1 ᠳ᠋ᠤᠭᠠᠷ ᠰᠠᠷ᠎ᠠ ᠶᠢᠨ 1 ᠤ ᠡᠳᠦᠷ᠂ ︽ᠳᠤᠮᠳᠠᠳᠤ ᠶᠢᠨ ᠦᠨᠳᠦᠰᠦᠲᠡᠨ ᠨᠢᠬᠡᠨ ᠭᠡᠷ ᠪᠦᠯᠢ ᠮᠡᠲᠤ | ᠲᠤᠲᠤᠨᠤᠰᠤᠭ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ | ᠭᠡᠬᠦ ᠲᠣᠮᠣ ᠬᠡᠯᠪᠡᠷᠢ ᠶᠢᠨ ᠢᠰᠡᠭᠡᠶ ᠬᠠᠳᠬᠤᠮᠠᠯ ᠤᠨ ᠪᠦᠲᠦᠭᠡᠯ ᠤᠨ ᠡᠬᠢᠯᠡᠯᠲᠡ ᠶᠢᠨ ᠶᠣᠰᠣᠯᠠᠯ ᠪᠤᠳᠠᠰ ᠤᠨ ᠪᠤᠰᠤ | ᠰᠤᠶᠤᠯ ᠤᠨ ᠦᠪ ᠤᠨ ᠨᠢᠭᠡᠳᠦᠮᠡᠯ ᠭᠠᠷ ᠤᠷᠠᠯᠠᠯ ᠤᠨ ᠠᠵᠢᠯ ᠤᠨ ᠦᠷᠲᠡᠬᠡᠨ ᠳᠤ ᠶᠠᠪᠤᠭᠳᠠᠵᠦ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦᠷᠡᠨ | ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠪᠣᠳᠠᠰ ᠤᠨ ᠪᠤᠰᠤ ᠰᠣᠶᠣᠯ ᠤᠨ | ᠥᠪ ᠢ ᠨᠡᠩ ᠰᠠᠶᠢᠲᠤᠷ ᠤᠯᠠᠮᠵᠢᠯᠠᠬᠤ ᠶᠢᠨ ᠲᠥᠯᠥᠭᠡ᠂ ᠬᠤᠰᠢᠭᠤ ᠰᠣᠶᠣᠯ ᠤᠨ ᠣᠷᠳᠣᠨ ᠤ ᠬᠢᠨ ᠡᠨᠡᠬᠦ 7 ᠮᠧᠲᠷ | ᠤᠷᠳᠤ᠂ 2 ᠮᠧᠲᠷ ᠥᠨᠳᠥᠷ ᠪᠦᠬᠦ ᠦᠵᠡᠮᠵᠢ ᠶᠢᠨ ᠬᠡᠯᠪᠡᠷᠢ ᠶᠢᠨ ᠢᠰᠡᠭᠡᠢ ᠬᠠᠳᠬᠤᠮᠠᠯ ᠵᠢᠷᠤᠭ ᠤᠨ ᠪᠦᠲᠦᠭᠡᠯ ᠢ | ᠨᠠᠷᠢᠨ ᠨᠢᠮᠪᠠᠢ ᠲᠦᠰᠤᠪᠯᠡᠨ᠂ ᠵᠢᠷᠤᠭ ᠳᠡᠭᠡᠷ᠎ᠡ 56 ᠦᠨᠳᠦᠰᠦᠲᠡᠨ ᠤ ᠬᠥᠮᠦᠨ ᠤ ᠵᠢᠷᠤᠭ ᠢ ᠬᠠᠳᠬᠤᠵᠤ᠂ | ︽ᠳᠤᠮᠳᠠᠳᠤ ᠶᠢᠨ ᠦᠨᠳᠦᠰᠦᠲᠡᠨ ᠨᠢᠬᠡᠨ ᠭᠡᠷ ᠪᠦᠯᠢ ᠮᠡᠲᠤ ᠲᠤᠲᠤᠨᠤᠰᠤᠭ᠂ ᠰᠡᠳᠬᠢᠯ ᠢᠶᠠᠨ ᠨᠢᠭᠡᠳᠬᠡᠨ | ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠦᠶ᠎ᠡ︾ ᠭᠡᠬᠦ ᠤᠳᠬ᠎ᠠ ᠠᠭᠤᠯᠭ᠎ᠠ ᠶᠢ ᠢᠯᠡᠳᠬᠡᠵᠡᠢ᠃ | | ᠣᠶᠢᠯᠠᠭᠠᠭᠰᠠᠨ ᠢᠶᠠᠷ᠂ ᠬᠤᠰᠢᠭᠤ ᠰᠣᠶᠣᠯ ᠤᠨ ᠣᠷᠳᠣᠨ ᠤ ᠬᠢᠨ ᠤᠷ᠎ᠠ ᠮᠡᠷᠭᠡᠵᠢᠯ ᠳᠡᠭᠡᠨ | ᠴᠠᠭᠠᠷᠠᠭᠰᠠᠨ 8 ᠨᠡᠷ᠎ᠡ ᠪᠤᠳᠠᠰ ᠤᠨ ᠪᠤᠰᠤ ᠰᠤᠶᠤᠯ ᠤᠨ ᠦᠪ ᠵᠠᠯᠭᠠᠮᠵᠢᠯᠠᠭᠴᠢ ᠶᠢ ᠤᠷᠢᠵᠤ ᠬᠠᠮᠲᠤ ᠪᠠᠷ | ᠪᠦᠲᠦᠭᠡᠯ ᠢᠶᠠᠨ ᠤᠷᠠᠯᠠᠭᠰᠠᠨ ᠪᠠᠶᠢᠨ᠎ᠠ᠃ ᠲᠠᠳᠠ ᠪᠣᠯ ᠮᠠᠨ ᠤ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ | ᠲᠠᠰ ᠤᠨ᠂ ᠠᠶᠢᠮᠠᠭ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ︵ᠢᠰᠡᠭᠡᠶ ᠬᠠᠳᠬᠤᠮᠠᠯ︶ ᠤᠨ | ᠤᠯᠠᠮᠵᠢᠯᠠᠭᠴᠢ ᠪᠠᠶᠢᠵᠦ᠂ ᠲᠠᠷᠠᠭᠠᠴᠢ ᠶᠢᠨ 3 ᠰᠠᠷ᠎ᠠ ᠶᠢᠨ ᠬᠤᠭᠤᠴᠠᠭᠠᠨ ᠳᠤ ᠪᠤᠳᠠᠰ ᠤᠨ ᠪᠤᠰᠤ ᠰᠤᠶᠤᠯ ᠤᠨ | ᠦᠪ ᠵᠠᠯᠭᠠᠮᠵᠢᠯᠠᠭᠴᠢ ᠨᠠᠷ ᠢᠰᠡᠭᠡᠶ ᠪᠠᠷ ᠴᠠᠭᠠᠰᠤ ᠪᠣᠯᠭᠠᠵᠤ᠂ ᠵᠡᠭᠦᠤ ᠪᠠᠷ ᠪᠢᠷ ᠪᠤᠯᠭᠠᠨ᠂ ᠤᠲᠠᠰᠤ ᠪᠠᠷ ᠪᠤᠳᠤᠭ | ᠪᠣᠯᠭᠠᠵᠤ᠂ ᠢᠰᠡᠭᠡᠶ ᠳᠡᠭᠡᠷ᠎ᠡ ᠠᠮᠢᠳᠤᠯᠢᠭ ᠰᠠᠶᠢᠬᠠᠨ ᠬᠡ ᠤᠭᠠᠯᠵᠠ ᠬᠠᠳᠬᠤᠨ᠂ ᠲᠡᠳᠡᠨ ᠤ ᠭᠠᠷ ᠲᠠᠬᠢ ᠵᠡᠭᠦᠦ | ᠤᠲᠠᠰᠤ ᠪᠠᠷ ᠢᠶᠠᠨ ᠡᠬᠡ ᠤᠯᠤᠰ ᠲᠠᠭᠠᠨ ᠬᠠᠨᠳᠤᠭᠤᠯᠤᠭᠰᠠᠨ ᠬᠢᠵᠠᠭᠠᠷᠯᠠᠰᠢ ᠥᠬᠡᠶ ᠬᠠᠶᠢᠷ᠎ᠠ ᠰᠡᠳᠬᠢᠯᠭᠡ ᠪᠠᠨ | ᠢᠯᠡᠳᠬᠡᠭᠰᠡᠨ ᠪᠠᠶᠢᠨ᠎ᠠ᠃ ᠪᠦᠲᠦᠭᠡᠯ ᠢᠶᠠᠨ ᠳᠠᠭᠤᠰᠬᠠᠭᠰᠠᠨ ᠤ ᠲᠠᠷᠠᠭ᠎ᠠ ᠬᠤᠰᠢᠭᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠳᠤ ᠳᠡᠯᠭᠡᠨ ᠦᠵᠡᠭᠦᠯᠵᠦ᠂ ᠪᠦᠲᠦᠭᠡᠯ ᠢᠶᠠᠨ | ᠡᠷᠲᠡᠬᠡᠨ ᠤᠯᠠᠨ ᠲᠠᠢ ᠠᠭᠤᠯᠵᠠᠬᠤ ᠪᠤᠯᠤᠨ᠎ᠠ᠃ |