ᠰᠦᠨᠢᠳ ᠤᠨ ᠮᠠᠯᠴᠢᠳ ᠡᠪᠡᠰᠦ ᠪᠣᠷᠳᠤᠭ᠎ᠠ ᠪᠠᠨ ᠭᠦᠢᠴᠡᠳ ᠨᠥᠭᠡᠴᠡᠯᠡᠵᠦ ᠪᠠᠶᠢᠨ᠎ᠠ
ᠨᠡᠶᠢᠲᠡᠯᠡᠭᠰᠡᠨ ᠴᠠᠭ᠄
2023/11/30
       ᠡᠪᠡᠰᠦ ᠪᠣᠷᠳᠤᠭ᠎ᠠ ᠶᠢ ᠨᠥᠭᠡᠴᠡᠯᠡᠬᠦ ᠪᠣᠯ ᠮᠠᠯ ᠠᠵᠤ ᠠᠬᠤᠶ ᠶᠢᠨ  ᠦᠢᠯᠡᠳᠪᠦᠷᠢᠯᠡᠯ ᠤᠨ ᠴᠢᠬᠤᠯᠠ ᠭᠤᠭᠴᠤᠭ᠎ᠠ ᠮᠥᠨ᠂  ᠮᠠᠨ ᠤ ᠬᠤᠰᠢᠭᠤ ᠮᠠᠯ ᠤᠨ ᠭᠠᠷᠭᠠᠯᠳᠠ᠂  ᠡᠪᠡᠰᠦ ᠪᠤᠷᠳᠤᠭ᠎ᠠ ᠨᠦᠬᠡᠴᠢᠯᠡᠬᠦ ᠠᠵᠢᠯ ᠢ ᠡᠷᠲᠡ ᠠᠴᠠ  ᠲᠠᠶᠢᠴᠢᠯᠠᠨ ᠪᠠᠶᠢᠷᠢᠯᠠᠭᠤᠯᠵᠤ᠂ ᠡᠨᠡ ᠡᠪᠦᠯ  ᠢᠷᠡᠬᠦ ᠬᠠᠪᠤᠷ ᠤᠨ ᠡᠪᠡᠰᠦ ᠪᠣᠷᠳᠤᠭ᠎ᠠ ᠶᠢ ᠨᠥᠭᠡᠴᠡᠯᠡᠬᠦ  ᠠᠵᠢᠯ ᠢ ᠴᠢᠬᠤᠯᠠᠴᠢᠯᠠᠨ ᠮᠠᠯ  ᠰᠦᠷᠦᠭ ᠤᠨ ᠠᠮᠤᠷ ᠲᠦᠪᠰᠢᠨ  ᠢᠶᠠᠷ ᠡᠪᠦᠯ ᠬᠠᠪᠤᠷ ᠢ ᠥᠩᠭᠡᠷᠡᠭᠦᠯᠬᠦ ᠶᠢ  ᠪᠠᠳᠤᠯᠠᠵᠦ ᠪᠠᠶᠢᠨ᠎ᠠ  ᠃        ᠣᠶᠢᠷ᠎ᠠ ᠳᠤ᠂ ᠰᠤᠷᠪᠤᠯᠵᠢᠯᠠᠭᠴᠢ  ᠰᠠᠶᠢᠬᠠᠠᠭᠤᠪᠢ ᠰᠤᠮᠦᠨ ᠤ   ᠪᠠᠶᠠᠠᠳᠦ᠋ᠬᠦᠷᠢᠭ  ᠭᠠᠴᠠᠭᠠᠨ ᠤ ᠬᠤᠪᠣᠷ  ᠮᠠᠯ ᠠᠵᠤ ᠠᠬᠤᠶ ᠶᠢᠨ ᠲᠤᠰᠬᠠᠶ  ᠬᠤᠷᠰᠢᠶᠠᠵᠢᠯ ᠤᠨ ᠡᠪᠡᠰᠦ ᠪᠣᠷᠳᠤᠭ᠎ᠠ ᠨᠥᠭᠡᠴᠡᠯᠡᠨ ᠪᠣᠯᠪᠠᠰᠤᠷᠠᠭᠤᠯᠬᠤ  ᠦᠢᠯᠡᠳᠪᠦᠷᠢ ᠳᠤ ᠬᠦᠷᠬᠦ ᠳᠤ᠂ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠡᠰᠢ ᠰᠦᠷᠡᠯ ᠵᠡᠷᠭᠡ ᠡᠪᠡᠰᠦ ᠪᠣᠷᠳᠤᠭ᠎ᠠ ᠶᠢ ᠨᠢᠭᠡ ᠨᠢᠭᠡ ᠤᠪᠤᠭᠠᠯᠠᠨ᠂ ᠤᠳᠬᠤᠭᠤᠷ ᠲᠡᠷᠭᠡ ᠪᠠᠷ ᠵᠥᠭᠡᠭᠡᠪᠦᠷᠢᠯᠡᠵᠦ  ᠪᠠᠶᠢᠯ᠎ᠠ᠃ ᠬᠤᠪᠤᠷ  ᠮᠠᠯ ᠠᠵᠤ ᠠᠬᠤᠢ ᠶᠢᠨ ᠲᠤᠰᠬᠠᠢ  ᠬᠤᠷᠰᠢᠶᠠᠵᠢᠯ ᠪᠣᠯ  ᠲᠤᠰᠬᠠᠢ ᠡᠪᠡᠰᠦ ᠪᠣᠷᠳᠤᠭ᠎ᠠ ᠨᠥᠭᠡᠴᠡᠯᠡᠬᠦ ᠪᠠ ᠪᠣᠷᠣᠯᠠᠭᠤᠯᠬᠤ ᠠᠵᠢᠯ ᠢ ᠡᠷᠬᠢᠯᠡᠳᠡᠭ  ᠬᠤᠷᠰᠢᠶᠠᠵᠢᠯ ᠪᠠᠶᠢᠵᠦ᠂ ᠲᠡᠷᠢᠭᠦᠨ ᠤ ᠮᠡᠷᠭᠡᠵᠢᠯ ᠳᠤ ᠲᠦᠰᠢᠭᠯᠡᠨ᠂ ᠡᠷᠬᠢᠨ ᠲᠣᠭᠤᠷᠢᠨ ᠤ ᠮᠠᠯᠴᠢᠳ ᠲᠤ ᠴᠢᠨᠠᠷ ᠰᠠᠶᠢᠲᠠᠢ ᠡᠪᠡᠰᠦ ᠪᠣᠷᠳᠤᠭ᠎ᠠ ᠬᠠᠩᠭᠠᠵᠤ᠂ ᠡᠪᠡᠰᠦ ᠪᠤᠷᠳᠤᠭ᠎ᠠ ᠬᠤᠯᠢᠯᠳᠤᠭᠤᠯᠤᠨ  ᠨᠠᠶᠢᠷᠠᠭᠤᠯᠵᠦ ᠲᠠᠵᠢᠬᠡᠬᠦ  ᠠᠷᠭ᠎ᠠ ᠮᠠᠶ᠋ᠢᠭ ᠢ ᠤᠯᠠᠮ ᠨᠢᠭᠡ ᠠᠯᠬᠤᠮ ᠲᠡᠯᠬᠡᠷᠡᠬᠦᠯᠵᠦ  ᠂ ᠮᠠᠯᠵᠢᠬᠤ ᠡᠷᠦᠬᠡ ᠶᠢ ᠬᠠᠪᠰᠤᠷᠤᠨ ᠠᠷᠠᠴᠢᠯᠠᠵᠤ ᠲᠡᠵᠢᠭᠡᠬᠦ ᠥᠪᠡᠷ ᠤᠨ ᠥᠷᠲᠡᠭ ᠢ ᠨᠢ ᠠᠷᠪᠢᠯᠠᠵᠤ ᠦᠭᠳᠡᠭ ᠪᠠᠶᠢᠨ᠎ᠠ᠃        ᠣᠶᠢᠯᠠᠭᠠᠭᠰᠠᠨ ᠢᠶᠠᠷ᠂ ᠡᠪᠦᠯᠵᠢᠬᠦ ᠮᠠᠯ ᠳᠤ 150 ᠡᠳᠦᠷ ᠤᠨ ᠲᠡᠵᠢᠭᠡᠯ ᠪᠣᠷᠳᠤᠭ᠎ᠠ ᠨᠥᠬᠦᠪᠥᠷᠢᠯᠡᠵᠦ᠂ ᠬᠤᠨᠢ ᠨᠢᠭᠡᠪᠦᠷᠢ  ᠳᠤ 150 ᠺᠢᠯᠣᠭ᠍ᠷᠠᠮ ᠡᠪᠡᠰᠦ ᠪᠣᠷᠳᠤᠭ᠎ᠠ ︵ᠪᠣᠳᠠ ᠮᠠᠯ ᠢ 5 ᠬᠤᠨᠢᠨ ᠤ ᠨᠢᠭᠡᠴᠡ ᠪᠠᠷ ᠪᠤᠳᠤᠨ᠎ᠠ︶ ᠨᠥᠭᠡᠴᠡᠯᠡᠬᠦ ᠪᠠᠷᠢᠮᠵᠢᠶ᠎ᠠ ᠪᠠᠷ᠂ ᠪᠥᠬᠦ ᠬᠤᠰᠢᠭᠤᠨ ᠤ ᠮᠠᠯᠵᠢᠬᠤ ᠡᠷᠦᠬᠡ ᠶᠢᠨ ᠡᠪᠦᠯᠵᠢᠬᠦ ᠮᠠᠯ ᠳᠤ  ᠨᠡᠶᠢᠳᠡ14 ᠲᠦᠮᠡᠨ ᠲᠣᠨ ᠡᠪᠡᠰᠦ ᠪᠣᠷᠳᠤᠭ᠎ᠠ ᠨᠥᠭᠡᠴᠡᠯᠡᠬᠦ ᠴᠢᠬᠤᠯᠠᠲᠠᠶ  ᠪᠠᠶᠢᠵᠦ᠂ ᠣᠲᠣ ᠪᠣᠯᠲᠠᠯ᠎ᠠ᠂ ᠨᠢᠭᠡᠨᠲᠡ 13.8 ᠲᠦᠮᠡᠨ ᠲᠣᠨ ᠨᠥᠭᠡᠴᠡᠯᠡᠵᠦ ᠪᠠᠶᠢᠨ᠎ᠠ᠂ ᠡᠭᠦᠨ ᠳᠤ  ᠪᠠᠶᠢᠭᠠᠯᠢᠭ ᠬᠠᠳᠠᠭᠰᠠᠨ ᠡᠪᠠᠰᠦ 0.63 ᠲᠦᠮᠡᠨ ᠲᠣᠨ᠂  ᠨᠤᠭᠤᠭᠠᠨ  ᠲᠠᠷᠤᠰᠢ 3.32 ᠲᠦᠮᠡᠨ ᠲᠣᠨ᠂ ᠭᠠᠳᠠᠨ᠎ᠠ ᠠᠴᠠ ᠡᠪᠡᠰᠦ ᠪᠣᠷᠳᠤᠭ᠎ᠠ  9.9 ᠲᠦᠮᠡᠨ ᠲᠣᠨ ᠰᠢᠯᠵᠢᠭᠦᠯᠦᠨ  ᠤᠷᠤᠭᠤᠯᠤᠭᠰᠠᠨ ᠪᠠᠶᠢᠨ᠎ᠠ᠃  ᠮᠠᠨ ᠤ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ  ᠡᠳ᠋ᠰᠢᠭᠦᠯᠦᠨ ᠨᠥᠭᠡᠴᠡᠯᠡᠬᠦ ᠦᠷᠳᠡᠭᠡ 5 ᠶᠢ ᠰᠢᠨ᠎ᠡ ᠪᠠᠷ ᠪᠠᠶᠢᠭᠤᠯᠵᠤ᠂ ᠣᠳᠣᠬᠠᠨ ᠳᠤ ᠨᠢᠭᠡᠨᠲᠡ ᠪᠦᠬᠦᠨ ᠢ ᠠᠰᠢᠭᠯᠠᠯᠲᠠ ᠳᠤ ᠣᠷᠣᠭᠤᠯᠵᠤ᠂ 5 ᠡᠪᠡᠰᠦ ᠪᠣᠷᠳᠤᠭ᠎ᠠ ᠶᠢ ᠡᠳ᠋ᠰᠢᠭᠦᠯᠦᠨ ᠨᠥᠭᠡᠴᠡᠯᠡᠬᠦ ᠦᠷᠳᠡᠭᠡ   ᠳᠤ ᠨᠡᠶᠢᠳᠡ 5000 ᠭᠠᠷᠤᠢ ᠲᠣᠨ ᠪᠣᠷᠳᠤᠭ᠎ᠠ ᠶᠢ ᠡᠳ᠋ᠰᠢᠭᠦᠯᠦᠨ ᠪᠣᠷᠣᠯᠠᠭᠤᠯᠵᠤ᠂ 1500 ᠭᠠᠷᠤᠢ ᠮᠠᠯᠴᠢᠨ ᠡᠷᠤᠬᠡ ᠳᠤ ᠠᠰᠢᠭ ᠬᠦᠷᠲᠡᠭᠡᠵᠡᠢ᠃ ᠡᠨᠡ ᠵᠢᠯ᠂ ᠮᠠᠨ ᠤ ᠬᠤᠰᠢᠭᠤ 1000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠭᠠᠮᠰᠢᠭ ᠢ ᠡᠰᠡᠷᠭᠦᠴᠡᠬᠦ ᠡᠪᠡᠰᠦ ᠪᠣᠷᠳᠤᠭ᠎ᠠ ᠶᠢ ᠲᠥᠪᠯᠡᠷᠡᠭᠦᠯᠦᠨ ᠨᠥᠭᠡᠴᠡᠯᠡᠬᠦ ᠠᠵᠢᠯ ᠢ  ᠦᠷᠨᠢᠬᠦᠯᠦᠨ᠂ 3.7 ᠲᠦᠮᠡᠨ ᠲᠤᠨ ᠡᠪᠡᠰᠦ ᠪᠣᠷᠳᠤᠭ᠎ᠠ ᠨᠥᠭᠡᠴᠡᠯᠡᠬᠦ ᠪᠠᠷ ᠲᠥᠯᠥᠪᠯᠡᠵᠦ᠂ ᠣᠳᠣᠬᠠᠨ ᠳᠤ ᠨᠢᠭᠡᠨᠲᠡ 2.13 ᠲᠦᠮᠡᠨ ᠲᠣᠨ ᠨᠥᠭᠡᠴᠡᠯᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号