ᠮᠠᠨ ᠤ ᠤᠯᠤᠰ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠳᠦᠷᠢᠮ ᠢ ᠲᠡᠭᠦᠯᠳᠡᠷᠵᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/12/19
     11 ᠰᠠᠷ᠎ᠠ ᠶᠢᠨ 11 ᠤ ᠡᠳᠦᠷ᠂ ᠬᠤᠶᠠᠷ ᠰᠠᠯᠠᠭ᠎ᠠ ᠮᠥᠴᠢᠷ ᠬᠠᠮᠲᠤᠷᠠᠨ ︽ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠨᠡᠶᠢᠲᠡᠯᠡᠵᠦ᠂ ᠤᠯᠤᠰ ᠤᠨ ᠲᠠᠰ ᠳᠠᠪᠬᠤᠷᠭ᠎ᠠ ᠳᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠳᠦᠷᠢᠮ ᠢ ᠨᠢᠭᠡᠳᠬᠡᠨ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠭ ᠢᠶᠠᠷ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠪᠡ᠃      ᠮᠡᠳᠡᠭᠳᠡᠯ ᠳᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠤᠷᠢᠳᠴᠢᠯᠠᠨ ᠥᠭᠬᠦ ᠮᠥᠩᠭᠦ ᠪᠣᠯ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠵᠠᠷᠤᠳᠠᠯ ᠢ ᠣᠷᠣᠯᠠᠨ ᠥᠭᠬᠦ ᠳᠠᠷᠤᠯᠲᠠ ᠶᠢ ᠬᠥᠩᠭᠡᠷᠡᠭᠦᠯᠬᠦ᠂ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠦᠭᠰᠡᠨ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠶᠢᠨ ᠲᠥᠯᠥᠭᠡ ᠭᠠᠷᠭᠠᠭᠰᠠᠨ ᠡᠷᠭᠢᠯᠲᠡ ᠶᠢᠨ ᠪᠡᠯᠡ ᠮᠥᠩᠭᠦ ᠪᠣᠯᠣᠨ᠎ᠠ᠂ ᠲᠡᠭᠦᠨ ᠢ ᠡᠮ ᠲᠠᠩ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠵᠡᠷᠭᠡ ᠡᠮᠴᠢᠯᠡᠭᠡᠨ ᠤ ᠵᠠᠷᠤᠳᠠᠯ ᠤᠨ ᠡᠷᠭᠢᠯᠲᠡ ᠶᠢᠨ ᠵᠠᠷᠤᠯᠭ᠎ᠠ ᠳᠤ ᠬᠡᠷᠡᠭᠯᠡᠨ᠎ᠡ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ᠂ ᠡᠳᠦᠷ ᠲᠤᠲᠤᠮ ᠤᠨ ᠠᠵᠢᠯᠯᠠᠭ᠎ᠠ᠂ ᠥᠭᠴᠡᠭᠡ ᠲᠥᠯᠥᠬᠦ ᠵᠡᠷᠭᠡ ᠡᠮᠴᠢᠯᠡᠭᠡᠨ ᠤ ᠪᠤᠰᠤ ᠵᠠᠷᠤᠳᠠᠯ ᠤᠨ ᠵᠠᠷᠤᠯᠭ᠎ᠠ ᠳᠤ ᠬᠡᠷᠡᠭᠯᠡᠵᠦ ᠪᠣᠯᠬᠤ ᠦᠭᠡᠢ ᠭᠡᠵᠦ ᠲᠣᠳᠣᠷᠬᠠᠢ ᠲᠣᠭᠲᠠᠭᠠᠪᠠ᠃            ᠮᠡᠳᠡᠭᠳᠡᠯ ᠳᠤ᠂ ᠡᠯ᠎ᠡ ᠮᠤᠵᠢ ᠶᠢᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠢ ᠵᠢᠯᠣᠭᠤᠳᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠥᠭᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠡᠯ᠎ᠡ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠳ ᠨᠢ ᠦᠨᠳᠦᠰᠦᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠦᠯᠡᠳᠡᠪᠦᠷᠢ ᠶᠢᠨ ᠪᠠᠶᠢᠳᠠᠯ ᠢ ᠦᠨᠳᠦᠰᠦᠯᠡᠨ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠵᠦ ᠪᠠᠶᠢᠭᠠᠳ ᠬᠠᠮᠢᠶ᠎ᠠ ᠪᠦᠬᠦᠢ ᠤᠷᠢᠳᠴᠢᠯᠠᠨ ᠥᠭᠬᠦ ᠮᠥᠩᠭᠦ ᠶᠢᠨ ᠳᠦᠷᠢᠮ ᠢ ᠰᠤᠳᠤᠯᠤᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ︽ᠰᠠᠭᠤᠷᠢ ᠮᠥᠩᠭᠦᠨ ᠤ ᠠᠮᠤᠷ ᠲᠦᠪᠰᠢᠨ ᠪᠣᠯ ᠤᠷᠢᠳᠴᠢᠯᠠᠨ ᠥᠭᠬᠦ ᠠᠵᠢᠯ ᠢ ᠬᠡᠷᠡᠭᠵᠢᠭᠦᠯᠬᠦ ᠶᠢᠨ ᠦᠨᠳᠦᠰᠦᠨ ᠤᠷᠢᠲᠠᠯ ᠮᠥᠨ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ︾ ᠭᠡᠵᠦ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃ ᠮᠡᠳᠡᠭᠳᠡᠯ ᠢ ᠦᠨᠳᠦᠰᠦᠯᠡᠪᠡᠯ᠂ ᠵᠠᠷᠴᠢᠮ ᠳᠡᠭᠡᠷ᠎ᠡ ᠪᠠᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 12 ᠰᠠᠷ᠎ᠠ ᠠᠴᠠ ᠳᠤᠲᠠᠭᠤ ᠦᠭᠡᠢ ᠪᠠᠶᠢᠪᠠᠯ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠪᠠᠷ ᠤᠷᠢᠳᠴᠢᠯᠠᠨ ᠥᠭᠴᠦ ᠪᠣᠯᠣᠨ᠎ᠠ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠶᠢ ᠲᠥᠯᠥᠵᠦ ᠪᠣᠯᠬᠤ ᠰᠠᠷ᠎ᠠ ᠶᠢᠨ ᠲᠤᠭ᠎ᠠ ᠨᠢ 6 ᠰᠠᠷ᠎ᠠ ᠠᠴᠠ ᠳᠤᠲᠠᠭᠤ ᠦᠭᠡᠢ ᠪᠠᠶᠢᠪᠠᠯ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠪᠠᠷ ᠤᠷᠢᠳᠴᠢᠯᠠᠨ ᠥᠭᠴᠦ ᠪᠣᠯᠣᠨ᠎ᠠ᠃ ᠲᠦᠷᠦᠭᠦᠦ ᠵᠢᠯ ᠳᠤ ᠨᠢᠭᠡᠨᠲᠡ ᠲᠣᠰ ᠬᠤᠭᠤᠴᠠᠭᠠᠨ ᠤ ᠤᠯᠠᠭᠠᠨ ᠲᠤᠭ᠎ᠠ ᠭᠠᠷᠤᠭᠰᠠᠨ ᠪᠤᠶᠤ 12 ᠰᠠᠷ᠎ᠠ ᠶᠢᠨ ᠥᠩᠬᠦᠷᠢᠭᠦᠯᠦᠨ ᠲᠥᠰᠥᠭᠡᠯᠡᠨ ᠪᠤᠳᠤᠬᠤ ᠠᠷᠭ᠎ᠠ ᠪᠠᠷ ᠲᠣᠰ ᠵᠢᠯ ᠤᠨ ᠤᠯᠠᠭᠠᠨ ᠲᠤᠭ᠎ᠠ ᠶᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤᠷᠢᠳᠴᠢᠯᠠᠨ ᠥᠭᠴᠦ ᠪᠤᠯᠬᠤ ᠦᠭᠡᠢ᠃
 
ᠢᠷᠡᠯᠲᠡ᠄ ᠠᠷᠠᠳ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号