ᠰᠤᠷᠬᠤ ᠨᠠᠰᠤᠨ ᠠᠴᠠ ᠡᠮᠦᠨᠡᠬᠢ ᠵᠡᠮᠳᠡᠭ ᠬᠡᠤᠬᠡᠳ ᠤᠨ ᠡᠷᠡᠭᠦᠯᠵᠢᠯ ᠤᠨ ᠰᠤᠷᠭᠠᠨ ᠬᠥᠮᠦᠵᠢᠯ ᠬᠢᠭᠡᠳ | ᠰᠡᠭᠦᠯᠴᠢ ᠶᠢᠨ ᠬᠤᠭᠤᠴᠠᠭᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠦᠲᠦᠮᠵᠢᠲᠡᠶ ᠵᠣᠯᠭᠠᠭᠤᠯᠬᠤ ᠶᠢ | ᠪᠠᠲᠤᠯᠠᠵᠤ᠂ ︽ᠭᠤᠷᠪᠠᠨ ᠵᠡᠮᠳᠡᠭ ᠬᠡᠤᠬᠡᠳ ᠢ ᠬᠠᠯᠠᠮᠵᠢᠯᠠᠨ ᠬᠠᠶᠢᠷᠠᠯᠠᠬᠤ︾ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤ ᠵᠡᠮᠳᠡᠭᠴᠦᠳ ᠤᠨ ᠬᠤᠯᠪᠣᠭ᠎ᠠ᠂ | ᠨᠢᠭᠡᠳᠦᠭᠡᠷ ᠬᠡᠤᠬᠡᠳ ᠤᠨ ᠴᠡᠴᠡᠷᠯᠢᠭ ᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠵᠡᠮᠳᠡᠭ | ᠬᠡᠤᠬᠡᠳ ᠲᠤ ︽ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ︾ ᠦᠢᠯᠡᠴᠢᠯᠡᠭᠡᠨ ᠤ ᠭᠡᠷ᠎ᠡ ᠲᠣᠭᠲᠠᠬᠤ ᠶᠣᠰᠣᠯᠠᠯ | ᠶᠠᠪᠤᠭᠤᠯᠪᠠ᠃ | ︽ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ︾ ᠪᠣᠯ ᠰᠤᠷᠭᠠᠭᠤᠯᠢ ᠳᠤ ᠣᠴᠢᠵᠤ ᠰᠤᠷᠤᠯᠴᠠᠵᠤ | ᠳᠡᠶᠢᠯᠬᠦ ᠥᠬᠡᠶ ᠵᠣᠬᠢᠬᠤ ᠨᠠᠰᠤᠨ ᠤ ᠬᠦᠨᠳᠦ ᠵᠡᠮᠳᠡᠭ ᠬᠡᠤᠬᠡᠳ ᠲᠤ ᠵᠤᠷᠢᠭᠤᠯᠤᠭᠰᠠᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠬᠤᠯᠠ ᠠᠷᠭ᠎ᠠ ᠬᠡᠮᠵᠢᠶ᠎ᠡ ᠪᠠᠶᠢᠵᠤ᠂ ᠵᠡᠮᠳᠡᠭ ᠬᠡᠤᠬᠡᠳ ᠤᠨ ᠠᠮᠢᠳᠤᠷᠠᠯ᠂ | ᠰᠤᠷᠤᠯᠭ᠎ᠠ ᠶᠢᠨ ᠪᠠᠶᠢᠳᠠᠯ ᠢ ᠣᠶᠢᠯᠠᠭᠠᠵᠤ᠂ ᠡᠲᠡᠭᠡᠷ ᠬᠡᠤᠬᠡᠳ ᠤᠨ ᠬᠡᠷ ᠪᠦᠯᠢ ᠳᠤ ᠬᠠᠶᠢᠷ᠎ᠠ ᠬᠠᠯᠠᠮᠵᠢ ᠶᠢ | ᠬᠦᠷᠳᠡᠬᠡᠬᠦ ᠶᠠᠪᠤᠳᠠᠯ ᠪᠤᠯᠤᠨ᠎ᠠ᠃ ᠬᠤᠰᠢᠭᠤ ᠨᠢᠭᠡᠳᠦᠭᠡᠷ ᠬᠡᠦᠬᠡᠳ ᠤᠨ ᠴᠡᠴᠡᠷᠯᠢᠭ 2 ᠵᠡᠮᠳᠡᠭ ᠬᠡᠦᠬᠡᠳ ᠢ | ᠬᠦᠯᠢᠶᠡᠨ ᠠᠪᠴᠤ᠂ ᠵᠡᠮᠳᠡᠭᠴᠦᠳ ᠤᠨ ᠬᠤᠯᠪᠣᠭ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ | ᠰᠤᠷᠭᠠᠭᠤᠯᠢ ᠳᠤ ᠣᠷᠣᠭᠰᠠᠨ ᠵᠡᠮᠳᠡᠭ ᠬᠡᠦᠬᠡᠳ ᠤᠨ ᠰᠤᠷᠤᠯᠭ᠎ᠠ ᠶᠢ ᠲᠡᠳᠬᠦᠬᠦ ᠨᠥᠬᠦᠪᠦᠷᠢ ᠶᠢ ᠥᠭᠴᠦ᠂ | ᠵᠡᠮᠳᠡᠭ ᠬᠡᠦᠬᠡᠳ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠠᠮᠢᠳᠤᠷᠠᠯ ᠤᠨ ᠵᠠᠷᠤᠳᠠᠯ ᠤᠨ | ᠨᠥᠬᠦᠪᠦᠷᠢ ᠳᠤ ᠬᠡᠷᠡᠭᠯᠡᠪᠡ᠃ ᠪᠠᠭᠰᠢ ᠨᠠᠷ ᠵᠡᠮᠳᠡᠭ ᠬᠡᠦᠬᠡᠳ ᠤᠨ ᠠᠵᠢᠯᠯᠠᠭᠠᠨ ᠤ ᠴᠢᠳᠠᠪᠤᠷᠢ᠂ ᠦᠭᠡ ᠬᠡᠯᠡᠨ ᠤ | ᠴᠢᠳᠠᠪᠤᠷᠢ ᠵᠡᠷᠭᠡ ᠪᠣᠳᠠᠲᠠᠶ ᠪᠠᠶᠢᠳᠠᠯ ᠢ ᠦᠨᠳᠦᠰᠦᠯᠡᠨ ︽ᠨᠢᠭᠡ ᠪᠠᠭᠰᠢ ᠨᠢᠭᠡ ᠬᠡᠤᠬᠡᠳ︾ ᠢ ᠬᠠᠷᠭᠠᠯᠵᠠᠬᠤ ᠵᠢᠭᠠᠨ | ᠰᠤᠷᠭᠠᠯᠲᠠ ᠶᠢᠨ ᠲᠥᠯᠥᠪᠯᠡᠭᠡ ᠶᠢ ᠲᠥᠯᠥᠪᠯᠡᠵᠦ᠂ ᠵᠡᠮᠳᠡᠭ ᠬᠡᠦᠬᠡᠳ ᠤᠨ ᠳᠤᠷ᠎ᠠ ᠰᠣᠨᠢᠷᠬᠠᠯ ᠢ ᠬᠥᠮᠦᠵᠢᠭᠦᠯᠬᠦ ᠠᠴᠠ | ᠭᠠᠷᠳᠠᠨ᠂ ᠵᠡᠮᠳᠡᠭ ᠬᠡᠦᠬᠡᠳ ᠲᠤ ᠰᠤᠷᠤᠯᠴᠠᠬᠤ ᠬᠡᠷᠡᠭᠰᠡᠯ᠂ ᠲᠣᠭᠯᠠᠭᠠᠮ ᠤᠨ ᠵᠦᠢᠯ ᠢ ᠨᠠᠷᠢᠨ ᠨᠢᠮᠪᠠᠶ ᠪᠡᠯᠡᠳᠬᠡᠵᠦ᠂ | ᠭᠡᠷ ᠤᠨ ᠠᠬᠠᠮᠠᠳ ᠲᠠᠢ ᠬᠠᠷᠢᠯᠴᠠᠨ᠂ ᠰᠤᠷᠭᠠᠭᠤᠯᠢ ᠶᠢᠨ ᠰᠤᠷᠭᠠᠨ ᠬᠥᠮᠦᠵᠢᠯ ᠪᠣᠯᠤᠨ ᠭᠡᠷ ᠪᠦᠯᠢ ᠶᠢᠨ | ᠬᠥᠮᠦᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ︽ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ︾ | ᠦᠢᠯᠡᠳᠦᠯ ᠢ ᠨᠡᠩ ᠶᠡᠭᠡ ᠪᠠᠳᠠᠷᠠᠭᠤᠯᠬᠤ ᠪᠠᠷ ᠴᠢᠷᠮᠠᠶᠢᠵᠦ ᠪᠠᠶᠢᠨ᠎ᠠ᠃ | ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠪᠠᠷ ᠳᠠᠮᠵᠢᠨ᠂ ᠪᠠᠭᠰᠢ ᠨᠠᠷ ᠵᠡᠮᠳᠡᠭ ᠬᠡᠦᠬᠡᠳ ᠲᠤ ᠬᠠᠶᠢᠷ᠎ᠠ | ᠬᠠᠯᠠᠮᠵᠢ ᠶᠢ ᠬᠦᠷᠭᠡᠵᠦ᠂ ᠵᠡᠮᠳᠡᠭ ᠬᠡᠦᠬᠡᠳ ᠤᠨ ᠭᠡᠷ ᠪᠦᠯᠢ ᠳᠤ ᠢᠲᠡᠭᠡᠯ ᠵᠣᠷᠢᠭ ᠤᠯᠭᠤᠵᠦ᠂ ᠵᠡᠮᠳᠡᠭ | ᠬᠡᠦᠬᠡᠳ ᠢ ᠭᠡᠷ ᠲᠡᠭᠡᠨ ᠰᠤᠷᠤᠯᠴᠠᠭᠤᠯᠬᠤ ᠪᠠᠶᠠᠷ ᠪᠠᠶᠠᠰᠤᠯ ᠢ ᠬᠦᠷᠲᠡᠭᠡᠬᠦ ᠶᠢᠨ ᠬᠠᠮᠲᠤ ᠰᠤᠷᠭᠠᠭᠤᠯᠢ ᠪᠣᠯᠤᠨ | ᠵᠡᠮᠳᠡᠭ ᠬᠡᠦᠬᠡᠳ ᠤᠨ ᠭᠡᠷ ᠪᠦᠯᠢ ᠬᠠᠮᠲᠤ ᠪᠠᠷ ᠰᠠᠶᠢᠨ ᠰᠠᠶᠢᠬᠠᠨ ᠬᠦᠮᠦᠵᠢᠬᠦᠯᠦᠨ ᠪᠤᠶᠢᠵᠢᠭᠤᠯᠬᠤ ᠬᠥᠭᠦᠷᠭᠡ | ᠬᠤᠯᠪᠤᠭᠠᠰᠦ ᠶᠢ ᠪᠤᠰᠬᠠᠵᠠᠢ᠃ |