11 ᠳ᠋ᠤᠭᠡᠷ ᠰᠠᠷ᠎ᠠ ᠶᠢᠨ 6 ᠤ ᠡᠳᠦᠷ ᠠᠴᠠ 9 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ | ᠱᠦᠵᠢ ᠸᠠᠩ ᠶᠦᠩ ᠵᠢᠶᠦ᠋ᠨ ᠬᠥᠬᠡᠬᠤᠲᠠ᠂ ᠰᠢ ᠠᠨ ᠬᠤᠲᠠ ᠳᠤ ᠬᠦᠷᠴᠦ ᠠᠷᠠᠯᠵᠢᠶᠠᠴᠢᠨ ᠤᠷᠢᠵᠤ ᠪᠠᠯᠠ | ᠣᠷᠣᠭᠤᠯᠬᠤ ᠬᠠᠮᠢᠶ᠎ᠠ ᠪᠥᠬᠦᠶ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠵᠦᠢᠯᠡᠰ ᠢ ᠵᠣᠯᠭᠠᠭᠤᠯᠤᠨ | ᠵᠥᠪᠲᠡᠯᠴᠡᠪᠡ᠃ | ᠸᠠᠩ ᠶᠦᠩ ᠵᠢᠶᠦ᠋ᠨ ᠤᠷᠢᠳ ᠬᠤᠵᠢᠳ ᠨᠧᠩ ᠹᠠ 能发 ︵ᠥᠪᠥᠷ ᠮᠣᠩᠭᠤᠯ︶ ᠤᠨ ᠰᠢᠨ᠎ᠡ | ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠡᠯᠡ | ᠣᠷᠣᠭᠤᠯᠤᠯᠲᠠ ᠶᠢᠨ ᠥᠪᠥᠷ ᠮᠣᠩᠭᠤᠯ ᠤᠨ ᠵᠦᠩ ᠯᠢᠩ 中凌 ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ | ᠴᠦᠩᠴᠢᠩ ᠤᠨ ᠹᠦ᠋ ᠷᠠᠨ 富燃 ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ᠂ ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤ ᠴᠠᠬᠢᠯᠭᠠᠨ ᠤ ᠵᠢᠷᠭᠤᠳᠤᠭᠠᠷ ᠢᠨᠵᠧᠨᠧᠷᠢᠩ ᠤᠨ | ᠲᠤᠪᠴᠢᠶᠠᠨ ᠤ ᠬᠢᠵᠠᠭᠠᠷᠲᠤ ᠺᠣᠮᠫᠠᠨᠢ ᠶᠢᠨ ᠪᠠᠷᠠᠭᠤᠨ ᠬᠤᠶᠢᠲᠤ ᠶᠢᠨ ᠺᠣᠮᠫᠠᠨᠢ᠂ ᠱᠠᠨᠰᠢ ᠶᠢᠨ ᠰᠢᠩ ᠾᠥᠸᠧ 星火 | ᠠᠵᠤ ᠦᠢᠯᠡᠰ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠲᠠᠢ ᠰᠢᠨᠵᠢᠯᠡᠨ ᠪᠠᠶᠢᠴᠠᠭᠠᠵᠤ | ᠵᠣᠯᠭᠠᠭᠤᠯᠵᠤ᠂ ᠲᠤᠬᠠᠢ ᠶᠢᠨ ᠭᠠᠵᠠᠷ ᠲᠤᠨᠢ ᠶᠠᠷᠢᠯᠴᠠᠨ ᠰᠣᠯᠢᠯᠴᠠᠬᠤ ᠬᠡᠯᠪᠡᠷᠢ ᠪᠠᠷ ᠳᠠᠮᠵᠢᠭᠤᠯᠤᠨ᠂ ᠡᠯ᠎ᠡ ᠠᠵᠤ | ᠠᠬᠤᠶᠢᠯᠠᠯ ᠤᠨ ᠡᠵᠡᠩᠨᠡᠯᠲᠡ ᠶᠢᠨ ᠵᠠᠭᠪᠤᠷ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠣᠳᠣᠬᠢ | ᠪᠠᠶᠢᠳᠠᠯ ᠵᠢᠴᠢ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠲᠦᠷᠦᠯ | ᠵᠦᠢᠯ ᠢ ᠨᠠᠶᠢᠳᠠᠪᠤᠷᠢᠵᠢᠭᠤᠯᠬᠤ᠂ ᠰᠣᠯᠢᠯᠴᠠᠭᠠᠨ ᠤ ᠬᠦᠷᠢᠶ᠎ᠡ ᠬᠡᠪᠴᠢᠶ᠎ᠠ ᠶᠢ ᠥᠷᠭᠡᠳᠬᠡᠬᠦ ᠲᠠᠯ᠎ᠠ ᠪᠠᠷ ᠤᠶᠢᠯᠭᠠᠭᠰᠠᠨ | ᠪᠠᠶᠢᠨ᠎ᠠ᠃ | ᠡᠯ᠎ᠡ ᠠᠵᠤ ᠠᠬᠤᠶᠢᠯᠠᠯ ᠲᠠᠢ ᠸᠠᠩ ᠶᠦᠩ ᠵᠢᠶᠦ᠋ᠨ ᠰᠥᠨᠢᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ᠂ ᠡᠬᠢ ᠪᠠᠶᠠᠯᠢᠭ ᠤᠨ ᠳᠠᠪᠠᠭᠤᠯᠢᠭ᠂ ᠠᠵᠤ ᠣᠶᠢᠯᠠᠰ ᠤᠨ ᠪᠠᠶᠢᠷᠢᠰᠢᠭᠤᠯᠤᠯᠲᠠ ᠪᠠ ᠪᠠᠯᠠ | ᠣᠷᠣᠭᠤᠯᠤᠯᠲᠠ ᠶᠢᠨ ᠣᠶᠢᠯᠠᠰ ᠴᠣᠭᠴᠠᠯᠠᠬᠤ ᠠᠯᠤᠰ ᠢᠷᠡᠭᠡᠳᠦᠶ ᠶᠢ ᠨᠠᠷᠢᠨ ᠲᠠᠨᠢᠯᠴᠠᠭᠤᠯᠵᠤ ᠬᠡᠯᠡᠬᠦ ᠳᠡᠭᠡᠨ᠂ | ᠣᠳᠣᠬᠠᠨ ᠳᠤ ᠰᠥᠨᠢᠳ ᠵᠡᠭᠦᠨ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ | ᠬᠦᠴᠦ ᠪᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠪᠥᠬᠦ ᠲᠠᠯ᠎ᠠ ᠪᠠᠷ ᠠᠬᠢᠭᠤᠯᠵᠤ᠂ ᠡᠬᠢ | ᠪᠠᠶᠠᠯᠢᠭ ᠤᠨ ᠳᠠᠪᠠᠭᠤᠯᠢᠭ ᠨᠥᠬᠦᠴᠡᠯ ᠳᠤ ᠲᠦᠰᠢᠭᠯᠡᠨ᠂ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ | ᠬᠥᠭᠵᠢᠭᠡᠬᠦ ᠶᠢ ᠲᠦᠷᠭᠡᠳᠬᠡᠵᠦ ᠪᠠᠶᠢᠨ᠎ᠠ᠃ ᠡᠯ᠎ᠡ ᠠᠵᠤ ᠠᠬᠤᠶᠢᠯᠠᠯ ᠤᠨ ᠬᠢᠨ ᠲᠤᠰ ᠤᠲᠠᠭᠠᠨ ᠤ ᠵᠣᠯᠭᠠᠯᠴᠠᠭ᠎ᠠ | ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠠᠵᠤ ᠦᠢᠯᠡᠰ ᠤᠨ | ᠳᠠᠪᠠᠭᠤᠯᠢᠭ ᠲᠠᠢ ᠪᠠᠨ ᠤᠶᠠᠯᠳᠤᠭᠤᠯᠵᠤ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠰᠢᠨ᠎ᠡ | ᠡᠨᠧᠷᠭᠢ ᠶᠢᠨ ᠲᠥᠬᠦᠭᠡᠷᠦᠮᠵᠢ ᠶᠢ ᠠᠵᠢᠯᠯᠠᠭᠤᠯᠵᠤ ᠬᠠᠮᠠᠭᠠᠯᠠᠬᠤ᠂ ᠬᠦᠷᠢᠶᠡᠯᠡᠩ ᠲᠣᠭᠤᠷᠢᠭ ᠤᠨ ᠪᠦᠳᠦᠭᠡᠨ | ᠪᠠᠶᠢᠭᠤᠯᠤᠯᠲᠠ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠤᠯᠠᠮᠵᠢᠯᠠᠯᠲᠤ | ᠡᠨᠧᠷᠭᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠠᠰᠢᠭᠯᠠᠬᠤ ᠵᠡᠷᠭᠡ ᠲᠠᠯ᠎ᠠ ᠪᠠᠷ ᠴᠢᠨᠠᠭᠰᠢᠳᠠ ᠬᠠᠮᠲᠤᠷᠠᠯᠴᠠᠬᠤ ᠶᠢ | ᠠᠬᠢᠭᠤᠯᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ | ᠭᠡᠵᠠᠢ᠃ | ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠥᠨᠢᠳ ᠵᠡᠭᠦᠨ ᠬᠤᠰᠢᠭᠤᠨ ᠤ ᠠᠵᠤ | ᠦᠢᠯᠡᠰ ᠤᠨ ᠡᠬᠢ ᠪᠠᠶᠠᠯᠢᠭ ᠡᠯᠪᠡᠭ ᠳᠡᠯᠪᠡᠭ᠂ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠨᠡᠪᠲᠡᠷᠡᠯᠴᠡᠭᠡ | ᠵᠣᠯᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠤᠳᠠᠭᠠᠨ ᠤ ᠵᠣᠯᠭᠠᠯᠴᠠᠭ᠎ᠠ ᠰᠣᠯᠢᠯᠴᠠᠭᠠᠨ ᠤ | ᠰᠠᠭᠤᠷᠢᠨ ᠳᠡᠭᠡᠷ᠎ᠡ ᠰᠥᠨᠢᠳ ᠵᠡᠭᠦᠨ ᠬᠤᠰᠢᠭᠤᠨ ᠳᠤ ᠠᠯᠢ ᠲᠦᠷᠭᠡᠨ ᠢᠶᠠᠷ ᠰᠢᠨᠵᠢᠯᠡᠨ ᠪᠠᠶᠢᠴᠠᠭᠠᠬᠤ ᠶᠢᠨ ᠬᠠᠮᠲᠤ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠰᠥᠨᠢᠳ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ | ᠪᠦᠬᠦ ᠲᠠᠯ᠎ᠠ ᠪᠠᠷ ᠣᠷᠣᠯᠴᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃ | ᠡᠨᠡ ᠬᠤᠭᠤᠴᠠᠭᠠᠨ ᠳᠤ᠂ ᠸᠠᠩ ᠶᠦᠩ ᠵᠢᠶᠦ᠋ᠨ ᠪᠠᠰᠠ ᠵᠦᠩ ᠮᠧᠢ 中煤 ᠥᠪᠥᠷ ᠮᠣᠩᠭᠤᠯ ᠤᠨ | ᠡᠨᠧᠷᠭᠢ ᠶᠢᠨ ᠬᠢᠵᠠᠭᠠᠷᠲᠤ ᠺᠣᠮᠫᠠᠨᠢ᠂ ᠾᠧᠪᠸᠢ ᠶᠢᠨ ᠰᠢᠨ ᠨᠧᠩ ᠶᠤᠸᠠᠨ 新能源 ᠰᠢᠨ᠎ᠡ ᠡᠨᠧᠷᠭᠢ ᠶᠢᠨ | ᠥᠪᠥᠷ ᠮᠤᠩᠭᠤᠯ ᠤᠨ ᠣᠷᠣᠨ ᠪᠦᠰᠡ ᠶᠢᠨ ᠺᠣᠮᠫᠠᠨᠢ ᠶᠢᠨ ᠬᠠᠷᠢᠭᠤᠴᠠᠯᠭᠠᠲᠠᠨ ᠲᠠᠢ ᠲᠦᠷᠦᠯ ᠵᠦᠢᠯ ᠢ ᠲᠦᠷᠭᠡᠳᠬᠡᠨ | ᠠᠬᠢᠭᠤᠯᠬᠤ ᠲᠤᠬᠠᠢ ᠵᠤᠯᠭᠠᠯᠴᠠᠭ᠎ᠠ ᠬᠢᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠹᠠᠩ ᠯᠸᠢ᠂ ᠬᠤᠰᠢᠭᠤ ᠳᠡᠳ᠋ ᠳᠠᠷᠤᠭ᠎ᠠ ᠵᠣᠣ ᠯᠢ ᠴᠢᠶᠠᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠤᠨ ᠠᠵᠢᠯᠯᠠᠭ᠎ᠠ ᠳᠤ ᠣᠷᠣᠯᠴᠠᠵᠠᠶ |