠤ ᠲᠤᠪᠭᠢᠮᠠᠯ︶ | ᠪᠤᠯᠤᠨ ︽ᠮᠤᠩᠭᠤᠯ ᠦᠨᠲᠦᠰᠦᠲᠡᠨ ᠤ ᠱᠠᠭ᠎ᠠ ᠶᠢᠨ ᠰᠤᠶᠤᠯ ᠤᠨ ᠰᠤᠳᠤᠯᠤᠯ︾ ᠵᠡᠷᠭᠡ ᠨᠤᠮ ᠪᠢᠴᠢᠭ ᠢ | ᠨᠠᠶᠢᠷᠠᠭᠤᠯᠤᠨ ᠭᠡᠪᠯᠡᠭᠦᠯᠪᠡ᠃ 2005 ᠣᠨ ᠠᠴᠠ ᠡᠬᠢᠯᠡᠨ ᠠᠯᠠᠱᠠ ᠶᠢᠨ ᠱᠠᠭ᠎ᠠ ᠶᠢᠨ ᠰᠤᠶᠤᠯ ᠢ ᠠᠪᠤᠷᠠᠨ | ᠰᠡᠷᠭᠦᠭᠡᠭᠦ ᠠᠵᠢᠯᠯᠠᠭ᠎ᠠ ᠶᠢ ᠦᠷᠨᠢᠭᠦᠯᠵᠤ᠂ ᠠᠯᠠᠱᠠ ᠪᠠᠷᠠᠭᠤᠨ ᠬᠤᠰᠢᠭᠤᠨ ᠤ ᠮᠤᠩᠭᠤᠯ ᠦᠨᠳᠦᠰᠦᠲᠡᠨ ᠤ | ᠱᠠᠭ᠎ᠠ ᠶᠢᠨ ᠰᠤᠶᠤᠯ ᠤᠨ ᠨᠡᠶᠢᠭᠡᠮᠯᠢᠭ ᠢ ᠡᠭᠦᠰᠭᠡᠨ ᠪᠠᠶᠢᠭᠤᠯᠵᠡᠢ᠃ 2006 ᠤᠨ ᠠᠴᠠ ᠡᠭᠢᠯᠡᠨ ᠠᠯᠠᠱᠠ ᠪᠠᠷᠠᠭᠤᠨ | ᠬᠤᠰᠢᠭᠤᠨ ᠤ ᠠᠩᠬᠠᠳᠤᠭᠠᠷ ᠤᠳᠠᠭᠠᠨ ᠤ ᠱᠠᠭ᠎ᠠ ᠨᠠᠭᠠᠳᠤᠮ᠂ ᠠᠯᠠᠱᠠ ᠠᠶᠢᠮᠠᠭ ᠤᠨ ᠠᠩᠬᠠᠳᠤᠭᠠᠷ ᠤᠳᠠᠭᠠᠨ ᠤ | ᠱᠠᠭ᠎ᠠ ᠨᠠᠭᠠᠳᠤᠮ᠂ ᠠᠯᠠᠱᠠ ᠠᠶᠢᠮᠠᠭ ᠤᠨ ᠠᠩᠬᠠᠳᠤᠭᠠᠷ ᠤᠳᠠᠭᠠᠨ ᠤ ᠮᠢᠩᠭᠠᠨ ᠭᠦᠮᠦᠨ ᠤ ᠱᠠᠭ᠎ᠠ ᠶᠢᠨ ᠰᠤᠶᠤᠯ | ᠤᠷᠠᠯᠢᠭ ᠤᠨ ᠨᠠᠶᠢᠷ᠂ ᠨᠠᠢᠮᠠᠨ ᠮᠤᠵᠢ ᠤᠷᠤᠨ ᠤ ᠠᠩᠬᠠᠳᠤᠭᠠᠷ ᠤᠳᠠᠭᠠᠨ ᠤ ︽ᠡᠷᠡᠭᠡᠢ ᠮᠡᠷᠭᠡᠨ︾ ᠱᠠᠭ᠎ᠠ ᠨᠠᠭᠠᠳᠤᠮ | ᠵᠢᠴᠢ ᠱᠠᠭ᠎ᠠ ᠶᠢᠨ ᠰᠤᠶᠤᠯ ᠤᠨ ᠡᠷᠲᠡᠮ ᠰᠢᠨᠵᠢᠯᠡᠭᠡᠨ ᠤ ᠰᠤᠳᠤᠯᠭᠠᠨ ᠤ ᠬᠤᠷᠠᠯ᠂ ᠱᠠᠭ᠎ᠠ ᠶᠢᠨ ᠰᠤᠶᠤᠯ ᠤᠨ ᠤᠯᠠᠨ | ᠤᠯᠤᠰ ᠤᠨ ᠡᠷᠲᠡᠮ ᠰᠢᠨᠵᠢᠯᠡᠭᠡᠨ ᠤ ᠰᠤᠳᠤᠯᠭᠠᠨ ᠤ ᠬᠤᠷᠠᠯ ᠵᠡᠷᠭᠡ ᠶᠢ ᠰᠠᠨᠠᠭᠠᠴᠢᠯᠠᠨ ᠡᠭᠦᠰᠭᠡᠨ ᠵᠤᠭᠢᠶᠠᠨ | ᠪᠠᠶᠢᠭᠤᠯᠪᠠ᠃ 2015 ᠤᠨ ᠳᠤ᠂ ᠱᠧᠨᠵᠢᠡ ᠶᠡᠭᠡ ᠰᠤᠷᠭᠠᠭᠤᠯᠢ ᠲᠠᠢ ᠬᠠᠮᠳᠤᠷᠠᠨ ᠱᠠᠭ᠎ᠠ ᠲᠤᠭᠯᠠᠭᠠᠮ ᠢ | ︽ᠲᠤᠮᠳᠠᠳᠤ ᠤᠯᠤᠰ ᠤᠨ ᠲᠠᠮᠢᠷ ᠤᠨ ᠪᠤᠳᠠᠰ ᠤᠨ ᠪᠤᠰᠤ ᠰᠤᠶᠤᠯ ᠤᠨ ᠬᠠᠮᠠᠭᠠᠯᠠᠯᠳᠠ ᠶᠢᠨ ᠦᠪ ᠤᠨ ᠡᠭᠢ | ᠰᠤᠷᠪᠤᠯᠵᠢ ᠶᠢᠨ ᠳ᠋ᠠᠶᠢᠲ᠋ᠠ ᠭᠦᠮᠦᠷᠭᠡ︾ ᠳᠤ ᠤᠷᠤᠭᠤᠯᠬᠤ ᠰᠤᠳᠤᠯᠭᠠᠨ ᠤ ᠰᠡᠳᠦᠪ ᠢ ᠪᠡᠶᠡᠯᠡᠭᠦᠯᠪᠡ᠃ ᠦᠢᠷ᠎ᠡ ᠶᠢᠨ | ᠵᠢᠯ ᠠᠴᠠ ᠲᠤᠪᠰᠢᠭᠤᠷ᠂ ᠵᠠᠩᠭᠠᠷ᠂ ᠶᠠᠲᠤᠭ᠎ᠠ ᠵᠡᠷᠭᠡ ᠮᠤᠩᠭᠤᠯ ᠦᠨᠲᠦᠰᠦᠲᠡᠨ ᠤ ᠢᠵᠠᠭᠤᠷ ᠰᠤᠶᠤᠯ ᠤᠷᠠᠯᠢᠭ ᠢ | ᠰᠡᠷᠭᠦᠭᠡᠨ ᠤᠯᠠᠮᠵᠢᠯᠠᠬᠤ ᠠᠵᠢᠯ ᠢ ᠭᠠᠷᠳᠠᠨ ᠭᠢᠵᠡᠢ᠃ ᠶᠠᠮᠠᠷᠪᠠ ᠦᠨᠲᠦᠰᠦᠲᠡᠨ ᠶᠠᠰᠤᠳᠠᠨ ᠴᠦᠮ ᠦᠷ᠎ᠡ | ᠬᠤᠶᠢᠴᠢᠰ ᠢᠶᠠᠨ ᠦᠰᠭᠡᠨ ᠭᠦᠮᠦᠵᠢᠭᠦᠯᠵᠦ ᠤᠳᠤᠮ ᠤᠭᠰᠠᠭ᠎ᠠ ᠵᠠᠯᠭᠠᠮᠵᠢᠯᠠᠵᠤ ᠤᠷᠤᠰᠢᠨ ᠠᠮᠢᠲᠤᠷᠠᠳᠠᠭ ᠨᠢ | ᠲᠦᠭᠡᠮᠡᠯ ᠵᠢᠮ᠎ᠡ ᠶᠤᠰᠤ ᠶᠤᠮ᠃ ᠭᠡᠭᠦ ᠳᠡᠭᠡᠨ ᠦᠷ᠎ᠡ ᠬᠤᠶᠢᠴᠢᠰ ᠢᠶᠠᠨ ᠭᠦᠮᠦᠵᠢᠭᠦᠯᠵᠦ ᠰᠤᠷᠭᠠᠬᠤ ᠠᠷᠭ᠎ᠠ ᠪᠠᠷᠢᠯ᠂ | ᠰᠦᠪᠡᠭᠴᠢ ᠰᠢᠵᠢᠮ ᠨᠢ ᠢᠯᠭᠠᠪᠤᠷᠢ ᠲᠠᠢ ᠪᠠᠶᠢᠵᠤ᠂ ᠦᠪᠡᠷ ᠦᠪᠡᠷ ᠤᠨ ᠭᠢᠨᠢ ᠤᠨᠴᠠᠯᠢᠭ ᠰᠢᠨᠵᠢ ᠲᠠᠢ | ᠪᠠᠶᠢᠳᠠᠭ ᠢᠶᠠᠷ ᠢᠶᠠᠨ ᠦᠨᠲᠦᠰᠦᠲᠡᠨ ᠨᠦᠭᠦᠳ ᠤᠨ ᠢᠯᠭᠠᠭ᠎ᠠ ᠶᠢ ᠢᠯᠡᠷᠡᠭᠦᠯᠲᠡᠭ᠃ ᠭᠡᠷ ᠤᠨ ᠭᠦᠮᠦᠵᠢᠯ ᠤᠨ ᠠᠷᠭ᠎ᠠ | ᠠᠪᠴᠠᠯ ᠨᠢ ᠨᠢᠭᠡ ᠦᠨᠲᠦᠰᠦᠲᠡᠨ ᠤ ᠤᠨᠴᠠᠯᠢᠭ ᠰᠢᠨᠵᠢ᠂ ᠭᠡᠪ ᠴᠢᠨᠠᠷ᠂ ᠶᠤᠰᠤ ᠰᠤᠷᠳᠠᠬᠤᠨ ᠵᠡᠷᠭᠡ ᠶᠢ ᠬᠠᠷᠠᠭᠤᠯᠤᠨ | ᠢᠯᠡᠳᠭᠡᠲᠡᠭ ᠪᠠᠶᠢᠨ᠎ᠠ᠃ ᠭᠡᠷ ᠤᠨ ᠭᠦᠮᠦᠵᠢᠯ ᠨᠢ ᠦᠵᠡᠯ ᠤᠬᠠᠮᠰᠠᠷ ᠤᠨ ᠴᠠᠷ᠎ᠠ ᠭᠦᠷᠢᠶ᠎ᠡ ᠳᠤ ᠬᠠᠷᠢᠶᠠᠯᠠᠭᠳᠠᠨ | ᠬᠠᠮᠤᠷᠠᠭᠳᠠᠵᠤ ᠪᠤᠰᠤᠳᠴᠢ ᠤᠷᠤᠰᠢᠬᠤᠢ ᠳᠤ ᠲᠦᠰᠢᠭᠯᠡᠨ ᠤᠶᠠᠯᠳᠤᠬᠤ ᠪᠠᠷ ᠰᠠᠭᠤᠷᠢ ᠪᠤᠯᠭᠠᠵᠤ ᠪᠤᠳᠠᠳᠤ | ᠦᠢᠯᠡᠲᠦᠯᠭᠡ ᠪᠠᠷ ᠳᠠᠮᠵᠢᠨ ᠦᠷ᠎ᠡ ᠳ᠋ᠦᠩ ᠳᠡᠭᠡᠨ ᠭᠦᠷᠲᠡᠭ᠃ ᠮᠤᠩᠭᠤᠯᠴᠤᠳ ᠡᠷᠲᠡ ᠦᠶ᠎ᠡ ᠠᠴᠠ ᠪᠠᠨ ᠠᠩ | ᠠᠩᠨᠠᠯ ᠭᠢᠭᠡᠳ ᠮᠠᠯ ᠮᠠᠯᠵᠢᠯ ᠢᠶᠠᠷ ᠰᠠᠭᠤᠷᠢᠯᠠᠵᠤ ᠦᠷ᠎ᠡ ᠬᠤᠶᠢᠴᠢᠰ ᠢᠶᠠᠨ ᠦᠰᠭᠡᠨ ᠭᠦᠮᠦᠵᠢᠭᠦᠯᠵᠦ ᠦᠶ᠎ᠡ ᠳᠠᠮᠵᠢᠨ | ᠤᠷᠤᠰᠢᠨ ᠲᠤᠭᠳᠠᠨᠢᠵᠤ᠂ ᠦᠪ ᠰᠤᠶᠤᠯ ᠢᠶᠠᠨ ᠡᠭᠦᠳᠴᠦ ᠲᠡᠤᠭᠡ ᠪᠠᠨ ᠪᠢᠴᠢᠭᠯᠡᠭᠰᠡᠭᠡᠷ ᠢᠷᠡᠵᠡᠢ᠃ | ᠮᠤᠩᠭᠤᠯᠴᠤᠳ ᠤᠨ ᠭᠡᠷ ᠤᠨ ᠭᠦᠮᠦᠵᠢᠯ ᠤᠨ ᠠᠭᠤᠯᠭ᠎ᠠ ᠨᠢ ᠮᠠᠰᠢ ᠪᠠᠶᠠᠯᠢᠭ᠂ ᠠᠷᠭ᠎ᠠ ᠭᠡᠯᠪᠡᠷᠢ ᠨᠢ ᠠᠷᠪᠢᠨ | ᠮᠦᠷᠲᠡᠭᠡᠨ ᠢᠯᠭᠠᠮᠠ ᠳᠤᠳᠤ ᠦᠪᠡᠷ ᠤᠨ ᠭᠡᠪ ᠨᠠᠮᠪᠠ ᠪᠤᠯᠤᠨ ᠤᠨᠴᠠᠯᠢᠭ ᠰᠢᠨᠵᠢ ᠲᠠᠢ ᠪᠠᠶᠢᠳᠠᠭ᠃ ᠡᠭᠦᠨ ᠳᠤ | ᠱᠠᠭ᠎ᠠ ᠨᠠᠭᠠᠳᠤᠮ ᠪᠣᠯ ᠡᠷᠲᠡ ᠤᠵᠤᠭᠤᠷ ᠠᠴᠠ ᠤᠯᠠᠮᠵᠢᠯᠠᠭᠳᠠᠭᠰᠠᠨ ᠭᠡᠷ ᠤᠨ ᠭᠦᠮᠦᠵᠢᠯ ᠤᠨ ᠴᠢᠬᠤᠯᠠ ᠨᠢᠭᠡ ᠵᠦᠢᠯ | ᠪᠤᠯᠬᠤ ᠨᠢ ᠮᠠᠷᠭᠤᠰᠢ ᠦᠭᠡᠢ ᠪᠢᠯᠡ᠃ ᠨᠢᠭᠡ᠂ ᠱᠠᠭ᠎ᠠ ᠨᠠᠭᠠᠳᠤᠮ ᠪᠣᠯ ᠢᠵᠠᠭᠤᠷ ᠠᠴᠠ ᠤᠯᠠᠮᠵᠢᠯᠠᠭᠳᠠᠰᠠᠨ ᠭᠡᠷ ᠤᠨ | ᠭᠦᠮᠦᠵᠢᠯ ᠤᠨ ᠤᠬᠠᠭᠠᠨ ᠴᠤᠬᠤᠮ ᠭᠡᠵᠢᠶ᠎ᠡ ᠠᠴᠠ ᠡᠭᠢᠯᠡᠨ ᠱᠠᠭ᠎ᠠ ᠶᠢ ᠡᠷᠭᠢᠮᠯᠡᠨ ᠲᠡᠭᠡᠲᠦᠯᠡᠭᠰᠡᠨ ᠪᠠ | ᠭᠡᠷᠡᠭᠯᠡᠭᠡᠨ ᠳᠡᠭᠡᠨ ᠤᠷᠤᠭᠤᠯᠤᠭᠰᠠᠨ ᠲᠤᠬᠠᠢ ᠲᠤᠳᠤᠷᠬᠠᠢ ᠲᠡᠮᠲᠡᠭᠯᠡᠯ ᠦᠭᠡᠢ ᠪᠤᠯᠪᠠᠴᠤ᠂ ᠬᠠᠭᠤᠴᠢ ᠰᠤᠳᠤᠯᠤᠯ ᠤᠨ | ᠲᠠᠯ᠎ᠠ ᠠᠴᠠ ᠰᠢᠨᠵᠢᠯᠡᠨ ᠭᠡᠷᠡᠴᠢᠯᠡᠭᠰᠡᠨ ᠢᠶᠠᠷ ᠪᠣᠯ ᠡᠷᠲᠡᠨ ᠤ ᠡᠾᠦ᠋ᠩᠨᠤᠴᠤᠳ ᠱᠠᠭ᠎ᠠ ᠶᠢ ᠠᠮᠢᠳᠤᠷᠠᠯ ᠤᠨ ᠪᠤᠳᠠᠳᠤ | ᠭᠡᠷᠡᠭᠯᠡᠭᠡᠨ ᠳᠡᠭᠡᠨ ᠤᠷᠤᠭᠤᠯᠵᠤ ᠪᠠᠶᠢᠭᠰᠠᠨ ᠢᠶᠠᠷ ᠦᠯᠦ ᠪᠠᠷᠠᠮ᠂ ᠶᠤᠰᠤ ᠵᠠᠩᠰᠢᠯ ᠳᠠᠭᠠᠨ ᠤᠷᠤᠭᠤᠯᠤᠨ ᠭᠡᠷᠡᠭᠯᠡᠭᠰᠡᠨ | ᠪᠠᠶᠢᠨ᠎ᠠ᠃ ᠠᠷᠭᠢᠤᠯᠤᠭᠢ ᠰᠤᠳᠤᠯᠤᠭᠠᠴᠢᠳ ᠡᠷᠲᠡᠨ ᠤ ᠡᠾᠦ᠋ᠩᠨᠤᠴᠤᠳ ᠤᠨ ᠪᠤᠯᠠᠰᠢᠨ ᠠᠴᠠ ᠤᠯᠠᠨ ᠠᠷᠪᠢᠨ | ᠪᠤᠭᠤ ᠶᠢᠨ ᠱᠠᠭ᠎ᠠ ᠤᠯᠤᠭᠰᠠᠨ ᠮᠡᠲᠡᠭᠡᠯᠡᠯ ᠪᠠᠶᠢᠳᠠᠭ᠃ 2001 ᠣᠨ ᠳᠤ ᠮᠣᠩᠭᠤᠯ ᠠᠮᠧᠷᠢᠺᠠ ᠶᠢᠨ | ᠰᠣᠳᠣᠯᠣᠭᠠᠴᠢᠳ ᠤᠨ ᠪᠦᠯᠬᠦᠮ ᠤᠨ ᠬᠢᠨ ᠮᠣᠩᠭᠤᠯ ᠤᠯᠤᠰ ᠤᠨ ᠠᠷᠤ ᠬᠠᠩᠭᠠᠢ ᠠᠶᠢᠮᠠᠭ ᠤᠨ ᠥᠨᠳᠦᠷ ᠤᠯᠠᠭᠠᠨ | ᠰᠤᠮᠤᠨ ᠤ ᠬᠠᠨᠤᠢ ᠪᠠᠭ ᠤᠨ ᠨᠤᠳᠤᠭ ᠪᠠᠯᠭᠠᠰᠤᠨ ᠲᠠᠯ᠎ᠠ ᠠᠴᠠ ᠡᠷᠳᠡᠨ ᠤ ᠾᠦᠩᠨᠦ ᠶᠢᠨ ᠢᠵᠠᠭᠤᠷᠳᠠᠨ ᠤ ᠪᠦᠯᠦᠭ | ᠪᠤᠯᠠᠰᠢ ᠶᠢ ᠢᠯᠡᠷᠡᠭᠦᠯᠦᠨ ᠨᠢᠭᠡᠨ ᠬᠡᠦᠬᠡᠳ ᠤᠨ ᠣᠷᠣᠰᠢᠭᠤᠯᠭ᠎ᠠ ᠠᠴᠠ 250 ᠭᠠᠷᠤᠢ ᠪᠤᠭᠤ ᠶᠢᠨ ᠱᠠᠭ᠎ᠠ ᠶᠢ | ᠢᠯᠡᠷᠡᠭᠦᠯᠵᠡᠢ᠃ ᠮᠤᠩᠭᠤᠯᠴᠤᠳ ᠠᠯᠢ ᠡᠷᠲᠡᠨ ᠠᠴᠠ ᠪᠠᠨ ᠮᠠᠯᠵᠢᠯ ᠤᠭᠰᠠᠭᠠᠲᠠᠨ ᠪᠠᠶᠢᠵᠤ ᠨᠡᠭᠦᠲᠡᠯ ᠠᠮᠢᠳᠤᠷᠠᠯ ᠢᠶᠠᠷ | ᠭᠤᠤᠯ ᠤᠷᠤᠰᠢᠨ ᠲᠤᠭᠲᠠᠨᠢᠯ ᠤᠨ ᠭᠡᠯᠪᠡᠷᠢ ᠪᠠᠨ ᠪᠤᠯᠭᠠᠵᠤ ᠪᠠᠶᠢᠭᠰᠠᠨ ᠲᠡᠤᠭᠡ ᠲᠠᠢ᠃ ᠪᠠᠯᠠᠷᠯᠢᠭ ᠤᠨ ᠴᠠᠭ ᠲᠤ | ᠬᠠᠮᠤᠭ ᠠᠩᠬᠠᠨ ᠳᠠᠭᠠᠨ ᠠᠩ ᠠᠩᠨᠠᠯ ᠢᠶᠠᠷ ᠭᠤᠤᠯ ᠠᠮᠢᠳᠤᠷᠠᠯ ᠢᠶᠠᠨ ᠠᠷᠭᠠᠴᠠᠭᠠᠵᠤ ᠪᠠᠶᠢᠭᠰᠠᠨ ᠪᠣᠯ ᠰᠡᠭᠦᠯᠡᠷ ᠨᠢ | ᠠᠩ ᠤᠨ ᠦᠯᠡᠲᠡᠪᠦᠷᠢ ᠪᠤᠯᠤᠭᠰᠠᠨ ᠵᠡᠷᠯᠢᠭ ᠠᠮᠢᠲᠠᠳ ᠢ ᠭᠡᠷᠰᠢᠭᠦᠯᠦᠨ ᠲᠡᠵᠢᠭᠡᠵᠦ ᠨᠤᠮᠤᠬᠠᠳᠬᠠᠭᠰᠠᠨ ᠠᠴᠠ | ᠠᠩᠬᠠᠨ ᠤ ᠮᠠᠯ ᠮᠠᠯᠵᠢᠯ ᠡᠭᠦᠰᠦᠭᠰᠡᠨ ᠪᠠᠶᠢᠳᠠᠭ᠃ ᠮᠠᠯ ᠮᠠᠯᠵᠢᠯ ᠪᠤᠢ ᠪᠤᠯᠤᠭᠰᠠᠨ ᠠᠴᠠ ᠡᠷᠲᠡᠨ ᠤ ᠠᠵᠤ | ᠠᠮᠢᠳᠤᠷᠠᠯ ᠨᠢ ᠪᠠᠳᠤᠯᠠᠭ᠎ᠠ ᠲᠠᠢ ᠪᠤᠯᠵᠤ ᠤᠷᠤᠰᠢᠨ ᠲᠤᠭᠲᠠᠨᠢᠯ ᠨᠢ ᠲᠤᠭᠳᠠᠪᠤᠷᠢ ᠲᠠᠢ ᠪᠤᠯᠤᠭᠰᠠᠨ ᠲᠤᠯᠠ | ᠦᠢᠯᠡᠳᠪᠦᠷᠢᠯᠡᠯ ᠤᠨ ᠭᠦᠴᠦᠨ ᠤ ᠭᠦᠭᠵᠢᠯᠲᠡ ᠨᠢ ᠲᠦᠷᠭᠡᠨ ᠪᠤᠯᠵᠡᠢ᠃ ᠡᠭᠦᠨ ᠤ ᠤᠯᠠᠮ ᠠᠴᠠ ᠭᠦᠮᠦᠰ ᠤᠨ | ᠲᠠᠷᠢᠭᠢᠨ ᠤ ᠭᠦᠭᠵᠢᠯᠲᠡ ᠨᠢ ᠲᠠᠰᠤᠷᠠᠯᠳᠠ ᠦᠭᠡᠢ ᠨᠡᠮᠡᠭᠲᠡᠨ ᠰᠡᠳᠭᠢᠭᠦᠢ ᠨᠢ ᠴᠦ ᠲᠡᠯᠡᠨ ᠦᠷᠭᠡᠳᠴᠦ ᠤᠬᠠᠮᠰᠠᠷᠳᠤ | ᠴᠢᠳᠠᠪᠦᠷᠢ ᠨᠢ ᠲᠡᠭᠡᠭᠰᠢᠯᠡᠨ ᠭᠡᠷ ᠤᠨ ᠭᠦᠮᠦᠵᠢᠯ ᠠᠭᠠᠵᠢᠮ ᠢᠶᠠᠷ ᠪᠤᠢ ᠪᠤᠯᠵᠡᠢ᠃ ᠮᠠᠯᠴᠢᠨ ᠲᠦᠮᠠᠨ ᠲᠡᠷᠡ ᠦᠶ᠎ᠡ ᠶᠢᠨ | ᠠᠮᠢᠲᠤᠷᠠᠯ ᠤᠨ ᠲᠦᠰᠢᠭ ᠲᠤᠯᠭᠠᠭᠤᠷᠢ ᠪᠤᠯᠤᠭᠰᠠᠨ ᠮᠠᠯ ᠮᠠᠯᠵᠢᠯ ᠢᠶᠠᠷ ᠢᠶᠠᠨ ᠭᠤᠤᠯ ᠲᠦᠪ ᠪᠤᠯᠭᠠᠵᠤ ᠦᠷ᠎ᠡ | ᠬᠤᠶᠢᠴᠢᠰ ᠢᠶᠠᠨ ᠠᠵᠢᠯ ᠠᠬᠤᠢ ᠳᠤ ᠳᠠᠰᠬᠠᠬᠤ᠂ ᠦᠪᠡᠷ ᠪᠡᠶ᠎ᠡ ᠪᠠᠨ ᠡᠵᠡᠮᠲᠡᠭᠦ᠂ ᠦᠭᠡᠷ᠎ᠡ ᠪᠤᠰᠤᠳ ᠲᠤ ᠬᠠᠨᠳᠤᠬᠤ | ᠵᠡᠷᠭᠡ ᠦᠢᠯᠡ ᠭᠦᠲᠡᠯᠦᠯ᠂ ᠤᠬᠠᠮᠰᠠᠷ ᠰᠡᠳᠭᠢᠯᠭᠡ ᠶᠢᠨ ᠭᠦᠮᠦᠵᠢᠯ ᠢ ᠭᠦᠷᠲᠡᠭᠡᠨ ᠪᠡᠶ᠎ᠡ ᠰᠡᠳᠭᠢᠴᠡ ᠶᠢᠨ | ᠭᠦᠭᠵᠢᠯᠲᠡ ᠶᠢ ᠨᠢ ᠵᠦᠪ ᠵᠦᠭ ᠦᠭᠡᠲᠡ ᠴᠢᠭᠯᠡᠭᠦᠯᠭᠦ᠂ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠮᠡᠲᠡᠭᠦᠯᠦᠨ | ᠦᠢᠯᠠᠭᠠᠭᠤᠯᠬᠤ᠂ ᠠᠮᠢᠳᠤᠷᠠᠯ ᠤᠨ ᠨᠠᠷᠢᠨ ᠤᠬᠠᠭᠠᠨ ᠢ ᠵᠢᠭᠠᠬᠤ᠂ ᠦᠢᠯᠡ ᠮᠦᠷ ᠢ ᠨᠢ ᠰᠠᠶᠢᠨ ᠰᠠᠶᠢᠬᠠᠨ ᠭᠡᠪ | ᠪᠤᠯᠪᠠᠰᠤᠨ ᠦᠭᠡᠲᠡ ᠭᠦᠲᠡᠯᠦᠨ ᠤᠷᠤᠭᠤᠯᠳᠠᠭ᠃ ᠡᠶᠢᠮᠦᠷᠭᠦᠦ ᠭᠡᠷ ᠤᠨ ᠭᠦᠮᠦᠵᠢᠯ ᠤᠨ ᠶᠠᠪᠤᠴᠠ ᠳᠤ ᠱᠠᠭ᠎ᠠ ᠪᠠᠷ | ᠵᠠᠭᠪᠤᠷ ᠪᠤᠯᠭᠠᠨ ᠦᠷ᠎ᠡ ᠭᠡᠤᠭᠡᠳ ᠲᠡᠭᠡᠨ ᠭᠦᠮᠦᠵᠢᠯ ᠭᠦᠷᠲᠡᠭᠡᠭᠦ ᠪᠤᠯᠤᠭᠰᠠᠨ ᠪᠤᠯᠤᠯᠲᠠᠢ᠃ ᠱᠠᠭ᠎ᠠ ᠪᠠᠷ ᠵᠠᠭᠪᠤᠷᠢ | ᠪᠤᠯᠭᠠᠨ ᠦᠷ᠎ᠡ ᠭᠡᠤᠭᠡᠳ ᠢᠶᠠᠨ ᠭᠦᠮᠦᠵᠢᠭᠦᠯᠲᠡᠭ ᠭᠡᠷ ᠤᠨ ᠭᠦᠮᠦᠵᠢᠯ ᠨᠢ ᠲᠡᠯᠡᠭᠡᠢ ᠳᠤ ᠲᠤᠩ ᠬᠤᠪᠤᠷᠬᠠᠨ ᠦᠵᠡᠭᠲᠡᠯ | ᠪᠠᠶᠢᠵᠤ ᠦᠨᠡᠭᠡᠷ ᠰᠤᠨᠢᠷᠬᠠᠯ ᠲᠠᠢ ᠶᠤᠮ᠃ ᠬᠠᠯᠵᠠ ᠬᠠᠷᠪᠤᠬᠤ᠂ ᠪᠦᠭᠡ ᠪᠠᠷᠢᠯᠳᠤᠭᠤᠯᠬᠤ᠂ ᠮᠡᠷᠭᠡ ᠲᠦᠯᠭᠡ | ᠲᠠᠯᠪᠢᠬᠤ᠂ ᠮᠤᠷᠢ ᠤᠷᠤᠯᠳᠤᠬᠤ᠂ ᠲᠡᠮᠡᠭᠡ ᠤᠷᠤᠯᠳᠤᠬᠤ᠂ ᠲᠠᠪᠤᠨ ᠬᠤᠰᠢᠭᠤ ᠮᠠᠯ ᠦᠰᠭᠡᠭᠦ᠂ ᠠᠳᠤᠭᠤ | ᠬᠠᠷᠢᠭᠤᠯᠬᠤ᠂ ᠢᠩᠭᠡ ᠪᠤᠳᠤᠭᠤᠯᠠᠭᠤᠯᠬᠤ ᠵᠡᠷᠭᠡ ᠭᠡᠳᠦᠨ ᠵᠠᠭᠤᠨ ᠲᠦᠷᠦᠯ ᠤᠨ ᠱᠠᠭ᠎ᠠ ᠲᠤᠭᠯᠠᠭᠠᠮ ᠨᠢ ᠴᠦᠮ ᠠᠩ | ᠠᠩᠨᠠᠯ᠂ ᠮᠠᠯᠵᠢᠯ ᠠᠮᠢᠳᠤᠷᠠᠯ ᠤᠨ ᠦᠢᠯᠡ ᠭᠦᠲᠡᠯᠦᠯ ᠪᠤᠯᠤᠨ ᠮᠠᠯᠴᠢᠨ ᠭᠦᠮᠦᠨ ᠤ ᠤᠷ᠎ᠠ ᠤᠬᠠᠭᠠᠨ ᠵᠡᠷᠭᠡ ᠶᠢ | ᠬᠠᠷᠠᠭᠤᠯᠤᠭᠰᠠᠨ ᠢᠶᠠᠷ ᠵᠠᠭᠪᠤᠷᠢᠴᠢᠯᠠᠨ᠂ ᠪᠡᠯᠭᠡ ᠲᠡᠮᠪᠡᠷᠡᠯ᠂ ᠴᠡᠭᠡᠷ ᠬᠤᠷᠢᠭ᠎ᠠ ᠵᠡᠷᠭᠡ ᠤᠯᠠᠨ ᠲᠠᠯ᠎ᠠ ᠶᠢᠨ ᠶᠤᠰᠤ | ᠵᠠᠩᠰᠢᠯ ᠪᠤᠯᠤᠨ ᠲᠦᠷᠢᠮ ᠭᠤᠷᠢᠮ ᠢ ᠬᠠᠷᠠᠭᠤᠯᠤᠭᠰᠠᠨ ᠪᠠᠶᠢᠳᠠᠭ᠃ ᠱᠠᠭ᠎ᠠ ᠨᠠᠭᠠᠳᠤᠮ ᠢ ᠨᠠᠭᠠᠳᠬᠤ ᠳᠤ ᠪᠤᠰᠤᠳ ᠢ | ᠭᠦᠨᠲᠦᠳᠭᠡᠭᠦ᠂ ᠨᠠᠰᠤᠳᠠᠨ ᠪᠤᠭᠤᠷᠤᠯ ᠢᠶᠠᠨ ᠡᠷᠭᠦᠨ ᠭᠦᠨᠲᠦᠯᠡᠭᠦ᠂ ᠭᠡᠤᠭᠡᠳ ᠲᠡᠭᠦᠦ ᠨᠡᠷ ᠢᠶᠠᠨ ᠬᠠᠶᠢᠷᠠᠯᠠᠬᠤ᠂ | ᠬᠠᠷᠢᠯᠴᠠᠨ ᠡᠶ᠎ᠡ ᠨᠠᠶᠢᠷ ᠲᠠᠢ ᠪᠠᠶᠢᠬᠤ᠂ ᠡᠷᠭᠡ ᠲᠡᠭᠰᠢ᠂ ᠲᠦᠪ ᠭᠤᠤᠯᠴᠢ ᠪᠠᠶᠢᠬᠤ ᠶᠢ ᠬᠠᠮᠤᠭ ᠠᠴᠠ ᠡᠷᠭᠢᠮᠯᠡᠨ | ᠵᠢᠷᠤᠮᠯᠠᠳᠠᠭ᠃ ᠱᠠᠭ᠎ᠠ ᠨᠠᠭᠠᠳᠬᠤ ᠶᠠᠪᠤᠴᠠ ᠳᠤ ᠲᠤᠮᠤᠴᠤᠤᠯ ᠠᠴᠠ ᠭᠡᠤᠭᠡᠳ ᠪᠠᠭᠠᠴᠤᠳ ᠲᠤ ᠲᠡᠭᠡᠷᠡᠭᠢ ᠤᠯᠠᠨ | ᠲᠠᠯ᠎ᠠ ᠶᠢᠨ ᠶᠤᠰᠤ ᠵᠠᠩᠰᠢᠯ ᠪᠤᠯᠤᠨ ᠲᠦᠷᠢᠮ ᠭᠤᠷᠢᠮ ᠢ ᠤᠯᠠᠮᠵᠢᠯᠠᠳᠠᠭ ᠪᠤᠯᠬᠤᠷ ᠭᠡᠤᠭᠡᠳ ᠪᠠᠭᠠᠴᠤᠳ ᠨᠢ ᠨᠠᠭᠠᠳᠤᠮ | ᠲᠤᠭᠯᠠᠭᠠᠮ ᠢᠶᠠᠷ ᠳᠠᠮᠵᠢᠨ ᠭᠦᠮᠦᠵᠢᠯ ᠭᠦᠷᠲᠡᠨ ᠤᠬᠠᠭᠠᠷᠠᠵᠤ ᠰᠡᠭᠡᠷᠡᠲᠡᠭ ᠶᠤᠮ᠃ ᠡᠨᠡ ᠪᠣᠯ ᠳᠠᠷᠦᠢ ᠶᠤᠰᠤᠲᠠᠢ | ᠮᠤᠩᠭᠤᠯ ᠤᠬᠠᠭᠠᠨ ᠤ ᠰᠤᠳᠤᠨ ᠭᠠᠶᠢᠬᠠᠮᠰᠢᠭ ᠪᠢᠯᠡ᠃ ᠬᠤᠶᠠᠷ᠂ ᠱᠠᠭ᠎ᠠ ᠨᠠᠭᠠᠳᠤᠮ ᠪᠣᠯ ᠦᠷ᠎ᠡ ᠭᠡᠤᠭᠡᠳ ᠢᠶᠠᠨ | ᠰᠤᠷᠭᠠᠨ ᠭᠦᠮᠦᠵᠢᠭᠦᠯᠭᠦ ᠴᠡᠴᠡᠨ ᠤᠬᠠᠭᠠᠨ ᠱᠠᠭ᠎ᠠ ᠨᠠᠭᠠᠳᠤᠮ ᠪᠣᠯ ᠤᠯᠠᠮᠵᠢᠯᠠᠯᠳᠤ ᠢᠵᠠᠭᠤᠷ ᠰᠤᠶᠤᠯ ᠪᠠᠶᠢᠵᠤ᠂ | ᠲᠡᠷᠡ ᠨᠢ ᠲᠡᠤᠭᠡ ᠶᠢᠨ ᠤᠷᠳᠤ ᠤᠷᠤᠰᠬᠠᠯ ᠤᠨ ᠲᠤᠮᠳᠠ ᠦᠷ᠎ᠡ ᠭᠡᠤᠭᠡᠳ ᠢᠶᠠᠨ ᠰᠤᠷᠭᠠᠨ ᠭᠦᠮᠦᠵᠢᠭᠦᠯᠭᠦ ᠴᠡᠴᠡᠨ | ᠤᠬᠠᠭᠠᠨ ᠮᠡᠷᠭᠡᠨ ᠠᠷᠭ᠎ᠠ ᠪᠤᠯᠵᠤ ᠪᠦᠷᠢᠯᠲᠦᠭᠰᠡᠨ ᠪᠠᠶᠢᠳᠠᠭ᠃ ᠱᠠᠭ᠎ᠠ ᠨᠠᠭᠠᠳᠤᠮ ᠤᠨ ᠲᠦᠷᠦᠯ ᠵᠦᠢᠯ ᠮᠠᠰᠢ ᠤᠯᠠᠨ | ᠪᠠᠶᠢᠵᠤ᠂ ᠨᠠᠭᠠᠳᠬᠤ ᠠᠷᠭ᠎ᠠ ᠮᠡᠷᠭᠡᠵᠢᠯ ᠤᠨ ᠲᠠᠯ᠎ᠠ ᠠᠴᠠ ᠠᠪᠤᠭᠠᠳ ᠦᠵᠡᠭᠰᠡᠨ ᠴᠦ ᠨᠢᠭᠡ ᠲᠦᠷᠦᠯ ᠤᠨ | ᠨᠠᠭᠠᠳᠤᠮ ᠢ ᠭᠡᠲᠦ ᠭᠡᠲᠦᠨ ᠵᠦᠢᠯ ᠤᠨ ᠠᠷᠭ᠎ᠠ ᠭᠡᠯᠪᠡᠷᠢ ᠪᠠᠷ ᠨᠠᠭᠠᠳᠴᠤ ᠪᠤᠯᠳᠠᠭ ᠢᠶᠠᠷ ᠦᠯᠦ ᠪᠠᠷᠠᠮ᠂ ᠠᠳᠠᠯᠢ | ᠪᠤᠰᠤ ᠭᠠᠵᠠᠷ ᠨᠤᠳᠤᠭ ᠲᠤ ᠠᠳᠠᠯᠢ ᠪᠤᠰᠤ ᠶᠢᠨ ᠠᠷᠭ᠎ᠠ ᠭᠡᠯᠪᠡᠷᠢ ᠪᠠᠷ ᠨᠠᠭᠠᠳᠳᠠᠭ ᠪᠤᠯᠬᠤᠷ ᠨᠤᠳᠤᠭ ᠤᠰᠤᠨ ᠤ | ᠤᠨᠴᠠᠯᠢᠭ ᠰᠢᠨᠵᠢ ᠲᠠᠢ ᠪᠠᠶᠢᠳᠠᠭ᠃ ᠱᠠᠭ᠎ᠠ ᠨᠠᠭᠠᠳᠤᠮ ᠤᠨ ᠤᠯᠠᠨ ᠲᠦᠷᠦᠯ ᠵᠢᠴᠢ ᠲᠡᠭᠦᠨ ᠤ ᠤᠨᠴᠠᠯᠢᠭ | ᠰᠢᠨᠵᠢ ᠠᠴᠠ ᠪᠤᠯᠵᠤ ᠭᠡᠷ ᠤᠨ ᠰᠤᠷᠭᠠᠯ ᠤᠨ ᠮᠡᠷᠭᠡᠨ ᠠᠷᠭ᠎ᠠ ᠭᠡᠷᠡᠭᠯᠡᠭᠦᠷ ᠪᠤᠯᠤᠭᠰᠠᠨ ᠪᠠᠶᠢᠳᠠᠭ᠃ ᠱᠠᠭ᠎ᠠ | ᠨᠠᠭᠠᠳᠤᠮ ᠤᠨ ᠨᠠᠭᠠᠳᠬᠤ ᠠᠷᠭ᠎ᠠ ᠪᠠᠷᠢᠯ ᠨᠢ ᠨᠡᠶᠢᠲᠡᠴᠢ ᠤᠨᠴᠠᠯᠢᠭ ᠲᠠᠢ ᠮᠦᠷᠲᠡᠭᠡᠨ ᠦᠪᠡᠷᠮᠢᠴᠡ ᠤᠨᠴᠠᠯᠢᠭ ᠲᠠᠢ | ᠶᠤᠮ᠃ ᠲᠡᠷᠡ ᠨᠢ ᠠᠳᠠᠯᠢ ᠪᠤᠰᠤ ᠨᠠᠰᠤᠨ ᠤ ᠭᠦᠮᠦᠰ ᠤᠨ ᠴᠢᠳᠠᠪᠤᠷᠢ ᠳᠤ ᠲᠤᠭᠢᠷᠠᠬᠤ ᠲᠦᠷᠦᠯ ᠵᠦᠢᠯ ᠪᠦᠷᠢᠨ | ᠪᠠᠶᠢᠳᠠᠭ ᠪᠤᠯᠬᠤᠷ ᠭᠡᠨ ᠭᠦᠮᠦᠨ ᠭᠡᠳ ᠪᠦᠷ ᠨᠠᠭᠠᠳᠴᠤ ᠪᠤᠯᠳᠠᠭ᠃ ᠭᠡᠤᠭᠡᠳ ᠪᠠᠭᠠᠴᠤᠳ ᠤᠨ ᠨᠠᠰᠤᠨ ᠤ ᠭᠡᠮᠵᠢᠶ᠎ᠡ | ᠪᠤᠯᠤᠨ ᠰᠡᠳᠭᠢᠴᠡ ᠶᠢᠨ ᠤᠨᠴᠠᠯᠢᠭ ᠲᠤ ᠶᠠᠪ ᠴᠠᠪ ᠲᠤᠭᠢᠷᠠᠭᠰᠠᠨ ᠱᠠᠭ᠎ᠠ ᠨᠠᠭᠠᠳᠤᠮ ᠤᠨ ᠲᠦᠷᠦᠯ ᠵᠦᠢᠯ ᠪᠠᠶᠢᠬᠤ | ᠪᠤᠯᠬᠤᠷ ᠭᠡᠤᠭᠡᠳ ᠪᠠᠭᠠᠴᠤᠳ ᠢ ᠭᠦᠮᠦᠵᠢᠭᠦᠯᠦᠨ ᠶᠤᠰᠤ ᠵᠠᠩ ᠤᠯᠠᠮᠵᠢᠯᠠᠬᠤ ᠠᠮᠢᠳᠤᠯᠢᠭ ᠠᠷᠭ᠎ᠠ ᠭᠡᠷᠡᠭᠯᠡᠭᠦᠷ ᠪᠤᠯᠵᠤ | ᠴᠢᠳᠠᠳᠠᠭ᠃ ᠨᠠᠬᠦᠳᠠᠯᠴᠢᠨ ᠮᠠᠯᠴᠢᠨ ᠲᠦᠮᠠᠨ ᠮᠠᠨᠢ ᠨᠡᠭᠦᠲᠡᠯ ᠮᠠᠯᠵᠢᠯ ᠤᠨ ᠲᠡᠤᠭᠡᠨ ᠶᠠᠪᠤᠴᠠ ᠳᠤ᠂ ᠦᠷ᠎ᠠ | ᠭᠡᠤᠭᠡᠳ ᠢᠶᠠᠨ ᠳᠠᠭᠠᠭᠤᠯᠤᠨ ᠡᠲᠦᠷ ᠲᠤᠳᠤᠮ ᠤᠨ ᠠᠵᠢᠯ ᠠᠮᠢᠳᠤᠷᠠᠯ ᠳᠤ ᠤᠷᠤᠯᠴᠠᠭᠤᠯᠬᠤ ᠶᠢᠨ ᠳᠠᠭᠠᠤ ᠳᠤ ᠰᠤᠯᠠ | ᠰᠡᠯᠡᠭᠦᠦ ᠴᠠᠭ ᠢᠶᠠᠷ ᠭᠡᠤᠭᠡᠳ ᠲᠠᠢ ᠪᠠᠨ ᠬᠠᠮᠳᠤ ᠱᠠᠭ᠎ᠠ ᠨᠠᠭᠠᠳᠳᠠᠭ ᠪᠤᠯᠬᠤᠷ ᠨᠠᠭᠠᠳᠬᠤ ᠶᠠᠪᠤᠴᠠ ᠳᠠᠭᠠᠨ | ᠭᠡᠤᠭᠡᠳ ᠲᠡᠭᠡᠨ ᠶᠤᠰᠤ ᠵᠠᠩᠰᠢᠯ᠂ ᠭᠡᠪ ᠰᠤᠷᠲᠠᠯ᠂ ᠮᠡᠲᠡᠯᠭᠡ ᠤᠬᠠᠭᠠᠨ ᠵᠡᠷᠭᠡ ᠶᠢ ᠤᠯᠠᠮᠵᠢᠯᠠᠨ ᠭᠦᠷᠲᠡᠭᠡᠲᠡᠭ᠃ | ︵ᠨᠢᠭᠡ︶ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠲᠤ ᠶᠤᠰᠤ ᠰᠤᠷᠳᠠᠯ ᠤᠨ ᠭᠦᠮᠦᠵᠢᠯ ᠭᠦᠷᠲᠡᠭᠡᠲᠡᠭ ᠮᠠᠨᠠᠶᠢᠬᠢᠨ | ᠲᠡᠤᠭᠡᠨ ᠠᠴᠠ ᠪᠠᠨ ᠶᠤᠰᠤ ᠰᠤᠷᠲᠠᠯ ᠢ ᠲᠡᠷᠢᠭᠦᠨ ᠪᠠᠶᠢᠷᠢᠨ ᠳᠤ ᠲᠠᠯᠪᠢᠵᠤ ᠭᠡᠤᠭᠡᠳ ᠢᠶᠠᠨ ᠪᠠᠭ᠎ᠠ ᠠᠴᠠ ᠨᠢ ᠶᠤᠰᠤ | ᠨᠤᠮ ᠲᠠᠢ ᠪᠤᠯᠭᠠᠨ ᠭᠦᠮᠦᠵᠢᠭᠦᠯᠭᠦ ᠶᠢ ᠮᠠᠰᠢ ᠠᠩᠬᠠᠷᠳᠠᠭ᠃ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠲᠤ ᠶᠤᠰᠤ | ᠰᠤᠷᠳᠠᠯ ᠤᠨ ᠭᠦᠮᠦᠵᠢᠯ ᠭᠦᠷᠲᠡᠭᠡᠭᠦ ᠳᠤ ᠠᠮᠢᠳᠤᠯᠢᠭ ᠵᠠᠭᠪᠤᠷ ᠶᠢᠨ ᠠᠷᠭ᠎ᠠ ᠭᠡᠷᠡᠭᠯᠡᠭᠦᠷ ᠪᠤᠯᠤᠭᠰᠠᠨ ᠪᠠᠶᠢᠳᠠᠭ᠃ | ᠠᠶᠢᠯ ᠭᠡᠷ ᠤᠨ ᠭᠢᠨᠢ ᠠᠵᠢᠯ ᠠᠬᠤᠢ ᠶᠢᠨ ᠴᠢᠯᠦᠭᠡ ᠵᠠᠪᠰᠠᠷ ᠲᠤ ᠭᠡᠤᠭᠡᠳ ᠰᠢᠤᠬᠠᠳ ᠲᠠᠢ ᠪᠠᠨ ᠱᠠᠭ᠎ᠠ ᠨᠠᠭᠠᠳᠴᠤ | ᠭᠦᠷ ᠭᠦᠭᠵᠢᠭᠡᠨ ᠡᠭᠦᠰᠭᠡᠨ ᠪᠡᠶ᠎ᠡ ᠰᠡᠳᠭᠢᠯ ᠤᠨ ᠴᠢᠯᠡᠭᠡ ᠪᠠᠨ ᠳᠠᠶᠢᠯᠬᠤ ᠶᠢᠨ ᠳᠠᠭᠠᠤ ᠳᠤ ᠦᠷ᠎ᠡ ᠭᠡᠤᠭᠡᠳ ᠲᠠᠢ ᠪᠠᠨ | ᠵᠤᠭᠤᠭ ᠲᠡᠯᠭᠡᠲᠡᠭ᠃ ᠡᠨᠡᠭᠦ ᠡᠩ ᠤᠨ ᠦᠢᠯᠡ ᠶᠠᠪᠤᠳᠠᠯ ᠤᠨ ᠲᠤᠮᠳᠠ ᠠᠴᠠ ᠭᠡᠤᠭᠡᠳ ᠪᠠᠭᠠᠴᠤᠳ ᠨᠢ ᠤᠯᠠᠨ | ᠲᠠᠯ᠎ᠠ ᠶᠢᠨ ᠶᠤᠰᠤ ᠰᠤᠷᠳᠠᠯ ᠤᠨ ᠭᠦᠮᠦᠵᠢᠯ ᠢ ᠭᠦᠷᠲᠡᠵᠦ ᠤᠬᠠᠭᠠᠷᠠᠵᠤ ᠰᠡᠭᠡᠷᠡᠨ ᠤᠯᠠᠮ ᠢᠶᠠᠷ ᠲᠤᠮᠤᠭᠤᠵᠢᠳᠠᠭ | ᠶᠤᠮ᠃ ᠱᠠᠭ᠎ᠠ ᠨᠠᠭᠠᠳᠤᠮ ᠨᠢ ᠲᠤᠭᠳᠠᠭᠰᠠᠨ ᠶᠤᠰᠤ ᠲᠦᠷᠢᠮ ᠪᠤᠯᠤᠨ ᠴᠢᠩᠭ᠎ᠠ ᠵᠢᠷᠤᠮ ᠭᠤᠷᠢᠮ ᠲᠠᠢ᠂ ᠡᠮᠭᠢ | ᠲᠢᠭᠯᠡᠮ ᠪᠤᠯᠤᠨ ᠡᠭᠢᠯᠡᠯᠲᠡ ᠲᠡᠭᠦᠰᠭᠡᠯᠲᠡ ᠲᠠᠢ ᠪᠠᠶᠢᠵᠤ᠂ ᠨᠠᠭᠠᠳᠤᠮ ᠤᠨ ᠶᠡᠷᠦᠩᠭᠡᠢ ᠶᠤᠰᠤ ᠲᠦᠷᠢᠮ ᠲᠠᠢ | ᠪᠠᠶᠢᠳᠠᠭ ᠢᠶᠠᠷ ᠦᠯᠦ ᠪᠠᠷᠠᠮ᠂ ᠪᠠᠰᠠ ᠨᠠᠭᠠᠳᠤᠮ ᠤᠨ ᠲᠦᠷᠦᠯ ᠨᠢᠭᠡᠪᠦᠷᠢ ᠳᠤ ᠴᠦ ᠲᠤᠭᠳᠠᠭᠰᠠᠨ ᠨᠠᠷᠢᠨ ᠲᠦᠷᠢᠮ | ᠭᠤᠷᠢᠮ ᠲᠠᠢ ᠪᠠᠶᠢᠳᠠᠭ᠃ ᠡᠶᠢᠮᠦ ᠪᠤᠯᠬᠤᠷ ᠱᠠᠭ᠎ᠠ ᠨᠠᠭᠠᠳᠤᠮ ᠤᠨ ᠶᠠᠪᠤᠴᠠ ᠳᠤ ᠨᠠᠰᠤᠳᠠᠨ ᠪᠤᠭᠤᠷᠤᠯ᠂ ᠢᠲᠡᠷ | ᠵᠠᠯᠠᠭᠤ ᠪᠤᠯᠤᠨ ᠭᠡᠤᠭᠡᠳ ᠪᠠᠭᠠᠴᠤᠳ ᠪᠦᠭᠦᠨ ᠢᠶᠠᠷ ᠢᠶᠠᠨ ᠴᠦᠮ ᠶᠤᠰᠤ ᠲᠦᠷᠢᠮ ᠪᠤᠯᠤᠨ ᠲᠤᠭᠳᠠᠭᠠᠯ ᠵᠢᠷᠤᠮ ᠢ | ᠴᠢᠩᠭ᠎ᠠ ᠵᠢᠷᠤᠮᠯᠠᠵᠤ ᠭᠡᠨ ᠴᠦ ᠭᠡᠳ ᠵᠦᠷᠢᠴᠡᠵᠦ ᠪᠤᠯᠳᠠᠭ ᠦᠭᠡᠢ᠃ ᠨᠠᠭᠠᠳᠤᠮ ᠤᠨ ᠪᠦᠭᠦ᠋ᠢᠯᠡ ᠶᠠᠪᠤᠴᠠ ᠳᠤ | ᠭᠦᠮᠦᠨ ᠪᠦᠭᠦᠨ ᠡᠷᠭᠡ ᠲᠡᠭᠰᠢ ᠪᠠᠶᠢᠵᠤ ᠬᠠᠷᠢᠯᠴᠠᠨ ᠭᠢᠨᠠᠯᠳᠠ ᠲᠠᠯᠪᠢᠵᠤ ᠲᠦᠪ ᠭᠤᠤᠯᠴᠢ ᠶᠢ ᠡᠷᠭᠢᠮᠯᠡᠲᠡᠭ᠃ ᠡᠷᠭᠡ | ᠲᠡᠭᠰᠢ ᠪᠤᠯᠤᠨ ᠲᠦᠪ ᠭᠤᠤᠯᠴᠢ ᠶᠢ ᠡᠷᠭᠢᠮᠯᠡᠭᠦ ᠪᠣᠯ ᠱᠠᠭ᠎ᠠ ᠨᠠᠭᠠᠳᠤᠮ ᠤᠨ ᠬᠠᠮᠤᠭ ᠦᠨᠲᠦᠰᠦᠨ ᠵᠠᠷᠴᠢᠮ ᠮᠥᠨ᠃ | ᠱᠠᠭ᠎ᠠ ᠨᠠᠭᠠᠳᠤᠮ ᠳᠤ ᠤᠷᠤᠯᠴᠠᠭᠰᠠᠨ ᠪᠦᠭᠦᠨ ᠡᠷᠭᠡᠪᠰᠢ ᠡᠨᠡᠭᠦ ᠵᠠᠷᠴᠢᠮ ᠢ ᠴᠢᠩᠭ᠎ᠠ ᠪᠠᠷᠢᠮᠳᠠᠯᠠᠨ ᠶᠤᠰᠤ ᠭᠤᠷᠢᠮ ᠢ | ᠵᠢᠷᠤᠮᠯᠠᠨ ᠰᠠᠭᠢᠬᠤ ᠭᠡᠷᠡᠭᠲᠡᠢ᠃ ᠱᠠᠭ᠎ᠠ ᠨᠠᠭᠠᠳᠤᠮ ᠨᠢ ᠡᠪ ᠨᠠᠶᠢᠷ ᠲᠠᠢ᠂ ᠭᠦᠷ ᠭᠦᠭᠵᠢᠶᠡᠨ ᠲᠠᠢ᠂ ᠶᠤᠰᠤᠷᠬᠠᠭ | ᠪᠤᠯᠪᠠᠰᠤᠨ ᠤ ᠲᠤᠮᠳᠠ ᠶᠠᠪᠤᠭᠳᠠᠳᠠᠭ ᠲᠤᠯᠠ ᠶᠤᠰᠤ ᠪᠤᠰᠤ ᠪᠠᠷ ᠠᠭᠠᠰᠢᠯᠠᠬᠤ᠂ ᠭᠡᠷᠡᠭᠦᠯ ᠮᠠᠷᠭᠤᠭᠠᠨ ᠡᠭᠦᠰᠭᠡᠭᠦ᠂ | ᠠᠭᠤᠷᠯᠠᠵᠤ ᠤᠴᠠᠭᠠᠷᠯᠠᠬᠤ᠂ ᠬᠠᠭᠤᠷᠴᠤ ᠮᠡᠭᠡᠯᠡᠭᠦ ᠵᠡᠷᠭᠡ ᠡᠯᠲᠡᠪ ᠡᠰᠡ ᠶᠢᠨ ᠵᠠᠩ ᠭᠠᠷᠭᠠᠬᠤ ᠶᠢ ᠤᠭᠳᠤ | ᠵᠦᠪᠰᠢᠶᠡᠷᠡᠲᠡᠭ ᠦᠭᠡᠢ᠃ ᠶᠡᠷᠦᠲᠡᠭᠡᠨ ᠱᠠᠭ᠎ᠠ ᠨᠠᠭᠠᠳᠬᠤ ᠳᠤ᠂ ᠬᠠᠮᠤᠭ ᠲᠡᠷᠢᠭᠦᠨ ᠳᠤ᠂ ᠨᠠᠰᠤ ᠵᠢᠯ ᠢᠶᠠᠷ ᠦᠨᠲᠦᠷ | ᠠᠬᠠᠮᠠᠳ ᠲᠤᠮᠤᠭᠤᠳᠠᠨ ᠠᠴᠠ ᠨᠠᠭᠠᠳᠤᠮ ᠤᠨ ᠶᠤᠰᠤ ᠲᠦᠷᠢᠮ ᠢ ᠶᠠᠷᠢᠵᠤ ᠲᠤᠳᠤᠷᠬᠠᠶᠢᠯᠠᠵᠤ ᠡᠭᠢᠯᠡᠯᠲᠡ | ᠳᠠᠷᠠᠭᠠᠮᠵᠢ ᠶᠢ ᠲᠤᠭᠲᠠᠭᠠᠨ᠂ ᠳᠠᠷᠠᠭ᠎ᠠ ᠪᠠᠷ ᠨᠢ ᠰᠠᠶ᠋ᠢ ᠨᠠᠭᠠᠳᠤᠮ ᠡᠭᠢᠯᠡᠲᠡᠭ᠃ ᠡᠶᠢᠮᠦ ᠠᠴᠠ᠂ ᠱᠠᠭ᠎ᠠ ᠨᠠᠭᠠᠳᠤᠮ ᠳᠤ | ᠭᠡᠨ ᠶᠠᠮᠠᠷ ᠭᠦᠮᠦᠨ ᠤᠷᠤᠯᠴᠠᠭᠰᠠᠨ ᠴᠦ ᠬᠠᠮᠢᠶ᠎ᠠ ᠦᠭᠡᠢ ᠪᠦᠭᠦᠲᠡᠭᠡᠷ ᠢᠶᠠᠨ ᠡᠷᠭᠡ ᠲᠡᠭᠰᠢ ᠲᠦᠪ ᠭᠤᠤᠯᠴᠢ | ᠵᠡᠷᠴᠢᠮ ᠤᠨ ᠭᠦᠷᠢᠶ᠎ᠡ ᠭᠢᠵᠠᠭᠠᠷ ᠲᠤᠳᠤᠷ᠎ᠠ ᠦᠪᠡᠷ ᠦᠪᠡᠷ ᠤᠨ ᠤᠬᠠᠭᠠᠨ ᠰᠠᠨᠠᠭᠠᠨ ᠳᠠᠭᠠᠨ ᠲᠦᠰᠢᠭᠯᠡᠨ ᠤᠷ᠎ᠠ | ᠮᠡᠷᠭᠡᠵᠢᠯ ᠢᠶᠠᠨ ᠭᠠᠷᠭᠠᠨ ᠭᠢᠷᠢ ᠪᠦᠲᠦᠮᠵᠢ ᠪᠠᠨ ᠤᠯᠳᠠᠭ᠃ ᠡᠨᠡ ᠲᠤᠮᠳᠠ ᠠᠬᠤᠢ ᠠᠮᠢᠳᠤᠷᠠᠯ ᠳᠠᠬᠢ ᠠᠶᠢᠯ | ᠡᠷᠦᠭᠡ ᠶᠢᠨ ᠪᠠᠶᠢᠷᠢ ᠰᠠᠭᠤᠷᠢ᠂ ᠡᠷᠭᠡ ᠲᠤᠰᠢᠶᠠᠯ᠂ ᠪᠠᠶᠠᠨ ᠶᠠᠳᠠᠭᠤ ᠪᠤᠯᠤᠨ ᠬᠤᠪᠢ ᠭᠦᠮᠦᠨ ᠤ ᠵᠠᠩ ᠳᠠᠳᠬᠠᠯ | ᠲᠡᠷᠡ ᠪᠦᠭᠦᠨ ᠢᠶᠠᠷ ᠢᠶᠠᠨ ᠭᠦᠴᠦᠨ ᠦᠭᠡᠢ ᠪᠤᠯᠳᠠᠭ᠃ ᠱᠠᠭ᠎ᠠ ᠨᠠᠭᠠᠳᠤᠮ ᠤᠨ ᠬᠠᠳᠠᠭᠤ ᠴᠢᠩᠭ᠎ᠠ ᠵᠠᠷᠴᠢᠮ ᠭᠢᠭᠡᠳ | ᠶᠤᠰᠤ ᠲᠦᠷᠢᠮ ᠨᠢ ᠭᠡᠤᠭᠡᠳ ᠪᠠᠭᠠᠴᠤᠳ ᠲᠤ ᠨᠡᠶᠢᠭᠡᠮ ᠢ ᠦᠢᠯᠠᠭᠠᠭᠤᠯᠬᠤ᠂ ᠭᠦᠮᠦᠨ ᠭᠦᠮᠦᠨ ᠤ ᠬᠤᠭᠤᠷᠤᠨᠳᠤᠭᠢ | ᠬᠠᠷᠢᠴᠠᠭ᠎ᠠ ᠶᠢ ᠮᠡᠲᠡᠭᠦᠯᠭᠦ᠂ ᠨᠡᠶᠢᠲᠡ ᠶᠢᠨ ᠲᠦᠷᠢᠮ ᠤᠯᠠᠨ ᠤ ᠲᠤᠭᠳᠠᠭᠠᠯ ᠢ ᠵᠢᠷᠤᠮᠯᠠᠬᠤ᠂ ᠪᠤᠰᠤᠳ ᠢ | ᠭᠦᠨᠲᠦᠳᠭᠡᠭᠦ᠂ ᠪᠡᠶ᠎ᠡ ᠪᠠᠨ ᠳᠠᠭᠠᠭᠠᠬᠤ ᠴᠢᠳᠠᠪᠤᠷᠢ ᠶᠢ ᠪᠤᠢ ᠪᠤᠯᠭᠠᠬᠤ᠂ ᠨᠦᠭᠦᠷᠯᠡᠯ ᠪᠤᠯᠤᠨ ᠦᠷᠢᠰᠦᠯᠲᠦᠭᠦ ᠵᠤᠷᠢᠭ | ᠰᠠᠨᠠᠭ᠎ᠠ ᠶᠢ ᠪᠠᠳᠠᠷᠠᠭᠤᠯᠬᠤ ᠵᠡᠷᠭᠡ ᠮᠠᠰᠢ ᠤᠯᠠᠨ ᠲᠠᠯ᠎ᠠ ᠪᠠᠷ ᠶᠤᠰᠤ ᠰᠤᠷᠲᠠᠯ ᠤᠨ ᠭᠦᠮᠦᠵᠢᠯ ᠭᠦᠷᠲᠡᠭᠡᠲᠡᠭ᠃ ᠱᠠᠭ᠎ᠠ | ᠨᠠᠭᠠᠳᠤᠮ ᠤᠨ ᠠᠯᠢ ᠨᠢᠭᠡᠨ ᠲᠦᠷᠦᠯ ᠨᠢ ᠴᠦ ᠭᠡᠳ ᠴᠦᠮ ᠨᠠᠷᠠ ᠵᠦᠪ ᠡᠷᠭᠢᠭᠦ ᠲᠦᠭᠡᠮᠡᠯ ᠵᠠᠷᠴᠢᠮ ᠶᠤᠰᠤ ᠲᠠᠢ | ᠪᠠᠶᠢᠳᠠᠭ᠃ ᠭᠡᠭᠦ ᠳᠤ ︽ᠨᠠᠷᠠ ᠵᠦᠪ᠂ ᠨᠠᠭᠠᠳᠤᠮ ᠪᠤᠷᠤᠭᠤ︾ ᠭᠡᠲᠡᠭ ᠢᠶᠠᠷ ᠱᠠᠭ᠎ᠠ ᠨᠠᠭᠠᠳᠬᠤ ᠳᠤ ᠭᠦᠷᠪᠠᠯ ᠬᠠᠷᠢᠨ | ᠵᠠᠷᠴᠢᠮ ᠤᠨ ᠴᠢᠨᠠᠷ ᠲᠠᠢ ᠠᠯᠳᠠᠭ᠎ᠠ ᠪᠤᠷᠤᠭᠤ ᠭᠠᠷᠭᠠᠬᠤ ᠳᠤ ᠭᠦᠷᠦᠨ᠎ᠡ᠃ ᠱᠠᠭ᠎ᠠ ᠨᠠᠭᠠᠳᠤᠮ ᠤᠨ ᠨᠠᠷᠠ ᠵᠦᠪ | ᠡᠷᠭᠢᠯᠲᠡ ᠶᠢᠨ ᠵᠠᠷᠴᠢᠮ ᠠᠴᠠ ᠦᠵᠡᠭᠦ ᠳᠤ᠂ ᠲᠡᠷᠡ ᠨᠢ ᠵᠦᠪᠭᠡᠨ ᠨᠠᠭᠠᠳᠤᠮ ᠪᠢᠰᠢ ᠬᠠᠷᠢᠨ ᠵᠦᠪ ᠡᠨᠧᠷᠭᠢ | ᠬᠠᠩᠭᠠᠳᠠᠭ ᠭᠦᠮᠦᠵᠢᠯ ᠰᠤᠷᠭᠠᠯ ᠪᠤᠯᠬᠤ ᠨᠢ ᠮᠠᠰᠢ ᠲᠤᠳᠤᠷᠬᠠᠢ ᠪᠠᠶᠢᠭ᠎ᠠ᠃ ᠱᠠᠭ᠎ᠠ ᠨᠠᠭᠠᠳᠬᠤ ᠳᠤ ᠤᠯᠠᠩᠭᠢ ᠳᠠᠭᠠᠨ | ᠨᠠᠰᠤ ᠪᠠᠭ᠎ᠠ ᠭᠦᠮᠦᠨ ᠠᠴᠠ ᠡᠭᠢᠯᠡᠭᠦ᠂ ᠤᠨ ᠵᠢᠯ ᠲᠠᠢ ᠢᠪᠡᠭᠡᠯ ᠭᠦᠮᠦᠨ ᠠᠴᠠ ᠡᠭᠢᠯᠡᠭᠦ ᠵᠤᠷᠰᠢᠯ ᠲᠠᠢ᠃ ᠨᠠᠰᠤ | ᠪᠠᠭ᠎ᠠ ᠭᠦᠮᠦᠨ ᠠᠴᠠ ᠡᠭᠢᠯᠡᠲᠡᠭ ᠨᠢ ᠭᠡᠤᠭᠡᠳ ᠪᠠᠭᠠᠴᠤᠳ ᠢᠶᠠᠨ ᠬᠠᠶᠢᠷᠠᠯᠠᠬᠤ᠂ ᠤᠷᠮᠠᠰᠢᠭᠤᠯᠤᠨ ᠵᠤᠷᠢᠭᠵᠢᠭᠤᠯᠬᠤ | ᠤᠳᠬ᠎ᠠ ᠰᠠᠨᠠᠭ᠎ᠠ ᠲᠠᠢ ᠪᠠᠶᠢᠵᠤ᠂ ᠤᠨ ᠵᠢᠯ ᠲᠠᠢ ᠢᠪᠡᠭᠡᠯ ᠭᠦᠮᠦᠨ ᠠᠴᠠ ᠡᠭᠢᠯᠡᠲᠡᠭ ᠨᠢ ᠵᠦᠩᠨᠡᠯ ᠪᠡᠯᠭᠡᠲᠡᠯ ᠤᠨ | ᠤᠳᠬ᠎ᠠ ᠰᠠᠨᠠᠭ᠎ᠠ ᠶᠢ ᠬᠠᠷᠠᠭᠤᠯᠵᠤ ᠪᠠᠶᠢᠳᠠᠭ᠃ ᠵᠠᠷᠢᠮ ᠦᠶ᠎ᠡ ᠳᠤ ᠦᠨᠲᠦᠷ ᠨᠠᠰᠤᠲᠠᠢ ︵70 ᠨᠠᠰᠤᠨ ᠠᠴᠠ | ᠲᠡᠭᠡᠭᠰᠢ︶ ᠪᠤᠭᠤᠷᠤᠯᠴᠤᠳ ᠪᠤᠶᠤ ᠭᠦᠨᠲᠦᠲᠦ ᠵᠤᠴᠢᠨ ᠢᠶᠠᠷ ᠢᠶᠠᠨ ᠡᠭᠢᠯᠡᠭᠦᠯᠲᠡᠭ ᠵᠠᠩᠰᠢᠯ ᠪᠠᠶᠢᠳᠠᠭ᠃ ᠡᠨᠡ ᠨᠢ | ᠦᠭᠡᠷ᠎ᠡ ᠪᠤᠰᠤᠳ ᠢ ᠭᠦᠨᠳᠤᠳᠭᠡᠵᠦ ᠪᠠᠶᠢᠭ᠎ᠠ ᠪᠤᠯᠬᠤᠷ ᠬᠠᠷᠢᠯᠴᠠᠨ ᠨᠢᠭᠡ ᠨᠢᠭᠡ ᠪᠠᠨ ᠤᠷᠢᠵᠤ ᠶᠠᠩᠨᠠᠷᠠᠯᠴᠠᠵᠤ ᠶᠡᠭᠡ | ᠯᠡ ᠰᠦᠢᠳ ᠪᠤᠯᠳᠠᠭ ᠪᠢᠯᠡ᠃ ︵ᠬᠤᠶᠠᠷ︶ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠲᠤ ᠤᠶᠤᠨ ᠮᠡᠲᠡᠯᠭᠡ ᠶᠢᠨ | ᠭᠦᠮᠦᠵᠢᠯ ᠭᠦᠷᠲᠡᠭᠡᠲᠡᠭ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠤᠨ ᠤᠢ ᠪᠢᠯᠢᠭ ᠢ ᠨᠡᠭᠡᠭᠡᠭᠲᠡᠭᠦᠯᠭᠦ᠂ ᠰᠡᠷᠡᠯ | ᠤᠬᠠᠭᠠᠨ ᠢ ᠭᠦᠭᠵᠢᠭᠦᠯᠭᠦ᠂ ᠰᠡᠳᠭᠢᠭᠦ ᠴᠢᠳᠠᠪᠤᠷᠢ ᠶᠢ ᠲᠡᠭᠡᠭᠰᠢᠯᠡᠭᠦᠯᠭᠦ᠂ ᠤᠶᠤᠨ ᠮᠡᠲᠡᠯᠭᠡ ᠶᠢ ᠨᠡᠮᠡᠭᠲᠡᠭᠦᠯᠭᠦ ᠵᠡᠷᠭᠡ | ᠲᠠᠯ᠎ᠠ ᠪᠠᠷ ᠤᠷᠠᠨ ᠠᠷᠭ᠎ᠠ ᠠᠪᠴᠠᠯ ᠢᠶᠠᠷ ᠭᠦᠲᠦᠯᠵᠤ ᠪᠠᠶᠢᠳᠠᠭ᠃ ᠲᠦᠷᠪᠡᠨ ᠪᠡᠷᠭᠡ ᠤᠷᠭᠢᠬᠤ᠂ ᠮᠤᠷᠢ | ᠤᠷᠤᠯᠳᠤᠬᠤ᠂ ᠲᠡᠮᠡᠭᠡ ᠤᠷᠤᠯᠳᠤᠬᠤ᠂ ᠲᠠᠪᠤᠨ ᠬᠤᠰᠢᠭᠤ ᠮᠠᠯ ᠦᠷᠦᠭᠦ᠂ ᠠᠯᠳᠠᠨ ᠮᠡᠯᠡᠭᠡᠢ ᠦᠷᠦᠭᠦ ᠵᠡᠷᠭᠡ ᠠᠯᠢ | ᠤᠯᠠᠨ ᠱᠠᠭ᠎ᠠ ᠨᠠᠭᠠᠳᠤᠮ ᠤᠨ ᠲᠦᠷᠦᠯ ᠨᠢ ᠴᠦᠮ ᠭᠡᠤᠭᠡᠳ ᠪᠠᠭᠠᠴᠤᠳ ᠤᠨ ᠤᠶᠤᠨ ᠳᠠᠷᠢᠭᠢ ᠶᠢ ᠨᠡᠭᠡᠭᠡᠨ | ᠭᠦᠭᠵᠢᠭᠦᠯᠵᠦ᠂ ᠰᠡᠩᠭᠡᠭᠦᠷᠡᠯ ᠤᠨ ᠭᠦᠴᠦᠨ ᠤᠯᠭᠤᠵᠤ᠂ ᠪᠢᠯᠢᠭ ᠤᠬᠠᠭᠠᠨ ᠢ ᠬᠤᠷᠴᠠᠳᠬᠠᠵᠤ᠂ ᠤᠷ᠎ᠠ | ᠴᠢᠳᠠᠪᠤᠷᠢ ᠶᠢ ᠨᠢ ᠰᠤᠷᠢᠳᠠᠭ ᠪᠤᠯᠬᠤᠷ ᠠᠯᠢ ᠡᠷᠲᠡ ᠠᠴᠠ ᠪᠠᠨ ᠮᠤᠩᠭᠤᠯᠴᠤᠳ ᠤᠨ ᠤᠯᠠᠮᠵᠢᠯᠠᠯᠳᠤ ᠭᠡᠷ ᠤᠨ | ᠭᠦᠮᠦᠵᠢᠯ ᠳᠠᠬᠢ ᠦᠷ᠎ᠡ ᠭᠡᠤᠭᠡᠳ ᠲᠤ ᠤᠶᠤᠨ ᠮᠡᠲᠡᠯᠭᠡ ᠤᠯᠠᠮᠵᠢᠯᠠᠬᠤ ᠴᠢᠬᠤᠯᠠ ᠠᠷᠭ᠎ᠠ ᠳᠠᠮ ᠪᠤᠯᠤᠭᠰᠠᠨ | ᠪᠠᠶᠢᠳᠠᠭ᠃ ᠱᠠᠭ᠎ᠠ ᠨᠠᠭᠠᠳᠤᠮ ᠡᠭᠢᠯᠡᠭᠦ ᠳᠤ ᠠᠬᠠᠮᠠᠳ ᠲᠤᠮᠤᠭᠤᠳᠠᠨ ᠠᠴᠠ᠄ ᠵᠧ︕ ᠤᠸ᠋ᠮ ᠰᠠᠶᠢᠨ ᠠᠮᠤᠭᠤᠯᠠᠩ | ᠪᠤᠯᠳᠤᠭᠠᠢ ᠡᠩᠭᠡ ᠰᠠᠶᠢᠬᠠᠨ ᠵᠢᠷᠭᠠᠯᠠᠩ ᠪᠤᠯᠳᠤᠭᠠᠢ ᠮᠠᠨᠤ ᠱᠢᠷᠤ ᠬᠤᠪᠤᠷ ᠡᠷᠲᠡᠨᠢ ᠮᠠᠯ ᠰᠦᠷᠦᠭ ᠮᠢᠬᠠᠨ ᠡᠷᠲᠡᠨᠢ | ᠮᠢᠬᠠᠨ ᠤ ᠳᠤᠳᠤᠷ᠎ᠠ ᠶᠠᠰᠤᠨ ᠡᠷᠲᠡᠨᠢ ᠶᠠᠰᠤᠨ ᠳᠤᠳᠤᠷ᠎ᠠ ᠱᠠᠭ᠎ᠠ ᠡᠷᠲᠡᠨᠢ ᠁ ᠭᠡᠮᠡᠨ ᠢᠷᠦᠭᠡᠯ ᠬᠠᠶᠢᠷᠠᠯᠠᠳᠠᠭ | ᠳᠠᠳᠬᠠᠯ ᠲᠠᠢ᠃ ᠱᠠᠭ᠎ᠠ ᠶᠢᠨ ᠢᠷᠦᠭᠡᠯ ᠮᠠᠭᠳᠠᠭᠠᠯ ᠨᠢ ᠮᠠᠯᠴᠢᠨ ᠤᠭᠰᠠᠭᠠᠳᠠᠨ ᠤ ᠰᠠᠶᠢᠨ ᠰᠠᠶᠢᠬᠠᠨ ᠤ ᠭᠦᠰᠡᠯ | ᠵᠦᠩᠨᠡᠯ᠂ ᠠᠵᠠ ᠵᠢᠷᠭᠠᠯ ᠤᠨ ᠪᠡᠯᠭᠡᠲᠡᠯ᠂ ᠠᠵᠢᠯ ᠦᠢᠯᠡᠰ ᠤᠨ ᠪᠦᠲᠦᠮᠵᠢ᠂ ᠦᠨᠡᠨᠴᠢ ᠴᠠᠭᠠᠪᠤᠷᠢ ᠰᠡᠳᠭᠢᠯᠭᠡ | ᠵᠡᠷᠭᠡ ᠶᠢ ᠢᠯᠡᠳᠭᠡᠨ ᠬᠠᠷᠠᠭᠤᠯᠵᠤ ᠪᠠᠶᠢᠳᠠᠭ᠃ ᠡᠨᠡ ᠨᠢ ᠱᠠᠭ᠎ᠠ ᠨᠠᠭᠠᠳᠤᠮᠴᠢᠳ ᠲᠤ ᠪᠠᠶᠠᠷ ᠪᠠᠭ᠋ᠠᠳᠤᠯ᠂ ᠭᠦᠷ | ᠨᠠᠷᠭᠢᠶᠠᠨ᠂ ᠢᠲᠡᠭᠡᠯ ᠪᠢᠰᠢᠷᠡᠯ ᠤᠨ ᠠᠤᠭ᠎ᠠ ᠭᠦᠴᠦᠨ ᠢ ᠠᠪᠴᠢᠷᠠᠳᠠᠭ ᠪᠠᠶᠢᠨ᠎ᠠ᠃ ᠵᠡᠭᠦᠨᠭᠠᠷ ᠪᠤᠶᠠᠨᠪᠠᠳᠤ ᠶᠢᠨ | ᠵᠤᠭᠢᠶᠠᠭᠰᠠᠨ ︽ᠠᠯᠠᠭ ᠱᠠᠭᠠᠢ ᠶᠢᠨ ᠮᠠᠭᠳᠠᠭᠠᠯ︾ ᠳᠤ᠄ ︽ᠲᠦᠷᠪᠡᠡ ᠮᠡᠷᠭᠡᠡ ᠱᠠᠭᠠᠢ ᠳᠠᠭᠠᠨ ᠲᠡᠯᠡᠬᠡᠢ ᠶᠢᠨ | ᠵᠠᠶᠠᠭ᠎ᠠ ᠶᠢ ᠰᠢᠪᠰᠢᠭᠰᠡᠠ ᠲᠡᠩᠳᠡᠭᠦᠦ ᠬᠦᠭᠡᠷᠦᠬᠦᠨ ᠨᠠᠭᠠᠳᠤᠭᠠᠢ ᠳᠠᠭᠠᠨ ᠲᠡᠭᠡᠳᠦᠰ ᠤᠨ ᠰᠤᠷᠭᠠᠯ ᠢ ᠪᠠᠭᠳᠠᠭᠠᠭᠰᠠᠠ ᠁ | ᠱᠠᠭᠠᠢ ᠪᠤᠳᠠᠷᠠᠭᠠᠵᠦ ᠪᠤᠯᠬᠤ ᠦᠭᠡᠢ ᠰᠢᠦ ᠮᠠᠯ ᠤᠨ ᠵᠠᠶᠠᠭ᠎ᠠ ᠵᠠᠶᠢᠯᠠᠳᠠᠭ ᠶᠤᠮ ᠱᠠᠭᠠᠢ ᠭᠡᠭᠡᠵᠦ ᠪᠤᠯᠬᠤ ᠦᠭᠡᠢ ᠰᠢᠦ | ᠡᠵᠡᠡ ᠢᠶᠠᠨ ᠦᠭᠡᠶᠢᠯᠡᠵᠦ ᠭᠤᠮᠤᠳᠠᠳᠠᠭ ᠶᠤᠮ ᠁ ᠬᠦᠨᠳᠦᠳᠦ ᠮᠤᠩᠭᠤᠯ ᠤᠨ ᠲᠤᠭᠯᠠᠭᠠᠮ ᠢᠶᠠᠨ ᠬᠦᠮᠦᠨ ᠪᠦᠬᠦᠨ | ᠲᠡᠭᠡᠳᠦᠯᠡᠶᠡ ᠬᠦᠴᠦᠷᠬᠡᠭ ᠲᠡᠭᠡᠳᠦᠰ ᠤᠨ ᠰᠣᠶᠣᠯ ᠢᠶᠠᠨ ᠬᠦᠭᠵᠢᠯ ᠤᠨ ᠮᠠᠩᠯᠠᠢ ᠳᠤ ᠠᠯᠳᠠᠷᠰᠢᠭᠤᠯᠤᠶ᠎ᠠ ᠁︾ | — ᠭᠡᠮᠡᠨ ᠱᠠᠭ᠎ᠠ ᠨᠠᠭᠠᠳᠤᠮ ᠤᠨ ᠪᠡᠯᠭᠡ ᠲᠡᠮᠪᠡᠷᠢᠯ ᠪᠤᠯᠤᠨ ᠴᠡᠭᠡᠷ ᠬᠤᠷᠢᠭ᠎ᠠ ᠵᠡᠷᠭᠡ ᠲᠠᠯ᠎ᠠ ᠶᠢᠨ ᠶᠤᠰᠤ ᠵᠠᠩᠰᠢᠯ ᠢ | ᠤᠷᠠᠨ ᠢᠶᠠᠷ ᠢᠯᠡᠳᠭᠡᠭᠰᠡᠨ ᠪᠠᠶᠢᠳᠠᠭ᠃ ᠮᠤᠷᠢ ᠤᠷᠤᠯᠳᠤᠬᠤ ᠱᠠᠭ᠎ᠠ ᠨᠠᠭᠠᠳᠤᠮ ᠨᠢ ᠮᠠᠯᠵᠢᠯ ᠠᠮᠢᠳᠤᠷᠠᠯ ᠤᠨ | ᠬᠠᠮᠤᠭ ᠤᠨ ᠲᠦᠭᠡᠮᠡᠯ ᠦᠵᠡᠭᠲᠡᠯ ᠢ ᠲᠤᠰᠬᠠᠳᠠᠭ ᠮᠦᠷᠲᠡᠭᠡᠨ ᠦᠢᠯᠠᠭᠠᠬᠤ ᠳᠤ ᠲᠦᠭᠦᠮ ᠠᠪᠰᠠᠷᠬᠠᠨ ᠪᠠᠶᠢᠳᠠᠭ | ᠲᠤᠯᠠ ᠨᠠᠰᠤᠳᠠᠨ ᠪᠤᠭᠤᠷᠤᠯ ᠪᠤᠯᠤᠨ ᠨᠠᠰᠤ ᠪᠠᠭ᠎ᠠ ᠭᠡᠤᠭᠡᠳ ᠤᠨ ᠠᠯᠢ ᠨᠢ ᠴᠦ ᠨᠠᠭᠠᠳᠴᠤ ᠴᠢᠳᠠᠳᠠᠭ᠃ ᠲᠤᠰ | ᠨᠠᠭᠠᠳᠤᠮ ᠢ ᠨᠠᠭᠠᠳᠬᠤ ᠪᠠᠷ ᠳᠠᠮᠵᠢᠨ ᠭᠡᠤᠭᠡᠳ ᠪᠠᠭᠠᠴᠤᠳ ᠲᠤᠩ ᠤᠯᠠᠨ ᠮᠡᠲᠡᠯᠭᠡ ᠡᠵᠡᠮᠰᠢᠲᠡᠭ᠃ ᠳᠠᠷᠦᠢ 7 | ᠪᠤᠶᠤ 7 ᠶᠢᠨ ᠳᠠᠭᠢᠨ ᠲᠤᠭ᠎ᠠ ᠪᠠᠷ ᠱᠠᠭ᠎ᠠ ᠶᠢ ᠮᠤᠷᠢᠨ ᠲᠠᠯ᠎ᠠ ᠪᠠᠷ ᠨᠢ ᠨᠢᠭᠡ ᠱᠤᠭᠤᠮ ᠲᠡᠭᠡᠷ᠎ᠡ ᠴᠤᠪᠤᠷᠢᠭᠤᠯᠤᠨ | ᠤᠷᠤᠯᠳᠤᠭᠠᠨ ᠤ ᠵᠠᠮ ᠱᠤᠭᠤᠮ ᠪᠤᠯᠭᠠᠬᠤ᠂ ᠭᠡᠭᠦ ᠳᠡᠭᠡᠨ ᠬᠠᠮᠤᠭ ᠠᠷᠪᠢᠨ ᠳᠠᠭᠠᠨ 21 ᠱᠠᠭ᠎ᠠ ᠠᠴᠠ ᠳᠠᠪᠠᠭᠤᠯᠳᠠᠭ | ᠶᠤᠰᠤ ᠦᠭᠡᠢ᠃ ᠤᠷᠤᠯᠳᠤᠭᠠᠨ ᠤ ᠵᠠᠮ ᠱᠤᠭᠤᠮ ᠠᠴᠠ ᠰᠦᠭᠦᠮ ᠵᠠᠢ ᠳᠤ ᠡᠭᠢᠯᠡᠯᠲᠡ ᠶᠢᠨ ᠴᠡᠭ ᠢ ᠲᠤᠭᠳᠠᠭᠠᠨ | ᠤᠷᠤᠯᠳᠤᠭᠠᠨ ᠤ ᠮᠤᠷᠢᠳ ︵ᠭᠦᠮᠦᠨ ᠪᠦᠷᠢ ᠶᠢᠨ ᠨᠢᠭᠡ ᠱᠠᠭ᠎ᠠ︶ ᠢ ᠨᠢᠭᠡ ᠱᠤᠭᠤᠮ ᠲᠡᠭᠡᠷ᠎ᠡ ᠭᠦᠨᠲᠡᠯᠡᠨ ᠪᠠᠷ | ᠠᠷᠤᠭᠰᠢ ᠨᠢ ᠬᠠᠨᠳᠤᠭᠤᠯᠤᠨ ᠵᠢᠭᠰᠠᠭᠠᠵᠤ᠂ ᠮᠥᠨ ᠤᠷᠤᠯᠳᠤᠭᠠᠨ ᠤ ᠵᠠᠮ ᠱᠤᠭᠤᠮ ᠠᠴᠠ ᠰᠦᠭᠦᠮ ᠵᠠᠢ ᠳᠤ ᠨᠢᠭᠡ | ᠤᠪᠤᠭ᠎ᠠ ᠪᠤᠰᠬᠠᠨ ᠪᠠᠷᠢᠭᠠᠨ ᠤ ᠭᠠᠵᠠᠷ ︵ᠲᠡᠭᠦᠰᠭᠡᠯ ᠤᠨ ᠴᠡᠭ︶ ᠪᠤᠯᠭᠠᠬᠤ᠂ ᠤᠷᠭᠢᠯᠳᠠ ᠶᠢᠨ 4 ᠱᠠᠭ᠎ᠠ ᠶᠢ | ᠤᠷᠭᠢᠭᠠᠳ ᠠᠩᠬᠠᠨ ᠤ ᠮᠤᠷᠢ ᠪᠠᠭᠤᠬᠤ ᠳᠤ ᠤᠷᠤᠯᠳᠤᠭᠠᠨ ᠤ ᠮᠤᠷᠢ ᠡᠷᠭᠢᠭᠦ᠂ ᠳᠠᠷᠠᠭᠠᠴᠢ ᠶᠢᠨ ᠤᠷᠭᠢᠯᠲᠠ ᠳᠤ | ᠪᠠᠭᠤᠭᠰᠠᠨ ᠮᠤᠷᠢᠨ ᠤ ᠲᠤᠭ᠎ᠠ ᠪᠠᠷ ᠤᠷᠤᠯᠳᠤᠭᠠᠨ ᠤ ᠮᠤᠷᠢ ᠪᠠᠨ ᠤᠷᠤᠭᠰᠢ ᠭᠦᠶᠦᠯᠭᠡᠭᠦ ︵ᠠᠭᠢᠭᠤᠯᠬᠤ︶᠂ | ᠲᠡᠭᠦᠰᠭᠡᠯ ᠤᠨ ᠴᠡᠭ ᠭᠦᠷᠭᠦ ᠳᠤ ᠤᠪᠤᠭ᠎ᠠ ᠪᠠᠨ ᠨᠠᠷᠠ ᠵᠦᠪ ᠢᠶᠠᠷ 3 ᠡᠷᠭᠢᠵᠦ ᠦᠵᠦᠭᠦᠷ ᠮᠠᠩᠨᠠᠢ ᠲᠤᠳᠤᠷᠠᠳᠠᠭ᠃ | ᠮᠠᠩᠨᠠᠢ ᠠᠪᠤᠭᠰᠠᠨ ᠮᠤᠷᠢ ᠳᠤ ᠠᠬᠠᠮᠠᠳ ᠲᠤᠮᠤᠭᠠᠳᠠᠨ ᠠᠴᠠ ︽ᠮᠤᠷᠢᠨ ᠤ ᠢᠷᠦᠭᠡᠯ︾ ᠲᠠᠯᠪᠢᠳᠠᠭ ᠵᠤᠷᠰᠢᠯ ᠲᠠᠢ᠃ | ᠡᠭᠦᠨ ᠠᠴᠠ ᠦᠵᠡᠪᠡᠯ᠂ ᠵᠦᠪᠭᠡᠨ ᠮᠤᠷᠢ ᠤᠷᠤᠯᠳᠤᠬᠤ ᠱᠠᠭ᠎ᠠ ᠨᠠᠭᠠᠳᠤᠮ ᠤᠨ ᠶᠠᠪᠤᠴᠠ ᠲᠤᠮᠳᠠ ᠠᠴᠠ ᠭᠡᠤᠭᠡᠳ | ᠪᠠᠭᠠᠴᠤᠳ ᠲᠤᠭ᠎ᠠ ᠭᠡᠮᠵᠢᠭᠲᠡᠯ ᠠᠴᠠ ᠠᠪᠤᠭᠠᠳ ᠢᠷᠦᠭᠡᠯ ᠮᠠᠭᠳᠠᠭᠠᠯ ᠤᠨ ᠪᠠᠶᠠᠯᠢᠭ ᠰᠠᠶᠢᠬᠠᠨ ᠤᠷᠠᠨ ᠭᠡᠯᠡ | ᠭᠡᠯᠡᠯᠭᠡ ᠳᠤ ᠭᠦᠷᠲᠡᠯ᠎ᠡ᠂ ᠨᠠᠭᠠᠳᠤᠮ ᠤᠨ ᠲᠦᠷᠢᠮ ᠭᠤᠷᠢᠮ ᠠᠴᠠ ᠠᠪᠤᠭᠠᠳ ᠦᠨᠲᠦᠰᠦᠲᠡᠨ ᠤ ᠪᠠᠨ ᠤᠯᠠᠨ ᠠᠷᠪᠢᠨ | ᠶᠤᠰᠤ ᠵᠠᠩᠰᠢᠯ ᠢ ᠦᠢᠯᠠᠭᠠᠨ ᠮᠡᠲᠡᠵᠦ ᠡᠵᠡᠮᠰᠢᠲᠡᠭ ᠶᠤᠮ ᠪᠠᠶᠢᠨ᠎ᠠ᠃ ᠡᠭᠦᠨ ᠠᠴᠠ ᠭᠠᠳᠠᠨ᠎ᠠ᠂ ᠱᠠᠭ᠎ᠠ ᠨᠠᠭᠠᠳᠤᠮ ᠤᠨ | ᠶᠠᠪᠤᠴᠠ ᠲᠤᠮᠳᠠ ᠨᠠᠭᠠᠳᠤᠮᠴᠢᠳ ᠬᠤᠭᠤᠷᠤᠨᠳᠤ ᠪᠠᠨ ᠤᠨᠢᠰᠤᠭ᠎ᠠ ᠲᠠᠭᠠᠯᠴᠠᠬᠤ᠂ ᠦᠯᠢᠭᠡᠷ ᠲᠤᠮᠤᠭ ᠶᠠᠷᠢᠬᠤ᠂ | ᠵᠦᠢᠷ ᠰᠡᠴᠡᠨ ᠦᠭᠡ ᠪᠤᠶᠤ ᠭᠡᠯᠡ ᠵᠦᠭᠰᠢᠷᠡᠭᠦᠯᠭᠦ ᠦᠭᠡ ᠭᠡᠯᠡᠭᠦ᠂ ᠳᠠᠭᠤᠤ ᠳᠠᠭᠤᠯᠠᠬᠤ᠂ ᠱᠤᠭ ᠭᠠᠷᠭᠠᠬᠤ ᠵᠡᠷᠭᠡ | ᠤᠯᠠᠨ ᠵᠦᠢᠯ ᠤᠨ ᠤᠷ᠎ᠠ ᠠᠪᠢᠶᠠᠰ ᠢᠶᠠᠨ ᠢᠯᠡᠷᠡᠭᠦᠯᠦᠨ ᠭᠦᠷ ᠭᠦᠭᠵᠢᠶᠡᠨ ᠨᠡᠮᠡᠷᠢᠯᠡᠲᠡᠭ ᠶᠤᠮ᠃ ᠶᠡᠷᠦᠨᠢ ᠲᠡᠭᠡᠭᠡᠳ | ᠱᠠᠭ᠎ᠠ ᠨᠠᠭᠠᠳᠤᠮ ᠤᠨ ᠪᠤᠢ ᠪᠦᠭᠦᠢ ᠲᠦᠷᠦᠯ ᠵᠦᠢᠯ ᠨᠢ ᠴᠦᠮ ᠳᠠᠯᠠᠢ ᠶᠡᠭᠡ ᠮᠡᠲᠡᠯᠭᠡ ᠶᠢᠨ ᠰᠠᠩ ᠪᠤᠯᠵᠤ ᠪᠠᠶᠢᠳᠠᠭ | ᠪᠤᠯᠬᠤᠷ ᠠᠯᠢ ᠨᠢᠭᠡᠨ ᠲᠦᠷᠦᠯ ᠤᠨ ᠨᠠᠭᠠᠳᠤᠮ ᠢ ᠨᠢ ᠨᠠᠭᠠᠳᠤᠭᠰᠠᠨ ᠴᠦ ᠪᠦᠷ ᠭᠡᠤᠭᠡᠳ ᠪᠠᠭᠠᠴᠤᠳ ᠲᠤ ᠤᠶᠤᠨ ᠤ | ᠮᠡᠲᠡᠯᠭᠡ ᠶᠢᠨ ᠰᠢᠮ᠎ᠡ ᠬᠠᠩᠭᠠᠵᠤ᠂ ᠪᠢᠯᠢᠭ ᠤᠨ ᠭᠡᠭᠡᠷᠡᠯ ᠢ ᠤᠯᠭᠤᠳᠠᠭ᠃ ᠡᠶᠢᠮᠦ ᠢᠶᠠᠷ ᠢᠶᠠᠨ ᠱᠠᠭ᠎ᠠ ᠨᠠᠭᠠᠳᠤᠮ ᠪᠣᠯ | ᠢᠰᠠᠭᠡᠢ ᠲᠤᠭᠤᠷᠭᠠᠳᠠᠨ ᠤ ᠤᠶᠤᠨ ᠮᠡᠲᠡᠯᠭᠡ ᠶᠢᠨ ᠳᠠᠯᠠᠢ ᠶᠡᠭᠡ ᠭᠦᠮᠦᠷᠭᠡ ᠮᠥᠨ᠃ ︵ᠭᠤᠷᠪᠠ︶ ᠱᠠᠭ᠎ᠠ | ᠨᠠᠭᠠᠳᠤᠮ ᠨᠢ ᠭᠡᠤᠭᠡᠳ ᠪᠠᠭᠠᠴᠤᠳ ᠲᠤ ᠪᠡᠶ᠎ᠡ ᠰᠡᠳᠭᠢᠯ ᠤᠨ ᠲᠠᠩᠭᠡᠭᠦᠷᠡᠯ ᠤᠨ ᠭᠦᠮᠦᠵᠢᠯ ᠭᠦᠷᠲᠡᠭᠡᠲᠡᠭ ᠪᠠᠭ᠎ᠠ | ᠭᠡᠤᠭᠡᠳ ᠱᠠᠭ᠎ᠠ ᠶᠢ ᠭᠠᠷ ᠲᠠᠭᠠᠨ ᠪᠠᠷᠢᠵᠤ ᠡᠷᠭᠢᠭᠦᠯᠵᠤ ᠤᠷᠪᠠᠭᠤᠯᠵᠤ ᠰᠤᠨᠢᠷᠬᠠᠬᠤ ᠶᠠᠪᠤᠴᠠ ᠳᠤ ᠨᠢᠳᠤᠨ | ᠬᠠᠷᠠᠭᠠᠨ ᠤ ᠰᠡᠷᠡᠯ ᠪᠤᠯᠤᠨ ᠭᠠᠷ ᠬᠤᠷᠤᠭᠤᠨ ᠤ ᠮᠡᠲᠡᠷᠡᠮᠵᠢ ᠶᠢ ᠨᠦᠯᠦᠭᠡᠯᠡᠭᠦ ᠪᠠᠷ ᠳᠠᠮᠵᠢᠨ ᠱᠠᠭ᠎ᠠ ᠲᠠᠢ | ᠲᠠᠨᠢᠯᠴᠠᠳᠠᠭ᠃ ᠪᠠᠭ᠎ᠠ ᠭᠡᠤᠭᠡᠳ ᠱᠠᠭ᠎ᠠ ᠶᠢ ᠭᠠᠷ ᠲᠤ ᠪᠠᠨ ᠠᠳᠬᠤᠨ ᠡᠷᠭᠢᠭᠦᠯᠵᠦ ᠤᠷᠪᠠᠭᠤᠯᠬᠤ ᠨᠢ ᠬᠠᠷᠠᠭᠠᠨ | ᠰᠡᠷᠡᠯ ᠢ ᠲᠦᠪᠯᠡᠷᠡᠭᠦᠯᠦᠨ ᠭᠦᠭᠵᠢᠭᠦᠯᠭᠦ᠂ ᠭᠠᠷ ᠤᠨ ᠠᠯᠠᠭᠠᠨ ᠳᠤ ᠨᠢ ᠢᠯᠪᠢᠯᠲᠠ ᠡᠭᠦᠰᠭᠡᠨ ᠲᠤᠳᠤᠷ ᠡᠷᠭᠡᠲᠡᠨ ᠢ | ᠰᠠᠶᠢᠵᠢᠷᠠᠭᠤᠯᠬᠤ᠂ ᠭᠠᠷ ᠬᠤᠷᠤᠭᠤᠨ ᠤ ᠭᠦᠴᠦ ᠴᠢᠳᠠᠯ ᠢ ᠨᠡᠮᠡᠭᠲᠡᠭᠦᠯᠭᠦ᠂ ᠭᠠᠷ ᠤᠨ ᠪᠤᠯᠴᠢᠩ ᠤᠨ ᠭᠦᠭᠵᠢᠯᠲᠡ ᠶᠢ | ᠨᠦᠯᠦᠭᠡᠯᠡᠨ ᠪᠡᠶ᠎ᠡ ᠶᠢᠨ ᠭᠦᠴᠦᠨ ᠴᠢᠳᠠᠯ ᠢ ᠨᠡᠮᠡᠭᠲᠡᠭᠦᠯᠲᠡᠭ᠃ ᠭᠡᠤᠭᠡᠳ ᠭᠡᠯᠡ ᠳᠤ ᠤᠷᠤᠬᠤ ᠲᠠᠢ ᠵᠡᠷᠭᠡ ᠨᠢᠭᠡᠨᠲᠡ | ᠳᠠᠰᠤᠯ ᠪᠤᠯᠤᠭᠰᠠᠨ ᠱᠠᠭ᠎ᠠ ᠪᠠᠷ ᠢᠶᠠᠨ ᠳᠠᠪᠤᠨ ᠬᠤᠰᠢᠭᠤ ᠮᠠᠯ ᠤᠨ ᠢᠶᠠᠨ ᠨᠠᠷ᠎ᠡ ᠶᠢ ᠭᠡᠯᠡᠵᠤ ᠴᠢᠳᠠᠬᠤ᠂ ᠨᠢᠭᠡ ᠬᠤᠶᠠᠷ | ᠭᠡᠮᠡᠨ ᠲᠤᠭ᠎ᠠ ᠲᠤᠭᠠᠯᠠᠵᠤ ᠡᠭᠢᠯᠡᠲᠡᠭ᠃ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠤᠨ ᠨᠢᠳᠤᠨ ᠬᠠᠷᠠᠭ᠎ᠠ ᠶᠢ | ᠵᠦᠭᠰᠢᠷᠡᠭᠦᠯᠭᠦ᠂ ᠭᠠᠷ ᠬᠤᠷᠤᠭᠤᠨ ᠤ ᠦᠶ᠎ᠡ ᠭᠡᠰᠢᠭᠦᠦ ᠶᠢ ᠤᠶᠠᠨ ᠤᠷᠠᠨ ᠮᠦᠷᠲᠡᠭᠡᠨ ᠬᠤᠷᠳᠤᠨ ᠱᠠᠯᠠᠮᠠᠭᠠᠢ | ᠪᠤᠯᠭᠠᠬᠤ ᠳᠤ ᠮᠠᠰᠢ ᠴᠢᠬᠤᠯᠠ ᠦᠢᠯᠡᠲᠦᠯ ᠦᠵᠡᠭᠦᠯᠲᠡᠭ᠃ ᠱᠠᠭ᠎ᠠ ᠰᠠᠶᠢᠨ ᠨᠠᠭᠠᠳᠪᠠᠯ ᠤᠬᠠᠭ᠎ᠠ ᠰᠡᠷᠭᠦᠯᠡᠩ ᠳᠠᠷᠢᠭᠢ | ᠬᠤᠷᠴᠠ᠂ ᠭᠡᠯᠡ ᠭᠡᠯᠡᠯᠭᠡ ᠪᠠᠶᠠᠨ ᠠᠪᠢᠶᠠᠰᠯᠢᠭ ᠪᠤᠯᠵᠤ ᠬᠤᠯᠪᠤᠨ ᠰᠡᠳᠭᠢᠭᠦ ᠪᠠᠷ ᠴᠢᠳᠠᠮᠠᠭ᠂ ᠴᠡᠭᠡᠵᠢᠯᠡᠭᠦ | ᠴᠢᠳᠠᠪᠦᠷᠢ ᠪᠠᠷ ᠰᠠᠶᠢᠨ ᠪᠤᠯᠳᠠᠭ ᠭᠡᠲᠡᠭ ᠦᠭᠡ ᠲᠠᠢ ᠪᠤᠯᠬᠤᠷ ᠭᠡᠤᠭᠡᠳ ᠪᠠᠭᠠᠴᠤᠳ ᠤᠨ ᠪᠠᠶ᠎ᠠ ᠰᠡᠳᠭᠢᠴᠡ ᠶᠢᠨ | ᠭᠦᠭᠵᠢᠯᠲᠠ ᠳᠤ ᠲᠡᠩᠭᠡᠭᠦᠷᠡᠯ ᠪᠤᠯᠳᠠᠭ᠃ ︵ᠲᠦᠷᠪᠡ︶ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠲᠤ ᠭᠤᠸ᠎ᠠ | ᠵᠦᠢ ᠶᠢᠨ ᠭᠦᠮᠦᠵᠢᠯ ᠭᠦᠷᠲᠡᠭᠡᠲᠡᠭ ᠮᠠᠯᠴᠢᠨ ᠲᠦᠮᠠᠨ ︽ᠱᠠᠭ᠎ᠠ ᠰᠠᠶᠢᠬᠠᠨ ᠮᠦᠯᠵᠢᠪᠡᠯ ᠰᠠᠶᠢᠨ ᠠᠭᠳᠠ ᠤᠨᠤᠨ᠎ᠠ᠂ | ᠪᠤᠷᠪᠢ ᠰᠠᠶᠢᠬᠠᠨ ᠮᠦᠯᠵᠢᠪᠡᠯ ᠰᠠᠶᠢᠨ ᠠᠳᠠ ᠤᠨᠤᠨ᠎ᠠ︾ ᠭᠡᠮᠡᠨ ᠱᠠᠭ᠎ᠠ ᠶᠢ ᠴᠡᠪᠡᠷ ᠰᠠᠶᠢᠬᠠᠨ ᠮᠦᠯᠵᠢᠨ ᠴᠠᠶᠢᠯᠭᠠᠳᠠᠭ | ᠵᠤᠷᠰᠢᠯ ᠲᠠᠢ᠃ ︽ᠱᠠᠭ᠎ᠠ ᠠᠷᠪᠢᠨ ᠬᠤᠷᠢᠶᠠᠪᠠᠯ ᠮᠠᠯ ᠦᠨᠢᠷ ᠦᠰᠲᠡᠭ︾ ᠭᠡᠮᠡᠨ ᠱᠠᠭ᠎ᠠ ᠶᠢ ᠭᠡᠭᠡᠵᠦ ᠬᠠᠶᠠᠯ | ᠦᠭᠡᠢ ᠪᠠᠷ ᠲᠤᠰᠬᠠᠢ ᠭᠤᠶᠤ ᠰᠠᠶᠢᠬᠠᠨ ᠰᠢᠷᠢᠮᠡᠯ ᠤᠭᠤᠳᠠ ᠪᠤᠶᠤ ᠤᠭᠠᠯᠵᠠᠨ ᠭᠡ ᠲᠠᠢ ᠠᠪᠳᠠᠷ᠎ᠠ ᠳᠤ ᠬᠤᠷᠢᠶᠠᠨ | ᠬᠠᠳᠠᠭᠠᠯᠠᠬᠤ᠂ ᠬᠠᠳᠠᠨ ᠤ ᠬᠠᠭ ᠪᠤᠶᠤ ᠪᠤᠰᠤᠳ ᠵᠦᠢᠯ ᠤᠨ ᠪᠤᠳᠤᠭ ᠢᠶᠠᠷ ᠱᠠᠭ᠎ᠠ ᠪᠠᠨ ᠪᠤᠳᠤᠵᠤ ᠤᠯᠠᠨ | ᠦᠩᠭᠡ ᠶᠢᠨ ᠭᠤᠶᠤ ᠱᠠᠭ᠎ᠠ ᠪᠤᠯᠭᠠᠨ ᠨᠠᠭᠠᠳᠳᠠᠭ᠃ ᠦᠩᠭᠡ ᠪᠤᠳᠤᠭ ᠲᠠᠢ ᠱᠠᠭ᠎ᠠ ᠪᠠᠷ ᠤᠯᠠᠨ ᠭᠦᠮᠦᠨ ᠮᠤᠷᠢ | ᠤᠷᠤᠯᠳᠤᠬᠤ ᠳᠤ ᠭᠡᠨ ᠤ ᠵᠢᠷᠤᠭ᠎ᠠ ᠬᠠᠷ᠎ᠠ᠂ ᠭᠡᠨ ᠤ ᠬᠤᠷᠳᠤᠨ ᠵᠡᠭᠡᠷᠲᠡ᠂ ᠭᠡᠨ ᠤ ᠤᠷᠤᠭ᠎ᠠ ᠰᠢᠷᠭ᠎ᠠ ᠭᠡᠮᠡᠨ | ᠨᠡᠷᠡᠯᠡᠵᠦ᠂ ᠲᠡᠮᠡᠭᠡ ᠤᠷᠤᠯᠳᠤᠬᠤ ᠳᠤ ᠭᠡᠨ ᠤ ᠲᠤᠭᠰᠢᠨ ᠭᠦᠭᠡ ᠲᠡᠷᠢᠭᠦᠯᠡᠵᠦ᠂ ᠭᠡᠨ ᠤ ᠰᠤᠯᠢᠪᠤ ᠰᠢᠷ᠎ᠠ ᠠᠮᠠᠨ | ᠭᠦᠵᠦᠭᠦᠨ ᠳᠤ ᠢᠷᠡᠯ᠎ᠡ᠂ ᠭᠡᠨ ᠤ ᠵᠤᠵᠢᠭ ᠬᠠᠷ᠎ᠠ ᠪᠠᠶᠠᠨ ᠬᠤᠳᠤᠭᠠᠳᠤ ᠪᠤᠯᠤᠯ᠎ᠠ ᠭᠡᠭᠦᠴᠢᠯᠡᠨ ᠭᠦᠷ ᠨᠡᠷᠭᠢᠶᠠᠨ | ᠪᠤᠯᠳᠠᠭ᠃ ᠭᠡᠤᠭᠡᠳ ᠢᠶᠠᠷ ᠱᠠᠭ᠎ᠠ ᠪᠠᠷ ᠠᠯᠳᠠᠨ ᠮᠡᠯᠡᠭᠡᠢ ᠦᠷᠦᠭᠦᠯᠵᠦ ᠭᠡᠨ ᠭᠡᠨ ᠨᠢ ᠭᠤᠶᠤ ᠰᠠᠶᠢᠬᠠᠨ | ᠦᠷᠦᠭᠰᠡᠨ ᠢ ᠨᠢ ᠠᠳᠠᠯᠢᠳᠬᠠᠳᠠᠭ᠃ ᠡᠲᠡᠭᠡᠷ ᠱᠠᠭ᠎ᠠ ᠨᠠᠭᠠᠳᠤᠮ ᠤᠨ ᠶᠠᠪᠤᠴᠠ ᠳᠤ ᠭᠡᠤᠭᠡᠳ ᠪᠠᠭᠠᠴᠤᠳ ᠭᠤᠸ᠎ᠠ | ᠵᠦᠢ ᠶᠢᠨ ᠭᠦᠮᠦᠵᠢᠯ ᠭᠦᠷᠲᠡᠨ ᠭᠤᠸ᠎ᠠ ᠰᠠᠶᠢᠬᠠᠨ ᠤ ᠲᠤᠬᠠᠢ ᠦᠯᠡᠮᠵᠢ ᠦᠢᠯᠠᠭᠠᠮᠵᠢ ᠲᠠᠢ ᠪᠤᠯᠵᠤ ᠦᠢᠯᠡ ᠶᠠᠪᠤᠳᠠᠯ᠂ | ᠭᠦᠲᠡᠯᠦᠯ ᠪᠠᠷᠢᠯᠠᠯ ᠤᠨ ᠲᠤᠮᠳᠠ ᠪᠠᠨ ᠶᠠᠭᠤᠮ᠎ᠠ ᠭᠡᠤᠮᠡ ᠪᠠᠨ ᠡᠪᠲᠡᠢ ᠲᠢᠭ ᠲᠠᠢ ᠬᠤᠷᠢᠶᠠᠵᠤ ᠲᠠᠯᠪᠢᠬᠤ᠂ ᠴᠡᠪᠡᠷ | ᠠᠷᠢᠭᠤᠨ ᠢ ᠡᠷᠭᠢᠮᠯᠡᠭᠦ ᠵᠠᠩ ᠠᠷᠠᠨᠰᠢᠨ ᠲᠠᠢ ᠪᠤᠯᠵᠤ ᠭᠦᠮᠦᠵᠢᠲᠡᠭ᠃ ᠢᠯᠠᠩᠭᠤᠶ᠎ᠠ ᠤᠷᠴᠢᠮ ᠤᠨ ᠵᠢᠯ ᠤᠳ ᠲᠤ᠂ | ᠱᠠᠭ᠎ᠠ ᠤᠷᠠᠯᠠᠯ ᠤᠨ ᠦᠢᠯᠡᠰ ᠭᠦᠭᠵᠢᠭᠰᠡᠨ ᠠᠴᠠ ᠭᠡᠤᠭᠡᠳ ᠪᠠᠭᠠᠴᠤᠳ ᠱᠠᠭ᠎ᠠ ᠨᠠᠭᠠᠳᠤᠮ ᠳᠤ ᠨᠡᠩ ᠲᠤᠷ᠎ᠠ | ᠪᠠᠬ᠎ᠠ ᠲᠠᠢ ᠪᠤᠯᠵᠤ᠂ ᠱᠠᠭ᠎ᠠ ᠶᠢᠨ ᠲᠤᠬᠠᠢ ᠦᠢᠯᠠᠭᠠᠯᠳᠠ ᠲᠠᠨᠢᠯᠳᠠ ᠪᠠᠷ ᠦ᠋ᠨᠵᠡᠭᠡᠢ ᠪᠤᠯᠵᠤ ᠱᠠᠭ᠎ᠠ ᠴᠤᠭᠯᠠᠭᠤᠯᠤᠨ | ᠬᠤᠷᠢᠶᠠᠵᠤ ᠬᠠᠳᠠᠭᠠᠯᠠᠬᠤ᠂ ᠱᠠᠭ᠎ᠠ ᠨᠠᠭᠠᠳᠬᠤ᠂ ᠱᠠᠭ᠎ᠠ ᠪᠠᠷ ᠭᠤᠶᠤ ᠰᠠᠶᠢᠬᠠᠨ ᠤᠷᠠᠯᠠᠯ ᠪᠦᠲᠦᠭᠡᠯ ᠤᠷᠠᠯᠠᠬᠤ | ᠪᠤᠯᠵᠡᠢ᠃ ᠱᠠᠭ᠎ᠠ ᠤᠷᠠᠯᠠᠯ ᠨᠢ ᠭᠡᠤᠭᠡᠳ ᠪᠠᠭᠠᠴᠤᠳ ᠲᠤ ᠨᠡᠩ ᠦᠷᠭᠡᠨ ᠭᠡᠪᠴᠢᠶᠡᠨ ᠤ ᠭᠤᠸ᠎ᠠ ᠰᠠᠶᠢᠬᠠᠨ ᠤ | ᠲᠠᠭᠠᠰᠢᠶᠠᠯ ᠢ ᠠᠪᠴᠢᠷᠠᠭᠰᠠᠨ ᠠᠴᠠ ᠱᠠᠭ᠎ᠠ ᠪᠠᠨ ᠭᠢᠮᠠᠭᠠᠳᠠᠨ ᠬᠠᠶᠢᠷᠠᠯᠠᠬᠤ᠂ ᠲᠤᠷ᠎ᠠ ᠰᠤᠨᠢᠷᠬᠠᠯ ᠲᠠᠢ ᠵᠦᠢᠯᠡᠰ ᠢᠶᠠᠨ | ᠱᠠᠭ᠎ᠠ ᠪᠠᠷ ᠤᠷᠠᠯᠠᠨ ᠪᠤᠳᠤᠭᠰᠠᠨ ᠰᠠᠨᠠᠭᠰᠠᠨ᠂ ᠭᠦᠰᠡᠨ ᠵᠦᠩᠨᠡᠭᠰᠡᠨ ᠢᠶᠠᠨ ᠢᠯᠡᠳᠭᠡᠲᠡᠭ᠃ ᠠᠪᠤ ᠡᠵᠢ ᠨᠢ | ᠭᠡᠤᠭᠡᠳ ᠤᠨ ᠢᠶᠠᠨ ᠱᠠᠭ᠎ᠠ ᠤᠷᠠᠯᠠᠯ ᠢ ᠤᠷᠠᠯᠠᠬᠤ ᠶᠠᠪᠤᠴᠠ ᠳᠤ ᠶᠤᠰᠤ ᠵᠠᠩᠰᠢᠯ ᠤᠨ ᠵᠦᠢᠯᠡᠰ ᠤᠨ ᠭᠤᠸ᠎ᠠ ᠵᠦᠢ ᠶᠢ | ᠭᠡᠤᠭᠡᠳ ᠲᠡᠭᠡᠨ ᠤᠯᠠᠮᠵᠢᠯᠠᠨ ᠲᠠᠨᠢᠭᠤᠯᠳᠠᠭ᠃ ᠵᠢᠱᠢᠶᠡᠯᠡᠪᠡᠯ᠂ ᠱᠠᠭ᠎ᠠ ᠪᠠᠷ ᠪᠦᠲᠦᠨ ᠭᠡᠷ ᠤᠷᠠᠯᠠᠬᠤ ᠳᠤ ᠴᠠᠭᠠᠨ | ᠦᠩᠭᠡ ᠪᠠᠷ ᠤᠷᠠᠯᠠᠬᠤ ᠠᠴᠠ ᠪᠢᠰᠢ᠂ ᠬᠠᠷᠢᠨ ᠬᠠᠷ᠎ᠠ ᠦᠩᠭᠡ ᠪᠠᠷ ᠤᠷᠠᠯᠠᠬᠤ ᠦᠭᠡᠢ ᠭᠡᠭᠦ ᠮᠡᠲᠦ ᠪᠠᠷ ᠠᠪᠤ ᠡᠵᠢ ᠨᠢ | ᠭᠡᠤᠭᠡᠳ ᠲᠡᠭᠡᠨ ᠶᠤᠰᠤ ᠵᠠᠩᠰᠢᠯ ᠵᠠᠩ ᠳᠠᠳᠬᠠᠯ ᠤᠨ ᠲᠠᠯ᠎ᠠ ᠪᠠᠷ ᠭᠤᠸ᠎ᠠ ᠵᠦᠢ ᠶᠢᠨ ᠭᠦᠮᠦᠵᠢᠯ ᠭᠦᠷᠲᠡᠭᠡᠲᠡᠭ | ᠪᠠᠶᠢᠨ᠎ᠠ᠃ ︵ᠲᠠᠪᠤ︶ ᠱᠠᠭ᠎ᠠ ᠨᠠᠭᠠᠳᠤᠮ ᠨᠢ ᠭᠡᠤᠭᠡᠳ ᠪᠠᠭᠠᠴᠤᠳ ᠲᠤ ᠠᠵᠢᠯᠴᠢ ᠠᠷᠪᠢᠴᠢ ᠶᠢᠨ ᠭᠦᠮᠦᠵᠢᠯ | ᠭᠦᠷᠲᠡᠭᠡᠲᠡᠭ ᠱᠠᠭ᠎ᠠ ᠨᠠᠭᠠᠳᠤᠮ ᠨᠢ ᠮᠠᠯᠵᠢᠯ ᠠᠮᠢᠳᠤᠷᠠᠯ ᠦᠢᠯᠡᠳᠪᠦᠷᠢᠯᠡᠯ ᠢᠶᠠᠷ ᠪᠦᠭᠦ᠋ᠢᠯᠡ ᠠᠭᠤᠯᠭ᠎ᠠ ᠪᠠᠨ | ᠪᠤᠯᠭᠠᠭᠰᠠᠨ ᠪᠠᠶᠢᠳᠠᠭ᠃ ᠮᠤᠷᠢ ᠤᠷᠤᠯᠳᠤᠬᠤ᠂ ᠲᠡᠮᠡᠭᠡ ᠤᠷᠤᠯᠳᠤᠬᠤ ᠠᠴᠠ ᠡᠭᠢᠯᠡᠨ ᠲᠠᠪᠤᠨ ᠬᠤᠰᠢᠭᠤ ᠮᠠᠯ | ᠦᠰᠭᠡᠭᠦ᠂ ᠠᠳᠤᠭᠤ ᠬᠠᠷᠢᠭᠤᠯᠬᠤ᠂ ᠬᠤᠨᠢ ᠬᠤᠯᠪᠤᠬᠤ᠂ ᠭᠡᠭᠦᠦ ᠰᠠᠭᠠᠬᠤ᠂ ᠠᠶᠠᠨ ᠭᠢᠭᠦ ᠵᠡᠷᠭᠡ ᠳᠤ ᠭᠦᠷᠲᠡᠯ᠎ᠡ ᠮᠠᠯ | ᠮᠠᠯᠵᠢᠯ ᠤᠨ ᠪᠦᠭᠦ ᠠᠭᠤᠯᠭ᠎ᠠ ᠶᠢ ᠪᠠᠭᠳᠠᠭᠠᠭᠰᠠᠨ ᠪᠠᠶᠢᠳᠠᠭ ᠪᠤᠯᠬᠤᠷ ᠨᠠᠭᠠᠳᠤᠮ ᠤᠨ ᠶᠠᠪᠤᠴᠠ ᠳᠤ ᠭᠡᠤᠭᠡᠳ | ᠪᠠᠭᠠᠴᠤᠳ ᠶᠡᠭᠡᠴᠤᠤᠯ ᠠᠴᠠ ᠮᠠᠯ ᠮᠠᠯᠵᠢᠯ ᠤᠨ ᠠᠵᠢᠯ ᠭᠦᠲᠡᠯᠮᠤᠷᠢ ᠵᠢᠴᠢ ᠲᠡᠭᠦᠨ ᠤ ᠤᠷ᠎ᠠ ᠤᠬᠠᠭᠠᠨ ᠢ ᠰᠤᠷᠴᠤ | ᠮᠡᠲᠡᠲᠡᠭ᠃ ᠡᠭᠦᠨ ᠤ ᠤᠯᠠᠮ ᠠᠴᠠ ᠪᠤᠯᠵᠤ ᠭᠡᠤᠭᠡᠳ ᠪᠠᠭᠠᠴᠤᠳ ᠮᠠᠯ ᠮᠠᠯᠵᠢᠯ ᠤᠨ ᠠᠵᠢᠯ ᠭᠦᠲᠡᠯᠮᠤᠷᠢ ᠳᠤ ᠲᠤᠷ᠎ᠠ | ᠪᠠᠬ᠎ᠠ ᠲᠠᠢ ᠪᠤᠯᠵᠤ ᠭᠦᠲᠡᠯᠮᠤᠷᠢ ᠶᠢ ᠡᠷᠭᠢᠮᠯᠡᠭᠦ ᠲᠠᠨᠢᠯᠳᠠ ᠲᠠᠢ ᠪᠤᠯᠳᠠᠭ᠃ ᠮᠥᠨ ᠡᠭᠦᠨ ᠳᠡᠭᠡᠨ ᠰᠠᠭᠤᠷᠢᠯᠠᠨ | ᠶᠠᠭᠤᠮ᠎ᠠ ᠪᠠᠨ ᠭᠠᠮᠨᠠᠨ ᠠᠷᠪᠢᠯᠠᠬᠤ᠂ ᠭᠦᠲᠡᠯᠮᠤᠷᠢ ᠶᠢᠨ ᠦᠷ᠎ᠡ ᠪᠦᠲᠦᠭᠡᠯ ᠢᠶᠠᠨ ᠬᠠᠶᠢᠷᠠᠯᠠᠨ ᠭᠠᠮᠨᠠᠬᠤ ᠵᠡᠷᠭᠡ ᠭᠡᠪ | ᠰᠤᠷᠳᠠᠯ ᠲᠠᠢ ᠪᠤᠯᠳᠠᠭ ᠶᠤᠮ᠃ ᠪᠠᠭᠴᠠᠯᠠᠪᠠᠯ᠂ ᠮᠠᠯᠴᠢᠨ ᠲᠦᠮᠠᠨ ᠤ ᠱᠠᠭ᠎ᠠ ᠪᠠᠷ ᠵᠠᠭᠪᠤᠷᠢᠴᠢᠯᠠᠭᠰᠠᠨ ᠭᠡᠷ ᠤᠨ | ᠭᠦᠮᠦᠵᠢᠯ ᠨᠢ ᠨᠢᠭᠡ ᠭᠡᠰᠡᠭ ᠭᠠᠵᠠᠷ ᠨᠤᠳᠤᠭ ᠪᠤᠶᠤ ᠭᠡᠲᠦᠭᠡᠨ ᠤᠪᠤᠭ ᠠᠶᠢᠮᠠᠭ ᠤᠨ ᠭᠡᠪᠴᠢᠶᠡᠨ ᠳᠤ | ᠭᠢᠵᠠᠭᠠᠷᠯᠠᠭᠳᠠᠭᠰᠠᠨ ᠪᠢᠰᠢ ᠪᠠᠶᠢᠵᠤ᠂ ᠬᠠᠷᠢᠨ ᠪᠦᠭᠦ᠋ᠢᠯᠡ ᠮᠤᠩᠭᠤᠯ ᠲᠤᠭᠤᠷᠭᠠᠳᠠᠨ ᠤ ᠭᠡᠪᠴᠢᠶᠠᠨ ᠳᠤ ᠲᠦᠭᠡᠮᠡᠯᠵᠢᠨ | ᠲᠡᠯᠭᠡᠷᠡᠵᠤ ᠨᠡᠶᠢᠲᠡ ᠮᠤᠩᠭᠤᠯᠴᠤᠳ ᠤᠨ ᠭᠡᠷ ᠤᠨ ᠭᠦᠮᠦᠵᠢᠯ ᠤᠨ ᠠᠮᠢᠳᠤᠯᠢᠭ ᠠᠷᠭ᠎ᠠ ᠭᠡᠷᠡᠭᠯᠡᠭᠦᠷ ᠪᠤᠯᠵᠡᠢ᠃ | ᠱᠠᠭ᠎ᠠ ᠪᠠᠷ ᠵᠠᠭᠪᠤᠷᠢᠴᠢᠯᠠᠭᠰᠠᠨ ᠭᠡᠷ ᠤᠨ ᠭᠦᠮᠦᠵᠢᠯ ᠨᠢ ᠮᠢᠩᠭ᠎ᠠ ᠲᠦᠮᠡᠨ ᠤᠨ ᠵᠢᠯ ᠢ ᠡᠯᠡᠭᠡᠨ ᠵᠠᠭᠤᠨ ᠵᠠᠭᠤᠨ ᠦᠶ᠎ᠡ | ᠤᠳᠤᠮ ᠢ ᠳᠠᠮᠵᠢᠨ ᠦᠨᠦᠲᠦᠷ ᠲᠤ ᠭᠦᠷᠴᠦ ᠢᠷᠡᠭᠰᠡᠨ ᠨᠢ ᠭᠠᠶᠢᠬᠠᠮᠰᠢᠭ ᠲᠠᠢ ᠮᠦᠷᠲᠡᠭᠡᠨ ᠪᠢᠰᠢᠷᠡᠭᠦᠰᠢᠲᠡᠢ ᠰᠠᠨ᠃ | ᠰᠢᠨᠵᠢᠯᠡᠭᠡ ᠮᠡᠷᠭᠡᠵᠢᠯ ᠲᠦᠷᠭᠡᠨ ᠭᠦᠭᠵᠢᠵᠤ ᠤᠳᠤᠭᠢᠴᠢᠯᠠᠭᠰᠠᠨ ᠰᠤᠷᠭᠠᠨ ᠭᠦᠮᠦᠵᠢᠯ ᠢ ᠭᠡᠷᠡᠭᠯᠡᠭᠰᠡᠨ ᠦᠨᠦᠲᠦᠷ ᠴᠦ | ᠭᠡᠳ ᠱᠠᠭ᠎ᠠ ᠪᠠᠷ ᠵᠠᠭᠪᠤᠷᠢᠴᠢᠯᠠᠭᠰᠠᠨ ᠤᠯᠠᠮᠵᠢᠯᠠᠯᠳᠤ ᠭᠡᠷ ᠤᠨ ᠭᠦᠮᠦᠵᠢᠯ ᠢ ᠮᠥᠨ ᠶᠡᠭᠡᠪᠠᠷ ᠱᠠᠭᠠᠷᠳᠠᠭᠳᠠᠵᠤ | ᠪᠠᠶᠢᠳᠠᠭ ᠠᠴᠠ ᠦᠵᠡᠭᠦ ᠳᠤ᠂ ᠲᠡᠷᠡ ᠨᠢ ᠮᠠᠰᠢ ᠶᠡᠭᠡ ᠠᠮᠢᠳᠤᠷᠠᠬᠤ ᠭᠦᠴᠦᠨ ᠲᠠᠢ ᠪᠠᠶᠢᠳᠠᠭ ᠲᠤ ᠪᠤᠢ᠃ | ᠡᠶᠢᠮᠦ ᠠᠴᠠ᠂ ᠱᠠᠭ᠎ᠠ ᠪᠣᠯ ᠤᠯᠠᠮᠵᠢᠯᠠᠯᠳᠤ ᠭᠡᠷ ᠤᠨ ᠭᠦᠮᠦᠵᠢᠯ ᠤᠨ ᠠᠮᠢᠳᠤᠯᠢᠭ ᠵᠠᠭᠪᠤᠷᠢ ᠮᠦᠷᠲᠡᠭᠡᠨ ᠴᠡᠴᠡᠨ | ᠤᠬᠠᠭᠠᠨ ᠮᠥᠨ᠂ ᠶᠤᠰᠤᠲᠠᠢ ᠮᠤᠩᠭᠤᠯ ᠤᠬᠠᠭᠠᠨ ᠤ ᠠᠪᠤᠷᠭᠤ ᠭᠦᠴᠦᠨ ᠴᠢᠳᠠᠯ ᠢ ᠬᠠᠷᠠᠭᠤᠯᠤᠭᠰᠠᠨ ᠪᠤᠳᠠᠳᠤ | ᠢᠯᠡᠷᠡᠭᠦᠨ ᠪᠤᠯᠬᠤ ᠶᠤᠮ᠃ ᠱᠠᠭ᠎ᠠ ᠨᠠᠭᠠᠳᠤᠮ ᠪᠣᠯ ᠱᠠᠭ᠎ᠠ ᠪᠠᠷ ᠵᠠᠭᠪᠤᠷᠢᠴᠢᠯᠠᠭᠰᠠᠨ ᠤᠯᠠᠮᠵᠢᠯᠠᠯᠳᠤ ᠭᠡᠷ ᠤᠨ | ᠭᠦᠮᠦᠵᠢᠯ ᠤᠨ ᠰᠤᠷᠭᠠᠨ ᠭᠦᠮᠦᠵᠢᠭᠦᠯᠭᠦ ᠤᠬᠠᠭᠠᠨ ᠪᠠᠶᠢᠵᠤ᠂ ᠭᠡᠤᠭᠡᠳ ᠪᠠᠭᠠᠴᠤᠳ ᠲᠤ ᠭᠦᠮᠦᠵᠢᠯ ᠭᠦᠷᠲᠡᠭᠡᠭᠦ | ᠤᠷᠠᠨ ᠠᠷᠭ᠎ᠠ ᠰᠠᠮᠪᠠᠭ᠎ᠠ ᠪᠤᠯᠬᠤ ᠶᠤᠮ᠃ ᠱᠠᠭ᠎ᠠ ᠨᠠᠭᠠᠳᠤᠮ ᠨᠢ ᠡᠷᠲᠡᠨ ᠠᠴᠠ ᠠᠪᠤᠭᠠᠳ ᠭᠡᠷ ᠤᠨ ᠭᠦᠮᠦᠵᠢᠯ ᠤᠨ | ᠬᠢᠴᠢᠶᠡᠯᠯᠡᠭᠡ ᠪᠤᠯᠬᠤ ᠪᠠᠷ ᠦᠯᠦ ᠪᠠᠷᠠᠮ᠂ ᠤᠳᠤ ᠴᠦ ᠭᠡᠰᠡᠨ ᠭᠡᠷ ᠤᠨ ᠭᠦᠮᠦᠵᠢᠯ ᠤᠨ ᠴᠢᠬᠤᠯᠠ ᠨᠡᠭᠡᠭᠡᠯᠲᠡ ᠶᠢᠨ | ᠭᠡᠪ ᠮᠠᠶ᠋ᠢᠭᠳᠤ ᠲᠠᠪᠴᠠᠩ ᠪᠤᠯᠬᠤ ᠶᠤᠰᠤᠲᠠᠢ᠃ | ᠵᠡᠭᠦᠯᠲᠡ᠄ | ① ᠴᠤᠭᠪᠤᠶᠠᠨ ᠤ ᠡᠷᠭᠢᠯᠡᠨ ᠨᠠᠶᠢᠷᠠᠭᠤᠯᠤᠭᠰᠠᠨ ︽ᠮᠤᠩᠭᠤᠯ ᠦᠨᠲᠦᠰᠦᠲᠡᠨ ᠤ ᠱᠠᠭ᠎ᠠ ᠶᠢᠨ ᠰᠤᠶᠤᠯ ᠤᠨ | ᠰᠤᠳᠤᠯᠤᠯ︾᠂ ᠦᠨᠲᠦᠰᠦᠲᠡᠨ ᠤ ᠭᠡᠪᠯᠡᠯ ᠤᠨ ᠬᠤᠷᠢᠶ᠎ᠠ᠂ 2017 ᠤᠨ᠂ 38 ᠳ᠋ᠤᠭᠠᠷ ᠨᠢᠭᠤᠷ᠃ | ② ᠴᠤᠭᠪᠤᠶᠠᠨ ᠤ ᠡᠷᠭᠢᠯᠡᠨ ᠨᠠᠶᠢᠷᠠᠭᠤᠯᠤᠭᠰᠠᠨ ︽ᠮᠤᠩᠭᠤᠯ ᠦᠨᠲᠦᠰᠦᠲᠡᠨ ᠤ ᠱᠠᠭ᠎ᠠ ᠶᠢᠨ ᠰᠤᠶᠤᠯ ᠤᠨ | ᠰᠤᠳᠤᠯᠤᠯ︾᠂ ᠦᠨᠲᠦᠰᠦᠲᠡᠨ ᠤ ᠭᠡᠪᠯᠡᠯ ᠤᠨ ᠬᠤᠷᠢᠶ᠎ᠠ᠂ 2017 ᠤᠨ᠂ 315 — 318 ᠳ᠋ᠤᠭᠠᠷ | ᠨᠢᠭᠤᠷ᠃ | ③ ᠪᠠᠶᠠᠨ ᠬᠤᠳᠤᠭᠠᠳᠤ ᠭᠡᠲᠡᠭ ᠪᠣᠯ ᠮᠤᠷᠢᠨ ᠤᠷᠤᠯᠳᠤᠭᠠᠨ ᠪᠤᠶᠤ ᠲᠡᠮᠡᠭᠡᠨ ᠤᠷᠤᠯᠳᠤᠭᠠᠨ ᠤ ᠠᠳᠠᠭ ᠤᠷᠤᠭᠰᠠᠨ ᠢ | ᠪᠠᠶᠠᠨ ᠬᠤᠳᠤᠭᠠᠳᠤ ᠭᠡᠮᠡᠨ ᠰᠢᠭᠢᠷ ᠴᠢᠪᠠᠭ᠎ᠠ ᠪᠠᠷ ᠱᠠᠩᠨᠠᠨ ᠵᠤᠷᠢᠭᠵᠢᠭᠤᠯᠳᠠᠭ᠃ ④ ᠪᠦᠲᠦᠨ ᠭᠡᠷ ᠭᠡᠲᠡᠭ ᠪᠣᠯ | ᠶᠡᠷᠦᠲᠡᠭᠡᠨ ᠲᠡᠷᠢᠮ ︵ᠬᠠᠨ᠎ᠠ︶ ᠲᠠᠢ ᠮᠤᠩᠭᠤᠯ ᠭᠡᠷ ᠢ ᠵᠢᠭᠠᠳᠠᠭ᠃ ᠠᠰᠢᠭᠯᠠᠭᠰᠠᠨ ᠨᠤᠮ ᠵᠦᠢ᠄ 1. ᠳ᠋᠊ · | ᠴᠠᠭᠠᠨ ᠤ ︽ᠮᠤᠩᠭᠤᠯ ᠭᠦᠮᠦᠨ ᠤ ᠢᠵᠠᠭᠤᠷ ᠲᠤᠭᠯᠠᠭᠠᠮ — ᠱᠠᠭ᠎ᠠ︾᠂ ᠦᠪᠦᠷ ᠮᠤᠩᠭᠤᠯ ᠤᠨ ᠠᠷᠠᠳ ᠤᠨ | ᠭᠡᠪᠯᠡᠯ ᠤᠨ ᠬᠤᠷᠢᠶ᠎ᠠ᠂ 2001 ᠤᠨ᠃ 2. ᠳ᠋᠊ · ᠴᠠᠭᠠᠨ ᠤ ︽ᠱᠠᠭ᠎ᠠ ᠲᠤᠭᠯᠠᠭᠠᠮ︾ ᠦᠪᠦᠷ ᠮᠤᠩᠭᠤᠯ ᠤᠨ | ᠠᠷᠠᠳ ᠤᠨ ᠭᠡᠪᠯᠡᠯ ᠤᠨ ᠬᠤᠷᠢᠶ᠎ᠠ᠂ 2013 ᠤᠨ᠃ 3. ᠪᠤᠷᠵᠢᠭᠢᠨ ᠠ᠊ · ᠯᠾᠠᠮᠤᠵᠠᠪ ᠤᠨ ︽ᠮᠤᠩᠭᠤᠯ ᠵᠠᠩ | ᠠᠭᠠᠯᠢ — ᠭᠡᠷ ᠤᠨ ᠰᠤᠷᠭᠠᠯ ᠶᠤᠰᠤᠨ︾᠂ ᠦᠪᠦᠷ ᠮᠤᠩᠭᠤᠯ ᠤᠨ ᠰᠤᠶᠤᠯ ᠤᠨ ᠭᠡᠪᠯᠡᠯ ᠤᠨ ᠬᠤᠷᠢᠶ᠎ᠠ᠂ | 2008 ᠤᠨ᠃ 4. ᠽ᠊ · ᠤᠳᠪᠠᠭᠮᠠᠳ ᠤᠨ ︽ᠮᠤᠩᠭᠤᠯ ᠠᠷᠠᠳ ᠤᠨ ᠭᠦᠨᠲᠦᠯᠡᠭᠦ᠂ ᠮᠡᠨᠲᠦᠯᠡᠭᠦ᠂ | ᠲᠠᠯᠠᠷᠬᠠᠬᠤ ᠶᠤᠰᠤ︾᠂ ᠦᠪᠦᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ᠂ 1986 ᠤᠨ᠃ | 5. ᠬ᠊ · ᠰᠠᠮᠫᠢᠯᠳᠠᠨᠳᠠᠪ ᠤᠨ ︽ᠡᠷᠦᠭᠡ ᠭᠡᠷ ᠤᠨ ᠮᠤᠩᠭᠤᠯ ᠶᠤᠰᠤᠨ︾᠂ ᠦᠨᠲᠦᠰᠦᠲᠡᠨ ᠤ ᠭᠡᠪᠯᠡᠯ ᠤᠨ ᠬᠤᠷᠢᠶ᠎ᠠ᠂ | 2002 ᠤᠨ᠃ 6. ᠭᠡᠷᠡᠶᠢᠳ ᠪᠠᠭᠢᠪᠠᠳᠤ ᠶᠢᠨ ︽ᠮᠤᠩᠭᠤᠯ ᠨᠠᠭᠠᠳᠤᠮ ᠤᠨ ᠤᠴᠢᠷ︾᠂ ᠦᠪᠦᠷ ᠮᠤᠩᠭᠤᠯ ᠤᠨ | ᠠᠷᠠᠳ ᠤᠨ ᠭᠡᠪᠯᠡᠯ ᠤᠨ ᠬᠤᠷᠢᠶ᠎ᠠ᠂ 2009 ᠤᠨ᠃ 7. ᠨ᠊ · ᠰᠧᠷᠡᠩ ᠤᠨ ︽ᠮᠤᠩᠭᠤᠯ ᠤᠨ ᠤᠯᠠᠮᠵᠢᠯᠠᠯᠳᠤ | ᠤᠷᠤᠭ ᠭᠡᠷ ᠪᠦᠯᠢ ᠶᠢᠨ ᠶᠤᠰᠤ ᠰᠤᠷᠳᠠᠬᠤᠨ ᠤ ᠰᠤᠳᠤᠯᠤᠯ︾᠂ ᠦᠨᠲᠦᠰᠦᠲᠡᠨ ᠤ ᠭᠡᠪᠯᠡᠯ ᠤᠨ ᠬᠤᠷᠢᠶ᠎ᠠ᠂ 2009 | ᠤᠨ᠃ 8. ᠳ᠋ᠧ ᠴᠢᠤᠸᠠᠨ ᠤ ᠭᠤᠤᠯᠯᠠᠨ ᠨᠠᠶᠢᠷᠠᠭᠤᠯᠤᠭᠰᠠᠨ ︽ᠮᠤᠩᠭᠤᠯ ᠦᠨᠲᠦᠰᠦᠲᠡᠨ ᠤ ᠤᠯᠠᠮᠵᠢᠯᠠᠯᠳᠤ | ᠰᠤᠶᠤᠯ ᠤᠨ ᠲᠦᠢᠮᠦ︾᠂ ᠦᠪᠦᠷ ᠮᠤᠩᠭᠤᠯ ᠤᠨ ᠰᠤᠷᠭᠠᠨ ᠭᠦᠮᠦᠵᠢᠯ ᠤᠨ ᠭᠡᠪᠯᠡᠯ ᠤᠨ ᠬᠤᠷᠢᠶ᠎ᠠ᠂ 1999 ᠤᠨ᠃ | 9. ᠴᠤᠭᠪᠤᠶᠠᠨ ᠤ ᠡᠷᠭᠢᠯᠡᠨ ᠨᠠᠶᠢᠷᠠᠭᠤᠯᠤᠭᠰᠠᠨ ︽ᠮᠤᠩᠭᠤᠯ ᠦᠨᠲᠦᠰᠦᠲᠡᠨ ᠤ ᠱᠠᠭ᠎ᠠ ᠶᠢᠨ ᠰᠤᠶᠤᠯ ᠤᠨ | ᠰᠤᠳᠤᠯᠤᠯ︾᠂ ᠦᠨᠲᠦᠰᠦᠲᠡᠨ ᠤ ᠭᠡᠪᠯᠡᠯ ᠤᠨ ᠬᠤᠷᠢᠶ᠎ᠠ᠂ 2017 ᠤᠨ᠃ | |