ᠬᠢᠯᠢ ᠳᠠᠭᠠᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/12/12
   11 ᠳ᠋ᠤᠭᠡᠷ ᠰᠠᠷ᠎ᠠ ᠶᠢᠨ 5 ᠤ ᠡᠳᠦᠷ᠂ ᠥᠪᠥᠷ ᠮᠣᠩᠭᠤᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯᠴᠢᠨ ᠤ ᠡᠪᠯᠡᠯ᠂ ᠰᠢᠯᠢ ᠶᠢᠨ ᠭᠤᠤᠯ ᠠᠶᠢᠮᠠᠭ ᠤᠨ ᠠᠵᠢᠯᠴᠢᠨ ᠤ ᠡᠪᠯᠡᠯ᠂ ᠬᠤᠰᠢᠭᠤ ᠠᠵᠢᠯᠴᠢᠨ ᠤ ᠶᠡᠷᠦᠩᠬᠡᠶ ᠡᠪᠯᠡᠯ ᠰᠠᠶᠢᠬᠠᠨᠭᠤᠪᠢ ᠰᠤᠮᠤᠨ ᠳᠤ ᠭᠥᠨᠵᠡᠭᠡᠶᠢᠷᠡᠨ ︽ᠠᠷᠠᠳ ᠣᠯᠠᠨ ᠤ ᠡᠷᠡᠭᠦᠯ ᠮᠡᠨᠳᠦ ᠶᠢ ᠬᠠᠮᠠᠭᠠᠯᠠᠨ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠬᠠᠮᠠᠭᠠᠯᠠᠶ᠎ᠠ︾ — ᠬᠢᠯᠢ ᠳᠠᠭᠠᠤ ᠶᠢᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠠᠵᠢᠯᠴᠢᠨ ᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠤ᠂ ᠰᠢᠯᠢ ᠶᠢᠨ ᠭᠤᠤᠯ ᠠᠶᠢᠮᠠᠭ ᠤᠨ ᠠᠵᠢᠯᠴᠢᠨ ᠤ ᠡᠪᠯᠡᠯ ᠤᠨ ᠳᠡᠳ᠋ ᠲᠡᠷᠢᠭᠦᠯᠡᠭᠴᠢ ᠡᠷᠳᠡᠮᠳᠤ᠂ ᠰᠢᠯᠢ ᠶᠢᠨ ᠭᠤᠤᠯ ᠠᠶᠢᠮᠠᠭ ᠤᠨ ᠠᠵᠢᠯᠴᠢᠨ ᠤ ᠡᠪᠯᠡᠯ ᠤᠨ ᠠᠵᠢᠯᠲᠠᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠲᠢᠶᠧ ᠭᠠᠩ 王铁钢᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠠᠵᠢᠯᠴᠢᠨ ᠤ ᠶᠡᠷᠦᠩᠬᠡᠶ ᠡᠪᠯᠡᠯ ᠤᠨ ᠲᠡᠷᠢᠭᠦᠯᠡᠭᠴᠢ ᠹᠠᠩ ᠯᠸᠢ ᠠᠵᠢᠯᠯᠠᠭ᠎ᠠ ᠳᠤ ᠣᠷᠣᠯᠴᠠᠵᠠᠶ᠃    ᠠᠵᠢᠯᠯᠠᠭ᠎ᠠ ᠳᠤ᠂ ᠬᠢᠯᠢ ᠬᠢᠵᠠᠭᠠᠷ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ 47 ᠠᠵᠢᠯᠲᠠᠨ ᠠᠵᠢᠯᠴᠢᠨ ᠳᠤ 1000 ᠲᠥᠭᠦᠷᠢᠭ ᠤᠨ ᠲᠣᠬᠤᠨᠢᠭᠤᠯᠬᠤ ᠮᠥᠩᠭᠦ ᠪᠠ ᠠᠮᠤ ᠪᠤᠲᠠᠭ᠎ᠠ ᠬᠦᠷᠭᠡᠵᠦ᠂ ᠲᠡᠳᠡᠨ ᠤ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠠᠵᠢᠯ ᠤᠨ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠳᠤ ᠲᠠᠯᠠᠷᠬᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠣᠰ ᠪᠡᠶ᠎ᠡ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠡᠮᠴᠢᠯᠡᠭᠡᠨ ᠤ ᠮᠡᠷᠭᠡᠵᠢᠯ ᠤᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠢᠯᠢ ᠬᠢᠵᠠᠭᠠᠷ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠲᠤ ᠨᠠᠩ ᠢᠯᠡᠭᠦᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠥᠰᠡᠭᠰᠡᠨ ᠪᠠᠶᠢᠨ᠎ᠠ᠃    ᠠᠵᠢᠯᠯᠠᠭ᠎ᠠ ᠳᠤ ᠪᠠᠰᠠ᠂ ᠨᠡᠩ ᠪᠣᠳᠠᠲᠠᠢ ᠲᠦᠷᠦᠭᠳᠡᠯ ᠲᠠᠢ ᠪᠦᠲᠦᠮᠵᠢᠲᠡᠢ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠢᠢᠯᠠᠭᠠᠭᠳᠠᠬᠤᠨ ᠢ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠦᠨᠡᠨ ᠬᠦ ᠪᠠᠶᠢᠭᠤᠯᠵᠤ᠂ ᠠᠵᠢᠯᠴᠢᠨ ᠤ ᠡᠪᠯᠡᠯ ᠤᠨ ᠦᠷᠳᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠢᠯᠳᠠᠨ ᠠᠵᠢᠯᠴᠢᠨ ᠤᠯᠠᠨ ᠲᠦᠮᠡᠨ ᠤ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠵᠤ᠂ ᠠᠵᠢᠯᠴᠢᠨ ᠤ ᠡᠪᠯᠡᠯ ᠤᠨ ᠦᠷᠳᠡᠭᠡ ᠶᠢ ᠰᠡᠳᠬᠢᠯ ᠬᠠᠨᠤᠮᠵᠢᠲᠠᠶ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠡᠳᠡᠷᠡᠵᠦ ᠪᠠᠶᠢᠭ᠎ᠠ ᠠᠷᠠᠳ ᠤᠨ ᠰᠡᠳᠬᠢᠯ ᠤᠨ ᠢᠨᠵᠧᠨᠧᠷᠢᠩ᠂ ᠪᠣᠳᠠᠲᠤ ᠶᠠᠪᠤᠳᠠᠯ ᠤᠨ ᠢᠨᠵᠧᠨᠧᠷᠢᠩ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠶ ᠭᠡᠰᠠᠨ ᠪᠠᠶᠢᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号