ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ | ᠲᠣᠭᠲᠠᠭᠠᠯ︾ ᠢ ᠪᠠᠲᠤᠯᠠᠪᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠰᠦᠯᠵᠢᠶ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ | ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠲᠠᠰᠤᠨ ᠤ | 12333 App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ | ᠳᠠᠮᠵᠢᠭᠤᠯᠤᠨ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ | ᠪᠣᠳᠣᠯᠭ᠎ᠠ ᠶᠢᠨ ᠠᠷᠭ᠎ᠠ︾ ᠶᠢᠨ ᠵᠢᠵᠢᠭ ᠫᠷᠣᠭ᠍ᠷᠠᠮ ᠳᠤ ᠣᠷᠣᠵᠤ᠂ ᠲᠣᠰ ᠬᠥᠮᠥᠨ ᠤ ᠮᠡᠳᠡᠭᠡ ᠵᠠᠩᠭᠢ ᠪᠠᠨ ᠪᠢᠴᠢᠵᠦ | ᠣᠷᠣᠭᠤᠯᠪᠠᠯ ᠳᠠᠷᠤᠢ ᠠᠰᠠᠭᠤᠨ ᠯᠠᠪᠯᠠᠵᠤ ᠪᠣᠯᠣᠨ᠎ᠠ᠃ ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ | ᠬᠠᠯᠠᠮᠰᠢᠯ ᠤᠲᠠᠰᠤ ᠶᠢ ᠤᠲᠠᠰᠤᠳᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ | ᠦᠢᠯᠡᠴᠢᠯᠡᠭᠡᠨ ᠤ ᠴᠣᠩᠬᠤᠪᠴᠢ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠥᠨ ᠤ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠣᠨ᠎ᠠ᠃ |