ᠬᠤᠰᠢᠭᠤ ᠤᠯᠠᠭᠠᠨᠮᠥ᠋ᠴᠢᠷ ︽ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠳᠠᠪᠠᠭᠤᠯᠢᠭ ᠢᠶᠠᠨ | ᠬᠦᠢᠴᠡᠳ ᠪᠠᠳᠠᠷᠠᠭᠤᠯᠵᠤ᠂ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢᠶᠠᠷ ᠢᠶᠠᠨ ᠤᠮᠠᠷᠠᠲᠤ ᠶᠢᠨ ᠰᠣᠶᠣᠯ ᠤᠨ | ᠨᠠᠷᠠᠲᠤ ᠲᠡᠮᠳᠡᠭ ᠤᠨ ᠪᠠᠶᠢᠭᠤᠯᠤᠯᠲᠠ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠨᠠᠮᠠᠷᠢᠯᠠᠵᠦ ᠪᠠᠶᠢᠨ᠎ᠠ᠃ | ᠬᠤᠰᠢᠭᠤ ᠤᠯᠠᠭᠠᠨᠮᠥ᠋ᠴᠢᠷ ︽ᠵᠠᠭᠤᠨ ᠪᠦᠯᠬᠦᠮ ᠮᠢᠩᠭᠠᠨ ᠲᠠᠯᠠᠪᠤᠷ ᠢ ᠦᠨᠳᠦᠰᠦᠨ ᠱᠠᠲᠤᠨ ᠳᠤ | ᠪᠠᠭᠤᠯᠭᠠᠬᠤ︾᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾᠂ ︽ᠳᠤᠮᠳᠠᠳᠤ ᠶᠢᠨ ᠵᠡᠭᠦᠳᠦ · ᠬᠥᠳᠡᠯᠮᠦᠷᠢ ᠭᠤᠸ᠎ᠠ ᠰᠠᠶᠢᠬᠠᠨ᠂ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠪᠠᠨ ᠱᠤᠭᠤᠵᠤ ᠨᠠᠮ ᠢᠶᠠᠨ ᠳᠠᠭᠠᠵᠤ᠂ ᠰᠢᠨ᠎ᠡ ᠠᠶᠠᠨ ᠵᠠᠮ ᠢᠶᠠᠷ ᠪᠦᠯᠬᠦᠮᠳᠠᠨ ᠲᠡᠮᠡᠴᠡᠶ᠎ᠡ︾᠂ | ︽ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠵᠤ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠪᠠᠬᠢᠵᠢᠬᠦᠯᠦᠶ᠎ᠡ︾᠂ | ︽ᠤᠯᠠᠭᠠᠨᠮᠥ᠋ᠴᠢᠷ ᠬᠢᠯᠢ ᠶᠢᠨ ᠪᠣᠭᠤᠮᠲᠠ ᠪᠠᠷ ᠵᠠᠮᠨᠠᠬᠤ︾᠂ ︽ᠮᠠᠨ ᠤ ᠳᠤᠮᠳᠠᠳᠤ ᠶᠢᠨ ᠵᠡᠭᠦᠳᠦ · ᠰᠣᠶᠣᠯ ᠢ | ᠲᠦᠮᠡᠨ ᠡᠷᠦᠬᠡ ᠳᠤ ᠬᠦᠷᠭᠡᠶ᠎ᠡ︾ ᠭᠡᠬᠦ ᠭᠤᠣᠯ ᠰᠡᠳᠦᠪᠲᠦ ᠠᠵᠢᠯᠯᠠᠭ᠎ᠠ᠂ ︽ᠪᠠᠶᠠᠷ ᠪᠠᠶᠠᠰᠤᠯ ᠢ ᠬᠦᠷᠭᠡᠵᠦ᠂ | ᠪᠣᠯᠪᠠᠰᠤᠨ ᠢ ᠬᠦᠷᠭᠡᠶ᠎ᠡ︾ ᠭᠡᠬᠦ ᠵᠡᠷᠬᠡ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠳᠠᠢ | ᠤᠷᠤᠯᠴᠠᠵᠦ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠳᠠᠯᠠᠨ᠂ ᠤᠯᠠᠨ ᠶᠠᠩᠵᠤ ᠬᠡᠯᠪᠡᠷᠢ᠂ | ᠪᠠᠶᠠᠯᠢᠭ ᠠᠭᠤᠯᠭ᠎ᠠ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠦ᠂ ᠨᠠᠮ ᠤᠨ ᠲᠠᠭᠤᠨ ᠪᠣᠯᠤᠨ ᠬᠠᠯᠠᠮᠵᠢᠯᠠᠯ ᠢ | ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ ᠪᠣᠯᠤᠨ ᠮᠠᠯᠵᠢᠬᠤ ᠣᠷᠣᠨ ᠤ ᠮᠠᠯᠴᠢᠨ ᠲᠦᠮᠡᠨ ᠳᠤ | ᠬᠦᠷᠭᠡᠵᠦ᠂ ᠡᠬᠡ ᠤᠯᠤᠰ ᠤᠨ ᠤᠮᠠᠷᠠᠲᠤ ᠶᠢᠨ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠬᠦᠭᠰᠡᠬᠡᠷ ᠢᠷᠡᠪᠡ᠃ 2023 ᠣᠨ ᠳᠤ ᠨᠡᠶᠢᠲᠡ 87 ᠲᠠᠯᠠᠪᠤᠷ | ᠲᠣᠭᠯᠠᠯᠲᠠ ᠭᠠᠷᠭᠠᠵᠤ᠂ ᠦᠵᠡᠭᠴᠢᠳ 3.6 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠰᠢᠭᠤᠳ | ᠨᠡᠪᠡᠷᠡᠬᠦᠯᠬᠡ ᠶᠢᠨ ᠦᠵᠡᠭᠴᠢᠳ ᠤᠨ ᠲᠤᠭ᠎ᠠ 6.2 ᠲᠦᠮᠡ ᠭᠠᠷᠤᠶ ᠬᠥᠮᠦᠨ ᠤᠳᠠᠭ᠎ᠠ ᠳᠤ ᠬᠦᠷᠴᠡᠶ᠃ | 2023 ᠣᠨ ᠳᠤ᠂ ᠬᠤᠰᠢᠭᠤ ᠤᠯᠠᠭᠠᠨᠮᠥ᠋ᠴᠢᠷ ᠳᠠᠭᠤᠤ ᠪᠥᠵᠢᠭᠲᠦ ᠵᠦᠴᠦᠭᠡ ︽ᠬᠢᠯᠢ ᠳᠤ ᠤᠶᠠᠩᠭᠠᠷᠠᠭᠰᠠᠨ | ᠤᠯᠠᠭᠠᠨᠮᠥ᠋ᠴᠢᠷ — ᠲᠤᠷᠠᠨ︾ ᠢ ᠨᠠᠶᠢᠷᠠᠭᠤᠯᠤᠨ ᠵᠣᠬᠢᠶᠠᠪᠠ᠃ ᠲᠤᠰ ᠵᠦᠴᠦᠭᠡ ᠨᠢ ᠰᠢᠨ᠎ᠡ ᠴᠠᠭ ᠦᠶ᠎ᠡ ᠶᠢᠨ | ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠢᠶᠠᠷ ᠠᠷᠤ ᠦᠵᠡᠭᠳᠡᠯ ᠪᠣᠯᠭᠠᠵᠤ᠂ | ᠦᠨᠳᠦᠰᠦᠨ ᠱᠠᠲᠤᠨ ᠤ ᠤᠯᠠᠭᠠᠨᠮᠥ᠋ᠴᠢᠷ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ᠂ ᠬᠢᠯᠢ | ᠬᠢᠵᠠᠭᠠᠷ ᠤᠨ ᠮᠠᠯᠴᠢᠨ ᠡᠷᠦᠬᠡ ᠳᠤ ᠬᠦᠷᠴᠦ᠂ ᠤᠷᠠᠯᠢᠭ ᠤᠨ ᠬᠡᠯᠪᠡᠷᠢ ᠪᠠᠷ ᠬᠢᠯᠢ ᠶᠢᠨ ᠴᠡᠷᠢᠭ ᠠᠷᠠᠳ ᠲᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ | ᠴᠡᠷᠢᠭ︾ ᠤᠨ ᠬᠦᠴᠦᠨ ᠢ ᠨᠡᠮᠡᠷᠢᠯᠡᠭᠰᠡᠨ ᠦᠨᠡᠨ ᠪᠣᠳᠠᠲᠠᠢ ᠦᠯᠢᠭᠡᠷ ᠤᠳ ᠢ ᠲᠤᠭᠯᠠᠭᠰᠠᠨ ᠪᠠᠶᠢᠨ᠎ᠠ᠃ ᠲᠣᠰ | ᠵᠢᠯ ᠳᠤ᠂ ᠲᠣᠰ ᠵᠦᠴᠦᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ | ᠬᠤᠷᠢᠶᠠᠨ ᠤ ᠤᠬᠠᠭᠤᠯᠬᠤ ᠬᠡᠯᠲᠡᠰ᠂ ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠡᠷᠭᠢᠯᠡᠭᠰᠡᠨ ᠬᠤᠷᠢᠨ ᠬᠤᠶᠠᠳᠤᠭᠠᠷ ᠬᠤᠭᠤᠴᠠᠭᠠᠨ ᠤ ᠪᠥᠬᠦ ᠠᠶᠢᠮᠠᠭ ᠤᠨ | ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠵᠦᠴᠦᠭᠡ ᠶᠢᠨ ᠲᠥᠷᠥᠯ ᠤᠨ ᠰᠢᠨ᠎ᠡ ᠵᠦᠴᠦᠭᠡ ᠶᠢᠨ | ᠭᠠᠷᠴᠠᠭ ᠤᠨ ᠱᠠᠩᠨᠠᠯ ᠢ ᠭᠥᠷᠳᠡᠪᠡ᠃ | ᠬᠤᠰᠢᠭᠤ ᠤᠯᠠᠭᠠᠨᠮᠥ᠋ᠴᠢᠷ ᠥᠪᠡᠷ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠮᠢᠵᠢᠷᠠᠯ ᠤᠨ | ᠬᠦᠴᠦᠨ ᠢᠶᠠᠨ ᠭᠦᠢᠴᠡᠳ ᠪᠠᠳᠠᠷᠠᠭᠤᠯᠵᠤ᠂ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠬᠡᠯᠪᠡᠷᠢ ᠶᠢ | ᠪᠠᠶᠠᠯᠢᠭᠵᠢᠭᠤᠯᠵᠤ᠂ ᠠᠷᠭ᠎ᠠ ᠶᠢᠨ ᠰᠢᠨ᠎ᠡ ᠶᠢ ᠡᠭᠦᠳᠴᠦ᠂ ᠨᠢᠭᠡ ᠪᠦᠯᠦᠭ ᠦᠨᠳᠦᠰᠦᠲᠡᠨ ᠨᠦᠭᠦᠳ ᠤᠨ ᠣᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠭᠤᠶᠢᠳᠠ | ᠰᠠᠶᠢᠬᠠᠨ ᠲᠣᠭᠯᠠᠯᠲᠠ ᠪᠠᠷ ᠠᠩᠬᠠᠳᠤᠭᠠᠷ ᠬᠤᠭᠤᠴᠠᠭᠠᠨ ᠤ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ | ᠮᠤᠩᠭᠤᠯ ᠮᠤᠷᠢᠨ ᠤ ᠤᠷᠤᠯᠳᠤᠭᠠᠨ ᠤ ᠮᠠᠨ ᠤ ᠬᠤᠰᠢᠭᠤᠨ ᠤ ᠰᠡᠢᠳᠪᠦᠷᠢᠳᠦ ᠤᠷᠤᠯᠳᠤᠭᠠᠨ ᠵᠢᠴᠢ ᠬᠤᠰᠢᠭᠤ | ᠠᠷᠪᠠᠨ ᠨᠢᠭᠡᠳᠦᠭᠡᠷ ᠬᠤᠭᠤᠴᠠᠭᠠᠨ ᠤ ︽ᠭᠤᠪᠢ ᠶᠢᠨ ᠰᠢᠨᠳᠠᠰᠦ︾ ᠲᠡᠮᠡᠭᠡᠨ ᠰᠣᠶᠣᠯ ᠤᠨ ᠨᠠᠶᠢᠷ ᠲᠤ ᠬᠦᠭ | ᠨᠡᠮᠡᠷᠢᠯᠡᠵᠦ᠂ ᠢᠷᠠᠭᠤ ᠰᠠᠶᠢᠬᠠᠨ ᠪᠥᠵᠢᠭ ᠲᠠᠭᠤᠤ ᠪᠠᠷ ᠢᠶᠠᠨ ᠰᠥᠨᠢᠳ ᠤᠨ ᠲᠠᠯ᠎ᠠ ᠨᠤᠲᠤᠭ ᠤᠨ ᠥᠷᠭᠡᠨ | ᠠᠭᠤᠳᠠᠮ᠂ ᠪᠠᠶᠠᠯᠢᠭ ᠰᠠᠶᠢᠬᠠᠨ ᠥᠩᠭᠡ ᠦᠵᠡᠮᠵᠢ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠯᠬᠡᠭᠯᠡᠨ | ᠲᠡᠮᠡᠴᠡᠵᠦ᠂ ᠢᠳᠡᠪᠬᠢᠯᠡᠨ ᠲᠠᠪᠰᠢᠵᠦ ᠪᠠᠶᠢᠭ᠎ᠠ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠶ᠃ | ᠤᠯᠠᠭᠠᠨᠮᠥ᠋ᠴᠢᠷ ᠤᠳᠬ᠎ᠠ ᠤᠷᠠᠯᠢᠭ ᠢᠶᠠᠷ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠢᠮᠠᠭᠲᠠ | ᠪᠠᠷᠢᠮᠲᠠᠯᠠᠵᠤ᠂ ᠰᠣᠶᠣᠯ ᠵᠤᠭᠠᠴᠠᠯ ᠤᠨ ᠠᠭᠤᠰᠤᠯᠴᠠᠯ ᠢ ᠠᠬᠢᠭᠤᠯᠤᠨ᠂ ︽ᠤᠮᠠᠷᠠᠲᠤ ᠶᠢᠨ ᠰᠣᠶᠣᠯ︾ ᠤᠨ | ᠲᠦᠷᠦᠯ ᠲᠡᠮᠳᠡᠭ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠰᠣᠶᠣᠯ ᠤᠨ | ᠠᠭᠤᠯᠤᠭᠳᠠᠬᠤᠨ ᠢ ᠢᠯᠡᠷᠡᠭᠦᠯᠵᠦ᠂ ᠨᠡᠩ ᠥᠨᠳᠥᠷ ᠤᠷᠠᠯᠢᠭ ᠤᠨ ᠲᠦᠪᠰᠢᠨ ᠢᠶᠠᠷ ᠬᠤᠪᠢᠰᠬᠠᠯᠲᠤ ᠤᠳᠬ᠎ᠠ | ᠤᠷᠠᠯᠢᠭ ᠤᠨ ᠬᠦᠩᠭᠡᠨ ᠮᠣᠷᠢᠲᠤ ᠴᠡᠷᠢᠭ ᠤᠨ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠵᠦ ᠪᠠᠶᠢᠨ᠎ᠠ᠃ | |