ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ ᠠᠷᠪᠠᠨ ᠨᠢᠭᠡᠳᠦᠭᠡᠷ ᠤᠳᠠᠭᠠᠨ ᠤ ᠠᠵᠢᠯ ᠤᠨ ᠵᠤᠷᠰᠢᠯᠲᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/17
   11  ᠳ᠋ᠤᠭᠡᠷ ᠰᠠᠷ᠎ᠠ ᠶᠢᠨ 29 ᠤ ᠡᠳᠦᠷ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ ᠠᠷᠪᠠᠨ ᠨᠢᠭᠡᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠤᠷᠰᠢᠯᠲᠤ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠱᠠᠲᠤᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠼᠦᠩ ᠮᠧᠶ ᠬᠤᠷᠠᠯ ᠡᠷᠭᠢᠯᠡᠵᠦ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠱᠦ ᠵᠢᠤᠸᠠᠨ ᠬᠤᠷᠠᠯ ᠳᠤ ᠣᠷᠣᠯᠴᠠᠵᠠᠶ᠃    ᠬᠤᠷᠠᠯ ᠠᠴᠠ ᠱᠠᠭᠠᠷᠳᠠᠭᠰᠠᠨ ᠨᠢ᠂ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠭᠦᠨᠵᠡᠭᠡᠶ ᠡᠵᠡᠮᠳᠡᠵᠦ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠦᠷᠨᠢᠭᠦᠯᠤᠨ᠂ ᠠᠶᠤᠯᠭᠦᠶ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠠᠳᠡᠯ ᠠᠮᠠᠷᠬᠠᠨ ᠡᠭᠦᠰᠬᠦ ᠣᠯᠠᠨ ᠡᠭᠦᠰᠬᠦ ᠭᠤᠤᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠳᠠᠶᠢᠵᠢᠭᠤᠯᠤᠨ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠬᠡᠷᠡᠭᠲᠡᠢ᠃ ᠬᠢᠨᠠᠨ ᠰᠢᠯᠭᠠᠬᠤ ᠪᠠᠶᠢᠴᠠᠭᠠᠯᠲᠠ ᠶᠢ ᠤᠭᠲᠤᠬᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ᠂ ᠣᠨᠴᠠᠭᠠᠢ ᠴᠠᠭ ᠠᠭᠤᠷ ᠢ ᠠᠷᠭᠠᠴᠠᠬᠤ ᠵᠡᠷᠭᠡ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠬᠡᠷᠡᠭᠲᠡᠢ᠃ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠰᠤᠨ ᠭᠠᠮᠰᠢᠭ ᠤᠨ ᠪᠠᠶᠢᠳᠠᠯ ᠪᠣᠯᠤᠨ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠵᠤ᠂ ᠬᠦᠨᠳᠦ ᠶᠡᠭᠡ ᠲᠦᠭᠰᠢᠭᠦᠷᠢᠲᠦ ᠪᠠᠶᠢᠳᠠᠯ ᠲᠣᠬᠢᠶᠠᠯᠳᠤᠪᠠᠯ ᠲᠡᠷᠡ ᠳᠠᠷᠤᠶ ᠳᠤᠨᠢ ᠮᠡᠳᠡᠭᠦᠯᠬᠦ ᠬᠡᠷᠡᠭᠲᠡᠶ ᠭᠡᠵᠠᠢ᠃    ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号