︽ᠸᠢᠴᠠᠲ ᠢᠶᠠᠷ ᠲᠣᠭᠠᠴᠠᠭ᠎ᠠ ᠬᠢᠬᠦ ᠳᠤ ︿ᠮᠥᠷᠭᠦᠯᠳᠦᠬᠦᠯᠵᠦ﹀ ᠲᠣᠭᠠᠴᠠᠭ᠎ᠠ ᠬᠢᠬᠦ︾ ᠪᠣᠯᠪᠠ ᠬᠡᠨ᠎ᠡ ᠤᠤ︖
ᠨᠡᠶᠢᠲᠡᠯᠡᠭᠰᠡᠨ ᠴᠠᠭ᠄
2024/12/19
     ᠣᠶᠢᠷ᠎ᠠ ᠳᠤ᠂ ᠵᠠᠷᠢᠮ ᠰᠦᠯᠵᠢᠶᠡᠨ ᠳᠡᠭᠡᠷ᠎ᠡ ︽ᠸᠢᠴᠠᠲ ᠢᠶᠠᠷ ᠲᠣᠭᠠᠴᠠᠭ᠎ᠠ ᠬᠢᠬᠦ ᠳᠤ ︿ᠮᠥᠷᠭᠦᠯᠳᠦᠬᠦᠯᠵᠦ﹀ ᠲᠣᠭᠠᠴᠠᠭ᠎ᠠ ᠬᠢᠬᠦ ᠠᠷᠭ᠎ᠠ ᠮᠠᠶ᠋ᠢᠭ ᠢ ᠬᠡᠷᠡᠭᠯᠡᠬᠦ ᠪᠤᠯᠵᠠᠢ︾ ᠭᠡᠰᠡᠨ ᠮᠡᠳᠡᠭᠡ ᠳᠠᠮᠵᠢᠭᠳᠠᠵᠤ ᠪᠠᠶᠢᠨ᠎ᠠ᠃      12 ᠰᠠᠷ᠎ᠠ ᠶᠢᠨ 3 ᠤ ᠡᠳᠦᠷ᠂ ᠸᠢᠴᠠᠲ ᠤᠨ ᠲᠣᠭᠠᠴᠠᠭ᠎ᠠ ᠬᠢᠬᠦ ᠠᠯᠪᠠᠨ ᠰᠦᠯᠵᠢᠶ᠎ᠡ ᠶᠢᠨ ᠬᠢᠨ ᠬᠤᠳᠠᠯ ᠬᠠᠭᠤᠷᠮᠠᠭ ︽ᠸᠢᠴᠠᠲ ᠤᠨ ᠮᠥᠷᠭᠦᠯᠳᠦᠬᠦᠯᠵᠦ ᠲᠣᠭᠠᠴᠠᠭ᠎ᠠ ᠬᠢᠬᠦ︾ ︵微信碰一碰支付︶ ᠶᠢ ᠰᠡᠷᠭᠡᠶᠢᠯᠡᠬᠦ ᠲᠤᠬᠠᠶ ᠣᠷᠣᠯᠠᠨ ᠭᠦᠢᠴᠡᠳᠬᠡᠬᠦ ᠬᠤᠯᠪᠣᠭ᠎ᠠ ᠶᠢᠨ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ ᠬᠡᠯᠡᠬᠦ ᠳᠡᠭᠡᠨ᠂ ᠣᠶᠢᠷ᠎ᠠ ᠳᠤ ᠸᠢᠴᠠᠲ ᠤᠨ ᠲᠣᠭᠠᠴᠠᠭ᠎ᠠ ᠬᠢᠬᠦ ᠴᠢᠳᠡᠮᠵᠢ ᠶᠢᠨ ᠬᠢᠨ᠂ ᠵᠠᠬ᠎ᠠ ᠳᠡᠯᠭᠡᠭᠦᠷ ᠳᠡᠭᠡᠷ᠎ᠡ ᠣᠨᠴᠠ ᠵᠠᠷᠢᠮ ᠪᠠᠶᠢᠭᠤᠯᠤᠮᠵᠢ ᠡᠯ᠎ᠡ ᠲᠥᠷᠥᠯ ᠤᠨ ᠢᠨᠲ᠋ᠧᠷ ᠰᠦᠯᠵᠢᠶᠡᠨ ᠤ ᠲᠠᠪᠴᠠᠩ ᠳᠡᠭᠡᠷ᠎ᠡ ︽ᠸᠢᠴᠠᠲ ᠤᠨ ᠮᠥᠷᠭᠦᠯᠳᠦᠬᠦᠯᠵᠦ ᠲᠣᠭᠠᠴᠠᠭ᠎ᠠ ᠬᠢᠬᠦ︾ ︽ᠸᠢᠴᠠᠲ ᠤᠨ ᠮᠦᠷᠭᠦᠯᠳᠦᠭᠦᠯᠦᠭᠡᠳ ᠠᠪᠤᠪᠠᠯ ᠲᠣᠭᠠᠴᠠᠭ᠎ᠠ ᠬᠢᠬᠦ︾ ᠵᠡᠷᠭᠡ ᠬᠠᠮᠢᠶ᠎ᠠ ᠪᠥᠬᠦᠶ ᠤᠶᠢᠯᠡᠳᠬᠦᠨ ᠤ ᠦᠵᠡᠭᠦᠯᠭᠡ ᠵᠢᠴᠢ ᠣᠷᠣᠯᠠᠨ ᠭᠦᠶ᠋ᠴᠡᠳᠬᠡᠬᠦ ᠬᠤᠯᠪᠣᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ ᠪᠠᠶᠢᠨ᠎ᠠ ᠬᠡᠰᠡᠨ ᠬᠠᠷᠢᠭᠤ ᠲᠤᠰᠬᠠᠯ ᠢ ᠣᠯᠪᠠ᠂ ᠬᠤᠳᠠᠯᠳᠤᠭᠠᠴᠢᠨ ᠵᠢᠴᠢ ᠬᠠᠮᠲᠤᠷᠠᠨ ᠠᠵᠢᠯᠯᠠᠬᠤ ᠬᠠᠨᠢᠲᠠᠨ ᠤ ᠡᠶᠢᠮᠦᠷᠬᠦ ᠮᠡᠳᠡᠭᠡ ᠵᠠᠩᠭᠢ ᠠᠴᠠ ᠪᠣᠯᠵᠣ ᠬᠤᠬᠢᠷᠠᠯ ᠠᠮᠰᠠᠬᠤ ᠶᠢ ᠰᠡᠷᠭᠡᠶᠢᠯᠡᠬᠦ ᠶᠢᠨ ᠲᠥᠯᠥᠭᠡ᠂ ᠸᠢᠴᠠᠲ ᠤᠨ ᠲᠣᠭᠠᠴᠠᠭ᠎ᠠ ᠬᠢᠬᠦ ᠴᠢᠳᠡᠮᠵᠢ ᠶᠢᠨ ᠬᠢᠨ ᠣᠳᠣᠬᠠᠨ ᠳᠤ ︽ᠮᠦᠷᠭᠦᠯᠳᠦᠬᠦᠯᠵᠦ ᠲᠣᠭᠠᠴᠠᠭ᠎ᠠ ᠬᠢᠬᠦ︾ ᠬᠠᠮᠢᠶ᠎ᠠ ᠪᠥᠬᠦᠶ ᠤᠶᠢᠯᠡᠳᠬᠦᠨ ᠢ ᠭᠠᠷᠭᠠᠭᠰᠠᠨ ᠥᠬᠡᠶ ᠭᠡᠵᠦ ᠠᠳᠡ ᠲᠥᠪ ᠴᠢᠩᠭ᠎ᠠ ᠪᠠᠷ ᠢᠯᠡᠷᠬᠡᠶᠢᠯᠡᠵᠦ ᠪᠠᠶᠢᠨ᠎ᠠ ᠬᠡᠪᠡ᠃
 
ᠢᠷᠡᠯᠲᠡ᠄ ᠠᠷᠠᠳ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号