ᠰᠥᠨᠢᠳ ᠵᠡᠭᠦᠨ ᠬᠤᠰᠢᠭᠤᠨ ᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/12/18
    ᠣᠶᠢᠷ᠎ᠠ ᠶᠢᠨ ᠵᠢᠯ ᠳᠤ᠂ ᠰᠥᠨᠢᠳ ᠵᠡᠭᠦᠨ ᠬᠤᠰᠢᠭᠤ ᠤᠯᠠᠨ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠢᠯ ᠪᠦᠷᠢ ᠨᠡᠶᠢᠭᠡᠮ ᠨᠡᠶᠢᠲᠡ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠢᠯᠡ ᠪᠠᠷ ᠡᠯᠰᠡᠨ ᠴᠤᠭᠯᠠᠭᠤᠯᠵᠤ᠂ ᠣᠯᠠᠨ ᠲᠦᠮᠡᠨ ᠤ ︽ ᠲᠤᠯᠭᠠᠮᠳᠠᠭᠰᠠᠨ ᠬᠦᠴᠢᠷ  ︾ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠦᠪᠰᠢᠶᠡᠷᠡᠯ ᠪᠠ ᠬᠦᠴᠦᠲᠠᠢ ᠳᠡᠮᠵᠢᠯᠭᠡ ᠶᠢ ᠣᠯᠣᠭᠰᠠᠨ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠬᠡᠷᠡᠭᠴᠡᠭᠡ ᠶᠢ ᠠᠰᠠᠭᠤᠬᠤ᠂ ᠴᠢᠳᠠᠯ ᠤᠨ ᠢᠶᠠᠨ ᠬᠢᠷᠢ ᠪᠠᠷ ᠬᠢᠬᠦ︾ ᠵᠠᠷᠴᠢᠮ ᠶᠣᠰᠣᠭᠠᠷ᠂ ᠪᠥᠬᠦ ᠬᠤᠰᠢᠭᠤᠨ ᠤ ᠬᠡᠪᠴᠢᠶᠡᠨ ᠳᠤ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ ᠡᠯᠰᠡᠨ ᠴᠤᠭᠯᠠᠭᠤᠯᠬᠤ ᠪᠠᠷ ᠲᠣᠭᠲᠠᠪᠠ᠃ ᠤᠳᠤ ᠳᠣᠣᠷᠠᠬᠢ ᠮᠡᠲᠦ ᠵᠠᠷᠯᠠᠶ᠎ᠠ᠄     ᠨᠢᠭᠡ᠂ ᠡᠯᠰᠡᠬᠦ ᠴᠠᠭ     ᠵᠠᠷᠯᠠᠭᠰᠠᠨ ᠡᠳᠦᠷ ᠠᠴᠠ ᠡᠬᠢᠯᠡᠨ 2024 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠃     ᠬᠤᠶᠠᠷ᠂ ᠡᠯᠰᠡᠬᠦ ᠠᠭᠤᠯᠭ᠎ᠠ     ᠮᠠᠨ ᠤ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠣᠯᠠᠨ ᠲᠦᠮᠡᠨ ᠤ ᠬᠠᠯᠠᠮᠰᠢᠯ ᠪᠤᠯᠤᠭᠰᠠᠨ ᠭᠤᠣᠯᠳᠠᠯᠭ᠎ᠠ ᠲᠠᠢ ᠴᠠᠷ᠎ᠠ ᠬᠦᠷᠢᠶᠡᠨ ᠳᠤ ᠠᠩᠬᠠᠷᠤᠯ ᠢᠶᠠᠨ ᠲᠦᠪᠯᠡᠷᠡᠭᠦᠯᠵᠤ᠂ ᠡᠬᠦᠨ ᠳᠤ᠄ ᠠᠵᠢᠯ ᠣᠯᠭᠤᠯᠲᠠ ᠶᠢᠨ ᠪᠤᠯᠪᠠᠰᠤᠷᠠᠯ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠠᠮᠤᠷ ᠲᠦᠪᠰᠢᠨ ᠤ ᠪᠠᠲᠤᠯᠠᠭ᠎ᠠ᠂ ᠬᠤᠲᠠ ᠪᠠᠯᠭᠠᠰᠤᠨ ᠤ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠤᠰᠤᠳ ᠵᠦᠢᠯᠡᠰ ᠢ ᠪᠠᠭᠲᠠᠭᠠᠨ᠎ᠠ᠃     ᠭᠤᠷᠪᠠ᠂ ᠡᠯᠰᠡᠬᠦ ᠠᠷᠭ᠎ᠠ ᠮᠠᠶ᠋ᠢᠭ     ᠳᠣᠣᠷᠠᠬᠢ ᠭᠤᠷᠪᠠᠨ ᠵᠦᠢᠯ ᠤᠨ ᠠᠷᠭ᠎ᠠ ᠮᠠᠶ᠋ᠢᠭ ᠢᠶᠠᠷ ᠲᠠᠭᠯᠠᠨ ᠮᠡᠳᠡᠭᠦᠯᠵᠦ ᠪᠣᠯᠣᠨ᠎ᠠ᠄     1. ᠳᠤᠤᠷᠠᠬᠢ ᠮᠡᠷᠭᠡᠨ ᠴᠤᠬᠤᠷ ᠢ ᠰᠢᠷᠪᠢᠵᠦ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠨ᠎ᠡ᠃
        2. ︽ᠰᠥᠨᠢᠳ ᠵᠡᠭᠦᠨ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠤᠶᠢᠯ ᠤᠨ ᠰᠠᠨᠠᠭᠤᠯᠭ᠎ᠠ ᠶᠢ ᠡᠯᠰᠡᠨ ᠴᠤᠭᠯᠠᠭᠤᠯᠬᠤ ᠬᠦᠰᠦᠨᠦᠭᠲᠦ︾ ᠶᠢ  ᠰᠢᠷᠪᠢᠨ ᠪᠠᠭᠤᠯᠭᠠᠵᠤ᠂ ᠳᠦᠷᠢᠮᠵᠢᠬᠦᠨ ᠲᠠᠭᠯᠠᠭᠰᠠᠨ ᠤ ᠳᠠᠷᠠᠭ᠎ᠠ᠂ ᠡᠯᠧᠺᠲᠷᠣᠨ ᠬᠡᠪᠯᠡᠯ ᠤᠨ ᠬᠦᠰᠦᠨᠦᠭᠲᠦ ᠶᠢ ᠢᠮᠧᠯ ᠢᠶᠠᠷ ducha114@163.com ᠳᠤ ᠢᠯᠡᠭᠡᠨ᠎ᠡ᠃
   
     3. ︽ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ︾  ᠤᠨ ᠸᠢᠴᠠᠲ ᠤᠨ ᠨᠡᠶᠢᠲᠡ ᠶᠢᠨ ᠲᠠᠪᠴᠠᠩ ᠤᠨ ᠳ᠋ᠤᠭᠠᠷ ᠢ ᠨᠡᠮᠡᠵᠦ᠂ ᠦᠭᠡ ᠦᠯᠡᠳᠡᠭᠡᠵᠦ  ᠰᠠᠨᠠᠭᠤᠯᠭ᠎ᠠ ᠪᠠᠨ ᠲᠤᠰᠢᠶᠠᠨ᠎ᠠ᠃ ︵ᠰᠠᠨᠠᠭᠤᠯᠭ᠎ᠠ ᠲᠤᠰᠢᠶᠠᠭᠰᠠᠨ ᠬᠦᠮᠦᠨ ᠤ ᠨᠡᠷ᠎ᠡ᠂ ᠬᠠᠷᠢᠯᠴᠠᠬᠤ ᠤᠲᠠᠰᠤ ᠶᠢ ᠲᠣᠳᠣᠷᠬᠠᠶᠢᠯᠠᠭᠠᠷᠠᠢ︶     ︵ᠬᠠᠷᠢᠯᠴᠠᠬᠤ ᠬᠥᠮᠥᠨ᠄ ᠯᠥᠸᠧ ᠢᠦᠢ ᠲᠦᠩ᠂ ᠬᠠᠷᠢᠯᠴᠠᠬᠤ ᠤᠲᠠᠰᠤ 0479—2522662︶                      ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                    2024 ᠣᠨ ᠤ 12 ᠰᠠᠷ᠎ᠠ ᠶᠢᠨ 6 ᠤ ᠡᠳᠦᠷ
 
ᠢᠷᠡᠯᠲᠡ᠄ ᠰᠦᠨᠢᠳ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号