11 ᠳ᠋ᠤᠭᠡᠷ ᠰᠠᠷ᠎ᠠ ᠶᠢᠨ 29 ᠤ ᠡᠳᠦᠷ᠂ ᠮᠠᠨ ᠤ ᠬᠤᠰᠢᠭᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ | ᠰᠤᠷᠭᠠᠭᠤᠯᠢ ᠡᠬᠢᠯᠡᠬᠦ ᠶᠣᠰᠣᠯᠠᠯ ᠶᠠᠪᠤᠭᠳᠠᠭᠤᠯᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠡᠦ ᠵᠢᠶᠠᠨ ᠵᠢᠶᠦ᠋ᠨ ᠶᠣᠰᠣᠯᠠᠯ ᠳᠤ ᠣᠷᠣᠯᠴᠠᠪᠠ᠃ | ᠦ᠋ ᠵᠢᠶᠠᠨ ᠵᠢᠶᠦ᠋ᠨ ᠱᠠᠭᠠᠷᠳᠠᠭᠰᠠᠨ ᠨᠢ᠄ ᠨᠠᠰᠤᠲᠠᠶᠢᠴᠤᠳ ᠤᠨ ᠶᠡᠭᠡ ᠰᠤᠷᠭᠠᠭᠤᠯᠢ ᠪᠣᠯ ᠨᠢᠭᠡᠨ ᠣᠨᠴᠠᠭᠠᠶ | ᠰᠤᠷᠭᠠᠭᠤᠯᠢ ᠪᠠᠶᠢᠵᠦ᠂ ᠠᠬᠠᠮᠠᠳ ᠨᠥᠬᠦᠳ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ | ᠴᠢᠩᠭᠠᠳᠬᠠᠬᠤ᠂ ᠲᠡᠳᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠲᠠᠪᠴᠠᠩ | ᠪᠤᠯᠤᠨ᠎ᠠ᠂ ᠮᠦᠨᠴᠦ ᠨᠠᠮ ᠪᠠ ᠵᠠᠰᠠᠭ ᠤᠨ ᠣᠷᠳᠣᠨ ᠤ ᠠᠬᠠᠮᠠᠳ ᠨᠥᠬᠦᠳ ᠢ ᠨᠢᠭᠲᠠᠷᠠᠭᠤᠯᠬᠤ᠂ ᠠᠬᠠᠮᠠᠳ | ᠨᠥᠬᠦᠳ ᠢ ᠬᠠᠯᠠᠮᠵᠢᠯᠠᠨ ᠬᠠᠶᠢᠷᠠᠯᠠᠬᠤ ᠬᠥᠭᠦᠷᠭᠡ ᠬᠤᠯᠪᠣᠭᠠᠰᠤ ᠪᠤᠯᠤᠨ᠎ᠠ᠃ ᠰᠤᠷᠭᠠᠭᠤᠯᠢ ᠡᠷᠬᠢᠯᠡᠬᠦ ᠶᠠᠪᠤᠴᠠ ᠳᠤ᠂ | ᠤᠯᠤᠰ ᠲᠦᠷᠦ ᠪᠠᠷ ᠰᠤᠷᠭᠠᠭᠤᠯᠢ ᠪᠠᠶᠢᠭᠤᠯᠬᠤ ᠶᠢ ᠲᠤᠪᠤᠶᠢᠯᠭᠠᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠦᠷᠦᠭᠦᠯᠡᠨ ᠰᠤᠷᠤᠯᠴᠠᠨ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ︽ᠲᠦᠷᠪᠡᠨ ᠤᠬᠠᠮᠰᠠᠷ︾ ᠢ ᠪᠠᠳᠤᠳᠬᠠᠨ᠂ ︽ᠲᠦᠷᠪᠡᠨ ᠢᠲᠡᠭᠡᠯ︾ ᠢ ᠲᠠᠰᠤᠷᠠᠯᠳᠡ ᠦᠭᠡᠢ ᠪᠠᠲᠤᠳᠬᠠᠵᠤ᠂ | ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠃ ᠵᠢᠭᠠᠨ ᠰᠤᠷᠭᠠᠯᠲᠠ ᠶᠢᠨ | ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠵᠢᠭᠠᠨ ᠰᠤᠷᠭᠠᠯᠲᠠ ᠶᠢᠨ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠵᠢᠭᠠᠨ ᠰᠤᠷᠭᠠᠯᠲᠠ ᠶᠢᠨ ᠬᠦᠷᠢᠶ᠎ᠡ ᠴᠠᠷᠠᠭ᠎ᠠ ᠶᠢ ᠥᠷᠭᠡᠳᠬᠡᠨ᠂ ᠠᠳᠠᠯᠢ ᠪᠤᠰᠤ ᠨᠠᠰᠤ ᠵᠢᠯ᠂ | ᠠᠳᠠᠯᠢ ᠪᠤᠰᠤ ᠰᠣᠶᠣᠯ᠂ ᠠᠳᠠᠯᠢ ᠪᠤᠰᠤ ᠥᠩᠭᠡᠷᠡᠯᠲᠡ᠂ ᠠᠳᠠᠯᠢ ᠪᠤᠰᠤ ᠳᠤᠷ᠎ᠠ ᠰᠣᠨᠢᠷᠬᠠᠯ ᠤᠨ ᠬᠡᠷᠡᠭᠴᠡᠭᠡ | ᠱᠠᠭᠠᠷᠳᠠᠯᠭ᠎ᠠ ᠶᠢ ᠦᠨᠡᠨ ᠬᠦ ᠬᠠᠩᠭᠠᠵᠤ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠦᠨᠡᠨ ᠬᠦ | ᠨᠠᠰᠤᠲᠠᠶᠢᠴᠤᠳ ᠤᠨ ᠮᠡᠳᠡᠯᠬᠡ ᠮᠡᠳᠡᠴᠡ ᠪᠠᠨ ᠦᠷᠬᠡᠳᠬᠡᠬᠦ ᠦᠷᠳᠡᠭᠡ ᠪᠣᠯᠭᠠᠬᠤ ᠬᠡᠷᠡᠭᠲᠡᠶ ᠬᠡᠪᠡ᠃ | ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ | ᠪᠠᠭᠰᠢ᠂ ᠰᠤᠷᠤᠭᠴᠢᠳ ᠶᠣᠰᠣᠯᠠᠯ ᠳᠤ ᠣᠷᠣᠯᠴᠠᠵᠠᠢ᠃ |