ᠱᠤᠸᠠᠩ ᠪᠦᠦ ᠦᠨᠳᠦᠰᠦᠨ ᠱᠠᠲᠤᠨ ᠳᠤ ᠭᠦᠨᠵᠡᠭᠡᠶᠢᠷᠡᠵᠦ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/11/30
    11 ᠳ᠋ᠦᠬᠡᠷ ᠰᠠᠷ᠎ᠠ ᠶᠢᠨ 14 ᠤ ᠡᠳᠦᠷ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠳᠠᠷᠤᠭ᠎ᠠ ᠱᠤᠸᠠᠩ ᠪᠦᠦ  ᠂ ᠭᠤᠤᠯ ᠰᠡᠳᠦᠪᠲᠦ ᠬᠥᠮᠦᠵᠢᠯ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠱᠠᠭᠠᠷᠳᠠᠯᠭ᠎ᠠ ᠪᠠᠷ  ᠰᠠᠶᠢᠬᠠᠠᠭᠤᠪᠢ ᠰᠤᠮᠤᠨ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ︽ᠬᠦᠴᠢᠷ ᠠᠰᠠᠭᠤᠳᠠᠯ ᠢ ᠰᠢᠢᠳᠪᠤᠷᠢᠯᠡᠨ ᠪᠣᠳᠠᠲᠠᠶ ᠶᠠᠪᠤᠳᠠᠯ  ᠬᠢᠬᠦ︾  ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠂ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠤᠭ ᠶᠣᠰᠣ ᠢ ᠲᠣᠳᠣᠷᠬᠠᠶ ᠶᠠᠷᠢᠬᠤ ᠵᠡᠷᠭᠡ ᠭᠤᠤᠯᠳᠠᠯᠭ᠎ᠠ ᠲᠠᠢ ᠠᠵᠢᠯ  ᠤᠨ ᠨᠠᠶᠢᠳᠠᠪᠤᠷᠢᠵᠢᠭᠤᠯᠤᠯᠳᠠ ᠶᠢ ᠵᠢᠭᠠᠨ ᠵᠢᠯᠤᠭᠤᠳᠴᠦ ᠠᠬᠢᠭᠤᠯᠪᠠ᠃     ᠱᠤᠸᠠᠩ ᠪᠦᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠯᠴᠠᠬᠤ ᠴᠡᠭ ᠪᠤᠯᠬᠤ ᠪᠠᠶ᠋ᠬᠤᠷᠬᠢᠯ  ᠭᠠᠴᠠᠭᠠᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠵᠦ᠂  ᠭᠠᠴᠠᠭᠠᠨ ᠤ ︽ᠬᠤᠶᠠᠷ ᠵᠥᠪᠯᠡᠯ︾ ᠤᠨ ᠪᠠᠭ᠂ ᠨᠠᠮ ᠤᠨ ᠭᠡᠰᠢᠭᠦᠨ ᠤ ᠲᠥᠯᠥᠭᠡᠯᠡᠭᠴᠢᠳ ᠲᠠᠢ ᠶᠠᠷᠢᠯᠴᠠᠨ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠲᠤᠬᠠᠢ ᠨᠢᠬᠡ ᠨᠢᠭᠡ ᠪᠠᠷ ᠪᠣᠳᠠᠲᠠᠢ ᠠᠷᠭ᠎ᠠ ᠳᠤᠷᠠᠳᠴᠠᠢ᠃ ᠱᠤᠸᠠᠩ ᠪᠦᠦ ᠠᠴᠠ ᠭᠠᠴᠠᠭᠠᠨ ᠤ ᠨᠠᠮ ᠤᠨ ᠡᠭᠦᠷ ᠬᠤᠶᠠᠳᠤᠭᠠᠷ ᠪᠦᠯᠦᠭ  ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ  ᠪᠠᠳᠤᠳᠬᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ  ᠰᠠᠬᠢᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃     ᠱᠤᠸᠠᠩ ᠪᠦᠦ᠂ ᠦᠷᠬᠡᠨᠬᠦᠭᠵᠢᠯ  ᠭᠠᠴᠠᠭᠠᠨ ᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠡᠳ᠋ᠰᠢᠭᠦᠯᠦᠨ ᠨᠥᠭᠡᠴᠡᠯᠡᠬᠦ ᠥᠷᠲᠡᠭᠡ ᠶᠢᠨ ᠡᠳ᠋ᠰᠢᠭᠦᠯᠵᠦ  ᠪᠤᠯᠪᠠᠰᠤᠷᠠᠭᠤᠯᠵᠦ ᠪᠠᠶᠢᠭ᠎ᠠ ᠪᠠᠶᠢᠳᠠᠯ᠂ ᠭᠠᠷᠤᠯᠲᠠ ᠶᠢᠨ ᠬᠡᠮᠵᠢᠶ᠎ᠡ᠂ ᠨᠥᠭᠡᠴᠡᠯᠡᠵᠦ  ᠪᠤᠷᠤᠯᠠᠭᠤᠯᠵᠦ ᠪᠠᠶᠢᠭ᠎ᠠ ᠪᠠᠶᠢᠳᠠᠯ ᠵᠡᠷᠭᠡ   ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠤ ᠳᠠᠷᠠᠭ᠎ᠠ ᠱᠠᠭᠠᠷᠳᠠᠭᠰᠠᠨ ᠨᠢ᠄᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠂ ᠭᠠᠩ ᠬᠠᠭᠰᠠᠷᠠᠭᠠᠨ ᠨᠡᠯᠢᠶᠡᠳ ᠬᠦᠨᠳᠦ ᠨᠣᠴᠢᠲᠠᠶ ᠪᠠᠶᠢᠭ᠎ᠠ ᠰᠤᠮᠤ ᠪᠠᠯᠭᠠᠰᠤ ᠲᠠᠢ ᠢᠳᠡᠪᠬᠢᠲᠡᠶ  ᠬᠠᠷᠢᠯᠴᠠᠵᠦ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠡᠳ᠋ᠰᠢᠭᠦᠯᠦᠨ ᠨᠥᠭᠡᠴᠡᠯᠡᠬᠦ ᠥᠷᠲᠡᠭᠡ ᠶᠢ ᠵᠢᠯᠣᠭᠤᠳᠤᠨ ᠲᠡᠭᠦᠯᠳᠡᠷᠵᠢᠭᠦᠯᠵᠦ᠂ ᠮᠠᠯᠴᠢᠨ ᠲᠦᠮᠡᠨ ᠤ ︽ᠪᠠᠴᠢᠮ ᠪᠡᠷᠬᠡ  ︾  ᠠᠰᠠᠭᠤᠳᠠᠯ ᠪᠠ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠳᠤᠷ  ᠠᠳᠬᠤᠬᠤ ᠬᠡᠷᠡᠭᠲᠡᠶ ᠭᠡᠪᠠ᠃     ᠱᠤᠸᠠᠩ ᠪᠦᠦ᠂ ᠰᠥᠨᠢᠳ ᠬᠤᠨᠢᠨ ᠤ  ᠤᠭ ᠡᠭᠦᠯᠳᠡᠷ ᠤᠨ ᠲᠠᠯᠠᠪᠠᠶ᠂ ᠮᠣᠩᠭᠤᠯ ᠦᠬᠡᠷ ᠤᠨ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠢᠨ᠎ᠡ ᠶᠢ ᠡᠭᠦᠳᠦᠨ ᠠᠰᠢᠭᠯᠠᠬᠤ ᠰᠠᠭᠤᠷᠢᠨ ᠭᠠᠵᠠᠷ᠂ ᠰᠥᠨᠢᠳ ᠬᠤᠣᠰ ᠪᠥᠬᠦᠲᠦ ᠲᠡᠮᠡᠭᠡᠨ ᠤ ᠡᠭᠦᠯᠳᠡᠷ ᠬᠠᠮᠠᠭᠠᠯᠠᠬᠤ ᠲᠠᠯᠠᠪᠠᠶ᠂ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂  ᠴᠢᠬᠤᠯᠠᠴᠢᠯᠠᠭᠰᠠᠨ ᠨᠢ᠄ ᠬᠤᠰᠢᠭᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠢᠮᠠᠭᠲᠠ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠤᠨ ᠨᠠᠶᠢᠳᠠᠪᠤᠷᠢᠵᠢᠭᠤᠯᠤᠯᠲᠠ ᠶᠢ  ᠠᠬᠢᠭᠤᠯᠤᠨ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠬᠦᠴᠦᠯᠡᠨ ᠪᠠᠶᠢᠭᠤᠯᠵᠤ᠂ ᠰᠥᠨᠢᠳ ᠬᠤᠨᠢ ᠪᠠᠷ ᠭᠤᠣᠯ ᠴᠣᠭᠴᠠ ᠪᠣᠯᠭᠠᠭᠰᠠᠨ᠂ ᠮᠣᠩᠭᠤᠯ ᠦᠬᠡᠷ ᠮᠣᠩᠭᠤᠯ ᠮᠣᠷᠢ᠂ ᠲᠡᠮᠡᠭᠡ  ᠬᠤᠨᠢᠨᠴᠢᠷ ᠲᠡᠮᠡᠭᠡ ᠪᠠᠷ ᠬᠤᠶᠠᠷ ᠵᠢᠭᠦᠷ ᠪᠣᠯᠭᠠᠭᠰᠠᠨ ︽ᠨᠢᠭᠡ ᠴᠤᠬᠴᠠᠵᠢᠭᠤᠯᠤᠬᠰᠠᠨ ᠬᠤᠶᠠᠷ ᠵᠢᠭᠦᠷ︾ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠠᠬᠢᠭᠤᠯᠤᠨ ᠪᠦᠷᠢᠯᠳᠦᠭᠦᠯᠵᠡᠢ᠃ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠂ᠠᠵᠤ ᠠᠬᠤᠶᠢᠯᠠᠯ ᠢ ᠬᠠᠪᠰᠤᠷᠤᠨ ᠵᠢᠯᠣᠭᠤᠳᠬᠤ ᠪᠠᠨ ᠦᠨᠡᠨᠬᠦ ᠴᠢᠩᠭᠠᠳᠬᠠᠵᠤ᠂ ᠮᠠᠯ ᠤᠨ ᠡᠭᠦᠯᠳᠡᠷ ᠤᠨ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠪᠠᠷᠢᠮᠵᠢᠶᠠᠵᠢᠭᠰᠠᠨ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠯᠪᠠᠰᠤᠷᠠᠩᠭᠤᠶ᠂ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠳᠡᠯᠭᠡᠷᠡᠭᠦᠯᠦᠨ᠂ ᠪᠥᠬᠦ ᠬᠤᠰᠢᠭᠤᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠪᠠ ᠭᠠᠷᠤᠯᠲᠠ ᠶᠢᠨ ᠬᠡᠮᠵᠢᠶ᠎ᠡ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠶ ᠬᠡᠪᠡ᠃     ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ  ᠪᠠᠬᠢᠵᠢᠯᠳᠦ᠂  ᠰᠠᠶᠢᠬᠠᠠᠭᠤᠪᠢ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠯᠪᠠᠨ ᠬᠡᠷ᠂ ᠲᠠᠷᠢᠶᠠᠯᠠᠩ  ᠮᠠᠯ ᠠᠵᠦ ᠠᠬᠤᠢ  ᠬᠢᠬᠡᠳ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号