ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠤᠷᠭᠠᠨ | ᠬᠥᠮᠦᠵᠢᠯ ᠤᠨ ᠲᠣᠪᠴᠢᠶ᠎ᠠ᠂ ᠬᠤᠰᠢᠭᠤ ᠰᠢᠨ᠎ᠡ ᠲᠠᠪᠬᠤᠷᠭ᠎ᠠ ᠶᠢᠨ ᠨᠥᠬᠦᠷᠯᠠᠯ ᠤᠨ ᠬᠤᠯᠪᠣᠭᠠᠲᠤ ᠬᠤᠷᠠᠯ ᠬᠠᠮᠲᠤᠷᠠᠨ | ︽ᠨᠠᠶᠢᠲᠠ ᠶᠢᠨ ᠠᠰᠠᠷᠠᠮᠵᠢ ᠶᠢᠨ ᠲᠥᠯᠥᠭᠡ ᠰᠡᠳᠭᠢᠯ ᠨᠢᠭᠡᠳᠦᠨ ᠬᠦᠴᠦ ᠪᠠᠨ ᠬᠠᠮᠳᠤᠤᠨᠬᠠᠬᠤ︾ — | ︽ᠪᠠᠭᠠᠴᠤᠳ ᠤᠨ ᠲᠦᠷᠭᠡᠨ ᠠᠪᠤᠷᠠᠯᠲᠠ ᠶᠢᠨ ᠤᠷᠲᠤᠨ︾ ᠤ ᠠᠮᠢ ᠨᠠᠰᠤᠨ ᠤ ᠰᠤᠷᠭᠠᠨ ᠬᠥᠮᠦᠵᠢᠯ ᠤᠨ ᠰᠢᠨᠵᠢᠯᠡᠬᠦ | ᠤᠬᠠᠭᠠᠨ ᠤᠷᠠᠯᠢᠭ ᠤᠨ ᠦᠵᠡᠭᠦᠯᠦᠯᠭᠡ ᠶᠢᠨ ᠵᠡᠷᠯᠠᠯ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ᠂ ᠵᠢᠷᠤᠭ ᠥᠰᠥᠭ ᠬᠠᠪᠰᠤᠷᠭᠠᠭᠰᠠᠨ ᠵᠠᠷᠯᠠᠯ ᠢᠶᠠᠷ ᠳᠠᠮᠵᠢᠭᠤᠯᠤᠨ᠂ ᠡᠯ᠎ᠡ ᠳᠤᠮᠳᠠᠳᠤ ᠪᠠᠭ᠎ᠠ | ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠤᠭᠴᠢᠳ ᠲᠤ ᠡᠳᠦᠷ ᠲᠤᠲᠤᠮ ᠤᠨ ᠠᠮᠢᠳᠤᠷᠠᠯ ᠤᠨ ᠲᠤᠮᠲᠡᠬᠢ | ︽ᠢᠲᠡᠭᠡᠨ ᠤᠮᠲᠠᠭᠠᠨ︾ ᠠᠴᠠ ᠡᠬᠢᠯᠠᠨ ᠤᠬᠠᠭᠤᠯᠤᠨ ᠲᠠᠶᠢᠯᠪᠥᠷᠢᠯᠠᠵᠤ ᠬᠠᠷᠠᠬᠠᠨ ᠪᠠᠭ᠎ᠠ ᠠᠴᠠ ᠪᠠᠨ ᠰᠢᠨᠵᠢᠯᠡᠬᠦ | ᠤᠬᠠᠭᠠᠨᠴᠢ ᠢᠳᠡᠭᠡᠨ ᠤᠮᠳᠠᠭᠠᠨ ᠤ ᠳᠠᠳᠬᠠᠯ ᠲᠠᠢ᠂ ᠢᠳᠡᠭᠡᠨ ᠤᠮᠳᠠᠭᠠᠨ ᠤ ᠠᠮᠤᠷ ᠲᠦᠪᠰᠢᠨ ᠤ ᠤᠬᠠᠮᠰᠠᠷ ᠢ ᠪᠤᠢ | ᠪᠤᠯᠭᠠᠵᠤ ᠥᠭᠭᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ︽ᠪᠠᠭᠠᠴᠣᠳ ᠤᠨ ᠲᠦᠷᠭᠡᠨ ᠠᠪᠤᠷᠠᠯᠲᠠ ᠶᠢᠨ ᠤᠷᠲᠤᠨ︾ ᠪᠣᠯ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠨᠥᠬᠦᠷᠯᠠᠯ ᠤᠨ ᠬᠤᠯᠪᠣᠭᠠᠲᠤ ᠬᠤᠷᠠᠯ ᠤᠨ ᠬᠥᠮᠦᠰ ᠤᠨ ᠦᠢᠯᠡᠴᠢᠯᠡᠭᠡᠨ ᠤ ᠪᠦᠯᠬᠦᠮ ᠪᠣᠯᠤᠨ | ᠳᠤᠮᠳᠠᠳᠤ ᠤᠯᠤᠰ ᠤᠨ ᠭᠠᠮᠰᠢᠭ ᠢ ᠰᠡᠷᠭᠡᠶᠢᠯᠡᠬᠦ ᠨᠡᠶᠢᠭᠡᠮᠯᠢᠭ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ | ᠲᠣᠨᠣᠭᠯᠠᠯ ᠤᠨ ᠠᠵᠢᠯ ᠲᠥᠷᠥᠯ ᠤᠨ ᠨᠡᠶᠢᠭᠡᠮᠯᠢᠭ ᠪᠣᠯᠤᠨ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ | ᠣᠷᠳᠣᠨ ᠤ ᠨᠡᠶᠢᠭᠡᠮᠯᠢᠭ ᠤᠨ ᠬᠠᠮᠲᠤᠷᠠᠨ ᠡᠷᠭᠢᠯᠡᠭᠰᠡᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠪᠣᠯᠤᠨ᠎ᠠ᠂ | ᠡᠨᠡ ᠨᠢ ᠰᠢᠨ᠎ᠡ ᠶᠢ ᠡᠭᠦᠳᠬᠦ ᠠᠮᠢ ᠨᠠᠰᠤᠨ ᠤ ᠬᠥᠮᠦᠵᠢᠯ ᠢᠶᠠᠷ ᠳᠠᠮᠵᠢᠨ ᠶᠣᠰᠣ ᠮᠣᠷᠠᠯ ᠢ ᠪᠣᠶ ᠪᠣᠯᠭᠠᠵᠤ | ᠬᠡᠤᠬᠡᠳ ᠤᠨ ︽ᠠᠮᠢ ᠨᠠᠰᠤ ᠶᠢ ᠬᠦᠨᠳᠦᠳᠬᠡᠬᠦ ᠤᠬᠠᠮᠰᠠᠷ᠂ ᠠᠮᠢ ᠨᠠᠰᠤ ᠶᠢ ᠬᠠᠮᠠᠭᠠᠯᠠᠬᠤ ᠴᠢᠳᠠᠪᠤᠷᠢ᠂ ᠠᠮᠢ | ᠨᠠᠰᠤ ᠶᠢ ᠨᠠᠨᠳᠢᠩᠨᠠᠬᠤ ᠣᠪᠣᠷ︾ ᠢ ᠬᠥᠮᠦᠵᠢᠭᠦᠯᠬᠦ ᠶᠢᠨ ᠲᠥᠯᠥᠭᠡ ᠪᠠᠶᠢᠭᠤᠯᠤᠭᠰᠠᠨ ᠶᠤᠮ᠂ ᠠᠵᠢᠯᠯᠠᠭ᠎ᠠ ᠳᠤ ᠨᠡᠶᠢᠲᠡ | 25 ᠢᠵᠢ ᠨᠡᠶᠢᠲᠡ ᠶᠢᠨ ᠠᠰᠠᠷᠠᠮᠵᠢ ᠶᠢᠨ ᠵᠠᠷᠯᠠᠯ ᠬᠠᠨᠳᠢᠪᠯᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠰᠤᠷᠤᠭᠴᠢᠳ ᠲᠤ 1800 ᠭᠠᠷᠤᠶ ᠬᠤᠪᠢ ᠭᠥᠷᠭᠡᠭᠰᠡᠨ ᠪᠠᠶᠢᠨ᠎ᠠ᠃ |