ᠮᠠᠨ ᠤ ᠬᠤᠰᠢᠭᠤ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠶᠢ ᠵᠣᠬᠢᠴᠠᠭᠤᠯᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/17
   11 ᠳ᠋ᠤᠭᠡᠷ ᠰᠠᠷ᠎ᠠ ᠶᠢᠨ 25 ᠤ ᠡᠳᠦᠷ᠂ ᠮᠠᠨ ᠤ ᠬᠤᠰᠢᠭᠤ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠶᠢ ᠵᠣᠬᠢᠴᠠᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠶᠢ ᠳᠡᠮᠵᠢᠬᠦ ᠠᠵᠢᠯ ᠤᠨ ᠲᠤᠰᠬᠠᠶ ᠠᠩᠭᠢ ᠶᠢᠨ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠩ ᠮᠧᠶ ᠬᠤᠷᠠᠯ ᠡᠷᠭᠢᠯᠡᠪᠡ᠃    ᠬᠤᠷᠠᠯ ᠠᠴᠠ᠂ ᠡᠯ᠎ᠡ ᠰᠤᠮᠤ ᠪᠠᠯᠭᠠᠰᠤ᠂ ᠡᠯ᠎ᠡ ᠨᠢᠭᠡᠴᠡ ︽ᠮᠢᠩᠭᠠᠨ ᠠᠵᠤ ᠠᠬᠤᠶᠢᠯᠠᠯ ᠲᠦᠮᠡᠨ ᠡᠷᠦᠬᠡ ᠶᠢ ᠰᠤᠷᠪᠤᠯᠵᠢᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠤᠶᠢᠯᠠᠤᠨᠪᠥᠷᠢ ᠬᠤᠳᠠᠯᠳᠤᠭᠠᠨ ᠤ ᠡᠷᠦᠬᠡ᠂ ᠲᠤᠰᠬᠠᠶ ᠬᠤᠷᠰᠢᠶᠠᠵᠢᠯ᠂ ᠬᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠥᠷᠨᠢᠭᠦᠯᠤᠨ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠤᠶᠢᠯᠠᠤᠨᠪᠥᠷᠢ ᠬᠤᠳᠠᠯᠳᠤᠭᠠᠨ ᠤ ᠡᠷᠦᠬᠡ ᠶᠢᠨ ᠪᠠᠯᠠ ᠬᠤᠷᠠᠮᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠴᠢᠨᠠᠷ ᠰᠠᠶᠢᠲᠠᠶ ︽ᠭᠤᠷᠪᠠᠨ ᠨᠠᠷᠢᠨ ᠲᠠᠩᠰᠠ︾ ᠶᠢ ᠪᠣᠶ ᠪᠤᠯᠭᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠴᠠᠭ ᠲᠤᠬᠠᠶ ᠳᠤᠨᠢ ᠬᠦᠷᠭᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠭᠠᠬᠤ ᠶᠢ ᠦᠨᠡᠨᠬᠦ ᠪᠠᠲᠤᠯᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠤᠯᠭ᠎ᠠ ᠶᠢ ᠵᠣᠯᠭᠠᠭᠤᠯᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ ᠢ ᠪᠠᠶᠢᠴᠠᠭᠠᠨ᠂ ᠴᠠᠭ ᠲᠤᠬᠠᠶ ᠳᠤᠨᠢ ᠡᠮᠬᠢᠯᠠᠨ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠰᠢᠯᠵᠢᠭᠦᠯᠦᠨ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠤᠨ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠬᠦ ᠠᠵᠢᠯ ᠢ ᠰᠠᠶᠢᠲᠤᠷ ᠬᠢᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨ ᠬᠦ ᠪᠠᠳᠤᠯᠠᠨ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷ ᠲᠠᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠲᠠᠯᠪᠢᠬᠤ ᠳᠤ ᠬᠦᠴᠢᠷ ᠵᠡᠷᠭᠡ ᠠᠰᠠᠭᠤᠳᠠᠯ ᠢ ᠬᠦᠴᠦᠯᠡᠨ ᠰᠢᠢᠤᠨᠪᠥᠷᠢᠯᠠᠬᠦ ᠬᠡᠷᠡᠭᠲᠠᠢ ᠭᠡᠰᠠᠨ ᠪᠠᠶᠢᠨ᠎ᠠ᠃    ᠬᠤᠰᠢᠭᠤ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠬᠤᠷᠠᠮᠳᠣᠯᠭ᠎ᠠ ᠶᠢ ᠳᠡᠮᠵᠢᠬᠦ ᠠᠵᠢᠯ ᠤᠨ ᠲᠤᠰᠬᠠᠶ ᠠᠩᠭᠢ ᠶᠢᠨ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠤᠨ ᠬᠤᠷᠠᠯ ᠳᠤ ᠣᠷᠣᠯᠴᠠᠵᠠᠶ᠃
 
ᠢᠷᠡᠯᠲᠡ᠄ ᠰᠦᠨᠢᠳ ᠵᠡᠬᠦᠨ ᠬᠤᠰᠢᠭᠤᠨᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号