︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ | ᠵᠤᠭᠰᠤᠭᠠᠵᠤ᠂ ᠰᠡᠯᠭᠦᠨ ᠮᠠᠯᠵᠢᠬᠤ ᠳᠦᠷᠢᠮ︾ ᠢ ᠪᠥᠬᠦ ᠲᠠᠯ᠎ᠠ ᠪᠠᠷ ᠲᠤᠤᠱᠯᠠᠭᠤᠯᠵᠤ᠂ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠠᠮᠢ | ᠠᠬᠤᠢ ᠶᠢᠨ ᠱᠠᠩᠨᠠᠨ ᠨᠥᠬᠦᠪᠦᠷᠢᠯᠡᠬᠦ ᠪᠡᠯᠡ ᠮᠥᠩᠭᠦ ᠶᠢ ᠨᠤᠲᠤᠭ ᠪᠡᠯᠴᠢᠭᠡᠷ ᠤᠨ ᠳᠠᠭᠠᠭᠠᠴᠢᠯᠠᠭᠴᠢ ᠶᠢᠨ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠲᠠᠢ ᠨᠢᠭᠲᠠ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠨ ᠨᠦᠬᠦᠪᠦᠷᠢᠯᠡᠬᠦ ᠲᠣᠭᠲᠠᠴᠠ ᠶᠢ ᠭᠦᠢᠴᠡᠳ | ᠪᠠᠳᠠᠷᠠᠭᠤᠯᠤᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠤᠷᠠᠲᠡᠯᠠ ᠮᠠᠯᠵᠢᠬᠤ ᠶᠢ ᠰᠡᠷᠭᠡᠶᠢᠯᠡᠨ᠎ᠡ᠃ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠨᠣᠲᠤᠭ ᠪᠡᠯᠴᠢᠭᠡᠷ ᠲᠤ ᠲᠣᠬᠢᠷᠠᠬᠤ | ᠪᠡᠯᠴᠢᠭᠡᠷᠯᠡᠭᠦᠯᠬᠦ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠰᠥᠨᠢᠳ ᠵᠡᠭᠦᠨ ᠬᠤᠰᠢᠭᠤᠨ ᠤ ᠭᠤᠷᠪᠠᠳᠤᠭᠠᠷ ᠡᠭᠡᠯᠵᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ | ᠨᠦᠬᠦᠪᠦᠷᠢᠯᠡᠨ ᠱᠠᠩᠨᠠᠬᠤ ᠲᠦᠷᠦ ᠶᠢᠨ ᠪᠤᠳᠤᠯᠭ᠎ᠠ ᠶᠢᠨ ᠪᠠᠶᠢᠭᠠᠯᠢ ᠶᠢᠨ ᠨᠤᠲᠤᠭ ᠪᠡᠯᠴᠢᠭᠡᠷ ᠲᠤ ᠲᠣᠬᠢᠷᠠᠬᠤ | ᠪᠡᠯᠴᠢᠭᠡᠷᠯᠡᠭᠦᠯᠬᠦ ᠬᠡᠮᠵᠢᠶ᠎ᠡ ᠳᠤ ᠨᠦᠬᠦᠪᠦᠷᠢ ᠤᠯᠭᠤᠬᠤ ᠶᠢ ᠬᠢᠨᠠᠨ ᠲᠣᠭᠲᠠᠭᠠᠬᠤ ᠪᠠᠷᠢᠮᠵᠢᠶ᠎ᠠ ᠶᠢ ᠦᠨᠳᠦᠰᠦᠯᠡᠪᠡᠯ᠂ | ᠳᠤᠯᠠᠭᠠᠨ ᠤᠯᠠᠷᠢᠯ ᠤᠨ ᠪᠠᠶᠢᠭᠠᠯᠢ ᠶᠢᠨ ᠨᠤᠲᠤᠭ ᠪᠡᠯᠴᠢᠭᠡᠷ ᠲᠤ ᠲᠣᠬᠢᠷᠠᠬᠤ ᠪᠡᠯᠴᠢᠭᠡᠷᠯᠡᠭᠦᠯᠬᠦ ᠬᠡᠮᠵᠢᠶ᠎ᠡ ᠶᠢᠨ | ᠪᠠᠷᠢᠮᠵᠢᠶ᠎ᠠ ᠨᠢ ᠮᠦ \ ᠬᠤᠨᠢᠨ ᠤ ᠨᠢᠭᠡᠴᠢ᠂ ᠬᠦᠢᠲᠡᠨ ᠤᠯᠠᠷᠢᠯ ᠤᠨ ᠪᠠᠶᠢᠭᠠᠯᠢ ᠶᠢᠨ ᠨᠤᠲᠤᠭ ᠪᠡᠯᠴᠢᠭᠡᠷ ᠲᠤ | ᠲᠣᠬᠢᠷᠠᠬᠤ ᠪᠡᠯᠴᠢᠭᠡᠷᠯᠡᠭᠦᠯᠬᠦ ᠬᠡᠮᠵᠢᠶ᠎ᠡ ᠶᠢᠨ ᠪᠠᠷᠢᠮᠵᠢᠶ᠎ᠠ ᠨᠢ ᠮᠦ \ ᠬᠤᠨᠢᠨ ᠤ ᠨᠢᠭᠡᠴᠢ ᠪᠣᠯᠣᠨ᠎ᠠ᠃ | ᠳᠠᠭᠠᠭᠠᠴᠢᠯᠠᠭᠰᠠᠨ ᠪᠡᠯᠴᠢᠭᠡᠷ ᠲᠠᠬᠢ ᠮᠠᠯ ᠪᠡᠯᠴᠢᠭᠡᠷ ᠤᠨ ᠲᠡᠩᠴᠡᠭᠦᠷᠢ ᠲᠠᠢ ᠪᠠᠶᠢᠬᠤ ᠲᠠᠯᠠᠪᠠᠢ ᠨᠢ ᠮᠦ ᠪᠠᠶᠢᠵᠤ᠂ | ᠳᠤᠯᠠᠭᠠᠨ ᠤᠯᠠᠷᠢᠯ ᠳᠤ ᠪᠠᠶᠢᠭᠠᠯᠢ ᠶᠢᠨ ᠨᠤᠲᠤᠭ ᠪᠡᠯᠴᠢᠭᠡᠷ ᠲᠤ ᠬᠤᠨᠢᠨ ᠤ ᠨᠢᠭᠡᠴᠢ ᠮᠠᠯ ᠮᠠᠯᠵᠢᠵᠦ ᠪᠣᠯᠣᠨ᠎ᠠ᠂ | ᠬᠦᠢᠲᠡᠨ ᠤᠯᠠᠷᠢᠯ ᠳᠤ ᠪᠠᠶᠢᠭᠠᠯᠢ ᠶᠢᠨ ᠨᠤᠲᠤᠭ ᠪᠡᠯᠴᠢᠭᠡᠷ ᠲᠤ ᠬᠤᠨᠢᠨ ᠤ ᠨᠢᠭᠡᠴᠢ ᠮᠠᠯ ᠮᠠᠯᠵᠢᠵᠦ ᠪᠣᠯᠣᠨ᠎ᠠ᠃ | ︵ᠲᠠᠶᠢᠯᠪᠤᠷᠢ᠄ ᠮᠠᠯ ᠪᠡᠯᠴᠢᠭᠡᠷ ᠤᠨ ᠲᠡᠩᠴᠡᠭᠦᠷᠢᠰᠢᠯ ᠤᠨ ᠲᠠᠯᠠᠪᠠᠢ ᠶᠢᠨ ᠳᠣᠲᠣᠷ᠎ᠠ ᠲᠦᠷᠢᠶᠡᠰᠦᠯᠡᠵᠦ ᠠᠪᠣᠭᠰᠠᠨ | ᠪᠡᠯᠴᠢᠭᠡᠷ ᠤᠨ ᠲᠠᠯᠠᠪᠠᠢ ᠶᠢ ᠪᠠᠭᠲᠠᠭᠠᠨ᠎ᠠ᠂ ᠲᠦᠷᠢᠶᠡᠰᠦᠯᠡᠵᠦ ᠭᠠᠷᠭᠠᠭᠰᠠᠨ ᠪᠡᠯᠴᠢᠭᠡᠷ ᠤᠨ ᠲᠠᠯᠠᠪᠠᠢ ᠶᠢ ᠬᠠᠰᠤᠨ᠎ᠠ ︶ | ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ | ᠪᠡᠯᠴᠢᠭᠡᠷᠯᠡᠭᠦᠯᠬᠦ ᠶᠢ ᠴᠠᠭᠠᠵᠠᠯᠠᠵᠣ ᠪᠡᠯᠴᠢᠭᠡᠷᠯᠡᠭᠦᠯᠬᠦ ᠶᠢ ᠵᠣᠭᠰᠤᠭᠠᠵᠤ ᠰᠡᠯᠭᠦᠨ ᠮᠠᠯᠵᠢᠬᠤ ᠳᠦᠷᠢᠮ︾ ᠤᠨ ᠬᠠᠮᠢᠶ᠎ᠠ | ᠪᠦᠬᠦᠢ ᠲᠣᠭᠲᠠᠭᠠᠯ ᠢ ᠦᠨᠳᠦᠰᠦᠯᠡᠪᠡᠯ᠄ ᠨᠤᠲᠤᠭ ᠪᠡᠯᠴᠢᠭᠡᠷ ᠢ ᠬᠡᠷᠡᠭᠯᠡᠭᠴᠢ᠂ ᠨᠤᠲᠤᠭ ᠪᠡᠯᠴᠢᠭᠡᠷ ᠢ ᠳᠠᠭᠠᠭᠠᠴᠢᠯᠠᠨ | ᠡᠵᠡᠩᠨᠡᠭᠴᠢ ᠨᠢ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠪᠠ ᠪᠡᠯᠴᠢᠭᠡᠷᠯᠡᠭᠦᠯᠬᠦ ᠶᠢ ᠵᠣᠭᠰᠤᠭᠠᠵᠤ᠂ ᠰᠡᠯᠭᠦᠨ ᠮᠠᠯᠵᠢᠬᠤ | ᠡᠭᠦᠷᠭᠡ ᠶᠢ ᠭᠦᠢᠴᠡᠳᠬᠡᠬᠦ ᠬᠡᠷᠡᠭᠲᠡᠢ᠂ ᠬᠢᠨᠠᠨ ᠲᠣᠭᠲᠠᠭᠠᠭᠰᠠᠨ ᠪᠡᠯᠴᠢᠭᠡᠷᠯᠡᠭᠦᠯᠬᠦ ᠳᠤ ᠲᠣᠬᠢᠷᠠᠬᠤ ᠬᠡᠮᠵᠢᠶ᠎ᠡ ᠠᠴᠠ | ᠬᠡᠲᠦᠷᠡᠭᠦᠯᠦᠨ ᠮᠠᠯᠵᠢᠵᠤ ᠪᠣᠯᠬᠤ ᠦᠭᠡᠢ᠃ ᠪᠡᠯᠴᠢᠭᠡᠷᠯᠡᠭᠦᠯᠬᠦ ᠬᠡᠮᠵᠢᠶ᠎ᠡ ᠠᠴᠠ ᠬᠡᠲᠦᠷᠡᠭᠦᠯᠦᠨ ᠮᠠᠯᠵᠢᠭᠰᠠᠨ ᠮᠠᠯᠵᠢᠬᠤ | ᠡᠷᠦᠬᠡ ᠳᠤ᠂ ᠬᠡᠮᠵᠢᠶ᠎ᠡ ᠠᠴᠠ ᠬᠡᠲᠦᠷᠡᠭᠰᠡᠨ ᠬᠤᠨᠢᠨ ᠤ ᠨᠢᠭᠡᠴᠢ ᠨᠢᠭᠡᠪᠦᠷᠢ ᠶᠢ 100 ᠲᠥᠭᠦᠷᠢᠭ ᠢᠶᠠᠷ | ᠲᠣᠷᠭᠠᠬᠤ ᠵᠠᠰᠠᠭ ᠵᠠᠬᠢᠷᠭᠠᠨ ᠤ ᠰᠶᠢᠳᠭᠡᠯ ᠥᠭᠬᠦ ᠶᠢᠨ ᠬᠠᠮᠲᠤ᠂ ᠪᠠᠰᠠ ᠵᠣᠬᠢᠬᠤ ᠬᠠᠷᠢᠴᠠᠯ ᠢᠶᠠᠷ ᠲᠤᠬᠠᠢ ᠶᠢᠨ | ᠵᠢᠯ ᠤᠨ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠨᠥᠬᠦᠪᠦᠷᠢ ᠶᠢ ᠰᠠᠭᠤᠯᠭᠠᠨ ᠠᠪᠤᠨ᠎ᠠ᠃ | ᠬᠡᠷᠪᠡ ᠳᠠᠭᠠᠭᠠᠴᠠ ᠠᠴᠠ ᠬᠡᠲᠦᠷᠡᠭᠰᠡᠨ ᠨᠣᠷᠮ᠎ᠠ ᠨᠢ 10 % ᠶᠢ ᠳᠠᠪᠠᠪᠠᠯ᠂ ᠲᠤᠬᠠᠢ ᠶᠢᠨ ᠵᠢᠯ ᠤᠨ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠨ ᠱᠠᠩᠨᠠᠬᠤ ᠮᠥᠩᠭᠦ ᠶᠢ ᠬᠠᠰᠤᠨ᠎ᠠ᠃ | ᠮᠡᠳᠡᠭᠳᠡᠯ ᠬᠦᠯᠢᠶᠡᠨ ᠠᠪᠤᠭᠴᠢ ︵ᠭᠠᠷ ᠤᠨ ᠦᠰᠦᠭ︶᠄ | ᠮᠡᠳᠡᠭᠳᠡᠯ ᠬᠦᠷᠭᠡᠭᠴᠢ ︵ᠭᠠᠷ ᠤᠨ ᠦᠰᠦᠭ︶᠄ | | ᠰᠥᠨᠢᠳ ᠵᠡᠭᠦᠨ ᠬᠤᠰᠢᠭᠤᠨ ᠤ ᠮᠠᠨᠳᠠᠯᠲᠤ ᠰᠣᠮᠤᠨ ᠤ ᠠᠷᠠᠳ ᠤᠨ ᠵᠠᠰᠠᠭ ᠤᠨ ᠣᠷᠳᠣᠨ ︵ᠲᠠᠮᠠᠭ᠎ᠠ︶ | ᠣᠨ ᠤ ᠰᠠᠷ᠎ᠠ ᠶᠢᠨ ᠤ ᠡᠳᠦᠷ |