ᠮᠠᠨ ᠤ ᠬᠤᠰᠢᠭᠤ ᠲᠥᠷᠥᠯ ᠵᠦᠢᠯ ᠤᠨ ᠪᠠᠯᠠ ᠮᠥᠩᠭᠦ ᠡᠷᠡᠮᠡᠯᠵᠡᠯᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠲᠥᠷᠥᠯ ᠵᠦᠢᠯ ᠲᠦᠰᠤᠪᠯᠡᠬᠦ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/12
   10 ᠳ᠋ᠤᠭᠠᠷ ᠰᠠᠷ᠎ᠠ ᠶᠢᠨ 25 ᠤ ᠡᠳᠦᠷ᠂ ᠮᠠᠨ ᠤ ᠬᠤᠰᠢᠭᠤ ᠲᠥᠷᠥᠯ ᠵᠦᠢᠯ ᠤᠨ ᠪᠠᠯᠠ ᠮᠥᠩᠭᠦ ᠡᠷᠡᠮᠡᠯᠵᠡᠯᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠲᠥᠷᠥᠯ ᠵᠦᠢᠯ ᠲᠦᠰᠤᠪᠯᠡᠬᠦ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠼᠦᠩ ᠮᠧᠶ ᠬᠤᠷᠠᠯ ᠡᠷᠭᠢᠯᠡᠵᠦ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠥᠮᠦᠰ ᠪᠣᠯᠪᠠᠰᠤᠷᠠᠯ ᠳᠤ ᠣᠷᠣᠯᠴᠠᠵᠠᠶ᠃    ᠰᠢᠯᠢ ᠶᠢᠨ ᠭᠤᠤᠯ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠰᠠᠯᠠᠭ᠎ᠠ᠂ ᠨᠡᠶᠢᠭᠡᠮ ᠤᠨ ᠰᠠᠯᠠᠭ᠎ᠠ᠂ ᠪᠠᠯᠠ ᠣᠷᠣᠭᠤᠯᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ ᠲᠣᠰ ᠲᠣᠰ ᠥᠪᠡᠷ ᠥᠪᠡᠷ ᠤᠨ ᠬᠦᠷᠢᠶᠡᠨ ᠳᠠᠬᠢ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠭᠤᠤᠯᠳᠠᠯᠭ᠎ᠠ ᠪᠠ ᠲᠥᠷᠥᠯ ᠵᠦᠢᠯ ᠢ ᠲᠥᠯᠥᠪᠵᠢᠭᠦᠯᠬᠦ ᠠᠷᠭ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠭᠰᠡᠨ ᠪᠥᠭᠡᠳ ᠪᠣᠯᠪᠠᠰᠤᠷᠠᠯ ᠳᠤ ᠣᠷᠣᠯᠴᠠᠭᠰᠠᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠠᠷᠠᠭᠠᠴᠢ ᠶᠢᠨ ᠱᠠᠲᠤᠨ ᠤ ᠰᠥᠨᠢᠳ ᠵᠡᠭᠦᠨ ᠬᠤᠰᠢᠭᠤᠨ ᠤ ᠡᠯ᠎ᠡ ᠬᠦᠷᠢᠶᠡᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠳᠤ ᠴᠢᠭᠯᠡᠯ ᠲᠣᠳᠣᠷᠬᠠᠶ ᠪᠤᠯᠤᠭᠰᠠᠨ ᠪᠠᠶᠢᠨ᠎ᠠ᠃    ᠪᠣᠯᠪᠠᠰᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠳᠡᠭᠡᠳᠦ ᠱᠠᠲᠤᠨ ᠤ ᠪᠡᠯᠡ ᠮᠥᠩᠭᠦ ᠶᠢ ᠡᠷᠡᠮᠡᠯᠵᠡᠯᠡᠨ ᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠳᠡᠭᠡᠳᠦ ᠱᠠᠲᠤᠨ ᠤ ᠬᠠᠮᠤᠭ ᠤᠨ ᠰᠢᠨ᠎ᠡ ᠲᠦᠷᠦ ᠶᠢᠨ ᠪᠤᠳᠤᠯᠭ᠎ᠠ ᠪᠠᠷ ᠤᠳᠤᠷᠢᠳᠤᠮᠵᠢ ᠪᠤᠯᠭᠠᠨ ᠭᠤᠣᠯᠳᠠᠯᠭ᠎ᠠ ᠲᠠᠢ ᠬᠦᠷᠢᠶᠡᠨ ᠤ ᠪᠡᠯᠡ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ᠲᠦᠷᠦᠯ ᠵᠦᠢᠯ ᠤᠨ ᠨᠤᠲᠠᠯᠠᠯᠲᠠ ᠶᠢ ᠰᠠᠶᠢᠲᠤᠷ ᠬᠢᠵᠦ᠂ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠬᠠᠨᠳᠤᠯᠭᠠᠲᠤ ᠴᠢᠨᠠᠷᠲᠠᠢ ᠪᠠᠷ ᠲᠥᠯᠥᠪᠵᠢᠭᠦᠯᠦᠨ ᠪᠤᠲᠠᠲᠠᠶᠢᠵᠢᠭᠤᠯᠬᠤ ᠬᠡᠷᠡᠭᠲᠡᠢ᠃ ᠡᠯ᠎ᠡ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠬᠢᠷᠠᠭᠤᠯᠤᠯᠲᠠ ᠪᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠮᠤᠨ᠎ᠡ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠭᠠᠷᠳᠠᠮ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠦᠢᠯᠡᠴᠢᠯᠡᠭᠡᠨ ᠤ ᠪᠠᠲᠤᠯᠠᠭ᠎ᠠ ᠪᠠᠨ ᠴᠢᠩᠭᠠᠷᠠᠭᠤᠯᠤᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠨᠢᠭᠡᠴᠢ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠷᠢᠭᠤ ᠮᠡᠳᠡᠭᠦᠯᠦᠯᠲᠡ ᠶᠢᠨ ᠡᠷᠴᠢᠮ ᠢᠶᠠᠨ ᠴᠢᠩᠭᠠᠷᠠᠭᠤᠯᠤᠨ᠂ ᠰᠥᠨᠢᠳ ᠵᠡᠭᠦᠨ ᠬᠤᠰᠢᠭᠤᠨ ᠤ ᠲᠤᠳᠠᠭᠲᠠᠯ ᠪᠣᠯᠤᠨ ᠬᠦᠷᠦᠯᠴᠡᠬᠦ ᠦᠭᠡᠢ ᠲᠠᠯ᠎ᠠ ᠲᠠᠢ ᠬᠠᠷᠢᠴᠠᠭᠤᠯᠵᠤ᠂ ᠢᠷᠡᠬᠦ ᠵᠢᠯ ᠤᠨ ᠲᠡᠮᠡᠴᠡᠨ ᠤᠯᠬᠤ ᠭᠤᠣᠯᠳᠠᠯᠭ᠎ᠠ ᠶᠢ ᠣᠨᠣᠪᠴᠢᠲᠠᠢ ᠡᠵᠡᠮᠲᠡᠨ᠂ ᠰᠠᠶᠢᠲᠤᠷ ᠲᠥᠯᠥᠪᠵᠢᠭᠦᠯᠵᠦ᠂ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠶᠠᠰᠤ ᠴᠢᠨᠠᠷ ᠪᠣᠯᠤᠨ ᠠᠮᠵᠢᠯᠲᠠ ᠤᠯᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃ ᠡᠨᠡ ᠬᠤᠭᠤᠴᠠᠭᠠᠨ ᠳᠤ᠂ ᠰᠢᠯᠢ ᠶᠢᠨ ᠭᠤᠤᠯ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠰᠥᠨᠢᠳ ᠵᠡᠭᠦᠨ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号